ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠳᠠᠭ᠋ᠠᠳᠬᠠᠯ᠎ᠤᠨ ᠬᠠᠮᠢᠶᠠᠷᠤᠯᠲᠠ ᠵᠢᠨ ᠲᠤᠪᠴᠢᠶ᠎ᠠ ᠵᠢᠨ ᠮᠡᠳᠡᠭᠳᠡᠯ
ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠳᠠᠭ᠋ᠠᠳᠬᠠᠯ᠎ᠳᠤ ᠣᠷᠣᠯᠴᠠᠭᠰᠠᠨ ᠨᠢᠭᠡᠴᠡ᠂ ᠴᠡᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ᠎ᠳᠤ᠄
《ᠰᠢᠨ᠎ᠡ ᠬᠡᠯᠪᠡᠷᠢ ᠵᠢᠨ ᠲᠢᠲᠢᠮᠯᠢᠭ ᠠᠭᠤᠰᠬᠢᠨ ᠥᠷᠪᠢᠰᠦᠯ᠎ᠠᠴᠠ ᠬᠠᠯᠳᠠᠪᠤᠷᠢᠯᠠᠭᠳᠠᠭᠰᠠᠨ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ᠎ᠢ ᠰᠡᠷᠭᠡᠶ᠋ᠢᠯᠡᠨ ᠡᠵᠡᠮᠳᠡᠬᠦ ᠬᠤᠭᠤᠴᠠᠭ᠋ᠠᠨ᠎ᠳᠠᠬᠢ ᠡᠮᠴᠢᠯᠡᠭᠡᠨ᠎ᠤ ᠪᠠᠲᠤᠯᠠᠭ᠎ᠠ ᠵᠢᠨ ᠠᠵᠢᠯ᠎ᠢ ᠦᠨᠡᠨᠬᠦ ᠰᠠᠢ᠌ᠳᠤᠷ ᠬᠢᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠮᠡᠳᠡᠭᠳᠡᠯ》᠎ᠤᠨ ᠵᠣᠷᠢᠭ ᠰᠠᠨᠠᠭ᠎ᠠ ᠵᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠬᠤᠭᠤᠴᠠᠭ᠋ᠠᠨ᠎ᠤ ᠡᠮᠴᠢᠯᠡᠭᠡᠨ᠎ᠤ ᠪᠠᠲᠤᠯᠠᠭ᠎ᠠ ᠵᠢᠨ ᠠᠵᠢᠯ᠎ᠢ ᠰᠠᠶ᠋ᠢᠲᠤᠷ ᠬᠢᠵᠦ᠂ ᠬᠥᠮᠦᠰ᠎ᠤᠨ ᠴᠤᠭᠯᠠᠷᠠᠯ᠎ᠢ ᠪᠠᠭ᠋ᠠᠰᠬᠠᠵᠤ᠂ ᠬᠠᠯᠳᠠᠪᠤᠷᠢᠯᠠᠬᠤ ᠲᠦᠭᠰᠢᠭᠦᠷᠢ ᠵᠢ ᠪᠠᠭ᠋ᠠᠰᠬᠠᠬᠤ ᠵᠢᠨ ᠲᠦᠯᠦᠭᠡ᠂ ᠤᠳᠤ ᠡᠮᠴᠢᠯᠡᠭᠡᠨ᠎ᠤ ᠳᠠᠭ᠋ᠠᠳᠬᠠᠯ᠎ᠢ ᠭᠠᠷᠳᠠᠨ ᠬᠢᠬᠦ ᠠᠵᠢᠯ᠎ᠳᠤ ᠲᠤᠤᠷᠠᠬᠢ ᠮᠡᠳᠦ ᠲᠤᠬᠢᠷᠠᠭᠤᠯᠤᠯᠳᠠ ᠬᠢᠪᠡ᠄
ᠨᠢᠭᠡ᠂ ᠰᠠᠭ᠋ᠠᠳ ᠥᠬᠡᠶ ᠨᠡᠪᠲᠡᠷᠡᠬᠦ ᠵᠠᠮ᠎ᠢ ᠨᠡᠭᠡᠭᠡᠵᠦ 《ᠣᠨᠴᠠᠭ᠋ᠠᠶ ᠬᠡᠷᠡᠭ᠎ᠢ ᠣᠨᠴᠠᠭ᠋ᠠᠶ ᠰᠢᠢ᠍ᠳᠪᠦᠷᠢᠯᠡᠬᠦ》
ᠣᠨᠤᠰᠢᠯᠠᠭᠰᠠᠨ ᠪᠠ ᠰᠡᠵᠢᠭ᠎ᠲᠠᠢ ᠡᠪᠡᠳᠴᠢᠲᠡᠨ᠎ᠤ ᠵᠠᠷᠤᠳᠠᠯ᠎ᠤᠨ ᠠᠰᠠᠭᠤᠳᠠᠯ᠎ᠠᠴᠠ ᠪᠣᠯᠵᠤ ᠴᠠᠭ ᠲᠤᠬᠠᠶ᠎ᠳᠤᠨᠢ ᠠᠪᠤᠷᠠᠨ ᠵᠠᠰᠠᠵᠤ ᠲᠡᠢ᠌ᠯᠬᠦ ᠦᠭᠡᠢ ᠪᠠᠶ᠋ᠢᠬᠤ ᠵᠢ ᠰᠢᠢ᠍ᠳᠪᠦᠷᠢᠯᠡᠬᠦ ᠵᠢ ᠪᠠᠲᠤᠯᠠᠵᠤ᠂ ᠬᠦᠯᠢᠶᠡᠨ ᠠᠪᠴᠤ ᠡᠮᠴᠢᠯᠡᠬᠦ ᠲᠣᠭᠲᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠲᠣᠭ᠋ᠠᠴᠠᠭ᠎ᠠ ᠬᠢᠬᠦ ᠲᠥᠷᠥ ᠵᠢᠨ ᠪᠣᠳᠣᠯᠭ᠎ᠠ᠎ᠠᠴᠠ ᠪᠣᠯᠵᠤ ᠠᠪᠤᠷᠠᠨ ᠡᠮᠴᠢᠯᠡᠬᠦ ᠵᠢ ᠨᠥᠯᠦᠭᠡᠯᠡᠬᠦ ᠦᠭᠡᠢ ᠪᠠᠢ᠌ᠬᠤ ᠵᠢᠨ ᠲᠤᠰᠠᠲᠠ ᠣᠨᠴᠠ ᠬᠡᠷᠡᠭ᠎ᠢ ᠣᠨᠴᠠᠭ᠋ᠠᠢ ᠰᠢᠢ᠍ᠳᠪᠦᠷᠢᠯᠡᠬᠦ ᠵᠠᠷᠴᠢᠮ᠎ᠢ ᠦᠨᠳᠦᠰᠦᠯᠡᠨ᠂ ᠰᠢᠨ᠎ᠡ ᠬᠡᠯᠪᠡᠷᠢ ᠵᠢᠨ ᠲᠢᠲᠢᠮᠯᠢᠭ ᠠᠭᠤᠰᠬᠢᠨ ᠥᠷᠪᠢᠰᠦᠯ᠎ᠠᠴᠠ ᠬᠠᠯᠳᠠᠪᠤᠷᠢᠯᠠᠭᠳᠠᠭᠰᠠᠨ ᠠᠭᠤᠰᠬᠢᠨ ᠦᠷᠪᠢᠰᠦᠯ᠎ᠳᠤ ᠨᠡᠷᠪᠡᠭᠳᠡᠭᠰᠡᠳᠢ ᠬᠦᠯᠢᠶᠡᠨ ᠠᠪᠴᠤ ᠡᠮᠴᠢᠯᠡᠬᠦ ᠲᠣᠭᠲᠠᠭᠰᠠᠨ ᠡᠮᠴᠢᠯᠡᠭᠡᠨ᠎ᠤ ᠪᠠᠶ᠋ᠢᠭᠤᠯᠤᠮᠵᠢ᠎ᠳᠤ 《ᠰᠠᠭ᠋ᠠᠳ ᠦᠭᠡᠢ ᠨᠡᠪᠲᠡᠷᠡᠬᠦ ᠵᠠᠮ》᠎ᠢ ᠪᠠᠶ᠋ᠢᠭᠤᠯᠵᠤ᠂ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠥ ᠵᠢ ᠴᠠᠭ ᠲᠤᠬᠠᠶ᠎ᠳᠤᠨᠢ ᠰᠢᠯᠵᠢᠭᠦᠯᠦᠨ ᠥᠭᠴᠦ᠂ ᠶᠡᠷᠦᠩᠬᠡᠶ ᠲᠣᠭ᠋ᠠᠨ᠎ᠤ ᠲᠥᠰᠦᠪᠯᠦᠭᠡ ᠳᠠᠩᠰᠠ ᠬᠤᠪᠢᠶᠠᠨ ᠲᠣᠭ᠋ᠠᠴᠠᠭ᠎ᠠ ᠬᠢᠵᠦ᠂ ᠲᠤᠰᠠᠭ᠋ᠠᠷ ᠳᠠᠩᠰᠠ ᠪᠠᠶ᠋ᠢᠭᠤᠯᠵᠤ᠂ ᠲᠤᠰᠬᠠᠶ ᠵᠣᠭᠣᠰ᠎ᠢ ᠲᠤᠰᠬᠠᠶ ᠵᠦᠢ᠍ᠯ᠎ᠳᠤ ᠬᠡᠷᠡᠭᠯᠡᠵᠦ᠂ ᠲᠡᠡᠭᠰᠠ ᠵᠢ ᠢᠯᠭ᠋ᠠᠷᠠᠭᠤᠯᠤᠨ ᠪᠤᠳᠦᠬᠤ ᠠᠷᠭ᠎ᠠ ᠮᠠᠶᠢᠭ ᠵᠶ᠋ᠡᠷ ᠬᠠᠮᠢᠶᠠᠷᠤᠯᠲᠠ ᠶᠠᠪᠤᠭᠤᠯᠤᠨ᠎ᠠ᠃ ᠴᠡᠭ ᠲᠣᠭᠲᠠᠭ᠋ᠠᠭᠰᠠᠨ ᠠᠪᠤᠷᠠᠨ ᠲᠤᠰᠠᠯᠠᠬᠤ ᠡᠮᠴᠢᠯᠡᠭᠡᠨ᠎ᠤ ᠪᠠᠶ᠋ᠢᠭᠤᠯᠤᠮᠵᠢ᠎ᠨᠢ ᠭᠠᠳᠠᠷ ᠣᠷᠣᠨ᠎ᠤ ᠡᠪᠡᠳᠴᠢᠲᠡᠨ᠎ᠢ ᠤᠷᠢᠳᠡᠪᠡᠷ ᠡᠮᠨᠡᠨ ᠵᠠᠰᠠᠵᠤ ᠳᠠᠷᠠᠭ᠎ᠠ᠎ᠨᠢ ᠳ᠋ᠦᠩᠨᠡᠨ ᠪᠣᠳᠣᠬᠤ ᠵᠢᠨ ᠬᠠᠮᠲᠤ ᠰᠠᠨᠠᠭ᠋ᠠᠴᠢᠯᠠᠭ᠎ᠠ᠎ᠠᠴᠠ᠎ᠪᠠᠨ ᠳᠠᠭ᠋ᠠᠳᠬᠠᠯ᠎ᠳᠤ ᠣᠷᠣᠯᠴᠠᠭᠰᠠᠨ ᠭᠠᠵᠠᠷ᠎ᠯᠤᠭ᠎ᠠ ᠬᠠᠷᠢᠯᠴᠠᠵᠤ ᠣᠨᠳᠣᠤ ᠭᠠᠵᠠᠷ ᠳᠠᠩᠰᠠᠯᠠᠭᠤᠯᠬᠤ ᠵᠢ ᠨᠠᠶ᠋ᠢᠳᠠᠪᠤᠷᠢᠵᠢᠭᠤᠯᠬᠤ ᠬᠡᠷᠡᠭᠲᠡᠶ᠃
ᠬᠣᠶᠠᠷ᠂ ᠲᠣᠭ᠎ᠠ ᠪᠠᠷᠢᠮᠲᠠ ᠵᠢᠨ ᠭᠦᠶᠦᠯᠲᠡ ᠵᠢᠨ 《ᠰᠦᠯᠵᠢᠶᠡᠨ ᠳᠡᠭᠡᠷ᠎ᠡ ᠭᠦᠢ᠍ᠴᠡᠳᠭᠡᠬᠦ》
(ᠨᠢᠭᠡ) ᠳᠠᠭ᠋ᠠᠳᠬᠠᠯ᠎ᠳᠤ ᠣᠷᠣᠯᠴᠠᠬᠤ ᠳᠠᠩᠰᠠᠯᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠠᠯᠪᠠᠨ ᠰᠦᠯᠵᠢᠶᠡᠨ᠎ᠠᠴᠠ 《ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠨᠢᠭᠡᠴᠡ ᠵᠢᠨ ᠳᠠᠭ᠋ᠠᠳᠬᠠᠯ᠎ᠳᠤ ᠤᠷᠤᠯᠴᠠᠭᠰᠠᠨ ᠮᠡᠳᠡᠭᠡ ᠵᠠᠩᠭᠢ ᠵᠢᠨ ᠳᠠᠩᠰᠠᠯᠠᠯ᠎ᠤᠨ ᠬᠦᠰᠦᠨᠦᠭᠲᠦ》 (ᠪᠠᠢ᠌ᠭᠤᠯᠭ᠎ᠠ ᠵᠢᠨ ᠠᠯᠪᠠᠨ ᠲᠠᠮᠠᠭ᠎ᠠ ᠵᠢ ᠳᠠᠷᠤᠨ᠎ᠠ) ᠵᠢ ᠪᠠᠭᠤᠯᠭ᠋ᠠᠨ ᠠᠪᠬᠤ ᠵᠢᠨ ᠬᠠᠮᠲᠤ ᠲᠠᠭᠯᠠᠵᠤ᠂ ᠪᠠᠶ᠋ᠢᠭᠤᠯᠭ᠎ᠠ ᠪᠠᠢ᠍ᠭᠤᠯᠤᠭᠳᠠᠭᠰᠠᠨ ᠴᠣᠬᠣᠯᠠᠪᠤᠷᠢ ᠪᠢᠴᠢᠭ᠎ᠲᠠᠢ ᠬᠠᠮᠲᠤ ᠸᠢᠴᠠᠲ᠎ᠤᠨ ᠠᠵᠢᠯ᠎ᠤᠨ ᠴᠤᠭᠯᠠᠷᠠᠯ᠎ᠳᠤ ᠲᠠᠮᠵᠢᠭᠤᠯᠵᠦ᠂ ᠭᠠᠷᠲᠠᠨ ᠭᠦᠢ᠍ᠴᠡᠳᠭᠡᠬᠦ ᠪᠠᠶ᠋ᠢᠭᠤᠯᠤᠮᠵᠢ ᠬᠢᠨᠠᠨ ᠵᠥᠪᠰᠢᠶᠡᠷᠡᠵᠦ ᠬᠠᠷᠢᠭᠤ ᠥᠭᠴᠦ᠂ ᠳᠠᠭ᠋ᠠᠳᠬᠠᠯ᠎ᠳᠤ ᠣᠷᠣᠯᠴᠠᠬᠤ ᠲᠠᠩᠰᠠᠯᠠᠯᠳᠠ ᠵᠢ ᠪᠡᠶᠡᠯᠡᠭᠦᠯᠦᠨ᠎ᠡ᠃ ᠬᠢᠵᠢᠭ᠎ᠤᠨ ᠪᠠᠢ᠌ᠳᠠᠯ ᠳᠠᠭᠤᠰᠤᠭᠰᠠᠨ᠎ᠤ ᠳᠠᠷᠠᠭ᠎ᠠ᠂ ᠬᠣᠯᠪᠣᠭᠳᠠᠯ ᠪᠦᠬᠦᠢ ᠪᠢᠴᠢᠭ᠎ᠤᠨ ᠮᠠᠲ᠋ᠧᠷᠢᠶᠠᠯ᠎ᠢ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠢᠩᠬᠢᠮ᠎ᠤᠨ ᠡᠮᠴᠢᠯᠡᠭᠡᠨ᠎ᠤ ᠳᠠᠭ᠋ᠠᠳᠬᠠᠯ᠎ᠤᠨ ᠴᠣᠩᠬᠤᠪᠴᠢ᠎ᠳᠤ ᠨᠥᠬᠥᠵᠦ ᠲᠤᠰᠢᠶᠠᠬᠤ ᠬᠡᠷᠡᠭᠲᠡᠶ᠃
(ᠬᠣᠶᠠᠷ) ᠳᠠᠭ᠋ᠠᠳᠬᠠᠯ᠎ᠳᠤ ᠣᠷᠣᠯᠴᠠᠭᠰᠠᠳ᠎ᠤᠨ ᠮᠡᠳᠡᠭᠡ ᠵᠠᠩᠭᠢ ᠵᠢ ᠬᠤᠪᠢᠷᠠᠭᠤᠯᠬᠤ
1᠂ ᠰᠢᠨ᠎ᠡ᠎ᠪᠠᠷ ᠨᠡᠮᠡᠭᠳᠡᠭᠦᠯᠬᠦ᠂ ᠰᠢᠯᠵᠢᠭᠦᠯᠦᠨ ᠣᠷᠣᠭᠤᠯᠬᠤ᠂ ᠰᠢᠯᠵᠢᠭᠦᠯᠦᠨ ᠭᠠᠷᠭ᠋ᠠᠬᠤ᠂ ᠳᠠᠭ᠋ᠠᠳᠬᠠᠯ ᠵᠶ᠋ᠠᠨ ᠵᠤᠭᠰᠤᠭ᠋ᠠᠬᠤ᠃ 《ᠰᠦᠯᠵᠢᠶᠡᠨ ᠳᠡᠭᠡᠷ᠎ᠡ ᠭᠦᠢ᠍ᠴᠡᠳᠭᠡᠬᠦ》 ᠠᠷᠭ᠎ᠠ ᠮᠠᠶᠢᠭ᠎ᠢ ᠠᠪᠴᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠶ᠋ᠢᠭᠡᠮ᠎ᠤᠨ ᠳᠠᠭ᠋ᠠᠳᠬᠠᠯ᠎ᠤᠨ ᠮᠡᠳᠡᠭᠡ ᠵᠠᠩᠭᠢ ᠵᠢᠨ ᠰᠢᠰᠲ᠋ᠧᠮ᠎ᠳᠤ ᠭᠦᠢ᠍ᠴᠡᠳᠭᠡᠬᠦ ᠬᠡᠷᠡᠭᠲᠡᠶ᠃
2᠂ ᠠᠵᠢᠯ᠎ᠤᠨ ᠪᠠᠶ᠋ᠢᠷᠢ᠎ᠳᠠᠭᠠᠨ ᠠᠵᠢᠯ᠎ᠠᠴᠠ᠎ᠪᠠᠨ ᠪᠠᠭᠤᠵᠤ ᠠᠮᠠᠷᠠᠭᠰᠠᠨ᠃ ᠠᠵᠢᠯ᠎ᠤᠨ ᠪᠠᠶ᠋ᠢᠷᠢ᠎ᠳᠠᠭᠠᠨ ᠠᠵᠢᠯ᠎ᠠᠴᠠ᠎ᠪᠠᠨ ᠪᠠᠭᠤᠵᠤ ᠠᠮᠠᠷᠠᠬᠤ ᠲᠤᠬᠠᠶ᠋ᠢᠯᠠᠭᠰᠠᠨ ᠠᠵᠢᠯ᠎ᠢ ᠭᠦᠢ᠍ᠴᠡᠳᠭᠡᠬᠦ ᠦᠶᠡᠰ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠶ᠋ᠢᠭᠡᠮ᠎ᠤᠨ ᠳᠠᠭ᠋ᠠᠳᠬᠠᠯ᠎ᠤᠨ ᠬᠠᠮᠢᠶᠠᠷᠤᠯᠲᠠ ᠵᠢᠨ ᠮᠡᠳᠡᠭᠡ ᠵᠠᠩᠭᠢ ᠵᠢᠨ ᠰᠢᠰᠲ᠋ᠧᠮ᠎ᠳᠤ ᠣᠷᠣᠵᠤ ᠭᠦᠢ᠍ᠴᠡᠳᠭᠡᠬᠦ ᠬᠡᠷᠡᠭᠲᠡᠶ᠃ ᠬᠡᠷᠪᠡ ᠠᠵᠢᠯ᠎ᠠᠴᠠ ᠪᠠᠭᠤᠵᠤ ᠠᠮᠠᠷᠠᠬᠤ ᠨᠢᠭᠡ ᠯᠡ ᠤᠳᠠᠭ᠋ᠠᠨ᠎ᠤ ᠴᠢᠨᠠᠷᠲᠠᠶ ᠳᠠᠭ᠋ᠠᠳᠬᠠᠯ᠎ᠤᠨ ᠵᠠᠷᠤᠳᠠᠯ᠎ᠢ ᠨᠥᠬᠥᠵᠦ ᠲᠤᠰᠢᠶᠠᠬᠤ ᠴᠢᠬᠤᠯᠠᠲᠠᠶ ᠪᠣᠯ᠂ ᠡᠮᠴᠢᠯᠡᠭᠡᠨ᠎ᠤ ᠳᠠᠭ᠋ᠠᠳᠬᠠᠯ᠎ᠤᠨ ᠲᠤᠰᠬᠠᠶ ᠬᠠᠮᠢᠶᠠᠷᠤᠭᠴᠢ᠎ᠨᠢ ᠸᠢᠴᠠᠲ᠂ QQ ᠠᠵᠢᠯ᠎ᠤᠨ ᠴᠤᠭᠯᠠᠷᠠᠯ᠎ᠳᠤ 《ᠡᠮᠴᠢᠯᠡᠭᠡᠨ᠎ᠤ ᠳᠠᠭ᠋ᠠᠳᠬᠠᠯ᠎ᠳᠤ ᠣᠷᠣᠯᠴᠠᠬᠤ ᠮᠡᠳᠡᠭᠡ ᠵᠠᠩᠭᠢ ᠵᠢ ᠬᠤᠪᠢᠷᠠᠭᠤᠯᠬᠤ ᠳᠠᠩᠰᠠᠯᠠᠯ᠎ᠤᠨ ᠬᠦᠰᠦᠨᠦᠭᠲᠦ》 (ᠪᠠᠢ᠌ᠭᠤᠯᠭ᠎ᠠ ᠵᠢᠨ ᠠᠯᠪᠠᠨ ᠲᠠᠮᠠᠭ᠎ᠠ ᠵᠢ ᠳᠠᠷᠤᠨ᠎ᠠ)᠂ 《ᠠᠵᠢᠯ᠎ᠠᠴᠠ᠎ᠪᠠᠨ ᠪᠠᠭᠤᠵᠤ ᠠᠮᠠᠷᠠᠬᠤ ᠣᠯᠭᠣᠮᠵᠢ ᠵᠢ ᠬᠢᠨᠠᠨ ᠵᠦᠪᠰᠢᠶᠡᠷᠡᠬᠦ ᠬᠦᠰᠦᠨᠦᠭᠲᠦ》 ᠵᠡᠷᠭᠡ ᠬᠠᠮᠢᠶ᠎ᠠ ᠪᠥᠬᠥᠶ ᠮᠠᠲ᠋ᠧᠷᠢᠶᠠᠯ᠎ᠢ ᠳᠠᠮᠵᠢᠭᠤᠯᠵᠤ᠂ ᠭᠠᠷᠲᠠᠨ ᠭᠦᠢ᠍ᠴᠡᠳᠭᠡᠬᠦ ᠪᠠᠢ᠌ᠭᠤᠯᠤᠮᠵᠢ᠎ᠠᠴᠠ ᠬᠢᠨᠠᠨ ᠵᠥᠪᠰᠢᠶᠡᠷᠡᠵᠦ ᠬᠠᠷᠢᠭᠤ ᠥᠭᠭᠦᠨ᠎ᠡ᠃ ᠡᠮᠴᠢᠯᠡᠭᠡᠨ᠎ᠤ ᠳᠠᠭ᠋ᠠᠳᠬᠠᠯ᠎ᠤᠨ ᠲᠤᠰᠬᠠᠶ ᠬᠠᠮᠢᠶᠠᠷᠤᠭᠴᠢ 《ᠨᠡᠶ᠋ᠢᠭᠡᠮ᠎ᠤᠨ ᠳᠠᠭ᠋ᠠᠳᠬᠠᠯ᠎ᠤᠨ ᠰᠦᠢ᠍ᠳᠭᠡᠯ ᠲᠤᠰᠢᠶᠠᠬᠤ ᠮᠡᠳᠡᠭᠳᠡᠯ᠎ᠤᠨ ᠬᠠᠭᠤᠳᠠᠰᠤ》 ᠵᠢ ᠥᠪᠡᠰᠦᠪᠡᠨ ᠳᠠᠷᠤᠮᠠᠯᠯᠠᠵᠤ ᠨᠥᠬᠥᠨ ᠲᠤᠰᠢᠶᠠᠬᠤ ᠭᠠᠷᠳᠠᠮ ᠭᠦᠢ᠍ᠴᠡᠳᠭᠡᠨ᠎ᠡ᠃ ᠬᠢᠵᠢᠭ᠎ᠤᠨ ᠪᠠᠢ᠌ᠳᠠᠯ ᠳᠠᠭᠤᠰᠤᠭᠰᠠᠨ᠎ᠤ ᠳᠠᠷᠠᠭ᠎ᠠ᠂ ᠬᠣᠯᠪᠣᠭᠳᠠᠯ ᠪᠦᠬᠦᠢ ᠪᠢᠴᠢᠭ᠎ᠤᠨ ᠮᠠᠲ᠋ᠧᠷᠢᠶᠠᠯ᠎ᠢ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠢᠩᠬᠢᠮ᠎ᠤᠨ ᠡᠮᠴᠢᠯᠡᠭᠡᠨ᠎ᠤ ᠳᠠᠭ᠋ᠠᠳᠬᠠᠯ᠎ᠤᠨ ᠴᠣᠩᠬᠤᠪᠴᠢ᠎ᠳᠤ ᠨᠥᠬᠥᠵᠦ ᠲᠤᠰᠢᠶᠠᠬᠤ ᠬᠡᠷᠡᠭᠲᠡᠶ᠃
