ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠪᠢᠴᠢᠭ ᠮᠠᠲ᠋ᠧᠷᠢᠶᠠᠯ
ᠬᠥᠬᠡᠬᠣᠲᠠ ᠪᠤᠭᠤᠲᠤ ᠣᠷᠳᠣᠰ ᠤᠯᠠᠭ᠋ᠠᠨᠴᠠᠪ᠎ᠤᠨ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠬᠦᠨᠳᠦ ᠡᠪᠡᠳᠴᠢᠨ᠎ᠤ ᠳᠠᠭ᠋ᠠᠳᠬᠠᠯ᠎ᠤᠨ ᠠᠵᠢᠯ᠎ᠢ ᠰᠠᠶ᠋ᠢᠲᠤᠷ ᠬᠢᠬᠦ ᠲᠤᠬᠠᠶ ᠮᠡᠳᠡᠭᠳᠡᠯ
ᠨᠡᠶ᠋ᠢᠲᠡᠯᠡᠭᠰᠡᠨ ᠴᠠᠭ᠄ 2020-12-25

                    ᠥᠪᠥᠷ ᠡᠮᠴᠢᠯᠡᠭᠡ ᠪᠠᠳᠤᠯᠠᠭ᠎ᠠ ᠠᠯᠪᠠᠨ ᠬᠡᠷ  [2020]  122 ᠳ᠋ᠤᠭ᠋ᠠᠷ ᠲᠣᠭ᠋ᠠᠲᠤ
ᠡᠯ᠎ᠡ ᠠᠶ᠋ᠢᠮᠠᠭ ᠬᠣᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠂ ᠮᠠᠨᠵᠤᠤᠷ ᠬᠣᠲᠠ᠂ ᠡᠷᠢᠶᠡᠨ ᠬᠣᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠄
      ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠪᠤᠭᠤᠲᠤ ᠣᠷᠳᠣᠰ ᠤᠯᠠᠭ᠋ᠠᠨᠴᠠᠪ᠎ᠤᠨ ᠬᠠᠮᠵᠢᠯᠴᠠᠨ ᠬᠥᠭᠵᠢᠬᠦ ᠰᠢᠢ᠍ᠳᠪᠦᠷᠢᠳᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠨᠠᠶ᠋ᠢᠳᠠᠪᠤᠷᠢᠵᠢᠭᠤᠯᠬᠤ ᠵᠢᠨ ᠲᠤᠰᠠᠳᠠ᠂ 《〈ᠬᠥᠬᠡᠬᠣᠲᠠ ᠪᠤᠭᠤᠲᠤ ᠣᠷᠳᠣᠰ᠎ᠤᠨ ᠬᠠᠮᠵᠢᠯᠴᠠᠨ ᠬᠥᠭᠵᠢᠬᠦ ᠲᠥᠯᠥᠪᠵᠢᠭᠦᠯᠭᠡ ᠵᠢᠨ ᠬᠥᠲᠥᠯᠪᠦᠷᠢ (2016 — 2020 ᠣᠨ)〉 ᠵᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ》  (ᠥᠪᠥᠷ ᠨᠠᠮ ᠲᠠᠷᠬᠠᠭ᠋ᠠᠭᠰᠠᠨ  (2016)  17 ᠳ᠋ᠤᠭ᠋ᠠᠷ ᠲᠣᠭ᠋ᠠᠲᠤ)᠎ᠤᠨ ᠵᠣᠷᠢᠭ ᠰᠠᠨᠠᠭ᠎ᠠ ᠵᠢ ᠦᠨᠳᠦᠰᠦᠯᠡᠨ᠂ ᠬᠥᠬᠡᠬᠣᠲᠠ᠂ ᠪᠤᠭᠤᠲᠤ ᠬᠣᠲᠠ᠂ ᠣᠷᠳᠣᠰ ᠬᠣᠲᠠ᠂ ᠤᠯᠠᠭ᠋ᠠᠨᠴᠠᠪ ᠬᠣᠲᠠ(ᠳᠣᠷᠣᠭᠰᠢ ᠬᠥᠬᠡᠬᠣᠲᠠ ᠪᠤᠭᠤᠲᠤ ᠣᠷᠳᠣᠰ ᠤᠯᠠᠭ᠋ᠠᠨᠴᠠᠪ ᠭᠡᠵᠦ ᠲᠣᠪᠴᠢᠯᠠᠨ᠎ᠠ) ᠵᠢᠨ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠬᠦᠨᠳᠦ ᠡᠪᠡᠳᠴᠢᠨ᠎ᠤ ᠳᠠᠭ᠋ᠠᠳᠬᠠᠯ (ᠳᠣᠷᠣᠭᠰᠢ ᠬᠦᠨᠳᠦ ᠡᠪᠡᠳᠴᠢᠨ᠎ᠤ ᠳᠠᠭ᠋ᠠᠳᠬᠠᠯ ᠭᠡᠵᠦ ᠲᠣᠪᠴᠢᠯᠠᠨ᠎ᠠ)᠎ᠤᠨ ᠲᠥᠷᠥ ᠵᠢᠨ ᠪᠣᠳᠣᠯᠭ᠎ᠠ ᠵᠢᠨ ᠪᠠᠷᠢᠮᠵᠢᠶ᠎ᠠ ᠵᠢ ᠨᠢᠭᠡᠳᠦᠯᠲᠡᠶ ᠪᠤᠯᠭ᠋ᠠᠬᠤ ᠵᠢ ᠪᠡᠶᠡᠯᠡᠭᠦᠯᠬᠦ ᠪᠣᠯᠤᠨ᠎ᠠ᠃ ᠡᠳᠦᠭᠡ ᠬᠣᠯᠪᠣᠭᠳᠠᠯ ᠪᠦᠬᠦᠢ ᠵᠦᠢ᠍ᠯᠡᠰ᠎ᠢ ᠳᠣᠣᠷᠠᠬᠢ ᠮᠡᠲᠦ ᠮᠡᠳᠡᠭᠳᠡᠶ᠎ᠡ᠄  
      ᠨᠢᠭᠡ᠂ ᠪᠠᠯᠠ ᠴᠤᠭᠯᠠᠭᠤᠯᠬᠤ ᠪᠠᠷᠢᠮᠵᠢᠶ᠎ᠠ ᠵᠢ ᠨᠢᠭᠡᠳᠦᠯᠲᠡᠶ ᠪᠣᠯᠭ᠋ᠠᠨ᠎ᠠ᠃ ᠬᠥᠬᠡᠬᠣᠲᠠ ᠪᠤᠭᠤᠲᠤ ᠣᠷᠳᠣᠰ ᠤᠯᠠᠭ᠋ᠠᠨᠴᠠᠪ᠎ᠤᠨ   ᠡᠮᠤᠨ᠎ᠡ ᠭᠤᠷᠪᠠᠨ ᠵᠢᠯ᠎ᠤᠨ ᠬᠦᠨᠳᠦ ᠡᠪᠡᠳᠴᠢᠨ᠎ᠤ ᠳᠠᠭ᠋ᠠᠳᠬᠠᠯ᠎ᠤᠨ ᠪᠠᠯᠠ ᠴᠤᠭᠯᠠᠭᠤᠯᠬᠤ ᠶᠡᠷᠦᠩᠬᠡᠶ ᠲᠣᠭ᠎ᠠ᠂ ᠰᠠᠭᠤᠷᠢ ᠮᠥᠩᠭᠥᠨ᠎ᠤ ᠵᠠᠷᠤᠯᠭ᠎ᠠ᠂ ᠰᠠᠭᠤᠷᠢ ᠮᠥᠩᠭᠥᠨ᠎ᠤ ᠦᠯᠡᠳᠡᠪᠦᠷᠢ ᠵᠡᠷᠭᠡ ᠪᠠᠶ᠋ᠢᠳᠠᠯ᠎ᠢ ᠦᠨᠳᠦᠰᠦᠯᠡᠨ ᠪᠠᠯᠠ ᠴᠤᠭᠯᠠᠭᠤᠯᠬᠤ ᠪᠠᠷᠢᠮᠵᠢᠶ᠎ᠠ ᠵᠢ ᠲᠣᠭᠲᠠᠭ᠋ᠠᠵᠤ᠂ 2021 ᠣᠨ᠎ᠤ ᠬᠦᠨᠳᠦ ᠡᠪᠡᠳᠴᠢᠨ᠎ᠤ ᠳᠠᠭ᠋ᠠᠳᠬᠠᠯ᠎ᠤᠨ ᠪᠠᠯᠠ ᠴᠤᠭᠯᠠᠭᠤᠯᠬᠤ ᠪᠠᠷᠢᠮᠵᠢᠶ᠎ᠠ ᠵᠢ ᠬᠥᠮᠦᠨ ᠪᠦᠷᠢ ᠵᠢᠯ᠎ᠳᠤ 50 ᠲᠥᠭᠥᠷᠢᠭ ᠪᠤᠯᠭ᠋ᠠᠨ᠎ᠠ᠃
      ᠬᠣᠶᠠᠷ᠂ ᠲᠥᠷᠥ ᠵᠢᠨ ᠪᠣᠳᠣᠯᠭ᠎ᠠ ᠵᠢᠨ ᠪᠠᠷᠢᠮᠵᠢᠶ᠎ᠠ ᠵᠢ ᠨᠢᠭᠡᠳᠭᠡᠨ᠎ᠡ᠃
     (ᠨᠢᠭᠡ) ᠡᠬᠢᠯᠡᠵᠦ ᠥᠭᠬᠦ ᠱᠤᠭᠤᠮ᠃ 2021 ᠣᠨ᠎ᠤ ᠬᠦᠨᠳᠦ ᠡᠪᠡᠳᠴᠢᠨ᠎ᠤ ᠳᠠᠭ᠋ᠠᠳᠬᠠᠯ᠎ᠤᠨ ᠡᠬᠢᠯᠡᠵᠦ ᠦᠭᠬᠦ ᠬᠢᠵᠠᠭ᠋ᠠᠷ ᠪᠣᠯ ᠬᠤᠪᠢ ᠬᠦᠮᠦᠨ᠎ᠤ ᠡᠭᠦᠷᠭᠡᠯᠡᠬᠦ᠎ᠨᠢ ᠵᠢᠯ᠎ᠤᠨ ᠨᠡᠢ᠌ᠯᠡᠪᠦᠷᠢ 1. 4 ᠲᠦᠮᠡᠨ ᠲᠥᠭᠥᠷᠢᠭ᠃
     (ᠬᠣᠶᠠᠷ) ᠳᠠᠩᠰᠠ ᠲᠠᠶ᠋ᠢᠯᠬᠤ ᠬᠠᠷᠢᠴᠠᠯ᠃ ᠳᠠᠭ᠋ᠠᠳᠬᠠᠯ᠎ᠳᠤ ᠣᠷᠣᠯᠴᠠᠭᠰᠠᠳ᠎ᠤᠨ ᠡᠮᠨᠡᠯᠭᠡ᠎ᠳᠤ ᠰᠠᠭᠤᠭᠰᠠᠨ ᠡᠮᠴᠢᠯᠡᠭᠡᠨ᠎ᠤ ᠵᠠᠷᠤᠳᠠᠯ (ᠲᠥᠷᠥ ᠵᠢᠨ ᠪᠣᠳᠣᠯᠭ᠎ᠠ᠎ᠳᠤ ᠨᠡᠶ᠋ᠢᠴᠡᠬᠦ ᠣᠨᠴᠠ ᠠᠷᠬᠠᠭ ᠡᠪᠡᠳᠴᠢᠨ᠎ᠤ ᠡᠭᠦᠳᠡᠨ ᠡᠮᠨᠡᠯᠭᠡ ᠵᠢᠨ ᠵᠠᠷᠤᠳᠠᠯ ᠪᠠᠭᠲᠠᠨ᠎ᠠ)᠎ᠢ ᠦᠨᠳᠦᠰᠦᠨ ᠡᠮᠴᠢᠯᠡᠭᠡᠨ᠎ᠤ ᠳᠠᠭ᠋ᠠᠳᠬᠠᠯ ᠵᠶ᠋ᠠᠷ ᠲᠠᠩᠰᠠ ᠲᠠᠶ᠋ᠢᠯᠤᠭᠰᠠᠨ᠎ᠤ ᠳᠠᠷᠠᠭ᠎ᠠ᠂ ᠲᠣᠭᠲᠠᠭ᠋ᠠᠯ᠎ᠳᠤ ᠨᠡᠶ᠋ᠢᠴᠡᠬᠦ ᠦᠯᠡᠳᠡᠭᠰᠡᠨ ᠬᠡᠰᠡᠭ᠎ᠤᠨ ᠵᠠᠷᠤᠳᠠᠯ᠎ᠤᠨ ᠡᠬᠢᠯᠡᠵᠦ ᠥᠭᠬᠦ ᠬᠡᠮᠵᠢᠶ᠎ᠡ᠎ᠠᠴᠠ ᠬᠡᠲᠦᠷᠡᠭᠰᠡᠨ ᠬᠡᠰᠡᠭ᠎ᠢ ᠬᠦᠨᠳᠦ ᠡᠪᠡᠳᠴᠢᠨ᠎ᠤ ᠳᠠᠭ᠋ᠠᠳᠬᠠᠯ᠎ᠤᠨ 60 % ᠵᠢᠨ ᠬᠠᠷᠢᠴᠠᠯ ᠵᠶ᠋ᠠᠷ ᠥᠭᠭᠦᠨ᠎ᠡ᠃
     (ᠭᠤᠷᠪᠠ) ᠥᠭᠬᠦ ᠬᠡᠪᠴᠢᠶ᠎ᠡ᠃ ᠲᠥᠷᠥ ᠵᠢᠨ ᠪᠣᠳᠣᠯᠭ᠎ᠠ ᠵᠢᠨ ᠬᠡᠪᠴᠢᠶᠡᠨ᠎ᠳᠠᠬᠢ ᠵᠠᠷᠤᠳᠠᠯ᠎ᠢ 100 %᠎ᠪᠠᠷ ᠥᠭᠬᠦ ᠬᠡᠪᠴᠢᠶᠡᠨ᠎ᠳᠤ ᠣᠷᠣᠭᠤᠯᠤᠨ᠎ᠠ; ᠲᠥᠷᠥ ᠵᠢᠨ ᠪᠣᠳᠣᠯᠭ᠎ᠠ ᠵᠢᠨ ᠬᠡᠪᠴᠢᠶᠡᠨ᠎ᠠᠴᠠ ᠭᠠᠳᠠᠨᠠᠬᠢ ᠲᠣᠭᠲᠠᠭ᠋ᠠᠯ᠎ᠳᠤ ᠨᠡᠶ᠋ᠢᠴᠡᠬᠦ ᠵᠠᠷᠤᠳᠠᠯ᠎ᠢ 60 %᠎ᠪᠠᠷ ᠥᠭᠬᠦ ᠬᠡᠪᠴᠢᠶᠡᠨ᠎ᠳᠤ ᠣᠷᠣᠭᠤᠯᠵᠤ᠂ ᠭᠠᠷᠴᠠᠭ᠎ᠠᠴᠠ ᠭᠠᠳᠠᠨ᠎ᠠ ᠬᠡᠷᠡᠭᠯᠡᠬᠦ ᠡᠮ ᠪᠠ ᠣᠨᠣᠰᠢᠯᠠᠨ ᠡᠮᠨᠡᠬᠦ ᠵᠠᠷᠤᠳᠠᠯ᠎ᠢ ᠪᠠᠭᠲᠠᠭ᠋ᠠᠨ᠎ᠠ᠂ ᠪᠠᠷᠢᠮᠵᠢᠶ᠎ᠠ᠎ᠠᠴᠠ ᠬᠡᠲᠦᠷᠡᠭᠰᠡᠨ ᠣᠷᠣ ᠵᠢᠨ ᠵᠠᠷᠤᠳᠠᠯ᠂ ᠲᠤᠰᠬᠠᠶ ᠮᠡᠷᠭᠡᠵᠢᠯᠲᠡᠨ᠎ᠤ ᠵᠠᠷᠤᠳᠠᠯ᠂ ᠳᠤᠯᠠᠭ᠋ᠠᠯᠠᠭ᠎ᠠ ᠵᠢᠨ ᠵᠠᠷᠤᠳᠠᠯ᠂ ᠬᠣᠭᠣᠯᠠᠨ᠎ᠤ ᠵᠠᠷᠤᠳᠠᠯ᠂ ᠡᠷᠡᠭᠦᠯ ᠮᠡᠨᠳᠦ ᠵᠢᠨ ᠪᠡᠶ᠎ᠡ ᠵᠢᠨ ᠪᠠᠶ᠋ᠢᠴᠠᠭ᠋ᠠᠯᠲᠠ ᠵᠢᠨ ᠵᠠᠷᠤᠳᠠᠯ᠂ ᠪᠠᠷ᠎ᠠ ᠪᠣᠯᠬᠤ ᠵᠠᠷᠤᠳᠠᠯ᠂ ᠣᠨᠴᠠ ᠬᠡᠷᠡᠭᠰᠡᠬᠦ ᠵᠠᠷᠤᠳᠠᠯ ᠪᠠ ᠪᠤᠰᠤᠳ ᠡᠮᠴᠢᠯᠡᠭᠡᠨ᠎ᠤ ᠪᠤᠰᠤ ᠵᠠᠷᠤᠯᠭ᠎ᠠ ᠵᠢ ᠪᠠᠭᠲᠠᠭ᠋ᠠᠬᠤ ᠥᠬᠡᠶ᠃
