ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠪᠢᠴᠢᠭ ᠮᠠᠲ᠋ᠧᠷᠢᠶᠠᠯ
ᠪᠦᠬᠦ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠵᠠᠰᠠᠭ᠎ᠤᠨ ᠶᠠᠪᠤᠳᠠᠯ᠎ᠤᠨ ᠭᠠᠷᠳᠠᠨ ᠭᠦᠢ᠍ᠴᠡᠳᠬᠡᠬᠦ ᠦᠢ᠍ᠯᠡᠴᠢᠯᠡᠭᠡᠨ᠎ᠤ ᠵᠦᠢ᠍ᠯᠡᠰ᠎ᠤᠨ ᠨᠠᠷᠢᠨ ᠳᠠᠩᠰᠠ ᠵᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ
ᠨᠡᠶ᠋ᠢᠲᠡᠯᠡᠭᠰᠡᠨ ᠴᠠᠭ᠄ 2020-12-10

            ᠥᠪᠥᠷ ᠡᠮᠴᠢᠯᠡᠭᠡ ᠪᠠᠲᠤᠯᠠᠭ᠎ᠠ ᠲᠠᠷᠬᠠᠭ᠋ᠠᠭᠰᠠᠨ [2020] 11 ᠳ᠋ᠤᠭᠡᠷ ᠲᠣᠭ᠋ᠠᠲᠤ

ᠡᠯ᠎ᠡ ᠠᠶ᠋ᠢᠮᠠᠭ ᠬᠣᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠂ ᠮᠠᠨᠵᠤᠤᠷ ᠬᠣᠲᠠ᠂ ᠡᠷᠢᠶᠡᠨ ᠬᠤᠳᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠄
      ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠰᠢᠢ᠍ᠳᠪᠦᠷᠢᠳᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠭᠦᠨᠵᠡᠭᠡᠶ ᠲᠤᠭᠤᠰᠢᠯᠠᠭᠤᠯᠤᠨ   ᠨᠠᠢ᠌ᠳᠠᠪᠤᠷᠢᠵᠢᠭᠤᠯᠵᠤ᠂ ᠡᠮᠴᠢᠯᠡᠭᠡᠨ᠎ᠤ ᠪᠠᠲᠤᠯᠠᠭ᠎ᠠ ᠠᠷᠠᠳ᠎ᠤᠨ ᠠᠮᠢᠳᠤᠷᠠᠯ᠎ᠤᠨ ᠬᠦᠷᠢᠶᠡᠨ᠎ᠳᠠᠬᠢ 《ᠬᠦᠴᠢᠷ ᠠᠰᠠᠭᠤᠳᠠᠯ᠂ ᠲᠥᠪᠡᠭᠲᠠᠢ ᠠᠰᠠᠭᠤᠳᠠᠯ᠂ ᠡᠪᠡᠷᠰᠢᠶᠡᠯ ᠠᠰᠠᠭᠤᠳᠠᠯ》᠎ᠤᠨ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ 《ᠣᠯᠠᠨ ᠲᠦᠮᠡᠨ ᠤᠴᠢᠷ ᠶᠠᠪᠤᠳᠠᠯ ᠪᠦᠲᠦᠭᠡᠬᠦ᠎ᠳᠡᠭᠡᠨ ᠬᠥᠮᠦᠨ᠎ᠢ ᠭᠤᠶᠤᠬᠤ ᠦᠭᠡᠢ᠂ ᠬᠠᠮᠤᠭ ᠣᠯᠠᠨ᠎ᠳᠠᠭᠠᠨ ᠨᠢᠭᠡ ᠯᠡ ᠤᠳᠠᠭ᠎ᠠ ᠭᠦᠶᠦᠬᠦ》 ᠬᠠᠷᠠᠯᠲᠠ ᠵᠢ ᠬᠦᠴᠦᠯᠡᠨ ᠪᠡᠶᠡᠯᠡᠭᠦᠯᠵᠦ᠂ ᠨᠢᠭᠡᠲᠦᠯᠲᠠᠢ ᠳᠦᠷᠢᠮᠵᠢᠭᠦᠯᠦᠭᠰᠡᠨ ᠪᠦᠬᠦ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠭᠠᠷᠲᠠᠨ ᠭᠦᠢ᠍ᠴᠡᠳᠬᠡᠬᠦ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠤᠨ ᠨᠠᠷᠢᠨ ᠳᠠᠩᠰᠠ ᠵᠢᠨ ᠳᠦᠷᠢᠮ (ᠳᠣᠷᠣᠭᠰᠢ   ᠨᠠᠷᠢᠨ ᠳᠠᠩᠰᠠ ᠵᠢᠨ ᠳᠦᠷᠢᠮ ᠭᠡᠵᠦ ᠲᠣᠪᠴᠢᠯᠠᠨ᠎ᠠ)᠎ᠢ ᠪᠠᠶ᠋ᠢᠭᠤᠯᠵᠤ᠂ ᠤᠯᠤᠰ᠎ᠤᠨ 《ᠪᠥᠬᠥ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠭᠠᠷᠲᠠᠨ ᠭᠦᠢ᠍ᠴᠡᠳᠭᠡᠬᠦ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠨᠠᠷᠢᠨ ᠳᠠᠩᠰᠠ》 ᠵᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠳᠤᠯᠠᠭ᠎ᠠ ᠵᠢᠨ ᠲᠣᠪᠴᠢᠶ᠎ᠠ 《ᠪᠥᠬᠥ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠭᠠᠷᠲᠠᠨ ᠭᠦᠢ᠍ᠴᠡᠳᠭᠡᠬᠦ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠤᠨ ᠨᠠᠷᠢᠨ ᠳᠠᠩᠰᠠ》 (ᠲᠤᠷᠰᠢᠨ ᠬᠡᠷᠡᠭᠵᠢᠭᠦᠯᠬᠦ) (ᠳᠣᠷᠣᠭᠰᠢ 《ᠪᠥᠬᠥ ᠣᠷᠣᠨ᠎ᠤ ᠨᠠᠷᠢᠨ ᠲᠠᠩᠰᠠ》 ᠭᠡᠵᠦ ᠲᠣᠪᠴᠢᠯᠠᠨ᠎ᠠ) ᠵᠢ ᠰᠤᠳᠤᠯᠤᠨ ᠲᠣᠭᠲᠠᠭ᠋ᠠᠪᠠ᠃ ᠡᠳᠦᠭᠡ ᠬᠣᠯᠪᠣᠭᠳᠠᠯ ᠪᠥᠬᠥᠶ ᠵᠦᠢ᠍ᠯᠡᠰ᠎ᠢ ᠳᠣᠤᠷᠠᠬᠢ ᠮᠡᠲᠦ ᠮᠡᠳᠡᠭᠳᠡᠶ᠎ᠡ᠄