3᠂ ᠦᠬᠦᠯᠢ ᠬᠦᠴᠦᠨ ᠦᠭᠡᠢ ᠪᠤᠯᠭ᠋ᠠᠬᠤ᠃ ᠦᠬᠦᠯᠢ ᠬᠦᠴᠦᠨ ᠦᠭᠡᠢ ᠪᠤᠯᠭ᠋ᠠᠬᠤ ᠲᠤᠬᠠᠶ᠋ᠢᠯᠠᠭᠰᠠᠨ ᠠᠵᠢᠯ᠎ᠢ ᠭᠦᠢ᠍ᠴᠡᠳᠭᠡᠬᠦ ᠦᠶ᠎ᠡ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠶ᠋ᠢᠭᠡᠮ᠎ᠤᠨ ᠳᠠᠭ᠋ᠠᠳᠬᠠᠯ᠎ᠤᠨ ᠬᠠᠮᠢᠶᠠᠷᠤᠯᠲᠠ ᠵᠢᠨ ᠮᠡᠳᠡᠭᠡ ᠵᠠᠩᠭᠢ ᠵᠢᠨ ᠰᠢᠰᠲ᠋ᠧᠮ᠎ᠳᠤ ᠣᠷᠣᠵᠤ ᠭᠦᠢ᠍ᠴᠡᠳᠭᠡᠬᠦ ᠬᠡᠷᠡᠭᠲᠡᠶ᠃ ᠬᠤᠪᠢ ᠬᠥᠮᠦᠨ᠎ᠤ ᠳᠠᠩᠰᠠᠨ ᠡᠷᠦᠬᠡ ᠵᠢᠨ ᠠᠰᠠᠭᠤᠳᠠᠯ᠎ᠤᠨ ᠪᠡᠯᠡ ᠮᠥᠩᠭᠥ ᠵᠢ ᠪᠤᠴᠠᠭ᠋ᠠᠬᠤ ᠭᠠᠷ ᠭᠦᠢ᠍ᠴᠡᠳᠬᠡᠯ ᠬᠢᠬᠦ ᠴᠢᠬᠤᠯᠠᠳᠠᠢ (ᠠᠵᠢᠯ᠎ᠠᠴᠠ᠎ᠪᠠᠨ ᠪᠠᠭᠤᠭᠰᠠᠨ ᠳᠠᠭ᠋ᠠᠳᠬᠠᠯ᠎ᠳᠤ ᠣᠷᠣᠯᠴᠠᠭᠰᠠᠨ ᠠᠵᠢᠯᠲᠠᠨ ᠠᠵᠢᠯᠴᠢᠨ ᠦᠬᠦᠭᠰᠡᠨ ᠲᠠᠷᠠᠭ᠎ᠠ 30 ᠡᠳᠦᠷ᠎ᠤᠨ ᠳᠣᠲᠣᠷ᠎ᠠ ᠳᠠᠭ᠋ᠠᠳᠬᠠᠯ ᠵᠶ᠋ᠠᠨ ᠬᠦᠴᠦᠨ ᠦᠭᠡᠢ ᠪᠣᠯᠭ᠋ᠠᠭᠰᠠᠨ ᠦᠭᠡᠢ) ᠨᠢ ᠭᠠᠷᠲᠠᠨ ᠭᠦᠢ᠍ᠴᠡᠳᠭᠡᠬᠦ ᠪᠠᠶ᠋ᠢᠭᠤᠯᠤᠮᠵᠢ ᠬᠢᠨᠠᠨ ᠵᠥᠪᠰᠢᠶᠡᠷᠡᠵᠦ ᠬᠠᠷᠢᠭᠤ ᠥᠭᠴᠦ᠂ ᠡᠮᠴᠢᠯᠡᠭᠡᠨ᠎ᠤ ᠳᠠᠭ᠋ᠠᠳᠬᠠᠯ᠎ᠤᠨ ᠲᠤᠰᠬᠠᠶ ᠬᠠᠮᠢᠶᠠᠷᠤᠭᠴᠢ 《ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠬᠤᠪᠢ ᠬᠥᠮᠦᠨ᠎ᠤ ᠲᠠᠩᠰᠠᠨ ᠡᠷᠦᠬᠡ ᠵᠢ ᠪᠤᠴᠠᠭ᠋ᠠᠬᠤ ᠠᠰᠠᠭᠤᠳᠠᠯ᠎ᠤᠨ ᠪᠠᠯᠠ ᠮᠥᠩᠭᠥ ᠵᠢᠨ ᠮᠡᠳᠡᠭᠳᠡᠯ᠎ᠤᠨ ᠬᠠᠭᠤᠳᠠᠰᠤ》 ᠵᠢ ᠥᠪᠡᠰᠦᠪᠡᠨ ᠳᠠᠷᠤᠮᠠᠯᠯᠠᠨ ᠲᠠᠷᠬᠠᠭ᠋ᠠᠵᠦ ᠪᠠᠯᠠ ᠮᠥᠩᠭᠥ ᠵᠢ ᠪᠤᠴᠠᠭ᠋ᠠᠬᠤ ᠭᠠᠷᠳᠠᠮ ᠭᠦᠢ᠍ᠴᠡᠳᠭᠡᠬᠦ ᠬᠡᠷᠡᠭᠲᠡᠶ᠃ ᠬᠢᠵᠢᠭ᠎ᠤᠨ ᠪᠠᠢ᠌ᠳᠠᠯ ᠳᠠᠭᠤᠰᠤᠭᠰᠠᠨ᠎ᠤ ᠳᠠᠷᠠᠭ᠎ᠠ᠂ ᠬᠣᠯᠪᠣᠭᠳᠠᠯ ᠪᠦᠬᠦᠢ ᠪᠢᠴᠢᠭ᠎ᠤᠨ ᠮᠠᠲ᠋ᠧᠷᠢᠶᠠᠯ᠎ᠢ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠢᠩᠬᠢᠮ᠎ᠤᠨ ᠡᠮᠴᠢᠯᠡᠭᠡᠨ᠎ᠤ ᠳᠠᠭ᠋ᠠᠳᠬᠠᠯ᠎ᠤᠨ ᠴᠣᠩᠬᠤᠪᠴᠢ᠎ᠳᠤ ᠨᠥᠬᠥᠵᠦ ᠲᠤᠰᠢᠶᠠᠬᠤ ᠬᠡᠷᠡᠭᠲᠡᠶ᠃
(ᠭᠤᠷᠪᠠ) ᠡᠮᠴᠢᠯᠡᠭᠡᠨ᠎ᠤ ᠳᠠᠭ᠋ᠠᠳᠬᠠᠯ᠎ᠤᠨ ᠬᠠᠷᠢᠴᠠᠭ᠎ᠠ ᠵᠢ ᠰᠢᠯᠵᠢᠭᠦᠯᠦᠨ ᠣᠷᠣᠭᠤᠯᠬᠤ
ᠡᠮᠴᠢᠯᠡᠭᠡᠨ᠎ᠤ ᠳᠠᠭ᠋ᠠᠳᠬᠠᠯ᠎ᠤᠨ ᠲᠤᠰᠬᠠᠶ ᠬᠠᠮᠢᠶᠠᠷᠤᠭᠴᠢ᠎ᠨᠢ ᠸᠢᠴᠠᠲ᠂ QQ ᠠᠵᠢᠯ᠎ᠤᠨ ᠴᠤᠭᠯᠠᠷᠠᠯ᠎ᠳᠤ 《 ᠡᠮᠴᠢᠯᠡᠭᠡᠨ᠎ᠤ ᠳᠠᠭ᠋ᠠᠳᠬᠠᠯ᠎ᠳᠤ ᠣᠷᠣᠯᠴᠠᠬᠤ ᠮᠡᠳᠡᠭᠡ ᠵᠠᠩᠭᠢ ᠵᠢ ᠬᠤᠪᠢᠷᠠᠭᠤᠯᠬᠤ ᠳᠠᠩᠰᠠᠯᠠᠯ᠎ᠤᠨ ᠬᠦᠰᠦᠨᠦᠭᠲᠦ》 (ᠪᠠᠢ᠌ᠭᠤᠯᠭ᠎ᠠ ᠵᠢᠨ ᠠᠯᠪᠠᠨ ᠲᠠᠮᠠᠭ᠎ᠠ ᠵᠢ ᠳᠠᠷᠤᠨ᠎ᠠ) ᠪᠠ ᠰᠢᠯᠵᠢᠭᠦᠯᠦᠨ ᠭᠠᠷᠭ᠋ᠠᠬᠤ ᠭᠠᠵᠠᠷ᠎ᠤᠨ ᠡᠮᠴᠢᠯᠡᠭᠡᠨ᠎ᠤ ᠲᠠᠭ᠋ᠠᠳᠬᠠᠯ᠎ᠤᠨ ᠭᠠᠷᠲᠠᠨ ᠭᠦᠢ᠍ᠴᠡᠳᠭᠡᠬᠦ ᠪᠠᠶ᠋ᠢᠭᠤᠯᠤᠮᠵᠢ ᠵᠢᠨ ᠭᠠᠷᠭ᠋ᠠᠭᠰᠠᠨ 《ᠳᠠᠭ᠋ᠠᠳᠬᠠᠯ᠎ᠳᠤ ᠣᠷᠣᠯᠴᠠᠭᠰᠠᠨ ᠭᠡᠷᠡᠴᠢ ᠪᠠᠷᠢᠮᠳᠠ》 《ᠬᠤᠪᠢᠷᠠᠭᠤᠯᠤᠭᠰᠠᠨ ᠮᠡᠳᠡᠭᠡ ᠵᠠᠩᠭᠢ ᠵᠢᠨ ᠬᠦᠰᠦᠨᠦᠭᠲᠦ》 ᠵᠢ ᠳᠠᠮᠵᠢᠭᠤᠯᠬᠤ ᠴᠢᠬᠤᠯᠠᠲᠠᠶ᠃ ᠭᠠᠷᠲᠠᠨ ᠭᠦᠢ᠍ᠴᠡᠳᠭᠡᠬᠦ ᠪᠠᠶ᠋ᠢᠭᠤᠯᠤᠮᠵᠢ ᠭᠥᠯᠢᠶᠡᠨ ᠠᠪᠴᠤ ᠰᠢᠢ᠍ᠳᠪᠦᠷᠢᠯᠡᠬᠦ ᠵᠢᠨ ᠬᠠᠮᠲᠤ ᠭᠦᠢ᠍ᠴᠡᠳᠭᠡᠭᠰᠡᠨ ᠦᠷ᠎ᠡ ᠳ᠋ᠦᠩ᠎ᠳᠤ ᠬᠠᠷᠢᠭᠤ ᠥᠭᠭᠦᠨ᠎ᠡ᠃
(ᠲᠦᠷᠪᠡ) ᠰᠦᠢ᠍ᠳᠭᠡᠯ ᠲᠤᠰᠢᠶᠠᠭᠰᠠᠨ ᠬᠢᠨᠠᠨ ᠲᠣᠭᠲᠠᠭ᠋ᠠᠬᠤ ᠬᠠᠭᠤᠳᠠᠰᠤ ᠵᠢ ᠲᠠᠷᠤᠮᠠᠯᠯᠠᠬᠤ
ᠳᠠᠭ᠋ᠠᠳᠬᠠᠯ᠎ᠳᠤ ᠣᠷᠣᠯᠴᠠᠭᠰᠠᠨ ᠨᠢᠭᠡᠴᠡ᠎ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠶ᠋ᠢᠭᠡᠮ᠎ᠤᠨ ᠲᠠᠭ᠋ᠠᠳᠬᠠᠯ᠎ᠤᠨ ᠬᠠᠮᠢᠶᠠᠷᠤᠯᠲᠠ ᠵᠢᠨ ᠮᠡᠳᠡᠭᠡ ᠵᠠᠩᠭᠢ ᠵᠢᠨ ᠰᠢᠰᠲ᠋ᠧᠮ ᠵᠶ᠋ᠠᠷ 《ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠳᠠᠭ᠋ᠠᠳᠬᠠᠯ᠎ᠳᠤ ᠣᠷᠣᠯᠴᠠᠭᠰᠠᠨ ᠨᠢᠭᠡᠴᠡ ᠵᠢᠨ ᠰᠠᠷ᠎ᠠ ᠵᠢᠨ ᠰᠦᠢ᠍ᠳᠬᠡᠯ ᠲᠤᠰᠢᠶᠠᠬᠤ ᠵᠢ ᠬᠢᠨᠠᠨ ᠲᠤᠭᠳᠠᠭ᠋ᠠᠭᠰᠠᠨ ᠬᠠᠭᠤᠳᠠᠰᠤ》 ᠵᠢ ᠥᠪᠡᠷᠲᠡᠭᠡᠨ ᠳᠠᠷᠤᠮᠠᠯᠯᠠᠨ ᠲᠠᠷᠬᠠᠭ᠋ᠠᠵᠤ᠂ ᠭᠠᠷᠲᠠᠨ ᠭᠦᠢ᠍ᠴᠡᠳᠭᠡᠬᠦ ᠴᠣᠩᠬᠤᠪᠴᠢ᠎ᠨᠢ ᠬᠠᠮᠢᠶ᠎ᠠ ᠪᠦᠬᠦᠢ ᠳᠠᠷᠤᠮᠠᠯᠯᠠᠬᠤ ᠲᠤᠬᠠᠶ᠋ᠢᠯᠠᠭᠰᠠᠨ ᠠᠵᠢᠯ᠎ᠢ ᠳᠠᠬᠢᠵᠤ ᠭᠦᠢ᠍ᠴᠡᠳᠭᠡᠬᠦ ᠦᠭᠡᠢ᠃
