ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠪᠢᠴᠢᠭ ᠮᠠᠲ᠋ᠧᠷᠢᠶᠠᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠦᠯᠵᠢᠶᠡᠨ᠎ᠳᠤ ᠭᠠᠷᠭ᠋ᠠᠭᠰᠠᠨ ᠡᠮ᠎ᠤᠨ ᠵᠦᠢ᠍ᠯ᠎ᠤᠨ ᠬᠥᠳᠡᠯᠦᠩᠭᠦᠶ ᠲᠣᠬᠢᠷᠠᠭᠤᠯᠤᠯᠲᠠ ᠵᠢᠨ ᠠᠵᠢᠯ᠎ᠢ ᠰᠠᠶ᠋ᠢᠲᠤᠷ ᠬᠢᠬᠦ ᠲᠤᠬᠠᠶ ᠮᠡᠳᠡᠭᠳᠡᠯ》᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
ᠨᠡᠶ᠋ᠢᠲᠡᠯᠡᠭᠰᠡᠨ ᠴᠠᠭ᠄ 2020-12-21

      ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ 《ᠡᠮᠴᠢᠯᠡᠭᠡᠨ᠎ᠤ ᠪᠠᠲᠤᠯᠠᠭ᠎ᠠ ᠵᠢᠨ ᠳᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠲᠤᠬᠠᠶ ᠰᠠᠨᠠᠯ》 (ᠲᠥᠪ ᠲᠠᠷᠬᠠᠭ᠋ᠠᠭᠰᠠᠨ  (2020)5 ᠳ᠋ᠤᠭ᠋ᠠᠷ ᠲᠣᠭ᠋ᠠᠲᠤ)᠂ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ 《ᠡᠮ ᠡᠮᠨᠡᠯᠭᠡ ᠵᠢᠨ ᠦᠨ᠎ᠡ ᠬᠠᠩᠰᠢ ᠪᠠ ᠳᠠᠭ᠋ᠠᠭ᠋ᠠᠴᠢᠯᠠᠯᠲᠠ ᠵᠠᠷᠯᠠᠬᠤ ᠢᠲᠡᠭᠡᠮᠵᠢ ᠵᠢᠨ ᠦᠨᠡᠯᠡᠯᠲᠡ ᠵᠢᠨ ᠲᠦᠷᠢᠮ᠎ᠢ ᠪᠠᠶ᠋ᠢᠭᠤᠯᠬᠤ ᠲᠤᠬᠠᠶ ᠵᠢᠯᠣᠭᠣᠳᠬᠤ ᠰᠠᠨᠠᠯ》 (ᠡᠮᠴᠢᠯᠡᠭᠡ ᠪᠠᠳᠤᠯᠠᠭ᠎ᠠ ᠲᠠᠷᠬᠠᠭ᠋ᠠᠭᠰᠠᠨ  (2020) 34 ᠳ᠋ᠤᠭᠡᠷ ᠲᠣᠭ᠋ᠠᠲᠤ)᠂ 《ᠳᠠᠭᠤᠷᠢᠶᠠᠮᠠᠯ ᠡᠮ᠎ᠤᠨ ᠬᠠᠩᠭ᠋ᠠᠯᠭ᠎ᠠ ᠵᠢ ᠪᠠᠲᠤᠯᠠᠬᠤ ᠵᠢᠴᠢ ᠬᠡᠷᠡᠭᠯᠡᠬᠦ ᠲᠥᠷᠥ ᠵᠢᠨ ᠪᠣᠳᠣᠯᠭ᠎ᠠ ᠵᠢ ᠥᠭᠡᠷᠡᠴᠢᠯᠡᠨ ᠲᠡᠭᠦᠯᠳᠡᠷᠵᠢᠭᠦᠯᠬᠦ ᠠᠵᠢᠯ᠎ᠤᠨ ᠲᠥᠰᠦᠯ᠎ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》 (ᠥᠪᠥᠷ ᠵᠠᠰᠠᠭ ᠠᠯᠪᠠᠨ ᠲᠠᠷᠬᠠᠭ᠋ᠠᠭᠰᠠᠨ  [2018] 89 ᠳ᠋ᠤᠭᠡᠷ ᠲᠣᠭ᠋ᠠᠲᠤ) ᠪᠣᠯᠤᠨ 《ᠤᠯᠤᠰ᠎ᠤᠨ ᠦᠨᠳᠦᠰᠦᠨ ᠡᠮᠴᠢᠯᠡᠭᠡᠨ᠎ᠤ ᠪᠠᠳᠤᠯᠠᠭ᠎ᠠ ᠵᠢ ᠬᠡᠷᠡᠭᠵᠢᠭᠦᠯᠬᠦ ᠲᠤᠬᠠᠶ ᠮᠡᠳᠡᠭᠳᠡᠯ》᠂ ᠠᠵᠢᠯ᠎ᠤᠨ ᠰᠢᠷᠬᠠᠲᠤᠯ᠎ᠤᠨ ᠳᠠᠭ᠋ᠠᠳᠬᠠᠯ ᠪᠠ ᠦᠷᠡᠵᠢᠯ᠎ᠤᠨ ᠳᠠᠭ᠋ᠠᠳᠬᠠᠯ᠎ᠤᠨ ᠡᠮ᠎ᠤᠨ ᠵᠦᠢ᠍ᠯ᠎ᠤᠨ ᠭᠠᠷᠴᠠᠭ (2019 ᠣᠨ᠎ᠤ ᠬᠡᠪᠯᠡᠯ)᠎ᠤᠨ ᠮᠡᠳᠡᠭᠳᠡᠯ (ᠥᠪᠥᠷ ᠡᠮᠴᠢᠯᠡᠭᠡ ᠪᠠᠳᠤᠯᠠᠭ᠎ᠠ ᠠᠯᠪᠠᠨ ᠲᠠᠷᠬᠠᠭ᠋ᠠᠭᠰᠠᠨ  [2019]  61 ᠳ᠋ᠤᠭᠡᠷ ᠲᠣᠭ᠋ᠠᠲᠤ)᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠦᠯᠵᠢᠶᠡᠨ᠎ᠳᠤ ᠭᠠᠷᠭ᠋ᠠᠭᠰᠠᠨ ᠡᠮ᠎ᠤᠨ ᠵᠦᠢ᠍ᠯ᠎ᠳᠤ ᠬᠥᠳᠡᠯᠦᠩᠭᠦᠶ ᠲᠣᠬᠢᠷᠠᠭᠤᠯᠤᠯᠲᠠ ᠬᠢᠬᠦ ᠠᠵᠢᠯ᠎ᠢ ᠰᠠᠶ᠋ᠢᠲᠤᠷ ᠬᠢᠬᠦ ᠲᠤᠬᠠᠶ ᠮᠡᠳᠡᠭᠳᠡᠯ》 (ᠳᠣᠷᠣᠭᠰᠢ 《ᠮᠡᠳᠡᠭᠳᠡᠯ》 ᠭᠡᠵᠦ ᠲᠣᠪᠴᠢᠯᠠᠨ᠎ᠠ)᠎ᠢ ᠰᠤᠳᠤᠯᠤᠨ ᠲᠣᠭᠲᠠᠭ᠋ᠠᠪᠠ᠂ ᠤᠳᠤ ᠬᠡᠪᠯᠡᠨ ᠲᠠᠷᠬᠠᠭ᠋ᠠᠨ᠎ᠠ᠂ 2021 ᠣᠨ᠎ᠤ 1 ᠳ᠋ᠤᠭᠡᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃ ᠡᠳᠦᠭᠡ 《ᠮᠡᠳᠡᠭᠳᠡᠯ》᠎ᠤᠨ ᠬᠠᠮᠢᠶ᠎ᠠ ᠪᠥᠬᠥᠶ ᠲᠥᠷᠥ ᠵᠢᠨ ᠪᠣᠳᠣᠯᠭ᠎ᠠ ᠵᠢᠨ ᠲᠤᠬᠠᠶ ᠳᠣᠤᠷᠠᠬᠢ ᠮᠡᠲᠦ ᠲᠠᠶ᠋ᠢᠯᠤᠮᠵᠢ ᠬᠢᠶ᠎ᠠ᠄
