ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠪᠢᠴᠢᠭ ᠮᠠᠲ᠋ᠧᠷᠢᠶᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠦᠯᠵᠢᠶᠡᠨ᠎ᠳᠤ ᠭᠠᠷᠭ᠋ᠠᠭᠰᠠᠨ ᠡᠮ᠎ᠤᠨ ᠵᠦᠢ᠍ᠯ᠎ᠤᠨ ᠬᠥᠳᠡᠯᠦᠩᠭᠦᠶ ᠲᠣᠬᠢᠷᠠᠭᠤᠯᠤᠯᠲᠠ ᠵᠢᠨ ᠠᠵᠢᠯ᠎ᠢ ᠰᠠᠶ᠋ᠢᠲᠤᠷ ᠬᠢᠬᠦ ᠲᠤᠬᠠᠶ ᠮᠡᠳᠡᠭᠳᠡᠯ
ᠨᠡᠶ᠋ᠢᠲᠡᠯᠡᠭᠰᠡᠨ ᠴᠠᠭ᠄ 2020-12-22

ᠡᠯ᠎ᠡ ᠠᠶ᠋ᠢᠮᠠᠭ ᠬᠣᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠂ ᠮᠠᠨᠵᠤᠤᠷ ᠬᠣᠲᠠ᠂ ᠡᠷᠢᠶᠡᠨ ᠬᠣᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠂ ᠡᠯ᠎ᠡ ᠬᠣᠯᠪᠣᠭᠳᠠᠯ ᠪᠥᠬᠥᠶ ᠨᠢᠭᠡᠴᠡ᠄
     《ᠡᠮᠴᠢᠯᠡᠭᠡᠨ᠎ᠤ ᠪᠠᠲᠤᠯᠠᠭ᠎ᠠ ᠵᠢᠨ ᠲᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠠᠨᠠᠯ》 (ᠲᠥᠪ ᠲᠠᠷᠬᠠᠭ᠋ᠠᠭᠰᠠᠨ  [2020]5 ᠳ᠋ᠤᠭ᠋ᠠᠷ ᠲᠣᠭ᠋ᠠᠲᠤ)᠎ᠢ ᠦᠨᠳᠦᠰᠦᠯᠡᠨ᠂ 《ᠳᠠᠭᠤᠷᠢᠶᠠᠮᠠᠯ ᠡᠮ᠎ᠤᠨ ᠬᠠᠩᠭ᠋ᠠᠯᠭ᠎ᠠ ᠵᠢ ᠪᠠᠲᠤᠯᠠᠬᠤ ᠵᠢᠴᠢ ᠬᠡᠷᠡᠭᠯᠡᠬᠦ ᠲᠥᠷᠥ ᠵᠢᠨ ᠪᠣᠳᠣᠯᠭ᠎ᠠ ᠵᠢ ᠥᠭᠡᠷᠡᠴᠢᠯᠡᠨ ᠲᠡᠭᠦᠯᠳᠡᠷᠵᠢᠭᠦᠯᠬᠦ ᠠᠵᠢᠯ᠎ᠤᠨ ᠲᠥᠰᠦᠯ᠎ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》 (ᠥᠪᠥᠷ ᠵᠠᠰᠠᠭ ᠠᠯᠪᠠᠨ ᠲᠠᠷᠬᠠᠭ᠋ᠠᠭᠰᠠᠨ  [2018] 89 ᠳ᠋ᠤᠭᠡᠷ ᠲᠣᠭ᠋ᠠᠲᠤ) ᠪᠣᠯᠤᠨ 《ᠤᠯᠤᠰ᠎ᠤᠨ ᠦᠨᠳᠦᠰᠦᠨ ᠡᠮᠴᠢᠯᠡᠭᠡᠨ᠎ᠤ ᠳᠠᠭ᠋ᠠᠳᠬᠠᠯ᠂ ᠠᠵᠢᠯ᠎ᠤᠨ ᠰᠢᠷᠬᠠᠲᠤᠯ᠎ᠤᠨ ᠳᠠᠭ᠋ᠠᠳᠬᠠᠯ ᠪᠠ ᠦᠷᠡᠵᠢᠯ᠎ᠤᠨ ᠳᠠᠭ᠋ᠠᠳᠬᠠᠯ᠎ᠤᠨ ᠡᠮ᠎ᠤᠨ ᠵᠦᠢ᠍ᠯ᠎ᠤᠨ ᠭᠠᠷᠴᠠᠭ (2019 ᠣᠨ᠎ᠤ ᠬᠡᠪᠯᠡᠯ)᠎ᠢ ᠬᠡᠷᠡᠭᠵᠢᠭᠦᠯᠬᠦ ᠲᠤᠬᠠᠶ ᠮᠡᠳᠡᠭᠳᠡᠯ》  (ᠥᠪᠥᠷ ᠡᠮᠴᠢᠯᠡᠭᠡ   ᠪᠠᠳᠤᠯᠠᠭ᠎ᠠ ᠠᠯᠪᠠᠨ ᠲᠠᠷᠬᠠᠭ᠋ᠠᠭᠰᠠᠨ  [2019] 61 ᠳ᠋ᠤᠭᠡᠷ ᠲᠣᠭ᠋ᠠᠲᠤ)᠎ᠢ ᠦᠨᠳᠦᠰᠦᠯᠡᠨ᠂ ᠡᠮ᠎ᠤᠨ ᠵᠦᠢ᠍ᠯ᠎ᠢ ᠰᠤᠳᠤᠯᠤᠨ ᠨᠡᠭᠡᠭᠡᠬᠦ ᠪᠠ ᠡᠮ ᠡᠮᠨᠡᠯᠭᠡ ᠵᠢᠨ ᠠᠵᠤ ᠦᠢ᠍ᠯᠡᠰ᠎ᠤᠨ ᠡᠷᠡᠭᠦᠯ ᠵᠶ᠋ᠠᠷ ᠬᠥᠭᠵᠢᠬᠦ ᠵᠢ ᠠᠬᠢᠭᠤᠯᠵᠦ᠂ ᠡᠮᠴᠢᠯᠡᠭᠡᠨ᠎ᠳᠤ ᠬᠡᠷᠡᠭᠯᠡᠬᠦ ᠡᠮ᠎ᠤᠨ ᠬᠡᠷᠡᠭᠴᠡᠭᠡ ᠱᠠᠭ᠋ᠠᠷᠳᠠᠯᠭ᠎ᠠ ᠵᠢ ᠦᠨᠡᠨᠬᠦ ᠪᠠᠳᠤᠯᠠᠬᠤ ᠵᠢᠨ ᠲᠦᠯᠦᠭᠡ᠂ ᠡᠳᠦᠭᠡ ᠥᠪᠡᠷᠲᠡᠭᠡᠨ ᠵᠠᠰᠠᠬᠤ ᠣᠷᠣᠨ᠎ᠤ ᠰᠦᠯᠵᠢᠶᠡᠨ᠎ᠳᠤ ᠭᠠᠷᠭ᠋ᠠᠭᠰᠠᠨ ᠡᠮ᠎ᠤᠨ ᠵᠦᠢ᠍ᠯ᠎ᠳᠤ ᠬᠥᠳᠡᠯᠦᠩᠭᠦᠶ ᠲᠣᠬᠢᠷᠠᠭᠤᠯᠤᠯᠲᠠ ᠬᠢᠬᠦ ᠠᠵᠢᠯ᠎ᠢ ᠰᠠᠶ᠋ᠢᠲᠤᠷ ᠬᠢᠬᠦ ᠲᠤᠬᠠᠶ ᠳᠣᠣᠷᠠᠬᠢ ᠮᠡᠲᠦ ᠮᠡᠳᠡᠭᠳᠡᠶ᠎ᠡ᠃
      ᠨᠢᠭᠡ᠂ ᠡᠮ᠎ᠤᠨ ᠵᠦᠢ᠍ᠯ᠎ᠢ ᠰᠦᠯᠵᠢᠶᠡᠨ᠎ᠳᠤ ᠭᠠᠷᠭ᠋ᠠᠬᠤ᠎ᠳᠤ ᠬᠥᠳᠡᠯᠦᠩᠭᠦᠶ ᠲᠣᠬᠢᠷᠠᠭᠤᠯᠤᠯᠲᠠ ᠬᠢᠬᠦ ᠵᠢ ᠬᠡᠷᠡᠭᠵᠢᠭᠦᠯᠦᠨ᠎ᠡ
     (ᠨᠢᠭᠡ) ᠵᠥᠪᠰᠢᠶᠡᠷᠡᠨ ᠣᠷᠣᠭᠤᠯᠬᠤ ᠬᠠᠮᠢᠶᠠᠷᠤᠯᠲᠠ᠃ ᠥᠪᠡᠷᠲᠡᠭᠡᠨ ᠵᠠᠰᠠᠬᠤ ᠣᠷᠣᠨ᠎ᠤ ᠰᠦᠯᠵᠢᠶᠡᠨ᠎ᠳᠤ ᠭᠠᠷᠭ᠋ᠠᠭᠰᠠᠨ ᠲᠥᠪᠯᠡᠷᠡᠭᠦᠯᠦᠨ ᠬᠤᠳᠠᠯᠳᠤᠨ ᠠᠪᠬᠤ ᠡᠮ᠎ᠤᠨ ᠵᠦᠢ᠍ᠯ᠎ᠳᠤ ᠪᠠᠢ᠌ᠩᠭᠤᠵᠢᠭᠰᠠᠨ ᠵᠥᠪᠰᠢᠶᠡᠷᠡᠨ ᠣᠷᠣᠭᠤᠯᠬᠤ ᠬᠠᠮᠢᠶᠠᠷᠤᠯᠲᠠ ᠵᠢ ᠬᠡᠷᠡᠭᠵᠢᠭᠦᠯᠵᠦ᠂ ᠤᠯᠠᠷᠢᠯ ᠪᠦᠷᠢ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢ᠍ᠯ᠎ᠢ ᠲᠥᠪᠯᠡᠷᠡᠭᠦᠯᠦᠨ ᠬᠤᠳᠠᠯᠳᠤᠨ ᠠᠪᠬᠤ ᠰᠢᠰᠲ᠋ᠧᠮ (ᠳᠣᠷᠣᠭᠰᠢ ᠡᠮ᠎ᠤᠨ ᠵᠦᠢ᠍ᠯ᠎ᠢ ᠬᠤᠳᠠᠯᠳᠤᠨ ᠠᠪᠬᠤ ᠰᠢᠰᠲ᠋ᠧᠮ ᠭᠡᠵᠦ ᠲᠣᠪᠴᠢᠯᠠᠨ᠎ᠠ) ᠵᠶ᠋ᠠᠷ ᠳᠠᠮᠵᠢᠭᠤᠯᠤᠨ ᠲᠥᠪᠯᠡᠷᠡᠭᠦᠯᠦᠨ ᠭᠤᠶᠤᠴᠢᠯᠠᠨ ᠮᠡᠳᠡᠭᠦᠯᠦᠯᠳᠡ ᠬᠢᠨ᠎ᠡ᠃ ᠰᠢᠰᠲ᠋ᠧᠮ᠎ᠤᠨ ᠲᠤᠳᠤᠷᠠᠬᠢ ᠨᠢᠭᠡᠨᠲᠡ ᠰᠦᠯᠵᠢᠶᠡᠨ᠎ᠳᠤ ᠭᠠᠷᠭ᠋ᠠᠭᠰᠠᠨ ᠡᠮ᠎ᠤᠨ ᠵᠦᠢ᠍ᠯ᠎ᠳᠤ᠂ ᠦᠢ᠍ᠯᠡᠳᠪᠦᠷᠢᠯᠡᠯ᠎ᠤᠨ ᠠᠵᠤ ᠠᠬᠤᠶ᠋ᠢᠯᠠᠯ᠎ᠨᠢ ᠰᠠᠶ᠋ᠢᠨ ᠳᠤᠷ᠎ᠠ᠎ᠠᠴᠠ᠎ᠪᠠᠨ ᠦᠷᠭᠦᠯᠵᠢᠯᠡᠨ ᠬᠠᠩᠭ᠋ᠠᠬᠤ ᠵᠢ ᠪᠦᠬᠦᠨ᠎ᠢ ᠥᠪᠡᠷᠲᠡᠭᠡᠨ ᠵᠠᠰᠠᠬᠤ ᠣᠷᠣᠨ᠎ᠤ ᠲᠥᠪᠯᠡᠷᠡᠭᠦᠯᠦᠨ ᠬᠤᠳᠠᠯᠳᠤᠨ ᠠᠪᠬᠤ ᠡᠮ᠎ᠤᠨ ᠵᠦᠢ᠍ᠯ᠎ᠤᠨ ᠭᠠᠷᠴᠠᠭ᠎ᠤᠨ ᠬᠡᠪᠴᠢᠶ᠎ᠡ᠎ᠳᠤ ᠤᠷᠤᠭᠤᠯᠤᠨ᠎ᠠ᠃ 《ᠤᠯᠤᠰ᠎ᠤᠨ ᠦᠨᠳᠦᠰᠦᠨ ᠡᠮᠴᠢᠯᠡᠭᠡᠨ᠎ᠤ ᠳᠠᠭ᠋ᠠᠳᠬᠠᠯ᠂ ᠠᠵᠢᠯ᠎ᠤᠨ ᠰᠢᠷᠬᠠᠲᠤᠯ᠎ᠤᠨ ᠳᠠᠭ᠋ᠠᠳᠬᠠᠯ ᠪᠠ ᠦᠷᠡᠵᠢᠯ᠎ᠤᠨ ᠳᠠᠭ᠋ᠠᠳᠬᠠᠯ᠎ᠤᠨ ᠡᠮ᠎ᠤᠨ ᠵᠦᠢ᠍ᠯ᠎ᠤᠨ ᠭᠠᠷᠴᠠᠭ (2019 ᠣᠨ᠎ᠤ ᠬᠡᠪᠯᠡᠯ)》᠂ 《ᠬᠣᠪᠣᠷ ᠲᠣᠬᠢᠶᠠᠯᠳᠤᠬᠤ ᠡᠪᠡᠳᠴᠢᠨ᠎ᠤ ᠡᠮ᠎ᠤᠨ ᠵᠦᠢ᠍ᠯ᠎ᠤᠨ ᠨᠠᠷᠢᠨ ᠬᠠᠭᠤᠳᠠᠰᠤ (ᠨᠢᠭᠡᠳᠦᠭᠡᠷ ᠪᠦᠯᠦᠭ)》᠎ᠳᠤ ᠬᠠᠷᠢᠶᠠᠯᠠᠭᠳᠠᠬᠤ ᠡᠮ᠎ᠤᠨ ᠵᠦᠢ᠍ᠯ᠂ ᠡᠰᠡᠬᠦᠯ᠎ᠡ 《ᠳᠤᠮᠳᠠᠳᠤ ᠤᠯᠤᠰ᠎ᠤᠨ ᠵᠠᠬ᠎ᠠ ᠳᠡᠯᠭᠡᠭᠦᠷ᠎ᠲᠤ ᠭᠠᠷᠭ᠋ᠠᠭᠰᠠᠨ ᠡᠮ᠎ᠤᠨ ᠵᠦᠢ᠍ᠯ᠎ᠤᠨ ᠭᠠᠷᠴᠠᠭ᠎ᠤᠨ ᠲᠡᠭᠦᠪᠦᠷᠢ》᠎ᠳᠠᠬᠢ ᠭᠠᠳᠠᠭ᠋ᠠᠳᠤ᠎ᠠᠴᠠ ᠣᠷᠣᠭᠤᠯᠤᠭᠰᠠᠨ ᠤᠤᠯ᠎ᠤᠨ ᠰᠤᠳᠤᠯᠤᠭᠰᠠᠨ ᠡᠮ᠎ᠤᠨ ᠵᠦᠢ᠍ᠯ᠂ ᠤᠯᠤᠰ᠎ᠤᠨ ᠡᠮ᠎ᠤᠨ ᠵᠦᠢ᠍ᠯ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠲᠣᠭᠲᠠᠭ᠋ᠠᠭᠰᠠᠨ ᠨᠢᠭᠡᠳᠦᠯᠲᠦ ᠴᠢᠨᠠᠷᠲᠠᠶ ᠦᠨᠡᠯᠡᠯᠲᠡ ᠵᠢᠨ ᠬᠠᠷᠢᠴᠠᠭᠤᠯᠬᠤ ᠨᠠᠶ᠋ᠢᠷᠠᠯᠲᠠ᠂ ᠶᠠᠰᠤ ᠴᠢᠨᠠᠷ ᠪᠠ ᠡᠮᠴᠢᠯᠡᠭᠡᠨ᠎ᠤ ᠦᠢ᠍ᠯᠡᠳᠦᠯ᠎ᠤᠨ ᠨᠢᠭᠡᠳᠦᠯᠲᠦ ᠴᠢᠨᠠᠷᠲᠠᠶ ᠦᠨᠡᠯᠡᠯᠲᠡ᠎ᠪᠠᠷ ᠳᠠᠮᠵᠢᠭᠰᠠᠨ ᠡᠮ᠎ᠤᠨ ᠵᠦᠢ᠍ᠯ ᠪᠠ ᠬᠢᠮᠢ ᠵᠢᠨ ᠡᠮ᠎ᠤᠨ ᠵᠦᠢ᠍ᠯ᠎ᠤᠨ ᠰᠢᠨ᠎ᠡ ᠳᠠᠩᠰᠠᠯᠠᠭᠤᠯᠤᠯᠲᠠ᠎ᠪᠠᠷ ᠲᠥᠷᠥᠯ ᠬᠤᠪᠢᠶᠠᠵᠤ ᠵᠥᠪᠰᠢᠶᠡᠷᠡᠭᠰᠡᠨ ᠳᠠᠭᠤᠷᠢᠶᠠᠮᠠᠯ ᠡᠮ ᠵᠢᠴᠢ 2015 ᠣᠨ᠎ᠤ 6 ᠳ᠋ᠤᠭ᠋ᠠᠷ ᠰᠠᠷ᠎ᠠ᠎ᠠᠴᠠ ᠬᠣᠶ᠋ᠢᠰᠢ ᠤᠯᠤᠰ᠎ᠤᠨ ᠡᠮ᠎ᠤᠨ ᠵᠦᠢ᠍ᠯ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠰᠢᠨ᠎ᠡ᠎ᠪᠠᠷ ᠵᠥᠪᠰᠢᠶᠡᠷᠡᠭᠰᠡᠨ ᠵᠠᠬ᠎ᠠ ᠳᠡᠯᠭᠡᠭᠦᠷ᠎ᠲᠤ ᠭᠠᠷᠭ᠋ᠠᠬᠤ ᠵᠢ ᠵᠥᠪᠰᠢᠶᠡᠷᠡᠭᠰᠡᠨ ᠰᠦᠯᠵᠢᠶᠡᠨ᠎ᠳᠤ ᠭᠠᠷᠭ᠋ᠠᠭᠰᠠᠨ ᠥᠬᠡᠶ ᠡᠮ᠎ᠤᠨ ᠵᠦᠢ᠍ᠯ᠎ᠳᠤ ᠱᠠᠭ᠋ᠠᠷᠳᠠᠯᠭ᠎ᠠ ᠶᠣᠰᠣᠭ᠋ᠠᠷ ᠲᠥᠪᠯᠡᠷᠡᠭᠦᠯᠦᠨ ᠰᠦᠯᠵᠢᠶᠡᠨ᠎ᠳᠤ ᠭᠠᠷᠭ᠋ᠠᠬᠤ ᠵᠢ ᠮᠡᠳᠡᠭᠦᠯᠵᠦ ᠪᠤᠯᠤᠨ᠎ᠠ᠃
     (ᠬᠣᠶᠠᠷ) ᠬᠠᠮᠢᠶᠠᠷᠤᠯᠲᠠ ᠵᠢ ᠲᠦᠷ ᠵᠣᠭᠰᠣᠭ᠋ᠠᠬᠤ ᠪᠠ ᠪᠤᠴᠠᠭ᠋ᠠᠨ ᠭᠠᠷᠭ᠋ᠠᠨ᠎ᠠ᠃ ᠡᠮ᠎ᠤᠨ ᠵᠦᠢ᠍ᠯ᠎ᠢ ᠬᠤᠳᠠᠯᠳᠤᠨ ᠠᠪᠬᠤ ᠰᠢᠰᠲ᠋ᠧᠮ᠎ᠳᠤ ᠨᠢᠭᠡᠨᠲᠡ ᠰᠦᠯᠵᠢᠶᠡᠨ᠎ᠳᠤ ᠭᠠᠷᠭ᠋ᠠᠭᠰᠠᠨ ᠡᠮ᠎ᠤᠨ ᠵᠦᠢ᠍ᠯ᠎ᠨᠢ ᠪᠠᠶ᠋ᠢᠭ᠋ᠠᠯᠢ ᠵᠢᠨ ᠭᠠᠮᠰᠢᠭ᠂ ᠮᠡᠷᠭᠡᠵᠢᠯ᠎ᠤᠨ ᠥᠭᠡᠷᠡᠴᠢᠯᠡᠯᠲᠡ᠂ ᠲᠦᠭᠦᠬᠡᠶ ᠮᠠᠲ᠋ᠧᠷᠢᠶᠠᠯ ᠳᠤᠲᠠᠭᠳᠠᠬᠤ ᠵᠡᠷᠭᠡ ᠪᠤᠰᠤᠳᠴᠢ ᠰᠢᠯᠲᠠᠭ᠋ᠠᠨ᠎ᠠᠴᠠ ᠪᠣᠯᠵᠣ ᠲᠦᠷ ᠴᠠᠭ ᠬᠡᠪ᠎ᠤᠨ ᠪᠠᠶ᠋ᠢᠳᠠᠯ ᠵᠶ᠋ᠠᠷ ᠬᠠᠩᠭ᠋ᠠᠵᠤ ᠳᠡᠶ᠋ᠢᠯᠬᠦ ᠥᠬᠡᠶ ᠪᠣᠯᠤᠭᠰᠠᠨ ᠪᠠᠶ᠋ᠢᠪᠠᠯ᠂ ᠦᠢ᠍ᠯᠡᠳᠪᠦᠷᠢᠯᠡᠯ᠎ᠤᠨ ᠠᠵᠤ ᠠᠬᠤᠶ᠋ᠢᠯᠠᠯ᠎ᠨᠢ ᠰᠠᠨᠠᠭ᠋ᠠᠴᠢᠯᠠᠭ᠎ᠠ᠎ᠠᠴᠠ᠎ᠪᠠᠨ ᠮᠡᠳᠡᠭᠦᠯᠵᠦ ᠳᠠᠩᠰᠠᠯᠠᠭᠤᠯᠬᠤ ᠭᠤᠶᠤᠴᠢᠯᠠᠯ ᠭᠠᠷᠭ᠋ᠠᠵᠤ᠂ ᠰᠦᠯᠵᠢᠶᠡᠨ᠎ᠳᠤ ᠭᠠᠷᠭ᠋ᠠᠬᠤ ᠵᠢ᠎ᠨᠢ ᠲᠦᠷ ᠵᠤᠭᠰᠤᠭ᠋ᠠᠨ᠎ᠠ᠃ ᠬᠠᠩᠭ᠋ᠠᠯᠭ᠎ᠠ᠎ᠨᠢ ᠬᠡᠪ᠎ᠤᠨ ᠪᠣᠯᠤᠭᠰᠠᠨ᠎ᠤ ᠳᠠᠷᠠᠭ᠎ᠠ ᠰᠦᠯᠵᠢᠶᠡᠨ᠎ᠳᠤ ᠭᠠᠷᠬᠤ ᠬᠢᠷᠢ ᠬᠡᠮ᠎ᠢ ᠰᠡᠷᠭᠦᠭᠡᠬᠦ᠎ᠪᠠᠷ ᠭᠤᠶᠤᠴᠢᠯᠠᠵᠤ ᠪᠣᠯᠤᠨ᠎ᠠ᠂ ᠠᠷᠠᠯᠵᠢᠶᠠᠯᠠᠬᠤ ᠦᠨ᠎ᠡ ᠬᠠᠩᠰᠢ ᠵᠢ ᠲᠦᠷ ᠵᠣᠭᠰᠣᠭ᠋ᠠᠬᠤ᠎ᠠᠴᠠ ᠡᠮᠦᠨᠡᠬᠢ ᠦᠨ᠎ᠡ ᠬᠠᠩᠰᠢ᠎ᠠᠴᠠ ᠥᠨᠳᠥᠷ ᠪᠠᠶ᠋ᠢᠯᠭ᠋ᠠᠵᠤ ᠪᠣᠯᠬᠤ ᠥᠬᠡᠶ᠃ ᠪᠤᠰᠤᠳ ᠰᠢᠯᠲᠠᠭ᠋ᠠᠨ᠎ᠠᠴᠠ ᠪᠣᠯᠵᠤ ᠬᠡᠪ᠎ᠤᠨ ᠪᠠᠶ᠋ᠢᠳᠠᠯ ᠵᠶ᠋ᠠᠷ ᠬᠠᠩᠭ᠋ᠠᠵᠤ ᠳᠡᠶ᠋ᠢᠯᠬᠦ ᠦᠭᠡᠶ ᠪᠤᠶᠤ ᠨᠢᠭᠡ ᠵᠢᠯ᠎ᠠᠴᠠ ᠳᠡᠭᠡᠭᠰᠢ ᠠᠷᠠᠯᠵᠢᠶ᠎ᠠ ᠬᠢᠭᠰᠡᠨ ᠦᠭᠡᠶ ᠪᠣᠯ ᠲᠤᠰᠬᠠᠶ ᠮᠡᠷᠭᠡᠵᠢᠯᠲᠡᠨ ᠵᠶ᠋ᠠᠷ ᠦᠨᠡᠯᠡᠨ ᠵᠢᠱ᠌ᠢᠭᠦᠯᠵᠦ ᠬᠢᠨᠠᠨ ᠬᠠᠷᠭᠤᠭᠤᠯᠤᠭ᠋ᠠᠳ᠂ ᠡᠮᠴᠢᠯᠡᠭᠡᠨ᠎ᠳᠤ ᠬᠡᠷᠡᠭᠯᠡᠬᠦ ᠡᠮ᠎ᠢ ᠨᠥᠯᠥᠭᠡᠯᠡᠬᠦ ᠦᠭᠡᠶ ᠪᠣᠯ ᠪᠤᠴᠠᠭ᠋ᠠᠵᠤ ᠭᠠᠷᠭ᠋ᠠᠨ᠎ᠠ᠃
      ᠬᠣᠶᠠᠷ᠂ ᠡᠮ᠎ᠤᠨ ᠵᠦᠢ᠍ᠯ᠎ᠢ ᠰᠦᠯᠵᠢᠶᠡᠨ᠎ᠳᠤ ᠭᠠᠷᠭ᠋ᠠᠬᠤ ᠭᠤᠶᠤᠴᠢᠯᠠᠨ ᠮᠡᠳᠡᠭᠦᠯᠬᠦ ᠭᠣᠤᠯ ᠴᠣᠭᠴᠠ ᠵᠢ ᠵᠢᠷᠤᠮᠵᠢᠭᠤᠯᠤᠨ᠎ᠠ  
      ᠨᠡᠷ᠎ᠡ ᠮᠡᠳᠡᠭᠦᠯᠦᠭᠰᠡᠨ ᠠᠵᠤ ᠠᠬᠤᠶ᠋ᠢᠯᠠᠯ ᠵᠢᠴᠢ ᠡᠮ᠎ᠤᠨ ᠵᠦᠢ᠍ᠯ᠎ᠤᠨ ᠬᠠᠮᠢᠶ᠎ᠠ ᠪᠦᠬᠦᠢ ᠮᠡᠳᠡᠭᠡ ᠵᠠᠩᠭᠢ ᠵᠢ ᠦᠢ᠍ᠯᠡᠳᠪᠦᠷᠢᠯᠡᠯ᠎ᠤᠨ ᠠᠵᠤ ᠠᠬᠤᠶ᠋ᠢᠯᠠᠯ᠎ᠠᠴᠠ ᠰᠢᠭᠤᠳ ᠮᠡᠳᠡᠭᠦᠯᠬᠦ ᠬᠡᠷᠡᠭᠲᠡᠶ᠃ ᠡᠮ᠎ᠤᠨ ᠵᠦᠢ᠍ᠯ᠎ᠢ ᠵᠠᠬ᠎ᠠ ᠳᠡᠯᠭᠡᠭᠦᠷ᠎ᠲᠤ ᠭᠠᠷᠭ᠋ᠠᠬᠤ ᠵᠥᠪᠰᠢᠶᠡᠷᠡᠯ᠎ᠤᠨ ᠡᠵᠡᠮᠰᠢᠭᠴᠢ᠂ ᠵᠠᠬ᠎ᠠ ᠳᠡᠯᠭᠡᠭᠦᠷ᠎ᠲᠤ ᠭᠠᠷᠭ᠋ᠠᠬᠤ ᠵᠥᠪᠰᠢᠶᠡᠷᠡᠯ᠎ᠤᠨ ᠡᠵᠡᠮᠰᠢᠭᠴᠢ ᠵᠢᠨ ᠵᠢᠭ᠋ᠠᠨ ᠲᠣᠭᠲᠠᠭ᠋ᠠᠭᠰᠠᠨ ᠳᠠᠭ᠋ᠠᠭ᠋ᠠᠴᠢᠯᠠᠯᠲᠠ ᠬᠦᠯᠢᠶᠡᠬᠦ ᠪᠡᠶᠡᠴᠢ ᠴᠣᠭᠴᠠ᠂ ᠭᠠᠳᠠᠭ᠋ᠠᠳᠤ᠎ᠠᠴᠠ ᠣᠷᠣᠭᠤᠯᠬᠤ ᠡᠮ᠎ᠤᠨ ᠵᠦᠢ᠍ᠯ᠎ᠤᠨ ᠤᠯᠤᠰ᠎ᠤᠨ ᠳᠣᠲᠣᠭ᠋ᠠᠳᠤ ᠵᠢᠨ ᠶᠡᠷᠦᠩᠬᠡᠢ ᠣᠷᠣᠯᠠᠭᠴᠢ ᠪᠠ ᠦᠢ᠍ᠯᠡᠳᠪᠦᠷᠢᠯᠡᠯ᠎ᠤᠨ ᠠᠵᠤ ᠠᠬᠤᠶ᠋ᠢᠯᠠᠯ᠎ᠤᠨ ᠪᠠᠶ᠋ᠢᠭᠤᠯᠤᠭᠰᠠᠨ ᠵᠥᠪᠬᠡᠨ ᠲᠤᠰ ᠺᠣᠮᠫᠠᠨᠢ ᠵᠢᠨ ᠵᠶ᠋ᠠᠨ ᠡᠮ᠎ᠤᠨ ᠵᠦᠢ᠍ᠯ᠎ᠢ ᠪᠣᠷᠣᠯᠠᠭᠤᠯᠬᠤ ᠬᠤᠳᠠᠯᠳᠤᠭ᠋ᠠᠨ᠎ᠤ ᠺᠣᠮᠫᠠᠨᠢ ᠵᠢ ᠦᠢ᠍ᠯᠡᠳᠪᠦᠷᠢᠯᠡᠯ᠎ᠤᠨ ᠠᠵᠤ ᠠᠬᠤᠶ᠋ᠢᠯᠠᠯ ᠵᠶ᠋ᠠᠷ ᠦᠵᠡᠨ᠎ᠡ᠃
      ᠭᠤᠷᠪᠠ᠂ ᠡᠮ᠎ᠤᠨ ᠵᠦᠢ᠍ᠯ᠎ᠢ ᠰᠦᠯᠵᠢᠶᠡᠨ ᠳᠡᠭᠡᠷ᠎ᠡ ᠲᠥᠷᠥᠯ ᠬᠤᠪᠢᠶᠠᠨ ᠬᠤᠳᠠᠯᠳᠤᠨ ᠠᠪᠬᠤ ᠵᠢ ᠬᠡᠷᠡᠭᠵᠢᠭᠦᠯᠦᠨ᠎ᠡ
     (ᠨᠢᠭᠡ) ᠰᠢᠭᠤᠳ ᠬᠤᠳᠠᠯᠳᠤᠨ ᠠᠪᠬᠤ᠃ ᠤᠯᠤᠰ᠎ᠠᠴᠠ ᠡᠮ᠎ᠤᠨ ᠵᠦᠢ᠍ᠯ᠎ᠢ ᠬᠡᠯᠡᠯᠴᠡᠭᠡ ᠬᠢᠬᠦ᠂ ᠤᠯᠤᠰ᠎ᠠᠴᠠ ᠴᠡᠭ ᠲᠤᠭᠳᠠᠭ᠋ᠠᠭᠰᠠᠨ ᠡᠮ᠎ᠤᠨ ᠵᠦᠢ᠍ᠯ᠎ᠢ ᠦᠢ᠍ᠯᠡᠳᠪᠦᠷᠢᠯᠡᠬᠦ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠲᠥᠪᠯᠡᠷᠡᠭᠦᠯᠦᠨ ᠬᠤᠳᠠᠯᠳᠤᠨ ᠠᠪᠬᠤ᠎ᠳᠤ ᠰᠣᠩᠭᠣᠭᠳᠠᠭᠰᠠᠨ ᠡᠮ᠎ᠤᠨ ᠵᠦᠢ᠍ᠯ᠎ᠢ ᠡᠮᠴᠢᠯᠡᠭᠡᠨ᠎ᠤ ᠪᠠᠶ᠋ᠢᠭᠤᠯᠤᠮᠵᠢ ᠰᠦᠯᠵᠢᠶ᠎ᠡ ᠵᠢᠨ ᠦᠨ᠎ᠡ ᠬᠠᠩᠰᠢ ᠶᠣᠰᠣᠭ᠋ᠠᠷ ᠬᠤᠳᠠᠯᠳᠤᠨ ᠠᠪᠤᠨ᠎ᠠ᠃ ᠮᠢᠨᠴᠦᠷᠡᠭᠦᠯᠬᠦ ᠡᠮ᠎ᠤᠨ ᠵᠦᠢ᠍ᠯ᠂ ᠨᠢᠭᠡᠳᠦᠭᠡᠷ ᠲᠥᠷᠥᠯ᠎ᠤᠨ ᠮᠡᠳᠡᠷᠡᠯ᠎ᠤᠨ ᠡᠮ᠎ᠤᠨ ᠵᠦᠢ᠍ᠯ᠂ ᠡᠮᠴᠢᠯᠡᠭᠡᠨ᠎ᠳᠤ ᠬᠡᠷᠡᠭᠯᠡᠬᠦ ᠬᠣᠣᠷᠲᠤ ᠴᠢᠨᠠᠷᠲᠠᠶ ᠡᠮ᠎ᠤᠨ ᠵᠦᠢ᠍ᠯ᠂ ᠰᠠᠴᠤᠷᠠᠭ ᠴᠢᠨᠠᠷᠲᠠᠶ ᠡᠮ᠎ᠤᠨ ᠵᠦᠢ᠍ᠯ᠂ ᠬᠠᠯᠳᠠᠪᠤᠷᠢᠲᠤ ᠡᠪᠡᠳᠴᠢᠨ ᠪᠠ ᠰᠢᠮᠡᠭᠦᠷ ᠬᠣᠷᠣᠬᠠᠶ᠋ᠢᠲᠤ ᠡᠪᠡᠳᠴᠢᠨ᠎ᠢ ᠰᠡᠷᠭᠡᠶ᠋ᠢᠯᠡᠨ ᠵᠠᠰᠠᠬᠤ᠎ᠳᠤ ᠰᠦᠢ᠍ᠳᠬᠡᠯ ᠬᠤᠷᠢᠶᠠᠬᠤ ᠦᠭᠡᠶ᠎ᠪᠠᠷ ᠬᠡᠷᠡᠭᠯᠡᠬᠦ ᠡᠮ᠎ᠤᠨ ᠵᠦᠢ᠍ᠯ᠂ ᠤᠯᠤᠰ᠎ᠤᠨ ᠦᠯᠦ ᠬᠠᠯᠳᠠᠭ᠋ᠠᠬᠤ ᠲᠥᠯᠥᠪᠵᠢᠭᠦᠯᠭᠡ ᠵᠢᠨ ᠸᠠᠺᠼᠢᠨ ᠪᠠ ᠬᠣᠶᠠᠳᠤᠭ᠋ᠠᠷ ᠲᠥᠷᠥᠯ᠎ᠤᠨ ᠸᠠᠺᠼᠢᠨ᠂ ᠲᠥᠯᠥᠪᠯᠡᠭᠡᠲᠦ ᠦᠷᠡᠵᠢᠯ᠎ᠤᠨ ᠡᠮ᠎ᠤᠨ ᠵᠦᠢ᠍ᠯ᠂ ᠡᠮᠨᠡᠯᠭᠡ ᠵᠢᠨ ᠬᠣᠷᠢᠶᠠᠨ᠎ᠤ ᠳᠣᠲᠣᠭ᠋ᠠᠳᠤ ᠵᠢᠨ ᠨᠠᠶ᠋ᠢᠷᠠᠯᠲᠠ᠂ ᠮᠣᠩᠭᠣᠯ ᠡᠮ ᠬᠢᠲᠠᠳ ᠡᠮ᠎ᠤᠨ ᠴᠢᠨᠠᠬᠤ ᠡᠮ ᠵᠡᠷᠭᠡ ᠣᠨᠴᠠᠭ᠋ᠠᠢ ᠬᠠᠮᠢᠶᠠᠷᠤᠯᠲᠠ ᠵᠢᠨ ᠡᠮ᠎ᠤᠨ ᠵᠦᠢ᠍ᠯ᠎ᠢ ᠮᠥᠨ ᠬᠦ᠌ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠡᠷᠡᠭᠵᠢᠭᠦᠯᠵᠦ᠂ ᠤᠤᠯ᠎ᠤᠨ ᠠᠷᠭ᠎ᠠ ᠵᠠᠮ ᠵᠶ᠋ᠠᠷ ᠳᠠᠮᠵᠢᠭᠤᠯᠤᠨ ᠬᠤᠳᠠᠯᠳᠤᠨ ᠠᠪᠴᠤ᠂ ᠬᠤᠳᠠᠯᠳᠤᠨ ᠠᠪᠤᠭᠰᠠᠨ ᠲᠣᠭ᠎ᠠ ᠪᠠᠷᠢᠮᠲᠠ᠎ᠪᠠᠨ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢ᠍ᠯ ᠬᠤᠳᠠᠯᠳᠤᠨ ᠠᠪᠬᠤ ᠰᠢᠰᠲᠸᠮ᠎ᠳᠤ ᠴᠠᠭ ᠲᠤᠬᠠᠶ᠎ᠳᠤᠨᠢ ᠳᠡᠭᠡᠭᠰᠢ ᠮᠡᠳᠡᠭᠦᠯᠬᠦ ᠬᠡᠷᠡᠭᠲᠡᠶ᠃
     (ᠬᠣᠶᠠᠷ) ᠵᠥᠪᠯᠡᠭᠰᠡᠨ ᠦᠨ᠎ᠡ᠎ᠪᠠᠷ ᠬᠤᠳᠠᠯᠳᠤᠨ ᠠᠪᠬᠤ᠃ ᠰᠦᠯᠵᠢᠶᠡᠨ᠎ᠳᠤ ᠭᠠᠷᠭ᠋ᠠᠭᠰᠠᠨ ᠡᠮ᠎ᠤᠨ ᠵᠦᠢ᠍ᠯ᠎ᠤᠨ ᠳᠣᠲᠣᠷᠠᠬᠢ ᠬᠤᠳᠠᠯᠳᠤᠨ ᠠᠪᠬᠤ ᠠᠷᠭ᠎ᠠ ᠮᠠᠶᠢᠭ᠎ᠨᠢ ᠦᠨ᠎ᠡ ᠬᠢᠵᠠᠭ᠋ᠠᠷᠯᠠᠨ ᠰᠦᠯᠵᠢᠶᠡᠨ᠎ᠳᠤ ᠭᠠᠷᠭ᠋ᠠᠭᠰᠠᠨ᠎ᠳᠤ ᠬᠠᠷᠢᠶᠠᠯᠠᠭᠳᠠᠪᠠᠯ᠂ ᠡᠮᠴᠢᠯᠡᠭᠡᠨ᠎ᠤ ᠪᠠᠶ᠋ᠢᠭᠤᠯᠤᠮᠵᠢ ᠬᠢᠭᠡᠳ ᠠᠵᠤ ᠠᠬᠤᠶ᠋ᠢᠯᠠᠯ᠎ᠠᠴᠠ ᠦᠨ᠎ᠡ ᠬᠠᠩᠰᠢ ᠵᠢ᠎ᠨᠢ ᠬᠢᠵᠠᠭ᠋ᠠᠷᠯᠠᠭᠰᠠᠨ ᠰᠠᠭᠤᠷᠢᠨ ᠳᠡᠭᠡᠷ᠎ᠡ ᠡᠯ᠎ᠡ ᠮᠤᠵᠢ ᠵᠢᠨ ᠥᠩᠭᠡᠷᠡᠭᠰᠡᠨ᠎ᠤ ᠠᠷᠠᠯᠵᠢᠶᠠᠯᠠᠭᠰᠠᠨ ᠦᠨ᠎ᠡ ᠬᠠᠩᠰᠢ ᠪᠠ ᠮᠠᠨ᠎ᠤ ᠣᠷᠣᠨ᠎ᠤ ᠡᠮᠴᠢᠯᠡᠭᠡᠨ᠎ᠤ ᠪᠠᠶ᠋ᠢᠭᠤᠯᠤᠮᠵᠢ ᠵᠢᠨ ᠥᠩᠭᠡᠷᠡᠭᠰᠡᠨ᠎ᠤ ᠬᠤᠳᠠᠯᠳᠤᠨ ᠠᠪᠤᠭᠰᠠᠨ ᠦᠨ᠎ᠡ ᠬᠠᠩᠰᠢ᠎ᠪᠠᠷ ᠯᠠᠪᠯᠠᠯᠲᠠ ᠪᠣᠯᠭ᠋ᠠᠵᠤ ᠦᠨ᠎ᠡ ᠵᠥᠪᠯᠡᠨ ᠬᠤᠳᠠᠯᠳᠤᠨ ᠠᠪᠬᠤ ᠬᠡᠷᠡᠭᠲᠡᠶ᠃ ᠰᠢᠭᠤᠳ ᠰᠦᠯᠵᠢᠶᠡᠨ᠎ᠳᠤ ᠭᠠᠷᠭ᠋ᠠᠭᠰᠠᠨ᠎ᠳᠤ ᠬᠠᠷᠢᠶᠠᠯᠠᠭᠳᠠᠪᠠᠯ᠂ ᠡᠮᠴᠢᠯᠡᠭᠡᠨ᠎ᠤ ᠪᠠᠶ᠋ᠢᠭᠤᠯᠤᠮᠵᠢ ᠬᠢᠭᠡᠳ ᠠᠵᠤ ᠠᠬᠤᠶ᠋ᠢᠯᠠᠯ᠎ᠠᠴᠠ ᠡᠯ᠎ᠡ ᠮᠤᠵᠢ ᠵᠢᠨ ᠬᠤᠳᠠᠯᠳᠤᠨ ᠠᠪᠤᠭᠰᠠᠨ ᠥᠩᠭᠡᠷᠡᠭᠰᠡᠨ᠎ᠤ ᠠᠷᠠᠯᠵᠢᠶ᠎ᠠ ᠵᠢᠨ ᠦᠨ᠎ᠡ ᠬᠠᠩᠰᠢ ᠪᠣᠯᠤᠨ ᠮᠠᠨ᠎ᠤ ᠣᠷᠣᠨ᠎ᠤ ᠡᠮᠴᠢᠯᠡᠭᠡᠨ᠎ᠤ ᠪᠠᠶ᠋ᠢᠭᠤᠯᠤᠮᠵᠢ ᠵᠢᠨ ᠥᠩᠭᠡᠷᠡᠭᠰᠡᠨ᠎ᠤ ᠠᠷᠠᠯᠵᠢᠶ᠎ᠠ ᠵᠢᠨ ᠦᠨ᠎ᠡ ᠬᠠᠩᠰᠢ ᠵᠢ ᠵᠥᠪᠯᠡᠭᠰᠡᠨ ᠦᠨ᠎ᠡ᠎ᠪᠠᠷ ᠯᠠᠪᠯᠠᠯᠲᠠ ᠪᠣᠯᠭ᠋ᠠᠵᠤ ᠪᠠᠶ᠋ᠢᠭ᠋ᠠᠳ ᠬᠤᠳᠠᠯᠳᠤᠨ ᠠᠪᠬᠤ ᠬᠡᠷᠡᠭᠲᠡᠶ᠃
      ᠰᠢᠨ᠎ᠡ᠎ᠪᠠᠷ ᠨᠡᠮᠡᠭᠳᠡᠭᠦᠯᠬᠦ ᠰᠦᠯᠵᠢᠶᠡᠨ᠎ᠳᠤ ᠭᠠᠷᠭ᠋ᠠᠭᠰᠠᠨ ᠡᠮ᠎ᠤᠨ ᠵᠦᠢ᠍ᠯ᠎ᠢ ᠬᠤᠳᠠᠯᠳᠤᠨ ᠠᠪᠬᠤ ᠠᠷᠭ᠎ᠠ ᠮᠠᠶᠢᠭ᠎ᠢ ᠨᠢᠭᠡᠨᠲᠡ ᠰᠦᠯᠵᠢᠶᠡᠨ᠎ᠳᠤ ᠭᠠᠷᠭ᠋ᠠᠭᠰᠠᠨ ᠡᠮ᠎ᠤᠨ ᠵᠦᠢ᠍ᠯ ᠵᠶ᠋ᠠᠷ ᠯᠠᠪᠯᠠᠯᠲᠠ ᠪᠣᠯᠭ᠋ᠠᠵᠤ ᠲᠣᠭᠲᠠᠭ᠋ᠠᠨ᠎ᠠ᠃ ᠡᠮᠡᠭᠲᠡᠶ᠋ᠢᠴᠦᠳ ᠪᠠ ᠬᠡᠤᠬᠡᠳ᠎ᠤᠨ ᠲᠤᠰᠬᠠᠶ ᠮᠡᠷᠭᠡᠵᠢᠯ᠎ᠤᠨ ᠲᠤᠰᠬᠠᠶ ᠠᠰᠢᠭ᠎ᠤᠨ ᠪᠤᠰᠤ ᠡᠮ᠎ᠤᠨ ᠵᠦᠢ᠍ᠯ᠂ ᠪᠠᠴᠢᠮ ᠠᠪᠤᠷᠠᠯᠳᠠ ᠵᠢᠨ ᠡᠮ᠎ᠤᠨ ᠵᠦᠢ᠍ᠯ᠂ ᠳᠤᠲᠠᠭᠳᠠᠵᠤ ᠪᠠᠶ᠋ᠢᠭ᠎ᠠ ᠡᠮ᠎ᠤᠨ ᠵᠦᠢ᠍ᠯ ᠪᠣᠯᠤᠨ ᠰᠠᠭᠤᠷᠢ ᠡᠮ ᠶᠡᠭᠦᠯᠡᠵᠦ ᠬᠤᠳᠠᠯᠳᠤᠨ ᠠᠪᠬᠤ ᠠᠷᠭ᠎ᠠ ᠮᠠᠶᠢᠭ᠎ᠢ ᠰᠢᠭᠤᠳ ᠰᠦᠯᠵᠢᠶᠡᠨ᠎ᠳᠤ ᠭᠠᠷᠭ᠋ᠠᠨ᠎ᠠ; ᠪᠤᠰᠤᠳ ᠰᠦᠯᠵᠢᠶᠡᠨ᠎ᠳᠤ ᠭᠠᠷᠭ᠋ᠠᠭᠰᠠᠨ ᠡᠮ᠎ᠤᠨ ᠵᠦᠢ᠍ᠯ᠎ᠢ ᠬᠤᠳᠠᠯᠳᠤᠨ ᠠᠪᠬᠤ ᠠᠷᠭ᠎ᠠ ᠮᠠᠶᠢᠭ᠎ᠨᠢ ᠦᠨ᠎ᠡ ᠬᠢᠵᠠᠭ᠋ᠠᠷᠯᠠᠨ   ᠰᠦᠯᠵᠢᠶᠡᠨ᠎ᠳᠤ ᠣᠷᠣᠭᠤᠯᠬᠤ ᠶᠠᠪᠤᠳᠠᠯ ᠪᠣᠯᠤᠨ᠎ᠠ᠃
     (ᠭᠤᠷᠪᠠ) ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠬᠤᠳᠠᠯᠳᠤᠨ ᠠᠪᠬᠤ᠃ ᠭᠡᠨᠡᠳᠲᠡ ᠡᠭᠦᠰᠦᠭᠰᠡᠨ ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠬᠡᠷᠡᠭ᠂ ᠬᠢᠵᠢᠭ᠎ᠢ ᠰᠡᠷᠭᠡᠶ᠋ᠢᠯᠡᠨ ᠡᠵᠡᠮᠳᠡᠬᠦ᠂ ᠪᠠᠴᠢᠮ ᠠᠪᠤᠷᠠᠯᠳᠠ ᠵᠡᠷᠭᠡ ᠪᠠᠴᠢᠮ ᠪᠠᠶ᠋ᠢᠳᠠᠯ᠎ᠠᠴᠠ ᠪᠣᠯᠵᠣ᠂ ᠡᠮᠴᠢᠯᠡᠭᠡ᠎ᠪᠠᠷ ᠠᠪᠤᠷᠠᠨ ᠵᠠᠰᠠᠬᠤ᠎ᠳᠤ ᠵᠠᠪᠠᠯ ᠱᠠᠭ᠋ᠠᠷᠳᠠᠭᠳᠠᠬᠤ ᠪᠣᠯᠪᠠᠴᠤ ᠰᠦᠯᠵᠢᠶᠡᠨ᠎ᠳᠤ ᠭᠠᠷᠭ᠋ᠠᠭᠰᠠᠨ ᠡᠮ᠎ᠤᠨ ᠵᠦᠢ᠍ᠯ᠎ᠨᠢ ᠡᠮᠴᠢᠯᠡᠭᠡᠨ᠎ᠤ ᠬᠡᠷᠡᠭᠴᠡᠭᠡ ᠱᠠᠭ᠋ᠠᠷᠳᠠᠯᠭ᠎ᠠ ᠪᠤᠶᠤ ᠬᠠᠩᠭ᠋ᠠᠯᠭ᠎ᠠ ᠵᠢ ᠬᠠᠩᠭ᠋ᠠᠵᠤ ᠳᠡᠶ᠋ᠢᠯᠬᠦ ᠥᠬᠡᠶ᠎ᠳᠤ ᠡᠮ᠎ᠤᠨ ᠵᠦᠢ᠍ᠯ᠎ᠢ ᠡᠮᠨᠡᠯᠭᠡ ᠵᠢᠨ ᠬᠣᠷᠢᠶ᠎ᠠ ᠵᠢᠨ ᠬᠠᠮᠢᠶᠠᠷᠤᠯᠲᠠ ᠵᠢᠨ ᠵᠢᠷᠤᠮᠵᠢᠯ ᠶᠣᠰᠣᠭ᠋ᠠᠷ ᠤᠷᠢᠳᠠᠪᠠᠷ ᠬᠤᠳᠠᠯᠳᠤᠨ ᠠᠪᠬᠤ ᠵᠢᠨ ᠬᠠᠮᠲᠤ᠂ 10 ᠠᠵᠢᠯᠯᠠᠬᠤ ᠡᠳᠦᠷ᠎ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢ᠍ᠯ ᠬᠤᠳᠠᠯᠳᠤᠨ ᠠᠪᠬᠤ ᠲᠥᠪ᠎ᠲᠤ ᠮᠡᠳᠡᠭᠦᠯᠵᠦ ᠪᠦᠷᠢᠳᠬᠡᠨ ᠳᠠᠩᠰᠠᠯᠠᠭᠤᠯᠵᠤ ᠪᠣᠯᠤᠨ᠎ᠠ᠃
      ᠳᠥᠷᠪᠡ᠂ ᠰᠦᠯᠵᠢᠶᠡᠨ ᠳᠡᠭᠡᠷᠡᠬᠢ ᠡᠮ᠎ᠤᠨ ᠵᠦᠢ᠍ᠯ᠎ᠤᠨ ᠦᠨ᠎ᠡ ᠬᠠᠩᠰᠢ ᠵᠢᠨ ᠬᠠᠮᠢᠶᠠᠷᠤᠯᠲᠠ ᠵᠢ   ᠴᠢᠩᠭ᠋ᠠᠳᠬᠠᠨ᠎ᠠ
     (ᠨᠢᠭᠡ) ᠦᠨ᠎ᠡ ᠬᠢᠵᠠᠭ᠋ᠠᠷᠯᠠᠨ ᠲᠣᠭᠲᠠᠭ᠋ᠠᠬᠤ᠃ ᠡᠮ᠎ᠤᠨ ᠵᠦᠢ᠍ᠯ᠎ᠤᠨ ᠬᠢᠵᠠᠭ᠋ᠠᠷᠯᠠᠭᠰᠠᠨ ᠦᠨ᠎ᠡ᠎ᠳᠤ ᠪᠦᠯᠦᠭ ᠬᠤᠪᠢᠶᠠᠨ ᠲᠥᠷᠥᠯ ᠬᠤᠪᠢᠶᠠᠨ ᠬᠥᠳᠡᠯᠦᠩᠭᠦᠶ ᠲᠣᠬᠢᠷᠠᠭᠤᠯᠤᠯᠲᠠ ᠬᠢᠬᠦ ᠵᠢ ᠬᠡᠷᠡᠭᠵᠢᠭᠦᠯᠵᠦ᠂ ᠪᠥᠬᠥ ᠤᠯᠤᠰ᠎ᠤᠨ ᠡᠯ᠎ᠡ ᠮᠤᠵᠢ ᠬᠣᠲᠠ (ᠲᠣᠭᠣᠷᠢᠭ) ᠵᠢᠨ ᠣᠲᠣ ᠵᠢᠨ ᠬᠡᠷᠡᠭᠵᠢᠭᠦᠯᠵᠦ ᠪᠠᠶ᠋ᠢᠭ᠎ᠠ ᠠᠷᠠᠯᠵᠢᠶᠠᠨ᠎ᠤ ᠦᠨ᠎ᠡ ᠬᠠᠩᠰᠢ ᠵᠢᠨ ᠮᠡᠳᠡᠭᠡ ᠵᠠᠩᠭᠢ᠎ᠨᠢ 5 ᠵᠢᠴᠢ 5᠎ᠠᠴᠠ ᠳᠡᠭᠡᠭᠰᠢ᠎ᠳᠤ ᠬᠦᠷᠦᠭᠰᠡᠨ ᠪᠠᠶ᠋ᠢᠪᠠᠯ᠂ ᠪᠥᠬᠥ ᠤᠯᠤᠰ᠎ᠤᠨ ᠡᠯ᠎ᠡ ᠮᠤᠵᠢ ᠬᠣᠲᠠ (ᠲᠣᠭᠣᠷᠢᠭ) ᠵᠢᠨ ᠣᠲᠣ ᠵᠢᠨ ᠬᠡᠷᠡᠭᠵᠢᠭᠦᠯᠵᠦ ᠪᠠᠶ᠋ᠢᠭ᠎ᠠ ᠬᠠᠮᠤᠭ᠎ᠤᠨ ᠳᠣᠤᠷ᠎ᠠ ᠠᠷᠠᠯᠵᠢᠶᠠᠨ᠎ᠤ ᠦᠨ᠎ᠡ ᠬᠠᠩᠰᠢ᠎ᠪᠠᠷ ᠬᠤᠳᠠᠯᠳᠤᠨ ᠠᠪᠬᠤ ᠬᠢᠵᠠᠭ᠋ᠠᠷᠯᠠᠭᠰᠠᠨ ᠦᠨ᠎ᠡ ᠪᠣᠯᠭ᠋ᠠᠵᠤ᠂ ᠢᠯᠡ ᠨᠡᠶ᠋ᠢᠲᠡᠯᠡᠭᠡᠳ ᠣᠨᠳᠣᠤ ᠰᠠᠨᠠᠯ ᠥᠬᠡᠶ ᠪᠣᠯ ᠡᠮ᠎ᠤᠨ ᠵᠦᠢ᠍ᠯ᠎ᠢ ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ᠎ᠤᠨ ᠬᠡᠪᠴᠢᠶᠡᠨ᠎ᠳᠤ ᠣᠷᠣᠭᠤᠯᠤᠨ᠎ᠠ; ᠪᠥᠬᠥ ᠤᠯᠤᠰ᠎ᠤᠨ ᠡᠯ᠎ᠡ ᠮᠤᠵᠢ ᠬᠣᠲᠠ (ᠲᠣᠭᠣᠷᠢᠭ) ᠵᠢᠨ ᠠᠷᠠᠯᠵᠢᠶᠠᠯᠠᠬᠤ ᠦᠨ᠎ᠡ ᠬᠠᠩᠰᠢ᠎ᠨᠢ 5 ᠬᠥᠷᠬᠥ ᠥᠬᠡᠶ ᠪᠠᠶ᠋ᠢᠪᠠᠯ᠂ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢ᠍ᠯᠡᠰ ᠬᠤᠳᠠᠯᠳᠤᠨ ᠠᠪᠬᠤ ᠲᠥᠪ᠎ᠠᠴᠠ ᠲᠤᠰᠬᠠᠶ ᠮᠡᠷᠭᠡᠵᠢᠯᠲᠡᠳ᠎ᠢ ᠵᠣᠬᠢᠶᠠᠨ ᠪᠠᠶ᠋ᠢᠭᠤᠯᠵᠤ ᠠᠳᠠᠯᠢ ᠲᠥᠷᠥᠯ᠎ᠤᠨ ᠡᠮ᠎ᠤᠨ ᠵᠦᠢ᠍ᠯᠡᠰ᠎ᠤᠨ ᠦᠨ᠎ᠡ ᠬᠠᠩᠰᠢ᠎ᠪᠠᠷ ᠯᠠᠪᠯᠠᠯᠲᠠ ᠪᠣᠯᠭ᠋ᠠᠨ ᠵᠦᠶ ᠵᠣᠬᠢᠰᠲᠠᠶ ᠬᠢᠵᠠᠭ᠋ᠠᠷᠲᠤ ᠦᠨ᠎ᠡ ᠲᠣᠭᠲᠠᠭ᠋ᠠᠵᠤ᠂ ᠵᠠᠷᠴᠢᠮ ᠳᠡᠭᠡᠷ᠎ᠡ᠎ᠪᠠᠨ ᠪᠥᠬᠥ ᠤᠯᠤᠰ᠎ᠤᠨ ᠬᠠᠮᠤᠭ᠎ᠤᠨ ᠳᠣᠤᠷ᠎ᠠ ᠠᠷᠠᠯᠵᠢᠶᠠᠯᠠᠬᠤ ᠦᠨ᠎ᠡ ᠬᠠᠩᠰᠢ᠎ᠠᠴᠠ ᠥᠨᠳᠥᠷ ᠪᠠᠶ᠋ᠢᠯᠭ᠋ᠠᠵᠤ ᠪᠣᠯᠬᠤ ᠥᠬᠡᠶ᠂ ᠵᠠᠷᠯᠠᠨ ᠨᠡᠶ᠋ᠢᠲᠡᠯᠡᠭᠡᠳ ᠣᠨᠳᠣᠤ ᠰᠠᠨᠠᠯ ᠥᠬᠡᠶ ᠪᠣᠯ ᠡᠮ᠎ᠤᠨ ᠵᠦᠢ᠍ᠯᠡᠰ᠎ᠢ ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ᠎ᠤᠨ ᠬᠡᠪᠴᠢᠶᠡᠨ᠎ᠳᠤ ᠣᠷᠣᠭᠤᠯᠬᠤ ᠬᠡᠷᠡᠭᠲᠡᠶ᠃ ᠡᠭᠦᠨ᠎ᠳᠤ ᠬᠡᠯᠡᠯᠴᠡᠭᠡ ᠬᠢᠬᠦ ᠬᠡᠯᠡᠯᠴᠡᠭᠡᠷ᠎ᠤᠨ ᠬᠦᠴᠦᠨ᠎ᠲᠠᠢ ᠬᠤᠭᠤᠴᠠᠭ᠋ᠠᠨ᠎ᠳᠤ ᠬᠠᠷᠢᠶᠠᠯᠠᠭᠳᠠᠬᠤ ᠤᠯᠤᠰ᠎ᠤᠨ ᠬᠡᠯᠡᠯᠴᠡᠭᠡ ᠬᠢᠭᠰᠡᠨ ᠡᠮ᠎ᠤᠨ ᠵᠦᠢ᠍ᠯ᠎ᠢ ᠳᠠᠭᠤᠷᠢᠶᠠᠨ ᠦᠢ᠍ᠯᠡᠳᠦᠭᠰᠡᠨ ᠡᠮ᠎ᠤᠨ ᠦᠨ᠎ᠡ᠎ᠨᠢ ᠡᠷᠬᠡᠪᠰᠢ ᠤᠯᠤᠰ᠎ᠤᠨ ᠬᠡᠯᠡᠯᠴᠡᠭᠡ ᠬᠢᠵᠦ ᠲᠣᠭᠲᠠᠭ᠋ᠠᠭᠰᠠᠨ ᠡᠮ ᠡᠮᠨᠡᠯᠭᠡ ᠵᠢᠨ ᠳᠠᠭ᠋ᠠᠳᠬᠠᠯ᠎ᠤᠨ ᠳᠥᠯᠥᠬᠦ ᠪᠠᠷᠢᠮᠵᠢᠶ᠎ᠠ᠎ᠠᠴᠠ ᠳᠣᠤᠷ᠎ᠠ ᠪᠠᠶ᠋ᠢᠬᠤ ᠬᠡᠷᠡᠭᠲᠡᠶ ᠪᠥᠭᠡᠳ ᠪᠥᠬᠥ ᠤᠯᠤᠰ᠎ᠤᠨ ᠡᠯ᠎ᠡ ᠮᠤᠵᠢ ᠬᠣᠲᠠ (ᠣᠷᠣᠨ) ᠵᠢᠨ ᠣᠲᠣ ᠵᠢᠨ ᠬᠡᠷᠡᠭᠵᠢᠭᠦᠯᠵᠦ ᠪᠠᠶ᠋ᠢᠭ᠎ᠠ ᠠᠷᠠᠯᠵᠢᠶᠠᠨ᠎ᠤ ᠬᠠᠮᠤᠭ᠎ᠤᠨ ᠳᠣᠤᠷ᠎ᠠ ᠦᠨ᠎ᠡ᠎ᠠᠴᠠ ᠥᠨᠳᠥᠷ ᠪᠠᠶ᠋ᠢᠵᠤ ᠪᠣᠯᠬᠤ ᠥᠬᠡᠶ᠃
