ᠡᠮᠴᠢᠯᠡᠭᠡᠨ᠎ᠤ ᠪᠠᠲᠤᠯᠠᠭ᠎ᠠ ᠵᠢᠨ ᠳᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠲᠤᠬᠠᠶ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠰᠢᠢ᠍ᠳᠪᠦᠷᠢᠳᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠨᠠᠢ᠌ᠳᠠᠪᠦᠷᠢᠵᠢᠭᠤᠯᠬᠤ ᠵᠢᠨ ᠲᠥᠯᠥᠭᠡ᠂ ᠶᠡᠷᠦᠩᠬᠡᠢ᠎ᠳᠡᠭᠡᠨ ᠡᠪᠡᠳᠴᠢᠲᠡᠨ᠎ᠤ ᠳᠠᠷᠤᠭ᠋ᠠᠰᠤ ᠵᠢ ᠨᠡᠮᠡᠭᠳᠡᠭᠦᠯᠬᠦ ᠦᠭᠡᠢ ᠤᠷᠢᠲᠠᠯ ᠳᠣᠣᠷ᠎ᠠ᠂ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢᠨ ᠬᠥᠳᠡᠯᠦᠩᠭᠦᠢ ᠲᠣᠬᠢᠷᠠᠭᠤᠯᠤᠯᠲᠠ ᠵᠢ ᠴᠢᠩᠭ᠋ᠠᠳᠬᠠᠵᠤ᠂ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢ ᠰᠢᠯᠢᠳᠡᠭᠵᠢᠭᠦᠯᠬᠦ ᠵᠢ ᠬᠠᠶ᠋ᠢᠨ ᠰᠦᠪᠡᠭᠴᠢᠯᠡᠵᠦ᠂ ᠰᠢᠨᠵᠢᠯᠡᠬᠦ ᠤᠬᠠᠭ᠋ᠠᠨᠴᠢ ᠵᠦᠶ ᠵᠣᠬᠢᠰᠲᠠᠶ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢ ᠬᠥᠳᠡᠯᠦᠩᠭᠦᠶ᠎ᠪᠠᠷ ᠲᠣᠬᠢᠷᠠᠭᠤᠯᠬᠤ ᠲᠣᠭᠲᠠᠴᠠ ᠵᠢ ᠪᠠᠶ᠋ᠢᠭᠤᠯᠬᠤ ᠵᠢ ᠠᠬᠢᠭᠤᠯᠵᠤ᠂ 《 〈ᠣᠳᠣᠬᠠᠨ᠎ᠤ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢ ᠬᠥᠳᠡᠯᠦᠩᠭᠦᠶ᠎ᠪᠠᠷ ᠳᠣᠭᠢᠷᠠᠭᠤᠯᠬᠤ ᠠᠵᠢᠯ᠎ᠢ ᠰᠠᠶ᠋ᠢᠲᠤᠷ ᠬᠢᠬᠦ ᠲᠤᠬᠠᠶ ᠰᠠᠨᠠᠯ〉᠎ᠢ ᠳᠠᠷᠤᠮᠠᠯᠯᠠᠨ ᠲᠠᠷᠬᠠᠭ᠋ᠠᠬᠤ ᠲᠤᠬᠠᠶ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠤᠪᠴᠢᠶ᠎ᠠ ᠤᠯᠤᠰ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ ᠡᠳ᠋᠎ᠤᠨ ᠵᠠᠰᠠᠭ᠎ᠤᠨ ᠶᠠᠮᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠶ ᠲᠣᠪᠴᠢᠶ᠎ᠠ ᠵᠢᠨ ᠮᠡᠳᠡᠭᠳᠡᠯ》 (ᠡᠮᠴᠢᠯᠡᠭᠡ ᠪᠠᠲᠤᠯᠠᠭ᠎ᠠ ᠲᠠᠷᠬᠠᠭ᠋ᠠᠭᠰᠠᠨ [2019] 79 ᠳ᠋ᠤᠭᠡᠷ ᠲᠣᠭ᠋ᠠᠲᠤ)᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠤ ᠪᠠᠢ᠌ᠳᠠᠯ᠎ᠲᠠᠢ ᠤᠶᠠᠯᠳᠤᠭᠤᠯᠤᠨ᠂ ᠲᠣᠰ ᠬᠡᠷᠡᠭᠵᠢᠭᠦᠯᠬᠦ ᠰᠠᠨᠠᠯ᠎ᠢ ᠲᠤᠭᠳᠠᠭ᠋ᠠᠪᠠ᠃
ᠨᠢᠭᠡ᠂ ᠶᠡᠷᠦᠩᠬᠡᠶ ᠱᠠᠭ᠋ᠠᠷᠳᠠᠯᠭ᠎ᠠ
(ᠨᠢᠭᠡ) ᠵᠢᠯᠣᠭᠣᠳᠬᠤ ᠦᠵᠡᠯ ᠰᠠᠨᠠᠭ᠎ᠠ
ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠵᠤ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠠ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠬᠤᠶᠠᠳᠤᠭ᠋ᠠᠷ᠂ ᠭᠤᠷᠪᠠᠳᠤᠭ᠋ᠠᠷ᠂ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢ᠍ᠳᠠᠪᠤᠷᠢᠵᠢᠭᠤᠯᠬᠤ᠂ ᠠᠷᠠᠳ ᠲᠦᠮᠡᠨ᠎ᠤ ᠡᠷᠡᠭᠦᠯ ᠮᠡᠨᠳᠦ᠎ᠪᠠᠷ ᠭᠣᠤᠯ ᠪᠣᠯᠭ᠋ᠠᠵᠤ᠂ ᠡᠬᠢ ᠪᠠᠶᠠᠯᠢᠭ᠎ᠤᠨ ᠲᠣᠬᠢᠷᠠᠭᠤᠯᠤᠯᠲᠠ᠎ᠳᠤ ᠵᠠᠬ᠎ᠠ ᠳᠡᠯᠭᠡᠭᠦᠷ᠎ᠤᠨ ᠰᠢᠢ᠍ᠳᠪᠦᠷᠢᠯᠡᠭᠴᠢ ᠴᠢᠨᠠᠷᠲᠠᠶ ᠦᠢ᠍ᠯᠡᠳᠦᠯ ᠦᠵᠡᠭᠦᠯᠬᠦ ᠪᠠ ᠵᠠᠰᠠᠭ᠎ᠤᠨ ᠣᠷᠳᠣᠨ᠎ᠤ ᠭᠣᠣᠯᠯᠠᠬᠤ ᠦᠢ᠍ᠯᠡᠳᠦᠯ᠎ᠢ ᠨᠡᠩ ᠰᠠᠶ᠋ᠢᠨ ᠪᠠᠳᠠᠷᠠᠭᠤᠯᠬᠤ᠎ᠲᠠᠢ ᠨᠢᠭᠲᠠ ᠤᠶᠠᠯᠳᠤᠭᠤᠯᠤᠨ᠂ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢᠨ ᠬᠠᠮᠢᠶᠠᠷᠤᠯᠲᠠ ᠵᠢᠨ ᠰᠢᠰᠲ᠋ᠧᠮ᠎ᠢ ᠦᠷᠭᠦᠯᠵᠢᠯᠡᠨ ᠲᠡᠭᠦᠯᠳᠡᠷᠵᠢᠭᠦᠯᠵᠦ᠂ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢ ᠬᠥᠳᠡᠯᠦᠩᠭᠦᠶ᠎ᠪᠠᠷ ᠲᠣᠬᠢᠷᠠᠭᠤᠯᠬᠤ ᠲᠣᠭᠲᠠᠴᠠ ᠵᠢ ᠲᠦᠷᠭᠡᠳᠭᠡᠨ ᠪᠠᠶ᠋ᠢᠭᠤᠯᠵᠤ᠂ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢ ᠲᠣᠬᠢᠷᠠᠭᠤᠯᠤᠨ ᠰᠢᠯᠢᠳᠡᠭᠵᠢᠭᠦᠯᠬᠦ ᠵᠢ ᠯᠠᠪᠳᠠᠭᠤᠨ ᠵᠶ᠋ᠠᠷ ᠲᠦᠯᠬᠢᠨ ᠠᠬᠢᠭᠤᠯᠵᠤ᠂ ᠡᠮᠴᠢᠯᠡᠭᠡᠨ᠎ᠤ ᠦᠢ᠍ᠯᠡᠴᠢᠯᠡᠭᠡᠨ᠎ᠤ ᠬᠠᠷᠢᠴᠠᠯ ᠦᠨ᠎ᠡ ᠵᠢᠨ ᠬᠠᠷᠢᠴᠠᠭ᠎ᠠ ᠵᠢ ᠰᠢᠯᠤᠭᠤᠳᠬᠠᠵᠤ᠂ ᠡᠮᠴᠢᠯᠡᠭᠡᠨ᠎ᠤ ᠮᠡᠷᠭᠡᠵᠢᠯ᠎ᠤᠨ ᠳᠠᠪᠰᠢᠯᠲᠠ ᠵᠢ ᠲᠡᠮᠵᠢᠨ᠎ᠡ᠃ ᠮᠡᠷᠭᠡᠵᠢᠯ᠎ᠤᠨ ᠬᠥᠳᠡᠯᠮᠦᠷᠢ ᠦᠢ᠍ᠡᠯᠴᠢᠯᠡᠭᠡᠨᠤ ᠦᠨ᠎ᠡ ᠥᠷᠲᠡᠭ᠎ᠢ ᠢᠯᠡᠷᠡᠭᠦᠯᠵᠦ᠂ ᠠᠷᠠᠳ ᠣᠯᠠᠨ᠎ᠳᠤ ᠨᠡᠩ ᠦᠨ᠎ᠡ ᠥᠷᠲᠡᠭ᠎ᠲᠠᠢ᠂ ᠨᠡᠩ ᠥᠨᠳᠥᠷ ᠦᠷ᠎ᠡ ᠪᠦᠲᠦᠮᠵᠢ᠎ᠲᠠᠢ ᠡᠮᠴᠢᠯᠡᠭᠡᠨ᠎ᠤ ᠦᠢ᠍ᠯᠡᠴᠢᠯᠡᠭᠡ ᠬᠠᠩᠬᠠᠬᠤ ᠵᠢ ᠳᠡᠮᠵᠢᠵᠤ᠂ ᠡᠮᠴᠢᠯᠡᠭᠡᠨ᠎ᠤ ᠡᠬᠢ ᠪᠠᠶᠠᠯᠢᠭ᠎ᠢ ᠰᠢᠯᠢᠳᠡᠭᠵᠢᠭᠦᠯᠦᠨ ᠲᠣᠬᠢᠷᠠᠭᠤᠯᠬᠤ ᠵᠢ ᠠᠬᠢᠭᠤᠯᠵᠤ᠂ ᠡᠮᠴᠢᠯᠡᠭᠡᠨ᠎ᠤ ᠪᠠᠢ᠌ᠭᠤᠯᠤᠮᠵᠢ ᠵᠢᠨ ᠰᠠᠨᠠᠭ᠋ᠠᠴᠢᠯᠠᠭ᠎ᠠ᠎ᠠᠴᠠ᠎ᠪᠠᠨ ᠦᠢ᠍ᠯᠡᠴᠢᠯᠡᠭᠡᠨ᠎ᠤ ᠦᠢ᠍ᠯᠡ ᠠᠵᠢᠯᠯᠠᠭ᠎ᠠ ᠵᠢ ᠵᠢᠷᠤᠮᠵᠢᠭᠤᠯᠬᠤ᠂ ᠡᠮᠴᠢᠯᠡᠭᠡᠨ᠎ᠤ ᠠᠵᠢᠯ ᠲᠥᠷᠥᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠤᠨ᠎ᠠ᠃
(ᠬᠣᠶᠠᠷ) ᠦᠨᠳᠦᠰᠦᠨ ᠵᠠᠷᠴᠢᠮ
ᠵᠠᠰᠠᠭ᠎ᠤᠨ ᠣᠷᠳᠣᠨ ᠵᠶ᠋ᠠᠷ ᠭᠣᠤᠯᠯᠠᠭᠤᠯᠵᠤ᠂ ᠵᠠᠬ᠎ᠠ ᠳᠡᠯᠭᠡᠭᠦᠷ᠎ᠢ ᠪᠦᠷᠢᠯᠳᠦᠭᠦᠯᠬᠦ ᠵᠢ ᠪᠠᠷᠢᠮᠲᠠᠯᠠᠨ᠎ᠠ᠃ ᠡᠮᠴᠢᠯᠡᠭᠡᠨ᠎ᠤ ᠥᠷᠲᠡᠭ ᠵᠶ᠋ᠠᠷ ᠤᠳᠤᠷᠢᠳᠤᠮᠵᠢ ᠪᠣᠯᠭ᠋ᠠᠵᠤ᠂ ᠦᠢ᠍ᠯᠡᠴᠢᠯᠡᠭᠡᠨ᠎ᠤ ᠥᠪᠡᠷ᠎ᠤᠨ ᠥᠷᠲᠡᠭ ᠵᠶ᠋ᠠᠷ ᠰᠠᠭᠤᠷᠢ ᠪᠣᠯᠭ᠋ᠠᠵᠤ᠂ ᠰᠢᠨᠵᠢᠯᠡᠬᠦ ᠤᠬᠠᠭ᠋ᠠᠨᠴᠢ ᠠᠷᠭ᠎ᠠ᠎ᠪᠠᠷ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢᠨ ᠬᠥᠳᠡᠯᠦᠯ ᠪᠠᠶ᠋ᠢᠳᠠᠯ᠎ᠤᠨ ᠲᠣᠬᠢᠷᠠᠭᠤᠯᠤᠯᠲᠠ ᠵᠢ ᠠᠬᠢᠭᠤᠯᠵᠤ᠂ ᠡᠮᠴᠢᠯᠡᠭᠡᠨ᠎ᠤ ᠪᠠᠶ᠋ᠢᠭᠤᠯᠤᠮᠵᠢ ᠵᠢᠨ ᠴᠢᠳᠠᠮᠵᠢ ᠵᠢᠨ ᠪᠠᠶ᠋ᠢᠷᠢ ᠲᠣᠭᠲᠠᠭ᠋ᠠᠯᠲᠠ ᠪᠣᠯᠤᠨ ᠲᠤᠰᠬᠠᠶ ᠮᠡᠷᠭᠡᠵᠢᠯ᠎ᠤᠨ ᠳᠠᠪᠠᠭᠤᠯᠢᠭ᠎ᠢ ᠭᠦᠢ᠍ᠴᠡᠳ ᠪᠠᠳᠠᠷᠠᠭᠤᠯᠵᠤ᠂ ᠡᠮᠴᠢᠯᠡᠭᠡᠨ᠎ᠤ ᠪᠠᠶ᠋ᠢᠭᠤᠯᠤᠮᠵᠢ ᠵᠢᠨ ᠦᠨ᠎ᠡ ᠬᠠᠩᠰᠢ ᠵᠢ ᠲᠣᠬᠢᠷᠠᠭᠤᠯᠬᠤ ᠤᠬᠠᠮᠰᠠᠷ ᠪᠠ ᠡᠮᠬᠢ ᠵᠢᠷᠤᠮ᠎ᠲᠠᠢ ᠦᠷᠢᠰᠦᠯᠳᠦᠭᠡᠨ᠎ᠢ ᠬᠥᠭᠵᠢᠭᠡᠨ᠎ᠡ᠃
ᠶᠡᠷᠦᠩᠬᠡᠶ ᠬᠡᠮᠵᠢᠶ᠎ᠡ ᠵᠢ ᠬᠢᠵᠠᠭ᠋ᠠᠷᠯᠠᠵᠤ᠂ ᠪᠦᠲᠦᠴᠡ ᠵᠢᠨ ᠲᠣᠬᠢᠷᠠᠭᠤᠯᠤᠯᠲᠠ ᠵᠢ ᠪᠠᠷᠢᠮᠲᠠᠯᠠᠨ᠎ᠠ᠃ ᠭᠠᠵᠠᠷ ᠣᠷᠣᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ᠂ ᠡᠳ᠋᠎ᠤᠨ ᠵᠠᠰᠠᠭ᠎ᠤᠨ ᠣᠷᠣᠭᠤᠯᠤᠯᠲᠠ ᠵᠢᠨ ᠨᠥᠬᠥᠪᠥᠷᠢ᠂ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠥ ᠵᠢᠨ ᠣᠷᠣᠯᠭ᠎ᠠ ᠵᠠᠷᠤᠯᠭ᠎ᠠ᠂ ᠡᠮᠴᠢᠯᠡᠭᠡᠨ᠎ᠤ ᠵᠠᠷᠤᠳᠠᠯ᠎ᠤᠨ ᠨᠡᠮᠡᠭᠳᠡᠯ ᠵᠡᠷᠭᠡ ᠬᠦᠴᠦᠨ ᠵᠦᠢ᠍ᠯ᠎ᠢ ᠶᠡᠷᠦᠩᠬᠡᠶ᠋ᠢᠯᠡᠨ ᠪᠣᠳᠣᠯᠬᠢᠯᠠᠵᠤ᠂ ᠦᠨ᠎ᠡ ᠬᠠᠩᠰᠢ ᠲᠣᠬᠢᠷᠠᠭᠤᠯᠬᠤ ᠣᠷᠣᠨ ᠵᠠᠶ ᠵᠢ ᠵᠦᠶ ᠵᠣᠬᠢᠰᠲᠠᠶ ᠲᠣᠭᠲᠠᠭ᠋ᠠᠵᠤ᠂ ᠲᠣᠬᠢᠷᠠᠭᠤᠯᠤᠯᠲᠠ ᠬᠢᠬᠦ ᠲᠥᠷᠥᠯ ᠵᠦᠢ᠍ᠯ᠎ᠢ ᠰᠢᠯᠢᠨ ᠰᠣᠩᠭᠣᠵᠤ᠂ ᠲᠤᠬᠢᠷᠠᠭᠤᠯᠤᠨ ᠳᠡᠭᠡᠭᠰᠢᠯᠡᠭᠦᠯᠬᠦ᠂ ᠲᠤᠬᠢᠷᠠᠭᠤᠯᠤᠨ ᠪᠠᠭᠤᠷᠠᠭᠤᠯᠬᠤ ᠵᠢ ᠤᠶᠠᠯᠳᠤᠭᠤᠯᠵᠤ᠂ ᠲᠥᠷᠥᠯ ᠵᠦᠢ᠍ᠯ᠎ᠤᠨ ᠦᠨ᠎ᠡ ᠬᠠᠩᠰᠢ ᠵᠢᠨ ᠪᠦᠲᠦᠴᠡ ᠵᠢ ᠬᠦᠴᠦᠯᠡᠨ ᠰᠢᠯᠢᠳᠡᠭᠵᠢᠭᠦᠯᠵᠦ᠂ ᠡᠮᠴᠢᠯᠡᠭᠡᠨ᠎ᠤ ᠦᠢ᠍ᠯᠡᠴᠢᠯᠡᠭᠡ ᠵᠢᠨ ᠠᠳᠠᠯᠢᠳᠬᠠᠯ ᠦᠨ᠎ᠡ ᠵᠢᠨ ᠬᠠᠷᠢᠴᠠᠭ᠎ᠠ ᠵᠢ ᠠᠯᠬᠤᠮ ᠠᠯᠬᠤᠮ ᠵᠶ᠋ᠠᠷ ᠰᠢᠯᠤᠭᠤᠳᠬᠠᠨ᠎ᠠ᠃
ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠵᠢ ᠪᠠᠷᠢᠮᠲᠠᠯᠠᠵᠤ᠂ ᠯᠠᠪᠳᠠᠭᠤᠨ ᠵᠶ᠋ᠠᠷ ᠠᠬᠢᠭᠤᠯᠤᠨ᠎ᠠ᠃ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢ ᠲᠣᠬᠢᠷᠠᠭᠤᠯᠬᠤ᠎ᠳᠤ ᠰᠠᠯᠠᠭ᠎ᠠ ᠮᠥᠴᠢᠷ᠎ᠤᠨ ᠬᠠᠮᠵᠢᠯᠴᠠᠭ᠎ᠠ᠂ ᠲᠥᠷᠥ ᠵᠢᠨ ᠪᠣᠳᠣᠯᠭ᠎ᠠ ᠵᠢᠨ ᠬᠣᠯᠪᠣᠯᠳᠤᠯ ᠪᠣᠯᠤᠨ ᠬᠠᠮᠲᠤ᠎ᠪᠠᠷ ᠪᠠᠶ᠋ᠢᠭᠤᠯᠵᠤ ᠬᠠᠮᠲᠤ᠎ᠪᠠᠷ ᠵᠠᠰᠠᠬᠤ ᠵᠢ ᠴᠢᠩᠭ᠋ᠠᠳᠬᠠᠵᠤ᠂ ᠡᠳ᠋᠎ᠤᠨ ᠵᠠᠰᠠᠭ᠎ᠤᠨ ᠨᠥᠬᠥᠪᠥᠷᠢ᠂ ᠡᠮᠴᠢᠯᠡᠭᠡᠨ᠎ᠤ ᠪᠠᠲᠤᠯᠠᠭ᠎ᠠ ᠥᠭᠬᠦ ᠪᠠ ᠡᠮᠨᠡᠯᠭᠡ ᠵᠢᠨ ᠠᠵᠢᠯᠲᠠᠨ᠎ᠤ ᠴᠠᠯᠢᠩ ᠬᠥᠯᠥᠰᠥ ᠵᠢᠨ ᠳᠦᠷᠢᠮ᠎ᠤᠨ ᠥᠭᠡᠷᠡᠴᠢᠯᠡᠯᠲᠡ ᠵᠡᠷᠭᠡ᠎ᠲᠠᠢ ᠪᠦᠲᠦᠮᠵᠢᠲᠡᠶ ᠵᠣᠯᠭ᠋ᠠᠭᠤᠯᠵᠤ᠂ ᠦᠨ᠎ᠡ ᠬᠠᠩᠰᠢ ᠵᠢ ᠬᠢᠨᠠᠨ ᠬᠡᠮᠵᠢᠵᠦ ᠬᠢᠨᠠᠯᠲᠠ ᠲᠠᠯᠪᠢᠬᠤ ᠪᠠ ᠦᠨ᠎ᠡ ᠬᠠᠩᠰᠢ ᠵᠢ ᠲᠤᠬᠢᠷᠠᠭᠤᠯᠬᠤ ᠲᠦᠭᠰᠢᠭᠦᠷᠢ ᠵᠢ ᠰᠡᠷᠭᠡᠶ᠋ᠢᠯᠡᠨ ᠡᠵᠡᠮᠳᠡᠬᠦ ᠠᠵᠢᠯ᠎ᠢ ᠰᠠᠶ᠋ᠢᠲᠤᠷ ᠬᠢᠵᠦ᠂ ᠲᠣᠭᠲᠠᠭᠤᠨ ᠪᠥᠭᠡᠳ ᠡᠮᠬᠢ ᠵᠢᠷᠤᠮ᠎ᠲᠠᠢ ᠪᠠᠶ᠋ᠢᠬᠤ ᠵᠢ ᠦᠨᠡᠨ ᠬᠦ᠌ ᠪᠠᠲᠤᠯᠠᠨ᠎ᠠ᠃
(ᠭᠤᠷᠪᠠ) ᠭᠣᠤᠯ ᠬᠠᠷᠠᠯᠲᠠ
ᠨᠢᠭᠡ᠂ 2022 ᠣᠨ᠎ᠤ ᠰᠡᠭᠦᠯᠴᠢ ᠪᠣᠯᠬᠤ᠎ᠳᠤ᠂ ᠥᠪᠡᠷᠲᠡᠭᠡᠨ ᠵᠠᠰᠠᠬᠤ ᠣᠷᠣᠨ᠎ᠠᠴᠠ ᠨᠢᠭᠡᠳᠦᠯᠲᠠᠢ ᠵᠢᠯᠤᠭᠤᠳᠤᠭᠰᠠᠨ᠂ ᠡᠯ᠎ᠡ ᠠᠶ᠋ᠢᠮᠠᠭ ᠬᠣᠲᠠ ᠵᠣᠬᠢᠶᠠᠨ ᠪᠠᠶ᠋ᠢᠭᠤᠯᠤᠨ ᠠᠬᠢᠭᠤᠯᠤᠭᠰᠠᠨ᠂ ᠲᠤᠷᠰᠢᠯᠲᠠ ᠵᠢᠨ ᠡᠮᠴᠢᠯᠡᠭᠡᠨ᠎ᠤ ᠪᠠᠶ᠋ᠢᠭᠤᠯᠤᠮᠵᠢ ᠵᠢᠨ ᠰᠢᠨ᠎ᠡ ᠵᠢ
ᠡᠭᠦᠳᠬᠦ ᠵᠢ ᠬᠠᠶ᠋ᠢᠨ ᠰᠦᠪᠡᠭᠴᠢᠯᠡᠭᠰᠡᠨ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢ ᠬᠥᠳᠡᠯᠦᠩᠭᠦᠶ᠎ᠪᠠᠷ ᠳᠣᠭᠢᠷᠠᠭᠤᠯᠬᠤ ᠲᠣᠭᠲᠠᠴᠠ ᠵᠢ ᠠᠩᠬ᠎ᠠ ᠠᠯᠬᠤᠮ ᠪᠠᠶ᠋ᠢᠭᠤᠯᠤᠨ᠎ᠠ᠃ 2025 ᠣᠨ ᠪᠣᠯᠬᠤ᠎ᠳᠤ᠂ ᠲᠣᠭᠲᠠᠴᠠ᠎ᠨᠢ ᠰᠢᠨᠵᠢᠯᠡᠬᠦ ᠤᠬᠠᠭ᠋ᠠᠨᠴᠢ᠂ ᠭᠠᠵᠠᠷ ᠣᠷᠣᠨ᠎ᠨᠢ ᠲᠡᠩᠴᠡᠭᠦᠷᠢᠲᠡᠢ᠂ ᠪᠦᠲᠦᠴᠡ᠎ᠨᠢ ᠰᠢᠯᠢᠳᠡᠭᠵᠢᠭᠰᠡᠨ᠂ ᠦᠨ᠎ᠡ ᠬᠠᠩᠰᠢ᠎ᠨᠢ ᠵᠦᠢ ᠵᠣᠬᠢᠰᠲᠠᠢ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢᠨ ᠬᠥᠳᠡᠯᠦᠩᠭᠦᠢ ᠬᠠᠮᠢᠶᠠᠷᠤᠯᠳᠠ ᠵᠢᠨ ᠰᠢᠨ᠎ᠡ ᠪᠠᠶ᠋ᠢᠷᠢᠰᠢᠯ᠎ᠢ ᠦᠨᠳᠦᠰᠦᠨ᠎ᠳᠡᠭᠡᠨ ᠪᠦᠷᠢᠯᠳᠦᠭᠦᠯᠦᠨ᠎ᠡ᠃
ᠬᠣᠶᠠᠷ᠂ ᠦᠨ᠎ᠡ ᠬᠠᠩᠰᠢ ᠵᠢ ᠲᠣᠬᠢᠷᠠᠭᠤᠯᠬᠤ ᠡᠷᠬᠡ ᠵᠢᠨ ᠬᠡᠪᠴᠢᠶ᠎ᠡ ᠵᠢ ᠲᠣᠳᠤᠷᠬᠠᠢ᠌ᠯᠠᠨ᠎ᠠ
ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢᠨ ᠬᠥᠳᠡᠯᠦᠩᠭᠦᠶ ᠲᠣᠬᠢᠷᠠᠭᠤᠯᠤᠯᠲᠠ ᠵᠢ ᠥᠪᠡᠷᠲᠡᠭᠡᠨ ᠵᠠᠰᠠᠬᠤ ᠣᠷᠣᠨ᠎ᠤ ᠣᠳᠣ ᠵᠢᠨ ᠬᠡᠷᠡᠭᠵᠢᠭᠦᠯᠵᠦ ᠪᠠᠢ᠌ᠭ᠎ᠠ ᠡᠮᠴᠢᠯᠡᠭᠡᠨ᠎ᠤ ᠦᠢ᠍ᠯᠡᠴᠢᠯᠡᠭᠡᠨ᠎ᠤ ᠲᠥᠷᠥᠯ ᠵᠦᠢ᠍ᠯ᠎ᠤᠨ ᠵᠢᠷᠤᠮᠵᠢᠯ ᠪᠠ ᠦᠨ᠎ᠡ ᠬᠠᠩᠰᠢ ᠵᠢᠨ ᠰᠠᠭᠤᠷᠢᠨ ᠳᠡᠭᠡᠷ᠎ᠡ ᠶᠠᠪᠤᠭᠤᠯᠵᠤ᠂ ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠣᠲᠠ ᠱᠠᠲᠤ ᠬᠤᠪᠢᠶᠠᠨ ᠬᠠᠮᠢᠶᠠᠷᠬᠤ ᠵᠢ ᠬᠡᠷᠡᠭᠵᠢᠭᠦᠯᠵᠦ᠂ ᠦᠪᠡᠷᠳᠡᠭᠡᠨ ᠵᠠᠰᠠᠬᠤ ᠣᠷᠣᠨ ᠪᠠ ᠡᠯ᠎ᠡ ᠠᠶ᠋ᠢᠮᠠᠭ ᠬᠣᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠰᠠᠯᠠᠭ᠎ᠠ ᠮᠥᠴᠢᠷ᠎ᠠᠴᠠ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠲᠣᠰ ᠲᠣᠰ ᠨᠢᠭᠡᠳᠦᠯᠲᠡᠶ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠃ ᠡᠭᠦᠨ᠎ᠳᠤ᠂ ᠥᠪᠡᠷᠲᠡᠭᠡᠨ ᠵᠠᠰᠠᠬᠤ ᠣᠷᠣᠨ ᠭᠣᠤᠯᠳᠠᠭᠤ ᠤᠯᠤᠰ᠎ᠤᠨ ᠬᠢᠨᠠᠨ ᠵᠥᠪᠰᠢᠶᠡᠷᠡᠭᠰᠡᠨ ᠦᠨ᠎ᠡ ᠬᠠᠩᠰᠢ ᠵᠢᠨ ᠲᠥᠷᠥᠯ ᠵᠦᠢ᠍ᠯ᠎ᠠᠴᠠ ᠭᠠᠳᠠᠨᠠᠬᠢ ᠪᠦᠬᠦ ᠣᠷᠣᠨ᠎ᠤ ᠡᠯ᠎ᠡ ᠱᠠᠲᠤᠨ᠎ᠤ ᠡᠯ᠎ᠡ ᠲᠥᠷᠥᠯ᠎ᠤᠨ ᠡᠮᠴᠢᠯᠡᠭᠡᠨ᠎ᠤ ᠪᠠᠶ᠋ᠢᠭᠤᠯᠤᠮᠵᠢ ᠵᠢᠨ ᠡᠮᠴᠢᠯᠡᠭᠡᠨ᠎ᠤ ᠦᠢ᠍ᠯᠡᠴᠢᠯᠡᠭᠡᠨ᠎ᠤ ᠲᠥᠷᠥᠯ ᠵᠦᠢ᠍ᠯ᠎ᠤᠨ ᠵᠢᠷᠤᠮᠵᠢᠯ᠂ ᠠᠯᠪᠠᠨ᠎ᠠᠴᠠ ᠪᠠᠢ᠌ᠭᠤᠯᠤᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢ ᠰᠢᠨ᠎ᠡ᠎ᠪᠠᠷ ᠨᠡᠮᠡᠬᠦ᠂ 《ᠢᠨᠲ᠋ᠧᠷ ᠰᠦᠯᠵᠢᠶ᠎ᠡ +》 ᠡᠮᠴᠢᠯᠡᠭᠡᠨ᠎ᠤ ᠦᠢ᠍ᠯᠡᠴᠢᠯᠡᠭᠡᠨ᠎ᠤ ᠲᠥᠷᠥᠯ ᠵᠦᠢ᠍ᠯ᠎ᠤᠨ ᠦᠨ᠎ᠡ ᠬᠠᠩᠰᠢ ᠵᠢᠨ ᠬᠥᠳᠡᠯᠦᠩᠭᠦᠶ ᠲᠣᠬᠢᠷᠠᠭᠤᠯᠤᠯᠲᠠ ᠵᠢ ᠬᠠᠷᠢᠭᠤᠴᠠᠬᠤ ᠵᠢᠨ ᠬᠠᠮᠲᠤ ᠡᠯ᠎ᠡ ᠠᠶ᠋ᠢᠮᠠᠭ ᠬᠣᠲᠠ ᠵᠢᠨ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢ ᠬᠥᠳᠡᠯᠦᠩᠭᠦᠶ᠎ᠪᠠᠷ ᠳᠣᠭᠢᠷᠠᠭᠤᠯᠬᠤ ᠠᠵᠢᠯ᠎ᠳᠤ ᠵᠢᠯᠣᠭᠣᠳᠣᠯᠭ᠎ᠠ ᠪᠠ ᠬᠢᠨᠠᠯᠲᠠ ᠲᠠᠯᠪᠢᠨ᠎ᠠ᠃ ᠡᠯ᠎ᠡ ᠠᠶ᠋ᠢᠮᠠᠭ ᠬᠣᠲᠠ᠎ᠨᠢ ᠭᠣᠤᠯᠳᠠᠭᠤ ᠬᠠᠮᠢᠶᠠᠷᠬᠤ ᠬᠡᠪᠴᠢᠶᠡᠨ ᠳᠣᠲᠣᠷᠠᠬᠢ ᠡᠯ᠎ᠡ ᠱᠠᠲᠤᠨ᠎ᠤ ᠡᠯ᠎ᠡ ᠲᠥᠷᠥᠯ᠎ᠤᠨ ᠠᠯᠪᠠᠨ᠎ᠠᠴᠠ ᠪᠠᠶ᠋ᠢᠭᠤᠯᠤᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠦᠨᠳᠦᠰᠦᠨ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢᠨ ᠬᠥᠳᠡᠯᠦᠩᠭᠦᠶ ᠲᠣᠬᠢᠷᠠᠭᠤᠯᠤᠯᠲᠠ ᠵᠢ ᠬᠠᠷᠢᠭᠤᠴᠠᠨ᠎ᠠ᠂ ᠲᠡᠷᠡᠴᠢᠯᠡᠨ ᠦᠨ᠎ᠡ ᠬᠠᠩᠰᠢ ᠲᠣᠬᠢᠷᠠᠭᠤᠯᠬᠤ᠎ᠠᠴᠠ 15 ᠡᠳᠦᠷ᠎ᠤᠨ ᠡᠮᠦᠨ᠎ᠡ ᠦᠨ᠎ᠡ ᠬᠠᠩᠰᠢ ᠲᠣᠬᠢᠷᠠᠭᠤᠯᠬᠤ ᠲᠥᠰᠦᠯ᠂ ᠦᠨ᠎ᠡ ᠬᠠᠩᠰᠢ ᠲᠣᠬᠢᠷᠠᠭᠤᠯᠤᠭᠰᠠᠨ᠎ᠤ ᠳᠠᠷᠠᠭ᠎ᠠ 15 ᠡᠳᠦᠷ᠎ᠤᠨ ᠳᠣᠲᠣᠷ᠎ᠠ ᠦᠨ᠎ᠡ ᠬᠠᠩᠰᠢ ᠲᠣᠬᠢᠷᠠᠭᠤᠯᠤᠭᠰᠠᠨ ᠦᠷ᠎ᠡ ᠳ᠋ᠦᠩ ᠵᠶ᠋ᠠᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠎ᠳᠤ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠠᠯᠪᠠᠨ᠎ᠠᠴᠠ ᠪᠠᠶ᠋ᠢᠭᠤᠯᠤᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠦᠨᠳᠦᠰᠦᠨ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢᠨ ᠬᠥᠳᠡᠯᠦᠩᠭᠦᠶ ᠲᠣᠬᠢᠷᠠᠭᠤᠯᠤᠯᠲᠠ ᠵᠢ ᠪᠠᠢ᠌ᠭ᠎ᠠ ᠠᠶ᠋ᠢᠮᠠᠭ ᠬᠣᠲᠠ᠎ᠳᠤ ᠣᠷᠣᠭᠤᠯᠤᠨ ᠨᠢᠭᠡᠳᠦᠯᠲᠡᠶ ᠬᠠᠮᠢᠶᠠᠷᠤᠨ᠎ᠠ᠃