      ᠨᠢᠭᠡ᠂ 《ᠮᠡᠳᠡᠭᠳᠡᠯ》᠎ᠢ ᠨᠡᠶ᠋ᠢᠲᠡᠯᠡᠭᠰᠡᠨ ᠠᠬᠤᠶ ᠪᠠᠶ᠋ᠢᠳᠠᠯ
     2018 ᠣᠨ᠎ᠠᠴᠠ ᠣᠲᠣ ᠪᠣᠯᠲᠠᠯ᠎ᠠ᠂ ᠤᠯᠤᠰ ᠵᠢᠴᠢ ᠥᠪᠡᠷᠲᠡᠭᠡᠨ ᠵᠠᠰᠠᠬᠤ ᠣᠷᠣᠨ᠎ᠠᠴᠠ ᠡᠮ᠎ᠤᠨ ᠵᠦᠢ᠍ᠯ᠎ᠢ ᠬᠤᠳᠠᠯᠳᠤᠨ ᠠᠪᠬᠤ ᠠᠯᠢ ᠣᠯᠠᠨ ᠬᠠᠮᠢᠶ᠎ᠠ ᠪᠥᠬᠥᠶ ᠲᠥᠷᠥ ᠵᠢᠨ ᠪᠣᠳᠣᠯᠭ᠎ᠠ ᠵᠢ ᠨᠡᠶ᠋ᠢᠲᠡᠯᠡᠵᠦ᠂ ᠳᠠᠭᠤᠷᠢᠶᠠᠮᠠᠯ ᠡᠮ᠎ᠢ ᠬᠤᠳᠠᠯᠳᠤᠨ ᠠᠪᠬᠤ ᠪᠠ ᠬᠡᠷᠡᠭᠯᠡᠬᠦ ᠵᠢ ᠠᠬᠢᠭᠤᠯᠵᠤ᠂ ᠵᠠᠬ᠎ᠠ ᠳᠡᠯᠭᠡᠭᠦᠷ᠎ᠲᠤ ᠰᠢᠨ᠎ᠡ᠎ᠪᠠᠷ ᠵᠥᠪᠰᠢᠶᠡᠷᠡᠭᠦᠯᠦᠭᠰᠡᠨ ᠳᠠᠭᠤᠷᠢᠶᠠᠮᠠᠯ ᠡᠮ᠎ᠢ ᠴᠠᠭ ᠲᠤᠬᠠᠶ᠎ᠳᠤᠨᠢ ᠬᠤᠳᠠᠯᠳᠤᠨ ᠠᠪᠬᠤ ᠭᠠᠷᠴᠠᠭ᠎ᠲᠤ ᠣᠷᠣᠭᠤᠯᠬᠤ ᠬᠡᠷᠡᠭᠲᠡᠶ ᠭᠡᠵᠦ ᠱᠠᠭ᠋ᠠᠷᠳᠠᠪᠠ᠃ 2019 ᠣᠨ᠎ᠤ ᠬᠡᠪᠯᠡᠭᠦᠯᠦᠭᠰᠡᠨ ᠤᠯᠤᠰ᠎ᠤᠨ ᠡᠮᠴᠢᠯᠡᠭᠡ ᠵᠢᠨ ᠪᠠᠳᠤᠯᠠᠭ᠎ᠠ ᠵᠢᠨ ᠭᠠᠷᠴᠠᠭ᠎ᠢ 2020 ᠣᠨ᠎ᠤ 1 ᠳ᠋ᠤᠭᠡᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠂ 2019 ᠣᠨ᠎ᠤ ᠬᠡᠪᠯᠡᠭᠦᠯᠦᠭᠰᠡᠨ ᠤᠯᠤᠰ᠎ᠤᠨ ᠡᠮᠴᠢᠯᠡᠭᠡ ᠵᠢᠨ ᠪᠠᠳᠤᠯᠠᠭ᠎ᠠ ᠵᠢᠨ ᠭᠠᠷᠴᠠᠭ᠎ᠤᠨ ᠳᠣᠲᠣᠷᠠᠬᠢ ᠬᠡᠰᠡᠭ ᠡᠮ᠎ᠤᠨ ᠵᠦᠢ᠍ᠯ᠎ᠢ ᠴᠦ᠍ ᠬᠤᠳᠠᠯᠳᠤᠨ ᠠᠪᠬᠤ ᠭᠠᠷᠴᠠᠭ᠎ᠲᠤ ᠣᠷᠣᠭᠤᠯᠬᠤ ᠴᠢᠬᠤᠯᠠᠲᠠᠶ ᠪᠠᠶ᠋ᠢᠨ᠎ᠠ᠃ ᠣᠳᠣᠬᠠᠨ᠎ᠳᠤ ᠮᠠᠨ᠎ᠤ ᠣᠷᠣᠨ᠎ᠤ ᠡᠮ᠎ᠤᠨ ᠵᠦᠢ᠍ᠯ᠎ᠢ ᠵᠥᠪᠰᠢᠶᠡᠷᠡᠨ ᠣᠷᠣᠭᠤᠯᠬᠤ ᠠᠷᠭ᠎ᠠ ᠵᠠᠮ ᠪᠣᠯ᠂ ᠡᠮᠴᠢᠯᠡᠭᠡᠨ᠎ᠤ ᠪᠠᠶ᠋ᠢᠭᠤᠯᠤᠮᠵᠢ ᠳᠠᠩᠰᠠᠯᠠᠭᠤᠯᠤᠨ ᠬᠤᠳᠠᠯᠳᠤᠨ ᠠᠪᠤᠭᠤᠯᠬᠤ᠎ᠪᠠᠷ ᠭᠤᠶᠤᠴᠢᠯᠠᠵᠤ᠂ ᠡᠮ᠎ᠤᠨ ᠵᠦᠢ᠍ᠯ᠎ᠢ ᠳᠠᠩᠰᠠᠯᠠᠭᠤᠯᠤᠨ ᠬᠤᠳᠠᠯᠳᠤᠨ ᠠᠪᠤᠭᠤᠯᠬᠤ᠎ᠪᠠᠷ ᠭᠤᠶᠤᠴᠢᠯᠠᠬᠤ ᠶᠠᠪᠤᠴᠠ᠎ᠳᠤ ᠬᠢᠨᠠᠨ ᠬᠠᠷᠭᠤᠭᠤᠯᠬᠤ ᠭᠣᠭᠴᠣᠭ᠎ᠠ ᠣᠯᠠᠨ᠂ ᠭᠦᠢ᠍ᠴᠡᠳᠭᠡᠬᠦ ᠦᠶᠡᠯᠡᠯ᠎ᠤᠨ ᠬᠤᠭᠤᠴᠠᠭ᠎ᠠ ᠣᠷᠳᠣ ᠪᠠᠶ᠋ᠢᠵᠤ᠂ ᠡᠮ᠎ᠤᠨ   ᠵᠦᠢ᠍ᠯ᠎ᠢ ᠵᠥᠪᠰᠢᠶᠡᠷᠡᠨ ᠣᠷᠣᠭᠤᠯᠬᠤ᠎ᠨᠢ ᠰᠦᠯᠵᠢᠶᠡᠨ᠎ᠳᠤ ᠭᠠᠷᠭ᠋ᠠᠬᠤ ᠵᠢ ᠨᠥᠯᠥᠭᠡᠯᠡᠵᠦ ᠪᠠᠶ᠋ᠢᠨ᠎ᠠ᠃ ᠡᠶ᠋ᠢᠮᠦ᠎ᠠᠴᠠ᠂ ᠤᠯᠤᠰ ᠵᠢᠴᠢ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢ᠍ᠯ᠎ᠢ ᠬᠤᠳᠠᠯᠳᠤᠨ ᠠᠪᠬᠤ ᠲᠥᠷᠥ ᠵᠢᠨ ᠪᠣᠳᠣᠯᠭ᠎ᠠ ᠵᠢ ᠪᠥᠬᠥ ᠲᠠᠯ᠎ᠠ᠎ᠪᠠᠷ ᠲᠤᠤᠱᠯᠠᠭᠤᠯᠤᠨ ᠨᠠᠶ᠋ᠢᠳᠠᠪᠤᠷᠢᠵᠢᠭᠤᠯᠵᠤ᠂ ᠡᠮ᠎ᠤᠨ ᠵᠦᠢ᠍ᠯ᠎ᠢ ᠰᠤᠳᠤᠯᠤᠨ ᠨᠡᠭᠡᠭᠡᠬᠦ ᠪᠠ ᠡᠮ ᠡᠮᠨᠡᠯᠭᠡ ᠵᠢᠨ ᠠᠵᠤ ᠦᠢ᠍ᠯᠡᠰ᠎ᠤᠨ ᠡᠷᠡᠭᠦᠯ ᠵᠶ᠋ᠠᠷ ᠬᠥᠭᠵᠢᠬᠦ ᠵᠢ ᠠᠬᠢᠭᠤᠯᠤᠨ᠂ ᠡᠮᠴᠢᠯᠡᠭᠡᠨ᠎ᠳᠤ ᠬᠡᠷᠡᠭᠯᠡᠬᠦ ᠡᠮ᠎ᠤᠨ ᠬᠡᠷᠡᠭᠴᠡᠭᠡ ᠱᠠᠭ᠋ᠠᠷᠳᠠᠯᠭ᠎ᠠ ᠵᠢ ᠦᠨᠡᠨᠬᠦ ᠪᠠᠲᠤᠯᠠᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠲᠣᠰ 《ᠮᠡᠳᠡᠭᠳᠡᠯ》᠎ᠢ ᠰᠤᠳᠤᠯᠤᠨ ᠲᠣᠭᠲᠠᠭ᠋ᠠᠪᠠ᠃
