ᠡᠯ᠎ᠡ ᠠᠢ᠌ᠮᠠᠭ ᠬᠣᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠂ ᠮᠠᠨᠵᠤᠤᠷ ᠬᠣᠲᠠ᠂ ᠡᠷᠢᠶᠡᠨ ᠬᠣᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠄
ᠤᠯᠤᠰ᠎ᠤᠨ ᠨᠢᠭᠡᠳᠦᠯᠲᠡᠶ ᠪᠠᠢ᠌ᠷᠢᠯᠠᠭᠤᠯᠤᠯᠳᠠ ᠵᠢᠨ ᠱᠠᠭ᠋ᠠᠷᠳᠠᠯᠭ᠎ᠠ ᠶᠣᠰᠣᠭ᠋ᠠᠷ᠂ ᠡᠳᠤᠭᠡ᠂ 《ᠤᠯᠤᠰ᠎ᠤᠨ ᠵᠤᠬᠢᠶᠠᠨ ᠪᠠᠢ᠌ᠭᠤᠯᠤᠭᠰᠠᠨ ᠲᠢᠲᠢᠮ ᠰᠤᠳᠠᠯ᠎ᠤᠨ ᠲᠤᠯᠤᠭ᠋ᠠᠰᠤ ᠵᠢ ᠲᠥᠪᠯᠡᠷᠡᠭᠦᠯᠦᠨ ᠬᠡᠮᠵᠢᠶ᠎ᠡ᠎ᠲᠠᠢ ᠬᠤᠳᠠᠯᠳᠤᠨ ᠠᠪᠬᠤ ᠪᠠ ᠬᠡᠷᠡᠭᠯᠡᠬᠦ ᠠᠵᠢᠯ᠎ᠢ ᠵᠣᠬᠢᠶᠠᠨ ᠪᠠᠢ᠌ᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠬᠡᠷᠡᠭᠵᠢᠭᠦᠯᠬᠦ ᠲᠥᠰᠦᠯ》᠎ᠢ ᠲᠠᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭ᠋ᠠᠶ ᠲᠣᠭᠣᠰᠢᠯᠠᠭᠣᠯᠣᠨ ᠨᠠᠢ᠌ᠳᠠᠪᠤᠷᠢᠵᠢᠭᠤᠯᠵᠤ᠂ 2021 ᠣᠨ᠎ᠤ 1 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ ᠡᠬᠢᠯᠡᠨ ᠲᠢᠲᠢᠮ ᠰᠤᠳᠠᠯ᠎ᠤᠨ ᠲᠤᠯᠤᠭ᠋ᠠᠰᠤ ᠵᠢᠨ ᠲᠥᠪᠯᠡᠷᠡᠭᠦᠯᠦᠨ ᠬᠡᠮᠵᠢᠶ᠎ᠡ᠎ᠲᠠᠢ ᠬᠤᠳᠠᠯᠳᠤᠨ ᠠᠪᠬᠤ᠎ᠳᠤ ᠰᠣᠩᠭᠣᠭᠳᠠᠭᠰᠠᠨ ᠦᠷ᠎ᠡ ᠳ᠋ᠦᠩ᠎ᠢ ᠮᠠᠨ᠎ᠤ ᠣᠷᠣᠨ᠎ᠳᠤ ᠪᠣᠳᠠᠲᠠᠢ᠌ᠵᠢᠭᠤᠯᠤᠨ ᠬᠡᠷᠡᠭᠵᠢᠭᠦᠯᠬᠦ ᠵᠢ ᠦᠨᠡᠨᠬᠦ ᠪᠠᠳᠤᠯᠠᠳᠤᠭ᠋ᠠᠢ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ
2020 ᠣᠨ᠎ᠤ 12 ᠰᠠᠷ᠎ᠠ ᠵᠢᠨ 31 ᠤ ᠡᠳᠦᠷ
ᠤᠯᠤᠰ᠎ᠠᠴᠠ ᠵᠤᠬᠢᠶᠠᠨ ᠪᠠᠢ᠌ᠭᠤᠯᠤᠭᠰᠠᠨ ᠲᠢᠲᠢᠮ ᠰᠤᠳᠠᠯ᠎ᠤᠨ ᠲᠤᠯᠤᠭ᠋ᠠᠰᠤ ᠵᠢ ᠲᠥᠪᠯᠡᠷᠡᠭᠦᠯᠦᠨ ᠬᠡᠮᠵᠢᠶ᠎ᠡ᠎ᠲᠠᠢ ᠬᠤᠳᠠᠯᠳᠤᠨ ᠠᠪᠬᠤ ᠪᠠ ᠬᠡᠷᠡᠭᠯᠡᠬᠦ ᠠᠵᠢᠯ᠎ᠢ ᠨᠠᠢ᠌ᠳᠠᠪᠤᠷᠢᠵᠢᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠬᠡᠷᠡᠭᠵᠢᠭᠦᠯᠬᠦ ᠲᠥᠰᠦᠯ
ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠡᠮᠵᠢᠶ᠎ᠡ᠎ᠲᠠᠢ᠎ᠪᠠᠷ ᠬᠤᠳᠠᠯᠳᠤᠨ ᠠᠪᠠᠨ᠋ᠥ ᠪᠠ ᠡᠮᠴᠢᠯᠡᠭᠡᠨ᠎ᠤ ᠥᠨᠳᠥᠷ ᠥᠷᠲᠡᠭᠲᠦ ᠬᠣᠷᠣᠭᠳᠠᠯ ᠮᠠᠲ᠋ᠧᠷᠢᠶᠠᠯ᠎ᠢ ᠵᠠᠰᠠᠬᠤ ᠵᠢ ᠪᠥᠬᠥ ᠲᠠᠯ᠎ᠠ᠎ᠪᠠᠷ ᠬᠡᠷᠡᠭᠵᠢᠭᠦᠯᠬᠦ ᠲᠤᠬᠠᠶ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠰᠢᠢᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠲᠣᠭᠣᠰᠢᠯᠠᠭᠣᠯᠣᠨ ᠨᠠᠢ᠌ᠳᠠᠪᠤᠷᠢᠵᠢᠭᠤᠯᠵᠤ᠂ ᠡᠮᠴᠢᠯᠡᠭᠡᠨ᠎ᠤ ᠳᠠᠭ᠋ᠠᠳᠬᠠᠯ᠎ᠤᠨ ᠰᠠᠯᠠᠭ᠎ᠠ ᠮᠥᠴᠢᠷ᠎ᠤᠨ ᠦᠢᠯᠡᠳᠦᠯ᠎ᠢ ᠢᠳᠡᠪᠬᠢᠲᠡᠶ ᠰᠠᠨᠠᠭ᠋ᠠᠴᠢᠯᠠᠭ᠎ᠠ᠎ᠠᠴᠠ᠎ᠪᠠᠨ ᠪᠠᠳᠠᠷᠠᠭᠤᠯᠤᠨ᠂ ᠳᠡᠮᠵᠢᠬᠦ᠂ ᠬᠥᠲᠥᠯᠦᠨ ᠵᠢᠯᠣᠭᠣᠳᠬᠤ ᠪᠠ ᠪᠠᠲᠤᠯᠠᠬᠤ ᠠᠷᠭ᠎ᠠ ᠬᠡᠮᠵᠢᠶ᠎ᠡ ᠵᠢ ᠲᠡᠭᠦᠯᠳᠡᠷᠵᠢᠭᠦᠯᠵᠦ᠂ ᠤᠯᠤᠰ᠎ᠠᠴᠠ ᠲᠢᠲᠢᠮ ᠰᠤᠳᠠᠯ᠎ᠤᠨ ᠲᠤᠯᠤᠭ᠋ᠠᠰᠤ ᠵᠢ ᠲᠥᠪᠯᠡᠷᠡᠭᠦᠯᠦᠨ ᠬᠡᠮᠵᠢᠶ᠎ᠡ᠎ᠲᠠᠢ᠎ᠪᠠᠷ ᠬᠤᠳᠠᠯᠳᠤᠨ ᠠᠪᠠᠨ᠋ᠥ ᠵᠢ ᠵᠣᠬᠢᠶᠠᠨ ᠪᠠᠢ᠌ᠭᠤᠯᠤᠭᠰᠠᠨ᠎ᠤ ᠦᠷ᠎ᠡ ᠳ᠋ᠦᠩ᠎ᠢ ᠮᠠᠨ᠎ᠤ ᠣᠷᠣᠨ᠎ᠳᠤ ᠲᠣᠭᠲᠠᠭᠤᠨ ᠵᠶ᠋ᠠᠷ ᠨᠠᠢ᠌ᠳᠠᠪᠤᠷᠢᠵᠢᠭᠤᠯᠤᠨ ᠬᠡᠷᠡᠭᠵᠢᠭᠦᠯᠬᠦ ᠵᠢ ᠠᠬᠢᠭᠤᠯᠬᠤ ᠵᠢᠨ ᠲᠤᠰᠠᠳᠠ᠂ 《ᠲᠢᠲᠢᠮ ᠰᠤᠳᠠᠯ᠎ᠤᠨ ᠲᠤᠯᠤᠭ᠋ᠠᠰᠤ ᠵᠢ ᠲᠥᠪᠯᠡᠷᠡᠭᠦᠯᠦᠨ ᠬᠡᠮᠵᠢᠶ᠎ᠡ᠎ᠲᠠᠢ᠎ᠪᠠᠷ ᠬᠤᠳᠠᠯᠳᠤᠨ ᠠᠪᠠᠨ᠋ᠥ ᠪᠠ ᠬᠡᠷᠡᠭᠯᠡᠬᠦ ᠲᠥᠬᠥᠷ ᠠᠷᠭ᠎ᠠ ᠬᠡᠮᠵᠢᠶ᠎ᠡ ᠵᠢᠨ ᠲᠤᠬᠠᠶ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠰᠠᠨᠠᠯ》 (ᠡᠮᠴᠢᠯᠡᠭᠡ ᠳᠠᠭ᠋ᠠᠳᠬᠠᠯ ᠲᠠᠷᠬᠠᠭ᠋ᠠᠭᠰᠠᠨ [2020] 51 ᠳ᠋ᠦ᠍ᠭᠡᠷ ᠲᠣᠭ᠋ᠠᠲᠤ) ᠤᠨ ᠱᠠᠭ᠋ᠠᠷᠳᠠᠯᠭ᠎ᠠ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠶ᠎ᠲᠠᠢ ᠤᠶᠠᠯᠳᠤᠭᠤᠯᠤᠨ᠂ ᠲᠣᠰ ᠬᠡᠷᠡᠭᠵᠢᠭᠦᠯᠬᠦ ᠲᠥᠰᠦᠯ᠎ᠢ ᠲᠣᠭᠲᠠᠭ᠋ᠠᠪᠠ᠃
