ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠪᠢᠴᠢᠭ ᠮᠠᠲ᠋ᠧᠷᠢᠶᠠᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠎ᠤᠨ ᠣᠨᠳᠣᠤ ᠭᠠᠵᠠᠷ᠎ᠲᠤ ᠡᠮᠨᠡᠭᠦᠯᠬᠦ ᠬᠠᠮᠢᠶᠠᠷᠤᠯᠲᠠ ᠵᠢᠨ ᠠᠷᠭ᠎ᠠ》 ᠵᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ
ᠨᠡᠶ᠋ᠢᠲᠡᠯᠡᠭᠰᠡᠨ ᠴᠠᠭ᠄ 2021-01-07

                      ᠥᠪᠥᠷ ᠡᠮᠨᠡᠯᠭᠡ ᠵᠢᠨ ᠳᠠᠭ᠋ᠠᠳᠬᠠᠯ ᠲᠠᠷᠬᠠᠭ᠋ᠠᠭᠰᠠᠨ [2020] 22 ᠳ᠋ᠤᠭ᠋ᠠᠷ ᠲᠣᠭ᠋ᠠᠲᠤ


ᠡᠯ᠎ᠡ ᠠᠶ᠋ᠢᠮᠠᠭ ᠬᠣᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠂ ᠡᠳ᠋᠎ᠤᠨ ᠵᠠᠰᠠᠭ᠎ᠤᠨ ᠲᠣᠪᠴᠢᠶ᠎ᠠ᠂ ᠮᠠᠨᠵᠤᠤᠷ ᠬᠣᠲᠠ᠂ ᠡᠷᠢᠶᠡᠨ ᠬᠣᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠂ ᠡᠳ᠋᠎ᠤᠨ ᠵᠠᠰᠠᠭ᠎ᠤᠨ ᠲᠣᠪᠴᠢᠶ᠎ᠠ᠄
      ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠎ᠤᠨ ᠣᠨᠳᠣᠤ ᠭᠠᠵᠠᠷ᠎ᠲᠤ ᠡᠮᠨᠡᠭᠦᠯᠦᠭᠰᠡᠨ ᠵᠠᠷᠤᠳᠠᠯ᠎ᠢ ᠰᠢᠭᠤᠳ ᠲᠡᠰᠦᠯᠦᠨ ᠪᠤᠳᠤᠬᠤ ᠵᠢ ᠤᠯᠠᠮ ᠨᠢᠭᠡ ᠠᠯᠬᠤᠮ ᠠᠬᠢᠭᠤᠯᠵᠤ᠂ ᠣᠨᠳᠣᠤ ᠭᠠᠵᠠᠷ᠎ᠲᠤ ᠡᠮᠨᠡᠭᠦᠯᠦᠭᠰᠡᠨ ᠵᠠᠷᠤᠳᠠᠯ᠎ᠢ ᠵᠢᠷᠤᠮᠵᠢᠭᠤᠯᠤᠨ᠂ ᠦᠢ᠍ᠯᠡᠴᠢᠯᠡᠭᠡᠨ᠎ᠤ ᠬᠢᠷᠢ ᠲᠦᠪᠰᠢᠨ᠎ᠢ ᠳᠡᠭᠡᠭᠰᠢᠯᠡᠭᠦᠯᠬᠦ ᠵᠢᠨ ᠲᠤᠰᠠᠳᠠ᠂ 《ᠡᠮᠴᠢᠯᠡᠭᠡᠨ᠎ᠤ ᠪᠠᠲᠤᠯᠠᠭ᠎ᠠ ᠵᠢᠨ ᠲᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠠᠨᠠᠯ》 (ᠲᠥᠪ ᠲᠠᠷᠬᠠᠭ᠋ᠠᠭᠰᠠᠨ  [2020] 5 ᠳ᠋ᠤᠭ᠋ᠠᠷ ᠲᠣᠭ᠋ᠠᠲᠤ)᠂ 《2019 ᠣᠨ᠎ᠤ ᠮᠤᠵᠢ ᠠᠯᠤᠰᠯᠠᠨ ᠣᠨᠳᠣᠤ ᠭᠠᠵᠠᠷ᠎ᠲᠤ ᠡᠮᠨᠡᠭᠦᠯᠦᠭᠰᠡᠨ ᠡᠮᠨᠡᠯᠭᠡ᠎ᠳᠤ ᠰᠠᠭᠤᠭᠰᠠᠨ ᠵᠠᠷᠤᠳᠠᠯ᠎ᠢ ᠰᠢᠭᠤᠳ ᠲᠡᠰᠦᠯᠦᠨ ᠪᠤᠳᠤᠬᠤ ᠠᠵᠢᠯ᠎ᠢ ᠦᠨᠡᠨ ᠬᠦ᠌ ᠰᠠᠶ᠋ᠢᠲᠤᠷ ᠬᠢᠬᠦ ᠲᠤᠬᠠᠶ ᠤᠯᠤᠰ᠎ᠤᠨ ᠡᠮ ᠡᠮᠨᠡᠯᠭᠡ ᠵᠢᠨ ᠳᠠᠭ᠋ᠠᠳᠬᠠᠯ᠎ᠤᠨ ᠲᠣᠪᠴᠢᠶ᠎ᠠ ᠡᠳ᠋᠎ᠤᠨ ᠵᠠᠰᠠᠭ᠎ᠤᠨ ᠶᠠᠮᠤᠨ᠎ᠤ ᠮᠡᠳᠡᠭᠳᠡᠯ》 (ᠡᠮ ᠡᠮᠨᠡᠯᠭᠡ ᠵᠢᠨ ᠳᠠᠭ᠋ᠠᠳᠬᠠᠯ᠎ᠤᠨ ᠲᠠᠷᠬᠠᠭ᠋ᠠᠭᠰᠠᠨ  [2019] 33 ᠳ᠋ᠤᠭ᠋ᠠᠷ ᠲᠣᠭ᠋ᠠᠲᠤ)᠎ᠤᠨ ᠵᠣᠷᠢᠭ ᠰᠠᠨᠠᠭ᠎ᠠ ᠵᠢ ᠦᠨᠳᠦᠰᠦᠯᠡᠨ᠂ ᠪᠢᠳᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠎ᠤᠨ ᠣᠨᠳᠣᠤ ᠭᠠᠵᠠᠷ᠎ᠲᠤ ᠡᠮᠨᠡᠭᠦᠯᠬᠦ ᠬᠠᠮᠢᠶᠠᠷᠤᠯᠲᠠ ᠵᠢᠨ ᠠᠷᠭ᠎ᠠ》 ᠵᠢ ᠲᠣᠭᠲᠠᠭ᠋ᠠᠪᠠ᠃ ᠡᠳᠦᠭᠡ ᠲᠠᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠵᠢᠷᠤᠮᠯᠠᠨ ᠬᠡᠷᠡᠭᠵᠢᠭᠦᠯᠲᠦᠭᠡᠶ᠃
          ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ
          ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ  
                                                 2020 ᠣᠨ᠎ᠤ 12 ᠰᠠᠷ᠎ᠠ ᠵᠢᠨ 25᠎ᠤ ᠡᠳᠦᠷ


           

            ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠨ ᠡᠮ ᠡᠮᠨᠡᠯᠭᠡ ᠵᠢᠨ
            ᠳᠠᠭ᠋ᠠᠳᠬᠠᠯ᠎ᠤᠨ ᠣᠨᠳᠣᠤ ᠭᠠᠵᠠᠷ᠎ᠲᠤ ᠡᠮᠨᠡᠭᠦᠯᠬᠦ ᠬᠠᠮᠢᠶᠠᠷᠤᠯᠲᠠ ᠵᠢᠨ ᠠᠷᠭ᠎ᠠ

     

      ᠨᠢᠭᠡᠳᠦᠭᠡᠷ ᠪᠦᠯᠦᠭ ᠶᠡᠷᠦᠩᠬᠡᠢ ᠲᠦᠷᠢᠮ

   

      ᠨᠢᠭᠡᠳᠦᠭᠡᠷ ᠵᠦᠢ᠍ᠯ ᠳᠠᠭ᠋ᠠᠳᠬᠠᠯ᠎ᠳᠤ ᠣᠷᠣᠯᠴᠠᠭᠰᠠᠳ᠎ᠤᠨ ᠣᠨᠳᠣᠤ ᠭᠠᠵᠠᠷ᠎ᠲᠤ ᠡᠮᠨᠡᠭᠦᠯᠦᠭᠰᠡᠨ ᠵᠠᠷᠤᠳᠠᠯ᠎ᠢ ᠰᠢᠭᠤᠳ ᠲᠡᠰᠦᠯᠦᠨ ᠪᠤᠳᠤᠬᠤ᠎ᠳᠤ ᠲᠥᠬᠥᠮ ᠦᠵᠡᠭᠦᠯᠵᠦ᠂ ᠣᠨᠳᠣᠤ ᠭᠠᠵᠠᠷ᠎ᠲᠤ ᠡᠮᠨᠡᠭᠦᠯᠦᠭᠰᠡᠨ ᠬᠠᠮᠢᠶᠠᠷᠤᠯᠲᠠ ᠵᠢ ᠵᠢᠷᠤᠮᠵᠢᠭᠤᠯᠬᠤ ᠵᠢᠨ ᠲᠤᠰᠠᠳᠠ᠂ 《ᠡᠮᠴᠢᠯᠡᠭᠡᠨ᠎ᠤ ᠪᠠᠲᠤᠯᠠᠭ᠎ᠠ ᠵᠢᠨ ᠲᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠠᠨᠠᠯ》 (ᠲᠥᠪ ᠲᠠᠷᠬᠠᠭ᠋ᠠᠭᠰᠠᠨ  [2020] 5 ᠳ᠋ᠤᠭ᠋ᠠᠷ ᠲᠣᠭ᠋ᠠᠲᠤ)᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠲᠠ ᠪᠠᠯᠭ᠋ᠠᠰᠤᠨ᠎ᠤ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠲᠦᠷᠢᠮ》᠂ 《2019 ᠣᠨ᠎ᠤ ᠮᠤᠵᠢ ᠠᠯᠤᠰᠯᠠᠨ ᠣᠨᠳᠣᠤ ᠭᠠᠵᠠᠷ᠎ᠲᠤ ᠡᠮᠨᠡᠭᠦᠯᠦᠭᠰᠡᠨ ᠡᠮᠨᠡᠯᠭᠡ᠎ᠳᠤ ᠰᠠᠭᠤᠭᠰᠠᠨ ᠵᠠᠷᠤᠳᠠᠯ᠎ᠢ ᠰᠢᠭᠤᠳ ᠲᠡᠰᠦᠯᠦᠨ ᠪᠤᠳᠤᠬᠤ ᠠᠵᠢᠯ᠎ᠢ ᠦᠨᠡᠨ ᠬᠦ᠌ ᠰᠠᠶ᠋ᠢᠲᠤᠷ ᠬᠢᠬᠦ ᠲᠤᠬᠠᠶ ᠤᠯᠤᠰ᠎ᠤᠨ ᠡᠮᠴᠢᠯᠡᠭᠡᠨ᠎ᠤ ᠳᠠᠭ᠋ᠠᠳᠬᠠᠯ᠎ᠤᠨ ᠲᠣᠪᠴᠢᠶ᠎ᠠ ᠡᠳ᠋᠎ᠤᠨ ᠵᠠᠰᠠᠭ᠎ᠤᠨ ᠶᠠᠮᠤᠨ᠎ᠤ ᠮᠡᠳᠡᠭᠳᠡᠯ》 (ᠡᠮᠴᠢᠯᠡᠭᠡ ᠳᠠᠭ᠋ᠠᠳᠬᠠᠯ ᠲᠠᠷᠬᠠᠭ᠋ᠠᠭᠰᠠᠨ  [2019] 33 ᠳ᠋ᠤᠭ᠋ᠠᠷ ᠲᠣᠭ᠋ᠠᠲᠤ) ᠪᠢᠴᠢᠭ ᠮᠠᠲ᠋ᠧᠷᠢᠶᠠᠯ᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠶ᠎ᠲᠠᠢ ᠤᠶᠠᠯᠳᠤᠭᠤᠯᠵᠤ᠂ ᠲᠣᠰ ᠠᠷᠭ᠎ᠠ ᠵᠢ ᠲᠣᠭᠲᠠᠭ᠋ᠠᠪᠠ᠃
      ᠬᠣᠶᠠᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠣᠨᠳᠣᠤ ᠭᠠᠵᠠᠷ᠎ᠲᠤ ᠡᠮᠨᠡᠭᠦᠯᠬᠦ᠎ᠳᠤ ᠨᠢᠭᠡᠳᠦᠯᠲᠡᠶ ᠬᠠᠮᠢᠶᠠᠷᠤᠯᠲᠠ ᠵᠢ ᠬᠡᠷᠡᠭᠵᠢᠭᠦᠯᠵᠦ᠂ ᠱᠠᠲᠤ ᠬᠤᠪᠢᠶᠠᠨ ᠭᠦᠢ᠍ᠴᠡᠳᠬᠡᠨ᠎ᠡ᠃ ᠱᠠᠲᠤ ᠳᠠᠷᠠᠭ᠋ᠠᠯᠠᠨ ᠣᠨᠣᠰᠢᠯᠠᠨ ᠡᠮᠨᠡᠬᠦ᠂ ᠵᠢᠷᠤᠮᠵᠢᠯ᠎ᠲᠠᠢ ᠡᠮᠬᠢ ᠵᠢᠷᠤᠮ᠎ᠲᠠᠢ᠂ ᠥᠨᠳᠥᠷ ᠦᠷ᠎ᠡ ᠪᠦᠲᠦᠮᠵᠢᠲᠡᠶ ᠪᠥᠭᠡᠳ ᠳᠥᠭᠥᠮ ᠳᠥᠲᠡ ᠪᠠᠶ᠋ᠢᠯᠭ᠋ᠠᠬᠤ ᠵᠠᠷᠴᠢᠮ᠎ᠢ ᠪᠠᠷᠢᠮᠲᠠᠯᠠᠨ᠎ᠠ᠃
      ᠭᠤᠷᠪᠠᠳᠤᠭ᠋ᠠᠷ ᠵᠦᠢ᠍ᠯ ᠲᠤᠰ ᠠᠷᠭ᠎ᠠ᠎ᠳᠤ ᠬᠡᠯᠡᠵᠦ ᠪᠠᠶ᠋ᠢᠭ᠎ᠠ ᠣᠨᠳᠣᠣ ᠭᠠᠵᠠᠷ᠎ᠲᠤ ᠡᠮᠨᠡᠭᠦᠯᠬᠦ ᠭᠡᠳᠡᠭ᠎ᠨᠢ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠳᠤ ᠣᠷᠣᠯᠴᠠᠭᠰᠠᠳ (ᠳᠣᠷᠣᠭᠰᠢ 《ᠳᠠᠭ᠋ᠠᠳᠬᠠᠯ᠎ᠳᠤ ᠣᠷᠣᠯᠴᠠᠭᠰᠠᠳ》 ᠭᠡᠵᠦ ᠲᠣᠪᠴᠢᠯᠠᠨ᠎ᠠ) ᠲᠤᠰ ᠨᠢᠭᠡᠳᠦᠯᠲᠡᠶ ᠲᠥᠯᠥᠪᠯᠡᠬᠦ ᠣᠷᠣᠨ᠎ᠠᠴᠠ ᠭᠠᠳᠠᠨᠠᠬᠢ (ᠬᠢᠯᠢ ᠵᠢᠨ ᠭᠠᠳᠠᠨᠠᠬᠢ ᠪᠠᠭᠲᠠᠬᠤ ᠦᠭᠡᠶ) ᠭᠠᠵᠠᠷ ᠣᠷᠣᠨ᠎ᠳᠤ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ ᠵᠢ ᠵᠢᠭ᠋ᠠᠵᠤ ᠪᠤᠶ᠃
      ᠳᠥᠷᠪᠡᠳᠦᠭᠡᠷ ᠵᠦᠢ᠍ᠯ ᠣᠨᠳᠣᠣ ᠭᠠᠵᠠᠷ ᠡᠮᠨᠡᠭᠦᠯᠦᠭᠰᠡᠨ ᠭᠠᠵᠠᠷ ᠵᠶ᠋ᠠᠷ᠎ᠨᠢ ᠢᠯᠭ᠋ᠠᠵᠤ᠂ ᠣᠨᠳᠣᠣ ᠭᠠᠵᠠᠷ ᠡᠮᠨᠡᠭᠦᠯᠦᠭᠰᠡᠨ᠎ᠢ᠎ᠨᠢ ᠭᠤᠷᠪᠠᠨ ᠲᠥᠷᠥᠯ ᠬᠤᠪᠢᠶᠠᠨ᠎ᠠ᠄
     (ᠨᠢᠭᠡ) ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠠᠭ᠋ᠠᠳᠬᠠᠯ᠎ᠳᠤ ᠣᠷᠣᠯᠴᠠᠭᠰᠠᠳ᠎ᠤᠨ ᠣᠷᠣᠨ᠎ᠤ ᠳᠣᠲᠣᠷ᠎ᠠ ᠨᠢᠭᠡᠳᠦᠯᠲᠡᠶ ᠲᠥᠯᠥᠪᠯᠡᠬᠦ ᠣᠷᠣᠨ᠎ᠢ ᠠᠯᠤᠰᠯᠠᠨ ᠡᠮᠨᠡᠭᠦᠯᠬᠦ;
     (ᠬᠣᠶᠠᠷ) ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠠᠭ᠋ᠠᠳᠬᠠᠯ᠎ᠳᠤ ᠣᠷᠣᠯᠴᠠᠭᠰᠠᠳ ᠮᠤᠵᠢ ᠠᠯᠤᠰᠯᠠᠨ ᠡᠮᠨᠡᠭᠦᠯᠬᠦ;
     (ᠭᠤᠷᠪᠠ) ᠭᠠᠳᠠᠷ ᠮᠤᠵᠢ (ᠬᠣᠲᠠ᠂ ᠲᠣᠭᠣᠷᠢᠭ) ᠵᠢᠨ ᠳᠠᠭ᠋ᠠᠳᠬᠠᠯ᠎ᠳᠤ ᠣᠷᠣᠯᠴᠠᠭᠰᠠᠳ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ ᠬᠦᠷᠴᠦ ᠡᠮᠨᠡᠭᠦᠯᠬᠦ᠃

     

      ᠬᠣᠶᠠᠳᠤᠭ᠋ᠠᠷ ᠪᠦᠯᠦᠭ ᠣᠨᠳᠣᠤ ᠭᠠᠵᠠᠷ᠎ᠲᠤ ᠡᠮᠨᠡᠭᠦᠯᠬᠦ ᠬᠥᠮᠦᠰ᠎ᠤᠨ ᠬᠡᠪᠴᠢᠶ᠎ᠡ
     

      ᠲᠠᠪᠤᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠎ᠳᠤ ᠣᠷᠣᠯᠴᠠᠭᠰᠠᠨ ᠳᠣᠣᠷᠠᠬᠢ ᠬᠥᠮᠦᠰ ᠣᠨᠳᠣᠣ ᠭᠠᠵᠠᠷ ᠡᠮᠨᠡᠭᠦᠯᠦᠭᠰᠡᠨ ᠵᠠᠷᠤᠳᠠᠯ᠎ᠢ ᠰᠢᠭᠤᠳ ᠳ᠋ᠦᠩᠨᠡᠨ ᠪᠣᠳᠣᠬᠤ ᠵᠢ ᠭᠤᠶᠤᠴᠢᠯᠠᠨ ᠭᠦᠢ᠍ᠴᠡᠳᠬᠡᠵᠦ ᠪᠣᠯᠤᠨ᠎ᠠ᠄
     (ᠨᠢᠭᠡ) ᠣᠷᠳᠣ ᠬᠤᠭᠤᠴᠠᠭ᠎ᠠ᠎ᠪᠠᠷ ᠣᠨᠳᠣᠤ ᠭᠠᠵᠠᠷ᠎ᠤᠨ ᠬᠥᠮᠦᠰ᠄
     1 . ᠣᠨᠳᠣᠤ ᠭᠠᠵᠠᠷ᠎ᠲᠤ ᠲᠥᠪᠬᠢᠨᠡᠭᠦᠯᠦᠭᠰᠡᠨ ᠠᠵᠢᠯ᠎ᠠᠴᠠ᠎ᠪᠠᠨ ᠠᠮᠠᠷᠠᠭᠰᠠᠳ᠄ ᠠᠵᠢᠯ᠎ᠠᠴᠠ᠎ᠪᠠᠨ ᠠᠮᠠᠷᠠᠭᠰᠠᠨ᠎ᠤ ᠳᠠᠷᠠᠭ᠎ᠠ ᠣᠨᠳᠣᠤ ᠭᠠᠵᠠᠷ᠎ᠲᠤ ᠰᠠᠭᠤᠷᠢᠰᠢᠭᠰᠠᠨ ᠪᠥᠭᠡᠳ ᠡᠷᠦᠬᠡ ᠠᠮᠠ ᠵᠢᠨ ᠲᠠᠩᠰᠠ᠎ᠪᠠᠨ ᠰᠢᠯᠵᠢᠭᠦᠯᠵᠦ ᠰᠠᠭᠤᠷᠢᠰᠢᠭᠰᠠᠨ ᠭᠠᠵᠠᠷ᠎ᠢ ᠵᠢᠭ᠋ᠠᠵᠤ ᠪᠣᠶ;
     2 . ᠣᠨᠳᠣᠤ ᠭᠠᠵᠠᠷ᠎ᠲᠤ ᠣᠷᠳᠣ ᠬᠤᠭᠤᠴᠠᠭ᠎ᠠ᠎ᠪᠠᠷ ᠣᠷᠣᠰᠢᠨ ᠰᠠᠭᠤᠭᠰᠠᠳ᠄ ᠣᠷᠳᠣ ᠬᠤᠭᠤᠴᠠᠭ᠎ᠠ᠎ᠪᠠᠷ ᠣᠨᠳᠣᠤ ᠭᠠᠵᠠᠷ᠎ᠲᠤ ᠣᠷᠣᠰᠢᠨ ᠰᠠᠭᠤᠭᠰᠠᠳ;
     3 . ᠣᠨᠳᠣᠤ ᠭᠠᠵᠠᠷ᠎ᠲᠤ ᠪᠠᠶ᠋ᠢᠩᠭᠤ ᠰᠠᠭᠤᠭ᠎ᠠ ᠠᠵᠢᠯᠲᠠᠨ᠄ ᠡᠨᠡ ᠪᠣᠯ ᠬᠥᠮᠦᠨ ᠬᠡᠷᠡᠭᠯᠡᠬᠦ ᠨᠢᠭᠡᠴᠢ᠎ᠠᠴᠠ ᠣᠷᠳᠣ ᠬᠤᠭᠤᠴᠠᠭ᠎ᠠ᠎ᠪᠠᠷ ᠣᠨᠳᠣᠤ ᠭᠠᠵᠠᠷ᠎ᠲᠤ ᠲᠣᠮᠢᠯᠠᠨ ᠠᠵᠢᠯᠯᠠᠭᠤᠯᠵᠤ ᠪᠠᠶ᠋ᠢᠭ᠎ᠠ ᠬᠥᠮᠦᠰ᠎ᠢ ᠵᠢᠭ᠋ᠠᠵᠤ ᠪᠠᠶ᠋ᠢᠨ᠎ᠠ;