(ᠲᠠᠪᠤ) ᠡᠮᠴᠢᠯᠡᠭᠡᠨ᠎ᠤ ᠡᠷᠡᠭᠦᠯ ᠮᠡᠨᠳᠦ ᠵᠢ ᠬᠠᠮᠠᠭ᠋ᠠᠯᠠᠬᠤ ᠬᠠᠷᠠᠭ᠋ᠠᠯᠵᠠᠯ᠎ᠢ ᠮᠡᠳᠡᠭᠦᠯᠬᠦ
ᠡᠮᠴᠢᠯᠡᠭᠡᠨ᠎ᠤ ᠳᠠᠭ᠋ᠠᠳᠬᠠᠯ᠎ᠤᠨ ᠲᠤᠰᠬᠠᠶ ᠬᠠᠮᠢᠶᠠᠷᠤᠭᠴᠢ᠎ᠨᠢ ᠸᠢᠴᠠᠲ᠂ QQ ᠠᠵᠢᠯ᠎ᠤᠨ ᠴᠤᠭᠯᠠᠷᠠᠯ᠎ᠳᠤ 《 ᠡᠮᠴᠢᠯᠡᠭᠡᠨ᠎ᠤ ᠡᠷᠡᠭᠦᠯ ᠮᠡᠨᠳᠦ ᠵᠢ ᠬᠠᠮᠠᠭ᠋ᠠᠯᠠᠬᠤ ᠬᠠᠷᠠᠭ᠋ᠠᠯᠵᠠᠯ ᠭᠥᠷᠳᠡᠭᠰᠡᠨ ᠬᠥᠮᠦᠰ᠎ᠤᠨ ᠨᠡᠷᠡᠰ᠎ᠤᠨ ᠳᠡᠪᠲᠡᠷ》 (ᠪᠠᠢ᠌ᠭᠤᠯᠭ᠎ᠠ ᠵᠢᠨ ᠠᠯᠪᠠᠨ ᠲᠠᠮᠠᠭ᠎ᠠ ᠵᠢ ᠳᠠᠷᠤᠨ᠎ᠠ) ᠪᠠ ᠳᠠᠭ᠋ᠠᠳᠬᠠᠯ᠎ᠳᠤ ᠣᠷᠣᠯᠴᠠᠭᠰᠠᠳ᠎ᠤᠨ ᠳᠡᠳ᠋ ᠲᠢᠩᠬᠢᠮ᠎ᠤᠨ ᠲᠠᠰ᠎ᠠᠴᠠ ᠳᠡᠭᠡᠭᠰᠢᠬᠢ ᠲᠤᠰᠢᠶᠠᠯ ᠡᠭᠦᠷᠭᠡᠯᠡᠬᠦ ᠪᠢᠴᠢᠭ ᠮᠠᠲ᠋ᠧᠷᠢᠶᠠᠯ᠂ ᠵᠢᠩᠬᠢᠨᠢ ᠳᠡᠭᠡᠳᠦ ᠵᠡᠷᠭᠡ ᠵᠢᠨ ᠮᠡᠷᠭᠡᠵᠢᠯ᠎ᠤᠨ ᠴᠣᠯᠠ ᠵᠢ ᠤᠷᠢᠨ ᠬᠡᠷᠡᠭᠯᠡᠬᠦ ᠳᠠᠩᠰᠠᠯᠠᠯ᠎ᠤᠨ ᠬᠦᠰᠦᠨᠦᠭᠲᠦ ᠵᠢᠴᠢ ᠲᠥᠷᠥ ᠵᠢᠨ ᠪᠣᠳᠣᠯᠭ᠎ᠠ ᠵᠢᠨ ᠲᠣᠭᠲᠠᠭ᠋ᠠᠯ᠎ᠳᠤ ᠨᠡᠶ᠋ᠢᠴᠡᠭᠰᠡᠨ ᠪᠤᠰᠤᠳ ᠬᠠᠮᠢᠶ᠎ᠠ ᠪᠥᠬᠥᠶ ᠭᠡᠷᠡᠴᠢ ᠮᠠᠲ᠋ᠧᠷᠢᠶᠠᠯ᠎ᠢ ᠠᠴᠢᠶᠠᠯᠠᠬᠤ ᠬᠡᠷᠡᠭᠲᠡᠶ᠃
(ᠵᠢᠷᠭᠤᠭ᠎ᠠ) ᠡᠭᠦᠳᠡᠨ ᠡᠮᠨᠡᠯᠭᠡ ᠵᠢᠨ ᠣᠨᠴᠠᠭ᠋ᠠᠢ ᠤᠳᠠᠭ᠋ᠠᠨ ᠴᠢᠨᠠᠷᠲᠠᠶ ᠡᠪᠡᠳᠴᠢᠨ᠎ᠢ ᠬᠢᠨᠠᠨ ᠬᠠᠷᠭᠤᠭᠤᠯᠬᠤ
ᠬᠣᠣᠷᠲᠤ ᠬᠠᠪᠤᠳᠠᠷ᠎ᠤᠨ ᠰᠠᠴᠤᠷᠠᠭ ᠬᠢᠮᠢ ᠵᠢᠨ ᠵᠠᠰᠠᠯ᠂ ᠮᠣᠯᠸᠺᠦ᠋ᠯᠤᠨ ᠴᠢᠭᠯᠡᠯᠲᠦ ᠡᠮᠴᠢᠯᠡᠭᠡ ᠵᠢᠴᠢ ᠰᠢᠭᠡᠰᠦᠨ ᠬᠣᠣᠷᠳᠠᠯ᠎ᠤᠨ ᠡᠪᠡᠳᠴᠢᠨ᠎ᠤ ᠴᠢᠰᠤ ᠴᠡᠪᠡᠷᠰᠢᠭᠦᠯᠬᠦ ᠳᠠᠭ᠋ᠠᠳᠬᠠᠯ᠎ᠳᠤ ᠣᠷᠣᠯᠴᠠᠭᠰᠠᠨ ᠡᠪᠡᠳᠴᠢᠲᠡᠨ ᠲᠣᠭᠲᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠡᠮᠴᠢᠯᠡᠭᠡᠨ᠎ᠤ ᠳᠠᠭ᠋ᠠᠳᠬᠠᠯ᠎ᠤᠨ ᠰᠠᠯᠠᠭ᠎ᠠ᠎ᠠᠴᠠ ᠠᠷᠬᠠᠭ ᠡᠪᠡᠳᠴᠢᠨ᠎ᠤ ᠭᠤᠶᠤᠴᠢᠯᠠᠯ᠎ᠤᠨ ᠬᠦᠰᠦᠨᠦᠭᠲᠦ᠂ ᠡᠮᠨᠡᠯᠭᠡ᠎ᠳᠤ ᠰᠠᠭᠤᠭᠰᠠᠨ ᠡᠪᠡᠳᠴᠢᠨ᠎ᠤ ᠲᠡᠤᠬᠡ ᠵᠢᠴᠢ ᠡᠪᠡᠳᠴᠢᠨ᠎ᠤ ᠵᠦᠶ ᠵᠢ ᠪᠠᠶ᠋ᠢᠴᠠᠭ᠋ᠠᠨ ᠰᠢᠯᠭ᠋ᠠᠭᠰᠠᠨ ᠮᠡᠳᠡᠭᠦᠯᠦᠯᠲᠡ᠂ ᠭᠧᠨ᠎ᠤ ᠪᠠᠶ᠋ᠢᠴᠠᠭ᠋ᠠᠨ ᠬᠡᠮᠵᠢᠭᠰᠡᠨ ᠮᠡᠳᠡᠭᠦᠯᠦᠯᠲᠡ᠂ ᠤᠨᠤᠰᠢᠭᠤᠯᠤᠭᠰᠠᠨ ᠪᠢᠴᠢᠭ ᠵᠡᠷᠭᠡ ᠮᠠᠲ᠋ᠧᠷᠢᠶᠠᠯ᠎ᠢ ᠸᠢᠴᠠᠲ᠎ᠤᠨ ᠠᠵᠢᠯ᠎ᠤᠨ ᠴᠤᠭᠯᠠᠷᠠᠯ ᠵᠶ᠋ᠠᠷ ᠳᠠᠮᠵᠢᠭᠤᠯᠬᠤ ᠪᠤᠶᠤ ᠤᠲᠠᠰᠤ᠎ᠪᠠᠷ ᠨᠡᠪᠳᠡᠷᠡᠯᠴᠡᠬᠦ ᠵᠡᠷᠭᠡ ᠠᠷᠭ᠎ᠠ ᠮᠠᠶᠢᠭ ᠵᠶ᠋ᠠᠷ ᠭᠦᠢ᠍ᠴᠡᠳᠭᠡᠵᠦ ᠪᠣᠯᠤᠨ᠎ᠠ᠂ ᠳᠠᠭ᠋ᠠᠳᠬᠠᠯ᠎ᠳᠤ ᠣᠷᠣᠯᠴᠠᠭᠰᠠᠳ᠎ᠤᠨ ᠴᠠᠭ ᠲᠤᠬᠠᠶ᠎ᠳᠤᠨᠢ ᠡᠮᠨᠡᠭᠦᠯᠬᠦ ᠵᠢ ᠪᠠᠲᠤᠯᠠᠬᠤ ᠬᠡᠷᠡᠭᠲᠡᠶ᠃ ᠤᠳᠠᠭ᠋ᠠᠨ ᠴᠢᠨᠠᠷᠲᠠᠶ ᠡᠪᠡᠳᠴᠢᠨ᠎ᠤ ᠭᠤᠶᠤᠴᠢᠯᠠᠯ᠎ᠤᠨ ᠬᠦᠰᠦᠨᠦᠭ ᠵᠢᠴᠢ ᠡᠪᠡᠳᠴᠢᠨ᠎ᠤ ᠲᠡᠤᠬᠡ ᠵᠡᠷᠭᠡ ᠮᠠᠲᠸᠷᠢᠶᠠᠯ᠎ᠢ ᠡᠮᠨᠡᠯᠭᠡ ᠵᠢᠨ ᠬᠣᠷᠢᠶᠠᠨ᠎ᠤ ᠡᠮᠴᠢᠯᠡᠭᠡᠨ᠎ᠤ ᠳᠠᠭ᠋ᠠᠳᠬᠠᠯ᠎ᠤᠨ ᠰᠠᠯᠠᠭ᠎ᠠ᠎ᠠᠴᠠ ᠲᠦᠷ ᠴᠠᠭ ᠬᠠᠳᠠᠭ᠋ᠠᠯᠠᠨ ᠬᠠᠮᠢᠶᠠᠷᠴᠦ᠂ ᠬᠢᠵᠢᠭ᠎ᠤᠨ ᠪᠠᠢ᠌ᠳᠠᠯ ᠳᠠᠭᠤᠰᠤᠭᠰᠠᠨ᠎ᠤ ᠳᠠᠷᠠᠭ᠎ᠠ ᠶᠡᠷᠦᠩᠬᠡᠶ᠋ᠢᠯᠡᠭᠰᠡᠨ ᠲᠤᠬᠠᠶ᠋ᠢᠯᠠᠭᠰᠠᠨ ᠠᠵᠢᠯ᠎ᠤᠨ ᠭᠠᠵᠠᠷ᠎ᠲᠤ ᠰᠢᠯᠵᠢᠭᠦᠯᠦᠨ ᠲᠤᠰᠢᠶᠠᠵᠤ ᠳᠠᠩᠰᠠ ᠡᠪᠬᠡᠮᠡᠯ᠎ᠳᠤ ᠣᠷᠣᠭᠤᠯᠤᠨ᠎ᠠ᠃
(ᠳᠣᠯᠣᠭ᠎ᠠ) ᠡᠮᠴᠢᠯᠡᠭᠡᠨ᠎ᠤ ᠵᠠᠷᠤᠳᠠᠯ᠎ᠢ ᠰᠠᠯᠭ᠋ᠠᠨ ᠥᠭᠬᠦ
ᠴᠡᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠬᠢᠵᠢᠭ᠎ᠤᠨ ᠪᠠᠢ᠌ᠳᠠᠯ᠎ᠢ ᠰᠡᠷᠭᠡᠶ᠋ᠢᠯᠡᠨ ᠡᠵᠡᠮᠳᠡᠬᠦ ᠬᠤᠭᠤᠴᠠᠭ᠋ᠠᠨ᠎ᠳᠤ ᠡᠭᠦᠰᠦᠭᠰᠡᠨ ᠡᠮᠴᠢᠯᠡᠭᠡᠨ᠎ᠤ ᠵᠠᠷᠤᠳᠠᠯ᠎ᠤᠨ ᠪᠢᠴᠢᠭ᠎ᠤᠨ ᠮᠡᠳᠡᠭᠦᠯᠦᠯᠲᠡ ᠪᠠ ᠳ᠋ᠦᠩᠨᠡᠨ ᠪᠣᠳᠣᠬᠤ ᠫᠢᠶᠣᠣ ᠪᠠᠷᠢᠮᠲᠠ ᠵᠢ ᠮᠡᠳᠡᠭᠦᠯᠦᠨ ᠬᠦᠷᠭᠡᠬᠦ ᠴᠢᠬᠤᠯᠠ ᠦᠭᠡᠢ᠂ ᠬᠢᠵᠢᠭ᠎ᠤᠨ ᠪᠠᠢ᠌ᠳᠠᠯ᠎ᠢ ᠡᠵᠡᠮᠳᠡᠵᠦ ᠳᠡᠶ᠋ᠢᠯᠬᠦ ᠪᠣᠯᠤᠭᠰᠠᠨ᠎ᠤ ᠳᠠᠷᠠᠭ᠎ᠠ ᠪᠢᠴᠢᠭ᠎ᠤᠨ ᠮᠡᠳᠡᠭᠦᠯᠦᠯᠳᠡ ᠵᠢᠨ ᠬᠦᠰᠦᠨᠦᠭᠲᠦ ᠪᠣᠯᠤᠨ ᠫᠢᠶᠣᠣ ᠪᠠᠷᠢᠮᠲᠠ ᠵᠢ ᠰᠠᠭᠤᠷᠢ ᠮᠥᠩᠭᠥ ᠵᠢᠨ ᠬᠠᠮᠢᠶᠠᠷᠤᠯᠲᠠ ᠵᠢᠨ ᠭᠠᠵᠠᠷ᠎ᠲᠤ ᠨᠥᠬᠥᠪᠥᠷᠢᠯᠡᠨ ᠬᠦᠷᠭᠡᠵᠦ ᠳᠠᠩᠰᠠ ᠡᠪᠬᠡᠮᠡᠯ᠎ᠳᠤ ᠬᠠᠳᠠᠭ᠋ᠠᠯᠠᠭᠤᠯᠬᠤ ᠬᠡᠷᠡᠭᠲᠡᠶ᠃
