ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠪᠢᠴᠢᠭ ᠮᠠᠲ᠋ᠧᠷᠢᠶᠠᠯ
《ᠪᠥᠬᠥ ᠬᠣᠲᠠ ᠵᠢᠨ ᠬᠤᠯᠤᠭ᠋ᠠᠨ᠎ᠠ ᠬᠢᠵᠢᠭ᠎ᠢ ᠰᠡᠷᠭᠡᠶ᠋ᠢᠯᠡᠨ ᠡᠵᠡᠮᠳᠡᠬᠦ ᠴᠢᠳᠠᠪᠤᠷᠢ ᠵᠢᠨ ᠪᠠᠶ᠋ᠢᠭᠤᠯᠤᠯᠲᠠ ᠵᠢ ᠴᠢᠩᠭ᠋ᠠᠳᠬᠠᠬᠤ ᠬᠡᠷᠡᠭᠵᠢᠭᠦᠯᠬᠦ ᠲᠥᠰᠦᠯ》᠎ᠢ ᠳᠠᠷᠤᠮᠠᠯᠯᠠᠨ ᠶᠠᠪᠤᠭᠤᠯᠬᠤ ᠲᠤᠬᠠᠶ ᠬᠥᠬᠡᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠬᠡᠷ᠎ᠤᠨ ᠮᠡᠳᠡᠭᠳᠡᠯ
ᠨᠡᠶ᠋ᠢᠲᠡᠯᠡᠭᠰᠡᠨ ᠴᠠᠭ᠄ 2020-12-07

                            ᠬᠥᠬᠡᠬᠣᠲᠠ ᠵᠠᠰᠠᠭ ᠠᠯᠪᠠᠨ ᠥᠰᠥᠭ [2020] 72 ᠳ᠋ᠤᠭ᠋ᠠᠷ ᠲᠣᠭ᠋ᠠᠲᠤ
                                  2020 ᠣᠨ᠎ᠤ 11 ᠳ᠋ᠤᠭᠡᠷ ᠰᠠᠷ᠎ᠠ ᠵᠢᠨ 30᠎ᠤ ᠡᠳᠦᠷ

ᠡᠯ᠎ᠡ ᠬᠣᠰᠢᠭᠤ᠂ ᠰᠢᠶᠠᠨ᠂ ᠲᠣᠭᠣᠷᠢᠭ᠎ᠤᠨ ᠠᠷᠠᠳ᠎ᠤᠨ ᠵᠠᠰᠠᠭ᠎ᠤᠨ ᠣᠷᠳᠣᠨ᠂ ᠬᠣᠲᠠ ᠵᠢᠨ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ᠂ ᠡᠯ᠎ᠡ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠡ᠎ᠳᠤ᠄
      ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ 《ᠪᠥᠬᠥ ᠬᠣᠲᠠ ᠵᠢᠨ ᠬᠤᠯᠤᠭ᠋ᠠᠨ᠎ᠠ ᠬᠢᠵᠢᠭ᠎ᠢ ᠰᠡᠷᠭᠡᠶ᠋ᠢᠯᠡᠨ ᠡᠵᠡᠮᠳᠡᠬᠦ ᠴᠢᠳᠠᠪᠤᠷᠢ ᠵᠢᠨ ᠪᠠᠶ᠋ᠢᠭᠤᠯᠤᠯᠲᠠ ᠵᠢ ᠴᠢᠩᠭ᠋ᠠᠳᠬᠠᠬᠤ ᠬᠡᠷᠡᠭᠵᠢᠭᠦᠯᠬᠦ ᠲᠥᠰᠦᠯ》᠎ᠢ ᠡᠳᠦᠭᠡ ᠲᠠᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠨᠠᠢ᠌ᠳᠠᠪᠤᠷᠢᠵᠢᠭᠤᠯᠤᠯᠲᠠ ᠵᠢ ᠬᠢᠨᠠᠮᠠᠭ᠋ᠠᠶ ᠰᠠᠶ᠋ᠢᠲᠤᠷ ᠠᠳᠬᠤᠭ᠋ᠠᠷᠠᠶ᠃
                                     

                              ᠬᠥᠬᠡᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠭᠡᠷ
                                     2020 ᠣᠨ᠎ᠤ 11 ᠳ᠋ᠤᠭᠡᠷ ᠰᠠᠷ᠎ᠠ ᠵᠢᠨ 30᠎ᠤ ᠡᠳᠦᠷ

           

              ᠪᠦᠬᠦ ᠬᠣᠲᠠ ᠵᠢᠨ ᠬᠤᠯᠤᠭ᠋ᠠᠨ᠎ᠠ ᠬᠢᠵᠢᠭ᠎ᠢ ᠰᠡᠷᠭᠡᠶ᠋ᠢᠯᠡᠨ ᠡᠵᠡᠮᠳᠡᠬᠦ
              ᠴᠢᠳᠠᠪᠤᠷᠢ ᠵᠢᠨ ᠪᠠᠶ᠋ᠢᠭᠤᠯᠤᠯᠲᠠ ᠵᠢ ᠴᠢᠩᠭ᠋ᠠᠳᠬᠠᠬᠣ ᠬᠡᠷᠡᠭᠵᠢᠭᠦᠯᠬᠦ ᠲᠥᠰᠦᠯ

     

      ᠪᠦᠬᠦ ᠬᠣᠲᠠ ᠵᠢᠨ ᠬᠤᠯᠤᠭ᠋ᠠᠨ᠎ᠠ ᠬᠢᠵᠢᠭ᠎ᠢ ᠰᠡᠷᠭᠡᠶ᠋ᠢᠯᠡᠨ ᠡᠵᠡᠮᠳᠡᠬᠦ ᠴᠢᠳᠠᠪᠤᠷᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠤᠯᠤᠭ᠋ᠠᠨ᠎ᠠ ᠬᠢᠵᠢᠭ᠎ᠤᠨ ᠰᠡᠷᠭᠡᠢ᠌ᠯᠡᠯᠲᠡ ᠵᠢᠨ ᠴᠢᠳᠠᠪᠤᠷᠢᠲᠠᠨ ᠵᠢᠴᠢ ᠲᠤᠰᠬᠠᠶ ᠮᠡᠷᠭᠡᠵᠢᠯ᠎ᠤᠨ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠬᠣ ᠵᠢᠨ ᠲᠤᠰᠠᠳᠠ᠂ 《ᠪᠦᠬᠦ ᠣᠷᠣᠨ᠎ᠤ ᠬᠤᠯᠤᠭ᠋ᠠᠨ᠎ᠠ ᠬᠢᠵᠢᠭ᠎ᠢ ᠰᠡᠷᠭᠡᠶ᠋ᠢᠯᠡᠨ ᠡᠵᠡᠮᠳᠡᠬᠦ ᠴᠢᠳᠠᠪᠤᠷᠢ ᠵᠢᠨ ᠪᠠᠢ᠌ᠭᠣᠯᠣᠯᠲᠠ ᠵᠢ ᠴᠢᠩᠭ᠋ᠠᠳᠬᠠᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠢᠯᠣᠭᠣᠳᠬᠤ ᠰᠠᠨᠠᠯ》 (ᠥᠪᠥᠷ ᠵᠠᠰᠠᠭ ᠲᠠᠷᠬᠠᠭ᠋ᠠᠭᠰᠠᠨ [2020] 13 ᠳ᠋ᠤᠭ᠋ᠠᠷ ᠲᠣᠭ᠋ᠠᠲᠤ)᠎ᠤᠨ ᠵᠣᠷᠢᠭ ᠰᠠᠨᠠᠭ᠎ᠠ ᠶᠣᠰᠣᠭ᠋ᠠᠷ᠂ ᠮᠠᠨ᠎ᠤ ᠬᠣᠲᠠ ᠵᠢᠨ ᠪᠣᠳᠠᠲᠤ ᠪᠠᠢ᠌ᠳᠠᠯ᠎ᠲᠠᠢ ᠤᠶᠠᠯᠳᠤᠭᠤᠯᠤᠨ᠂ ᠲᠣᠰ ᠬᠡᠷᠡᠭᠵᠢᠭᠦᠯᠬᠦ ᠲᠥᠰᠦᠯ᠎ᠢ ᠲᠣᠭᠲᠠᠭ᠋ᠠᠪᠠ᠃

      ᠨᠢᠭᠡ᠂ ᠶᠡᠷᠦᠩᠬᠡᠶ ᠱᠠᠭ᠋ᠠᠷᠳᠠᠯᠭ᠎ᠠ

      ᠤᠯᠤᠰ᠂ ᠥᠪᠡᠷᠲᠡᠭᠡᠨ ᠵᠠᠰᠠᠬᠤ ᠣᠷᠣᠨ ᠪᠠ ᠬᠣᠲᠠ ᠵᠢᠨ ᠨᠠᠮ᠎ᠤᠨ ᠬᠣᠷᠢᠶ᠎ᠠ᠂ ᠬᠣᠲᠠ ᠵᠢᠨ ᠵᠠᠰᠠᠭ᠎ᠤᠨ ᠣᠷᠳᠣᠨ᠎ᠤ ᠬᠤᠯᠤᠭ᠋ᠠᠨ᠎ᠠ ᠬᠢᠵᠢᠭ᠎ᠢ ᠰᠡᠷᠭᠡᠶ᠋ᠢᠯᠡᠨ ᠡᠵᠡᠮᠳᠡᠬᠦ ᠲᠤᠬᠠᠶ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠣᠯᠣᠯᠲᠠ ᠵᠢ ᠪᠦᠬᠦ ᠲᠠᠯ᠎ᠠ᠎ᠪᠠᠷ ᠲᠣᠭᠣᠰᠢᠯᠠᠭᠤᠯᠤᠨ ᠨᠠᠢ᠌ᠳᠠᠪᠣᠷᠢᠵᠢᠭᠣᠯᠵᠤ᠂ ᠤᠷᠢᠳᠴᠢᠯᠠᠨ ᠰᠡᠷᠭᠡᠶ᠋ᠢᠯᠡᠬᠦ᠎ᠪᠠᠷ ᠭᠣᠣᠯ ᠪᠣᠯᠭ᠋ᠠᠬᠤ ᠵᠢ ᠪᠠᠷᠢᠮᠲᠠᠯᠠᠵᠤ᠂ ᠬᠤᠯᠤᠭ᠋ᠠᠨ᠎ᠠ ᠬᠢᠵᠢᠭ᠎ᠢ ᠬᠢᠨᠠᠨ ᠬᠡᠮᠵᠢᠬᠦ ᠰᠢᠰᠲ᠋ᠧᠮᠵᠢ ᠵᠢ ᠲᠡᠭᠦᠯᠳᠡᠷᠵᠢᠭᠦᠯᠬᠦ᠂ ᠬᠤᠯᠤᠭ᠋ᠠᠨ᠎ᠠ ᠬᠢᠵᠢᠭ᠎ᠤᠨ ᠰᠡᠷᠭᠡᠢ᠌ᠯᠡᠯᠲᠡ ᠵᠢᠨ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠬᠤ᠂ ᠬᠤᠯᠤᠭ᠋ᠠᠨ᠎ᠠ ᠬᠢᠵᠢᠭ᠎ᠤᠨ ᠰᠡᠷᠭᠡᠢ᠌ᠯᠡᠯᠲᠡ ᠵᠢᠨ ᠴᠢᠳᠠᠪᠤᠷᠢᠲᠠᠨ᠎ᠢ ᠬᠦᠮᠦᠵᠢᠭᠦᠯᠬᠦ ᠵᠢ ᠴᠢᠩᠭ᠋ᠠᠳᠬᠠᠬᠤ᠎ᠪᠠᠷ ᠭᠣᠤᠯᠳᠠᠯᠭ᠎ᠠ ᠪᠣᠯᠭ᠋ᠠᠵᠤ᠂ ᠪᠣᠭᠣᠮᠲᠠ ᠵᠢ ᠤᠷᠤᠭᠰᠢ ᠰᠢᠯᠵᠢᠭᠦᠯᠬᠦ ᠵᠢ ᠨᠠᠢ᠌ᠳᠠᠪᠣᠷᠢᠵᠢᠭᠣᠯᠵᠤ᠂ ᠪᠦᠬᠦ ᠬᠣᠲᠠ ᠵᠢᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠰᠣᠷᠢᠯᠲᠠ ᠪᠣᠯᠪᠠᠰᠤᠷᠠᠯ᠎ᠤᠨ ᠰᠠᠭᠤᠷᠢᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠶᠡᠬᠡᠪᠡᠷ ᠲᠡᠭᠦᠯᠳᠡᠷᠵᠢᠭᠦᠯᠵᠦ᠂ ᠬᠤᠯᠤᠭ᠋ᠠᠨ᠎ᠠ ᠬᠢᠵᠢᠭ᠎ᠤᠨ ᠰᠡᠷᠭᠡᠶ᠋ᠢᠯᠡᠯᠲᠡ ᠵᠢᠨ ᠰᠢᠰᠲ᠋ᠧᠮᠵᠢ ᠵᠢᠨ ᠪᠠᠶ᠋ᠢᠭᠤᠯᠤᠯᠲᠠ᠂ ᠡᠩᠨᠡᠭᠡᠨ᠎ᠤ ᠪᠠᠶ᠋ᠢᠭᠤᠯᠤᠯᠲᠠ ᠪᠠ ᠴᠢᠳᠠᠪᠣᠷᠢᠲᠠᠨ᠎ᠤ ᠬᠦᠮᠦᠵᠢᠭᠦᠯᠦᠯᠲᠡ ᠵᠢᠨ ᠤᠷᠲᠤ ᠬᠤᠭᠤᠴᠠᠭ᠋ᠠᠨ᠎ᠤ ᠪᠦᠲᠦᠮᠵᠢᠲᠡᠢ ᠲᠣᠭᠲᠠᠴᠠ ᠵᠢ ᠠᠯᠬᠤᠮ ᠠᠯᠬᠤᠮ ᠵᠶ᠋ᠠᠷ ᠪᠠᠢ᠌ᠭᠤᠯᠵᠤ᠂ ᠮᠠᠨ᠎ᠤ ᠬᠣᠲᠠ ᠵᠢᠨ ᠬᠤᠯᠤᠭ᠋ᠠᠨ᠎ᠠ ᠬᠢᠵᠢᠭ᠎ᠢ ᠰᠡᠷᠭᠡᠶ᠋ᠢᠯᠡᠨ ᠡᠵᠡᠮᠳᠡᠬᠦ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠴᠢᠳᠠᠪᠤᠷᠢ ᠵᠢ ᠪᠦᠬᠦ ᠲᠠᠯ᠎ᠠ᠎ᠪᠠᠷ ᠳᠡᠭᠡᠭᠰᠢᠯᠡᠭᠦᠯᠦᠨ᠂ ᠣᠷᠣᠨ᠎ᠤ ᠲᠥᠪ ᠬᠣᠲᠠ ᠵᠢᠨ ᠠᠷᠠᠳ ᠣᠯᠠᠨ᠎ᠤ ᠪᠡᠶ᠎ᠡ ᠮᠠᠬᠠᠪᠣᠳ᠎ᠤᠨ ᠡᠷᠡᠭᠦᠯ ᠮᠡᠨᠳᠦ ᠵᠢ ᠬᠠᠮᠠᠭ᠋ᠠᠯᠠᠬᠤ ᠪᠠ ᠡᠷᠡᠭᠦᠯ ᠮᠡᠨᠳᠦ ᠵᠢᠨ ᠲᠥᠪ ᠬᠣᠲᠠ ᠵᠢ ᠪᠠᠶ᠋ᠢᠭᠤᠯᠬᠤ᠎ᠳᠤ ᠪᠠᠲᠤ ᠪᠡᠬᠢ ᠪᠠᠲᠤᠯᠠᠭ᠎ᠠ ᠬᠠᠩᠭ᠋ᠠᠬᠤ ᠬᠡᠷᠡᠭᠲᠡᠶ᠃

