ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠪᠢᠴᠢᠭ ᠮᠠᠲ᠋ᠧᠷᠢᠶᠠᠯ
ᠠᠯᠪᠠᠨ᠎ᠠᠴᠠ ᠪᠠᠶ᠋ᠢᠭᠤᠯᠤᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠣᠨᠴᠠ ᠬᠡᠷᠡᠭᠴᠡᠭᠡᠨ᠎ᠤ ᠡᠮᠴᠢᠯᠡᠭᠡᠨ᠎ᠤ ᠦᠢ᠍ᠯᠡᠴᠢᠯᠡᠭᠡᠨ᠎ᠤ ᠲᠥᠷᠥᠯ ᠵᠦᠢ᠍ᠯ᠎ᠤᠨ ᠦᠨ᠎ᠡ ᠬᠠᠩᠰᠢ ᠵᠢᠨ ᠬᠠᠮᠢᠶᠠᠷᠤᠯᠲᠠ ᠵᠢᠨ ᠠᠵᠢᠯ᠎ᠢ ᠵᠢᠷᠤᠮᠵᠢᠭᠤᠯᠬᠤ ᠲᠤᠬᠠᠶ ᠮᠡᠳᠡᠭᠳᠡᠯ
ᠨᠡᠶ᠋ᠢᠲᠡᠯᠡᠭᠰᠡᠨ ᠴᠠᠭ᠄ 2020-12-10

                    ᠥᠪᠥᠷ ᠡᠮᠴᠢᠯᠡᠭᠡ ᠪᠠᠲᠤᠯᠠᠭ᠎ᠠ ᠠᠯᠪᠠᠨ ᠬᠡᠷ [2020] 8 ᠳ᠋ᠤᠭ᠋ᠠᠷ ᠲᠣᠭ᠋ᠠᠲᠤ

ᠡᠯ᠎ᠡ ᠠᠶ᠋ᠢᠮᠠᠭ ᠬᠣᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠮᠠᠨᠵᠤᠤᠷ ᠬᠣᠲᠠ᠂ ᠡᠷᠢᠶᠡᠨ ᠬᠣᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠄
     《ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢᠨ ᠥᠭᠡᠷᠡᠴᠢᠯᠡᠯᠲᠡ ᠵᠢ ᠠᠬᠢᠭᠤᠯᠬᠤ ᠰᠠᠨᠠᠯ᠎ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ》 (ᠬᠥᠭᠵᠢᠭᠦᠯᠦᠯᠲᠡ ᠥᠭᠡᠷᠡᠴᠢᠯᠡᠯᠲᠡ ᠦᠨ᠎ᠡ ᠬᠠᠩᠰᠢ [2016] 1431 ᠳ᠋ᠤᠭᠡᠷ ᠲᠣᠭ᠋ᠠᠲᠤ) ᠪᠣᠯᠤᠨ 《〈ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠦᠭᠡᠷᠡᠴᠢᠯᠡᠯᠳᠡ ᠵᠢᠨ ᠵᠥᠪᠯᠡᠯ᠂ ᠡᠷᠡᠭᠦᠯ ᠬᠠᠮᠠᠭ᠋ᠠᠯᠠᠯ ᠲᠥᠯᠥᠪᠯᠡᠭᠡᠲᠦ ᠦᠷᠡᠵᠢᠯ᠎ᠤᠨ ᠵᠥᠪᠯᠡᠯ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ 〈ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢᠨ ᠬᠠᠮᠢᠶᠠᠷᠤᠯᠲᠠ ᠵᠢᠨ ᠠᠷᠭ᠎ᠠ〉 ᠵᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ》 (ᠥᠪᠥᠷ ᠬᠥᠭᠵᠢᠭᠦᠯᠦᠯᠲᠡ ᠥᠭᠡᠷᠡᠴᠢᠯᠡᠯᠲᠡ ᠵᠢᠷᠤᠮᠵᠢᠯ ᠵᠠᠷᠤᠳᠠᠯ ᠦᠰᠦᠭ [2017] 1151 ᠳ᠋ᠤᠭᠡᠷ ᠲᠣᠭ᠋ᠠᠲᠤ)᠎ᠤᠨ ᠵᠣᠷᠢᠭ ᠰᠠᠨᠠᠭ᠎ᠠ ᠵᠢ   ᠨᠠᠢ᠌ᠳᠠᠪᠤᠷᠢᠵᠢᠭᠤᠯᠵᠤ᠂ ᠣᠨᠴᠠ ᠬᠡᠷᠡᠭᠴᠡᠭᠡᠨ᠎ᠤ ᠡᠮᠴᠢᠯᠡᠭᠡᠨ᠎ᠤ ᠦᠢ᠍ᠯᠡᠴᠢᠯᠡᠭᠡᠨ᠎ᠤ ᠲᠥᠷᠥᠯ ᠵᠦᠢ᠍ᠯ᠎ᠤᠨ ᠦᠨ᠎ᠡ ᠬᠠᠩᠰᠢ ᠵᠢᠨ ᠬᠠᠮᠢᠶᠠᠷᠤᠯᠲᠠ ᠵᠢ ᠵᠢᠷᠤᠮᠵᠢᠭᠤᠯᠵᠤ᠂ ᠣᠨᠴᠠ ᠬᠡᠷᠡᠭᠴᠡᠭᠡᠨ᠎ᠤ ᠡᠮᠴᠢᠯᠡᠭᠡᠨ᠎ᠤ ᠦᠢ᠍ᠯᠡᠴᠢᠯᠡᠭᠡ ᠵᠢᠨ ᠵᠢᠷᠤᠮᠵᠢᠭᠤᠨ ᠪᠥᠭᠡᠳ ᠡᠮᠬᠢ ᠵᠢᠷᠤᠮ᠎ᠲᠠᠢ ᠥᠷᠨᠢᠬᠦ ᠵᠢ ᠦᠨᠡᠨᠬᠦ ᠪᠠᠲᠤᠯᠠᠬᠤ ᠵᠢᠨ ᠲᠤᠰᠠᠲᠠ᠂ ᠡᠳᠦᠭᠡ ᠬᠣᠯᠪᠣᠭᠳᠠᠯ ᠪᠥᠬᠥᠶ ᠵᠦᠢ᠍ᠯᠡᠰ᠎ᠢ ᠳᠣᠤᠷᠠᠬᠢ ᠮᠡᠲᠦ ᠮᠡᠳᠡᠭᠳᠡᠶ᠎ᠡ᠄
