ᠥᠪᠥᠷ ᠵᠠᠰᠠᠭ ᠠᠯᠪᠠᠨ ᠲᠠᠷᠬᠠᠭ᠋ᠠᠭᠰᠠᠨ [2020] 32 ᠳ᠋ᠤᠭ᠋ᠠᠷ ᠲᠣᠭ᠋ᠠᠲᠤ
ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
ᠡᠳᠦᠭᠡ 《ᠡᠮᠴᠢᠯᠡᠭᠡ ᠡᠷᠡᠭᠦᠯ ᠬᠠᠮᠠᠭ᠋ᠠᠯᠠᠯ᠎ᠤᠨ ᠬᠦᠷᠢᠶᠡᠨ᠎ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶ᠋ᠢᠮᠠᠭ ᠬᠤᠲᠠ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠬᠤᠪᠢᠶᠠᠷᠢᠯᠠᠬᠤ ᠥᠭᠡᠷᠡᠴᠢᠯᠡᠯᠲᠡ ᠵᠢᠨ ᠲᠥᠰᠦᠯ》 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠦᠷᠢᠶᠡᠨ᠎ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶ᠋ᠢᠮᠠᠭ ᠬᠤᠲᠠ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠬᠤᠪᠢᠶᠠᠷᠢᠯᠠᠬᠤ ᠥᠭᠡᠷᠡᠴᠢᠯᠡᠯᠲᠡ ᠵᠢᠨ ᠲᠥᠰᠦᠯ》 《ᠰᠤᠷᠭ᠋ᠠᠨ ᠬᠥᠮᠦᠵᠢᠯ᠎ᠤᠨ ᠬᠦᠷᠢᠶᠡᠨ᠎ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶ᠋ᠢᠮᠠᠭ ᠬᠤᠲᠠ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠬᠤᠪᠢᠶᠠᠷᠢᠯᠠᠬᠤ ᠥᠭᠡᠷᠡᠴᠢᠯᠡᠯᠲᠡ ᠵᠢᠨ ᠲᠥᠰᠦᠯ》᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ᠎ᠲᠠᠢ᠎ᠪᠠᠨ ᠤᠶᠠᠯᠳᠤᠭᠤᠯᠤᠨ᠂ ᠬᠢᠨᠠᠮᠠᠭ᠋ᠠᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠳᠤᠭ᠋ᠠᠢ᠃
2020 ᠣᠨ᠎ᠤ 9 ᠳ᠋ᠦ᠍ᠭᠡᠷ ᠰᠠᠷ᠎ᠠ ᠵᠢᠨ 30᠎ᠤ ᠡᠳᠦᠷ
(ᠲᠣᠰ ᠪᠢᠴᠢᠭ ᠮᠠᠲ᠋ᠧᠷᠢᠶᠠᠯ᠎ᠢ ᠢᠯᠡ ᠨᠡᠶ᠋ᠢᠲᠡᠯᠡᠨ᠎ᠡ)
ᠡᠮᠴᠢᠯᠡᠭᠡ ᠡᠷᠡᠭᠦᠯ ᠬᠠᠮᠠᠭ᠋ᠠᠯᠠᠯ᠎ᠤᠨ ᠬᠦᠷᠢᠶᠡᠨ᠎ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶ᠋ᠢᠮᠠᠭ ᠬᠤᠲᠠ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠬᠤᠪᠢᠶᠠᠷᠢᠯᠠᠬᠤ ᠥᠭᠡᠷᠡᠴᠢᠯᠡᠯᠲᠡ ᠵᠢᠨ ᠲᠥᠰᠦᠯ
《ᠡᠮᠴᠢᠯᠡᠭᠡ ᠡᠷᠡᠭᠦᠯ ᠬᠠᠮᠠᠭ᠋ᠠᠯᠠᠯ᠎ᠤᠨ ᠬᠦᠷᠢᠶᠡᠨ᠎ᠳᠠᠬᠢ ᠲᠥᠪ ᠪᠠ ᠣᠷᠣᠨ ᠨᠤᠲᠤᠭ᠎ᠤᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠬᠤᠪᠢᠶᠠᠷᠢᠯᠠᠬᠤ ᠥᠭᠡᠷᠡᠴᠢᠯᠡᠯᠲᠡ ᠵᠢᠨ ᠲᠥᠰᠦᠯ᠎ᠢ ᠳᠠᠷᠤᠮᠠᠯᠯᠠᠨ ᠶᠠᠪᠤᠭᠤᠯᠬᠤ ᠲᠤᠬᠠᠶ ᠲᠥᠷᠥ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ᠎ᠤᠨ ᠮᠡᠳᠡᠭᠳᠡᠯ》 (ᠲᠥᠷᠥ ᠠᠯᠪᠠᠨ ᠲᠠᠷᠬᠠᠭ᠋ᠠᠭᠰᠠᠨ[2018]67 ᠳ᠋ᠤᠭ᠋ᠠᠷ ᠲᠣᠭ᠋ᠠᠲᠤ)᠂ 《ᠥᠪᠡᠷᠲᠡᠭᠡᠨ ᠵᠠᠰᠠᠬᠤ ᠣᠷᠣᠨ᠎ᠤ ᠱᠠᠲᠤᠨ᠎ᠠᠴᠠ ᠳᠣᠷᠣᠭᠰᠢᠬᠢ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠬᠤᠪᠢᠶᠠᠷᠢᠯᠠᠬᠤ ᠥᠭᠡᠷᠡᠴᠢᠯᠡᠯᠲᠡ ᠵᠢ ᠠᠬᠢᠭᠤᠯᠬᠤ ᠲᠤᠬᠠᠢ ᠬᠡᠷᠡᠭᠵᠢᠭᠦᠯᠬᠦ ᠲᠥᠰᠦᠯ᠎ᠢ ᠲᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ》 (ᠥᠪᠥᠷ ᠵᠠᠰᠠᠭ ᠲᠠᠷᠬᠠᠭ᠋ᠠᠭᠰᠠᠨ[2018]13 ᠳ᠋ᠤᠭ᠋ᠠᠷ ᠲᠣᠭ᠋ᠠᠲᠤ)᠎ᠤᠨ ᠵᠣᠷᠢᠭ ᠰᠠᠨᠠᠭ᠎ᠠ ᠵᠢ ᠬᠢᠨᠠᠮᠠᠭ᠋ᠠᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢᠨ ᠲᠤᠰᠠᠳᠠ᠂ 《ᠣᠯᠠᠨ ᠨᠡᠶ᠋ᠢᠲᠡ ᠵᠢᠨ ᠦᠨᠳᠦᠰᠦᠨ ᠦᠢ᠍ᠯᠡᠴᠢᠯᠡᠭᠡᠨ᠎ᠤ ᠬᠦᠷᠢᠶᠡᠨ᠎ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶ᠋ᠢᠮᠠᠭ ᠬᠤᠲᠠ ᠵᠢᠨ ᠬᠠᠮᠲᠤ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠬᠤᠪᠢᠶᠠᠷᠢᠯᠠᠬᠤ ᠥᠭᠡᠷᠡᠴᠢᠯᠡᠯᠲᠡ ᠵᠢᠨ ᠬᠡᠷᠡᠭᠵᠢᠭᠦᠯᠬᠦ ᠲᠥᠰᠦᠯ᠎ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ》 (ᠥᠪᠥᠷ ᠵᠠᠰᠠᠭ ᠲᠠᠷᠬᠠᠭ᠋ᠠᠭᠰᠠᠨ[2018]46 ᠳ᠋ᠤᠭ᠋ᠠᠷ ᠲᠣᠭ᠋ᠠᠲᠤ) ᠵᠡᠷᠭᠡ ᠵᠢᠨ ᠱᠠᠭ᠋ᠠᠷᠳᠠᠯᠭ᠎ᠠ᠎ᠲᠠᠢ ᠤᠶᠠᠯᠳᠤᠭᠤᠯᠤᠨ᠂ ᠡᠳᠦᠭᠡ ᠡᠮᠴᠢᠯᠡᠭᠡ ᠡᠷᠡᠭᠦᠯ ᠬᠠᠮᠠᠭ᠋ᠠᠯᠠᠯ᠎ᠤᠨ ᠬᠦᠷᠢᠶᠡᠨ᠎ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶ᠋ᠢᠮᠠᠭ ᠬᠤᠲᠠ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠬᠤᠪᠢᠶᠠᠷᠢᠯᠠᠬᠤ ᠥᠭᠡᠷᠡᠴᠢᠯᠡᠯᠲᠡ᠎ᠳᠤ ᠳᠣᠤᠷᠠᠬᠢ ᠮᠡᠲᠦ ᠲᠥᠰᠦᠯ᠎ᠢ ᠲᠣᠭᠲᠠᠭ᠋ᠠᠪᠠ᠃
ᠨᠢᠭᠡ᠂ ᠶᠡᠷᠦᠩᠬᠡᠶ ᠱᠠᠭ᠋ᠠᠷᠳᠠᠯᠭ᠎ᠠ
ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠣᠯᠭ᠎ᠠ ᠪᠣᠯᠭ᠋ᠠᠵᠤ᠂ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠤᠷᠢᠶᠠᠨ᠎ᠤ ᠬᠤᠶᠠᠳᠤᠭ᠋ᠠᠷ᠂ ᠭᠤᠷᠪᠠᠳᠤᠭ᠋ᠠᠷ᠂ ᠳᠥᠷᠪᠡᠳᠦᠭᠡᠷ ᠪᠥᠬᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ᠂ ᠣᠳᠣ ᠦᠶ᠎ᠡ ᠵᠢᠨ ᠡᠳ᠋᠎ᠤᠨ ᠵᠠᠰᠠᠭ᠎ᠤᠨ ᠳᠦᠷᠢᠮ᠎ᠢ ᠲᠦᠷᠭᠡᠳᠬᠡᠨ ᠪᠠᠶ᠋ᠢᠭᠤᠯᠬᠤ ᠵᠢ ᠪᠠᠷᠢᠮᠲᠠᠯᠠᠵᠤ᠂ ᠠᠷᠠᠳ ᠲᠦᠮᠡᠨ᠎ᠤ ᠡᠷᠡᠭᠦᠯ ᠮᠡᠨᠳᠦ ᠵᠢ ᠡᠩ ᠲᠡᠷᠢᠭᠦᠨ᠎ᠳᠤ ᠬᠥᠭᠵᠢᠭᠦᠯᠬᠦ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢᠨ᠎ᠳᠤ ᠲᠠᠯᠪᠢᠬᠤ ᠵᠢ ᠪᠠᠷᠢᠮᠲᠠᠯᠠᠨ᠂ ᠡᠷᠡᠭᠦᠯ ᠡᠩᠬᠡ ᠳᠤᠮᠳᠠᠳᠤ ᠤᠯᠤᠰ᠎ᠤᠨ ᠪᠠᠶ᠋ᠢᠯᠳᠤᠬᠤ ᠪᠣᠳᠣᠯᠭ᠎ᠠ᠂ 《〈ᠡᠷᠡᠭᠦᠯ ᠡᠩᠬᠡ ᠥᠪᠥᠷ ᠮᠣᠩᠭᠤᠯ᠎ᠤᠨ ᠪᠦᠲᠦᠭᠡᠨ ᠪᠠᠶ᠋ᠢᠭᠤᠯᠤᠯᠲᠠ 2030〉 ᠵᠢᠨ ᠬᠡᠷᠡᠭᠵᠢᠭᠦᠯᠬᠦ ᠲᠥᠰᠦᠯ》 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠮᠣᠩᠭᠤᠯ ᠡᠮ ᠡᠮᠨᠡᠯᠭᠡ ᠵᠢ ᠬᠥᠭᠵᠢᠭᠦᠯᠦᠨ ᠮᠠᠨᠳᠤᠭᠤᠯᠬᠤ ᠠᠵᠢᠯᠯᠠᠭ᠋ᠠᠨ᠎ᠤ ᠲᠥᠯᠥᠪᠯᠡᠭᠡ (2017 — 2025 ᠣᠨ)》 ᠬᠡᠷᠡᠭᠵᠢᠭᠦᠯᠬᠦ ᠵᠢ ᠬᠦᠴᠦᠲᠡᠢ ᠳᠡᠮᠵᠢᠵᠦ᠂ ᠲᠥᠪ᠎ᠤᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠬᠤᠪᠢᠶᠠᠷᠢᠯᠠᠬᠤ ᠶᠡᠷᠦᠩᠬᠡᠶ ᠪᠠᠶ᠋ᠢᠷᠢᠯᠠᠭᠤᠯᠤᠯᠲᠠ ᠵᠢᠨ ᠶᠣᠰᠣᠭ᠋ᠠᠷ᠂ ᠡᠮᠴᠢᠯᠡᠭᠡ ᠡᠷᠡᠭᠦᠯ ᠬᠠᠮᠠᠭ᠋ᠠᠯᠠᠯ᠎ᠤᠨ ᠬᠦᠷᠢᠶᠡᠨ᠎ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶ᠋ᠢᠮᠠᠭ ᠬᠤᠲᠠ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠬᠤᠪᠢᠶᠠᠷᠢᠯᠠᠬᠤ ᠥᠭᠡᠷᠡᠴᠢᠯᠡᠯᠲᠡ᠎ᠪᠠᠨ ᠢᠳᠡᠪᠬᠢᠲᠡᠢ ᠯᠠᠪᠳᠠᠭᠤᠨ ᠵᠶ᠋ᠠᠷ ᠠᠬᠢᠭᠤᠯᠵᠤ᠂ ᠦᠷᠭᠦᠯᠵᠢᠯᠡᠬᠦ ᠡᠳ᠋᠎ᠤᠨ ᠵᠠᠰᠠᠭ᠎ᠤᠨ ᠣᠷᠣᠭᠤᠯᠤᠯᠲᠠ ᠵᠢᠨ ᠪᠠᠲᠤᠯᠠᠭ᠎ᠠ ᠵᠢᠨ ᠲᠣᠭᠲᠠᠴᠠ ᠵᠢ ᠪᠠᠶ᠋ᠢᠭᠤᠯᠬᠤ ᠵᠢᠨ ᠬᠠᠮᠲᠤ ᠲᠣᠭᠲᠠᠭᠤᠨ ᠵᠶ᠋ᠠᠷ ᠶᠠᠪᠤᠭᠳᠠᠬᠤ ᠵᠢ᠎ᠨᠢ ᠠᠬᠢᠭᠤᠯᠤᠨ᠎ᠠ᠃ ᠥᠭᠡᠷᠡᠴᠢᠯᠡᠯᠲᠡ᠎ᠪᠠᠷ ᠳᠠᠮᠵᠢᠭᠤᠯᠵᠤ᠂ ᠲᠥᠪ᠎ᠠᠴᠠ ᠤᠳᠤᠷᠢᠳᠤᠭᠰᠠᠨ᠂ ᠡᠷᠬᠡ ᠬᠠᠷᠢᠭᠤᠴᠠᠯᠭ᠎ᠠ᠎ᠨᠢ ᠲᠣᠳᠣᠷᠬᠠᠶ᠂ ᠬᠠᠤᠯᠢ ᠶᠣᠰᠣᠭ᠋ᠠᠷ ᠵᠢᠷᠤᠮᠵᠢᠭᠤᠯᠤᠭᠰᠠᠨ᠂ ᠠᠵᠢᠯᠯᠠᠭ᠋ᠠᠨ᠎ᠨᠢ ᠥᠨᠳᠥᠷ ᠦᠷ᠎ᠡ ᠪᠦᠲᠦᠮᠵᠢᠲᠡᠶ ᠡᠮᠴᠢᠯᠡᠭᠡ ᠡᠷᠡᠭᠦᠯ ᠬᠠᠮᠠᠭ᠋ᠠᠯᠠᠯ᠎ᠤᠨ ᠬᠦᠷᠢᠶᠡᠨ᠎ᠳᠠᠬᠢ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠬᠤᠪᠢᠶᠠᠷᠢᠯᠠᠬᠤ ᠵᠠᠭᠪᠤᠷ᠎ᠢ ᠪᠦᠷᠢᠯᠳᠦᠭᠦᠯᠵᠦ᠂ ᠪᠦᠬᠦ ᠣᠷᠣᠨ᠎ᠤ ᠦᠨᠳᠦᠰᠦᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠬᠠᠩᠭ᠋ᠠᠯᠭ᠎ᠠ ᠵᠢᠨ ᠦᠷ᠎ᠡ ᠪᠦᠲᠦᠮᠵᠢ ᠪᠠ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃
