ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠪᠢᠴᠢᠭ ᠮᠠᠲ᠋ᠧᠷᠢᠶᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢ᠍ᠯ ᠪᠠ ᠡᠮᠴᠢᠯᠡᠭᠡᠨ᠎ᠤ ᠪᠠᠭ᠋ᠠᠵᠢ ᠬᠡᠷᠡᠭᠰᠡᠯ᠎ᠢ ᠲᠥᠪᠯᠡᠷᠡᠭᠦᠯᠦᠨ ᠬᠤᠳᠠᠯᠳᠤᠨ ᠠᠪᠴᠤ ᠳ᠋ᠦᠩᠨᠡᠨ ᠪᠣᠳᠣᠬᠤ ᠲᠤᠬᠠᠶ᠋ᠢᠯᠠᠭᠰᠠᠨ ᠠᠵᠢᠯ᠎ᠤᠨ ᠳᠦᠷᠢᠮ᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠨᠥᠬᠥᠪᠥᠷᠢ ᠮᠡᠳᠡᠭᠳᠡᠯ
ᠨᠡᠶ᠋ᠢᠲᠡᠯᠡᠭᠰᠡᠨ ᠴᠠᠭ᠄ 2020-12-11

                    ᠥᠪᠥᠷ ᠡᠮᠴᠢᠯᠡᠭᠡ ᠪᠠᠲᠤᠯᠠᠭ᠎ᠠ ᠠᠯᠪᠠᠨ ᠬᠡᠷ [2020] 61 ᠳ᠋ᠦ᠍ᠭᠡᠷ ᠲᠣᠭ᠋ᠠᠲᠤ

ᠡᠯ᠎ᠡ ᠬᠣᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠂ ᠡᠳ᠋᠎ᠤᠨ ᠵᠠᠰᠠᠭ᠎ᠤᠨ ᠲᠣᠪᠴᠢᠶ᠎ᠠ᠂ ᠮᠠᠨᠵᠤᠤᠷ ᠬᠣᠲᠠ᠂ ᠡᠷᠢᠶᠡᠨ ᠬᠣᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠂ ᠡᠳ᠋᠎ᠤᠨ ᠵᠠᠰᠠᠭ᠎ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠳᠠᠭ᠋ᠠᠳᠬᠠᠯ᠎ᠤᠨ ᠬᠠᠮᠢᠶᠠᠷᠤᠯᠲᠠ ᠵᠢᠨ ᠲᠤᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢ᠍ᠯ ᠪᠠ ᠡᠮᠴᠢᠯᠡᠭᠡᠨ᠎ᠤ ᠪᠠᠭ᠋ᠠᠵᠢ ᠬᠡᠷᠡᠭᠰᠡᠯ᠎ᠢ ᠲᠥᠪᠯᠡᠷᠡᠭᠦᠯᠦᠨ ᠬᠤᠳᠠᠯᠳᠤᠨ ᠠᠪᠬᠤ ᠦᠢ᠍ᠯᠡᠴᠢᠯᠡᠭᠡᠨ᠎ᠤ ᠲᠥᠪ᠄
      ᠮᠠᠨ᠎ᠤ ᠣᠷᠣᠨ᠎ᠤ ᠡᠮ᠎ᠤᠨ ᠵᠦᠢ᠍ᠯ ᠪᠠ ᠡᠮᠴᠢᠯᠡᠭᠡᠨ᠎ᠤ ᠪᠠᠭ᠋ᠠᠵᠢ ᠬᠡᠷᠡᠭᠰᠡᠯ᠎ᠢ ᠲᠥᠪᠯᠡᠷᠡᠭᠦᠯᠦᠨ ᠬᠤᠳᠠᠯᠳᠤᠨ ᠠᠪᠬᠤ ᠡᠮᠴᠢᠯᠡᠭᠡᠨ᠎ᠤ   ᠪᠠᠲᠤᠯᠠᠭ᠎ᠠ ᠵᠢᠨ ᠰᠠᠭᠤᠷᠢ ᠮᠥᠩᠭᠥ ᠵᠢᠨ ᠶᠡᠷᠦᠩᠬᠡᠶ ᠲᠣᠭ᠎ᠠ ᠵᠢᠨ ᠡᠵᠡᠮᠳᠡᠯ ᠳᠣᠤᠷ᠎ᠠ ᠤᠷᠢᠳᠴᠢᠯᠠᠨ ᠰᠠᠯᠭ᠋ᠠᠨ ᠥᠭᠬᠦ ᠵᠢᠴᠢ ᠰᠢᠭᠤᠳ ᠳ᠋ᠦᠩᠨᠡᠨ ᠪᠣᠳᠣᠬᠤ ᠵᠠᠭᠪᠤᠷ᠎ᠤᠨ ᠤᠷᠤᠭᠰᠢᠲᠠᠶ ᠬᠡᠷᠡᠭᠵᠢᠭᠦᠯᠦᠭᠳᠡᠬᠦ ᠵᠢ ᠪᠠᠲᠤᠯᠠᠵᠤ᠂ ᠡᠮ᠎ᠤᠨ ᠵᠦᠢ᠍ᠯ ᠪᠠ ᠡᠮᠴᠢᠯᠡᠭᠡᠨ᠎ᠤ ᠪᠠᠭ᠋ᠠᠵᠢ ᠬᠡᠷᠡᠭᠰᠡᠯ᠎ᠤᠨ ᠪᠠᠷᠠᠭ᠎ᠠ ᠵᠢᠨ ᠵᠣᠭᠣᠰ᠎ᠢ ᠴᠠᠭ ᠲᠤᠬᠠᠶ᠎ᠳᠤᠨᠢ ᠲᠣᠭ᠎ᠠ ᠶᠣᠰᠣᠭ᠋ᠠᠷ᠎ᠨᠢ ᠨᠢᠭᠡᠳᠦᠯᠲᠡᠶ ᠲᠥᠪᠯᠡᠷᠡᠭᠦᠯᠦᠨ ᠥᠭᠬᠦ ᠵᠢ ᠦᠨᠡᠨᠬᠦ ᠪᠠᠲᠤᠯᠠᠵᠤ᠂ ᠦᠢ᠍ᠯᠡᠳᠦᠯᠭᠡ ᠵᠢᠨ ᠶᠠᠪᠤᠴᠠ᠎ᠳᠤ ᠲᠤᠯᠭ᠋ᠠᠷᠠᠭᠰᠠᠨ ᠠᠰᠠᠭᠤᠳᠠᠯ᠎ᠢ ᠰᠢᠢ᠍ᠳᠪᠦᠷᠢᠯᠡᠬᠦ ᠵᠢᠨ ᠲᠤᠰᠠᠲᠠ᠂ ᠰᠣᠳᠤᠯᠬᠤ᠎ᠪᠠᠷ ᠳᠠᠮᠵᠢᠨ   ᠡᠳᠦᠭᠡ ᠬᠠᠮᠢᠶ᠎ᠠ ᠪᠦᠬᠦᠢ ᠠᠵᠢᠯ᠎ᠤᠨ ᠨᠥᠬᠥᠪᠥᠷᠢ ᠮᠡᠳᠡᠭᠳᠡᠯ᠎ᠢ ᠳᠣᠤᠷᠠᠬᠢ ᠮᠡᠲᠦ ᠮᠡᠳᠡᠭᠳᠡᠶ᠎ᠡ᠂ ᠬᠢᠨᠠᠮᠠᠭ᠋ᠠᠶ ᠲᠤᠭᠤᠰᠢᠯᠠᠭᠤᠯᠤᠨ ᠬᠡᠷᠡᠭᠵᠢᠭᠦᠯᠳᠦᠭᠡᠢ᠃