ᠭᠤᠷᠪᠠ᠂ ᠬᠥᠳᠡᠯᠦᠩᠭᠦᠶ᠎ᠪᠠᠷ ᠳᠣᠭᠢᠷᠠᠭᠤᠯᠬᠤ ᠲᠣᠭᠲᠠᠴᠠ ᠵᠢ ᠪᠠᠶ᠋ᠢᠭᠤᠯᠤᠨ᠎ᠠ
(ᠨᠢᠭᠡ) ᠦᠨ᠎ᠡ ᠲᠣᠬᠢᠷᠠᠭᠤᠯᠬᠤ ᠠᠷᠭ᠎ᠠ ᠵᠠᠮ᠎ᠢ ᠨᠢᠭᠡᠳᠦᠯᠲᠡᠶ ᠵᠢᠷᠤᠮᠵᠢᠭᠤᠯᠤᠨ᠎ᠠ᠃ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢ ᠰᠢᠨᠵᠢᠯᠡᠬᠦ ᠤᠬᠠᠭ᠋ᠠᠨᠴᠢ᠎ᠪᠠᠷ ᠲᠣᠭᠲᠠᠭ᠋ᠠᠬᠤ᠂ ᠬᠥᠳᠡᠯᠦᠩᠭᠦᠶ᠎ᠪᠠᠷ ᠳᠣᠭᠢᠷᠠᠭᠤᠯᠬᠤ ᠲᠣᠭᠲᠠᠴᠠ ᠵᠢ ᠪᠠᠶ᠋ᠢᠭᠤᠯᠬᠤ ᠪᠣᠯ ᠡᠮᠴᠢᠯᠡᠭᠡᠨ᠎ᠤ ᠦᠢ᠍ᠯᠡᠴᠢᠯᠡᠭᠡᠨ᠎ᠤ ᠬᠠᠩᠭ᠋ᠠᠯᠭ᠎ᠠ ᠵᠢᠨ ᠲᠠᠯ᠎ᠠ ᠵᠢᠨ ᠥᠭᠡᠷᠡᠴᠢᠯᠡᠯᠲᠡ ᠵᠢ ᠬᠠᠮᠵᠢᠯᠴᠠᠨ ᠠᠬᠢᠭᠤᠯᠬᠤ ᠵᠢᠨ ᠴᠢᠬᠤᠯᠠ ᠡᠭᠦᠷᠭᠡ ᠪᠣᠯᠤᠨ᠎ᠠ᠃ ᠡᠯ᠎ᠡ ᠠᠶ᠋ᠢᠮᠠᠭ ᠬᠣᠲᠠ᠎ᠨᠤᠭᠤᠳ 《ᠡᠬᠢᠯᠡᠭᠦᠯᠬᠦ ᠨᠥᠬᠥᠴᠡᠯ ᠪᠠᠶ᠋ᠢᠷᠢᠯᠠᠭᠤᠯᠬᠤ᠂ ᠦᠨᠡᠯᠡᠨ ᠵᠢᠱ᠌ᠢᠬᠦ ᠵᠢ ᠬᠡᠷᠡᠭᠵᠢᠭᠦᠯᠬᠦ᠂ ᠦᠨ᠎ᠡ ᠵᠢ ᠳᠡᠭᠡᠭᠰᠢᠯᠡᠭᠦᠯᠬᠦ ᠪᠠ ᠪᠠᠭᠤᠷᠠᠭᠤᠯᠬᠤ ᠵᠢ ᠲᠣᠬᠢᠷᠠᠭᠤᠯᠬᠤ᠂ ᠡᠮᠴᠢᠯᠡᠭᠡᠨ᠎ᠤ ᠳᠠᠭ᠋ᠠᠳᠬᠠᠯ᠎ᠤᠨ ᠲᠣᠭ᠋ᠠᠴᠠᠭ᠎ᠠ ᠬᠢᠬᠦ ᠵᠢ ᠵᠣᠯᠭ᠋ᠠᠭᠤᠯᠬᠤ᠂ ᠮᠥᠷᠳᠡᠨ ᠪᠠᠢ᠌ᠴᠠᠭ᠋ᠠᠵᠤ ᠬᠢᠨᠠᠨ ᠰᠢᠯᠭ᠋ᠠᠬᠤ》 ᠦᠨᠳᠦᠰᠦᠨ ᠠᠷᠭ᠎ᠠ ᠵᠠᠮ ᠵᠶ᠋ᠠᠷ᠂ ᠲᠤᠰ ᠭᠠᠵᠠᠷ ᠣᠷᠣᠨ᠎ᠤ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢ ᠬᠥᠳᠡᠯᠦᠩᠭᠦᠢ᠎ᠪᠠᠷ ᠲᠣᠬᠢᠷᠠᠭᠤᠯᠬᠤ ᠲᠤᠭᠳᠠᠴᠠ ᠵᠢ ᠪᠦᠬᠦᠯᠢ ᠴᠣᠭᠴᠠ᠎ᠪᠠᠷ᠎ᠨᠢ ᠲᠥᠯᠥᠪᠯᠡᠵᠦ᠂ ᠦᠨ᠎ᠡ ᠲᠣᠭᠲᠠᠭ᠋ᠠᠬᠤ ᠡᠷᠬᠡ ᠮᠡᠳᠡᠯ᠎ᠤᠨ ᠬᠡᠪᠴᠢᠶᠡᠨ ᠳᠣᠲᠣᠷ᠎ᠠ᠂ ᠲᠣᠭᠲᠠᠴᠠ ᠵᠢᠨ ᠶᠣᠰᠣᠭ᠋ᠠᠷ ᠦᠨ᠎ᠡ ᠲᠣᠬᠢᠷᠠᠭᠤᠯᠬᠤ ᠵᠢ ᠬᠡᠷᠡᠭᠵᠢᠭᠦᠯᠦᠨ᠎ᠡ᠃
(ᠬᠣᠶᠠᠷ) ᠶᠡᠷᠦᠩᠬᠡᠶ᠋ᠢᠯᠡᠨ ᠲᠣᠬᠢᠷᠠᠭᠤᠯᠵᠤ ᠡᠬᠢᠯᠡᠭᠦᠯᠬᠦ ᠨᠥᠬᠥᠴᠡᠯ᠃ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢᠨ ᠬᠥᠳᠡᠯᠦᠩᠭᠦᠶ ᠲᠣᠬᠢᠷᠠᠭᠤᠯᠤᠯᠲᠠ᠎ᠳᠤ ᠦᠨ᠎ᠡ ᠬᠠᠩᠰᠢ ᠵᠢ ᠲᠡᠭᠡᠭᠰᠢᠯᠡᠭᠦᠯᠬᠦ ᠪᠠ ᠦᠨ᠎ᠡ ᠬᠠᠩᠰᠢ ᠵᠢ ᠳᠣᠷᠣᠭᠰᠢᠯᠠᠭᠤᠯᠬᠤ ᠬᠣᠶᠠᠷ ᠵᠦᠢ᠍ᠯ᠎ᠤᠨ ᠠᠷᠭ᠎ᠠ ᠮᠠᠶᠢᠭ ᠪᠠᠭᠲᠠᠨ᠎ᠠ᠃ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢ ᠳᠣᠷᠣᠭᠰᠢᠯᠠᠭᠤᠯᠵᠤ᠂ ᠣᠳᠣ ᠵᠢᠨ ᠬᠡᠷᠡᠭᠵᠢᠭᠦᠯᠵᠦ ᠪᠠᠢ᠌ᠭ᠎ᠠ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ᠎ᠳᠤ ᠢᠯᠡᠷᠬᠡᠶ ᠵᠦᠶ ᠵᠣᠬᠢᠰ ᠦᠭᠡᠶ ᠬᠦᠴᠦᠨ ᠵᠦᠢ᠍ᠯ ᠣᠷᠣᠰᠢᠵᠤ ᠪᠠᠶ᠋ᠢᠬᠤ᠎ᠪᠠᠷ ᠤᠷᠢᠲᠠᠯ ᠪᠣᠯᠭ᠋ᠠᠵᠤ᠂ ᠡᠮᠴᠢᠯᠡᠭᠡᠨ᠎ᠤ ᠪᠠᠶ᠋ᠢᠭᠤᠯᠤᠮᠵᠢ ᠵᠢᠨ ᠵᠦᠶ ᠵᠣᠬᠢᠰ ᠥᠬᠡᠶ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢ ᠰᠠᠨᠠᠭ᠋ᠠᠴᠢᠯᠠᠭ᠎ᠠ᠎ᠠᠴᠠ᠎ᠪᠠᠨ ᠪᠠᠭᠤᠷᠠᠭᠤᠯᠬᠤ᠎ᠪᠠᠷ ᠭᠤᠶᠤᠴᠢᠯᠠᠬᠤ ᠵᠢ ᠵᠣᠷᠢᠭᠵᠢᠭᠤᠯᠤᠨ᠎ᠠ᠃ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢ ᠳᠡᠭᠡᠭᠰᠢᠯᠡᠭᠦᠯᠬᠦ᠎ᠳᠤ ᠲᠤᠰ ᠭᠠᠵᠠᠷ ᠣᠷᠣᠨ᠎ᠤ ᠳᠡᠭᠡᠷ᠎ᠡ ᠨᠢᠭᠡ ᠵᠢᠯ᠎ᠤᠨ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠪᠠᠶ᠋ᠢᠳᠠᠯ᠂ ᠡᠮᠴᠢᠯᠡᠭᠡᠨ᠎ᠤ ᠪᠠᠶ᠋ᠢᠭᠤᠯᠤᠮᠵᠢ ᠵᠢᠨ ᠠᠵᠢᠯᠯᠠᠭ᠋ᠠᠨ᠎ᠤ ᠪᠠᠶ᠋ᠢᠳᠠᠯ᠂ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠥ ᠵᠢᠨ ᠳᠠᠭ᠋ᠠᠭ᠋ᠠᠬᠤ ᠴᠢᠳᠠᠪᠦᠷᠢ᠂ ᠡᠪᠡᠳᠴᠢᠲᠡᠨ᠎ᠤ ᠡᠮᠴᠢᠯᠡᠭᠡᠨ᠎ᠤ ᠵᠠᠷᠤᠳᠠᠯ᠎ᠤᠨ ᠳᠠᠷᠤᠭ᠋ᠠᠰᠤ᠂ ᠡᠮᠴᠢᠯᠡᠭᠡᠨ᠎ᠤ ᠦᠢ᠍ᠯᠡᠴᠢᠯᠡᠭᠡᠨ᠎ᠤ ᠥᠪᠡᠷ᠎ᠤᠨ ᠥᠷᠲᠡᠭ᠎ᠤᠨ ᠬᠤᠪᠢᠷᠠᠯᠲᠠ ᠵᠡᠷᠭᠡ ᠣᠯᠠᠨ ᠵᠦᠢ᠍ᠯ᠎ᠤᠨ ᠬᠦᠴᠦᠨ ᠵᠦᠢ᠍ᠯ᠎ᠢ ᠶᠡᠷᠦᠩᠬᠡᠶ᠋ᠢᠯᠡᠨ ᠪᠣᠳᠣᠯᠬᠢᠯᠠᠬᠤ ᠬᠡᠷᠡᠭᠲᠡᠶ᠃ ᠵᠠᠷᠴᠢᠮ ᠳᠡᠭᠡᠷ᠎ᠡ᠎ᠪᠠᠨ᠂ ᠨᠠᠭ᠋ᠠᠳᠤ ᠵᠠᠬ᠎ᠠ᠎ᠳᠠᠭᠠᠨ ᠳᠣᠤᠷᠠᠬᠢ ᠨᠥᠬᠥᠴᠡᠯ᠎ᠢ ᠬᠠᠮᠲᠤᠳᠤᠨᠢ ᠬᠠᠩᠭ᠋ᠠᠪᠠᠯ ᠰᠠᠶᠢ ᠭᠠᠵᠠᠷ ᠣᠷᠣᠨ᠎ᠤ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢ ᠳᠡᠭᠡᠭᠰᠢᠯᠡᠭᠦᠯᠬᠦ ᠠᠵᠢᠯ᠎ᠢ ᠡᠬᠢᠯᠡᠭᠦᠯᠵᠦ ᠪᠤᠯᠤᠨ᠎ᠠ᠄
1᠂ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠵᠠᠷᠤᠳᠠᠯ᠎ᠤᠨ ᠨᠡᠮᠡᠭᠳᠡᠯ᠎ᠤᠨ ᠬᠡᠮᠵᠢᠶ᠎ᠡ᠎ᠨᠢ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠶ ᠦᠷᠳᠡᠭ᠎ᠤᠨ ᠨᠡᠮᠡᠭᠳᠡᠯ᠎ᠤᠨ ᠬᠡᠮᠵᠢᠶ᠎ᠡ᠎ᠠᠴᠠ ᠳᠣᠤᠷ᠎ᠠ ᠪᠠᠶ᠋ᠢᠬᠤ;
2᠂ ᠡᠮᠴᠢᠯᠡᠭᠡᠨ᠎ᠤ ᠪᠠᠲᠤᠯᠠᠭ᠎ᠠ ᠵᠢᠨ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠥ ᠵᠢᠨ ᠨᠡᠶ᠋ᠢᠲᠡ ᠦᠯᠡᠳᠡᠪᠦᠷᠢ ᠮᠦᠩᠭᠦ ᠵᠢ ᠳᠥᠯᠥᠵᠦ ᠪᠣᠯᠬᠤ ᠰᠠᠷ᠎ᠠ ᠵᠢᠨ ᠲᠣᠭ᠎ᠠ᠎ᠨᠢ 9 ᠰᠠᠷ᠎ᠠ᠎ᠠᠴᠠ ᠳᠤᠲᠠᠭᠤ ᠪᠠᠶ᠋ᠢᠵᠤ ᠪᠣᠯᠬᠤ ᠥᠬᠡᠶ;
3᠂ ᠨᠢᠭᠡᠳᠦᠯᠲᠡᠶ ᠲᠥᠯᠥᠪᠯᠡᠬᠦ ᠭᠠᠵᠠᠷ ᠣᠷᠣᠨ᠎ᠤ ᠡᠮᠨᠡᠯᠭᠡ᠎ᠳᠤ ᠰᠠᠭᠤᠬᠤ ᠤᠳᠠᠭ᠎ᠠ ᠪᠦᠷᠢ ᠵᠢᠨ ᠳᠤᠮᠳᠠᠴᠢ ᠵᠠᠷᠤᠳᠠᠯ᠎ᠨᠢ ᠪᠥᠬᠥ ᠣᠷᠣᠨ᠎ᠤ ᠡᠮᠨᠡᠯᠭᠡ᠎ᠳᠤ ᠰᠠᠭᠤᠬᠤ ᠤᠳᠠᠭ᠎ᠠ ᠪᠦᠷᠢ ᠵᠢᠨ ᠳᠤᠮᠳᠠᠴᠢ ᠵᠠᠷᠤᠳᠠᠯ᠎ᠤᠨ ᠳᠤᠮᠳᠠᠴᠢ ᠲᠣᠭ᠎ᠠ᠎ᠠᠴᠠ ᠲᠤᠤᠷ᠎ᠠ ᠪᠠᠢ᠌ᠬᠤ ᠬᠡᠷᠡᠭᠲᠡᠶ᠃
4᠂ ᠦᠨ᠎ᠡ ᠬᠠᠩᠰᠢ ᠵᠢ ᠲᠣᠬᠢᠷᠠᠭᠤᠯᠬᠤ᠎ᠳᠠᠭᠠᠨ ᠡᠪᠡᠳᠴᠢᠲᠡᠨ᠎ᠤ ᠬᠤᠪᠢ ᠬᠥᠮᠦᠨ᠎ᠤ ᠡᠮ ᠡᠮᠨᠡᠯᠭᠡ ᠵᠢᠨ ᠵᠠᠷᠤᠳᠠᠯ᠎ᠤᠨ ᠲᠠᠷᠤᠭ᠋ᠠᠰᠦ ᠵᠢ ᠨᠡᠮᠡᠭᠳᠡᠭᠦᠯᠬᠦ ᠦᠭᠡᠢ᠃
(ᠭᠤᠷᠪᠠ) ᠦᠨ᠎ᠡ ᠬᠠᠩᠰᠢ ᠲᠣᠬᠢᠷᠠᠭᠤᠯᠬᠤ ᠦᠨᠡᠯᠡᠨ ᠵᠢᠱ᠌ᠢᠯᠲᠡ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠦᠷᠨᠢᠭᠦᠯᠬᠦ ᠬᠡᠷᠡᠭᠲᠡᠶ᠃ ᠦᠨ᠎ᠡ ᠬᠠᠩᠰᠢ ᠵᠢ ᠲᠣᠬᠢᠷᠠᠭᠤᠯᠬᠤ᠎ᠠᠴᠠ ᠡᠮᠦᠨ᠎ᠡ᠂ ᠬᠠᠷᠢᠶᠠᠯᠠᠯ᠎ᠤᠨ ᠬᠡᠪᠴᠢᠶᠡᠨ ᠳᠣᠲᠣᠷᠠᠬᠢ ᠠᠯᠪᠠᠨ᠎ᠠᠴᠠ ᠪᠠᠶ᠋ᠢᠭᠤᠯᠤᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠲᠡᠭᠡᠷ᠎ᠡ ᠨᠢᠭᠡ ᠵᠢᠯ᠎ᠤᠨ ᠬᠠᠮᠢᠶ᠎ᠠ ᠪᠦᠬᠦᠢ ᠭᠦᠢ᠍ᠴᠡᠳᠬᠡᠯ ᠲᠣᠭ᠎ᠠ᠎ᠳᠤ ᠶᠡᠷᠦᠩᠬᠡᠶ᠋ᠢᠯᠡᠭᠰᠡᠨ ᠬᠡᠮᠵᠢᠶᠡᠵᠢᠭᠰᠡᠨ ᠦᠨᠡᠯᠡᠨ ᠵᠢᠱ᠌ᠢᠯᠲᠡ ᠬᠢᠵᠦ᠂ ᠬᠥᠨᠳᠡᠬᠦ ᠪᠠᠷᠢᠮᠵᠢᠶ᠎ᠠ᠎ᠳᠤ ᠨᠡᠶ᠋ᠢᠴᠡᠭᠰᠡᠨ ᠪᠠᠢ᠌ᠪᠠᠯ᠂ ᠳᠡᠰ ᠳᠠᠷᠠᠭ᠋ᠠᠯᠠᠯ ᠶᠣᠰᠣᠭ᠋ᠠᠷ ᠦᠨ᠎ᠡ ᠲᠣᠬᠢᠷᠠᠭᠤᠯᠬᠤ ᠠᠵᠢᠯ᠎ᠢ ᠡᠬᠢᠯᠡᠭᠦᠯᠦᠨ᠎ᠡ; ᠬᠢᠵᠠᠭ᠋ᠠᠷᠯᠠᠬᠤ ᠪᠠᠷᠢᠮᠵᠢᠶ᠎ᠠ᠎ᠠᠴᠠ ᠬᠡᠲᠦᠷᠡᠭᠰᠡᠨ ᠪᠠᠢ᠌ᠪᠠᠯ᠂ ᠲᠣᠰ ᠣᠨ᠎ᠳᠤ ᠵᠠᠷᠴᠢᠮ ᠳᠡᠭᠡᠷ᠎ᠡ᠎ᠪᠠᠨ ᠦᠨ᠎ᠡ ᠬᠠᠩᠰᠢ ᠵᠢ ᠳᠡᠭᠡᠭᠰᠢᠯᠡᠭᠦᠯᠬᠦ ᠠᠵᠢᠯ ᠲᠣᠬᠢᠷᠠᠭᠤᠯᠬᠤ ᠦᠭᠡᠢ᠃ ᠢᠵᠢ ᠪᠦᠷᠢᠳᠦᠭᠦᠯᠬᠦ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠯ᠎ᠤᠨ ᠥᠭᠡᠷᠡᠴᠢᠯᠡᠯᠲᠡ ᠵᠢᠨ ᠭᠤᠤᠯᠳᠠᠯᠭ᠎ᠠ᠎ᠲᠠᠢ ᠡᠭᠦᠷᠭᠡ ᠵᠢ ᠬᠡᠷᠡᠭᠵᠢᠭᠦᠯᠬᠦ ᠲᠤᠰᠬᠠᠶ ᠵᠦᠢ᠍ᠯ᠎ᠤᠨ ᠲᠣᠬᠢᠷᠠᠭᠤᠯᠤᠯᠲᠠ᠂ ᠲᠣᠭᠲᠠᠭ᠋ᠠᠭᠰᠠᠨ ᠰᠠᠭᠤᠷᠢ ᠲᠣᠭ᠎ᠠ ᠵᠢᠨ ᠳᠣᠲᠣᠷ᠎ᠠ ᠳᠡᠪᠰᠢᠭᠦᠯᠬᠦ ᠪᠠ ᠪᠠᠭᠤᠷᠠᠭᠤᠯᠬᠤ ᠵᠢ ᠤᠶᠠᠯᠳᠤᠭᠤᠯᠤᠨ ᠲᠣᠬᠢᠷᠠᠭᠤᠯᠤᠯᠲᠠ ᠬᠢᠬᠦ ᠵᠢᠴᠢ ᠭᠡᠨᠡᠳᠲᠡ ᠡᠭᠦᠰᠬᠦ ᠣᠯᠠᠨ ᠨᠡᠢ᠍ᠢ᠍ᠲᠡ ᠵᠢᠨ ᠡᠷᠡᠭᠦᠯ ᠬᠠᠮᠠᠭ᠋ᠠᠯᠠᠯ᠎ᠤᠨ ᠴᠢᠬᠤᠯᠠ ᠶᠡᠬᠡ ᠬᠡᠷᠡᠭ᠎ᠢ ᠠᠷᠭ᠋ᠠᠴᠠᠬᠤ ᠪᠠ ᠰᠢᠨ᠎ᠡ᠎ᠪᠠᠷ ᠨᠡᠮᠡᠭᠳᠡᠭᠰᠡᠨ ᠲᠥᠷᠥᠯ ᠵᠦᠢ᠍ᠯ᠂ ᠦᠨ᠎ᠡ ᠬᠠᠩᠰᠢ ᠵᠢᠨ ᠵᠥᠷᠢᠴᠡᠯ ᠲᠤᠪᠤᠢ᠌ᠮ᠎ᠠ ᠲᠥᠷᠥᠯ ᠵᠦᠢ᠍ᠯ᠎ᠳᠤ ᠣᠨᠴᠠ ᠵᠠᠷᠢᠮ ᠲᠤᠬᠢᠷᠠᠭᠤᠯᠤᠯᠳᠠ ᠬᠢᠬᠦ᠎ᠨᠢ ᠡᠭᠦᠨ᠎ᠳᠤ ᠪᠠᠭᠲᠠᠬᠤ ᠦᠭᠡᠢ᠃ 2020 — 2022 ᠣᠨ᠎ᠳᠤ᠂ ᠡᠯ᠎ᠡ ᠠᠶ᠋ᠢᠮᠠᠭ ᠬᠣᠲᠠ ᠵᠢᠨ ᠡᠮ᠎ᠤᠨ ᠵᠦᠢ᠍ᠯ᠎ᠤᠨ ᠬᠣᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠡᠮᠵᠢᠶ᠎ᠡ᠎ᠲᠠᠢ ᠬᠤᠳᠠᠯᠳᠤᠨ ᠠᠪᠬᠤ᠂ ᠡᠮᠴᠢᠯᠡᠭᠡᠨ᠎ᠤ ᠳᠠᠭ᠋ᠠᠳᠬᠠᠯ᠎ᠤᠨ ᠲᠣᠭ᠋ᠠᠴᠠᠭ᠎ᠠ ᠬᠢᠬᠦ ᠠᠷᠭ᠎ᠠ ᠮᠠᠶᠢᠭ᠎ᠤᠨ ᠥᠭᠡᠷᠡᠴᠢᠯᠡᠯᠲᠡ ᠵᠡᠷᠭᠡ ᠡᠮ᠎ᠤᠨ ᠵᠦᠢ᠍ᠯ᠎ᠤᠨ ᠬᠣᠷᠣᠭᠳᠠᠯ ᠮᠠᠲ᠋ᠧᠷᠢᠶᠠᠯ᠎ᠤᠨ ᠵᠠᠷᠤᠳᠠᠯ᠎ᠢ ᠪᠠᠭᠤᠷᠠᠭᠤᠯᠬᠤ ᠴᠣᠩᠬᠣᠪᠴᠢ ᠬᠤᠭᠤᠴᠠᠭ᠎ᠠ ᠵᠢ ᠠᠳᠬᠤᠵᠤ᠂ ᠵᠢᠯ ᠪᠦᠷᠢ ᠠᠳᠠᠭ᠎ᠲᠠᠭᠠᠨ ᠨᠢᠭᠡ ᠤᠳᠠᠭ᠎ᠠ ᠦᠨ᠎ᠡ ᠲᠣᠬᠢᠷᠠᠭᠤᠯᠬᠤ ᠦᠨᠡᠯᠡᠨ ᠵᠢᠱ᠌ᠢᠯᠲᠡ ᠪᠠ ᠨᠢᠭᠡ ᠤᠳᠠᠭ᠋ᠠᠨ᠎ᠤ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢᠨ ᠬᠥᠳᠡᠯᠦᠩᠭᠦᠶ ᠲᠣᠬᠢᠷᠠᠭᠤᠯᠤᠯᠲᠠ ᠵᠢ ᠥᠷᠨᠢᠭᠦᠯᠬᠦ ᠬᠡᠷᠡᠭᠲᠡᠶ᠃ ᠲᠣᠬᠢᠷᠠᠭᠤᠯᠤᠯᠲᠠ ᠬᠢᠬᠦ ᠡᠷᠴᠢᠮ ᠵᠶ᠋ᠠᠨ ᠴᠢᠩᠭ᠋ᠠᠷᠠᠭᠤᠯᠵᠤ᠂ 《ᠭᠤᠷᠪᠠᠨ ᠡᠮᠴᠢᠯᠡᠭᠡ ᠬᠠᠮᠲᠤᠷᠠᠨ ᠬᠥᠳᠡᠯᠦᠯᠴᠡᠬᠦ》 ᠥᠭᠡᠷᠡᠴᠢᠯᠡᠯᠲᠡ᠎ᠯᠦᠭᠡ ᠨᠢᠭᠲᠠ ᠵᠤᠯᠭ᠋ᠠᠭᠤᠯᠤᠨ᠎ᠠ᠃
(ᠲᠦᠷᠪᠠ) ᠦᠨ᠎ᠡ ᠲᠣᠬᠢᠷᠠᠭᠤᠯᠬᠤ ᠣᠷᠣᠨ ᠵᠠᠶ ᠵᠢ ᠵᠦᠶ ᠵᠣᠬᠢᠰᠲᠠᠶ ᠲᠥᠰᠦᠭᠡᠯᠡᠨ ᠪᠣᠳᠣᠬᠤ ᠬᠡᠷᠡᠭᠲᠡᠶ᠃ ᠦᠨ᠎ᠡ ᠬᠠᠩᠰᠢ ᠵᠢ ᠥᠰᠬᠡᠬᠦ ᠣᠷᠣᠨ ᠵᠠᠶ ᠵᠢ ᠭᠣᠤᠯᠳᠠᠭᠤ ᠲᠡᠤᠬᠡ ᠵᠢᠨ ᠰᠠᠭᠤᠷᠢ ᠲᠣᠭ᠎ᠠ ᠳᠡᠭᠡᠷ᠎ᠡ 《ᠵᠦᠶ ᠵᠤᠬᠢᠰᠳᠠᠢ᠎ᠪᠠᠷ ᠨᠡᠮᠡᠭᠳᠡᠭᠦᠯᠬᠦ》 ᠠᠷᠭ᠎ᠠ᠎ᠪᠠᠷ ᠲᠣᠭᠲᠠᠭ᠋ᠠᠨ᠎ᠠ᠂ ᠲᠤᠬᠠᠶ᠋ᠢᠯᠠᠪᠠᠯ ᠲᠣᠰ ᠭᠠᠵᠠᠷ ᠣᠷᠣᠨ᠎ᠤ ᠤᠳᠠᠭ᠎ᠠ ᠪᠦᠷᠢ ᠵᠢᠨ ᠦᠨ᠎ᠡ ᠲᠣᠬᠢᠷᠠᠭᠤᠯᠬᠤ᠎ᠠᠴᠠ ᠡᠮᠦᠨ᠎ᠡ ᠳᠡᠭᠡᠷ᠎ᠡ ᠨᠢᠭᠡ ᠵᠢᠯ᠎ᠤᠨ ᠡᠮ ᠡᠮᠨᠡᠯᠭᠡ ᠵᠢᠨ ᠵᠠᠷᠤᠳᠠᠯ᠎ᠤᠨ ᠶᠡᠷᠦᠩᠬᠡᠶ ᠬᠡᠮᠵᠢᠶ᠎ᠡ᠎ᠪᠠᠷ ᠰᠠᠭᠤᠷᠢ ᠲᠣᠭ᠎ᠠ ᠪᠣᠯᠭ᠋ᠠᠵᠤ᠂ ᠵᠠᠷᠤᠳᠠᠯ᠎ᠢ ᠬᠢᠵᠠᠭ᠋ᠠᠷᠯᠠᠬᠤ ᠦᠷ᠎ᠡ ᠪᠦᠲᠦᠮᠵᠢ᠂ ᠠᠵᠤ ᠠᠬᠤᠢ ᠵᠢᠨ ᠬᠥᠭᠵᠢᠯᠲᠡ᠂ ᠡᠮᠴᠢᠯᠡᠭᠡᠨ᠎ᠤ ᠪᠠᠲᠤᠯᠠᠭ᠎ᠠ ᠵᠢᠨ ᠪᠡᠯᠡ ᠮᠥᠩᠭᠥ ᠴᠤᠭᠯᠠᠭᠤᠯᠬᠤ᠂ ᠪᠠᠷᠠᠭ᠎ᠠ ᠵᠢᠨ ᠦᠨ᠎ᠡ ᠵᠢᠨ ᠬᠢᠷᠢ ᠲᠦᠪᠰᠢᠨ ᠪᠤᠶᠤ ᠰᠠᠭᠤᠭ᠋ᠠᠯᠢ ᠠᠷᠠᠳ᠎ᠤᠨ ᠤᠷᠤᠯᠭ᠎ᠠ ᠵᠢᠨ ᠬᠤᠪᠢᠷᠠᠯᠲᠠ ᠵᠡᠷᠭᠡ ᠬᠠᠮᠢᠶ᠎ᠠ ᠪᠦᠬᠦᠢ ᠭᠦᠢ᠍ᠴᠡᠳᠭᠡᠯ ᠲᠣᠭ᠎ᠠ ᠵᠢ ᠰᠣᠩᠭᠣᠨ ᠵᠣᠬᠢᠰᠲᠠᠶ ᠲᠤᠬᠢᠷᠠᠭᠤᠯᠤᠯᠳᠠ ᠵᠢᠨ ᠬᠡᠮᠵᠢᠶ᠎ᠡ ᠵᠢ ᠶᠡᠷᠦᠩᠬᠡᠶ᠋ᠢᠯᠡᠨ ᠲᠣᠭᠲᠠᠭ᠋ᠠᠵᠤ᠂ ᠵᠠᠷᠴᠢᠮ ᠳᠡᠭᠡᠷ᠎ᠡ᠎ᠪᠠᠨ ᠬᠠᠮᠤᠭ᠎ᠤᠨ ᠶᠡᠬᠡ ᠲᠣᠬᠢᠷᠠᠭᠤᠯᠤᠯᠲᠠ ᠵᠢᠨ ᠬᠡᠮᠵᠢᠶ᠎ᠡ᠎ᠨᠢ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ᠎ᠤᠨ ᠨᠡᠮᠡᠭᠳᠡᠯ᠎ᠤᠨ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠵᠠᠷᠤᠳᠠᠯ᠎ᠤᠨ ᠨᠡᠮᠡᠭᠳᠡᠯ᠎ᠠᠴᠠ ᠳᠡᠭᠡᠭᠦᠷ ᠪᠠᠶ᠋ᠢᠯᠭ᠋ᠠᠵᠤ ᠪᠣᠯᠬᠤ ᠦᠭᠡᠶ᠃ 《ᠲᠡᠦᠬᠡ ᠵᠢᠨ ᠰᠠᠭᠤᠷᠢ ᠲᠣᠭ᠎ᠠ》 ᠵᠢᠨ ᠳᠣᠲᠣᠷ᠎ᠠ ᠳᠡᠭᠡᠭᠰᠢᠯᠡᠬᠦ ᠪᠠ ᠪᠠᠭᠤᠷᠠᠭᠤᠯᠬᠤ ᠵᠢ ᠤᠶᠠᠯᠳᠤᠭᠤᠯᠤᠨ ᠦᠨ᠎ᠡ ᠵᠢ ᠲᠣᠬᠢᠷᠠᠭᠤᠯᠵᠤ᠂ ᠭᠣᠤᠯᠳᠠᠭᠤ ᠳᠡᠭᠡᠷ᠎ᠡ ᠨᠢᠭᠡ ᠵᠢᠯ᠎ᠤᠨ ᠲᠣᠰ ᠲᠥᠷᠥᠯ ᠵᠦᠢ᠍ᠯ᠎ᠤᠨ ᠳᠣᠭᠢᠷᠠᠭᠤᠯᠤᠨ ᠪᠠᠭᠤᠷᠠᠭᠤᠯᠬᠤ ᠭᠡᠵᠦ ᠪᠠᠶ᠋ᠢᠭ᠎ᠠ ᠤᠷᠤᠯᠭ᠎ᠠ ᠵᠢ ᠦᠨᠳᠦᠰᠦᠯᠡᠨ᠂ ᠡᠮᠴᠢᠯᠡᠭᠡᠨ᠎ᠤ ᠪᠠᠲᠤᠯᠠᠭ᠎ᠠ ᠵᠢᠨ ᠲᠣᠭ᠋ᠠᠴᠠᠭ᠎ᠠ ᠬᠢᠬᠦ ᠲᠥᠷᠥᠯ ᠢᠯᠭ᠋ᠠᠯ ᠪᠠ ᠪᠠᠷᠢᠮᠵᠢᠶ᠎ᠠ ᠵᠡᠷᠭᠡ ᠬᠦᠴᠦᠨ ᠵᠦᠢ᠍ᠯ᠎ᠢ ᠶᠡᠷᠦᠩᠬᠡᠶ᠋ᠢᠯᠡᠨ ᠪᠣᠳᠣᠯᠬᠢᠯᠠᠵᠤ ᠪᠠᠶ᠋ᠢᠭ᠋ᠠᠳ ᠳᠣᠭᠢᠷᠠᠭᠤᠯᠤᠨ ᠨᠡᠮᠡᠭᠳᠡᠭᠦᠯᠬᠦ ᠬᠡᠮᠵᠢᠶ᠎ᠡ ᠵᠢ ᠲᠣᠭᠲᠠᠭ᠋ᠠᠨ᠎ᠠ᠃ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠴᠢᠬᠤᠯᠠ ᠶᠡᠬᠡ ᠥᠭᠡᠷᠡᠴᠢᠯᠡᠯᠲᠡ ᠵᠢᠨ ᠡᠭᠦᠷᠭᠡ ᠵᠢᠨ ᠢᠵᠢ ᠪᠦᠷᠢᠯᠳᠦᠭᠦᠯᠦᠨ ᠲᠣᠬᠢᠷᠠᠭᠤᠯᠤᠯᠲᠠ ᠬᠢᠬᠦ ᠵᠢ ᠨᠠᠶ᠋ᠢᠳᠠᠪᠤᠷᠢᠵᠢᠭᠤᠯᠬᠤ ᠵᠢᠨ ᠲᠥᠯᠥᠭᠡ᠂ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠯ᠎ᠤᠨ ᠥᠭᠡᠷᠡᠴᠢᠯᠡᠯᠲᠡ ᠵᠢᠨ ᠡᠭᠦᠷᠭᠡ ᠵᠢᠨ ᠠᠯᠪᠠᠨ᠎ᠠᠴᠠ ᠪᠠᠢ᠌ᠭᠤᠯᠤᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠣᠷᠣᠯᠭ᠎ᠠ ᠪᠣᠯᠤᠨ ᠥᠪᠡᠷ᠎ᠤᠨ ᠥᠷᠲᠡᠭ᠎ᠤᠨ ᠪᠣᠳᠠᠲᠠᠶ ᠨᠦᠯᠦᠭᠡ ᠵᠢ ᠦᠨᠳᠦᠰᠦᠯᠡᠨ ᠦᠨ᠎ᠡ ᠲᠣᠬᠢᠷᠠᠭᠤᠯᠬᠤ ᠣᠷᠣᠨ ᠵᠠᠶ ᠵᠢ ᠲᠥᠷᠥᠯ ᠬᠤᠪᠢᠶᠠᠨ ᠲᠥᠰᠦᠭᠡᠯᠡᠨ ᠪᠣᠳᠣᠵᠤ᠂ ᠡᠮᠨᠡᠯᠭᠡ ᠵᠢᠨ ᠬᠣᠷᠢᠶ᠎ᠠ᠂ ᠡᠪᠡᠳᠴᠢᠲᠡᠨ ᠪᠣᠯᠤᠨ ᠡᠮᠴᠢᠯᠡᠭᠡᠨ᠎ᠤ ᠳᠠᠭ᠋ᠠᠳᠬᠠᠯ ᠭᠤᠷᠪᠠ ᠵᠢᠨ ᠲᠡᠩᠴᠡᠭᠦᠷᠢ ᠵᠢ ᠬᠠᠮᠲᠤᠳᠤᠨᠢ ᠬᠠᠷᠠᠭ᠋ᠠᠯᠵᠠᠵᠤ ᠪᠣᠯᠤᠨ᠎ᠠ᠃