     (ᠬᠣᠶᠠᠷ) ᠯᠠᠪᠯᠠᠬᠤ ᠦᠨ᠎ᠡ ᠵᠢ ᠴᠤᠭᠯᠠᠭᠤᠯᠬᠤ᠃ ᠵᠥᠪᠯᠡᠯᠭᠡ ᠦᠨ᠎ᠡ᠎ᠪᠠᠷ ᠬᠤᠳᠠᠯᠳᠤᠨ ᠠᠪᠬᠤ ᠠᠷᠭ᠎ᠠ ᠮᠠᠶᠢᠭ ᠵᠶ᠋ᠠᠷ ᠬᠤᠳᠠᠯᠳᠤᠨ ᠠᠪᠤᠭᠰᠠᠨ ᠡᠮ᠎ᠤᠨ ᠵᠦᠢ᠍ᠯ᠎ᠳᠤ᠂ ᠠᠵᠤ ᠠᠬᠤᠶ᠋ᠢᠯᠠᠯ᠎ᠨᠢ ᠪᠥᠬᠥ ᠤᠯᠤᠰ᠎ᠤᠨ ᠡᠯ᠎ᠡ ᠮᠤᠵᠢ ᠬᠣᠲᠠ (ᠲᠣᠭᠣᠷᠢᠭ) ᠵᠢᠨ ᠣᠲᠣ ᠵᠢᠨ ᠬᠡᠷᠡᠭᠵᠢᠭᠦᠯᠵᠦ ᠪᠠᠶ᠋ᠢᠭ᠎ᠠ ᠠᠷᠠᠯᠵᠢᠶᠠᠨ᠎ᠤ ᠦᠨ᠎ᠡ ᠬᠠᠩᠰᠢ᠎ᠪᠠᠷ ᠯᠠᠪᠯᠠᠯᠲᠠ ᠪᠣᠯᠭ᠋ᠠᠬᠤ ᠦᠨ᠎ᠡ ᠬᠠᠩᠰᠢ ᠬᠠᠩᠭ᠋ᠠᠵᠤ᠂ ᠡᠮᠴᠢᠯᠡᠭᠡᠨ᠎ᠤ ᠪᠠᠶ᠋ᠢᠭᠤᠯᠤᠮᠵᠢ ᠵᠢᠨ ᠵᠥᠪᠯᠡᠯᠭᠡ ᠵᠢᠨ ᠦᠨ᠎ᠡ᠎ᠳᠤ ᠯᠠᠪᠯᠠᠯᠲᠠ ᠪᠣᠯᠭ᠋ᠠᠬᠤ ᠴᠢᠬᠤᠯᠠᠲᠠᠶ᠃
     (ᠭᠤᠷᠪᠠ) ᠦᠨ᠎ᠡ ᠬᠠᠩᠰᠢ ᠵᠢᠨ ᠬᠥᠳᠡᠯᠦᠩᠭᠦᠢ ᠲᠣᠬᠢᠷᠠᠭᠤᠯᠤᠯᠲᠠ᠃ ᠮᠠᠨ᠎ᠤ ᠣᠷᠣᠨ᠎ᠤ ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ᠎ᠤᠨ ᠬᠡᠪᠴᠢᠶᠡᠨ᠎ᠳᠤ ᠣᠷᠣᠭᠤᠯᠤᠭᠰᠠᠨ ᠡᠮ᠎ᠤᠨ ᠵᠦᠢ᠍ᠯ᠎ᠳᠤ ᠬᠡᠷᠪᠡ ᠪᠤᠰᠤᠳ ᠮᠤᠵᠢ ᠬᠣᠲᠠ (ᠣᠷᠣᠨ)᠎ᠳᠤ ᠰᠢᠨ᠎ᠡ ᠠᠷᠠᠯᠵᠢᠶᠠᠯᠠᠬᠤ ᠦᠨ᠎ᠡ ᠬᠠᠩᠰᠢ ᠭᠠᠷᠪᠠᠯ᠂ ᠡᠮ᠎ᠤᠨ ᠵᠦᠢ᠍ᠯ᠎ᠤᠨ ᠦᠢ᠍ᠯᠡᠳᠪᠦᠷᠢᠯᠡᠯ᠎ᠤᠨ ᠠᠵᠤ ᠠᠬᠤᠶ᠋ᠢᠯᠠᠯ᠎ᠨᠢ ᠲᠣᠰ ᠦᠨ᠎ᠡ ᠬᠠᠩᠰᠢ ᠵᠢ ᠵᠢᠩᠬᠢᠨᠢ᠎ᠪᠠᠷ ᠬᠡᠷᠡᠭᠵᠢᠭᠦᠯᠦᠭᠰᠡᠨ ᠡᠳᠦᠷ᠎ᠠᠴᠠ ᠡᠬᠢᠯᠡᠨ ᠨᠢᠭᠡ ᠰᠠᠷ᠎ᠠ ᠵᠢᠨ ᠳᠣᠲᠣᠷ᠎ᠠ ᠦᠨ᠎ᠡ ᠬᠠᠩᠰᠢ ᠲᠣᠬᠢᠷᠠᠭᠤᠯᠬᠤ ᠭᠤᠶᠤᠴᠢᠯᠠᠯ ᠳᠤᠷᠠᠳᠴᠤ᠂ ᠦᠨ᠎ᠡ ᠬᠠᠩᠰᠢ ᠵᠢᠨ ᠬᠣᠯᠪᠤᠭᠳᠠᠯ᠎ᠤᠨ ᠵᠣᠬᠢᠴᠠᠮᠵᠢ ᠥᠷᠨᠢᠭᠦᠯᠦᠨ᠎ᠡ᠃
      ᠲᠠᠪᠤ᠂ ᠠᠵᠢᠯ᠎ᠤᠨ ᠱᠠᠭ᠋ᠠᠷᠳᠠᠯᠭ᠎ᠠ
     (ᠨᠢᠭᠡ) ᠡᠮ᠎ᠤᠨ ᠵᠦᠢ᠍ᠯ᠎ᠢ ᠰᠦᠯᠵᠢᠶᠡᠨ ᠳᠡᠭᠡᠷ᠎ᠡ᠎ᠠᠴᠠ ᠬᠤᠳᠠᠯᠳᠤᠨ ᠠᠪᠬᠤ ᠦᠢ᠍ᠯᠡ ᠠᠵᠢᠯᠯᠠᠭ᠎ᠠ ᠵᠢ   ᠵᠢᠷᠤᠮᠵᠢᠭᠤᠯᠤᠨ᠎ᠠ᠃ ᠪᠥᠬᠥ ᠣᠷᠣᠨ᠎ᠤ ᠠᠯᠪᠠᠨ᠎ᠠᠴᠠ ᠪᠠᠶ᠋ᠢᠭᠤᠯᠤᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠬᠡᠷᠡᠭᠯᠡᠵᠦ ᠪᠠᠶ᠋ᠢᠭ᠎ᠠ ᠡᠮ᠎ᠤᠨ ᠵᠦᠢ᠍ᠯ᠎ᠢ ᠪᠦᠬᠦᠨ᠎ᠢ ᠡᠮ᠎ᠤᠨ ᠵᠦᠢ᠍ᠯ ᠬᠤᠳᠠᠯᠳᠤᠨ ᠠᠪᠬᠤ ᠰᠢᠰᠲ᠋ᠧᠮ᠎ᠠᠴᠠ ᠬᠤᠳᠠᠯᠳᠤᠨ ᠠᠪᠤᠨ᠎ᠠ᠂ ᠡᠮ᠎ᠤᠨ ᠵᠦᠢ᠍ᠯ ᠬᠤᠳᠠᠯᠳᠤᠨ ᠠᠪᠬᠤ ᠰᠢᠰᠲ᠋ᠧᠮ᠎ᠠᠴᠠ ᠭᠠᠳᠠᠨ᠎ᠠ ᠬᠤᠳᠠᠯᠳᠤᠨ ᠠᠪᠴᠤ ᠪᠣᠯᠬᠤ ᠥᠬᠡᠶ᠃ ᠲᠣᠭᠲᠠᠭ᠋ᠠᠯ ᠶᠣᠰᠣᠭ᠋ᠠᠷ ᠬᠣᠯᠪᠣᠭᠳᠠᠯ ᠪᠦᠬᠦᠢ ᠠᠵᠤ ᠠᠬᠤᠶ᠋ᠢᠯᠠᠯ᠎ᠯᠤᠭ᠎ᠠ ᠬᠤᠳᠠᠯᠳᠤᠨ ᠠᠪᠬᠤ ᠵᠥᠪᠯᠡᠯᠴᠡᠭᠡᠷ ᠲᠣᠭᠲᠠᠬᠤ ᠵᠢᠨ ᠬᠠᠮᠲᠤ ᠪᠠᠷᠠᠭ᠋ᠠᠨ᠎ᠤ ᠵᠣᠭᠣᠰ᠎ᠢ ᠴᠠᠭ ᠲᠤᠬᠠᠶ᠎ᠳᠤᠨᠢ
ᠳ᠋ᠦᠩᠨᠡᠨ ᠪᠣᠳᠣᠬᠤ ᠬᠡᠷᠡᠭᠲᠡᠶ᠃ ᠲᠣᠰ ᠡᠳᠦᠷ ᠰᠢᠯᠭ᠋ᠠᠨ ᠬᠤᠷᠢᠶᠠᠵᠤ ᠬᠥᠮᠥᠷᠭᠡ᠎ᠳᠤ ᠣᠷᠣᠭᠤᠯᠬᠤ ᠵᠢᠨ ᠬᠠᠮᠲᠤ 48 ᠴᠠᠭ᠎ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢ᠍ᠯ ᠬᠤᠳᠠᠯᠳᠤᠨ ᠠᠪᠬᠤ ᠰᠢᠰᠲ᠋ᠧᠮ ᠵᠶ᠋ᠠᠷ ᠡᠮ᠎ᠤᠨ ᠵᠦᠢ᠍ᠯ᠎ᠢ ᠨᠤᠲᠠᠯᠠᠭᠰᠠᠨ᠎ᠤ ᠳᠠᠷᠠᠭ᠎ᠠ ᠬᠦᠷᠭᠡᠵᠦ ᠥᠭᠭᠦᠨ᠎ᠡ᠃ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠵᠣᠬᠢᠶᠠᠨ ᠪᠠᠶ᠋ᠢᠭᠤᠯᠤᠯᠲᠠ ᠵᠢᠨ ᠲᠥᠪᠯᠡᠷᠡᠭᠦᠯᠦᠨ ᠬᠡᠮᠵᠢᠶ᠎ᠡ᠎ᠲᠠᠢ ᠬᠤᠳᠠᠯᠳᠤᠨ ᠠᠪᠤᠭᠰᠠᠨ ᠡᠮ᠎ᠤᠨ ᠵᠦᠢ᠍ᠯ᠎ᠢ ᠤᠷᠢᠳᠠᠪᠠᠷ ᠬᠤᠳᠠᠯᠳᠤᠨ ᠠᠪᠴᠤ ᠬᠡᠷᠡᠭᠯᠡᠨ᠂ ᠪᠣᠯᠵᠣᠭᠰᠠᠨ ᠬᠤᠳᠠᠯᠳᠤᠨ ᠠᠪᠬᠤ ᠬᠡᠮᠵᠢᠶ᠎ᠡ ᠵᠢ ᠱᠠᠭ᠋ᠠᠷᠳᠠᠯᠭ᠎ᠠ ᠶᠣᠰᠣᠭ᠋ᠠᠷ ᠪᠡᠶᠡᠯᠡᠭᠦᠯᠬᠦ ᠵᠢ ᠦᠨᠡᠨᠬᠦ ᠪᠠᠲᠤᠯᠠᠬᠤ ᠬᠡᠷᠡᠭᠲᠡᠶ᠃