      ᠨᠢᠭᠡ᠂ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠥ ᠵᠢ ᠤᠷᠢᠳᠴᠢᠯᠠᠨ ᠰᠠᠯᠭ᠋ᠠᠨ ᠥᠭᠬᠦ ᠭᠣᠭᠴᠣᠭ᠎ᠠ
     (ᠨᠢᠭᠡ) ᠡᠮ᠎ᠤᠨ ᠵᠦᠢ᠍ᠯ ᠪᠠ ᠡᠮᠴᠢᠯᠡᠭᠡᠨ᠎ᠤ ᠪᠠᠭ᠋ᠠᠵᠢ ᠬᠡᠷᠡᠭᠰᠡᠯ᠎ᠢ ᠲᠥᠪᠯᠡᠷᠡᠭᠦᠯᠦᠨ ᠴᠤᠭᠯᠠᠭᠤᠯᠬᠤ ᠠᠵᠢᠯ᠎ᠢ ᠪᠦᠯᠦᠭ ᠬᠤᠪᠢᠶᠠᠨ ᠲᠥᠷᠦᠯ ᠬᠣᠪᠢᠶᠠᠨ ᠥᠷᠨᠢᠭᠦᠯᠵᠦ᠂ ᠤᠳᠠᠭ᠎ᠠ ᠪᠦᠷᠢ ᠬᠤᠳᠠᠯᠳᠤᠨ ᠠᠪᠬᠤ ᠠᠵᠢᠯ᠎ᠢ ᠡᠬᠢᠯᠡᠭᠦᠯᠬᠦ ᠦᠶ᠎ᠡ᠎ᠳᠤ᠂ ᠡᠯ᠎ᠡ ᠨᠢᠭᠡᠳᠦᠯᠲᠡᠶ ᠲᠥᠯᠥᠪᠯᠡᠬᠦ ᠲᠣᠭᠣᠷᠢᠭ᠎ᠤᠨ ᠡᠮᠴᠢᠯᠡᠭᠡᠨ᠎ᠤ ᠪᠠᠲᠤᠯᠠᠭ᠎ᠠ ᠵᠢᠨ ᠭᠠᠷᠲᠠᠨ ᠭᠦᠴᠡᠳᠭᠡᠬᠦ   ᠪᠠᠢ᠌ᠭᠤᠯᠤᠮᠵᠢ᠎ᠨᠢ ᠲᠣᠰ ᠰᠠᠷ᠎ᠠ᠎ᠳᠤ ᠲᠣᠰ ᠤᠯᠠᠷᠢᠯ᠎ᠤᠨ ᠪᠠᠷᠠᠭ᠎ᠠ ᠵᠢᠨ ᠵᠣᠭᠣᠰ᠎ᠢ ᠤᠷᠢᠳᠴᠢᠯᠠᠨ ᠰᠠᠯᠭ᠋ᠠᠨ ᠥᠭᠬᠦ ᠵᠢ ᠡᠬᠢᠯᠡᠭᠦᠯᠵᠦ᠂ ᠵᠠᠯᠭ᠋ᠠᠭ᠋ᠠᠳ ᠨᠢᠭᠡᠨᠲᠡ ᠥᠷᠨᠢᠭᠦᠯᠦᠭᠰᠡᠨ ᠪᠤᠰᠤᠳ ᠪᠦᠯᠦᠭ ᠤᠳᠠᠭ᠎ᠠ᠎ᠲᠠᠢ ᠨᠡᠶ᠋ᠢᠯᠡᠭᠦᠯᠦᠨ ᠤᠯᠠᠷᠢᠯ ᠵᠶ᠋ᠠᠷ ᠤᠷᠢᠳᠴᠢᠯᠠᠨ ᠰᠠᠯᠭ᠋ᠠᠨ ᠥᠭᠬᠦ ᠬᠡᠷᠡᠭᠲᠡᠶ᠃
     (ᠬᠣᠶᠠᠷ) ᠡᠮᠴᠢᠯᠡᠭᠡᠨ᠎ᠤ ᠪᠠᠶ᠋ᠢᠭᠤᠯᠤᠮᠵᠢ ᠵᠢᠨ ᠡᠮᠴᠢᠯᠡᠭᠡᠨ᠎ᠤ ᠬᠠᠩᠭ᠋ᠠᠯᠭ᠎ᠠ ᠵᠢ ᠪᠠᠲᠤᠯᠠᠵᠤ᠂ ᠴᠠᠭ ᠲᠤᠬᠠᠶ᠎ᠳᠤᠨᠢ ᠠᠵᠤ ᠠᠬᠤᠢ᠌ᠯᠠᠯ᠎ᠳᠤ ᠵᠣᠭᠣᠰ ᠪᠤᠴᠠᠭ᠋ᠠᠬᠤ ᠵᠢᠨ ᠲᠤᠰᠠᠲᠠ᠂ ᠡᠮᠴᠢᠯᠡᠭᠡᠨ᠎ᠤ ᠪᠠᠶ᠋ᠢᠭᠤᠯᠤᠮᠵᠢ᠎ᠨᠢ ᠬᠤᠳᠠᠯᠳᠤᠨ ᠠᠪᠬᠤ ᠬᠡᠮᠵᠢᠶ᠎ᠡ᠎ᠪᠠᠨ ᠤᠯᠠᠷᠢᠯ ᠵᠶ᠋ᠠᠷ ᠭᠤᠶᠤᠴᠢᠯᠠᠵᠤ ᠪᠣᠯᠤᠨ᠎ᠠ᠂ ᠬᠤᠳᠠᠯᠳᠤᠨ ᠠᠪᠬᠤ ᠬᠡᠮᠵᠢᠶ᠎ᠡ ᠵᠢ ᠨᠡᠮᠡᠭᠰᠡᠨ ᠪᠠᠷᠠᠭ᠎ᠠ ᠵᠢᠨ ᠵᠣᠭᠣᠰ᠎ᠢ ᠨᠢᠭᠡᠳᠦᠯᠲᠡᠶ ᠲᠥᠯᠥᠪᠯᠡᠬᠦ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢ ᠭᠠᠷᠲᠠᠨ ᠬᠦᠢ᠍ᠴᠡᠳᠭᠡᠬᠦ ᠪᠠᠶ᠋ᠢᠭᠤᠯᠤᠮᠵᠢ᠎ᠪᠠᠷ ᠬᠢᠨᠠᠨ ᠬᠠᠷᠭᠤᠭᠤᠯᠤᠭᠤᠯᠤᠭᠰᠠᠨ᠎ᠤ ᠲᠠᠷᠠᠭ᠎ᠠ ᠤᠤᠯ᠎ᠤᠨ ᠲᠣᠭᠲᠠᠭᠰᠠᠨ ᠬᠡᠮᠵᠢᠶᠡᠨ᠎ᠤ ᠤᠯᠠᠷᠢᠯ᠎ᠤᠨ ᠪᠠᠷᠠᠭ᠎ᠠ ᠵᠢᠨ ᠵᠣᠭᠣᠰ᠎ᠲᠤ ᠨᠡᠢ᠌ᠯᠡᠭᠦᠯᠦᠨ ᠤᠷᠢᠳᠴᠢᠯᠠᠨ ᠰᠠᠯᠭ᠋ᠠᠨ ᠥᠭᠬᠦ ᠬᠡᠷᠡᠭᠲᠡᠶ᠃
     (ᠭᠤᠷᠪᠠ) ᠡᠮᠴᠢᠯᠡᠭᠡᠨ᠎ᠤ ᠪᠠᠶ᠋ᠢᠭᠤᠯᠤᠮᠵᠢ ᠡᠷᠬᠡᠪᠰᠢ ᠤᠷᠢᠳᠴᠢᠯᠠᠨ ᠰᠠᠯᠭ᠋ᠠᠨ ᠥᠭᠬᠦ ᠪᠠᠷᠠᠭ᠎ᠠ ᠵᠢᠨ ᠵᠣᠭᠣᠰ᠎ᠤᠨ ᠲᠣᠭ᠎ᠠ ᠬᠡᠮᠵᠢᠶᠡᠨ ᠳᠣᠲᠣᠷ᠎ᠠ ᠬᠤᠳᠠᠯᠳᠤᠨ ᠠᠪᠬᠤ ᠠᠵᠢᠯ᠎ᠢ ᠥᠷᠨᠢᠭᠦᠯᠵᠦ᠂ ᠲᠣᠭ᠎ᠠ ᠬᠡᠮᠵᠢᠶ᠎ᠡ᠎ᠨᠢ ᠬᠦᠷᠦᠯᠴᠡᠬᠦ ᠦᠭᠡᠢ ᠪᠣᠯ ᠡᠮᠴᠢᠯᠡᠭᠡᠨ᠎ᠤ ᠪᠠᠶ᠋ᠢᠭᠤᠯᠤᠮᠵᠢ ᠵᠢᠨ ᠡᠮᠴᠢᠯᠡᠭᠡᠨ᠎ᠤ ᠬᠡᠷᠡᠭᠴᠡᠭᠡ ᠵᠢ ᠨᠥᠯᠥᠭᠡᠯᠡᠬᠦ᠎ᠠᠴᠠ ᠵᠠᠶ᠋ᠢᠯᠠᠰᠬᠢᠬᠦ ᠵᠢᠨ ᠲᠥᠯᠥᠭᠡ᠂ ᠡᠮᠴᠢᠯᠡᠭᠡᠨ᠎ᠤ ᠪᠠᠶ᠋ᠢᠭᠤᠯᠤᠮᠵᠢ ᠪᠣᠳᠠᠲᠤ ᠬᠡᠷᠡᠭᠴᠡᠭᠡ ᠵᠢ ᠦᠨᠳᠦᠰᠦᠯᠡᠨ᠂ ᠰᠠᠷ᠎ᠠ ᠵᠢᠨ ᠳᠤᠮᠳᠠᠴᠢ ᠪᠠᠷᠠᠭ᠎ᠠ ᠵᠢᠨ ᠵᠣᠭᠣᠰ ᠵᠶ᠋ᠠᠷ ᠯᠠᠪᠯᠠᠯᠲᠠ ᠪᠣᠯᠭ᠋ᠠᠵᠤ ᠤᠷᠢᠳᠴᠢᠯᠠᠨ ᠥᠭᠬᠦ ᠵᠣᠭᠣᠰ᠎ᠤᠨ ᠲᠣᠭ᠎ᠠ ᠵᠢ ᠲᠥᠰᠦᠭᠡᠯᠡᠨ ᠪᠣᠳᠣᠵᠤ᠂ ᠡᠯ᠎ᠡ ᠨᠢᠭᠡᠳᠦᠯᠲᠡᠶ ᠲᠥᠯᠥᠪᠯᠡᠬᠦ ᠲᠣᠭᠣᠷᠢᠭ᠎ᠤᠨ ᠡᠮᠴᠢᠯᠡᠭᠡᠨ᠎ᠤ   ᠪᠠᠲᠤᠯᠠᠭ᠎ᠠ ᠵᠢᠨ ᠭᠠᠷᠲᠠᠨ ᠭᠦᠢ᠍ᠴᠡᠳᠭᠡᠬᠦ   ᠪᠠᠢ᠌ᠭᠤᠯᠤᠮᠵᠢ᠎ᠠᠴᠠ ᠬᠢᠨᠠᠨ ᠬᠠᠷᠭᠤᠭᠤᠯᠤᠭᠰᠠᠨ᠎ᠤ ᠳᠠᠷᠠᠭ᠎ᠠ ᠤᠯᠠᠷᠢᠯ᠎ᠤᠨ ᠪᠠᠷᠠᠭ᠎ᠠ ᠵᠢᠨ ᠵᠣᠭᠣᠰ᠎ᠯᠤᠭ᠎ᠠ ᠨᠡᠶ᠋ᠢᠯᠡᠭᠦᠯᠦᠨ ᠰᠠᠯᠭ᠋ᠠᠨ ᠥᠭᠬᠦ ᠬᠡᠷᠡᠭᠲᠡᠶ᠃
      ᠬᠣᠶᠠᠷ᠂ ᠪᠠᠷᠠᠭ᠎ᠠ ᠬᠤᠳᠠᠯᠳᠤᠨ ᠠᠪᠬᠤ ᠵᠣᠭᠣᠰ ᠥᠭᠬᠦ ᠭᠣᠭᠴᠣᠭ᠎ᠠ
      ᠰᠣᠩᠭᠣᠭᠳᠠᠭᠰᠠᠨ ᠡᠮ᠎ᠤᠨ ᠵᠦᠢ᠍ᠯ᠎ᠢ ᠬᠥᠮᠥᠷᠭᠡ᠎ᠳᠤ ᠣᠷᠣᠭᠤᠯᠤᠭᠰᠠᠨ᠎ᠤ ᠳᠠᠷᠠᠭ᠎ᠠ ᠰᠢᠰᠲ᠋ᠧᠮ᠎ᠨᠢ ᠥᠪᠡᠷᠲᠡᠭᠡᠨ ᠳ᠋ᠦᠩᠨᠡᠨ ᠪᠣᠳᠣᠬᠤ ᠬᠠᠭᠤᠳᠠᠰᠤ ᠭᠠᠷᠭ᠋ᠠᠵᠤ᠂ ᠡᠮᠴᠢᠯᠡᠭᠡᠨ᠎ᠤ ᠪᠠᠶ᠋ᠢᠭᠤᠯᠤᠮᠵᠢ 15 ᠡᠳᠦᠷ᠎ᠤᠨ ᠳᠣᠲᠣᠷ᠎ᠠ ᠡᠳ᠋᠎ᠤᠨ ᠶᠠᠪᠤᠳᠠᠯ᠎ᠤᠨ ᠲᠠᠮᠠᠭ᠎ᠠ ᠪᠠ ᠬᠠᠤᠯᠢ ᠵᠢᠨ ᠡᠷᠬᠡᠳᠡᠨ᠎ᠤ ᠲᠠᠮᠠᠭ᠎ᠠ᠎ᠳᠤ ᠭᠠᠷ᠎ᠤᠨ ᠥᠰᠥᠭ ᠵᠢᠷᠤᠵᠤ ᠲᠠᠮᠠᠭ᠎ᠠ᠎ᠪᠠᠨ ᠳᠠᠷᠤᠵᠤ᠂ ᠲᠣᠭᠲᠠᠭᠰᠠᠨ ᠬᠤᠭᠤᠴᠠᠭ᠋ᠠᠨ᠎ᠳᠤ ᠭᠠᠷ᠎ᠤᠨ ᠥᠰᠥᠭ ᠵᠢᠷᠤᠵᠤ ᠲᠠᠮᠠᠭ᠎ᠠ ᠳᠠᠷᠤᠭᠰᠠᠨ ᠥᠬᠡᠶ ᠰᠢᠰᠲ᠋ᠧᠮ᠎ᠨᠢ ᠥᠪᠡᠰᠦᠪᠡᠨ ᠳ᠋ᠦᠩᠨᠡᠨ ᠪᠤᠳᠤᠯᠲᠠ᠎ᠳᠤ ᠣᠷᠣᠭᠤᠯᠤᠨ᠎ᠠ; ᠥᠪᠡᠷᠲᠡᠭᠡᠨ ᠵᠠᠰᠠᠬᠤ ᠣᠷᠣᠨ᠎ᠤ ᠡᠮ᠎ᠤᠨ ᠮᠠᠲ᠋ᠧᠷᠢᠶᠠᠯ ᠴᠤᠭᠯᠠᠭᠤᠯᠬᠤ ᠲᠥᠪ᠎ᠨᠢ ᠰᠣᠩᠭᠣᠭᠳᠠᠭᠰᠠᠨ ᠡᠮ᠎ᠤᠨ ᠵᠦᠢ᠍ᠯ᠎ᠢ ᠬᠥᠮᠥᠷᠭᠡ᠎ᠳᠤ ᠣᠷᠣᠭᠤᠯᠤᠭᠰᠠᠨ᠎ᠤ ᠳᠠᠷᠠᠭ᠎ᠠ 30 ᠡᠳᠦᠷ᠎ᠤᠨ ᠳᠣᠲᠣᠷ᠎ᠠ ᠵᠣᠭᠣᠰ ᠲᠤᠰᠢᠶᠠᠬᠤ ᠵᠢ ᠦᠨᠡᠨᠬᠦ ᠪᠠᠲᠤᠯᠠᠬᠤ ᠬᠡᠷᠡᠭᠲᠡᠶ᠃