      ᠬᠣᠶᠠᠷ᠂ 《ᠮᠡᠳᠡᠭᠳᠡᠯ》᠎ᠤᠨ ᠭᠣᠣᠯ ᠠᠭᠤᠯᠭ᠎ᠠ
     《ᠮᠡᠳᠡᠭᠳᠡᠯ》᠎ᠳᠤ᠂   ᠤᠷᠤᠭᠤᠯᠬᠤ ᠵᠢ ᠵᠥᠪᠰᠢᠶᠡᠷᠡᠬᠦ ᠪᠠ ᠭᠠᠷᠭ᠋ᠠᠬᠤ ᠵᠢ ᠪᠠᠶ᠋ᠢᠩᠭᠤᠵᠢᠭᠤᠯᠬᠤ ᠬᠠᠮᠢᠶᠠᠷᠤᠯᠲᠠ᠂ ᠭᠤᠶᠤᠴᠢᠯᠠᠨ ᠮᠡᠳᠡᠭᠦᠯᠬᠦ ᠪᠡᠶᠡᠴᠢ ᠴᠣᠭᠴᠠ᠂ ᠰᠦᠯᠵᠢᠶᠡᠨ᠎ᠳᠤ ᠭᠠᠷᠭ᠋ᠠᠬᠤ ᠡᠮ᠎ᠤᠨ ᠵᠦᠢ᠍ᠯ᠎ᠤᠨ ᠦᠨ᠎ᠡ ᠬᠠᠩᠰᠢ ᠵᠢᠨ ᠬᠠᠮᠢᠶᠠᠷᠤᠯᠲᠠ ᠵᠢ ᠵᠢᠷᠤᠮᠵᠢᠭᠤᠯᠬᠤ᠂ ᠠᠵᠢᠯ᠎ᠤᠨ ᠱᠠᠭ᠋ᠠᠷᠳᠠᠯᠭ᠎ᠠ ᠵᠢ ᠲᠣᠳᠣᠷᠬᠠᠶ᠋ᠢᠯᠠᠬᠤ ᠵᠡᠷᠭᠡ ᠲᠠᠪᠤᠨ ᠲᠠᠯ᠎ᠠ᠎ᠠᠴᠠ ᠡᠮ᠎ᠤᠨ ᠵᠦᠢ᠍ᠯ᠎ᠢ ᠰᠦᠯᠵᠢᠶᠡᠨ᠎ᠳᠤ ᠭᠠᠷᠭ᠋ᠠᠬᠤ ᠲᠥᠷᠥ ᠵᠢᠨ ᠪᠣᠳᠣᠯᠭ᠎ᠠ ᠵᠢ ᠲᠡᠭᠦᠯᠳᠡᠷᠵᠢᠭᠦᠯᠦᠨ᠎ᠡ᠃  
      ᠨᠢᠭᠡ᠎ᠳᠤ ᠬᠥᠳᠡᠯᠦᠩᠭᠦᠶ᠎ᠪᠠᠷ ᠳᠣᠭᠢᠷᠠᠭᠤᠯᠬᠤ ᠲᠣᠭᠲᠠᠴᠠ ᠵᠢ ᠲᠡᠭᠦᠯᠳᠡᠷᠵᠢᠭᠦᠯᠵᠦ᠂ ᠵᠥᠪᠰᠢᠶᠡᠷᠡᠨ ᠣᠷᠣᠭᠤᠯᠬᠤ ᠬᠠᠮᠢᠶᠠᠷᠤᠯᠲᠠ ᠵᠢᠨ ᠲᠠᠯ᠎ᠠ᠎ᠪᠠᠷ᠂ ᠥᠪᠡᠷᠲᠡᠭᠡᠨ ᠵᠠᠰᠠᠬᠤ ᠣᠷᠣᠨ᠎ᠤ ᠲᠥᠪᠯᠡᠷᠡᠭᠦᠯᠦᠨ ᠬᠤᠳᠠᠯᠳᠤᠨ ᠠᠪᠬᠤ ᠰᠢᠰᠲ᠋ᠧᠮ᠎ᠤᠨ ᠰᠦᠯᠵᠢᠶᠡᠨ᠎ᠳᠤ ᠭᠠᠷᠭ᠋ᠠᠭᠰᠠᠨ ᠡᠮ᠎ᠤᠨ ᠵᠦᠢ᠍ᠯ᠎ᠳᠤ ᠬᠡᠪᠰᠢᠭᠰᠡᠨ ᠵᠥᠪᠰᠢᠶᠡᠷᠡᠨ ᠣᠷᠣᠭᠤᠯᠬᠤ ᠬᠠᠮᠢᠶᠠᠷᠤᠯᠲᠠ ᠵᠢ ᠬᠡᠷᠡᠭᠵᠢᠭᠦᠯᠵᠦ᠂ ᠤᠯᠠᠷᠢᠯ ᠪᠦᠷᠢ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠵᠢᠨ ᠬᠤᠳᠠᠯᠳᠤᠨ ᠠᠪᠬᠤ ᠰᠦᠯᠵᠢᠶ᠎ᠡ᠎ᠪᠠᠷ ᠳᠠᠮᠵᠢᠭᠤᠯᠤᠨ ᠲᠣᠭᠲᠠᠮᠠᠯ ᠬᠤᠭᠤᠴᠠᠭ᠎ᠠ᠎ᠲᠠᠢ᠎ᠪᠠᠷ ᠲᠥᠪᠯᠡᠷᠡᠭᠦᠯᠦᠨ ᠭᠤᠶᠤᠴᠢᠯᠠᠨ ᠮᠡᠳᠡᠭᠦᠯᠦᠨ᠎ᠡ᠃ ᠬᠠᠮᠢᠶᠠᠷᠤᠯᠲᠠ ᠵᠢᠨ ᠲᠠᠯ᠎ᠠ᠎ᠪᠠᠷ᠂ ᠥᠪᠡᠷᠲᠡᠭᠡᠨ ᠵᠠᠰᠠᠬᠤ ᠣᠷᠣᠨ᠎ᠤ ᠲᠥᠪᠯᠡᠷᠡᠭᠦᠯᠦᠨ ᠬᠤᠳᠠᠯᠳᠤᠨ ᠠᠪᠬᠤ ᠰᠢᠰᠲ᠋ᠧᠮ᠎ᠤᠨ ᠳᠣᠲᠣᠷᠠᠬᠢ ᠨᠢᠭᠡᠨᠲᠡ ᠰᠦᠯᠵᠢᠶᠡᠨ᠎ᠳᠤ   ᠭᠠᠷᠭ᠋ᠠᠭᠰᠠᠨ ᠡᠮ᠎ᠤᠨ ᠵᠦᠢ᠍ᠯ᠎ᠢ ᠡᠯ᠎ᠡ ᠵᠦᠢ᠍ᠯ᠎ᠤᠨ ᠰᠢᠯᠲᠠᠭ᠋ᠠᠨ᠎ᠠᠴᠠ ᠪᠣᠯᠵᠣ ᠬᠠᠩᠭ᠋ᠠᠬᠤ ᠵᠢᠨ ᠠᠷᠭ᠎ᠠ ᠥᠬᠡᠶ ᠪᠣᠯᠤᠭᠰᠠᠨ ᠮᠥᠷᠲᠡᠭᠡᠨ ᠪᠤᠰᠤᠳ ᠣᠷᠣᠯᠠᠭᠤᠯᠵᠤ ᠪᠣᠯᠬᠤ ᠡᠮ᠎ᠤᠨ ᠵᠦᠢ᠍ᠯ ᠪᠠᠶ᠋ᠢᠪᠠᠯ᠂ ᠥᠪᠡᠷᠲᠡᠭᠡᠨ ᠵᠠᠰᠠᠬᠤ ᠣᠷᠣᠨ᠎ᠤ ᠡᠮ ᠬᠤᠳᠠᠯᠳᠤᠨ ᠠᠪᠬᠤ ᠲᠥᠪ᠎ᠠᠴᠠ ᠲᠤᠰᠬᠠᠶ ᠮᠡᠷᠭᠡᠵᠢᠯᠲᠡᠨ᠎ᠢ ᠵᠣᠬᠢᠶᠠᠨ ᠪᠠᠶ᠋ᠢᠭᠤᠯᠤᠨ ᠦᠨᠡᠯᠡᠨ ᠵᠢᠱ᠌ᠢᠵᠦ ᠬᠢᠨᠠᠨ ᠬᠠᠷᠭᠤᠭᠤᠯᠤᠭ᠋ᠠᠳ᠂ ᠡᠮᠴᠢᠯᠡᠭᠡᠨ᠎ᠳᠤ ᠬᠡᠷᠡᠭᠯᠡᠬᠦ ᠡᠮ᠎ᠢ ᠨᠥᠯᠥᠭᠡᠯᠡᠬᠦ ᠥᠬᠡᠶ ᠪᠠᠶ᠋ᠢᠪᠠᠯ ᠪᠤᠴᠠᠭ᠋ᠠᠵᠤ ᠭᠠᠷᠭ᠋ᠠᠨ᠎ᠠ᠃
      ᠬᠣᠶᠠᠷ᠎ᠲᠤ᠂ ᠭᠤᠶᠤᠴᠢᠯᠠᠨ ᠮᠡᠳᠡᠭᠦᠯᠬᠦ ᠭᠣᠤᠯ ᠴᠣᠭᠴᠠ ᠵᠢ ᠵᠢᠷᠤᠮᠵᠢᠭᠤᠯᠵᠤ᠂ ᠨᠡᠷ᠎ᠡ ᠮᠡᠳᠡᠭᠦᠯᠬᠦ ᠠᠵᠤ ᠠᠬᠤᠶ᠋ᠢᠯᠠᠯ ᠵᠢᠴᠢ ᠡᠮ᠎ᠤᠨ ᠵᠦᠢ᠍ᠯ᠎ᠤᠨ ᠬᠠᠮᠢᠶ᠎ᠠ ᠪᠥᠬᠥᠶ ᠮᠡᠳᠡᠭᠡ ᠵᠠᠩᠭᠢ ᠵᠢ ᠦᠢ᠍ᠯᠡᠳᠪᠦᠷᠢᠯᠡᠯ᠎ᠤᠨ ᠠᠵᠤ ᠠᠬᠤᠶ᠋ᠢᠯᠠᠯ᠎ᠠᠴᠠ ᠰᠢᠭᠤᠳ ᠭᠤᠶᠤᠴᠢᠯᠠᠨ ᠮᠡᠳᠡᠭᠦᠯᠵᠦ᠂ ᠭᠤᠶᠤᠴᠢᠯᠠᠨ ᠮᠡᠳᠡᠭᠦᠯᠬᠦ ᠶᠠᠪᠤᠴᠠ ᠵᠢ ᠲᠦᠭᠦᠮᠴᠢᠯᠡᠨ᠎ᠡ᠃