(ᠲᠠᠪᠤ) ᠦᠨ᠎ᠡ ᠬᠠᠩᠰᠢ ᠲᠣᠬᠢᠷᠠᠭᠤᠯᠬᠤ ᠲᠥᠷᠥᠯ ᠵᠦᠢ᠍ᠯ᠎ᠢ ᠰᠢᠯᠢᠳᠡᠭᠵᠢᠭᠦᠯᠦᠨ ᠰᠣᠩᠭᠣᠨ᠎ᠠ᠃ ᠡᠮᠴᠢᠯᠡᠭᠡᠨ᠎ᠤ ᠪᠠᠲᠤᠯᠠᠭ᠎ᠠ ᠵᠢᠨ ᠰᠠᠯᠠᠭ᠎ᠠ ᠮᠥᠴᠢᠷ ᠦᠨ᠎ᠡ ᠬᠠᠩᠰᠢ ᠲᠣᠬᠢᠷᠠᠭᠤᠯᠬᠤ ᠳᠦᠷᠢᠮ᠎ᠢ ᠲᠣᠭᠲᠠᠭ᠋ᠠᠵᠤ᠂ ᠶᠡᠷᠦᠩᠬᠡᠶ ᠲᠣᠭ᠎ᠠ᠎ᠨᠢ ᠳᠡᠭᠡᠷ᠎ᠡ ᠨᠢᠭᠡ ᠵᠢᠯ᠎ᠤᠨ ᠦᠢ᠍ᠯᠡᠴᠢᠯᠡᠭᠡᠨ᠎ᠤ ᠴᠢᠨᠠᠷᠲᠠᠶ ᠣᠷᠣᠯᠭᠠᠲᠤ ᠡᠵᠡᠯᠡᠬᠦ ᠬᠠᠷᠢᠴᠠᠯ᠎ᠢ ᠲᠣᠳᠤᠷᠬᠠᠢ ᠲᠣᠬᠢᠷᠠᠭᠤᠯᠵᠤ᠂ ᠲᠥᠷᠥᠯ ᠵᠦᠢ᠍ᠯ᠎ᠤᠨ ᠲᠣᠭ᠎ᠠ ᠬᠡᠮᠵᠢᠶ᠎ᠡ ᠵᠢᠨ ᠪᠣᠳᠠᠲᠠᠶ ᠦᠷᠨᠢᠭᠦᠯᠬᠦ ᠲᠥᠷᠥᠯ ᠵᠦᠢ᠍ᠯ᠎ᠤᠨ ᠲᠣᠭ᠎ᠠ ᠬᠡᠮᠵᠢᠶ᠎ᠡ᠎ᠳᠤ ᠡᠵᠡᠯᠡᠬᠦ ᠬᠠᠷᠢᠴᠠᠯ᠎ᠢ ᠲᠣᠬᠢᠷᠠᠭᠤᠯᠬᠤ ᠵᠡᠷᠭᠡ ᠬᠣᠯᠪᠣᠭᠳᠠᠯ ᠪᠦᠬᠦᠢ ᠱᠠᠭ᠋ᠠᠷᠳᠠᠯᠭ᠎ᠠ ᠵᠢ ᠲᠣᠳᠣᠷᠬᠠᠶ᠋ᠢᠯᠠᠵᠤ᠂ ᠡᠯ᠎ᠡ ᠡᠮᠴᠢᠯᠡᠭᠡᠨ᠎ᠤ ᠪᠠᠶ᠋ᠢᠭᠤᠯᠤᠮᠵᠢ ᠱᠠᠭ᠋ᠠᠷᠳᠠᠯᠭ᠎ᠠ ᠶᠣᠰᠣᠭ᠋ᠠᠷ ᠦᠨ᠎ᠡ ᠲᠣᠬᠢᠷᠠᠭᠤᠯᠬᠤ ᠲᠥᠰᠦᠯ ᠵᠶ᠋ᠠᠨ ᠪᠡᠶ᠎ᠡ᠎ᠪᠠᠨ ᠳᠠᠭ᠋ᠠᠭ᠋ᠠᠵᠤ ᠮᠡᠳᠡᠭᠦᠯᠵᠤ᠂ ᠪᠠᠴᠢᠮ ᠬᠡᠷᠡᠭᠰᠡᠬᠦ ᠪᠤᠶᠤ ᠴᠢᠬᠤᠯᠠ ᠪᠦᠬᠦᠢ ᠲᠣᠬᠢᠷᠠᠭᠤᠯᠤᠯᠲᠠ ᠬᠢᠬᠦ ᠲᠥᠷᠥᠯ ᠵᠦᠢ᠍ᠯ᠂ ᠦᠨ᠎ᠡ ᠲᠣᠬᠢᠷᠠᠭᠤᠯᠬᠤ ᠬᠡᠮᠵᠢᠶ᠎ᠡ ᠵᠢᠴᠢ ᠳᠡᠭᠡᠷ᠎ᠡ ᠨᠢᠭᠡ ᠵᠢᠯ᠎ᠤᠨ ᠦᠢ᠍ᠯᠡᠴᠢᠯᠡᠭᠡᠨ᠎ᠤ ᠬᠡᠮᠵᠢᠶ᠎ᠡ ᠵᠢ ᠳᠤᠷᠠᠳᠴᠤ᠂ ᠡᠮᠴᠢᠯᠡᠭᠡᠨ᠎ᠤ ᠪᠠᠲᠤᠯᠠᠭ᠎ᠠ ᠵᠢᠨ ᠰᠠᠯᠠᠭ᠎ᠠ ᠮᠥᠴᠢᠷ᠎ᠨᠢ ᠡᠮᠴᠢᠯᠡᠭᠡᠨ᠎ᠤ ᠪᠠᠶ᠋ᠢᠭᠤᠯᠤᠮᠵᠢ ᠵᠢᠨ ᠮᠡᠳᠡᠭᠦᠯᠦᠭᠰᠡᠨ ᠦᠢ᠍ᠯᠡᠴᠢᠯᠡᠭᠡᠨ᠎ᠤ ᠬᠡᠮᠵᠢᠶ᠎ᠡ᠎ᠪᠠᠷ ᠴᠢᠬᠤᠯᠠ ᠡᠭᠦᠷᠭᠡ ᠪᠣᠯᠭ᠋ᠠᠵᠤ᠂ ᠲᠣᠰ ᠲᠣᠰ᠎ᠤᠨ ᠦᠨ᠎ᠡ ᠲᠣᠬᠢᠷᠠᠭᠤᠯᠬᠤ ᠲᠥᠷᠥᠯ ᠵᠦᠢ᠍ᠯ᠎ᠤᠨ ᠨᠡᠮᠡᠭᠦᠷᠢ ᠵᠢᠨ ᠳᠤᠮᠳᠠᠴᠢ ᠦᠨ᠎ᠡ ᠵᠢ ᠪᠣᠳᠣᠵᠤ᠂ ᠲᠥᠷᠥᠯ ᠵᠦᠢ᠍ᠯ᠎ᠤᠨ ᠦᠨ᠎ᠡ ᠲᠣᠬᠢᠷᠠᠭᠤᠯᠬᠤ ᠵᠣᠭᠣᠰ᠎ᠤᠨ ᠲᠣᠭ᠎ᠠ ᠵᠢ ᠳᠣᠤᠷ᠎ᠠ᠎ᠠᠴᠠ ᠳᠡᠭᠡᠭᠰᠢ ᠵᠢᠭᠰᠠᠭ᠋ᠠᠵᠤ᠂ ᠳᠠᠷᠠᠭ᠋ᠠᠯᠠᠯ᠎ᠨᠢ ᠡᠮᠦᠨ᠎ᠡ ᠪᠠᠢ᠌ᠭ᠎ᠠ᠂ ᠶᠡᠷᠦᠩᠬᠡᠶ ᠲᠣᠭ᠎ᠠ᠎ᠨᠢ ᠲᠣᠰ ᠭᠠᠵᠠᠷ ᠣᠷᠣᠨ᠎ᠤ ᠦᠨ᠎ᠡ ᠲᠣᠬᠢᠷᠠᠭᠤᠯᠬᠤ ᠶᠡᠷᠦᠩᠬᠡᠢ ᠲᠣᠭ᠎ᠠ᠎ᠠᠴᠠ ᠬᠡᠲᠦᠷᠡᠬᠦ ᠦᠭᠡᠢ ᠲᠥᠷᠥᠯ ᠵᠦᠢ᠍ᠯ ᠵᠶ᠋ᠠᠷ ᠰᠠᠭᠤᠷᠢ ᠪᠣᠯᠭ᠋ᠠᠵᠤ᠂ ᠳᠣᠤᠷᠠᠬᠢ ᠬᠦᠴᠦᠨ ᠵᠦᠢ᠍ᠯ᠎ᠢ ᠶᠡᠷᠦᠩᠬᠡᠶ᠋ᠢᠯᠡᠨ ᠪᠣᠳᠣᠯᠬᠢᠯᠠᠵᠤ ᠪᠠᠶ᠋ᠢᠭ᠋ᠠᠳ ᠦᠨ᠎ᠡ ᠬᠠᠩᠰᠢ ᠲᠣᠬᠢᠷᠠᠭᠤᠯᠬᠤ ᠲᠥᠷᠥᠯ ᠵᠦᠢ᠍ᠯ᠎ᠢ ᠰᠢᠯᠢᠳᠡᠭᠵᠢᠭᠦᠯᠦᠨ ᠰᠣᠩᠭᠣᠬᠤ ᠪᠠ ᠦᠷ᠎ᠡ ᠳ᠋ᠦᠩ᠎ᠢ ᠨᠤᠲᠠᠯᠠᠨ᠎ᠠ᠄
1᠂ ᠮᠡᠷᠭᠡᠵᠢᠯ᠎ᠤᠨ ᠬᠥᠳᠡᠯᠮᠦᠷᠢ ᠦᠢ᠍ᠯᠡᠴᠢᠯᠡᠭᠡᠨ᠎ᠤ ᠡᠵᠡᠯᠡᠬᠦ ᠬᠠᠷᠢᠴᠠᠯ ᠥᠨᠳᠥᠷ᠂ ᠥᠪᠡᠷ᠎ᠤᠨ ᠥᠷᠲᠡᠭ ᠪᠠ ᠦᠨ᠎ᠡ ᠬᠠᠩᠰᠢ᠎ᠨᠢ ᠬᠦᠨᠳᠦ ᠨᠣᠴᠢᠲᠠᠶ ᠬᠡᠯᠪᠡᠶ᠋ᠢᠭᠰᠡᠨ ᠡᠮᠴᠢᠯᠡᠭᠡᠨ᠎ᠤ ᠦᠢ᠍ᠯᠡᠴᠢᠯᠡᠭᠡᠨ᠎ᠤ ᠲᠥᠷᠥᠯ ᠵᠦᠢ᠍ᠯ᠎ᠢ ᠦᠨ᠎ᠡ ᠲᠤᠬᠢᠷᠠᠭᠤᠯᠬᠤ ᠬᠡᠪᠴᠢᠶᠡᠨ᠎ᠳᠤ ᠤᠷᠢᠳᠠᠪᠠᠷ ᠣᠷᠣᠭᠤᠯᠤᠨ᠎ᠠ;
2᠂ ᠠᠳᠠᠯᠢ ᠪᠤᠰᠤ ᠲᠥᠷᠥᠯ ᠬᠡᠯᠪᠡᠷᠢ᠂ ᠠᠳᠠᠯᠢ ᠪᠤᠰᠤ ᠲᠡᠰ᠎ᠤᠨ ᠡᠮᠴᠢᠯᠡᠭᠡᠨ᠎ᠤ ᠪᠠᠶ᠋ᠢᠭᠤᠯᠤᠮᠵᠢ ᠵᠢᠨ ᠴᠢᠳᠠᠮᠵᠢ ᠵᠢᠨ ᠪᠠᠶ᠋ᠢᠷᠢ ᠲᠣᠭᠲᠠᠭ᠋ᠠᠯᠲᠠ᠂ ᠦᠢ᠍ᠯᠡᠴᠢᠯᠡᠭᠡᠨ᠎ᠤ ᠴᠢᠳᠠᠪᠤᠷᠢ ᠪᠠ ᠠᠵᠢᠯᠯᠠᠭ᠋ᠠᠨ᠎ᠤ ᠣᠨᠴᠠᠯᠢᠭ᠎ᠢ ᠠᠩᠬᠠᠷᠴᠤ᠂ ᠣᠷᠣᠯᠭ᠎ᠠ ᠵᠢᠨ ᠪᠦᠲᠦᠴᠡ᠎ᠨᠢ ᠣᠨᠴᠠᠭ᠋ᠠᠶ ᠲᠤᠰᠬᠠᠶ ᠡᠮᠴᠢᠯᠡᠭᠡᠨ᠎ᠤ ᠪᠠᠶ᠋ᠢᠭᠤᠯᠤᠮᠵᠢ ᠪᠠ ᠦᠨᠳᠦᠰᠦᠨ ᠱᠠᠲᠤᠨ᠎ᠤ ᠡᠮᠴᠢᠯᠡᠭᠡᠨ᠎ᠤ ᠪᠠᠶ᠋ᠢᠭᠤᠯᠤᠮᠵᠢ ᠵᠢ ᠬᠠᠮᠲᠤᠳᠤᠨᠢ ᠬᠠᠷᠠᠭ᠋ᠠᠯᠵᠠᠨ᠎ᠠ;
3᠂ ᠣᠳᠣ ᠵᠢᠨ ᠬᠡᠷᠡᠭᠵᠢᠭᠦᠯᠵᠦ ᠪᠠᠢ᠌ᠭ᠎ᠠ ᠡᠮᠴᠢᠯᠡᠭᠡᠨ᠎ᠤ ᠦᠢ᠍ᠯᠡᠴᠢᠯᠡᠭᠡᠨ᠎ᠤ ᠲᠥᠷᠥᠯ ᠵᠦᠢ᠍ᠯ᠎ᠤᠨ ᠪᠦᠬᠦ ᠤᠯᠤᠰ ᠪᠤᠶᠤ ᠦᠪᠡᠷᠳᠡᠭᠡᠨ ᠵᠠᠰᠠᠬᠤ ᠣᠷᠣᠨ᠎ᠳᠠᠬᠢ ᠦᠨ᠎ᠡ ᠬᠠᠩᠰᠢ ᠵᠢᠨ ᠬᠢᠷᠢ ᠬᠡᠮᠵᠢᠶ᠎ᠡ ᠵᠢ ᠪᠦᠬᠦ ᠲᠠᠯ᠎ᠠ᠎ᠪᠠᠷ ᠵᠠᠳᠠᠯᠵᠤ᠂ ᠣᠷᠣᠨ ᠪᠦᠰᠡ ᠵᠢᠨ ᠬᠣᠭᠣᠷᠣᠨᠳᠣᠬᠢ ᠦᠨ᠎ᠡ ᠬᠠᠩᠰᠢ ᠵᠢᠨ ᠲᠡᠩᠴᠡᠭᠦᠷᠢ ᠵᠢ ᠪᠠᠲᠤᠯᠠᠬᠤ ᠵᠢᠨ ᠬᠠᠮᠲᠤ ᠠᠵᠤ ᠠᠬᠤᠶ ᠨᠡᠢ᠌ᠭᠡᠮ᠎ᠤᠨ ᠬᠥᠭᠵᠢᠯᠲᠡ᠎ᠲᠠᠢ ᠵᠣᠬᠢᠴᠠᠯᠳᠤᠬᠤ ᠬᠡᠷᠡᠭᠲᠡᠶ;
4᠂ ᠦᠨ᠎ᠡ ᠬᠠᠩᠰᠢ ᠲᠣᠬᠢᠷᠠᠭᠤᠯᠬᠤ ᠬᠤᠷᠳᠤᠴᠠ ᠪᠠ ᠲᠥᠷᠦᠯ ᠵᠦᠢ᠍ᠯ᠎ᠤᠨ ᠰᠣᠩᠭᠣᠯᠲᠠ ᠵᠢ ᠰᠠᠶ᠋ᠢᠲᠤᠷ ᠲᠡᠩᠴᠡᠭᠦᠯᠵᠦ᠂ ᠲᠤᠬᠢᠷᠠᠭᠤᠯᠪᠠᠰᠦ ᠵᠣᠬᠢᠬᠤ ᠬᠡᠰᠡᠭ ᠲᠥᠷᠥᠯ ᠵᠦᠢ᠍ᠯ᠎ᠨᠢ ᠤᠷᠲᠤ ᠬᠤᠭᠤᠴᠠᠭ᠋ᠠᠨ᠎ᠤ ᠲᠣᠬᠢᠷᠠᠭᠤᠯᠤᠯᠲᠠ ᠣᠯᠬᠤ ᠦᠭᠡᠢ᠂ ᠬᠡᠰᠡᠭ ᠲᠥᠷᠥᠯ ᠵᠦᠢ᠍ᠯ᠎ᠳᠤ ᠬᠡᠲᠦ ᠲᠣᠬᠢᠷᠠᠭᠤᠯᠤᠯᠲᠠ ᠬᠢᠬᠦ ᠪᠠᠢ᠌ᠳᠠᠯ ᠭᠠᠷᠬᠤ ᠵᠢ ᠰᠡᠷᠭᠡᠶ᠋ᠢᠯᠡᠬᠦ ᠬᠡᠷᠡᠭᠲᠡᠶ᠃
(ᠵᠢᠷᠭᠤᠭ᠎ᠠ) ᠦᠨ᠎ᠡ ᠲᠣᠬᠢᠷᠠᠭᠤᠯᠬᠤ ᠲᠥᠰᠦᠯ᠎ᠢ ᠰᠢᠨᠵᠢᠯᠡᠬᠦ ᠤᠬᠠᠭ᠋ᠠᠨᠴᠢ᠎ᠪᠠᠷ ᠲᠣᠭᠲᠠᠭ᠋ᠠᠬᠤ ᠬᠡᠷᠡᠭᠲᠡᠶ᠃ ᠦᠢ᠍ᠯᠡᠴᠢᠯᠡᠭᠡᠨ᠎ᠤ ᠦᠨ᠎ᠡ ᠬᠠᠩᠰᠢ ᠵᠢᠨ ᠬᠥᠳᠡᠯᠦᠩᠭᠦᠶ ᠲᠣᠬᠢᠷᠠᠭᠤᠯᠤᠯᠲᠠ ᠬᠢᠬᠦ᠎ᠳᠤ ᠵᠣᠬᠢᠬᠤ ᠳᠡᠰ ᠳᠠᠷᠠᠭ᠋ᠠᠯᠠᠯ ᠪᠠ ᠠᠷᠭ᠎ᠠ ᠵᠢ ᠦᠨᠳᠦᠰᠦᠯᠡᠵᠦ᠂ ᠦᠨ᠎ᠡ ᠲᠣᠬᠢᠷᠠᠭᠤᠯᠬᠤ ᠣᠷᠣᠨ ᠵᠠᠶ ᠵᠢ ᠰᠣᠩᠭᠣᠨ ᠲᠣᠭᠲᠠᠭ᠋ᠠᠭᠰᠠᠨ ᠲᠥᠷᠥᠯ ᠵᠦᠢ᠍ᠯ ᠲᠡᠰᠢ ᠵᠦᠶ ᠵᠣᠬᠢᠰᠲᠠᠶ ᠬᠤᠪᠢᠶᠠᠷᠢᠯᠠᠬᠤ᠎ᠳᠤ᠂ ᠳᠣᠤᠷᠠᠬᠢ ᠮᠡᠲᠦ ᠱᠠᠭ᠋ᠠᠷᠳᠠᠯᠭ᠎ᠠ᠎ᠳᠤ ᠪᠣᠳᠠᠲᠠᠶ ᠨᠡᠶ᠋ᠢᠴᠡᠭᠰᠡᠨ ᠪᠠᠢ᠌ᠬᠤ ᠬᠡᠷᠡᠭᠲᠡᠶ᠄
1᠂ ᠦᠨ᠎ᠡ ᠲᠣᠬᠢᠷᠠᠭᠤᠯᠬᠤ ᠵᠢᠱ᠌ᠢᠯᠲᠡ᠎ᠪᠠᠷ ᠨᠡᠮᠡᠭᠳᠡᠬᠦ ᠣᠷᠤᠯᠭ᠎ᠠ ᠵᠢᠨ ᠶᠡᠷᠦᠩᠬᠡᠶ ᠵᠣᠭᠣᠰᠣᠨ ᠲᠣᠭ᠎ᠠ ᠵᠢ ᠨᠡᠢ᠌ᠳᠡ ᠲᠣᠭᠲᠠᠭᠰᠠᠨ ᠦᠨ᠎ᠡ ᠲᠣᠬᠢᠷᠠᠭᠤᠯᠬᠤ ᠣᠷᠣᠨ ᠵᠠᠶ᠎ᠲᠠᠢ ᠦᠨᠳᠦᠰᠦᠨ᠎ᠳᠡᠭᠡᠨ ᠨᠡᠢ᠌ᠴᠡᠭᠦᠯᠵᠤ᠂ ᠡᠮᠴᠢᠯᠡᠭᠡᠨ᠎ᠤ ᠪᠠᠶ᠋ᠢᠭᠤᠯᠤᠮᠵᠢ ᠵᠢᠨ ᠬᠣᠭᠤᠷᠤᠨᠳᠤᠬᠢ᠂ ᠰᠢᠨᠵᠢᠯᠡᠭᠡᠨ᠎ᠤ ᠰᠠᠯᠠᠭ᠎ᠠ ᠵᠢᠨ ᠬᠣᠭᠣᠷᠣᠨᠳᠣᠬᠢ ᠲᠡᠩᠴᠡᠭᠦᠷᠢ ᠵᠢ ᠠᠩᠬᠠᠷᠤᠨ᠎ᠠ;
2᠂ ᠤᠯᠤᠰ᠎ᠤᠨ ᠮᠡᠷᠭᠡᠵᠢᠯ᠎ᠤᠨ ᠬᠥᠳᠡᠯᠮᠦᠷᠢ ᠦᠢ᠍ᠯᠡᠴᠢᠯᠡᠭᠡᠨ᠎ᠤ ᠦᠨ᠎ᠡ ᠥᠷᠲᠡᠭ᠎ᠢ ᠬᠠᠷᠠᠭᠤᠯᠤᠭᠰᠠᠨ ᠡᠮᠴᠢᠯᠡᠭᠡᠨ᠎ᠤ
ᠦᠢ᠍ᠯᠡᠴᠢᠯᠡᠭᠡᠨ᠎ᠤ ᠦᠨ᠎ᠡ ᠬᠠᠩᠰᠢ ᠵᠢ ᠭᠣᠣᠯᠳᠠᠯᠭ᠎ᠠ᠎ᠲᠠᠢ ᠳᠡᠭᠡᠭᠰᠢᠯᠡᠭᠦᠯᠵᠦ᠂ ᠲᠣᠨᠣᠭ ᠲᠥᠬᠥᠭᠡᠷᠦᠮᠵᠢ ᠡᠳ᠋ ᠪᠣᠳᠠᠰ᠎ᠤᠨ ᠬᠣᠷᠣᠭᠳᠠᠭᠤᠯᠭ᠎ᠠ ᠵᠢᠨ ᠨᠡᠯᠢᠶᠡᠳ ᠥᠨᠳᠥᠷ ᠪᠠᠶ᠋ᠢᠴᠠᠭ᠋ᠠᠯᠲᠠ ᠪᠣᠯᠤᠨ ᠲᠣᠮᠣ ᠬᠡᠯᠪᠡᠷᠢ ᠵᠢᠨ ᠲᠥᠬᠥᠭᠡᠷᠦᠮᠵᠢ ᠵᠢᠨ ᠡᠮᠨᠡᠨ ᠵᠠᠰᠠᠬᠤ ᠦᠨ᠎ᠡ ᠬᠠᠩᠰᠢ ᠵᠢ ᠪᠠᠭᠤᠷᠠᠭᠤᠯᠵᠦ᠂ ᠬᠡᠤᠬᠡᠳ᠎ᠤᠨ ᠰᠠᠯᠠᠭ᠎ᠠ ᠵᠡᠷᠭᠡ ᠪᠠᠭᠤᠷᠠᠶ ᠰᠢᠨᠵᠢᠯᠡᠭᠡᠨ᠎ᠤ ᠬᠥᠭᠵᠢᠯᠲᠡ ᠵᠢ ᠳᠡᠮᠵᠢᠨ᠎ᠡ᠃ ᠮᠣᠩᠭᠣᠯ ᠬᠢᠲᠠᠳ ᠡᠮᠨᠡᠯᠭᠡ ᠵᠢ ᠤᠯᠠᠮᠵᠢᠯᠠᠨ ᠵᠠᠯᠭ᠋ᠠᠮᠵᠢᠯᠠᠵᠤ ᠰᠢᠨ᠎ᠡ ᠵᠢ ᠡᠭᠦᠳᠦᠨ ᠬᠥᠭᠵᠢᠭᠦᠯᠬᠦ ᠵᠢ ᠳᠡᠮᠵᠢᠵᠦ᠂ ᠠᠯᠪᠠᠨ᠎ᠠᠴᠠ ᠪᠠᠶ᠋ᠢᠭᠤᠯᠤᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠡᠮᠴᠢᠯᠡᠭᠡᠨ᠎ᠤ ᠦᠢ᠍ᠯᠡᠴᠢᠯᠡᠭᠡ ᠵᠢᠨ ᠣᠷᠣᠯᠭ᠎ᠠ ᠵᠢᠨ ᠡᠵᠡᠯᠡᠬᠦ ᠬᠠᠷᠢᠴᠠᠯ᠎ᠢ ᠳᠡᠭᠡᠭᠰᠢᠯᠡᠭᠦᠯᠬᠦ ᠵᠢ ᠳᠡᠮᠵᠢᠨ᠎ᠡ;
3᠂ ᠠᠶ᠋ᠢᠮᠠᠭ ᠬᠣᠲᠠ ᠵᠢᠨ ᠳᠣᠲᠣᠷ᠎ᠠ ᠱᠠᠲᠤ ᠬᠤᠪᠢᠶᠠᠨ ᠦᠨ᠎ᠡ ᠲᠣᠭᠲᠠᠭ᠋ᠠᠬᠤ ᠵᠢ ᠬᠡᠷᠡᠭᠵᠢᠭᠦᠯᠵᠦ᠂ ᠡᠮᠴᠢᠯᠡᠭᠡᠨ᠎ᠤ ᠪᠠᠶ᠋ᠢᠭᠤᠯᠤᠮᠵᠢ ᠵᠢᠨ ᠵᠡᠷᠭᠡ ᠳᠡᠰ ᠪᠠ ᠴᠢᠳᠠᠮᠵᠢ ᠵᠢᠨ ᠪᠠᠶ᠋ᠢᠷᠢ ᠲᠣᠭᠲᠠᠭ᠋ᠠᠯᠲᠠ᠂ ᠡᠮᠴᠢ ᠵᠢᠨ ᠳᠡᠰ᠂ ᠵᠠᠬ᠎ᠠ ᠳᠡᠯᠭᠡᠭᠦᠷ᠎ᠤᠨ ᠬᠡᠷᠡᠭᠴᠡᠭᠡ ᠱᠠᠭ᠋ᠠᠷᠳᠠᠯᠭ᠎ᠠ᠂ ᠡᠬᠢ ᠪᠠᠶᠠᠯᠢᠭ᠎ᠤᠨ ᠲᠣᠬᠢᠷᠠᠭᠤᠯᠤᠯᠲᠠ ᠵᠡᠷᠭᠡ ᠬᠦᠴᠦᠨ ᠵᠦᠢ᠍ᠯ᠎ᠢ ᠭᠦᠢ᠍ᠴᠡᠳ ᠪᠣᠳᠣᠯᠬᠢᠯᠠᠵᠤ᠂ ᠦᠨ᠎ᠡ ᠬᠠᠩᠰᠢ ᠵᠢᠨ ᠵᠥᠷᠢᠶ᠎ᠡ ᠵᠢ ᠵᠦᠶ ᠵᠣᠬᠢᠰᠲᠠᠶ ᠲᠣᠬᠢᠷᠠᠭᠤᠯᠤᠨ᠎ᠠ᠃ ᠵᠠᠷᠴᠢᠮ ᠳᠡᠭᠡᠷ᠎ᠡ᠎ᠪᠠᠨ᠂ ᠠᠳᠠᠯᠢ ᠪᠤᠰᠤ ᠲᠡᠰ᠎ᠤᠨ ᠡᠮᠴᠢᠯᠡᠭᠡᠨ᠎ᠤ ᠪᠠᠶ᠋ᠢᠭᠤᠯᠤᠮᠵᠢ ᠵᠢᠨ ᠬᠣᠭᠣᠷᠣᠨᠳᠣᠬᠢ ᠠᠳᠠᠯᠢ ᠨᠢᠭᠡᠨ ᠡᠮᠴᠢᠯᠡᠭᠡᠨ᠎ᠤ ᠦᠢ᠍ᠯᠡᠴᠢᠯᠡᠭᠡᠨ᠎ᠤ ᠵᠦᠢ᠍ᠯᠡᠰ᠎ᠤᠨ ᠦᠨ᠎ᠡ ᠬᠠᠩᠰᠢ ᠵᠢᠨ ᠪᠠᠷᠢᠮᠵᠢᠶ᠎ᠠ ᠵᠢ ᠳᠡᠭᠡᠷ᠎ᠡ᠎ᠠᠴᠠ ᠳᠣᠷᠤᠭᠰᠢ ᠱᠠᠲᠤ ᠳᠠᠷᠠᠭ᠋ᠠᠯᠠᠨ᠂ ᠱᠠᠲᠤ ᠬᠤᠪᠢᠶᠠᠨ ᠣᠨᠣᠰᠢᠯᠠᠨ ᠡᠮᠨᠡᠬᠦ ᠵᠢ ᠠᠬᠢᠭᠤᠯᠤᠨ᠎ᠠ;
4᠂ ᠭᠠᠵᠠᠷ ᠣᠷᠣᠨ᠎ᠤ ᠬᠣᠭᠣᠷᠣᠨᠳᠣ ᠨᠡᠪᠲᠡᠷᠡᠯᠴᠡᠭᠡ ᠵᠣᠬᠢᠴᠠᠭᠤᠯᠭ᠎ᠠ᠎ᠪᠠᠨ ᠴᠢᠩᠭ᠋ᠠᠳᠬᠠᠵᠤ᠂ ᠥᠪᠡᠷᠲᠡᠭᠡᠨ ᠵᠠᠰᠠᠬᠤ ᠣᠷᠣᠨ᠎ᠤ ᠠᠳᠠᠯᠢ ᠲᠡᠰ᠎ᠤᠨ ᠡᠮᠴᠢᠯᠡᠭᠡᠨ᠎ᠤ ᠪᠠᠶ᠋ᠢᠭᠤᠯᠤᠮᠵᠢ ᠵᠢᠨ ᠠᠳᠠᠯᠢ ᠨᠢᠭᠡᠨ ᠲᠥᠷᠥᠯ ᠵᠦᠢ᠍ᠯ᠎ᠤᠨ ᠬᠠᠮᠤᠭ ᠥᠨᠳᠥᠷ ᠦᠨ᠎ᠡ ᠬᠠᠩᠰᠢ ᠵᠢᠨ ᠰᠠᠭᠤᠷᠢᠨ ᠳᠡᠭᠡᠷ᠎ᠡ᠂ ᠦᠨ᠎ᠡ ᠲᠣᠬᠢᠷᠠᠭᠤᠯᠬᠤ ᠬᠡᠮᠵᠢᠶ᠎ᠡ ᠵᠢ ᠰᠢᠨᠵᠢᠯᠡᠬᠦ ᠤᠬᠠᠭ᠋ᠠᠨᠴᠢ ᠪᠥᠭᠡᠳ ᠵᠦᠶ ᠵᠣᠬᠢᠰᠲᠠᠶ ᠲᠣᠭᠲᠠᠭ᠋ᠠᠵᠤ᠂ ᠠᠵᠤ ᠠᠬᠤᠢ ᠵᠢᠨ ᠬᠥᠭᠵᠢᠯᠲᠡ ᠵᠢᠨ ᠬᠢᠷᠢ ᠬᠡᠮᠵᠢᠶ᠎ᠡ᠎ᠯᠦᠭᠡ ᠣᠶ᠋ᠢᠷᠠᠯᠴᠠᠭ᠎ᠠ᠂ ᠡᠮᠴᠢᠯᠡᠭᠡᠨ᠎ᠤ ᠬᠥᠭᠵᠢᠯᠲᠡ ᠵᠢᠨ
ᠬᠢᠷᠢ ᠬᠡᠮᠵᠢᠶ᠎ᠡ᠎ᠯᠦᠭᠡ ᠠᠳᠠᠯᠢᠪᠲᠤᠷ᠂ ᠭᠠᠵᠠᠷ ᠵᠦᠶ ᠵᠢᠨ ᠣᠷᠣᠨ ᠪᠦᠰᠡ ᠵᠢᠨ ᠬᠥᠷᠰᠢ ᠵᠡᠷᠭᠡᠯᠡᠳᠡᠭᠡ ᠠᠶ᠋ᠢᠮᠠᠭ ᠬᠣᠲᠠ ᠪᠤᠶᠤ ᠮᠤᠵᠢ ᠵᠢᠨ ᠦᠨ᠎ᠡ ᠬᠠᠩᠰᠢ ᠵᠢᠨ ᠬᠢᠷᠢ ᠬᠡᠮᠵᠢᠶ᠎ᠡ᠎ᠯᠦᠭᠡ ᠬᠠᠷᠢᠴᠠᠩᠭᠤᠶ ᠨᠢᠭᠡᠳᠦᠯᠲᠡᠶ ᠪᠠ ᠵᠦᠶ ᠵᠤᠬᠢᠰᠳᠠᠢ ᠵᠣᠯᠭ᠋ᠠᠭᠤᠯᠬᠤ ᠵᠢ ᠦᠨᠡᠨᠬᠦ ᠪᠠᠲᠤᠯᠠᠨ᠎ᠠ᠃
ᠳᠥᠷᠪᠡ᠂ ᠢᠵᠢ ᠪᠦᠷᠢᠳᠦᠭᠦᠯᠦᠭᠰᠡᠨ ᠲᠥᠷᠥ ᠵᠢᠨ ᠪᠣᠳᠣᠯᠭ᠎ᠠ ᠵᠢ ᠲᠡᠭᠦᠯᠳᠡᠷᠵᠢᠭᠦᠯᠦᠨ᠎ᠡ
(ᠨᠢᠭᠡ) ᠦᠨ᠎ᠡ ᠲᠣᠬᠢᠷᠠᠭᠤᠯᠬᠤ ᠳᠦᠷᠢᠮ ᠪᠠ ᠳᠡᠰ ᠳᠠᠷᠠᠭ᠋ᠠᠯᠠᠯ᠎ᠢ ᠰᠢᠯᠢᠳᠡᠭᠵᠢᠭᠦᠯᠦᠨ᠎ᠡ᠃ ᠡᠮᠴᠢᠯᠡᠭᠡᠨ᠎ᠤ ᠦᠢ᠍ᠯᠡᠴᠢᠯᠡᠭᠡ ᠵᠢᠨ ᠦᠨ᠎ᠡ ᠬᠠᠩᠰᠢ ᠵᠢ ᠲᠣᠭᠲᠠᠭ᠋ᠠᠬᠤ ᠪᠠ ᠲᠣᠬᠢᠷᠠᠭᠤᠯᠬᠤ ᠲᠠᠰ ᠳᠠᠷᠠᠭ᠋ᠠᠯᠠᠯ᠎ᠳᠤ ᠡᠩ᠎ᠤᠨ ᠪᠠᠶ᠋ᠢᠳᠠᠯ᠎ᠳᠤ ᠥᠪᠡᠷ᠎ᠤᠨ ᠥᠷᠲᠡᠭ᠎ᠤᠨ ᠪᠠᠶ᠋ᠢᠴᠠᠭ᠋ᠠᠯᠲᠠ᠂ ᠲᠤᠰᠬᠠᠶ ᠮᠡᠷᠭᠡᠵᠢᠯᠲᠡᠨ᠎ᠤ ᠨᠤᠲᠠᠯᠠᠯᠲᠠ᠂ ᠠᠶᠤᠯ ᠲᠦᠭᠰᠢᠭᠦᠷᠢ ᠤᠨ ᠦᠨᠡᠯᠡᠨ ᠵᠢᠱ᠌ᠢᠯᠲᠡ᠂ ᠰᠠᠨᠠᠯ ᠰᠣᠨᠣᠰᠬᠤ᠂ ᠬᠠᠮᠲᠤ᠎ᠪᠠᠷ ᠬᠢᠨᠠᠨ ᠵᠥᠪᠯᠡᠬᠦ ᠵᠡᠷᠭᠡ ᠭᠣᠭᠴᠣᠭ᠎ᠠ ᠪᠠᠭᠲᠠᠨ᠎ᠠ᠃ ᠦᠨ᠎ᠡ ᠬᠠᠩᠰᠢ ᠲᠣᠬᠢᠷᠠᠭᠤᠯᠬᠤ ᠬᠡᠪᠴᠢᠶᠡᠨ᠎ᠳᠤ ᠣᠷᠣᠭᠤᠯᠬᠤ᠎ᠪᠠᠷ ᠪᠠᠢ᠌ᠭ᠎ᠠ ᠡᠮᠴᠢᠯᠡᠭᠡᠨ᠎ᠤ ᠦᠢ᠍ᠯᠡᠴᠢᠯᠡᠭᠡᠨ᠎ᠤ ᠲᠦᠷᠦᠯ ᠵᠦᠢ᠍ᠯ᠎ᠤᠨ ᠦᠨ᠎ᠡ ᠬᠠᠩᠰᠢ᠎ᠳᠤ᠂ ᠳᠥᠭᠥᠮ ᠳᠥᠲᠡ ᠪᠥᠭᠡᠳ ᠠᠮᠠᠷᠬᠠᠨ ᠶᠠᠪᠤᠭᠳᠠᠬᠤ ᠠᠷᠭ᠎ᠠ ᠮᠠᠶᠢᠭ ᠵᠶ᠋ᠠᠷ ᠥᠪᠡᠷ᠎ᠤᠨ ᠥᠷᠲᠡᠭ᠎ᠤᠨ ᠪᠠᠶ᠋ᠢᠴᠠᠭ᠋ᠠᠯᠲᠠ ᠬᠢᠵᠦ᠂ ᠦᠨ᠎ᠡ ᠲᠣᠭᠲᠠᠭ᠋ᠠᠬᠤ ᠥᠪᠡᠷ᠎ᠤᠨ ᠥᠷᠲᠡᠭ᠎ᠢ ᠵᠣᠬᠢᠰᠲᠠᠶ ᠬᠢᠨᠠᠨ ᠲᠣᠭᠲᠠᠭ᠋ᠠᠵᠤ᠂ ᠬᠤᠷᠠᠯ ᠬᠢᠬᠦ᠂ ᠰᠦᠯᠵᠢᠶ᠎ᠡ ᠪᠤᠶᠤ ᠪᠠᠶ᠋ᠢᠴᠠᠭ᠋ᠠᠯᠲᠠ ᠵᠢᠨ ᠠᠰᠠᠭᠤᠯᠲᠠ ᠵᠢᠨ ᠬᠠᠭᠤᠳᠠᠰᠤ ᠵᠡᠷᠭᠡ ᠬᠡᠯᠪᠡᠷᠢ ᠵᠢ ᠠᠪᠴᠤ᠂ ᠨᠡᠶ᠋ᠢᠭᠡᠮ᠎ᠤᠨ ᠡᠯ᠎ᠡ ᠡᠲᠡᠭᠡᠳ᠂ ᠢᠯᠠᠩᠭᠤᠶ᠎ᠠ ᠥᠷᠭᠡᠨ ᠣᠯᠠᠨ ᠡᠪᠡᠳᠴᠢᠲᠡᠨ᠂ ᠡᠮᠨᠡᠯᠭᠡ ᠵᠢᠨ ᠠᠵᠢᠯᠲᠠᠨ᠎ᠤ ᠰᠠᠨᠠᠯ ᠰᠠᠨᠠᠭᠤᠯᠭ᠎ᠠ ᠵᠢ ᠥᠷᠭᠡᠨ ᠵᠶ᠋ᠠᠷ ᠰᠣᠨᠣᠰᠴᠤ᠂ ᠦᠨᠡᠨᠬᠦ ᠴᠢᠬᠤᠯᠠᠲᠠᠢ ᠪᠣᠯ ᠠᠯᠪᠠᠨ᠎ᠠᠴᠠ ᠪᠠᠶ᠋ᠢᠭᠤᠯᠤᠭᠰᠠᠨ ᠡᠮᠴᠢᠯᠡᠭᠡᠨ᠎ᠤ ᠪᠠᠶ᠋ᠢᠭᠤᠯᠤᠮᠵᠢ᠎ᠳᠤ ᠥᠪᠡᠷ᠎ᠤᠨ ᠥᠷᠲᠡᠭ᠎ᠢ ᠬᠢᠨᠠᠨ ᠪᠠᠶ᠋ᠢᠴᠠᠭ᠋ᠠᠬᠤ ᠪᠠ ᠦᠨ᠎ᠡ ᠬᠠᠩᠰᠢ ᠵᠢᠨ ᠭᠡᠷᠡᠴᠢᠯᠡᠭᠡ ᠰᠣᠨᠣᠰᠬᠤ ᠵᠢ ᠬᠡᠷᠡᠭᠵᠢᠭᠦᠯᠵᠦ ᠪᠣᠯᠤᠨ᠎ᠠ; ᠡᠬᠢᠯᠡᠭᠦᠯᠬᠦ ᠨᠥᠬᠥᠴᠡᠯ᠂ ᠦᠨ᠎ᠡ ᠬᠠᠩᠰᠢ ᠲᠣᠬᠢᠷᠠᠭᠤᠯᠬᠤ ᠣᠷᠣᠨ ᠵᠠᠶ ᠪᠠ ᠲᠥᠷᠥᠯ ᠵᠦᠢ᠍ᠯ᠎ᠤᠨ ᠦᠨ᠎ᠡ ᠬᠠᠩᠰᠢ ᠵᠢᠨ ᠰᠢᠨᠵᠢᠯᠡᠬᠦ ᠤᠬᠠᠭ᠋ᠠᠨᠴᠢ ᠴᠢᠨᠠᠷ ᠪᠠ ᠵᠦᠶ ᠵᠣᠬᠢᠰᠲᠠᠶ ᠴᠢᠨᠠᠷ᠎ᠢ ᠦᠨᠡᠯᠡᠨ ᠵᠢᠱ᠌ᠢᠵᠦ᠂ ᠬᠣᠯᠪᠣᠭᠳᠠᠯ ᠪᠦᠬᠦᠢ ᠲᠤᠰᠬᠠᠶ ᠮᠡᠷᠭᠡᠵᠢᠯᠲᠡᠨ᠎ᠢ ᠵᠣᠬᠢᠶᠠᠨ ᠪᠠᠶ᠋ᠢᠭᠤᠯᠵᠤ ᠰᠤᠳᠤᠯᠤᠨ ᠨᠤᠲᠠᠯᠠᠬᠤ ᠬᠡᠷᠡᠭᠲᠡᠶ; ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢ ᠪᠦᠬᠦᠯᠢ ᠴᠣᠭᠴᠠ᠎ᠪᠠᠷ᠎ᠨᠢ ᠲᠣᠬᠢᠷᠠᠭᠤᠯᠵᠤ᠂ ᠣᠨᠴᠠᠭ᠋ᠠᠶ ᠬᠠᠮᠲᠤᠯᠢᠭ ᠪᠤᠶᠤ ᠬᠦᠨᠳᠦ ᠣᠨᠴᠠ ᠶᠡᠬᠡ ᠡᠪᠡᠳᠴᠢᠨ ᠡᠮᠭᠡᠭ᠎ᠲᠤ ᠬᠣᠯᠪᠣᠭᠳᠠᠭᠰᠠᠨ ᠲᠥᠷᠥᠯ ᠵᠦᠢ᠍ᠯ᠎ᠤᠨ ᠦᠨ᠎ᠡ ᠬᠠᠩᠰᠢ᠎ᠳᠤ ᠲᠣᠬᠢᠷᠠᠭᠤᠯᠤᠯᠲᠠ ᠬᠢᠵᠦ᠂ ᠦᠨ᠎ᠡ ᠬᠠᠩᠰᠢ᠎ᠳᠤ ᠲᠣᠬᠢᠷᠠᠭᠤᠯᠤᠯᠲᠠ ᠬᠢᠬᠦ ᠬᠡᠮᠵᠢᠶ᠎ᠡ ᠨᠡᠯᠢᠶᠡᠳ ᠶᠡᠬᠡ᠂ ᠡᠰᠡᠬᠦᠯ᠎ᠡ ᠣᠨᠴᠠᠭ᠋ᠠᠢ ᠴᠠᠭ ᠦᠶ᠎ᠡ᠎ᠳᠤ ᠦᠨ᠎ᠡ ᠬᠠᠩᠰᠢ ᠲᠣᠬᠢᠷᠠᠭᠤᠯᠬᠤ ᠵᠡᠷᠭᠡ᠎ᠳᠤ᠂ ᠲᠦᠭᠰᠢᠭᠦᠷᠢ ᠵᠢᠨ ᠦᠨᠡᠯᠡᠯᠳᠡ ᠬᠢᠵᠦ᠂ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠥ ᠪᠠ ᠡᠪᠡᠳᠴᠢᠲᠡᠨ᠎ᠤ ᠳᠠᠭ᠋ᠠᠭ᠋ᠠᠬᠤ ᠴᠢᠳᠠᠪᠤᠷᠢ᠂ ᠡᠮᠨᠡᠯᠭᠡ ᠵᠢᠨ ᠠᠵᠢᠯᠳᠠᠨ᠎ᠤ ᠵᠥᠪᠰᠢᠶᠡᠷᠡᠬᠦ ᠬᠡᠮᠵᠢᠶ᠎ᠡ᠂ ᠨᠡᠶ᠋ᠢᠭᠡᠮ᠎ᠤᠨ ᠨᠥᠯᠥᠭᠡ ᠵᠡᠷᠭᠡ ᠵᠢ ᠭᠣᠤᠯᠳᠠᠯᠭ᠎ᠠ᠎ᠲᠠᠢ ᠰᠤᠳᠤᠯᠤᠨ ᠮᠠᠭ᠋ᠠᠳᠯᠠᠵᠦ᠂ ᠲᠦᠭᠰᠢᠭᠦᠷᠢ ᠵᠢ ᠰᠠᠨᠠᠭ᠋ᠠᠴᠢᠯᠠᠭ᠎ᠠ᠎ᠠᠴᠠ᠎ᠪᠠᠨ ᠰᠡᠷᠭᠡᠶ᠋ᠢᠯᠡᠨ ᠬᠢᠵᠠᠭ᠋ᠠᠷᠯᠠᠨ᠎ᠠ; ᠦᠨ᠎ᠡ ᠬᠠᠩᠰᠢ ᠵᠢ ᠲᠣᠬᠢᠷᠠᠭᠤᠯᠬᠤ ᠲᠣᠭᠲᠠᠭ᠋ᠠᠯ ᠭᠠᠷᠭ᠋ᠠᠬᠤ᠎ᠠᠴᠠ ᠡᠮᠦᠨ᠎ᠡ᠂ ᠪᠠᠰᠠ ᠦᠨ᠎ᠡ ᠲᠣᠬᠢᠷᠠᠭᠤᠯᠬᠤ ᠶᠠᠪᠤᠴᠠ ᠵᠢᠴᠢ ᠦᠨᠳᠦᠰᠦᠯᠡᠯ ᠪᠣᠯᠭ᠋ᠠᠭᠰᠠᠨ ᠲᠣᠭ᠎ᠠ ᠪᠠᠷᠢᠮᠲᠠ᠂ ᠮᠠᠲ᠋ᠧᠷᠢᠶᠠᠯ ᠵᠡᠷᠭᠡ ᠵᠢ ᠬᠠᠮᠲᠤ᠎ᠪᠠᠷ ᠬᠢᠨᠠᠨ ᠶᠠᠷᠢᠯᠴᠠᠵᠤ᠂ ᠦᠨ᠎ᠡ ᠲᠣᠬᠢᠷᠠᠭᠤᠯᠬᠤ ᠠᠵᠢᠯ᠎ᠤᠨ ᠡᠷᠬᠡ ᠲᠡᠭᠰᠢ ᠲᠥᠪ ᠭᠣᠤᠯᠴᠢ᠂ ᠬᠠᠤᠯᠢ ᠲᠣᠭᠲᠠᠭ᠋ᠠᠯ᠎ᠳᠤ ᠨᠡᠶ᠋ᠢᠴᠡᠬᠦ ᠵᠢ ᠦᠨᠡᠨ ᠬᠦ᠌ ᠪᠠᠲᠤᠯᠠᠬᠤ ᠬᠡᠷᠡᠭᠲᠡᠶ᠃
(ᠬᠣᠶᠠᠷ) ᠡᠮᠴᠢᠯᠡᠭᠡᠨ᠎ᠤ ᠪᠠᠶ᠋ᠢᠭᠤᠯᠤᠮᠵᠢ ᠵᠢᠨ ᠬᠠᠮᠢᠶᠠᠷᠤᠯᠲᠠ ᠪᠣᠯᠤᠨ ᠦᠢ᠍ᠯᠡᠴᠢᠯᠡᠭᠡ ᠵᠢ ᠰᠠᠢ᠌ᠵᠢᠷᠠᠭᠤᠯᠤᠨ᠎ᠠ᠃ ᠠᠯᠪᠠᠨ᠎ᠠᠴᠠ ᠪᠠᠶ᠋ᠢᠭᠤᠯᠤᠭᠰᠠᠨ ᠡᠮᠴᠢᠯᠡᠭᠡᠨ᠎ᠤ ᠪᠠᠶ᠋ᠢᠭᠤᠯᠤᠮᠵᠢ᠎ᠨᠢ ᠥᠭᠡᠷᠡᠴᠢᠯᠡᠯᠲᠡ᠎ᠳᠤ ᠰᠠᠨᠠᠭ᠋ᠠᠴᠢᠯᠠᠭ᠎ᠠ᠎ᠠᠴᠠ᠎ᠪᠠᠨ ᠵᠣᠬᠢᠴᠠᠵᠤ᠂ ᠬᠠᠮᠢᠶᠠᠷᠤᠯᠲᠠ᠎ᠪᠠᠨ ᠴᠢᠩᠭ᠋ᠠᠳᠬᠠᠵᠤ᠂ ᠬᠠᠮᠢᠶᠠᠷᠤᠯᠲᠠ ᠪᠣᠯᠤᠨ ᠦᠢ᠍ᠯᠡᠴᠢᠯᠡᠭᠡᠨ᠎ᠤ ᠬᠢᠷᠢ ᠬᠡᠮᠵᠢᠶ᠎ᠡ᠎ᠪᠠᠨ ᠳᠡᠭᠡᠭᠰᠢᠯᠡᠭᠦᠯᠬᠦ ᠬᠡᠷᠡᠭᠲᠡᠶ᠃ ᠡᠷᠬᠡ ᠲᠡᠭᠰᠢ᠂ ᠬᠠᠤᠯᠢ᠎ᠳᠤ ᠨᠡᠶ᠋ᠢᠴᠡᠬᠦ ᠪᠠ ᠦᠨᠡᠨᠴᠢ ᠢᠲᠡᠭᠡᠮᠵᠢᠲᠡᠶ ᠪᠠᠢ᠌ᠬᠤ ᠵᠠᠷᠴᠢᠮ᠎ᠢ ᠵᠢᠷᠤᠮᠯᠠᠵᠤ᠂ ᠲᠥᠷᠥ ᠵᠢᠨ ᠪᠣᠳᠣᠯᠭ᠎ᠠ ᠵᠢᠨ ᠵᠥᠪᠰᠢᠶᠡᠷᠡᠬᠦ ᠬᠡᠪᠴᠢᠶᠡᠨ ᠳᠣᠲᠣᠷ᠎ᠠ ᠦᠨ᠎ᠡ ᠬᠠᠩᠰᠢ ᠵᠢ ᠵᠣᠬᠢᠰᠲᠠᠶ ᠲᠣᠭᠲᠠᠭ᠋ᠠᠨ ᠲᠣᠬᠢᠷᠠᠭᠤᠯᠬᠤ ᠵᠢᠨ ᠬᠠᠮᠲᠤ ᠲᠣᠳᠣᠷᠬᠠᠶ ᠠᠷᠭ᠎ᠠ ᠮᠠᠶᠢᠭ ᠵᠶ᠋ᠠᠷ ᠵᠠᠷᠯᠠᠨ ᠨᠡᠶ᠋ᠢᠲᠡᠯᠡᠵᠦ᠂ ᠠᠯᠪᠠᠲᠠᠨ ᠦᠢ᠍ᠯᠡᠴᠢᠯᠡᠬᠦ ᠵᠢᠨ ᠬᠠᠮᠳᠦ ᠰᠦᠢ᠍ᠳᠭᠡᠯ ᠬᠤᠷᠢᠶᠠᠵᠤ ᠪᠣᠯᠬᠤ ᠥᠬᠡᠶ᠂ ᠰᠦᠢ᠍ᠳᠭᠡᠯ ᠬᠤᠷᠢᠶᠠᠬᠤ ᠲᠥᠷᠥᠯ ᠵᠦᠢ᠍ᠯ᠎ᠢ ᠵᠠᠳᠠᠯᠬᠤ᠂ ᠳᠠᠪᠬᠤᠷᠳᠠᠭᠤᠯᠤᠨ ᠰᠦᠢ᠍ᠳᠭᠡᠯ ᠬᠤᠷᠢᠶᠠᠬᠤ᠂ ᠰᠦᠢ᠍ᠳᠭᠡᠯ ᠬᠤᠷᠢᠶᠠᠬᠤ ᠵᠢ ᠥᠷᠭᠡᠳᠬᠡᠬᠦ ᠵᠡᠷᠭᠡ ᠠᠷᠭ᠎ᠠ ᠮᠠᠶᠢᠭ᠎ᠢ ᠠᠪᠴᠤ ᠬᠡᠯᠪᠡᠷᠢ ᠵᠢ᠎ᠨᠢ ᠥᠭᠡᠷᠡᠲᠦᠭᠦᠯᠦᠨ ᠰᠦᠢ᠍ᠳᠭᠡᠯ ᠬᠤᠷᠢᠶᠠᠬᠤ ᠪᠠᠷᠢᠮᠵᠢᠶ᠎ᠠ ᠵᠢ ᠳᠡᠭᠡᠭᠰᠢᠯᠡᠭᠦᠯᠵᠦ ᠪᠣᠯᠬᠤ ᠥᠬᠡᠶ; ᠡᠮᠴᠢᠯᠡᠭᠡᠨ᠎ᠤ ᠦᠢ᠍ᠯᠡᠴᠢᠯᠡᠭᠡᠨ᠎ᠤ ᠦᠢ᠍ᠯᠡ ᠠᠵᠢᠯᠯᠠᠭ᠎ᠠ ᠵᠢ ᠵᠢᠷᠤᠮᠵᠢᠭᠤᠯᠵᠤ᠂ ᠡᠮ᠎ᠤᠨ ᠵᠦᠢ᠍ᠯ᠎ᠤᠨ ᠬᠣᠷᠣᠭᠳᠠᠯ
