ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠪᠢᠴᠢᠭ ᠮᠠᠲ᠋ᠧᠷᠢᠶᠠᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠦᠷᠡᠵᠢᠯ᠎ᠤᠨ ᠳᠠᠭ᠋ᠠᠳᠬᠠᠯ ᠪᠠ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠢ ᠨᠡᠢ᠌ᠯᠡᠭᠦᠯᠦᠨ ᠬᠡᠷᠡᠭᠵᠢᠭᠦᠯᠬᠦ ᠨᠠᠷᠢᠨ ᠲᠦᠷᠢᠮ》᠎ᠢ ᠲᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ
ᠨᠡᠶ᠋ᠢᠲᠡᠯᠡᠭᠰᠡᠨ ᠴᠠᠭ᠄ 2020-12-10

ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠡᠯ᠎ᠡ ᠳᠠᠭ᠋ᠠᠳᠬᠠᠯ᠎ᠳᠤ ᠣᠷᠣᠯᠴᠠᠭᠰᠠᠨ ᠨᠢᠭᠡᠴᠡ᠎ᠳᠤ᠄
      ᠡᠳᠦᠭᠡ ᠲᠠᠨᠠᠷ᠎ᠲᠤ  《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠦᠷᠡᠵᠢᠯ᠎ᠤᠨ ᠳᠠᠭ᠋ᠠᠳᠬᠠᠯ ᠪᠠ ᠠᠵᠢᠯᠳᠠᠨ ᠠᠵᠢᠯᠴᠢᠨ᠎ᠤ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠢ ᠨᠡᠢ᠌ᠯᠡᠭᠦᠯᠦᠨ ᠬᠡᠷᠡᠭᠵᠢᠭᠦᠯᠬᠦ ᠨᠠᠷᠢᠨ ᠳᠦᠷᠢᠮ》᠎ᠢ ᠳᠠᠷᠤᠮᠠᠯᠯᠠᠨ ᠶᠠᠪᠤᠭᠤᠯᠤᠯ᠎ᠠ᠃ ᠬᠢᠨᠠᠮᠠᠭ᠋ᠠᠶ ᠲᠤᠭᠤᠰᠢᠯᠠᠭᠤᠯᠤᠨ ᠬᠡᠷᠡᠭᠵᠢᠭᠦᠯᠲᠦᠭᠡᠶ᠃
     

      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠦᠷᠡᠵᠢᠯ᠎ᠤᠨ

      ᠳᠠᠭ᠋ᠠᠳᠬᠠᠯ ᠪᠣᠯᠤᠨ ᠠᠵᠢᠯᠲᠠᠨ ᠠᠵᠢᠯᠴᠢᠨ᠎ᠤ ᠡᠮᠴᠢᠯᠡᠭᠡᠨ᠎ᠤ ᠦᠨᠳᠦᠰᠦᠨ ᠳᠠᠭ᠋ᠠᠳᠬᠠᠯ

     ᠎ᠢ ᠨᠡᠢ᠌ᠯᠡᠭᠦᠯᠦᠨ ᠬᠡᠷᠡᠭᠵᠢᠭᠦᠯᠬᠦ ᠨᠠᠷᠢᠨ ᠳᠦᠷᠢᠮ
   

      ᠨᠢᠭᠡ᠂ ᠶᠡᠷᠦᠩᠬᠡᠶ ᠳᠦᠷᠢᠮ
      ᠨᠢᠭᠡᠳᠦᠭᠡᠷ ᠵᠦᠢ᠍ᠯ᠄ ᠰᠠᠭᠤᠷᠢ ᠮᠥᠩᠭᠥᠨ᠎ᠤ ᠬᠠᠷᠢᠯᠴᠠᠨ ᠲᠤᠰᠠᠯᠠᠯᠴᠠᠬᠤ ᠴᠢᠳᠠᠪᠤᠷᠢ ᠵᠢ ᠨᠡᠮᠡᠭᠳᠡᠭᠦᠯᠵᠦ᠂ ᠬᠠᠮᠢᠶᠠᠷᠤᠯᠳᠠ ᠵᠢᠨ ᠶᠡᠷᠦᠩᠬᠡᠶ᠋ᠢᠯᠡᠭᠰᠡᠨ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠬᠠᠮᠢᠶᠠᠷᠤᠯᠲᠠ ᠵᠢᠨ ᠠᠵᠢᠯᠯᠠᠭ᠋ᠠᠨ᠎ᠤ ᠥᠪᠡᠷ᠎ᠤᠨ ᠥᠷᠲᠡᠭ᠎ᠢ   ᠪᠠᠭᠤᠷᠠᠭᠤᠯᠬᠤ ᠵᠢᠨ ᠲᠤᠰᠠᠲᠠ᠂ 《〈ᠦᠷᠡᠵᠢᠯ᠎ᠤᠨ ᠳᠠᠭ᠋ᠠᠳᠬᠠᠯ ᠪᠠ ᠠᠵᠢᠯᠳᠠᠨ ᠠᠵᠢᠯᠴᠢᠨ᠎ᠤ ᠦᠨᠳᠦᠰᠦᠨ ᠡᠮᠴᠢᠯᠡᠭᠡ ᠵᠢᠨ ᠳᠠᠭ᠋ᠠᠳᠬᠠᠯ᠎ᠢ ᠨᠡᠶ᠋ᠢᠯᠡᠭᠦᠯᠦᠨ ᠬᠡᠷᠡᠭᠵᠢᠭᠦᠯᠬᠦ ᠵᠢ ᠪᠥᠬᠥ ᠲᠠᠯ᠎ᠠ᠎ᠪᠠᠷ ᠠᠬᠢᠭᠤᠯᠬᠤ ᠲᠤᠬᠠᠶ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠠᠯᠪᠠᠨ ᠲᠢᠩᠬᠢᠮ᠎ᠤᠨ ᠰᠠᠨᠠᠯ〉᠎ᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠮᠡᠳᠡᠭᠳᠡᠯ》 (ᠥᠪᠥᠷ ᠡᠮᠴᠢᠯᠡᠭᠡ ᠪᠠᠲᠤᠯᠠᠭ᠎ᠠ ᠠᠯᠪᠠᠨ ᠲᠠᠷᠬᠠᠭ᠋ᠠᠭᠰᠠᠨ[2019] 44   ᠳ᠋ᠤᠭᠡᠷ ᠲᠣᠭ᠋ᠠᠲᠤ)᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠪᠣᠳᠠᠲᠤ ᠪᠠᠢ᠌ᠳᠠᠯ᠎ᠲᠠᠢ ᠤᠶᠠᠯᠳᠤᠭᠤᠯᠤᠨ᠂ ᠲᠣᠰ ᠨᠠᠷᠢᠨ ᠳᠦᠷᠢᠮ᠎ᠢ ᠲᠤᠭᠳᠠᠭ᠋ᠠᠪᠠ᠃
      ᠬᠣᠶᠠᠳᠤᠭ᠋ᠠᠷ ᠵᠦᠢ᠍ᠯ᠄ 《ᠳᠠᠭ᠋ᠠᠳᠬᠠᠯ᠎ᠤᠨ ᠲᠥᠷᠥᠯ᠎ᠢ ᠦᠯᠡᠳᠡᠭᠡᠬᠦ᠂ ᠣᠯᠭᠣᠮᠵᠢ ᠵᠢ ᠪᠠᠲᠤᠯᠠᠬᠤ᠂ ᠨᠢᠭᠡᠳᠦᠯᠲᠡᠶ ᠬᠠᠮᠢᠶᠠᠷᠠᠬᠤ᠂ ᠥᠪᠡᠷ᠎ᠤᠨ ᠥᠷᠲᠡᠭ᠎ᠢ ᠪᠠᠭᠤᠷᠠᠭᠤᠯᠬᠤ》 ᠶᠡᠷᠦᠩᠬᠡᠶ ᠰᠡᠳᠬᠢᠮᠵᠢ ᠵᠢ ᠵᠢᠷᠤᠮᠯᠠᠵᠤ᠂ ᠦᠷᠡᠵᠢᠯ᠎ᠤᠨ ᠳᠠᠭ᠋ᠠᠳᠬᠠᠯ ᠪᠠ ᠦᠨᠳᠦᠰᠦᠨ   ᠡᠮᠴᠢᠯᠡᠭᠡᠨ᠎ᠤ ᠳᠠᠭ᠋ᠠᠳᠬᠠᠯ᠎ᠢ ᠨᠡᠶ᠋ᠢᠯᠡᠭᠦᠯᠦᠨ ᠬᠡᠷᠡᠭᠵᠢᠭᠦᠯᠦᠭᠰᠡᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠳᠤ ᠣᠷᠣᠯᠴᠠᠭᠰᠠᠨ ᠠᠵᠢᠯᠲᠠᠨ ᠠᠵᠢᠯᠴᠢᠨ᠎ᠤ ᠦᠷᠡᠵᠢᠯ᠎ᠤᠨ ᠳᠠᠭ᠋ᠠᠳᠬᠠᠯ ᠪᠣᠯᠤᠨ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠣᠯᠭᠣᠮᠵᠢ ᠵᠢᠨ ᠪᠠᠷᠢᠮᠵᠢᠶ᠎ᠠ ᠵᠢ ᠬᠤᠪᠢᠷᠠᠭᠤᠯᠬᠤ ᠦᠭᠡᠶ᠃
      ᠬᠣᠶᠠᠷ᠂ ᠳᠠᠭ᠋ᠠᠳᠬᠠᠯ᠎ᠳᠤ ᠣᠷᠣᠬᠤ ᠳᠠᠩᠰᠠᠯᠠᠯᠲᠠ
      ᠭᠤᠷᠪᠠᠳᠤᠭ᠋ᠠᠷ ᠵᠦᠢ᠍ᠯ᠄ ᠦᠷᠡᠵᠢᠯ᠎ᠤᠨ ᠳᠠᠭ᠋ᠠᠳᠬᠠᠯ ᠪᠠ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠢ ᠨᠡᠶ᠋ᠢᠯᠡᠭᠦᠯᠦᠨ   ᠬᠡᠷᠡᠭᠵᠢᠭᠦᠯᠦᠭᠰᠡᠨ᠎ᠤ ᠳᠠᠷᠠᠭ᠎ᠠ᠂ ᠪᠠᠢ᠌ᠭᠤᠯᠭ᠎ᠠ᠎ᠲᠠᠭᠠᠨ ᠲᠣᠰ ᠱᠠᠲᠤᠨ᠎ᠤ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠳᠤ ᠤᠷᠤᠯᠴᠠᠭᠰᠠᠨ ᠠᠵᠢᠯ᠎ᠤᠨ ᠪᠠᠶ᠋ᠢᠷᠢ᠎ᠳᠤ ᠪᠠᠢ᠌ᠭ᠎ᠠ ᠠᠵᠢᠯᠲᠠᠨ ᠠᠵᠢᠯᠴᠢᠨ ᠲᠣᠰ ᠱᠠᠲᠤᠨ᠎ᠤ ᠦᠷᠡᠵᠢᠯ᠎ᠤᠨ ᠳᠠᠭ᠋ᠠᠳᠬᠠᠯ᠎ᠳᠤ ᠵᠡᠷᠭᠡᠪᠡᠷ ᠣᠷᠣᠯᠴᠠᠨ᠎ᠠ᠃
      ᠳᠥᠷᠪᠡᠳᠦᠭᠡᠷ ᠵᠦᠢ᠍ᠯ᠄ ᠦᠷᠡᠵᠢᠯ᠎ᠤᠨ ᠳᠠᠭ᠋ᠠᠳᠬᠠᠯ ᠪᠠ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠢ ᠨᠡᠶ᠋ᠢᠯᠡᠭᠦᠯᠦᠨ ᠬᠡᠷᠡᠭᠵᠢᠭᠦᠯᠬᠦ᠎ᠠᠴᠠ ᠡᠮᠦᠨ᠎ᠡ᠂ ᠬᠥᠮᠦᠨ ᠬᠡᠷᠡᠭᠯᠡᠬᠦ ᠨᠢᠭᠡᠴᠡ ᠵᠢᠴᠢ ᠲᠡᠭᠦᠨ᠎ᠤ ᠠᠵᠢᠯᠲᠠᠨ ᠠᠵᠢᠯᠴᠢᠨ ᠨᠢᠭᠡᠨᠲᠡ ᠲᠤᠰ ᠱᠠᠲᠤᠨ᠎ᠤ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠳᠤ ᠣᠷᠣᠬᠤ ᠳᠠᠩᠰᠠᠯᠠᠯᠲᠠ ᠬᠢᠭᠰᠡᠨ ᠪᠣᠯᠪᠠᠴᠤ ᠲᠣᠰ ᠱᠠᠲᠤᠨ᠎ᠤ ᠦᠷᠡᠵᠢᠯ᠎ᠤᠨ ᠳᠠᠭ᠋ᠠᠳᠬᠠᠯ᠎ᠳᠤ ᠣᠷᠣᠯᠴᠠᠭᠰᠠᠨ ᠥᠬᠡᠶ ᠪᠣᠯ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠡᠮᠴᠢᠯᠡᠭᠡᠨ᠎ᠤ ᠳᠠᠭ᠋ᠠᠳᠬᠠᠯ᠎ᠤᠨ ᠭᠠᠷᠲᠠᠨ ᠭᠦᠢ᠍ᠴᠡᠳᠭᠡᠬᠦ ᠪᠠᠶ᠋ᠢᠭᠤᠯᠤᠮᠵᠢ᠎ᠳᠤ ᠬᠦᠷᠴᠦ ᠦᠷᠡᠵᠢᠯ᠎ᠤᠨ ᠳᠠᠭ᠋ᠠᠳᠬᠠᠯ᠎ᠳᠤ ᠣᠷᠣᠯᠴᠠᠬᠤ ᠳᠠᠩᠰᠠᠯᠠᠯ ᠬᠢᠯᠭᠡᠬᠦ ᠬᠡᠷᠡᠭᠲᠡᠶ᠃
      ᠭᠤᠷᠪᠠ᠂ ᠰᠠᠭᠤᠷᠢ ᠮᠥᠩᠭᠥ ᠲᠠᠲᠠᠪᠤᠷᠢᠯᠠᠨ ᠲᠤᠰᠢᠶᠠᠬᠤ ᠪᠠ ᠬᠠᠮᠢᠶᠠᠷᠬᠤ
      ᠲᠠᠪᠤᠳᠤᠭ᠋ᠠᠷ ᠵᠦᠢ᠍ᠯ᠄ ᠦᠷᠡᠵᠢᠯ᠎ᠤᠨ ᠳᠠᠭ᠋ᠠᠳᠬᠠᠯ ᠪᠠ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠢ ᠨᠡᠶ᠋ᠢᠯᠡᠭᠦᠯᠦᠨ ᠬᠡᠷᠡᠭᠵᠢᠭᠦᠯᠦᠭᠰᠡᠨ᠎ᠤ ᠳᠠᠷᠠᠭ᠎ᠠ᠂ ᠦᠷᠡᠵᠢᠯ᠎ᠤᠨ ᠳᠠᠭ᠋ᠠᠳᠬᠠᠯ᠎ᠤᠨ ᠰᠠᠭᠤᠷᠢ ᠮᠥᠩᠭᠥ ᠵᠢ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠥ᠎ᠳᠤ ᠨᠡᠶ᠋ᠢᠯᠡᠭᠦᠯᠦᠨ ᠣᠷᠣᠭᠤᠯᠵᠤ᠂ ᠨᠢᠭᠡᠳᠦᠯᠲᠡᠶ ᠲᠠᠲᠠᠪᠤᠷᠢᠯᠠᠨ ᠲᠤᠰᠢᠶᠠᠬᠤ ᠬᠠᠮᠢᠶᠠᠷᠤᠯᠲᠠ ᠵᠢ ᠬᠡᠷᠡᠭᠵᠢᠭᠦᠯᠦᠨ᠎ᠡ᠃ ᠬᠥᠮᠦᠨ ᠬᠡᠷᠡᠭᠯᠡᠬᠦ ᠨᠢᠭᠡᠴᠡ ᠵᠢᠨ ᠦᠷᠡᠵᠢᠯ᠎ᠤᠨ ᠳᠠᠭ᠋ᠠᠳᠬᠠᠯ ᠪᠠ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠳᠤ ᠣᠷᠣᠯᠴᠠᠬᠤ ᠵᠠᠷᠤᠳᠠᠯ ᠲᠤᠰᠢᠶᠠᠬᠤ ᠬᠠᠷᠢᠴᠠᠯ᠎ᠤᠨ ᠨᠡᠶ᠋ᠢᠯᠡᠪᠦᠷᠢ ᠵᠢ ᠦᠨᠳᠦᠰᠦᠯᠡᠨ ᠳᠠᠭ᠋ᠠᠳᠬᠠᠯ᠎ᠳᠤ ᠣᠷᠣᠯᠴᠠᠭᠰᠠᠨ ᠨᠢᠭᠡᠴᠡ ᠵᠢᠨ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠵᠠᠷᠤᠳᠠᠯ᠎ᠤᠨ ᠨᠣᠷᠮ᠎ᠠ ᠵᠢᠨ ᠪᠠᠷᠢᠮᠵᠢᠶ᠎ᠠ ᠵᠢ ᠲᠣᠭᠲᠠᠭ᠋ᠠᠵᠤ᠂ ᠬᠤᠪᠢ ᠬᠥᠮᠦᠨ᠎ᠤ ᠰᠦᠢ᠍ᠳᠭᠡᠯ ᠲᠤᠰᠢᠶᠠᠬᠤ ᠰᠦᠢ᠍ᠳᠭᠡᠯ᠎ᠤᠨ ᠨᠣᠷᠮ᠎ᠠ ᠵᠢ ᠬᠤᠪᠢᠷᠠᠭᠤᠯᠬᠤ ᠥᠬᠡᠶ᠃ ᠡᠳ᠋᠎ᠤᠨ ᠵᠠᠰᠠᠭ᠎ᠠᠴᠠ ᠠᠰᠠᠷᠠᠨ ᠲᠡᠵᠢᠭᠡᠬᠦ ᠬᠥᠮᠦᠰ᠎ᠤᠨ ᠨᠢᠭᠡᠴᠡ ᠵᠢᠨ ᠲᠤᠰᠢᠶᠠᠬᠤ ᠰᠦᠢ᠍ᠳᠭᠡᠯ᠎ᠤᠨ ᠨᠣᠷᠮ᠎ᠠ᠎ᠨᠢ 7.3% ᠪᠠᠶ᠋ᠢᠵᠤ᠂ ᠡᠳ᠋᠎ᠤᠨ ᠵᠠᠰᠠᠭ᠎ᠤᠨ ᠪᠤᠰᠤ ᠠᠰᠠᠷᠠᠨ ᠲᠡᠵᠢᠭᠡᠬᠦ ᠬᠥᠮᠦᠰ᠎ᠤᠨ ᠨᠢᠭᠡᠴᠡ ᠵᠢᠨ ᠲᠤᠰᠢᠶᠠᠬᠤ ᠰᠦᠢ᠍ᠳᠭᠡᠯ᠎ᠤᠨ ᠨᠣᠷᠮ᠎ᠠ᠎ᠨᠢ 7.5% ᠪᠣᠯᠤᠨ᠎ᠠ᠃ ᠠᠵᠢᠯ᠎ᠳᠤ ᠪᠠᠢ᠌ᠭ᠎ᠠ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠬᠤᠪᠢ ᠬᠥᠮᠦᠨ᠎ᠤ ᠰᠦᠢ᠍ᠳᠭᠡᠯ ᠲᠤᠰᠢᠶᠠᠬᠤ ᠵᠠᠷᠤᠳᠠᠯ᠎ᠤᠨ ᠨᠣᠷᠮ᠎ᠠ᠎ᠨᠢ 2% ᠪᠠᠶ᠋ᠢᠵᠤ᠂ ᠬᠤᠪᠢ ᠬᠥᠮᠦᠨ ᠦᠷᠡᠵᠢᠯ᠎ᠤᠨ ᠳᠠᠭ᠋ᠠᠳᠬᠠᠯ᠎ᠤᠨ ᠵᠠᠷᠤᠳᠠᠯ ᠲᠤᠰᠢᠶᠠᠬᠤ ᠦᠭᠡᠢ᠃   ᠴᠢᠯᠦᠭᠡᠲᠠᠢ᠎ᠪᠠᠷ ᠠᠵᠢᠯᠯᠠᠳᠠᠭ ᠬᠥᠮᠦᠰ ᠦᠷᠡᠵᠢᠯ᠎ᠤᠨ ᠳᠠᠭ᠋ᠠᠳᠬᠠᠯ᠎ᠳᠤ ᠣᠷᠣᠯᠴᠠᠬᠤ ᠦᠭᠡᠢ ᠪᠣᠯ ᠰᠦᠢ᠍ᠳᠭᠡᠯ ᠲᠤᠰᠢᠶᠠᠬᠤ ᠰᠦᠢ᠍ᠳᠭᠡᠯ᠎ᠤᠨ ᠨᠣᠷᠮ᠎ᠠ ᠵᠢᠨ 9%᠎ᠪᠠᠷ ᠲᠤᠰᠢᠶᠠᠨ᠎ᠠ᠃
      ᠵᠢᠷᠭᠤᠳᠤᠭ᠋ᠠᠷ ᠵᠦᠢ᠍ᠯ᠄ ᠡᠮᠴᠢᠯᠡᠭᠡᠨ᠎ᠤ ᠳᠠᠭ᠋ᠠᠳᠬᠠᠯ᠎ᠤᠨ ᠭᠠᠷᠳᠠᠨ ᠬᠢᠬᠦ ᠪᠠᠶ᠋ᠢᠭᠤᠯᠤᠮᠵᠢ᠎ᠨᠢ ᠨᠡᠶ᠋ᠢᠭᠡᠮ᠎ᠤᠨ ᠲᠠᠭ᠋ᠠᠳᠬᠠᠯ᠎ᠤᠨ ᠰᠠᠭᠤᠷᠢ ᠮᠥᠩᠭᠥᠨ᠎ᠤ ᠡᠳ᠋᠎ᠤᠨ ᠶᠠᠪᠤᠳᠠᠯ᠎ᠤᠨ ᠳᠦᠷᠢᠮ᠎ᠢ ᠴᠢᠩᠭ᠎ᠠ ᠬᠡᠷᠡᠭᠵᠢᠭᠦᠯᠵᠦ᠂ ᠦᠷᠡᠵᠢᠯ᠎ᠤᠨ ᠳᠠᠭ᠋ᠠᠳᠬᠠᠯ᠎ᠤᠨ ᠰᠠᠭᠤᠷᠢ ᠮᠥᠩᠭᠥ ᠵᠢᠨ ᠣᠷᠣᠯᠭ᠎ᠠ ᠵᠢ ᠲᠤᠰ᠎ᠲᠤᠨᠢ ᠵᠢᠭᠰᠠᠭ᠋ᠠᠬᠤ ᠦᠭᠡᠢ ᠪᠠᠶ᠋ᠢᠵᠤ᠂ ᠠᠵᠢᠯᠳᠠᠨ ᠠᠵᠢᠯᠴᠢᠨ᠎ᠤ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠥ ᠵᠢᠨ ᠣᠯᠭᠣᠮᠵᠢ ᠵᠢᠨ ᠵᠠᠷᠤᠯᠭ᠎ᠠ᠎ᠳᠤ ᠦᠷᠡᠵᠢᠯ᠎ᠤᠨ ᠳᠠᠭ᠋ᠠᠳᠬᠠᠯ᠎ᠤᠨ ᠣᠯᠭᠣᠮᠵᠢ ᠵᠢᠨ ᠵᠠᠷᠤᠯᠭ᠎ᠠ ᠵᠢᠨ ᠲᠥᠷᠥᠯ ᠵᠦᠢ᠍ᠯ᠎ᠢ ᠪᠠᠢ᠌ᠷᠢᠯᠠᠭᠤᠯᠤᠨ᠎ᠠ᠃
      ᠳᠣᠯᠣᠳᠤᠭ᠋ᠠᠷ ᠵᠦᠢ᠍ᠯ᠄ ᠳᠣᠲᠣᠭ᠋ᠠᠳᠤ ᠡᠵᠡᠮᠳᠡᠯ ᠵᠶ᠋ᠠᠨ ᠴᠢᠩᠭ᠋ᠠᠳᠬᠠᠵᠤ᠂ ᠰᠠᠭᠤᠷᠢ ᠮᠥᠩᠭᠥᠨ᠎ᠤ ᠠᠵᠢᠯᠯᠠᠭ᠋ᠠᠨ᠎ᠤ   ᠵᠠᠳᠠᠯᠤᠯᠳᠠ ᠵᠢᠨ ᠳᠦᠷᠢᠮ᠎ᠢ ᠲᠡᠭᠦᠯᠳᠡᠷᠵᠢᠭᠦᠯᠵᠦ᠂ ᠬᠢᠨᠠᠨ ᠡᠵᠡᠮᠳᠡᠬᠦ ᠪᠠ ᠬᠢᠨᠠᠨ ᠬᠠᠷᠭᠤᠭᠤᠯᠬᠤ ᠵᠢ ᠴᠢᠩᠭ᠋ᠠᠳᠬᠠᠵᠤ᠂ ᠦᠷᠡᠵᠢᠯ᠎ᠤᠨ ᠳᠠᠭ᠋ᠠᠳᠬᠠᠯ᠎ᠤᠨ ᠵᠠᠷᠤᠳᠠᠯ᠎ᠤᠨ ᠵᠦᠶ ᠵᠣᠬᠢᠰ ᠦᠭᠡᠢ ᠨᠡᠮᠡᠭᠳᠡᠯ᠎ᠢ ᠬᠢᠵᠠᠭ᠋ᠠᠷᠯᠠᠵᠤ᠂ ᠰᠠᠭᠤᠷᠢ ᠮᠥᠩᠭᠥᠨ᠎ᠤ ᠵᠠᠰᠠᠭ ᠵᠠᠬᠢᠷᠭ᠋ᠠᠨ᠎ᠤ ᠬᠢᠨᠠᠯᠲᠠ ᠪᠠ ᠨᠡᠶ᠋ᠢᠭᠡᠮ᠎ᠤᠨ ᠬᠢᠨᠠᠯᠲᠠ ᠵᠢ ᠴᠢᠩᠭ᠋ᠠᠳᠬᠠᠵᠤ᠂ ᠰᠠᠭᠤᠷᠢ ᠮᠦᠩᠭᠦᠨ᠎ᠤ ᠠᠶᠤᠯᠭᠦᠶ ᠠᠵᠢᠯᠯᠠᠭ᠋ᠠᠨ᠎ᠢ ᠦᠨᠡᠨᠬᠦ ᠪᠠᠲᠤᠯᠠᠨ᠎ᠠ᠃
