ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠪᠢᠴᠢᠭ ᠮᠠᠲ᠋ᠧᠷᠢᠶᠠᠯ
ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠴᠡᠭ ᠲᠣᠭᠲᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ 《ᠡᠷᠬᠢᠨ ᠬᠠᠷᠠᠬᠤ》 ᠬᠠᠮᠢᠶ᠎ᠠ ᠪᠥᠬᠥᠶ ᠠᠰᠠᠭᠤᠳᠠᠯ᠎ᠤᠨ ᠰᠦᠪᠡᠭᠴᠢ ᠵᠢ ᠲᠤᠰᠬᠠᠢ ᠴᠡᠭᠴᠡᠯᠡᠬᠦ ᠲᠤᠬᠠᠶ ᠠᠯᠪᠠᠨ ᠨᠡᠢ᠌ᠳᠡᠯᠡᠯ
ᠨᠡᠶ᠋ᠢᠲᠡᠯᠡᠭᠰᠡᠨ ᠴᠠᠭ᠄ 2020-12-30

ᠥᠷᠭᠡᠨ ᠣᠯᠠᠨ ᠬᠣᠲᠠ ᠵᠢᠨ ᠠᠷᠠᠳ᠂ ᠨᠡᠶ᠋ᠢᠭᠡᠮ᠎ᠤᠨ ᠡᠯ᠎ᠡ ᠡᠲᠡᠭᠡᠳ᠄
      ᠣᠶ᠋ᠢᠷ᠎ᠠ᠎ᠳᠤ᠂ ᠰᠣᠨᠢᠨ ᠮᠡᠳᠡᠭᠡᠨ᠎ᠤ ᠵᠠᠭᠤᠴᠢᠯᠠᠭᠤᠷ᠎ᠤᠨ᠎ᠬᠢᠨ ᠠᠨᠾᠦ᠋ᠢ ᠮᠤᠵᠢ ᠵᠢᠨ᠎ᠲᠠᠢ ᠾᠧ ᠰᠢᠶᠠᠨ᠎ᠤ ᠣᠯᠠᠨ ᠡᠮᠨᠡᠯᠭᠡ ᠵᠢᠨ ᠬᠣᠷᠢᠶ᠎ᠠ 《ᠰᠦᠢ᠍ᠳᠭᠡᠯ ᠥᠯᠥ ᠬᠤᠷᠢᠶᠠᠬᠤ》 ᠠᠷᠭ᠎ᠠ ᠵᠠᠮ᠎ᠢ ᠠᠰᠢᠭᠯᠠᠨ ᠡᠪᠡᠳᠴᠢᠨ ᠥᠬᠡᠶ ᠪᠤᠶᠤ ᠬᠥᠩᠭᠡᠨ ᠡᠪᠡᠳᠴᠢᠨ᠎ᠲᠠᠢ ᠨᠠᠰᠤᠲᠠᠨ᠎ᠢ ᠡᠮᠨᠡᠯᠭᠡ᠎ᠳᠤ ᠰᠠᠭᠤᠯᠭ᠋ᠠᠵᠤ᠂ ᠳᠠᠭ᠋ᠠᠳᠬᠠᠯ᠎ᠳᠤ ᠣᠷᠣᠯᠴᠠᠭᠰᠠᠳ ᠡᠪᠡᠳᠴᠢᠨ ᠥᠬᠡᠶ ᠪᠠᠶ᠋ᠢᠭᠰᠠᠨ᠎ᠠᠴᠠ᠎ᠪᠠᠨ 《ᠲᠠᠷᠢᠬᠢᠨ᠎ᠤ ᠲᠦᠭᠵᠢᠷᠡᠯ》 ᠪᠣᠯᠵᠣ᠂ ᠨᠢᠭᠡ ᠵᠢᠯ᠎ᠳᠤ 9 ᠤᠳᠠᠭ᠎ᠠ ᠡᠮᠨᠡᠯᠭᠡ᠎ᠳᠤ ᠰᠠᠭᠤᠵᠤ᠂ ᠲᠤᠰᠬᠠᠶ ᠲᠡᠷᠭᠡ᠎ᠪᠠᠷ ᠲᠤᠰᠴᠤ ᠬᠦᠷᠭᠡᠭᠰᠡᠨ᠂ ᠪᠤᠰᠤᠳ᠎ᠤᠨ ᠨᠡᠷ᠎ᠡ᠎ᠪᠠᠷ ᠡᠮᠨᠡᠯᠭᠡ᠎ᠳᠤ ᠰᠠᠭᠤᠵᠤ᠂ ᠡᠮ ᠡᠮᠨᠡᠯᠭᠡ ᠵᠢᠨ ᠳᠠᠭ᠋ᠠᠳᠬᠠᠯ᠎ᠤᠨ ᠰᠠᠭᠤᠷᠢ ᠮᠥᠩᠭᠥ ᠵᠢ ᠮᠡᠬᠡᠯᠡᠨ ᠠᠪᠤᠭᠰᠠᠨ ᠰᠡᠵᠢᠭᠯᠡᠯᠲᠡᠶ ᠠᠰᠠᠭᠤᠳᠠᠯ᠎ᠤᠨ ᠰᠢᠨᠵᠢ ᠴᠢᠨᠠᠷ᠎ᠨᠢ ᠮᠠᠭᠤ᠂ ᠨᠥᠯᠥᠭᠡ᠎ᠨᠢ ᠲᠤᠶ᠋ᠢᠯ᠎ᠤᠨ ᠮᠠᠭᠤ ᠪᠠᠶ᠋ᠢᠬᠤ ᠵᠢ ᠢᠯᠡᠴᠢᠯᠡᠪᠡ᠃
      ᠰᠠᠭᠤᠷᠢ ᠮᠥᠩᠭᠥ ᠵᠢᠨ ᠠᠮᠤᠷ ᠲᠦᠪᠰᠢᠨ᠎ᠢ ᠬᠠᠮᠠᠭ᠋ᠠᠯᠠᠵᠤ᠂ ᠳᠠᠭ᠋ᠠᠳᠬᠠᠯ᠎ᠢ ᠮᠡᠬᠡᠯᠡᠬᠦ ᠦᠢ᠍ᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠬᠦ ᠵᠢᠨ ᠲᠤᠰᠠᠳᠠ᠂ 《ᠴᠡᠭ ᠲᠣᠭᠲᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ 〈ᠡᠷᠬᠢᠨ ᠬᠠᠷᠠᠬᠤ〉 ᠲᠤᠰᠬᠠᠶ᠋ᠢᠯᠠᠨ ᠵᠠᠰᠠᠬᠤ ᠠᠵᠢᠯ᠎ᠢ ᠥᠷᠨᠢᠭᠦᠯᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠡᠳᠡᠭᠳᠡᠯ》
(ᠥᠪᠥᠷ ᠡᠮᠴᠢᠯᠡᠭᠡ ᠪᠠᠳᠤᠯᠠᠭ᠎ᠠ ᠠᠯᠪᠠᠨ ᠲᠠᠷᠬᠠᠭ᠋ᠠᠭᠰᠠᠨ [2020]  24   ᠳ᠋ᠤᠭᠡᠷ ᠲᠣᠭ᠋ᠠᠲᠤ) ᠪᠢᠴᠢᠭ ᠮᠠᠲ᠋ᠧᠷᠢᠶᠠᠯ᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠳᠠᠭ᠋ᠠᠳᠬᠠᠯ᠎ᠤᠨ ᠬᠠᠮᠢᠶᠠᠷᠤᠯᠲᠠ ᠵᠢᠨ ᠲᠣᠪᠴᠢᠶ᠎ᠠ᠎ᠠᠴᠠ ᠲᠣᠰ ᠡᠳᠦᠷ᠎ᠠᠴᠠ ᠡᠬᠢᠯᠡᠨ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠴᠡᠭ ᠲᠣᠭᠲᠠᠭᠰᠠᠨ ᠡᠮᠴᠢᠯᠡᠭᠡᠨ᠎ᠤ ᠪᠠᠶ᠋ᠢᠭᠤᠯᠤᠮᠵᠢ᠎ᠳᠤ 〈ᠡᠷᠬᠢᠨ ᠬᠠᠷᠠᠬᠤ〉 ᠲᠤᠰᠬᠠᠶ᠋ᠢᠯᠠᠨ ᠵᠠᠰᠠᠬᠤ ᠠᠵᠢᠯ᠎ᠢ ᠥᠷᠨᠢᠭᠦᠯᠵᠦ᠂