      ᠭᠤᠷᠪᠠᠳᠤᠭ᠋ᠠᠷ ᠪᠦᠯᠦᠭ ᠣᠨᠳᠣᠤ ᠭᠠᠵᠠᠷ᠎ᠲᠤ ᠡᠮᠨᠡᠭᠦᠯᠬᠦ ᠬᠠᠮᠢᠶᠠᠷᠤᠯᠲᠠ

   

      ᠵᠢᠷᠭᠤᠳᠤᠭ᠋ᠠᠷ ᠵᠦᠢ᠍ᠯ ᠣᠨᠳᠣᠣ ᠭᠠᠵᠠᠷ᠎ᠲᠤ ᠡᠮᠨᠡᠭᠦᠯᠬᠦ᠎ᠪᠠᠷ ᠭᠤᠶᠤᠴᠢᠯᠠᠬᠤ ᠨᠥᠬᠥᠴᠡᠯ᠎ᠳᠤ ᠨᠡᠶ᠋ᠢᠴᠡᠬᠦ ᠳᠠᠭ᠋ᠠᠳᠬᠠᠯ᠎ᠳᠤ ᠣᠷᠣᠯᠴᠠᠭᠴᠢ ᠳᠠᠭ᠋ᠠᠳᠬᠠᠯ᠎ᠳᠤ ᠣᠷᠣᠯᠴᠠᠭᠰᠠᠨ ᠭᠠᠵᠠᠷ᠎ᠤᠨ ᠲᠣᠭᠲᠠᠭ᠋ᠠᠯ ᠶᠣᠰᠣᠭ᠋ᠠᠷ ᠣᠨᠳᠣᠣ ᠭᠠᠵᠠᠷ᠎ᠲᠤ ᠡᠮᠨᠡᠭᠦᠯᠬᠦ ᠳᠠᠩᠰᠠᠯᠠᠯ᠎ᠢ ᠭᠦᠢ᠍ᠴᠡᠳᠬᠡᠬᠦ ᠬᠡᠷᠡᠭᠲᠡᠶ᠃
      ᠳᠣᠯᠣᠳᠤᠭ᠋ᠠᠷ ᠵᠦᠢ᠍ᠯ ᠣᠨᠳᠣᠤ ᠭᠠᠵᠠᠷ᠎ᠲᠤ ᠡᠮᠨᠡᠭᠦᠯᠬᠦ ᠬᠥᠮᠦᠰ ᠡᠮᠨᠡᠭᠦᠯᠦᠭᠰᠡᠨ ᠭᠠᠵᠠᠷ᠎ᠤᠨ ᠲᠣᠭᠲᠠᠭ᠋ᠠᠯ ᠶᠣᠰᠣᠭ᠋ᠠᠷ ᠡᠮᠨᠡᠭᠦᠯᠬᠦ ᠵᠢᠨ ᠬᠠᠮᠲᠤ ᠡᠮᠨᠡᠭᠦᠯᠦᠭᠰᠡᠨ ᠭᠠᠵᠠᠷ᠎ᠤᠨ ᠬᠠᠮᠢᠶᠠᠷᠤᠯᠲᠠ ᠵᠢ ᠬᠦᠯᠢᠶᠡᠬᠦ ᠬᠡᠷᠡᠭᠲᠡᠶ᠃
      ᠨᠠᠢ᠍ᠮᠠᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠣᠨᠳᠣᠣ ᠭᠠᠵᠠᠷ᠎ᠲᠤ ᠡᠮᠨᠡᠭᠦᠯᠬᠦ ᠵᠢ ᠡᠷᠬᠢᠯᠡᠨ ᠭᠦᠢ᠍ᠴᠡᠳᠬᠡᠬᠦ ᠪᠠᠶ᠋ᠢᠭᠤᠯᠤᠮᠵᠢ᠎ᠨᠤᠭᠤᠳ ᠣᠨᠳᠣᠣ ᠭᠠᠵᠠᠷ᠎ᠲᠤ ᠡᠮᠨᠡᠭᠦᠯᠬᠦ ᠬᠥᠮᠦᠰ᠎ᠲᠤ ᠲᠤᠬᠠᠶ᠋ᠢᠯᠠᠭᠰᠠᠨ ᠠᠵᠢᠯ᠎ᠤᠨ ᠯᠠᠪᠯᠠᠯᠭ᠎ᠠ ᠥᠭᠬᠦ᠂ ᠡᠮᠴᠢᠯᠡᠭᠡᠨ᠎ᠤ ᠮᠡᠳᠡᠭᠡ ᠵᠠᠩᠭᠢ ᠵᠢᠨ ᠲᠡᠮᠳᠡᠭᠯᠡᠯ ᠬᠢᠬᠦ᠂ ᠡᠮᠴᠢᠯᠡᠭᠡᠨ᠎ᠤ ᠦᠢ᠍ᠯᠡ ᠠᠵᠢᠯᠯᠠᠭ᠎ᠠ ᠵᠢ ᠬᠢᠨᠠᠨ ᠡᠵᠡᠮᠳᠡᠬᠦ᠂ ᠡᠮᠴᠢᠯᠡᠭᠡᠨ᠎ᠤ ᠵᠠᠷᠤᠳᠠᠯ᠎ᠢ ᠬᠢᠨᠠᠨ ᠬᠠᠷᠭᠤᠭᠤᠯᠬᠤ ᠵᠡᠷᠭᠡ ᠵᠢ ᠪᠠᠭᠲᠠᠭ᠋ᠠᠭᠰᠠᠨ ᠲᠤᠰ ᠨᠢᠭᠡᠳᠦᠯᠲᠡᠶ ᠲᠥᠯᠥᠪᠯᠡᠬᠦ ᠣᠷᠣᠨ᠎ᠤ ᠳᠠᠭ᠋ᠠᠳᠬᠠᠯ᠎ᠳᠤ ᠣᠷᠣᠯᠴᠠᠭᠴᠢ᠎ᠯᠤᠭ᠎ᠠ ᠠᠳᠠᠯᠢ ᠦᠢ᠍ᠯᠡᠴᠢᠯᠡᠭᠡ ᠪᠠ ᠬᠠᠮᠢᠶᠠᠷᠤᠯᠲᠠ ᠬᠠᠩᠭ᠋ᠠᠬᠤ ᠬᠡᠷᠡᠭᠲᠡᠶ᠃
      ᠶᠢᠰᠦᠳᠦᠭᠡᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠣᠨᠳᠣᠣ ᠭᠠᠵᠠᠷ᠎ᠲᠤ ᠡᠮᠨᠡᠭᠦᠯᠬᠦ ᠵᠢ ᠡᠷᠬᠢᠯᠡᠨ ᠭᠦᠢ᠍ᠴᠡᠳᠬᠡᠬᠦ ᠪᠠᠶ᠋ᠢᠭᠤᠯᠤᠮᠵᠢ᠎ᠨᠢ ᠬᠡᠪᠴᠢᠶ᠎ᠡ᠎ᠪᠠᠨ ᠥᠷᠭᠡᠳᠬᠡᠨ ᠶᠠᠰᠤ ᠴᠢᠨᠠᠷ ᠵᠶ᠋ᠠᠨ ᠳᠡᠭᠡᠭᠰᠢᠯᠡᠭᠦᠯᠵᠦ᠂ ᠴᠡᠭ ᠲᠣᠭᠲᠠᠭ᠋ᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠬᠦᠷᠢᠶ᠎ᠡ ᠬᠡᠪᠴᠢᠶ᠎ᠡ ᠵᠢ ᠯᠠᠪᠳᠠᠭᠤᠨ ᠵᠶ᠋ᠠᠷ ᠥᠷᠭᠡᠳᠬᠡᠬᠦ ᠵᠢᠨ ᠬᠠᠮᠲᠤ᠂ ᠴᠠᠭ᠎ᠲᠤᠨᠢ ᠲᠣᠬᠢᠷᠠᠭᠤᠯᠤᠨ ᠵᠠᠭᠤᠴᠢᠯᠠᠭᠤᠷ ᠳᠡᠭᠡᠷ᠎ᠡ ᠨᠡᠶ᠋ᠢᠭᠡᠮ᠎ᠳᠤ ᠨᠡᠷᠡᠰ᠎ᠢ ᠢᠯᠡ ᠨᠡᠶ᠋ᠢᠲᠡᠯᠡᠬᠦ ᠬᠡᠷᠡᠭᠲᠡᠶ᠃
      ᠠᠷᠪᠠᠳᠤᠭ᠋ᠠᠷ ᠵᠦᠢ᠍ᠯ ᠣᠨᠳᠣᠣ ᠭᠠᠵᠠᠷ᠎ᠲᠤ ᠡᠮᠨᠡᠭᠦᠯᠬᠦ ᠵᠢ ᠡᠷᠬᠢᠯᠡᠨ ᠭᠦᠢ᠍ᠴᠡᠳᠬᠡᠬᠦ ᠪᠠᠶ᠋ᠢᠭᠤᠯᠤᠮᠵᠢ᠎ᠨᠢ ᠡᠯ᠎ᠡ ᠣᠨᠳᠣᠣ ᠭᠠᠵᠠᠷ᠎ᠲᠤ ᠡᠮᠨᠡᠭᠦᠯᠬᠦ ᠲᠣᠭᠲᠠᠭᠰᠠᠨ ᠴᠡᠭ ᠪᠦᠬᠦᠢ ᠡᠮ ᠡᠮᠨᠡᠯᠭᠡ ᠵᠢᠨ ᠪᠠᠶ᠋ᠢᠭᠤᠯᠤᠮᠵᠢ᠎ᠳᠤ ᠦᠢ᠍ᠯᠡᠴᠢᠯᠡᠭᠡᠨ᠎ᠤ ᠵᠥᠪᠳᠡᠯᠴᠡᠬᠡᠷ ᠵᠶ᠋ᠠᠨ ᠦᠨᠳᠦᠰᠦᠯᠡᠨ ᠬᠠᠮᠢᠶᠠᠷᠤᠯᠲᠠ ᠬᠢᠬᠦ ᠬᠡᠷᠡᠭᠲᠡᠶ᠃
      ᠠᠷᠪᠠᠨ ᠨᠢᠭᠡᠳᠦᠭᠡᠷ ᠵᠦᠢ᠍ᠯ ᠣᠨᠳᠣᠤ ᠭᠠᠵᠠᠷ᠎ᠲᠤ ᠡᠮᠨᠡᠭᠦᠯᠬᠦ ᠵᠢ ᠭᠠᠷᠲᠠᠨ ᠭᠦᠢ᠍ᠴᠡᠳᠬᠡᠬᠦ ᠪᠠᠶ᠋ᠢᠭᠤᠯᠤᠮᠵᠢ᠎ᠨᠢ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ᠎ᠪᠠᠨ ᠴᠢᠩᠭ᠋ᠠᠳᠬᠠᠵᠤ᠂ ᠣᠨᠳᠣᠤ ᠭᠠᠵᠠᠷ᠎ᠲᠤ ᠡᠮᠨᠡᠭᠦᠯᠬᠦ ᠵᠢ ᠪᠦᠷᠢᠳᠬᠡᠨ ᠳᠠᠩᠰᠠᠯᠠᠬᠤ᠂ ᠳ᠋ᠦᠩᠨᠡᠨ ᠪᠤᠳᠤᠬᠤ ᠵᠢ ᠲᠣᠭᠲᠠᠭ᠋ᠠᠯ ᠶᠣᠰᠣᠭ᠋ᠠᠷ ᠭᠦᠢ᠍ᠴᠡᠳᠬᠡᠬᠦ ᠬᠡᠷᠡᠭᠲᠡᠶ᠃ ᠶᠠᠮᠠᠷᠪᠠ ᠨᠢᠭᠡᠴᠡ ᠪᠣᠯᠤᠨ ᠬᠤᠪᠢ ᠬᠥᠮᠦᠨ ᠭᠡᠳ ᠨᠥᠬᠥᠴᠡᠯ᠎ᠳᠤ ᠨᠡᠶ᠋ᠢᠴᠡᠬᠦ ᠳᠠᠭ᠋ᠠᠳᠬᠠᠯ᠎ᠳᠤ ᠣᠷᠣᠯᠴᠠᠭᠴᠢ ᠵᠢᠨ ᠣᠨᠳᠣᠣ ᠭᠠᠵᠠᠷ ᠡᠮᠨᠡᠭᠦᠯᠬᠦ ᠵᠢ ᠬᠢᠵᠠᠭ᠋ᠠᠷᠯᠠᠵᠤ ᠪᠣᠯᠬᠤ ᠦᠭᠡᠶ᠃