      ᠳᠥᠷᠪᠡ᠂ ᠡᠮᠴᠢᠯᠡᠭᠡᠨ᠎ᠤ ᠦᠢ᠍ᠯᠡᠴᠢᠯᠡᠭᠡᠨ᠎ᠤ ᠬᠠᠮᠢᠶᠠᠷᠤᠯᠲᠠ
      ᠨᠠᠢ᠍ᠮᠠᠳᠤᠭ᠋ᠠᠷ ᠵᠦᠢ᠍ᠯ᠄ ᠦᠷᠡᠵᠢᠯ᠎ᠤᠨ ᠳᠠᠭ᠋ᠠᠳᠬᠠᠯ ᠪᠣᠯᠤᠨ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠢ ᠨᠡᠢ᠌ᠯᠡᠭᠦᠯᠦᠨ ᠬᠡᠷᠡᠭᠵᠢᠭᠦᠯᠦᠭᠰᠡᠨ᠎ᠤ ᠳᠠᠷᠠᠭ᠎ᠠ᠂ ᠲᠤᠰ ᠱᠠᠲᠤᠨ᠎ᠤ ᠡᠮᠴᠢᠯᠡᠭᠡᠨ᠎ᠤ ᠳᠠᠭ᠋ᠠᠳᠬᠠᠯ᠎ᠤᠨ ᠭᠠᠷᠳᠠᠨ ᠬᠢᠬᠦ ᠪᠠᠶ᠋ᠢᠭᠤᠯᠤᠮᠵᠢ᠎ᠨᠢ ᠴᠡᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ᠎ᠯᠤᠭ᠎ᠠ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠦᠢ᠍ᠯᠡᠴᠢᠯᠡᠭᠡᠨ᠎ᠤ ᠵᠥᠪᠯᠡᠯᠴᠡᠭᠡᠷ ᠲᠤᠭᠳᠠᠭ᠋ᠠᠬᠤ ᠦᠶ᠎ᠡ᠎ᠳᠤ᠂ ᠦᠷᠡᠵᠢᠯ᠎ᠤᠨ ᠡᠮᠴᠢᠯᠡᠭᠡᠨ᠎ᠤ ᠦᠢ᠍ᠯᠡᠴᠢᠯᠡᠭᠡᠨ᠎ᠤ ᠬᠣᠯᠪᠣᠭᠳᠠᠯ ᠪᠦᠬᠦᠢ ᠲᠥᠷᠥ ᠵᠢᠨ ᠪᠣᠳᠣᠯᠭ᠎ᠠ ᠵᠢᠨ ᠱᠠᠭ᠋ᠠᠷᠳᠠᠯᠭ᠎ᠠ ᠪᠣᠯᠤᠨ ᠭᠦᠢ᠍ᠴᠡᠳᠭᠡᠬᠦ ᠲᠣᠭ᠎ᠠ ᠵᠢ ᠵᠥᠪᠯᠡᠯᠴᠡᠭᠡᠷ᠎ᠲᠤ ᠣᠷᠤᠭᠤᠯᠵᠤ᠂ ᠨᠢᠭᠡᠳᠦᠯᠲᠠᠢ ᠳᠦᠷᠢᠮᠵᠢᠭᠦᠯᠦᠨ ᠬᠠᠮᠢᠶᠠᠷᠤᠨ᠎ᠠ᠃
      ᠶᠢᠰᠦᠳᠦᠭᠡᠷ ᠵᠦᠢ᠍ᠯ᠄ ᠦᠷᠡᠵᠢᠯ᠎ᠤᠨ ᠡᠮᠴᠢᠯᠡᠭᠡᠨ᠎ᠤ ᠵᠠᠷᠤᠳᠠᠯ᠎ᠢ ᠡᠮᠴᠢᠯᠡᠭᠡᠨ᠎ᠤ ᠳᠠᠭ᠋ᠠᠳᠬᠠᠯ᠎ᠤᠨ ᠲᠦᠯᠦᠪᠦᠷᠢ ᠥᠭᠬᠦ ᠥᠭᠡᠷᠡᠴᠢᠯᠡᠯᠲᠡ ᠵᠢᠨ ᠬᠡᠪᠴᠢᠶᠡᠨ᠎ᠳᠤ ᠣᠷᠣᠭᠤᠯᠵᠤ᠂ ᠡᠮᠨᠡᠯᠭᠡ᠎ᠳᠤ ᠰᠠᠭᠤᠵᠤ ᠬᠥᠩᠭᠡᠵᠢᠭᠦᠯᠬᠦ ᠵᠡᠷᠭᠡ ᠡᠮᠴᠢᠯᠡᠭᠡᠨ᠎ᠤ ᠵᠠᠷᠤᠳᠠᠯ᠎ᠢ ᠡᠪᠡᠳᠴᠢᠨ᠎ᠤ ᠲᠥᠷᠥᠯ ᠵᠶ᠋ᠠᠷ᠎ᠨᠢ ᠰᠦᠢ᠍ᠳᠭᠡᠯ ᠲᠤᠰᠢᠶᠠᠵᠤ᠂ ᠬᠥᠩᠭᠡᠵᠢᠬᠦ᠎ᠠᠴᠠ ᠡᠮᠦᠨᠡᠬᠢ ᠪᠠᠶ᠋ᠢᠴᠠᠭ᠋ᠠᠯᠲᠠ ᠵᠢ ᠬᠥᠮᠦᠨ᠎ᠤ ᠲᠣᠭ᠎ᠠ ᠵᠡᠷᠭᠡ ᠠᠷᠭ᠎ᠠ ᠮᠠᠶᠢᠭ ᠵᠶ᠋ᠠᠷ ᠰᠦᠢ᠍ᠳᠭᠡᠯ ᠲᠤᠰᠢᠶᠠᠬᠤ ᠵᠢ ᠬᠡᠷᠡᠭᠵᠢᠭᠦᠯᠦᠨ᠎ᠡ᠃ ᠦᠨᠳᠦᠰᠦᠨ ᠡᠮᠴᠢᠯᠡᠭᠡᠨ᠎ᠤ ᠳᠠᠭ᠋ᠠᠳᠬᠠᠯ᠂ ᠦᠷᠡᠵᠢᠯ᠎ᠤᠨ ᠳᠠᠭ᠋ᠠᠳᠬᠠᠯ᠎ᠤᠨ ᠡᠮ᠎ᠤᠨ ᠵᠦᠢ᠍ᠯ᠎ᠤᠨ ᠭᠠᠷᠴᠠᠭ ᠵᠢᠴᠢ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠣᠨᠣᠰᠢᠯᠠᠨ ᠡᠮᠨᠡᠬᠦ ᠲᠥᠷᠥᠯ ᠵᠦᠢ᠍ᠯ ᠪᠠ ᠡᠮᠴᠢᠯᠡᠭᠡᠨ᠎ᠤ ᠦᠢ᠍ᠯᠡᠴᠢᠯᠡᠭᠡᠨ᠎ᠤ ᠪᠡᠯᠡᠳᠬᠡᠮᠵᠢ ᠵᠢᠨ ᠬᠡᠪᠴᠢᠶ᠎ᠡ ᠪᠠᠷᠢᠮᠵᠢᠶ᠎ᠠ ᠵᠢ ᠬᠡᠷᠡᠭᠵᠢᠭᠦᠯᠦᠨ᠎ᠡ᠃
      ᠲᠠᠪᠤ᠂ ᠦᠷᠡᠵᠢᠯ᠎ᠤᠨ ᠳᠠᠭ᠋ᠠᠳᠬᠠᠯ᠎ᠤᠨ ᠣᠯᠭᠣᠮᠵᠢ
      ᠠᠷᠪᠠᠳᠤᠭ᠋ᠠᠷ ᠵᠦᠢ᠍ᠯ᠄ ᠬᠥᠮᠦᠨ ᠬᠡᠷᠡᠭᠯᠡᠬᠦ ᠨᠢᠭᠡᠴᠡ ᠨᠢᠭᠡᠨᠲᠡ ᠦᠷᠡᠵᠢᠯ᠎ᠤᠨ ᠳᠠᠭ᠋ᠠᠳᠬᠠᠯ ᠵᠶ᠋ᠠᠨ ᠲᠤᠰᠢᠶᠠᠭᠰᠠᠨ ᠪᠣᠯ ᠠᠵᠢᠯᠲᠠᠨ ᠠᠵᠢᠯᠴᠢᠨ᠎ᠨᠢ ᠲᠣᠭᠲᠠᠭ᠋ᠠᠯ ᠶᠣᠰᠣᠭ᠋ᠠᠷ ᠦᠷᠡᠵᠢᠯ᠎ᠤᠨ ᠳᠠᠭ᠋ᠠᠳᠬᠠᠯ᠎ᠤᠨ ᠣᠯᠭᠣᠮᠵᠢ ᠵᠢ ᠬᠦᠷᠲᠡᠵᠦ ᠪᠣᠯᠤᠨ᠎ᠠ᠃