     ᠬᠣᠶᠠᠷ᠂ ᠠᠵᠢᠯ᠎ᠤᠨ ᠬᠠᠷᠠᠯᠲᠠ

     2021 ᠣᠨ᠎ᠤ ᠡᠴᠦᠰ ᠪᠣᠯᠬᠤ᠎ᠳᠤ᠂ ᠣᠲᠣ ᠵᠢᠨ ᠪᠠᠶ᠋ᠢᠭ᠎ᠠ ᠰᠠᠭᠤᠷᠢᠨ ᠳᠡᠭᠡᠷ᠎ᠡ᠂ ᠪᠥᠬᠥ ᠬᠣᠲᠠ ᠵᠢᠨ ᠬᠤᠯᠤᠭ᠋ᠠᠨ᠎ᠠ ᠬᠢᠵᠢᠭ᠎ᠢ ᠬᠢᠨᠠᠨ ᠬᠡᠮᠵᠢᠬᠦ ᠰᠢᠰᠲ᠋ᠧᠮᠵᠢ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ; ᠬᠣᠲᠠ᠂ ᠬᠣᠰᠢᠭᠤ ᠰᠢᠶᠠᠨ ᠲᠣᠭᠣᠷᠢᠭ ᠬᠣᠶᠠᠷ ᠱᠠᠲᠤᠨ᠎ᠤ ᠡᠪᠡᠳᠴᠢᠨ ᠡᠮᠭᠡᠭ᠎ᠢ ᠰᠡᠷᠭᠡᠶ᠋ᠢᠯᠡᠨ ᠡᠵᠡᠮᠳᠡᠬᠦ ᠲᠥᠪ᠎ᠤᠨ ᠠᠵᠢᠯᠲᠠᠨ᠎ᠤ ᠶᠡᠷᠦᠩᠬᠡᠶ ᠬᠡᠮᠵᠢᠶ᠎ᠡ ᠵᠢ ᠠᠵᠢᠯ᠎ᠤᠨ ᠬᠡᠷᠡᠭᠴᠡᠭᠡ᠎ᠳᠤ ᠦᠨᠳᠦᠰᠦᠨ᠎ᠳᠡᠭᠡᠨ ᠵᠣᠬᠢᠴᠠᠭᠤᠯᠤᠨ᠎ᠠ; ᠪᠥᠬᠥ ᠬᠣᠲᠠ ᠵᠢᠨ ᠬᠤᠯᠤᠭ᠋ᠠᠨ᠎ᠠ ᠬᠢᠵᠢᠭ᠎ᠤᠨ ᠰᠡᠷᠭᠡᠶ᠋ᠢᠯᠡᠯᠲᠡ ᠵᠢᠨ ᠰᠠᠭᠤᠷᠢ ᠪᠡᠯᠡᠳᠬᠡᠮᠵᠢ ᠵᠢ ᠤᠯᠠᠮ ᠨᠢᠭᠡ ᠠᠯᠬᠤᠮ ᠰᠠᠢ᠌ᠵᠢᠷᠠᠭᠣᠯᠵᠤ᠂ ᠬᠣᠲᠠ ᠵᠢᠨ ᠡᠪᠡᠳᠴᠢᠨ ᠡᠮᠭᠡᠭ᠎ᠢ ᠰᠡᠷᠭᠡᠶ᠋ᠢᠯᠡᠨ ᠡᠵᠡᠮᠳᠡᠬᠦ ᠲᠥᠪ᠂ ᠬᠣᠲᠠ ᠵᠢᠨ ᠬᠤᠯᠤᠭ᠋ᠠᠨ᠎ᠠ ᠬᠢᠵᠢᠭ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠰᠣᠷᠢᠯᠲᠠ ᠪᠣᠯᠪᠠᠰᠤᠷᠠᠯ᠎ᠤᠨ ᠰᠠᠭᠤᠷᠢᠨ ᠭᠠᠵᠠᠷ᠎ᠤᠨ ᠲᠤᠷᠰᠢᠯᠲᠠ ᠵᠢᠨ ᠲᠠᠰᠤᠭ᠎ᠤᠨ ᠪᠥᠲᠥᠭᠡᠨ ᠪᠠᠶ᠋ᠢᠭᠤᠯᠤᠯᠲᠠ ᠵᠢ ᠥᠪᠡᠷᠲᠡᠭᠡᠨ ᠵᠠᠰᠠᠬᠤ ᠣᠷᠣᠨ᠎ᠤ ᠪᠠᠷᠢᠮᠵᠢᠶ᠎ᠠ ᠪᠠ ᠠᠮᠢᠳᠤ ᠪᠣᠳᠠᠰ᠎ᠤᠨ ᠠᠮᠤᠷ ᠲᠦᠪᠰᠢᠨ᠎ᠤ ᠬᠠᠮᠢᠶ᠎ᠠ ᠪᠥᠬᠥᠶ ᠱᠠᠭ᠋ᠠᠷᠳᠠᠯᠭ᠎ᠠ᠎ᠳᠤ ᠨᠡᠶ᠋ᠢᠴᠡᠭᠦᠯᠦᠨ᠎ᠡ; ᠬᠤᠯᠤᠭ᠋ᠠᠨ᠎ᠠ ᠬᠢᠵᠢᠭ᠎ᠢ ᠰᠡᠷᠭᠡᠶ᠋ᠢᠯᠡᠬᠦ ᠠᠵᠢᠯ᠎ᠳᠤ ᠬᠡᠷᠡᠭᠰᠡᠬᠦ ᠲᠥᠬᠥᠭᠡᠷᠦᠮᠵᠢ᠂ ᠬᠤᠪᠢ ᠬᠥᠮᠦᠨ᠎ᠤ ᠲᠣᠨᠣᠭ ᠲᠥᠬᠥᠭᠡᠷᠦᠮᠵᠢ᠂ ᠰᠡᠷᠭᠡᠶ᠋ᠢᠯᠡᠨ ᠬᠠᠮᠠᠭ᠋ᠠᠯᠠᠬᠤ ᠡᠳ᠋ ᠪᠣᠳᠠᠰ᠂ ᠠᠵᠢᠯᠯᠠᠬᠤ ᠲᠡᠷᠭᠡ ᠬᠥᠰᠬᠡ ᠵᠡᠷᠭᠡ᠎ᠨᠢ ᠠᠵᠢᠯ᠎ᠤᠨ ᠬᠡᠷᠡᠭᠴᠡᠭᠡ ᠵᠢ ᠬᠠᠩᠭ᠋ᠠᠵᠤ᠂ ᠪᠥᠬᠥ ᠬᠣᠲᠠ ᠵᠢᠨ ᠬᠤᠯᠤᠭ᠋ᠠᠨ᠎ᠠ ᠬᠢᠵᠢᠭ᠎ᠤᠨ ᠰᠡᠷᠭᠡᠶ᠋ᠢᠯᠡᠯᠲᠡ ᠵᠢ ᠬᠢᠨᠠᠨ ᠬᠡᠮᠵᠢᠵᠦ ᠪᠠᠶ᠋ᠢᠴᠠᠭ᠋ᠠᠨ ᠬᠡᠮᠵᠢᠬᠦ ᠴᠢᠳᠠᠪᠤᠷᠢ ᠪᠠ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠬᠢᠷᠢ ᠬᠡᠮᠵᠢᠶ᠎ᠡ ᠵᠢ ᠢᠯᠡᠳᠲᠡ ᠳᠡᠭᠡᠭᠰᠢᠯᠡᠭᠦᠯᠦᠨ᠎ᠡ᠃

