ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠪᠢᠴᠢᠭ ᠮᠠᠲ᠋ᠧᠷᠢᠶᠠᠯ
《ᠬᠥᠬᠡᠬᠣᠲᠠ ᠪᠤᠭᠤᠲᠤ ᠣᠷᠳᠣᠰ ᠤᠯᠠᠭ᠋ᠠᠨᠴᠠᠪ᠎ᠤᠨ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠬᠦᠨᠳᠦ ᠡᠪᠡᠳᠴᠢᠨ᠎ᠤ ᠳᠠᠭ᠋ᠠᠳᠬᠠᠯ᠎ᠤᠨ ᠠᠵᠢᠯ᠎ᠢ ᠰᠠᠶ᠋ᠢᠲᠤᠷ ᠬᠢᠬᠦ ᠲᠤᠬᠠᠶ ᠮᠡᠳᠡᠭᠳᠡᠯ》᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
ᠨᠡᠶ᠋ᠢᠲᠡᠯᠡᠭᠰᠡᠨ ᠴᠠᠭ᠄ 2020-12-25

      ᠨᠢᠭᠡ᠂ ᠠᠬᠤᠢ ᠪᠠᠶ᠋ᠢᠳᠠᠯ ᠪᠠ ᠶᠠᠪᠤᠴᠠ
      ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠪᠤᠭᠤᠲᠤ ᠣᠷᠳᠣᠰ ᠤᠯᠠᠭ᠋ᠠᠨᠴᠠᠪ᠎ᠤᠨ ᠬᠠᠮᠵᠢᠯᠴᠠᠨ ᠬᠥᠭᠵᠢᠬᠦ ᠰᠢᠢ᠍ᠳᠪᠦᠷᠢᠳᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠨᠠᠶ᠋ᠢᠳᠠᠪᠤᠷᠢᠵᠢᠭᠤᠯᠵᠤ᠂ ᠬᠥᠬᠡᠬᠣᠲᠠ᠂ ᠪᠤᠭᠤᠲᠤ ᠬᠣᠲᠠ᠂ ᠣᠷᠳᠣᠰ ᠬᠣᠲᠠ᠂ ᠤᠯᠠᠭ᠋ᠠᠨᠴᠠᠪ ᠬᠣᠲᠠ (ᠳᠥᠭᠥᠮᠴᠢᠯᠡᠭᠡᠳ ᠬᠥᠬᠡᠬᠣᠲᠠ ᠪᠤᠭᠤᠲᠤ ᠣᠷᠳᠣᠰ ᠤᠯᠠᠭ᠋ᠠᠨᠴᠠᠪ) ᠵᠢᠨ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠬᠦᠨᠳᠦ ᠡᠪᠡᠳᠴᠢᠨ᠎ᠤ ᠳᠠᠭ᠋ᠠᠳᠬᠠᠯ (ᠳᠥᠭᠥᠮᠴᠢᠯᠡᠭᠡᠳ ᠬᠦᠨᠳᠦ ᠡᠪᠡᠳᠴᠢᠨ᠎ᠤ ᠳᠠᠭ᠋ᠠᠳᠬᠠᠯ ᠭᠡᠵᠦ ᠲᠣᠪᠴᠢᠯᠠᠨ᠎ᠠ)᠎ᠤᠨ ᠲᠥᠷᠥ ᠵᠢᠨ ᠪᠣᠳᠣᠯᠭ᠎ᠠ ᠵᠢᠨ ᠪᠠᠷᠢᠮᠵᠢᠶ᠎ᠠ ᠵᠢ ᠨᠢᠭᠡᠳᠬᠡᠬᠦ ᠵᠢ ᠪᠡᠶᠡᠯᠡᠭᠦᠯᠬᠦ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠭᠦᠢ᠍ᠴᠡᠳ ᠪᠠᠶ᠋ᠢᠴᠠᠭ᠋ᠠᠨ ᠰᠤᠳᠤᠯᠤᠯᠲᠠ ᠬᠢᠭᠰᠡᠨ ᠰᠠᠭᠤᠷᠢᠨ ᠳᠡᠭᠡᠷ᠎ᠡ᠂ ᠬᠥᠬᠡᠨᠠᠭᠤᠷ᠂ ᠭᠠᠨᠰᠦ᠂ ᠨᠢᠩᠰᠢᠶᠠ᠂ ᠱᠠᠨᠳᠦ᠋ᠩ᠂ ᠾᠧᠨᠠᠨ ᠵᠡᠷᠭᠡ ᠭᠠᠵᠠᠷ᠎ᠤᠨ ᠬᠦᠨᠳᠦ ᠡᠪᠡᠳᠴᠢᠨ᠎ᠤ ᠳᠠᠭ᠋ᠠᠳᠬᠠᠯ᠎ᠢ ᠮᠤᠵᠢ ᠵᠢᠨ ᠱᠠᠲᠤᠨ᠎ᠳᠤ ᠨᠢᠭᠡᠳᠦᠯᠲᠡᠶ ᠲᠥᠯᠥᠪᠯᠡᠭᠰᠡᠨ ᠲᠤᠷᠰᠢᠯᠭ᠎ᠠ᠎ᠪᠠᠷ ᠲᠣᠯᠢ ᠪᠣᠯᠭ᠋ᠠᠵᠤ᠂ ᠬᠥᠬᠡᠬᠣᠲᠠ ᠪᠤᠭᠤᠲᠤ ᠣᠷᠳᠣᠰ ᠤᠯᠠᠭ᠋ᠠᠨᠴᠠᠪ ᠳᠥᠷᠪᠡᠨ ᠬᠣᠲᠠ ᠵᠢ ᠵᠣᠬᠢᠶᠠᠨ ᠪᠠᠶ᠋ᠢᠭᠤᠯᠵᠤ᠂ 《ᠬᠥᠬᠡᠬᠣᠲᠠ ᠪᠤᠭᠤᠲᠤ ᠣᠷᠳᠣᠰ ᠤᠯᠠᠭ᠋ᠠᠨᠴᠠᠪ᠎ᠤᠨ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠬᠦᠨᠳᠦ ᠡᠪᠡᠳᠴᠢᠨ᠎ᠤ ᠳᠠᠭ᠋ᠠᠳᠬᠠᠯ᠎ᠤᠨ ᠠᠵᠢᠯ᠎ᠢ ᠰᠠᠶ᠋ᠢᠲᠤᠷ ᠬᠢᠬᠦ ᠲᠤᠬᠠᠶ ᠮᠡᠳᠡᠭᠳᠡᠯ (ᠰᠠᠨᠠᠯ ᠬᠤᠷᠢᠶᠠᠬᠤ ᠨᠣᠤᠷᠠᠭ)》᠎ᠢ ᠲᠤᠭᠤᠷᠪᠢᠪᠠ᠃   ᠠᠷᠪᠠᠨ ᠬᠤᠶᠠᠷ ᠠᠶ᠋ᠢᠮᠠᠭ ᠬᠣᠲᠠ ᠵᠢᠴᠢ ᠬᠤᠶᠠᠷ ᠬᠣᠲᠠ ᠵᠢᠨ ᠡᠮᠴᠢᠯᠡᠭᠡᠨ᠎ᠤ ᠪᠠᠳᠤᠯᠠᠭ᠎ᠠ ᠵᠢᠨ ᠰᠠᠯᠠᠭ᠎ᠠ ᠮᠥᠴᠢᠷ᠎ᠤᠨ ᠰᠠᠨᠠᠯ᠎ᠢ ᠪᠢᠴᠢᠭ ᠵᠶ᠋ᠠᠷ ᠬᠤᠷᠢᠶᠠᠵᠤ᠂ 11 ᠳ᠋ᠤᠭᠡᠷ ᠰᠠᠷ᠎ᠠ ᠵᠢᠨ 10᠎ᠤ ᠡᠳᠦᠷ᠎ᠠᠴᠠ 11 ᠳ᠋ᠤᠭᠡᠷ ᠰᠠᠷ᠎ᠠ ᠵᠢᠨ 24᠎ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠠᠯᠪᠠᠨ ᠰᠦᠯᠵᠢᠶ᠎ᠡ᠎ᠪᠠᠷ ᠳᠠᠮᠵᠢᠭᠤᠯᠤᠨ ᠨᠡᠶ᠋ᠢᠭᠡᠮ ᠨᠡᠶ᠋ᠢᠲᠡ᠎ᠠᠴᠠ ᠢᠯᠡ᠎ᠪᠠᠷ ᠰᠠᠨᠠᠯ ᠬᠤᠷᠢᠶᠠᠪᠠ᠃ 11 ᠳ᠋ᠤᠭᠡᠷ ᠰᠠᠷ᠎ᠠ ᠵᠢᠨ 26᠎ᠤ ᠡᠳᠦᠷ᠂ ᠠᠶ᠋ᠢᠮᠠᠭ ᠬᠣᠲᠠ ᠵᠢᠨ ᠡᠮᠴᠢᠯᠡᠭᠡᠨ᠎ᠤ ᠪᠠᠳᠤᠯᠠᠭ᠎ᠠ ᠵᠢᠨ ᠲᠣᠪᠴᠢᠶ᠎ᠠ ᠵᠢᠨ ᠤᠳᠤᠷᠢᠳᠤᠯᠭ᠎ᠠ ᠪᠣᠯᠤᠨ ᠬᠠᠮᠢᠶ᠎ᠠ ᠪᠥᠬᠥᠶ ᠬᠥᠮᠦᠰ᠎ᠢ ᠴᠤᠭᠯᠠᠭᠤᠯᠤᠨ᠂ ᠤᠯᠠᠭ᠋ᠠᠨᠴᠠᠪ ᠬᠣᠲᠠ᠎ᠳᠤ ᠳᠠᠬᠢᠨᠲᠠ ᠰᠤᠳᠤᠯᠤᠨ ᠶᠠᠷᠢᠯᠴᠠᠪᠠ᠃ ᠨᠡᠶ᠋ᠢᠲᠡ 18 ᠵᠤᠷᠪᠤᠰ ᠵᠠᠰᠠᠪᠤᠷᠢ ᠣᠷᠣᠭᠤᠯᠬᠤ ᠰᠠᠨᠠᠯ᠎ᠤᠨ ᠲᠤᠳᠤᠷ᠎ᠠ᠎ᠠᠴᠠ 12 ᠵᠤᠷᠪᠤᠰ ᠭᠥᠯᠢᠶᠡᠨ ᠠᠪᠴᠤ᠂ ᠵᠠᠰᠠᠪᠤᠷᠢ ᠣᠷᠣᠭᠤᠯᠤᠨ ᠲᠡᠭᠦᠯᠳᠡᠷᠵᠢᠭᠦᠯᠪᠡ᠃ 12 ᠳ᠋ᠤᠭ᠋ᠠᠷ ᠰᠠᠷ᠎ᠠ ᠵᠢᠨ 10᠎ᠤ ᠡᠳᠦᠷ᠂ ᠣᠷᠳᠣᠰ ᠬᠣᠲᠠ᠎ᠳᠤ ᠭᠡᠷᠡᠴᠢᠯᠡᠭᠡ ᠰᠣᠨᠣᠰᠬᠤ ᠬᠤᠷᠠᠯ ᠬᠤᠷᠠᠯᠳᠤᠭᠤᠯᠵᠤ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ᠂ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠨ᠂ ᠬᠤᠳᠠᠯᠳᠤᠭ᠋ᠠᠨ᠎ᠤ ᠳᠠᠭ᠋ᠠᠳᠬᠠᠯ᠎ᠤᠨ ᠪᠠᠶ᠋ᠢᠭᠤᠯᠤᠮᠵᠢ᠂ ᠣᠯᠠᠨ ᠲᠦᠮᠡᠨ᠎ᠤ ᠲᠥᠯᠥᠭᠡᠯᠡᠭᠴᠢ ᠵᠢᠴᠢ ᠡᠮᠴᠢᠯᠡᠭᠡᠨ᠎ᠤ ᠪᠠᠳᠤᠯᠠᠭ᠎ᠠ ᠵᠢᠨ ᠰᠠᠯᠠᠭ᠎ᠠ ᠮᠥᠴᠢᠷ᠎ᠤᠨ ᠰᠠᠨᠠᠯ ᠰᠠᠨᠠᠭᠤᠯᠭ᠎ᠠ ᠵᠢ ᠥᠷᠭᠡᠨ ᠵᠶ᠋ᠠᠷ ᠰᠣᠨᠣᠰᠴᠤ᠂ ᠤᠯᠠᠮ ᠨᠢᠭᠡ ᠠᠯᠬᠤᠮ ᠵᠠᠰᠠᠪᠤᠷᠢ ᠣᠷᠣᠭᠤᠯᠤᠨ ᠲᠡᠭᠦᠯᠳᠡᠷᠵᠢᠭᠦᠯᠪᠡ᠃ ᠬᠠᠤᠯᠢ ᠶᠣᠰᠣᠴᠢ ᠴᠢᠨᠠᠷ᠎ᠤᠨ ᠬᠢᠨᠠᠨ ᠪᠠᠶ᠋ᠢᠴᠠᠭ᠋ᠠᠯᠲᠠ᠎ᠪᠠᠷ ᠳᠡᠮᠵᠢᠨ᠂ ᠲᠣᠭᠲᠠᠭ᠋ᠠᠭᠰᠠᠨ ᠶᠠᠪᠤᠴᠠ᠎ᠨᠢ ᠬᠠᠤᠯᠢ᠎ᠳᠤ ᠨᠡᠶ᠋ᠢᠴᠡᠵᠦ᠂ ᠭᠣᠤᠯᠴᠢ ᠥᠷᠢᠰᠥᠯᠳᠦᠭᠡᠨ᠎ᠤ ᠬᠢᠨᠠᠨ ᠪᠠᠶ᠋ᠢᠴᠠᠭ᠋ᠠᠯᠲᠠ ᠵᠢᠨ 《18 ᠪᠣᠯᠬᠤ ᠥᠬᠡᠶ》 ᠪᠠᠷᠢᠮᠵᠢᠶ᠎ᠠ ᠵᠢᠨ ᠲᠣᠭᠲᠠᠭ᠋ᠠᠯ᠎ᠢ ᠵᠥᠷᠢᠴᠡᠭᠰᠡᠨ ᠦᠭᠡᠢ᠂ ᠥᠷᠢᠰᠥᠯᠳᠦᠭᠡᠨ᠎ᠢ ᠬᠢᠵᠠᠭ᠋ᠠᠷᠯᠠᠬᠤ ᠪᠠ ᠠᠷᠢᠯᠭ᠋ᠠᠬᠤ ᠬᠣᠯᠪᠣᠭᠳᠠᠯ ᠪᠥᠬᠥᠶ ᠠᠭᠤᠯᠭ᠎ᠠ ᠲᠤᠬᠢᠷᠠᠭᠤᠯᠤᠭᠰᠠᠨ ᠦᠭᠡᠢ᠃  
     12 ᠳ᠋ᠤᠭ᠋ᠠᠷ ᠰᠠᠷ᠎ᠠ ᠵᠢᠨ 23᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ 39 ᠳ᠋ᠤᠭᠡᠷ ᠤᠳᠠᠭ᠎ᠠ ᠵᠢᠨ ᠲᠣᠪᠴᠢᠶ᠎ᠠ ᠵᠢᠨ ᠶᠠᠪᠤᠳᠠᠯ᠎ᠤᠨ ᠬᠤᠷᠠᠯ ᠵᠶ᠋ᠠᠷ ᠬᠢᠨᠠᠨ ᠵᠥᠪᠯᠡᠵᠦ ᠪᠠᠲᠤᠯᠠᠪᠠ᠃
      ᠬᠣᠶᠠᠷ᠂ ᠦᠨᠳᠦᠰᠦᠨ ᠪᠣᠷᠣ ᠲᠥᠯᠥᠪ ᠪᠣᠯᠤᠨ ᠭᠣᠣᠯ ᠠᠭᠤᠯᠭ᠎ᠠ
      ᠡᠭᠦᠨ᠎ᠳᠤ ᠭᠣᠣᠯᠳᠠᠭᠤ ᠪᠡᠯᠡ ᠮᠥᠩᠭᠥ ᠴᠤᠭᠯᠠᠭᠤᠯᠬᠤ ᠪᠠᠷᠢᠮᠵᠢᠶ᠎ᠠ᠂ ᠲᠦᠷᠦ ᠵᠢᠨ ᠪᠤᠳᠤᠯᠭ᠎ᠠ ᠵᠢᠨ ᠪᠠᠷᠢᠮᠵᠢᠶ᠎ᠠ᠂ ᠬᠣᠯᠪᠣᠭᠳᠠᠯ ᠪᠦᠬᠦᠢ ᠱᠠᠭ᠋ᠠᠷᠳᠠᠯᠭ᠎ᠠ ᠵᠡᠷᠭᠡ ᠭᠤᠷᠪᠠᠨ ᠬᠡᠰᠡᠭ ᠪᠠᠭᠲᠠᠨ᠎ᠠ᠃
      ᠨᠢᠭᠡ᠎ᠳᠤ ᠪᠡᠯᠡ ᠴᠤᠭᠯᠠᠭᠤᠯᠬᠤ ᠪᠠᠷᠢᠮᠵᠢᠶ᠎ᠠ ᠵᠢ ᠨᠢᠭᠡᠳᠬᠡᠨ᠎ᠡ᠃ ᠳᠥᠷᠪᠡᠨ ᠬᠣᠲᠠ ᠵᠢᠨ ᠬᠦᠨᠳᠦ   ᠡᠪᠡᠳᠴᠢᠳᠡᠨ᠎ᠤ ᠳᠠᠭ᠋ᠠᠳᠬᠠᠯ᠎ᠤᠨ ᠪᠠᠯᠠ ᠴᠤᠭᠯᠠᠭᠤᠯᠬᠤ ᠪᠠᠷᠢᠮᠵᠢᠶ᠎ᠠ ᠵᠢ 2021 ᠣᠨ᠎ᠳᠤ ᠨᠢᠭᠡᠳᠦᠯᠲᠡᠶ᠎ᠪᠠᠷ ᠬᠥᠮᠦᠨ ᠪᠦᠷᠢ ᠵᠢᠯ᠎ᠳᠤ 50 ᠲᠥᠭᠥᠷᠢᠭ ᠪᠣᠯᠭ᠋ᠠᠨ᠎ᠠ᠃
      ᠬᠣᠶᠠᠷ᠎ᠲᠤ ᠲᠥᠷᠥ ᠵᠢᠨ ᠪᠣᠳᠣᠯᠭ᠎ᠠ ᠵᠢᠨ ᠪᠠᠷᠢᠮᠵᠢᠶ᠎ᠠ ᠵᠢ ᠨᠢᠭᠡᠳᠬᠡᠨ᠎ᠡ᠃ 2021 ᠣᠨ᠎ᠤ ᠬᠦᠨᠳᠦ ᠡᠪᠡᠳᠴᠢᠨ᠎ᠤ ᠳᠠᠭ᠋ᠠᠳᠬᠠᠯ᠎ᠤᠨ ᠡᠬᠢᠯᠡᠨ ᠦᠭᠬᠦ᠎ᠢ 1. 4 ᠲᠦᠮᠡᠨ ᠲᠥᠭᠥᠷᠢᠭ ᠵᠶ᠋ᠠᠷ ᠨᠢᠭᠡᠳᠬᠡᠵᠦ᠂ ᠲᠠᠩᠰᠠ ᠲᠠᠶ᠋ᠢᠯᠬᠤ ᠬᠠᠷᠢᠴᠠᠯ᠎ᠢ 60 % ᠪᠣᠯᠭ᠋ᠠᠵᠤ᠂ ᠬᠠᠮᠤᠭ᠎ᠤᠨ ᠥᠨᠳᠥᠷ ᠦᠭᠬᠦ ᠬᠢᠵᠠᠭ᠋ᠠᠷ ᠲᠣᠭ᠎ᠠ ᠵᠢ ᠪᠥᠬᠥ ᠲᠠᠯ᠎ᠠ᠎ᠪᠠᠷ ᠬᠦᠴᠦᠨ ᠥᠬᠡᠶ ᠪᠣᠯᠭ᠋ᠠᠨ᠎ᠠ᠃ ᠡᠭᠦᠨ᠎ᠤ ᠬᠠᠮᠲᠤ᠂ ᠭᠠᠷᠴᠠᠭ᠎ᠠᠴᠠ ᠭᠠᠳᠠᠨᠠᠬᠢ ᠲᠣᠭᠲᠠᠭ᠋ᠠᠯ᠎ᠳᠤ ᠨᠡᠶ᠋ᠢᠴᠡᠬᠦ ᠵᠠᠷᠤᠳᠠᠯ᠎ᠢ 60 %᠎ᠪᠠᠷ ᠦᠭᠬᠦ ᠬᠡᠪᠴᠢᠶᠡᠨ᠎ᠳᠤ ᠣᠷᠣᠭᠤᠯᠵᠤ᠂ ᠪᠦᠬᠦᠯᠢ 18 ᠨᠠᠰᠤᠨ᠎ᠠᠴᠠ ᠳᠣᠷᠣᠭᠰᠢᠬᠢ ᠳᠠᠭ᠋ᠠᠳᠬᠠᠯ᠎ᠳᠤ ᠣᠷᠣᠯᠴᠠᠭᠴᠢ ᠪᠣᠯᠤᠨ ᠰᠤᠷᠭ᠋ᠠᠭᠤᠯᠢ᠎ᠳᠤ ᠪᠠᠶ᠋ᠢᠭ᠎ᠠ ᠰᠣᠷᠣᠭᠴᠢ ᠵᠢᠨ ᠲᠠᠩᠰᠠ ᠲᠠᠶ᠋ᠢᠯᠬᠤ ᠬᠠᠷᠢᠴᠠᠯ᠎ᠢ 5 ᠵᠠᠭᠤᠨ᠎ᠤ ᠨᠢᠭᠡᠴᠢ ᠳᠡᠭᠡᠭᠰᠢᠯᠡᠭᠦᠯᠦᠨ᠎ᠡ᠃