      ᠠᠷᠪᠠᠨ ᠨᠢᠭᠡᠳᠦᠭᠡᠷ ᠵᠦᠢ᠍ᠯ᠄ ᠦᠷᠡᠵᠢᠯ᠎ᠤᠨ ᠳᠠᠭ᠋ᠠᠳᠬᠠᠯ ᠪᠠ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠢ ᠨᠡᠢ᠌ᠯᠡᠭᠦᠯᠦᠨ ᠬᠡᠷᠡᠭᠵᠢᠭᠦᠯᠦᠭᠰᠡᠨ᠎ᠤ ᠳᠠᠷᠠᠭ᠎ᠠ᠂ ᠳᠠᠭ᠋ᠠᠳᠬᠠᠯ᠎ᠳᠤ ᠣᠷᠣᠯᠴᠠᠭᠰᠠᠨ ᠨᠢᠭᠡᠴᠡ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠵᠠᠷᠤᠳᠠᠯ᠎ᠢ ᠴᠠᠭ ᠲᠤᠬᠠᠶ᠎ᠲᠤᠨᠢ ᠲᠣᠭ᠎ᠠ ᠶᠣᠰᠣᠭ᠋ᠠᠷ ᠲᠤᠰᠢᠶᠠᠭᠰᠠᠨ ᠦᠭᠡᠢ ᠪᠠᠢ᠌ᠪᠠᠯ᠂ ᠵᠠᠷᠤᠳᠠᠯ ᠲᠤᠰᠢᠶᠠᠬᠤ᠎ᠪᠠᠨ ᠲᠠᠰᠤᠯᠳᠠᠭᠰᠠᠨ ᠵᠶ᠋ᠠᠷ ᠦᠵᠡᠵᠦ᠂ ᠰᠦᠢ᠍ᠳᠭᠡᠯ ᠲᠤᠰᠢᠶᠠᠬᠤ ᠵᠢ ᠲᠠᠰᠤᠯᠳᠠᠭᠤᠯᠬᠤ ᠬᠤᠭᠤᠴᠠᠭ᠋ᠠᠨ᠎ᠳᠤ ᠭᠠᠷᠤᠭᠰᠠᠨ ᠦᠷᠡᠵᠢᠯ᠎ᠤᠨ ᠳᠠᠭ᠋ᠠᠳᠬᠠᠯ᠎ᠤᠨ ᠣᠯᠭᠣᠮᠵᠢ ᠵᠢ ᠳᠠᠭ᠋ᠠᠳᠬᠠᠯ᠎ᠳᠤ ᠣᠷᠣᠯᠴᠠᠭᠰᠠᠨ ᠨᠢᠭᠡᠴᠡ᠎ᠠᠴᠠ ᠥᠭᠬᠦ ᠬᠡᠷᠡᠭᠲᠡᠶ᠃ ᠳᠠᠭ᠋ᠠᠳᠬᠠᠯ᠎ᠳᠤ ᠣᠷᠣᠯᠴᠠᠭᠰᠠᠨ ᠨᠢᠭᠡᠴᠡ᠎ᠨᠢ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠥᠷᠢᠲᠦᠭᠰᠡᠨ ᠰᠦᠢ᠍ᠳᠭᠡᠯ᠎ᠢ ᠲᠣᠭ᠎ᠠ ᠶᠣᠰᠣᠭ᠋ᠠᠷ   ᠭᠦᠢ᠍ᠴᠡᠳ ᠨᠥᠬᠥᠵᠦ ᠲᠤᠰᠢᠶᠠᠭᠰᠠᠨ᠎ᠤ ᠳᠠᠷᠠᠭ᠎ᠠ᠂ ᠳᠠᠭ᠋ᠠᠳᠬᠠᠯ᠎ᠳᠤ ᠣᠷᠣᠯᠴᠠᠭᠰᠠᠨ ᠠᠵᠢᠯᠲᠠᠨ ᠠᠵᠢᠯᠴᠢᠨ ᠳᠠᠷᠠᠭ᠎ᠠ ᠰᠠᠷ᠎ᠠ᠎ᠠᠴᠠ᠎ᠨᠢ ᠡᠬᠢᠯᠡᠨ ᠵᠣᠬᠢᠴᠠᠩᠭᠤᠶ ᠳᠠᠭ᠋ᠠᠳᠬᠠᠯ᠎ᠤᠨ ᠣᠯᠭᠣᠮᠵᠢ ᠵᠢ ᠬᠦᠷᠲᠡᠵᠦ ᠪᠣᠯᠤᠨ᠎ᠠ᠃
      ᠠᠷᠪᠠᠨ ᠬᠣᠶᠠᠳᠤᠭ᠋ᠠᠷ ᠵᠦᠢ᠍ᠯ᠄ ᠦᠷᠡᠵᠢᠯ᠎ᠤᠨ ᠳᠠᠭ᠋ᠠᠳᠬᠠᠯ᠎ᠤᠨ ᠣᠯᠭᠣᠮᠵᠢ ᠣᠯᠭᠣᠬᠤ ᠬᠡᠪᠴᠢᠶ᠎ᠡ᠄
     (ᠨᠢᠭᠡ) ᠡᠮᠡᠭᠲᠡᠶ ᠠᠵᠢᠯᠳᠡᠠ ᠠᠵᠢᠯᠴᠢᠨ ᠦᠷᠡᠵᠢᠯ᠎ᠤᠨ ᠬᠤᠭᠤᠴᠠᠭ᠋ᠠᠨ᠎ᠳᠤ ᠭᠠᠷᠤᠭᠰᠠᠨ ᠡᠮᠴᠢᠯᠡᠭᠡᠨ᠎ᠤ ᠵᠠᠷᠤᠳᠠᠯ;
     (ᠬᠣᠶᠠᠷ) ᠡᠮᠡᠭᠲᠡᠶ ᠠᠵᠢᠯᠳᠡᠠ ᠠᠵᠢᠯᠴᠢᠨ᠎ᠤ ᠦᠷᠡᠵᠢᠯ᠎ᠤᠨ ᠨᠡᠮᠡᠭᠦᠷᠢ ᠮᠥᠩᠭᠥ;
     (ᠭᠤᠷᠪᠠ) ᠡᠷᠡᠭᠲᠡᠶ ᠠᠵᠢᠯᠲᠠᠨ ᠠᠵᠢᠯᠴᠢᠨ᠎ᠤ ᠰᠤᠪᠢᠯᠠᠯᠲᠠ ᠵᠢᠨ ᠴᠢᠯᠥᠭᠡᠨ᠎ᠤ ᠬᠤᠭᠤᠴᠠᠭ᠋ᠠᠨ᠎ᠤ ᠨᠡᠮᠡᠭᠦᠷᠢ ᠮᠥᠩᠭᠥ;
     (ᠲᠦᠷᠪᠡ) ᠠᠵᠢᠯᠳᠠᠨ ᠠᠵᠢᠯᠴᠢᠨ᠎ᠤ ᠲᠥᠯᠥᠪᠯᠡᠭᠡ᠎ᠲᠠᠢ᠎ᠪᠠᠷ ᠬᠡᠤᠬᠡᠳ ᠠᠪᠬᠤ ᠮᠡᠰᠡ ᠵᠠᠰᠠᠯ ᠬᠢᠬᠦ᠎ᠳᠤ ᠡᠭᠦᠰᠦᠭᠰᠡᠨ   ᠡᠮᠴᠢᠯᠡᠭᠡᠨ᠎ᠤ ᠵᠠᠷᠤᠳᠠᠯ;
     (ᠲᠠᠪᠤ) ᠤᠯᠤᠰ ᠪᠣᠯᠤᠨ ᠥᠪᠡᠷᠲᠡᠭᠡᠨ ᠵᠠᠰᠠᠬᠤ ᠣᠷᠣᠨ᠎ᠠᠴᠠ ᠲᠣᠭᠲᠠᠭ᠋ᠠᠭᠰᠠᠨ ᠦᠷᠡᠵᠢᠯ᠎ᠤᠨ ᠳᠠᠭ᠋ᠠᠳᠬᠠᠯ᠎ᠤᠨ   ᠤᠯᠭᠤᠮᠵᠢ᠎ᠳᠤ ᠬᠣᠯᠪᠣᠭᠳᠠᠬᠤ ᠪᠤᠰᠤᠳ ᠵᠠᠷᠤᠳᠠᠯ᠃
      ᠠᠷᠪᠠᠨ ᠭᠤᠷᠪᠠᠳᠤᠭ᠋ᠠᠷ ᠵᠦᠢ᠍ᠯ᠄ ᠡᠮᠡᠭᠲᠡᠢ ᠠᠵᠢᠯᠲᠠᠨ ᠠᠵᠢᠯᠴᠢᠨ᠎ᠤ ᠵᠢᠷᠮᠦᠰᠦᠨ ᠬᠤᠭᠤᠴᠠᠭ᠎ᠠ᠂ ᠬᠥᠩᠭᠡᠵᠢᠭᠰᠡᠨ ᠬᠤᠭᠤᠴᠠᠭ᠎ᠠ᠂ ᠬᠦᠩᠭᠡᠵᠢᠯ᠎ᠤᠨ ᠬᠤᠭᠤᠴᠠᠭ᠋ᠠᠨ᠎ᠳᠤ ᠭᠠᠷᠤᠭᠰᠠᠨ ᠦᠷᠡᠵᠢᠯ᠎ᠲᠠᠢ ᠬᠣᠯᠪᠤᠭᠳᠠᠬᠤ ᠲᠣᠭᠲᠠᠭ᠋ᠠᠯ᠎ᠳᠤ ᠨᠡᠶ᠋ᠢᠴᠡᠭᠰᠡᠨ ᠪᠠᠶ᠋ᠢᠴᠠᠭ᠋ᠠᠯᠲᠠ ᠵᠢᠨ ᠵᠠᠷᠤᠳᠠᠯ᠂ ᠬᠥᠩᠭᠡᠵᠢᠭᠰᠡᠨ ᠵᠠᠷᠤᠳᠠᠯ᠂ ᠮᠡᠰᠡ ᠵᠠᠰᠠᠯ᠎ᠤᠨ ᠵᠠᠷᠤᠳᠠᠯ᠂ ᠡᠮᠨᠡᠯᠭᠡ᠎ᠳᠤ ᠰᠠᠭᠤᠭᠰᠠᠨ ᠵᠠᠷᠤᠳᠠᠯ᠂ ᠡᠮᠴᠢᠯᠡᠭᠡᠨ᠎ᠤ ᠵᠠᠷᠤᠳᠠᠯ᠂ ᠡᠮ᠎ᠤᠨ ᠵᠠᠷᠤᠳᠠᠯ ᠵᠢᠴᠢ ᠬᠥᠩᠭᠡᠵᠢᠬᠦ᠎ᠠᠴᠠ ᠪᠣᠯᠤᠭᠰᠠᠨ ᠬᠠᠪᠰᠤᠷᠤᠮᠠᠯ ᠡᠪᠡᠳᠴᠢᠨ᠎ᠠᠴᠠ ᠪᠣᠯᠤᠭᠰᠠᠨ ᠡᠮᠴᠢᠯᠡᠭᠡᠨ᠎ᠤ ᠵᠠᠷᠤᠳᠠᠯ᠎ᠢ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠥ᠎ᠠᠴᠠ ᠬᠢᠵᠠᠭ᠋ᠠᠷᠯᠠᠭᠰᠠᠨ ᠲᠣᠭ᠎ᠠ᠎ᠪᠠᠷ ᠥᠭᠬᠦ ᠵᠢ ᠬᠡᠷᠡᠭᠵᠢᠭᠦᠯᠵᠦ᠂ ᠬᠢᠵᠠᠭ᠋ᠠᠷᠯᠠᠭᠰᠠᠨ ᠲᠣᠭ᠎ᠠ᠎ᠠᠴᠠ ᠬᠡᠳᠤᠷᠡᠪᠡᠯ ᠥᠭᠬᠦ ᠦᠭᠡᠢ᠂ ᠬᠢᠵᠠᠭ᠋ᠠᠷᠯᠠᠭᠰᠠᠨ ᠲᠣᠭ᠋ᠠᠨ᠎ᠤ ᠳᠣᠲᠤᠷ᠎ᠠ   ᠲᠣᠭ᠎ᠠ ᠶᠣᠰᠣᠭ᠋ᠠᠷ ᠥᠭᠬᠦ ᠬᠡᠷᠡᠭᠲᠡᠶ᠃ ᠪᠣᠳᠠᠲᠠᠶ ᠬᠢᠵᠠᠭ᠋ᠠᠷᠯᠠᠭᠰᠠᠨ ᠲᠣᠭ᠋ᠠᠨ᠎ᠤ ᠪᠠᠷᠢᠮᠵᠢᠶ᠎ᠠ᠎ᠨᠢ᠄