      ᠭᠤᠷᠪᠠ᠂ ᠠᠵᠢᠯ᠎ᠤᠨ ᠡᠭᠦᠷᠭᠡ ᠵᠢᠴᠢ ᠬᠡᠷᠡᠭᠵᠢᠭᠦᠯᠬᠦ ᠠᠯᠬᠤᠮ ᠳᠠᠷᠠᠭ᠎ᠠ
     (ᠨᠢᠭᠡ) ᠬᠤᠯᠤᠭ᠋ᠠᠨ᠎ᠠ ᠬᠢᠵᠢᠭ᠎ᠢ ᠬᠢᠨᠠᠨ ᠬᠡᠮᠵᠢᠬᠦ ᠰᠢᠰᠲ᠋ᠧᠮᠵᠢ ᠵᠢ ᠲᠡᠭᠦᠯᠳᠡᠷᠵᠢᠭᠦᠯᠬᠦ ᠬᠡᠷᠡᠭᠲᠡᠢ᠃ 2021 ᠣᠨ᠎ᠤ 6 ᠳ᠋ᠤᠭ᠋ᠠᠷ ᠰᠠᠷ᠎ᠠ ᠵᠢᠨ ᠰᠡᠭᠦᠯᠴᠢ᠎ᠠᠴᠠ ᠡᠮᠦᠨ᠎ᠡ᠂ ᠬᠣᠲᠠ ᠵᠢᠨ ᠬᠤᠯᠤᠭ᠋ᠠᠨ᠎ᠠ ᠬᠢᠵᠢᠭ᠎ᠢ ᠬᠢᠨᠠᠨ ᠬᠡᠮᠵᠢᠵᠦ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠰᠣᠷᠢᠯᠲᠠ ᠪᠣᠯᠪᠠᠰᠤᠷᠠᠯ᠎ᠤᠨ ᠰᠠᠭᠤᠷᠢᠨ ᠭᠠᠵᠠᠷ᠎ᠨᠢ ᠱᠠᠭ᠋ᠠᠷᠳᠠᠯᠭ᠎ᠠ ᠶᠣᠰᠣᠭ᠋ᠠᠷ ᠲᠤᠷᠰᠢᠯᠲᠠ ᠵᠢᠨ ᠲᠠᠰᠤᠭ᠎ᠤᠨ ᠪᠠᠶ᠋ᠢᠴᠠᠭ᠋ᠠᠨ ᠰᠢᠯᠭ᠋ᠠᠬᠤ ᠲᠥᠬᠥᠭᠡᠷᠦᠮᠵᠢ᠂ ᠲᠤᠬᠠᠶ ᠵᠢᠨ ᠲᠠᠯᠠᠪᠤᠷ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠲᠥᠬᠥᠭᠡᠷᠦᠮᠵᠢ᠂ ᠠᠵᠢᠯᠲᠠᠨ᠎ᠤ ᠲᠣᠨᠣᠭ ᠲᠥᠬᠥᠭᠡᠷᠦᠮᠵᠢ᠂ ᠠᠯᠪᠠᠨ ᠪᠡᠯᠡᠳᠬᠡᠮᠵᠢ ᠬᠡᠷᠡᠭᠰᠡᠯ᠂ ᠵᠠᠮ ᠬᠠᠷᠢᠯᠴᠠᠭ᠋ᠠᠨ᠎ᠤ ᠪᠠᠭ᠋ᠠᠵᠢ ᠬᠡᠷᠡᠭᠰᠡᠯ ᠵᠡᠷᠭᠡ ᠵᠢ ᠭᠦᠢ᠍ᠴᠡᠳ ᠲᠣᠬᠢᠷᠠᠭᠤᠯᠵᠤ᠂ ᠡᠳᠦᠷ ᠲᠤᠲᠤᠮ᠎ᠤᠨ ᠬᠢᠨᠠᠨ ᠬᠡᠮᠵᠢᠬᠦ ᠠᠵᠢᠯ᠎ᠤᠨ ᠬᠡᠷᠡᠭᠴᠡᠭᠡ ᠵᠢ ᠬᠠᠩᠭ᠋ᠠᠬᠤ ᠵᠢ ᠦᠨᠡᠨᠬᠦ ᠪᠠᠲᠣᠯᠠᠬᠤ ᠬᠡᠷᠡᠭᠲᠡᠢ (ᠳᠠᠭ᠋ᠠᠯᠳᠤᠭᠤᠯᠤᠯ᠎ᠳᠤ ᠨᠠᠷᠢᠪᠴᠢᠯᠠᠨ ᠦᠵᠡ)᠃
     (ᠬᠣᠶᠠᠷ) ᠬᠤᠯᠤᠭ᠋ᠠᠨ᠎ᠠ ᠬᠢᠵᠢᠭ᠎ᠤᠨ ᠰᠡᠷᠭᠡᠢ᠌ᠯᠡᠯᠲᠡ ᠵᠢᠨ ᠲᠤᠰᠬᠠᠶ ᠪᠠᠶ᠋ᠢᠭᠤᠯᠤᠮᠵᠢ ᠵᠢ ᠪᠦᠷᠢᠨᠰᠢᠭᠦᠯᠬᠦ ᠬᠡᠷᠡᠭᠲᠡᠢ᠃ ᠬᠣᠲᠠ᠂ ᠬᠣᠰᠢᠭᠤ ᠰᠢᠶᠠᠨ ᠲᠣᠭᠣᠷᠢᠭ᠎ᠤᠨ ᠬᠣᠶᠠᠷ ᠱᠠᠲᠤᠨ᠎ᠤ ᠡᠪᠡᠳᠴᠢᠨ ᠡᠮᠭᠡᠭ᠎ᠢ ᠰᠡᠷᠭᠡᠶ᠋ᠢᠯᠡᠨ ᠡᠵᠡᠮᠳᠡᠬᠦ ᠲᠥᠪ᠎ᠨᠢ ᠬᠠᠷᠢᠶ᠎ᠠ ᠣᠷᠣᠨ ᠪᠠ ᠲᠣᠰ ᠨᠢᠭᠡᠴᠡ ᠵᠢᠨ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ᠂ ᠬᠤᠯᠤᠭ᠋ᠠᠨ᠎ᠠ ᠬᠢᠵᠢᠭ᠎ᠢ ᠰᠡᠷᠭᠡᠶ᠋ᠢᠯᠡᠬᠦ ᠠᠵᠢᠯ᠎ᠤᠨ ᠪᠠᠶ᠋ᠢᠷᠢ ᠵᠢ ᠵᠣᠬᠢᠰᠲᠠᠶ ᠲᠣᠬᠢᠷᠠᠭᠤᠯᠵᠤ᠂ ᠬᠣᠲᠠ ᠵᠢᠨ ᠡᠪᠡᠳᠴᠢᠨ ᠡᠮᠭᠡᠭ᠎ᠢ ᠰᠡᠷᠭᠡᠶ᠋ᠢᠯᠡᠨ ᠡᠵᠡᠮᠳᠡᠬᠦ ᠲᠥᠪ᠂ ᠦᠴᠤᠸᠠᠨ ᠰᠢᠶᠠᠨ᠎ᠤ ᠡᠪᠡᠳᠴᠢᠨ ᠡᠮᠭᠡᠭ᠎ᠢ ᠰᠡᠷᠭᠡᠶ᠋ᠢᠯᠡᠨ ᠡᠵᠡᠮᠳᠡᠬᠦ ᠲᠥᠪ᠎ᠨᠢ ᠬᠤᠯᠤᠭ᠋ᠠᠨ᠎ᠠ ᠬᠢᠵᠢᠭ᠎ᠢ ᠰᠡᠷᠭᠡᠶ᠋ᠢᠯᠡᠬᠦ ᠰᠠᠯᠠᠭ᠎ᠠ ᠲᠠᠰᠤᠭ᠎ᠲᠠᠢ ᠪᠠᠶ᠋ᠢᠵᠤ᠂ ᠪᠤᠰᠤᠳ ᠬᠣᠰᠢᠭᠤ ᠰᠢᠶᠠᠨ ᠲᠣᠭᠣᠷᠢᠭ᠎ᠨᠢ ᠵᠣᠬᠢᠴᠠᠩᠭᠤᠶ ᠰᠠᠯᠠᠭ᠎ᠠ ᠲᠠᠰᠤᠭ᠎ᠲᠠᠢ ᠪᠠᠶ᠋ᠢᠵᠤ᠂ ᠬᠤᠯᠤᠭ᠋ᠠᠨ᠎ᠠ ᠬᠢᠵᠢᠭ᠎ᠢ ᠰᠡᠷᠭᠡᠶ᠋ᠢᠯᠡᠬᠦ ᠠᠵᠢᠯ᠎ᠤᠨ ᠡᠭᠦᠷᠭᠡ ᠴᠢᠳᠠᠪᠤᠷᠢ ᠵᠢ ᠲᠣᠳᠣᠷᠬᠠᠢ᠌ᠯᠠᠭᠰᠠᠨ ᠪᠠᠢ᠌ᠬᠤ ᠬᠡᠷᠡᠭᠲᠡᠢ᠃
     (ᠭᠤᠷᠪᠠ) ᠬᠤᠯᠤᠭ᠋ᠠᠨ᠎ᠠ ᠬᠢᠵᠢᠭ᠎ᠤᠨ ᠰᠡᠷᠭᠡᠢ᠌ᠯᠡᠯᠲᠡ ᠵᠢᠨ ᠲᠤᠰᠬᠠᠶ ᠡᠩᠨᠡᠭᠡ ᠵᠢ ᠪᠠᠶ᠋ᠢᠭᠤᠯᠬᠤ ᠬᠡᠷᠡᠭᠲᠡᠶ᠃ 2020 ᠣᠨ᠎ᠤ ᠵᠢᠯ᠎ᠤᠨ ᠰᠡᠭᠦᠯᠴᠢ᠎ᠠᠴᠠ ᠡᠮᠦᠨ᠎ᠡ᠂ ᠬᠣᠲᠠ ᠵᠢᠨ ᠡᠪᠡᠳᠴᠢᠨ ᠡᠮᠭᠡᠭ᠎ᠢ ᠰᠡᠷᠭᠡᠶ᠋ᠢᠯᠡᠨ ᠡᠵᠡᠮᠳᠡᠬᠦ ᠲᠥᠪ᠂ ᠦᠴᠤᠸᠠᠨ ᠰᠢᠶᠠᠨ᠎ᠤ ᠡᠪᠡᠳᠴᠢᠨ ᠡᠮᠭᠡᠭ᠎ᠢ ᠰᠡᠷᠭᠡᠶ᠋ᠢᠯᠡᠨ ᠡᠵᠡᠮᠳᠡᠬᠦ ᠲᠥᠪ᠎ᠤᠨ ᠬᠤᠯᠤᠭ᠋ᠠᠨ᠎ᠠ ᠬᠢᠵᠢᠭ᠎ᠤᠨ ᠰᠡᠷᠭᠡᠶ᠋ᠢᠯᠡᠯᠲᠡ ᠵᠢᠨ ᠰᠠᠯᠠᠭ᠎ᠠ ᠲᠠᠰᠤᠭ ᠠᠵᠢᠯ᠎ᠤᠨ ᠪᠤᠳᠠᠲᠤ ᠪᠠᠶ᠋ᠢᠳᠠᠯ ᠵᠶ᠋ᠠᠨ ᠦᠨᠳᠦᠰᠦᠯᠡᠨ᠂ 5 ᠬᠥᠮᠦᠨ᠎ᠠᠴᠠ ᠳᠣᠤᠷ᠎ᠠ ᠥᠬᠡᠶ ᠪᠠᠷᠢᠮᠵᠢᠶ᠎ᠠ ᠶᠣᠰᠣᠭ᠋ᠠᠷ ᠬᠤᠯᠤᠭ᠋ᠠᠨ᠎ᠠ ᠬᠢᠵᠢᠭ᠎ᠤᠨ ᠰᠡᠷᠭᠡᠶ᠋ᠢᠯᠡᠯᠲᠡ ᠵᠢᠨ ᠲᠤᠰᠬᠠᠶ ᠠᠵᠢᠯᠲᠠᠨ᠎ᠢ ᠲᠣᠬᠢᠷᠠᠭᠣᠯᠵᠤ᠂ ᠡᠭᠦᠨ᠎ᠳᠤ ᠨᠠᠭ᠋ᠠᠳᠤ ᠵᠠᠬ᠎ᠠ᠎ᠨᠢ 2 ᠲᠤᠷᠰᠢᠯᠲᠠ ᠵᠢᠨ ᠲᠠᠰᠤᠭ᠎ᠤᠨ ᠪᠠᠶ᠋ᠢᠴᠠᠭ᠋ᠠᠨ ᠰᠢᠯᠭ᠋ᠠᠬᠤ ᠠᠵᠢᠯᠲᠠᠨ᠂ 3 ᠬᠡᠭᠡᠷ᠎ᠡ ᠭᠠᠳᠠᠨ᠎ᠠ ᠬᠢᠨᠠᠨ ᠬᠡᠮᠵᠢᠬᠦ ᠠᠵᠢᠯᠲᠠᠨ ᠪᠠᠢ᠌ᠵᠤ᠂ ᠪᠤᠰᠤᠳ ᠬᠣᠰᠢᠭᠤ ᠰᠢᠶᠠᠨ ᠲᠣᠭᠣᠷᠢᠭ᠎ᠤᠨ ᠡᠪᠡᠳᠴᠢᠨ ᠡᠮᠭᠡᠭ᠎ᠢ ᠰᠡᠷᠭᠡᠶ᠋ᠢᠯᠡᠨ ᠡᠵᠡᠮᠳᠡᠬᠦ ᠲᠥᠪ᠎ᠨᠢ ᠠᠵᠢᠯ᠎ᠤᠨ ᠬᠡᠷᠡᠭᠴᠡᠭᠡ᠎ᠪᠠᠨ ᠦᠨᠳᠦᠰᠦᠯᠡᠨ᠂ ᠬᠤᠯᠤᠭ᠋ᠠᠨ᠎ᠠ ᠬᠢᠵᠢᠭ᠎ᠤᠨ ᠰᠡᠷᠭᠡᠢ᠌ᠯᠡᠯᠲᠡ ᠵᠢᠨ 2 ᠠᠵᠢᠯᠲᠠᠨ ᠲᠣᠬᠢᠷᠠᠭᠤᠯᠬᠤ ᠬᠡᠷᠡᠭᠲᠡᠶ᠃
     2020 ᠣᠨ᠎ᠤ ᠵᠢᠯ᠎ᠤᠨ ᠡᠴᠦᠰ ᠪᠣᠯᠬᠤ᠎ᠠᠴᠠ ᠡᠮᠦᠨ᠎ᠡ᠂ ᠡᠯ᠎ᠡ ᠬᠣᠰᠢᠭᠤ ᠰᠢᠶᠠᠨ ᠲᠣᠭᠣᠷᠢᠭ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠪᠡᠳᠴᠢᠨ ᠡᠮᠭᠡᠭ᠎ᠢ ᠰᠡᠷᠭᠡᠶ᠋ᠢᠯᠡᠨ ᠡᠵᠡᠮᠳᠡᠬᠦ ᠲᠥᠪ᠎ᠤᠨ ᠪᠠᠶ᠋ᠢᠭᠤᠯᠤᠮᠵᠢ ᠵᠢᠨ ᠣᠷᠣᠨ ᠲᠣᠭ᠎ᠠ ᠵᠢᠨ ᠬᠠᠮᠢᠶᠠᠷᠤᠯᠲᠠ ᠵᠢᠨ ᠠᠷᠭ᠎ᠠ》 (ᠥᠪᠥᠷ ᠪᠠᠢ᠌ᠭᠣᠯᠣᠮᠵᠢ ᠣᠷᠣᠨ ᠠᠯᠪᠠᠨ ᠲᠠᠷᠬᠠᠭ᠋ᠠᠭᠰᠠᠨ [2017] 241 ᠳ᠋ᠦ᠍ᠭᠡᠷ ᠲᠣᠭ᠋ᠠᠲᠤ) ᠵᠢᠨ ᠱᠠᠭ᠋ᠠᠷᠳᠠᠯᠭ᠎ᠠ ᠶᠣᠰᠣᠭ᠋ᠠᠷ᠂ ᠣᠳᠣ ᠵᠢᠨ ᠪᠠᠢ᠌ᠭ᠎ᠠ ᠬᠢᠨᠠᠨ ᠲᠣᠭᠲᠠᠭ᠋ᠠᠭᠰᠠᠨ ᠣᠷᠣᠨ ᠲᠣᠭ᠎ᠠ ᠵᠢᠨ ᠬᠣᠭᠣᠰᠣᠨ ᠣᠷᠣᠨ ᠲᠣᠭ᠎ᠠ ᠵᠢᠨ 60% ᠵᠢᠨ ᠶᠣᠰᠣᠭ᠋ᠠᠷ᠂ ᠡᠯ᠎ᠡ ᠬᠣᠰᠢᠭᠤ ᠰᠢᠶᠠᠨ ᠲᠣᠭᠣᠷᠢᠭ᠎ᠤᠨ ᠡᠪᠡᠳᠴᠢᠨ ᠡᠮᠭᠡᠭ᠎ᠢ ᠰᠡᠷᠭᠡᠶ᠋ᠢᠯᠡᠨ ᠡᠵᠡᠮᠳᠡᠬᠦ ᠲᠥᠪ᠎ᠲᠤ ᠠᠵᠢᠯᠲᠠᠨ ᠨᠦᠬᠦᠪᠦᠷᠢᠯᠡᠵᠦ ᠥᠭᠭᠦᠨ᠎ᠡ; 2021 ᠣᠨ᠎ᠤ 6 ᠳ᠋ᠤᠭ᠋ᠠᠷ ᠰᠠᠷ᠎ᠠ ᠵᠢᠨ ᠰᠡᠭᠦᠯᠴᠢ᠎ᠠᠴᠠ ᠡᠮᠦᠨ᠎ᠡ᠂ ᠣᠷᠣᠨ ᠲᠣᠭ᠎ᠠ ᠵᠢᠨ ᠠᠯᠪᠠᠨ ᠭᠡᠷ᠎ᠤᠨ ᠬᠢᠨᠠᠨ ᠵᠥᠪᠰᠢᠶᠡᠷᠡᠭᠰᠡᠨ ᠬᠣᠭᠣᠰᠣᠨ ᠣᠷᠣᠨ ᠲᠣᠭ᠎ᠠ ᠵᠢ ᠬᠡᠷᠡᠭᠯᠡᠬᠦ ᠲᠦᠯᠦᠪᠯᠡᠭᠡ ᠵᠢᠨ ᠳᠣᠲᠣᠷ᠎ᠠ ᠲᠤᠰᠬᠠᠶ ᠮᠡᠷᠭᠡᠵᠢᠯ᠎ᠤᠨ ᠠᠵᠢᠯᠲᠠᠨ᠎ᠢ ᠢᠯᠡ᠎ᠪᠠᠷ ᠤᠷᠢᠨ ᠬᠡᠷᠡᠭᠯᠡᠬᠦ ᠪᠠ ᠳᠡᠭᠡᠳᠦ ᠳᠡᠰ ᠳᠠᠪᠬᠤᠷᠭ᠎ᠠ ᠵᠢᠨ ᠲᠤᠰᠬᠠᠶ ᠮᠡᠷᠭᠡᠵᠢᠯ᠎ᠤᠨ ᠠᠵᠢᠯᠲᠠᠨ᠎ᠢ ᠣᠷᠣᠭᠤᠯᠤᠨ ᠠᠪᠴᠢᠷᠠᠬᠤ ᠵᠢ ᠤᠶᠠᠯᠳᠤᠭᠤᠯᠬᠤ ᠠᠷᠭ᠎ᠠ ᠮᠠᠶᠢᠭ᠎ᠢ ᠠᠪᠴᠤ᠂ ᠬᠠᠷᠢᠶ᠎ᠠ ᠣᠷᠣᠨ᠎ᠤ ᠡᠪᠡᠳᠴᠢᠨ ᠡᠮᠭᠡᠭ᠎ᠢ ᠰᠡᠷᠭᠡᠶ᠋ᠢᠯᠡᠨ ᠡᠵᠡᠮᠳᠡᠬᠦ ᠲᠥᠪ᠎ᠲᠤ ᠠᠵᠢᠯ᠎ᠤᠨ ᠬᠡᠷᠡᠭᠴᠡᠭᠡ ᠱᠠᠭ᠋ᠠᠷᠳᠠᠯᠭ᠎ᠠ ᠶᠣᠰᠣᠭ᠋ᠠᠷ ᠠᠵᠢᠯᠲᠠᠨ ᠲᠣᠬᠢᠷᠠᠭᠤᠯᠬᠤ ᠬᠡᠷᠡᠭᠲᠡᠶ᠃
     (ᠳᠥᠷᠪᠡ) ᠴᠢᠳᠠᠪᠤᠷᠢᠲᠠᠨ᠎ᠢ ᠬᠥᠮᠦᠵᠢᠭᠦᠯᠬᠦ ᠲᠣᠭᠲᠠᠴᠠ ᠵᠢ ᠪᠦᠷᠢᠨᠰᠢᠭᠦᠯᠦᠨ᠎ᠡ᠃ ᠡᠯ᠎ᠡ ᠱᠠᠲᠤᠨ᠎ᠤ ᠡᠪᠡᠳᠴᠢᠨ ᠡᠮᠭᠡᠭ᠎ᠢ ᠰᠡᠷᠭᠡᠶ᠋ᠢᠯᠡᠨ ᠡᠵᠡᠮᠳᠡᠬᠦ ᠲᠥᠪ᠎ᠨᠢ ᠪᠦᠬᠦ ᠠᠵᠢᠯᠲᠠᠨ᠎ᠤ ᠬᠤᠯᠤᠭ᠋ᠠᠨ᠎ᠠ ᠬᠢᠵᠢᠭ᠎ᠤᠨ ᠰᠡᠷᠭᠡᠶ᠋ᠢᠯᠡᠯᠲᠡ ᠵᠢᠨ ᠪᠣᠯᠪᠠᠰᠤᠷᠠᠭᠤᠯᠤᠯ᠎ᠤᠨ ᠲᠥᠯᠥᠪᠯᠡᠭᠡ ᠵᠢ ᠬᠡᠷᠡᠭᠵᠢᠭᠦᠯᠵᠦ᠂ ᠵᠢᠯ ᠪᠦᠷᠢ ᠠᠳᠠᠭ᠎ᠲᠠᠭᠠᠨ ᠠᠵᠢᠯ᠎ᠤᠨ ᠪᠠᠶ᠋ᠢᠷᠢ᠎ᠳᠤ ᠪᠠᠶ᠋ᠢᠭ᠎ᠠ ᠬᠥᠮᠦᠰ᠎ᠢ ᠵᠣᠬᠢᠶᠠᠨ ᠪᠠᠶ᠋ᠢᠭᠤᠯᠵᠤ᠂ ᠬᠤᠯᠤᠭ᠋ᠠᠨ᠎ᠠ ᠬᠢᠵᠢᠭ᠎ᠢ ᠰᠡᠷᠭᠡᠶ᠋ᠢᠯᠡᠨ ᠵᠠᠰᠠᠬᠤ ᠮᠡᠳᠡᠯᠭᠡ ᠵᠢᠨ ᠪᠣᠯᠪᠠᠰᠤᠷᠠᠭᠤᠯᠤᠯ ᠬᠢᠵᠦ᠂ ᠡᠭᠦᠨ᠎ᠤ ᠬᠠᠮᠲᠤ ᠪᠣᠯᠪᠠᠰᠤᠷᠠᠭᠤᠯᠤᠯ᠎ᠤᠨ ᠦᠷ᠎ᠡ ᠳ᠋ᠦᠩ᠎ᠢ ᠠᠵᠢᠯ᠎ᠤᠨ ᠪᠠᠶ᠋ᠢᠷᠢ᠎ᠳᠤ ᠤᠷᠢᠨ ᠲᠣᠮᠢᠯᠠᠬᠤ᠂ ᠣᠨ᠎ᠤ ᠬᠢᠨᠠᠨ ᠰᠢᠯᠭ᠋ᠠᠯᠲᠠ ᠵᠢᠨ ᠴᠢᠬᠤᠯᠠ ᠦᠨᠳᠦᠰᠦᠯᠡᠯ ᠪᠣᠯᠭ᠋ᠠᠵᠤ᠂ ᠪᠥᠬᠥ ᠬᠣᠲᠠ ᠵᠢᠨ ᠬᠤᠯᠤᠭ᠋ᠠᠨ᠎ᠠ ᠬᠢᠵᠢᠭ᠎ᠤᠨ ᠰᠡᠷᠭᠡᠶ᠋ᠢᠯᠡᠯᠲᠡ ᠵᠢᠨ ᠲᠤᠰᠬᠠᠶ ᠮᠡᠷᠭᠡᠵᠢᠯ᠎ᠤᠨ ᠠᠵᠢᠯᠲᠠᠨ᠎ᠤ ᠲᠤᠬᠠᠶ᠋ᠢᠯᠠᠭᠰᠠᠨ ᠠᠵᠢᠯ᠎ᠤᠨ ᠴᠢᠳᠠᠪᠤᠷᠢ ᠪᠠ ᠬᠢᠷᠢ ᠲᠦᠪᠰᠢᠨ᠎ᠢ ᠦᠨᠡᠨᠬᠦ ᠳᠡᠭᠡᠭᠰᠢᠯᠡᠭᠦᠯᠦᠨ᠎ᠡ; ᠬᠣᠲᠠ ᠵᠢᠨ ᠡᠪᠡᠳᠴᠢᠨ ᠡᠮᠭᠡᠭ᠎ᠢ ᠰᠡᠷᠭᠡᠶ᠋ᠢᠯᠡᠨ ᠡᠵᠡᠮᠳᠡᠬᠦ ᠲᠥᠪ᠂ ᠡᠯ᠎ᠡ ᠬᠣᠰᠢᠭᠤ ᠰᠢᠶᠠᠨ ᠲᠣᠭᠣᠷᠢᠭ᠎ᠤᠨ ᠡᠪᠡᠳᠴᠢᠨ ᠡᠮᠭᠡᠭ᠎ᠢ ᠰᠡᠷᠭᠡᠶ᠋ᠢᠯᠡᠨ ᠡᠵᠡᠮᠳᠡᠬᠦ ᠲᠥᠪ᠎ᠨᠢ ᠪᠣᠳᠠᠲᠤ ᠬᠡᠷᠡᠭᠴᠡᠭᠡ᠎ᠪᠠᠨ ᠦᠨᠳᠦᠰᠦᠯᠡᠨ᠂ ᠠᠵᠢᠯ᠎ᠠᠴᠠ ᠰᠠᠯᠵᠤ ᠳᠠᠪᠲᠠᠨ ᠪᠣᠯᠪᠠᠰᠤᠷᠠᠬᠤ ᠬᠡᠯᠪᠡᠷᠢ᠎ᠪᠠᠷ᠂ ᠵᠢᠯ ᠪᠦᠷᠢ 5 — 10 ᠬᠥᠮᠦᠨ᠎ᠢ ᠳᠡᠭᠡᠳᠦ ᠱᠠᠲᠤᠨ᠎ᠤ ᠬᠠᠮᠢᠶ᠎ᠠ ᠪᠦᠬᠦᠢ ᠲᠤᠰᠬᠠᠶ ᠪᠠᠶ᠋ᠢᠭᠤᠯᠤᠮᠵᠢ᠎ᠳᠤ ᠰᠣᠩᠭᠣᠨ ᠬᠦᠷᠭᠡᠬᠦ ᠪᠤᠶᠤ ᠪᠤᠰᠤᠳ ᠬᠤᠯᠤᠭ᠋ᠠᠨ᠎ᠠ ᠬᠢᠵᠢᠭ᠎ᠢ ᠰᠡᠷᠭᠡᠶ᠋ᠢᠯᠡᠬᠦ ᠠᠵᠢᠯ᠎ᠤᠨ ᠲᠡᠷᠢᠭᠦᠨ᠎ᠤ ᠭᠠᠵᠠᠷ ᠣᠷᠣᠨ᠎ᠳᠤ ᠬᠦᠷᠭᠡᠵᠦ 3 — 6 ᠰᠠᠷ᠎ᠠ ᠵᠢᠨ ᠲᠤᠬᠠᠶ᠋ᠢᠯᠠᠭᠰᠠᠨ ᠠᠵᠢᠯ᠎ᠤᠨ ᠰᠤᠷᠤᠯᠴᠠᠯᠭ᠎ᠠ᠎ᠳᠤ ᠣᠷᠣᠯᠴᠠᠭᠣᠯᠵᠣ᠂ ᠬᠤᠯᠤᠭ᠋ᠠᠨ᠎ᠠ ᠬᠢᠵᠢᠭ᠎ᠤᠨ ᠰᠡᠷᠭᠡᠢ᠌ᠯᠡᠯᠲᠡ ᠵᠢᠨ ᠲᠤᠰᠬᠠᠶ ᠡᠩᠨᠡᠭᠡ ᠵᠢᠨ ᠲᠤᠬᠠᠶ᠋ᠢᠯᠠᠭᠰᠠᠨ ᠠᠵᠢᠯ᠎ᠤᠨ ᠴᠢᠳᠠᠪᠤᠷᠢ ᠪᠣᠯᠤᠨ ᠲᠤᠰᠬᠠᠶ ᠮᠡᠷᠭᠡᠵᠢᠯ᠎ᠤᠨ ᠬᠢᠷᠢ ᠬᠡᠮᠵᠢᠶ᠎ᠡ ᠵᠢ ᠲᠠᠰᠤᠷᠠᠯᠲᠠ ᠤᠢ᠍ᠭᠡᠢ ᠳᠡᠭᠡᠭᠰᠢᠯᠡᠭᠦᠯᠬᠦ ᠬᠡᠷᠡᠭᠲᠡᠶ᠃
     (ᠲᠠᠪᠤ) ᠠᠵᠢᠯ᠎ᠤᠨ ᠤᠷᠮᠠᠰᠢᠭᠤᠯᠬᠤ ᠲᠣᠭᠲᠠᠴᠠ ᠵᠢ ᠲᠡᠭᠦᠯᠳᠡᠷᠵᠢᠭᠦᠯᠬᠦ ᠬᠡᠷᠡᠭᠲᠡᠢ᠃ ᠡᠯ᠎ᠡ ᠬᠣᠰᠢᠭᠤ ᠰᠢᠶᠠᠨ ᠲᠣᠭᠣᠷᠢᠭ ᠬᠤᠯᠤᠭ᠋ᠠᠨ᠎ᠠ ᠬᠢᠵᠢᠭ᠎ᠤᠨ ᠰᠡᠷᠭᠡᠶ᠋ᠢᠯᠡᠯᠲᠡ ᠵᠢᠨ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠬᠤᠯᠤᠭ᠋ᠠᠨ᠎ᠠ ᠬᠢᠵᠢᠭ᠎ᠤᠨ ᠰᠡᠷᠭᠡᠶ᠋ᠢᠯᠡᠯᠲᠡ ᠵᠢᠨ ᠠᠵᠢᠯᠲᠠᠨ᠎ᠢ ᠦᠨᠡᠨᠬᠦ ᠬᠠᠯᠠᠮᠵᠢᠯᠠᠵᠤ᠂ ᠡᠷᠡᠭᠦᠯ ᠬᠠᠮᠠᠭ᠋ᠠᠯᠠᠯ ᠬᠢᠵᠢᠭ ᠰᠡᠷᠭᠡᠶ᠋ᠢᠯᠡᠯᠲᠡ ᠵᠢᠨ ᠨᠡᠮᠡᠭᠦᠷᠢ ᠪᠠ ᠠᠵᠢᠯ᠎ᠤᠨ ᠨᠥᠬᠥᠪᠥᠷᠢ ᠵᠢᠨ ᠲᠥᠷᠥ ᠵᠢᠨ ᠪᠣᠳᠣᠯᠭ᠎ᠠ ᠵᠢ ᠴᠢᠩᠭ᠎ᠠ ᠨᠠᠢ᠌ᠳᠠᠪᠣᠷᠢᠵᠢᠭᠣᠯᠵᠤ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠣᠯᠠᠭ᠎ᠠ ᠵᠢᠨ ᠶᠠᠮᠤᠨ᠂ ᠡᠳ᠋᠎ᠤᠨ ᠵᠠᠰᠠᠭ᠎ᠤᠨ ᠶᠠᠮᠤᠨ᠎ᠤ 《ᠡᠷᠡᠭᠦᠯ ᠬᠠᠮᠠᠭ᠋ᠠᠯᠠᠯ ᠬᠢᠵᠢᠭ ᠰᠡᠷᠭᠡᠶ᠋ᠢᠯᠡᠯᠲᠡ ᠵᠢᠨ ᠨᠡᠮᠡᠭᠦᠷᠢ ᠵᠢᠨ ᠪᠠᠷᠢᠮᠵᠢᠶ᠎ᠠ᠎ᠳᠤ ᠲᠣᠬᠢᠷᠠᠭᠤᠯᠤᠯᠲᠠ ᠬᠢᠬᠦ ᠲᠤᠬᠠᠶ ᠮᠡᠳᠡᠭᠳᠡᠯ》 (ᠬᠥᠮᠦᠨ ᠨᠡᠶ᠋ᠢᠭᠡᠮ ᠶᠠᠮᠤᠨ ᠲᠠᠷᠬᠠᠭ᠋ᠠᠭᠰᠠᠨ [2020] 13 ᠳ᠋ᠤᠭ᠋ᠠᠷ ᠲᠣᠭ᠋ᠠᠲᠤ) ᠪᠠ 《ᠬᠠᠯᠳᠠᠪᠣᠷᠢᠲᠣ ᠡᠪᠡᠳᠴᠢᠨ᠎ᠤ ᠬᠢᠵᠢᠭ᠎ᠢ ᠰᠡᠷᠭᠡᠶ᠋ᠢᠯᠡᠨ ᠵᠠᠰᠠᠬᠤ ᠠᠵᠢᠯᠲᠠᠨ᠎ᠤ ᠲᠦᠷ ᠴᠠᠭ᠎ᠤᠨ ᠴᠢᠨᠠᠷᠲᠠᠶ ᠠᠵᠢᠯ᠎ᠤᠨ ᠨᠦᠬᠦᠪᠦᠷᠢ ᠵᠢ ᠪᠠᠶ᠋ᠢᠭᠤᠯᠬᠤ ᠲᠤᠬᠠᠶ ᠮᠡᠳᠡᠭᠳᠡᠯ》 (ᠬᠥᠮᠦᠨ ᠨᠡᠢ᠌ᠭᠡᠮ ᠶᠠᠮᠤᠨ ᠲᠣᠭᠲᠠᠭ᠋ᠠᠯ [2016] 4 ᠳ᠋ᠤᠭᠡᠷ ᠲᠣᠭ᠋ᠠᠲᠤ)᠎ᠤᠨ ᠲᠣᠭᠲᠠᠭ᠋ᠠᠯ ᠶᠣᠰᠣᠭ᠋ᠠᠷ᠂ ᠬᠠᠮᠢᠶ᠎ᠠ ᠪᠦᠬᠦᠢ ᠨᠡᠮᠡᠭᠦᠷᠢ ᠵᠢ ᠨᠠᠶ᠋ᠢᠳᠠᠪᠤᠷᠢᠵᠢᠭᠤᠯᠤᠨ᠎ᠠ᠃ ᠬᠤᠯᠤᠭ᠋ᠠᠨ᠎ᠠ ᠬᠢᠵᠢᠭ᠎ᠤᠨ ᠰᠡᠷᠭᠡᠶ᠋ᠢᠯᠡᠯᠲᠡ ᠵᠢᠨ ᠨᠢᠭᠡᠳᠦᠭᠡᠷ ᠹᠷᠣᠨᠲ᠎ᠲᠤ ᠤᠷᠲᠤ ᠬᠤᠭᠤᠴᠠᠭ᠎ᠠ᠎ᠪᠠᠷ ᠠᠵᠢᠯᠯᠠᠵᠤ᠂ ᠳᠣᠪᠣᠢ᠌ᠮ᠎ᠠ ᠢᠯᠡᠷᠡᠯ᠎ᠲᠠᠢ ᠠᠵᠢᠯᠲᠠᠨ᠎ᠢ ᠲᠣᠭᠲᠠᠭ᠋ᠠᠯ ᠶᠣᠰᠣᠭ᠋ᠠᠷ ᠬᠥᠬᠢᠭᠦᠯᠦᠨ ᠱᠠᠩᠨᠠᠵᠤ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠦᠷ᠎ᠡ ᠪᠦᠲᠦᠭᠡᠯ ᠣᠯᠤᠭᠰᠠᠨ᠂ ᠬᠠᠮᠢᠶ᠎ᠠ ᠪᠦᠬᠦᠢ ᠡᠷᠳᠡᠮ ᠰᠢᠨᠵᠢᠯᠡᠭᠡᠨ᠎ᠤ ᠥᠭᠦᠯᠡᠯ ᠨᠡᠶ᠋ᠢᠲᠡᠯᠡᠭᠰᠡᠨ ᠠᠵᠢᠯᠲᠠᠨ᠎ᠢ ᠱᠠᠩᠨᠠᠨ ᠬᠥᠬᠢᠭᠦᠯᠵᠦ᠂ ᠠᠳᠠᠯᠢ ᠨᠥᠬᠥᠴᠡᠯ᠎ᠤᠨ ᠳᠣᠤᠷ᠎ᠠ ᠲᠤᠰᠬᠠᠶ ᠮᠡᠷᠭᠡᠵᠢᠯ᠎ᠤᠨ ᠲᠤᠰᠢᠶᠠᠯ᠎ᠢ ᠡᠩ ᠲᠡᠷᠢᠭᠦᠨ᠎ᠳᠤ ᠳᠡᠪᠰᠢᠭᠦᠯᠬᠦ ᠬᠡᠷᠡᠭᠲᠡᠶ᠃