      ᠨᠢᠭᠡ᠂ ᠦᠨᠳᠦᠰᠦᠨ ᠡᠮᠴᠢᠯᠡᠭᠡᠨ᠎ᠤ ᠦᠢ᠍ᠯᠡᠴᠢᠯᠡᠭᠡ ᠵᠢ ᠪᠠᠲᠤᠯᠠᠭᠰᠠᠨ ᠤᠷᠢᠲᠠᠯ ᠳᠣᠣᠷ᠎ᠠ᠂ ᠬᠣᠶᠠᠳᠤᠭ᠋ᠠᠷ ᠳᠡᠰ᠎ᠠᠴᠠ ᠳᠡᠭᠡᠭᠰᠢᠬᠢ (ᠬᠣᠶᠠᠳᠤᠭ᠋ᠠᠷ ᠳᠡᠰ ᠪᠠᠭᠲᠠᠨ᠎ᠠ) ᠵᠢᠨ ᠠᠯᠪᠠᠨ᠎ᠠᠴᠠ ᠪᠠᠶ᠋ᠢᠭᠤᠯᠤᠭᠰᠠᠨ ᠡᠮᠴᠢᠯᠡᠭᠡᠨ᠎ᠤ ᠪᠠᠶ᠋ᠢᠭᠤᠯᠤᠮᠵᠢ᠎ᠨᠢ ᠠᠳᠠᠯᠢ ᠪᠤᠰᠤ ᠳᠡᠰ ᠳᠠᠪᠬᠤᠷᠭ᠎ᠠ ᠵᠢᠨ ᠬᠥᠮᠦᠰ᠎ᠤᠨ ᠡᠮᠴᠢᠯᠡᠭᠡᠨ᠎ᠤ ᠦᠢ᠍ᠡᠯᠴᠢᠯᠡᠭᠡᠨ᠎ᠤ ᠣᠨᠴᠠᠭ᠋ᠠᠢ ᠬᠡᠷᠡᠭᠴᠡᠭᠡ ᠵᠢ ᠬᠠᠩᠭ᠋ᠠᠬᠤ ᠵᠢᠨ ᠲᠤᠰᠠᠳᠠ᠂ ᠣᠨᠴᠠ ᠬᠡᠷᠡᠭᠰᠡᠬᠦ ᠡᠮᠴᠢᠯᠡᠭᠡᠨ᠎ᠤ ᠦᠢ᠍ᠯᠡᠴᠢᠯᠡᠭᠡ ᠦᠷᠨᠢᠭᠦᠯᠵᠦ ᠪᠣᠯᠤᠨ᠎ᠠ᠃       ᠬᠣᠶᠠᠷ᠂ ᠣᠨᠴᠠ ᠬᠡᠷᠡᠭᠰᠡᠬᠦ ᠡᠮᠴᠢᠯᠡᠭᠡᠨ᠎ᠤ ᠦᠢ᠍ᠯᠡᠴᠢᠯᠡᠭᠡᠨ᠎ᠤ ᠲᠥᠷᠥᠯ ᠵᠦᠢ᠍ᠯ᠎ᠢ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠰᠠᠯᠠᠭ᠎ᠠ ᠮᠥᠴᠢᠷ᠎ᠠᠴᠠ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠠᠢ ᠬᠠᠮᠲᠤᠷᠠᠨ ᠲᠣᠭᠲᠠᠭ᠋ᠠᠨ᠎ᠠ᠃ ᠡᠭᠦᠨ᠎ᠤ ᠬᠠᠮᠲᠤ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠦᠢ᠍ᠯᠡᠴᠢᠯᠡᠭᠡᠨ᠎ᠤ ᠪᠣᠳᠠᠲᠠᠶ᠎ᠲᠠᠢ᠎ᠪᠠᠨ ᠤᠶᠠᠯᠳᠤᠭᠤᠯᠤᠨ ᠬᠥᠳᠡᠯᠦᠩᠭᠦᠶ ᠲᠣᠬᠢᠷᠠᠭᠤᠯᠤᠯᠲᠠ ᠬᠢᠨ᠎ᠠ᠃
      ᠭᠤᠷᠪᠠ᠂ ᠠᠯᠪᠠᠨ᠎ᠠᠴᠠ ᠪᠠᠶ᠋ᠢᠭᠤᠯᠤᠭᠰᠠᠨ ᠡᠮᠴᠢᠯᠡᠭᠡᠨ᠎ᠤ ᠪᠠᠶ᠋ᠢᠭᠤᠯᠤᠮᠵᠢ᠎ᠨᠢ ᠣᠨᠴᠠ ᠬᠡᠷᠡᠭᠰᠡᠬᠦ ᠡᠮᠴᠢᠯᠡᠭᠡᠨ᠎ᠤ   ᠦᠢ᠍ᠯᠡᠴᠢᠯᠡᠭᠡ ᠥᠷᠨᠢᠭᠦᠯᠬᠦ᠎ᠳᠤ ᠳᠣᠤᠷᠠᠬᠢ ᠨᠥᠬᠥᠴᠡᠯ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠶ᠄
     (ᠨᠢᠭᠡ) ᠦᠢ᠍ᠯᠡᠴᠢᠯᠡᠭᠡᠨ᠎ᠤ ᠲᠥᠷᠥᠯ ᠵᠦᠢ᠍ᠯ᠎ᠨᠢ ᠥᠪᠡᠷᠲᠡᠭᠡᠨ ᠵᠠᠰᠠᠬᠤ ᠣᠷᠣᠨ᠎ᠤ ᠨᠡᠶ᠋ᠢᠲᠡᠯᠡᠵᠦ ᠬᠡᠷᠡᠭᠵᠢᠭᠦᠯᠬᠦ ᠤᠨᠴᠠ ᠬᠡᠷᠡᠭᠰᠡᠬᠦ ᠡᠮᠴᠢᠯᠡᠭᠡᠨ᠎ᠤ ᠦᠢ᠍ᠯᠡᠴᠢᠯᠡᠭᠡᠨ᠎ᠤ ᠲᠥᠷᠥᠯ ᠵᠦᠢ᠍ᠯ᠎ᠤᠨ ᠬᠡᠪᠴᠢᠶᠡᠨ ᠳᠣᠲᠣᠷ᠎ᠠ ᠪᠠᠢ᠌ᠬᠤ ᠬᠡᠷᠡᠭᠲᠡᠶ᠃
     (ᠬᠣᠶᠠᠷ) ᠣᠨᠴᠠ ᠬᠡᠷᠡᠭᠰᠡᠬᠦ ᠡᠮᠴᠢᠯᠡᠭᠡᠨ᠎ᠤ ᠦᠢ᠍ᠯᠡᠴᠢᠯᠡᠭᠡ ᠬᠠᠩᠭ᠋ᠠᠬᠤ ᠬᠠᠷᠢᠴᠠᠯ᠎ᠢ ᠪᠥᠬᠥ ᠡᠮᠴᠢᠯᠡᠭᠡᠨ᠎ᠤ ᠦᠢ᠍ᠯᠡᠴᠢᠯᠡᠭᠡᠨ᠎ᠤ 10%᠎ᠠᠴᠠ ᠬᠡᠲᠦᠷᠡᠭᠦᠯᠵᠦ ᠪᠣᠯᠬᠤ ᠥᠬᠡᠶ᠃ ᠡᠭᠦᠨ᠎ᠳᠤ 10% ᠵᠢᠨ ᠲᠣᠭᠲᠠᠭ᠋ᠠᠯ᠎ᠳᠤ ᠳᠣᠤᠷᠠᠬᠢ ᠬᠡᠳᠦᠨ   ᠵᠦᠢ᠍ᠯ᠎ᠤᠨ ᠠᠭᠤᠯᠭ᠎ᠠ᠎ᠳᠤ ᠬᠢᠵᠠᠭ᠋ᠠᠷᠯᠠᠭᠳᠠᠬᠤ ᠦᠭᠡᠢ᠄