     (ᠨᠢᠭᠡ) ᠬᠥᠩᠭᠡᠵᠢᠬᠦ᠎ᠠᠴᠠ ᠡᠮᠦᠨ᠎ᠡ᠂ ᠬᠥᠩᠭᠡᠵᠢᠭᠰᠡᠨ᠎ᠤ ᠳᠠᠷᠠᠭ᠋ᠠᠬᠢ ᠡᠭᠦᠳᠡᠨ ᠡᠮᠨᠡᠯᠭᠡ ᠵᠢᠨ ᠪᠠᠶ᠋ᠢᠴᠠᠭ᠋ᠠᠯᠲᠠ ᠵᠢᠨ ᠵᠠᠷᠤᠳᠠᠯ ᠨᠡᠶ᠋ᠢᠲᠡ 1000 ᠲᠥᠭᠥᠷᠢᠭ᠃
     (ᠬᠣᠶᠠᠷ) ᠡᠩ᠎ᠤᠨ ᠬᠥᠩᠭᠡᠵᠢᠯᠲᠡ ᠵᠢᠨ ᠵᠠᠷᠤᠳᠠᠯ 3000 ᠲᠥᠭᠥᠷᠢᠭ᠂ ᠬᠡᠦᠬᠡᠨ ᠬᠡᠪᠲᠡᠰᠢ ᠵᠢ ᠬᠠᠭ᠋ᠠᠯᠵᠤ ᠬᠥᠩᠭᠡᠵᠢᠭᠦᠯᠬᠦ ᠵᠠᠷᠤᠳᠠᠯ 5000 ᠲᠥᠭᠥᠷᠢᠭ ᠥᠭᠴᠦ᠂ ᠣᠯᠠᠨ ᠬᠡᠦᠬᠡᠳ ᠲᠥᠷᠦᠪᠡᠯ ᠬᠡᠦᠬᠡᠳ ᠪᠦᠷᠢ 500 ᠲᠥᠭᠥᠷᠢᠭ ᠨᠡᠮᠡᠭᠳᠡᠭᠦᠯᠦᠨ᠎ᠡ᠃
     (ᠭᠤᠷᠪᠠ) ᠵᠢᠷᠮᠦᠰᠦᠯᠡᠭᠡᠳ 4 ᠰᠠᠷ᠎ᠠ ᠪᠣᠯᠤᠯ ᠦᠭᠡᠢ᠎ᠪᠠᠷ ᠤᠷᠤᠭ ᠤᠨᠠᠭ᠋ᠠᠭᠰᠠᠨ ᠪᠤᠶᠤ ᠦᠷᠡᠵᠢᠯ᠎ᠢ ᠬᠢᠵᠠᠭ᠋ᠠᠷᠯᠠᠬᠤ ᠮᠡᠰᠡ ᠵᠠᠰᠠᠯ ᠬᠢᠬᠦ᠎ᠳᠤ 800 ᠲᠥᠭᠥᠷᠢᠭ ᠥᠭᠴᠦ᠂ ᠪᠦᠬᠦᠯᠢ 4 ᠰᠠᠷ᠎ᠠ᠎ᠠᠴᠠ ᠢᠯᠡᠭᠦᠤ ᠪᠣᠯᠤᠭ᠋ᠠᠳ ᠣᠷᠣᠭ ᠤᠨᠠᠭ᠋ᠠᠭᠰᠠᠨ ᠪᠣᠯ 1200 ᠲᠥᠭᠥᠷᠢᠭ ᠥᠭᠭᠦᠨ᠎ᠡ᠃
    (  ᠲᠦᠷᠪᠡ) ᠠᠵᠢᠯᠲᠠᠨ ᠠᠵᠢᠯᠴᠢᠨ ᠲᠥᠯᠥᠪᠯᠡᠭᠡᠲᠦ ᠦᠷᠡᠵᠢᠯ᠎ᠤᠨ ᠦᠷᠡᠵᠢᠯ᠎ᠢ ᠵᠣᠭᠰᠣᠭ᠋ᠠᠬᠤ ᠮᠡᠰᠡ ᠵᠠᠰᠠᠯ ᠬᠢᠵᠦ᠂   ᠲᠣᠭᠲᠠᠭᠰᠠᠨ ᠡᠮᠴᠢᠯᠡᠭᠡᠨ᠎ᠤ ᠵᠠᠷᠤᠳᠠᠯ᠎ᠳᠤ ᠨᠡᠢ᠌ᠴᠡᠭᠰᠡᠨ ᠡᠮᠴᠢᠯᠡᠭᠡᠨ᠎ᠤ ᠵᠠᠷᠤᠳᠠᠯ᠎ᠢ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠦᠩᠭᠦ᠎ᠠᠴᠠ ᠬᠢᠵᠠᠭ᠋ᠠᠷᠲᠤ ᠲᠣᠭ᠎ᠠ᠎ᠪᠠᠷ ᠥᠭᠬᠦ ᠵᠢ ᠬᠡᠷᠡᠭᠵᠢᠭᠦᠯᠵᠦ᠂ ᠬᠠᠮᠤᠭ᠎ᠤᠨ ᠥᠨᠳᠥᠷ᠎ᠲᠡᠭᠡᠨ 1500 ᠲᠥᠭᠥᠷᠢᠭ᠎ᠠᠴᠠ ᠬᠡᠲᠦᠷᠡᠭᠦᠯᠵᠦ ᠪᠣᠯᠬᠤ ᠥᠬᠡᠶ᠃
      ᠠᠷᠪᠠᠨ ᠳᠥᠷᠪᠡᠳᠦᠭᠡᠷ ᠵᠦᠢ᠍ᠯ᠄ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠦᠨᠳᠦᠰᠦᠨ ᠡᠮᠴᠢᠯᠡᠭᠡᠨ᠎ᠤ ᠲᠠᠭ᠋ᠠᠳᠬᠠᠯ᠎ᠳᠤ ᠣᠷᠣᠯᠴᠠᠭᠰᠠᠨ ᠡᠷᠡᠭᠲᠡᠶ ᠠᠵᠢᠯᠲᠠᠨ ᠠᠵᠢᠯᠴᠢᠨ᠎ᠤ ᠬᠣᠯᠪᠣᠰᠤ᠎ᠨᠢ ᠠᠵᠢᠯ ᠣᠯᠤᠭ᠋ᠠᠳᠤᠶ ᠮᠥᠷᠲᠡᠭᠡᠨ ᠬᠣᠲᠠ ᠪᠠᠯᠭ᠋ᠠᠰᠤ ᠵᠢᠨ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡᠨ᠎ᠤ ᠳᠠᠭ᠋ᠠᠳᠬᠠᠯ ᠪᠤᠶᠤ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠳᠤ ᠣᠷᠣᠯᠴᠠᠭᠰᠠᠨ ᠦᠭᠡᠢ ᠪᠣᠯ ᠬᠥᠩᠭᠡᠵᠢᠵᠦ ᠡᠮᠨᠡᠯᠭᠡ᠎ᠳᠤ ᠰᠠᠭᠤᠭᠰᠠᠨ ᠡᠮᠴᠢᠯᠡᠭᠡᠨ᠎ᠤ ᠵᠠᠷᠤᠳᠠᠯ᠎ᠤᠨ ᠣᠯᠭᠣᠮᠵᠢ ᠵᠢ ᠬᠦᠷᠲᠡᠵᠦ ᠪᠣᠯᠤᠨ᠎ᠠ᠃
      ᠠᠷᠪᠠᠨ ᠲᠠᠪᠤᠳᠤᠭ᠋ᠠᠷ ᠵᠦᠢ᠍ᠯ᠄ ᠬᠢᠵᠠᠭ᠋ᠠᠷᠯᠠᠭᠰᠠᠨ ᠲᠣᠭ᠎ᠠ᠎ᠪᠠᠷ ᠵᠠᠷᠤᠳᠠᠯ ᠲᠤᠰᠢᠶᠠᠬᠤ ᠵᠢ ᠬᠡᠷᠡᠭᠵᠢᠭᠦᠯᠵᠦ ᠪᠠᠢ᠌ᠭ᠎ᠠ   ᠦᠷᠡᠵᠢᠯ᠎ᠤᠨ ᠡᠮᠴᠢᠯᠡᠭᠡᠨ᠎ᠤ ᠡᠮᠨᠡᠯᠭᠡ᠎ᠳᠤ ᠰᠠᠭᠤᠬᠤ ᠵᠠᠷᠤᠳᠠᠯ᠎ᠢ ᠴᠡᠭ ᠲᠣᠭᠲᠠᠭ᠋ᠠᠭᠰᠠᠨ ᠡᠮᠴᠢᠯᠡᠭᠡᠨ᠎ᠤ ᠪᠠᠢ᠌ᠭᠤᠯᠤᠮᠵᠢ᠎ᠯᠤᠭ᠎ᠠ ᠲᠣᠭᠲᠠᠭ᠋ᠠᠯ ᠶᠣᠰᠣᠭ᠋ᠠᠷ ᠰᠢᠭᠤᠳ ᠳ᠋ᠦᠩᠨᠡᠨ ᠪᠣᠳᠣᠨ᠎ᠠ᠃ ᠡᠭᠦᠳᠡᠨ ᠡᠮᠨᠡᠯᠭᠡ ᠵᠢᠨ ᠪᠠᠶ᠋ᠢᠴᠠᠭ᠋ᠠᠯᠲᠠ ᠵᠢᠨ ᠵᠠᠷᠤᠳᠠᠯ᠂ ᠳᠠᠭ᠋ᠠᠳᠬᠠᠯ᠎ᠳᠤ ᠣᠷᠣᠯᠴᠠᠭᠰᠠᠨ ᠡᠮᠡᠭᠲᠡᠶ ᠠᠵᠢᠯᠲᠠᠨ ᠠᠵᠢᠯᠴᠢᠨ᠎ᠤ ᠨᠢᠭᠡᠳᠦᠯᠲᠠᠢ ᠲᠥᠯᠦᠪᠯᠡᠭᠰᠡᠨ ᠣᠷᠣᠨ᠎ᠤ ᠭᠠᠳᠠᠨ᠎ᠠ ᠬᠥᠩᠭᠡᠵᠢᠭᠰᠡᠨ ᠵᠢᠴᠢ ᠲᠦᠷᠭᠡᠨ ᠡᠮᠴᠢᠯᠡᠭᠡ ᠪᠤᠶᠤ ᠪᠠᠴᠢᠮ ᠠᠪᠤᠷᠠᠯᠲᠠ ᠬᠢᠭᠰᠡᠨ ᠪᠠᠢ᠌ᠳᠠᠯ ᠳᠣᠣᠷ᠎ᠠ᠂ ᠳᠠᠭ᠋ᠠᠳᠬᠠᠯ᠎ᠳᠤ ᠣᠷᠣᠯᠴᠠᠭᠰᠠᠨ ᠠᠵᠢᠯᠲᠠᠨ ᠠᠵᠢᠯᠴᠢᠨ ᠲᠣᠭᠲᠠᠭᠰᠠᠨ ᠪᠤᠰᠤ ᠡᠮᠴᠢᠯᠡᠭᠡᠨ᠎ᠤ ᠪᠠᠶ᠋ᠢᠭᠤᠯᠤᠮᠵᠢ᠎ᠳᠤ ᠡᠮᠨᠡᠯᠭᠡ᠎ᠳᠤ ᠰᠠᠭᠤᠵᠤ ᠬᠥᠩᠭᠡᠵᠢᠪᠡᠯ ᠤᠷᠢᠳᠠᠪᠠᠷ ᠲᠣᠰ ᠬᠥᠮᠦᠨ᠎ᠨᠢ ᠣᠷᠣᠯᠠᠨ ᠥᠭᠴᠦ᠂ ᠲᠣᠭᠲᠠᠭ᠋ᠠᠯ ᠶᠣᠰᠣᠭ᠋ᠠᠷ ᠳᠠᠩᠰᠠ ᠲᠠᠢ᠌ᠯᠤᠨ᠎ᠠ᠃
      ᠠᠷᠪᠠᠨ ᠵᠢᠷᠭᠤᠳᠤᠭ᠋ᠠᠷ ᠵᠦᠢ᠍ᠯ᠄ ᠡᠳ᠋᠎ᠤᠨ ᠵᠠᠰᠠᠭ᠎ᠤᠨ ᠪᠤᠰᠤ ᠠᠰᠠᠷᠠᠨ ᠲᠡᠵᠢᠭᠡᠬᠦ ᠬᠥᠮᠦᠰ᠎ᠤᠨ ᠦᠷᠡᠵᠢᠯ᠎ᠤᠨ ᠨᠦᠬᠦᠪᠦᠷᠢ ᠮᠥᠩᠭᠥ ᠵᠢ ᠬᠥᠮᠦᠨ ᠬᠡᠷᠡᠭᠯᠡᠬᠦ ᠨᠢᠭᠡᠴᠡ ᠵᠢᠨ ᠳᠡᠭᠡᠷ᠎ᠡ ᠵᠢᠯ᠎ᠤᠨ ᠰᠠᠷ᠎ᠠ ᠵᠢᠨ ᠳᠤᠮᠳᠠᠴᠢ ᠴᠠᠯᠢᠩ ᠵᠶ᠋ᠠᠷ ᠪᠠᠷᠢᠮᠵᠢᠶ᠎ᠠ ᠪᠣᠯᠭ᠋ᠠᠨ ᠪᠣᠳᠣᠵᠤ ᠣᠯᠭᠣᠨ᠎ᠠ᠃
      ᠠᠷᠪᠠᠨ ᠳᠣᠯᠣᠳᠤᠭ᠋ᠠᠷ ᠵᠦᠢ᠍ᠯ᠄ ᠡᠳ᠋᠎ᠤᠨ ᠵᠠᠰᠠᠭ᠎ᠤᠨ ᠪᠤᠰᠤ ᠠᠰᠠᠷᠠᠨ ᠲᠡᠵᠢᠭᠡᠬᠦ ᠡᠮᠡᠭᠲᠡᠶ ᠠᠵᠢᠯᠲᠠᠨ ᠠᠵᠢᠯᠴᠢᠨ᠎ᠤ ᠬᠥᠩᠭᠡᠵᠢᠯᠲᠡ ᠵᠢᠨ ᠴᠢᠯᠥᠭᠡᠨ᠎ᠤ ᠬᠤᠭᠤᠴᠠᠭ᠋ᠠᠨ᠎ᠳᠤ   ᠦᠷᠡᠵᠢᠯ᠎ᠤᠨ ᠨᠥᠬᠥᠪᠥᠷᠢ ᠮᠥᠩᠭᠥ ᠠᠪᠬᠤ ᠡᠳᠦᠷ᠎ᠤᠨ ᠲᠣᠭ᠎ᠠ᠎ᠨᠢ᠄
     (ᠨᠢᠭᠡ) ᠵᠢᠷᠮᠦᠰᠦᠯᠡᠭᠡᠳ ᠪᠦᠬᠦᠯᠢ 4 ᠰᠠᠷ᠎ᠠ ᠪᠣᠯᠣᠭ᠋ᠠᠳ 7 ᠰᠠᠷ᠎ᠠ ᠪᠣᠯᠤᠭ᠋ᠠᠳᠤᠶ ᠪᠠᠢ᠌ᠪᠠᠯ᠂ ᠦᠷᠡᠵᠢᠯ᠎ᠤᠨ ᠨᠡᠮᠡᠭᠦᠷᠢ ᠮᠥᠩᠭᠥ ᠵᠢ 42 ᠡᠳᠦᠷ ᠵᠶ᠋ᠠᠷ ᠪᠣᠳᠣᠵᠤ ᠣᠯᠭᠣᠨ᠎ᠠ᠃
     (ᠬᠣᠶᠠᠷ) ᠵᠢᠷᠮᠦᠰᠦᠯᠡᠭᠡᠳ ᠪᠦᠬᠦᠯᠢ 7 ᠰᠠᠷ᠎ᠠ ᠪᠠ 7 ᠰᠠᠷ᠎ᠠ᠎ᠠᠴᠠ ᠳᠡᠭᠡᠭᠰᠢ ᠪᠣᠯᠤᠭ᠋ᠠᠳ ᠬᠥᠩᠭᠡᠵᠢᠭᠰᠡᠨ ᠪᠣᠯ᠂ ᠦᠷᠡᠵᠢᠯ᠎ᠤᠨ ᠨᠥᠬᠥᠪᠥᠷᠢ ᠮᠥᠩᠭᠥ ᠵᠢ 98 ᠡᠳᠦᠷ ᠵᠶ᠋ᠠᠷ ᠪᠣᠳᠣᠵᠤ ᠣᠯᠭᠣᠨ᠎ᠠ᠃
     (ᠭᠤᠷᠪᠠ) ᠲᠥᠷᠦᠬᠦ᠎ᠳᠤ ᠪᠡᠷᠬᠡᠳᠦᠭᠰᠡᠨ ᠪᠣᠯ᠂ ᠦᠷᠡᠵᠢᠯ᠎ᠤᠨ ᠨᠥᠬᠥᠪᠥᠷᠢ ᠮᠥᠩᠭᠥ ᠵᠢ 98 ᠡᠳᠦᠷ᠎ᠤᠨ ᠰᠠᠭᠤᠷᠢᠨ ᠲᠡᠭᠡᠷ᠎ᠡ15 ᠡᠳᠦᠷ ᠨᠡᠮᠡᠭᠳᠡᠭᠦᠯᠦᠨ᠎ᠡ; ᠣᠯᠠᠨ ᠬᠡᠤᠬᠡᠳ ᠲᠥᠷᠥᠭᠰᠡᠨ ᠪᠣᠯ ᠬᠡᠤᠬᠡᠳ ᠪᠦᠷᠢ 15 ᠡᠳᠦᠷ᠎ᠤᠨ ᠬᠡᠤᠬᠡᠳ ᠠᠪᠬᠤ ᠨᠡᠮᠡᠭᠦᠷᠢ ᠨᠡᠮᠡᠭᠳᠡᠭᠦᠯᠦᠨ᠎ᠡ᠃
      ᠠᠷᠪᠠᠨ ᠨᠠᠢ᠍ᠮᠠᠳᠤᠭ᠋ᠠᠷ ᠵᠦᠢ᠍ᠯ᠄ ᠡᠳ᠋᠎ᠤᠨ ᠵᠠᠰᠠᠭ᠎ᠤᠨ ᠪᠤᠰᠤ ᠠᠰᠠᠷᠠᠨ ᠲᠡᠵᠢᠭᠡᠬᠦ ᠡᠷᠡᠭᠲᠡᠶ ᠠᠵᠢᠯᠲᠠᠨ ᠠᠵᠢᠯᠴᠢᠨ᠎ᠤ ᠬᠣᠯᠪᠣᠰᠤ᠎ᠨᠢ ᠬᠥᠩᠭᠡᠵᠢᠬᠦ ᠬᠤᠭᠤᠴᠠᠭ᠋ᠠᠨ᠎ᠳᠤ᠂ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠥ᠎ᠠᠴᠠ 10 ᠡᠳᠦᠷ᠎ᠤᠨ ᠰᠤᠪᠢᠯᠠᠯᠲᠠ ᠵᠢᠨ ᠴᠢᠯᠦᠭᠡᠨ᠎ᠤ ᠴᠠᠯᠢᠩ ᠣᠯᠭᠣᠨ᠎ᠠ᠃
      ᠠᠷᠪᠠ ᠶᠢᠰᠦᠳᠦᠭᠡᠷ ᠵᠦᠢ᠍ᠯ᠄ ᠡᠮᠡᠭᠲᠡᠶ ᠠᠵᠢᠯᠲᠠᠨ ᠠᠵᠢᠯᠴᠢᠨ᠎ᠤ ᠬᠥᠩᠭᠡᠵᠢᠬᠦ᠎ᠠᠴᠠ ᠡᠮᠦᠨ᠎ᠡ ᠵᠢᠷᠮᠦᠰᠦᠯᠡᠭᠰᠡᠨ ᠬᠠᠪᠰᠤᠷᠤᠮᠠᠯ ᠡᠪᠡᠳᠴᠢᠨ᠂ ᠬᠥᠩᠭᠡᠵᠢᠭᠰᠡᠨ᠎ᠤ ᠳᠠᠷᠠᠭ᠋ᠠᠬᠢ ᠬᠠᠪᠰᠤᠷᠤᠮᠠᠯ ᠡᠪᠡᠳᠴᠢᠨ ᠡᠭᠦᠰᠬᠦ ᠡᠮᠴᠢᠯᠡᠭᠡᠨ᠎ᠤ ᠵᠠᠷᠤᠳᠠᠯ᠎ᠢ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠡᠷᠡᠭᠵᠢᠭᠦᠯᠦᠨ᠎ᠡ᠃
    ᠵᠢᠷᠭᠤᠭ᠎ᠠ᠂ ᠳᠠᠭ᠋ᠠᠯᠳᠤᠭᠤᠯᠤᠭᠰᠠᠨ ᠲᠦᠷᠢᠮ
      ᠬᠣᠷᠢᠳᠤᠭ᠋ᠠᠷ ᠵᠦᠢ᠍ᠯ᠄ ᠲᠤᠰ ᠨᠠᠷᠢᠨ ᠳᠦᠷᠢᠮ᠎ᠢ 2009 ᠣᠨ᠎ᠤ 12 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠂ ᠤᠤᠯ᠎ᠤᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠦᠷᠡᠵᠢᠯ᠎ᠤᠨ ᠳᠠᠭ᠋ᠠᠳᠬᠠᠯ᠎ᠤᠨ ᠬᠡᠷᠡᠭᠵᠢᠭᠦᠯᠬᠦ ᠨᠠᠷᠢᠨ ᠳᠦᠷᠢᠮ》 (ᠥᠪᠥᠷ ᠡᠮᠴᠢᠯᠡᠭᠡ ᠳᠠᠭ᠋ᠠᠳᠬᠠᠯ ᠦᠰᠦᠭ [2011] 25 ᠳ᠋ᠤᠭ᠋ᠠᠷ ᠲᠣᠭ᠋ᠠᠲᠤ)᠎ᠢ ᠳᠠᠷᠤᠶ᠎ᠳᠤᠨᠢ ᠬᠦᠴᠦᠨ ᠦᠭᠡᠶ ᠪᠣᠯᠭ᠋ᠠᠨ᠎ᠠ᠃
      ᠬᠣᠷᠢᠨ ᠨᠢᠭᠡᠳᠦᠭᠡᠷ ᠵᠦᠢ᠍ᠯ᠄ ᠲᠤᠰ ᠨᠠᠷᠢᠨ ᠳᠦᠷᠢᠮ᠎ᠢ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠳᠤᠯᠠᠭ᠎ᠠ ᠵᠢᠨ ᠲᠣᠪᠴᠢᠶ᠎ᠠ᠎ᠠᠴᠠ ᠬᠠᠷᠢᠭᠤᠴᠠᠨ ᠲᠠᠶ᠋ᠢᠯᠪᠤᠷᠢᠯᠠᠨ᠎ᠠ᠃

ᠢᠷᠡᠯᠲᠡ᠄ ᠥᠪᠦᠷ ᠮᠣᠩᠭᠣᠯ᠎ᠤᠨ ᠥᠪᠡᠷᠲᠡᠭᠡᠨ ᠵᠠᠰᠠᠬᠤ ᠣᠷᠤᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠰᠢᠨ᠎ᠡ ᠬᠡᠯᠪᠡᠷᠢ ᠵᠢᠨ ᠲᠢᠲᠢᠮᠯᠢᠭ ᠠᠭᠤᠰᠬᠢᠨ ᠥᠷᠪᠢᠰᠦᠯ᠎ᠠᠴᠠ ᠬᠠᠯᠳᠠᠪᠤᠷᠢᠯᠠᠭᠳᠠᠭᠰᠠᠨ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ᠎ᠢ ᠰᠡᠷᠭᠡᠶ᠋ᠢᠯᠡᠨ ᠡᠵᠡᠮᠳᠡᠬᠦ ᠬᠤᠭᠤᠴᠠᠭ᠋ᠠᠨ᠎ᠤ ᠭᠠᠷᠳᠠᠨ ᠬᠢᠬᠦ ᠠᠵᠢᠯ᠎ᠢ ᠰᠠᠶ᠋ᠢᠲᠤᠷ ᠬᠢᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠳᠠᠭ᠋ᠠᠳᠬᠠᠯ᠎ᠤᠨ ᠬᠠᠮᠢᠶᠠᠷᠤᠯᠲᠠ ᠵᠢᠨ ᠲᠤᠪᠴᠢᠶ᠎ᠠ ᠵᠢᠨ ᠮᠡᠳᠡᠭᠳᠡᠯ
ᠪᠦᠬᠦ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠵᠠᠰᠠᠭ᠎ᠤᠨ ᠶᠠᠪᠤᠳᠠᠯ᠎ᠤᠨ ᠭᠠᠷᠳᠠᠨ ᠭᠦᠢ᠍ᠴᠡᠳᠬᠡᠬᠦ ᠦᠢ᠍ᠯᠡᠴᠢᠯᠡᠭᠡᠨ᠎ᠤ ᠵᠦᠢ᠍ᠯᠡᠰ᠎ᠤᠨ ᠨᠠᠷᠢᠨ ᠳᠠᠩᠰᠠ ᠵᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡᠨ᠎ᠤ ᠲᠠᠭ᠋ᠠᠳᠬᠠᠯ᠎ᠤᠨ ᠵᠠᠷᠤᠳᠠᠯ᠎ᠢ ᠱᠠᠲᠤ ᠦᠶ᠎ᠡ ᠵᠢᠨ ᠴᠢᠨᠠᠷᠲᠠᠶ ᠬᠥᠩᠭᠡᠯᠡᠨ ᠲᠠᠲᠠᠪᠤᠷᠢᠯᠠᠬᠤ ᠵᠢ ᠬᠡᠷᠡᠭᠵᠢᠭᠦᠯᠬᠦ ᠲᠥᠰᠦᠯ》᠎ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ
ᠡᠮᠴᠢᠯᠡᠭᠡᠨ᠎ᠤ ᠳᠠᠭ᠋ᠠᠳᠬᠠᠯ᠎ᠤᠨ ᠡᠯᠧᠺᠲᠷᠣᠨ ᠭᠡᠷᠡᠴᠢ ᠪᠠᠷᠢᠮᠲᠠ᠂ ᠰᠢᠯᠵᠢᠮᠡᠯ ᠲᠣᠭ᠋ᠠᠴᠠᠭ᠎ᠠ ᠵᠢᠴᠢ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠡᠮᠴᠢᠯᠡᠭᠡᠨ᠎ᠤ ᠳᠠᠭ᠋ᠠᠳᠬᠠᠯ᠎ᠤᠨ ᠰᠢᠰᠲ᠋ᠧᠮ᠎ᠢ ᠨᠡᠭᠦᠯᠭᠡᠨ ᠰᠢᠯᠵᠢᠭᠦᠯᠬᠦ ᠠᠵᠢᠯ᠎ᠢ ᠲᠦᠪᠯᠡᠷᠡᠭᠦᠯᠦᠨ ᠪᠠᠶ᠋ᠢᠷᠢᠯᠠᠭᠤᠯᠬᠤ ᠰᠦᠯᠵᠢᠶᠡᠨ᠎ᠤ ᠵᠣᠯᠭ᠋ᠠᠭᠤᠯᠤᠯᠲᠠ ᠵᠢᠨ ᠠᠵᠢᠯ᠎ᠢ ᠰᠠᠶ᠋ᠢᠲᠤᠷ ᠬᠢᠬᠦ ᠲᠤᠬᠠᠶ ᠮᠡᠳᠡᠭᠳᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢ᠍ᠯ ᠪᠠ ᠡᠮᠴᠢᠯᠡᠭᠡᠨ᠎ᠤ ᠪᠠᠭ᠋ᠠᠵᠢ ᠬᠡᠷᠡᠭᠰᠡᠯ᠎ᠢ ᠲᠥᠪᠯᠡᠷᠡᠭᠦᠯᠦᠨ ᠬᠤᠳᠠᠯᠳᠤᠨ ᠠᠪᠴᠤ ᠳ᠋ᠦᠩᠨᠡᠨ ᠪᠣᠳᠣᠬᠤ ᠲᠤᠬᠠᠶ᠋ᠢᠯᠠᠭᠰᠠᠨ ᠠᠵᠢᠯ᠎ᠤᠨ ᠳᠦᠷᠢᠮ᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠨᠥᠬᠥᠪᠥᠷᠢ ᠮᠡᠳᠡᠭᠳᠡᠯ
 
            