     (ᠳᠥᠷᠪᠡ) ᠬᠠᠮᠤᠭ ᠥᠨᠳᠥᠷ ᠥᠭᠬᠦ ᠬᠢᠵᠠᠭ᠋ᠠᠷ ᠲᠣᠭ᠎ᠠ᠃ ᠬᠦᠨᠳᠦ ᠡᠪᠡᠳᠴᠢᠨ᠎ᠤ ᠳᠠᠭ᠋ᠠᠳᠬᠠᠯ᠎ᠤᠨ ᠬᠠᠮᠤᠭ ᠥᠨᠳᠥᠷ ᠥᠭᠬᠦ ᠬᠢᠵᠠᠭ᠋ᠠᠷ ᠲᠣᠭ᠎ᠠ ᠵᠢ ᠪᠥᠬᠥ ᠲᠠᠯ᠎ᠠ᠎ᠪᠠᠷ ᠬᠦᠴᠦᠨ ᠥᠬᠡᠶ ᠪᠣᠯᠭ᠋ᠠᠨ᠎ᠠ᠃
     (ᠲᠠᠪᠤ) ᠪᠦᠬᠦᠯᠢ 18 ᠨᠠᠰᠤᠨ᠎ᠠᠴᠠ ᠳᠣᠷᠣᠭᠰᠢᠬᠢ ᠳᠠᠭ᠋ᠠᠳᠬᠠᠯ᠎ᠳᠤ ᠣᠷᠣᠯᠴᠠᠭᠴᠢ ᠪᠣᠯᠤᠨ ᠰᠤᠷᠭ᠋ᠠᠭᠤᠯᠢ᠎ᠳᠤ ᠪᠠᠶ᠋ᠢᠭ᠎ᠠ ᠰᠤᠷᠤᠭᠴᠢ ᠵᠢᠨ ᠳᠠᠩᠰᠠ ᠲᠠᠶ᠋ᠢᠯᠬᠤ ᠬᠠᠷᠢᠴᠠᠯ᠎ᠢ 5 ᠵᠠᠭᠤᠨ᠎ᠤ ᠨᠢᠭᠡᠴᠢ᠎ᠪᠠᠷ ᠳᠡᠭᠡᠭᠰᠢᠯᠡᠭᠦᠯᠦᠨ᠎ᠡ᠃
      ᠭᠤᠷᠪᠠ᠂ ᠬᠣᠯᠪᠣᠭᠳᠠᠯ ᠪᠦᠬᠦᠢ ᠱᠠᠭ᠋ᠠᠷᠳᠠᠯᠭ᠎ᠠ
     (ᠨᠢᠭᠡ) ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠬᠤ ᠬᠡᠷᠡᠭᠲᠡᠶ᠃ ᠡᠯ᠎ᠡ ᠭᠠᠵᠠᠷ᠎ᠤᠨ᠎ᠬᠢᠨ ᠬᠦᠨᠳᠦ ᠡᠪᠡᠳᠴᠢᠨ᠎ᠤ ᠳᠠᠭ᠋ᠠᠳᠬᠠᠯ᠎ᠤᠨ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠬᠢᠨᠠᠮᠠᠭ᠋ᠠᠶ ᠵᠣᠬᠢᠶᠠᠨ ᠪᠠᠶ᠋ᠢᠭᠤᠯᠤᠨ ᠬᠡᠷᠡᠭᠵᠢᠭᠦᠯᠬᠦ ᠬᠡᠷᠡᠭᠲᠡᠶ᠃ 《ᠪᠠᠭᠤᠯᠭ᠋ᠠᠬᠤ ᠬᠠᠮᠢᠶᠠᠷᠬᠤ ᠦᠢ᠍ᠯᠡᠴᠢᠯᠡᠬᠦ》 ᠱᠠᠭ᠋ᠠᠷᠳᠠᠯᠭ᠎ᠠ ᠶᠣᠰᠣᠭ᠋ᠠᠷ᠂ ᠠᠵᠢᠯ ᠡᠷᠬᠢᠯᠡᠬᠦ ᠶᠠᠪᠤᠴᠠ ᠵᠢ ᠳᠥᠭᠥᠮᠴᠢᠯᠡᠵᠦ᠂   ᠠᠵᠢᠯ ᠡᠷᠬᠢᠯᠡᠬᠦ ᠦᠷ᠎ᠡ ᠪᠦᠲᠦᠮᠵᠢ ᠵᠢ ᠳᠡᠭᠡᠭᠰᠢᠯᠡᠭᠦᠯᠦᠨ᠂ ᠣᠯᠠᠨ ᠲᠦᠮᠡᠨ᠎ᠤ ᠰᠡᠳᠬᠢᠯ ᠬᠠᠨᠤᠮᠵᠢᠲᠠᠶ ᠪᠠᠶ᠋ᠢᠬᠤ ᠬᠡᠮᠵᠢᠶ᠎ᠡ ᠵᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃
     (ᠬᠣᠶᠠᠷ) ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠪᠣᠶ ᠪᠣᠯᠭ᠋ᠠᠨ᠎ᠠ᠃ ᠡᠯ᠎ᠡ ᠭᠠᠵᠠᠷ᠎ᠤᠨ᠎ᠬᠢᠨ ᠦᠨᠳᠦᠰᠦᠨ ᠡᠮᠴᠢᠯᠡᠭᠡᠨ᠎ᠤ ᠳᠠᠭ᠋ᠠᠳᠬᠠᠯ᠂ ᠬᠦᠨᠳᠦ ᠡᠪᠡᠳᠴᠢᠨ᠎ᠤ ᠳᠠᠭ᠋ᠠᠳᠬᠠᠯ᠂ ᠡᠮᠴᠢᠯᠡᠭᠡᠨ᠎ᠤ ᠠᠪᠤᠷᠠᠨ ᠲᠤᠰᠠᠯᠠᠬᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ᠎ᠪᠠᠨ ᠴᠢᠩᠭ᠋ᠠᠳᠬᠠᠵᠤ᠂ ᠶᠠᠷᠢᠶ᠎ᠠ ᠬᠡᠯᠡᠯᠴᠡᠭᠡᠨ᠎ᠤ ᠪᠠᠶ᠋ᠢᠳᠠᠯ᠎ᠢ ᠨᠢᠭᠲᠠ ᠮᠥᠷᠳᠡᠨ ᠵᠠᠳᠠᠯᠵᠤ᠂ ᠬᠠᠷᠢᠭᠤᠴᠠᠯᠭ᠎ᠠ ᠵᠢᠨ ᠤᠬᠠᠮᠰᠠᠷ ᠵᠶ᠋ᠠᠨ ᠨᠡᠮᠡᠭᠳᠡᠭᠦᠯᠦᠨ᠂ ᠠᠷᠠᠳ᠎ᠲᠤ ᠠᠰᠢᠭ ᠬᠦᠷᠲᠡᠭᠡᠬᠦ ᠲᠥᠷᠥ ᠵᠢᠨ ᠪᠣᠳᠣᠯᠭ᠎ᠠ ᠵᠢ ᠬᠥᠮᠦᠰ᠎ᠤᠨ ᠰᠡᠳᠬᠢᠯ᠎ᠳᠤ ᠭᠦᠨ ᠬᠠᠳᠠᠩᠰᠢᠭᠤᠯᠵᠤ᠂ ᠳᠠᠭ᠋ᠠᠳᠬᠠᠯ᠎ᠳᠤ ᠣᠷᠣᠯᠴᠠᠭᠰᠠᠳ᠎ᠤᠨ ᠬᠦᠷᠲᠡᠮᠵᠢ ᠵᠢᠨ ᠲᠥᠷᠥᠭᠳᠡᠯ ᠪᠠ ᠵᠣᠯ ᠵᠢᠷᠭ᠋ᠠᠯᠳᠦ ᠲᠥᠷᠥᠭᠳᠡᠯ᠎ᠢ ᠲᠠᠰᠤᠷᠠᠯᠲᠠ ᠥᠬᠡᠶ ᠲᠡᠭᠡᠭᠰᠢᠯᠡᠭᠦᠯᠦᠨ᠎ᠡ᠃