ᠳᠠᠭ᠋ᠠᠳᠬᠠᠯ᠎ᠳᠤ ᠣᠷᠣᠯᠴᠠᠭᠰᠠᠳ᠎ᠤᠨ ᠡᠮᠴᠢᠯᠡᠭᠡᠨ᠎ᠤ ᠵᠠᠷᠤᠳᠠᠯ ᠪᠣᠯᠤᠨ ᠴᠡᠭ ᠲᠣᠭᠲᠠᠭ᠋ᠠᠭᠰᠠᠨ ᠡᠮ ᠡᠮᠨᠡᠯᠭᠡ ᠵᠢᠨ ᠪᠠᠢ᠌ᠭᠤᠯᠤᠮᠵᠢ᠎ᠳᠤ ᠰᠠᠯᠭ᠋ᠠᠨ ᠥᠭᠭᠦᠭᠰᠡᠨ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠥ᠎ᠳᠤ ᠮᠥᠨ ᠰᠦᠯᠵᠢᠶᠡᠨ ᠲᠡᠭᠡᠷᠡᠬᠢ ᠪᠠᠩᠬᠢ᠎ᠠᠴᠠ ᠰᠠᠯᠭ᠋ᠠᠨ ᠥᠭᠬᠦ ᠵᠢ ᠬᠡᠷᠡᠭᠵᠢᠭᠦᠯᠵᠦ᠂ ᠰᠠᠯᠭ᠋ᠠᠨ ᠥᠭᠭᠦᠭᠰᠡᠨ ᠪᠠᠶ᠋ᠢᠳᠠᠯ ᠵᠢᠴᠢ ᠲᠣᠭ᠋ᠠᠴᠠᠭ᠎ᠠ ᠬᠢᠭᠰᠡᠨ ᠨᠠᠷᠢᠨ ᠲᠠᠩᠰᠠ ᠵᠢ ᠸᠢᠴᠠᠲ᠂ QQ ᠠᠵᠢᠯ᠎ᠤᠨ ᠴᠤᠭᠯᠠᠷᠠᠯ ᠵᠶ᠋ᠡᠷ ᠳᠠᠮᠵᠢᠭᠤᠯᠤᠨ ᠨᠡᠶ᠋ᠢᠲᠡᠯᠡᠨ᠎ᠡ᠃
(ᠨᠠᠢ᠍ᠮᠠ) ᠣᠨᠳᠣᠤ ᠭᠠᠵᠠᠷ᠎ᠲᠤ ᠡᠮᠨᠡᠭᠦᠯᠵᠦ ᠲᠠᠩᠰᠠᠯᠠᠭᠤᠯᠬᠤ
《ᠤᠯᠤᠰ᠎ᠤᠨ ᠣᠨᠳᠣᠤ ᠭᠠᠵᠠᠷ᠎ᠲᠤ ᠡᠮᠨᠡᠭᠦᠯᠬᠦ ᠵᠢ ᠳᠠᠩᠰᠠᠯᠠᠬᠤ》 ᠸᠢᠴᠠᠲ᠎ᠤᠨ ᠵᠢᠵᠢᠭ ᠫᠷᠤᠭ᠌ᠷᠠᠮ᠎ᠢ ᠡᠷᠢᠬᠦ ᠪᠤᠶᠤ 《ᠥᠪᠥᠷ ᠮᠣᠩᠭᠣᠯ᠎ᠤᠨ 12333》 ᠭᠠᠷ ᠤᠲᠠᠰᠤᠨ᠎ᠤ APP ᠵᠢ ᠪᠠᠭᠤᠯᠭ᠋ᠠᠵᠤ᠂ ᠤᠷᠲᠤ ᠬᠤᠭᠤᠴᠠᠭ᠎ᠠ᠎ᠪᠠᠷ ᠣᠨᠳᠣᠤ ᠭᠠᠵᠠᠷ ᠣᠷᠣᠰᠢᠨ ᠰᠠᠭᠤᠬᠤ ᠪᠠ ᠣᠨᠳᠣᠤ ᠭᠠᠵᠠᠷ ᠰᠢᠯᠵᠢᠭᠦᠯᠦᠨ ᠡᠮᠨᠡᠭᠦᠯᠬᠦ ᠪᠠ ᠡᠮᠨᠡᠯᠭᠡ ᠰᠢᠯᠵᠢᠭᠦᠯᠬᠦ ᠳᠠᠩᠰᠠᠯᠠᠯ᠎ᠢ ᠭᠦᠢ᠍ᠴᠡᠳᠬᠡᠵᠤ ᠪᠣᠯᠤᠨ᠎ᠠ᠂ ᠪᠠᠰᠠ ᠤᠲᠠᠰᠤ᠎ᠪᠠᠷ ᠳᠠᠮᠵᠢᠭᠤᠯᠤᠨ ᠲᠠᠩᠰᠠᠯᠠᠭᠤᠯᠤᠭᠰᠠᠨ ᠴᠤ᠌ ᠪᠣᠯᠤᠨ᠎ᠠ᠃ ᠣᠨᠳᠣᠤ ᠭᠠᠵᠠᠷ᠎ᠲᠤ ᠡᠮᠨᠡᠭᠦᠯᠦᠭᠰᠡᠨ ᠪᠢᠴᠢᠭ᠎ᠤᠨ ᠳᠠᠩᠰᠠᠯᠠᠭᠤᠯᠬᠤ ᠮᠠᠲ᠋ᠧᠷᠢᠶᠠᠯ᠎ᠢ ᠬᠢᠵᠢᠭᠤ ᠪᠠᠢ᠌ᠳᠠᠯ ᠳᠠᠭᠤᠰᠤᠭᠰᠠᠨ᠎ᠤ ᠳᠠᠷᠠᠭ᠎ᠠ ᠨᠥᠬᠥᠵᠦ ᠭᠦᠢ᠍ᠴᠡᠳᠭᠡᠵᠦ ᠪᠣᠯᠤᠨ᠎ᠠ᠃
ᠭᠤᠷᠪᠠ᠂ ᠬᠠᠷᠢᠯᠴᠠᠬᠤ᠎ᠳᠤ ᠲᠥᠬᠥᠮ ᠵᠢᠨ ᠲᠤᠯᠠ 《ᠳ᠋ᠢᠶᠠᠩᠬᠤᠸᠠ᠎ᠪᠠᠷ ᠠᠯᠪᠠᠯᠠᠬᠤ》
(ᠨᠢᠭᠡ) ᠲᠥᠷᠥ ᠵᠢᠨ ᠪᠣᠳᠣᠯᠭ᠎ᠠ ᠵᠢᠨ ᠯᠠᠪᠯᠠᠯᠭ᠎ᠠ
ᠳᠠᠭ᠋ᠠᠳᠬᠠᠯ᠎ᠳᠤ ᠣᠷᠣᠯᠴᠠᠭᠰᠠᠨ ᠨᠢᠭᠡᠴᠡ ᠪᠤᠶᠤ ᠳᠠᠭ᠋ᠠᠳᠬᠠᠯ᠎ᠳᠤ ᠣᠷᠣᠯᠴᠠᠭᠰᠠᠨ ᠠᠵᠢᠯᠲᠠᠨ ᠠᠵᠢᠯᠴᠢᠨ ᠡᠮᠴᠢᠯᠡᠭᠡᠨ᠎ᠤ ᠳᠠᠭ᠋ᠠᠳᠬᠠᠯ᠎ᠤᠨ ᠰᠠᠯᠠᠭ᠎ᠠ ᠮᠥᠴᠢᠷ᠎ᠤᠨ ᠨᠡᠶ᠋ᠢᠲᠡᠯᠡᠭᠰᠡᠨ ᠭᠠᠷᠲᠠᠨ ᠭᠦᠢ᠍ᠴᠡᠳᠭᠡᠬᠦ ᠤᠲᠠᠰᠤ᠎ᠪᠠᠷ ᠳᠠᠮᠵᠢᠭᠤᠯᠤᠨ᠂ ᠬᠢᠵᠢᠭ᠎ᠤᠨ ᠪᠠᠢ᠌ᠳᠠᠯ᠎ᠢ ᠰᠡᠷᠭᠡᠶ᠋ᠢᠯᠡᠨ ᠡᠵᠡᠮᠳᠡᠬᠦ ᠬᠤᠭᠤᠴᠠᠭ᠋ᠠᠨ᠎ᠳᠠᠬᠢ ᠡᠮᠴᠢᠯᠡᠭᠡᠨ᠎ᠤ ᠳᠠᠭ᠋ᠠᠳᠬᠠᠯ᠎ᠤᠨ ᠲᠥᠷᠥ ᠵᠢᠨ ᠪᠣᠳᠣᠯᠭ᠎ᠠ᠂ ᠭᠦᠢ᠍ᠴᠡᠳᠭᠡᠬᠦ ᠴᠤᠪᠤᠷᠠᠯ᠎ᠳᠤ ᠯᠠᠪᠯᠠᠯᠭ᠎ᠠ ᠬᠢᠵᠦ ᠪᠣᠯᠤᠨ᠎ᠠ᠃
(ᠬᠣᠶᠠᠷ) ᠰᠢᠨ᠎ᠡ᠎ᠪᠠᠷ ᠨᠡᠮᠡᠬᠦ ᠴᠡᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢ ᠨᠡᠪᠲᠡᠷᠡᠭᠦᠯᠬᠦ
ᠲᠣᠰ ᠱᠠᠲᠤᠨ᠎ᠤ ᠰᠢᠨ᠎ᠡ᠎ᠪᠠᠷ ᠨᠡᠮᠡᠭᠳᠡᠭᠰᠡᠨ ᠡᠮᠴᠢᠯᠡᠭᠡᠨ᠎ᠤ ᠳᠠᠭ᠋ᠠᠳᠬᠠᠯ᠎ᠤᠨ ᠴᠡᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ᠎ᠨᠢ ᠨᠡᠶ᠋ᠢᠭᠡᠮ᠎ᠤᠨ ᠪᠠᠲᠤᠯᠠᠭ᠎ᠠ ᠵᠢᠨ ᠺᠠᠷᠲ ᠱᠥᠷᠭᠦᠭᠡᠬᠦ ᠲᠤᠬᠠᠶ᠋ᠢᠯᠠᠭᠰᠠᠨ ᠠᠵᠢᠯ ᠨᠡᠭᠡᠭᠡᠵᠦ᠂ ᠤᠲᠠᠰᠤ᠎ᠪᠠᠷ ᠨᠡᠪᠲᠡᠷᠡᠯᠴᠡᠬᠦ ᠠᠷᠭ᠎ᠠ ᠮᠠᠶᠢᠭ ᠵᠶ᠋ᠠᠷ ᠳᠠᠮᠵᠢᠭᠤᠯᠤᠨ ᠳ᠋ᠦᠩ ᠿᠤᠸᠠᠨ ᠺᠤᠮᠫᠠᠨᠢ᠎ᠲᠠᠢ ᠬᠠᠷᠢᠯᠴᠠᠵᠤ ᠰᠢᠢ᠍ᠳᠪᠦᠷᠢᠯᠡᠵᠦ ᠪᠣᠯᠤᠨ᠎ᠠ᠃
(ᠭᠤᠷᠪᠠ) ᠤᠳᠠᠭ᠋ᠠᠨ ᠴᠢᠨᠠᠷᠳᠠᠢ ᠡᠪᠡᠳᠴᠢᠨ᠎ᠢ ᠡᠮᠨᠡᠨ ᠵᠠᠰᠠᠬᠤ ᠲᠥᠰᠦᠯ᠎ᠢ ᠬᠤᠪᠢᠷᠠᠭᠤᠯᠬᠤ