《ᠡᠮᠨᠡᠯᠭᠡ᠎ᠳᠤ ᠰᠠᠭᠤᠯᠭ᠋ᠠᠬᠤ ᠵᠢ ᠬᠥᠲᠥᠯᠥᠨ ᠵᠢᠯᠣᠭᠣᠳᠬᠤ》᠂ 《ᠬᠤᠳᠠᠯ ᠬᠠᠭᠤᠷᠮᠠᠭ ᠵᠶ᠋ᠠᠷ ᠡᠮᠨᠡᠯᠭᠡ᠎ᠳᠤ ᠰᠠᠭᠤᠯᠭ᠋ᠠᠬᠤ》 ᠬᠠᠮᠢᠶ᠎ᠠ ᠪᠥᠬᠥᠶ ᠠᠰᠠᠭᠤᠳᠠᠯ᠎ᠢ ᠭᠣᠣᠯᠳᠠᠯᠭ᠎ᠠ᠎ᠲᠠᠢ ᠪᠠᠶ᠋ᠢᠴᠠᠭ᠋ᠠᠬᠤ᠎ᠪᠠᠷ ᠲᠣᠭᠲᠠᠪᠠ᠃
      ᠣᠲᠣ ᠥᠷᠭᠡᠨ ᠣᠯᠠᠨ ᠬᠣᠲᠠ ᠵᠢᠨ ᠠᠷᠠᠳ᠂ ᠨᠡᠶ᠋ᠢᠭᠡᠮ᠎ᠤᠨ ᠡᠯ᠎ᠡ ᠡᠲᠡᠭᠡᠳ᠎ᠠᠴᠠ ᠬᠠᠮᠢᠶ᠎ᠠ ᠪᠥᠬᠥᠶ ᠰᠦᠪᠡᠭᠴᠢ ᠵᠢ ᠥᠷᠭᠡᠨ ᠵᠶ᠋ᠠᠷ ᠴᠤᠭᠯᠠᠭᠤᠯᠵᠤ ᠪᠠᠶ᠋ᠢᠨ᠎ᠠ᠂ ᠡᠭᠦᠨ᠎ᠳᠤ ᠳᠣᠤᠷᠠᠬᠢ ᠠᠭᠤᠯᠭ᠎ᠠ ᠪᠠᠭᠲᠠᠨ᠎ᠠ᠄
      ᠨᠢᠭᠡ᠎ᠳᠤ᠂ ᠡᠮᠨᠡᠯᠭᠡ᠎ᠳᠤ ᠰᠠᠭᠤᠬᠤ ᠵᠢ ᠬᠥᠲᠥᠯᠦᠨ ᠵᠢᠯᠣᠭᠣᠳᠬᠤ᠂ 《ᠢᠳᠡᠬᠦ ᠰᠠᠭᠤᠬᠤ ᠵᠢ ᠳᠠᠭ᠋ᠠᠭ᠋ᠠᠴᠢᠯᠠᠬᠤ᠂ ᠦᠨ᠎ᠡ ᠲᠥᠯᠥᠪᠦᠷᠢ ᠥᠬᠡᠶ᠎ᠪᠠᠷ ᠪᠡᠶ᠎ᠡ ᠵᠢᠨ ᠪᠠᠶ᠋ᠢᠴᠠᠭ᠋ᠠᠯᠲᠠ ᠬᠢᠬᠦ᠂ ᠲᠡᠷᠭᠡ᠎ᠪᠠᠷ ᠲᠤᠰᠴᠤ ᠬᠦᠷᠭᠡᠬᠦ》 ᠵᠡᠷᠭᠡ ᠨᠡᠷ᠎ᠡ ᠵᠢ ᠠᠰᠢᠭᠯᠠᠬᠤ ᠪᠤᠶᠤ
《ᠦᠨ᠎ᠡ ᠲᠥᠯᠥᠪᠦᠷᠢ᠎ᠲᠠᠢ᠎ᠪᠠᠷ ᠲᠠᠨᠢᠯᠴᠠᠭᠤᠯᠬᠤ》 ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠡᠮᠨᠡᠯᠭᠡ᠎ᠳᠤ ᠰᠠᠭᠤᠬᠤ ᠵᠢᠭ᠋ᠠᠯᠲᠠ᠎ᠳᠤ ᠨᠡᠶ᠋ᠢᠴᠡᠬᠦ ᠥᠬᠡᠶ ᠳᠠᠭ᠋ᠠᠳᠬᠠᠯ᠎ᠳᠤ ᠣᠷᠣᠯᠴᠠᠭᠰᠠᠨ ᠣᠯᠠᠨ ᠲᠦᠮᠡᠨ᠎ᠢ ᠥᠳᠥᠭᠡᠨ ᠲᠠᠲᠠᠵᠤ ᠡᠮᠨᠡᠯᠭᠡ᠎ᠳᠤ ᠰᠠᠭᠤᠯᠭ᠋ᠠᠬᠤ ᠵᠡᠷᠭᠡ ᠡᠮ ᠡᠮᠨᠡᠯᠭᠡ ᠵᠢᠨ ᠳᠠᠭ᠋ᠠᠳᠬᠠᠯ᠎ᠤᠨ ᠰᠠᠭᠤᠷᠢ ᠮᠥᠩᠭᠥ ᠵᠢ ᠮᠡᠬᠡᠯᠡᠨ ᠠᠪᠬᠤ ᠦᠢ᠍ᠯᠡ ᠠᠵᠢᠯᠯᠠᠭ᠎ᠠ;  
      ᠬᠣᠶᠠᠷ᠎ᠲᠤ᠂ ᠬᠤᠳᠠᠯ ᠬᠠᠭᠤᠷᠮᠠᠭ ᠵᠶ᠋ᠠᠷ ᠡᠮᠨᠡᠯᠭᠡ᠎ᠳᠤ ᠰᠠᠭᠤᠵᠤ᠂ ᠣᠷᠣ ᠡᠯᠭᠦᠬᠦ᠂ ᠬᠥᠮᠦᠨ᠎ᠤ ᠨᠡᠷ᠎ᠡ᠎ᠪᠠᠷ ᠣᠷᠣᠯᠠᠬᠤ ᠵᠡᠷᠭᠡ ᠠᠷᠭ᠎ᠠ ᠪᠠᠷᠢᠯ᠎ᠢ ᠠᠪᠴᠤ᠂ ᠪᠣᠳᠠᠲᠠᠶ ᠡᠮᠨᠡᠯᠭᠡ᠎ᠳᠤ ᠰᠠᠭᠤᠵᠤ ᠡᠮᠨᠡᠭᠦᠯᠦᠭᠰᠡᠨ ᠥᠬᠡᠶ ᠡᠪᠡᠳᠴᠢᠲᠡᠨ᠎ᠤ ᠣᠨᠣᠰᠢᠯᠠᠨ ᠡᠮᠨᠡᠬᠦ ᠲᠥᠷᠥᠯ ᠵᠦᠢ᠍ᠯ᠎ᠢ ᠵᠣᠬᠢᠶᠠᠬᠤ᠂ ᠡᠮᠴᠢᠯᠡᠭᠡᠨ᠎ᠤ ᠪᠢᠴᠢᠭ ᠮᠠᠲᠸᠷᠢᠶᠠᠯ ᠵᠢ ᠬᠠᠭᠤᠷᠮᠠᠭᠯᠠᠨ ᠵᠣᠬᠢᠶᠠᠬᠤ ᠵᠡᠷᠭᠡ ᠠᠷᠭ᠎ᠠ ᠪᠠᠷᠢᠯ ᠵᠶ᠋ᠠᠷ ᠳᠠᠮᠵᠢᠭᠤᠯᠤᠨ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠥ ᠵᠢ ᠮᠡᠬᠡᠯᠡᠨ ᠠᠪᠤᠭᠰᠠᠨ ᠦᠢ᠍ᠯᠡ ᠠᠵᠢᠯᠯᠠᠭ᠎ᠠ᠃
      ᠢᠯᠡᠴᠢᠯᠡᠨ ᠮᠡᠳᠡᠭᠦᠯᠬᠦ ᠤᠲᠠᠰᠤ᠄ 0471 - 6606230
      ᠵᠠᠬᠢᠳᠠᠯ᠎ᠤᠨ ᠬᠠᠶᠢᠭ᠄ ᠶᠡᠷᠦᠩᠬᠡᠶ᠋ᠢᠯᠡᠭᠰᠡᠨ ᠲᠤᠬᠠᠶ᠋ᠢᠯᠠᠭᠰᠠᠨ ᠠᠵᠢᠯ᠎ᠤᠨ ᠭᠠᠵᠠᠷ
      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠰᠢᠨᠬᠤᠤᠠ ᠶᠡᠬᠡ ᠵᠡᠭᠡᠯᠢ ᠵᠢᠨ 53 ᠳ᠋ᠤᠭ᠋ᠠᠷ ᠨᠣᠮᠧᠷ ᠥᠪᠥᠷ ᠮᠣᠩᠭᠣᠯ᠎ᠤᠨ ᠬᠥᠳᠡᠯᠮᠦᠷᠢ ᠬᠦᠴᠦᠨ᠎ᠤ ᠵᠠᠬ᠎ᠠ ᠳᠡᠯᠭᠡᠭᠦᠷ᠎ᠤᠨ 411 ᠲᠠᠰᠤᠭ  
   
                                  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠵᠢᠨ

                                            ᠳᠠᠭ᠋ᠠᠳᠬᠠᠯ᠎ᠤᠨ ᠬᠠᠮᠢᠶᠠᠷᠤᠯᠲᠠ ᠵᠢᠨ ᠲᠣᠪᠴᠢᠶ᠎ᠠ
                             

                                             2020 ᠣᠨ᠎ᠤ 12 ᠳ᠋ᠤᠭ᠋ᠠᠷ ᠰᠠᠷ᠎ᠠ ᠵᠢᠨ 25᠎ᠤ ᠡᠳᠦᠷ

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠣᠯᠠᠭ᠎ᠠ ᠵᠢᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠪᠦᠰᠡ ᠵᠢᠨ ᠴᠡᠭ᠎ᠤᠨ ᠠᠷᠭ᠎ᠠ ᠵᠢᠨ ᠶᠡᠷᠦᠩᠬᠡᠶ ᠲᠣᠭ᠎ᠠ ᠵᠢᠨ ᠲᠥᠰᠦᠪ ᠪᠠ ᠡᠪᠡᠳᠴᠢᠨ᠎ᠤ ᠲᠥᠷᠥᠯ᠎ᠤᠨ ᠬᠤᠪᠢᠶᠠᠷᠢ ᠥᠷᠲᠡᠭ ᠵᠶ᠋ᠡᠷ ᠵᠠᠷᠤᠳᠠᠯ ᠲᠤᠰᠢᠶᠠᠬᠤ ᠠᠵᠢᠯ᠎ᠤᠨ ᠲᠥᠰᠦᠯ᠎ᠢ ᠳᠠᠷᠤᠮᠠᠯᠯᠠᠨ ᠶᠠᠪᠤᠭᠤᠯᠬᠤ ᠲᠤᠬᠠᠶ ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠤᠨ᠎ᠤ ᠡᠮᠴᠢᠯᠡᠭᠡᠨ ᠎ᠤ ᠪᠠᠲᠤᠯᠠᠭ᠎ᠠ ᠵᠢᠨ ᠲᠣᠪᠴᠢᠶ᠎ᠠ ᠡᠳ᠋᠎ᠤᠨ ᠵᠠᠰᠠᠭ᠎ᠤᠨ ᠲᠢᠩᠬᠢᠮ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠨ ᠮᠡᠳᠡᠭᠳᠡᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠎ᠤᠨ ᠣᠨᠳᠣᠤ ᠭᠠᠵᠠᠷ᠎ᠲᠤ ᠡᠮᠨᠡᠭᠦᠯᠬᠦ ᠬᠠᠮᠢᠶᠠᠷᠤᠯᠲᠠ ᠵᠢᠨ ᠠᠷᠭ᠎ᠠ》 ᠵᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ
ᠡᠮᠴᠢᠯᠡᠭᠡ ᠡᠷᠡᠭᠦᠯ ᠬᠠᠮᠠᠭ᠋ᠠᠯᠠᠯ᠎ᠤᠨ ᠬᠦᠷᠢᠶᠡᠨ᠎ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶ᠋ᠢᠮᠠᠭ ᠬᠤᠲᠠ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠬᠤᠪᠢᠶᠠᠷᠢᠯᠠᠬᠤ ᠥᠭᠡᠷᠡᠴᠢᠯᠡᠯᠲᠡ ᠵᠢᠨ ᠲᠥᠰᠦᠯ᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
《ᠪᠥᠬᠥ ᠬᠣᠲᠠ ᠵᠢᠨ ᠬᠤᠯᠤᠭ᠋ᠠᠨ᠎ᠠ ᠬᠢᠵᠢᠭ᠎ᠢ ᠰᠡᠷᠭᠡᠶ᠋ᠢᠯᠡᠨ ᠡᠵᠡᠮᠳᠡᠬᠦ ᠴᠢᠳᠠᠪᠤᠷᠢ ᠵᠢᠨ ᠪᠠᠶ᠋ᠢᠭᠤᠯᠤᠯᠲᠠ ᠵᠢ ᠴᠢᠩᠭ᠋ᠠᠳᠬᠠᠬᠤ ᠬᠡᠷᠡᠭᠵᠢᠭᠦᠯᠬᠦ ᠲᠥᠰᠦᠯ》᠎ᠢ ᠳᠠᠷᠤᠮᠠᠯᠯᠠᠨ ᠶᠠᠪᠤᠭᠤᠯᠬᠤ ᠲᠤᠬᠠᠶ ᠬᠥᠬᠡᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠬᠡᠷ᠎ᠤᠨ ᠮᠡᠳᠡᠭᠳᠡᠯ
《ᠤᠯᠤᠰ᠎ᠠᠴᠠ ᠵᠤᠬᠢᠶᠠᠨ ᠪᠠᠢ᠌ᠭᠤᠯᠤᠭᠰᠠᠨ ᠲᠢᠲᠢᠮ ᠰᠤᠳᠠᠯ᠎ᠤᠨ ᠲᠤᠯᠤᠭ᠋ᠠᠰᠦ ᠵᠢ ᠲᠥᠪᠯᠡᠷᠡᠭᠦᠯᠦᠨ ᠬᠡᠮᠵᠢᠶ᠎ᠠ᠎ᠲᠠᠢ ᠬᠤᠳᠠᠯᠳᠤᠨ ᠠᠪᠬᠤ ᠪᠠ ᠬᠡᠷᠡᠭᠯᠡᠬᠦ ᠠᠵᠢᠯ᠎ᠢ ᠨᠠᠢ᠌ᠳᠠᠪᠤᠷᠢᠵᠢᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠬᠡᠷᠡᠭᠵᠢᠭᠦᠯᠬᠦ ᠲᠥᠰᠦᠯ》᠎ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ
 
            