     1᠂ ᠣᠨᠴᠠ ᠬᠡᠷᠡᠭᠴᠡᠭᠡᠨ᠎ᠤ ᠡᠮᠴᠢᠯᠡᠭᠡᠨ᠎ᠤ ᠦᠢ᠍ᠯᠡᠴᠢᠯᠡᠭᠡᠨ᠎ᠤ ᠣᠷᠣᠯᠭ᠎ᠠ᠎ᠨᠢ ᠪᠥᠬᠥ ᠡᠮᠴᠢᠯᠡᠭᠡᠨ᠎ᠤ ᠦᠢ᠍ᠯᠡᠴᠢᠯᠡᠭᠡᠨ᠎ᠤ ᠣᠷᠣᠯᠭ᠎ᠠ ᠵᠢᠨ 10%᠎ᠠᠴᠠ ᠬᠡᠲᠦᠷᠡᠵᠤ ᠪᠣᠯᠬᠤ ᠥᠬᠡᠶ;
     2᠂ ᠬᠣᠶᠠᠳᠤᠭ᠋ᠠᠷ ᠳᠡᠰ᠎ᠤᠨ ᠫᠷᠤᠹᠧᠰᠰᠤᠷ᠎ᠤᠨ ᠬᠢᠷᠢ ᠬᠡᠮ ᠪᠦᠬᠦᠢ ᠡᠮᠴᠢ ᠲᠣᠭᠲᠠᠭᠰᠠᠨ ᠡᠮᠴᠢᠯᠡᠭᠡ᠂ ᠰᠢᠨᠵᠢᠯᠡᠬᠦ   ᠤᠬᠠᠭ᠋ᠠᠨ᠎ᠤ ᠰᠤᠳᠤᠯᠭ᠋ᠠᠨ᠂ ᠵᠢᠭ᠋ᠠᠨ ᠰᠤᠷᠭ᠋ᠠᠯᠲᠠ ᠵᠡᠷᠭᠡ ᠦᠨᠳᠦᠰᠦᠨ ᠡᠮᠴᠢᠯᠡᠭᠡᠨ᠎ᠤ ᠦᠢ᠍ᠯᠡᠴᠢᠯᠡᠭᠡᠨ᠎ᠤ ᠡᠭᠦᠷᠭᠡ᠎ᠪᠠᠨ   ᠪᠡᠶᠡᠯᠡᠭᠦᠯᠬᠦ ᠵᠢ ᠪᠠᠲᠤᠯᠠᠭᠰᠠᠨ ᠤᠷᠢᠲᠠᠯ ᠳᠣᠣᠷ᠎ᠠ᠂ ᠣᠨᠴᠠ ᠬᠡᠷᠡᠭᠰᠡᠬᠦ ᠡᠭᠦᠳᠡᠨ ᠡᠮᠨᠡᠯᠭᠡ ᠵᠢᠨ ᠦᠢ᠍ᠯᠡᠴᠢᠯᠡᠭᠡ ᠬᠠᠩᠭ᠋ᠠᠵᠤ ᠪᠣᠯᠤᠨ᠎ᠠ᠂ ᠣᠨᠴᠠ ᠬᠡᠷᠡᠭᠰᠡᠬᠦ ᠡᠭᠦᠳᠡᠨ ᠡᠮᠨᠡᠯᠭᠡ ᠵᠢᠨ ᠦᠢ᠍ᠯᠡᠴᠢᠯᠡᠭᠡᠨ᠎ᠤ ᠬᠡᠮᠵᠢᠶ᠎ᠡ᠎ᠨᠢ ᠲᠤᠰ ᠰᠠᠯᠠᠭ᠋ᠠᠨ᠎ᠤ ᠡᠭᠦᠳᠡᠨ ᠡᠮᠨᠡᠯᠭᠡ᠎ᠳᠤ ᠦᠢ᠍ᠯᠡᠴᠢᠯᠡᠬᠦ ᠬᠡᠮᠵᠢᠶ᠎ᠡ᠎ᠳᠤ ᠡᠵᠡᠯᠡᠬᠦ ᠬᠠᠷᠢᠴᠠᠯ᠎ᠤᠨ 10%᠎ᠠᠴᠠ ᠬᠡᠲᠦᠷᠡᠵᠤ ᠪᠣᠯᠬᠤ ᠥᠬᠡᠶ;
     3᠂ ᠣᠨᠴᠠ ᠬᠡᠷᠡᠭᠰᠡᠬᠦ ᠡᠪᠡᠳᠴᠢᠲᠡᠨ᠎ᠤ ᠥᠷᠥᠭᠡ ᠵᠢᠨ ᠣᠷᠣ ᠵᠢᠨ ᠲᠣᠭ᠎ᠠ ᠵᠢᠨ ᠲᠤᠰ ᠰᠠᠯᠠᠭ᠋ᠠᠨ᠎ᠤ ᠬᠢᠨᠠᠨ ᠲᠣᠭᠲᠠᠭ᠋ᠠᠭᠰᠠᠨ ᠣᠷᠣ ᠵᠢᠨ ᠲᠣᠭ᠎ᠠ᠎ᠳᠤ ᠡᠵᠡᠯᠡᠬᠦ ᠬᠠᠷᠢᠴᠠᠯ᠎ᠢ 10%᠎ᠠᠴᠠ ᠬᠡᠲᠦᠷᠡᠭᠦᠯᠵᠦ ᠪᠣᠯᠬᠤ ᠦᠭᠡᠢ᠃
     (ᠭᠤᠷᠪᠠ) ᠣᠨᠴᠠ ᠬᠡᠷᠡᠭᠴᠡᠭᠡᠨ᠎ᠤ ᠡᠮᠴᠢᠯᠡᠭᠡᠨ᠎ᠤ ᠦᠢ᠍ᠯᠡᠴᠢᠯᠡᠭᠡ ᠵᠢ ᠥᠷᠨᠢᠭᠦᠯᠬᠦ᠎ᠳᠤ ᠲᠤᠰᠠᠭ᠋ᠠᠷ ᠲᠤᠭᠤᠷᠢᠭ ᠪᠠᠢ᠌ᠭᠤᠯᠬᠤ ᠬᠡᠷᠡᠭᠲᠡᠶ᠂ ᠡᠭᠦᠨ᠎ᠤ ᠬᠠᠮᠲᠤ ᠢᠯᠡᠷᠬᠡᠶ ᠲᠡᠮᠳᠡᠭ ᠪᠣᠯᠤᠨ ᠦᠨᠳᠦᠰᠦᠨ ᠡᠮᠴᠢᠯᠡᠭᠡᠨ᠎ᠤ ᠦᠢ᠍ᠯᠡᠴᠢᠯᠡᠭᠡᠨ᠎ᠤ ᠣᠷᠣᠨ ᠪᠦᠰᠡ ᠵᠢ   ᠢᠯᠭ᠋ᠠᠨ᠎ᠠ᠃
     (ᠲᠦᠷᠪᠡ) ᠪᠦᠷᠢᠯᠳᠦᠭᠦᠯᠪᠡᠰᠦ ᠵᠣᠬᠢᠬᠤ ᠪᠤᠰᠤᠳ ᠨᠥᠬᠥᠴᠡᠯ᠃
      ᠳᠥᠷᠪᠡ᠂ ᠠᠯᠪᠠᠨ᠎ᠠᠴᠠ ᠪᠠᠶ᠋ᠢᠭᠤᠯᠤᠭᠰᠠᠨ ᠡᠮᠴᠢᠯᠡᠭᠡᠨ᠎ᠤ ᠪᠠᠶ᠋ᠢᠭᠤᠯᠤᠮᠵᠢ᠎ᠨᠢ ᠣᠨᠴᠠ ᠬᠡᠷᠡᠭᠰᠡᠬᠦ ᠡᠮᠴᠢᠯᠡᠭᠡᠨ᠎ᠤ   ᠦᠢ᠍ᠯᠡᠴᠢᠯᠡᠭᠡ ᠥᠷᠨᠢᠭᠦᠯᠬᠦ᠎ᠪᠠᠷ ᠭᠤᠶᠤᠴᠢᠯᠠᠬᠤ᠎ᠳᠤ ᠳᠣᠤᠷᠠᠬᠢ ᠮᠡᠲᠦ ᠮᠠᠲ᠋ᠧᠷᠢᠶᠠᠯ᠎ᠢ ᠬᠠᠩᠭ᠋ᠠᠬᠤ ᠬᠡᠷᠡᠭᠲᠡᠶ᠄
     (ᠨᠢᠭᠡ) ᠭᠤᠶᠤᠴᠢᠯᠠᠯ᠎ᠤᠨ ᠪᠢᠴᠢᠭ ᠮᠠᠲ᠋ᠧᠷᠢᠶᠠᠯ;
     (ᠬᠣᠶᠠᠷ) ᠡᠮᠴᠢᠯᠡᠭᠡᠨ᠎ᠤ ᠪᠠᠶ᠋ᠢᠭᠤᠯᠤᠮᠵᠢ ᠵᠢᠨ ᠠᠵᠢᠯ ᠡᠷᠭᠢᠯᠡᠬᠦ ᠵᠥᠪᠰᠢᠶᠡᠷᠡᠯ᠎ᠤᠨ ᠦᠨᠡᠮᠯᠡᠯ᠎ᠤᠨ ᠵᠢᠩᠬᠢᠨᠢ ᠲᠡᠳ᠋ ᠳᠡᠪᠲᠡᠷ᠎ᠤᠨ ᠬᠠᠭᠤᠯᠪᠤᠷᠢ ᡾
     (ᠭᠤᠷᠪᠠ) ᠣᠨᠴᠠ ᠬᠡᠷᠡᠭᠰᠡᠬᠦ ᠡᠮᠴᠢᠯᠡᠭᠡᠨ᠎ᠤ ᠦᠢ᠍ᠯᠡᠴᠢᠯᠡᠭᠡ ᠵᠢ ᠭᠤᠶᠤᠴᠢᠯᠠᠬᠤ ᠲᠥᠷᠥᠯ ᠵᠦᠢ᠍ᠯ᠎ᠤᠨ ᠳ᠋ᠤᠭ᠋ᠠᠷᠯᠠᠯ᠂ ᠨᠡᠷᠡᠶ᠋ᠢᠳᠦᠯ᠂ ᠠᠭᠤᠯᠤᠭᠳᠠᠬᠤᠨ᠂ ᠪᠤᠰᠤᠳ ᠠᠭᠤᠯᠭ᠎ᠠ᠂ ᠦᠨ᠎ᠡ ᠪᠤᠳᠤᠬᠤ ᠨᠢᠭᠡᠴᠡ᠂ ᠥᠪᠡᠷ᠎ᠤᠨ ᠥᠷᠲᠡᠭ᠎ᠤᠨ ᠲᠣᠭ᠋ᠠᠴᠠᠭ᠎ᠠ ᠬᠢᠭᠰᠡᠨ ᠲᠣᠭ᠎ᠠ ᠪᠠᠷᠢᠮᠲᠠ ᠵᠢᠴᠢ ᠪᠤᠳᠤᠬᠤ ᠶᠠᠪᠤᠴᠠ᠂ ᠰᠦᠢ᠍ᠳᠭᠡᠯ ᠬᠤᠷᠢᠶᠠᠬᠤ ᠪᠣᠳᠠᠲᠠᠶ ᠪᠠᠷᠢᠮᠵᠢᠶ᠎ᠠ (ᠳᠠᠭ᠋ᠠᠯᠳᠤᠭᠤᠯᠤᠯ 1᠂ 2᠎ᠳᠤ ᠦᠵᠡ);
     (  ᠲᠦᠷᠪᠡ) ᠪᠤᠰᠤᠳ ᠮᠣᠵᠢ (ᠣᠷᠣᠨ᠂ ᠬᠣᠲᠠ) ᠵᠢᠨ ᠵᠣᠬᠢᠴᠠᠩᠭᠤᠶ ᠣᠨᠴᠠᠭ᠋ᠠᠢ ᠬᠡᠷᠡᠭᠰᠡᠬᠦ ᠡᠮᠴᠢᠯᠡᠭᠡᠨ᠎ᠤ ᠦᠢ᠍ᠯᠡᠴᠢᠯᠡᠭᠡᠨ᠎ᠤ ᠲᠥᠷᠥᠯ ᠵᠦᠢ᠍ᠯ᠎ᠤᠨ ᠴᠣᠬᠣᠯᠠᠪᠤᠷᠢᠯᠠᠭᠰᠠᠨ ᠪᠢᠴᠢᠭ ᠮᠠᠲ᠋ᠧᠷᠢᠶᠠᠯ᠂ ᠠᠭᠤᠯᠤᠭᠳᠠᠬᠤᠨ᠎ᠤ ᠲᠣᠭᠲᠠᠭ᠋ᠠᠯ ᠪᠠ ᠯᠠᠪᠯᠠᠯᠲᠠ ᠵᠢᠨ ᠦᠨ᠎ᠡ ᠬᠠᠩᠰᠢ᠃
      ᠲᠠᠪᠤ᠂ ᠠᠯᠪᠠᠨ᠎ᠠᠴᠠ ᠪᠠᠶ᠋ᠢᠭᠤᠯᠤᠭᠰᠠᠨ ᠡᠮᠴᠢᠯᠡᠭᠡᠨ᠎ᠤ ᠪᠠᠶ᠋ᠢᠭᠤᠯᠤᠮᠵᠢ ᠣᠨᠴᠠᠭ᠋ᠠᠢ ᠬᠡᠷᠡᠭᠰᠡᠬᠦ ᠡᠮᠴᠢᠯᠡᠭᠡᠨ᠎ᠤ ᠦᠢ᠍ᠯᠡᠴᠢᠯᠡᠭᠡ ᠥᠷᠨᠢᠭᠦᠯᠬᠦ᠎ᠪᠠᠷ ᠭᠤᠶᠤᠴᠢᠯᠠᠬᠤ᠎ᠳᠤ ᠳᠣᠤᠷᠠᠬᠢ ᠲᠠᠰ ᠳᠠᠷᠠᠭ᠋ᠠᠯᠠᠯ᠎ᠢ ᠵᠢᠷᠤᠮᠯᠠᠬᠤ ᠬᠡᠷᠡᠭᠲᠡᠶ᠄
     (ᠨᠢᠭᠡ) ᠡᠮᠴᠢᠯᠡᠭᠡᠨ᠎ᠤ ᠪᠠᠶ᠋ᠢᠭᠤᠯᠤᠮᠵᠢ᠎ᠨᠢ ᠲᠡᠭᠦᠨ᠎ᠤ ᠡᠮᠴᠢᠯᠡᠭᠡᠨ᠎ᠤ ᠪᠠᠶ᠋ᠢᠭᠤᠯᠤᠮᠵᠢ ᠵᠢᠨ ᠠᠵᠢᠯ ᠡᠷᠬᠢᠯᠡᠬᠦ
ᠵᠦᠪᠰᠢᠶᠡᠷᠡᠯ᠎ᠤᠨ ᠦᠨᠡᠮᠯᠡᠯ᠎ᠢ ᠬᠢᠨᠠᠨ ᠣᠯᠭᠣᠭᠰᠠᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠪᠠ ᠠᠳᠠᠯᠢ ᠱᠠᠲᠤᠨ᠎ᠤ ᠡᠮᠴᠢᠯᠡᠭᠡᠨ᠎ᠤ ᠪᠠᠲᠤᠯᠠᠭ᠎ᠠ ᠵᠢᠨ ᠰᠠᠯᠠᠭ᠎ᠠ ᠮᠥᠴᠢᠷ᠎ᠲᠤ ᠭᠤᠶᠤᠴᠢᠯᠠᠯ ᠭᠠᠷᠭ᠋ᠠᠨ᠎ᠠ;
     (ᠬᠣᠶᠠᠷ) ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠡᠮᠴᠢᠯᠡᠭᠡᠨ᠎ᠤ ᠪᠠᠶ᠋ᠢᠭᠤᠯᠤᠮᠵᠢ ᠵᠢᠨ ᠣᠨᠴᠠ ᠬᠡᠷᠡᠭᠰᠡᠬᠦ ᠡᠮᠴᠢᠯᠡᠭᠡᠨ᠎ᠤ ᠦᠢ᠍ᠯᠡᠴᠢᠯᠡᠭᠡ ᠥᠷᠨᠢᠭᠦᠯᠬᠦ ᠨᠥᠬᠥᠴᠡᠯ᠎ᠳᠤ ᠨᠡᠢ᠌ᠴᠡᠬᠦ ᠡᠰᠡᠬᠦ ᠵᠢ ᠬᠢᠨᠠᠨ ᠬᠠᠷᠭᠤᠭᠤᠯᠬᠤ ᠠᠵᠢᠯ᠎ᠢ ᠬᠠᠷᠢᠭᠤᠴᠠᠨ᠎ᠠ᠃ ᠥᠷᠨᠢᠭᠦᠯᠬᠦ ᠨᠥᠬᠥᠴᠡᠯ᠎ᠳᠤ ᠨᠡᠶ᠋ᠢᠴᠡᠬᠦ ᠣᠨᠴᠠ ᠬᠡᠷᠡᠭᠴᠡᠭᠡᠨ᠎ᠤ ᠡᠮᠴᠢᠯᠡᠭᠡᠨ᠎ᠤ ᠦᠢ᠍ᠯᠡᠴᠢᠯᠡᠭᠡ ᠵᠢ ᠠᠳᠠᠯᠢ ᠱᠠᠲᠤᠨ᠎ᠤ ᠡᠮᠴᠢᠯᠡᠭᠡᠨ᠎ᠤ ᠪᠠᠲᠤᠯᠠᠭ᠎ᠠ ᠵᠢᠨ ᠰᠠᠯᠠᠭ᠎ᠠ ᠮᠥᠴᠢᠷ᠎ᠲᠤ ᠳᠡᠪᠰᠢᠭᠦᠯᠵᠦ ᠬᠢᠨᠠᠨ ᠵᠥᠪᠰᠢᠶᠡᠷᠡᠭᠦᠯᠵᠦ ᠲᠠᠩᠰᠠᠯᠠᠭᠤᠯᠤᠨ᠎ᠠ (ᠳᠠᠭ᠋ᠠᠯᠳᠤᠭᠤᠯᠤᠯ 3 ᠵᠢ ᠦᠵᠡ);