ᠮᠠᠲ᠋ᠧᠷᠢᠶᠠᠯ᠎ᠢ ᠵᠦᠶ ᠵᠣᠬᠢᠰ ᠥᠬᠡᠶ ᠬᠡᠷᠡᠭᠯᠡᠬᠦ ᠵᠢ ᠬᠢᠵᠠᠭ᠋ᠠᠷᠯᠠᠨ᠎ᠠ; ᠡᠮᠴᠢᠯᠡᠭᠡᠨ᠎ᠤ ᠦᠢ᠍ᠯᠡᠴᠢᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠵᠦ᠂ ᠡᠮᠴᠢᠯᠡᠭᠡᠨ᠎ᠤ ᠦᠢ᠍ᠯᠡᠴᠢᠯᠡᠭᠡ ᠵᠢᠨ ᠴᠤᠪᠤᠷᠠᠯ᠎ᠢ ᠰᠢᠯᠢᠳᠡᠭᠵᠢᠭᠦᠯᠵᠦ᠂ ᠡᠪᠡᠳᠴᠢᠲᠡᠨ᠎ᠤ ᠡᠪᠡᠳᠴᠢᠨ ᠦᠵᠡᠭᠦᠯᠬᠦ ᠥᠩᠭᠡᠷᠡᠯᠲᠡ ᠵᠢ ᠰᠠᠶ᠋ᠢᠵᠢᠷᠠᠭᠤᠯᠤᠨ᠎ᠠ; ᠳᠣᠲᠣᠭ᠋ᠠᠳᠤ ᠵᠢᠨ ᠬᠤᠪᠢᠶᠠᠷᠢᠯᠠᠯᠲᠠ ᠵᠢᠨ ᠲᠣᠭᠲᠠᠴᠠ ᠵᠢ ᠥᠭᠡᠷᠡᠴᠢᠯᠡᠨ ᠲᠡᠭᠦᠯᠳᠡᠷᠵᠢᠭᠦᠯᠵᠦ᠂ ᠡᠯ᠎ᠡ ᠲᠠᠯ᠎ᠠ ᠵᠢᠨ ᠢᠳᠡᠪᠬᠢᠵᠢᠯ᠎ᠢ ᠪᠦᠲᠦᠮᠵᠢᠲᠡᠶ ᠲᠠᠢ᠍ᠢ᠍ᠴᠢᠯᠠᠨ᠂ ᠰᠠᠢ᠍ᠢ᠍ᠨ ᠰᠠᠢ᠌ᠬᠠᠨ ᠲᠣᠭᠲᠠᠭᠤᠨ ᠠᠵᠢᠯᠯᠠᠭ᠋ᠠᠨ᠎ᠢ ᠪᠡᠶᠡᠯᠡᠭᠦᠯᠦᠨ᠎ᠡ᠃
(ᠭᠤᠷᠪᠠ) ᠮᠥᠷᠳᠡᠨ ᠬᠢᠨᠠᠨ ᠰᠢᠨᠵᠢᠬᠦ ᠪᠠ ᠠᠵᠢᠯ᠎ᠤᠨ ᠠᠮᠵᠢᠯᠲᠠ ᠪᠦᠲᠦᠮᠵᠢ ᠵᠢ ᠦᠨᠡᠯᠡᠬᠦ ᠵᠢ ᠰᠠᠶ᠋ᠢᠲᠤᠷ ᠬᠢᠨ᠎ᠡ᠃
ᠡᠯ᠎ᠡ ᠠᠶ᠋ᠢᠮᠠᠭ ᠬᠣᠲᠠ᠎ᠨᠢ ᠡᠮᠴᠢᠯᠡᠭᠡᠨ᠎ᠤ ᠦᠢ᠍ᠯᠡᠴᠢᠯᠡᠭᠡ ᠵᠢᠨ ᠦᠨ᠎ᠡ ᠬᠠᠩᠰᠢ ᠵᠢᠨ ᠠᠵᠢᠯᠯᠠᠭ᠋ᠠᠨ᠎ᠢ ᠬᠢᠨᠠᠨ ᠬᠡᠮᠵᠢᠬᠦ ᠲᠣᠭᠲᠠᠴᠠ ᠵᠢ ᠪᠠᠶ᠋ᠢᠭᠤᠯᠵᠤ᠂ ᠬᠢᠨᠠᠨ ᠬᠡᠮᠵᠢᠬᠦ ᠭᠦᠢ᠍ᠴᠡᠳᠭᠡᠯ ᠲᠣᠭ᠎ᠠ ᠵᠢ ᠲᠣᠳᠣᠷᠬᠠᠶ᠋ᠢᠯᠠᠵᠤ᠂ ᠬᠠᠷᠢᠶ᠎ᠠ ᠬᠡᠪᠴᠢᠶᠡᠨ ᠳᠣᠲᠣᠷᠠᠬᠢ ᠠᠯᠪᠠᠨ᠎ᠠᠴᠠ ᠪᠠᠶ᠋ᠢᠭᠤᠯᠤᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ᠂ ᠥᠪᠡᠷ᠎ᠤᠨ ᠥᠷᠲᠡᠭ᠂ ᠵᠠᠷᠤᠳᠠᠯ᠂ ᠣᠷᠣᠯᠭ᠎ᠠ ᠵᠢᠨ ᠬᠤᠪᠢᠶᠠᠷᠢᠯᠠᠯᠲᠠ ᠵᠢᠴᠢ ᠥᠭᠡᠷᠡᠴᠢᠯᠡᠯᠲᠡ ᠵᠢᠨ ᠠᠵᠢᠯᠯᠠᠭ᠋ᠠᠨ᠎ᠤ ᠪᠠᠢ᠌ᠳᠠᠯ ᠵᠡᠷᠭᠡ ᠵᠢ ᠤᠯᠠᠷᠢᠯ ᠵᠶ᠋ᠠᠷ ᠬᠢᠨᠠᠨ ᠬᠡᠮᠵᠢᠵᠦ᠂ ᠵᠠᠷᠯᠠᠨ ᠮᠡᠳᠡᠭᠳᠡᠵᠦ᠂ ᠣᠨ ᠵᠶ᠋ᠠᠷ ᠬᠤᠷᠢᠶᠠᠩᠭᠤᠶ᠋ᠢᠯᠠᠨ ᠵᠠᠳᠠᠯᠤᠯᠲᠠ ᠬᠢᠵᠤ ᠂ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢ ᠬᠥᠳᠡᠯᠦᠩᠭᠦᠶ᠎ᠪᠠᠷ ᠲᠣᠬᠢᠷᠠᠭᠤᠯᠬᠤ ᠵᠢᠨ ᠰᠠᠭᠤᠷᠢ ᠪᠠ ᠦᠨᠳᠦᠰᠦᠯᠡᠯ ᠪᠣᠯᠭ᠋ᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ᠎ᠠᠴᠠ ᠠᠯᠪᠠᠨ᠎ᠠᠴᠠ ᠪᠠᠶ᠋ᠢᠭᠤᠯᠤᠭᠰᠠᠨ ᠬᠡᠰᠡᠭ ᠡᠮᠴᠢᠯᠡᠭᠡᠨ᠎ᠤ ᠪᠠᠶ᠋ᠢᠭᠤᠯᠤᠮᠵᠢ ᠵᠢ ᠰᠤᠩᠭᠤᠨ ᠠᠪᠴᠤ ᠬᠢᠨᠠᠨ ᠬᠡᠮᠵᠢᠬᠦ ᠴᠡᠭ ᠪᠣᠯᠭ᠋ᠠᠵᠤ᠂ ᠦᠨ᠎ᠡ ᠬᠠᠩᠰᠢ ᠲᠣᠬᠢᠷᠠᠭᠤᠯᠬᠤ ᠬᠠᠨᠳᠤᠰᠢ ᠪᠠ ᠲᠣᠬᠢᠷᠠᠭᠤᠯᠤᠯᠲᠠ ᠬᠢᠬᠦ ᠭᠣᠤᠯᠳᠠᠯᠭ᠎ᠠ ᠵᠢ ᠴᠠᠭ ᠲᠤᠬᠠᠶ᠎ᠳᠤᠨᠢ ᠵᠠᠳᠠᠯᠤᠨ ᠰᠤᠳᠤᠯᠵᠤ ᠮᠠᠭ᠋ᠠᠳᠯᠠᠵᠤ᠂ ᠡᠭᠦᠨ᠎ᠢ ᠦᠨᠳᠦᠰᠦᠯᠡᠨ ᠦᠨ᠎ᠡ ᠬᠠᠩᠰᠢ ᠲᠣᠬᠢᠷᠠᠭᠤᠯᠬᠤ ᠰᠠᠨᠠᠭᠤᠯᠭ᠎ᠠ ᠳᠤᠷᠠᠳᠬᠤ ᠪᠤᠶᠤ ᠦᠨ᠎ᠡ ᠬᠠᠩᠰᠢ ᠲᠣᠬᠢᠷᠠᠭᠤᠯᠬᠤ ᠵᠢᠯᠣᠭᠣᠳᠣᠯᠭ᠎ᠠ ᠬᠢᠬᠦ ᠬᠡᠷᠡᠭᠲᠡᠶ᠃ ᠡᠭᠦᠨ᠎ᠤ ᠬᠠᠮᠲᠤ᠂ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢ ᠬᠥᠳᠡᠯᠦᠩᠭᠦᠶ᠎ᠪᠠᠷ ᠲᠣᠬᠢᠷᠠᠭᠤᠯᠬᠤ ᠠᠵᠢᠯ᠎ᠤᠨ ᠬᠢᠨᠠᠨ ᠰᠢᠯᠭ᠋ᠠᠵᠤ ᠦᠨᠡᠯᠡᠬᠦ ᠲᠣᠭᠲᠠᠴᠠ ᠵᠢ ᠪᠠᠶ᠋ᠢᠭᠤᠯᠵᠤ᠂ ᠪᠢᠴᠢᠭ ᠵᠶ᠋ᠠᠷ ᠲᠣᠬᠢᠷᠠᠭᠤᠯᠬᠤ ᠪᠠ ᠲᠤᠬᠠᠶ ᠵᠢᠨ ᠭᠠᠵᠠᠷ᠎ᠲᠤᠨᠢ ᠰᠤᠭᠤᠴᠢᠨ ᠪᠠᠶ᠋ᠢᠴᠠᠭ᠋ᠠᠬᠤ ᠵᠢ ᠬᠠᠷᠢᠯᠴᠠᠨ ᠤᠶᠠᠯᠳᠤᠭᠤᠯᠬᠤ ᠠᠷᠭ᠎ᠠ ᠮᠠᠶᠢᠭ᠎ᠢ ᠠᠪᠴᠤ᠂ ᠡᠯ᠎ᠡ ᠠᠶ᠋ᠢᠮᠠᠭ ᠬᠣᠲᠠ᠎ᠳᠤ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢ ᠬᠥᠳᠡᠯᠦᠩᠭᠦᠶ᠎ᠪᠠᠷ ᠲᠣᠬᠢᠷᠠᠭᠤᠯᠬᠤ ᠲᠣᠭᠲᠠᠴᠠ ᠵᠢ ᠪᠠᠶ᠋ᠢᠭᠤᠯᠬᠤ ᠵᠢᠨ ᠬᠠᠮᠲᠤ ᠵᠣᠬᠢᠶᠠᠨ ᠪᠠᠶ᠋ᠢᠭᠤᠯᠤᠨ ᠬᠡᠷᠡᠭᠵᠢᠭᠦᠯᠦᠭᠰᠡᠨ ᠪᠠᠢ᠌ᠳᠠᠯ ᠵᠶ᠋ᠠᠨ ᠵᠢᠯ ᠪᠦᠷᠢ ᠨᠢᠭᠡ ᠤᠳᠠᠭ᠎ᠠ ᠬᠢᠨᠠᠨ ᠰᠢᠯᠭ᠋ᠠᠵᠤ ᠦᠨᠡᠯᠡᠬᠦ ᠵᠢ ᠵᠣᠬᠢᠶᠠᠨ ᠪᠠᠶ᠋ᠢᠭᠤᠯᠵᠤ᠂ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠬᠤ᠂ ᠲᠦᠷᠢᠮ᠎ᠢ ᠲᠡᠭᠦᠯᠳᠡᠷᠵᠢᠭᠦᠯᠬᠦ ᠪᠠ ᠮᠡᠳᠡᠭᠡ ᠵᠠᠩᠭᠢ ᠵᠢ ᠬᠠᠮᠲᠤ᠎ᠪᠠᠷ ᠭᠥᠷᠳᠡᠬᠦ ᠵᠢ ᠠᠬᠢᠭᠤᠯᠤᠨ᠎ᠠ᠃
ᠲᠠᠪᠤ᠂ ᠵᠣᠬᠢᠶᠠᠨ ᠪᠠᠶ᠋ᠢᠭᠤᠯᠤᠨ ᠬᠡᠷᠡᠭᠵᠢᠭᠦᠯᠬᠦ ᠵᠢ ᠰᠠᠶ᠋ᠢᠲᠤᠷ ᠬᠢᠨ᠎ᠡ
(ᠨᠢᠭᠡ) ᠦᠵᠡᠯ ᠰᠠᠨᠠᠭ᠎ᠠ ᠲᠠᠨᠢᠯᠲᠠ᠎ᠪᠠᠨ ᠳᠡᠭᠡᠭᠰᠢᠯᠡᠭᠦᠯᠦᠨ᠎ᠡ᠃ ᠡᠯ᠎ᠡ ᠱᠠᠲᠤ ᠡᠯ᠎ᠡ ᠰᠠᠯᠠᠭ᠎ᠠ ᠮᠥᠴᠢᠷ᠎ᠤᠳ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢ ᠬᠥᠳᠡᠯᠦᠩᠭᠦᠢ᠎ᠪᠠᠷ ᠲᠣᠬᠢᠷᠠᠭᠤᠯᠬᠤ ᠠᠵᠢᠯ᠎ᠤᠨ ᠴᠢᠬᠤᠯᠠ ᠴᠢᠨᠠᠷ ᠪᠠ ᠪᠤᠳᠤᠯᠢᠶᠠᠨᠲᠤ ᠴᠢᠨᠠᠷ᠎ᠢ ᠭᠦᠢ᠍ᠴᠡᠳ ᠲᠠᠨᠢᠵᠤ᠂ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠨ᠂ ᠨᠠᠷᠢᠨ ᠨᠢᠮᠪᠠᠶ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠃ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠬᠠᠮᠲᠤᠷᠠᠭᠰᠠᠨ ᠬᠤᠷᠠᠯ᠎ᠤᠨ ᠳᠦᠷᠢᠮ ᠪᠠ ᠲᠣᠬᠢᠷᠠᠭᠤᠯᠵᠤ ᠰᠢᠮᠳᠠᠭᠤᠯᠤᠨ ᠪᠠᠢ᠌ᠴᠠᠭ᠋ᠠᠬᠤ ᠳᠦᠷᠢᠮ᠎ᠢ ᠪᠠᠶ᠋ᠢᠭᠤᠯᠵᠤ᠂ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ᠎ᠳᠤ ᠬᠥᠳᠡᠯᠦᠩᠭᠦᠶ ᠲᠣᠬᠢᠷᠠᠭᠤᠯᠤᠯᠲᠠ ᠬᠢᠬᠦ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠴᠠᠭ ᠲᠤᠬᠠᠶ᠎ᠳᠤᠨᠢ ᠰᠤᠳᠤᠯᠤᠨ ᠲᠣᠭᠲᠠᠭ᠋ᠠᠵᠤ᠂ ᠲᠣᠬᠢᠷᠠᠭᠤᠯᠤᠯᠲᠠ ᠬᠢᠬᠦ ᠶᠠᠪᠤᠴᠠ᠎ᠳᠠᠬᠢ ᠵᠥᠷᠢᠴᠡᠯ ᠪᠣᠯᠤᠨ ᠠᠰᠠᠭᠤᠳᠠᠯ᠎ᠢ ᠣᠯᠵᠤ ᠮᠡᠳᠡᠵᠦ ᠦᠨ᠎ᠡ ᠲᠣᠬᠢᠷᠠᠭᠤᠯᠬᠤ ᠠᠵᠢᠯ᠎ᠤᠨ ᠤᠷᠤᠭᠰᠢᠲᠠᠶ ᠶᠠᠪᠤᠭᠳᠠᠬᠤ ᠵᠢ ᠦᠨᠡᠨᠬᠦ ᠪᠠᠲᠤᠯᠠᠬᠤ ᠬᠡᠷᠡᠭᠲᠡᠶ᠃