     

      ᠳᠥᠷᠪᠡᠳᠦᠭᠡᠷ ᠪᠦᠯᠦᠭ ᠣᠨᠳᠣᠣ ᠭᠠᠵᠠᠷ᠎ᠲᠤ ᠡᠮᠨᠡᠭᠦᠯᠦᠭᠰᠡᠨ ᠵᠠᠷᠤᠳᠠᠯ᠎ᠢ ᠲᠠᠰᠤᠯᠤᠨ ᠪᠤᠳᠤᠬᠤ

     

      ᠠᠷᠪᠠᠨ ᠬᠣᠶᠠᠳᠤᠭ᠋ᠠᠷ ᠵᠦᠢ᠍ᠯ ᠣᠨᠳᠣᠤ ᠭᠠᠵᠠᠷ᠎ᠲᠤ ᠡᠮᠨᠡᠭᠦᠯᠦᠭᠰᠡᠨ ᠬᠥᠮᠦᠰ᠎ᠢ ᠪᠦᠷᠢᠳᠬᠡᠨ ᠳᠠᠩᠰᠠᠯᠠᠭᠤᠯᠤᠭᠰᠠᠨ᠎ᠤ ᠳᠠᠷᠠᠭ᠎ᠠ᠂ ᠡᠭᠦᠰᠦᠭᠰᠡᠨ ᠣᠨᠳᠣᠤ ᠭᠠᠵᠠᠷ᠎ᠲᠤ ᠡᠮᠨᠡᠭᠦᠯᠦᠭᠰᠡᠨ ᠡᠮᠴᠢᠯᠡᠭᠡᠨ᠎ᠤ ᠵᠠᠷᠤᠳᠠᠯ᠎ᠢ ᠰᠢᠭᠤᠳ ᠳ᠋ᠦᠩᠨᠡᠨ ᠪᠤᠳᠤᠬᠤ᠎ᠳᠤ 《ᠡᠮᠨᠡᠭᠦᠯᠦᠭᠰᠡᠨ ᠭᠠᠵᠠᠷ᠎ᠤᠨ ᠭᠠᠷᠴᠠᠭ᠂ ᠳᠠᠭ᠋ᠠᠳᠬᠠᠯ᠎ᠳᠤ ᠣᠷᠣᠯᠴᠠᠭᠰᠠᠨ ᠭᠠᠵᠠᠷ᠎ᠤᠨ ᠲᠥᠷᠥ ᠵᠢᠨ ᠪᠣᠳᠣᠯᠭ᠎ᠠ》 ᠵᠢ ᠬᠡᠷᠡᠭᠵᠢᠭᠦᠯᠦᠨ᠎ᠡ᠃
      ᠭᠠᠷ ᠵᠶ᠋ᠠᠷ ᠳᠠᠩᠰᠠ ᠲᠠᠶ᠋ᠢᠯᠬᠤ ᠵᠢ ᠭᠦᠢ᠍ᠴᠡᠳᠬᠡᠵᠦ᠂ 《ᠳᠠᠭ᠋ᠠᠳᠬᠠᠯ᠎ᠳᠤ ᠣᠷᠣᠯᠴᠠᠬᠤ ᠭᠠᠵᠠᠷ᠎ᠤᠨ ᠭᠠᠷᠴᠠᠭ᠂ ᠳᠠᠭ᠋ᠠᠳᠬᠠᠯ᠎ᠳᠤ ᠣᠷᠣᠯᠴᠠᠬᠤ ᠭᠠᠵᠠᠷ᠎ᠤᠨ ᠲᠥᠷᠥ ᠵᠢᠨ ᠪᠣᠳᠣᠯᠭ᠎ᠠ》 ᠵᠢ ᠬᠡᠷᠡᠭᠵᠢᠭᠦᠯᠦᠨ᠎ᠡ᠃
      ᠡᠮᠨᠡᠭᠦᠯᠦᠭᠰᠡᠨ ᠭᠠᠵᠠᠷ᠎ᠤᠨ ᠭᠠᠷᠴᠠᠭ ᠭᠡᠳᠡᠭ᠎ᠨᠢ ᠡᠮᠨᠡᠭᠦᠯᠦᠭᠰᠡᠨ ᠭᠠᠵᠠᠷ᠎ᠤᠨ ᠬᠡᠷᠡᠭᠵᠢᠭᠦᠯᠵᠦ ᠪᠠᠶ᠋ᠢᠭ᠎ᠠ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠎ᠤᠨ ᠡᠮ᠎ᠤᠨ ᠵᠦᠢ᠍ᠯ᠎ᠤᠨ ᠭᠠᠷᠴᠠᠭ᠂ ᠣᠨᠣᠰᠢᠯᠠᠨ ᠡᠮᠨᠡᠬᠦ ᠵᠦᠢ᠍ᠯᠡᠰ᠎ᠤᠨ ᠭᠠᠷᠴᠠᠭ ᠪᠠ ᠡᠮ ᠡᠮᠨᠡᠯᠭᠡ ᠵᠢᠨ ᠦᠢ᠍ᠯᠡᠴᠢᠯᠡᠭᠡᠨ᠎ᠤ ᠲᠥᠬᠥᠭᠡᠷᠦᠮᠵᠢ ᠵᠢᠨ ᠪᠠᠷᠢᠮᠵᠢᠶ᠎ᠠ (ᠬᠢᠵᠠᠭ᠋ᠠᠷᠯᠠᠭᠰᠠᠨ ᠦᠨ᠎ᠡ ᠵᠢ ᠪᠠᠭᠲᠠᠭ᠋ᠠᠨ᠎ᠠ) ᠵᠢ ᠵᠢᠭ᠋ᠠᠵᠤ ᠪᠠᠶ᠋ᠢᠨ᠎ᠠ᠃
      ᠳᠠᠭ᠋ᠠᠳᠬᠠᠯ᠎ᠳᠤ ᠣᠷᠣᠯᠴᠠᠭᠰᠠᠨ ᠭᠠᠵᠠᠷ᠎ᠤᠨ ᠭᠠᠷᠴᠠᠭ ᠭᠡᠳᠡᠭ᠎ᠨᠢ ᠳᠠᠭ᠋ᠠᠳᠬᠠᠯ᠎ᠳᠤ ᠣᠷᠣᠯᠴᠠᠭᠰᠠᠨ ᠭᠠᠵᠠᠷ᠎ᠤᠨ ᠬᠡᠷᠡᠭᠵᠢᠭᠦᠯᠵᠦ ᠪᠦᠬᠦᠢ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠎ᠤᠨ ᠡᠮ᠎ᠤᠨ ᠵᠦᠢ᠍ᠯ᠎ᠤᠨ ᠭᠠᠷᠴᠠᠭ᠂ ᠣᠨᠣᠰᠢᠯᠠᠨ ᠡᠮᠨᠡᠬᠦ ᠲᠥᠷᠥᠯ ᠵᠦᠢ᠍ᠯ᠎ᠤᠨ ᠭᠠᠷᠴᠠᠭ ᠪᠣᠯᠤᠨ ᠡᠮ ᠡᠮᠨᠡᠯᠭᠡ ᠵᠢᠨ ᠦᠢ᠍ᠯᠡᠴᠢᠯᠡᠭᠡᠨ᠎ᠤ ᠪᠡᠯᠡᠳᠬᠡᠮᠵᠢ ᠵᠢᠨ ᠪᠠᠷᠢᠮᠵᠢᠶ᠎ᠠ (ᠬᠢᠵᠠᠭ᠋ᠠᠷᠯᠠᠭᠰᠠᠨ ᠦᠨ᠎ᠡ ᠵᠢ ᠪᠠᠭᠲᠠᠭ᠋ᠠᠨ᠎ᠠ) ᠵᠢ ᠵᠢᠭ᠋ᠠᠵᠤ ᠪᠤᠶ᠃
      ᠳᠠᠭ᠋ᠠᠳᠬᠠᠯ᠎ᠳᠤ ᠣᠷᠣᠯᠴᠠᠭᠰᠠᠨ ᠭᠠᠵᠠᠷ᠎ᠤᠨ ᠲᠥᠷᠥ ᠵᠢᠨ ᠪᠣᠳᠣᠯᠭ᠎ᠠ ᠭᠡᠳᠡᠭ᠎ᠨᠢ ᠳᠠᠭ᠋ᠠᠳᠬᠠᠯ᠎ᠳᠤ ᠣᠷᠣᠯᠴᠠᠭᠰᠠᠨ ᠭᠠᠵᠠᠷ᠎ᠤᠨ ᠳᠥᠯᠥᠬᠦ ᠲᠥᠷᠥ ᠵᠢᠨ ᠪᠣᠳᠣᠯᠭ᠎ᠠ ᠵᠢ ᠵᠢᠭ᠋ᠠᠵᠤ ᠪᠠᠶ᠋ᠢᠨ᠎ᠠ᠂ ᠡᠭᠦᠨ᠎ᠳᠤ ᠡᠮ ᠡᠮᠨᠡᠯᠭᠡ ᠵᠢᠨ ᠳᠠᠭ᠋ᠠᠳᠬᠠᠯ᠎ᠤᠨ ᠰᠠᠭᠤᠷᠢ ᠮᠥᠩᠭᠥ ᠵᠢᠨ ᠡᠬᠢᠯᠡᠵᠦ ᠳᠥᠯᠥᠬᠦ ᠪᠠᠷᠢᠮᠵᠢᠶ᠎ᠠ᠂ ᠳᠥᠯᠥᠬᠦ ᠬᠠᠷᠢᠴᠠᠯ ᠪᠠ ᠬᠠᠮᠤᠭ᠎ᠤᠨ ᠥᠨᠳᠥᠷ ᠳᠥᠯᠥᠬᠦ ᠬᠢᠵᠠᠭ᠋ᠠᠷ ᠲᠣᠭ᠎ᠠ ᠵᠡᠷᠭᠡ ᠵᠢ ᠪᠠᠭᠲᠠᠭ᠋ᠠᠨ᠎ᠠ᠃
      ᠠᠷᠪᠠᠨ ᠭᠤᠷᠪᠠᠳᠤᠭ᠋ᠠᠷ ᠵᠦᠢ᠍ᠯ ᠵᠠᠷᠴᠢᠮ ᠳᠡᠭᠡᠷ᠎ᠡ᠎ᠪᠠᠨ᠂ ᠣᠨᠳᠣᠤ ᠭᠠᠵᠠᠷ᠎ᠲᠤ ᠡᠮᠨᠡᠭᠦᠯᠬᠦ ᠬᠥᠮᠦᠰ ᠳᠠᠭ᠋ᠠᠳᠬᠠᠯ᠎ᠳᠤ ᠣᠷᠣᠯᠴᠠᠭᠰᠠᠨ ᠭᠠᠵᠠᠷ᠎ᠤᠨ ᠲᠣᠭᠲᠠᠭ᠋ᠠᠯ᠎ᠳᠤ ᠨᠡᠶ᠋ᠢᠴᠡᠬᠦ ᠴᠡᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ᠎ᠳᠤ ᠬᠦᠷᠴᠦ ᠰᠢᠭᠤᠳ ᠳ᠋ᠦᠩᠨᠡᠨ ᠪᠤᠳᠤᠬᠤ ᠬᠡᠷᠡᠭᠲᠡᠶ᠃ ᠣᠨᠳᠣᠤ ᠭᠠᠵᠠᠷ᠎ᠤᠨ ᠲᠣᠭᠲᠠᠭ᠋ᠠᠭᠰᠠᠨ ᠴᠡᠭ᠎ᠤᠨ ᠪᠤᠰᠤ ᠡᠮᠴᠢᠯᠡᠭᠡᠨ᠎ᠤ ᠪᠠᠶ᠋ᠢᠭᠤᠯᠤᠮᠵᠢ᠎ᠳᠤ ᠡᠮᠨᠡᠭᠦᠯᠦᠭᠰᠡᠨ ᠪᠠᠶ᠋ᠢᠪᠠᠯ᠂ ᠡᠮᠴᠢᠯᠡᠭᠡᠨ᠎ᠤ ᠳᠠᠭ᠋ᠠᠳᠬᠠᠯ᠎ᠤᠨ ᠭᠠᠷᠲᠠᠨ ᠭᠦᠢ᠍ᠴᠡᠳᠬᠡᠬᠦ ᠪᠠᠶ᠋ᠢᠭᠤᠯᠤᠮᠵᠢ᠎ᠨᠢ ᠲᠠᠩᠰᠠ ᠳᠡᠶ᠋ᠢᠯᠵᠦ ᠥᠭᠬᠦ ᠥᠬᠡᠶ᠃