      ᠳᠥᠷᠪᠡ᠂ ᠠᠵᠢᠯ᠎ᠤᠨ ᠱᠠᠭ᠋ᠠᠷᠳᠠᠯᠭ᠎ᠠ
     (ᠨᠢᠭᠡ) ᠵᠣᠬᠢᠶᠠᠨ ᠪᠠᠶ᠋ᠢᠭᠤᠯᠵᠤ ᠤᠳᠤᠷᠢᠳᠬᠤ ᠠᠵᠢᠯ᠎ᠢ ᠴᠢᠩᠭ᠋ᠠᠳᠬᠠᠨ᠎ᠠ᠃ ᠡᠯ᠎ᠡ ᠭᠠᠵᠠᠷ᠎ᠤᠨ᠎ᠬᠢᠨ ᠬᠤᠯᠤᠭ᠋ᠠᠨ᠎ᠠ ᠬᠢᠵᠢᠭ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠤᠳᠤᠷᠢᠳᠤᠯᠭ᠎ᠠ᠎ᠪᠠᠨ ᠦᠨᠡᠨᠬᠦ ᠴᠢᠩᠭ᠋ᠠᠳᠬᠠᠵᠤ᠂ ᠬᠤᠯᠤᠭ᠋ᠠᠨ᠎ᠠ ᠬᠢᠵᠢᠭ᠎ᠤᠨ ᠰᠡᠷᠭᠡᠶ᠋ᠢᠯᠡᠯᠲᠡ ᠵᠢᠨ ᠡᠩᠨᠡᠭᠡ ᠵᠢᠨ ᠪᠠᠶ᠋ᠢᠭᠤᠯᠤᠯᠲᠠ᠂ ᠴᠢᠳᠠᠪᠤᠷᠢᠲᠠᠨ᠎ᠢ ᠬᠥᠮᠦᠵᠢᠭᠦᠯᠬᠦ᠂ ᠬᠤᠯᠤᠭ᠋ᠠᠨ᠎ᠠ ᠬᠢᠵᠢᠭ᠎ᠤᠨ ᠰᠡᠷᠭᠡᠶ᠋ᠢᠯᠡᠯᠲᠡ ᠵᠢᠨ ᠴᠢᠳᠠᠪᠤᠷᠢ ᠵᠢ ᠳᠡᠭᠡᠭᠰᠢᠯᠡᠭᠦᠯᠬᠦ ᠵᠢ ᠵᠠᠰᠠᠭ᠎ᠤᠨ ᠣᠷᠳᠣᠨ᠎ᠤ ᠡᠳᠦᠷ ᠲᠤᠲᠤᠮ᠎ᠤᠨ ᠴᠢᠬᠤᠯᠠ ᠵᠥᠪᠯᠡᠬᠦ ᠵᠦᠢ᠍ᠯ᠎ᠳᠡᠭᠡᠨ ᠣᠷᠣᠭᠤᠯᠬᠤ ᠬᠡᠷᠡᠭᠲᠡᠶ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠲᠠ ᠬᠠᠮᠵᠢᠯᠴᠠᠵᠤ᠂ ᠬᠤᠯᠤᠭ᠋ᠠᠨ᠎ᠠ ᠬᠢᠵᠢᠭ᠎ᠠᠴᠠ ᠰᠡᠷᠭᠡᠶ᠋ᠢᠯᠡᠬᠦ ᠲᠤᠰᠬᠠᠶ ᠡᠩᠨᠡᠭᠡᠨ᠎ᠤ ᠪᠠᠶ᠋ᠢᠭᠤᠯᠤᠯᠲᠠ ᠪᠣᠯᠤᠨ ᠴᠢᠳᠠᠪᠤᠷᠢᠲᠠᠨ ᠬᠥᠮᠦᠵᠢᠭᠦᠯᠬᠦ ᠵᠢ ᠬᠢᠵᠠᠭ᠋ᠠᠷᠯᠠᠵᠤ ᠪᠠᠶ᠋ᠢᠭ᠎ᠠ ᠪᠣᠭᠣᠮᠢ ᠠᠰᠠᠭᠤᠳᠠᠯ᠎ᠢ ᠬᠠᠮᠲᠤᠪᠠᠷ ᠰᠤᠳᠤᠯᠤᠨ ᠰᠢᠢ᠍ᠳᠪᠦᠷᠢᠯᠡᠵᠦ᠂ ᠬᠤᠯᠤᠭ᠋ᠠᠨ᠎ᠠ ᠬᠢᠵᠢᠭ᠎ᠤᠨ ᠰᠡᠷᠭᠡᠢ᠌ᠯᠡᠯᠲᠡ ᠵᠢᠨ ᠴᠢᠳᠠᠪᠤᠷᠢ ᠵᠢᠨ ᠪᠠᠶ᠋ᠢᠭᠤᠯᠤᠯᠲᠠ ᠵᠢᠨ ᠡᠯ᠎ᠡ ᠵᠦᠢ᠍ᠯ᠎ᠤᠨ ᠠᠵᠢᠯ᠎ᠤᠨ ᠨᠠᠶ᠋ᠢᠳᠠᠪᠤᠷᠢᠵᠢᠭᠤᠯᠤᠯᠲᠠ ᠵᠢ ᠬᠠᠮᠲᠤᠪᠠᠷ ᠲᠦᠯᠬᠢᠨ ᠠᠬᠢᠭᠤᠯᠬᠤ ᠬᠡᠷᠡᠭᠲᠡᠶ᠃
     (ᠬᠣᠶᠠᠷ) ᠵᠠᠷᠤᠳᠠᠯ᠎ᠤᠨ ᠪᠠᠲᠤᠯᠠᠭ᠎ᠠ ᠵᠢᠨ ᠡᠷᠴᠢᠮ᠎ᠢ ᠴᠢᠩᠭ᠋ᠠᠷᠠᠭᠤᠯᠤᠨ᠎ᠠ᠃ ᠬᠣᠲᠠ ᠵᠢᠨ ᠡᠳ᠋᠎ᠤᠨ ᠵᠠᠰᠠᠭ ᠬᠣᠲᠠ ᠵᠢᠨ ᠱᠠᠲᠤᠨ᠎ᠤ ᠬᠤᠯᠤᠭ᠋ᠠᠨ᠎ᠠ ᠬᠢᠵᠢᠭ᠎ᠤᠨ ᠰᠡᠷᠭᠡᠶ᠋ᠢᠯᠡᠯᠲᠡ ᠵᠢᠨ ᠵᠠᠷᠤᠳᠠᠯ᠎ᠢ ᠲᠥᠰᠦᠪ᠎ᠲᠡᠭᠡᠨ ᠣᠷᠣᠭᠤᠯᠵᠤ᠂ ᠮᠠᠨ᠎ᠤ ᠬᠣᠲᠠ ᠵᠢᠨ ᠬᠤᠯᠤᠭ᠋ᠠᠨ᠎ᠠ ᠬᠢᠵᠢᠭ᠎ᠢ ᠬᠢᠨᠠᠨ ᠬᠡᠮᠵᠢᠬᠦ ᠪᠠ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠰᠣᠷᠢᠯᠲᠠ ᠪᠣᠯᠪᠠᠰᠤᠷᠠᠯ᠎ᠤᠨ ᠰᠠᠭᠤᠷᠢᠨ ᠭᠠᠵᠠᠷ᠎ᠤᠨ ᠠᠵᠢᠯᠯᠠᠭ᠋ᠠᠨ᠎ᠢ ᠪᠠᠲᠤᠯᠠᠬᠤ ᠬᠡᠷᠡᠭᠲᠡᠢ᠃ ᠡᠯ᠎ᠡ ᠬᠣᠰᠢᠭᠤ ᠰᠢᠶᠠᠨ ᠲᠣᠭᠣᠷᠢᠭ᠎ᠨᠢ 《ᠡᠮᠴᠢᠯᠡᠭᠡ ᠡᠷᠡᠭᠦᠯ ᠬᠠᠮᠠᠭ᠋ᠠᠯᠠᠯ᠎ᠤᠨ ᠬᠦᠷᠢᠶ᠎ᠡ ᠴᠠᠷᠠᠭ᠎ᠠ ᠵᠢᠨ ᠲᠥᠪ ᠪᠠ ᠣᠷᠣᠨ ᠨᠤᠲᠤᠭ᠎ᠤᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠬᠤᠪᠢᠶᠠᠷᠢᠯᠠᠬᠤ ᠥᠭᠡᠷᠡᠴᠢᠯᠡᠯᠲᠡ ᠵᠢᠨ ᠲᠥᠰᠦᠯ᠎ᠢ ᠳᠠᠷᠤᠮᠠᠯᠯᠠᠨ ᠶᠠᠪᠤᠭᠤᠯᠬᠤ ᠲᠤᠬᠠᠶ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠮᠡᠳᠡᠭᠳᠡᠯ》 (ᠲᠥᠷᠥ ᠠᠯᠪᠠᠨ ᠲᠠᠷᠬᠠᠭ᠋ᠠᠭᠰᠠᠨ [2018] 67 ᠳ᠋ᠤᠭ᠋ᠠᠷ ᠲᠣᠭ᠋ᠠᠲᠤ) ᠪᠠ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠥᠬᠥᠶ ᠱᠠᠭ᠋ᠠᠷᠳᠠᠯᠭ᠎ᠠ ᠶᠣᠰᠣᠭ᠋ᠠᠷ᠂ ᠬᠤᠯᠤᠭ᠋ᠠᠨ᠎ᠠ ᠬᠢᠵᠢᠭ᠎ᠤᠨ ᠰᠡᠷᠭᠡᠶ᠋ᠢᠯᠡᠯᠲᠡ ᠵᠢᠨ ᠵᠠᠷᠤᠳᠠᠯ᠎ᠤᠨ ᠤᠷᠲᠤ ᠬᠤᠭᠤᠴᠠᠭ᠋ᠠᠨ᠎ᠤ ᠪᠦᠲᠦᠮᠵᠢᠲᠡᠶ ᠣᠷᠣᠭᠤᠯᠤᠯᠲᠠ ᠵᠢᠨ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠡᠯ᠎ᠡ ᠵᠦᠢ᠍ᠯ᠎ᠤᠨ ᠡᠷᠡᠭᠦᠯ ᠬᠠᠮᠠᠭ᠋ᠠᠯᠠᠯ ᠬᠢᠵᠢᠭ ᠰᠡᠷᠭᠡᠶ᠋ᠢᠯᠡᠬᠦ ᠨᠡᠮᠡᠭᠦᠷᠢ ᠪᠣᠯᠤᠨ ᠲᠦᠷ ᠴᠠᠭ᠎ᠤᠨ ᠴᠢᠨᠠᠷᠲᠠᠶ ᠠᠵᠢᠯ᠎ᠤᠨ ᠲᠤᠰᠠᠯᠠᠮᠵᠢ ᠵᠢ ᠬᠠᠤᠯᠢ ᠶᠣᠰᠣᠭ᠋ᠠᠷ ᠨᠠᠶ᠋ᠢᠳᠠᠪᠤᠷᠢᠵᠢᠭᠤᠯᠵᠤ᠂ ᠬᠤᠯᠤᠭ᠋ᠠᠨ᠎ᠠ ᠬᠢᠵᠢᠭ᠎ᠤᠨ ᠰᠡᠷᠭᠡᠢ᠌ᠯᠡᠯᠲᠡ ᠵᠢᠨ ᠠᠵᠢᠯᠲᠠᠨ᠎ᠤ ᠣᠯᠭᠣᠮᠵᠢ ᠵᠢ ᠦᠨᠡᠨᠬᠦ ᠳᠡᠭᠡᠭᠰᠢᠯᠡᠭᠦᠯᠬᠦ ᠬᠡᠷᠡᠭᠲᠡᠶ᠃
     (ᠭᠤᠷᠪᠠ) ᠰᠢᠮᠳᠠᠭᠤᠯᠤᠨ ᠵᠢᠯᠣᠭᠣᠳᠬᠤ ᠵᠢ ᠴᠢᠩᠭ᠋ᠠᠷᠠᠭᠤᠯᠤᠨ᠎ᠠ᠃ ᠡᠯ᠎ᠡ ᠬᠣᠰᠢᠭᠤ ᠰᠢᠶᠠᠨ ᠲᠣᠭᠣᠷᠢᠭ ᠲᠤᠰ ᠲᠥᠰᠦᠯ᠎ᠤᠨ ᠱᠠᠭ᠋ᠠᠷᠳᠠᠯᠭ᠎ᠠ ᠶᠣᠰᠣᠭ᠋ᠠᠷ᠂ ᠲᠣᠰ ᠭᠠᠵᠠᠷ ᠣᠷᠣᠨ᠎ᠤ ᠪᠣᠳᠠᠲᠠᠶ᠎ᠲᠠᠢ᠎ᠪᠠᠨ ᠤᠶᠠᠯᠳᠤᠭᠤᠯᠤᠨ ᠬᠤᠯᠤᠭ᠋ᠠᠨ᠎ᠠ ᠬᠢᠵᠢᠭ᠎ᠢ ᠰᠡᠷᠭᠡᠶ᠋ᠢᠯᠡᠬᠦ ᠴᠢᠳᠠᠪᠤᠷᠢ ᠵᠢᠨ ᠪᠠᠢ᠌ᠭᠤᠯᠤᠯᠲᠠ ᠵᠢᠨ ᠲᠥᠯᠥᠪᠯᠡᠭᠡ ᠵᠢ ᠲᠣᠭᠲᠠᠭ᠋ᠠᠵᠤ᠂ ᠡᠭᠦᠷᠭᠡ ᠪᠠ ᠪᠡᠶᠡᠯᠡᠭᠦᠯᠬᠦ ᠴᠠᠭ ᠬᠤᠭᠤᠴᠠᠭ᠎ᠠ ᠵᠢ ᠲᠣᠳᠣᠷᠬᠠᠢ᠌ᠯᠠᠬᠤ ᠵᠢᠨ ᠬᠠᠮᠲᠤ ᠳᠠᠷᠤᠶ᠋ᠢᠬᠠᠨ ᠵᠣᠬᠢᠶᠠᠨ ᠪᠠᠶ᠋ᠢᠭᠤᠯᠤᠨ ᠬᠡᠷᠡᠭᠵᠢᠭᠦᠯᠬᠦ ᠬᠡᠷᠡᠭᠲᠡᠶ᠃
      ᠳᠠᠭ᠋ᠠᠯᠳᠤᠭᠤᠯᠤᠯ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠯᠤᠭ᠋ᠠᠨ᠎ᠠ ᠬᠢᠵᠢᠭ᠎ᠢ ᠬᠢᠨᠠᠨ ᠬᠡᠮᠵᠢᠬᠦ ᠥᠷᠲᠡᠭᠡ ᠵᠢᠨ ᠪᠦᠲᠦᠭᠡᠨ ᠪᠠᠶ᠋ᠢᠭᠤᠯᠬᠤ ᠪᠠᠷᠢᠮᠵᠢᠶ᠎ᠠ (ᠲᠤᠷᠰᠢᠨ ᠬᠡᠷᠡᠭᠵᠢᠭᠦᠯᠬᠦ)
     