ᠤᠳᠠᠭ᠋ᠠᠨ ᠴᠢᠨᠠᠷᠲᠠᠶ ᠡᠪᠡᠳᠴᠢᠨ᠎ᠢ ᠡᠮᠨᠡᠨ ᠵᠠᠰᠠᠬᠤ ᠲᠥᠰᠦᠯ᠎ᠢ ᠬᠤᠪᠢᠷᠠᠭᠤᠯᠬᠤ ᠴᠢᠬᠤᠯᠠᠲᠠᠢ ᠪᠣᠯ᠂ ᠴᠡᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ᠎ᠠᠴᠠ ᠤᠳᠠᠭ᠋ᠠᠨ ᠴᠢᠨᠠᠷᠲᠠᠶ ᠡᠪᠡᠳᠴᠢᠨ᠎ᠤ ᠭᠠᠷ ᠳᠡᠪᠲᠡᠷ᠎ᠢ ᠦᠨᠳᠦᠰᠦᠯᠡᠨ ᠡᠮᠴᠢ ᠵᠢᠨ ᠣᠨᠣᠰᠢᠯᠠᠨ ᠵᠠᠰᠠᠬᠤ ᠲᠥᠰᠦᠯ᠎ᠢ ᠦᠨᠳᠦᠰᠦᠯᠡᠨ ᠭᠦᠢ᠍ᠴᠡᠳᠭᠡᠵᠦ ᠪᠣᠯᠤᠨ᠎ᠠ᠃ ᠴᠡᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠮᠠᠭ᠋ᠠᠳᠯᠠᠨ ᠲᠣᠭᠲᠠᠭ᠋ᠠᠬᠤ᠎ᠳᠤ ᠪᠡᠷᠬᠡᠲᠡᠶ ᠡᠮᠨᠡᠨ ᠵᠠᠰᠠᠬᠤ ᠲᠦᠰᠦᠯ᠎ᠢ ᠤᠲᠠᠰᠤ ᠪᠤᠶᠤ ᠤᠳᠠᠭ᠋ᠠᠨ ᠴᠢᠨᠠᠷᠲᠠᠶ ᠡᠪᠡᠳᠴᠢᠨ᠎ᠤ ᠸᠢᠴᠠᠲ ᠴᠤᠭᠯᠠᠷᠠᠯ ᠵᠶ᠋ᠠᠷ ᠲᠠᠮᠵᠢᠭᠤᠯᠤᠨ ᠨᠡᠪᠲᠡᠷᠡᠯᠴᠡᠵᠦ ᠭᠦᠢ᠍ᠴᠡᠳᠭᠡᠵᠦ ᠪᠣᠯᠤᠨ᠎ᠠ᠃
ᠳᠥᠷᠪᠡ᠂ ᠬᠥᠮᠦᠨ ᠣᠯᠠᠨ ᠴᠤᠭᠯᠠᠷᠠᠵᠤ 《ᠤᠷᠢᠳᠴᠢᠯᠠᠨ ᠪᠣᠯᠵᠣᠵᠤ ᠭᠦᠢ᠍ᠴᠡᠳᠭᠡᠬᠦ》 ᠵᠢ ᠪᠠᠭ᠋ᠠᠰᠬᠠᠬᠤ
(ᠨᠢᠭᠡ) ᠡᠮᠴᠢᠯᠡᠭᠡᠨ᠎ᠤ ᠵᠠᠷᠤᠳᠠᠯ᠎ᠤᠨ ᠳᠠᠩᠰᠠ ᠲᠠᠶ᠋ᠢᠯᠬᠤ
ᠦᠨᠡᠬᠡᠷ ᠴᠣᠩᠬᠤᠪᠴᠢ᠎ᠪᠠᠷ ᠭᠦᠢ᠍ᠴᠡᠳᠬᠡᠬᠦ ᠴᠢᠬᠤᠯᠠᠲᠠᠶ ᠪᠤᠯ᠂ ᠡᠮᠴᠢᠯᠡᠭᠡᠨ᠎ᠤ ᠳᠠᠭ᠋ᠠᠳᠬᠠᠯ᠎ᠤᠨ ᠲᠤᠰᠬᠠᠶ ᠬᠠᠮᠢᠶᠠᠷᠤᠭᠴᠢ ᠪᠤᠶᠤ ᠳᠠᠭ᠋ᠠᠳᠬᠠᠯ᠎ᠳᠤ ᠣᠷᠣᠯᠴᠠᠭᠰᠠᠳ ᠲᠤᠬᠠᠶ᠋ᠢᠯᠠᠭᠰᠠᠨ ᠠᠵᠢᠯ᠎ᠤᠨ ᠬᠠᠷᠢᠯᠴᠠᠬᠤ ᠤᠲᠠᠰᠤ᠂ ᠸᠢᠴᠠᠲ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠤᠷᠢᠳᠴᠢᠯᠠᠨ ᠪᠣᠯᠵᠤᠭᠰᠠᠨ ᠴᠠᠭ᠎ᠲᠤ ᠭᠦᠢ᠍ᠴᠡᠳᠭᠡᠵᠦ ᠪᠣᠯᠤᠨ᠎ᠠ᠃
(ᠬᠣᠶᠠᠷ) ᠤᠳᠠᠭ᠋ᠠᠨ ᠴᠢᠨᠠᠷᠲᠠᠶ ᠡᠪᠡᠳᠴᠢᠲᠡᠨ᠎ᠤ ᠡᠮ ᠬᠤᠳᠠᠯᠳᠤᠨ ᠠᠪᠬᠤ
ᠤᠳᠠᠭ᠋ᠠᠨ ᠴᠢᠨᠠᠷᠲᠠᠶ ᠡᠪᠡᠳᠴᠢᠨ᠎ᠤ ᠲᠣᠭᠲᠠᠭᠰᠠᠨ ᠡᠮᠴᠢᠯᠡᠭᠡᠨ᠎ᠤ ᠪᠠᠶ᠋ᠢᠭᠤᠯᠤᠮᠵᠢ᠎ᠨᠤᠭᠤᠳ ᠡᠮ ᠬᠤᠳᠠᠯᠳᠤᠨ ᠠᠪᠬᠤ ᠴᠠᠭ ᠵᠶ᠋ᠠᠨ ᠵᠣᠬᠢᠰᠲᠠᠶ ᠲᠣᠬᠢᠷᠠᠭᠤᠯᠵᠤ᠂ ᠬᠦᠮᠦᠨ ᠤᠯᠠᠨ ᠴᠠᠭ᠎ᠲᠤ ᠡᠮ ᠬᠤᠳᠠᠯᠳᠤᠨ ᠠᠪᠴᠤ᠂ ᠬᠥᠮᠦᠰ ᠴᠤᠭᠯᠠᠷᠠᠬᠤ᠎ᠠᠴᠠ ᠵᠠᠶ᠋ᠢᠯᠠᠰᠬᠢᠨ᠎ᠡ᠃ ᠰᠠᠨᠠᠭ᠋ᠠᠴᠢᠯᠠᠭ᠎ᠠ᠎ᠠᠴᠠ᠎ᠪᠠᠨ ᠦᠢ᠍ᠯᠡᠴᠢᠯᠡᠬᠦ ᠡᠲᠡᠭᠡᠳ᠎ᠯᠦᠭᠡ ᠡᠮ ᠵᠠᠬᠢᠶᠠᠯᠠᠨ ᠬᠤᠳᠠᠯᠳᠤᠨ ᠠᠪᠬᠤ ᠴᠠᠭ᠎ᠢ ᠪᠣᠯᠵᠣᠨ ᠲᠣᠭᠲᠠᠵᠤ᠂ ᠤᠳᠠᠭ᠋ᠠᠨ ᠴᠢᠨᠠᠷᠲᠠᠶ ᠡᠪᠡᠳᠴᠢᠲᠡᠨ᠎ᠤ ᠡᠮ ᠬᠤᠳᠠᠯᠳᠤᠨ ᠠᠪᠬᠤ ᠴᠠᠭ᠎ᠤᠨ ᠬᠦᠰᠦᠨᠦᠭᠲᠦ ᠵᠢ ᠸᠢᠴᠠᠲ ᠴᠤᠭᠯᠠᠷᠠᠯ ᠵᠶ᠋ᠠᠷ ᠳᠠᠮᠵᠢᠭᠤᠯᠤᠨ ᠨᠡᠢ᠌ᠲᠡᠯᠡᠬᠦ ᠬᠡᠷᠡᠭᠲᠡᠢ᠃
(ᠭᠤᠷᠪᠠ) ᠤᠳᠠᠭ᠋ᠠᠨ ᠴᠢᠨᠠᠷᠲᠠᠶ ᠡᠪᠡᠳᠴᠢᠨ᠎ᠢ ᠬᠢᠨᠠᠨ ᠬᠠᠷᠭᠤᠭᠤᠯᠬᠤ ᠲᠤᠬᠠᠶ᠋ᠢᠯᠠᠭᠰᠠᠨ ᠠᠵᠢᠯ
ᠡᠭᠦᠳᠡᠨ ᠡᠮᠨᠡᠯᠭᠡ ᠵᠢᠨ ᠤᠳᠠᠭ᠋ᠠᠨ ᠴᠢᠨᠠᠷᠲᠠᠶ ᠡᠪᠡᠳᠴᠢᠨ᠎ᠢ ᠬᠢᠨᠠᠨ ᠬᠠᠷᠭᠤᠭᠤᠯᠬᠤ ᠲᠤᠬᠠᠶ᠋ᠢᠯᠠᠭᠰᠠᠨ ᠠᠵᠢᠯ᠎ᠢ ᠭᠦᠢ᠍ᠴᠡᠳᠭᠡᠵᠦ ᠪᠠᠢ᠌ᠭ᠎ᠠ ᠬᠦᠨᠳᠦ ᠲᠦᠭᠰᠢᠭᠦᠷᠢᠲᠡᠶ ᠡᠪᠡᠳᠴᠢᠲᠡᠨ ᠤᠲᠠᠰᠤ᠎ᠪᠠᠷ ᠤᠷᠢᠳᠴᠢᠯᠠᠨ ᠪᠣᠯᠵᠣᠵᠤ ᠭᠦᠢ᠍ᠴᠡᠳᠭᠡᠬᠦ ᠴᠠᠭ ᠬᠤᠭᠤᠴᠠᠭ᠎ᠠ ᠵᠢ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠲᠠᠩᠬᠢᠮ᠎ᠤᠨ ᠡᠮᠴᠢᠯᠡᠭᠡᠨ᠎ᠤ ᠳᠠᠭ᠋ᠠᠳᠬᠠᠯ᠎ᠤᠨ ᠴᠣᠩᠬᠤᠪᠴᠢ᠎ᠳᠤ ᠬᠦᠷᠴᠦ ᠭᠦᠢ᠍ᠴᠡᠳᠭᠡᠵᠦ ᠪᠣᠯᠤᠨ᠎ᠠ᠃
(ᠳᠥᠷᠪᠡ) ᠡᠮᠴᠢᠯᠡᠭᠡᠨ᠎ᠤ ᠳᠠᠭ᠋ᠠᠳᠬᠠᠯ᠎ᠤᠨ ᠬᠠᠷᠢᠴᠠᠭ᠎ᠠ ᠵᠢ ᠰᠢᠯᠵᠢᠭᠦᠯᠦᠨ ᠭᠠᠷᠭ᠋ᠠᠬᠤ
ᠡᠮᠴᠢᠯᠡᠭᠡᠨ᠎ᠤ ᠳᠠᠭ᠋ᠠᠳᠬᠠᠯ᠎ᠳᠤ ᠣᠷᠣᠯᠴᠠᠵᠤ ᠰᠦᠢ᠍ᠳᠬᠡᠯ ᠲᠤᠰᠢᠶᠠᠭᠰᠠᠨ ᠭᠡᠷᠡᠴᠢ ᠪᠢᠴᠢᠭ ᠭᠦᠢ᠍ᠴᠡᠳᠬᠡᠬᠦ ᠪᠠᠴᠢᠮ ᠬᠡᠷᠡᠭᠴᠡᠭᠡ᠎ᠲᠠᠢ ᠪᠣᠯ᠂ ᠡᠮᠴᠢᠯᠡᠭᠡᠨ᠎ᠤ ᠳᠠᠭ᠋ᠠᠳᠬᠠᠯ᠎ᠤᠨ ᠲᠤᠰᠬᠠᠶ ᠬᠠᠮᠢᠶᠠᠷᠤᠭᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶᠠᠨ᠎ᠤ ᠠᠯᠪᠠᠨ ᠰᠦᠯᠵᠢᠶ᠎ᠡ ᠵᠢᠨ ᠪᠠᠭᠤᠯᠭ᠋ᠠᠬᠤ ᠲᠤᠰᠬᠠᠶ ᠭᠠᠵᠠᠷ᠎ᠠᠴᠠ
《ᠳᠠᠭ᠋ᠠᠳᠬᠠᠯ᠎ᠳᠤ ᠣᠷᠣᠯᠴᠠᠭᠰᠠᠨ ᠭᠡᠷᠡᠴᠢ ᠪᠠᠷᠢᠮᠲᠠ》 ᠵᠢ ᠥᠪᠡᠷᠲᠡᠭᠡᠨ ᠳᠠᠷᠤᠮᠠᠯᠯᠠᠵᠤ᠂ ᠤᠲᠠᠰᠤ᠎ᠪᠠᠷ ᠤᠷᠢᠳᠴᠢᠯᠠᠨ ᠪᠣᠯᠵᠣᠬᠤ ᠬᠡᠷᠡᠭᠲᠡᠶ᠃ ᠴᠠᠭ ᠲᠤᠬᠠᠶ᠎ᠳᠤᠨᠢ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠩᠬᠢᠮ᠎ᠤᠨ ᠡᠮᠴᠢᠯᠡᠭᠡᠨ᠎ᠤ ᠪᠠᠲᠤᠯᠠᠭ᠎ᠠ ᠵᠢᠨ ᠴᠣᠩᠬᠤᠪᠴᠢ᠎ᠪᠠᠷ ᠬᠢᠨᠠᠨ ᠵᠥᠪᠰᠢᠶᠡᠷᠡᠭᠦᠯᠵᠤ ᠲᠠᠮᠠᠭ᠎ᠠ ᠳᠠᠷᠤᠬᠤ ᠬᠡᠷᠡᠭᠲᠡᠶ᠃
(ᠲᠠᠪᠤ) ᠪᠠᠴᠢᠮ ᠡᠮᠨᠡᠯᠭᠡ ᠵᠢᠨ ᠬᠢᠨᠠᠨ ᠬᠠᠷᠭᠤᠭᠤᠯᠬᠤ ᠲᠤᠬᠠᠶ᠋ᠢᠯᠠᠭᠰᠠᠨ ᠠᠵᠢᠯ