(ᠬᠣᠶᠠᠷ) ᠰᠠᠯᠠᠭ᠎ᠠ ᠮᠥᠴᠢᠷ᠎ᠤᠨ ᠬᠠᠮᠵᠢᠯᠴᠠᠭ᠎ᠠ ᠵᠢ ᠴᠢᠩᠭ᠋ᠠᠳᠬᠠᠨ᠎ᠠ᠃ ᠡᠮᠴᠢᠯᠡᠭᠡᠨ᠎ᠤ ᠪᠠᠲᠤᠯᠠᠭ᠎ᠠ ᠵᠢᠨ ᠰᠠᠯᠠᠭ᠎ᠠ ᠮᠥᠴᠢᠷ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠳᠤᠷᠠᠨ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ᠎ᠳᠤ ᠬᠥᠳᠡᠯᠦᠩᠭᠦᠶ ᠲᠣᠬᠢᠷᠠᠭᠤᠯᠤᠯᠲᠠ ᠬᠢᠬᠦ ᠲᠥᠷᠥ ᠵᠢᠨ ᠪᠣᠳᠣᠯᠭ᠎ᠠ ᠵᠢ ᠨᠢᠭᠡᠳᠦᠯᠲᠡᠶ ᠲᠥᠯᠥᠪᠯᠡᠨ ᠰᠤᠳᠤᠯᠤᠨ ᠲᠣᠭᠲᠠᠭ᠋ᠠᠬᠤ ᠵᠢᠨ ᠬᠠᠮᠲᠤ ᠵᠣᠬᠢᠶᠠᠨ ᠪᠠᠶ᠋ᠢᠭᠤᠯᠤᠨ ᠬᠡᠷᠡᠭᠵᠢᠭᠦᠯᠬᠦ ᠵᠢᠨ ᠬᠠᠮᠲᠤ ᠡᠮᠴᠢᠯᠡᠭᠡᠨ᠎ᠤ ᠳᠠᠭ᠋ᠠᠳᠬᠠᠯ᠎ᠤᠨ ᠮᠡᠳᠡᠭᠡ ᠵᠠᠩᠭᠢ ᠵᠢᠨ ᠰᠢᠰᠲ᠋ᠧᠮ᠎ᠢ ᠳᠣᠭᠢᠷᠠᠭᠤᠯᠤᠨ ᠲᠡᠭᠦᠯᠳᠡᠷᠵᠢᠭᠦᠯᠬᠦ ᠵᠢᠴᠢ ᠦᠨ᠎ᠡ ᠲᠣᠬᠢᠷᠠᠭᠤᠯᠬᠤ ᠲᠥᠷᠥ ᠵᠢᠨ ᠪᠣᠳᠣᠯᠭ᠎ᠠ ᠬᠢᠭᠡᠳ ᠡᠮᠴᠢᠯᠡᠭᠡᠨ᠎ᠤ ᠳᠠᠭ᠋ᠠᠳᠬᠠᠯ᠎ᠤᠨ ᠲᠣᠭ᠋ᠠᠴᠠᠭ᠎ᠠ ᠬᠢᠬᠦ ᠲᠥᠷᠥ ᠵᠢᠨ ᠪᠣᠳᠣᠯᠭ᠎ᠠ ᠵᠢ ᠪᠦᠲᠦᠮᠵᠢᠲᠡᠶ ᠵᠣᠯᠭ᠋ᠠᠭᠤᠯᠬᠤ ᠵᠢ ᠰᠠᠶ᠋ᠢᠲᠤᠷ ᠬᠢᠨ᠎ᠠ᠃ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠡᠮᠴᠢᠯᠡᠭᠡᠨ᠎ᠤ ᠡᠬᠢ ᠪᠠᠶᠠᠯᠢᠭ᠎ᠤᠨ ᠪᠠᠶ᠋ᠢᠷᠢᠰᠢᠭᠤᠯᠤᠯ᠎ᠢ ᠵᠦᠶ ᠵᠣᠬᠢᠰᠲᠠᠶ ᠲᠥᠯᠥᠪᠵᠢᠭᠦᠯᠦᠨ᠂ ᠡᠮ ᠡᠮᠨᠡᠯᠭᠡ ᠵᠢᠨ ᠠᠵᠢᠯ ᠲᠥᠷᠥᠯ᠎ᠤᠨ ᠶᠡᠷᠦᠩᠬᠡᠢ᠌ᠯᠡᠭᠰᠡᠨ ᠬᠢᠨᠠᠯᠲᠠ ᠬᠠᠮᠢᠶᠠᠷᠤᠯᠲᠠ ᠵᠢ ᠰᠠᠶ᠋ᠢᠵᠢᠷᠠᠭᠤᠯᠵᠤ᠂ ᠠᠯᠪᠠᠨ᠎ᠠᠴᠠ ᠪᠠᠶ᠋ᠢᠭᠤᠯᠤᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢ ᠵᠢᠯᠣᠭᠣᠳᠴᠤ ᠪᠠᠶ᠋ᠢᠭ᠋ᠠᠳ ᠡᠮᠴᠢᠯᠡᠭᠡᠨ᠎ᠤ ᠦᠢ᠍ᠯᠡᠴᠢᠯᠡᠭᠡᠨ᠎ᠤ ᠮᠡᠷᠭᠡᠵᠢᠯ᠎ᠤᠨ ᠵᠢᠷᠤᠮᠵᠢᠯ᠎ᠢ ᠨᠠᠢ᠍ᠳᠠᠪᠤᠷᠢᠵᠢᠭᠤᠯᠬᠤ᠂ ᠦᠨ᠎ᠡ ᠬᠠᠩᠰᠢ ᠵᠢ ᠬᠢᠨᠠᠨ ᠰᠢᠨᠵᠢᠬᠦ᠂ ᠰᠢᠯᠭ᠋ᠠᠨ ᠦᠨᠡᠯᠡᠬᠦ ᠪᠠ ᠬᠥᠳᠡᠯᠦᠩᠭᠦᠶ ᠲᠣᠬᠢᠷᠠᠭᠤᠯᠤᠯᠲᠠ ᠬᠢᠬᠦ ᠬᠠᠮᠢᠶ᠎ᠠ ᠪᠦᠬᠦᠢ ᠠᠵᠢᠯ᠎ᠢ ᠬᠠᠮᠵᠢᠯᠴᠠᠨ ᠥᠷᠨᠢᠭᠦᠯᠦᠨ᠎ᠡ᠃ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠤᠳ ᠠᠯᠪᠠᠨ᠎ᠠᠴᠠ ᠪᠠᠶ᠋ᠢᠭᠤᠯᠤᠭᠰᠠᠨ ᠡᠮᠴᠢᠯᠡᠭᠡᠨ᠎ᠤ ᠪᠠᠶ᠋ᠢᠭᠤᠯᠤᠮᠵᠢ᠎ᠳᠤ ᠨᠦᠬᠦᠪᠦᠷᠢᠯᠡᠬᠦ ᠲᠥᠷᠥ ᠵᠢᠨ ᠪᠣᠳᠣᠯᠭ᠎ᠠ ᠵᠢ ᠱᠠᠭ᠋ᠠᠷᠳᠠᠯᠭ᠎ᠠ ᠶᠣᠰᠣᠭ᠋ᠠᠷ ᠰᠠᠶ᠋ᠢᠲᠤᠷ ᠨᠠᠶ᠋ᠢᠳᠠᠪᠤᠷᠢᠵᠢᠭᠤᠯᠬᠤ ᠬᠡᠷᠡᠭᠲᠡᠶ᠃ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠡᠮᠴᠢᠯᠡᠭᠡᠨ᠎ᠤ ᠪᠠᠶ᠋ᠢᠭᠤᠯᠤᠮᠵᠢ᠎ᠳᠤ ᠬᠢᠨᠠᠯᠲᠠ ᠲᠠᠯᠪᠢᠵᠤ ᠪᠠᠶ᠋ᠢᠴᠠᠭ᠋ᠠᠬᠤ᠎ᠪᠠᠨ ᠴᠢᠩᠭ᠋ᠠᠳᠬᠠᠵᠤ᠂ ᠦᠨ᠎ᠡ ᠬᠠᠩᠰᠢ ᠵᠢᠨ ᠬᠠᠤᠯᠢ᠎ᠠᠴᠠ ᠵᠥᠷᠢᠴᠡᠭᠰᠡᠨ ᠡᠯ᠎ᠡ ᠲᠥᠷᠥᠯ᠎ᠤᠨ ᠦᠢ᠍ᠯᠡ ᠠᠵᠢᠯᠯᠠᠭ᠎ᠠ ᠵᠢ ᠴᠢᠩᠭ᠎ᠠ ᠪᠠᠶ᠋ᠢᠴᠠᠭ᠋ᠠᠨ ᠰᠢᠢ᠍ᠳᠪᠦᠷᠢᠯᠡᠬᠦ ᠬᠡᠷᠡᠭᠲᠡᠶ᠃ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠡᠳᠦᠷ ᠲᠤᠲᠤᠮ᠎ᠤᠨ ᠬᠠᠮᠢᠶᠠᠷᠤᠯᠲᠠ ᠪᠣᠯᠤᠨ ᠬᠢᠨᠠᠯᠲᠠ ᠲᠠᠯᠪᠢᠵᠤ ᠬᠠᠮᠢᠶᠠᠷᠤᠭᠰᠠᠨ ᠪᠣᠳᠠᠲᠤ ᠪᠠᠶ᠋ᠢᠳᠠᠯ ᠵᠶ᠋ᠠᠨ ᠦᠨᠳᠦᠰᠦᠯᠡᠨ᠂ ᠲᠥᠷᠥ ᠵᠢᠨ ᠪᠣᠳᠣᠯᠭ᠎ᠠ ᠵᠢ ᠲᠡᠭᠦᠯᠳᠡᠷᠵᠢᠭᠦᠯᠬᠦ᠂ ᠬᠠᠮᠢᠶᠠᠷᠤᠯᠳᠠ ᠵᠢ ᠰᠠᠶ᠋ᠢᠵᠢᠷᠠᠭᠤᠯᠬᠤ ᠰᠠᠨᠠᠯ ᠰᠠᠨᠠᠭᠤᠯᠭ᠎ᠠ ᠵᠢ ᠴᠠᠭ ᠲᠤᠬᠠᠶ᠎ᠳᠤᠨᠢ ᠳᠤᠷᠠᠳᠬᠤ ᠬᠡᠷᠡᠭᠲᠡᠶ᠃
(ᠭᠤᠷᠪᠠ) ᠬᠠᠶ᠋ᠢᠨ ᠰᠦᠪᠡᠭᠴᠢᠯᠡᠵᠦ ᠰᠢᠨ᠎ᠡ ᠵᠢ ᠡᠭᠦᠳᠬᠦ ᠵᠢ ᠵᠣᠷᠢᠭᠵᠢᠭᠤᠯᠤᠨ᠎ᠠ᠃ ᠡᠯ᠎ᠡ ᠠᠶ᠋ᠢᠮᠠᠭ ᠬᠣᠲᠠ᠎ᠨᠤᠭᠤᠳ ᠲᠣᠰ ᠭᠠᠵᠠᠷ ᠣᠷᠣᠨ᠎ᠤ᠎ᠪᠠᠨ ᠪᠣᠳᠠᠲᠤ ᠨᠥᠬᠥᠴᠡᠯ᠎ᠢ ᠦᠨᠳᠦᠰᠦᠯᠡᠨ᠂ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢ ᠬᠥᠳᠡᠯᠦᠩᠭᠦᠶ᠎ᠪᠠᠷ ᠲᠣᠬᠢᠷᠠᠭᠤᠯᠬᠤ ᠲᠣᠭᠲᠠᠴᠠ ᠵᠢᠨ ᠪᠣᠳᠠᠲᠠᠶ ᠠᠷᠭ᠎ᠠ ᠮᠠᠶᠢᠭ᠎ᠲᠤ ᠰᠢᠨ᠎ᠡ ᠵᠢ ᠡᠭᠦᠳᠦᠨ ᠲᠡᠭᠦᠯᠳᠡᠷᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠠᠴᠠ ᠬᠥᠳᠡᠯᠦᠩᠭᠦᠶ ᠲᠣᠬᠢᠷᠠᠭᠤᠯᠤᠯᠲᠠ ᠬᠢᠬᠦ᠎ᠳᠤ ᠢᠯᠡᠳᠲᠡ ᠦᠷ᠎ᠡ ᠪᠦᠲᠦᠮᠵᠢ ᠣᠯᠤᠭᠰᠠᠨ ᠭᠠᠵᠠᠷ ᠣᠷᠣᠨ᠎ᠳᠤ ᠠᠬᠤᠶ ᠲᠠᠯᠠᠪᠠᠶ ᠵᠢᠨ ᠬᠤᠷᠠᠯ᠎ᠢ ᠵᠣᠬᠢᠶᠠᠨ ᠪᠠᠶ᠋ᠢᠭᠤᠯᠤᠨ ᠬᠤᠷᠠᠯᠳᠤᠭᠤᠯᠵᠤ᠂ ᠠᠵᠢᠯ᠎ᠤᠨ ᠲᠤᠷᠰᠢᠯᠭ᠎ᠠ᠎ᠪᠠᠨ ᠰᠤᠯᠢᠯᠴᠠᠨ ᠳᠡᠯᠭᠡᠷᠡᠭᠦᠯᠦᠨ᠎ᠡ; ᠡᠭᠦᠨ᠎ᠤ ᠬᠠᠮᠲᠤ ᠡᠮ ᠡᠮᠨᠡᠯᠭᠡ ᠵᠢᠨ ᠦᠨ᠎ᠡ ᠬᠠᠩᠰᠢ ᠵᠢᠨ ᠥᠭᠡᠷᠡᠴᠢᠯᠡᠯᠲᠡ ᠵᠢᠨ ᠪᠦᠬᠦᠯᠢ ᠴᠣᠭᠴᠠ ᠵᠢᠨ ᠠᠬᠢᠭᠤᠯᠤᠭᠰᠠᠨ ᠪᠠᠢ᠌ᠳᠠᠯ᠎ᠲᠠᠢ ᠤᠶᠠᠯᠳᠤᠭᠤᠯᠤᠨ᠂ ᠠᠯᠪᠠᠨ᠎ᠠᠴᠠ ᠪᠠᠶ᠋ᠢᠭᠤᠯᠤᠭᠰᠠᠨ 2 — 3 ᠡᠮᠴᠢᠯᠡᠭᠡᠨ᠎ᠤ ᠪᠠᠶ᠋ᠢᠭᠤᠯᠤᠮᠵᠢ ᠵᠢ ᠴᠠᠭᠲᠤᠨᠢ ᠲᠤᠬᠢᠷᠠᠭᠤᠯᠤᠨ ᠰᠣᠩᠭᠣᠵᠤ᠂ ᠡᠮᠴᠢᠯᠡᠭᠡᠨ᠎ᠤ ᠪᠠᠶ᠋ᠢᠭᠤᠯᠤᠮᠵᠢ ᠵᠢᠨ ᠡᠵᠡᠨ ᠮᠡᠳᠡᠵᠦ ᠦᠨ᠎ᠡ ᠬᠠᠩᠰᠢ ᠲᠣᠭᠲᠠᠭ᠋ᠠᠬᠤ ᠥᠭᠡᠷᠡᠴᠢᠯᠡᠯᠲᠡ ᠵᠢᠨ ᠲᠤᠷᠰᠢᠯᠳᠠ ᠵᠢ ᠰᠦᠪᠡᠭᠴᠢᠯᠡᠨ ᠥᠷᠨᠢᠭᠦᠯᠦᠨ᠎ᠡ᠃
(ᠳᠥᠷᠪᠡ) ᠶᠠᠷᠢᠶ᠎ᠠ ᠬᠡᠯᠡᠯᠴᠡᠭᠡ᠎ᠪᠠᠷ ᠬᠥᠲᠥᠯᠦᠨ ᠵᠢᠯᠣᠭᠣᠳᠬᠤ ᠵᠢ ᠴᠢᠩᠭ᠋ᠠᠳᠬᠠᠨ᠎ᠠ᠃ ᠰᠠᠯᠠᠭ᠎ᠠ ᠮᠥᠴᠢᠷ᠎ᠤᠨ ᠠᠯᠪᠠᠨ ᠰᠦᠯᠵᠢᠶ᠎ᠡ ᠪᠠ ᠭᠣᠣᠯ ᠵᠠᠭᠤᠴᠢᠯᠠᠭᠤᠷ᠂ ᠰᠢᠨ᠎ᠡ᠎ᠪᠠᠷ ᠮᠠᠨᠳᠤᠭᠰᠠᠨ ᠵᠠᠭᠤᠴᠢᠯᠠᠭᠤᠷ᠎ᠢ ᠭᠦᠢ᠍ᠴᠡᠳ ᠠᠰᠢᠭᠯᠠᠵᠤ᠂ ᠣᠯᠠᠨ ᠬᠡᠮᠵᠢᠯᠳᠦ᠂ ᠣᠯᠠᠨ ᠬᠠᠷᠠᠭ᠋ᠠᠰᠤ᠎ᠠᠴᠠ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢᠨ ᠭᠦᠳᠡᠯᠦᠩᠭᠦᠢ ᠲᠣᠬᠢᠷᠠᠭᠤᠯᠤᠯᠲᠠ ᠵᠢᠨ ᠲᠣᠭᠲᠠᠴᠠ ᠵᠢᠨ ᠭᠣᠤᠯ ᠠᠷᠭ᠎ᠠ ᠵᠢ ᠲᠠᠶ᠋ᠢᠯᠪᠤᠷᠢᠯᠠᠨ᠂ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢ ᠲᠣᠬᠢᠷᠠᠭᠤᠯᠤᠨ ᠰᠢᠯᠢᠳᠡᠭᠵᠢᠭᠦᠯᠬᠦ ᠵᠢ ᠠᠬᠢᠭᠤᠯᠬᠤ ᠵᠢᠨ ᠴᠢᠬᠤᠯᠠ ᠴᠢᠨᠠᠷ ᠪᠣᠯᠤᠨ ᠴᠢᠬᠤᠯᠠ ᠠᠴᠢ ᠬᠣᠯᠪᠣᠭᠳᠠᠯ᠎ᠢ ᠤᠬᠠᠭᠤᠯᠤᠨ᠎ᠠ᠃ ᠡᠯ᠎ᠡ ᠲᠠᠯ᠎ᠠ ᠵᠢᠨ᠎ᠬᠢᠨ᠎ᠢ ᠬᠥᠲᠥᠯᠥᠨ ᠵᠢᠯᠣᠭᠣᠳᠴᠤ ᠪᠠᠶ᠋ᠢᠭ᠋ᠠᠳ ᠵᠦᠶ ᠵᠣᠬᠢᠰᠲᠠᠶ ᠵᠢᠱ᠌ᠢᠯᠲᠡ ᠵᠢ ᠪᠦᠷᠢᠯᠳᠦᠭᠦᠯᠵᠦ᠂ ᠠᠯᠪᠠᠨ᠎ᠠᠴᠠ ᠪᠠᠶ᠋ᠢᠭᠤᠯᠤᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢ ᠬᠥᠲᠥᠯᠥᠨ ᠵᠢᠯᠣᠭᠣᠳᠴᠤ ᠪᠠᠶ᠋ᠢᠭ᠋ᠠᠳ ᠬᠦᠭᠵᠢᠯᠳᠡ ᠵᠢᠨ ᠬᠡᠯᠪᠡᠷᠢ᠎ᠪᠠᠨ ᠰᠠᠨᠠᠭ᠋ᠠᠴᠢᠯᠠᠭ᠎ᠠ᠎ᠠᠴᠠ᠎ᠨᠢ ᠬᠤᠪᠢᠷᠠᠭᠤᠯᠤᠨ᠎ᠠ᠃ ᠥᠪᠡᠷ᠎ᠤᠨ ᠦᠷᠳᠡᠭ᠎ᠢ ᠪᠠᠭᠤᠷᠠᠭᠤᠯᠤᠨ ᠦᠷ᠎ᠡ ᠠᠰᠢᠭ᠎ᠢ ᠨᠡᠮᠡᠭᠳᠡᠭᠦᠯᠬᠦ ᠵᠢ ᠴᠢᠩᠭ᠋ᠠᠳᠬᠠᠵᠤ᠂ ᠡᠬᠢ ᠪᠠᠶᠠᠯᠢᠭ᠎ᠢ ᠪᠦᠷᠢᠯᠭᠡᠨ ᠰᠦᠢ᠍ᠳᠭᠡᠬᠦ ᠵᠢ ᠪᠠᠭ᠋ᠠᠰᠬᠠᠨ᠎ᠠ᠃ ᠶᠠᠷᠢᠶ᠎ᠠ ᠬᠡᠯᠡᠯᠴᠡᠭᠡᠨ᠎ᠤ ᠪᠠᠶ᠋ᠢᠳᠠᠯ᠎ᠢ ᠨᠢᠭᠲᠠ ᠠᠩᠬᠠᠷᠴᠤ᠂ ᠨᠠᠵᠠᠭ᠋ᠠᠶ ᠲᠠᠯ᠎ᠠ ᠵᠢᠨ ᠶᠠᠷᠢᠶ᠎ᠠ ᠬᠡᠯᠡᠯᠴᠡᠭᠡᠨ᠎ᠤ ᠪᠠᠢ᠌ᠳᠠᠯ᠎ᠢ ᠴᠠᠭ ᠲᠤᠬᠠᠶ᠎ᠳᠤᠨᠢ ᠲᠣᠬᠢᠲᠠᠶ ᠠᠷᠭ᠋ᠠᠴᠠᠵᠤ᠂ ᠵᠥᠪ ᠣᠨᠣᠪᠴᠢᠲᠠᠶ ᠵᠥᠪ ᠲᠠᠯ᠎ᠠ ᠵᠢᠨ ᠶᠠᠷᠢᠶ᠎ᠠ ᠬᠡᠯᠡᠯᠴᠡᠭᠡᠨ᠎ᠤ ᠠᠭᠤᠷ ᠠᠮᠢᠰᠬᠤᠯ ᠪᠠ ᠦᠨ᠎ᠡ ᠬᠠᠩᠰᠢ ᠵᠢ ᠲᠣᠬᠢᠷᠠᠭᠤᠯᠬᠤ ᠯᠠᠪᠳᠠᠭᠤᠨ ᠲᠣᠭᠲᠠᠭᠤᠨ ᠡᠮᠬᠢ ᠵᠢᠷᠤᠮ᠎ᠲᠠᠢ ᠣᠷᠴᠢᠨ ᠨᠥᠬᠥᠴᠡᠯ᠎ᠢ ᠴᠢᠷᠮᠠᠶ᠋ᠢᠨ ᠪᠤᠢ ᠪᠣᠯᠭ᠋ᠠᠬᠤ ᠬᠡᠷᠡᠭᠲᠡᠶ᠃