ᠨᠢᠭᠡ᠂ ᠶᠡᠷᠦᠩᠬᠡᠶ ᠬᠠᠷᠠᠯᠲᠠ
ᠠᠷᠠᠳ ᠲᠦᠮᠡᠨ ᠵᠶ᠋ᠡᠷ ᠭᠣᠤᠯ ᠪᠣᠯᠭ᠋ᠠᠬᠤ ᠵᠢ ᠪᠠᠷᠢᠮᠲᠠᠯᠠᠵᠤ᠂ ᠲᠢᠲᠢᠮ ᠰᠤᠳᠠᠯ᠎ᠤᠨ ᠲᠤᠯᠤᠭ᠋ᠠᠰᠦ ᠵᠢᠨ ᠦᠢᠯᠡᠳᠪᠦᠷᠢᠯᠡᠯ᠂ ᠬᠤᠳᠠᠯᠳᠤᠨ ᠠᠪᠬᠤ᠂ ᠲᠣᠬᠢᠷᠠᠭᠤᠯᠤᠨ ᠬᠦᠷᠭᠡᠬᠦ᠂ ᠬᠡᠷᠡᠭᠯᠡᠬᠦ ᠣᠨᠴᠠᠯᠢᠭ᠎ᠲᠠᠢ ᠨᠢᠭᠲᠠ ᠤᠶᠠᠯᠳᠤᠭᠤᠯᠤᠨ᠂ ᠣᠲᠣ ᠵᠢᠨ ᠬᠡᠷᠡᠭᠵᠢᠭᠦᠯᠵᠦ ᠪᠠᠢ᠌ᠭ᠎ᠠ ᠡᠮᠴᠢᠯᠡᠭᠡᠨ᠎ᠤ ᠪᠠᠲᠤᠯᠠᠭ᠎ᠠ᠂ ᠡᠮ ᠡᠮᠨᠡᠯᠭᠡ ᠵᠢᠨ ᠦᠨ᠎ᠡ ᠬᠠᠩᠰᠢ ᠪᠠ ᠳᠠᠭ᠋ᠠᠭ᠋ᠠᠴᠢᠯᠠᠯᠲᠠ ᠵᠠᠷᠯᠠᠵᠤ ᠬᠤᠳᠠᠯᠳᠤᠨ ᠠᠪᠬᠤ ᠲᠥᠷᠥ ᠵᠢᠨ ᠪᠣᠳᠣᠯᠭ᠎ᠠ᠎ᠯᠤᠭ᠎ᠠ ᠣᠷᠭ᠋ᠠᠨᠢᠭ ᠵᠶ᠋ᠠᠷ ᠵᠣᠯᠭ᠋ᠠᠭᠤᠯᠵᠤ᠂ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠥ ᠵᠢᠨ ᠪᠠᠢ᠌ᠯᠳᠤᠬᠤ ᠪᠣᠳᠣᠯᠭ᠎ᠠ ᠵᠢᠨ ᠴᠢᠨᠠᠷᠲᠠᠶ ᠬᠤᠳᠠᠯᠳᠤᠨ ᠠᠪᠬᠤ ᠦᠢᠯᠡᠳᠦᠯ᠎ᠢ ᠪᠠᠳᠠᠷᠠᠭᠤᠯᠤᠨ᠂ ᠲᠠᠪᠴᠠᠩ᠎ᠳᠤ ᠰᠦᠯᠵᠢᠶᠡᠨ᠎ᠳᠤ ᠭᠠᠷᠭ᠋ᠠᠬᠤ᠂ ᠡᠮᠴᠢᠯᠡᠭᠡᠨ᠎ᠤ ᠳᠠᠭ᠋ᠠᠳᠬᠠᠯ᠎ᠤᠨ ᠲᠣᠭ᠋ᠠᠴᠠᠭ᠎ᠠ ᠬᠢᠬᠦ᠂ ᠡᠮᠴᠢᠯᠡᠭᠡᠨ᠎ᠤ ᠪᠠᠢ᠌ᠭᠤᠯᠤᠮᠵᠢ ᠵᠢᠨ ᠤᠷᠮᠠᠰᠢᠭᠤᠯᠵᠤ ᠬᠢᠵᠠᠭ᠋ᠠᠷᠯᠠᠬᠤ ᠵᠡᠷᠭᠡ ᠲᠥᠬᠥᠷ ᠠᠷᠭ᠎ᠠ ᠬᠡᠮᠵᠢᠶ᠎ᠡ ᠵᠢ ᠭᠦᠢᠴᠡᠳ ᠠᠰᠢᠭᠯᠠᠵᠤ᠂ ᠲᠢᠲᠢᠮ ᠰᠤᠳᠠᠯ᠎ᠤᠨ ᠲᠤᠯᠤᠭ᠋ᠠᠰᠦ ᠵᠢᠨ ᠬᠡᠮᠵᠢᠶ᠎ᠡ ᠲᠣᠭᠲᠠᠭ᠋ᠠᠵᠤ ᠲᠥᠪᠯᠡᠷᠡᠭᠦᠯᠦᠨ ᠬᠤᠳᠠᠯᠳᠤᠨ ᠠᠪᠬᠤ᠎ᠳᠤ ᠰᠣᠩᠭᠣᠭᠳᠠᠭᠰᠠᠨ ᠦᠷ᠎ᠡ ᠳ᠋ᠦᠩ᠎ᠢ ᠯᠠᠪᠳᠠᠭᠤᠨ ᠵᠶ᠋ᠠᠷ ᠬᠡᠷᠡᠭᠵᠢᠭᠦᠯᠬᠦ ᠵᠢ ᠠᠬᠢᠭᠤᠯᠤᠨ᠂ ᠠᠷᠠᠳ ᠣᠯᠠᠨ᠎ᠳᠤ ᠪᠣᠳᠠᠲᠤ ᠠᠰᠢᠭ ᠬᠦᠷᠲᠡᠭᠡᠬᠦ᠂ ᠡᠮᠴᠢᠯᠡᠭᠡᠨ᠎ᠤ ᠪᠠᠢ᠌ᠭᠤᠯᠤᠮᠵᠢ ᠪᠠ ᠡᠮᠨᠡᠯᠭᠡ ᠵᠢᠨ ᠠᠵᠢᠯᠲᠠᠨ᠎ᠳᠤ ᠵᠣᠷᠢᠭᠵᠢᠭᠤᠯᠤᠯ ᠣᠯᠭᠣᠬᠤ᠂ ᠡᠮ ᠡᠮᠨᠡᠯᠭᠡ ᠵᠢᠨ ᠠᠵᠤ ᠠᠬᠤᠢ᠌ᠯᠠᠯ᠎ᠤᠨ ᠴᠢᠨᠠᠷ ᠰᠠᠢ᠌ᠲᠠᠶ ᠬᠥᠭᠵᠢᠯᠲᠡ ᠵᠢᠨ ᠬᠠᠷᠠᠯᠲᠠ ᠵᠢ ᠪᠡᠶᠡᠯᠡᠭᠦᠯᠬᠦ ᠵᠢ ᠠᠬᠢᠭᠤᠯᠤᠨ᠎ᠠ᠃
ᠬᠣᠶᠠᠷ᠂ ᠬᠡᠷᠡᠭᠵᠢᠭᠦᠯᠬᠦ ᠬᠡᠪᠴᠢᠶ᠎ᠡ
(ᠨᠢᠭᠡ) ᠡᠮᠴᠢᠯᠡᠭᠡᠨ᠎ᠤ ᠪᠠᠢ᠌ᠭᠤᠯᠤᠮᠵᠢ ᠵᠢᠨ ᠬᠦᠷᠢᠶ᠎ᠡ ᠬᠡᠪᠴᠢᠶ᠎ᠡ
ᠪᠥᠬᠥ ᠣᠷᠣᠨ᠎ᠤ ᠲᠢᠲᠢᠮ ᠰᠤᠳᠠᠯ᠎ᠤᠨ ᠲᠤᠯᠤᠭ᠋ᠠᠰᠦ ᠵᠢᠨ ᠬᠡᠮᠵᠢᠶ᠎ᠡ ᠲᠣᠭᠲᠠᠭ᠋ᠠᠨ ᠬᠤᠳᠠᠯᠳᠤᠨ ᠠᠪᠬᠤ᠎ᠳᠤ ᠣᠷᠣᠯᠴᠠᠭᠰᠠᠨ ᠪᠥᠭᠡᠳ ᠬᠤᠳᠠᠯᠳᠤᠨ ᠠᠪᠬᠤ ᠬᠡᠷᠡᠭᠴᠡᠭᠡ ᠱᠠᠭ᠋ᠠᠷᠳᠠᠯᠭ᠎ᠠ ᠵᠢᠨ ᠬᠡᠮᠵᠢᠶ᠎ᠡ᠎ᠪᠠᠨ ᠮᠡᠳᠡᠭᠦᠯᠦᠨ ᠬᠦᠷᠭᠡᠭᠰᠡᠨ ᠡᠮᠴᠢᠯᠡᠭᠡᠨ᠎ᠤ ᠳᠠᠭ᠋ᠠᠳᠬᠠᠯ᠎ᠤᠨ ᠴᠡᠭ ᠲᠣᠭᠲᠠᠭᠰᠠᠨ ᠡᠮᠴᠢᠯᠡᠭᠡᠨ᠎ᠤ ᠪᠠᠢ᠌ᠭᠤᠯᠤᠮᠵᠢ᠃
(ᠬᠣᠶᠠᠷ) ᠲᠢᠲᠢᠮ ᠰᠤᠳᠠᠯ᠎ᠤᠨ ᠲᠤᠯᠤᠭ᠋ᠠᠰᠦ ᠵᠢᠨ ᠬᠡᠪᠴᠢᠶ᠎ᠡ
ᠤᠯᠤᠰ᠎ᠤᠨ ᠵᠣᠬᠢᠶᠠᠨ ᠪᠠᠢ᠌ᠭᠤᠯᠤᠯᠲᠠ ᠵᠢᠨ ᠥᠨᠳᠥᠷ ᠥᠷᠲᠡᠭᠲᠦ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠬᠠᠮᠲᠤᠷᠠᠨ ᠬᠤᠳᠠᠯᠳᠤᠨ ᠠᠪᠬᠤ ᠠᠯᠪᠠᠨ ᠬᠡᠷ᠎ᠤᠨ 2020 ᠣᠨ᠎ᠤ 11 ᠳ᠋ᠤᠭᠡᠷ ᠰᠠᠷ᠎ᠠ ᠵᠢᠨ 9 ᠤ ᠡᠳᠦᠷ ᠨᠡᠢ᠌ᠲᠡᠯᠡᠭᠰᠡᠨ 《ᠤᠯᠤᠰ᠎ᠤᠨ ᠵᠣᠬᠢᠶᠠᠨ ᠪᠠᠢ᠌ᠭᠤᠯᠤᠯᠲᠠ ᠵᠢᠨ ᠲᠢᠲᠢᠮ ᠰᠤᠳᠠᠯ᠎ᠤᠨ ᠲᠤᠯᠤᠭ᠋ᠠᠰᠦ ᠵᠢᠨ ᠬᠡᠮᠵᠢᠶ᠎ᠡ ᠲᠣᠭᠲᠠᠭ᠋ᠠᠨ ᠲᠥᠪᠯᠡᠷᠡᠭᠦᠯᠦᠨ ᠬᠤᠳᠠᠯᠳᠤᠨ ᠠᠪᠬᠤ᠎ᠳᠤ ᠰᠣᠩᠭᠣᠭᠳᠠᠭᠰᠠᠨ ᠦᠷ᠎ᠡ ᠳ᠋ᠦᠩ》᠎ᠤᠨ ᠶᠣᠰᠣᠭ᠋ᠠᠷ ᠬᠡᠷᠡᠭᠵᠢᠭᠦᠯᠦᠨ᠎ᠡ᠃
ᠭᠤᠷᠪᠠ᠂ ᠬᠡᠷᠡᠭᠵᠢᠭᠦᠯᠬᠦ ᠴᠠᠭ
ᠲᠣᠰ ᠤᠳᠠᠭ᠋ᠠᠨ᠎ᠤ ᠲᠢᠲᠢᠮ ᠰᠤᠳᠠᠯ᠎ᠤᠨ ᠲᠤᠯᠤᠭ᠋ᠠᠰᠦ ᠵᠢᠨ ᠲᠥᠪᠯᠡᠷᠡᠭᠦᠯᠦᠨ ᠬᠤᠳᠠᠯᠳᠤᠨ ᠠᠪᠬᠤ᠎ᠳᠤ ᠰᠣᠩᠭᠣᠭᠳᠠᠭᠰᠠᠨ ᠦᠷ᠎ᠡ ᠳ᠋ᠦᠩ᠎ᠢ 2021 ᠣᠨ᠎ᠤ 1 ᠳ᠋ᠤᠭᠡᠷ ᠰᠠᠷ᠎ᠠ ᠵᠢᠨ 1 ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃ ᠬᠤᠳᠠᠯᠳᠤᠨ ᠠᠪᠬᠤ ᠦᠶᠡᠯᠡᠯ᠎ᠨᠢ 2 ᠵᠢᠯ ᠪᠣᠯᠤᠨ᠎ᠠ᠂ ᠰᠣᠩᠭᠣᠭᠳᠠᠭᠰᠠᠨ ᠦᠷ᠎ᠡ ᠳ᠋ᠦᠩ᠎ᠢ ᠬᠡᠷᠡᠭᠵᠢᠭᠦᠯᠦᠭᠰᠡᠨ ᠡᠳᠦᠷ᠎ᠠᠴᠠ ᠡᠬᠢᠯᠡᠵᠦ ᠪᠤᠳᠤᠨ᠎ᠠ᠃
ᠳᠥᠷᠪᠡ᠂ ᠭᠣᠤᠯ ᠡᠭᠦᠷᠭᠡ
(ᠨᠢᠭᠡ) ᠲᠠᠪᠴᠠᠩ᠎ᠤᠨ ᠰᠦᠯᠵᠢᠶᠡᠨ᠎ᠳᠤ ᠭᠠᠷᠭ᠋ᠠᠬᠤ ᠠᠵᠢᠯ᠎ᠢ ᠵᠢᠷᠤᠮᠵᠢᠭᠤᠯᠤᠨ᠎ᠠ᠃ ᠲᠢᠲᠢᠮ ᠰᠤᠳᠠᠯ᠎ᠤᠨ ᠲᠤᠯᠤᠭ᠋ᠠᠰᠤ ᠵᠢᠨ ᠲᠥᠪᠯᠡᠷᠡᠭᠦᠯᠦᠨ ᠬᠤᠳᠠᠯᠳᠤᠨ ᠠᠪᠬᠤ᠎ᠳᠤ ᠰᠣᠩᠭᠣᠭᠳᠠᠭᠰᠠᠨ ᠦᠢᠯᠡᠳᠬᠦᠨ᠎ᠢ ᠰᠣᠩᠭᠣᠭᠳᠠᠭᠰᠠᠨ ᠦᠨ᠎ᠡ᠎ᠪᠠᠷ᠎ᠨᠢ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠵᠢᠨ ᠲᠥᠪᠯᠡᠷᠡᠭᠦᠯᠦᠨ ᠬᠤᠳᠠᠯᠳᠤᠨ ᠠᠪᠬᠤ ᠲᠠᠪᠴᠠᠩ᠎ᠤᠨ ᠰᠦᠯᠵᠢᠶᠡᠨ᠎ᠳᠤ ᠭᠠᠷᠭ᠋ᠠᠬᠤ ᠵᠢᠨ ᠬᠠᠮᠲᠤ᠂ ᠲᠣᠳᠣᠷᠬᠠᠢ᠌ᠯᠠᠯᠲᠠ ᠬᠢᠭᠡᠳ ᠪᠤᠰᠤᠳ ᠦᠢᠯᠡᠳᠬᠦᠨᠯᠦᠭᠡ ᠢᠯᠭ᠋ᠠᠵᠤ᠂ ᠡᠮᠴᠢᠯᠡᠭᠡᠨ᠎ᠤ ᠪᠠᠢ᠌ᠭᠤᠯᠤᠮᠵᠢ ᠰᠣᠩᠭᠣᠭᠳᠠᠭᠰᠠᠨ ᠦᠨ᠎ᠡ᠎ᠪᠠᠷ᠎ᠨᠢ ᠬᠤᠳᠠᠯᠳᠤᠨ ᠠᠪᠴᠤ᠂ ᠡᠪᠡᠳᠴᠢᠲᠡᠨ ᠰᠣᠩᠭᠣᠭᠳᠠᠭᠰᠠᠨ ᠦᠨ᠎ᠡ᠎ᠪᠠᠷ ᠬᠡᠷᠡᠭᠯᠡᠨ᠎ᠡ᠃ ᠰᠣᠩᠭᠣᠭᠳᠠᠭᠰᠠᠨ ᠦᠢ᠍ᠯᠡᠳᠬᠦᠨ᠎ᠠᠴᠠ ᠪᠤᠰᠤᠳ ᠲᠢᠲᠢᠮ ᠰᠤᠳᠠᠯ᠎ᠤᠨ ᠲᠤᠯᠤᠭ᠋ᠠᠰᠤᠳᠤ᠂ ᠴᠢᠳᠠᠮᠵᠢ ᠪᠣᠯᠤᠨ ᠦᠨ᠎ᠡ ᠬᠠᠩᠰᠢ ᠵᠢ ᠬᠠᠷᠢᠯᠴᠠᠨ ᠲᠣᠬᠢᠷᠠᠯᠴᠠᠭᠤᠯᠬᠤ ᠵᠠᠷᠴᠢᠮ ᠶᠣᠰᠣᠭ᠋ᠠᠷ ᠰᠣᠩᠭᠣᠭᠳᠠᠭᠰᠠᠨ ᠦᠢ᠍ᠯᠡᠳᠬᠦᠨᠯᠦᠭᠡ ᠵᠦᠢ ᠵᠣᠬᠢᠰᠲᠠᠶ ᠠᠳᠠᠯᠢᠳᠬᠠᠯ ᠦᠨ᠎ᠡ ᠵᠢᠨ ᠬᠠᠷᠢᠴᠠᠭ᠎ᠠ ᠵᠢ ᠪᠣᠳᠣᠯᠬᠢᠯᠠᠵᠤ᠂ ᠬᠠᠮᠢᠶ᠎ᠠ ᠪᠦᠬᠦᠢ ᠠᠵᠤ ᠠᠬᠤᠢ᠌ᠯᠠᠯ᠎ᠢ ᠬᠥᠲᠥᠯᠥᠨ ᠵᠢᠯᠣᠭᠣᠳᠬᠤ ᠪᠠ ᠵᠣᠷᠢᠭᠵᠢᠭᠤᠯᠵᠤ ᠪᠠᠢ᠌ᠭ᠋ᠠᠳ ᠦᠨ᠎ᠡ ᠬᠠᠩᠰᠢ ᠵᠢ ᠠᠯᠬᠤᠮ ᠠᠯᠬᠤᠮ ᠵᠶ᠋ᠠᠷ ᠵᠦᠢ ᠵᠣᠬᠢᠰᠲᠠᠶ ᠬᠢᠷᠢ ᠬᠡᠮᠵᠢᠶ᠎ᠡ᠎ᠳᠤ ᠬᠦᠷᠲᠡᠯ᠎ᠡ ᠲᠤᠬᠢᠷᠠᠭᠤᠯᠤᠨ᠎ᠠ᠃