ᠳᠠᠭ᠋ᠠᠯᠳᠤᠭᠤᠯᠤᠯ
      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠯᠤᠭ᠋ᠠᠨ᠎ᠠ ᠬᠢᠵᠢᠭ᠎ᠢ ᠬᠢᠨᠠᠨ
      ᠬᠡᠮᠵᠢᠬᠦ ᠥᠷᠲᠡᠭᠡ ᠵᠢᠨ ᠪᠦᠲᠦᠭᠡᠨ ᠪᠠᠶ᠋ᠢᠭᠤᠯᠬᠤ ᠪᠠᠷᠢᠮᠵᠢᠶ᠎ᠠ (ᠲᠤᠷᠰᠢᠨ ᠬᠡᠷᠡᠭᠵᠢᠭᠦᠯᠬᠦ)


      ᠪᠦᠬᠦ ᠣᠷᠣᠨ᠎ᠤ ᠬᠤᠯᠤᠭ᠋ᠠᠨ᠎ᠠ ᠬᠢᠵᠢᠭ᠎ᠢ ᠬᠢᠨᠠᠨ ᠬᠡᠮᠵᠢᠬᠦ ᠠᠵᠢᠯ᠎ᠤᠨ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠬᠤᠯᠤᠭ᠋ᠠᠨ᠎ᠠ ᠬᠢᠵᠢᠭ᠎ᠤᠨ ᠬᠡᠭᠡᠷ᠎ᠡ ᠭᠠᠳᠠᠨ᠎ᠠ ᠬᠢᠨᠠᠨ ᠬᠡᠮᠵᠢᠬᠦ ᠨᠥᠬᠥᠴᠡᠯ᠎ᠢ ᠰᠠᠶ᠋ᠢᠵᠢᠷᠠᠭᠤᠯᠵᠤ᠂ ᠬᠤᠯᠤᠭ᠋ᠠᠨ᠎ᠠ ᠬᠢᠵᠢᠭ᠎ᠢ ᠬᠢᠨᠠᠨ ᠬᠡᠮᠵᠢᠬᠦ ᠴᠢᠳᠠᠪᠤᠷᠢ ᠪᠣᠯᠤᠨ ᠬᠢᠷᠢ ᠬᠡᠮᠵᠢᠶ᠎ᠡ ᠵᠢ ᠳᠡᠭᠡᠭᠰᠢᠯᠡᠭᠦᠯᠬᠦ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠪᠣᠳᠠᠲᠤ ᠪᠠᠢ᠌ᠳᠠᠯ᠎ᠲᠠᠢ ᠤᠶᠠᠯᠳᠤᠭᠤᠯᠤᠨ᠂ ᠲᠣᠰ ᠪᠠᠷᠢᠮᠵᠢᠶ᠎ᠠ ᠵᠢ ᠲᠣᠭᠲᠠᠭ᠋ᠠᠪᠠ᠃
      ᠨᠢᠭᠡ᠂ ᠭᠠᠵᠠᠷ ᠰᠣᠩᠭᠣᠬᠤ ᠱᠠᠭ᠋ᠠᠷᠳᠠᠯᠭ᠎ᠠ
     (ᠨᠢᠭᠡ) ᠥᠷᠲᠡᠭᠡ ᠪᠠᠶ᠋ᠢᠭᠤᠯᠵᠤ ᠭᠠᠵᠠᠷ ᠰᠣᠩᠭᠣᠬᠤ᠎ᠳᠤ ᠠᠮᠢᠳᠤ ᠪᠣᠳᠠᠰ᠎ᠤᠨ ᠠᠮᠤᠷ ᠲᠦᠪᠰᠢᠨ᠎ᠤ ᠬᠡᠷᠡᠭᠴᠡᠭᠡ ᠵᠢ ᠬᠠᠩᠭ᠋ᠠᠬᠤ ᠬᠡᠷᠡᠭᠲᠡᠶ᠃ ᠲᠤᠷᠰᠢᠯᠲᠠ ᠵᠢᠨ ᠲᠠᠰᠤᠭ᠎ᠤᠨ ᠡᠷᠭᠢᠨ ᠲᠣᠭᠣᠷᠢᠨ᠎ᠳᠤ ᠰᠠᠭᠤᠭ᠋ᠠᠯᠢ ᠠᠷᠠᠳ᠎ᠤᠨ ᠲᠣᠭᠣᠷᠢᠭ᠂ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠯ ᠵᠢᠨ ᠲᠣᠭᠤᠷᠢᠭ᠂ ᠬᠠᠭ᠋ᠠᠯᠪᠤᠷᠢᠯᠠᠵᠤ ᠲᠠᠷᠢᠶᠠᠯᠠᠬᠤ ᠭᠠᠵᠠᠷ ᠵᠡᠷᠭᠡ ᠣᠯᠠᠨ ᠲᠦᠮᠡᠨ᠎ᠤ ᠦᠢ᠍ᠯᠡᠳᠪᠦᠷᠢᠯᠡᠯ᠂ ᠠᠮᠢᠳᠤᠷᠠᠯ᠎ᠤᠨ ᠠᠵᠢᠯᠯᠠᠭ᠎ᠠ ᠲᠥᠪᠯᠡᠷᠡᠭᠰᠡᠨ ᠣᠷᠣᠨ᠎ᠢ ᠲᠥᠯᠥᠪᠵᠢᠭᠦᠯᠦᠨ ᠪᠦᠲᠦᠭᠡᠨ ᠪᠠᠶ᠋ᠢᠭᠤᠯᠬᠤ ᠦᠭᠡᠢ ᠪᠠᠢ᠌ᠬᠤ ᠬᠡᠷᠡᠭᠲᠡᠢ᠃
     (ᠬᠣᠶᠠᠷ) ᠥᠷᠲᠡᠭᠡ ᠪᠠᠶ᠋ᠢᠭᠤᠯᠬᠤ ᠭᠠᠵᠠᠷ᠎ᠨᠢ ᠬᠠᠮᠤᠭ ᠰᠠᠶ᠋ᠢᠨ᠎ᠨᠢ ᠬᠤᠯᠤᠭ᠋ᠠᠨ᠎ᠠ ᠬᠢᠵᠢᠭ᠎ᠢ ᠬᠢᠨᠠᠨ ᠬᠡᠮᠵᠢᠬᠦ ᠣᠷᠣᠨ᠎ᠤ ᠳᠣᠲᠣᠷ᠎ᠠ ᠪᠠᠶ᠋ᠢᠵᠤ᠂ ᠬᠢᠨᠠᠨ ᠬᠡᠮᠵᠢᠬᠦ ᠠᠵᠢᠯ᠎ᠤᠨ ᠬᠡᠷᠡᠭᠴᠡᠭᠡ ᠵᠢ ᠬᠠᠮᠤᠭ᠎ᠤᠨ ᠶᠡᠬᠡ ᠬᠡᠮᠵᠢᠶ᠎ᠡ᠎ᠪᠠᠷ ᠬᠠᠩᠭ᠋ᠠᠬᠤ ᠬᠡᠷᠡᠭᠲᠡᠶ᠃ ᠬᠡᠷᠪᠡ ᠬᠢᠨᠠᠨ ᠬᠡᠮᠵᠢᠬᠦ ᠣᠷᠣᠨ ᠪᠦᠰᠡ ᠵᠢᠨ ᠳᠣᠲᠣᠷ᠎ᠠ ᠥᠷᠲᠡᠭᠡ ᠪᠠᠢ᠌ᠭᠣᠯᠵᠤ ᠠᠵᠢᠯ ᠠᠮᠢᠳᠤᠷᠠᠯ᠎ᠤᠨ ᠬᠡᠷᠡᠭᠴᠡᠭᠡ ᠵᠢ ᠪᠠᠲᠤᠯᠠᠬᠤ ᠵᠢᠨ ᠠᠷᠭ᠎ᠠ ᠦᠭᠡᠶ ᠪᠣᠯ ᠥᠷᠲᠡᠭᠡ ᠪᠠᠶ᠋ᠢᠭᠤᠯᠬᠤ ᠭᠠᠵᠠᠷ ᠰᠣᠩᠭᠣᠬᠤ᠎ᠳᠠᠭᠠᠨ ᠬᠢᠨᠠᠨ ᠬᠡᠮᠵᠢᠬᠦ ᠠᠵᠢᠯ᠎ᠤᠨ ᠣᠷᠣᠨ ᠪᠦᠰᠡ᠎ᠳᠤ ᠠᠯᠢ ᠪᠣᠯᠬᠤ᠎ᠪᠠᠷ ᠣᠶ᠋ᠢᠷᠠᠲᠤᠭᠤᠯᠬᠤ ᠬᠡᠷᠡᠭᠲᠡᠶ᠃
     (ᠭᠤᠷᠪᠠ) ᠥᠷᠲᠡᠭᠡ ᠪᠠᠶ᠋ᠢᠭᠤᠯᠬᠤ ᠭᠠᠵᠠᠷ ᠰᠣᠩᠭᠣᠬᠤ᠎ᠳᠤ ᠨᠠᠶ᠋ᠢᠳᠠᠪᠤᠷᠢᠲᠠᠶ ᠠᠵᠢᠯ ᠠᠮᠢᠳᠤᠷᠠᠯ᠎ᠤᠨ ᠠᠷᠤ ᠲᠠᠯ᠎ᠠ ᠵᠢᠨ ᠦᠢ᠍ᠯᠡᠴᠢᠯᠡᠭᠡᠨ᠎ᠤ ᠪᠠᠲᠤᠯᠠᠭ᠎ᠠ ᠪᠠ ᠠᠮᠤᠷ ᠲᠦᠪᠰᠢᠨ᠎ᠤ ᠪᠠᠲᠤᠯᠠᠭ᠎ᠠ ᠬᠠᠩᠭ᠋ᠠᠬᠤ ᠬᠡᠷᠡᠭᠲᠡᠶ᠂ ᠴᠠᠬᠢᠯᠭ᠋ᠠᠨ ᠨᠡᠪᠲᠡᠷᠡᠭᠦᠯᠬᠦ (220v)᠂ ᠤᠰᠤ ᠨᠡᠪᠲᠡᠷᠡᠭᠦᠯᠬᠦ᠂ ᠲᠣᠣᠷ ᠨᠡᠪᠲᠡᠷᠡᠭᠦᠯᠬᠦ ᠵᠡᠷᠭᠡ᠃
     (ᠳᠥᠷᠪᠡ) ᠪᠦᠬᠦᠶ᠋ᠢᠯᠡ ᠬᠢᠨᠠᠨ ᠬᠡᠮᠵᠢᠬᠦ ᠥᠷᠲᠡᠭᠡ᠎ᠨᠢ ᠰᠡᠷᠭᠡᠶ᠋ᠢᠯᠡᠨ ᠬᠠᠮᠠᠭ᠋ᠠᠯᠠᠬᠤ ᠬᠦᠷᠢᠶ᠎ᠡ ᠬᠡᠷᠡᠮ ᠪᠠᠷᠢᠵᠤ ᠭᠠᠳᠠᠭ᠋ᠠᠳᠤ ᠣᠷᠴᠢᠨ᠎ᠠᠴᠠ ᠲᠤᠰᠠᠭ᠋ᠠᠷᠯᠠᠬᠤ ᠬᠡᠷᠡᠭᠲᠡᠶ᠃
      ᠬᠣᠶᠠᠷ᠂ ᠰᠠᠭᠤᠷᠢ ᠪᠡᠯᠡᠳᠬᠡᠮᠵᠢ
     (ᠨᠢᠭᠡ) ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠰᠣᠷᠢᠯᠲᠠ ᠪᠣᠯᠪᠠᠰᠤᠷᠠᠯ᠎ᠤᠨ ᠰᠠᠭᠤᠷᠢᠨ ᠭᠠᠵᠠᠷ᠃
     1. ᠠᠶ᠋ᠢᠮᠠᠭ ᠬᠣᠲᠠ ᠵᠢᠨ ᠱᠠᠲᠤᠨ᠎ᠤ ᠬᠤᠯᠤᠭ᠋ᠠᠨ᠎ᠠ ᠬᠢᠵᠢᠭ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠰᠣᠷᠢᠯᠲᠠ ᠪᠣᠯᠪᠠᠰᠣᠷᠠᠯ᠎ᠤᠨ ᠰᠠᠭᠤᠷᠢᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢᠨ ᠲᠠᠯᠠᠪᠠᠶ᠎ᠨᠢ 650m2᠎ᠠᠴᠠ ᠪᠠᠭ᠎ᠠ ᠪᠠᠶ᠋ᠢᠵᠤ ᠪᠣᠯᠬᠤ ᠦᠭᠡᠶ᠃
     2. ᠪᠠᠶ᠋ᠢᠷᠢ᠄ 30᠎ᠠᠴᠠ ᠳᠡᠭᠡᠭᠰᠢ ᠬᠥᠮᠦᠨ᠎ᠤ ᠬᠤᠨᠤᠭ᠎ᠢ ᠬᠠᠩᠭ᠋ᠠᠵᠤ᠂ ᠪᠡᠶ᠎ᠡ ᠵᠠᠰᠠᠬᠤ ᠭᠠᠵᠠᠷ᠂ ᠰᠦᠷᠴᠢᠮᠡᠯ ᠤᠬᠢᠶᠠᠯ᠎ᠤᠨ ᠪᠡᠯᠡᠳᠬᠡᠮᠵᠢ ᠵᠡᠷᠭᠡ ᠦᠨᠳᠦᠰᠦᠨ ᠠᠮᠢᠳᠤᠷᠠᠯ᠎ᠤᠨ ᠪᠡᠯᠡᠳᠬᠡᠮᠵᠢ ᠵᠢ ᠪᠦᠷᠢᠯᠳᠦᠭᠦᠯᠦᠨ᠎ᠡ᠃
     3. ᠲᠣᠭᠣᠭ᠋ᠠᠨ ᠭᠡᠷ᠂ ᠬᠣᠭᠣᠯᠠᠨ ᠭᠡᠷ᠄ 40m2᠎ᠠᠴᠠ ᠳᠡᠭᠡᠭᠰᠢ ᠪᠠᠶ᠋ᠢᠭᠤᠯᠵᠤ᠂ 50 ᠬᠥᠮᠦᠨ ᠬᠠᠮᠲᠤ ᠬᠣᠭᠣᠯᠠᠯᠠᠬᠤ ᠨᠥᠬᠥᠴᠡᠯ᠎ᠢ ᠪᠦᠷᠢᠯᠳᠦᠭᠦᠯᠦᠨ᠎ᠡ᠃
     4. ᠠᠵᠢᠯᠯᠠᠬᠤ ᠲᠣᠭᠣᠷᠢᠭ᠄ ᠨᠠᠭ᠋ᠠᠳᠤ ᠵᠠᠬ᠎ᠠ᠎ᠳᠠᠭᠠᠨ 30m2᠎ᠠᠴᠠ ᠳᠡᠭᠡᠭᠰᠢ ᠪᠠᠢ᠌ᠵᠤ᠂ 6 ᠬᠥᠮᠦᠨ ᠠᠵᠢᠯᠯᠠᠵᠤ ᠪᠣᠯᠬᠣ ᠨᠦᠬᠦᠴᠡᠯ᠎ᠲᠠᠢ᠂ ᠰᠦᠯᠵᠢᠶ᠎ᠡ᠂ ᠺᠣᠮᠫᠢᠦ᠋ᠲ᠋ᠧᠷ᠂ ᠳᠠᠷᠤᠮᠠᠯᠯᠠᠬᠤ ᠮᠠᠰᠢᠨ᠎ᠲᠠᠢ᠃
     5. ᠬᠤᠷᠠᠯ᠎ᠤᠨ ᠭᠡᠷ᠄ 100m2᠎ᠠᠴᠠ ᠳᠡᠭᠡᠭᠰᠢ ᠪᠠᠶ᠋ᠢᠭᠤᠯᠵᠤ᠂ ᠠᠳᠠᠭ᠎ᠲᠠᠭᠠᠨ 50 ᠬᠥᠮᠦᠨ᠎ᠤ ᠬᠤᠷᠠᠯ ᠬᠢᠬᠦ ᠵᠢ ᠬᠠᠩᠭ᠋ᠠᠵᠤ᠂ ᠣᠯᠠᠨ ᠵᠠᠭᠤᠴᠢᠯᠠᠭᠤᠷ ᠵᠡᠷᠭᠡ ᠨᠥᠬᠥᠴᠡᠯ᠎ᠢ ᠪᠦᠷᠢᠯᠳᠦᠭᠦᠯᠦᠨ᠎ᠡ᠃
     6. ᠡᠳ᠋ ᠪᠣᠳᠠᠰ ᠨᠥᠭᠡᠴᠡᠯᠡᠬᠦ ᠲᠠᠰᠤᠭ᠄ ᠠᠳᠠᠭ᠎ᠲᠠᠭᠠᠨ 30m2᠂ ᠬᠤᠯᠤᠭ᠋ᠠᠨ᠎ᠠ ᠵᠢᠨ ᠬᠠᠪᠬ᠎ᠠ᠂ ᠬᠤᠯᠤᠭ᠋ᠠᠨ᠎ᠠ ᠵᠢᠨ ᠡᠮ ᠵᠡᠷᠭᠡ ᠡᠳ᠋ ᠪᠣᠳᠠᠰ᠎ᠢ ᠬᠠᠳᠠᠭ᠋ᠠᠯᠠᠨ᠎ᠠ᠃