      ᠠᠷᠪᠠᠨ ᠲᠠᠪᠤᠳᠤᠭ᠋ᠠᠷ ᠵᠦᠢ᠍ᠯ ᠣᠨᠳᠣᠣ ᠭᠠᠵᠠᠷ ᠡᠮᠨᠡᠭᠦᠯᠦᠭᠰᠡᠨ ᠵᠠᠷᠤᠳᠠᠯ᠎ᠢ ᠳ᠋ᠦᠩᠨᠡᠨ ᠪᠣᠳᠣᠬᠤ᠎ᠳᠤ ᠤᠷᠢᠳᠠᠪᠠᠷ ᠤᠷᠢᠳᠴᠢᠯᠠᠨ ᠥᠭᠴᠦ ᠳᠠᠷᠠᠭ᠎ᠠ᠎ᠨᠢ ᠳ᠋ᠦᠩᠨᠡᠨ ᠪᠣᠳᠣᠬᠤ ᠵᠠᠭᠪᠤᠷ᠎ᠢ ᠬᠡᠷᠡᠭᠵᠢᠭᠦᠯᠵᠦ᠂ ᠤᠷᠢᠳᠴᠢᠯᠠᠨ ᠥᠭᠬᠦ ᠮᠥᠩᠭᠥ᠎ᠨᠢ ᠡᠯ᠎ᠡ ᠨᠢᠭᠡᠳᠦᠯᠲᠡᠶ ᠲᠥᠯᠥᠪᠯᠡᠬᠦ ᠣᠷᠣᠨ᠎ᠤ ᠤᠷᠢᠳᠴᠢᠯᠠᠨ ᠳᠡᠭᠡᠭᠰᠢ ᠲᠤᠰᠢᠶᠠᠬᠤ ᠡᠮ ᠡᠮᠨᠡᠯᠭᠡ ᠵᠢᠨ ᠳᠠᠭ᠋ᠠᠳᠬᠠᠯ᠎ᠤᠨ ᠰᠠᠭᠤᠷᠢ ᠮᠥᠩᠭᠥ᠎ᠠᠴᠠ ᠢᠷᠡᠯᠲᠡ᠎ᠲᠠᠢ᠃
      ᠣᠷᠣᠨ᠎ᠤ ᠳᠣᠲᠣᠷ᠎ᠠ ᠣᠨᠳᠣᠣ ᠭᠠᠵᠠᠷ ᠡᠮᠨᠡᠭᠦᠯᠦᠭᠰᠡᠨ ᠵᠠᠷᠤᠳᠠᠯ᠎ᠢ ᠰᠠᠷ᠎ᠠ᠎ᠪᠠᠷ ᠳᠠᠩᠰᠠ ᠬᠠᠷᠭᠤᠭᠤᠯᠬᠤ᠂ ᠰᠠᠷ᠎ᠠ᠎ᠪᠠᠷ ᠳ᠋ᠦᠩᠨᠡᠨ ᠪᠣᠳᠣᠬᠤ᠂ ᠵᠢᠯ ᠵᠶ᠋ᠠᠷ ᠢᠯᠭ᠋ᠠᠷᠠᠭᠤᠯᠤᠨ ᠪᠣᠳᠣᠬᠤ ᠵᠢ ᠬᠡᠷᠡᠭᠵᠢᠭᠦᠯᠦᠨ᠎ᠡ; ᠮᠤᠵᠢ ᠠᠯᠤᠰᠯᠠᠨ ᠣᠨᠳᠣᠤ ᠭᠠᠵᠠᠷ᠎ᠲᠤ ᠡᠮᠨᠡᠭᠦᠯᠦᠭᠰᠡᠨ ᠵᠠᠷᠤᠳᠠᠯ᠎ᠢ ᠴᠠᠭ ᠲᠤᠬᠠᠶ᠎ᠳᠤᠨᠢ ᠲᠠᠩᠰᠠ ᠬᠠᠷᠭᠤᠭᠤᠯᠬᠤ᠂ ᠰᠠᠷ᠎ᠠ᠎ᠪᠠᠷ ᠪᠤᠳᠤᠬᠤ ᠵᠢ ᠬᠡᠷᠡᠭᠵᠢᠭᠦᠯᠦᠨ᠎ᠡ᠃
      ᠠᠷᠪᠠᠨ ᠵᠢᠷᠭᠤᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠣᠨᠳᠣᠣ ᠭᠠᠵᠠᠷ᠎ᠲᠤ ᠡᠮᠨᠡᠭᠦᠯᠬᠦ ᠵᠢ ᠡᠷᠬᠢᠯᠡᠨ ᠭᠦᠢ᠍ᠴᠡᠳᠬᠡᠬᠦ ᠪᠠᠶ᠋ᠢᠭᠤᠯᠤᠮᠵᠢ᠎ᠠᠴᠠ ᠨᠢᠭᠡ ᠵᠠᠷᠤᠯᠭ᠎ᠠ ᠵᠢᠨ ᠡᠷᠦᠬᠡ ᠭᠠᠷᠭ᠋ᠠᠵᠤ ᠣᠷᠣᠨ᠎ᠤ ᠳᠣᠲᠣᠷ᠎ᠠ ᠣᠨᠳᠣᠣ ᠭᠠᠵᠠᠷ ᠡᠮᠨᠡᠭᠦᠯᠦᠭᠰᠡᠨ᠎ᠢ ᠰᠢᠭᠤᠳ ᠳ᠋ᠦᠩᠨᠡᠨ ᠪᠣᠳᠣᠬᠤ᠎ᠳᠤ ᠬᠡᠷᠡᠭᠯᠡᠬᠦ ᠬᠡᠷᠡᠭᠲᠡᠶ᠃ ᠮᠤᠵᠢ ᠠᠯᠤᠰᠯᠠᠨ ᠣᠨᠳᠣᠤ ᠭᠠᠵᠠᠷ᠎ᠲᠤ ᠡᠮᠨᠡᠭᠦᠯᠬᠦ᠎ᠳᠤ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠠᠴᠠ ᠡᠳ᠋᠎ᠤᠨ ᠵᠠᠰᠠᠭ᠎ᠤᠨ ᠲᠤᠰᠬᠠᠶ ᠡᠷᠦᠬᠡ ᠭᠠᠷᠭ᠋ᠠᠵᠤ ᠲᠡᠰᠦᠯᠦᠨ ᠪᠤᠳᠤᠨ᠎ᠠ᠃
      ᠠᠷᠪᠠᠨ ᠳᠣᠯᠣᠳᠤᠭ᠋ᠠᠷ ᠵᠦᠢ᠍ᠯ ᠣᠨᠳᠣᠤ ᠭᠠᠵᠠᠷ᠎ᠲᠤ ᠡᠮᠨᠡᠭᠦᠯᠦᠭᠰᠡᠨ ᠡᠮᠴᠢᠯᠡᠭᠡᠨ᠎ᠤ ᠵᠠᠷᠤᠳᠠᠯ᠎ᠢ ᠡᠮᠨᠡᠭᠦᠯᠦᠭᠰᠡᠨ ᠭᠠᠵᠠᠷ᠎ᠤᠨ ᠡᠮᠴᠢᠯᠡᠭᠡᠨ᠎ᠤ ᠳᠠᠭ᠋ᠠᠳᠬᠠᠯ᠎ᠤᠨ ᠬᠢᠨᠠᠯᠲᠠ ᠬᠠᠮᠢᠶᠠᠷᠤᠯᠲᠠ ᠵᠢᠨ ᠬᠡᠪᠴᠢᠶᠡᠨ᠎ᠳᠤ ᠣᠷᠣᠭᠤᠯᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ᠎ᠤ ᠣᠨᠳᠣᠤ ᠭᠠᠵᠠᠷ᠎ᠲᠤ ᠡᠮᠨᠡᠭᠦᠯᠬᠦ ᠵᠢ ᠭᠠᠷᠲᠠᠨ ᠭᠦᠢ᠍ᠴᠡᠳᠬᠡᠬᠦ ᠪᠠᠶ᠋ᠢᠭᠤᠯᠤᠮᠵᠢ ᠨᠢᠭᠡᠳᠦᠯᠲᠡᠶ ᠵᠣᠬᠢᠴᠠᠭᠤᠯᠤᠨ ᠰᠢᠢ᠍ᠳᠪᠦᠷᠢᠯᠡᠨ᠎ᠡ᠃
ᠳᠠᠭ᠋ᠠᠳᠬᠠᠯ᠎ᠳᠤ ᠣᠷᠣᠯᠴᠠᠭᠰᠠᠨ ᠭᠠᠵᠠᠷ᠎ᠨᠢ ᠲᠤᠰ ᠨᠢᠭᠡᠳᠦᠯᠲᠡᠶ ᠲᠥᠯᠥᠪᠯᠡᠬᠦ ᠣᠷᠣᠨ᠎ᠤ ᠳᠠᠭ᠋ᠠᠳᠬᠠᠯ᠎ᠳᠤ ᠣᠷᠣᠯᠴᠠᠭᠰᠠᠨ ᠬᠥᠮᠦᠰ᠎ᠤᠨ ᠣᠨᠳᠣᠣ ᠭᠠᠵᠠᠷ ᠡᠮᠨᠡᠭᠦᠯᠦᠭᠰᠡᠨ ᠵᠠᠷᠤᠳᠠᠯ᠎ᠳᠤ ᠰᠡᠵᠢᠭᠯᠡᠯ᠎ᠲᠠᠢ ᠪᠠᠶ᠋ᠢᠪᠠᠯ᠂ ᠡᠮᠨᠡᠭᠦᠯᠦᠭᠰᠡᠨ ᠭᠠᠵᠠᠷ᠎ᠤᠨ ᠣᠨᠳᠣᠣ ᠭᠠᠵᠠᠷ ᠡᠮᠨᠡᠭᠦᠯᠦᠭᠰᠡᠨ᠎ᠢ ᠡᠷᠬᠢᠯᠡᠨ ᠭᠦᠢ᠍ᠴᠡᠳᠬᠡᠬᠦ ᠪᠠᠶ᠋ᠢᠭᠤᠯᠤᠮᠵᠢ᠎ᠳᠤ ᠳᠠᠬᠢᠨ ᠬᠢᠨᠠᠭᠤᠯᠬᠤ᠎ᠪᠠᠷ ᠳᠤᠷᠠᠳᠴᠤ ᠪᠣᠯᠤᠨ᠎ᠠ᠂ ᠡᠮᠨᠡᠭᠦᠯᠦᠭᠰᠡᠨ ᠭᠠᠵᠠᠷ᠎ᠢ ᠴᠠᠭ ᠲᠤᠬᠠᠶ᠎ᠳᠤᠨᠢ ᠬᠢᠨᠠᠨ ᠪᠠᠶ᠋ᠢᠴᠠᠭ᠋ᠠᠬᠤ ᠬᠡᠷᠡᠭᠲᠡᠶ᠃ ᠲᠣᠭᠲᠠᠭ᠋ᠠᠯ᠎ᠠᠴᠠ ᠵᠥᠷᠢᠴᠡᠭᠰᠡᠨ᠎ᠳᠤ ᠦᠨᠡᠨᠬᠦ ᠬᠠᠷᠢᠶᠠᠯᠠᠭᠳᠠᠬᠤ ᠵᠠᠷᠤᠳᠠᠯ᠎ᠢ ᠬᠢᠨᠠᠨ ᠪᠠᠶ᠋ᠢᠴᠠᠭ᠋ᠠᠭ᠋ᠠᠳ ᠳᠠᠭ᠋ᠠᠳᠬᠠᠯ᠎ᠳᠤ ᠣᠷᠣᠯᠴᠠᠭᠰᠠᠨ ᠭᠠᠵᠠᠷ᠎ᠲᠤ᠎ᠨᠢ ᠪᠤᠴᠠᠭ᠋ᠠᠵᠤ᠂ ᠪᠣᠯᠵᠣᠭ᠎ᠠ ᠵᠥᠷᠢᠴᠡᠭᠰᠡᠨ ᠮᠥᠩᠭᠥ ᠵᠢ ᠡᠮᠨᠡᠭᠦᠯᠬᠦ ᠭᠠᠵᠠᠷ᠎ᠤᠨ ᠣᠨᠳᠣᠣ ᠭᠠᠵᠠᠷ ᠡᠮᠨᠡᠭᠦᠯᠬᠦ ᠵᠢ ᠡᠷᠬᠢᠯᠡᠨ ᠭᠦᠢ᠍ᠴᠡᠳᠬᠡᠬᠦ ᠪᠠᠶ᠋ᠢᠭᠤᠯᠤᠮᠵᠢ᠎ᠠᠴᠠ ᠦᠢ᠍ᠯᠡᠴᠢᠯᠡᠭᠡᠨ᠎ᠤ ᠵᠥᠪᠳᠡᠯᠴᠡᠬᠡᠷ᠎ᠤᠨ ᠶᠣᠰᠣᠭ᠋ᠠᠷ ᠰᠢᠢ᠍ᠳᠪᠦᠷᠢᠯᠡᠨ᠎ᠡ᠃