     (ᠭᠤᠷᠪᠠ) ᠡᠮᠴᠢᠯᠡᠭᠡᠨ᠎ᠤ ᠪᠠᠲᠤᠯᠠᠭ᠎ᠠ ᠵᠢᠨ ᠰᠠᠯᠠᠭ᠎ᠠ ᠮᠥᠴᠢᠷ᠎ᠨᠢ ᠣᠨᠴᠠ ᠬᠡᠷᠡᠭᠴᠡᠭᠡᠨ᠎ᠤ ᠡᠮᠴᠢᠯᠡᠭᠡᠨ᠎ᠤ   ᠦᠢ᠍ᠯᠡᠴᠢᠯᠡᠭᠡᠨ᠎ᠤ ᠲᠥᠷᠥᠯ ᠵᠦᠢ᠍ᠯ᠎ᠤᠨ ᠦᠨ᠎ᠡ ᠬᠠᠩᠰᠢ ᠵᠢ ᠬᠢᠨᠠᠨ ᠵᠥᠪᠰᠢᠶᠡᠷᠡᠵᠦ ᠳᠠᠩᠰᠠᠯᠠᠭᠤᠯᠬᠤ ᠵᠢ ᠬᠠᠷᠢᠭᠤᠴᠠᠵᠦ᠂ ᠲᠤᠬᠠᠶ ᠵᠢᠨ ᠭᠠᠵᠠᠷ᠎ᠤᠨ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠬᠢᠷᠢ ᠲᠦᠪᠰᠢᠨ᠎ᠳᠤ ᠨᠡᠶ᠋ᠢᠴᠡᠬᠦ ᠦᠭᠡᠶ᠂ ᠣᠨᠴᠠ ᠬᠡᠷᠡᠭᠴᠡᠭᠡᠨ᠎ᠤ ᠡᠮᠴᠢᠯᠡᠭᠡᠨ᠎ᠤ ᠦᠢ᠍ᠯᠡᠴᠢᠯᠡᠭᠡᠨ᠎ᠤ ᠥᠪᠡᠷ᠎ᠤᠨ ᠥᠷᠲᠡᠭ᠎ᠯᠦᠭᠡ ᠲᠣᠬᠢᠷᠠᠯᠴᠠᠬᠤ ᠦᠭᠡᠶ ᠪᠠ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠵᠢᠨ ᠲᠣᠭᠲᠠᠭ᠋ᠠᠯ᠎ᠠᠴᠠ ᠵᠥᠷᠢᠴᠡᠭᠰᠡᠨ ᠣᠨᠴᠠ ᠬᠡᠷᠡᠭᠴᠡᠭᠡᠨ᠎ᠤ ᠡᠮᠴᠢᠯᠡᠭᠡᠨ᠎ᠤ ᠦᠢ᠍ᠯᠡᠴᠢᠯᠡᠭᠡ ᠵᠢᠨ ᠲᠥᠷᠥᠯ ᠵᠦᠢ᠍ᠯ᠎ᠤᠨ ᠦᠨ᠎ᠡ ᠬᠠᠩᠰᠢ᠎ᠳᠤ ᠳᠠᠩᠰᠠᠯᠠᠵᠤ ᠥᠭᠬᠦ ᠦᠭᠡᠢ ᠪᠥᠭᠡᠳ ᠡᠮᠴᠢᠯᠡᠭᠡᠨ᠎ᠤ ᠪᠠᠶ᠋ᠢᠭᠤᠯᠤᠮᠵᠢ ᠭᠤᠶᠤᠴᠢᠯᠠᠬᠤ ᠵᠢ ᠪᠢᠴᠢᠭ ᠵᠶ᠋ᠠᠷ ᠮᠡᠳᠡᠭᠳᠡᠬᠦ ᠵᠢᠨ ᠬᠠᠮᠲᠤ ᠠᠳᠠᠯᠢ ᠱᠠᠲᠤᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ   ᠮᠦᠴᠢᠷ᠎ᠲᠤ ᠬᠠᠭᠤᠯᠤᠨ ᠢᠯᠡᠭᠡᠬᠦ ᠬᠡᠷᠡᠭᠲᠡᠶ᠃
      ᠵᠢᠷᠭᠤᠭ᠎ᠠ᠂ ᠣᠨᠴᠠ ᠬᠡᠷᠡᠭᠰᠡᠬᠦ ᠡᠮᠴᠢᠯᠡᠭᠡᠨ᠎ᠤ ᠦᠢ᠍ᠯᠡᠴᠢᠯᠡᠭᠡᠨ᠎ᠤ ᠲᠥᠷᠥᠯ ᠵᠦᠢ᠍ᠯ᠎ᠤᠨ ᠦᠨ᠎ᠡ ᠬᠠᠩᠰᠢ᠎ᠳᠤ ᠵᠠᠬ᠎ᠠ ᠳᠡᠯᠭᠡᠭᠦᠷ᠎ᠤᠨ ᠲᠣᠬᠢᠷᠠᠭᠤᠯᠬᠤ ᠦᠨ᠎ᠡ ᠵᠢ ᠬᠡᠷᠡᠭᠵᠢᠭᠦᠯᠵᠦ᠂ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠥᠭᠬᠦ ᠬᠡᠪᠴᠢᠶᠡᠨ᠎ᠳᠤ ᠣᠷᠣᠭᠤᠯᠬᠤ ᠦᠭᠡᠢ᠃ ᠲᠥᠷᠥᠯ ᠵᠦᠢ᠍ᠯ᠎ᠤᠨ ᠦᠨ᠎ᠡ ᠬᠠᠩᠰᠢ ᠵᠢ ᠬᠢᠨᠠᠨ ᠵᠥᠪᠰᠢᠶᠡᠷᠡᠵᠦ ᠳᠠᠩᠰᠠᠯᠠᠭᠤᠯᠬᠤ᠎ᠳᠤ ᠡᠷᠬᠡᠪᠰᠢ ᠵᠣᠬᠢᠬᠤ ᠬᠤᠭᠤᠴᠠᠭ᠋ᠠᠨ᠎ᠤ ᠳᠣᠲᠣᠷ᠎ᠠ ᠬᠠᠷᠢᠴᠠᠩᠭᠤᠶ᠎ᠪᠠᠷ ᠲᠣᠭᠲᠠᠭᠤᠨ ᠪᠠᠶ᠋ᠢᠯᠭ᠋ᠠᠬᠤ ᠵᠢ ᠪᠠᠲᠤᠯᠠᠵᠤ᠂ ᠵᠠᠷᠴᠢᠮ ᠳᠡᠭᠡᠷ᠎ᠡ᠎ᠪᠠᠨ ᠦᠨ᠎ᠡ ᠬᠠᠩᠰᠢ ᠲᠣᠬᠢᠷᠠᠭᠤᠯᠬᠤ ᠦᠶᠡᠯᠡᠯ᠎ᠢ 1 ᠵᠢᠯ᠎ᠠᠴᠠ ᠳᠤᠲᠠᠭᠤ ᠪᠠᠶ᠋ᠢᠯᠭ᠋ᠠᠵᠤ ᠪᠣᠯᠬᠤ ᠦᠭᠡᠶ᠃ ᠦᠨ᠎ᠡ ᠬᠠᠩᠰᠢ ᠵᠢ ᠲᠣᠬᠢᠷᠠᠭᠤᠯᠬᠤ᠎ᠳᠠᠭᠠᠨ ᠲᠠᠬᠢᠵᠤ ᠳᠠᠩᠰᠠᠯᠠᠭᠤᠯᠬᠤ ᠬᠡᠷᠡᠭᠲᠡᠶ᠃
      ᠲᠤᠯᠤᠭ᠎ᠠ᠂ ᠠᠯᠪᠠᠨ᠎ᠠᠴᠠ ᠪᠠᠶ᠋ᠢᠭᠤᠯᠤᠭᠰᠠᠨ ᠡᠮᠴᠢᠯᠡᠭᠡᠨ᠎ᠤ ᠪᠠᠶ᠋ᠢᠭᠤᠯᠤᠮᠵᠢ ᠣᠨᠴᠠ ᠬᠡᠷᠡᠭᠴᠡᠭᠡᠨ᠎ᠤ ᠦᠢ᠍ᠯᠡᠴᠢᠯᠡᠭᠡ   ᠦᠷᠨᠢᠭᠦᠯᠬᠦ᠎ᠳᠡᠭᠡᠨ ᠡᠷᠬᠡᠪᠰᠢ ᠡᠪᠡᠳᠴᠢᠲᠡᠨ᠎ᠤ ᠰᠠᠢ᠍ᠢ᠍ᠨ ᠳᠤᠷ᠎ᠠ ᠵᠢᠨ ᠪᠠᠶ᠋ᠢᠬᠤ ᠵᠠᠷᠴᠢᠮ᠎ᠢ ᠦᠨᠳᠦᠰᠦᠯᠡᠬᠦ ᠬᠡᠷᠡᠭᠳᠡᠢ᠃ ᠡᠪᠡᠳᠴᠢᠲᠡᠨ᠎ᠤ ᠪᠢᠴᠢᠭ᠎ᠤᠨ ᠬᠡᠯᠡᠯᠴᠡᠭᠡᠷ ᠳᠦᠷᠢᠮ᠎ᠢ ᠪᠠᠶ᠋ᠢᠭᠤᠯᠤᠨ ᠲᠡᠭᠦᠯᠳᠡᠷᠵᠢᠭᠦᠯᠵᠦ᠂ ᠡᠪᠡᠳᠴᠢᠲᠡᠨ᠎ᠢ ᠥᠳᠥᠭᠡᠬᠦ ᠪᠤᠶᠤ ᠠᠯᠪᠠᠳᠠᠵᠤ ᠪᠠᠶ᠋ᠢᠭ᠋ᠠᠳ ᠣᠨᠴᠠ ᠬᠡᠷᠡᠭᠴᠡᠭᠡᠨ᠎ᠤ ᠦᠢ᠍ᠯᠡᠴᠢᠯᠡᠭᠡ ᠬᠦᠯᠢᠶᠡᠯᠭᠡᠬᠦ ᠵᠢ ᠲᠡᠪᠴᠢᠬᠦ ᠪᠥᠭᠡᠳ ᠣᠨᠴᠠ ᠬᠡᠷᠡᠭᠴᠡᠭᠡᠨ᠎ᠤ ᠡᠮᠴᠢᠯᠡᠭᠡᠨ᠎ᠤ ᠦᠢ᠍ᠯᠡᠴᠢᠯᠡᠭᠡᠨ᠎ᠤ ᠶᠠᠰᠤ ᠴᠢᠨᠠᠷ᠎ᠢ ᠦᠨᠡᠨᠬᠦ ᠪᠠᠲᠤᠯᠠᠬᠤ ᠬᠡᠷᠡᠭ᠎ᠲᠠᠢ᠃
      ᠨᠠᠢ᠍ᠮᠠ᠂ ᠠᠯᠪᠠᠨ᠎ᠠᠴᠠ ᠪᠠᠶ᠋ᠢᠭᠤᠯᠤᠭᠰᠠᠨ ᠡᠮᠴᠢᠯᠡᠭᠡᠨ᠎ᠤ ᠪᠠᠶ᠋ᠢᠭᠤᠯᠤᠮᠵᠢ᠎ᠨᠢ ᠦᠢ᠍ᠯᠡᠴᠢᠯᠡᠭᠡᠨ᠎ᠤ ᠲᠤᠭᠤᠷᠢᠭ᠎ᠤᠨ ᠢᠯᠡ ᠪᠠᠶ᠋ᠢᠷᠢᠨ᠎ᠳᠤ ᠣᠨᠴᠠ ᠬᠡᠷᠡᠭᠰᠡᠬᠦ ᠡᠮᠴᠢᠯᠡᠭᠡᠨ᠎ᠤ ᠦᠢ᠍ᠯᠡᠴᠢᠯᠡᠭᠡᠨ᠎ᠤ ᠲᠥᠷᠥᠯ ᠵᠦᠢ᠍ᠯ᠎ᠤᠨ ᠦᠨ᠎ᠡ ᠬᠠᠩᠰᠢ ᠵᠢᠨ ᠪᠠᠷᠢᠮᠵᠢᠶ᠎ᠠ᠂ ᠦᠢ᠍ᠯᠡᠴᠢᠯᠡᠭᠡᠨ᠎ᠤ ᠵᠢᠷᠤᠮᠵᠢᠯ (ᠳᠦᠷᠢᠮ)᠂ ᠢᠯᠡᠴᠢᠯᠡᠨ ᠵᠠᠭ᠋ᠠᠯᠳᠤᠬᠤ ᠤᠲᠠᠰᠤ ᠵᠡᠷᠭᠡ ᠠᠭᠤᠯᠭ᠎ᠠ ᠵᠢ ᠢᠯᠡ ᠨᠡᠶ᠋ᠢᠲᠡᠯᠡᠨ᠎ᠡ᠃ ᠰᠦᠢ᠍ᠳᠭᠡᠯ ᠬᠤᠷᠢᠶᠠᠬᠤ ᠢᠯᠡ ᠲᠣᠳᠣ ᠵᠢᠨ ᠬᠡᠮᠵᠢᠶ᠎ᠡ ᠵᠢ ᠨᠡᠮᠡᠭᠳᠡᠭᠦᠯᠵᠦ᠂ ᠨᠡᠶ᠋ᠢᠭᠡᠮ᠎ᠤᠨ ᠬᠢᠨᠠᠯᠲᠠ ᠵᠢ ᠤᠬᠠᠮᠰᠠᠷ᠎ᠠᠴᠠ᠎ᠪᠠᠨ ᠬᠦᠯᠢᠶᠡᠨ᠎ᠡ᠃
      ᠶᠢᠰᠦ᠂ ᠠᠯᠪᠠᠨ᠎ᠠᠴᠠ ᠪᠠᠶ᠋ᠢᠭᠤᠯᠤᠭᠰᠠᠨ ᠡᠮᠴᠢᠯᠡᠭᠡᠨ᠎ᠤ ᠪᠠᠶ᠋ᠢᠭᠤᠯᠤᠮᠵᠢ ᠣᠨᠴᠠ ᠬᠡᠷᠡᠭᠴᠡᠭᠡᠨ᠎ᠤ ᠦᠢ᠍ᠯᠡᠴᠢᠯᠡᠭᠡ   ᠦᠷᠨᠢᠭᠦᠯᠵᠦ᠂ ᠡᠳ᠋᠎ᠤᠨ ᠶᠠᠪᠤᠳᠠᠯ᠎ᠤᠨ ᠮᠡᠳᠡᠭᠦᠯᠦᠯᠲᠡ ᠵᠢᠨ ᠬᠦᠰᠦᠨᠦᠭ᠎ᠲᠤ ᠲᠤᠰᠬᠠᠶ ᠬᠡᠷᠡᠭᠰᠡᠬᠦ ᠡᠮᠴᠢᠯᠡᠭᠡᠨ᠎ᠤ ᠦᠢ᠍ᠯᠡᠴᠢᠯᠡᠭᠡ ᠵᠢᠨ ᠲᠥᠷᠥᠯ   ᠵᠦᠢ᠍ᠯ᠎ᠢ ᠲᠤᠰᠠᠭ᠋ᠠᠷ ᠭᠠᠷᠭ᠋ᠠᠵᠤ᠂ ᠲᠤᠰᠠᠭ᠋ᠠᠷ ᠲᠣᠭ᠋ᠠᠴᠠᠭ᠎ᠠ ᠬᠢᠬᠦ ᠵᠢᠨ ᠬᠠᠮᠲᠤ ᠣᠨᠴᠠ ᠬᠡᠷᠡᠭᠴᠡᠭᠡᠨ᠎ᠤ ᠡᠮᠴᠢᠯᠡᠭᠡᠨ᠎ᠤ ᠦᠢ᠍ᠯᠡᠴᠢᠯᠡᠭᠡ ᠥᠷᠨᠢᠭᠦᠯᠦᠭᠰᠡᠨ ᠪᠠᠶ᠋ᠢᠳᠠᠯ (ᠳᠠᠭ᠋ᠠᠯᠳᠤᠭᠤᠯᠤᠯ 4᠎ᠳᠤ ᠦᠵᠡ)᠎ᠢ ᠤᠯᠠᠷᠢᠯ ᠵᠶ᠋ᠠᠷ ᠬᠢᠨᠠᠨ ᠵᠥᠪᠰᠢᠶᠡᠷᠡᠵᠦ ᠥᠷᠨᠢᠭᠦᠯᠦᠭᠰᠡᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠵᠢᠴᠢ ᠠᠳᠠᠯᠢ ᠱᠠᠲᠤᠨ᠎ᠤ ᠡᠮᠴᠢᠯᠡᠭᠡᠨ᠎ᠤ ᠪᠠᠳᠤᠯᠠᠭ᠎ᠠ ᠵᠢᠨ ᠰᠠᠯᠠᠭ᠎ᠠ ᠮᠥᠴᠢᠷ᠎ᠲᠤ ᠮᠡᠳᠡᠭᠦᠯᠦᠨ᠎ᠡ᠃
      ᠠᠷᠪᠠ᠂ ᠡᠯ᠎ᠡ ᠱᠠᠲᠤᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠪᠣᠯᠤᠨ   ᠡᠮᠴᠢᠯᠡᠭᠡᠨ᠎ᠤ ᠪᠠᠲᠤᠯᠠᠭ᠎ᠠ ᠵᠢᠨ ᠰᠠᠯᠠᠭ᠎ᠠ ᠮᠥᠴᠢᠷ᠎ᠤᠳ ᠠᠯᠪᠠᠨ᠎ᠠᠴᠠ ᠪᠠᠶ᠋ᠢᠭᠤᠯᠤᠭᠰᠠᠨ ᠡᠮᠴᠢᠯᠡᠭᠡᠨ᠎ᠤ ᠪᠠᠶ᠋ᠢᠭᠤᠯᠤᠮᠵᠢ᠎ᠳᠤ ᠣᠨᠴᠠ ᠬᠡᠷᠡᠭᠴᠡᠭᠡ ᠪᠦᠬᠦᠢ ᠡᠮᠴᠢᠯᠡᠭᠡᠨ᠎ᠤ ᠦᠢ᠍ᠯᠡᠴᠢᠯᠡᠭᠡᠨ ᠥᠷᠨᠢᠭᠦᠯᠬᠦ ᠠᠵᠢᠯ᠎ᠤᠨ ᠳᠤᠮᠳᠠᠬᠢ ᠪᠠ ᠠᠵᠢᠯ᠎ᠤᠨ ᠳᠠᠷᠠᠭ᠋ᠠᠬᠢ ᠬᠢᠨᠠᠯᠲᠠ ᠬᠠᠮᠢᠶᠠᠷᠤᠯᠲᠠ᠎ᠪᠠᠨ ᠦᠨᠡᠨᠬᠦ ᠴᠢᠩᠭ᠋ᠠᠳᠬᠠᠬᠤ ᠬᠡᠷᠡᠭᠲᠡᠶ᠃ ᠠᠯᠪᠠᠨ᠎ᠠᠴᠠ ᠪᠠᠶ᠋ᠢᠭᠤᠯᠤᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠣᠨᠴᠠ ᠬᠡᠷᠡᠭᠰᠡᠬᠦ ᠡᠮᠴᠢᠯᠡᠭᠡᠨ᠎ᠤ ᠦᠢ᠍ᠯᠡᠴᠢᠯᠡᠭᠡᠨ᠎ᠤ ᠬᠡᠪᠴᠢᠶ᠎ᠡ ᠪᠣᠯᠤᠨ ᠲᠣᠭ᠎ᠠ ᠬᠡᠮᠵᠢᠶ᠎ᠡ ᠵᠢ ᠴᠢᠩᠭ᠎ᠠ ᠬᠢᠵᠠᠭ᠋ᠠᠷᠯᠠᠬᠤ ᠬᠡᠷᠡᠭᠲᠡᠶ᠃
      ᠠᠷᠪᠠᠨ ᠨᠢᠭᠡ᠂ ᠡᠯ᠎ᠡ ᠱᠠᠲᠤᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠤᠨᠴᠠ ᠬᠡᠷᠡᠭᠰᠡᠬᠦ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢᠨ ᠠᠵᠢᠯᠯᠠᠭ᠎ᠠ᠎ᠳᠤ ᠬᠢᠨᠠᠯᠲᠠ ᠲᠠᠯᠪᠢᠵᠤ ᠪᠠᠢ᠌ᠴᠠᠭ᠋ᠠᠬᠤ᠎ᠪᠠᠨ ᠴᠢᠩᠭ᠋ᠠᠳᠬᠠᠵᠤ᠂ ᠳᠤᠷ᠎ᠠ᠎ᠪᠠᠷ ᠵᠶ᠋ᠠᠨ ᠦᠢ᠍ᠯᠡᠴᠢᠯᠡᠭᠡᠨ᠎ᠤ ᠲᠥᠷᠥᠯ ᠵᠦᠢ᠍ᠯ ᠵᠶ᠋ᠠᠨ ᠨᠡᠮᠡᠭᠳᠡᠭᠦᠯᠬᠦ᠂ ᠰᠦᠢ᠍ᠳᠭᠡᠯ ᠬᠤᠷᠢᠶᠠᠬᠤ ᠬᠡᠪᠴᠢᠶ᠎ᠡ᠎ᠪᠠᠨ ᠥᠷᠭᠡᠳᠬᠡᠬᠦ᠂ ᠠᠯᠪᠠᠳᠠᠯᠭ᠎ᠠ᠎ᠪᠠᠷ ᠦᠢ᠍ᠯᠡᠴᠢᠯᠡᠭᠡ ᠬᠠᠩᠭ᠋ᠠᠬᠤ ᠵᠢᠨ ᠬᠠᠮᠲᠤ ᠰᠦᠢ᠍ᠳᠭᠡᠯ ᠬᠤᠷᠢᠶᠠᠬᠤ ᠵᠡᠷᠭᠡ ᠦᠨ᠎ᠡ ᠬᠠᠩᠰᠢ ᠵᠢᠨ ᠬᠠᠤᠯᠢ᠎ᠠᠴᠠ ᠵᠥᠷᠢᠴᠡᠭᠰᠡᠨ ᠠᠵᠢᠯᠯᠠᠭ᠎ᠠ ᠵᠢ ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠦᠨᠳᠦᠰᠦᠯᠡᠨ ᠴᠢᠩᠭ᠎ᠠ ᠪᠠᠶ᠋ᠢᠴᠠᠭ᠋ᠠᠨ ᠰᠢᠢ᠍ᠳᠪᠦᠷᠢᠯᠡᠨ᠎ᠡ᠃
      ᠠᠷᠪᠠᠨ ᠬᠣᠶᠠᠷ᠂ ᠲᠣᠰ ᠠᠷᠭ᠎ᠠ ᠵᠢ 2020 ᠣᠨ᠎ᠤ 4   ᠳ᠋ᠤᠭᠡᠷ ᠰᠠᠷ᠎ᠠ ᠵᠢᠨ 1᠎ᠤ ᠡᠳᠦᠷ᠎ᠠᠴᠠ ᠡᠬᠢᠯᠡᠨ ᠲᠤᠷᠰᠢᠨ   ᠬᠡᠷᠡᠭᠵᠢᠭᠦᠯᠦᠨ᠎ᠡ᠃ ᠤᠤᠯ᠎ᠤᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ᠎ᠤᠨ ᠲᠣᠭᠲᠠᠭ᠋ᠠᠯ᠎ᠨᠢ ᠲᠤᠰ ᠮᠡᠳᠡᠭᠳᠡᠯ᠎ᠯᠦᠭᠡ ᠨᠢᠭᠡᠳᠦᠯ ᠦᠭᠡᠶ ᠪᠣᠯ ᠲᠤᠰ ᠮᠡᠳᠡᠭᠳᠡᠯ ᠵᠶ᠋ᠠᠷ ᠪᠠᠷᠢᠮᠵᠢᠶ᠎ᠠ ᠪᠣᠯᠭ᠋ᠠᠨ᠎ᠠ᠃
     

      ᠳᠠᠭ᠋ᠠᠯᠳᠤᠭᠤᠯᠤᠯ᠄
     1᠂ ᠣᠨᠴᠠ ᠬᠡᠷᠡᠭᠴᠡᠭᠡᠨ᠎ᠤ ᠡᠮᠴᠢᠯᠡᠭᠡᠨ᠎ᠤ ᠦᠢ᠍ᠯᠡᠴᠢᠯᠡᠭᠡᠨ᠎ᠤ ᠵᠦᠢ᠍ᠯᠡᠰ᠎ᠤᠨ ᠦᠨ᠎ᠡ ᠬᠠᠩᠰᠢ ᠵᠢᠨ ᠭᠤᠶᠤᠴᠢᠯᠠᠯ᠎ᠤᠨ   ᠬᠦᠰᠦᠨᠦᠭᠳᠦ
     2᠂ ᠣᠨᠴᠠ ᠬᠡᠷᠡᠭᠴᠡᠭᠡᠨ᠎ᠤ ᠡᠮᠴᠢᠯᠡᠭᠡᠨ᠎ᠤ ᠦᠢ᠍ᠯᠡᠴᠢᠯᠡᠭᠡᠨ᠎ᠤ ᠲᠥᠷᠥᠯ ᠵᠦᠢ᠍ᠯ᠎ᠤᠨ ᠦᠨ᠎ᠡ ᠬᠠᠩᠰᠢ ᠵᠢᠨ ᠥᠪᠡᠷ᠎ᠤᠨ ᠦᠷᠳᠡᠭ᠎ᠤᠨ ᠲᠣᠭ᠋ᠠᠴᠠᠭ᠎ᠠ ᠬᠢᠬᠦ ᠬᠦᠰᠦᠨᠦᠭᠲᠦ
     3᠂ ᠣᠨᠴᠠ ᠬᠡᠷᠡᠭᠴᠡᠭᠡᠨ᠎ᠤ ᠡᠮᠴᠢᠯᠡᠭᠡᠨ᠎ᠤ ᠦᠢ᠍ᠯᠡᠴᠢᠯᠡᠭᠡᠨ᠎ᠤ ᠲᠥᠷᠥᠯ ᠵᠦᠢ᠍ᠯ᠎ᠤᠨ ᠦᠨ᠎ᠡ ᠬᠠᠩᠰᠢ ᠵᠢᠨ ᠳᠠᠩᠰᠠᠯᠠᠯ᠎ᠤᠨ ᠬᠦᠰᠦᠨᠦᠭᠲᠦ
     4᠂ ᠣᠨᠴᠠ ᠬᠡᠷᠡᠭᠴᠡᠭᠡᠨ᠎ᠤ ᠡᠮᠴᠢᠯᠡᠭᠡᠨ᠎ᠤ ᠦᠢ᠍ᠯᠡᠴᠢᠯᠡᠭᠡᠨ᠎ᠤ ᠲᠥᠷᠥᠯ ᠵᠦᠢ᠍ᠯ᠎ᠢ ᠥᠷᠨᠢᠭᠦᠯᠦᠭᠰᠡᠨ ᠪᠠᠢ᠌ᠳᠠᠯ᠎ᠤᠨ ᠲᠣᠭ᠎ᠠ ᠪᠦᠷᠢᠳᠬᠡᠯ᠎ᠤᠨ ᠬᠦᠰᠦᠨᠦᠭᠲᠦ
     