     7. ᠪᠣᠬᠢᠷ ᠤᠰᠤ ᠵᠢ ᠰᠢᠢ᠍ᠳᠪᠦᠷᠢᠯᠡᠬᠦ ᠪᠦᠲᠦᠭᠡᠨ ᠪᠠᠶ᠋ᠢᠭᠤᠯᠤᠯᠲᠠ᠄ ᠲᠤᠷᠰᠢᠯᠲᠠ ᠵᠢᠨ ᠲᠠᠰᠤᠭ᠎ᠤᠨ ᠣᠶ᠋ᠢᠷᠠᠯᠴᠠᠭ᠎ᠠ ᠪᠣᠬᠢᠷ ᠤᠰᠤ ᠭᠠᠳᠠᠭᠰᠢᠯᠠᠭᠣᠯᠬᠤ ᠲᠤᠰᠬᠠᠶ ᠨᠡᠪᠴᠢᠯ ᠬᠤᠳᠳᠤᠭ ᠪᠠᠶ᠋ᠢᠭᠤᠯᠵᠤ᠂ ᠲᠤᠷᠰᠢᠯᠲᠠ ᠵᠢᠨ ᠲᠠᠰᠤᠭ᠎ᠤᠨ ᠪᠣᠬᠢᠷ ᠤᠰᠤ ᠵᠢ ᠠᠷᠢᠭᠤᠳᠬᠠᠨ ᠰᠢᠢ᠍ᠳᠪᠦᠷᠢᠯᠡᠭᠰᠡᠨ᠎ᠤ ᠳᠠᠷᠠᠭ᠎ᠠ ᠰᠠᠶᠢ ᠭᠠᠳᠠᠭᠰᠢᠯᠠᠭᠣᠯᠵᠤ᠂ ᠠᠮᠢᠳᠤᠷᠠᠯ᠎ᠤᠨ ᠪᠣᠬᠢᠷ ᠤᠰᠤᠨ᠎ᠤ ᠬᠣᠭᠣᠯᠠᠢ ᠵᠢᠨ ᠲᠣᠣᠷ᠎ᠲᠤ ᠣᠷᠣᠭᠤᠯᠵᠤ ᠪᠣᠯᠬᠤ ᠦᠭᠡᠢ᠃
     8. ᠬᠣᠭ ᠨᠣᠪᠰᠢ ᠰᠢᠢ᠍ᠳᠪᠦᠷᠢᠯᠡᠬᠦ ᠪᠦᠲᠦᠭᠡᠨ ᠪᠠᠶ᠋ᠢᠭᠤᠯᠤᠯᠲᠠ᠄ ᠰᠢᠲᠠᠭ᠋ᠠᠬᠤ ᠵᠤᠤᠬ᠎ᠠ᠂ ᠰᠢᠲᠠᠭ᠋ᠠᠬᠤ ᠨᠦᠭᠡ᠂ ᠪᠤᠯᠠᠬᠤ ᠨᠦᠬᠡ ᠵᠢ ᠰᠣᠩᠭᠣᠨ ᠪᠠᠢ᠌ᠭᠣᠯᠣᠨ᠎ᠠ᠃
     9. ᠲᠤᠷᠰᠢᠯᠲᠠ ᠵᠢᠨ ᠲᠠᠰᠤᠭ᠄ 200m2᠎ᠠᠴᠠ ᠪᠠᠭ᠎ᠠ ᠪᠠᠶ᠋ᠢᠵᠤ ᠪᠣᠯᠬᠤ ᠥᠬᠡᠶ᠂ ᠠᠮᠢᠳᠤ ᠪᠣᠳᠠᠰ᠎ᠤᠨ ᠠᠮᠤᠷ ᠲᠦᠪᠰᠢᠨ᠎ᠤ ᠬᠣᠶᠠᠳᠤᠭ᠋ᠠᠷ ᠳᠡᠰ᠎ᠤᠨ ᠲᠤᠷᠰᠢᠯᠲᠠ ᠵᠢᠨ ᠲᠠᠰᠤᠭ᠂ ᠡᠭᠦᠨ᠎ᠳᠤ ᠨᠣᠬᠠᠶ ᠵᠢᠨ ᠪᠥᠭᠡᠰᠦ ᠲᠡᠭᠦᠬᠦ ᠲᠠᠰᠤᠭ᠂ ᠪᠠᠺᠲ᠋ᠧᠷᠢ ᠪᠣᠢ᠌ᠵᠢᠭᠣᠯᠬᠤ ᠲᠠᠰᠤᠭ᠂ ᠴᠢᠰᠤᠨ ᠴᠡᠢ᠍ᠢ᠍ᠪᠡᠡᠭ᠎ᠤᠨ ᠲᠠᠰᠤᠭ᠂ ᠪᠥᠭᠡᠮ ᠬᠦᠴᠢᠯ᠎ᠤᠨ ᠪᠠᠶ᠋ᠢᠴᠠᠭ᠋ᠠᠨ ᠰᠢᠯᠭ᠋ᠠᠬᠤ ᠲᠤᠷᠰᠢᠯᠲᠠ ᠵᠢᠨ ᠲᠠᠰᠤᠭ᠂ ᠡᠩ᠎ᠤᠨ ᠲᠤᠷᠰᠢᠯᠲᠠ ᠵᠢᠨ ᠲᠠᠰᠤᠭ᠂ ᠥᠨᠳᠥᠷ ᠳᠠᠷᠤᠯᠲᠠᠲᠤ ᠪᠠᠺᠲ᠋ᠧᠷᠢ ᠤᠰᠠᠳᠬᠠᠬᠤ ᠲᠠᠰᠤᠭ᠂ ᠦᠯᠢᠭᠡᠷ ᠬᠡᠪ᠎ᠤᠨ ᠲᠠᠰᠤᠭ ᠵᠡᠷᠭᠡ ᠪᠠᠭᠲᠠᠨ᠎ᠠ᠃ ᠲᠤᠷᠰᠢᠯᠲᠠ ᠵᠢᠨ ᠲᠠᠰᠤᠭ᠎ᠤᠨ ᠳᠣᠲᠣᠭ᠋ᠠᠳᠤ ᠪᠦᠲᠦᠴᠡ ᠵᠢᠨ ᠪᠡᠯᠡᠳᠬᠡᠮᠵᠢ ᠵᠢᠨ ᠪᠥᠲᠥᠭᠡᠨ ᠪᠠᠶ᠋ᠢᠭᠤᠯᠤᠯᠲᠠ ᠵᠢ 《ᠲᠤᠷᠰᠢᠯᠲᠠ ᠵᠢᠨ ᠲᠠᠰᠤᠭ᠎ᠤᠨ ᠠᠮᠢᠳᠤ ᠪᠣᠳᠠᠰ᠎ᠤᠨ ᠠᠮᠤᠷ ᠲᠦᠪᠰᠢᠨ᠎ᠤ ᠨᠡᠶ᠋ᠢᠳᠡᠮ ᠬᠡᠷᠡᠭᠯᠡᠬᠦ ᠱᠠᠭ᠋ᠠᠷᠳᠠᠯᠭ᠎ᠠ》 (GB19489 — 2008) ᠵᠢᠨ ᠲᠣᠭᠲᠠᠭ᠋ᠠᠯ ᠶᠣᠰᠣᠭ᠋ᠠᠷ ᠬᠡᠷᠡᠭᠵᠢᠭᠦᠯᠦᠨ᠎ᠡ᠃
     (ᠬᠣᠶᠠᠷ) ᠬᠡᠭᠡᠷ᠎ᠡ ᠭᠠᠳᠠᠨ᠎ᠠ ᠬᠢᠨᠠᠨ ᠬᠡᠮᠵᠢᠬᠦ ᠥᠷᠲᠡᠭᠡ᠃
     1. ᠬᠤᠯᠤᠭ᠋ᠠᠨ᠎ᠠ ᠬᠢᠵᠢᠭ᠎ᠤᠨ ᠬᠡᠭᠡᠷ᠎ᠡ ᠭᠠᠳᠠᠨ᠎ᠠ ᠬᠢᠨᠠᠨ ᠬᠡᠮᠵᠢᠬᠦ ᠥᠷᠲᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠲᠠᠯᠠᠪᠠᠶ ᠵᠢ 350m2᠎ᠠᠴᠠ ᠪᠠᠭ᠎ᠠ ᠪᠠᠶ᠋ᠢᠯᠭ᠋ᠠᠵᠤ ᠪᠣᠯᠬᠤ ᠦᠭᠡᠶ᠃
     2. ᠪᠠᠶ᠋ᠢᠷᠢ᠄ 10᠎ᠠᠴᠠ ᠳᠡᠭᠡᠭᠰᠢ ᠬᠥᠮᠦᠨ᠎ᠤ ᠬᠣᠨᠣᠭ᠎ᠢ ᠬᠠᠩᠭ᠋ᠠᠵᠤ᠂ ᠠᠷᠢᠭᠤᠨ ᠴᠡᠪᠡᠷ᠎ᠤᠨ ᠥᠷᠥᠭᠡ᠂ ᠰᠦᠷᠴᠢᠮᠡᠯ ᠤᠬᠢᠶᠠᠯ᠎ᠤᠨ ᠪᠡᠯᠡᠳᠬᠡᠮᠵᠢ ᠵᠡᠷᠭᠡ ᠦᠨᠳᠦᠰᠦᠨ ᠠᠮᠢᠳᠤᠷᠠᠯ᠎ᠤᠨ ᠪᠡᠯᠡᠳᠬᠡᠮᠵᠢ ᠵᠢ ᠪᠦᠷᠢᠯᠳᠦᠭᠦᠯᠦᠨ᠎ᠡ᠃
     3. ᠲᠣᠭᠣᠭ᠋ᠠᠨ ᠭᠡᠷ᠂ ᠬᠣᠭᠣᠯᠠᠨ ᠭᠡᠷ᠄ 20m2᠎ᠠᠴᠠ ᠳᠡᠭᠡᠭᠰᠢ ᠪᠠᠶ᠋ᠢᠭᠤᠯᠵᠤ᠂ 10 ᠬᠥᠮᠦᠨ ᠬᠠᠮᠲᠤ ᠬᠣᠭᠣᠯᠠᠯᠠᠬᠤ ᠨᠥᠬᠥᠴᠡᠯ᠎ᠢ ᠪᠦᠷᠢᠯᠳᠦᠭᠦᠯᠦᠨ᠎ᠡ᠃
     4. ᠠᠵᠢᠯᠯᠠᠬᠤ ᠲᠣᠭᠣᠷᠢᠭ᠄ ᠨᠠᠭ᠋ᠠᠳᠤ ᠵᠠᠬ᠎ᠠ᠎ᠳᠠᠭᠠᠨ 30m2᠎ᠠᠴᠠ ᠳᠡᠭᠡᠭᠰᠢ ᠪᠠᠢ᠌ᠵᠤ᠂ 6 ᠬᠥᠮᠦᠨ ᠠᠵᠢᠯᠯᠠᠵᠤ ᠪᠣᠯᠬᠣ ᠨᠦᠬᠦᠴᠡᠯ᠎ᠲᠠᠢ᠂ ᠰᠦᠯᠵᠢᠶ᠎ᠡ᠂ ᠺᠣᠮᠫᠢᠦ᠋ᠲ᠋ᠧᠷ᠂ ᠳᠠᠷᠤᠮᠠᠯᠯᠠᠬᠤ ᠮᠠᠰᠢᠨ᠎ᠲᠠᠢ᠃
     5. ᠡᠳ᠋ ᠪᠣᠳᠠᠰ ᠨᠥᠭᠡᠴᠡᠯᠡᠬᠦ ᠲᠠᠰᠤᠭ᠄ ᠠᠳᠠᠭ᠎ᠲᠠᠭᠠᠨ 30m2᠂ ᠬᠤᠯᠤᠭ᠋ᠠᠨ᠎ᠠ ᠵᠢᠨ ᠬᠠᠪᠬ᠎ᠠ᠂ ᠬᠤᠯᠤᠭ᠋ᠠᠨ᠎ᠠ ᠵᠢᠨ ᠡᠮ ᠵᠡᠷᠭᠡ ᠡᠳ᠋ ᠪᠣᠳᠠᠰ᠎ᠢ ᠬᠠᠳᠠᠭ᠋ᠠᠯᠠᠨ᠎ᠠ᠃
     6. ᠪᠣᠬᠢᠷ ᠤᠰᠤ ᠵᠢ ᠰᠢᠢ᠍ᠳᠪᠦᠷᠢᠯᠡᠬᠦ ᠪᠦᠲᠦᠭᠡᠨ ᠪᠠᠶ᠋ᠢᠭᠤᠯᠤᠯᠲᠠ᠄ ᠲᠤᠷᠰᠢᠯᠲᠠ ᠵᠢᠨ ᠲᠠᠰᠤᠭ᠎ᠤᠨ ᠣᠶ᠋ᠢᠷᠠᠯᠴᠠᠭ᠎ᠠ ᠪᠣᠬᠢᠷ ᠤᠰᠤ ᠭᠠᠳᠠᠭᠰᠢᠯᠠᠭᠣᠯᠬᠤ ᠲᠤᠰᠬᠠᠶ ᠨᠡᠪᠴᠢᠯ ᠬᠤᠳᠳᠤᠭ ᠪᠠᠶ᠋ᠢᠭᠤᠯᠵᠤ᠂ ᠲᠤᠷᠰᠢᠯᠲᠠ ᠵᠢᠨ ᠲᠠᠰᠤᠭ᠎ᠤᠨ ᠪᠣᠬᠢᠷ ᠤᠰᠤ ᠵᠢ ᠠᠷᠢᠭᠤᠳᠬᠠᠨ ᠰᠢᠢ᠍ᠳᠪᠦᠷᠢᠯᠡᠭᠰᠡᠨ᠎ᠤ ᠳᠠᠷᠠᠭ᠎ᠠ ᠰᠠᠶᠢ ᠭᠠᠳᠠᠭᠰᠢᠯᠠᠭᠣᠯᠵᠤ᠂ ᠠᠮᠢᠳᠤᠷᠠᠯ᠎ᠤᠨ ᠪᠣᠬᠢᠷ ᠤᠰᠤᠨ᠎ᠤ ᠬᠣᠭᠣᠯᠠᠢ ᠵᠢᠨ ᠲᠣᠣᠷ᠎ᠲᠤ ᠣᠷᠣᠭᠤᠯᠵᠤ ᠪᠣᠯᠬᠤ ᠦᠭᠡᠢ᠃
     7. ᠬᠣᠭ ᠨᠣᠪᠰᠢ ᠰᠢᠢ᠍ᠳᠪᠦᠷᠢᠯᠡᠬᠦ ᠪᠦᠲᠦᠭᠡᠨ ᠪᠠᠶ᠋ᠢᠭᠤᠯᠤᠯᠲᠠ᠄ ᠰᠢᠲᠠᠭ᠋ᠠᠬᠤ ᠵᠤᠤᠬ᠎ᠠ ᠪᠠᠶ᠋ᠢᠭᠤᠯᠬᠤ᠂ ᠰᠢᠲᠠᠭ᠋ᠠᠬᠤ ᠨᠦᠭᠡ᠂ ᠪᠤᠯᠠᠬᠤ ᠨᠦᠬᠡ ᠰᠣᠩᠭᠣᠨ ᠪᠠᠢ᠌ᠭᠣᠯᠣᠨ᠎ᠠ᠃
     8. ᠲᠤᠷᠰᠢᠯᠲᠠ ᠵᠢᠨ ᠲᠠᠰᠤᠭ᠄ 150 m2᠎ᠠᠴᠠ ᠪᠠᠭ᠎ᠠ ᠪᠠᠶ᠋ᠢᠵᠤ ᠪᠣᠯᠬᠤ ᠥᠬᠡᠶ᠂ ᠠᠮᠢᠳᠤ ᠪᠣᠳᠠᠰ᠎ᠤᠨ ᠠᠮᠤᠷ ᠲᠦᠪᠰᠢᠨ᠎ᠤ ᠬᠣᠶᠠᠳᠤᠭ᠋ᠠᠷ ᠳᠡᠰ᠎ᠤᠨ ᠲᠤᠷᠰᠢᠯᠲᠠ ᠵᠢᠨ ᠲᠠᠰᠤᠭ᠂ ᠡᠭᠦᠨ᠎ᠳᠤ ᠨᠣᠬᠠᠶ ᠵᠢᠨ ᠪᠥᠭᠡᠰᠦ ᠲᠡᠭᠦᠬᠦ ᠲᠠᠰᠤᠭ᠂ ᠪᠠᠺᠲ᠋ᠧᠷᠢ ᠦᠷᠡᠵᠢᠭᠦᠯᠬᠦ ᠲᠠᠰᠤᠭ᠂ ᠴᠢᠰᠤᠨ ᠴᠡᠢ᠍ᠢ᠍ᠪᠡᠡᠭ᠎ᠤᠨ ᠲᠠᠰᠤᠭ᠂ ᠡᠩ᠎ᠤᠨ ᠲᠤᠷᠰᠢᠯᠲᠠ ᠵᠢᠨ ᠲᠠᠰᠤᠭ᠂ ᠥᠨᠳᠥᠷ ᠳᠠᠷᠤᠯᠲᠠᠲᠤ ᠪᠠᠺᠲ᠋ᠧᠷᠢ ᠤᠰᠠᠳᠬᠠᠬᠤ ᠲᠠᠰᠤᠭ ᠵᠡᠷᠭᠡ ᠪᠠᠭᠲᠠᠨ᠎ᠠ᠃ ᠪᠥᠭᠡᠮ ᠬᠦᠴᠢᠯ ᠪᠠᠶ᠋ᠢᠴᠠᠭ᠋ᠠᠨ ᠬᠡᠮᠵᠢᠬᠦ ᠲᠤᠷᠰᠢᠯᠲᠠ ᠵᠢᠨ ᠲᠠᠰᠤᠭ ᠬᠢᠭᠡᠳ ᠬᠠᠷᠢᠶ᠎ᠠ ᠭᠠᠵᠠᠷ᠎ᠤᠨ ᠡᠪᠡᠳᠴᠢᠨ ᠡᠮᠭᠡᠭ᠎ᠢ ᠰᠡᠷᠭᠡᠶ᠋ᠢᠯᠡᠨ ᠡᠵᠡᠮᠳᠡᠬᠦ ᠲᠥᠪ᠎ᠤᠨ ᠪᠥᠭᠡᠮ ᠬᠦᠴᠢᠯ ᠪᠠᠶ᠋ᠢᠴᠠᠭ᠋ᠠᠨ ᠬᠡᠮᠵᠢᠬᠦ ᠲᠤᠷᠰᠢᠯᠲᠠ ᠵᠢᠨ ᠲᠠᠰᠤᠭ᠎ᠢ ᠨᠢᠭᠡᠲᠦᠯᠲᠡᠢ ᠲᠥᠯᠥᠪᠯᠡᠨ ᠬᠡᠷᠡᠭᠯᠡᠨ᠎ᠡ᠃ ᠲᠤᠷᠰᠢᠯᠲᠠ ᠵᠢᠨ ᠲᠠᠰᠤᠭ᠎ᠤᠨ ᠳᠣᠲᠣᠭ᠋ᠠᠳᠤ ᠪᠦᠲᠦᠴᠡ ᠵᠢᠨ ᠪᠡᠯᠡᠳᠬᠡᠮᠵᠢ ᠵᠢᠨ ᠪᠥᠲᠥᠭᠡᠨ ᠪᠠᠶ᠋ᠢᠭᠤᠯᠤᠯᠲᠠ ᠵᠢ 《ᠲᠤᠷᠰᠢᠯᠲᠠ ᠵᠢᠨ ᠲᠠᠰᠤᠭ᠎ᠤᠨ ᠠᠮᠢᠳᠤ ᠪᠣᠳᠠᠰ᠎ᠤᠨ ᠠᠮᠤᠷ ᠲᠦᠪᠰᠢᠨ᠎ᠤ ᠨᠡᠶ᠋ᠢᠳᠡᠮ ᠬᠡᠷᠡᠭᠯᠡᠬᠦ ᠱᠠᠭ᠋ᠠᠷᠳᠠᠯᠭ᠎ᠠ》 (GB19489 — 2008) ᠵᠢᠨ ᠲᠣᠭᠲᠠᠭ᠋ᠠᠯ ᠶᠣᠰᠣᠭ᠋ᠠᠷ ᠬᠡᠷᠡᠭᠵᠢᠭᠦᠯᠦᠨ᠎ᠡ᠃