ᠬᠤᠶᠠᠷ᠂ ᠦᠨᠳᠦᠰᠦᠨ ᠵᠠᠷᠴᠢᠮ
— ᠵᠠᠰᠠᠭ᠎ᠤᠨ ᠣᠷᠳᠣᠨ ᠵᠶ᠋ᠠᠷ ᠭᠤᠤᠯᠯᠠᠭᠤᠯᠬᠤ ᠵᠢ ᠪᠠᠷᠢᠮᠲᠠᠯᠠᠵᠤ᠂ ᠬᠥᠮᠦᠨ ᠪᠦᠬᠦᠨ᠎ᠤ ᠡᠷᠬᠡ ᠲᠡᠭᠰᠢ᠎ᠪᠠᠷ ᠬᠦᠷᠲᠡᠬᠦ ᠵᠢ ᠠᠬᠢᠭᠤᠯᠤᠨ᠎ᠠ᠃ ᠵᠠᠰᠠᠭ᠎ᠤᠨ ᠣᠷᠳᠣᠨ᠂ ᠨᠡᠶ᠋ᠢᠭᠡᠮ ᠪᠠ ᠬᠤᠪᠢ ᠬᠥᠮᠦᠨ᠎ᠤ ᠣᠷᠣᠭᠤᠯᠤᠯᠲᠠ ᠵᠢᠨ ᠬᠠᠷᠢᠭᠤᠴᠠᠯᠭ᠎ᠠ ᠵᠢ ᠰᠢᠨᠵᠢᠯᠡᠬᠦ ᠤᠬᠠᠭ᠋ᠠᠨᠴᠢ᠎ᠪᠠᠷ ᠵᠠᠭ᠋ᠠᠭᠯᠠᠨ ᠲᠣᠭᠲᠠᠭ᠋ᠠᠵᠤ᠂ ᠦᠨᠳᠦᠰᠦᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡ ᠬᠠᠩᠭ᠋ᠠᠬᠤ ᠠᠵᠢᠯ᠎ᠳᠠᠬᠢ ᠵᠠᠰᠠᠭ᠎ᠤᠨ ᠣᠷᠳᠣᠨ᠎ᠤ ᠭᠤᠣᠯᠯᠠᠬᠤ ᠪᠠᠶ᠋ᠢᠷᠢ ᠰᠠᠭᠤᠷᠢ ᠵᠢ ᠪᠠᠷᠢᠮᠲᠠᠯᠠᠵᠤ᠂ ᠵᠠᠰᠠᠭ᠎ᠤᠨ ᠣᠷᠳᠣᠨ᠎ᠠᠴᠠ ᠡᠷᠡᠭᠦᠯ ᠬᠠᠮᠠᠭ᠋ᠠᠯᠠᠯ᠎ᠤᠨ ᠲᠠᠯ᠎ᠠ᠎ᠳᠤ ᠣᠷᠣᠭᠤᠯᠤᠯᠲᠠ ᠬᠢᠬᠦ ᠲᠣᠭᠲᠠᠴᠠ ᠵᠢ ᠲᠡᠭᠦᠯᠳᠡᠷᠵᠢᠭᠦᠯᠬᠦ ᠵᠢᠨ ᠬᠠᠮᠲᠤ ᠣᠷᠣᠭᠤᠯᠤᠯᠲᠠ ᠵᠢ᠎ᠨᠢ ᠠᠯᠬᠤᠮ ᠠᠯᠬᠤᠮ ᠵᠶ᠋ᠠᠷ ᠨᠡᠮᠡᠭᠳᠡᠭᠦᠯᠦᠨ᠎ᠡ᠃ ᠵᠠᠰᠠᠭ᠎ᠤᠨ ᠣᠷᠳᠣᠨ ᠵᠶ᠋ᠠᠷ ᠭᠤᠤᠯᠯᠠᠭᠤᠯᠬᠤ ᠵᠢ ᠪᠠᠷᠢᠮᠲᠠᠯᠠᠬᠤ ᠪᠠ ᠵᠠᠬ᠎ᠠ ᠳᠡᠯᠭᠡᠭᠦᠷ᠎ᠤᠨ ᠲᠣᠭᠲᠠᠴᠠ ᠵᠢᠨ ᠦᠢ᠍ᠯᠡᠳᠦᠯ᠎ᠢ ᠪᠠᠳᠠᠷᠠᠭᠤᠯᠬᠤ᠎ᠪᠠᠨ ᠤᠶᠠᠯᠳᠤᠭᠤᠯᠵᠤ᠂ ᠵᠠᠰᠠᠭ᠎ᠤᠨ ᠣᠷᠳᠣᠨ ᠦᠢ᠍ᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠵᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠬᠦᠷᠢᠶᠡᠨ᠎ᠳᠠᠬᠢ ᠣᠷᠣᠭᠤᠯᠤᠯᠲᠠ ᠵᠢᠨ ᠦᠷ᠎ᠡ ᠠᠰᠢᠭ᠎ᠢ ᠳᠡᠭᠡᠭᠰᠢᠯᠡᠭᠦᠯᠬᠦ ᠵᠢ᠎ᠨᠢ ᠵᠣᠷᠢᠭᠵᠢᠭᠤᠯᠤᠨ᠎ᠠ᠃
— ᠵᠢᠮ᠎ᠡ ᠶᠣᠰᠣ ᠵᠢ᠎ᠨᠢ ᠵᠢᠷᠤᠮᠯᠠᠬᠤ ᠵᠢ ᠪᠠᠷᠢᠮᠲᠠᠯᠠᠵᠤ᠂ ᠡᠷᠬᠡ ᠪᠠ ᠬᠠᠷᠢᠭᠤᠴᠠᠯᠭ᠎ᠠ᠎ᠪᠠᠨ ᠵᠤᠬᠢᠴᠠᠯᠳᠤᠭᠤᠯᠤᠨ ᠨᠢᠭᠡᠳᠬᠡᠬᠦ ᠵᠢ ᠪᠡᠶᠡᠯᠡᠭᠦᠯᠦᠨ᠎ᠡ᠃ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠬᠤᠪᠢᠶᠠᠷᠢᠯᠠᠬᠤ ᠡᠩ᠎ᠤᠨ ᠵᠢᠮ᠎ᠡ ᠶᠣᠰᠣ ᠵᠢ ᠵᠢᠷᠤᠮᠯᠠᠵᠤ᠂ ᠡᠮᠴᠢᠯᠡᠭᠡ ᠡᠷᠡᠭᠦᠯ ᠬᠠᠮᠠᠭ᠋ᠠᠯᠠᠯ᠎ᠤᠨ ᠬᠦᠷᠢᠶᠡᠨ᠎ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶ᠋ᠢᠮᠠᠭ ᠬᠤᠲᠠ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠰᠢᠨᠵᠢᠯᠡᠬᠦ ᠤᠬᠠᠭ᠋ᠠᠨᠴᠢ᠎ᠪᠠᠷ ᠬᠤᠪᠢᠶᠠᠷᠢᠯᠠᠵᠤ᠂ ᠥᠪᠡᠷᠲᠡᠭᠡᠨ ᠵᠠᠰᠠᠬᠤ ᠣᠷᠣᠨ ᠬᠢᠭᠡᠳ ᠠᠶ᠋ᠢᠮᠠᠭ ᠬᠤᠲᠠ ᠵᠢᠨ ᠬᠤᠪᠢᠳᠠᠨ ᠡᠭᠦᠷᠭᠡᠯᠡᠬᠦ ᠬᠠᠷᠢᠴᠠᠯ᠎ᠢ ᠤᠯᠠᠮ ᠨᠢᠭᠡ ᠠᠯᠬᠤᠮ ᠲᠣᠳᠣᠷᠬᠠᠢ ᠲᠣᠭᠲᠠᠭ᠋ᠠᠨ᠂ ᠡᠯ᠎ᠡ ᠱᠠᠲᠤᠨ᠎ᠤ ᠵᠠᠷᠤᠯᠭ᠎ᠠ ᠵᠢᠨ ᠬᠠᠷᠢᠭᠤᠴᠠᠯᠭ᠎ᠠ ᠵᠢ ᠰᠢᠯᠤᠭᠤᠳᠬᠠᠵᠤ᠂ ᠡᠯ᠎ᠡ ᠱᠠᠲᠤᠨ᠎ᠤ ᠵᠠᠰᠠᠭ᠎ᠤᠨ ᠣᠷᠳᠣᠨ᠎ᠤ ᠬᠤᠭᠤᠷᠣᠨᠳᠣᠬᠢ ᠡᠷᠬᠡ᠂ ᠬᠠᠷᠢᠭᠤᠴᠠᠯᠭ᠎ᠠ᠂ ᠠᠰᠢᠭ᠎ᠤᠨ ᠵᠣᠬᠢᠴᠠᠯᠳᠤᠩᠭᠤᠢ ᠪᠠᠶ᠋ᠢᠬᠤ ᠵᠢ ᠪᠡᠶᠡᠯᠡᠭᠦᠯᠦᠨ᠎ᠡ᠃
— ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠨᠢᠭᠡᠳᠦᠯᠲᠡᠶ ᠲᠥᠯᠥᠪᠯᠡᠨ ᠨᠡᠶ᠋ᠢᠲᠡᠳᠤᠨᠢ ᠬᠠᠷᠠᠭ᠋ᠠᠯᠵᠠᠵᠤ ᠭᠤᠤᠯᠳᠠᠯᠭ᠎ᠠ ᠵᠢ᠎ᠨᠢ ᠳᠣᠪᠤᠶ᠋ᠢᠯᠭ᠋ᠠᠨ᠎ᠠ᠃ ᠡᠮᠴᠢᠯᠡᠭᠡ ᠡᠷᠡᠭᠦᠯ ᠬᠠᠮᠠᠭ᠋ᠠᠯᠠᠯ᠎ᠤᠨ ᠬᠦᠷᠢᠶᠡᠨ᠎ᠳᠠᠬᠢ ᠭᠤᠣᠯᠳᠠᠯᠭ᠎ᠠ᠎ᠲᠠᠢ ᠬᠦᠴᠢᠷ ᠠᠰᠠᠭᠤᠳᠠᠯ ᠪᠠ ᠳᠤᠪᠤᠶ᠋ᠢᠮ᠎ᠠ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠡᠳ᠋᠎ᠤᠨ ᠵᠠᠰᠠᠭ᠎ᠤᠨ ᠡᠷᠬᠡ ᠬᠠᠷᠢᠭᠤᠴᠠᠯᠭ᠎ᠠ ᠵᠢᠨ ᠬᠤᠪᠢᠶᠠᠷᠢᠯᠠᠯ᠎ᠢ ᠨᠡᠶ᠋ᠢᠳᠡᠮ ᠬᠠᠮᠤᠷᠠᠭᠤᠯᠬᠤ ᠵᠢ ᠪᠠᠷᠢᠮᠲᠠᠯᠠᠨ᠂ ᠬᠤᠪᠢᠶᠠᠷᠢᠯᠠᠬᠤ ᠰᠢᠰᠲ᠋ᠧᠮᠵᠢ ᠵᠢᠨ ᠪᠦᠷᠢᠨ ᠪᠦᠲᠦᠨ ᠴᠢᠨᠠᠷ᠎ᠢ ᠳᠡᠭᠡᠭᠰᠢᠯᠡᠭᠦᠯᠦᠨ᠎ᠡ; ᠡᠯ᠎ᠡ ᠵᠦᠢ᠍ᠯ᠎ᠤᠨ ᠤᠯᠠᠨ ᠨᠡᠶ᠋ᠢᠲᠡ ᠵᠢᠨ ᠦᠨᠳᠦᠰᠦᠨ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠰᠢᠨᠵᠢ ᠴᠢᠨᠠᠷ ᠪᠠ ᠣᠨᠴᠠᠯᠢᠭ᠎ᠢ ᠭᠦᠨᠵᠡᠭᠡᠶ ᠵᠠᠳᠠᠯᠵᠤ᠂ ᠬᠤᠪᠢᠶᠠᠷᠢᠯᠠᠬᠤ ᠰᠢᠰᠲ᠋ᠧᠮᠵᠢ ᠵᠢᠨ ᠰᠢᠨᠵᠢᠯᠡᠬᠦ ᠤᠬᠠᠭ᠋ᠠᠨᠴᠢ ᠴᠢᠨᠠᠷ᠎ᠢ ᠳᠡᠭᠡᠭᠰᠢᠯᠡᠭᠦᠯᠦᠨ᠎ᠡ; ᠥᠪᠡᠷᠲᠡᠭᠡᠨ ᠵᠠᠰᠠᠬᠤ ᠣᠷᠣᠨ ᠬᠢᠭᠡᠳ ᠠᠶ᠋ᠢᠮᠠᠭ ᠬᠤᠲᠠ ᠵᠢᠨ ᠵᠠᠷᠤᠯᠭ᠎ᠠ ᠵᠢᠨ ᠬᠠᠷᠢᠭᠤᠴᠠᠯᠭ᠎ᠠ ᠵᠢᠨ ᠬᠤᠪᠢᠳᠠᠨ ᠡᠭᠦᠷᠭᠡᠯᠡᠬᠦ ᠠᠷᠭ᠎ᠠ ᠬᠡᠯᠪᠡᠷᠢ ᠵᠢ ᠵᠣᠬᠢᠰᠲᠠᠶ ᠲᠣᠭᠲᠠᠭ᠋ᠠᠵᠤ᠂ ᠬᠤᠪᠢᠶᠠᠷᠢᠯᠠᠬᠤ ᠰᠢᠰᠲ᠋ᠧᠮᠵᠢ ᠵᠢᠨ ᠵᠢᠷᠤᠮᠵᠢᠯᠠᠬᠤ ᠴᠢᠨᠠᠷ᠎ᠢ ᠳᠡᠭᠡᠭᠰᠢᠯᠡᠭᠦᠯᠦᠨ᠎ᠡ; ᠲᠥᠷᠥᠯ ᠵᠦᠢ᠍ᠯ᠎ᠤᠨ ᠪᠡᠯᠡ ᠮᠥᠩᠭᠦ ᠵᠢ ᠰᠢᠯᠢᠳᠡᠭᠵᠢᠭᠦᠯᠦᠨ ᠡᠮᠬᠢᠯᠡᠨ ᠨᠡᠶ᠋ᠢᠯᠡᠭᠦᠯᠬᠦ᠎ᠪᠠᠨ ᠨᠢᠭᠡᠳᠦᠯᠲᠡᠶ ᠲᠥᠯᠥᠪᠯᠡᠨ ᠠᠬᠢᠭᠤᠯᠵᠤ᠂ ᠡᠳ᠋᠎ᠤᠨ ᠵᠠᠰᠠᠭ᠎ᠤᠨ ᠪᠡᠯᠡ ᠮᠥᠩᠭᠦ ᠵᠢ ᠬᠡᠷᠡᠭᠯᠡᠬᠦ ᠦᠷ᠎ᠡ ᠠᠰᠢᠭ᠎ᠢ᠎ᠨᠢ ᠳᠡᠭᠡᠭᠰᠢᠯᠡᠭᠦᠯᠦᠨ᠎ᠡ᠃
— ᠢᠳᠡᠪᠬᠢᠲᠡᠢ ᠪᠥᠭᠡᠳ ᠲᠣᠭᠲᠠᠭᠤᠨ ᠪᠠᠶ᠋ᠢᠯᠭ᠋ᠠᠬᠤ ᠵᠢ ᠪᠠᠷᠢᠮᠲᠠᠯᠠᠵᠤ᠂ ᠲᠦᠷᠦᠯ ᠬᠤᠪᠢᠶᠠᠨ ᠪᠤᠳᠤᠯᠭ᠎ᠠ ᠬᠡᠷᠡᠭᠵᠢᠭᠦᠯᠬᠦ ᠵᠢ ᠯᠠᠪᠳᠠᠭᠤᠨ ᠪᠠᠲᠤᠲᠠᠢ ᠠᠬᠢᠭᠤᠯᠤᠨ᠎ᠠ᠃ ᠮᠠᠨ᠎ᠤ ᠣᠷᠣᠨ᠎ᠤ ᠣᠳᠣ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢᠨ ᠪᠣᠷᠣ ᠲᠥᠯᠥᠪ ᠶᠡᠷᠦᠩᠬᠡᠶ᠎ᠳᠤ᠎ᠪᠠᠨ ᠲᠣᠭᠲᠠᠭᠤᠨ ᠪᠠᠶ᠋ᠢᠬᠤ ᠵᠢ ᠪᠠᠲᠤᠯᠠᠵᠤ᠂ ᠢᠳᠡᠪᠬᠢᠲᠡᠶ ᠪᠥᠭᠡᠳ ᠲᠣᠭᠲᠠᠭᠤᠨ ᠪᠠᠶ᠋ᠢᠯᠭ᠋ᠠᠵᠤ᠂ ᠨᠠᠷᠢᠯᠢᠭ ᠣᠨᠣᠴᠠᠲᠠᠶ᠎ᠪᠠᠷ ᠲᠦᠷᠦᠯ ᠬᠤᠪᠢᠶᠠᠨ᠂ ᠲᠥᠪ᠎ᠠᠴᠠ ᠲᠣᠳᠣᠷᠬᠠᠶ ᠲᠣᠭᠲᠠᠭ᠋ᠠᠭᠰᠠᠨ ᠠᠵᠢᠯ ᠶᠠᠪᠤᠳᠠᠯ᠎ᠤᠨ ᠡᠷᠬᠡ ᠵᠢ ᠡᠷᠡᠰ ᠲᠤᠭᠤᠰᠢᠯᠠᠭᠤᠯᠤᠨ᠎ᠠ; ᠣᠲᠣ ᠵᠢᠨ ᠬᠡᠷᠡᠭᠵᠢᠭᠦᠯᠵᠦ ᠪᠠᠶ᠋ᠢᠭ᠎ᠠ ᠬᠤᠪᠢᠶᠠᠷᠢᠯᠠᠯᠲᠠ᠎ᠨᠢ ᠨᠡᠯᠢᠶᠡᠳ ᠰᠢᠨᠵᠢᠯᠡᠬᠦ ᠤᠬᠠᠭ᠋ᠠᠨᠴᠢ ᠪᠥᠭᠡᠳ ᠵᠣᠬᠢᠰᠲᠠᠶ ᠪᠠᠶ᠋ᠢᠭ᠎ᠠ ᠵᠦᠢ᠍ᠯᠡᠰ᠎ᠢ ᠨᠤᠲᠠᠯᠠᠨ ᠲᠣᠭᠲᠠᠭ᠋ᠠᠨ᠎ᠠ; ᠣᠲᠣ ᠵᠢᠨ ᠬᠡᠷᠡᠭᠵᠢᠭᠦᠯᠵᠦ ᠪᠠᠶ᠋ᠢᠭ᠎ᠠ ᠬᠤᠪᠢᠶᠠᠷᠢᠯᠠᠯᠲᠠ᠎ᠨᠢ ᠰᠢᠨᠵᠢᠯᠡᠬᠦ ᠤᠬᠠᠭ᠋ᠠᠨᠴᠢ ᠪᠤᠰᠤ ᠪᠣᠯᠪᠠᠴᠤ ᠥᠭᠡᠷᠡᠴᠢᠯᠡᠯᠲᠡ ᠬᠢᠬᠦ ᠨᠥᠬᠦᠴᠡᠯ᠎ᠨᠢ ᠪᠦᠷᠢᠯᠳᠦᠭᠰᠡᠨ ᠵᠦᠢ᠍ᠯᠡᠰ᠎ᠲᠤ ᠲᠣᠬᠢᠷᠠᠭᠤᠯᠤᠯᠲᠠ ᠬᠢᠨ᠎ᠡ; ᠥᠭᠡᠷᠡᠴᠢᠯᠡᠯᠲᠡ ᠬᠢᠬᠦ ᠨᠥᠬᠦᠴᠡᠯ᠎ᠨᠢ ᠬᠠᠷᠠᠬᠠᠨ ᠪᠦᠷᠢᠯᠳᠦᠭᠡᠳᠦᠶ ᠵᠦᠢ᠍ᠯᠡᠰ᠎ᠲᠤ᠂ ᠣᠲᠣ ᠵᠢᠨ ᠬᠡᠷᠡᠭᠵᠢᠭᠦᠯᠵᠦ ᠪᠠᠶ᠋ᠢᠭ᠎ᠠ ᠬᠤᠪᠢᠶᠠᠷᠢᠯᠠᠯᠲᠠ ᠵᠢᠨ ᠪᠠᠶ᠋ᠢᠳᠠᠯ᠎ᠢ᠎ᠨᠢ ᠲᠦᠷ ᠦᠷᠭᠦᠯᠵᠢᠯᠡᠭᠦᠯᠬᠦ ᠵᠢᠨ ᠬᠠᠮᠲᠤ᠂ ᠬᠠᠮᠢᠶ᠎ᠠ ᠪᠥᠬᠦᠶ ᠬᠦᠷᠢᠶᠡᠨ᠎ᠳᠠᠬᠢ ᠪᠠᠶ᠋ᠢᠭᠤᠯᠤᠯ ᠲᠣᠭᠲᠠᠴᠠ ᠵᠢᠨ ᠥᠭᠡᠷᠡᠴᠢᠯᠡᠯᠲᠡ ᠵᠢᠨ ᠠᠬᠢᠴᠠ ᠵᠢᠨ ᠪᠠᠶ᠋ᠢᠳᠠᠯ᠎ᠢ ᠦᠨᠳᠦᠰᠦᠯᠡᠨ ᠴᠠᠭ ᠲᠤᠬᠠᠶ᠎ᠳᠤᠨᠢ ᠵᠣᠬᠢᠬᠤ ᠲᠣᠬᠢᠷᠠᠭᠤᠯᠤᠯᠲᠠ ᠬᠢᠨ᠎ᠠ᠃
ᠭᠤᠷᠪᠠ᠂ ᠭᠤᠤᠯ ᠠᠭᠤᠯᠭ᠎ᠠ
ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠂ ᠡᠮᠴᠢᠯᠡᠭᠡᠨ᠎ᠤ ᠪᠠᠲᠤᠯᠠᠭ᠎ᠠ᠂ ᠲᠥᠯᠥᠪᠯᠡᠭᠡᠲᠦ ᠦᠷᠡᠵᠢᠯ᠂ ᠴᠢᠳᠠᠪᠤᠷᠢ ᠵᠢᠨ ᠪᠠᠶ᠋ᠢᠭᠤᠯᠤᠯᠲᠠ ᠵᠡᠷᠭᠡ ᠳᠥᠷᠪᠡᠨ ᠲᠠᠯ᠎ᠠ᠎ᠪᠠᠷ ᠥᠪᠡᠷᠲᠡᠭᠡᠨ ᠵᠠᠰᠠᠬᠤ ᠣᠷᠣᠨ ᠬᠢᠭᠡᠳ ᠠᠶ᠋ᠢᠮᠠᠭ ᠬᠤᠲᠠ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠬᠤᠪᠢᠶᠠᠷᠢᠯᠠᠨ᠎ᠠ᠃
(ᠨᠢᠭᠡ) ᠤᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠲᠠᠯ᠎ᠠ᠎ᠳᠤ᠃ ᠡᠭᠦᠨ᠎ᠳᠤ ᠤᠯᠠᠨ ᠨᠡᠶ᠋ᠢᠲᠡ ᠵᠢᠨ ᠦᠨᠳᠦᠰᠦᠨ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡ ᠪᠠ ᠤᠯᠠᠨ ᠨᠡᠶ᠋ᠢᠲᠡ ᠵᠢᠨ ᠭᠦᠨ᠎ᠳᠦ ᠬᠡᠴᠡᠬᠦᠦ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡ ᠪᠠᠭᠲᠠᠨ᠎ᠠ᠃
1. ᠤᠯᠠᠨ ᠨᠡᠶ᠋ᠢᠲᠡ ᠵᠢᠨ ᠦᠨᠳᠦᠰᠦᠨ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡ᠃ ᠡᠭᠦᠨ᠎ᠳᠤ ᠡᠷᠡᠭᠦᠯ ᠮᠡᠨᠳᠦ ᠵᠢᠨ ᠬᠥᠮᠦᠵᠢᠯ᠂ ᠰᠡᠷᠭᠡᠶ᠋ᠢᠯᠡᠬᠦ ᠲᠠᠷᠢᠯᠭ᠎ᠠ᠂ ᠭᠤᠤᠯᠳᠠᠯᠭ᠎ᠠ᠎ᠲᠠᠢ ᠬᠥᠮᠦᠰ᠎ᠤᠨ ᠡᠷᠡᠭᠦᠯ ᠮᠡᠨᠳᠦ ᠵᠢᠨ ᠬᠠᠮᠢᠶᠠᠷᠤᠯᠲᠠ ᠵᠡᠷᠭᠡ ᠤᠤᠯ᠎ᠤᠨ ᠣᠯᠠᠨ ᠨᠡᠶ᠋ᠢᠲᠡ ᠵᠢᠨ ᠦᠨᠳᠦᠰᠦᠨ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠠᠭᠤᠯᠭ᠎ᠠ᠂ ᠵᠢᠴᠢ ᠤᠤᠯ᠎ᠤᠨ ᠣᠯᠠᠨ ᠨᠡᠶ᠋ᠢᠲᠡ ᠵᠢᠨ ᠭᠦᠨ᠎ᠳᠦ ᠬᠡᠴᠡᠬᠦᠦ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡ ᠪᠠ ᠲᠥᠯᠥᠪᠯᠡᠭᠡᠲᠦ ᠦᠷᠡᠵᠢᠯ᠎ᠤᠨ ᠲᠥᠷᠥᠯ ᠵᠦᠢ᠍ᠯ᠎ᠠᠴᠠ ᠬᠤᠪᠢᠶᠠᠵᠤ ᠣᠷᠣᠭᠤᠯᠤᠭᠰᠠᠨ ᠡᠪᠡᠳᠴᠢᠨ ᠡᠮᠭᠡᠭ᠎ᠢ ᠰᠡᠷᠭᠡᠶ᠋ᠢᠯᠡᠨ ᠳᠠᠷᠤᠬᠤ᠂ ᠡᠬᠡ ᠨᠢᠯᠬᠠᠰ᠎ᠤᠨ ᠡᠷᠡᠭᠦᠯ ᠬᠠᠮᠠᠭ᠋ᠠᠯᠠᠯ᠂ ᠨᠠᠰᠤᠲᠠᠶ᠋ᠢᠴᠤᠳ᠎ᠤᠨ ᠡᠷᠡᠭᠦᠯ ᠮᠡᠨᠳᠦ ᠵᠢᠨ ᠦᠢ᠍ᠯᠡᠴᠢᠯᠡᠭᠡ᠂ ᠡᠮᠴᠢᠯᠡᠭᠡ ᠪᠠ ᠨᠠᠰᠤᠵᠢᠯ᠎ᠢ ᠤᠶᠠᠯᠳᠤᠭᠤᠯᠬᠤ᠂ ᠡᠷᠡᠭᠦᠯ ᠬᠠᠮᠠᠭ᠋ᠠᠯᠠᠯ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ᠂ ᠵᠢᠷᠮᠦᠰᠦᠯᠡᠬᠦ᠎ᠠᠴᠠ ᠡᠮᠦᠨᠡᠬᠢ ᠪᠠᠶ᠋ᠢᠴᠠᠭ᠋ᠠᠯᠲᠠ ᠵᠡᠷᠭᠡ ᠠᠭᠤᠯᠭ᠎ᠠ ᠪᠠᠭᠲᠠᠨ᠎ᠠ᠃ ᠡᠭᠦᠨ᠎ᠳᠤ᠂ ᠤᠤᠯ᠎ᠤᠨ ᠣᠯᠠᠨ ᠨᠡᠶ᠋ᠢᠲᠡ ᠵᠢᠨ ᠦᠨᠳᠦᠰᠦᠨ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠲᠥᠷᠥᠯ ᠵᠦᠢ᠍ᠯ᠎ᠤᠨ ᠠᠭᠤᠯᠭ᠎ᠠ᠂ ᠪᠠᠯᠠ ᠮᠥᠩᠭᠦ᠂ ᠬᠡᠷᠡᠭᠯᠡᠬᠦ ᠭᠤᠤᠯ ᠴᠣᠭᠴᠠ ᠵᠡᠷᠭᠡ ᠵᠢᠨ ᠬᠠᠷᠢᠴᠠᠩᠭᠤᠶ᠎ᠪᠠᠷ ᠪᠡᠶ᠎ᠡ᠎ᠪᠠᠨ ᠳᠠᠭ᠋ᠠᠭ᠋ᠠᠵᠤ ᠪᠠᠶ᠋ᠢᠬᠤ ᠪᠠ ᠲᠣᠭᠲᠠᠭᠤᠨ ᠪᠠᠶ᠋ᠢᠯᠭ᠋ᠠᠬᠤ ᠵᠢ ᠪᠠᠲᠤᠯᠠᠵᠤ᠂ ᠵᠣᠬᠢᠬᠤ ᠦᠢ᠍ᠯᠡᠴᠢᠯᠡᠭᠡᠨ᠎ᠤ ᠵᠢᠷᠤᠮᠵᠢᠯ ᠶᠣᠰᠣᠭ᠋ᠠᠷ ᠵᠣᠬᠢᠶᠠᠨ ᠪᠠᠶ᠋ᠢᠭᠤᠯᠵᠤ ᠬᠡᠷᠡᠭᠵᠢᠭᠦᠯᠦᠨ᠎ᠡ; ᠣᠯᠠᠨ ᠨᠡᠶ᠋ᠢᠲᠡ ᠵᠢᠨ ᠦᠨᠳᠦᠰᠦᠨ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡ᠎ᠳᠤ ᠰᠢᠨ᠎ᠡ᠎ᠪᠠᠷ ᠬᠤᠪᠢᠶᠠᠵᠤ ᠣᠷᠣᠭᠤᠯᠤᠭᠰᠠᠨ ᠲᠥᠷᠥᠯ ᠵᠦᠢ᠍ᠯ᠎ᠢ ᠥᠪᠡᠷᠲᠡᠭᠡᠨ ᠵᠠᠰᠠᠬᠤ ᠣᠷᠣᠨ᠎ᠤ ᠵᠢᠯᠣᠭᠤᠳᠤᠯᠭ᠎ᠠ ᠳᠣᠤᠷ᠎ᠠ ᠡᠯ᠎ᠡ ᠠᠶ᠋ᠢᠮᠠᠭ ᠬᠤᠲᠠ᠎ᠨᠢ ᠪᠣᠳᠠᠲᠠᠢ᠎ᠲᠠᠢ᠎ᠪᠠᠨ ᠤᠶᠠᠯᠳᠤᠭᠤᠯᠵᠤ ᠪᠠᠶ᠋ᠢᠭ᠋ᠠᠳ ᠪᠡᠶ᠎ᠡ᠎ᠪᠠᠨ ᠳᠠᠭ᠋ᠠᠭ᠋ᠠᠨ ᠲᠣᠬᠢᠷᠠᠭᠤᠯᠵᠤ᠂ ᠪᠡᠯᠡ ᠮᠥᠩᠭᠦ ᠵᠢ ᠦᠨᠳᠦᠰᠦᠨ ᠱᠠᠲᠤᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ᠎ᠳᠤ ᠬᠡᠷᠡᠭᠯᠡᠭᠦᠯᠬᠦ᠎ᠪᠠᠷ ᠬᠢᠵᠠᠭ᠋ᠠᠷᠯᠠᠬᠤ ᠦᠭᠡᠢ᠃ ᠣᠯᠠᠨ ᠨᠡᠶ᠋ᠢᠲᠡ ᠵᠢᠨ ᠦᠨᠳᠦᠰᠦᠨ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠢ ᠥᠪᠡᠷᠲᠡᠭᠡᠨ ᠵᠠᠰᠠᠬᠤ ᠣᠷᠣᠨ ᠬᠢᠭᠡᠳ ᠠᠶ᠋ᠢᠮᠠᠭ ᠬᠤᠲᠠ ᠵᠢᠨ ᠬᠠᠮᠲᠤ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ ᠬᠠᠮᠢᠶᠠᠷᠬᠤ ᠡᠷᠬᠡ᠎ᠳᠤ ᠪᠠᠭᠳᠠᠵᠦ᠂ ᠥᠪᠡᠷᠲᠡᠭᠡᠨ ᠵᠠᠰᠠᠬᠤ ᠣᠷᠣᠨ ᠪᠠ ᠠᠶ᠋ᠢᠮᠠᠭ ᠬᠤᠲᠠ ᠵᠢᠨ ᠡᠳ᠋᠎ᠤᠨ ᠵᠠᠰᠠᠭ᠎ᠨᠢ ᠵᠠᠷᠤᠯᠭ᠎ᠠ ᠵᠢᠨ ᠬᠠᠷᠢᠭᠤᠴᠠᠯᠭ᠎ᠠ ᠵᠢ ᠬᠠᠮᠲᠤ᠎ᠪᠠᠷ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠨᠢ ᠳᠡᠰ ᠬᠤᠪᠢᠶᠠᠨ ᠨᠥᠬᠦᠪᠥᠷᠢ ᠥᠭᠬᠦ ᠵᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ᠎ᠤᠨ ᠲᠣᠭᠲᠠᠭ᠋ᠠᠯ ᠶᠣᠰᠣᠭ᠋ᠠᠷ ᠪᠣᠳᠠᠲᠠᠶ ᠬᠡᠷᠡᠭᠵᠢᠭᠦᠯᠦᠨ᠎ᠡ᠃
2. ᠤᠯᠠᠨ ᠨᠡᠶ᠋ᠢᠲᠡ ᠵᠢᠨ ᠭᠦᠨ᠎ᠳᠦ ᠬᠡᠴᠡᠬᠦᠦ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡ᠃ ᠪᠦᠬᠦ ᠤᠯᠤᠰ᠎ᠤᠨ ᠴᠢᠨᠠᠷᠲᠠᠶ ᠪᠤᠶᠤ ᠣᠷᠣᠨ ᠪᠦᠰᠡ ᠠᠯᠤᠰᠯᠠᠭᠰᠠᠨ ᠬᠦᠨᠳᠦ ᠬᠡᠴᠡᠭᠦᠦ ᠬᠠᠯᠳᠠᠪᠤᠷᠢᠲᠤ ᠡᠪᠡᠳᠴᠢᠨ᠎ᠢ ᠰᠡᠷᠭᠡᠶ᠋ᠢᠯᠡᠨ ᠳᠠᠷᠤᠬᠤ ᠵᠡᠷᠭᠡ ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠴᠢᠬᠤᠯᠠ ᠶᠡᠭᠡ ᠦᠢ᠍ᠯᠡᠴᠢᠯᠡᠭᠡ᠂ ᠭᠤᠤᠯᠳᠠᠭᠤ ᠤᠯᠤᠰ᠎ᠤᠨ ᠡᠭᠡᠯᠢᠯᠡᠭᠡ ᠵᠢᠨ ᠲᠥᠯᠥᠪᠵᠢᠭᠦᠯᠭᠡ᠎ᠳᠤ ᠣᠷᠣᠭᠤᠯᠤᠭᠰᠠᠨ ᠡᠩ᠎ᠤᠨ ᠡᠭᠡᠯᠢᠯᠡᠭᠡ ᠵᠢᠴᠢ ᠤᠯᠤᠰ᠎ᠤᠨ ᠲᠣᠭᠲᠠᠭ᠋ᠠᠭᠰᠠᠨ ᠨᠡᠶ᠋ᠢᠲᠡ ᠴᠣᠭᠴᠠ ᠵᠢᠨ ᠴᠢᠨᠠᠷᠲᠠᠶ ᠰᠡᠷᠭᠡᠶ᠋ᠢᠯᠡᠬᠦ ᠲᠠᠷᠢᠯᠭ᠎ᠠ ᠪᠠ ᠭᠤᠤᠯᠳᠠᠯᠭ᠎ᠠ᠎ᠲᠠᠢ ᠬᠥᠮᠦᠰ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠲᠠᠷᠢᠯᠭ᠎ᠠ᠎ᠳᠤ ᠬᠡᠷᠡᠭᠰᠡᠬᠦ ᠸᠠᠺᠼᠢᠨ ᠪᠣᠯᠤᠨ ᠲᠠᠷᠢᠯᠭ᠎ᠠ ᠵᠢᠨ ᠪᠠᠭ᠋ᠠᠵᠢ ᠬᠤᠳᠠᠯᠳᠤᠨ ᠠᠪᠬᠤ᠂ ᠠᠶ᠋ᠢᠽ ᠡᠪᠡᠳᠴᠢᠨ᠂ ᠰᠦᠷᠢᠶ᠎ᠡ ᠡᠪᠡᠳᠴᠢᠨ᠂ ᠴᠢᠰᠤ ᠰᠤᠷᠤᠭᠴᠢ ᠬᠤᠷᠣᠬᠠᠶ ᠵᠢᠨ ᠡᠪᠡᠳᠴᠢᠨ᠂ ᠪᠡᠳᠡᠬᠢ ᠬᠤᠷᠤᠬᠠᠶ᠋ᠢᠳᠤ ᠡᠪᠡᠳᠴᠢᠨ᠎ᠢ ᠰᠡᠷᠭᠡᠶ᠋ᠢᠯᠡᠨ ᠳᠠᠷᠤᠬᠤ ᠵᠡᠷᠭᠡ ᠵᠢ ᠪᠠᠭᠲᠠᠭ᠋ᠠᠭᠰᠠᠨ᠂ ᠣᠶᠤᠨ ᠮᠡᠳᠡᠷᠡᠯ ᠰᠡᠳᠬᠢᠴᠡ ᠵᠢᠨ ᠡᠪᠡᠳᠴᠢᠨ᠎ᠤ ᠶᠡᠷᠦᠩᠬᠡᠶ᠋ᠢᠯᠡᠭᠰᠡᠨ ᠬᠠᠮᠢᠶᠠᠷᠤᠯᠲᠠ᠂ ᠬᠦᠨᠳᠦ ᠶᠡᠭᠡ ᠤᠵᠢᠭ ᠡᠪᠡᠳᠴᠢᠨ᠎ᠢ ᠰᠡᠷᠭᠡᠶ᠋ᠢᠯᠡᠨ ᠡᠮᠨᠡᠬᠦ ᠬᠠᠮᠢᠶᠠᠷᠤᠯᠲᠠ ᠵᠢᠨ ᠵᠠᠭᠪᠤᠷ ᠪᠠ ᠵᠤᠬᠢᠯᠳᠤᠬᠤ ᠮᠡᠷᠭᠡᠵᠢᠯ᠎ᠤᠨ ᠰᠥᠪᠡᠭᠴᠢᠯᠡᠯᠲᠡ ᠵᠡᠷᠭᠡ ᠠᠭᠤᠯᠭ᠎ᠠ᠎ᠨᠢ ᠲᠥᠪ᠎ᠤᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠣᠯᠭ᠋ᠠᠵᠤ ᠬᠤᠪᠢᠶᠠᠷᠢᠯᠠᠭᠳᠠᠭᠰᠠᠨ ᠪᠠᠶ᠋ᠢᠪᠠᠯ᠂ ᠲᠥᠪ᠎ᠤᠨ ᠡᠳ᠋᠎ᠤᠨ ᠵᠠᠰᠠᠭ᠎ᠠᠴᠠ ᠵᠠᠷᠤᠯᠭ᠎ᠠ ᠵᠢᠨ ᠬᠠᠷᠢᠭᠤᠴᠠᠯᠭ᠎ᠠ ᠵᠢ ᠡᠭᠦᠷᠭᠡᠯᠡᠨ᠎ᠡ᠃ ᠤᠤᠯ᠎ᠤᠨ ᠣᠯᠠᠨ ᠨᠡᠶ᠋ᠢᠲᠡ ᠵᠢᠨ ᠭᠦᠨ᠎ᠳᠦ ᠬᠡᠴᠡᠬᠦᠦ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠳᠠᠬᠢ ᠬᠢᠲᠠᠳ ᠡᠮ ᠡᠮᠨᠡᠯᠭᠡ ᠵᠢᠨ ᠦᠢ᠍ᠯᠡᠰ᠎ᠤᠨ ᠤᠯᠠᠮᠵᠢᠯᠠᠯ ᠬᠢᠭᠡᠳ ᠬᠥᠭᠵᠢᠯᠲᠡ ᠵᠢ ᠴᠢᠳᠠᠪᠤᠷᠢ ᠵᠢᠨ ᠪᠠᠶ᠋ᠢᠭᠤᠯᠤᠯᠲᠠ ᠵᠢᠨ ᠲᠠᠯ᠎ᠠ᠎ᠳᠤ ᠬᠤᠪᠢᠶᠠᠷᠢᠯᠠᠨ ᠣᠷᠣᠭᠤᠯᠤᠨ᠎ᠠ᠃ ᠳᠡᠭᠡᠷ᠎ᠡ ᠳᠤᠷᠠᠳᠤᠭᠰᠠᠨ ᠲᠥᠷᠥᠯ ᠵᠦᠢ᠍ᠯ᠎ᠠᠴᠠ ᠭᠠᠳᠠᠨ᠎ᠠ ᠤᠤᠯ᠎ᠤᠨ ᠣᠯᠠᠨ ᠨᠡᠶ᠋ᠢᠲᠡ ᠵᠢᠨ ᠭᠦᠨ᠎ᠳᠦ ᠬᠡᠴᠡᠬᠦᠦ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠲᠥᠷᠥᠯ ᠵᠦᠢ᠍ᠯ᠎ᠢ ᠣᠯᠠᠨ ᠨᠡᠶ᠋ᠢᠲᠡ ᠵᠢᠨ ᠦᠨᠳᠦᠰᠦᠨ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠨᠢᠭᠡᠳᠦᠯᠲᠡᠶ ᠲᠣᠬᠢᠷᠠᠭᠤᠯᠤᠯᠲᠠ᠎ᠳᠤ ᠣᠷᠣᠭᠤᠯᠤᠨ᠎ᠠ᠃