      ᠭᠤᠷᠪᠠ᠎ᠳᠤ᠂ ᠰᠦᠯᠵᠢᠶᠡᠨ ᠳᠡᠭᠡᠷ᠎ᠡ ᠡᠮ᠎ᠤᠨ ᠵᠦᠢ᠍ᠯ᠎ᠢ ᠲᠥᠷᠥᠯ ᠬᠤᠪᠢᠶᠠᠨ ᠬᠤᠳᠠᠯᠳᠤᠨ ᠠᠪᠬᠤ ᠵᠢ ᠬᠡᠷᠡᠭᠵᠢᠭᠦᠯᠵᠦ᠂ ᠤᠯᠤᠰ᠎ᠠᠴᠠ ᠦᠨ᠎ᠡ ᠲᠣᠭᠲᠠᠭ᠋ᠠᠭᠰᠠᠨ ᠡᠮ᠎ᠤᠨ ᠵᠦᠢ᠍ᠯ᠎ᠢ ᠡᠮᠴᠢᠯᠡᠭᠡᠨ᠎ᠤ ᠪᠠᠶ᠋ᠢᠭᠤᠯᠤᠮᠵᠢ ᠰᠢᠭᠤᠳ ᠬᠤᠳᠠᠯᠳᠤᠨ ᠠᠪᠴᠤ᠂ ᠰᠦᠯᠵᠢᠶᠡᠨ᠎ᠳᠤ ᠭᠠᠷᠭ᠋ᠠᠭᠰᠠᠨ ᠪᠤᠰᠤᠳ ᠡᠮ᠎ᠤᠨ ᠵᠦᠢ᠍ᠯ᠎ᠢ ᠡᠮᠴᠢᠯᠡᠭᠡᠨ᠎ᠤ ᠪᠠᠶ᠋ᠢᠭᠤᠯᠤᠮᠵᠢ᠎ᠨᠢ ᠥᠪᠡᠷᠲᠡᠭᠡᠨ ᠵᠠᠰᠠᠬᠤ ᠣᠷᠣᠨ᠎ᠤ ᠡᠮ ᠬᠤᠳᠠᠯᠳᠤᠨ ᠠᠪᠬᠤ ᠰᠢᠰᠲ᠋ᠧᠮ ᠵᠶ᠋ᠠᠷ ᠳᠠᠮᠵᠢᠭᠤᠯᠤᠨ ᠦᠨ᠎ᠡ ᠵᠥᠪᠯᠡᠨ ᠬᠤᠳᠠᠯᠳᠤᠨ ᠠᠪᠤᠨ᠎ᠠ᠂ ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠭᠡᠨᠡᠳᠲᠡ ᠵᠢᠨ ᠬᠡᠷᠡᠭ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ᠂ ᠪᠠᠴᠢᠮ ᠠᠪᠤᠷᠠᠯᠳᠠ ᠵᠡᠷᠭᠡ ᠪᠠᠴᠢᠮ ᠪᠠᠶ᠋ᠢᠳᠠᠯ᠎ᠠᠴᠠ ᠪᠣᠯᠵᠣ᠂ ᠡᠮᠴᠢᠯᠡᠭᠡᠨ᠎ᠤ ᠪᠠᠶ᠋ᠢᠭᠤᠯᠤᠮᠵᠢ᠎ᠨᠢ ᠰᠦᠯᠵᠢᠶᠡᠨ᠎ᠳᠤ ᠭᠠᠷᠭ᠋ᠠᠭᠰᠠᠨ ᠥᠬᠡᠶ ᠪᠤᠶᠤ ᠰᠦᠯᠵᠢᠶᠡᠨ᠎ᠳᠤ ᠭᠠᠷᠭ᠋ᠠᠭᠰᠠᠨ ᠡᠮ᠎ᠤᠨ ᠵᠦᠢ᠍ᠯ᠎ᠨᠢ ᠬᠠᠩᠭ᠋ᠠᠯᠭ᠎ᠠ ᠭᠦᠢ᠍ᠴᠡᠬᠦ ᠥᠬᠡᠶ ᠪᠤᠯᠪᠠᠴᠦ ᠡᠮᠴᠢᠯᠡᠭᠡᠨ᠎ᠤ ᠠᠪᠤᠷᠠᠨ ᠵᠠᠰᠠᠬᠤ᠎ᠳᠤ ᠵᠠᠪᠠᠯ ᠬᠡᠷᠡᠭᠰᠡᠬᠦ ᠡᠮ᠎ᠤᠨ ᠵᠦᠢ᠍ᠯ᠎ᠢ ᠬᠤᠳᠠᠯᠳᠤᠨ ᠠᠪᠬᠤ ᠴᠢᠬᠤᠯᠠᠲᠠᠶ ᠪᠠᠶ᠋ᠢᠪᠠᠯ᠂ ᠡᠮᠴᠢᠯᠡᠭᠡᠨ᠎ᠤ ᠪᠠᠶ᠋ᠢᠭᠤᠯᠤᠮᠵᠢ᠎ᠨᠢ ᠤᠷᠢᠳ ᠵᠶ᠋ᠠᠷ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠬᠤᠳᠠᠯᠳᠤᠨ ᠠᠪᠴᠤ ᠪᠣᠯᠤᠨ᠎ᠠ᠃
      ᠳᠥᠷᠪᠡ᠎ᠳᠤ ᠦᠨ᠎ᠡ ᠬᠠᠩᠰᠢ ᠵᠢᠨ ᠬᠠᠮᠢᠶᠠᠷᠤᠯᠲᠠ ᠵᠢ ᠴᠢᠩᠭ᠋ᠠᠳᠬᠠᠨ᠂ ᠡᠮᠡᠭᠲᠡᠶ᠋ᠢᠴᠦᠳ ᠪᠠ ᠬᠡᠤᠬᠡᠳ ᠎ᠤᠨ ᠲᠤᠰᠬᠠᠶ ᠰᠠᠯᠠᠭ᠎ᠠ ᠵᠢᠨ ᠫᠠᠲᠸᠨ᠋ᠲ ᠪᠤᠰᠤ ᠡᠮ᠎ᠤᠨ ᠵᠦᠢ᠍ᠯ᠂ ᠪᠠᠴᠢᠮ ᠠᠪᠤᠷᠠᠯᠳᠠ ᠵᠢᠨ ᠡᠮ᠎ᠤᠨ ᠵᠦᠢ᠍ᠯ᠂ ᠳᠤᠲᠠᠭᠳᠠᠵᠤ ᠪᠠᠶ᠋ᠢᠭ᠎ᠠ ᠡᠮ᠎ᠤᠨ ᠵᠦᠢ᠍ᠯ ᠪᠠ   ᠦᠨᠳᠦᠰᠦᠨ ᠵᠠᠰᠠᠯᠭ᠎ᠠ ᠵᠢᠨ ᠶᠡᠭᠦᠯᠡᠬᠦ ᠰᠢᠩᠭᠡᠨ᠎ᠢ ᠬᠤᠳᠠᠯᠳᠤᠨ ᠠᠪᠬᠤ ᠠᠷᠭ᠎ᠠ ᠮᠠᠶᠢᠭ᠎ᠢ ᠰᠢᠭᠤᠳ ᠰᠦᠯᠵᠢᠶᠡᠨ᠎ᠳᠤ ᠬᠤᠯᠪᠤᠨ᠎ᠠ᠂ ᠠᠵᠤ ᠠᠬᠤᠶ᠋ᠢᠯᠠᠯ᠎ᠨᠢ ᠡᠯ᠎ᠡ ᠮᠤᠵᠢ ᠵᠢᠨ ᠠᠷᠠᠯᠵᠢᠶᠠᠯᠠᠬᠤ ᠦᠨ᠎ᠡ ᠬᠠᠩᠰᠢ᠎ᠪᠠᠷ ᠵᠥᠪᠯᠡᠯᠭᠡ ᠵᠢᠨ ᠦᠨ᠎ᠡ᠎ᠪᠠᠷ ᠯᠠᠪᠯᠠᠯᠲᠠ ᠵᠢᠨ ᠦᠨ᠎ᠡ ᠪᠣᠯᠭ᠋ᠠᠵᠤ᠂ ᠦᠨ᠎ᠡ ᠬᠢᠵᠠᠭ᠋ᠠᠷᠯᠠᠨ ᠰᠦᠯᠵᠢᠶᠡᠨ᠎ᠳᠤ ᠭᠠᠷᠭ᠋ᠠᠭᠰᠠᠨ ᠡᠮ᠎ᠤᠨ ᠵᠦᠢ᠍ᠯ᠎ᠢ ᠪᠥᠬᠥ ᠤᠯᠤᠰ᠎ᠤᠨ ᠡᠯ᠎ᠡ ᠮᠤᠵᠢ ᠬᠣᠲᠠ (ᠲᠣᠭᠣᠷᠢᠭ) ᠵᠢᠨ ᠣᠲᠣ ᠵᠢᠨ ᠬᠡᠷᠡᠭᠵᠢᠭᠦᠯᠵᠦ ᠪᠠᠶ᠋ᠢᠭ᠎ᠠ ᠬᠤᠳᠠᠯᠳᠤᠨ ᠠᠪᠬᠤ ᠦᠨ᠎ᠡ ᠬᠠᠩᠰᠢ ᠵᠢᠨ ᠮᠡᠳᠡᠭᠡ ᠵᠠᠩᠭᠢ 5 ᠵᠢᠴᠢ 5᠎ᠠᠴᠠ ᠳᠡᠭᠡᠭᠰᠢ᠎ᠳᠤ ᠬᠦᠷᠦᠭᠰᠡᠨ ᠪᠠᠶ᠋ᠢᠪᠠᠯ᠂ ᠪᠥᠬᠥ ᠤᠯᠤᠰ᠎ᠤᠨ ᠡᠯ᠎ᠡ ᠮᠤᠵᠢ ᠬᠣᠲᠠ (ᠲᠣᠭᠣᠷᠢᠭ) ᠵᠢᠨ ᠣᠲᠣ ᠵᠢᠨ ᠬᠡᠷᠡᠭᠵᠢᠭᠦᠯᠵᠦ ᠪᠠᠶ᠋ᠢᠭ᠎ᠠ ᠨᠠᠭ᠋ᠠᠳᠤ ᠵᠠᠬ᠎ᠠ ᠵᠢᠨ ᠠᠷᠠᠯᠵᠢᠶᠠᠯᠠᠬᠤ ᠦᠨ᠎ᠡ ᠬᠠᠩᠰᠢ᠎ᠪᠠᠷ ᠬᠤᠳᠠᠯᠳᠤᠨ ᠠᠪᠬᠤ ᠬᠢᠵᠠᠭ᠋ᠠᠷᠯᠠᠯ ᠦᠨ᠎ᠡ ᠪᠣᠯᠭ᠋ᠠᠵᠤ᠂ 5 ᠮᠤᠵᠢ ᠬᠣᠲᠠ (ᠲᠣᠭᠣᠷᠢᠭ) ᠬᠥᠷᠬᠥ ᠥᠬᠡᠶ ᠪᠠᠶ᠋ᠢᠪᠠᠯ᠂ ᠲᠤᠰᠬᠠᠶ ᠮᠡᠷᠭᠡᠵᠢᠯᠲᠡᠨ᠎ᠢ ᠵᠣᠬᠢᠶᠠᠨ ᠪᠠᠶ᠋ᠢᠭᠤᠯᠵᠤ ᠠᠳᠠᠯᠢ ᠲᠦᠷᠦᠯ᠎ᠤᠨ ᠡᠮ᠎ᠤᠨ ᠵᠦᠢ᠍ᠯ᠎ᠤᠨ ᠦᠨ᠎ᠡ ᠲᠤᠬᠢᠷᠠᠬᠤ᠎ᠪᠠᠷ ᠲᠠᠮᠵᠢᠨ ᠵᠤᠬᠢᠰᠳᠠᠢ ᠬᠤᠳᠠᠯᠳᠤᠨ ᠠᠪᠬᠤ ᠬᠢᠵᠠᠭ᠋ᠠᠷᠯᠠᠯ ᠦᠨ᠎ᠡ ᠵᠢ ᠲᠤᠭᠳᠠᠭ᠋ᠠᠵᠤ᠂ ᠬᠤᠳᠠᠯᠳᠤᠨ ᠠᠪᠬᠤ ᠬᠢᠵᠠᠭ᠋ᠠᠷᠯᠠᠯ ᠦᠨ᠎ᠡ ᠵᠠᠷᠴᠢᠮ ᠲᠡᠭᠡᠷ᠎ᠡ᠎ᠪᠠᠨ ᠪᠦᠬᠦ ᠤᠯᠤᠰ᠎ᠤᠨ ᠬᠠᠮᠤᠭ ᠲᠤᠤᠷ᠎ᠠ ᠦᠨ᠎ᠡ᠎ᠠᠴᠠ ᠬᠡᠳᠦᠷᠡᠵᠦ ᠪᠤᠯᠬᠤ ᠦᠭᠡᠢ᠃
      ᠲᠠᠪᠤ᠎ᠳᠤ ᠠᠵᠢᠯ᠎ᠤᠨ ᠱᠠᠭ᠋ᠠᠷᠳᠠᠯᠭ᠎ᠠ ᠵᠢ ᠲᠣᠳᠣᠷᠬᠠᠶ᠋ᠢᠯᠠᠵᠤ᠂ ᠡᠮᠴᠢᠯᠡᠭᠡᠨ᠎ᠤ ᠪᠠᠶ᠋ᠢᠭᠤᠯᠤᠮᠵᠢ᠎ᠨᠤᠭᠤᠳ ᠰᠦᠯᠵᠢᠶᠡᠨ ᠳᠡᠭᠡᠷ᠎ᠡ᠎ᠠᠴᠠ ᠬᠤᠳᠠᠯᠳᠤᠨ ᠠᠪᠬᠤ ᠱᠠᠭ᠋ᠠᠷᠳᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠬᠤᠳᠠᠯᠳᠤᠨ ᠠᠪᠬᠤ ᠦᠢ᠍ᠯᠡ ᠠᠵᠢᠯᠯᠠᠭ᠎ᠠ ᠵᠢ ᠵᠢᠷᠤᠮᠵᠢᠭᠤᠯᠬᠤ ᠬᠡᠷᠡᠭᠲᠡᠶ᠃ ᠡᠯ᠎ᠡ ᠠᠶ᠋ᠢᠮᠠᠭ ᠬᠣᠲᠠ ᠵᠢᠨ ᠡᠮᠴᠢᠯᠡᠭᠡᠨ᠎ᠤ ᠪᠠᠳᠤᠯᠠᠭ᠎ᠠ ᠵᠢᠨ ᠰᠠᠯᠠᠭ᠎ᠠ ᠮᠥᠴᠢᠷ᠎ᠤᠳ ᠬᠠᠩᠭ᠋ᠠᠯᠭ᠎ᠠ ᠵᠢᠨ ᠪᠠᠲᠤᠯᠠᠭ᠎ᠠ ᠵᠢᠨ ᠪᠠᠢ᠌ᠩᠭᠤᠵᠢᠯᠳᠠ ᠬᠠᠮᠢᠶᠠᠷᠤᠯᠲᠠ ᠵᠢ ᠴᠢᠩᠭ᠋ᠠᠳᠬᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ᠎ᠤ ᠡᠮ ᠬᠤᠳᠠᠯᠳᠤᠨ ᠠᠪᠬᠤ ᠲᠥᠪ ᠬᠤᠳᠠᠯᠳᠤᠨ ᠠᠪᠬᠤ ᠲᠠᠪᠴᠠᠩ᠎ᠤᠨ ᠵᠢᠷᠤᠮᠵᠢᠭᠤᠯᠬᠤ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠤᠨ᠎ᠠ᠃ ᠦᠢ᠍ᠯᠡᠳᠪᠦᠷᠢᠯᠡᠯ ᠡᠵᠡᠩᠨᠡᠯᠲᠡ ᠵᠢᠨ ᠠᠵᠤ ᠠᠬᠤᠶ᠋ᠢᠯᠠᠯ᠎ᠤᠳ ᠬᠠᠩᠭ᠋ᠠᠯᠭ᠎ᠠ ᠵᠢᠨ ᠪᠠᠲᠤᠯᠠᠭ᠎ᠠ ᠵᠢᠨ ᠭᠣᠤᠯ ᠴᠣᠭᠴᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠨ᠂ ᠬᠠᠤᠯᠢ ᠶᠣᠰᠣᠭ᠋ᠠᠷ ᠡᠵᠡᠩᠨᠡᠵᠣ᠂ ᠦᠨᠡᠨᠴᠢ ᠢᠲᠡᠭᠡᠮᠵᠢᠲᠡᠶ᠎ᠪᠠᠷ ᠭᠡᠷ᠎ᠡ᠎ᠪᠠᠨ ᠭᠦᠢ᠍ᠴᠡᠳᠭᠡᠵᠦ᠂ ᠢᠳᠡᠪᠬᠢᠲᠡᠶ᠎ᠪᠠᠷ ᠴᠤᠤᠷᠢᠶᠠᠲᠤᠨ ᠳᠠᠭ᠋ᠠᠬᠤ ᠬᠡᠷᠡᠭᠲᠡᠶ᠃
      ᠭᠤᠷᠪᠠ᠂ 《ᠮᠡᠳᠡᠭᠳᠡᠯ》᠎ᠤᠨ ᠭᠣᠣᠯ ᠣᠨᠴᠠᠯᠢᠭ