      ᠭᠤᠷᠪᠠ᠂ ᠰᠠᠭᠤᠷᠢᠨ ᠭᠠᠵᠠᠷ᠎ᠤᠨ ᠬᠢᠨᠠᠨ ᠬᠡᠮᠵᠢᠬᠦ ᠥᠷᠲᠡᠭᠡ ᠵᠢᠨ ᠲᠣᠨᠣᠭ ᠲᠥᠬᠥᠭᠡᠷᠦᠮᠵᠢ
     (ᠨᠢᠭᠡ) ᠬᠢᠨᠠᠨ ᠬᠡᠮᠵᠢᠬᠦ ᠲᠣᠨᠣᠭ ᠲᠥᠬᠥᠭᠡᠷᠦᠮᠵᠢ᠄ ᠵᠢᠯᠣᠭᠣᠴᠢ ᠦᠭᠡᠢ ᠨᠢᠰᠬᠡᠯ 1᠂ ᠬᠤᠯᠤᠭ᠋ᠠᠨ᠎ᠠ ᠵᠢᠨ ᠲᠥᠷᠥᠯ᠂ ᠬᠤᠯᠤᠭ᠋ᠠᠨ᠎ᠠ ᠵᠢᠨ ᠨᠦᠬᠡ ᠵᠢ ᠵᠢᠯᠣᠭᠣᠴᠢ ᠥᠬᠡᠶ ᠨᠢᠰᠬᠡᠯ ᠵᠶ᠋ᠡᠷ ᠠᠦ᠋ᠲ᠋ᠣ᠋ ᠢᠯᠭ᠋ᠠᠨ ᠲᠠᠨᠢᠬᠤ ᠰᠢᠰᠲ᠋ᠧᠮ᠂ GPS ᠪᠠᠶ᠋ᠢᠷᠢ ᠲᠣᠭᠲᠠᠭ᠋ᠠᠬᠤ ᠬᠡᠮᠵᠢᠭᠦᠷᠯᠢᠭ 2᠂ ᠪᠠᠴᠢᠮ ᠭᠡᠷᠡᠯᠲᠦᠭᠦᠯᠭᠡ ᠵᠢᠨ ᠰᠢᠰᠲ᠋ᠧᠮ 1 ᠢᠵᠢ᠂ ᠬᠤᠯᠤᠭ᠋ᠠᠨ᠎ᠠ ᠵᠢᠨ ᠬᠠᠪᠬ᠎ᠠ᠃
     (ᠬᠣᠶᠠᠷ) ᠪᠠᠴᠢᠮ ᠪᠠᠶ᠋ᠢᠳᠠᠯ᠎ᠢ ᠠᠷᠭ᠋ᠠᠴᠠᠭ᠋ᠠᠬᠣ ᠲᠣᠨᠣᠭ ᠲᠥᠬᠥᠭᠡᠷᠦᠮᠵᠢ᠄ ᠤᠲᠣᠭᠣᠷ᠂ ᠬᠤᠯᠤᠭ᠋ᠠᠨ᠎ᠠ ᠤᠰᠠᠳᠬᠠᠬᠤ ᠡᠮ᠂ ᠨᠣᠬᠠᠢ ᠵᠢᠨ ᠪᠦᠭᠡᠰᠦ ᠤᠰᠠᠳᠬᠠᠬᠤ ᠡᠮ᠂ ᠴᠠᠬᠢᠯᠭ᠋ᠠᠨ ᠭᠠᠷᠭ᠋ᠠᠭᠤᠷ᠃
     (ᠭᠤᠷᠪᠠ) ᠲᠡᠷᠭᠡ ᠬᠥᠰᠬᠡ᠄ ᠬᠤᠯᠤᠭ᠋ᠠᠨ᠎ᠠ ᠬᠢᠵᠢᠭ᠎ᠢ ᠬᠢᠨᠠᠨ ᠬᠡᠮᠵᠢᠬᠦ ᠲᠡᠷᠭᠡ ᠬᠥᠰᠬᠡ ᠵᠢ ᠠᠳᠠᠭ᠎ᠲᠠᠭᠠᠨ 1 ᠲᠣᠬᠢᠷᠠᠭᠤᠯᠬᠤ ᠵᠢᠨ ᠬᠠᠮᠲᠤ ᠲᠡᠷᠭᠡ ᠬᠥᠰᠬᠡ ᠵᠢᠨ ᠬᠡᠷᠡᠭᠯᠡᠵᠦ ᠪᠠᠶ᠋ᠢᠭ᠎ᠠ ᠪᠠᠶ᠋ᠢᠳᠠᠯ᠎ᠢ ᠦᠨᠳᠦᠰᠦᠯᠡᠨ ᠲᠣᠭᠲᠠᠮᠠᠯ ᠬᠤᠭᠤᠴᠠᠭ᠎ᠠ᠎ᠲᠠᠢ᠎ᠪᠠᠷ ᠰᠣᠯᠢᠬᠤ ᠬᠡᠷᠡᠭᠲᠡᠶ᠃
      ᠳᠥᠷᠪᠡ᠂ ᠰᠠᠭᠤᠷᠢᠨ ᠭᠠᠵᠠᠷ᠎ᠤᠨ ᠬᠢᠨᠠᠨ ᠬᠡᠮᠵᠢᠬᠦ ᠥᠷᠲᠡᠭᠡ ᠵᠢᠨ ᠲᠤᠷᠰᠢᠯᠲᠠ ᠵᠢᠨ ᠲᠥᠬᠥᠭᠡᠷᠦᠮᠵᠢ
     (ᠨᠢᠭᠡ) ᠪᠠᠺᠲ᠋ᠧᠷᠢ ᠦᠷᠡᠵᠢᠭᠦᠯᠬᠦ ᠲᠤᠷᠰᠢᠯᠲᠠ ᠵᠢᠨ ᠲᠠᠰᠤᠭ᠃ ᠠᠮᠢᠳᠤ ᠪᠣᠳᠠᠰ᠎ᠤᠨ ᠠᠶᠤᠯᠭᠦᠶ ᠬᠣᠷᠭᠣ (2)᠂ ᠮᠢᠺᠷᠣᠰᠺᠣᠫ (2 ᠰᠠᠭᠤᠷᠢ)᠂ ᠪᠣᠰᠣᠭ᠎ᠠ ᠬᠡᠯᠪᠡᠷᠢ ᠵᠢᠨ ᠳᠠᠷᠤᠯᠲᠠᠲᠤ ᠠᠭᠤᠷ᠎ᠤᠨ ᠪᠠᠺᠲ᠋ᠧᠷᠢ ᠤᠰᠠᠳᠬᠠᠬᠤ ᠪᠠᠭ᠋ᠠᠵᠢ᠂ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠤᠨ ᠪᠠᠺᠲ᠋ᠧᠷᠢ ᠦᠷᠡᠵᠢᠭᠦᠯᠬᠦ ᠬᠠᠶ᠋ᠢᠷᠴᠠᠭ᠂ ᠪᠣᠰᠣᠭ᠎ᠠ ᠬᠡᠯᠪᠡᠷᠢ ᠵᠢᠨ ᠪᠠᠺᠲ᠋ᠧᠷᠢ ᠤᠰᠠᠳᠬᠠᠬᠤ ᠰᠠᠪᠠ᠂ ᠪᠣᠰᠣᠭ᠎ᠠ ᠬᠡᠯᠪᠡᠷᠢ ᠵᠢᠨ ᠬᠥᠯᠳᠡᠭᠡᠬᠦ ᠬᠦᠯᠳᠡᠭᠡᠭᠦᠷ᠂ PCR ᠪᠦᠭᠡᠮ ᠬᠦᠴᠢᠯ᠎ᠤᠨ ᠥᠷᠭᠡᠳᠬᠡᠯ ᠬᠡᠮᠵᠢᠭᠦᠷᠯᠢᠭ᠂ ᠳᠣᠤᠷ᠎ᠠ ᠲᠣᠭᠲᠠᠮᠠᠯ ᠳᠤᠯᠠᠠᠭ᠋ᠠᠨᠲᠤ ᠦᠷᠡᠵᠢᠭᠦᠯᠬᠦ ᠬᠠᠶ᠋ᠢᠷᠴᠠᠭ᠂ ᠬᠠᠭᠰᠠᠭ᠋ᠠᠭᠤᠷ᠂ ᠲᠣᠭᠲᠠᠮᠠᠯ ᠳᠤᠯᠠᠠᠭ᠋ᠠᠨᠲᠤ ᠬᠡᠯᠪᠡᠯᠵᠡᠭᠦᠯᠦᠭᠴᠢ᠂ ᠴᠠᠬᠢᠯᠭ᠋ᠠᠨ ᠤᠮᠪᠠᠯᠲᠠ ᠵᠢᠨ ᠬᠡᠮᠵᠢᠭᠦᠷ᠂ ᠴᠠᠬᠢᠯᠭ᠋ᠠᠨ ᠤᠮᠪᠠᠯᠲᠠ ᠵᠢᠨ ᠰᠠᠪᠠ᠂ ᠪᠦᠷᠢᠨ ᠠᠦ᠋ᠲ᠋ᠣ᠋ ᠴᠠᠬᠢᠯᠭ᠋ᠠᠨ ᠬᠠᠯᠠᠭᠤᠨ ᠠᠭᠤᠷ᠎ᠤᠨ ᠪᠠᠺᠲ᠋ᠧᠷᠢ ᠤᠰᠠᠳᠬᠠᠬᠤ ᠪᠠᠭ᠋ᠠᠵᠢ (2 ᠰᠠᠭᠤᠷᠢ)᠂ ᠴᠡᠭᠡᠨ ᠭᠡᠷᠡᠯ᠎ᠤᠨ ᠮᠢᠺᠷᠣᠰᠺᠣᠫ᠂ ᠠᠮᠢᠳᠤ ᠪᠣᠳᠠᠰ᠎ᠤᠨ ᠲᠣᠩᠭᠣᠷᠠᠭᠤ ᠮᠢᠺᠷᠣᠰᠺᠣᠫ᠂ ᠢᠰᠬᠡᠭ ᠵᠠᠭᠪᠤᠷ᠎ᠤᠨ ᠪᠠᠭ᠋ᠠᠵᠢ᠂ ᠪᠢᠴᠢᠯ ᠭᠡᠷᠡᠯ᠎ᠤᠨ ᠰᠢᠯ᠂ ᠬᠡᠲᠦ ᠳᠣᠣᠷ᠎ᠠ ᠡᠨ᠋ᠸᠷᠭᠢᠲᠦ ᠮᠠᠨᠠᠨᠵᠢᠭᠣᠯᠣᠭᠴᠢ᠂ ᠬᠡᠲᠦ ᠶᠠᠭ᠋ᠠᠨ᠎ᠤ ᠭᠡᠷᠡᠯ ᠵᠠᠳᠠᠯᠬᠤ ᠬᠡᠷᠡᠯᠲᠦᠴᠡ ᠵᠢᠨ ᠬᠡᠮᠵᠢᠭᠦᠷᠯᠢᠭ᠂ ᠭᠡᠷᠡᠯᠯᠢᠭ ᠵᠠᠳᠠᠯᠤᠯᠲᠠ ᠲᠡᠩᠨᠡᠭᠦᠷ᠃
     (ᠬᠣᠶᠠᠷ) PCR ᠲᠤᠷᠰᠢᠯᠲᠠ ᠵᠢᠨ ᠲᠠᠰᠤᠭ᠃ ᠠᠮᠢᠳᠤ ᠪᠣᠳᠠᠰ᠎ᠤᠨ ᠠᠶᠣᠯᠭᠦᠢ ᠵᠢᠨ ᠬᠣᠷᠭᠣ (2 ᠰᠠᠭᠤᠷᠢ)᠂ ᠲᠠᠯᠪᠢᠭᠤᠷᠲᠤ ᠮᠠᠶᠢᠭ᠎ᠤᠨ ᠥᠨᠳᠥᠷ ᠬᠤᠷᠳᠤᠴᠠᠲᠤ ᠵᠢᠭᠤᠲᠠᠩᠭᠤᠶ ᠮᠠᠰᠢᠨ (2 ᠰᠠᠭᠤᠷᠢ)᠂ ᠪᠥᠭᠡᠮ ᠬᠦᠴᠢᠯ᠎ᠠᠴᠠ ᠰᠠᠯᠭ᠋ᠠᠨ ᠠᠪᠬᠤ ᠪᠠᠭ᠋ᠠᠵᠢ (1 ᠰᠠᠭᠤᠷᠢ)᠂ ᠴᠡᠭᠡᠨ ᠬᠡᠷᠡᠯ᠎ᠤᠨ ᠲᠣᠭᠲᠠᠭᠰᠠᠨ ᠬᠡᠮᠵᠢᠶᠡᠨ᠎ᠤ PCR ᠬᠡᠮᠵᠢᠭᠦᠷᠯᠢᠭ (1 ᠰᠠᠭᠤᠷᠢ)᠂ ᠡᠩ᠎ᠤᠨ ᠬᠦᠯᠳᠡᠭᠡᠭᠦᠷ (2 ᠰᠠᠭᠤᠷᠢ)᠂ ᠲᠡᠮᠦᠷᠯᠢᠭ ᠤᠬᠢᠶᠠᠯ (1 ᠰᠠᠭᠤᠷᠢ)᠂ ᠰᠢᠷᠡᠭᠡᠨ ᠨᠢᠭᠤᠷ᠎ᠤᠨ ᠪᠢᠴᠢᠯ ᠵᠢᠭᠤᠲᠠᠩᠭᠤᠶ ᠮᠠᠰᠢᠨ (1 ᠰᠠᠭᠤᠷᠢ)᠂ ᠵᠠᠢ ᠬᠡᠮᠵᠢᠶ᠎ᠡ ᠵᠢ ᠲᠣᠬᠢᠷᠠᠭᠣᠯᠵᠤ ᠪᠣᠯᠬᠤ ᠳᠠᠩ ᠬᠣᠭᠣᠯᠠᠢ ᠵᠢᠨ ᠰᠢᠩᠭᠡᠨ ᠶᠡᠭᠦᠯᠡᠭᠦᠷ (3 ᠢᠵᠢ)᠃
      ᠲᠠᠪᠤ᠂ ᠬᠤᠪᠢ ᠬᠥᠮᠦᠨ᠎ᠤ ᠰᠡᠷᠭᠡᠶ᠋ᠢᠯᠡᠨ ᠬᠠᠮᠠᠭ᠋ᠠᠯᠠᠬᠤ ᠪᠠᠷᠢᠮᠵᠢᠶ᠎ᠠ
     (ᠨᠢᠭᠡ) ᠬᠤᠪᠢ ᠬᠥᠮᠦᠨ᠎ᠤ ᠰᠡᠷᠭᠡᠶ᠋ᠢᠯᠡᠨ ᠬᠠᠮᠠᠭ᠋ᠠᠯᠠᠬᠤ ᠲᠣᠨᠣᠭ ᠲᠥᠬᠥᠭᠡᠷᠦᠮᠵᠢ᠃ ᠨᠢᠭᠡᠯᠡ ᠤᠳᠠᠭ᠋ᠠᠨ᠎ᠤ ᠴᠢᠨᠠᠷᠲᠠᠶ ᠨᠣᠬᠠᠢ ᠵᠢᠨ ᠪᠦᠭᠡᠰᠦ ᠵᠢ ᠰᠡᠷᠭᠡᠶ᠋ᠢᠯᠡᠬᠦ ᠣᠶ᠋ᠢᠮᠣᠰᠤ᠂ ᠨᠣᠬᠠᠶ ᠵᠢᠨ ᠪᠥᠭᠡᠰᠦ ᠰᠡᠷᠭᠡᠢ᠌ᠯᠡᠬᠦ ᠪᠡᠭᠡᠯᠡᠶ᠂ ᠪᠠᠷᠢᠯᠭ᠎ᠠ ᠵᠢᠨ ᠴᠡᠷᠢᠭ᠎ᠤᠨ ᠬᠤᠰᠤᠭᠤᠷ᠂ ᠨᠢᠳᠦ ᠬᠠᠮᠠᠭ᠋ᠠᠯᠠᠬᠤ ᠰᠢᠯ᠂ ᠬᠠᠮᠠᠭ᠋ᠠᠯᠠᠯᠲᠠ ᠬᠤᠪᠴᠠᠰᠤ᠂ N95 ᠠᠮᠠᠪᠴᠢ᠂ ᠪᠡᠭᠡᠯᠡᠶ᠂ ᠰᠡᠷᠭᠡᠶ᠋ᠢᠯᠡᠬᠦ ᠴᠢᠨᠠᠷᠲᠠᠶ ᠡᠮ᠎ᠤᠨ ᠵᠦᠢ᠍ᠯ᠂ ᠬᠣᠷᠣᠬᠠᠢ ᠬᠥᠭᠡᠭᠡᠬᠦ ᠡᠮ᠃
     (ᠬᠣᠶᠠᠷ) ᠬᠤᠪᠢ ᠬᠥᠮᠦᠨ᠎ᠤ ᠠᠵᠢᠯ᠎ᠤᠨ ᠲᠣᠨᠣᠭ ᠲᠥᠬᠥᠭᠡᠷᠦᠮᠵᠢ᠃
      ᠵᠤᠨ᠎ᠤ ᠤᠯᠠᠷᠢᠯ᠄ ᠣᠬᠣᠷ ᠬᠠᠨᠴᠤᠢ᠎ᠲᠠᠢ ᠬᠠᠨᠲᠠᠭ᠋ᠠᠰᠤ᠂ ᠤᠷᠲᠤ ᠬᠠᠨᠴᠤᠢ᠎ᠲᠠᠢ ᠬᠠᠨᠲᠠᠭ᠋ᠠᠰᠤ᠂ ᠰᠢᠷᠠᠭᠳᠠᠬᠤ᠎ᠠᠴᠠ ᠰᠡᠷᠭᠡᠢ᠌ᠯᠡᠬᠦ ᠬᠤᠪᠴᠠᠰᠤ᠂ ᠲᠦᠷᠭᠡᠨ ᠬᠠᠲᠠᠬᠤ ᠬᠤᠪᠴᠠᠰᠤ᠂ ᠵᠤᠨ᠎ᠤ ᠤᠯᠠᠷᠢᠯ᠎ᠳᠤ ᠭᠠᠳᠠᠭᠤᠷ ᠡᠮᠦᠰᠬᠦ ᠱᠠᠬᠠᠢ᠂ ᠨᠡᠷᠡᠨ ᠰᠢᠯ᠂ ᠰᠢᠷᠠᠭᠳᠠᠬᠤ᠎ᠠᠴᠠ ᠰᠡᠷᠭᠡᠶ᠋ᠢᠯᠡᠬᠦ ᠮᠠᠯᠠᠭ᠋ᠠᠢ᠂ ᠳᠤᠯᠠᠭ᠋ᠠᠨ ᠬᠠᠳᠠᠭ᠋ᠠᠯᠠᠬᠤ ᠴᠣᠮᠣ᠃
      ᠡᠪᠦᠯ᠎ᠤᠨ ᠤᠯᠠᠷᠢᠯ᠄ ᠨᠣᠣᠷᠰᠤᠨ ᠴᠤᠪᠠᠨᠴᠢᠷ (1 ᠢᠵᠢ)᠂ ᠳᠤᠯᠠᠭ᠋ᠠᠯᠠᠬᠤ ᠥᠪᠴᠢ ᠬᠤᠪᠴᠠᠰᠤ (1 ᠢᠵᠢ)᠂ ᠴᠡᠷᠢᠭ᠎ᠤᠨ ᠳ᠋ᠠᠴᠠᠩ (1 ᠵᠠᠬ᠎ᠠ)᠂ ᠡᠪᠦᠯ᠎ᠤᠨ ᠤᠯᠠᠷᠢᠯ᠎ᠳᠤ ᠭᠠᠳᠠᠭᠣᠷ ᠡᠮᠦᠰᠬᠦ ᠱᠠᠬᠠᠶ᠂ ᠬᠥᠪᠥᠩ ᠮᠠᠯᠠᠭ᠋ᠠᠶ᠂ ᠬᠥᠪᠥᠩ ᠪᠡᠭᠡᠯᠡᠶ᠃