      ᠨᠢᠭᠡ᠂ ᠶᠡᠷᠦᠩᠬᠡᠶ ᠱᠠᠭ᠋ᠠᠷᠳᠠᠯᠭ᠎ᠠ
      ᠨᠢᠭᠡ᠂ ᠵᠢᠯᠣᠭᠣᠳᠬᠤ ᠦᠵᠡᠯ ᠰᠠᠨᠠᠭ᠎ᠠ
      ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ   ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠵᠤ᠂ ᠠᠷᠠᠳ ᠲᠦᠮᠡᠨ ᠵᠶ᠋ᠠᠷ ᠭᠣᠣᠯ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠪᠠᠷᠢᠮᠳᠠᠯᠠᠵᠦ᠂ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢᠨ ᠱᠠᠭ᠋ᠠᠷᠳᠠᠯᠭ᠎ᠠ ᠵᠢ ᠭᠦᠨᠵᠡᠭᠡᠶ ᠲᠤᠭᠤᠰᠢᠯᠠᠭᠤᠯᠵᠦ᠂ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠡᠮᠴᠢᠯᠡᠭᠡᠨ᠎ᠤ ᠪᠠᠲᠤᠯᠠᠭ᠎ᠠ ᠵᠢᠨ ᠳᠦᠷᠢᠮ᠎ᠤᠨ ᠬᠥᠭᠵᠢᠯᠲᠡ ᠵᠢᠨ ᠬᠡᠷᠡᠭᠴᠡᠭᠡ᠎ᠳᠤ ᠴᠢᠷᠮᠠᠶ᠋ᠢᠨ ᠵᠣᠬᠢᠴᠠᠵᠤ᠂ ᠠᠷᠠᠳ᠎ᠤᠨ ᠠᠮᠢᠳᠤᠷᠠᠯ᠎ᠢ ᠨᠠᠩ ᠰᠠᠶ᠋ᠢᠨ ᠪᠠᠲᠤᠯᠠᠨ ᠰᠠᠶ᠋ᠢᠵᠢᠷᠠᠭᠤᠯᠬᠤ ᠡᠭᠦᠳᠡᠨ᠎ᠠᠴᠠ ᠡᠮᠴᠢᠯᠡᠭᠡᠨ᠎ᠤ ᠪᠠᠲᠤᠯᠠᠭ᠎ᠠ ᠵᠢᠨ ᠣᠯᠠᠨ ᠨᠡᠶ᠋ᠢᠲᠡ ᠵᠢᠨ ᠦᠢ᠍ᠯᠡᠴᠢᠯᠡᠭᠡ ᠵᠢ ᠰᠠᠶ᠋ᠢᠵᠢᠷᠠᠭᠤᠯᠬᠤ᠎ᠪᠠᠷ ᠤᠳᠤᠷᠢᠳᠤᠮᠵᠢ ᠪᠣᠯᠭ᠋ᠠᠵᠤ᠂ ᠪᠦᠬᠦ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠭᠠᠷᠳᠠᠨ ᠭᠦᠢ᠍ᠴᠡᠳᠬᠡᠬᠦ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠨᠠᠷᠢᠨ ᠳᠠᠩᠰᠠ ᠵᠢᠨ ᠳᠦᠷᠢᠮ᠎ᠢ ᠪᠠᠶ᠋ᠢᠭᠤᠯᠤᠨ ᠲᠡᠭᠦᠯᠳᠡᠷᠵᠢᠭᠦᠯᠵᠦ᠂ ᠦᠢ᠍ᠯᠡᠴᠢᠯᠡᠭᠡᠨ᠎ᠤ ᠠᠷᠭ᠎ᠠ ᠮᠠᠶᠢᠭ᠎ᠢ ᠳᠦᠷᠢᠮᠵᠢᠭᠦᠯᠵᠦ᠂ ᠦᠢ᠍ᠯᠡᠴᠢᠯᠡᠭᠡᠨ᠎ᠤ ᠦᠷ᠎ᠡ ᠠᠰᠢᠭ᠎ᠢ ᠳᠡᠭᠡᠭᠰᠢᠯᠡᠭᠦᠯᠦᠨ᠂ ᠦᠢ᠍ᠯᠡᠴᠢᠯᠡᠭᠡᠨ᠎ᠤ ᠦᠵᠡᠯ ᠤᠬᠠᠮᠰᠠᠷ᠎ᠢ ᠨᠡᠮᠡᠭᠳᠡᠭᠦᠯᠵᠦ᠂ ᠠᠵᠢᠯ᠎ᠤᠨ ᠰᠤᠷᠲᠠᠯ ᠵᠶ᠋ᠠᠨ ᠬᠤᠪᠢᠷᠠᠭᠤᠯᠵᠤ᠂ ᠪᠦᠬᠦ ᠲᠠᠯ᠎ᠠ᠎ᠪᠠᠷ ᠵᠢᠷᠤᠮᠵᠢᠭᠰᠠᠨ᠂ ᠢᠯᠡ ᠲᠣᠳᠣ᠂ ᠠᠷᠠᠳ᠎ᠲᠤ ᠲᠦᠭᠦᠮ ᠦᠵᠡᠭᠦᠯᠬᠦ ᠥᠨᠳᠥᠷ ᠪᠦᠲᠦᠮᠵᠢᠲᠡᠶ ᠡᠮᠴᠢᠯᠡᠭᠡᠨ᠎ᠤ ᠪᠠᠲᠤᠯᠠᠭ᠎ᠠ ᠵᠢᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠬᠠᠩᠭ᠋ᠠᠬᠤ᠎ᠪᠠᠷ ᠳᠠᠮᠵᠢᠭᠤᠯᠤᠨ᠂ ᠠᠷᠠᠳ ᠣᠯᠠᠨ᠎ᠤ ᠬᠦᠷᠲᠡᠮᠵᠢ ᠵᠢᠨ ᠲᠥᠷᠥᠭᠳᠡᠯ᠂ ᠵᠣᠯ ᠵᠢᠷᠭ᠋ᠠᠯ᠎ᠤᠨ ᠲᠥᠷᠥᠭᠳᠡᠯ᠂ ᠠᠮᠤᠷ ᠲᠦᠪᠰᠢᠨ᠎ᠤ ᠲᠥᠷᠥᠭᠳᠡᠯ᠎ᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃
     (ᠬᠣᠶᠠᠷ) ᠬᠠᠷᠠᠯᠲᠠ ᠱᠠᠭ᠋ᠠᠷᠳᠠᠯᠭ᠎ᠠ
     2020 ᠣᠨ᠎ᠤ 8 ᠰᠠᠷ᠎ᠠ ᠵᠢᠨ ᠰᠡᠭᠦᠯᠴᠢ᠎ᠠᠴᠠ ᠡᠮᠦᠨ᠎ᠡ᠂ ᠡᠯ᠎ᠡ ᠠᠶ᠋ᠢᠮᠠᠭ ᠬᠣᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠰᠠᠯᠠᠭ᠎ᠠ ᠮᠥᠴᠢᠷ᠎ᠤᠳ 《ᠪᠥᠬᠥ ᠣᠷᠣᠨ᠎ᠤ ᠨᠠᠷᠢᠨ ᠲᠠᠩᠰᠠ》 ᠵᠢᠨ ᠲᠣᠭᠲᠠᠭ᠋ᠠᠭᠰᠠᠨ ᠠᠭᠤᠯᠭ᠎ᠠ ᠪᠠ ᠬᠡᠪ ᠵᠠᠭᠪᠤᠷ᠎ᠤᠨ ᠱᠠᠭ᠋ᠠᠷᠳᠠᠯᠭ᠎ᠠ ᠵᠢ ᠬᠢᠨᠠᠮᠠᠭ᠋ᠠᠶ ᠵᠢᠷᠤᠮᠯᠠᠵᠤ᠂ 《ᠵᠢᠷᠭᠤᠭ᠎ᠠ ᠵᠢ ᠨᠢᠭᠡᠳᠬᠡᠬᠦ》 (ᠳᠠᠷᠤᠶ ᠵᠦᠢ᠍ᠯᠡᠰ᠎ᠤᠨ ᠨᠡᠷᠡᠶ᠋ᠢᠳᠦᠯ᠎ᠢ ᠨᠢᠭᠡᠳᠬᠡᠬᠦ᠂   ᠵᠦᠢ᠍ᠯᠡᠰ᠎ᠤᠨ ᠺᠣᠳᠠᠯᠠᠯ᠎ᠢ ᠨᠢᠭᠡᠳᠬᠡᠬᠦ᠂ ᠭᠦᠢ᠍ᠴᠡᠳᠭᠡᠬᠦ ᠮᠠᠲᠸᠷᠢᠶᠠᠯ᠎ᠢ ᠨᠢᠭᠡᠳᠬᠡᠬᠦ᠂ ᠭᠦᠢ᠍ᠴᠡᠳᠭᠡᠬᠦ ᠴᠠᠭ ᠬᠤᠭᠤᠴᠠᠭ᠎ᠠ ᠵᠢ ᠨᠢᠭᠡᠳᠬᠡᠬᠦ᠂   ᠭᠦᠢ᠍ᠴᠡᠳᠭᠡᠬᠦ ᠭᠣᠭᠴᠣᠭ᠎ᠠ ᠵᠢ ᠨᠢᠭᠡᠳᠬᠡᠬᠦ᠂ ᠦᠢ᠍ᠯᠡᠴᠢᠯᠡᠬᠦ ᠪᠠᠷᠢᠮᠵᠢᠶ᠎ᠠ ᠵᠢ ᠨᠢᠭᠡᠳᠬᠡᠬᠦ) ᠪᠠ 《ᠳᠥᠷᠪᠡᠨ ᠬᠠᠮᠤᠭ》 (ᠳᠠᠷᠤᠶ ᠦᠢ᠍ᠯᠡᠴᠢᠯᠡᠭᠡᠨ᠎ᠤ ᠦᠷ᠎ᠡ ᠪᠦᠲᠦᠮᠵᠢ ᠬᠠᠮᠤᠭ᠎ᠤᠨ ᠥᠨᠳᠥᠷ᠂ ᠬᠡᠷᠡᠭᠰᠡᠬᠦ ᠮᠠᠲ᠋ᠧᠷᠢᠶᠠᠯ ᠬᠠᠮᠤᠭ᠎ᠤᠨ ᠴᠥᠭᠡᠨ᠂ ᠭᠦᠢ᠍ᠴᠡᠳᠭᠡᠬᠦ ᠴᠠᠭ ᠬᠢᠵᠠᠭ᠋ᠠᠷ ᠬᠠᠮᠤᠭ᠎ᠤᠨ ᠣᠬᠣᠷ᠂ ᠭᠦᠢ᠍ᠴᠡᠳᠭᠡᠬᠦ ᠶᠠᠪᠤᠴᠠ ᠬᠠᠮᠤᠭ᠎ᠤᠨ ᠳᠥᠭᠥᠮ) ᠱᠠᠭ᠋ᠠᠷᠳᠠᠯᠭ᠎ᠠ ᠶᠣᠰᠣᠭ᠋ᠠᠷ᠂ ᠲᠤᠰ ᠨᠢᠭᠡᠳᠦᠯᠲᠡᠶ ᠲᠥᠯᠥᠪᠯᠡᠬᠦ ᠭᠠᠵᠠᠷ ᠣᠷᠣᠨ᠎ᠤ ᠨᠠᠷᠢᠨ ᠳᠠᠩᠰᠠ ᠵᠢᠴᠢ ᠬᠡᠷᠡᠭ ᠡᠷᠬᠢᠯᠡᠬᠦ ᠵᠦᠭᠯᠡᠭᠦᠷ᠎ᠢ ᠨᠡᠢ᠌ᠳᠡᠯᠡᠬᠦ ᠵᠢ ᠪᠦᠬᠦ ᠲᠠᠯ᠎ᠠ᠎ᠪᠠᠷ ᠪᠡᠶᠡᠯᠡᠭᠦᠯᠵᠦ᠂ ᠰᠦᠯᠵᠢᠶᠡᠨ ᠳᠡᠭᠡᠷᠡᠬᠢ (ᠰᠢᠯᠵᠢᠮᠡᠯ ᠦᠵᠦᠭᠦᠷ ᠪᠠᠭᠲᠠᠨ᠎ᠠ) ᠭᠦᠢ᠍ᠴᠡᠳᠭᠡᠬᠦ ᠵᠦᠢ᠍ᠯᠡᠰ᠎ᠢ ᠨᠢᠭᠡᠳᠦᠯᠲᠡᠶ   ᠵᠢᠷᠤᠮᠵᠢᠭᠤᠯᠬᠤ ᠵᠢ ᠵᠡᠷᠭᠡᠪᠡᠷ ᠰᠠᠶ᠋ᠢᠲᠤᠷ ᠬᠢᠵᠦ᠂ 2020 ᠣᠨ᠎ᠤ 8 ᠳ᠋ᠤᠭ᠋ᠠᠷ ᠰᠠᠷ᠎ᠠ ᠵᠢᠨ ᠰᠡᠭᠦᠯᠴᠢ᠎ᠠᠴᠠ ᠡᠮᠦᠨ᠎ᠡ ᠨᠠᠷᠢᠨ   ᠳᠠᠩᠰᠠ ᠵᠢᠨ ᠲᠦᠷᠢᠮ᠎ᠢ ᠪᠥᠬᠥ ᠲᠠᠯ᠎ᠠ᠎ᠪᠠᠷ ᠬᠡᠷᠡᠭᠵᠢᠭᠦᠯᠬᠦ ᠵᠢ ᠦᠨᠡᠨᠬᠦ ᠪᠠᠲᠤᠯᠠᠨ᠎ᠠ᠃
      ᠬᠣᠶᠠᠷ᠂ ᠦᠨᠳᠦᠰᠦᠨ ᠵᠠᠷᠴᠢᠮ
     (ᠨᠢᠭᠡ) ᠬᠠᠷᠢᠭᠤᠴᠠᠯᠭ᠎ᠠ ᠡᠭᠦᠷᠭᠡᠯᠡᠯ ᠵᠶ᠋ᠠᠨ ᠴᠢᠩᠭ᠋ᠠᠳᠬᠠᠨ᠎ᠠ᠃
      ᠤᠯᠤᠰ ᠲᠥᠷᠥ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠨᠠᠷᠢᠨ ᠳᠠᠩᠰᠠ ᠵᠢ ᠲᠣᠭᠲᠠᠭ᠋ᠠᠬᠤ᠂ ᠨᠡᠶ᠋ᠢᠲᠡᠯᠡᠬᠦ᠂ ᠬᠡᠷᠡᠭᠵᠢᠭᠦᠯᠬᠦ ᠳᠦᠷᠢᠮ᠎ᠢ ᠶᠡᠷᠦᠩᠬᠡᠶ ᠱᠦᠵᠢ ᠰᠢ ᠵᠢᠨ ᠫᠢᠩ᠎ᠤᠨ ᠠᠷᠠᠳ ᠲᠦᠮᠡᠨ ᠵᠶ᠋ᠠᠷ ᠭᠣᠤᠯ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠦᠢ᠍ᠯᠡᠳᠦᠯᠭᠡᠵᠢᠭᠦᠯᠬᠦ᠂ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠴᠢᠬᠤᠯᠠ ᠠᠷᠭ᠎ᠠ ᠬᠡᠮᠵᠢᠶ᠎ᠡ ᠪᠤᠯᠭ᠋ᠠᠵᠦ᠂ ᠨᠠᠷᠢᠨ ᠳᠠᠩᠰᠠ ᠵᠢᠨ ᠳᠦᠷᠢᠮ᠎ᠢ ᠪᠠᠶ᠋ᠢᠭᠤᠯᠬᠤ ᠵᠢᠨ ᠴᠢᠬᠤᠯᠠ ᠠᠴᠢ ᠬᠣᠯᠪᠣᠭᠳᠠᠯ᠎ᠢ ᠭᠦᠨᠵᠡᠭᠡᠶ ᠤᠢ᠌ᠯᠠᠭ᠋ᠠᠵᠦ᠂ ᠴᠢᠨᠠᠷ ᠰᠠᠶ᠋ᠢᠲᠠᠶ᠂ ᠳᠥᠭᠥᠮ ᠳᠥᠲᠡ᠂ ᠥᠨᠳᠥᠷ ᠪᠦᠲᠦᠮᠵᠢᠲᠡᠶ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢ ᠦᠨᠡᠨᠬᠦ ᠬᠠᠩᠭ᠋ᠠᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠡᠮᠴᠢᠯᠡᠭᠡᠨ᠎ᠤ ᠪᠠᠲᠤᠯᠠᠭ᠎ᠠ ᠵᠢᠨ ᠳᠦᠷᠢᠮ᠎ᠢ ᠨᠠᠢ᠌ᠳᠠᠪᠦᠷᠢᠵᠢᠭᠤᠯᠤᠭᠰᠠᠨ ᠬᠠᠮᠤᠭ ᠰᠡᠭᠦᠯᠴᠢ ᠵᠢᠨ ᠠᠵᠢᠯ᠎ᠢ ᠰᠠᠢ᠌ᠳᠤᠷ ᠬᠢᠵᠦ᠂ ᠨᠠᠷᠢᠨ ᠳᠠᠩᠰᠠ ᠵᠢᠨ ᠳᠦᠷᠢᠮ᠎ᠢ   ᠬᠡᠷᠡᠭᠵᠢᠭᠦᠯᠬᠦ ᠬᠠᠮᠢᠶ᠎ᠠ ᠪᠦᠬᠦᠢ ᠠᠵᠢᠯ᠎ᠢ ᠦᠷᠭᠦᠯᠵᠢᠯᠡᠨ ᠠᠬᠢᠭᠤᠯᠵᠦ᠂ ᠣᠯᠠᠨ ᠲᠦᠮᠡᠨ᠎ᠤ ᠠᠵᠢᠯ ᠶᠠᠪᠤᠳᠠᠯ ᠪᠦᠲᠦᠭᠡᠬᠦ᠎ᠳᠤ ᠨᠠᠩ ᠢᠯᠡ ᠲᠣᠳᠣ ᠥᠨᠳᠥᠷ ᠪᠦᠲᠦᠮᠵᠢᠲᠡᠶ᠂ ᠰᠡᠳᠬᠢᠯ ᠰᠠᠨᠠᠭ᠎ᠠ ᠲᠠᠭ᠋ᠠᠯᠠᠮᠵᠢᠲᠠᠶ ᠪᠣᠯᠭ᠋ᠠᠨ᠎ᠠ᠃
     (ᠬᠣᠶᠠᠷ) ᠠᠰᠠᠭᠤᠳᠠᠯ᠎ᠢ ᠰᠢᠢ᠍ᠳᠪᠦᠷᠢᠯᠡᠬᠦ᠎ᠳᠤ ᠠᠩᠬᠠᠷᠤᠯ ᠵᠶ᠋ᠠᠨ ᠲᠥᠪᠯᠡᠷᠡᠭᠦᠯᠦᠨ᠎ᠡ᠃ ᠣᠳᠣᠬᠠᠨ᠎ᠤ ᠡᠮᠴᠢᠯᠡᠭᠡᠨ᠎ᠤ ᠪᠠᠲᠤᠯᠠᠭ᠎ᠠ ᠵᠢᠨ ᠭᠠᠷᠲᠠᠨ ᠭᠦᠢ᠍ᠴᠡᠳᠭᠡᠬᠦ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠬᠦᠷᠢᠶᠡᠨ᠎ᠳᠤ ᠣᠷᠣᠰᠢᠵᠤ ᠪᠠᠶ᠋ᠢᠭ᠎ᠠ ᠠᠵᠢᠯ ᠶᠠᠪᠤᠳᠠᠯ ᠭᠦᠢ᠍ᠴᠡᠳᠭᠡᠬᠦ ᠶᠠᠪᠤᠴᠠ᠎ᠨᠢ ᠳᠥᠭᠥᠮ ᠪᠥᠭᠡᠳ ᠵᠢᠷᠦᠮᠵᠢᠯ ᠦᠭᠡᠶ᠂ ᠳᠠᠭ᠋ᠠᠳᠬᠠᠯ᠎ᠳᠤ ᠣᠷᠣᠯᠴᠠᠵᠤ ᠰᠢᠯᠵᠢᠭᠦᠯᠦᠨ ᠦᠷᠭᠦᠯᠵᠢᠯᠡᠭᠦᠯᠬᠦ ᠪᠠ ᠭᠠᠷ ᠵᠶ᠋ᠠᠷ ᠳᠠᠩᠰᠠ ᠲᠠᠶ᠋ᠢᠯᠬᠤ ᠭᠠᠷᠳᠠᠮ᠎ᠨᠢ ᠶᠠᠷᠰᠢᠭ ᠲᠦᠪᠡᠭᠲᠡᠶ ᠪᠥᠭᠡᠳ ᠴᠠᠭ ᠬᠤᠭᠤᠴᠠᠭ᠎ᠠ᠎ᠨᠢ ᠤᠷᠲᠤ᠂ ᠣᠨᠳᠣᠤ ᠭᠠᠵᠠᠷ ᠡᠮᠨᠡᠭᠦᠯᠦᠭᠰᠡᠨ᠎ᠢ ᠳᠠᠩᠰᠠᠯᠠᠭᠤᠯᠬᠤ᠎ᠳᠤ ᠳᠥᠭᠥᠮ ᠦᠭᠡᠢ᠂ ᠭᠠᠷᠲᠠᠨ ᠭᠦᠢ᠍ᠴᠡᠳᠭᠡᠬᠦ ᠦᠢ᠍ᠯᠡᠴᠢᠯᠡᠭᠡᠨ᠎ᠤ ᠪᠡᠶᠡᠴᠢ ᠣᠶ᠋ᠢᠯᠠᠭ᠋ᠠᠯᠲᠠ᠎ᠨᠢ ᠬᠠᠨᠤᠮᠵᠢᠲᠠᠶ ᠪᠤᠰᠤ ᠵᠡᠷᠭᠡ ᠠᠰᠠᠭᠤᠳᠠᠯ᠎ᠳᠤ ᠴᠢᠭᠯᠡᠭᠦᠯᠦᠨ᠂ 《ᠪᠦᠬᠦ ᠣᠷᠣᠨ᠎ᠤ ᠨᠠᠷᠢᠨ ᠳᠠᠩᠰᠠ》᠎ᠲᠠᠢ ᠬᠠᠷᠢᠴᠠᠭᠤᠯᠤᠨ ᠪᠠᠶ᠋ᠢᠳᠠᠯ᠎ᠢ ᠨᠠᠷᠢᠨ ᠬᠢᠨᠠᠮᠠᠭ᠋ᠠᠶ ᠣᠶ᠋ᠢᠯᠠᠭ᠋ᠠᠵᠤ ᠵᠢᠭᠰᠠᠭ᠋ᠠᠨ ᠪᠠᠶ᠋ᠢᠴᠠᠭ᠋ᠠᠵᠤ᠂ ᠪᠠᠷᠢᠨ ᠬᠡᠷᠡᠭᠵᠢᠭᠦᠯᠵᠦ ᠪᠠᠷᠢᠨ ᠰᠠᠶ᠋ᠢᠵᠢᠷᠠᠭᠤᠯᠵᠤ᠂ ᠦᠢ᠍ᠯᠡᠴᠢᠯᠡᠭᠡᠨ᠎ᠤ ᠶᠠᠰᠤ ᠴᠢᠨᠠᠷ ᠪᠠ ᠬᠢᠷᠢ ᠬᠡᠮᠵᠢᠶ᠎ᠡ ᠵᠢ ᠦᠨᠡᠨᠬᠦ ᠳᠡᠭᠡᠭᠰᠢᠯᠡᠭᠦᠯᠦᠨ᠎ᠡ᠃
     (ᠭᠤᠷᠪᠠ) ᠠᠷᠠᠳ᠎ᠲᠤ ᠲᠥᠬᠥᠮ ᠦᠵᠡᠭᠦᠯᠵᠦ ᠥᠨᠳᠥᠷ ᠦᠷ᠎ᠡ ᠪᠦᠲᠦᠮᠵᠢᠲᠡᠶ ᠪᠠᠶ᠋ᠢᠯᠭ᠋ᠠᠬᠤ ᠵᠢ ᠪᠠᠷᠢᠮᠲᠠᠯᠠᠨ᠎ᠠ᠃ ᠡᠯ᠎ᠡ ᠠᠶ᠋ᠢᠮᠠᠭ ᠬᠣᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠰᠠᠯᠠᠭ᠎ᠠ ᠮᠥᠴᠢᠷ᠎ᠤᠳ 《ᠪᠦᠬᠦ ᠣᠷᠣᠨ᠎ᠤ ᠨᠠᠷᠢᠨ ᠳᠠᠩᠰᠠ》᠎ᠪᠠᠷ   ᠡᠮᠴᠢᠯᠡᠭᠡᠨ᠎ᠤ ᠪᠠᠲᠤᠯᠠᠭ᠎ᠠ ᠵᠢᠨ ᠭᠠᠷᠳᠠᠨ ᠬᠢᠬᠦ ᠦᠢ᠍ᠯᠡᠴᠢᠯᠡᠭᠡᠨ᠎ᠤ ᠬᠠᠮᠤᠭ᠎ᠤᠨ ᠨᠠᠭ᠋ᠠᠳᠤ ᠵᠠᠬ᠎ᠠ ᠵᠢᠨ ᠬᠢᠵᠠᠭ᠋ᠠᠷ ᠱᠤᠭᠤᠮ ᠪᠣᠯᠭ᠋ᠠᠵᠤ᠂ 《ᠪᠥᠬᠥ ᠣᠷᠣᠨ᠎ᠤ ᠨᠠᠷᠢᠨ ᠳᠠᠩᠰᠠ》 ᠵᠢᠨ ᠰᠠᠭᠤᠷᠢᠨ ᠳᠡᠭᠡᠷ᠎ᠡ ᠭᠦᠢ᠍ᠴᠡᠳᠭᠡᠬᠦ ᠮᠠᠲ᠋ᠧᠷᠢᠶᠠᠯ᠎ᠢ ᠤᠯᠠᠮ ᠨᠢᠭᠡ   ᠠᠯᠬᠤᠮ ᠴᠣᠮᠬᠠᠳᠬᠠᠨ᠂ ᠭᠦᠢ᠍ᠴᠡᠳᠭᠡᠬᠦ ᠴᠤᠪᠤᠷᠠᠯ᠎ᠢ ᠳᠥᠭᠥᠮᠴᠢᠯᠡᠵᠦ᠂ ᠭᠦᠢ᠍ᠴᠡᠳᠭᠡᠬᠦ ᠴᠠᠭ᠎ᠤᠨ ᠬᠢᠵᠠᠭ᠋ᠠᠷ᠎ᠢ ᠪᠤᠭᠤᠨᠢᠰᠬᠠᠵᠦ᠂ ᠨᠢᠭᠡ ᠯᠡ ᠤᠳᠠᠭ᠎ᠠ᠎ᠳᠤ ᠮᠡᠳᠡᠭᠳᠡᠬᠦ᠂ ᠨᠢᠭᠡ ᠯᠡ ᠬᠦᠰᠦᠨᠦᠭᠲᠦ᠎ᠪᠠᠷ ᠬᠦᠯᠢᠶᠡᠨ ᠠᠪᠴᠤ ᠰᠢᠢ᠍ᠳᠪᠦᠷᠢᠯᠡᠬᠦ᠂ ᠨᠢᠭᠡ ᠯᠡ ᠤᠳᠠᠭ᠎ᠠ᠎ᠳᠤ ᠰᠠᠶ᠋ᠢᠲᠤᠷ ᠡᠷᠬᠢᠯᠡᠬᠦ ᠵᠢ ᠶᠡᠬᠡᠪᠡᠷ ᠬᠡᠷᠡᠭᠵᠢᠭᠦᠯᠵᠦ᠂ 《ᠠᠮᠠᠯᠠᠯᠲᠠ ᠵᠢᠨ ᠳᠦᠷᠢᠮ》 ᠪᠠ 《ᠳᠤᠲᠠᠭᠳᠠᠵᠤ   ᠪᠠᠢ᠌ᠭ᠎ᠠ ᠵᠦᠢ᠍ᠯᠡᠰ᠎ᠢ ᠬᠦᠯᠢᠶᠡᠨ ᠠᠪᠴᠤ ᠰᠢᠢ᠍ᠳᠪᠦᠷᠢᠯᠡᠬᠦ ᠳᠦᠷᠢᠮ》᠎ᠢ ᠬᠠᠶ᠋ᠢᠨ ᠰᠦᠪᠡᠭᠴᠢᠯᠡᠬᠦ ᠵᠢ ᠵᠣᠷᠢᠭᠵᠢᠭᠤᠯᠵᠤ᠂ ᠴᠢᠬᠤᠯᠠ ᠪᠤᠰᠤ ᠭᠣᠭᠴᠣᠭ᠎ᠠ ᠪᠠ ᠭᠠᠷᠳᠠᠮ᠎ᠢ ᠡᠷᠡᠰ ᠬᠦᠴᠦᠨ ᠦᠭᠡᠢ ᠪᠣᠯᠭ᠋ᠠᠵᠤ᠂ 《ᠪᠤᠰᠤᠳ ᠮᠠᠲ᠋ᠧᠷᠢᠶᠠᠯ》 《ᠬᠣᠯᠪᠣᠭᠳᠠᠯ ᠪᠦᠬᠦᠢ ᠮᠠᠲ᠋ᠧᠷᠢᠶᠠᠯ》 ᠵᠡᠷᠭᠡ ᠪᠠᠯᠠᠷᠬᠠᠶ ᠵᠦᠢ᠍ᠯ ᠵᠤᠷᠪᠤᠰ ᠭᠠᠷᠭ᠋ᠠᠬᠤ ᠦᠭᠡᠢ᠂ ᠡᠮᠴᠢᠯᠡᠭᠡᠨ᠎ᠤ ᠪᠠᠲᠤᠯᠠᠭ᠎ᠠ ᠵᠢᠨ ᠭᠠᠷᠲᠠᠨ ᠭᠦᠢ᠍ᠴᠡᠳᠭᠡᠬᠦ ᠦᠢ᠍ᠯᠡᠴᠢᠯᠡᠭᠡᠨ᠎ᠤ ᠪᠠᠷᠢᠮᠵᠢᠶᠠᠵᠢᠭᠤᠯᠬᠤ ᠬᠢᠷᠢ   ᠬᠡᠮᠵᠢᠶ᠎ᠡ ᠵᠢ ᠦᠨᠡᠨᠬᠦ ᠳᠡᠭᠡᠭᠰᠢᠯᠡᠭᠦᠯᠵᠦ᠂ ᠣᠯᠠᠨ ᠲᠦᠮᠡᠨ᠎ᠳᠤ ᠲᠠᠭ᠋ᠠᠰᠢᠶᠠᠭᠳᠠᠭᠰᠠᠨ ᠡᠮᠴᠢᠯᠡᠭᠡᠨ᠎ᠤ ᠪᠠᠲᠤᠯᠠᠭ᠎ᠠ ᠵᠢᠨ ᠭᠠᠷᠲᠠᠨ ᠭᠦᠢ᠍ᠴᠡᠳᠭᠡᠬᠦ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠢ ᠪᠤᠢ ᠪᠣᠯᠭ᠋ᠠᠨ᠎ᠠ᠃
      ᠭᠤᠷᠪᠠ᠂ ᠵᠣᠬᠢᠶᠠᠨ ᠪᠠᠶ᠋ᠢᠭᠤᠯᠤᠨ ᠬᠡᠷᠡᠭᠵᠢᠭᠦᠯᠬᠦ
     (ᠨᠢᠭᠡ) ᠭᠣᠤᠯ ᠴᠣᠭᠴᠠ ᠵᠢᠨ ᠬᠠᠷᠢᠭᠤᠴᠠᠯᠭ᠎ᠠ ᠵᠢ ᠪᠡᠬᠢᠵᠢᠭᠦᠯᠦᠨ᠎ᠡ᠃ ᠡᠯ᠎ᠡ ᠠᠶ᠋ᠢᠮᠠᠭ ᠬᠣᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠰᠠᠯᠠᠭ᠎ᠠ ᠮᠥᠴᠢᠷ᠎ᠤᠳ 《ᠪᠥᠬᠥ ᠣᠷᠣᠨ᠎ᠤ ᠨᠠᠷᠢᠨ ᠲᠠᠩᠰᠠ》 ᠵᠢᠨ ᠰᠠᠭᠤᠷᠢᠨ ᠳᠡᠭᠡᠷ᠎ᠡ ᠠᠶ᠋ᠢᠮᠠᠭ ᠬᠣᠲᠠ ᠵᠢᠨ ᠨᠠᠷᠢᠨ ᠳᠠᠩᠰᠠ ᠵᠢᠴᠢ ᠠᠵᠢᠯ ᠶᠠᠪᠤᠳᠠᠯ ᠭᠦᠢ᠍ᠴᠡᠳᠭᠡᠬᠦ ᠵᠦᠭᠯᠡᠭᠦᠷ᠎ᠢ ᠲᠣᠭᠲᠠᠭ᠋ᠠᠬᠤ ᠬᠡᠷᠡᠭᠲᠡᠶ᠃ ᠨᠠᠷᠢᠨ ᠳᠠᠩᠰᠠ ᠵᠢ ᠲᠣᠭᠲᠠᠭ᠋ᠠᠬᠤ   ᠦᠶ᠎ᠡ᠎ᠳᠤ᠂ 《ᠪᠥᠬᠥ ᠣᠷᠣᠨ᠎ᠤ ᠨᠠᠷᠢᠨ ᠲᠠᠩᠰᠠ》᠎ᠳᠤ ᠪᠠᠶ᠋ᠢᠬᠤ ᠥᠬᠡᠶ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠢ ᠭᠠᠷᠲᠠᠨ ᠭᠦᠢ᠍ᠴᠡᠳᠭᠡᠬᠦ᠂ 《ᠵᠢᠷᠭᠤᠭ᠎ᠠ ᠵᠢ ᠨᠢᠭᠡᠳᠬᠡᠬᠦ》 ᠪᠠ 《ᠳᠥᠷᠪᠡᠨ ᠬᠠᠮᠤᠭ》 ᠱᠠᠭ᠋ᠠᠷᠳᠠᠯᠭ᠎ᠠ ᠵᠢ ᠴᠢᠩᠭ᠎ᠠ ᠵᠢᠷᠤᠮᠯᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠎ᠳᠤ ᠮᠡᠳᠡᠭᠦᠯᠵᠦ ᠳᠠᠩᠰᠠᠯᠠᠭᠤᠯᠤᠨ᠎ᠠ᠃
     (ᠬᠣᠶᠠᠷ) ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢ ᠰᠠᠶ᠋ᠢᠲᠤᠷ ᠠᠳᠬᠤᠬᠤ ᠬᠡᠷᠡᠭᠲᠡᠶ᠃ ᠡᠯ᠎ᠡ ᠠᠶ᠋ᠢᠮᠠᠭ ᠬᠣᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠰᠠᠯᠠᠭ᠎ᠠ ᠮᠥᠴᠢᠷ᠎ᠤᠳ ᠨᠠᠷᠢᠨ ᠳᠠᠩᠰᠠ ᠪᠠ ᠠᠵᠢᠯ ᠶᠠᠪᠤᠳᠠᠯ ᠡᠷᠬᠢᠯᠡᠬᠦ ᠵᠦᠭᠯᠡᠭᠦᠷ᠎ᠢ ᠨᠠᠶ᠋ᠢᠷᠠᠭᠤᠯᠤᠨ ᠵᠣᠬᠢᠶᠠᠵᠤ᠂ ᠡᠳᠦᠷ ᠲᠤᠲᠤᠮ᠎ᠤᠨ ᠴᠢᠬᠤᠯᠠ ᠵᠥᠪᠯᠡᠬᠦ ᠵᠦᠢ᠍ᠯ᠎ᠳᠡᠭᠡᠨ ᠣᠷᠣᠭᠤᠯᠵᠤ᠂ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠦᠯᠭ᠎ᠠ᠎ᠪᠠᠨ ᠴᠢᠩᠭ᠋ᠠᠳᠬᠠᠵᠤ᠂ ᠠᠵᠢᠯ᠎ᠤᠨ ᠠᠷᠭ᠎ᠠ ᠬᠡᠮᠵᠢᠶ᠎ᠡ᠎ᠪᠠᠨ ᠨᠠᠷᠢᠯᠢᠭᠵᠢᠭᠤᠯᠤᠨ᠂ ᠨᠠᠷᠢᠨ ᠳᠠᠩᠰᠠ ᠪᠠ ᠠᠵᠢᠯ ᠶᠠᠪᠤᠳᠠᠯ ᠭᠦᠢ᠍ᠴᠡᠳᠭᠡᠬᠦ ᠵᠦᠭᠯᠡᠭᠦᠷ ᠵᠶ᠋ᠠᠨ ᠴᠠᠭ ᠲᠤᠬᠠᠶ᠎ᠳᠤᠨᠢ ᠨᠡᠶ᠋ᠢᠭᠡᠮ᠎ᠳᠤ ᠨᠡᠢ᠌ᠳᠡᠯᠡᠵᠦ᠂ ᠬᠡᠯᠪᠡᠷᠢ ᠵᠢᠨ ᠰᠢᠭᠤᠳ ᠠᠵᠢᠭᠯᠠᠯᠲᠠ᠂ ᠦᠵᠡᠬᠦ᠎ᠳᠤ ᠬᠢᠯᠪᠠᠷ ᠣᠶ᠋ᠢᠯᠠᠭ᠋ᠠᠮᠵᠢᠲᠠᠶ ᠪᠠᠶ᠋ᠢᠬᠤ ᠵᠢ ᠪᠡᠶᠡᠯᠡᠭᠦᠯᠦᠨ᠎ᠡ᠃ ᠤᠬᠠᠭᠤᠯᠭ᠎ᠠ ᠵᠢᠨ ᠳᠡᠪᠲᠡᠷ᠂ ᠤᠬᠠᠭᠤᠯᠭ᠎ᠠ ᠵᠢᠨ ᠵᠠᠷᠯᠠᠯ᠂ ᠠᠯᠪᠠᠨ ᠰᠦᠯᠵᠢᠶ᠎ᠡ᠂ ᠸᠢᠴᠠᠲ᠎ᠤᠨ ᠣᠯᠠᠨ ᠨᠡᠶ᠋ᠢᠲᠡ ᠵᠢᠨ ᠲᠠᠪᠴᠠᠩ ᠵᠡᠷᠭᠡ ᠬᠡᠯᠪᠡᠷᠢ᠎ᠪᠠᠷ ᠣᠯᠠᠨ ᠲᠦᠮᠡᠨ᠎ᠤ ᠤᠩᠰᠢᠬᠤ᠂ ᠪᠠᠶ᠋ᠢᠴᠠᠭ᠋ᠠᠨ ᠯᠠᠪᠯᠠᠬᠤ᠂ ᠪᠠᠭᠤᠯᠭ᠋ᠠᠬᠤ ᠪᠠ ᠬᠡᠷᠡᠭᠯᠡᠬᠦ᠎ᠳᠤ ᠲᠥᠬᠥᠮ ᠦᠵᠡᠭᠦᠯᠦᠨ᠎ᠡ᠃ ᠡᠯ᠎ᠡ ᠱᠠᠲᠤᠨ᠎ᠤ ᠡᠮᠴᠢᠯᠡᠭᠡᠨ᠎ᠤ ᠪᠠᠲᠤᠯᠠᠭ᠎ᠠ ᠵᠢᠨ ᠰᠠᠯᠠᠭ᠎ᠠ ᠮᠥᠴᠢᠷ᠎ᠤᠳ ᠳᠣᠲᠣᠭ᠋ᠠᠳᠤ ᠬᠠᠮᠢᠶᠠᠷᠤᠯᠲᠠ᠎ᠪᠠᠨ ᠴᠢᠩᠭ᠋ᠠᠳᠬᠠᠵᠤ᠂ ᠠᠵᠢᠯ ᠶᠠᠪᠤᠳᠠᠯ ᠡᠷᠬᠢᠯᠡᠬᠦ ᠦᠷ᠎ᠡ ᠪᠦᠲᠦᠮᠵᠢ᠎ᠪᠠᠨ ᠳᠡᠭᠡᠭᠰᠢᠯᠡᠭᠦᠯᠵᠦ᠂ ᠨᠡᠶ᠋ᠢᠭᠡᠮ᠎ᠤᠨ ᠬᠢᠨᠠᠯᠳᠠ ᠲᠠᠯᠪᠢᠯᠲᠠ ᠪᠣᠯᠤᠨ ᠦᠨᠡᠯᠡᠯᠲᠡ ᠵᠢ ᠰᠠᠨᠠᠭ᠋ᠠᠴᠢᠯᠠᠭ᠎ᠠ᠎ᠠᠴᠠ᠎ᠪᠠᠨ ᠬᠦᠯᠢᠶᠡᠬᠦ ᠬᠡᠷᠡᠭᠲᠡᠶ᠃
     (ᠭᠤᠷᠪᠠ) ᠬᠥᠳᠡᠯᠦᠩᠭᠦᠶ ᠬᠠᠮᠢᠶᠠᠷᠤᠯᠲᠠ ᠵᠢᠨ ᠲᠣᠭᠲᠠᠴᠠ ᠵᠢ ᠪᠠᠶ᠋ᠢᠭᠤᠯᠤᠨ᠎ᠠ᠃ ᠡᠯ᠎ᠡ ᠠᠶ᠋ᠢᠮᠠᠭ ᠬᠣᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠰᠠᠯᠠᠭ᠎ᠠ ᠮᠥᠴᠢᠷ ᠨᠠᠷᠢᠨ ᠳᠠᠩᠰᠠ ᠵᠢᠴᠢ ᠠᠵᠢᠯ ᠶᠠᠪᠤᠳᠠᠯ ᠡᠷᠬᠢᠯᠡᠬᠦ ᠵᠦᠭᠯᠡᠭᠦᠷ᠎ᠢ ᠨᠡᠶ᠋ᠢᠲᠡᠯᠡᠭᠰᠡᠨ᠎ᠤ ᠳᠠᠷᠠᠭ᠎ᠠ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠢ ᠲᠣᠭᠲᠠᠭ᠋ᠠᠭᠰᠠᠨ ᠦᠨᠳᠦᠰᠦᠯᠡᠯ᠎ᠤᠨ ᠲᠣᠭᠲᠠᠭ᠋ᠠᠬᠤ ᠵᠠᠰᠠᠬᠤ ᠬᠦᠴᠦᠨ ᠥᠬᠡᠶ ᠪᠣᠯᠭ᠋ᠠᠬᠤ ᠲᠠᠶ᠋ᠢᠯᠪᠤᠷᠢᠯᠠᠬᠤ᠂ ᠪᠠᠶ᠋ᠢᠭᠤᠯᠤᠮᠵᠢ ᠵᠢᠨ ᠡᠭᠦᠷᠭᠡ ᠴᠢᠳᠠᠪᠤᠷᠢ ᠵᠢᠨ ᠲᠣᠬᠢᠷᠠᠭᠤᠯᠤᠯᠲᠠ᠂ ᠬᠠᠶᠢᠭ᠎ᠤᠨ ᠬᠤᠪᠢᠷᠠᠯᠲᠠ᠂   ᠤᠲᠠᠰᠤ ᠵᠢ ᠥᠭᠡᠷᠡᠴᠢᠯᠡᠬᠦ ᠵᠢᠴᠢ ᠮᠡᠳᠡᠭᠡ ᠵᠠᠩᠭᠢᠵᠢᠯᠲᠠ ᠵᠢᠨ ᠠᠷᠭ᠎ᠠ ᠪᠠᠷᠢᠯ᠂ ᠭᠠᠷᠲᠠᠨ ᠭᠦᠢ᠍ᠴᠡᠳᠭᠡᠬᠦ ᠵᠠᠭᠪᠤᠷ᠎ᠤᠨ ᠳᠡᠰ ᠳᠡᠪᠰᠢᠬᠦ ᠵᠡᠷᠭᠡ ᠪᠠᠢ᠌ᠳᠠᠯ᠎ᠤᠨ ᠬᠤᠪᠢᠷᠠᠯᠲᠠ ᠵᠢ ᠦᠨᠳᠦᠰᠦᠯᠡᠨ᠂ ᠨᠠᠷᠢᠨ ᠳᠠᠩᠰᠠ ᠵᠢᠴᠢ ᠠᠵᠢᠯ ᠶᠠᠪᠤᠳᠠᠯ ᠭᠦᠢ᠍ᠴᠡᠳᠭᠡᠬᠦ ᠵᠦᠭᠯᠡᠭᠦᠷ᠎ᠢ ᠴᠠᠭ ᠲᠤᠬᠠᠶ᠎ᠳᠤᠨᠢ ᠲᠣᠬᠢᠷᠠᠭᠤᠯᠬᠤ ᠪᠠ ᠰᠢᠨᠡᠳᠬᠡᠬᠦ ᠬᠡᠷᠡᠭᠲᠡᠶ᠃ ᠲᠤᠰᠬᠠᠶ ᠬᠥᠮᠦᠨ ᠲᠣᠭᠲᠠᠭ᠋ᠠᠨ ᠨᠠᠷᠢᠨ ᠳᠠᠩᠰᠠ ᠪᠠ ᠬᠡᠷᠡᠭ ᠡᠷᠬᠢᠯᠡᠬᠦ ᠵᠦᠭᠯᠡᠭᠦᠷ᠎ᠤᠨ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠭᠤᠯᠵᠤ᠂ ᠡᠭᠦᠨ᠎ᠤ ᠬᠠᠮᠲᠤ ᠴᠠᠭ ᠲᠤᠬᠠᠶ᠎ᠳᠤᠨᠢ ᠨᠡᠶ᠋ᠢᠭᠡᠮ᠎ᠳᠤ ᠨᠡᠶ᠋ᠢᠲᠡᠯᠡᠵᠦ᠂ ᠣᠨᠣᠪᠴᠢᠲᠠᠶ ᠵᠢᠷᠤᠮᠵᠢᠯ᠎ᠲᠠᠢ ᠪᠠᠶ᠋ᠢᠬᠤ ᠵᠢ ᠦᠨᠡᠨᠬᠦ ᠪᠠᠲᠤᠯᠠᠬᠤ ᠬᠡᠷᠡᠭᠲᠡᠶ᠃