      ᠭᠤᠷᠪᠠ᠎ᠳᠤ᠂ ᠲᠥᠷᠥ ᠵᠢᠨ ᠪᠣᠳᠣᠯᠭ᠎ᠠ ᠵᠢ ᠬᠡᠷᠡᠭᠵᠢᠭᠦᠯᠬᠦ ᠴᠠᠭ᠎ᠢ ᠲᠣᠳᠣᠷᠬᠠᠶ᠋ᠢᠯᠠᠪᠠ᠃ 2021 ᠣᠨ᠎ᠤ 1 ᠳ᠋ᠤᠭᠡᠷ ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠵᠦ᠂ ᠪᠤᠰᠤᠳ ᠠᠶ᠋ᠢᠮᠠᠭ ᠬᠣᠲᠠ᠎ᠨᠤᠭᠤᠳ ᠯᠠᠪᠯᠠᠯᠲᠠ ᠪᠣᠯᠭ᠋ᠠᠨ ᠬᠡᠷᠡᠭᠵᠢᠭᠦᠯᠵᠦ ᠪᠣᠯᠤᠨ᠎ᠠ᠃

     

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠣᠯᠠᠭ᠎ᠠ ᠵᠢᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠬᠥᠬᠡᠬᠣᠲᠠ ᠪᠤᠭᠤᠲᠤ ᠣᠷᠳᠣᠰ ᠤᠯᠠᠭ᠋ᠠᠨᠴᠠᠪ᠎ᠤᠨ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠬᠦᠨᠳᠦ ᠡᠪᠡᠳᠴᠢᠨ᠎ᠤ ᠳᠠᠭ᠋ᠠᠳᠬᠠᠯ᠎ᠤᠨ ᠠᠵᠢᠯ᠎ᠢ ᠰᠠᠶ᠋ᠢᠲᠤᠷ ᠬᠢᠬᠦ ᠲᠤᠬᠠᠶ ᠮᠡᠳᠡᠭᠳᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠮᠣᠩᠭᠣᠯ ᠬᠡᠯᠡᠨ᠎ᠤ ᠰᠦᠯᠵᠢᠶ᠎ᠡ ᠵᠢ ᠲᠤᠷᠰᠢᠨ ᠠᠵᠢᠯᠯᠠᠭᠤᠯᠬᠤ ᠨᠡᠢ᠌ᠳᠡᠯᠡᠯ
ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠴᠡᠭ ᠲᠣᠭᠲᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ 《ᠡᠷᠬᠢᠨ ᠬᠠᠷᠠᠬᠤ》 ᠬᠠᠮᠢᠶ᠎ᠠ ᠪᠥᠬᠥᠶ ᠠᠰᠠᠭᠤᠳᠠᠯ᠎ᠤᠨ ᠰᠦᠪᠡᠭᠴᠢ ᠵᠢ ᠲᠤᠰᠬᠠᠢ ᠴᠡᠭᠴᠡᠯᠡᠬᠦ ᠲᠤᠬᠠᠶ ᠠᠯᠪᠠᠨ ᠨᠡᠢ᠌ᠳᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠪᠦᠰᠡ ᠵᠢᠨ ᠴᠡᠭ᠎ᠤᠨ ᠠᠷᠭ᠎ᠠ ᠵᠢᠨ ᠶᠡᠷᠦᠩᠬᠡᠶ ᠲᠣᠭ᠎ᠠ ᠵᠢᠨ ᠲᠥᠰᠦᠪ ᠪᠠ ᠡᠪᠡᠳᠴᠢᠨ᠎ᠤ ᠲᠥᠷᠥᠯ᠎ᠤᠨ ᠬᠤᠪᠢᠶᠠᠷᠢ ᠥᠷᠲᠡᠭ ᠵᠶ᠋ᠡᠷ ᠵᠠᠷᠤᠳᠠᠯ ᠲᠤᠰᠢᠶᠠᠬᠤ ᠠᠵᠢᠯ᠎ᠤᠨ ᠲᠥᠰᠦᠯ᠎ᠢ ᠳᠠᠷᠤᠮᠠᠯᠯᠠᠨ ᠶᠠᠪᠤᠭᠤᠯᠬᠤ ᠲᠤᠬᠠᠶ ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠤᠨ᠎ᠤ ᠡᠮᠴᠢᠯᠡᠭᠡᠨ ᠎ᠤ ᠪᠠᠲᠤᠯᠠᠭ᠎ᠠ ᠵᠢᠨ ᠲᠣᠪᠴᠢᠶ᠎ᠠ ᠡᠳ᠋᠎ᠤᠨ ᠵᠠᠰᠠᠭ᠎ᠤᠨ ᠲᠢᠩᠬᠢᠮ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠨ ᠮᠡᠳᠡᠭᠳᠡᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠎ᠤᠨ ᠣᠨᠳᠣᠤ ᠭᠠᠵᠠᠷ᠎ᠲᠤ ᠡᠮᠨᠡᠭᠦᠯᠬᠦ ᠬᠠᠮᠢᠶᠠᠷᠤᠯᠲᠠ ᠵᠢᠨ ᠠᠷᠭ᠎ᠠ》 ᠵᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ
 
            