     《ᠮᠡᠳᠡᠭᠳᠡᠯ》᠎ᠳᠤ ᠥᠪᠡᠷᠲᠡᠭᠡᠨ ᠵᠠᠰᠠᠬᠤ ᠣᠷᠣᠨ᠎ᠤ ᠪᠣᠳᠠᠲᠠᠶ᠎ᠲᠠᠢ ᠤᠶᠠᠯᠳᠤᠭᠤᠯᠤᠨ᠂ ᠡᠮ᠎ᠤᠨ ᠵᠦᠢ᠍ᠯ᠎ᠢ ᠰᠤᠳᠤᠯᠤᠨ ᠨᠡᠭᠡᠭᠡᠬᠦ ᠪᠠ ᠡᠮ ᠡᠮᠨᠡᠯᠭᠡ ᠵᠢᠨ ᠠᠵᠤ ᠦᠢ᠍ᠯᠡᠰ᠎ᠤᠨ ᠡᠷᠡᠭᠦᠯ ᠵᠶ᠋ᠠᠷ ᠬᠥᠭᠵᠢᠬᠦ ᠵᠢ ᠠᠬᠢᠭᠤᠯᠵᠤ᠂ ᠡᠮᠴᠢᠯᠡᠭᠡᠨ᠎ᠳᠤ ᠬᠡᠷᠡᠭᠯᠡᠬᠦ ᠡᠮ᠎ᠤᠨ ᠬᠡᠷᠡᠭᠴᠡᠭᠡ ᠱᠠᠭ᠋ᠠᠷᠳᠠᠯᠭ᠎ᠠ ᠵᠢ ᠦᠨᠡᠨᠬᠦ ᠪᠠᠲᠤᠯᠠᠬᠤ᠎ᠪᠠᠷ ᠵᠣᠷᠢᠯᠭ᠎ᠠ ᠪᠣᠯᠭ᠋ᠠᠨ᠂ ᠦᠨ᠎ᠡ ᠬᠠᠩᠰᠢ ᠵᠢᠨ ᠪᠣᠶ ᠪᠣᠯᠬᠤ ᠳᠤᠮᠳᠠᠬᠢ ᠵᠠᠬ᠎ᠠ ᠳᠡᠯᠭᠡᠭᠦᠷ᠎ᠤᠨ ᠰᠢᠢ᠍ᠳᠪᠦᠷᠢᠯᠡᠬᠦ ᠴᠢᠨᠠᠷᠲᠠᠶ ᠦᠢ᠍ᠯᠡᠳᠦᠯ᠎ᠢ ᠭᠦᠢ᠍ᠴᠡᠳ ᠢᠯᠡᠷᠡᠭᠦᠯᠪᠡ᠂ ᠡᠭᠦᠨ᠎ᠳᠤ ᠭᠣᠤᠯᠳᠠᠭᠤ ᠳᠣᠤᠷᠠᠬᠢ ᠭᠤᠷᠪᠠᠨ ᠲᠠᠯ᠎ᠠ ᠵᠢᠨ ᠣᠨᠴᠠᠯᠢᠭ ᠪᠣᠶ᠄
    (ᠨᠢᠭᠡ) ᠬᠥᠳᠡᠯᠦᠩᠭᠦᠶ᠎ᠪᠠᠷ ᠲᠣᠬᠢᠷᠠᠭᠤᠯᠤᠯᠲᠠ ᠬᠢᠬᠦ ᠲᠣᠭᠲᠠᠴᠠ ᠵᠢ ᠲᠡᠭᠦᠯᠳᠡᠷᠵᠢᠭᠦᠯᠵᠦ᠂ ᠠᠷᠠᠳ ᠣᠯᠠᠨ᠎ᠤ ᠡᠮ ᠬᠡᠷᠡᠭᠯᠡᠬᠦ ᠬᠡᠷᠡᠭᠴᠡᠭᠡ ᠱᠠᠭ᠋ᠠᠷᠳᠠᠯᠭ᠎ᠠ ᠵᠢ ᠭᠦᠢ᠍ᠴᠡᠳ ᠪᠠᠲᠤᠯᠠᠪᠠ᠃ ᠡᠮ᠎ᠤᠨ ᠵᠦᠢ᠍ᠯ ᠬᠤᠳᠠᠯᠳᠤᠨ ᠠᠪᠬᠤ ᠭᠠᠷᠴᠠᠭ᠎ᠲᠤ ᠵᠥᠪᠰᠢᠶᠡᠷᠡᠨ ᠣᠷᠣᠭᠤᠯᠬᠤ᠎ᠳᠤ ᠬᠡᠪᠰᠢᠭᠰᠡᠨ ᠵᠥᠪᠰᠢᠶᠡᠷᠡᠨ ᠣᠷᠣᠭᠤᠯᠬᠤ ᠬᠠᠮᠢᠶᠠᠷᠤᠯᠲᠠ ᠵᠢ ᠬᠡᠷᠡᠭᠵᠢᠭᠦᠯᠵᠦ᠂ ᠤᠯᠠᠷᠢᠯ ᠪᠦᠷᠢ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢ᠍ᠯ ᠬᠤᠳᠠᠯᠳᠤᠨ ᠠᠪᠬᠤ ᠰᠢᠰᠲ᠋ᠧᠮ ᠵᠶ᠋ᠠᠷ ᠳᠠᠮᠵᠢᠭᠤᠯᠤᠨ ᠲᠣᠭᠲᠠᠮᠠᠯ ᠬᠤᠭᠤᠴᠠᠭ᠎ᠠ᠎ᠲᠠᠢ᠎ᠪᠠᠷ ᠲᠥᠪᠯᠡᠷᠡᠭᠦᠯᠦᠨ ᠭᠤᠶᠤᠴᠢᠯᠠᠨ ᠮᠡᠳᠡᠭᠦᠯᠦᠨ᠎ᠡ᠃ ᠰᠦᠯᠵᠢᠶᠡᠨ᠎ᠳᠤ ᠭᠠᠷᠭ᠋ᠠᠭᠰᠠᠨ ᠡᠮ᠎ᠤᠨ ᠵᠦᠢ᠍ᠯ᠎ᠢ ᠬᠠᠩᠭ᠋ᠠᠬᠤ ᠵᠢᠨ ᠠᠷᠭ᠎ᠠ ᠥᠬᠡᠶ ᠪᠤᠯ ᠵᠥᠪᠰᠢᠶᠡᠷᠡᠨ ᠭᠠᠷᠭ᠋ᠠᠬᠤ ᠡᠮ᠎ᠤᠨ ᠵᠦᠢ᠍ᠯ᠎ᠤᠨ ᠤᠷᠤᠭᠤᠯᠵᠦ ᠭᠠᠷᠭ᠋ᠠᠬᠤ ᠵᠠᠮ᠎ᠢ ᠰᠠᠭ᠋ᠠᠳ ᠥᠬᠡᠶ ᠨᠡᠪᠲᠡᠷᠡᠭᠦᠯᠵᠦ᠂ ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠭᠡᠨᠡᠳᠲᠡ ᠵᠢᠨ ᠬᠡᠷᠡᠭ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ᠂ ᠪᠠᠴᠢᠮ ᠠᠪᠤᠷᠠᠯᠳᠠ ᠵᠡᠷᠭᠡ ᠪᠠᠴᠢᠮ ᠪᠠᠶ᠋ᠢᠳᠠᠯ᠎ᠳᠤ ᠴᠢᠭᠯᠡᠭᠦᠯᠦᠨ᠂ ᠡᠮᠴᠢᠯᠡᠭᠡᠨ᠎ᠤ ᠪᠠᠶ᠋ᠢᠭᠤᠯᠤᠮᠵᠢ᠎ᠳᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠡᠮ ᠬᠤᠳᠠᠯᠳᠤᠨ ᠠᠪᠬᠤ ᠵᠠᠮ᠎ᠢ ᠪᠣᠢ ᠪᠤᠯᠭ᠋ᠠᠵᠦ᠂ ᠠᠷᠠᠳ ᠣᠯᠠᠨ᠎ᠤ ᠡᠮ ᠬᠡᠷᠡᠭᠯᠡᠬᠦ ᠬᠡᠷᠡᠭᠴᠡᠭᠡ ᠱᠠᠭ᠋ᠠᠷᠳᠠᠯᠭ᠎ᠠ ᠵᠢ ᠭᠦᠢ᠍ᠴᠡᠳ ᠪᠠᠲᠤᠯᠠᠪᠠ᠃
     (ᠬᠣᠶᠠᠷ) ᠳᠠᠭ᠋ᠠᠭ᠋ᠠᠴᠢᠯᠠᠯᠲᠠ ᠬᠦᠯᠢᠶᠡᠬᠦ ᠭᠣᠤᠯ ᠴᠣᠭᠴᠠ ᠵᠢ ᠵᠢᠷᠤᠮᠵᠢᠭᠤᠯᠵᠤ᠂ ᠡᠮ᠎ᠤᠨ ᠵᠦᠢ᠍ᠯ᠎ᠤᠨ ᠰᠦᠯᠵᠢᠶᠡᠨ᠎ᠳᠤ ᠭᠠᠷᠭ᠋ᠠᠬᠤ ᠶᠠᠪᠤᠴᠠ ᠵᠢ ᠳᠥᠭᠥᠮᠴᠢᠯᠡᠪᠡ᠃ ᠡᠮ᠎ᠤᠨ ᠵᠦᠢ᠍ᠯ᠎ᠢ ᠰᠦᠯᠵᠢᠶᠡᠨ᠎ᠳᠤ ᠭᠠᠷᠭ᠋ᠠᠬᠤ ᠵᠥᠪᠰᠢᠶᠡᠷᠡᠯ᠎ᠢ ᠦᠢ᠍ᠯᠡᠳᠪᠦᠷᠢᠯᠡᠯ᠎ᠤᠨ ᠠᠵᠤ ᠠᠬᠤᠶ᠋ᠢᠯᠠᠯ᠎ᠠᠴᠠ ᠨᠢᠭᠡᠳᠦᠯᠲᠡᠶ᠎ᠪᠠᠷ ᠰᠢᠭᠤᠳ ᠭᠤᠶᠤᠴᠢᠯᠠᠨ ᠮᠡᠳᠡᠭᠦᠯᠵᠦ᠂ ᠭᠦᠢ᠍ᠴᠡᠳᠭᠡᠬᠦ ᠶᠠᠪᠤᠴᠠ ᠵᠢ ᠳᠥᠭᠥᠮᠴᠢᠯᠡᠨ᠂ ᠰᠢᠨ᠎ᠡ᠎ᠪᠠᠷ ᠵᠠᠬ᠎ᠠ ᠳᠡᠯᠭᠡᠭᠦᠷ᠎ᠲᠤ ᠭᠠᠷᠭ᠋ᠠᠬᠤ ᠡᠮ᠎ᠤᠨ ᠵᠦᠢ᠍ᠯ᠎ᠤᠨ ᠵᠥᠪᠰᠢᠶᠡᠷᠡᠯ᠎ᠢ ᠰᠦᠯᠵᠢᠶᠡᠨ᠎ᠳᠤ ᠬᠤᠯᠪᠤᠬᠤ ᠵᠢ ᠲᠦᠷᠭᠡᠳᠬᠡᠵᠦ᠂ ᠡᠮ᠎ᠤᠨ ᠵᠦᠢ᠍ᠯ᠎ᠤᠨ ᠰᠤᠳᠤᠯᠤᠨ ᠨᠡᠭᠡᠭᠡᠬᠦ ᠪᠠ ᠡᠮ ᠡᠮᠨᠡᠯᠭᠡ ᠵᠢᠨ ᠠᠵᠤ ᠦᠢ᠍ᠯᠡᠰ᠎ᠤᠨ ᠡᠷᠡᠭᠦᠯ ᠵᠶ᠋ᠠᠷ ᠬᠥᠭᠵᠢᠬᠦ ᠵᠢ ᠠᠬᠢᠭᠤᠯᠪᠠ᠃