ᠪᠠᠴᠢᠮ ᠡᠮᠨᠡᠯᠭᠡ ᠵᠢᠨ ᠲᠠᠩᠰᠠ ᠲᠠᠶ᠋ᠢᠯᠬᠤ ᠭᠠᠷᠳᠠᠮ ᠭᠦᠢ᠍ᠴᠡᠳᠬᠡᠬᠦ ᠪᠠᠴᠢᠮ ᠬᠡᠷᠡᠭᠴᠡᠭᠡ᠎ᠲᠠᠢ ᠪᠣᠯ᠂ ᠤᠲᠠᠰᠤ᠎ᠪᠠᠷ ᠤᠷᠢᠳᠴᠢᠯᠠᠨ ᠪᠣᠯᠵᠣᠵᠤ᠂ ᠴᠠᠭ ᠲᠤᠬᠠᠶ᠎ᠳᠤᠨᠢ ᠵᠠᠰᠠᠭ᠎ᠤᠨ ᠶᠠᠪᠤᠳᠠᠯ᠎ᠤᠨ ᠲᠠᠩᠬᠢᠮ᠎ᠳᠤ ᠬᠦᠷᠴᠦ ᠭᠦᠢ᠍ᠴᠡᠳᠭᠡᠵᠦ ᠪᠣᠯᠤᠨ᠎ᠠ᠃
(ᠵᠢᠷᠭᠤᠭ᠎ᠠ) ᠣᠷᠣᠯᠠᠨ ᠬᠠᠮᠢᠶᠠᠷᠬᠤ ᠲᠠᠪᠴᠠᠩ᠎ᠤᠨ ᠬᠠᠮᠢᠶ᠎ᠠ ᠪᠦᠬᠦᠢ ᠲᠤᠬᠠᠶ᠋ᠢᠯᠠᠭᠰᠠᠨ ᠠᠵᠢᠯ
ᠣᠷᠣᠯᠠᠨ ᠬᠠᠮᠢᠶᠠᠷᠬᠤ ᠲᠠᠪᠴᠠᠩ᠎ᠤᠨ ᠬᠠᠮᠢᠶ᠎ᠠ ᠪᠥᠬᠥᠶ ᠲᠤᠬᠠᠶ᠋ᠢᠯᠠᠭᠰᠠᠨ ᠠᠵᠢᠯ᠎ᠳᠤ ᠴᠥᠮ ᠤᠲᠠᠰᠤ᠎ᠪᠠᠷ ᠪᠣᠯᠵᠣᠬᠤ ᠠᠷᠭ᠎ᠠ ᠮᠠᠶᠢᠭ᠎ᠢ ᠠᠪᠴᠤ᠂ ᠪᠣᠯᠵᠣᠨ ᠲᠣᠭᠲᠠᠭᠰᠠᠨ ᠠᠵᠢᠯᠯᠠᠬᠤ ᠲᠠᠯᠠᠪᠤᠷ᠎ᠲᠤ ᠣᠴᠢᠵᠤ ᠭᠦᠢ᠍ᠴᠡᠳᠬᠡᠨ᠎ᠡ᠃
ᠲᠠᠪᠤ᠂ ᠬᠤᠭᠤᠴᠠᠭ᠎ᠠ ᠬᠢᠵᠠᠭ᠋ᠠᠷ᠎ᠢ ᠠᠭᠤᠵᠢᠭᠤ ᠪᠣᠯᠭ᠋ᠠᠵᠤ 《ᠬᠣᠶ᠋ᠢᠰᠢᠯᠠᠭᠤᠯᠤᠨ ᠭᠦᠢ᠍ᠴᠡᠳᠭᠡᠬᠦ》
(ᠨᠢᠭᠡ) ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠵᠠᠷᠤᠳᠠᠯ ᠲᠤᠰᠢᠶᠠᠬᠤ
ᠦᠨᠡᠬᠡᠷ ᠬᠢᠵᠢᠭ᠎ᠤᠨ ᠪᠠᠢ᠌ᠳᠠᠯ᠎ᠤᠨ ᠰᠢᠯᠲᠠᠭ᠋ᠠᠨ᠎ᠠᠴᠠ ᠪᠣᠯᠵᠤ᠂ ᠬᠤᠭᠤᠴᠠᠭ᠎ᠠ ᠶᠣᠰᠣᠭ᠋ᠠᠷ ᠰᠦᠢ᠍ᠳᠬᠡᠯ ᠲᠤᠰᠢᠶᠠᠬᠤ ᠵᠢᠨ ᠠᠷᠭ᠎ᠠ ᠦᠭᠡᠢ ᠪᠣᠯ ᠬᠡᠪ᠎ᠤᠨ ᠬᠠᠷᠠᠭ᠋ᠠᠯᠵᠠᠯ ᠬᠦᠷᠲᠡᠬᠦ ᠵᠢ ᠨᠥᠯᠥᠭᠡᠯᠡᠬᠦ ᠦᠭᠡᠢ᠂ ᠬᠢᠵᠢᠭ᠎ᠤᠨ ᠪᠠᠢ᠌ᠳᠠᠯ ᠳᠠᠭᠤᠰᠤᠭᠰᠠᠨ᠎ᠤ ᠳᠠᠷᠠᠭ᠎ᠠ ᠨᠦᠬᠦᠪᠦᠷᠢᠯᠡᠨ ᠲᠤᠰᠢᠶᠠᠵᠤ ᠪᠣᠯᠤᠨ᠎ᠠ᠂ ᠬᠤᠭᠤᠴᠠᠭ᠎ᠠ ᠰᠠᠭ᠋ᠠᠲᠠᠭᠤᠯᠤᠭᠰᠠᠨ ᠲᠣᠷᠭ᠋ᠠᠭᠤᠯᠢ ᠵᠢᠨ ᠮᠥᠩᠭᠥ ᠠᠪᠬᠤ ᠦᠭᠡᠢ᠃
(ᠬᠣᠶᠠᠷ) ᠡᠮᠴᠢᠯᠡᠭᠡᠨ᠎ᠤ ᠵᠠᠷᠤᠳᠠᠯ᠎ᠤᠨ ᠳᠠᠩᠰᠠ ᠲᠠᠶ᠋ᠢᠯᠬᠤ
ᠡᠮᠴᠢᠯᠡᠭᠡᠨ᠎ᠤ ᠵᠠᠷᠤᠳᠠᠯ᠎ᠢ ᠳᠠᠩᠰᠠᠨ᠎ᠠᠴᠠ ᠲᠠᠶ᠋ᠢᠯᠬᠤ ᠴᠠᠭ ᠬᠤᠭᠤᠴᠠᠭ᠎ᠠ ᠵᠢ ᠤᠷᠲᠤᠳᠬᠠᠵᠤ᠂ ᠴᠠᠭ ᠲᠤᠬᠠᠶ᠎ᠳᠤᠨᠢ ᠳ᠋ᠦᠩᠨᠡᠨ ᠪᠣᠳᠣᠭᠰᠠᠨ ᠦᠭᠡᠢ ᠣᠨᠳᠣᠤ ᠭᠠᠵᠠᠷ᠎ᠲᠤ ᠡᠮᠨᠡᠭᠦᠯᠦᠭᠰᠡᠨ ᠵᠠᠷᠤᠳᠠᠯ᠂ ᠪᠠᠴᠢᠮ ᠡᠮᠴᠢᠯᠡᠭᠡ ᠵᠢᠨ ᠵᠠᠷᠤᠳᠠᠯ᠎ᠢ ᠬᠢᠵᠢᠭ᠎ᠤᠨ ᠪᠠᠶ᠋ᠢᠳᠠᠯ᠎ᠢ ᠬᠦᠴᠦᠨ ᠦᠭᠡᠢ ᠪᠣᠯᠭ᠋ᠠᠭᠰᠠᠨ᠎ᠤ ᠳᠠᠷᠠᠭ᠎ᠠ ᠳᠠᠩᠰᠠ ᠲᠠᠶ᠋ᠢᠯᠵᠤ ᠪᠣᠯᠤᠨ᠎ᠠ᠃ 2019 ᠣᠨ᠎ᠳᠤ ᠡᠭᠦᠰᠦᠭᠰᠡᠨ ᠡᠮᠴᠢᠯᠡᠭᠡᠨ᠎ᠤ ᠵᠠᠷᠤᠳᠠᠯ᠎ᠤᠨ ᠲᠠᠩᠰᠠ ᠲᠠᠶ᠋ᠢᠯᠬᠤ ᠳᠠᠭᠤᠰᠬᠤ ᠴᠠᠭ᠎ᠢ 2020 ᠣᠨ᠎ᠤ 6 ᠰᠠᠷ᠎ᠠ ᠵᠢᠨ 30᠎ᠤ ᠡᠳᠦᠷ ᠪᠣᠯᠲᠠᠯ᠎ᠠ ᠨᠢᠭᠡᠳᠦᠯᠲᠡᠶ ᠤᠷᠲᠤᠳᠬᠠᠨ᠎ᠠ᠃
(ᠭᠤᠷᠪᠠ) ᠴᠡᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢ ᠭᠤᠶᠤᠴᠢᠯᠠᠨ ᠮᠡᠳᠡᠭᠦᠯᠬᠦ ᠪᠠ ᠬᠣᠪᠢᠷᠠᠭᠤᠯᠬᠤ
ᠴᠡᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢ ᠭᠤᠶᠤᠴᠢᠯᠠᠨ ᠮᠡᠳᠡᠭᠦᠯᠬᠦ ᠪᠠ ᠲᠤᠬᠠᠶ᠋ᠢᠯᠠᠭᠰᠠᠨ ᠠᠵᠢᠯ ᠵᠶ᠋ᠠᠨ ᠬᠤᠪᠢᠷᠠᠭᠤᠯᠬᠤ ᠶᠠᠪᠤᠳᠠᠯ᠎ᠢ ᠬᠣᠶ᠋ᠢᠰᠢᠯᠠᠭᠤᠯᠤᠨ ᠭᠦᠢ᠍ᠴᠡᠳᠭᠡᠵᠦ᠂ ᠪᠣᠳᠠᠲᠠᠶ ᠭᠦᠢ᠍ᠴᠡᠳᠬᠡᠬᠦ ᠬᠤᠭᠤᠴᠠᠭ᠎ᠠ ᠵᠢ ᠬᠢᠵᠢᠭ᠎ᠤᠨ ᠪᠠᠢ᠌ᠳᠠᠯ ᠲᠣᠭᠲᠠᠭᠤᠨ ᠪᠣᠯᠤᠭᠰᠠᠨ᠎ᠤ ᠳᠠᠷᠠᠭ᠎ᠠ ᠲᠤᠰᠲᠤᠨᠢ ᠮᠡᠳᠡᠭᠳᠡᠬᠦ ᠬᠡᠷᠡᠭᠲᠡᠶ᠃
(ᠲᠦᠷᠪᠡ) ᠬᠤᠪᠢ ᠬᠥᠮᠦᠨ᠎ᠤ ᠳᠠᠩᠰᠠ ᠵᠢ ᠺᠠᠷᠲ ᠰᠠᠭᠤᠳᠬᠠᠬᠤ
ᠬᠤᠪᠢ ᠬᠥᠮᠦᠨ᠎ᠤ ᠳᠠᠩᠰᠠᠨ᠎ᠳᠤ ᠲᠡᠮᠳᠡᠭᠯᠡᠭᠦᠯᠦᠭᠰᠡᠨ ᠺᠠᠷᠲ ᠰᠠᠭᠤᠳᠬᠠᠬᠤ ᠲᠤᠬᠠᠶ᠋ᠢᠯᠠᠭᠰᠠᠨ ᠠᠵᠢᠯ᠎ᠢ ᠬᠣᠶ᠋ᠢᠰᠢᠯᠠᠭᠤᠯᠤᠨ ᠭᠦᠢ᠍ᠴᠡᠳᠭᠡᠵᠦ᠂ ᠪᠣᠳᠠᠲᠠᠶ ᠭᠦᠢ᠍ᠴᠡᠳᠬᠡᠬᠦ ᠴᠠᠭ᠎ᠢ ᠬᠢᠵᠢᠭ᠎ᠤᠨ ᠪᠠᠶ᠋ᠢᠳᠠᠯ ᠲᠣᠭᠲᠠᠭᠤᠨ ᠪᠣᠯᠤᠭᠰᠠᠨ᠎ᠤ ᠲᠠᠷᠠᠭ᠎ᠠ ᠠᠰᠲᠤᠨᠢ ᠮᠡᠳᠡᠭᠳᠡᠨ᠎ᠡ᠃
ᠵᠢᠷᠭᠤᠭ᠎ᠠ᠂ ᠡᠮ᠎ᠤᠨ ᠬᠡᠮᠵᠢᠶ᠎ᠡ ᠵᠢ ᠠᠭᠤᠵᠢᠭᠤ ᠪᠣᠯᠭ᠋ᠠᠵᠤ 《ᠠᠷᠠᠳ᠎ᠲᠤ ᠲᠥᠬᠥᠮ ᠦᠵᠡᠭᠦᠯᠬᠦ》
(ᠨᠢᠭᠡ) ᠴᠢᠰᠤᠨ ᠳᠠᠷᠤᠯᠲᠠ ᠥᠨᠳᠥᠷ᠂ ᠰᠢᠬᠢᠷ ᠰᠢᠵᠢᠩ ᠡᠪᠡᠳᠴᠢᠨ