      ᠲᠣᠰ 《ᠮᠡᠳᠡᠭᠳᠡᠯ》᠎ᠢ 2021 ᠣᠨ᠎ᠤ 1 ᠳ᠋ᠤᠭᠡᠷ ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠂ ᠪᠤᠰᠤᠳ ᠠᠶ᠋ᠢᠮᠠᠭ ᠬᠣᠲᠠ᠎ᠨᠢ ᠯᠠᠪᠯᠠᠯᠲᠠ ᠪᠣᠯᠭ᠋ᠠᠨ ᠬᠡᠷᠡᠭᠵᠢᠭᠦᠯᠵᠦ ᠪᠣᠯᠤᠨ᠎ᠠ᠃
   

              ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ
                                  2020 ᠣᠨ᠎ᠤ 12 ᠳ᠋ᠤᠭ᠋ᠠᠷ ᠰᠠᠷ᠎ᠠ ᠵᠢᠨ 24᠎ᠤ ᠡᠳᠦᠷ

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠣᠯᠠᠭ᠎ᠠ ᠵᠢᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠮᠣᠩᠭᠣᠯ ᠬᠡᠯᠡᠨ᠎ᠤ ᠰᠦᠯᠵᠢᠶ᠎ᠡ ᠵᠢ ᠲᠤᠷᠰᠢᠨ ᠠᠵᠢᠯᠯᠠᠭᠤᠯᠬᠤ ᠨᠡᠢ᠌ᠳᠡᠯᠡᠯ
ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠴᠡᠭ ᠲᠣᠭᠲᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ 《ᠡᠷᠬᠢᠨ ᠬᠠᠷᠠᠬᠤ》 ᠬᠠᠮᠢᠶ᠎ᠠ ᠪᠥᠬᠥᠶ ᠠᠰᠠᠭᠤᠳᠠᠯ᠎ᠤᠨ ᠰᠦᠪᠡᠭᠴᠢ ᠵᠢ ᠲᠤᠰᠬᠠᠢ ᠴᠡᠭᠴᠡᠯᠡᠬᠦ ᠲᠤᠬᠠᠶ ᠠᠯᠪᠠᠨ ᠨᠡᠢ᠌ᠳᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠪᠦᠰᠡ ᠵᠢᠨ ᠴᠡᠭ᠎ᠤᠨ ᠠᠷᠭ᠎ᠠ ᠵᠢᠨ ᠶᠡᠷᠦᠩᠬᠡᠶ ᠲᠣᠭ᠎ᠠ ᠵᠢᠨ ᠲᠥᠰᠦᠪ ᠪᠠ ᠡᠪᠡᠳᠴᠢᠨ᠎ᠤ ᠲᠥᠷᠥᠯ᠎ᠤᠨ ᠬᠤᠪᠢᠶᠠᠷᠢ ᠥᠷᠲᠡᠭ ᠵᠶ᠋ᠡᠷ ᠵᠠᠷᠤᠳᠠᠯ ᠲᠤᠰᠢᠶᠠᠬᠤ ᠠᠵᠢᠯ᠎ᠤᠨ ᠲᠥᠰᠦᠯ᠎ᠢ ᠳᠠᠷᠤᠮᠠᠯᠯᠠᠨ ᠶᠠᠪᠤᠭᠤᠯᠬᠤ ᠲᠤᠬᠠᠶ ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠤᠨ᠎ᠤ ᠡᠮᠴᠢᠯᠡᠭᠡᠨ ᠎ᠤ ᠪᠠᠲᠤᠯᠠᠭ᠎ᠠ ᠵᠢᠨ ᠲᠣᠪᠴᠢᠶ᠎ᠠ ᠡᠳ᠋᠎ᠤᠨ ᠵᠠᠰᠠᠭ᠎ᠤᠨ ᠲᠢᠩᠬᠢᠮ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠨ ᠮᠡᠳᠡᠭᠳᠡᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠎ᠤᠨ ᠣᠨᠳᠣᠤ ᠭᠠᠵᠠᠷ᠎ᠲᠤ ᠡᠮᠨᠡᠭᠦᠯᠬᠦ ᠬᠠᠮᠢᠶᠠᠷᠤᠯᠲᠠ ᠵᠢᠨ ᠠᠷᠭ᠎ᠠ》 ᠵᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ
ᠡᠮᠴᠢᠯᠡᠭᠡ ᠡᠷᠡᠭᠦᠯ ᠬᠠᠮᠠᠭ᠋ᠠᠯᠠᠯ᠎ᠤᠨ ᠬᠦᠷᠢᠶᠡᠨ᠎ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶ᠋ᠢᠮᠠᠭ ᠬᠤᠲᠠ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠬᠤᠪᠢᠶᠠᠷᠢᠯᠠᠬᠤ ᠥᠭᠡᠷᠡᠴᠢᠯᠡᠯᠲᠡ ᠵᠢᠨ ᠲᠥᠰᠦᠯ᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
 
            