(ᠬᠣᠶᠠᠷ) ᠰᠣᠩᠭᠣᠭᠳᠠᠭᠰᠠᠨ ᠦᠢ᠍ᠯᠡᠳᠬᠦᠨ᠎ᠤ ᠪᠣᠯᠵᠣᠨ ᠲᠣᠭᠲᠠᠭᠰᠠᠨ ᠬᠤᠳᠠᠯᠳᠤᠨ ᠠᠪᠬᠤ ᠬᠡᠮᠵᠢᠶ᠎ᠡ ᠵᠢ ᠨᠠᠢ᠌ᠳᠠᠪᠤᠷᠢᠵᠢᠭᠤᠯᠤᠨ᠎ᠠ᠃ ᠡᠮᠴᠢᠯᠡᠭᠡᠨ᠎ᠤ ᠪᠠᠢ᠌ᠭᠤᠯᠤᠮᠵᠢ᠎ᠨᠢ ᠬᠤᠳᠠᠯᠳᠤᠨ ᠠᠪᠬᠤ ᠭᠣᠣᠯ ᠴᠣᠭᠴᠠ ᠪᠣᠯᠤᠭᠰᠠᠨ᠎ᠤ ᠬᠤᠪᠢ᠎ᠳᠤ ᠰᠣᠩᠭᠣᠭᠳᠠᠭᠰᠠᠨ ᠠᠵᠤ ᠠᠬᠤᠢ᠌ᠯᠠᠯ ᠵᠢᠴᠢ ᠰᠣᠩᠭᠣᠨ ᠲᠣᠭᠲᠠᠭ᠋ᠠᠭᠰᠠᠨ ᠲᠣᠬᠢᠷᠠᠭᠤᠯᠤᠨ ᠬᠦᠷᠭᠡᠬᠦ ᠠᠵᠤ ᠠᠬᠤᠢ᠌ᠯᠠᠯ᠎ᠯᠤᠭ᠎ᠠ ᠬᠤᠳᠠᠯᠳᠤᠨ ᠠᠪᠬᠤ ᠪᠠ ᠪᠣᠷᠣᠯᠠᠭᠤᠯᠬᠤ ᠵᠥᠪᠯᠡᠯᠴᠡᠭᠡᠷ ᠲᠣᠭᠲᠠᠵᠤ᠂ ᠬᠤᠳᠠᠯᠳᠤᠨ ᠠᠪᠬᠤ ᠬᠡᠷᠡᠭᠴᠡᠭᠡ ᠱᠠᠭ᠋ᠠᠷᠳᠠᠯᠭ᠎ᠠ ᠵᠢᠨ ᠬᠡᠮᠵᠢᠶ᠎ᠡ ᠵᠢᠨ 80 % ᠵᠢ ᠳᠡᠭᠡᠭᠰᠢ ᠮᠡᠳᠡᠭᠦᠯᠬᠦ᠎ᠪᠠᠷ ᠰᠣᠩᠭᠣᠭᠳᠠᠭᠰᠠᠨ ᠦᠢ᠍ᠯᠡᠳᠬᠦᠨ᠎ᠤ ᠵᠥᠪᠯᠡᠯᠴᠡᠭᠡᠷ ᠵᠶ᠋ᠡᠷ ᠬᠤᠳᠠᠯᠳᠤᠨ ᠠᠪᠬᠤ ᠬᠡᠮᠵᠢᠶ᠎ᠡ ᠵᠢ ᠲᠣᠭᠲᠠᠭ᠋ᠠᠬᠤ ᠵᠢᠨ ᠬᠠᠮᠲᠤ ᠪᠡᠶᠡᠯᠡᠭᠦᠯᠦᠨ᠎ᠡ᠃ ᠵᠥᠪᠯᠡᠯᠴᠡᠭᠡᠷ ᠵᠶ᠋ᠡᠷ ᠬᠤᠳᠠᠯᠳᠤᠨ ᠠᠪᠬᠤ ᠬᠡᠮᠵᠢᠶ᠎ᠡ ᠵᠢ ᠪᠡᠶᠡᠯᠡᠭᠦᠯᠦᠭᠰᠡᠨ᠎ᠤ ᠳᠠᠷᠠᠭ᠎ᠠ᠂ ᠰᠣᠩᠭᠣᠭᠳᠠᠭᠰᠠᠨ ᠲᠥᠷᠥᠯ ᠵᠦᠢᠯ᠎ᠢ ᠮᠥᠨ ᠬᠦ᠌ ᠡᠩ ᠲᠡᠷᠢᠭᠦᠨ᠎ᠳᠤ ᠬᠡᠷᠡᠭᠯᠡᠬᠦ ᠬᠡᠷᠡᠭᠲᠡᠶ᠃ ᠬᠤᠳᠠᠯᠳᠤᠨ ᠠᠪᠬᠤ ᠦᠶᠡᠯᠡᠯ᠎ᠤᠨ ᠬᠤᠭᠤᠴᠠᠭ᠋ᠠᠨ᠎ᠳᠤ᠂ ᠵᠥᠪᠯᠡᠯᠴᠡᠭᠡᠷ᠎ᠤᠨ ᠬᠤᠳᠠᠯᠳᠤᠨ ᠠᠪᠬᠤ ᠬᠡᠮᠵᠢᠶ᠎ᠡ᠎ᠠᠴᠠ ᠬᠡᠲᠦᠷᠡᠭᠰᠡᠨ ᠬᠡᠰᠡᠭ᠎ᠢ ᠰᠣᠩᠭᠣᠭᠳᠠᠭᠰᠠᠨ ᠠᠵᠤ ᠠᠬᠤᠢ᠌ᠯᠠᠯ᠎ᠨᠢ ᠮᠥᠨ ᠬᠦ᠌ ᠰᠣᠩᠭᠣᠭᠳᠠᠭᠰᠠᠨ ᠦᠨ᠎ᠡ ᠬᠠᠩᠰᠢ᠎ᠪᠠᠷ ᠬᠠᠩᠭ᠋ᠠᠵᠤ᠂ ᠬᠤᠳᠠᠯᠳᠤᠨ ᠠᠪᠬᠤ ᠦᠶᠡᠯᠡᠯ᠎ᠤᠨ ᠬᠤᠭᠤᠴᠠᠭ᠎ᠠ᠎ᠨᠢ ᠳᠠᠭᠤᠰᠲᠠᠯ᠎ᠠ ᠬᠠᠩᠭ᠋ᠠᠨ᠎ᠠ᠃ ᠡᠮᠴᠢᠯᠡᠭᠡᠨ᠎ᠤ ᠪᠠᠢ᠌ᠭᠤᠯᠤᠮᠵᠢ᠎ᠨᠤᠭᠤᠳ ᠡᠩ ᠲᠡᠷᠢᠭᠦᠨ᠎ᠳᠤ ᠬᠤᠳᠠᠯᠳᠤᠨ ᠠᠪᠬᠤ᠎ᠲᠠᠭᠠᠨ ᠦᠢ᠍ᠯᠡᠳᠬᠦᠨ᠎ᠢ ᠰᠣᠩᠭᠣᠵᠤ᠂ ᠵᠥᠪᠯᠡᠯᠴᠡᠭᠡᠷ ᠵᠶ᠋ᠠᠷ ᠬᠤᠳᠠᠯᠳᠤᠨ ᠠᠪᠬᠤ ᠬᠡᠮᠵᠢᠶ᠎ᠡ ᠵᠢ ᠴᠠᠭ ᠬᠤᠭᠤᠴᠠᠭ᠎ᠠ ᠶᠣᠰᠣᠭ᠋ᠠᠷ ᠪᠡᠶᠡᠯᠡᠭᠦᠯᠬᠦ ᠵᠢ ᠦᠨᠡᠨᠬᠦ ᠪᠠᠲᠤᠯᠠᠭᠰᠠᠨ ᠤᠷᠢᠲᠠᠯ ᠳᠣᠣᠷ᠎ᠠ᠂ ᠰᠣᠩᠭᠣᠭᠰᠠᠨ ᠦᠭᠡᠢ ᠦᠨ᠎ᠡ ᠬᠠᠩᠰᠢ᠎ᠲᠤ ᠲᠤᠬᠢᠷᠠᠬᠤ ᠦᠢ᠍ᠯᠡᠳᠬᠦᠨ᠎ᠢ ᠵᠣᠬᠢᠰᠲᠠᠢ ᠬᠤᠳᠠᠯᠳᠤᠨ ᠠᠪᠴᠤ ᠪᠣᠯᠤᠨ᠎ᠠ᠃
(ᠭᠤᠷᠪᠠ) ᠰᠣᠩᠭᠣᠭᠳᠠᠭᠰᠠᠨ ᠦᠢ᠍ᠯᠡᠳᠬᠦᠨ᠎ᠤ ᠬᠠᠩᠭ᠋ᠠᠯᠭ᠎ᠠ ᠵᠢ ᠪᠠᠲᠤᠯᠠᠨ᠎ᠠ᠃ ᠦᠢ᠍ᠯᠡᠳᠪᠦᠷᠢᠯᠡᠯ᠎ᠤᠨ ᠠᠵᠤ ᠠᠬᠤᠢ᠌ᠯᠠᠯ ᠬᠠᠩᠭ᠋ᠠᠯᠭ᠎ᠠ ᠵᠢ ᠪᠠᠲᠤᠯᠠᠬᠤ ᠨᠢᠭᠡᠳᠦᠭᠡᠷ ᠬᠠᠷᠢᠭᠤᠴᠠᠯᠭ᠎ᠠ ᠡᠭᠦᠷᠭᠡᠯᠡᠭᠴᠢ ᠪᠣᠯᠤᠭᠰᠠᠨ᠎ᠤ ᠬᠤᠪᠢ᠎ᠳᠤ᠂ ᠬᠤᠳᠠᠯᠳᠤᠨ ᠠᠪᠬᠤ ᠪᠠ ᠪᠣᠷᠣᠯᠠᠭᠤᠯᠬᠤ ᠵᠥᠪᠳᠡᠯᠴᠡᠬᠡᠷ ᠵᠶ᠋ᠡᠨ ᠴᠢᠩᠭ᠎ᠠ ᠭᠦᠢ᠍ᠴᠡᠳᠬᠡᠵᠦ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠨᠥᠭᠡᠴᠡ᠂ ᠬᠥᠮᠥᠷᠭᠡ ᠵᠢᠨ ᠬᠠᠳᠠᠭ᠋ᠠᠯᠠᠯᠲᠠ ᠪᠣᠯᠤᠨ ᠦᠢ᠍ᠯᠡᠳᠪᠦᠷᠢᠯᠡᠯ ᠵᠶ᠋ᠡᠨ ᠵᠣᠭᠰᠣᠭ᠋ᠠᠬᠤ ᠮᠡᠳᠡᠭᠦᠯᠦᠯᠲᠡ ᠵᠢᠨ ᠳᠦᠷᠢᠮ᠎ᠢ ᠪᠠᠢ᠌ᠭᠤᠯᠤᠨ᠎ᠠ᠃ ᠦᠢ᠍ᠯᠡᠳᠪᠦᠷᠢᠯᠡᠯ᠎ᠤᠨ ᠠᠵᠤ ᠠᠬᠤᠢ᠌ᠯᠠᠯ᠎ᠠᠴᠠ ᠡᠵᠡᠨ ᠮᠡᠳᠡᠵᠦ ᠲᠣᠬᠢᠷᠠᠭᠤᠯᠤᠨ ᠬᠦᠷᠭᠡᠬᠦ ᠠᠵᠤ ᠠᠬᠤᠢ᠌ᠯᠠᠯ᠎ᠢ ᠰᠣᠩᠭᠣᠨ ᠲᠣᠭᠲᠠᠭ᠋ᠠᠬᠤ ᠱᠠᠭ᠋ᠠᠷᠳᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠵᠤ᠂ ᠬᠠᠩᠭ᠋ᠠᠯᠭ᠎ᠠ ᠬᠡᠷᠡᠭᠴᠡᠭᠡ ᠬᠣᠶᠠᠷ ᠲᠠᠯ᠎ᠠ ᠵᠢᠨ ᠵᠣᠯᠭ᠋ᠠᠯᠲᠠ ᠵᠢ ᠴᠢᠩᠭ᠋ᠠᠳᠬᠠᠨ᠂ ᠰᠣᠩᠭᠣᠭᠳᠠᠭᠰᠠᠨ ᠠᠵᠤ ᠠᠬᠤᠢ᠌ᠯᠠᠯ ᠬᠢᠭᠡᠳ ᠪᠤᠶ ᠪᠦᠬᠦᠢ ᠵᠥᠪᠳᠡᠯᠴᠡᠨ ᠬᠤᠳᠠᠯᠳᠤᠨ ᠠᠪᠬᠤ ᠡᠮᠴᠢᠯᠡᠭᠡᠨ᠎ᠤ ᠪᠠᠢ᠌ᠭᠤᠯᠤᠮᠵᠢ᠎ᠯᠤᠭ᠎ᠠ ᠲᠣᠬᠢᠷᠠᠭᠤᠯᠤᠨ ᠬᠦᠷᠭᠡᠬᠦ ᠬᠠᠷᠢᠴᠠᠭ᠎ᠠ ᠪᠠᠢ᠌ᠭᠤᠯᠵᠤ᠂ ᠴᠠᠭ ᠲᠤᠬᠠᠶ᠎ᠳᠤᠨᠢ ᠲᠣᠬᠢᠷᠠᠭᠤᠯᠤᠨ ᠬᠦᠷᠭᠡᠵᠦ ᠪᠣᠳᠠᠲᠠᠢ᠌ᠵᠢᠭᠤᠯᠬᠤ ᠵᠢ ᠦᠨᠡᠨᠬᠦ ᠪᠠᠲᠤᠯᠠᠨ᠂ ᠬᠡᠷᠡᠭᠯᠡᠬᠦ ᠵᠢ ᠪᠠᠲᠤᠯᠠᠨ᠎ᠠ᠃