      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ
      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ
      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ
                                                  2020 ᠣᠨ᠎ᠤ 3 ᠰᠠᠷ᠎ᠠ ᠵᠢᠨ 9᠎ᠤ ᠡᠳᠦᠷ

ᠢᠷᠡᠯᠲᠡ᠄ ᠥᠪᠦᠷ ᠮᠣᠩᠭᠣᠯ᠎ᠤᠨ ᠥᠪᠡᠷᠲᠡᠭᠡᠨ ᠵᠠᠰᠠᠬᠤ ᠣᠷᠤᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠬᠢᠵᠠᠭ᠋ᠠᠷᠯᠠᠬᠤ ᠬᠤᠭᠤᠴᠠᠭ᠋ᠠᠨ᠎ᠳᠤ ᠣᠨᠳᠣᠤ ᠭᠠᠵᠠᠷ᠎ᠲᠤ ᠰᠢᠯᠵᠢᠭᠦᠯᠦᠨ ᠡᠮᠨᠡᠭᠦᠯᠬᠦ ᠭᠠᠷ ᠬᠦᠢ᠍ᠴᠡᠳᠭᠡᠯ᠎ᠢ ᠳᠥᠭᠥᠮᠴᠢᠯᠡᠬᠦ ᠲᠤᠬᠠᠶ ᠠᠯᠪᠠᠨ ᠵᠠᠷ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠦᠷᠡᠵᠢᠯ᠎ᠤᠨ ᠳᠠᠭ᠋ᠠᠳᠬᠠᠯ ᠪᠠ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠢ ᠨᠡᠢ᠌ᠯᠡᠭᠦᠯᠦᠨ ᠬᠡᠷᠡᠭᠵᠢᠭᠦᠯᠬᠦ ᠨᠠᠷᠢᠨ ᠲᠦᠷᠢᠮ》᠎ᠢ ᠲᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ
ᠰᠢᠨ᠎ᠡ ᠬᠡᠯᠪᠡᠷᠢ ᠵᠢᠨ ᠲᠢᠲᠢᠮᠯᠢᠭ ᠠᠭᠤᠰᠬᠢᠨ ᠥᠷᠪᠢᠰᠦᠯ᠎ᠠᠴᠠ ᠬᠠᠯᠳᠠᠪᠤᠷᠢᠯᠠᠭᠳᠠᠭᠰᠠᠨ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ᠎ᠢ ᠰᠡᠷᠭᠡᠶ᠋ᠢᠯᠡᠨ ᠡᠵᠡᠮᠳᠡᠬᠦ ᠬᠤᠭᠤᠴᠠᠭ᠋ᠠᠨ᠎ᠤ ᠭᠠᠷᠳᠠᠨ ᠬᠢᠬᠦ ᠠᠵᠢᠯ᠎ᠢ ᠰᠠᠶ᠋ᠢᠲᠤᠷ ᠬᠢᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠳᠠᠭ᠋ᠠᠳᠬᠠᠯ᠎ᠤᠨ ᠬᠠᠮᠢᠶᠠᠷᠤᠯᠲᠠ ᠵᠢᠨ ᠲᠤᠪᠴᠢᠶ᠎ᠠ ᠵᠢᠨ ᠮᠡᠳᠡᠭᠳᠡᠯ
ᠪᠦᠬᠦ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠵᠠᠰᠠᠭ᠎ᠤᠨ ᠶᠠᠪᠤᠳᠠᠯ᠎ᠤᠨ ᠭᠠᠷᠳᠠᠨ ᠭᠦᠢ᠍ᠴᠡᠳᠬᠡᠬᠦ ᠦᠢ᠍ᠯᠡᠴᠢᠯᠡᠭᠡᠨ᠎ᠤ ᠵᠦᠢ᠍ᠯᠡᠰ᠎ᠤᠨ ᠨᠠᠷᠢᠨ ᠳᠠᠩᠰᠠ ᠵᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡᠨ᠎ᠤ ᠲᠠᠭ᠋ᠠᠳᠬᠠᠯ᠎ᠤᠨ ᠵᠠᠷᠤᠳᠠᠯ᠎ᠢ ᠱᠠᠲᠤ ᠦᠶ᠎ᠡ ᠵᠢᠨ ᠴᠢᠨᠠᠷᠲᠠᠶ ᠬᠥᠩᠭᠡᠯᠡᠨ ᠲᠠᠲᠠᠪᠤᠷᠢᠯᠠᠬᠤ ᠵᠢ ᠬᠡᠷᠡᠭᠵᠢᠭᠦᠯᠬᠦ ᠲᠥᠰᠦᠯ》᠎ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ
 
            