ᠢᠷᠡᠯᠲᠡ᠄ ᠬᠦᠬᠡᠬᠣᠲᠠ ᠵᠢᠨ ᠠᠷᠠᠳ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
《ᠤᠯᠤᠰ᠎ᠠᠴᠠ ᠵᠤᠬᠢᠶᠠᠨ ᠪᠠᠢ᠌ᠭᠤᠯᠤᠭᠰᠠᠨ ᠲᠢᠲᠢᠮ ᠰᠤᠳᠠᠯ᠎ᠤᠨ ᠲᠤᠯᠤᠭ᠋ᠠᠰᠦ ᠵᠢ ᠲᠥᠪᠯᠡᠷᠡᠭᠦᠯᠦᠨ ᠬᠡᠮᠵᠢᠶ᠎ᠠ᠎ᠲᠠᠢ ᠬᠤᠳᠠᠯᠳᠤᠨ ᠠᠪᠬᠤ ᠪᠠ ᠬᠡᠷᠡᠭᠯᠡᠬᠦ ᠠᠵᠢᠯ᠎ᠢ ᠨᠠᠢ᠌ᠳᠠᠪᠤᠷᠢᠵᠢᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠬᠡᠷᠡᠭᠵᠢᠭᠦᠯᠬᠦ ᠲᠥᠰᠦᠯ》᠎ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ
ᠰᠢᠨ᠎ᠡ᠎ᠪᠠᠷ ᠨᠡᠮᠡᠭᠳᠡᠭᠰᠡᠨ ᠡᠭᠦᠳᠡᠨ ᠡᠮᠨᠡᠯᠭᠡ ᠵᠢᠨ ᠵᠠᠷᠤᠳᠠᠯ᠎ᠢ ᠮᠣᠵᠢ ᠠᠯᠤᠰᠯᠠᠨ ᠰᠢᠭᠤᠳ ᠳ᠋ᠦᠩᠨᠡᠨ ᠪᠣᠳᠣᠬᠤ ᠲᠤᠷᠰᠢᠯᠲᠠ ᠵᠢᠨ ᠮᠣᠵᠢ ᠵᠢᠨ ᠨᠡᠷᠡᠰ᠎ᠢ ᠳᠠᠷᠤᠮᠠᠯᠯᠠᠨ ᠶᠠᠪᠤᠭᠤᠯᠬᠤ ᠲᠤᠬᠠᠢ ᠤᠯᠤᠰ᠎ᠤᠨ ᠡᠮ ᠡᠮᠨᠡᠯᠭᠡ ᠵᠢᠨ ᠳᠠᠭ᠋ᠠᠳᠬᠠᠯ᠎ᠤᠨ ᠲᠣᠪᠴᠢᠶᠠᠨ᠎ᠤ ᠠᠯᠪᠠᠨ ᠭᠡᠷ᠎ᠤᠨ ᠡᠳ᠋᠎ᠤᠨ ᠵᠠᠰᠠᠭ᠎ᠤᠨ ᠶᠠᠮᠤᠨ᠎ᠤ ᠠᠯᠪᠠᠨ ᠲᠢᠩᠭᠢᠮ᠎ᠤᠨ ᠮᠡᠳᠡᠭᠳᠡᠯ
ᠤᠯᠤᠰ᠎ᠤᠨ ᠡᠮᠴᠢᠯᠡᠭᠡ ᠵᠢᠨ ᠪᠠᠳᠤᠯᠠᠭ᠎ᠠ ᠵᠢᠨ ᠬᠡᠯᠡᠯᠴᠡᠭᠡ ᠬᠢᠬᠦ ᠡᠮ᠎ᠤᠨ ᠵᠦᠢ᠍ᠯ᠎ᠤᠨ 《ᠬᠣᠤᠰ ᠨᠡᠪᠲᠡᠷᠡᠬᠦ ᠵᠠᠮ》᠎ᠤᠨ ᠬᠠᠮᠢᠶᠠᠷᠤᠯᠲᠠ ᠵᠢᠨ ᠠᠵᠢᠯ᠎ᠢ ᠨᠠᠶ᠋ᠢᠳᠠᠪᠤᠷᠢᠵᠢᠭᠤᠯᠬᠤ ᠲᠤᠬᠠᠶ ᠮᠡᠳᠡᠭᠳᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠦᠩᠭᠦᠨ᠎ᠤ ᠬᠡᠷᠡᠭᠯᠡᠯᠳᠡ ᠵᠢᠨ ᠬᠢᠨᠠᠯᠳᠠ ᠲᠠᠯᠪᠢᠬᠤ ᠬᠠᠮᠢᠶᠠᠷᠤᠯᠳᠠ ᠵᠢᠨ ᠠᠷᠭ᠎ᠠ
ᠳᠤᠲᠠᠭᠳᠠᠵᠤ ᠪᠠᠶ᠋ᠢᠭ᠎ᠠ ᠡᠮ᠎ᠤᠨ ᠵᠦᠢ᠍ᠯ᠎ᠢ ᠰᠦᠯᠵᠢᠶᠡᠨ᠎ᠳᠤ ᠬᠣᠯᠪᠣᠬᠤ ᠠᠵᠢᠯ᠎ᠢ ᠰᠠᠶ᠋ᠢᠲᠤᠷ ᠬᠢᠬᠦ ᠲᠤᠬᠠᠶ ᠮᠡᠳᠡᠭᠳᠡᠯ
 
            