     (ᠬᠣᠶᠠᠷ) ᠬᠠᠩᠭ᠋ᠠᠯᠭ᠎ᠠ ᠪᠠᠲᠤᠯᠠᠭ᠎ᠠ ᠵᠢ ᠪᠠᠶ᠋ᠢᠩᠭᠤᠵᠢᠭᠤᠯᠬᠤ ᠬᠠᠮᠢᠶᠠᠷᠤᠯᠲᠠ ᠵᠢ ᠪᠦᠷᠢᠨᠰᠢᠭᠦᠯᠦᠨ᠎ᠡ᠃ ᠡᠯ᠎ᠡ ᠠᠶ᠋ᠢᠮᠠᠭ ᠬᠣᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠡᠮ᠎ᠤᠨ ᠵᠦᠢ᠍ᠯ᠎ᠢ ᠲᠣᠬᠢᠷᠠᠭᠤᠯᠤᠨ ᠬᠦᠷᠭᠡᠬᠦ ᠬᠠᠮᠢᠶᠠᠷᠤᠯᠲᠠ ᠵᠢᠨ ᠠᠵᠢᠯ ᠵᠶ᠋ᠠᠨ ᠴᠢᠩᠭ᠋ᠠᠳᠬᠠᠵᠤ᠂ ᠠᠵᠤ ᠠᠬᠤᠶ᠋ᠢᠯᠠᠯ᠎ᠤᠨ ᠲᠣᠬᠢᠷᠠᠭᠤᠯᠤᠨ ᠬᠦᠷᠭᠡᠬᠦ ᠦᠢ᠍ᠯᠡ ᠠᠵᠢᠯᠯᠠᠭ᠎ᠠ ᠵᠢ ᠤᠯᠠᠮ ᠨᠢᠭᠡ ᠠᠯᠬᠤᠮ ᠵᠢᠷᠤᠮᠵᠢᠭᠤᠯᠤᠨ᠂ ᠲᠣᠬᠢᠷᠠᠭᠤᠯᠤᠨ ᠬᠦᠷᠭᠡᠬᠦ ᠠᠵᠢᠯ᠎ᠤᠨ ᠪᠣᠳᠠᠲᠤ ᠪᠠᠶ᠋ᠢᠳᠠᠯ ᠪᠣᠯᠤᠨ ᠣᠷᠣᠨ ᠪᠦᠰᠡ ᠵᠢᠨ ᠪᠠᠶ᠋ᠢᠳᠠᠯ᠎ᠲᠠᠢ ᠤᠶᠠᠯᠳᠤᠭᠤᠯᠵᠤ᠂ ᠲᠣᠬᠢᠷᠠᠭᠤᠯᠤᠨ ᠬᠦᠷᠭᠡᠬᠦ ᠲᠥᠪᠯᠡᠷᠡᠯ᠎ᠤᠨ ᠬᠡᠮᠵᠢᠶ᠎ᠡ ᠪᠣᠯᠤᠨ ᠲᠣᠬᠢᠷᠠᠭᠤᠯᠤᠨ ᠬᠦᠷᠭᠡᠬᠦ ᠦᠷ᠎ᠡ ᠪᠦᠲᠦᠮᠵᠢ ᠵᠢ ᠳᠡᠭᠡᠭᠰᠢᠯᠡᠭᠦᠯᠬᠦ ᠬᠡᠷᠡᠭᠲᠡᠶ᠃ ᠲᠣᠬᠢᠷᠠᠭᠤᠯᠤᠨ ᠬᠦᠷᠭᠡᠬᠦ ᠬᠠᠮᠢᠶᠠᠷᠤᠯᠲᠠ ᠪᠠ ᠬᠢᠨᠠᠨ ᠰᠢᠯᠭ᠋ᠠᠬᠤ ᠲᠣᠭᠲᠠᠴᠠ ᠵᠢ ᠲᠡᠭᠦᠯᠳᠡᠷᠵᠢᠭᠦᠯᠵᠦ᠂ ᠭᠡᠷ᠎ᠡ ᠶᠣᠰᠣᠭ᠋ᠠᠷ ᠬᠤᠳᠠᠯᠳᠤᠨ ᠠᠪᠬᠤ ᠦᠭᠡᠶ᠂ ᠪᠠᠷᠠᠭ᠎ᠠ ᠵᠢ ᠴᠠᠭ ᠲᠤᠬᠠᠶ᠎ᠳᠤᠨᠢ ᠭᠦᠢ᠍ᠴᠡᠳ ᠲᠣᠭ᠎ᠠ᠎ᠪᠠᠷ ᠬᠠᠩᠭ᠋ᠠᠬᠤ ᠦᠭᠡᠶ᠂ ᠪᠠᠷᠠᠭ᠋ᠠᠨ᠎ᠤ ᠵᠣᠭᠣᠰ᠎ᠢ ᠴᠠᠭ ᠲᠤᠬᠠᠶ᠎ᠳᠤᠨᠢ ᠥᠭᠬᠦ ᠦᠭᠡᠶ ᠵᠡᠷᠭᠡ ᠭᠡᠷ᠎ᠡ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ᠎ᠠ᠃
     (ᠭᠤᠷᠪᠠ) ᠠᠵᠤ ᠠᠬᠤᠶ᠋ᠢᠯᠠᠯ᠎ᠤᠨ ᠦᠨᠡᠨᠴᠢ ᠢᠲᠡᠭᠡᠮᠵᠢᠲᠡᠶ᠎ᠪᠠᠷ ᠭᠡᠷ᠎ᠡ᠎ᠪᠠᠨ ᠭᠦᠢ᠍ᠴᠡᠳᠭᠡᠬᠦ ᠬᠠᠷᠢᠭᠤᠴᠠᠯᠭ᠎ᠠ ᠵᠢ ᠲᠣᠳᠣᠷᠬᠠᠶ᠋ᠢᠯᠠᠨ᠎ᠠ᠃ ᠦᠢ᠍ᠯᠡᠳᠪᠦᠷᠢᠯᠡᠯ ᠡᠵᠡᠩᠨᠡᠯᠲᠡ ᠵᠢᠨ ᠠᠵᠤ ᠠᠬᠤᠶ᠋ᠢᠯᠠᠯ᠎ᠨᠢ ᠬᠠᠩᠭ᠋ᠠᠯᠭ᠎ᠠ ᠪᠠᠲᠤᠯᠠᠭ᠎ᠠ ᠵᠢᠨ ᠭᠣᠤᠯ ᠴᠣᠭᠴᠠ ᠵᠢᠨ ᠬᠠᠷᠢᠭᠤᠴᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠬᠠᠤᠯᠢ ᠶᠣᠰᠣᠭ᠋ᠠᠷ   ᠡᠵᠡᠩᠨᠡᠨ᠂ ᠦᠨᠡᠨᠴᠢ ᠢᠲᠡᠭᠡᠮᠵᠢᠲᠡᠶ᠎ᠪᠠᠷ ᠭᠡᠷ᠎ᠡ᠎ᠪᠠᠨ ᠬᠦᠢ᠍ᠴᠡᠳᠭᠡᠵᠦ᠂ ᠢᠳᠡᠪᠬᠢᠲᠡᠶ᠎ᠪᠠᠷ ᠴᠤᠤᠷᠢᠶᠠᠲᠤᠨ ᠳᠠᠭ᠋ᠠᠬᠤ ᠬᠡᠷᠡᠭᠲᠡᠶ᠃ ᠶᠠᠰᠤ ᠴᠢᠨᠠᠷ᠎ᠤᠨ ᠠᠰᠠᠭᠤᠳᠠᠯ ᠭᠠᠷᠤᠭᠰᠠᠨ᠂ ᠭᠡᠷ᠎ᠡ᠎ᠳᠤ ᠪᠣᠯᠵᠣᠨ ᠲᠣᠭᠲᠠᠭᠰᠠᠨ ᠶᠣᠰᠣᠭ᠋ᠠᠷ ᠪᠠᠷᠠᠭ᠎ᠠ ᠬᠠᠩᠭ᠋ᠠᠭᠰᠠᠨ ᠦᠭᠡᠶ ᠪᠠ ᠲᠣᠬᠢᠷᠠᠭᠤᠯᠤᠨ ᠬᠦᠷᠭᠡᠭᠰᠡᠨ ᠦᠭᠡᠶ᠂ ᠬᠤᠳᠠᠯᠳᠤᠭ᠋ᠠᠨ᠎ᠤ ᠬᠡᠭᠡᠯᠢ ᠬᠠᠬᠤᠤᠯᠢ ᠢᠳᠡᠭᠰᠡᠨ ᠵᠡᠷᠭᠡ ᠦᠢ᠍ᠯᠡ ᠠᠵᠢᠯᠯᠠᠭ᠎ᠠ ᠵᠢ ᠪᠠᠶ᠋ᠢᠴᠠᠭ᠋ᠠᠨ ᠲᠣᠳᠣᠯᠠᠭᠰᠠᠨ᠎ᠤ ᠳᠠᠷᠠᠭ᠎ᠠ᠂
《ᠡᠮ᠎ᠤᠨ ᠵᠦᠢ᠍ᠯ᠎ᠤᠨ ᠬᠠᠮᠢᠶᠠᠷᠤᠯᠲᠠ ᠵᠢᠨ ᠬᠠᠤᠯᠢ》᠂ 《ᠦᠨᠳᠦᠰᠦᠨ ᠡᠮᠨᠡᠯᠭᠡ ᠡᠷᠡᠭᠦᠯ ᠬᠠᠮᠠᠭ᠋ᠠᠯᠠᠯ ᠬᠢᠭᠡᠳ ᠡᠷᠡᠭᠦᠯ ᠮᠡᠨᠳᠦ ᠵᠢ ᠠᠬᠢᠭᠤᠯᠬᠤ ᠬᠠᠤᠯᠢ》 ᠪᠣᠯᠤᠨ 《ᠤᠯᠤᠰ᠎ᠤᠨ ᠡᠮ ᠡᠮᠨᠡᠯᠭᠡ ᠵᠢᠨ ᠦᠨ᠎ᠡ ᠬᠠᠩᠰᠢ ᠪᠣᠯᠤᠨ ᠳᠠᠭ᠋ᠠᠭ᠋ᠠᠴᠢᠯᠠᠯᠲᠠ ᠵᠠᠷᠯᠠᠵᠤ ᠬᠤᠳᠠᠯᠳᠤᠨ ᠠᠪᠬᠤ ᠢᠲᠡᠭᠡᠮᠵᠢ ᠵᠢᠨ ᠦᠨᠡᠯᠡᠯᠲᠡ ᠵᠢᠨ ᠳᠦᠷᠢᠮ》 ᠵᠡᠷᠭᠡ ᠲᠣᠭᠲᠠᠭ᠋ᠠᠯ ᠶᠣᠰᠣᠭ᠋ᠠᠷ ᠰᠢᠢ᠍ᠳᠪᠦᠷᠢᠯᠡᠨ᠎ᠡ᠃
     (ᠳᠥᠷᠪᠡ) ᠬᠤᠳᠠᠯᠳᠤᠨ ᠠᠪᠬᠤ ᠲᠠᠪᠴᠠᠩ᠎ᠢ ᠵᠢᠷᠤᠮᠵᠢᠭᠤᠯᠬᠤ ᠪᠠᠶ᠋ᠢᠭᠤᠯᠤᠯᠲᠠ ᠵᠢ ᠲᠦᠷᠭᠡᠳᠬᠡᠨ᠎ᠡ᠃ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢ᠍ᠯ᠎ᠢ ᠲᠥᠪᠯᠡᠷᠡᠭᠦᠯᠦᠨ ᠬᠤᠳᠠᠯᠳᠤᠨ ᠠᠪᠬᠤ ᠰᠢᠰᠲ᠋ᠧᠮ᠎ᠤᠨ ᠪᠠᠶ᠋ᠢᠭᠤᠯᠤᠯᠲᠠ ᠵᠢ ᠢᠳᠡᠪᠬᠢᠲᠡᠶ᠎ᠪᠠᠷ ᠠᠬᠢᠭᠤᠯᠵᠤ᠂ ᠦᠢ᠍ᠯᠡᠴᠢᠯᠡᠭᠡᠨ᠎ᠤ ᠴᠢᠳᠠᠮᠵᠢ ᠵᠢ ᠲᠡᠭᠦᠯᠳᠡᠷᠵᠢᠭᠦᠯᠦᠨ᠂ ᠡᠮ᠎ᠤᠨ ᠵᠦᠢ᠍ᠯ᠎ᠢ ᠭᠤᠶᠤᠴᠢᠯᠠᠨ ᠮᠡᠳᠡᠭᠦᠯᠵᠦ ᠬᠤᠷᠢᠶᠠᠩᠭᠤᠶ᠋ᠢᠯᠠᠬᠤ᠂ ᠰᠦᠯᠵᠢᠶᠡᠨ ᠳᠡᠭᠡᠷ᠎ᠡ ᠦᠨ᠎ᠡ ᠮᠡᠳᠡᠭᠦᠯᠬᠦ᠂ ᠬᠤᠳᠠᠯᠳᠤᠨ ᠠᠪᠬᠤ᠂ ᠬᠠᠩᠭ᠋ᠠᠬᠤ᠂ ᠲᠤᠬᠢᠷᠠᠭᠤᠯᠤᠨ ᠬᠦᠷᠭᠡᠬᠦ᠂ ᠳ᠋ᠦᠩᠨᠡᠨ ᠪᠤᠳᠤᠬᠤ᠂ ᠦᠨᠡᠯᠡᠬᠦ᠂ ᠪᠦᠷᠢᠳᠬᠡᠨ ᠵᠠᠳᠠᠯᠬᠤ᠂ ᠡᠮ ᠬᠡᠷᠡᠭᠯᠡᠬᠦ ᠵᠢ ᠬᠢᠨᠠᠨ ᠰᠢᠨᠵᠢᠬᠦ᠂ ᠤᠷᠢᠳᠴᠢᠯᠠᠨ ᠰᠡᠷᠡᠮᠵᠢᠯᠡᠭᠦᠯᠬᠦ᠂ ᠬᠥᠳᠡᠯᠦᠩᠭᠦᠶ᠎ᠪᠠᠷ ᠬᠢᠨᠠᠨ ᠬᠠᠮᠢᠶᠠᠷᠬᠤ᠂ ᠮᠡᠳᠡᠭᠡ ᠵᠠᠩᠭᠢ ᠴᠤᠭᠯᠠᠭᠤᠯᠬᠤ ᠵᠡᠷᠭᠡ ᠲᠠᠯ᠎ᠠ ᠵᠢᠨ ᠴᠢᠳᠠᠪᠤᠷᠢ ᠵᠢ ᠳᠡᠭᠡᠭᠰᠢᠯᠡᠭᠦᠯᠵᠦ᠂ ᠡᠮ᠎ᠤᠨ ᠵᠦᠢ᠍ᠯ᠎ᠢ ᠲᠥᠪᠯᠡᠷᠡᠭᠦᠯᠦᠨ ᠬᠤᠳᠠᠯᠳᠤᠨ ᠠᠪᠬᠤ᠂ ᠲᠤᠬᠢᠷᠠᠭᠤᠯᠤᠨ ᠬᠦᠷᠭᠡᠬᠦ ᠪᠠ ᠬᠢᠨᠠᠨ ᠬᠠᠮᠢᠶᠠᠷᠬᠤ᠎ᠳᠤ ᠮᠡᠷᠭᠡᠵᠢᠯ᠎ᠤᠨ ᠲᠤᠯᠭ᠋ᠠᠭᠤᠷᠢᠯᠠᠯ ᠬᠠᠩᠭ᠋ᠠᠨ᠎ᠠ᠃