     (ᠭᠤᠷᠪᠠ) ᠦᠨ᠎ᠡ ᠬᠠᠩᠰᠢ ᠵᠢᠨ ᠬᠠᠮᠢᠶᠠᠷᠤᠯᠲᠠ ᠵᠢ ᠴᠢᠩᠭ᠋ᠠᠳᠬᠠᠵᠤ᠂ ᠡᠮ᠎ᠤᠨ ᠵᠦᠢ᠍ᠯ᠎ᠤᠨ ᠦᠨ᠎ᠡ ᠬᠠᠩᠰᠢ ᠵᠢᠨ ᠪᠤᠴᠠᠭ᠋ᠠᠯᠲᠠ ᠵᠢᠨ ᠵᠦᠶ ᠵᠣᠬᠢᠰᠲᠠᠶ ᠬᠢᠷᠢ ᠬᠡᠮᠵᠢᠶ᠎ᠡ ᠵᠢ ᠠᠬᠢᠭᠤᠯᠪᠠ᠃ ᠡᠮᠡᠭᠲᠡᠶ᠋ᠢᠴᠦᠳ ᠪᠠ ᠬᠡᠤᠬᠡᠳ ᠲᠤᠰᠬᠠᠶ ᠮᠡᠷᠭᠡᠵᠢᠯ᠎ᠤᠨ ᠫᠠᠲᠸᠨ᠋ᠲ ᠪᠤᠰᠤ ᠡᠮ᠎ᠤᠨ ᠵᠦᠢ᠍ᠯ᠂ ᠪᠠᠴᠢᠮ ᠠᠪᠤᠷᠠᠯᠳᠠ ᠵᠢᠨ ᠡᠮ᠎ᠤᠨ ᠵᠦᠢ᠍ᠯ᠂ ᠳᠤᠲᠠᠭᠳᠠᠵᠤ ᠪᠠᠶ᠋ᠢᠭ᠎ᠠ ᠡᠮ᠎ᠤᠨ ᠵᠦᠢ᠍ᠯ ᠪᠠ ᠦᠨᠳᠦᠰᠦᠨ ᠵᠠᠰᠠᠯᠭ᠎ᠠ ᠵᠢᠨ ᠶᠡᠭᠦᠯᠡᠬᠦ ᠰᠢᠩᠭᠡᠨ ᠬᠤᠳᠠᠯᠳᠤᠨ ᠠᠪᠬᠤ ᠠᠷᠭ᠎ᠠ ᠮᠠᠶᠢᠭ᠎ᠢ ᠰᠢᠭᠤᠳ ᠰᠦᠯᠵᠢᠶᠡᠨ᠎ᠳᠤ ᠬᠤᠯᠪᠤᠵᠦ᠂ ᠠᠵᠤ ᠠᠬᠤᠶ᠋ᠢᠯᠠᠯ᠎ᠨᠢ ᠡᠯ᠎ᠡ ᠮᠤᠵᠢ ᠬᠣᠲᠠ ᠵᠢᠨ ᠠᠷᠠᠯᠵᠢᠶᠠᠯᠠᠬᠤ ᠦᠨ᠎ᠡ ᠬᠠᠩᠰᠢ᠎ᠪᠠᠷ ᠵᠥᠪᠯᠡᠬᠦ ᠦᠨ᠎ᠡ ᠵᠢᠨ ᠯᠠᠪᠯᠠᠯᠲᠠ ᠵᠢᠨ ᠦᠨ᠎ᠡ   ᠪᠤᠯᠭ᠋ᠠᠵᠦ ᠮᠡᠳᠡᠭᠦᠯᠦᠨ᠎ᠡ; ᠰᠦᠯᠵᠢᠶᠡᠨ᠎ᠳᠤ ᠬᠤᠯᠪᠤᠭᠰᠠᠨ ᠪᠤᠰᠤᠳ ᠡᠮ᠎ᠤᠨ ᠵᠦᠢ᠍ᠯ᠎ᠢ ᠬᠤᠳᠠᠯᠳᠤᠨ ᠠᠪᠬᠤ ᠠᠷᠭ᠎ᠠ ᠮᠠᠶᠢᠭ᠎ᠨᠢ ᠦᠨ᠎ᠡ ᠬᠠᠩᠰᠢ ᠵᠢ᠎ᠨᠢ ᠬᠢᠵᠠᠭ᠋ᠠᠷᠯᠠᠨ ᠰᠦᠯᠵᠢᠶᠡᠨ᠎ᠳᠤ ᠣᠷᠣᠭᠤᠯᠵᠤ᠂ ᠦᠨ᠎ᠡ ᠬᠠᠩᠰᠢ ᠵᠢ᠎ᠨᠢ ᠪᠥᠬᠥ ᠤᠯᠤᠰ᠎ᠤᠨ ᠬᠠᠮᠤᠭ᠎ᠤᠨ ᠳᠣᠤᠷ᠎ᠠ ᠦᠨ᠎ᠡ ᠬᠠᠩᠰᠢ᠎ᠠᠴᠠ ᠥᠨᠳᠥᠷ ᠪᠠᠶ᠋ᠢᠯᠭ᠋ᠠᠵᠤ ᠪᠣᠯᠬᠤ ᠥᠬᠡᠶ ᠪᠥᠭᠡᠳ ᠪᠤᠰᠤᠳ ᠮᠤᠵᠢ ᠬᠣᠲᠠ ᠵᠢᠨ ᠠᠷᠠᠯᠵᠢᠶᠠᠯᠠᠬᠤ ᠦᠨ᠎ᠡ ᠬᠠᠩᠰᠢ᠎ᠯᠤᠭ᠎ᠠ ᠬᠣᠯᠪᠣᠭ᠋ᠠᠯᠠᠨ ᠬᠥᠳᠡᠯᠦᠯᠴᠡᠬᠦ ᠵᠢ ᠪᠡᠶᠡᠯᠡᠭᠦᠯᠵᠦ᠂ ᠡᠮᠴᠢᠯᠡᠭᠡᠨ᠎ᠤ ᠪᠠᠶ᠋ᠢᠭᠤᠯᠤᠮᠵᠢ ᠵᠢᠨ ᠵᠥᠪᠯᠡᠭᠰᠡᠨ ᠦᠨ᠎ᠡ ᠬᠠᠩᠰᠢ ᠵᠢᠨ ᠯᠠᠪᠯᠠᠯᠲᠠ ᠵᠢᠨ ᠲᠣᠭ᠎ᠠ ᠪᠠᠷᠢᠮᠲᠠ ᠵᠢ ᠬᠥᠳᠡᠯᠦᠩᠭᠦᠶ᠎ᠪᠠᠷ ᠰᠢᠨᠡᠳᠬᠡᠬᠦ ᠵᠢ ᠪᠡᠶᠡᠯᠡᠭᠦᠯᠵᠦ᠂ ᠵᠠᠬ᠎ᠠ ᠳᠡᠯᠭᠡᠭᠦᠷ᠎ᠠᠴᠠ ᠰᠠᠯᠭ᠋ᠠᠵᠤ ᠪᠤᠯᠬᠤ ᠥᠬᠡᠶ᠂ ᠵᠦᠪᠳᠡᠯᠴᠡᠨ ᠲᠤᠭᠳᠠᠭ᠋ᠠᠭᠰᠠᠨ ᠬᠤᠳᠠᠯᠳᠤᠨ ᠠᠪᠬᠤ ᠦᠨ᠎ᠡ ᠬᠠᠩᠰᠢ ᠵᠢ ᠨᠠᠩ ᠵᠦᠶ ᠵᠣᠬᠢᠰᠲᠠᠶ ᠪᠣᠯᠭ᠋ᠠᠪᠠ᠃
     (ᠲᠦᠷᠪᠡ) ᠬᠤᠳᠠᠯᠳᠤᠨ ᠠᠪᠬᠤ᠂ ᠬᠠᠩᠭᠭ᠋ᠠᠯᠭ᠎ᠠ᠂ ᠬᠢᠨᠠᠨ ᠬᠠᠮᠢᠶᠠᠷᠤᠯᠳᠠ ᠡᠯ᠎ᠡ ᠲᠠᠯ᠎ᠠ ᠵᠢᠨ ᠭᠣᠣᠯ ᠴᠣᠭᠴᠠ ᠵᠢᠨ ᠬᠠᠷᠢᠭᠤᠴᠠᠯᠭ᠎ᠠ ᠵᠢ ᠲᠣᠳᠣᠷᠬᠠᠶ᠋ᠢᠯᠠᠪᠠ᠃ ᠡᠮᠴᠢᠯᠡᠭᠡᠨ᠎ᠤ ᠪᠠᠶ᠋ᠢᠭᠤᠯᠤᠮᠵᠢ ᠵᠢᠨ ᠬᠤᠳᠠᠯᠳᠤᠨ ᠠᠪᠬᠤ ᠱᠠᠭ᠋ᠠᠷᠳᠠᠯᠭ᠎ᠠ᠂ ᠠᠶ᠋ᠢᠮᠠᠭ ᠬᠣᠲᠠ ᠵᠢᠨ ᠡᠮᠴᠢᠯᠡᠭᠡᠨ᠎ᠤ ᠪᠠᠳᠤᠯᠠᠭ᠎ᠠ ᠵᠢᠨ ᠰᠠᠯᠠᠭ᠎ᠠ ᠮᠥᠴᠢᠷ᠎ᠤᠨ ᠬᠢᠨᠠᠨ ᠬᠠᠮᠢᠶᠠᠷᠤᠯᠳᠠ ᠵᠢᠨ ᠲᠤᠰᠢᠶᠠᠯ ᠬᠠᠷᠢᠭᠤᠴᠠᠯᠭ᠎ᠠ᠂ ᠥᠪᠡᠷᠲᠡᠭᠡᠨ ᠵᠠᠰᠠᠬᠤ ᠣᠷᠣᠨ᠎ᠤ ᠡᠮ ᠬᠤᠳᠠᠯᠳᠤᠨ ᠠᠪᠬᠤ ᠲᠥᠪ᠎ᠤᠨ ᠲᠠᠪᠴᠠᠩ᠎ᠢ ᠵᠢᠷᠤᠮᠵᠢᠭᠤᠯᠤᠨ ᠪᠠᠶ᠋ᠢᠭᠤᠯᠬᠤ ᠡᠭᠦᠷᠭᠡ ᠴᠢᠳᠠᠪᠤᠷᠢ᠂ ᠦᠢ᠍ᠯᠡᠳᠪᠦᠷᠢᠯᠡᠯ ᠡᠵᠡᠩᠨᠡᠯᠲᠡ ᠵᠢᠨ ᠠᠵᠤ ᠠᠬᠤᠶ᠋ᠢᠯᠠᠯ᠎ᠤᠨ ᠭᠣᠤᠯ ᠴᠣᠭᠴᠠ ᠵᠢᠨ ᠬᠠᠷᠢᠭᠤᠴᠠᠯᠭ᠎ᠠ ᠵᠢ ᠲᠣᠳᠣᠷᠬᠠᠶ᠋ᠢᠯᠠᠵᠤ᠂ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠤᠨ ᠡᠮᠬᠢ ᠵᠢᠷᠤᠮ᠎ᠲᠠᠢ ᠶᠠᠪᠤᠭᠳᠠᠭᠤᠯᠬᠤ᠂ ᠬᠢᠨᠠᠨ ᠬᠠᠮᠢᠶᠠᠷᠤᠯᠳᠠ ᠬᠤᠳᠠᠯᠳᠤᠨ ᠠᠪᠬᠤ ᠶᠠᠪᠤᠴᠠ᠎ᠳᠤ ᠵᠢᠷᠤᠮᠯᠠᠬᠤ ᠦᠨᠳᠦᠰᠦᠯᠡᠯ᠎ᠲᠠᠢ ᠪᠠᠶ᠋ᠢᠬᠤ ᠵᠢ ᠦᠨᠡᠨ ᠬᠦ᠌ ᠪᠠᠲᠤᠯᠠᠪᠠ᠃
      ᠳᠥᠷᠪᠡ᠂ 《ᠰᠦᠯᠵᠢᠶᠡᠨ᠎ᠳᠤ ᠭᠠᠷᠭ᠋ᠠᠬᠤ ᠮᠡᠳᠡᠭᠳᠡᠯ》᠎ᠢ ᠬᠡᠷᠡᠭᠵᠢᠭᠦᠯᠬᠦ ᠴᠠᠭ
     《ᠮᠡᠳᠡᠭᠳᠡᠯ》᠎ᠢ 2021 ᠣᠨ᠎ᠤ 1 ᠳ᠋ᠤᠭᠡᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠦᠯᠵᠢᠶᠡᠨ᠎ᠳᠤ   ᠭᠠᠷᠭ᠋ᠠᠬᠤ ᠠᠵᠢᠯ᠎ᠤᠨ ᠪᠣᠳᠠᠲᠤ ᠪᠠᠶ᠋ᠢᠳᠠᠯ᠎ᠢ ᠪᠣᠳᠣᠯᠬᠢᠯᠠᠵᠤ᠂ ᠠᠯᠬᠤᠮ ᠪᠦᠯᠦᠭ ᠬᠤᠪᠢᠶᠠᠨ ᠬᠡᠷᠡᠭᠵᠢᠭᠦᠯᠬᠦ ᠠᠷᠭ᠎ᠠ ᠵᠢ ᠠᠪᠤᠨ᠎ᠠ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠣᠯᠠᠭ᠎ᠠ ᠵᠢᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠦᠯᠵᠢᠶᠡᠨ᠎ᠳᠤ ᠭᠠᠷᠭ᠋ᠠᠭᠰᠠᠨ ᠡᠮ᠎ᠤᠨ ᠵᠦᠢ᠍ᠯ᠎ᠤᠨ ᠬᠥᠳᠡᠯᠦᠩᠭᠦᠶ ᠲᠣᠬᠢᠷᠠᠭᠤᠯᠤᠯᠲᠠ ᠵᠢᠨ ᠠᠵᠢᠯ᠎ᠢ ᠰᠠᠶ᠋ᠢᠲᠤᠷ ᠬᠢᠬᠦ ᠲᠤᠬᠠᠶ ᠮᠡᠳᠡᠭᠳᠡᠯ
《ᠬᠥᠬᠡᠬᠣᠲᠠ ᠪᠤᠭᠤᠲᠤ ᠣᠷᠳᠣᠰ ᠤᠯᠠᠭ᠋ᠠᠨᠴᠠᠪ᠎ᠤᠨ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠬᠦᠨᠳᠦ ᠡᠪᠡᠳᠴᠢᠨ᠎ᠤ ᠳᠠᠭ᠋ᠠᠳᠬᠠᠯ᠎ᠤᠨ ᠠᠵᠢᠯ᠎ᠢ ᠰᠠᠶ᠋ᠢᠲᠤᠷ ᠬᠢᠬᠦ ᠲᠤᠬᠠᠶ ᠮᠡᠳᠡᠭᠳᠡᠯ》᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
ᠬᠥᠬᠡᠬᠣᠲᠠ ᠪᠤᠭᠤᠲᠤ ᠣᠷᠳᠣᠰ ᠤᠯᠠᠭ᠋ᠠᠨᠴᠠᠪ᠎ᠤᠨ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠬᠦᠨᠳᠦ ᠡᠪᠡᠳᠴᠢᠨ᠎ᠤ ᠳᠠᠭ᠋ᠠᠳᠬᠠᠯ᠎ᠤᠨ ᠠᠵᠢᠯ᠎ᠢ ᠰᠠᠶ᠋ᠢᠲᠤᠷ ᠬᠢᠬᠦ ᠲᠤᠬᠠᠶ ᠮᠡᠳᠡᠭᠳᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠮᠣᠩᠭᠣᠯ ᠬᠡᠯᠡᠨ᠎ᠤ ᠰᠦᠯᠵᠢᠶ᠎ᠡ ᠵᠢ ᠲᠤᠷᠰᠢᠨ ᠠᠵᠢᠯᠯᠠᠭᠤᠯᠬᠤ ᠨᠡᠢ᠌ᠳᠡᠯᠡᠯ
ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠴᠡᠭ ᠲᠣᠭᠲᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ 《ᠡᠷᠬᠢᠨ ᠬᠠᠷᠠᠬᠤ》 ᠬᠠᠮᠢᠶ᠎ᠠ ᠪᠥᠬᠥᠶ ᠠᠰᠠᠭᠤᠳᠠᠯ᠎ᠤᠨ ᠰᠦᠪᠡᠭᠴᠢ ᠵᠢ ᠲᠤᠰᠬᠠᠢ ᠴᠡᠭᠴᠡᠯᠡᠬᠦ ᠲᠤᠬᠠᠶ ᠠᠯᠪᠠᠨ ᠨᠡᠢ᠌ᠳᠡᠯᠡᠯ
 
            