(ᠬᠤᠶᠠᠷ) ᠡᠮᠴᠢᠯᠡᠭᠡᠨ᠎ᠤ ᠪᠠᠲᠤᠯᠠᠭ᠎ᠠ ᠵᠢᠨ ᠲᠠᠯ᠎ᠠ᠎ᠳᠤ᠃ ᠡᠭᠦᠨ᠎ᠳᠤ ᠬᠤᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠡᠮᠴᠢᠯᠡᠭᠡᠨ᠎ᠤ ᠦᠨᠳᠦᠰᠦᠨ ᠳᠠᠭ᠋ᠠᠳᠬᠠᠯ᠎ᠤᠨ ᠨᠥᠬᠦᠪᠥᠷᠢ ᠪᠠ ᠡᠮᠴᠢᠯᠡᠭᠡᠨ᠎ᠤ ᠠᠪᠤᠷᠠᠨ ᠲᠤᠰᠠᠯᠠᠬᠤ ᠪᠠᠭᠲᠠᠨ᠎ᠠ᠃
1. ᠬᠤᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠡᠮᠴᠢᠯᠡᠭᠡᠨ᠎ᠤ ᠦᠨᠳᠦᠰᠦᠨ ᠳᠠᠭ᠋ᠠᠳᠬᠠᠯ᠎ᠤᠨ ᠨᠥᠬᠦᠪᠥᠷᠢ᠃ ᠥᠪᠡᠷᠲᠡᠭᠡᠨ ᠵᠠᠰᠠᠬᠤ ᠣᠷᠣᠨ ᠪᠠ ᠠᠶ᠋ᠢᠮᠠᠭ ᠬᠤᠲᠠ ᠵᠢᠨ ᠡᠳ᠋᠎ᠤᠨ ᠵᠠᠰᠠᠭ᠎ᠨᠢ ᠲᠣᠭᠲᠠᠭ᠋ᠠᠯ ᠶᠣᠰᠣᠭ᠋ᠠᠷ ᠬᠤᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠡᠮᠴᠢᠯᠡᠭᠡᠨ᠎ᠤ ᠦᠨᠳᠦᠰᠦᠨ ᠳᠠᠭ᠋ᠠᠳᠬᠠᠯ ᠲᠤᠰᠢᠶᠠᠬᠤ ᠰᠦᠢ᠍ᠳᠭᠡᠯ᠎ᠤᠨ ᠨᠥᠬᠦᠪᠥᠷᠢ ᠣᠯᠭᠤᠨ᠎ᠠ᠃ 6 ᠲᠦᠮᠡᠨ ᠭᠦᠮᠦᠨ᠎ᠠᠴᠠ ᠲᠤᠷᠤᠨᠨᠰᠢᠬᠢ ᠮᠠᠯᠵᠢᠬᠤ ᠬᠤᠰᠢᠭᠤ ᠰᠢᠶᠠᠨ᠎ᠤ ᠳᠠᠭ᠋ᠠᠳᠬᠠᠯ᠎ᠳᠤ ᠣᠷᠣᠯᠴᠠᠭᠰᠠᠨ ᠮᠠᠯᠴᠢᠨ ᠲᠠᠷᠢᠶᠠᠴᠢᠳ᠎ᠲᠤ ᠵᠢᠯ ᠪᠦᠷᠢ ᠬᠥᠮᠦᠨ ᠪᠦᠷᠢ᠎ᠳᠤ ᠨᠥᠬᠦᠪᠥᠷᠢ ᠵᠢ᠎ᠨᠢ 20 ᠲᠥᠭᠦᠷᠢᠭ ᠨᠡᠮᠡᠨ᠎ᠡ᠃ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠨᠢ ᠳᠡᠰ ᠬᠤᠪᠢᠶᠠᠨ ᠨᠥᠬᠦᠪᠥᠷᠢᠯᠡᠬᠦ ᠵᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ᠎ᠤᠨ ᠲᠣᠭᠲᠠᠭ᠋ᠠᠯ ᠶᠣᠰᠣᠭ᠋ᠠᠷ ᠪᠣᠳᠠᠲᠠᠶ ᠬᠡᠷᠡᠭᠵᠢᠭᠦᠯᠦᠨ᠎ᠡ᠃
2. ᠡᠮᠴᠢᠯᠡᠭᠡᠨ᠎ᠤ ᠠᠪᠤᠷᠠᠨ ᠲᠤᠰᠠᠯᠠᠬᠤ᠃ ᠡᠭᠦᠨ᠎ᠳᠤ ᠬᠤᠲᠠ ᠬᠥᠳᠡᠭᠡ ᠵᠢᠨ ᠡᠮᠴᠢᠯᠡᠭᠡᠨ᠎ᠤ ᠠᠪᠤᠷᠠᠨ ᠲᠤᠰᠠᠯᠠᠬᠤ ᠪᠠ ᠡᠪᠡᠳᠴᠢᠨ ᠡᠮᠭᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ ᠪᠠᠭᠲᠠᠨ᠎ᠠ᠃ ᠥᠪᠡᠷᠲᠡᠭᠡᠨ ᠵᠠᠰᠠᠬᠤ ᠣᠷᠣᠨ᠎ᠠᠴᠠ ᠠᠪᠤᠷᠠᠨ ᠲᠤᠰᠠᠯᠠᠬᠤ ᠬᠡᠷᠡᠭᠴᠡᠭᠡ ᠱᠠᠭ᠋ᠠᠷᠳᠠᠯᠭ᠎ᠠ ᠪᠠ ᠡᠳ᠋᠎ᠤᠨ ᠬᠦᠴᠦᠨ᠎ᠤ ᠪᠠᠶ᠋ᠢᠳᠠᠯ ᠵᠡᠷᠭᠡ ᠡᠯᠧᠮᠧᠨ᠋ᠲ᠎ᠢ ᠦᠨᠳᠦᠰᠦᠯᠡᠨ ᠪᠡᠯᠡ ᠮᠥᠩᠭᠦ (ᠵᠠᠰᠠᠭ᠎ᠤᠨ ᠣᠷᠳᠣᠨ᠎ᠤ ᠴᠢᠨᠠᠷᠲᠠᠶ ᠰᠠᠭᠤᠷᠢ ᠮᠥᠩᠭᠦ ᠪᠠᠭᠲᠠᠨ᠎ᠠ) ᠵᠢ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠵᠢᠨ ᠬᠠᠮᠲᠤ᠂ ᠲᠥᠪ᠎ᠤᠨ ᠨᠥᠬᠦᠪᠥᠷᠢ ᠵᠢᠨ ᠪᠡᠯᠡ ᠮᠥᠩᠭᠦ ᠵᠢ ᠨᠢᠭᠡᠳᠦᠯᠲᠡᠶ ᠲᠥᠯᠥᠪᠯᠡᠵᠦ᠂ ᠡᠯ᠎ᠡ ᠭᠠᠵᠠᠷ ᠣᠷᠣᠨ᠎ᠤ ᠡᠳ᠋᠎ᠤᠨ ᠬᠦᠴᠦᠨ᠎ᠤ ᠪᠠᠶ᠋ᠢᠳᠠᠯ᠂ ᠪᠠᠲᠤᠯᠠᠭ᠎ᠠ ᠬᠦᠷᠲᠡᠭᠰᠡᠳ᠎ᠤᠨ ᠲᠤᠭ᠎ᠠ ᠵᠡᠷᠭᠡ ᠡᠯᠧᠮᠧᠨ᠋ᠲ᠎ᠢ ᠦᠨᠳᠦᠰᠦᠯᠡᠨ ᠬᠤᠪᠢᠶᠠᠷᠢᠯᠠᠬᠤ ᠲᠤᠭ᠎ᠠ ᠬᠡᠮᠵᠢᠶ᠎ᠡ ᠵᠢ ᠲᠣᠭᠲᠠᠭ᠋ᠠᠵᠤ᠂ ᠠᠶ᠋ᠢᠮᠠᠭ ᠬᠤᠲᠠ ᠵᠢᠨ ᠡᠳ᠋᠎ᠤᠨ ᠵᠠᠰᠠᠭ᠎ᠨᠢ ᠲᠣᠭᠲᠠᠭ᠋ᠠᠯ ᠶᠣᠰᠣᠭ᠋ᠠᠷ ᠨᠥᠬᠦᠪᠥᠷᠢ ᠵᠢᠨ ᠪᠡᠯᠡ ᠮᠥᠩᠭᠦ ᠵᠢ ᠲᠣᠬᠢᠷᠠᠭᠤᠯᠤᠨ᠎ᠠ᠃
(ᠭᠤᠷᠪᠠ) ᠲᠥᠯᠥᠪᠯᠡᠭᠡᠲᠦ ᠦᠷᠡᠵᠢᠯ᠎ᠤᠨ ᠲᠠᠯ᠎ᠠ᠎ᠳᠤ᠃ ᠡᠭᠦᠨ᠎ᠳᠤ ᠬᠥᠳᠡᠭᠡ ᠲᠣᠰᠬᠤᠨ᠎ᠤ ᠬᠡᠰᠡᠭ ᠲᠥᠯᠥᠪᠯᠡᠭᠡ᠎ᠲᠠᠢ᠎ᠪᠠᠷ ᠬᠡᠤᠬᠡᠳ ᠠᠪᠤᠭᠰᠠᠨ ᠭᠡᠷ ᠪᠦᠯᠢ ᠵᠢ ᠱᠠᠩᠨᠠᠨ ᠬᠦᠬᠢᠭᠦᠯᠵᠦ ᠲᠡᠳᠭᠦᠬᠦ᠂ ᠲᠥᠯᠥᠪᠯᠡᠭᠡ᠎ᠲᠠᠢ᠎ᠪᠠᠷ ᠬᠡᠤᠬᠡᠳ ᠠᠪᠤᠭᠰᠠᠨ ᠭᠡᠷ ᠪᠦᠯᠢ ᠵᠢ ᠣᠨᠴᠠᠭ᠋ᠠᠶ᠋ᠢᠯᠠᠨ ᠲᠡᠳᠬᠦᠬᠦ ᠪᠠ ᠲᠥᠯᠥᠪᠯᠡᠭᠡᠲᠦ ᠦᠷᠡᠵᠢᠯ᠎ᠤᠨ 《ᠴᠥᠭᠡᠨ ᠬᠡᠦᠬᠡᠳ ᠠᠪᠴᠤ ᠲᠦᠷᠭᠡᠨ ᠪᠠᠶᠠᠵᠢᠬᠤ》 ᠢᠨᠵᠧᠨᠧᠷᠢᠩ᠎ᠳᠠᠬᠢ ᠲᠥᠯᠥᠪᠯᠡᠭᠡ᠎ᠲᠠᠢ᠎ᠪᠠᠷ ᠬᠡᠤᠬᠡᠳ ᠠᠪᠬᠤ ᠵᠢ ᠲᠡᠳᠬᠦᠬᠦ 3 ᠪᠠᠲᠤᠯᠠᠭ᠎ᠠ ᠵᠢᠨ ᠲᠥᠷᠥᠯ ᠵᠦᠢ᠍ᠯ᠎ᠢ ᠥᠪᠡᠷᠲᠡᠭᠡᠨ ᠵᠠᠰᠠᠬᠤ ᠣᠷᠣᠨ ᠪᠠ ᠠᠶ᠋ᠢᠮᠠᠭ ᠬᠤᠲᠠ ᠵᠢᠨ ᠬᠠᠮᠲᠤ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ᠎ᠳᠤ ᠪᠠᠭᠲᠠᠭ᠋ᠠᠬᠤ᠎ᠪᠠᠷ ᠲᠣᠳᠣᠷᠬᠠᠢ ᠲᠣᠭᠲᠠᠭ᠋ᠠᠭᠰᠠᠨ ᠪᠠᠶ᠋ᠢᠪᠠᠯ᠂ ᠥᠪᠡᠷᠲᠡᠭᠡᠨ ᠵᠠᠰᠠᠬᠤ ᠣᠷᠣᠨ ᠪᠠ ᠠᠶ᠋ᠢᠮᠠᠭ ᠬᠤᠲᠠ ᠵᠢᠨ ᠡᠳ᠋᠎ᠤᠨ ᠵᠠᠰᠠᠭ᠎ᠨᠢ ᠵᠠᠷᠤᠯᠭ᠎ᠠ ᠵᠢᠨ ᠬᠠᠷᠢᠭᠤᠴᠠᠯᠭ᠎ᠠ ᠵᠢ ᠬᠠᠮᠲᠤ᠎ᠪᠠᠷ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠨᠢ ᠳᠡᠰ ᠬᠤᠪᠢᠶᠠᠨ ᠨᠥᠬᠦᠪᠥᠷᠢ ᠥᠭᠬᠦ ᠵᠢ ᠬᠡᠷᠡᠭᠵᠢᠭᠦᠯᠦᠨ᠂ ᠥᠪᠡᠷᠲᠡᠭᠡᠨ ᠵᠠᠰᠠᠬᠤ ᠣᠷᠣᠨ᠎ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ᠎ᠤᠨ ᠲᠣᠭᠲᠠᠭ᠋ᠠᠯ ᠶᠣᠰᠣᠭ᠋ᠠᠷ ᠪᠣᠳᠠᠲᠠᠶ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠬᠡᠷᠡᠭᠵᠢᠭᠦᠯᠵᠦ ᠪᠠᠶ᠋ᠢᠭ᠎ᠠ ᠲᠥᠯᠥᠪᠯᠡᠭᠡ᠎ᠲᠠᠢ᠎ᠪᠠᠷ ᠬᠡᠦᠬᠡᠳ ᠠᠪᠤᠭᠰᠠᠨ ᠭᠡᠷ ᠪᠦᠯᠢ ᠵᠢᠨ ᠨᠥᠬᠦᠪᠦᠷᠢ ᠵᠢᠨ ᠲᠥᠷᠥᠯ ᠵᠦᠢ᠍ᠯ (ᠭᠠᠭᠴᠠᠬᠠᠨ ᠦᠷ᠎ᠡ ᠬᠡᠦᠬᠡᠳ᠎ᠲᠠᠢ ᠡᠴᠢᠭᠡ ᠡᠬᠡᠴᠦᠦᠯᠢ ᠱᠠᠩᠨᠠᠬᠤ ᠵᠠᠷᠤᠳᠠᠯ) ᠪᠤᠶᠤ ᠨᠡᠶ᠋ᠢᠲᠡᠯᠡᠭᠰᠡᠨ ᠲᠥᠯᠥᠪᠯᠡᠭᠡᠲᠦ ᠦᠷᠡᠵᠢᠯ᠎ᠤᠨ ᠲᠡᠳᠬᠦᠮᠵᠢ ᠵᠢᠨ ᠮᠥᠩᠭᠦᠨ᠎ᠤ ᠪᠠᠷᠢᠮᠵᠢᠶ᠎ᠠ᠎ᠳᠠᠬᠢ ᠤᠯᠤᠰ᠎ᠤᠨ ᠲᠡᠳᠬᠦᠮᠵᠢ ᠵᠢᠨ ᠮᠥᠩᠭᠦᠨ᠎ᠤ ᠪᠠᠷᠢᠮᠵᠢᠶ᠎ᠠ᠎ᠠᠴᠠ ᠬᠡᠲᠦᠷᠡᠭᠰᠡᠨ ᠬᠡᠰᠡᠭ᠎ᠲᠤ ᠬᠡᠷᠡᠭᠰᠡᠬᠦ ᠵᠠᠷᠤᠳᠠᠯ᠎ᠢ᠎ᠨᠢ ᠥᠪᠡᠷᠲᠡᠭᠡᠨ ᠵᠠᠰᠠᠬᠤ ᠣᠷᠣᠨ᠎ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ᠎ᠤᠨ ᠲᠣᠭᠲᠠᠭ᠋ᠠᠯ ᠵᠶ᠋ᠠᠷ ᠯᠠᠪᠯᠠᠯᠲᠠ ᠪᠣᠯᠭ᠋ᠠᠵᠤ ᠬᠡᠷᠡᠭᠵᠢᠭᠦᠯᠦᠨ᠎ᠡ᠃
(ᠳᠥᠷᠪᠡ) ᠴᠢᠳᠠᠪᠤᠷᠢ ᠵᠢᠨ ᠪᠠᠶ᠋ᠢᠭᠤᠯᠤᠯᠲᠠ ᠵᠢᠨ ᠲᠠᠯ᠎ᠠ᠎ᠳᠤ᠃ ᠡᠭᠦᠨ᠎ᠳᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ ᠵᠢᠨ ᠥᠭᠡᠷᠡᠴᠢᠯᠡᠯᠲᠡ ᠪᠠ ᠬᠥᠭᠵᠢᠯᠲᠡ ᠪᠠᠶ᠋ᠢᠭᠤᠯᠤᠯᠲᠠ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠴᠢᠳᠠᠪᠤᠷᠢ ᠵᠢᠨ ᠳᠡᠭᠡᠭᠰᠢᠯᠡᠯᠲᠡ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠬᠠᠮᠢᠶᠠᠷᠤᠯᠲᠠ ᠵᠢᠨ ᠶᠠᠪᠤᠳᠠᠯ᠂ ᠡᠮᠴᠢᠯᠡᠭᠡᠨ᠎ᠤ ᠪᠠᠲᠤᠯᠠᠭ᠎ᠠ ᠵᠢᠨ ᠴᠢᠳᠠᠪᠤᠷᠢ ᠵᠢᠨ ᠪᠠᠶ᠋ᠢᠭᠤᠯᠤᠯᠲᠠ᠂ ᠬᠢᠲᠠᠳ ᠡᠮ ᠡᠮᠨᠡᠯᠭᠡ ᠵᠢᠨ ᠦᠢ᠍ᠯᠡᠰ᠎ᠤᠨ ᠤᠯᠠᠮᠵᠢᠯᠠᠯ ᠬᠢᠭᠡᠳ ᠬᠥᠭᠵᠢᠯᠲᠡ ᠪᠠ ᠮᠣᠩᠭᠤᠯ ᠡᠮ ᠡᠮᠨᠡᠯᠭᠡ ᠵᠢᠨ ᠦᠢ᠍ᠯᠡᠰ᠎ᠢ ᠭᠦᠭᠵᠢᠬᠦᠯᠦᠨ ᠮᠠᠨᠳᠤᠭᠤᠯᠬᠤ ᠪᠠᠭᠲᠠᠨ᠎ᠠ᠃
1. ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ ᠵᠢᠨ ᠥᠭᠡᠷᠡᠴᠢᠯᠡᠯᠲᠡ ᠪᠠ ᠬᠥᠭᠵᠢᠯᠲᠡ ᠪᠠᠶ᠋ᠢᠭᠤᠯᠤᠯᠲᠠ᠃ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ ᠵᠢᠨ ᠥᠭᠡᠷᠡᠴᠢᠯᠡᠯᠲᠡ ᠪᠠ ᠬᠥᠭᠵᠢᠯᠲᠡ ᠪᠠᠶ᠋ᠢᠭᠤᠯᠤᠯᠲᠠ ᠵᠢᠨ ᠨᠥᠬᠦᠪᠥᠷᠢ ᠵᠢ ᠬᠠᠷᠢᠶᠠᠯᠠᠭᠳᠠᠬᠤ ᠬᠠᠷᠢᠴᠠᠭ᠎ᠠ ᠶᠣᠰᠣᠭ᠋ᠠᠷ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠤᠶᠤ ᠠᠶ᠋ᠢᠮᠠᠭ ᠬᠤᠲᠠ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠣᠯᠭ᠋ᠠᠨ ᠲᠣᠰ ᠲᠣᠰ ᠲᠣᠳᠣᠷᠬᠠᠢ ᠲᠣᠭᠲᠠᠭ᠋ᠠᠭᠰᠠᠨ ᠪᠠᠶ᠋ᠢᠪᠠᠯ᠂ ᠠᠳᠠᠯᠢ ᠱᠠᠲᠤᠨ᠎ᠤ ᠡᠳ᠋᠎ᠤᠨ ᠵᠠᠰᠠᠭ᠎ᠨᠢ ᠵᠠᠷᠤᠯᠭ᠎ᠠ ᠵᠢᠨ ᠬᠠᠷᠢᠭᠤᠴᠠᠯᠭ᠎ᠠ ᠵᠢ ᠡᠭᠦᠷᠭᠡᠯᠡᠨ᠎ᠡ᠃ ᠣᠷᠣᠨ ᠪᠦᠰᠡ ᠵᠢᠨ ᠡᠷᠡᠭᠦᠯ ᠬᠠᠮᠠᠭ᠋ᠠᠯᠠᠯ᠎ᠤᠨ ᠲᠥᠯᠥᠪᠵᠢᠭᠦᠯᠭᠡ᠎ᠳᠤ ᠨᠡᠶ᠋ᠢᠴᠡᠭᠰᠡᠨ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ ᠵᠢᠨ ᠥᠭᠡᠷᠡᠴᠢᠯᠡᠯᠲᠡ ᠪᠠ ᠬᠥᠭᠵᠢᠯᠲᠡ ᠪᠠᠶ᠋ᠢᠭᠤᠯᠤᠯᠲᠠ ᠵᠢ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠠᠵᠢᠯ ᠶᠠᠪᠤᠳᠠᠯ ᠬᠠᠮᠢᠶᠠᠷᠬᠤ ᠡᠷᠬᠡ ᠪᠣᠯᠭ᠋ᠠᠨ ᠲᠣᠳᠣᠷᠬᠠᠢ ᠲᠣᠭᠲᠠᠭ᠋ᠠᠭᠰᠠᠨ ᠪᠠᠶ᠋ᠢᠪᠠᠯ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠨᠢ ᠵᠠᠷᠤᠯᠭ᠎ᠠ ᠵᠢᠨ ᠬᠠᠷᠢᠭᠤᠴᠠᠯᠭ᠎ᠠ ᠵᠢ ᠡᠭᠦᠷᠭᠡᠯᠡᠨ᠎ᠡ; ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ᠎ᠨᠢ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠨᠠᠶ᠋ᠢᠳᠠᠭᠰᠠᠨ ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠂ ᠪᠠᠴᠢᠮ ᠠᠪᠤᠷᠠᠨ ᠡᠮᠨᠡᠬᠦ᠂ ᠭᠠᠳᠠᠭᠰᠢ ᠲᠤᠰᠠᠯᠠᠬᠤ᠂ ᠲᠠᠷᠢᠶᠠᠯᠠᠩ᠎ᠢ ᠳᠡᠮᠵᠢᠬᠦ᠂ ᠬᠢᠯᠢ ᠬᠢᠵᠠᠭ᠋ᠠᠷ ᠣᠷᠣᠨ᠎ᠢ ᠳᠡᠮᠵᠢᠬᠦ ᠵᠡᠷᠭᠡ ᠡᠭᠦᠷᠭᠡ ᠵᠢ ᠡᠭᠦᠷᠭᠡᠯᠡᠭᠰᠡᠨ ᠪᠠᠶ᠋ᠢᠪᠠᠯ᠂ ᠠᠶ᠋ᠢᠮᠠᠭ ᠬᠤᠲᠠ ᠵᠢᠨ ᠡᠳ᠋᠎ᠤᠨ ᠵᠠᠰᠠᠭ᠎ᠨᠢ ᠵᠣᠬᠢᠰᠲᠠᠶ ᠨᠥᠬᠦᠪᠦᠷᠢ ᠣᠯᠭᠤᠨ᠎ᠠ᠃ ᠣᠷᠣᠨ ᠪᠦᠰᠡ ᠵᠢᠨ ᠡᠷᠡᠭᠦᠯ ᠬᠠᠮᠠᠭ᠋ᠠᠯᠠᠯ᠎ᠤᠨ ᠲᠥᠯᠥᠪᠵᠢᠭᠦᠯᠭᠡ᠎ᠳᠤ ᠨᠡᠶ᠋ᠢᠴᠡᠭᠰᠡᠨ ᠠᠶ᠋ᠢᠮᠠᠭ ᠬᠤᠲᠠ ᠵᠢᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ ᠵᠢᠨ ᠥᠭᠡᠷᠡᠴᠢᠯᠡᠯᠲᠡ ᠪᠠ ᠬᠥᠭᠵᠢᠯᠲᠡ ᠪᠠᠶ᠋ᠢᠭᠤᠯᠤᠯᠲᠠ ᠵᠢ ᠠᠶ᠋ᠢᠮᠠᠭ ᠬᠤᠲᠠ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠣᠯᠭ᠋ᠠᠭᠰᠠᠨ ᠪᠠᠶ᠋ᠢᠪᠠᠯ᠂ ᠠᠶ᠋ᠢᠮᠠᠭ ᠬᠤᠲᠠ ᠵᠢᠨ ᠡᠳ᠋᠎ᠤᠨ ᠵᠠᠰᠠᠭ᠎ᠨᠢ ᠵᠠᠷᠤᠯᠭ᠎ᠠ ᠵᠢᠨ ᠬᠠᠷᠢᠭᠤᠴᠠᠯᠭ᠎ᠠ ᠵᠢ ᠡᠭᠦᠷᠭᠡᠯᠡᠨ᠎ᠡ᠃ ᠠᠶ᠋ᠢᠮᠠᠭ ᠬᠤᠲᠠ ᠵᠢᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ᠎ᠨᠢ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠵᠢᠨ ᠡᠭᠦᠷᠭᠡ ᠵᠢ ᠡᠭᠦᠷᠭᠡᠯᠡᠭᠰᠡᠨ ᠪᠠᠶ᠋ᠢᠪᠠᠯ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠨᠢ ᠵᠣᠬᠢᠰᠲᠠᠶ ᠨᠥᠬᠦᠪᠥᠷᠢ ᠣᠯᠭᠤᠨ᠎ᠠ᠃ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠬᠤᠭᠤᠴᠠᠭ᠋ᠠᠨ᠎ᠳᠤ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠨᠢ ᠠᠶ᠋ᠢᠮᠠᠭ ᠬᠤᠲᠠ ᠵᠢᠨ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠤᠷᠢᠶᠠᠨ᠎ᠤ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠠᠬᠢᠭᠤᠯᠬᠤ᠂ ᠤᠯᠤᠰ᠎ᠤᠨ ᠦᠨᠳᠦᠰᠦᠨ ᠡᠮ᠎ᠤᠨ ᠵᠦᠢ᠍ᠯ᠎ᠤᠨ ᠳᠦᠷᠢᠮ᠎ᠢ ᠬᠡᠷᠡᠭᠵᠢᠭᠦᠯᠬᠦ᠂ ᠬᠦᠴᠢᠷᠳᠡᠯᠲᠡᠶ ᠭᠠᠵᠠᠷ ᠣᠷᠣᠨ᠎ᠤ ᠦᠢ᠍ᠯᠡᠴᠢᠯᠡᠬᠦ ᠴᠢᠳᠠᠪᠤᠷᠢ ᠵᠢ ᠳᠡᠭᠡᠭᠰᠢᠯᠡᠭᠦᠯᠬᠦ ᠵᠡᠷᠭᠡ᠎ᠳᠤ ᠲᠣᠭᠲᠠᠭ᠋ᠠᠯ ᠶᠣᠰᠣᠭ᠋ᠠᠷ ᠨᠥᠬᠦᠪᠦᠷᠢ ᠣᠯᠭᠤᠨ᠎ᠠ᠃ ᠨᠡᠶ᠋ᠢᠭᠡᠮ᠎ᠤᠨ ᠬᠦᠴᠦᠨ᠎ᠤ ᠡᠮᠨᠡᠯᠭᠡ ᠡᠷᠬᠢᠯᠡᠬᠦ ᠵᠢ ᠵᠣᠷᠢᠭᠵᠢᠭᠤᠯᠬᠤ ᠪᠠ ᠬᠥᠲᠥᠯᠥᠨ ᠵᠢᠯᠣᠭᠤᠳᠴᠤ᠂ ᠡᠯ᠎ᠡ ᠱᠠᠲᠤᠨ᠎ᠤ ᠡᠳ᠋᠎ᠤᠨ ᠵᠠᠰᠠᠭ᠎ᠨᠢ ᠲᠣᠭᠲᠠᠭ᠋ᠠᠯ ᠶᠣᠰᠣᠭ᠋ᠠᠷ ᠬᠠᠮᠢᠶ᠎ᠠ ᠪᠦᠬᠦᠢ ᠨᠥᠬᠦᠪᠥᠷᠢ ᠵᠢᠨ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠤᠨ᠎ᠠ᠃
2. ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠴᠢᠳᠠᠪᠤᠷᠢ ᠵᠢᠨ ᠳᠡᠭᠡᠭᠰᠢᠯᠡᠯᠲᠡ᠃ ᠡᠭᠦᠨ᠎ᠳᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠴᠢᠳᠠᠪᠤᠷᠢᠲᠠᠨ᠎ᠤ ᠡᠩᠨᠡᠭᠡ ᠵᠢᠨ ᠪᠠᠶ᠋ᠢᠭᠤᠯᠤᠯᠲᠠ᠂ ᠭᠤᠣᠯᠳᠠᠯᠭ᠎ᠠ᠎ᠲᠠᠢ ᠰᠢᠨᠵᠢᠯᠡᠭᠡᠨ᠎ᠤ ᠬᠥᠭᠵᠢᠯᠲᠡ ᠵᠡᠷᠭᠡ ᠪᠠᠭᠲᠠᠨ᠎ᠠ᠃ ᠥᠪᠡᠷᠲᠡᠭᠡᠨ ᠵᠠᠰᠠᠬᠤ ᠣᠷᠣᠨ᠎ᠠᠴᠠ ᠪᠠᠶ᠋ᠢᠯᠳᠤᠬᠤ ᠪᠣᠳᠣᠯᠭ᠎ᠠ ᠵᠢᠨ ᠲᠥᠯᠥᠪᠵᠢᠭᠦᠯᠭᠡ ᠵᠢ ᠦᠨᠳᠦᠰᠦᠯᠡᠨ ᠨᠢᠭᠡᠳᠦᠯᠲᠡᠶ ᠵᠣᠬᠢᠶᠠᠨ ᠪᠠᠶ᠋ᠢᠭᠤᠯᠵᠤ ᠬᠡᠷᠡᠭᠵᠢᠭᠦᠯᠦᠭᠰᠡᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠴᠢᠳᠠᠪᠤᠷᠢᠲᠠᠨ᠎ᠤ ᠡᠩᠨᠡᠭᠡ ᠵᠢᠨ ᠪᠠᠶ᠋ᠢᠭᠤᠯᠤᠯᠲᠠ᠂ ᠭᠤᠤᠯᠳᠠᠯᠭ᠎ᠠ᠎ᠲᠠᠢ ᠰᠢᠨᠵᠢᠯᠡᠭᠡᠨ᠎ᠤ ᠬᠥᠭᠵᠢᠯᠲᠡ ᠵᠡᠷᠭᠡ ᠲᠥᠷᠥᠯ ᠵᠦᠢ᠍ᠯ᠎ᠢ ᠥᠪᠡᠷᠲᠡᠭᠡᠨ ᠵᠠᠰᠠᠬᠤ ᠣᠷᠣᠨ ᠬᠢᠭᠡᠳ ᠠᠶ᠋ᠢᠮᠠᠭ ᠬᠤᠲᠠ ᠵᠢᠨ ᠬᠠᠮᠲᠤ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠣᠯᠭ᠋ᠠᠨ ᠲᠣᠳᠣᠷᠬᠠᠢ ᠲᠣᠭᠲᠠᠭ᠋ᠠᠭᠰᠠᠨ ᠪᠠᠶ᠋ᠢᠪᠠᠯ᠂ ᠥᠪᠡᠷᠲᠡᠭᠡᠨ ᠵᠠᠰᠠᠬᠤ ᠣᠷᠣᠨ ᠪᠠ ᠠᠶ᠋ᠢᠮᠠᠭ ᠬᠤᠲᠠ ᠵᠢᠨ ᠡᠳ᠋᠎ᠤᠨ ᠵᠠᠰᠠᠭ᠎ᠨᠢ ᠵᠠᠷᠤᠯᠭ᠎ᠠ ᠵᠢᠨ ᠬᠠᠷᠢᠭᠤᠴᠠᠯᠭ᠎ᠠ ᠵᠢ ᠬᠠᠮᠲᠤ᠎ᠪᠠᠷ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠨᠢ ᠠᠵᠢᠯ᠎ᠤᠨ ᠡᠭᠦᠷᠭᠡ ᠵᠢᠨ ᠬᠡᠮᠵᠢᠶ᠎ᠡ᠂ ᠨᠥᠬᠦᠪᠥᠷᠢ ᠵᠢᠨ ᠪᠠᠷᠢᠮᠵᠢᠶ᠎ᠠ᠂ ᠠᠮᠵᠢᠯᠲᠠ ᠪᠦᠲᠦᠮᠵᠢ ᠵᠢ ᠰᠢᠯᠭ᠋ᠠᠨ ᠬᠢᠨᠠᠬᠤ ᠵᠡᠷᠭᠡ ᠪᠠᠶ᠋ᠢᠳᠠᠯ᠎ᠢ ᠦᠨᠳᠦᠰᠦᠯᠡᠵᠦ ᠰᠢᠯᠵᠢᠭᠦᠯᠦᠨ ᠦᠭᠬᠦ ᠪᠡᠯᠡ ᠮᠥᠩᠭᠦ ᠵᠢ ᠬᠤᠪᠢᠶᠠᠷᠢᠯᠠᠨ ᠲᠤᠬᠢᠷᠠᠭᠤᠯᠤᠨ᠎ᠠ᠃ ᠠᠶ᠋ᠢᠮᠠᠭ ᠬᠤᠲᠠ ᠵᠢᠨ ᠪᠡᠶ᠎ᠡ᠎ᠪᠠᠨ ᠳᠠᠭ᠋ᠠᠭ᠋ᠠᠨ ᠬᠡᠷᠡᠭᠵᠢᠭᠦᠯᠵᠦ ᠪᠠᠶ᠋ᠢᠭ᠎ᠠ ᠴᠢᠳᠠᠪᠤᠷᠢ ᠵᠢᠨ ᠳᠡᠭᠡᠭᠰᠢᠯᠡᠭᠦᠯᠬᠦ ᠲᠥᠷᠥᠯ ᠵᠦᠢ᠍ᠯ᠎ᠢ ᠠᠶ᠋ᠢᠮᠠᠭ ᠬᠤᠲᠠ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠣᠯᠭ᠋ᠠᠭᠰᠠᠨ ᠪᠠᠶ᠋ᠢᠪᠠᠯ᠂ ᠠᠶ᠋ᠢᠮᠠᠭ ᠬᠤᠲᠠ ᠵᠢᠨ ᠡᠳ᠋᠎ᠤᠨ ᠵᠠᠰᠠᠭ᠎ᠨᠢ ᠵᠠᠷᠤᠯᠭ᠎ᠠ ᠵᠢᠨ ᠬᠠᠷᠢᠭᠤᠴᠠᠯᠭ᠎ᠠ ᠵᠢ ᠡᠭᠦᠷᠭᠡᠯᠡᠨ᠎ᠡ᠃
3. ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠬᠠᠮᠢᠶᠠᠷᠤᠯᠲᠠ ᠵᠢᠨ ᠶᠠᠪᠤᠳᠠᠯ᠃ ᠡᠭᠦᠨ᠎ᠳᠤ ᠪᠠᠶ᠋ᠢᠯᠳᠤᠬᠤ ᠪᠣᠳᠣᠯᠭ᠎ᠠ ᠵᠢᠨ ᠲᠦᠯᠦᠪᠵᠢᠬᠦᠯᠬᠡ᠂ ᠶᠡᠷᠦᠩᠬᠡᠶ᠋ᠢᠯᠡᠨ ᠬᠢᠨᠠᠵᠤ ᠬᠠᠮᠢᠶᠠᠷᠬᠤ᠂ ᠤᠬᠠᠭᠤᠯᠵᠤ ᠬᠦᠲᠦᠯᠦᠨ ᠵᠢᠯᠣᠭᠤᠳᠬᠤ᠂ ᠡᠷᠡᠭᠦᠯ ᠮᠡᠨᠳᠦ ᠵᠢ ᠠᠬᠢᠭᠤᠯᠬᠤ᠂ ᠦᠨᠳᠦᠰᠦᠨ ᠡᠮ᠎ᠤᠨ ᠵᠦᠢ᠍ᠯ ᠪᠠ ᠳᠤᠲᠠᠭᠳᠠᠵᠤ ᠪᠠᠶ᠋ᠢᠭ᠎ᠠ ᠡᠮ᠎ᠤᠨ ᠵᠦᠢ᠍ᠯ᠎ᠢ ᠬᠢᠨᠠᠨ ᠰᠢᠨᠵᠢᠬᠦ᠂ ᠡᠷᠡᠭᠦᠯ ᠮᠡᠨᠳᠦ ᠵᠢᠨ ᠬᠦᠨᠳᠦ ᠶᠡᠭᠡ ᠠᠶᠤᠯ ᠬᠤᠤᠷ᠎ᠤᠨ ᠡᠯᠧᠮᠧᠨ᠋ᠲ ᠪᠠ ᠬᠦᠨᠳᠦ ᠶᠡᠭᠡ ᠡᠪᠡᠳᠴᠢᠨ ᠡᠮᠭᠡᠭ᠎ᠢ ᠬᠢᠨᠠᠨ ᠰᠢᠨᠵᠢᠬᠦ᠂ ᠡᠬᠡ ᠨᠢᠯᠬᠠᠰ᠎ᠤᠨ ᠡᠷᠡᠭᠦᠯ ᠬᠠᠮᠠᠭ᠋ᠠᠯᠠᠯ᠎ᠢ ᠬᠢᠨᠠᠨ ᠰᠢᠨᠵᠢᠬᠦ ᠵᠡᠷᠭᠡ ᠵᠢ ᠡᠭᠦᠷᠭᠡ ᠬᠠᠷᠢᠭᠤᠴᠠᠯᠭ᠎ᠠ ᠡᠭᠦᠷᠭᠡᠯᠡᠬᠦ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ᠎ᠤᠨ ᠬᠠᠷᠢᠶᠠᠯᠠᠭᠳᠠᠬᠤ ᠬᠠᠷᠢᠴᠠᠭ᠎ᠠ ᠶᠣᠰᠣᠭ᠋ᠠᠷ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠤᠶᠤ ᠠᠶ᠋ᠢᠮᠠᠭ ᠬᠤᠲᠠ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ᠎ᠳᠤ ᠪᠠᠭᠲᠠᠭ᠋ᠠᠵᠤ ᠲᠤᠰ ᠲᠤᠰ ᠲᠣᠳᠣᠷᠬᠠᠢ ᠲᠣᠭᠲᠠᠭ᠋ᠠᠭᠰᠠᠨ ᠪᠠᠶ᠋ᠢᠪᠠᠯ᠂ ᠠᠳᠠᠯᠢ ᠱᠠᠲᠤᠨ᠎ᠤ ᠡᠳ᠋᠎ᠤᠨ ᠵᠠᠰᠠᠭ᠎ᠨᠢ ᠵᠠᠷᠤᠯᠭ᠎ᠠ ᠵᠢᠨ ᠬᠠᠷᠢᠭᠤᠴᠠᠯᠭ᠎ᠠ ᠵᠢ ᠡᠭᠦᠷᠭᠡᠯᠡᠨ᠎ᠡ᠃