      ᠭᠤᠷᠪᠠ᠂ ᠫᠢᠶᠣᠣ ᠪᠠᠷᠢᠮᠲᠠ ᠵᠢᠴᠢ ᠳᠠᠩᠰᠠ ᠵᠢ ᠰᠢᠢ᠍ᠳᠪᠦᠷᠢᠯᠡᠬᠦ ᠭᠣᠭᠴᠣᠭ᠎ᠠ
      ᠥᠪᠡᠷᠲᠡᠭᠡᠨ ᠵᠠᠰᠠᠬᠤ ᠣᠷᠣᠨ᠎ᠤ ᠡᠮ ᠬᠤᠳᠠᠯᠳᠤᠨ ᠠᠪᠴᠤ ᠳ᠋ᠦᠩᠨᠡᠨ ᠪᠣᠳᠣᠬᠤ ᠰᠢᠰᠲ᠋ᠧᠮ᠎ᠨᠢ ᠫᠢᠶᠣᠣ ᠪᠠᠷᠢᠮᠲᠠ ᠵᠢᠨ ᠬᠠᠮᠢᠶᠠᠷᠤᠯᠲᠠ ᠵᠢᠨ ᠴᠢᠳᠠᠮᠵᠢ ᠵᠢ ᠨᠡᠮᠡᠭᠳᠡᠭᠦᠯᠵᠦ᠂ ᠨᠢᠭᠡᠳᠦᠯᠲᠡᠶ ᠲᠥᠯᠥᠪᠯᠡᠬᠦ ᠲᠣᠭᠣᠷᠢᠭ᠎ᠤᠨ ᠡᠮᠴᠢᠯᠡᠭᠡᠨ᠎ᠤ ᠳᠠᠭ᠋ᠠᠳᠬᠠᠯ᠎ᠤᠨ ᠭᠠᠷᠳᠠᠨ ᠬᠢᠬᠦ ᠪᠠᠶ᠋ᠢᠭᠤᠯᠤᠮᠵᠢ᠎ᠨᠢ ᠪᠠᠩᠬᠢ ᠵᠢᠨ ᠭᠠᠷᠭ᠋ᠠᠭᠰᠠᠨ 《ᠨᠢᠭᠡᠳᠦᠯᠲᠡᠶ ᠲᠥᠯᠥᠪᠯᠡᠬᠦ ᠣᠷᠣᠨ᠎ᠤ ᠤᠷᠢᠳᠴᠢᠯᠠᠨ ᠥᠭᠭᠦᠭᠰᠡᠨ ᠵᠣᠭᠣᠰ᠎ᠢ ᠳᠠᠩᠰᠠᠨ᠎ᠳᠤ ᠤᠷᠤᠭᠤᠯᠬᠤ ᠮᠡᠳᠡᠭᠳᠡᠯ᠎ᠤᠨ ᠪᠢᠴᠢᠭ》᠎ᠢ ᠪᠠᠭᠤᠯᠭ᠋ᠠᠨ ᠠᠪᠴᠤ ᠪᠣᠯᠤᠨ᠎ᠠ᠂ ᠡᠮᠴᠢᠯᠡᠭᠡᠨ᠎ᠤ ᠪᠠᠶ᠋ᠢᠭᠤᠯᠤᠮᠵᠢ᠎ᠨᠢ ᠪᠠᠩᠬᠢ ᠵᠢᠨ ᠭᠠᠷᠭ᠋ᠠᠭᠰᠠᠨ 《ᠨᠢᠭᠡᠳᠦᠯᠲᠡᠶ ᠲᠥᠯᠥᠪᠯᠡᠬᠦ ᠣᠷᠣᠨ᠎ᠤ ᠤᠷᠢᠳᠴᠢᠯᠠᠨ ᠥᠭᠭᠦᠭᠰᠡᠨ ᠵᠣᠭᠣᠰ᠎ᠢ ᠳᠠᠩᠰᠠᠨ᠎ᠳᠤ ᠤᠷᠤᠭᠤᠯᠬᠤ ᠮᠡᠳᠡᠭᠳᠡᠯ᠎ᠤᠨ ᠪᠢᠴᠢᠭ》᠂ 《ᠥᠪᠡᠷᠲᠡᠭᠡᠨ ᠵᠠᠰᠠᠬᠤ ᠣᠷᠣᠨ᠎ᠤ ᠡᠮ ᠬᠤᠳᠠᠯᠳᠤᠨ ᠠᠪᠬᠤ ᠲᠥᠪ᠎ᠤᠨ ᠵᠣᠭᠣᠰ ᠦᠭᠬᠦ ᠬᠠᠷᠢᠭᠤ ᠬᠠᠭᠤᠳᠠᠰᠤ》 ᠵᠢᠴᠢ 《ᠡᠮᠴᠢᠯᠡᠭᠡᠨ᠎ᠤ ᠪᠠᠶ᠋ᠢᠭᠤᠯᠤᠮᠵᠢ ᠵᠢᠨ ᠳᠠᠩᠰᠠ ᠳᠡᠪᠲᠡᠷ᠎ᠤᠨ ᠬᠦᠦ ᠮᠥᠩᠭᠥ ᠵᠢᠨ ᠬᠠᠷᠢᠭᠤ ᠬᠠᠭᠤᠳᠠᠰᠤ》 ᠵᠢ ᠪᠠᠭᠤᠯᠭ᠋ᠠᠨ ᠠᠪᠴᠤ ᠪᠣᠯᠤᠨ᠎ᠠ᠃ ᠲᠤᠬᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠨᠢ ᠪᠠᠩᠬᠢ ᠵᠢᠨ ᠭᠠᠷᠭ᠋ᠠᠭᠰᠠᠨ 《ᠥᠪᠡᠷᠲᠡᠭᠡᠨ ᠵᠠᠰᠠᠬᠤ ᠣᠷᠣᠨ᠎ᠤ ᠡᠮ ᠬᠤᠳᠠᠯᠳᠤᠨ ᠠᠪᠬᠤ ᠲᠥᠪ᠎ᠤᠨ ᠵᠣᠭᠣᠰ ᠲᠤᠰᠢᠶᠠᠭᠰᠠᠨ ᠬᠠᠷᠢᠭᠤ ᠬᠠᠭᠤᠳᠠᠰᠤ》 ᠵᠢ ᠪᠠᠭᠤᠯᠭ᠋ᠠᠨ ᠠᠪᠴᠤ ᠲᠣᠰ ᠲᠣᠰ ᠵᠤᠬᠢᠴᠠᠩᠭᠤᠢ ᠳᠠᠩᠰᠠ ᠬᠠᠷ᠎ᠠ ᠵᠢ ᠰᠢᠢ᠍ᠳᠪᠦᠷᠢᠯᠡᠵᠦ ᠪᠣᠯᠤᠨ᠎ᠠ᠃
     

        ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ
        ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ
                                                2020 ᠣᠨ᠎ᠤ 7 ᠰᠠᠷ᠎ᠠ ᠵᠢᠨ 27᠎ᠤ ᠡᠳᠦᠷ

ᠢᠷᠡᠯᠲᠡ᠄ ᠥᠪᠦᠷ ᠮᠣᠩᠭᠣᠯ᠎ᠤᠨ ᠥᠪᠡᠷᠲᠡᠭᠡᠨ ᠵᠠᠰᠠᠬᠤ ᠣᠷᠤᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠥ ᠵᠢ ᠬᠢᠨᠠᠨ ᠬᠠᠮᠢᠶᠠᠷᠬᠤ ᠨᠡᠶ᠋ᠢᠭᠡᠮ᠎ᠤᠨ ᠠᠯᠪᠠᠨ ᠵᠢᠷᠤᠮ᠎ᠤᠨ ᠬᠢᠨᠠᠯᠲᠠ ᠲᠠᠯᠪᠢᠭᠴᠢ ᠵᠢᠨ ᠬᠠᠮᠢᠶᠠᠷᠤᠯᠲᠠ ᠵᠢᠨ ᠠᠷᠭ᠎ᠠ》 ᠵᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠳᠤᠯᠠᠭ᠎ᠠ ᠵᠢᠨ ᠲᠣᠪᠴᠢᠶ᠎ᠠ ᠵᠢᠨ ᠮᠡᠳᠡᠭᠳᠡᠯ
ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢ ᠬᠥᠳᠡᠯᠦᠩᠭᠦᠶ᠎ᠪᠠᠷ ᠲᠣᠬᠢᠷᠠᠭᠤᠯᠬᠤ ᠠᠵᠢᠯ᠎ᠢ ᠰᠠᠶ᠋ᠢᠲᠤᠷ ᠬᠢᠬᠦ ᠲᠤᠬᠠᠶ ᠬᠡᠷᠡᠭᠵᠢᠭᠦᠯᠬᠦ ᠰᠠᠨᠠᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠦᠯᠵᠢᠶᠡᠨ᠎ᠳᠤ ᠭᠠᠷᠭ᠋ᠠᠭᠰᠠᠨ ᠡᠮ᠎ᠤᠨ ᠵᠦᠢ᠍ᠯ᠎ᠤᠨ ᠬᠥᠳᠡᠯᠦᠩᠭᠦᠶ ᠲᠣᠬᠢᠷᠠᠭᠤᠯᠤᠯᠲᠠ ᠵᠢᠨ ᠠᠵᠢᠯ᠎ᠢ ᠰᠠᠶ᠋ᠢᠲᠤᠷ ᠬᠢᠬᠦ ᠲᠤᠬᠠᠶ ᠮᠡᠳᠡᠭᠳᠡᠯ》᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠦᠯᠵᠢᠶᠡᠨ᠎ᠳᠤ ᠭᠠᠷᠭ᠋ᠠᠭᠰᠠᠨ ᠡᠮ᠎ᠤᠨ ᠵᠦᠢ᠍ᠯ᠎ᠤᠨ ᠬᠥᠳᠡᠯᠦᠩᠭᠦᠶ ᠲᠣᠬᠢᠷᠠᠭᠤᠯᠤᠯᠲᠠ ᠵᠢᠨ ᠠᠵᠢᠯ᠎ᠢ ᠰᠠᠶ᠋ᠢᠲᠤᠷ ᠬᠢᠬᠦ ᠲᠤᠬᠠᠶ ᠮᠡᠳᠡᠭᠳᠡᠯ
《ᠬᠥᠬᠡᠬᠣᠲᠠ ᠪᠤᠭᠤᠲᠤ ᠣᠷᠳᠣᠰ ᠤᠯᠠᠭ᠋ᠠᠨᠴᠠᠪ᠎ᠤᠨ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠬᠦᠨᠳᠦ ᠡᠪᠡᠳᠴᠢᠨ᠎ᠤ ᠳᠠᠭ᠋ᠠᠳᠬᠠᠯ᠎ᠤᠨ ᠠᠵᠢᠯ᠎ᠢ ᠰᠠᠶ᠋ᠢᠲᠤᠷ ᠬᠢᠬᠦ ᠲᠤᠬᠠᠶ ᠮᠡᠳᠡᠭᠳᠡᠯ》᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
 
            