ᠥᠪᠥᠷ ᠡᠮᠴᠢᠯᠡᠭᠡ ᠪᠠᠲᠤᠯᠠᠭ᠎ᠠ ᠠᠯᠪᠠᠨ ᠥᠰᠥᠭ [2020] 57 ᠳ᠋ᠤᠭ᠋ᠠᠷ ᠲᠣᠭ᠋ᠠᠲᠤ
ᠡᠯ᠎ᠡ ᠠᠶ᠋ᠢᠮᠠᠭ ᠬᠣᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠂ ᠮᠠᠨᠵᠤᠤᠷ ᠬᠣᠲᠠ᠂ ᠡᠷᠢᠶᠡᠨ ᠬᠤᠳᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠳᠠᠭ᠋ᠠᠳᠬᠠᠯ᠎ᠤᠨ ᠲᠣᠪᠴᠢᠶ᠎ᠠ᠎ᠳᠤ᠄
ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ 《ᠡᠮᠴᠢᠯᠡᠭᠡᠨ᠎ᠤ ᠪᠠᠲᠤᠯᠠᠭ᠎ᠠ ᠵᠢᠨ ᠡᠯᠧᠺᠲᠷᠣᠨ ᠭᠡᠷᠡᠴᠢ ᠪᠠᠷᠢᠮᠲᠠ ᠵᠢ ᠬᠡᠷᠡᠭᠯᠡᠬᠦ ᠠᠵᠢᠯ᠎ᠢ ᠥᠷᠨᠢᠭᠦᠯᠬᠦ ᠲᠤᠬᠠᠶ ᠮᠡᠳᠡᠭᠳᠡᠯ》 (ᠡᠮᠴᠢᠯᠡᠭᠡ ᠪᠠᠲᠤᠯᠠᠭ᠎ᠠ ᠰᠦᠯᠵᠢᠶᠡᠨ᠎ᠤ ᠮᠡᠳᠡᠭᠡ ᠵᠠᠩᠭᠢ ᠵᠢᠨ ᠠᠯᠪᠠᠨ ᠬᠡᠷ [2019] 39 ᠳ᠋ᠤᠭᠡᠷ ᠲᠣᠭ᠋ᠠᠲᠤ)᠂ 《ᠡᠮᠴᠢᠯᠡᠭᠡᠨ᠎ᠤ ᠪᠠᠲᠤᠯᠠᠭ᠎ᠠ ᠵᠢᠨ ᠡᠯᠧᠺᠲᠷᠣᠨ ᠭᠡᠷᠡᠴᠢ ᠪᠠᠷᠢᠮᠲᠠ ᠵᠢ ᠪᠥᠬᠥ ᠲᠠᠯ᠎ᠠ᠎ᠪᠠᠷ ᠳᠡᠯᠭᠡᠷᠡᠭᠦᠯᠦᠨ ᠬᠡᠷᠡᠭᠯᠡᠬᠦ ᠲᠤᠬᠠᠶ ᠮᠡᠳᠡᠭᠳᠡᠯ》 (ᠡᠮᠴᠢᠯᠡᠭᠡ ᠪᠠᠲᠤᠯᠠᠭ᠎ᠠ ᠠᠯᠪᠠᠨ ᠬᠡᠷ [2020] 10 ᠳ᠋ᠤᠭ᠋ᠠᠷ ᠲᠣᠭ᠋ᠠᠲᠤ)᠂ 《ᠥᠪᠥᠷ ᠮᠣᠩᠭᠣᠯ᠎ᠤᠨ ᠦᠪᠡᠷᠳᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠡᠯᠧᠺᠲᠷᠣᠨ ᠭᠡᠷᠡᠴᠢ ᠪᠠᠷᠢᠮᠲᠠ ᠵᠢ ᠬᠡᠷᠡᠭᠯᠡᠬᠦ ᠪᠦᠳᠦᠭᠡᠨ ᠪᠠᠶ᠋ᠢᠭᠤᠯᠤᠯᠲᠠ ᠵᠢᠨ ᠲᠥᠰᠦᠯ》 (ᠥᠪᠥᠷ ᠡᠮᠴᠢᠯᠡᠭᠡ ᠪᠠᠲᠤᠯᠠᠭ᠎ᠠ ᠠᠯᠪᠠᠨ ᠲᠠᠷᠬᠠᠭ᠋ᠠᠭᠰᠠᠨ [2020] 11 ᠳ᠋ᠤᠭᠡᠷ ᠲᠣᠭ᠋ᠠᠲᠤ)᠂ 《ᠡᠯ᠎ᠡ ᠠᠶ᠋ᠢᠮᠠᠭ ᠬᠣᠲᠠ ᠵᠢᠨ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠡᠮᠴᠢᠯᠡᠭᠡ ᠵᠢᠨ ᠳᠠᠭ᠋ᠠᠳᠬᠠᠯ᠎ᠤᠨ ᠰᠢᠰᠲ᠋ᠧᠮ᠎ᠢ ᠨᠡᠭᠦᠯᠭᠡᠬᠦ ᠲᠤᠬᠠᠶ ᠮᠡᠳᠡᠭᠳᠡᠯ》 (ᠥᠪᠥᠷ ᠡᠮᠴᠢᠯᠡᠭᠡ ᠳᠠᠭ᠋ᠠᠳᠬᠠᠯ ᠠᠯᠪᠠᠨ ᠥᠰᠥᠭ [2020] 22 ᠳ᠋ᠤᠭ᠋ᠠᠷ ᠲᠣᠭ᠋ᠠᠲᠤ)᠎ᠳᠤ ᠲᠣᠳᠣᠷᠬᠠᠶ ᠲᠤᠷᠠᠳᠴᠦ᠂ ᠡᠨᠡ ᠵᠢᠯ᠎ᠤᠨ 7 ᠰᠠᠷ᠎ᠠ᠎ᠳᠤ ᠤᠯᠤᠰ᠎ᠤᠨ ᠰᠠᠭᠤᠷᠢ ᠮᠡᠳᠡᠭᠡ ᠵᠠᠩᠭᠢ ᠵᠢᠨ ᠲᠥᠪ᠂ ᠡᠯᠧᠺᠲᠷᠣᠨ ᠭᠡᠷᠡᠴᠢ ᠪᠠᠷᠢᠮᠲᠠ ᠵᠢᠨ ᠲᠥᠪ᠂ ᠰᠢᠯᠵᠢᠮᠡᠯ ᠲᠣᠭ᠋ᠠᠴᠠᠭ᠎ᠠ ᠬᠢᠬᠦ ᠲᠥᠪ ᠵᠢᠩᠬᠢᠨᠢ᠎ᠪᠠᠷ ᠰᠦᠯᠵᠢᠶᠡᠨ᠎ᠳᠤ ᠭᠠᠷᠪᠠ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠠᠭᠤᠷᠢ ᠮᠡᠳᠡᠭᠡ ᠵᠠᠩᠭᠢ ᠵᠢᠨ ᠲᠥᠪ᠂ ᠡᠯᠧᠺᠲᠷᠣᠨ ᠭᠡᠷᠡᠴᠢ ᠪᠠᠷᠢᠮᠲᠠ ᠵᠢᠨ ᠲᠥᠪ᠂ ᠰᠢᠯᠵᠢᠮᠡᠯ ᠲᠣᠭ᠋ᠠᠴᠠᠭ᠎ᠠ ᠬᠢᠬᠦ ᠲᠥᠪ᠎ᠢ ᠰᠦᠯᠵᠢᠶᠡᠨ᠎ᠳᠤ ᠭᠠᠷᠭ᠋ᠠᠬᠤ ᠵᠢᠴᠢ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠡᠮᠴᠢᠯᠡᠭᠡᠨ᠎ᠤ ᠰᠢᠰᠲ᠋ᠧᠮ᠎ᠢ ᠲᠥᠪᠯᠡᠷᠡᠭᠦᠯᠦᠨ ᠪᠠᠶ᠋ᠢᠷᠢᠯᠠᠭᠤᠯᠬᠤ ᠠᠵᠢᠯ᠎ᠢ ᠰᠠᠶ᠋ᠢᠲᠤᠷ ᠬᠢᠬᠦ ᠵᠢᠨ ᠲᠥᠯᠥᠭᠡ᠂ ᠡᠯ᠎ᠡ ᠭᠠᠵᠠᠷ᠎ᠤᠨ᠎ᠬᠢᠨ ᠰᠤᠷᠪᠤᠯᠵᠢᠯᠠᠨ ᠲᠤᠷᠰᠢᠬᠤ᠂ ᠵᠠᠯᠭ᠋ᠠᠭ᠋ᠠᠰᠤ᠎ᠪᠠᠷ ᠬᠣᠯᠪᠣᠭ᠋ᠠᠯᠠᠨ ᠰᠢᠯᠭ᠋ᠠᠬᠤ ᠵᠡᠷᠭᠡ ᠠᠵᠢᠯ᠎ᠢ ᠬᠠᠮᠵᠢᠯᠴᠠᠨ ᠪᠡᠶᠡᠯᠡᠭᠦᠯᠬᠦ ᠬᠡᠷᠡᠭᠲᠡᠶ᠃ ᠡᠯ᠎ᠡ ᠠᠶ᠋ᠢᠮᠠᠭ ᠬᠣᠲᠠ᠎ᠨᠤᠭᠤᠳ ᠠᠶ᠋ᠢᠮᠠᠭ ᠬᠣᠲᠠ ᠬᠣᠰᠢᠭᠤ ᠰᠢᠶᠠᠨ ᠲᠣᠭᠣᠷᠢᠭ᠎ᠤᠨ ᠡᠮᠴᠢᠯᠡᠭᠡᠨ᠎ᠤ ᠪᠠᠢ᠌ᠭᠤᠯᠤᠮᠵᠢ ᠵᠢᠨ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ ᠰᠢᠰᠲ᠋ᠧᠮ᠎ᠤᠨ ᠰᠦᠯᠵᠢᠶ᠎ᠡ ᠵᠢ ᠵᠣᠯᠭ᠋ᠠᠭᠤᠯᠬᠤ ᠠᠵᠢᠯ᠎ᠢ ᠰᠠᠶ᠋ᠢᠲᠤᠷ ᠬᠢᠬᠦ ᠴᠢᠬᠤᠯᠠᠲᠠᠶ ᠪᠠᠶ᠋ᠢᠨ᠎ᠠ᠃ ᠪᠣᠳᠠᠲᠠᠶ ᠱᠠᠭ᠋ᠠᠷᠳᠠᠯᠭ᠎ᠠ᠎ᠨᠢ ᠳᠣᠤᠷᠠᠬᠢ ᠮᠡᠲᠦ᠄
ᠠᠵᠢᠯᠲᠠᠨ ᠠᠵᠢᠯᠴᠢᠨ᠎ᠤ ᠡᠮᠴᠢᠯᠡᠭᠡᠨ᠎ᠤ ᠪᠠᠲᠤᠯᠠᠭ᠎ᠠ ᠵᠢᠨ ᠰᠢᠰᠲ᠋ᠧᠮ᠎ᠢ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠮᠡᠳᠡᠭᠡ ᠵᠠᠩᠭᠢ ᠵᠢᠨ ᠰᠢᠰᠲ᠋ᠧᠮ᠎ᠳᠤ ᠪᠠᠶ᠋ᠢᠷᠢᠯᠠᠭᠤᠯᠤᠭᠰᠠᠨ ᠪᠣᠯᠬᠣᠷ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠰᠢᠰᠲ᠋ᠧᠮ᠎ᠢ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠎ᠳᠤ ᠲᠥᠪᠯᠡᠷᠡᠭᠦᠯᠦᠨ ᠪᠠᠶ᠋ᠢᠷᠢᠯᠠᠭᠤᠯᠵᠤ᠂ ᠡᠯ᠎ᠡ ᠠᠶ᠋ᠢᠮᠠᠭ ᠬᠣᠲᠠ᠎ᠨᠢ ᠲᠤᠬᠠᠶ ᠵᠢᠨ ᠭᠠᠵᠠᠷ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠲᠠᠢ ᠨᠡᠪᠳᠡᠷᠡᠯᠴᠡᠵᠦ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠤᠨ ᠬᠠᠮᠵᠢᠯᠴᠠᠭ᠎ᠠ ᠲᠤᠤᠷ᠎ᠠ᠂ 《ᠥᠪᠡᠷᠲᠡᠭᠡᠨ ᠵᠠᠰᠠᠬᠤ ᠣᠷᠣᠨ᠎ᠤ ᠠᠶ᠋ᠢᠮᠠᠭ ᠬᠣᠲᠠ ᠬᠣᠰᠢᠭᠤ ᠰᠢᠶᠠᠨ᠎ᠤ ᠡᠮᠴᠢᠯᠡᠭᠡᠨ᠎ᠤ ᠪᠠᠲᠤᠯᠠᠭ᠎ᠠ ᠵᠢᠨ ᠶᠦᠨ ᠰᠢᠨ ᠤᠷᠴᠢᠨ ᠲᠣᠭᠣᠷᠢᠨ᠎ᠢ ᠰᠤᠷᠪᠤᠯᠵᠢᠯᠠᠬᠤ ᠲᠣᠤᠷ ᠰᠦᠯᠵᠢᠶ᠎ᠡ ᠵᠢᠨ ᠲᠣᠬᠢᠷᠠᠭᠤᠯᠤᠯᠲᠠ ᠵᠢᠨ ᠲᠥᠰᠦᠯ》 (ᠳᠠᠭ᠋ᠠᠯᠳᠤᠭᠤᠯᠤᠯ᠎ᠲᠤ ᠦᠵᠡ) ᠶᠣᠰᠣᠭ᠋ᠠᠷ ᠰᠦᠯᠵᠢᠶ᠎ᠡ᠎ᠪᠠᠷ ᠬᠣᠯᠪᠣᠭ᠋ᠠᠯᠠᠨ ᠲᠣᠬᠢᠷᠠᠭᠤᠯᠬᠤ ᠠᠵᠢᠯ᠎ᠢ ᠰᠠᠶ᠋ᠢᠲᠤᠷ ᠬᠢᠵᠦ᠂ ᠠᠶ᠋ᠢᠮᠠᠭ ᠬᠣᠲᠠ ᠬᠣᠰᠢᠭᠤ ᠰᠢᠶᠠᠨ ᠲᠣᠭᠣᠷᠢᠭ ᠬᠢᠭᠡᠳ ᠥᠪᠡᠷᠲᠡᠭᠡᠨ ᠵᠠᠰᠠᠬᠤ ᠣᠷᠣᠨ᠎ᠤ ᠬᠠᠷᠢᠯᠴᠠᠨ ᠬᠣᠯᠪᠣᠭ᠋ᠠᠯᠠᠵᠤ ᠬᠠᠷᠢᠯᠴᠠᠨ ᠨᠡᠪᠲᠡᠷᠡᠯᠴᠡᠬᠦ ᠵᠢ ᠦᠨᠡᠨᠬᠦ ᠪᠠᠲᠤᠯᠠᠬᠤ ᠬᠡᠷᠡᠭᠲᠡᠶ᠃