      ᠵᠢᠷᠭᠤᠭ᠎ᠠ᠂ ᠪᠤᠰᠤᠳ ᠵᠦᠢ᠍ᠯ
     (ᠨᠢᠭᠡ) ᠤᠤᠯ᠎ᠤᠨ ᠡᠮ᠎ᠤᠨ ᠵᠦᠢ᠍ᠯ ᠬᠤᠳᠠᠯᠳᠤᠨ ᠠᠪᠬᠤ ᠬᠠᠮᠢᠶ᠎ᠠ ᠪᠦᠬᠦᠢ ᠲᠣᠭᠲᠠᠭ᠋ᠠᠯ᠎ᠨᠢ ᠲᠤᠰ ᠮᠡᠳᠡᠭᠳᠡᠯ᠎ᠯᠦᠭᠡ ᠨᠢᠭᠡᠳᠦᠯ ᠦᠭᠡᠶ ᠪᠠᠶ᠋ᠢᠪᠠᠯ᠂ ᠲᠤᠰ ᠮᠡᠳᠡᠭᠳᠡᠯ ᠵᠶ᠋ᠠᠷ ᠪᠠᠷᠢᠮᠵᠢᠶ᠎ᠠ ᠪᠣᠯᠭ᠋ᠠᠨ᠎ᠠ᠃ ᠬᠡᠷᠪᠡ ᠤᠯᠤᠰ᠎ᠤᠨ ᠬᠣᠯᠪᠣᠭᠳᠠᠯ ᠪᠦᠬᠦᠢ ᠲᠥᠷᠥ ᠵᠢᠨ ᠪᠣᠳᠣᠯᠭ᠎ᠠ ᠵᠢᠨ ᠲᠣᠬᠢᠷᠠᠭᠤᠯᠤᠯᠲᠠ ᠲᠣᠬᠢᠶᠠᠯᠳᠤᠪᠠᠯ᠂ ᠤᠯᠤᠰ᠎ᠤᠨ ᠲᠥᠷᠥ ᠵᠢᠨ ᠪᠣᠳᠣᠯᠭ᠎ᠠ ᠵᠢᠨ ᠶᠣᠰᠣᠭ᠋ᠠᠷ ᠬᠡᠷᠡᠭᠵᠢᠭᠦᠯᠦᠨ᠎ᠡ᠃
     (ᠬᠣᠶᠠᠷ) ᠲᠤᠰ ᠮᠡᠳᠡᠭᠳᠡᠯ᠎ᠢ 2021 ᠣᠨ᠎ᠤ 1 ᠳ᠋ᠤᠭᠡᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃  
   

            ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ
   

                                  2020 ᠣᠨ᠎ᠤ 12 ᠳ᠋ᠤᠭ᠋ᠠᠷ ᠰᠠᠷ᠎ᠠ ᠵᠢᠨ 11᠎ᠤ ᠡᠳᠦᠷ

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠣᠯᠠᠭ᠎ᠠ ᠵᠢᠨ ᠲᠤᠪᠴᠢᠶ᠎ᠠ
          
ᠬᠠᠮᠢᠶ᠎ᠡ ᠪᠦᠬᠦᠢ ᠰᠣᠨᠢᠨ
《ᠬᠥᠬᠡᠬᠣᠲᠠ ᠪᠤᠭᠤᠲᠤ ᠣᠷᠳᠣᠰ ᠤᠯᠠᠭ᠋ᠠᠨᠴᠠᠪ᠎ᠤᠨ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠬᠦᠨᠳᠦ ᠡᠪᠡᠳᠴᠢᠨ᠎ᠤ ᠳᠠᠭ᠋ᠠᠳᠬᠠᠯ᠎ᠤᠨ ᠠᠵᠢᠯ᠎ᠢ ᠰᠠᠶ᠋ᠢᠲᠤᠷ ᠬᠢᠬᠦ ᠲᠤᠬᠠᠶ ᠮᠡᠳᠡᠭᠳᠡᠯ》᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
ᠬᠥᠬᠡᠬᠣᠲᠠ ᠪᠤᠭᠤᠲᠤ ᠣᠷᠳᠣᠰ ᠤᠯᠠᠭ᠋ᠠᠨᠴᠠᠪ᠎ᠤᠨ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠬᠦᠨᠳᠦ ᠡᠪᠡᠳᠴᠢᠨ᠎ᠤ ᠳᠠᠭ᠋ᠠᠳᠬᠠᠯ᠎ᠤᠨ ᠠᠵᠢᠯ᠎ᠢ ᠰᠠᠶ᠋ᠢᠲᠤᠷ ᠬᠢᠬᠦ ᠲᠤᠬᠠᠶ ᠮᠡᠳᠡᠭᠳᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠮᠣᠩᠭᠣᠯ ᠬᠡᠯᠡᠨ᠎ᠤ ᠰᠦᠯᠵᠢᠶ᠎ᠡ ᠵᠢ ᠲᠤᠷᠰᠢᠨ ᠠᠵᠢᠯᠯᠠᠭᠤᠯᠬᠤ ᠨᠡᠢ᠌ᠳᠡᠯᠡᠯ
ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠴᠡᠭ ᠲᠣᠭᠲᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ 《ᠡᠷᠬᠢᠨ ᠬᠠᠷᠠᠬᠤ》 ᠬᠠᠮᠢᠶ᠎ᠠ ᠪᠥᠬᠥᠶ ᠠᠰᠠᠭᠤᠳᠠᠯ᠎ᠤᠨ ᠰᠦᠪᠡᠭᠴᠢ ᠵᠢ ᠲᠤᠰᠬᠠᠢ ᠴᠡᠭᠴᠡᠯᠡᠬᠦ ᠲᠤᠬᠠᠶ ᠠᠯᠪᠠᠨ ᠨᠡᠢ᠌ᠳᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠪᠦᠰᠡ ᠵᠢᠨ ᠴᠡᠭ᠎ᠤᠨ ᠠᠷᠭ᠎ᠠ ᠵᠢᠨ ᠶᠡᠷᠦᠩᠬᠡᠶ ᠲᠣᠭ᠎ᠠ ᠵᠢᠨ ᠲᠥᠰᠦᠪ ᠪᠠ ᠡᠪᠡᠳᠴᠢᠨ᠎ᠤ ᠲᠥᠷᠥᠯ᠎ᠤᠨ ᠬᠤᠪᠢᠶᠠᠷᠢ ᠥᠷᠲᠡᠭ ᠵᠶ᠋ᠡᠷ ᠵᠠᠷᠤᠳᠠᠯ ᠲᠤᠰᠢᠶᠠᠬᠤ ᠠᠵᠢᠯ᠎ᠤᠨ ᠲᠥᠰᠦᠯ᠎ᠢ ᠳᠠᠷᠤᠮᠠᠯᠯᠠᠨ ᠶᠠᠪᠤᠭᠤᠯᠬᠤ ᠲᠤᠬᠠᠶ ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠤᠨ᠎ᠤ ᠡᠮᠴᠢᠯᠡᠭᠡᠨ ᠎ᠤ ᠪᠠᠲᠤᠯᠠᠭ᠎ᠠ ᠵᠢᠨ ᠲᠣᠪᠴᠢᠶ᠎ᠠ ᠡᠳ᠋᠎ᠤᠨ ᠵᠠᠰᠠᠭ᠎ᠤᠨ ᠲᠢᠩᠬᠢᠮ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠨ ᠮᠡᠳᠡᠭᠳᠡᠯ
 
            