ᠴᠢᠰᠤᠨ ᠳᠠᠷᠤᠯᠲᠠ ᠥᠨᠳᠥᠷ᠂ ᠴᠢᠰᠤᠨ ᠳᠠᠷᠤᠯᠲᠠ ᠥᠨᠳᠥᠷ Ⅲ ᠬᠤᠭᠤᠴᠠᠭ᠎ᠠ᠂ ᠰᠢᠬᠢᠷ ᠰᠢᠵᠢᠩ ᠡᠪᠡᠳᠴᠢᠨ᠂ ᠰᠢᠬᠢᠷ ᠰᠢᠵᠢᠩ ᠡᠪᠡᠳᠴᠢᠨ᠎ᠤ ᠬᠠᠪᠰᠤᠷᠤᠮᠠᠯ ᠡᠪᠡᠳᠴᠢᠨ ᠵᠡᠷᠭᠡ ᠳᠥᠷᠪᠡᠨ ᠲᠥᠷᠥᠯ᠎ᠤᠨ ᠤᠳᠠᠭ᠋ᠠᠨ ᠴᠢᠨᠠᠷᠲᠠᠶ ᠡᠪᠡᠳᠴᠢᠲᠡᠨ ᠲᠣᠭᠲᠠᠭᠰᠠᠨ ᠡᠮᠴᠢᠯᠡᠭᠡᠨ᠎ᠤ ᠪᠠᠶ᠋ᠢᠭᠤᠯᠤᠮᠵᠢ᠎ᠠᠴᠠ ᠡᠮ ᠬᠤᠳᠠᠯᠳᠤᠨ ᠠᠪᠬᠤ᠎ᠳᠤ ᠤᠳᠠᠭ᠋ᠠᠨ ᠴᠢᠨᠠᠷᠳᠠᠢ ᠡᠪᠡᠳᠴᠢᠨ᠎ᠤ ᠵᠣᠷ᠎ᠲᠤ ᠬᠡᠷᠡᠭᠯᠡᠬᠦ ᠡᠮ᠎ᠤᠨ ᠬᠡᠮᠵᠢᠶ᠎ᠡ ᠵᠢ ᠭᠤᠷᠪᠠᠨ ᠰᠠᠷ᠎ᠠ ᠪᠣᠯᠲᠠᠯ᠎ᠠ ᠠᠭᠤᠵᠢᠭᠤ ᠲᠠᠯᠪᠢᠵᠦ ᠪᠣᠯᠤᠨ᠎ᠠ᠃
(ᠬᠣᠶᠠᠷ) ᠪᠤᠰᠤᠳ ᠤᠳᠠᠭ᠋ᠠᠨ ᠴᠢᠨᠠᠷᠲᠠᠶ ᠡᠪᠡᠳᠴᠢᠨ
ᠳᠡᠭᠡᠷ᠎ᠡ ᠳᠤᠷᠠᠳᠤᠭᠰᠠᠨ ᠳᠥᠷᠪᠡᠨ ᠡᠪᠡᠳᠴᠢᠨ᠎ᠤ ᠲᠥᠷᠥᠯ᠎ᠠᠴᠠ ᠭᠠᠳᠠᠨ᠎ᠠ᠂ ᠪᠤᠰᠤᠳ ᠤᠳᠠᠭ᠋ᠠᠨ ᠴᠢᠨᠠᠷᠲᠠᠶ ᠡᠪᠡᠳᠴᠢᠲᠡᠨ ᠲᠣᠭᠲᠠᠭᠰᠠᠨ ᠡᠮᠴᠢᠯᠡᠭᠡᠨ᠎ᠤ ᠪᠠᠶ᠋ᠢᠭᠤᠯᠤᠮᠵᠢ᠎ᠠᠴᠠ ᠡᠮ ᠬᠤᠳᠠᠯᠳᠤᠨ ᠠᠪᠬᠤ᠎ᠳᠤ ᠤᠳᠠᠭ᠋ᠠᠨ ᠴᠢᠨᠠᠷᠲᠠᠶ ᠡᠪᠡᠳᠴᠢᠨ᠎ᠤ ᠵᠣᠷ᠎ᠲᠤ ᠬᠡᠷᠡᠭᠯᠡᠬᠦ ᠡᠮ᠎ᠤᠨ ᠬᠡᠮᠵᠢᠶ᠎ᠡ ᠵᠢ ᠬᠣᠶᠠᠷ ᠰᠠᠷ᠎ᠠ ᠪᠣᠯᠭ᠋ᠠᠨ ᠠᠭᠤᠵᠢᠭᠤ ᠲᠠᠯᠪᠢᠵᠤ ᠪᠣᠯᠤᠨ᠎ᠠ᠃
ᠳᠣᠯᠣᠭ᠎ᠠ᠂ ᠮᠠᠲ᠋ᠧᠷᠢᠶᠠᠯ᠎ᠢ 《ᠰᠢᠤᠳᠠᠨ ᠵᠶ᠋ᠠᠷ ᠢᠯᠡᠭᠡᠬᠦ》
ᠬᠤᠪᠢ ᠬᠥᠮᠦᠨ᠎ᠤ ᠣᠷᠤᠯᠠᠨ ᠥᠭᠭᠦᠭᠰᠡᠨ ᠡᠮᠴᠢᠯᠡᠭᠡᠨ᠎ᠤ ᠵᠠᠷᠤᠳᠠᠯ᠎ᠨᠢ ᠨᠡᠯᠢᠶᠡᠳ ᠶᠡᠬᠡ ᠵᠢᠴᠢ ᠦᠷᠡᠵᠢᠯ᠎ᠤᠨ ᠨᠦᠬᠦᠪᠦᠷᠢ ᠮᠥᠩᠭᠥ ᠠᠪᠬᠤ᠎ᠪᠠᠷ ᠭᠤᠶᠤᠴᠢᠯᠠᠭᠰᠠᠨ ᠪᠠᠢ᠌ᠪᠠᠯ᠂ ᠡᠮᠴᠢᠯᠡᠭᠡᠨ᠎ᠤ ᠵᠠᠷᠤᠳᠠᠯ᠎ᠤᠨ ᠲᠠᠩᠰᠠ ᠲᠠᠶ᠋ᠢᠯᠬᠤ ᠬᠠᠮᠢᠶ᠎ᠠ ᠪᠥᠬᠥᠶ ᠮᠠᠲ᠋ᠧᠷᠢᠶᠠᠯ᠎ᠢ ᠥᠪᠥᠷ ᠮᠣᠩᠭᠣᠯ᠎ᠤᠨ ᠬᠦᠬᠡᠬᠤᠳᠠ ᠵᠢᠨ ᠰᠠᠶ᠋ᠢᠬᠠᠨ ᠲᠣᠭᠣᠷᠢᠭ᠎ᠤᠨ ᠴᠡᠯᠡᠭᠡᠷ ᠲᠠᠯ᠎ᠠ ᠶᠡᠬᠡ ᠵᠡᠭᠡᠯᠢ ᠵᠢᠨ 6 ᠳ᠋ᠤᠭ᠋ᠠᠷ ᠨᠣᠮᠧᠷᠲᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ ᠵᠢᠨ 13 ᠳ᠋ᠤᠭ᠋ᠠᠷ ᠲᠠᠪᠬᠤᠷᠭ᠎ᠠ ᠵᠢᠨ 7 ᠳ᠋ᠤᠭ᠋ᠠᠷ ᠴᠣᠩᠬᠤᠪᠴᠢ᠎ᠳᠤ ᠢᠯᠡᠭᠡᠵᠦ ᠪᠣᠯᠤᠨ᠎ᠠ᠃
ᠬᠦᠯᠢᠶᠡᠨ ᠠᠪᠤᠭᠴᠢ᠄ ᠯᠢᠦ ᠴᠢᠨ
ᠤᠲᠠᠰᠤ᠄ 5332439
ᠰᠢᠦᠳᠠᠨ ᠨᠣᠮᠧᠷ᠄ 010020
ᠨᠠᠢ᠍ᠮᠠ᠂ ᠭᠠᠷᠲᠠᠨ ᠬᠦᠢ᠍ᠴᠡᠳᠭᠡᠬᠦ ᠬᠠᠷᠢᠯᠴᠠᠬᠤ ᠤᠲᠠᠰᠤ
1᠂ ᠡᠮᠴᠢᠯᠡᠭᠡᠨ᠎ᠤ ᠵᠠᠷᠤᠳᠠᠯ᠎ᠤᠨ ᠲᠠᠩᠰᠠ ᠲᠠᠶ᠋ᠢᠯᠬᠤ ᠲᠤᠬᠠᠶ᠋ᠢᠯᠠᠭᠰᠠᠨ ᠠᠵᠢᠯ᠄ ᠯᠢᠦ ᠴᠢᠨ 5332439
2᠂ ᠡᠮᠴᠢᠯᠡᠭᠡᠨ᠎ᠤ ᠵᠠᠷᠤᠳᠠᠯ᠎ᠢ ᠳᠥᠯᠥᠬᠦ ᠲᠤᠬᠠᠶ ᠯᠠᠪᠯᠠᠭ᠎ᠠ᠄ ᠱ᠌ᠢ ᠸᠧᠶ 6606246
3᠂ ᠴᠡᠭ ᠲᠣᠭᠲᠠᠭ᠋ᠠᠨ ᠠᠪᠤᠷᠠᠨ ᠡᠮᠴᠢᠯᠡᠬᠦ ᠪᠠᠶ᠋ᠢᠭᠤᠯᠤᠮᠵᠢ ᠵᠢᠨ ᠵᠠᠷᠤᠳᠠᠯ᠎ᠢ ᠰᠠᠯᠭ᠋ᠠᠨ ᠦᠭᠬᠦ᠄ ᠹᠸᠩ ᠱᠠᠨ 6606185
4᠂ ᠰᠠᠭᠤᠷᠢ ᠮᠥᠩᠭᠥᠨ᠎ᠤ ᠬᠠᠮᠢᠶᠠᠷᠤᠯᠲᠠ ᠵᠢᠨ ᠭᠠᠵᠠᠷ᠄ ᠯᠢᠦ ᠵᠢᠶᠦ᠋ᠨ 6606155
5᠂ ᠳᠠᠩᠰᠠᠯᠠᠭᠤᠯᠵᠤ ᠭᠦᠴᠡᠳᠭᠡᠬᠦ ᠴᠣᠩᠬᠤᠪᠴᠢ᠄ ᠰᠦᠨ ᠶᠠᠨ ᠸᠧᠶ 5332436
ᠪᠦᠦ ᠬᠣᠩ ᠮᠧᠶ 5332440 ᠰᠢᠤᠢ ᠵᠢᠶᠠᠨ ᠸᠧᠶ 5332434
6᠂ ᠴᠥᠮ᠎ᠡ ᠵᠢᠨ ᠬᠢᠨᠠᠨ ᠪᠤᠳᠤᠬᠤ ᠭᠠᠵᠠᠷ᠎ᠤᠨ ᠭᠠᠷᠳᠠᠨ ᠬᠢᠬᠦ ᠴᠣᠩᠬᠣ᠄
ᠭᠦᠸᠧ ᠮᠢᠶᠣᠣ 5332437 ᠴᠧᠨ ᠶᠠᠨ ᠵᠢᠶᠦ᠋ᠨ 5332435
7᠂ ᠶᠡᠷᠦᠩᠬᠡᠶ᠋ᠢᠯᠡᠭᠰᠡᠨ ᠲᠤᠬᠠᠶ᠋ᠢᠯᠠᠭᠰᠠᠨ ᠠᠵᠢᠯ᠎ᠤᠨ ᠭᠠᠵᠠᠷ᠎ᠤᠨ ᠭᠠᠷᠳᠠᠨ ᠬᠢᠬᠦ ᠴᠣᠩᠬᠤᠪᠴᠢ᠄ 5332438
ᠶᠡᠷᠦᠩᠬᠡᠶ᠋ᠢᠯᠡᠭᠰᠡᠨ ᠲᠤᠬᠠᠶ᠋ᠢᠯᠠᠭᠰᠠᠨ ᠠᠵᠢᠯ᠎ᠤᠨ ᠭᠠᠵᠠᠷ᠄ 6606230᠂ 6606240᠂ 6606294
8᠂ ᠣᠷᠣᠯᠠᠨ ᠬᠠᠮᠢᠶᠠᠷᠬᠤ ᠲᠠᠪᠴᠠᠩ᠎ᠤᠨ ᠠᠵᠢᠯ
(1) ᠠᠵᠢᠯ ᠲᠠᠨᠢᠯᠴᠠᠭᠤᠯᠭ᠎ᠠ ᠵᠢᠨ ᠰᠢᠯᠵᠢᠯᠲᠡ ᠵᠢᠨ ᠣᠷᠣᠯᠠᠨ ᠬᠠᠮᠢᠶᠠᠷᠬᠤ ᠲᠠᠪᠴᠠᠩ
ᠭᠠᠷᠳᠠᠨ ᠬᠢᠭᠴᠢ᠄ ᠹᠦ᠋ ᠶᠤᠸᠠᠨ
ᠤᠲᠠᠰᠤ᠄ 6606317 18604881236
(2) ᠪᠠᠶ᠋ᠢᠭᠤᠯᠤᠯ᠎ᠤᠨ ᠥᠭᠡᠷᠡᠴᠢᠯᠡᠯᠲᠡ ᠵᠢᠨ ᠰᠠᠯᠭ᠋ᠠᠨ ᠲᠣᠬᠢᠷᠠᠭᠤᠯᠤᠯᠲᠠ ᠵᠢ ᠣᠷᠣᠯᠠᠨ ᠬᠠᠮᠢᠶᠠᠷᠬᠤ ᠲᠠᠪᠴᠠᠩ
ᠭᠠᠷᠳᠠᠨ ᠬᠢᠭᠴᠢ᠄ ᠯᠢᠦ ᠷᠠᠨ
ᠤᠲᠠᠰᠤ᠄ 6606245 18647117222
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠳᠠᠭ᠋ᠠᠳᠬᠠᠯ᠎ᠤᠨ
ᠬᠠᠮᠢᠶᠠᠷᠤᠯᠲᠠ ᠵᠢᠨ ᠲᠤᠪᠴᠢᠶ᠎ᠠ
2020 ᠣᠨ᠎ᠤ 2 ᠰᠠᠷ᠎ᠠ ᠵᠢᠨ 8᠎ᠤ ᠡᠳᠦᠷ