ᠡᠯ᠎ᠡ ᠠᠶ᠋ᠢᠮᠠᠭ ᠬᠣᠲᠠ᠎ᠨᠤᠭᠤᠳ ᠬᠠᠷᠢᠶ᠎ᠠ ᠬᠣᠰᠢᠭᠤ ᠰᠢᠶᠠᠨ ᠲᠣᠭᠣᠷᠢᠭ᠎ᠤᠨ ᠲᠣᠤᠷ ᠰᠦᠯᠵᠢᠶ᠎ᠡ ᠵᠢ ᠬᠣᠯᠪᠣᠭ᠋ᠠᠯᠠᠨ ᠲᠤᠬᠢᠷᠠᠭᠤᠯᠬᠤ ᠠᠵᠢᠯ᠎ᠢ ᠬᠠᠷᠢᠭᠤᠴᠠᠵᠤ᠂ ᠬᠣᠰᠢᠭᠤ ᠰᠢᠶᠠᠨ ᠲᠣᠭᠣᠷᠢᠭ᠎ᠤᠨ ᠬᠣᠶᠠᠷ᠎ᠢ ᠲᠣᠭᠲᠠᠭ᠋ᠠᠬᠤ ᠪᠠᠶ᠋ᠢᠭᠤᠯᠤᠮᠵᠢ ᠪᠤᠯᠤᠨ ᠡᠯ᠎ᠡ ᠱᠠᠲᠤᠨ᠎ᠤ ᠭᠠᠷᠲᠠᠨ ᠭᠦᠢ᠍ᠴᠡᠳᠭᠡᠬᠦ ᠪᠠᠶ᠋ᠢᠭᠤᠯᠤᠮᠵᠢ ᠵᠢᠨ ᠬᠣᠯᠪᠣᠭ᠋ᠠᠯᠠᠨ ᠰᠢᠯᠭ᠋ᠠᠬᠤ ᠵᠢ ᠪᠡᠶᠡᠯᠡᠭᠦᠯᠬᠦ ᠵᠢ ᠡᠷᠬᠡᠪᠰᠢ ᠦᠨᠡᠨᠬᠦ ᠪᠠᠲᠤᠯᠠᠬᠤ ᠬᠡᠷᠡᠭᠲᠡᠶ᠃
ᠡᠯ᠎ᠡ ᠠᠶ᠋ᠢᠮᠠᠭ ᠬᠣᠲᠠ 7 ᠳ᠋ᠤᠭ᠋ᠠᠷ ᠰᠠᠷ᠎ᠠ ᠵᠢᠨ 15᠎ᠤ ᠡᠳᠦᠷ᠎ᠠᠴᠠ ᠡᠮᠦᠨ᠎ᠡ ᠰᠣᠷᠢᠯᠲᠠ ᠵᠢᠨ ᠠᠵᠢᠯ ᠵᠶ᠋ᠠᠨ ᠲᠠᠭᠤᠰᠬᠠᠬᠤ ᠬᠡᠷᠡᠭᠲᠡᠶ᠃
ᠥᠪᠡᠷᠲᠡᠭᠡᠨ ᠵᠠᠰᠠᠬᠤ ᠣᠷᠣᠨ᠎ᠤ ᠶᠡᠷᠦᠩᠬᠡᠶ ᠬᠠᠷᠢᠯᠴᠠᠬᠤ ᠬᠥᠮᠦᠨ᠄ ᠶᠤᠸᠠᠢ ᠹᠸᠩ 0471 — 6908630
ᠬᠠᠮᠲᠤᠷᠠᠭᠰᠠᠨ ᠬᠣᠯᠪᠣᠭ᠎ᠠ ᠺᠣᠮᠫᠠᠨᠢ ᠵᠢᠨ ᠬᠠᠷᠢᠯᠴᠠᠬᠤ ᠬᠥᠮᠦᠨ᠄ ᠯᠢᠦ ᠫᠧᠩ ᠹᠸᠢ 18366183473
ᠯᠢᠶᠠᠨ ᠳ᠋ᠧ ᠺᠣᠮᠫᠠᠨᠢ ᠵᠢᠨ ᠬᠠᠷᠢᠯᠴᠠᠬᠤ ᠬᠥᠮᠦᠨ᠄ ᠸᠧᠶ ᠴᠧᠨ 18947132567
ᠳ᠋ᠦᠩ ᠷᠤᠸᠠᠨ ᠺᠣᠮᠫᠠᠨᠢ ᠵᠢᠨ ᠬᠠᠷᠢᠯᠴᠠᠬᠤ ᠬᠥᠮᠦᠨ᠄ ᠵᠧᠤ ᠬᠤ᠌ 18604887060
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ
2020 ᠣᠨ᠎ᠤ 7 ᠰᠠᠷ᠎ᠠ ᠵᠢᠨ 9᠎ᠤ ᠡᠳᠦᠷ