《ᠮᠣᠩᠭᠣᠯ ᠦᠭᠡ ᠬᠡᠯᠡ ᠥᠰᠥᠭ ᠪᠢᠴᠢᠭ᠎ᠤᠨ ᠮᠡᠳᠡᠭᠡ ᠵᠠᠩᠭᠢᠵᠢᠭᠤᠯᠬᠤ ᠪᠥᠳᠥᠭᠡᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠠᠨᠠᠯ》 (ᠥᠪᠥᠷ ᠵᠠᠰᠠᠭ ᠲᠠᠷᠬᠠᠭ᠋ᠠᠭᠰᠠᠨ [2012] 106 ᠳ᠋ᠤᠭ᠋ᠠᠷ ᠲᠣᠭ᠋ᠠᠲᠤ)᠂ 《ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠢᠰᠲ᠋ᠧᠮ᠎ᠤᠨ ᠵᠠᠰᠠᠭ᠎ᠤᠨ ᠶᠠᠪᠤᠳᠠᠯ᠎ᠤᠨ ᠮᠣᠩᠭᠣᠯ ᠬᠡᠯᠡᠨ᠎ᠤ ᠰᠦᠯᠵᠢᠶ᠎ᠡ ᠵᠢᠨ ᠴᠤᠭᠯᠠᠷᠠᠯ᠎ᠤᠨ ᠪᠠᠶ᠋ᠢᠭᠤᠯᠤᠯᠲᠠ ᠵᠢᠨ ᠠᠵᠢᠯ᠎ᠤᠨ ᠲᠥᠰᠦᠯ》 (ᠥᠪᠥᠷ ᠵᠠᠰᠠᠭ ᠠᠯᠪᠠᠨ ᠥᠰᠥᠭ [2013] 173 ᠳ᠋ᠤᠭ᠋ᠠᠷ ᠲᠣᠭ᠋ᠠᠲᠤ)᠂ 《ᠪᠥᠬᠥ ᠣᠷᠣᠨ᠎ᠤ ᠵᠠᠰᠠᠭ᠎ᠤᠨ ᠣᠷᠳᠣᠨ᠎ᠤ ᠰᠢᠰᠲ᠋ᠧᠮ᠎ᠤᠨ ᠵᠠᠰᠠᠭ᠎ᠤᠨ ᠶᠠᠪᠤᠳᠠᠯ᠎ᠤᠨ ᠮᠣᠩᠭᠣᠯ ᠬᠡᠯᠡᠨ᠎ᠤ ᠰᠦᠯᠵᠢᠶ᠎ᠡ ᠵᠢᠨ ᠴᠤᠭᠯᠠᠷᠠᠯ᠎ᠤᠨ ᠬᠠᠮᠢᠶᠠᠷᠤᠯᠲᠠ ᠵᠢᠨ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠶ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》 (ᠥᠪᠥᠷ ᠵᠠᠰᠠᠭ ᠠᠯᠪᠠᠨ ᠥᠰᠥᠭ [2019] 52 ᠳ᠋ᠤᠭ᠋ᠠᠷ ᠲᠣᠭ᠋ᠠᠲᠤ) ᠵᠡᠷᠭᠡ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠨᠠᠢ᠌ᠳᠠᠪᠦᠷᠢᠵᠢᠭᠤᠯᠤᠨ ᠲᠤᠭᠤᠰᠢᠯᠠᠭᠤᠯᠵᠦ᠂ ᠮᠠᠨ᠎ᠤ ᠣᠷᠣᠨ᠎ᠤ ᠵᠠᠰᠠᠭ᠎ᠤᠨ ᠣᠷᠳᠣᠨ᠎ᠤ ᠮᠣᠩᠭᠣᠯ ᠬᠡᠯᠡᠨ᠎ᠤ ᠰᠦᠯᠵᠢᠶ᠎ᠡ ᠵᠢᠨ ᠴᠤᠭᠯᠠᠷᠠᠯ᠎ᠤᠨ ᠦᠢ᠍ᠯᠡᠳᠦᠯ᠎ᠢ ᠤᠯᠠᠮ ᠨᠢᠭᠡ ᠠᠯᠬᠤᠮ ᠪᠠᠳᠠᠷᠠᠭᠤᠯᠵᠦ᠂ ᠵᠠᠰᠠᠭ᠎ᠤᠨ ᠶᠠᠪᠤᠳᠠᠯ᠎ᠤᠨ ᠮᠣᠩᠭᠣᠯ ᠬᠡᠯᠡᠨ᠎ᠤ ᠰᠦᠯᠵᠢᠶ᠎ᠡ ᠵᠢᠨ ᠣᠯᠠᠨ ᠲᠦᠮᠡᠨ᠎ᠳᠤ ᠦᠢ᠍ᠯᠡᠴᠢᠯᠡᠬᠦ ᠴᠢᠳᠠᠪᠤᠷᠢ ᠪᠠ ᠬᠢᠷᠢ ᠲᠦᠪᠰᠢᠨ ᠵᠢ ᠲᠡᠭᠡᠭᠰᠢᠯᠡᠭᠦᠯᠵᠦ᠂ ᠬᠡᠷᠡᠭᠯᠡᠭᠴᠢ ᠵᠢᠨ ᠪᠡᠶᠡᠴᠢ ᠣᠶ᠋ᠢᠯᠠᠭ᠋ᠠᠯᠲᠠ ᠵᠢ ᠦᠨᠡᠨᠬᠦ ᠨᠡᠮᠡᠭᠳᠡᠭᠦᠯᠬᠦ ᠵᠢᠨ ᠲᠦᠯᠦᠭᠡ᠂ 2020 ᠣᠨ᠎ᠤ 12 ᠳ᠋ᠤᠭ᠋ᠠᠷ ᠰᠠᠷ᠎ᠠ ᠵᠢᠨ 18᠎ᠤ ᠡᠳᠦᠷ᠂ ᠡᠮᠴᠢᠯᠡᠭᠡ ᠵᠢᠨ ᠪᠠᠲᠤᠯᠠᠭ᠎ᠠ ᠵᠢᠨ ᠲᠣᠪᠴᠢᠶ᠎ᠠ ᠵᠢᠨ ᠮᠣᠩᠭᠣᠯ ᠰᠦᠯᠵᠢᠶ᠎ᠡ (http᠄ / / mgl . nmg . gov . cn / ylbzj) ᠵᠢ ᠰᠦᠯᠵᠢᠶᠡᠨ ᠳᠡᠭᠡᠷ᠎ᠡ ᠲᠤᠷᠰᠢᠨ ᠠᠵᠢᠯᠯᠠᠭᠤᠯᠪᠠ᠃ ᠰᠦᠯᠵᠢᠶ᠎ᠡ ᠵᠢᠨ ᠲᠡᠷᠢᠭᠦᠨ ᠨᠢᠭᠤᠷ᠎ᠨᠢ 《ᠲᠣᠪᠴᠢ ᠠᠪᠰᠠᠷᠬᠠᠨ᠂ ᠪᠣᠳᠠᠲᠤ ᠬᠡᠷᠡᠭᠴᠡᠭᠡ᠎ᠲᠠᠢ᠂ ᠴᠢᠳᠠᠪᠦᠷᠢᠳᠡᠨ ᠵᠶ᠋ᠠᠷ ᠦᠨᠳᠦᠰᠦ ᠪᠣᠯᠭ᠋ᠠᠬᠤ》 ᠣᠨᠴᠠᠯᠢᠭ᠎ᠢ ᠳᠣᠪᠣᠶ᠋ᠢᠯᠭ᠋ᠠᠵᠤ᠂ 《ᠪᠠᠶ᠋ᠢᠭᠤᠯᠤᠮᠵᠢ ᠵᠢᠨ ᠲᠣᠶ᠋ᠢᠮᠣ ᠪᠠᠶ᠋ᠢᠳᠠᠯ᠂ ᠰᠣᠨᠢᠨ ᠮᠡᠳᠡᠭᠡᠨ᠎ᠤ ᠲᠥᠪ᠂ ᠢᠯᠡ ᠵᠠᠰᠠᠭ᠂ ᠦᠢ᠍ᠯᠡᠴᠢᠯᠡᠭᠡ᠂ ᠬᠡᠷᠡᠭᠯᠡᠭᠡ 》 ᠭᠡᠬᠦ ᠲᠠᠪᠤᠨ ᠪᠤᠯᠤᠩ ᠲᠣᠬᠢᠷᠠᠭᠤᠯᠤᠭᠰᠠᠨ ᠪᠥᠭᠡᠳ ᠬᠢᠲᠠᠳ ᠬᠡᠯᠡᠨ᠎ᠤ ᠰᠦᠯᠵᠢᠶ᠎ᠡ᠎ᠳᠤ ᠰᠢᠯᠵᠢᠬᠦ ᠴᠥᠷᠬᠡᠯᠡᠭᠡ ᠲᠠᠭ᠋ᠠᠷᠠᠭᠤᠯᠤᠭᠰᠠᠨ ᠪᠠᠢ᠌ᠨ᠎ᠠ᠂ ᠲᠠ᠎ᠨᠠᠷ᠎ᠤᠨ ᠨᠠᠩ ᠳᠥᠭᠥᠮ ᠳᠥᠲᠡ ᠥᠨᠳᠥᠷ ᠪᠦᠲᠦᠮᠵᠢᠲᠡᠶ ᠰᠤᠷᠪᠤᠯᠵᠢᠯᠠᠭ᠎ᠠ ᠪᠠ ᠪᠡᠶᠡᠴᠢᠯᠡᠨ ᠣᠶ᠋ᠢᠯᠠᠭ᠋ᠠᠬᠤ ᠵᠢ ᠬᠦᠰᠡᠵᠦ ᠪᠠᠶ᠋ᠢᠨ᠎ᠠ᠃
ᠲᠤᠷᠰᠢᠨ ᠠᠵᠢᠯᠯᠠᠭᠤᠯᠬᠤ ᠬᠤᠭᠤᠴᠠᠭ᠋ᠠᠨ᠎ᠳᠤ᠂ ᠮᠣᠩᠭᠣᠯ ᠰᠦᠯᠵᠢᠶ᠎ᠡ᠎ᠳᠤ ᠮᠡᠳᠡᠭᠡ ᠵᠠᠩᠭᠢ ᠵᠢᠨ ᠠᠩᠭᠢᠯᠠᠯ᠎ᠨᠢ ᠣᠨᠣᠪᠴᠢ ᠥᠬᠡᠶ ᠪᠠᠶ᠋ᠢᠵᠤ ᠮᠡᠳᠡᠨ᠎ᠡ᠂ ᠥᠷᠭᠡᠨ ᠣᠯᠠᠨ ᠰᠦᠯᠵᠢᠶᠡᠨ ᠠᠨᠳᠠ᠎ᠠᠴᠠ ᠠᠭᠤᠴᠢᠯᠠᠯ ᠬᠦᠯᠢᠶᠡᠵᠦ ᠪᠠᠶ᠋ᠢᠨ᠎ᠠ᠃ ᠲᠠ᠎ᠨᠠᠷ᠎ᠤᠨ ᠰᠦᠯᠵᠢᠶᠡᠨ᠎ᠤ ᠪᠦᠲᠦᠭᠡᠨ ᠪᠠᠢ᠍ᠭᠤᠯᠤᠯᠲᠠ᠎ᠳᠤ ᠨᠠᠨᠳᠢᠨ ᠰᠠᠨᠠᠭᠤᠯᠭ᠎ᠠ ᠳᠤᠷᠠᠳᠬᠤ ᠵᠢ ᠪᠠᠶᠠᠷᠯᠠᠨ ᠤᠭᠳᠤᠶ᠎ᠠ᠃ ᠲᠠ᠎ᠨᠠᠷ᠎ᠤᠨ ᠰᠠᠨᠠᠭᠤᠯᠭ᠎ᠠ ᠶᠣᠰᠣᠭ᠋ᠠᠷ ᠠᠭᠤᠯᠭ᠎ᠠ ᠵᠢᠨ ᠪᠠᠲᠤᠯᠠᠭ᠎ᠠ ᠵᠢ ᠲᠠᠰᠤᠷᠠᠯᠲᠠ ᠦᠭᠡᠢ ᠴᠢᠩᠭ᠋ᠠᠳᠬᠠᠵᠤ᠂ ᠰᠦᠯᠵᠢᠶᠡᠨ᠎ᠤ ᠠᠵᠢᠯᠠᠭ᠋ᠠᠨᠤ ᠬᠠᠮᠢᠶᠠᠷᠤᠯᠲᠠ ᠵᠢ ᠴᠢᠩᠭ᠋ᠠᠳᠬᠠᠵᠤ᠂ ᠦᠢ᠍ᠯᠡᠴᠢᠯᠡᠭᠡᠨ᠎ᠤ ᠲᠦᠪᠰᠢᠨ ᠵᠶ᠋ᠠᠨ ᠲᠡᠭᠡᠭᠰᠢᠯᠡᠭᠦᠯᠬᠦ ᠶᠤᠮ᠃
ᠮᠠᠨ᠎ᠤ ᠠᠵᠢᠯ᠎ᠳᠤ ᠠᠩᠬᠠᠷᠤᠯ ᠬᠠᠨᠳᠤᠭᠤᠯᠵᠦ ᠲᠡᠮᠵᠢᠯᠭᠡ ᠦᠵᠡᠭᠦᠯᠦᠭᠰᠡᠨ᠎ᠳᠤ ᠪᠠᠶᠠᠷᠯᠠᠯ᠎ᠠ!
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ
2020 ᠣᠨ᠎ᠤ 12 ᠳ᠋ᠤᠭ᠋ᠠᠷ ᠰᠠᠷ᠎ᠠ ᠵᠢᠨ 18᠎ᠤ ᠡᠳᠦᠷ