     (ᠳᠥᠷᠪᠡ) ᠮᠡᠳᠡᠭᠡ ᠵᠠᠩᠭᠢᠵᠢᠯᠲᠠ ᠵᠢᠨ ᠦᠢ᠍ᠯᠡᠴᠢᠯᠡᠭᠡᠨ᠎ᠤ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃ ᠡᠯ᠎ᠡ ᠠᠶ᠋ᠢᠮᠠᠭ ᠬᠣᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠰᠠᠯᠠᠭ᠎ᠠ ᠮᠥᠴᠢᠷ᠎ᠤᠳ ᠮᠡᠳᠡᠭᠡ ᠵᠠᠩᠭᠢᠵᠢᠯᠲᠠ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠰᠠᠯᠠᠭ᠎ᠠ ᠮᠥᠴᠢᠷ᠎ᠤᠨ ᠬᠣᠭᠣᠷᠣᠨᠳᠣᠬᠢ ᠲᠣᠭ᠎ᠠ ᠪᠠᠷᠢᠮᠲᠠ ᠵᠢ ᠬᠠᠮᠲᠤᠪᠠᠷ ᠡᠳ᠋ᠯᠡᠬᠦ ᠪᠠ 《ᠢᠨᠲ᠋ᠧᠷ ᠰᠦᠯᠵᠢᠶ᠎ᠡ +   ᠡᠮᠴᠢᠯᠡᠭᠡᠨ᠎ᠤ ᠪᠠᠲᠤᠯᠠᠭ᠎ᠠ》᠎ᠢ ᠠᠬᠢᠭᠤᠯᠵᠤ᠂ ᠨᠢᠭᠡ ᠰᠦᠯᠵᠢᠶ᠎ᠡ᠎ᠪᠠᠷ ᠪᠦᠬᠦᠨ᠎ᠢ ᠭᠦᠢ᠍ᠴᠡᠳᠬᠡᠬᠦ᠂ ᠨᠢᠭᠡ ᠥᠷᠲᠡᠭᠡ᠎ᠪᠠᠷ ᠬᠠᠮᠲᠤᠷᠠᠨ ᠭᠦᠢ᠍ᠴᠡᠳᠬᠡᠬᠦ᠂ ᠨᠢᠭᠡ ᠴᠣᠭᠴᠠᠵᠢᠭᠤᠯᠤᠨ ᠦᠢ᠍ᠯᠡᠴᠢᠯᠡᠬᠦ ᠵᠢ ᠪᠡᠶᠡᠯᠡᠭᠦᠯᠦᠨ᠎ᠡ᠃ ᠡᠮᠴᠢᠯᠡᠭᠡᠨ᠎ᠤ ᠪᠠᠲᠤᠯᠠᠭ᠎ᠠ ᠵᠢᠨ ᠡᠯ᠎ᠡ ᠵᠦᠢ᠍ᠯ᠎ᠤᠨ ᠡᠷᠬᠢᠯᠡᠨ ᠭᠦᠢ᠍ᠴᠡᠳᠬᠡᠬᠦ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠢ ᠠᠯᠬᠤᠮ ᠠᠯᠬᠤᠮ ᠵᠶ᠋ᠠᠷ ᠢᠨᠲ᠋ᠧᠷ ᠰᠦᠯᠵᠢᠶᠡᠨ᠎ᠤ ᠦᠵᠦᠭᠦᠷ ᠪᠠ ᠰᠢᠯᠵᠢᠮᠡᠯ ᠦᠵᠦᠭᠦᠷ᠎ᠲᠤ ᠬᠦᠷᠭᠡᠵᠦ᠂ 《ᠲᠣᠭ᠎ᠠ ᠪᠠᠷᠢᠮᠲᠠ ᠵᠢ ᠣᠯᠠᠨ ᠵᠠᠮ ᠵᠶ᠋ᠠᠷ ᠭᠦᠶᠦᠯᠭᠡᠬᠦ》᠎ᠪᠠᠷ ᠳᠠᠮᠵᠢᠭᠤᠯᠤᠨ ᠡᠮᠴᠢᠯᠡᠭᠡᠨ᠎ᠤ ᠪᠠᠲᠤᠯᠠᠭ᠎ᠠ ᠵᠢᠨ ᠭᠠᠷᠳᠠᠨ ᠭᠦᠢ᠍ᠴᠡᠳᠬᠡᠬᠦ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠦᠭᠵᠢᠷᠡᠯ ᠪᠠ ᠬᠦᠴᠢᠷ ᠠᠰᠠᠭᠤᠳᠠᠯ᠎ᠢ ᠨᠡᠪᠳᠡᠷᠡᠭᠦᠯᠵᠦ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠴᠢᠳᠠᠪᠤᠷᠢ ᠵᠢᠨ ᠬᠢᠷᠢ ᠲᠦᠪᠰᠢᠨ᠎ᠢ ᠲᠠᠰᠤᠷᠠᠯᠲᠠ ᠥᠬᠡᠶ ᠲᠡᠭᠡᠭᠰᠢᠯᠡᠭᠦᠯᠦᠨ᠎ᠡ᠃
     (ᠲᠠᠪᠤ) ᠬᠢᠨᠠᠯᠲᠠ ᠲᠠᠯᠪᠢᠵᠤ ᠦᠨᠡᠯᠡᠬᠦ ᠵᠢ ᠴᠢᠩᠭ᠋ᠠᠳᠬᠠᠨ᠎ᠠ᠃ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠎ᠨᠢ ᠡᠯ᠎ᠡ ᠭᠠᠵᠠᠷ᠎ᠤᠨ ᠨᠠᠷᠢᠨ ᠬᠠᠭᠤᠳᠠᠰᠦ ᠵᠢᠨ ᠲᠦᠷᠢᠮ᠎ᠢ ᠲᠤᠭᠤᠰᠢᠯᠠᠭᠤᠯᠤᠨ ᠬᠡᠷᠡᠭᠵᠢᠭᠦᠯᠦᠭᠰᠡᠨ ᠲᠤᠷᠰᠢᠯᠭ᠎ᠠ ᠠᠷᠭ᠎ᠠ ᠮᠠᠶᠢᠭ᠎ᠢ ᠴᠠᠭ ᠲᠤᠬᠠᠶ᠎ᠳᠤᠨᠢ ᠳ᠋ᠦᠩᠨᠡᠵᠦ᠂ ᠪᠣᠳᠠᠲᠠᠶ ᠪᠠᠶ᠋ᠢᠳᠠᠯ᠎ᠢ ᠦᠨᠳᠦᠰᠦᠯᠡᠨ 《ᠪᠥᠬᠥ ᠣᠷᠣᠨ᠎ᠤ ᠨᠠᠷᠢᠨ ᠲᠠᠩᠰᠠ》᠎ᠳᠤ ᠴᠠᠭ ᠲᠤᠬᠠᠶ᠎ᠳᠤᠨᠢ ᠵᠠᠰᠠᠪᠤᠷᠢ ᠣᠷᠣᠭᠤᠯᠬᠤ ᠪᠠ ᠲᠡᠭᠦᠯᠳᠡᠷᠵᠢᠭᠦᠯᠦᠨ᠎ᠡ; ᠡᠭᠦᠨ᠎ᠤ ᠬᠠᠮᠲᠤ᠂ ᠡᠯ᠎ᠡ ᠭᠠᠵᠠᠷ᠎ᠲᠤ ᠲᠠᠯᠪᠢᠬᠤ ᠬᠢᠨᠠᠯᠲᠠ ᠦᠨᠡᠯᠡᠯᠲᠡ ᠵᠢ ᠴᠢᠩᠭ᠋ᠠᠳᠬᠠᠵᠤ᠂ 《ᠪᠥᠬᠥ ᠣᠷᠣᠨ᠎ᠤ ᠨᠠᠷᠢᠨ ᠲᠠᠩᠰᠠ》 ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠡᠮᠴᠢᠯᠡᠭᠡᠨ᠎ᠤ ᠪᠠᠲᠤᠯᠠᠭ᠎ᠠ ᠵᠢᠨ ᠰᠢᠰᠲ᠋ᠧᠮ᠎ᠤᠨ ᠠᠵᠢᠯ ᠲᠥᠷᠥᠯ᠎ᠤᠨ ᠰᠤᠷᠲᠠᠯ᠎ᠤᠨ ᠪᠠᠶ᠋ᠢᠭᠤᠯᠤᠯᠲᠠ ᠵᠢᠨ ᠲᠤᠰᠬᠠᠶ ᠦᠨᠡᠯᠡᠯᠲᠡ ᠵᠢᠨ ᠴᠢᠬᠤᠯᠠ ᠠᠭᠤᠯᠭ᠎ᠠ ᠪᠣᠯᠭ᠋ᠠᠵᠤ᠂ ᠢᠯᠡ᠎ᠪᠠᠷ ᠪᠠᠶ᠋ᠢᠴᠠᠭ᠋ᠠᠵᠤ ᠳᠠᠯᠳᠠᠭᠤᠷ ᠰᠤᠷᠪᠤᠯᠵᠢᠯᠠᠬᠤ᠂   ᠮᠥᠷᠳᠡᠨ ᠪᠠᠶ᠋ᠢᠴᠠᠭ᠋ᠠᠬᠤ ᠪᠠ ᠢᠯᠡ ᠦᠵᠡᠭᠦᠯᠬᠦ ᠡᠷᠴᠢᠮ᠎ᠢ ᠴᠢᠩᠭ᠋ᠠᠷᠠᠭᠤᠯᠤᠨ᠎ᠠ᠃ ᠴᠠᠭ ᠲᠤᠬᠠᠶ᠎ᠳᠤᠨᠢ ᠪᠦᠬᠦ ᠰᠢᠰᠲ᠋ᠧᠮ᠎ᠳᠤ ᠦᠷ᠎ᠡ ᠳ᠋ᠦᠩ᠎ᠢ᠎ᠨᠢ ᠮᠡᠳᠡᠭᠳᠡᠵᠦ᠂ ᠬᠠᠷᠢᠭᠤᠴᠠᠯᠭ᠎ᠠ ᠨᠡᠬᠡᠮᠵᠢᠯᠡᠬᠦ ᠠᠵᠢᠯ᠎ᠤᠨ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠵᠦ᠂ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠵᠤ ᠨᠠᠶ᠋ᠢᠳᠠᠪᠤᠷᠢᠵᠢᠭᠤᠯᠬᠤ ᠵᠢ   ᠰᠢᠮᠳᠠᠭᠤᠯᠤᠨ᠎ᠠ᠃
                   

          ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ
                                             2020 ᠣᠨ᠎ᠤ 7 ᠰᠠᠷ᠎ᠠ ᠵᠢᠨ 30᠎ᠤ ᠡᠳᠦᠷ

ᠢᠷᠡᠯᠲᠡ᠄ ᠥᠪᠦᠷ ᠮᠣᠩᠭᠣᠯ᠎ᠤᠨ ᠥᠪᠡᠷᠲᠡᠭᠡᠨ ᠵᠠᠰᠠᠬᠤ ᠣᠷᠤᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡᠨ᠎ᠤ ᠲᠠᠭ᠋ᠠᠳᠬᠠᠯ᠎ᠤᠨ ᠵᠠᠷᠤᠳᠠᠯ᠎ᠢ ᠱᠠᠲᠤ ᠦᠶ᠎ᠡ ᠵᠢᠨ ᠴᠢᠨᠠᠷᠲᠠᠶ ᠬᠥᠩᠭᠡᠯᠡᠨ ᠲᠠᠲᠠᠪᠤᠷᠢᠯᠠᠬᠤ ᠵᠢ ᠬᠡᠷᠡᠭᠵᠢᠭᠦᠯᠬᠦ ᠲᠥᠰᠦᠯ》᠎ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ
ᠡᠮᠴᠢᠯᠡᠭᠡᠨ᠎ᠤ ᠳᠠᠭ᠋ᠠᠳᠬᠠᠯ᠎ᠤᠨ ᠡᠯᠧᠺᠲᠷᠣᠨ ᠭᠡᠷᠡᠴᠢ ᠪᠠᠷᠢᠮᠲᠠ᠂ ᠰᠢᠯᠵᠢᠮᠡᠯ ᠲᠣᠭ᠋ᠠᠴᠠᠭ᠎ᠠ ᠵᠢᠴᠢ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠡᠮᠴᠢᠯᠡᠭᠡᠨ᠎ᠤ ᠳᠠᠭ᠋ᠠᠳᠬᠠᠯ᠎ᠤᠨ ᠰᠢᠰᠲ᠋ᠧᠮ᠎ᠢ ᠨᠡᠭᠦᠯᠭᠡᠨ ᠰᠢᠯᠵᠢᠭᠦᠯᠬᠦ ᠠᠵᠢᠯ᠎ᠢ ᠲᠦᠪᠯᠡᠷᠡᠭᠦᠯᠦᠨ ᠪᠠᠶ᠋ᠢᠷᠢᠯᠠᠭᠤᠯᠬᠤ ᠰᠦᠯᠵᠢᠶᠡᠨ᠎ᠤ ᠵᠣᠯᠭ᠋ᠠᠭᠤᠯᠤᠯᠲᠠ ᠵᠢᠨ ᠠᠵᠢᠯ᠎ᠢ ᠰᠠᠶ᠋ᠢᠲᠤᠷ ᠬᠢᠬᠦ ᠲᠤᠬᠠᠶ ᠮᠡᠳᠡᠭᠳᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢ᠍ᠯ ᠪᠠ ᠡᠮᠴᠢᠯᠡᠭᠡᠨ᠎ᠤ ᠪᠠᠭ᠋ᠠᠵᠢ ᠬᠡᠷᠡᠭᠰᠡᠯ᠎ᠢ ᠲᠥᠪᠯᠡᠷᠡᠭᠦᠯᠦᠨ ᠬᠤᠳᠠᠯᠳᠤᠨ ᠠᠪᠴᠤ ᠳ᠋ᠦᠩᠨᠡᠨ ᠪᠣᠳᠣᠬᠤ ᠲᠤᠬᠠᠶ᠋ᠢᠯᠠᠭᠰᠠᠨ ᠠᠵᠢᠯ᠎ᠤᠨ ᠳᠦᠷᠢᠮ᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠨᠥᠬᠥᠪᠥᠷᠢ ᠮᠡᠳᠡᠭᠳᠡᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠥ ᠵᠢ ᠬᠢᠨᠠᠨ ᠬᠠᠮᠢᠶᠠᠷᠬᠤ ᠨᠡᠶ᠋ᠢᠭᠡᠮ᠎ᠤᠨ ᠠᠯᠪᠠᠨ ᠵᠢᠷᠤᠮ᠎ᠤᠨ ᠬᠢᠨᠠᠯᠲᠠ ᠲᠠᠯᠪᠢᠭᠴᠢ ᠵᠢᠨ ᠬᠠᠮᠢᠶᠠᠷᠤᠯᠲᠠ ᠵᠢᠨ ᠠᠷᠭ᠎ᠠ》 ᠵᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠳᠤᠯᠠᠭ᠎ᠠ ᠵᠢᠨ ᠲᠣᠪᠴᠢᠶ᠎ᠠ ᠵᠢᠨ ᠮᠡᠳᠡᠭᠳᠡᠯ
ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢ ᠬᠥᠳᠡᠯᠦᠩᠭᠦᠶ᠎ᠪᠠᠷ ᠲᠣᠬᠢᠷᠠᠭᠤᠯᠬᠤ ᠠᠵᠢᠯ᠎ᠢ ᠰᠠᠶ᠋ᠢᠲᠤᠷ ᠬᠢᠬᠦ ᠲᠤᠬᠠᠶ ᠬᠡᠷᠡᠭᠵᠢᠭᠦᠯᠬᠦ ᠰᠠᠨᠠᠯ
 
            