4. ᠡᠮᠴᠢᠯᠡᠭᠡᠨ᠎ᠤ ᠪᠠᠲᠤᠯᠠᠭ᠎ᠠ ᠵᠢᠨ ᠴᠢᠳᠠᠪᠤᠷᠢ ᠵᠢᠨ ᠪᠠᠶ᠋ᠢᠭᠤᠯᠤᠯᠲᠠ᠃ ᠡᠭᠦᠨ᠎ᠳᠤ ᠪᠠᠶ᠋ᠢᠯᠳᠤᠬᠤ ᠪᠣᠳᠣᠯᠭ᠎ᠠ ᠵᠢᠨ ᠲᠦᠯᠦᠪᠵᠢᠭᠦᠯᠬᠡ᠂ ᠶᠡᠷᠦᠩᠬᠡᠶ᠋ᠢᠯᠡᠨ ᠬᠢᠨᠠᠵᠤ ᠬᠠᠮᠢᠶᠠᠷᠬᠤ᠂ ᠤᠬᠠᠭᠤᠯᠵᠤ ᠬᠦᠲᠦᠯᠦᠨ ᠵᠢᠯᠣᠭᠤᠳᠬᠤ᠂ ᠭᠠᠷᠲᠠᠨ ᠭᠦᠢ᠍ᠴᠡᠳᠬᠡᠵᠦ ᠦᠢ᠍ᠯᠡᠴᠢᠯᠡᠬᠦ ᠴᠢᠳᠠᠪᠤᠷᠢ ᠵᠢ ᠳᠡᠭᠡᠭᠰᠢᠯᠡᠭᠦᠯᠬᠦ᠂ ᠮᠡᠳᠡᠭᠡ ᠵᠠᠩᠭᠢᠴᠢᠯᠠᠯᠲᠠ ᠵᠢᠨ ᠪᠠᠶ᠋ᠢᠭᠤᠯᠤᠯᠲᠠ᠂ ᠴᠢᠳᠠᠪᠤᠷᠢᠲᠠᠨ᠎ᠤ ᠡᠩᠨᠡᠭᠡᠨ᠎ᠤ ᠪᠠᠶ᠋ᠢᠭᠤᠯᠤᠯᠲᠠ ᠵᠡᠷᠭᠡ ᠵᠢ ᠡᠭᠦᠷᠭᠡ ᠬᠠᠷᠢᠭᠤᠴᠠᠯᠭ᠎ᠠ ᠡᠭᠦᠷᠭᠡᠯᠡᠬᠦ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠵᠢᠴᠢ ᠲᠡᠳᠡᠭᠡᠷ᠎ᠤᠨ ᠬᠠᠷᠢᠶ᠎ᠠ ᠪᠠᠶ᠋ᠢᠭᠤᠯᠤᠮᠵᠢ ᠵᠢᠨ ᠬᠠᠷᠢᠶᠠᠯᠠᠭᠳᠠᠬᠤ ᠬᠠᠷᠢᠴᠠᠭ᠎ᠠ ᠶᠣᠰᠣᠭ᠋ᠠᠷ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠤᠶᠤ ᠠᠶ᠋ᠢᠮᠠᠭ ᠬᠤᠲᠠ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ᠎ᠳᠤ ᠲᠣᠰ ᠲᠣᠰ ᠪᠠᠭᠲᠠᠭ᠋ᠠᠭᠰᠠᠨ ᠪᠠᠶ᠋ᠢᠪᠠᠯ᠂ ᠠᠳᠠᠯᠢ ᠱᠠᠲᠤᠨ᠎ᠤ ᠡᠳ᠋᠎ᠤᠨ ᠵᠠᠰᠠᠭ᠎ᠨᠢ ᠵᠠᠷᠤᠯᠭ᠎ᠠ ᠵᠢᠨ ᠬᠠᠷᠢᠭᠤᠴᠠᠯᠭ᠎ᠠ ᠵᠢ ᠡᠭᠦᠷᠭᠡᠯᠡᠨ᠎ᠡ᠃ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠬᠤᠭᠤᠴᠠᠭ᠋ᠠᠨ᠎ᠳᠤ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠨᠢ ᠠᠶ᠋ᠢᠮᠠᠭ ᠬᠤᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠴᠢᠳᠠᠪᠤᠷᠢ ᠵᠢᠨ ᠪᠠᠶ᠋ᠢᠭᠤᠯᠤᠯᠲᠠ᠎ᠳᠤ ᠲᠣᠭᠲᠠᠭ᠋ᠠᠯ ᠶᠣᠰᠣᠭ᠋ᠠᠷ ᠨᠥᠬᠦᠪᠦᠷᠢ ᠣᠯᠭᠤᠨ᠎ᠠ᠃
5. ᠬᠢᠲᠠᠳ ᠡᠮ ᠡᠮᠨᠡᠯᠭᠡ ᠵᠢᠨ ᠦᠢ᠍ᠯᠡᠰ᠎ᠤᠨ ᠤᠯᠠᠮᠵᠢᠯᠠᠯ ᠪᠠ ᠬᠥᠭᠵᠢᠯᠲᠡ᠃ ᠡᠭᠦᠨ᠎ᠳᠤ ᠬᠢᠲᠠᠳ ᠡᠮ ᠡᠮᠨᠡᠯᠭᠡ ᠵᠢᠨ ᠡᠮᠴᠢᠯᠡᠭᠡᠨ᠎ᠤ ᠳᠠᠪᠠᠭᠤᠯᠢᠭ᠎ᠢ ᠪᠣᠢ ᠪᠣᠯᠭ᠋ᠠᠬᠤ᠂ ᠬᠢᠲᠠᠳ ᠡᠮ ᠡᠮᠨᠡᠯᠭᠡ ᠵᠢ ᠤᠯᠠᠮᠵᠢᠯᠠᠬᠤ ᠬᠢᠬᠡᠳ ᠰᠢᠨ᠎ᠡ ᠵᠢ ᠡᠭᠦᠳᠬᠦ᠂ ᠬᠢᠲᠠᠳ ᠡᠮ ᠡᠮᠨᠡᠯᠭᠡ ᠵᠢᠨ ᠤᠯᠠᠮᠵᠢᠯᠠᠯᠲᠤ ᠮᠡᠳᠡᠯᠭᠡ ᠵᠢ ᠬᠠᠮᠠᠭ᠋ᠠᠯᠠᠬᠤ ᠬᠢᠬᠡᠳ ᠠᠭᠤᠳᠠᠯᠬᠤ᠂ ᠬᠢᠲᠠᠳ ᠡᠮ ᠡᠮᠨᠡᠯᠭᠡ ᠵᠢᠨ 《ᠡᠪᠡᠳᠴᠢᠯᠡᠬᠦ᠎ᠠᠴᠠ ᠤᠷᠢᠳ ᠰᠡᠷᠭᠡᠶ᠋ᠢᠯᠡᠨ ᠡᠮᠨᠡᠬᠦ》 ᠮᠡᠷᠭᠡᠵᠢᠯ᠎ᠤᠨ ᠵᠢᠷᠤᠮᠵᠢᠯ ᠬᠢᠭᠡᠳ ᠳᠡᠯᠭᠡᠷᠡᠭᠦᠯᠦᠯᠲᠡ᠂ ᠬᠢᠲᠠᠳ ᠡᠮᠨᠡᠯᠭᠡ ᠵᠢᠨ ᠬᠤᠷᠢᠶᠠᠨ᠎ᠤ ᠴᠢᠳᠠᠪᠤᠷᠢ ᠵᠢᠨ ᠪᠠᠶ᠋ᠢᠭᠤᠯᠤᠯᠲᠠ᠂ ᠬᠢᠲᠠᠳ ᠡᠮᠨᠡᠯᠭᠡ ᠵᠢᠨ ᠭᠤᠤᠯᠳᠠᠯᠭ᠎ᠠ᠎ᠲᠠᠢ ᠲᠤᠰᠬᠠᠶ ᠡᠪᠡᠳᠴᠢᠨ᠎ᠢ ᠡᠮᠨᠡᠬᠦ ᠲᠤᠰᠬᠠᠶ ᠰᠠᠯᠠᠭ᠎ᠠ᠂ ᠦᠨᠳᠦᠰᠦᠨ ᠱᠠᠲᠤᠨ᠎ᠤ ᠬᠢᠲᠠᠳ ᠡᠮ ᠡᠮᠨᠡᠯᠭᠡ ᠵᠢᠨ ᠦᠢ᠍ᠯᠡᠴᠢᠯᠡᠬᠦ ᠴᠢᠳᠠᠪᠤᠷᠢ ᠵᠢᠨ ᠪᠠᠶ᠋ᠢᠭᠤᠯᠤᠯᠲᠠ ᠵᠡᠷᠭᠡ ᠵᠢ ᠥᠪᠡᠷᠲᠡᠭᠡᠨ ᠵᠠᠰᠠᠬᠤ ᠣᠷᠣᠨ ᠬᠢᠭᠡᠳ ᠠᠶ᠋ᠢᠮᠠᠭ ᠬᠤᠲᠠ ᠵᠢᠨ ᠬᠠᠮᠲᠤ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ᠎ᠳᠤ ᠪᠠᠭᠲᠠᠭ᠋ᠠᠭᠰᠠᠨ ᠪᠠᠶ᠋ᠢᠪᠠᠯ᠂ ᠥᠪᠡᠷᠲᠡᠭᠡᠨ ᠵᠠᠰᠠᠬᠤ ᠣᠷᠣᠨ ᠪᠠ ᠠᠶ᠋ᠢᠮᠠᠭ ᠬᠤᠲᠠ ᠵᠢᠨ ᠡᠳ᠋᠎ᠤᠨ ᠵᠠᠰᠠᠭ᠎ᠨᠢ ᠵᠠᠷᠤᠯᠭ᠎ᠠ ᠵᠢᠨ ᠬᠠᠷᠢᠭᠤᠴᠠᠯᠭ᠎ᠠ ᠵᠢ ᠬᠠᠮᠲᠤ᠎ᠪᠠᠷ ᠡᠭᠦᠷᠭᠡᠯᠡᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ᠎ᠠᠴᠠ ᠲᠣᠭᠲᠠᠭ᠋ᠠᠯ ᠶᠣᠰᠣᠭ᠋ᠠᠷ ᠨᠢᠭᠡᠳᠦᠯᠲᠡᠶ ᠵᠣᠬᠢᠶᠠᠨ ᠪᠠᠶ᠋ᠢᠭᠤᠯᠵᠤ ᠬᠡᠷᠡᠭᠵᠢᠭᠦᠯᠦᠭᠰᠡᠨ ᠬᠢᠲᠠᠳ ᠡᠮ ᠨᠠᠶ᠋ᠢᠷᠠᠬᠤ ᠴᠢᠳᠠᠪᠤᠷᠢ ᠵᠢᠨ ᠪᠠᠶ᠋ᠢᠭᠤᠯᠤᠯᠲᠠ᠂ ᠬᠢᠲᠠᠳ ᠡᠮ ᠡᠮᠨᠡᠯᠭᠡ ᠵᠢᠨ ᠲᠡᠷᠢᠭᠦᠨ᠎ᠤ ᠭᠤᠤᠯᠳᠠᠯᠭ᠎ᠠ᠎ᠲᠠᠢ ᠰᠢᠨᠵᠢᠯᠡᠭᠡᠨ᠂ ᠬᠢᠲᠠᠳ ᠡᠮᠨᠡᠯᠭᠡ ᠵᠢᠨ ᠣᠨᠴᠠᠯᠢᠭᠲᠤ ᠲᠤᠰᠬᠠᠶ ᠮᠡᠷᠭᠡᠵᠢᠯ᠂ ᠥᠪᠡᠷᠲᠡᠭᠡᠨ ᠵᠠᠰᠠᠬᠤ ᠣᠷᠣᠨ᠎ᠤ ᠲᠡᠰ᠎ᠤᠨ ᠨᠡᠷᠡᠲᠡᠢ ᠠᠬᠠᠮᠠᠳ ᠬᠢᠲᠠᠳ ᠡᠮ᠎ᠤᠨ ᠲᠤᠰᠬᠠᠶ ᠮᠡᠷᠭᠡᠵᠢᠯᠲᠡᠨ᠎ᠤ ᠡᠷᠳᠡᠮ ᠰᠢᠨᠵᠢᠯᠡᠭᠡᠨ᠎ᠤ ᠲᠤᠷᠰᠢᠯᠭ᠎ᠠ ᠵᠢ ᠵᠠᠯᠭ᠋ᠠᠮᠵᠢᠯᠠᠬᠤ ᠵᠡᠷᠭᠡ᠎ᠨᠢ ᠥᠪᠡᠷᠲᠡᠭᠡᠨ ᠵᠠᠰᠠᠬᠤ ᠣᠷᠣᠨ ᠪᠤᠶᠤ ᠠᠶ᠋ᠢᠮᠠᠭ ᠬᠤᠲᠠ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ᠎ᠪᠠᠷ ᠲᠣᠳᠣᠷᠬᠠᠢ ᠲᠣᠭᠲᠠᠭ᠋ᠠᠭᠳᠠᠭᠰᠠᠨ ᠪᠠᠶ᠋ᠢᠪᠠᠯ᠂ ᠠᠳᠠᠯᠢ ᠱᠠᠲᠤᠨ᠎ᠤ ᠡᠳ᠋᠎ᠤᠨ ᠵᠠᠰᠠᠭ᠎ᠨᠢ ᠵᠠᠷᠤᠯᠭ᠎ᠠ ᠵᠢᠨ ᠬᠠᠷᠢᠭᠤᠴᠠᠯᠭ᠎ᠠ ᠵᠢ ᠡᠭᠦᠷᠭᠡᠯᠡᠨ᠎ᠡ᠃
6. ᠮᠣᠩᠭᠤᠯ ᠡᠮ ᠡᠮᠨᠡᠯᠭᠡ ᠵᠢᠨ ᠦᠢ᠍ᠯᠡᠰ᠎ᠢ ᠭᠦᠭᠵᠢᠬᠦᠯᠦᠨ ᠮᠠᠨᠳᠤᠭᠤᠯᠤᠨ᠎ᠠ᠃ ᠳᠡᠭᠡᠷ᠎ᠡ ᠳᠤᠷᠠᠳᠤᠭᠰᠠᠨ ᠬᠢᠲᠠᠳ ᠡᠮ ᠡᠮᠨᠡᠯᠭᠡ ᠵᠢ ᠤᠯᠠᠮᠵᠢᠯᠠᠬᠤ ᠪᠠ ᠬᠥᠭᠵᠢᠭᠦᠯᠬᠦ ᠬᠠᠮᠢᠶ᠎ᠠ ᠪᠦᠬᠦᠢ ᠳᠡᠮᠵᠢᠯᠭᠡ ᠵᠢᠨ ᠲᠥᠷᠥ ᠵᠢᠨ ᠪᠣᠳᠣᠯᠭ᠎ᠠ᠎ᠳᠤ ᠮᠣᠩᠭᠤᠯ ᠡᠮ ᠡᠮᠨᠡᠯᠭᠡ ᠵᠢᠨ ᠠᠭᠤᠯᠭ᠎ᠠ ᠵᠢ ᠬᠠᠮᠲᠤᠳᠤᠨᠢ ᠪᠠᠭᠲᠠᠭ᠋ᠠᠭᠰᠠᠨ ᠪᠣᠯᠬᠤᠷ ᠲᠡᠭᠦᠨ ᠵᠶ᠋ᠠᠷ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠠᠴᠠ ᠮᠣᠩᠭᠤᠯ ᠡᠮ ᠡᠮᠨᠡᠯᠭᠡ ᠵᠢ ᠬᠥᠭᠵᠢᠭᠦᠯᠦᠨ ᠮᠠᠨᠳᠤᠭᠤᠯᠬᠤ ᠠᠵᠢᠯᠯᠠᠭ᠋ᠠᠨ᠎ᠤ ᠲᠥᠯᠥᠪᠯᠡᠭᠡ ᠵᠢᠨ ᠶᠣᠰᠣᠭ᠋ᠠᠷ ᠨᠢᠭᠡᠳᠦᠯᠲᠡᠶ ᠵᠣᠬᠢᠶᠠᠨ ᠪᠠᠶ᠋ᠢᠭᠤᠯᠵᠤ ᠬᠡᠷᠡᠭᠵᠢᠭᠦᠯᠦᠭᠰᠡᠨ ᠮᠣᠩᠭᠤᠯ ᠡᠮ ᠡᠮᠨᠡᠯᠭᠡ ᠵᠢᠨ ᠪᠠᠷᠢᠮᠵᠢᠶᠠᠵᠢᠯᠳᠠ᠂ ᠮᠣᠩᠭᠤᠯ ᠡᠮ᠎ᠢ ᠰᠤᠳᠤᠯᠤᠨ ᠨᠡᠭᠡᠭᠡᠬᠦ ᠴᠢᠬᠤᠯᠠ ᠶᠡᠭᠡ ᠲᠤᠰᠬᠠᠶ ᠵᠦᠢ᠍ᠯ᠂ ᠮᠣᠩᠭᠤᠯ ᠡᠮ ᠡᠮᠨᠡᠯᠭᠡ ᠵᠢᠨ ᠡᠮᠴᠢᠯᠡᠭᠡᠨ᠎ᠤ ᠰᠤᠳᠤᠯᠬᠤ ᠴᠢᠳᠠᠪᠤᠷᠢ ᠵᠢᠨ ᠪᠠᠶ᠋ᠢᠭᠤᠯᠤᠯᠲᠠ᠂ ᠮᠣᠩᠭᠤᠯ ᠡᠮ ᠡᠮᠨᠡᠯᠭᠡ ᠵᠢᠨ ᠵᠤᠬᠢᠯᠳᠤᠬᠤ ᠮᠡᠷᠭᠡᠵᠢᠯ᠎ᠢ ᠳᠡᠯᠭᠡᠷᠡᠭᠦᠯᠬᠦ ᠴᠢᠳᠠᠪᠤᠷᠢ ᠵᠢᠨ ᠪᠠᠶ᠋ᠢᠭᠤᠯᠤᠯᠲᠠ᠂ ᠮᠣᠩᠭᠤᠯ ᠡᠮ ᠡᠮᠨᠡᠯᠭᠡ ᠵᠢᠨ ᠭᠠᠳᠠᠭ᠋ᠠᠳᠤ᠎ᠯᠤᠭ᠎ᠠ ᠵᠢᠨ ᠰᠣᠯᠢᠯᠴᠠᠭ᠎ᠠ ᠵᠡᠷᠭᠡ ᠵᠢ ᠥᠪᠡᠷᠲᠡᠭᠡᠨ ᠵᠠᠰᠠᠬᠤ ᠣᠷᠣᠨ ᠪᠤᠶᠤ ᠠᠶ᠋ᠢᠮᠠᠭ ᠬᠤᠲᠠ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠣᠯᠭ᠋ᠠᠨ ᠲᠣᠳᠣᠷᠬᠠᠢ ᠲᠣᠭᠲᠠᠭ᠋ᠠᠭᠰᠠᠨ ᠪᠠᠶ᠋ᠢᠪᠠᠯ᠂ ᠠᠳᠠᠯᠢ ᠱᠠᠲᠤᠨ᠎ᠤ ᠡᠳ᠋᠎ᠤᠨ ᠵᠠᠰᠠᠭ᠎ᠨᠢ ᠵᠠᠷᠤᠯᠭ᠎ᠠ ᠵᠢᠨ ᠬᠠᠷᠢᠭᠤᠴᠠᠯᠭ᠎ᠠ ᠵᠢ ᠡᠭᠦᠷᠭᠡᠯᠡᠨ᠎ᠡ᠃
ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠬᠦᠷᠢᠶᠡᠨ᠎ᠳᠠᠬᠢ ᠵᠢᠭᠰᠠᠭ᠋ᠠᠭᠰᠠᠨ ᠦᠭᠡᠢ ᠪᠤᠰᠤᠳ ᠵᠦᠢ᠍ᠯᠡᠰ᠎ᠢ ᠥᠭᠡᠷᠡᠴᠢᠯᠡᠯᠲᠡ ᠵᠢᠨ ᠶᠡᠷᠦᠩᠬᠡᠶ ᠱᠠᠭ᠋ᠠᠷᠳᠠᠯᠭ᠎ᠠ ᠪᠠ ᠵᠦᠢ᠍ᠯᠡᠰ᠎ᠤᠨ ᠣᠨᠴᠠᠯᠢᠭ ᠶᠣᠰᠣᠭ᠋ᠠᠷ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠪᠣᠳᠠᠲᠠᠶ ᠲᠣᠭᠲᠠᠭ᠋ᠠᠨ᠎ᠠ᠃ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶ᠎ᠠ᠎ᠠᠴᠠ ᠬᠠᠮᠢᠶ᠎ᠠ ᠪᠥᠬᠦᠶ ᠣᠷᠣᠨ ᠪᠦᠰᠡ ᠵᠢᠨ ᠲᠥᠷᠥ ᠵᠢᠨ ᠪᠣᠳᠣᠯᠭ᠎ᠠ ᠵᠢ ᠯᠠᠪᠯᠠᠯᠲᠠ ᠪᠣᠯᠭ᠋ᠠᠨ ᠬᠦᠷᠲᠡᠵᠦ ᠪᠣᠯᠬᠤ᠎ᠪᠠᠷ ᠲᠣᠳᠣᠷᠬᠠᠶ ᠲᠣᠭᠲᠠᠭ᠋ᠠᠭᠰᠠᠨ ᠭᠠᠵᠠᠷ ᠣᠷᠣᠨ᠎ᠨᠢ ᠬᠠᠮᠢᠶ᠎ᠠ ᠪᠥᠬᠦᠶ ᠲᠣᠭᠲᠠᠭ᠋ᠠᠯ ᠶᠣᠰᠣᠭ᠋ᠠᠷ ᠦᠷᠭᠦᠯᠵᠢᠯᠡᠨ ᠬᠡᠷᠡᠭᠵᠢᠭᠦᠯᠦᠨ᠎ᠡ᠃ ᠦᠨᠳᠦᠰᠦᠨ ᠪᠦᠲᠦᠭᠡᠨ ᠪᠠᠶ᠋ᠢᠭᠤᠯᠤᠯᠲᠠ ᠵᠢᠨ ᠵᠠᠷᠤᠯᠭ᠎ᠠ ᠵᠢ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠤᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠡᠷᠡᠭᠵᠢᠭᠦᠯᠦᠨ᠎ᠡ᠃ ᠴᠡᠷᠢᠭ ᠠᠩᠭᠢ᠂ ᠤᠯᠤᠰ᠎ᠤᠨ ᠥᠮᠴᠢᠯᠡᠯᠲᠦ ᠪᠠ ᠬᠠᠮᠲᠤ ᠵᠢᠨ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ ᠵᠡᠷᠭᠡ ᠵᠢᠨ ᠡᠷᠬᠢᠯᠡᠭᠰᠡᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ᠎ᠨᠤᠭᠤᠳ᠎ᠨᠢ ᠣᠳᠣ ᠵᠢᠨ ᠪᠠᠶ᠋ᠢᠭᠤᠯᠤᠯ ᠪᠠ ᠬᠠᠮᠢᠶ᠎ᠠ ᠪᠦᠬᠦᠢ ᠬᠦᠷᠢᠶᠡᠨ᠎ᠳᠠᠬᠢ ᠥᠭᠡᠷᠡᠴᠢᠯᠡᠯᠲᠡ ᠵᠢᠨ ᠱᠠᠭ᠋ᠠᠷᠳᠠᠯᠭ᠎ᠠ ᠶᠣᠰᠣᠭ᠋ᠠᠷ ᠵᠠᠷᠤᠳᠠᠯ᠎ᠢ᠎ᠨᠢ ᠪᠠᠲᠤᠯᠠᠬᠤ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠨ᠎ᠠ᠃
ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠣᠯᠭ᠋ᠠᠨ ᠲᠣᠳᠣᠷᠬᠠᠢ ᠲᠣᠭᠲᠠᠭ᠋ᠠᠭᠰᠠᠨ ᠴᠤ᠌ ᠠᠶ᠋ᠢᠮᠠᠭ ᠬᠤᠲᠠ᠎ᠳᠤ ᠨᠠᠶ᠋ᠢᠳᠠᠵᠤ ᠶᠠᠪᠤᠭᠳᠠᠭᠤᠯᠬᠤ ᠴᠢᠬᠤᠯᠠᠲᠠᠢ ᠵᠦᠢ᠍ᠯᠡᠰ᠎ᠢ ᠠᠶ᠋ᠢᠮᠠᠭ ᠬᠤᠲᠠ᠎ᠨᠢ ᠨᠠᠶ᠋ᠢᠳᠠᠭᠰᠠᠨ ᠬᠡᠪᠴᠢᠶᠡᠨ᠎ᠳᠤ᠂ ᠨᠠᠶ᠋ᠢᠳᠠᠭᠰᠠᠨ ᠨᠢᠭᠡᠴᠢ ᠵᠢᠨ ᠨᠡᠷ᠎ᠡ᠎ᠪᠠᠷ ᠡᠷᠬᠡ ᠲᠤᠰᠢᠶᠠᠯ ᠵᠶ᠋ᠠᠨ ᠬᠡᠷᠡᠭᠵᠢᠭᠦᠯᠵᠦ᠂ ᠵᠣᠬᠢᠬᠤ ᠬᠠᠤᠯᠢ ᠴᠠᠭ᠋ᠠᠵᠠ ᠵᠢᠨ ᠬᠠᠷᠢᠭᠤᠴᠠᠯᠭ᠎ᠠ ᠵᠢ ᠡᠭᠦᠷᠭᠡᠯᠡᠬᠦ ᠵᠢᠨ ᠬᠠᠮᠲᠤ᠂ ᠨᠠᠶ᠋ᠢᠳᠠᠭᠰᠠᠨ ᠨᠢᠭᠡᠴᠢ ᠵᠢᠨ ᠬᠢᠨᠠᠯᠲᠠ ᠲᠠᠯᠪᠢᠯᠳᠠ ᠵᠢ ᠬᠦᠯᠢᠶᠡᠨ᠎ᠡ᠃ ᠥᠪᠡᠷᠲᠡᠭᠡᠨ ᠵᠠᠰᠠᠬᠤ ᠣᠷᠣᠨ ᠪᠠ ᠠᠶ᠋ᠢᠮᠠᠭ ᠬᠤᠲᠠ ᠵᠢᠨ ᠬᠠᠮᠲᠤ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠣᠯᠭ᠋ᠠᠨ ᠲᠣᠳᠣᠷᠬᠠᠢ ᠲᠣᠭᠲᠠᠭ᠋ᠠᠭᠰᠠᠨ ᠵᠦᠢ᠍ᠯᠡᠰ᠎ᠲᠤ᠂ ᠥᠪᠡᠷᠲᠡᠭᠡᠨ ᠵᠠᠰᠠᠬᠤ ᠣᠷᠣᠨ᠎ᠠᠴᠠ ᠲᠣᠭᠲᠠᠭ᠋ᠠᠭᠰᠠᠨ ᠣᠯᠠᠨ ᠨᠡᠶ᠋ᠢᠲᠡ ᠵᠢᠨ ᠦᠨᠳᠦᠰᠦᠨ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡ᠂ ᠲᠥᠯᠥᠪᠯᠡᠭᠡᠲᠦ ᠦᠷᠡᠵᠢᠯ᠎ᠳᠤ ᠲᠡᠳᠬᠦᠬᠦ ᠪᠠᠲᠤᠯᠠᠭ᠎ᠠ ᠵᠡᠷᠭᠡ ᠲᠠᠯ᠎ᠠ᠎ᠪᠠᠷ᠎ᠬᠢ ᠪᠥᠬᠦ ᠣᠷᠣᠨ᠎ᠤ ᠰᠠᠭᠤᠷᠢ ᠪᠠᠷᠢᠮᠵᠢᠶᠠᠨ᠎ᠤ ᠵᠦᠢ᠍ᠯᠡᠰ᠎ᠢ ᠡᠯ᠎ᠡ ᠠᠶ᠋ᠢᠮᠠᠭ ᠬᠤᠲᠠ᠎ᠨᠢ ᠪᠥᠬᠦ ᠣᠷᠣᠨ᠎ᠤ ᠰᠠᠭᠤᠷᠢ ᠪᠠᠷᠢᠮᠵᠢᠶ᠎ᠠ ᠵᠢ ᠨᠠᠶ᠋ᠢᠳᠠᠪᠤᠷᠢᠵᠢᠭᠤᠯᠵᠤ ᠪᠣᠳᠠᠲᠠᠶ᠋ᠢᠵᠢᠭᠤᠯᠬᠤ᠎ᠪᠠᠨ ᠦᠨᠡᠨ ᠬᠦ᠌ ᠪᠠᠲᠤᠯᠠᠭᠰᠠᠨ ᠤᠷᠢᠲᠠᠯ ᠳᠣᠤᠷ᠎ᠠ᠂ ᠪᠠᠲᠤᠯᠠᠭ᠎ᠠ ᠵᠢᠨ ᠠᠭᠤᠯᠭ᠎ᠠ ᠵᠢ ᠵᠣᠬᠢᠰᠲᠠᠶ ᠨᠡᠮᠡᠭᠳᠡᠭᠦᠯᠬᠦ ᠪᠤᠶᠤ ᠪᠠᠲᠤᠯᠠᠭ᠎ᠠ ᠵᠢᠨ ᠪᠠᠷᠢᠮᠵᠢᠶ᠎ᠠ ᠵᠢ ᠳᠡᠭᠡᠭᠰᠢᠯᠡᠭᠦᠯᠵᠦ ᠪᠣᠯᠬᠤ ᠪᠥᠭᠡᠳ ᠬᠡᠲᠦᠷᠡᠵᠦ ᠭᠠᠷᠤᠭᠰᠠᠨ ᠬᠡᠰᠡᠭ᠎ᠢ᠎ᠨᠢ ᠠᠳᠠᠯᠢ ᠱᠠᠲᠤᠨ᠎ᠤ ᠡᠳ᠋᠎ᠤᠨ ᠵᠠᠰᠠᠭ᠎ᠨᠢ ᠲᠣᠭᠲᠠᠭ᠋ᠠᠯ ᠶᠣᠰᠣᠭ᠋ᠠᠷ ᠡᠭᠦᠷᠭᠡᠯᠡᠨ᠎ᠡ᠃ ᠡᠮᠴᠢᠯᠡᠭᠡᠨ᠎ᠤ ᠠᠪᠤᠷᠠᠨ ᠲᠤᠰᠠᠯᠠᠯᠲᠠ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠴᠢᠳᠠᠪᠤᠷᠢᠲᠠᠨ᠎ᠤ ᠡᠩᠨᠡᠭᠡᠨ᠎ᠤ ᠪᠠᠶ᠋ᠢᠭᠤᠯᠤᠯᠲᠠ᠂ ᠭᠤᠤᠯᠳᠠᠯᠭ᠎ᠠ᠎ᠲᠠᠢ ᠰᠢᠨᠵᠢᠯᠡᠭᠡᠨ᠎ᠤ ᠬᠥᠭᠵᠢᠯᠲᠡ ᠵᠡᠷᠭᠡ ᠤᠯᠤᠰ᠎ᠤᠨ ᠰᠠᠭᠤᠷᠢ ᠪᠠᠷᠢᠮᠵᠢᠶ᠎ᠠ ᠵᠢ ᠨᠢᠭᠡᠳᠦᠯᠲᠡᠶ ᠲᠣᠭᠲᠠᠭ᠋ᠠᠬᠤ ᠨᠥᠬᠦᠴᠡᠯ᠎ᠢ ᠪᠦᠷᠢᠯᠳᠦᠭᠦᠯᠬᠦ᠎ᠳᠤ ᠬᠢᠯᠪᠠᠷ ᠪᠤᠰᠤ ᠪᠤᠶᠤ ᠲᠦᠷ ᠪᠦᠷᠢᠯᠳᠦᠭᠦᠯᠦᠭᠡᠳᠦᠶ ᠵᠦᠢ᠍ᠯᠡᠰ᠎ᠢ ᠪᠣᠯ᠂ ᠥᠪᠡᠷᠲᠡᠭᠡᠨ ᠵᠠᠰᠠᠬᠤ ᠣᠷᠣᠨ᠎ᠠᠴᠠ ᠵᠠᠷᠴᠢᠮ᠎ᠤᠨ ᠱᠠᠭ᠋ᠠᠷᠳᠠᠯᠭ᠎ᠠ ᠳᠤᠷᠠᠳᠬᠤ ᠵᠢᠨ ᠬᠠᠮᠲᠤ ᠠᠮᠵᠢᠯᠲᠠ ᠪᠦᠲᠦᠮᠵᠢ ᠵᠢᠨ ᠬᠠᠷᠠᠯᠲᠠ ᠲᠣᠭᠲᠠᠭ᠋ᠠᠨ᠂ ᠠᠶ᠋ᠢᠮᠠᠭ ᠬᠤᠲᠠ᠎ᠨᠢ ᠲᠡᠭᠦᠨ᠎ᠢ ᠦᠨᠳᠦᠰᠦᠯᠡᠨ ᠲᠣᠰ ᠭᠠᠵᠠᠷ ᠣᠷᠣᠨ᠎ᠤ᠎ᠪᠠᠨ ᠪᠠᠷᠢᠮᠵᠢᠶ᠎ᠠ ᠵᠢ ᠪᠡᠶ᠎ᠡ᠎ᠪᠠᠨ ᠳᠠᠭ᠋ᠠᠭ᠋ᠠᠨ ᠲᠣᠭᠲᠠᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠨᠢ ᠵᠣᠬᠢᠬᠤ ᠨᠥᠬᠦᠪᠦᠷᠢ ᠣᠯᠭᠤᠨ᠎ᠠ᠃ ᠡᠯ᠎ᠡ ᠠᠶ᠋ᠢᠮᠠᠭ ᠬᠤᠲᠠ᠎ᠨᠢ ᠲᠤᠰ ᠭᠠᠵᠠᠷ ᠣᠷᠣᠨ᠎ᠤ ᠪᠠᠷᠢᠮᠵᠢᠶ᠎ᠠ ᠵᠢ ᠲᠣᠭᠲᠠᠭ᠋ᠠᠨ ᠨᠡᠶ᠋ᠢᠲᠡᠯᠡᠬᠦ᠎ᠳᠤ᠎ᠪᠠᠨ ᠣᠷᠣᠨ ᠪᠦᠰᠡ ᠵᠢᠨ ᠬᠤᠭᠤᠷᠣᠨᠳᠣᠬᠢ ᠦᠨᠳᠦᠰᠦᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠡᠷᠬᠡ ᠲᠡᠭᠰᠢ ᠴᠢᠨᠠᠷ᠂ ᠲᠤᠰ ᠭᠠᠵᠠᠷ᠎ᠤᠨ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠬᠢᠷᠢ ᠲᠦᠪᠰᠢᠨ ᠪᠠ ᠡᠳ᠋᠎ᠤᠨ ᠵᠠᠰᠠᠭ᠎ᠤᠨ ᠳᠠᠭ᠋ᠠᠭ᠋ᠠᠬᠤ ᠴᠢᠳᠠᠪᠤᠷᠢ ᠵᠢ ᠭᠦᠢ᠍ᠴᠡᠳ ᠪᠣᠳᠣᠯᠬᠢᠯᠠᠵᠤ᠂ ᠡᠳ᠋᠎ᠤᠨ ᠵᠠᠰᠠᠭ᠎ᠤᠨ ᠣᠷᠣᠭᠤᠯᠤᠯᠲᠠ ᠵᠢᠨ ᠦᠷᠭᠦᠯᠵᠢᠯᠡᠬᠦ ᠵᠢ ᠦᠨᠡᠨ ᠬᠦ᠌ ᠪᠠᠲᠤᠯᠠᠨ᠎ᠠ᠃ ᠡᠯ᠎ᠡ ᠠᠶ᠋ᠢᠮᠠᠭ ᠬᠤᠲᠠ ᠵᠢᠨ ᠪᠠᠷᠢᠮᠵᠢᠶ᠎ᠠ᠎ᠨᠢ ᠥᠪᠡᠷᠲᠡᠭᠡᠨ ᠵᠠᠰᠠᠬᠤ ᠣᠷᠣᠨ᠎ᠤ ᠰᠠᠭᠤᠷᠢ ᠪᠠᠷᠢᠮᠵᠢᠶ᠎ᠠ᠎ᠠᠴᠠ ᠥᠨᠳᠥᠷ ᠪᠠᠶ᠋ᠢᠪᠠᠯ᠂ ᠳᠡᠰ ᠳᠠᠷᠠᠭ᠋ᠠᠯᠠᠯ ᠶᠣᠰᠣᠭ᠋ᠠᠷ ᠤᠷᠢᠳ ᠵᠶ᠋ᠠᠷ ᠥᠪᠡᠷᠲᠡᠭᠡᠨ ᠵᠠᠰᠠᠬᠤ ᠣᠷᠣᠨ᠎ᠳᠤ ᠮᠡᠳᠡᠭᠦᠯᠵᠦ ᠳᠠᠩᠰᠠᠯᠠᠭᠤᠯᠤᠭᠰᠠᠨ᠎ᠤ ᠳᠠᠷᠠᠭ᠎ᠠ ᠬᠡᠷᠡᠭᠵᠢᠭᠦᠯᠦᠨ᠎ᠡ᠃ ᠠᠶ᠋ᠢᠮᠠᠭ ᠬᠤᠲᠠ᠂ ᠬᠤᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠴᠢᠬᠤᠯᠠ ᠶᠡᠭᠡ ᠲᠥᠷᠥ ᠵᠢᠨ ᠪᠣᠳᠣᠯᠭ᠎ᠠ ᠵᠢᠨ ᠲᠣᠬᠢᠷᠠᠭᠤᠯᠤᠯᠲᠠ ᠵᠡᠷᠬᠡ᠎ᠳᠤ ᠬᠤᠯᠪᠣᠭᠳᠠᠭᠰᠠᠨ ᠵᠦᠢ᠍ᠯᠡᠰ᠎ᠢ ᠨᠡᠶ᠋ᠢᠲᠡᠯᠡᠬᠦ᠎ᠳᠤ᠂ ᠳᠡᠰ ᠳᠠᠷᠠᠭ᠋ᠠᠯᠠᠯ ᠶᠣᠰᠣᠭ᠋ᠠᠷ ᠤᠷᠢᠳ ᠵᠶ᠋ᠠᠷ ᠥᠪᠡᠷᠲᠡᠭᠡᠨ ᠵᠠᠰᠠᠬᠤ ᠣᠷᠣᠨ᠎ᠤ ᠬᠤᠯᠪᠣᠭᠳᠠᠯ ᠪᠦᠬᠦᠢ ᠰᠠᠯᠠᠭ᠎ᠠ ᠮᠥᠴᠢᠷ᠎ᠲᠤ ᠮᠡᠳᠡᠭᠦᠯᠵᠦ ᠳᠠᠩᠰᠠᠯᠠᠭᠤᠯᠤᠭᠰᠠᠨ᠎ᠤ ᠳᠠᠷᠠᠭ᠎ᠠ ᠬᠡᠷᠡᠭᠵᠢᠭᠦᠯᠦᠨ᠎ᠡ᠃
ᠣᠳᠣ ᠵᠢᠨ ᠮᠤᠵᠢ ᠵᠢᠨ ᠱᠠᠲᠤᠨ᠎ᠠᠴᠠ ᠳᠣᠷᠣᠭᠰᠢᠬᠢ ᠡᠳ᠋᠎ᠤᠨ ᠬᠦᠴᠦᠨ᠎ᠤ ᠪᠠᠶ᠋ᠢᠷᠢᠰᠢᠯ᠎ᠢ ᠶᠡᠷᠦᠩᠬᠡᠶ᠎ᠳᠤ᠎ᠪᠠᠨ ᠲᠣᠭᠲᠠᠭᠤᠨ ᠪᠠᠶ᠋ᠢᠯᠭ᠋ᠠᠬᠤ ᠵᠠᠷᠴᠢᠮ ᠶᠣᠰᠣᠭ᠋ᠠᠷ᠂ ᠳᠡᠭᠡᠷ᠎ᠡ ᠳᠤᠷᠠᠳᠤᠭᠰᠠᠨ ᠬᠤᠪᠢᠶᠠᠨ ᠡᠭᠦᠷᠭᠡᠯᠡᠬᠦ ᠬᠠᠷᠢᠴᠠᠯ᠎ᠢ ᠲᠣᠬᠢᠷᠠᠭᠤᠯᠬᠤ᠎ᠳᠤ ᠬᠤᠯᠪᠣᠭᠳᠠᠵᠤ ᠪᠠᠶ᠋ᠢᠭ᠎ᠠ ᠥᠪᠡᠷᠲᠡᠭᠡᠨ ᠵᠠᠰᠠᠬᠤ ᠣᠷᠣᠨ ᠬᠢᠭᠡᠳ ᠠᠶ᠋ᠢᠮᠠᠭ ᠬᠤᠲᠠ ᠵᠢᠨ ᠵᠠᠷᠤᠯᠭ᠎ᠠ ᠵᠢᠨ ᠰᠠᠭᠤᠷᠢ ᠲᠣᠭ᠋ᠠᠨ᠎ᠤ ᠬᠤᠪᠢᠶᠠᠷᠢᠯᠠᠨ ᠰᠢᠯᠵᠢᠭᠦᠯᠬᠦ ᠠᠵᠢᠯ᠎ᠢ ᠲᠥᠰᠦᠪ᠎ᠤᠨ ᠬᠠᠮᠢᠶᠠᠷᠤᠯᠲᠠ ᠵᠢᠨ ᠬᠤᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠭᠦᠢ᠍ᠴᠡᠳᠬᠡᠨ᠎ᠡ᠃
ᠳᠥᠷᠪᠡ᠂ ᠲᠦᠭᠦᠷ ᠠᠷᠭ᠎ᠠ ᠬᠡᠮᠵᠢᠶ᠎ᠡ
ᠡᠮᠴᠢᠯᠡᠭᠡ ᠡᠷᠡᠭᠦᠯ ᠬᠠᠮᠠᠭ᠋ᠠᠯᠠᠯ᠎ᠤᠨ ᠬᠦᠷᠢᠶᠡᠨ᠎ᠳᠠᠬᠢ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠬᠤᠪᠢᠶᠠᠷᠢᠯᠠᠬᠤ ᠪᠣᠯ ᠥᠪᠡᠷᠲᠡᠭᠡᠨ ᠵᠠᠰᠠᠬᠤ ᠣᠷᠣᠨ ᠬᠢᠭᠡᠳ ᠠᠶ᠋ᠢᠮᠠᠭ ᠬᠤᠲᠠ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠬᠤᠪᠢᠶᠠᠷᠢᠯᠠᠬᠤ ᠥᠭᠡᠷᠡᠴᠢᠯᠡᠯᠲᠡ ᠵᠢᠨ ᠴᠢᠬᠤᠯᠠ ᠠᠭᠤᠯᠭ᠎ᠠ ᠪᠣᠯᠤᠨ᠎ᠠ᠂ ᠡᠯ᠎ᠡ ᠠᠶ᠋ᠢᠮᠠᠭ ᠬᠤᠲᠠ᠂ ᠡᠯ᠎ᠡ ᠰᠠᠯᠠᠭ᠎ᠠ ᠮᠥᠴᠢᠷ᠎ᠨᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠵᠣᠬᠢᠶᠠᠨ ᠪᠠᠶ᠋ᠢᠭᠤᠯᠵᠤ ᠤᠳᠤᠷᠢᠳᠬᠤ᠎ᠪᠠᠨ ᠴᠢᠩᠭ᠋ᠠᠳᠬᠠᠨ᠂ ᠪᠣᠳᠠᠲᠠᠢ᠎ᠲᠠᠢ᠎ᠪᠠᠨ ᠤᠶᠠᠯᠳᠤᠭᠤᠯᠵᠤ ᠪᠠᠶ᠋ᠢᠭ᠋ᠠᠳ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠨᠠᠷᠢᠯᠢᠭᠵᠢᠭᠤᠯᠵᠤ᠂ ᠨᠠᠷᠢᠨ ᠨᠢᠮᠪᠠᠶ ᠵᠣᠬᠢᠶᠠᠨ ᠪᠠᠶ᠋ᠢᠭᠤᠯᠵᠤ ᠬᠡᠷᠡᠭᠵᠢᠭᠦᠯᠦᠨ᠂ ᠥᠭᠡᠷᠡᠴᠢᠯᠡᠯᠲᠡ ᠵᠢᠨ ᠤᠷᠤᠭᠰᠢᠲᠠᠶ ᠠᠬᠢᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃
(ᠨᠢᠭᠡ) ᠬᠠᠮᠢᠶ᠎ᠠ ᠪᠥᠬᠦᠶ ᠥᠭᠡᠷᠡᠴᠢᠯᠡᠯᠲᠡ ᠵᠢ ᠬᠠᠮᠵᠢᠯᠴᠠᠨ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠬᠢᠭᠡᠳ ᠠᠶ᠋ᠢᠮᠠᠭ ᠬᠤᠲᠠ ᠵᠢᠨ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠬᠦᠷᠢᠶᠡᠨ᠎ᠳᠠᠬᠢ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢᠨ ᠬᠤᠪᠢᠶᠠᠷᠢᠯᠠᠬᠤ ᠥᠭᠡᠷᠡᠴᠢᠯᠡᠯᠲᠡ ᠵᠢ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦᠯᠦᠭᠡ ᠨᠢᠭᠲᠠ ᠤᠶᠠᠯᠳᠤᠭᠤᠯᠬᠤ ᠪᠠ ᠨᠢᠭᠡᠳᠦᠯᠲᠡᠶ ᠲᠥᠯᠥᠪᠯᠡᠨ ᠬᠡᠷᠡᠭᠵᠢᠭᠦᠯᠵᠦ᠂ ᠬᠤᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠎ᠤᠨ ᠲᠣᠭᠲᠠᠭᠤᠨ ᠪᠥᠭᠡᠳ ᠦᠷᠭᠦᠯᠵᠢᠯᠡᠭᠰᠡᠨ ᠪᠡᠯᠡ ᠮᠥᠩᠭᠦ ᠴᠤᠭᠯᠠᠭᠤᠯᠬᠤ ᠪᠠ ᠳᠠᠩᠰᠠ ᠲᠠᠶ᠋ᠢᠯᠬᠤ ᠬᠠᠷᠢᠴᠠᠯ᠎ᠤᠨ ᠲᠣᠬᠢᠷᠠᠭᠤᠯᠬᠤ ᠲᠣᠭᠲᠠᠴᠠ ᠵᠢ ᠭᠤᠤᠯᠳᠠᠯᠭ᠎ᠠ᠎ᠲᠠᠢ ᠲᠡᠭᠦᠯᠳᠡᠷᠵᠢᠭᠦᠯᠦᠨ᠂ ᠵᠠᠰᠠᠭ᠎ᠤᠨ ᠣᠷᠳᠣᠨ ᠬᠢᠭᠡᠳ ᠬᠤᠪᠢ ᠬᠥᠮᠦᠨ᠎ᠤ ᠬᠤᠪᠢᠳᠠᠨ ᠡᠭᠦᠷᠭᠡᠯᠡᠬᠦ ᠬᠠᠷᠢᠴᠠᠯ᠎ᠢ ᠵᠣᠬᠢᠰᠲᠠᠶ ᠲᠣᠭᠲᠠᠭ᠋ᠠᠵᠤ᠂ ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠤᠷᠢᠶᠠᠨ᠎ᠤ ᠪᠠᠶ᠋ᠢᠭᠤᠯᠤᠯ ᠲᠣᠭᠲᠠᠴᠠ ᠵᠢᠨ ᠥᠭᠡᠷᠡᠴᠢᠯᠡᠯᠲᠡ ᠵᠢ ᠠᠬᠢᠭᠤᠯᠬᠤ᠂ ᠣᠷᠣᠨ ᠪᠦᠰᠡ ᠵᠢᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠬᠦᠷᠢᠶᠡᠨ᠎ᠳᠠᠬᠢ ᠡᠯ᠎ᠡ ᠵᠦᠢ᠍ᠯ᠎ᠤᠨ ᠥᠭᠡᠷᠡᠴᠢᠯᠡᠯᠲᠡ ᠵᠢᠨ ᠬᠠᠮᠵᠢᠯᠴᠠᠨ ᠬᠦᠳᠡᠯᠦᠯᠴᠡᠬᠦ᠂ ᠬᠠᠮᠵᠢᠯᠴᠠᠨ ᠠᠬᠢᠭᠤᠯᠬᠤ ᠵᠢ ᠴᠢᠩᠭ᠋ᠠᠷᠠᠭᠤᠯᠬᠤ ᠰᠠᠶ᠋ᠢᠨ ᠰᠠᠶ᠋ᠢᠬᠠᠨ ᠪᠠᠶ᠋ᠢᠳᠠᠯ᠎ᠢ ᠪᠤᠢ ᠪᠣᠯᠭ᠋ᠠᠬᠤ ᠬᠡᠷᠡᠭᠲᠡᠶ᠃
(ᠬᠤᠶᠠᠷ) ᠬᠠᠷᠢᠭᠤᠴᠠᠯᠭ᠎ᠠ ᠵᠢ ᠬᠤᠪᠢᠳᠠᠨ ᠡᠭᠦᠷᠭᠡᠯᠡᠬᠦ ᠲᠣᠭᠲᠠᠴᠠ ᠵᠢ ᠲᠡᠭᠦᠯᠳᠡᠷᠵᠢᠭᠦᠯᠦᠨ᠎ᠡ᠃ ᠡᠯ᠎ᠡ ᠠᠶ᠋ᠢᠮᠠᠭ ᠬᠤᠲᠠ᠎ᠨᠢ ᠲᠣᠰ ᠲᠥᠰᠦᠯ᠎ᠢ ᠦᠨᠳᠦᠰᠦᠯᠡᠨ᠂ ᠣᠳᠣ ᠵᠢᠨ ᠬᠡᠷᠡᠭᠵᠢᠭᠦᠯᠵᠦ ᠪᠠᠶ᠋ᠢᠭ᠎ᠠ ᠡᠳ᠋᠎ᠤᠨ ᠵᠠᠰᠠᠭ᠎ᠤᠨ ᠪᠠᠶ᠋ᠢᠭᠤᠯᠤᠯ᠎ᠲᠠᠢ ᠤᠶᠠᠯᠳᠤᠭᠤᠯᠵᠤ᠂ ᠡᠮᠴᠢᠯᠡᠭᠡ ᠡᠷᠡᠭᠦᠯ ᠬᠠᠮᠠᠭ᠋ᠠᠯᠠᠯ᠎ᠤᠨ ᠬᠦᠷᠢᠶᠡᠨ᠎ᠳᠠᠬᠢ ᠠᠶ᠋ᠢᠮᠠᠭ ᠬᠤᠲᠠ ᠵᠢᠨ ᠱᠠᠲᠤᠨ᠎ᠠᠴᠠ ᠳᠣᠷᠣᠭᠰᠢᠬᠢ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠵᠣᠬᠢᠰᠲᠠᠶ ᠬᠤᠪᠢᠶᠠᠷᠢᠯᠠᠬᠤ ᠬᠡᠷᠡᠭᠲᠡᠶ᠃ ᠣᠷᠣᠨ ᠪᠦᠰᠡ᠎ᠳᠠᠬᠢ ᠦᠨᠳᠦᠰᠦᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡ ᠵᠢ ᠠᠳᠠᠯᠢ ᠲᠡᠭᠰᠢ ᠪᠣᠯᠭ᠋ᠠᠬᠤ᠎ᠪᠠᠷ ᠠᠬᠢᠭᠤᠯᠬᠤ ᠠᠵᠢᠯ᠎ᠳᠠᠬᠢ ᠵᠠᠰᠠᠭ᠎ᠤᠨ ᠣᠷᠳᠣᠨ᠎ᠤ ᠡᠭᠦᠷᠭᠡ ᠬᠠᠷᠢᠭᠤᠴᠠᠯᠭ᠎ᠠ ᠵᠢ ᠲᠣᠳᠣᠷᠬᠠᠢ ᠲᠣᠭᠲᠠᠭ᠋ᠠᠵᠤ᠂ ᠣᠷᠣᠨ ᠪᠦᠰᠡ ᠵᠢᠨ ᠳᠣᠲᠣᠷᠠᠬᠢ ᠬᠦᠴᠢᠷᠳᠡᠯᠲᠡᠶ ᠭᠠᠵᠠᠷ ᠣᠷᠣᠨ᠎ᠳᠠᠬᠢ ᠰᠢᠯᠵᠢᠭᠦᠯᠦᠨ ᠥᠭᠬᠦ ᠡᠷᠴᠢᠮ᠎ᠢ ᠴᠢᠩᠭ᠋ᠠᠷᠠᠭᠤᠯᠬᠤ ᠬᠡᠷᠡᠭᠲᠡᠶ᠃ ᠲᠡᠭᠦᠨ᠎ᠠᠴᠠ ᠳᠡᠭᠡᠳᠦ ᠨᠢᠭᠡ ᠱᠠᠲᠤᠨ᠎ᠤ ᠵᠠᠰᠠᠭ᠎ᠤᠨ ᠣᠷᠳᠣᠨ᠎ᠤ ᠡᠭᠦᠷᠭᠡᠯᠡᠬᠦ᠎ᠳᠤ ᠵᠤᠬᠢᠯᠳᠤᠬᠤ ᠦᠨᠳᠦᠰᠦᠨ ᠡᠮᠴᠢᠯᠡᠭᠡ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠵᠠᠷᠤᠯᠭ᠎ᠠ ᠵᠢᠨ ᠬᠠᠷᠢᠭᠤᠴᠠᠯᠭ᠎ᠠ ᠵᠢ ᠳᠡᠭᠡᠳᠦ ᠱᠠᠲᠤ ᠲᠡᠶ᠋ᠢᠰᠢ ᠰᠢᠯᠵᠢᠭᠦᠯᠵᠦ᠂ ᠦᠨᠳᠦᠰᠦᠨ ᠱᠠᠲᠤᠨ᠎ᠤ ᠵᠠᠰᠠᠭ᠎ᠤᠨ ᠣᠷᠳᠣᠨ᠎ᠤ ᠵᠠᠷᠤᠯᠭ᠎ᠠ ᠵᠢᠨ ᠳᠠᠷᠤᠭ᠋ᠠᠰᠤ ᠬᠡᠲᠦᠷᠬᠡᠶ ᠶᠡᠭᠡ ᠨᠡᠮᠡᠭᠳᠡᠬᠦ᠎ᠠᠴᠠ ᠵᠠᠶ᠋ᠢᠯᠠᠰᠬᠢᠬᠦ ᠬᠡᠷᠡᠭᠲᠡᠢ᠃
(ᠭᠤᠷᠪᠠ) ᠵᠠᠷᠤᠯᠭ᠎ᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ᠎ᠪᠠᠨ ᠴᠢᠩᠭ᠋ᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠪᠠ ᠠᠶ᠋ᠢᠮᠠᠭ ᠬᠤᠲᠠ᠎ᠨᠢ ᠲᠣᠭᠲᠠᠭ᠋ᠠᠭᠰᠠᠨ ᠵᠠᠷᠤᠯᠭ᠎ᠠ ᠵᠢᠨ ᠬᠠᠷᠢᠭᠤᠴᠠᠯᠭ᠎ᠠ ᠶᠣᠰᠣᠭ᠋ᠠᠷ ᠲᠥᠰᠦᠪ ᠵᠶ᠋ᠠᠨ ᠵᠣᠬᠢᠰᠲᠠᠶ ᠲᠣᠬᠢᠷᠠᠭᠤᠯᠤᠨ᠂ 《ᠬᠡᠨ ᠬᠡᠷᠡᠭᠯᠡᠪᠡᠯ ᠲᠡᠷᠡ ᠬᠠᠷᠢᠭᠤᠴᠠᠬᠤ》 ᠵᠠᠷᠴᠢᠮ᠎ᠢ ᠦᠨᠳᠦᠰᠦᠯᠡᠵᠦ ᠠᠮᠵᠢᠯᠲᠠ ᠪᠦᠲᠦᠮᠵᠢ ᠵᠢᠨ ᠬᠠᠮᠢᠶᠠᠷᠤᠯᠲᠠ ᠵᠢ ᠪᠦᠬᠦ ᠲᠠᠯ᠎ᠠ᠎ᠪᠠᠷ ᠬᠡᠷᠡᠭᠵᠢᠭᠦᠯᠵᠦ᠂ ᠦᠨᠳᠦᠰᠦᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠪᠦᠲᠦᠮᠵᠢᠲᠡᠢ ᠬᠠᠩᠭ᠋ᠠᠯᠭ᠎ᠠ ᠵᠢ ᠪᠠᠲᠤᠯᠠᠬᠤ ᠬᠡᠷᠡᠭᠲᠡᠶ᠃ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠪᠠᠲᠤᠯᠠᠭ᠎ᠠ ᠵᠢᠨ ᠪᠠᠷᠢᠮᠵᠢᠶ᠎ᠠ ᠵᠢ ᠵᠣᠬᠢᠰᠲᠠᠶ ᠲᠣᠭᠲᠠᠭ᠋ᠠᠵᠤ ᠵᠠᠷᠤᠯᠭ᠎ᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ᠎ᠳᠤ ᠣᠷᠣᠰᠢᠵᠤ ᠪᠠᠶ᠋ᠢᠬᠤ ᠣᠷᠣᠯᠭ᠎ᠠ ᠵᠠᠷᠤᠯᠭ᠎ᠠ ᠵᠢᠨ ᠳᠤᠲᠠᠭᠤᠳᠠᠯ᠎ᠳᠤ ᠪᠣᠯ᠂ ᠣᠷᠣᠨ ᠪᠦᠰᠡ ᠵᠢᠨ ᠡᠷᠡᠭᠦᠯ ᠬᠠᠮᠠᠭ᠋ᠠᠯᠠᠯ᠎ᠤᠨ ᠲᠥᠯᠥᠪᠵᠢᠭᠦᠯᠭᠡ᠎ᠳᠤ ᠨᠡᠶ᠋ᠢᠴᠡᠬᠦ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ ᠵᠢᠨ ᠦᠨᠳᠦᠰᠦᠨ ᠪᠦᠲᠦᠭᠡᠨ ᠪᠠᠶ᠋ᠢᠭᠤᠯᠤᠯᠲᠠ ᠵᠡᠷᠭᠡ ᠬᠥᠷᠥᠩᠭᠡ ᠵᠢᠨ ᠴᠢᠨᠠᠷᠲᠠᠶ ᠵᠠᠷᠤᠯᠭ᠎ᠠ ᠵᠢ᠎ᠨᠢ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠵᠢᠭᠡᠯᠡᠯᠭᠡ ᠵᠢᠨ ᠲᠡᠮᠳᠡᠭᠲᠦ ᠵᠢ ᠬᠠᠤᠯᠢ ᠶᠣᠰᠣᠭ᠋ᠠᠷ ᠲᠠᠷᠬᠠᠭ᠋ᠠᠬᠤ ᠠᠷᠭ᠎ᠠ ᠮᠠᠶᠢᠭ ᠵᠶ᠋ᠠᠷ ᠲᠣᠬᠢᠷᠠᠭᠤᠯᠬᠤ᠎ᠠᠴᠠ ᠭᠠᠳᠠᠨ᠎ᠠ᠂ ᠭᠤᠤᠯᠳᠠᠭᠤ ᠳᠡᠭᠡᠳᠦ ᠱᠠᠲᠤᠨ᠎ᠤ ᠵᠠᠰᠠᠭ᠎ᠤᠨ ᠣᠷᠳᠣᠨ᠎ᠠᠴᠠ ᠣᠯᠭᠤᠭᠰᠠᠨ ᠡᠩ᠎ᠤᠨ ᠴᠢᠨᠠᠷᠲᠠᠶ ᠰᠢᠯᠵᠢᠭᠦᠯᠦᠨ ᠥᠭᠬᠦ᠎ᠪᠠᠷ ᠳᠠᠮᠵᠢᠭᠤᠯᠤᠨ ᠨᠥᠬᠦᠪᠥᠷᠢᠯᠡᠨ᠎ᠡ᠃ ᠡᠯ᠎ᠡ ᠠᠶ᠋ᠢᠮᠠᠭ ᠬᠤᠲᠠ ᠵᠢᠨ ᠡᠳ᠋᠎ᠤᠨ ᠵᠠᠰᠠᠭ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ᠎ᠤᠳ ᠲᠣᠰ ᠲᠥᠰᠦᠯ᠎ᠢ ᠦᠨᠳᠦᠰᠦᠯᠡᠨ ᠰᠠᠯᠠᠭ᠎ᠠ ᠮᠥᠴᠢᠷ᠎ᠤᠨ ᠲᠥᠰᠦᠪ᠎ᠢ ᠵᠣᠬᠢᠰᠲᠠᠶ ᠲᠣᠬᠢᠷᠠᠭᠤᠯᠬᠤ ᠵᠢᠨ ᠬᠠᠮᠲᠤ᠂ ᠥᠭᠡᠷᠡᠴᠢᠯᠡᠯᠲᠡ ᠵᠢᠨ ᠱᠠᠭ᠋ᠠᠷᠳᠠᠯᠭ᠎ᠠ ᠶᠣᠰᠣᠭ᠋ᠠᠷ ᠬᠠᠮᠢᠶ᠎ᠠ ᠪᠦᠬᠦᠢ ᠵᠢᠷᠤᠮᠵᠢᠯ᠎ᠤᠨ ᠴᠢᠨᠠᠷᠲᠠᠢ ᠪᠢᠴᠢᠭ ᠮᠠᠲ᠋ᠧᠷᠢᠶᠠᠯ ᠪᠤᠶᠤ ᠳᠦᠷᠢᠮ ᠲᠣᠭᠲᠠᠭ᠋ᠠᠯ᠎ᠢ ᠴᠠᠭ ᠲᠤᠬᠠᠶ᠎ᠳᠤᠨᠢ ᠲᠣᠭᠲᠠᠭ᠋ᠠᠨ ᠵᠠᠰᠠᠪᠤᠷᠢ ᠣᠷᠣᠭᠤᠯᠵᠤ᠂ ᠱᠠᠭ᠋ᠠᠷᠳᠠᠯᠭ᠎ᠠ ᠶᠣᠰᠣᠭ᠋ᠠᠷ ᠲᠣᠰ ᠱᠠᠲᠤᠨ᠎ᠤ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢᠨ ᠬᠤᠪᠢᠶᠠᠷᠢᠯᠠᠬᠤ ᠥᠭᠡᠷᠡᠴᠢᠯᠡᠯᠲᠡ ᠵᠢᠨ ᠠᠵᠢᠯ᠎ᠢ ᠰᠠᠶ᠋ᠢᠲᠤᠷ ᠬᠢᠬᠦ ᠬᠡᠷᠡᠭᠲᠡᠶ᠃
ᠲᠠᠪᠤ᠂ ᠬᠡᠷᠡᠭᠵᠢᠭᠦᠯᠬᠦ ᠴᠠᠭ
ᠲᠤᠰ ᠲᠥᠰᠦᠯ᠎ᠢ 2020 ᠣᠨ᠎ᠤ 1 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