   

      ᠲᠠᠪᠤᠳᠤᠭ᠋ᠠᠷ ᠪᠦᠯᠦᠭ ᠡᠭᠦᠷᠭᠡ ᠬᠠᠷᠢᠭᠤᠴᠠᠯᠭ᠎ᠠ ᠵᠢᠨ ᠬᠤᠪᠢᠶᠠᠷᠢᠯᠠᠯ  
     
     

      ᠠᠷᠪᠠᠨ ᠨᠠᠢ᠍ᠮᠠᠳᠤᠭ᠋ᠠᠷ ᠵᠦᠢ᠍ᠯ ᠡᠯ᠎ᠡ ᠱᠠᠲᠤᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠎ᠨᠢ ᠣᠨᠳᠣᠤ ᠭᠠᠵᠠᠷ᠎ᠲᠤ ᠡᠮᠨᠡᠭᠦᠯᠬᠦ ᠵᠢ ᠨᠢᠭᠡᠳᠦᠯᠲᠡᠶ ᠲᠥᠯᠥᠪᠯᠡᠬᠦ ᠵᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠠᠵᠢᠯ᠎ᠢ ᠬᠠᠷᠢᠭᠤᠴᠠᠵᠤ᠂ ᠣᠨᠳᠣᠤ ᠭᠠᠵᠠᠷ᠎ᠲᠤ ᠡᠮᠨᠡᠭᠦᠯᠬᠦ ᠠᠵᠢᠯ᠎ᠢ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠵᠢ ᠭᠦᠢ᠍ᠴᠡᠳᠬᠡᠨ᠎ᠡ᠃
      ᠠᠷᠪᠠ ᠶᠢᠰᠦᠳᠦᠭᠡᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠨᠢ ᠡᠯ᠎ᠡ ᠱᠠᠲᠤᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠪᠣᠯᠤᠨ ᠭᠠᠷᠲᠠᠨ ᠭᠦᠢ᠍ᠴᠡᠳᠬᠡᠬᠦ ᠪᠠᠶ᠋ᠢᠭᠤᠯᠤᠮᠵᠢ ᠵᠢᠨ ᠪᠠᠯᠠ ᠮᠥᠩᠭᠥ ᠰᠢᠯᠵᠢᠭᠦᠯᠦᠨ ᠥᠭᠬᠦ ᠲᠥᠰᠦᠯ᠎ᠤᠨ ᠶᠣᠰᠣᠭ᠋ᠠᠷ ᠪᠠᠯᠠ ᠮᠥᠩᠭᠥ ᠵᠢ ᠰᠢᠯᠵᠢᠭᠦᠯᠦᠨ ᠥᠭᠬᠦ ᠵᠢ ᠬᠠᠷᠢᠭᠤᠴᠠᠬᠤ ᠵᠢᠨ ᠬᠠᠮᠲᠤ ᠲᠣᠭᠲᠠᠭ᠋ᠠᠯ ᠶᠣᠰᠣᠭ᠋ᠠᠷ ᠬᠠᠮᠢᠶ᠎ᠠ ᠪᠥᠬᠥᠶ ᠰᠠᠭᠤᠷᠢ ᠮᠥᠩᠭᠥᠨ᠎ᠤ ᠬᠢᠨᠠᠯᠲᠠ ᠬᠠᠮᠢᠶᠠᠷᠤᠯᠲᠠ ᠵᠢᠨ ᠠᠵᠢᠯ᠎ᠢ ᠰᠠᠶ᠋ᠢᠲᠤᠷ ᠬᠢᠬᠦ ᠬᠡᠷᠡᠭᠲᠡᠶ; ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ ᠮᠤᠵᠢ ᠠᠯᠤᠰᠯᠠᠨ ᠣᠨᠳᠣᠣ ᠭᠠᠵᠠᠷ ᠡᠮᠨᠡᠭᠦᠯᠦᠭᠰᠡᠨ᠎ᠢ ᠢᠯᠭ᠋ᠠᠷᠠᠭᠤᠯᠤᠨ ᠪᠣᠳᠣᠭᠰᠠᠨ ᠪᠠᠷᠢᠮᠲᠠ ᠵᠢᠨ ᠶᠣᠰᠣᠭ᠋ᠠᠷ ᠪᠡᠯᠡ ᠮᠥᠩᠭᠥ ᠵᠢ ᠨᠢᠭᠡᠳᠦᠯᠲᠡᠶ ᠴᠤᠭᠯᠠᠭᠤᠯᠤᠨ ᠰᠠᠯᠭ᠋ᠠᠵᠤ ᠥᠭᠬᠦ ᠵᠢ ᠬᠠᠷᠢᠭᠤᠴᠠᠨ᠎ᠠ᠃
      ᠬᠣᠷᠢᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠣᠨᠳᠣᠣ ᠭᠠᠵᠠᠷ᠎ᠲᠤ ᠡᠮᠨᠡᠭᠦᠯᠬᠦ ᠵᠢ ᠡᠷᠬᠢᠯᠡᠨ ᠭᠦᠢ᠍ᠴᠡᠳᠬᠡᠬᠦ ᠪᠠᠶ᠋ᠢᠭᠤᠯᠤᠮᠵᠢ᠎ᠨᠢ ᠥᠪᠡᠷᠲᠡᠭᠡᠨ ᠵᠠᠰᠠᠬᠤ ᠣᠷᠣᠨ᠎ᠤ ᠣᠨᠳᠣᠣ ᠭᠠᠵᠠᠷ᠎ᠲᠤ ᠡᠮᠨᠡᠭᠦᠯᠬᠦ ᠵᠢ ᠡᠷᠬᠢᠯᠡᠨ ᠭᠦᠢ᠍ᠴᠡᠳᠬᠡᠬᠦ ᠠᠵᠢᠯ᠎ᠤᠨ ᠵᠣᠬᠢᠶᠠᠨ ᠪᠠᠶ᠋ᠢᠭᠤᠯᠬᠤ᠂ ᠵᠣᠬᠢᠴᠠᠭᠤᠯᠬᠤ ᠵᠢ ᠬᠠᠷᠢᠭᠤᠴᠠᠨ᠎ᠠ; ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠳᠤ ᠮᠤᠵᠢ ᠠᠯᠤᠰᠯᠠᠨ ᠣᠨᠳᠣᠣ ᠭᠠᠵᠠᠷ ᠡᠮᠨᠡᠭᠦᠯᠦᠭᠰᠡᠨ ᠪᠡᠯᠡ ᠮᠥᠩᠭᠥ ᠵᠢ ᠢᠯᠭ᠋ᠠᠷᠠᠭᠤᠯᠤᠨ ᠪᠣᠳᠣᠭᠰᠠᠨ ᠪᠠᠷᠢᠮᠲᠠ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠬᠠᠩᠭ᠋ᠠᠬᠤ ᠵᠢ ᠬᠠᠷᠢᠭᠤᠴᠠᠨ᠎ᠠ; ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠳᠠᠭ᠋ᠠᠳᠬᠠᠯ᠎ᠳᠤ ᠣᠷᠣᠯᠴᠠᠭᠰᠠᠨ ᠬᠥᠮᠦᠰ᠎ᠤᠨ ᠣᠨᠳᠣᠤ ᠭᠠᠵᠠᠷ᠎ᠲᠤ ᠡᠮᠨᠡᠭᠦᠯᠬᠦ ᠲᠤᠬᠠᠶ᠋ᠢᠯᠠᠭᠰᠠᠨ ᠠᠵᠢᠯ᠎ᠢ ᠡᠷᠬᠢᠯᠡᠨ ᠭᠦᠢ᠍ᠴᠡᠳᠬᠡᠬᠦ ᠵᠢ ᠬᠠᠷᠢᠭᠤᠴᠠᠨ᠎ᠠ; ᠣᠷᠣᠨ᠎ᠤ ᠳᠣᠲᠣᠷᠠᠬᠢ ᠣᠨᠳᠣᠤ ᠭᠠᠵᠠᠷ᠎ᠲᠤ ᠡᠮᠨᠡᠭᠦᠯᠦᠭᠰᠡᠨ ᠵᠠᠷᠤᠳᠠᠯ᠎ᠢ ᠳ᠋ᠦᠩᠨᠡᠨ ᠪᠣᠳᠣᠭᠰᠠᠨ ᠪᠡᠯᠡ ᠮᠥᠩᠭᠥ ᠵᠢ ᠴᠤᠭᠯᠠᠭᠤᠯᠬᠤ᠂ ᠰᠠᠯᠭ᠋ᠠᠨ ᠥᠭᠬᠦ ᠵᠢ ᠬᠠᠷᠢᠭᠤᠴᠠᠨ᠎ᠠ᠃
      ᠬᠣᠷᠢᠨ ᠨᠢᠭᠡᠳᠦᠭᠡᠷ ᠵᠦᠢ᠍ᠯ ᠡᠯ᠎ᠡ ᠨᠢᠭᠡᠳᠦᠯᠲᠡᠶ ᠲᠥᠯᠥᠪᠯᠡᠬᠦ ᠣᠷᠣᠨ᠎ᠤ ᠣᠨᠳᠣᠣ ᠭᠠᠵᠠᠷ ᠡᠮᠨᠡᠭᠦᠯᠬᠦ ᠵᠢ ᠡᠷᠬᠢᠯᠡᠨ ᠭᠦᠢ᠍ᠴᠡᠳᠬᠡᠬᠦ ᠪᠠᠶ᠋ᠢᠭᠤᠯᠤᠮᠵᠢ᠎ᠨᠢ ᠦᠢ᠍ᠯᠡᠴᠢᠯᠡᠭᠡᠨ᠎ᠤ ᠵᠥᠪᠯᠡᠯᠴᠡᠭᠡᠷ᠎ᠢ ᠦᠨᠳᠦᠰᠦᠯᠡᠨ ᠲᠤᠰ ᠨᠢᠭᠡᠳᠦᠯᠲᠡᠶ ᠲᠥᠯᠥᠪᠯᠡᠬᠦ ᠣᠷᠣᠨ᠎ᠤ ᠣᠨᠳᠣᠣ ᠭᠠᠵᠠᠷ ᠡᠮᠨᠡᠭᠦᠯᠬᠦ ᠴᠡᠭ ᠲᠣᠭᠲᠠᠭ᠋ᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ ᠥᠪᠡᠷᠲᠡᠭᠡᠨ ᠵᠠᠰᠠᠬᠤ ᠣᠷᠣᠨ᠎ᠤ ᠣᠨᠳᠣᠣ ᠭᠠᠵᠠᠷ ᠡᠮᠨᠡᠭᠦᠯᠬᠦ ᠵᠢ ᠡᠷᠬᠢᠯᠡᠨ ᠭᠦᠢ᠍ᠴᠡᠳᠬᠡᠬᠦ ᠪᠠᠶ᠋ᠢᠭᠤᠯᠤᠮᠵᠢ᠎ᠨᠢ ᠵᠥᠪᠯᠡᠯᠴᠡᠭᠡᠷ᠎ᠢ ᠦᠨᠳᠦᠰᠦᠯᠡᠨ ᠬᠥᠬᠡᠬᠣᠲᠠ ᠣᠷᠣᠨ᠎ᠤ ᠣᠨᠳᠣᠣ ᠭᠠᠵᠠᠷ ᠡᠮᠨᠡᠭᠦᠯᠬᠦ ᠴᠢᠭ ᠲᠣᠭᠲᠠᠭ᠋ᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ ᠵᠢ ᠬᠠᠮᠢᠶᠠᠷᠬᠤ ᠵᠢ ᠬᠠᠷᠢᠭᠤᠴᠠᠬᠤ ᠵᠢᠨ ᠬᠠᠮᠲᠤ ᠥᠪᠡᠷᠲᠡᠭᠡᠨ ᠵᠠᠰᠠᠬᠤ ᠣᠷᠣᠨ᠎ᠤ ᠣᠨᠳᠣᠣ ᠭᠠᠵᠠᠷ ᠡᠮᠨᠡᠭᠦᠯᠬᠦ ᠵᠢ ᠡᠷᠬᠢᠯᠡᠨ ᠭᠦᠢ᠍ᠴᠡᠳᠬᠡᠬᠦ ᠪᠠᠶ᠋ᠢᠭᠤᠯᠤᠮᠵᠢ᠎ᠳᠤ ᠮᠡᠳᠡᠭᠦᠯᠦᠨ ᠳᠠᠩᠰᠠᠯᠠᠭᠤᠯᠤᠨ᠎ᠠ; ᠲᠣᠰ ᠨᠢᠭᠡᠳᠦᠯᠲᠡᠶ ᠲᠥᠯᠥᠪᠯᠡᠬᠦ ᠣᠷᠣᠨ᠎ᠤ ᠳᠠᠭ᠋ᠠᠳᠬᠠᠯ᠎ᠳᠤ ᠣᠷᠣᠯᠴᠠᠭᠰᠠᠳ᠎ᠤᠨ ᠣᠨᠳᠣᠤ ᠭᠠᠵᠠᠷ᠎ᠲᠤ ᠡᠮᠨᠡᠭᠦᠯᠬᠦ ᠵᠢ ᠳᠡᠩᠰᠡᠯᠡᠵᠦ ᠭᠦᠢ᠍ᠴᠡᠳᠬᠡᠬᠦ ᠵᠢ ᠬᠠᠷᠢᠭᠤᠴᠠᠨ᠎ᠠ; ᠣᠨᠳᠣᠤ ᠭᠠᠵᠠᠷ᠎ᠲᠤ ᠡᠮᠨᠡᠭᠦᠯᠬᠦ ᠤᠷᠢᠳᠴᠢᠯᠠᠨ ᠥᠭᠬᠦ ᠮᠥᠩᠭᠥ ᠵᠢ ᠬᠠᠷᠢᠭᠤᠴᠠᠨ᠎ᠠ᠃
      ᠬᠣᠷᠢᠨ ᠬᠣᠶᠠᠳᠤᠭ᠋ᠠᠷ ᠵᠦᠢ᠍ᠯ ᠣᠨᠳᠣᠣ ᠭᠠᠵᠠᠷ ᠡᠮᠨᠡᠭᠦᠯᠦᠭᠰᠡᠨ ᠴᠡᠭ ᠲᠣᠭᠲᠠᠭ᠋ᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ᠎ᠨᠢ ᠣᠨᠳᠣᠣ ᠭᠠᠵᠠᠷ ᠡᠮᠨᠡᠭᠦᠯᠦᠭᠰᠡᠨ ᠬᠠᠮᠢᠶ᠎ᠠ ᠪᠦᠬᠦᠢ ᠳ᠋ᠦᠩᠨᠡᠨ ᠪᠣᠳᠣᠭᠰᠠᠨ ᠫᠢᠶᠣᠣ ᠪᠠᠷᠢᠮᠲᠠ ᠵᠢ ᠴᠠᠭ ᠲᠤᠬᠠᠶ᠎ᠳᠤᠨᠢ ᠬᠠᠩᠭ᠋ᠠᠵᠤ᠂ ᠣᠨᠳᠣᠣ ᠭᠠᠵᠠᠷ ᠡᠮᠨᠡᠭᠦᠯᠦᠭᠰᠡᠨ ᠠᠩᠬᠠᠨ᠎ᠤ ᠫᠢᠶᠣᠣ ᠪᠠᠷᠢᠮᠲᠠ ᠵᠢ ᠪᠣᠯ ᠡᠮᠨᠡᠭᠦᠯᠦᠭᠰᠡᠨ ᠭᠠᠵᠠᠷ᠎ᠤᠨ ᠡᠷᠬᠢᠯᠡᠨ ᠭᠦᠢ᠍ᠴᠡᠳᠬᠡᠬᠦ ᠪᠠᠶ᠋ᠢᠭᠤᠯᠤᠮᠵᠢ᠎ᠠᠴᠠ ᠦᠯᠡᠳᠡᠭᠡᠨ ᠬᠠᠳᠠᠭ᠋ᠠᠯᠠᠬᠤ ᠵᠢᠨ ᠬᠠᠮᠲᠤ ᠳᠠᠩᠰᠠ ᠬᠠᠷ᠎ᠠ ᠵᠢ ᠰᠢᠢ᠍ᠳᠪᠦᠷᠢᠯᠡᠬᠦ ᠬᠡᠷᠡᠭᠲᠡᠶ᠃
      ᠬᠣᠷᠢᠨ ᠭᠤᠷᠪᠠᠳᠤᠭ᠋ᠠᠷ ᠵᠦᠢ᠍ᠯ ᠶᠠᠮᠠᠷᠪᠠ ᠨᠢᠭᠡᠴᠡ ᠪᠠ ᠬᠤᠪᠢ ᠬᠥᠮᠦᠨ ᠭᠡᠳ ᠣᠨᠳᠣᠤ ᠭᠠᠵᠠᠷ᠎ᠲᠤ ᠡᠮᠨᠡᠭᠦᠯᠬᠦ ᠠᠵᠢᠯᠯᠠᠭ᠎ᠠ ᠳᠤᠮᠳᠠᠬᠢ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠢᠯᠡᠴᠢᠯᠡᠨ ᠮᠡᠳᠡᠭᠦᠯᠬᠦ᠂ ᠵᠠᠭ᠋ᠠᠯᠳᠤᠬᠤ ᠡᠷᠬᠡ᠎ᠲᠠᠢ᠂ ᠬᠣᠯᠪᠣᠭᠳᠠᠯ ᠪᠥᠬᠥᠶ ᠰᠠᠯᠠᠭ᠎ᠠ ᠮᠥᠴᠢᠷ᠎ᠤᠳ ᠲᠣᠰ ᠲᠣᠰ᠎ᠤᠨ ᠡᠭᠦᠷᠭᠡ ᠬᠠᠷᠢᠭᠤᠴᠠᠯᠭ᠎ᠠ ᠶᠣᠰᠣᠭ᠋ᠠᠷ ᠵᠶ᠋ᠠᠨ ᠬᠠᠤᠯᠢ ᠲᠣᠭᠲᠠᠭ᠋ᠠᠯ ᠶᠣᠰᠣᠭ᠋ᠠᠷ ᠰᠢᠢ᠍ᠳᠪᠦᠷᠢᠯᠡᠬᠦ ᠬᠡᠷᠡᠭᠲᠡᠶ᠃

     

      ᠵᠢᠷᠭᠤᠳᠤᠭ᠋ᠠᠷ ᠪᠦᠯᠦᠭ ᠳᠠᠭ᠋ᠠᠯᠳᠤᠭᠤᠯᠤᠭᠰᠠᠨ ᠳᠦᠷᠢᠮ

     

      ᠬᠣᠷᠢᠨ ᠳᠥᠷᠪᠡᠳᠦᠭᠡᠷ ᠵᠦᠢ᠍ᠯ ᠡᠯ᠎ᠡ ᠨᠢᠭᠡᠳᠦᠯᠲᠡᠶ ᠲᠥᠯᠥᠪᠯᠡᠬᠦ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠎ᠨᠢ ᠲᠣᠰ ᠠᠷᠭ᠎ᠠ ᠵᠢ ᠦᠨᠳᠦᠰᠦᠯᠡᠨ᠂ ᠲᠣᠰ ᠨᠢᠭᠡᠳᠦᠯᠲᠡᠶ ᠲᠥᠯᠥᠪᠯᠡᠬᠦ ᠣᠷᠣᠨ᠎ᠤ ᠣᠨᠳᠣᠤ ᠭᠠᠵᠠᠷ᠎ᠲᠤ ᠡᠮᠨᠡᠭᠦᠯᠬᠦ ᠵᠢ ᠬᠡᠷᠡᠭᠵᠢᠭᠦᠯᠬᠦ ᠨᠠᠷᠢᠨ ᠲᠦᠷᠢᠮ᠎ᠢ ᠲᠣᠭᠲᠠᠭ᠋ᠠᠵᠤ ᠪᠣᠯᠤᠨ᠎ᠠ᠃
      ᠬᠣᠷᠢᠨ ᠲᠠᠪᠤᠳᠤᠭ᠋ᠠᠷ ᠵᠦᠢ᠍ᠯ ᠲᠣᠰ ᠠᠷᠭ᠎ᠠ ᠵᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠎ᠠᠴᠠ ᠬᠠᠷᠢᠭᠤᠴᠠᠨ ᠲᠠᠶ᠋ᠢᠯᠪᠤᠷᠢᠯᠠᠨ᠎ᠠ᠃
      ᠬᠣᠷᠢᠨ ᠵᠢᠷᠭᠤᠳᠤᠭ᠋ᠠᠷ ᠵᠦᠢ᠍ᠯ ᠲᠣᠰ ᠠᠷᠭ᠎ᠠ ᠵᠢ 2021 ᠣᠨ᠎ᠤ 1 ᠳ᠋ᠦᠭᠡᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠣᠯᠠᠭ᠎ᠠ ᠵᠢᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠡᠮᠴᠢᠯᠡᠭᠡ ᠡᠷᠡᠭᠦᠯ ᠬᠠᠮᠠᠭ᠋ᠠᠯᠠᠯ᠎ᠤᠨ ᠬᠦᠷᠢᠶᠡᠨ᠎ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶ᠋ᠢᠮᠠᠭ ᠬᠤᠲᠠ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠬᠤᠪᠢᠶᠠᠷᠢᠯᠠᠬᠤ ᠥᠭᠡᠷᠡᠴᠢᠯᠡᠯᠲᠡ ᠵᠢᠨ ᠲᠥᠰᠦᠯ᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
《ᠪᠥᠬᠥ ᠬᠣᠲᠠ ᠵᠢᠨ ᠬᠤᠯᠤᠭ᠋ᠠᠨ᠎ᠠ ᠬᠢᠵᠢᠭ᠎ᠢ ᠰᠡᠷᠭᠡᠶ᠋ᠢᠯᠡᠨ ᠡᠵᠡᠮᠳᠡᠬᠦ ᠴᠢᠳᠠᠪᠤᠷᠢ ᠵᠢᠨ ᠪᠠᠶ᠋ᠢᠭᠤᠯᠤᠯᠲᠠ ᠵᠢ ᠴᠢᠩᠭ᠋ᠠᠳᠬᠠᠬᠤ ᠬᠡᠷᠡᠭᠵᠢᠭᠦᠯᠬᠦ ᠲᠥᠰᠦᠯ》᠎ᠢ ᠳᠠᠷᠤᠮᠠᠯᠯᠠᠨ ᠶᠠᠪᠤᠭᠤᠯᠬᠤ ᠲᠤᠬᠠᠶ ᠬᠥᠬᠡᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠬᠡᠷ᠎ᠤᠨ ᠮᠡᠳᠡᠭᠳᠡᠯ
《ᠤᠯᠤᠰ᠎ᠠᠴᠠ ᠵᠤᠬᠢᠶᠠᠨ ᠪᠠᠢ᠌ᠭᠤᠯᠤᠭᠰᠠᠨ ᠲᠢᠲᠢᠮ ᠰᠤᠳᠠᠯ᠎ᠤᠨ ᠲᠤᠯᠤᠭ᠋ᠠᠰᠦ ᠵᠢ ᠲᠥᠪᠯᠡᠷᠡᠭᠦᠯᠦᠨ ᠬᠡᠮᠵᠢᠶ᠎ᠠ᠎ᠲᠠᠢ ᠬᠤᠳᠠᠯᠳᠤᠨ ᠠᠪᠬᠤ ᠪᠠ ᠬᠡᠷᠡᠭᠯᠡᠬᠦ ᠠᠵᠢᠯ᠎ᠢ ᠨᠠᠢ᠌ᠳᠠᠪᠤᠷᠢᠵᠢᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠬᠡᠷᠡᠭᠵᠢᠭᠦᠯᠬᠦ ᠲᠥᠰᠦᠯ》᠎ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ
ᠰᠢᠨ᠎ᠡ᠎ᠪᠠᠷ ᠨᠡᠮᠡᠭᠳᠡᠭᠰᠡᠨ ᠡᠭᠦᠳᠡᠨ ᠡᠮᠨᠡᠯᠭᠡ ᠵᠢᠨ ᠵᠠᠷᠤᠳᠠᠯ᠎ᠢ ᠮᠣᠵᠢ ᠠᠯᠤᠰᠯᠠᠨ ᠰᠢᠭᠤᠳ ᠳ᠋ᠦᠩᠨᠡᠨ ᠪᠣᠳᠣᠬᠤ ᠲᠤᠷᠰᠢᠯᠲᠠ ᠵᠢᠨ ᠮᠣᠵᠢ ᠵᠢᠨ ᠨᠡᠷᠡᠰ᠎ᠢ ᠳᠠᠷᠤᠮᠠᠯᠯᠠᠨ ᠶᠠᠪᠤᠭᠤᠯᠬᠤ ᠲᠤᠬᠠᠢ ᠤᠯᠤᠰ᠎ᠤᠨ ᠡᠮ ᠡᠮᠨᠡᠯᠭᠡ ᠵᠢᠨ ᠳᠠᠭ᠋ᠠᠳᠬᠠᠯ᠎ᠤᠨ ᠲᠣᠪᠴᠢᠶᠠᠨ᠎ᠤ ᠠᠯᠪᠠᠨ ᠭᠡᠷ᠎ᠤᠨ ᠡᠳ᠋᠎ᠤᠨ ᠵᠠᠰᠠᠭ᠎ᠤᠨ ᠶᠠᠮᠤᠨ᠎ᠤ ᠠᠯᠪᠠᠨ ᠲᠢᠩᠭᠢᠮ᠎ᠤᠨ ᠮᠡᠳᠡᠭᠳᠡᠯ
ᠤᠯᠤᠰ᠎ᠤᠨ ᠡᠮᠴᠢᠯᠡᠭᠡ ᠵᠢᠨ ᠪᠠᠳᠤᠯᠠᠭ᠎ᠠ ᠵᠢᠨ ᠬᠡᠯᠡᠯᠴᠡᠭᠡ ᠬᠢᠬᠦ ᠡᠮ᠎ᠤᠨ ᠵᠦᠢ᠍ᠯ᠎ᠤᠨ 《ᠬᠣᠤᠰ ᠨᠡᠪᠲᠡᠷᠡᠬᠦ ᠵᠠᠮ》᠎ᠤᠨ ᠬᠠᠮᠢᠶᠠᠷᠤᠯᠲᠠ ᠵᠢᠨ ᠠᠵᠢᠯ᠎ᠢ ᠨᠠᠶ᠋ᠢᠳᠠᠪᠤᠷᠢᠵᠢᠭᠤᠯᠬᠤ ᠲᠤᠬᠠᠶ ᠮᠡᠳᠡᠭᠳᠡᠯ
 
            