(ᠳᠥᠷᠪᠡ) ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠥ ᠵᠢᠨ ᠤᠷᠢᠳᠴᠢᠯᠠᠨ ᠥᠭᠬᠦ ᠬᠠᠮᠢᠶᠠᠷᠤᠯᠲᠠ ᠵᠢ ᠬᠡᠷᠡᠭᠵᠢᠭᠦᠯᠦᠨ᠎ᠡ᠃ ᠡᠯ᠎ᠡ ᠨᠢᠭᠡᠳᠦᠯᠲᠡᠶ ᠲᠥᠯᠥᠪᠯᠡᠬᠦ ᠭᠠᠵᠠᠷ ᠣᠷᠣᠨ᠎ᠤ ᠡᠮᠴᠢᠯᠡᠭᠡᠨ᠎ᠤ ᠳᠠᠭ᠋ᠠᠳᠬᠠᠯ᠎ᠤᠨ ᠰᠠᠯᠠᠭ᠎ᠠ ᠮᠥᠴᠢᠷ᠎ᠤᠳ ᠰᠣᠩᠭᠣᠭᠳᠠᠭᠰᠠᠨ ᠦᠢᠯᠡᠳᠬᠦᠨ᠎ᠤ ᠰᠣᠩᠭᠣᠭᠳᠠᠭᠰᠠᠨ ᠦᠨ᠎ᠡ ᠬᠠᠩᠰᠢ᠂ ᠡᠯ᠎ᠡ ᠡᠮᠴᠢᠯᠡᠭᠡᠨ᠎ᠤ ᠪᠠᠢ᠌ᠭᠤᠯᠤᠮᠵᠢ ᠬᠢᠭᠡᠳ ᠠᠵᠤ ᠠᠬᠤᠢ᠌ᠯᠠᠯ᠎ᠤᠨ ᠪᠣᠯᠵᠣᠭᠰᠠᠨ ᠬᠤᠳᠠᠯᠳᠤᠨ ᠠᠪᠬᠤ ᠦᠢᠯᠡᠳᠬᠦᠨ ᠵᠢᠴᠢ ᠲᠣᠭ᠎ᠠ ᠬᠡᠮᠵᠢᠶ᠎ᠡ ᠵᠢ ᠦᠨᠳᠦᠰᠦᠯᠡᠨ᠂ ᠰᠣᠩᠭᠣᠭᠳᠠᠭᠰᠠᠨ ᠡᠯ᠎ᠡ ᠦᠢᠯᠡᠳᠬᠦᠨ᠎ᠤ ᠪᠣᠯᠵᠣᠭᠰᠠᠨ ᠬᠤᠳᠠᠯᠳᠤᠨ ᠠᠪᠬᠤ ᠵᠣᠭᠣᠰ᠎ᠤᠨ ᠲᠣᠭ᠎ᠠ ᠵᠢ ᠲᠥᠰᠦᠭᠡᠯᠡᠨ ᠪᠤᠳᠤᠨ᠎ᠠ᠃ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠥ ᠵᠢᠨ ᠶᠡᠷᠦᠩᠬᠡᠶ ᠲᠣᠭ᠎ᠠ ᠵᠢᠨ ᠲᠥᠰᠦᠪ᠎ᠤᠨ ᠰᠠᠭᠤᠷᠢᠨ ᠳᠡᠭᠡᠷ᠎ᠡ᠂ ᠤᠷᠢᠳᠴᠢᠯᠠᠨ ᠥᠭᠬᠦ ᠲᠣᠭᠲᠠᠴᠠ ᠵᠢ ᠪᠠᠢ᠌ᠭᠤᠯᠵᠤ᠂ ᠡᠮᠴᠢᠯᠡᠭᠡᠨ᠎ᠤ ᠪᠠᠢ᠌ᠭᠤᠯᠤᠮᠵᠢ᠎ᠨᠢ ᠰᠣᠩᠭᠣᠭᠳᠠᠭᠰᠠᠨ ᠠᠵᠤ ᠠᠬᠤᠢ᠌ᠯᠠᠯ᠎ᠯᠤᠭ᠎ᠠ ᠬᠤᠳᠠᠯᠳᠤᠨ ᠠᠪᠬᠤ ᠵᠥᠪᠯᠡᠯᠴᠡᠭᠡᠷ ᠲᠣᠭᠲᠠᠭᠰᠠᠨ᠎ᠤ ᠳᠠᠷᠠᠭ᠎ᠠ᠂ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠥ ᠵᠢ ᠣᠨ᠎ᠤ ᠪᠣᠯᠵᠣᠨ ᠲᠣᠭᠲᠠᠭᠰᠠᠨ ᠬᠤᠳᠠᠯᠳᠤᠨ ᠠᠪᠬᠤ ᠵᠣᠭᠣᠰ᠎ᠤᠨ ᠲᠣᠭ᠎ᠠ ᠵᠢᠨ 30 % ᠠᠴᠠ ᠳᠣᠤᠷ᠎ᠠ ᠪᠠᠢ᠌ᠯᠭ᠋ᠠᠬᠤ ᠥᠬᠡᠶ᠎ᠪᠠᠷ ᠡᠮᠴᠢᠯᠡᠭᠡᠨ᠎ᠤ ᠪᠠᠢ᠌ᠭᠤᠯᠤᠮᠵᠢ᠎ᠳᠤ ᠤᠷᠢᠳᠴᠢᠯᠠᠨ ᠥᠭᠭᠦᠨ᠎ᠡ᠃ ᠡᠮᠴᠢᠯᠡᠭᠡᠨ᠎ᠤ ᠪᠠᠢ᠌ᠭᠤᠯᠤᠮᠵᠢ᠎ᠨᠢ ᠪᠠᠷᠠᠭ᠋ᠠᠨ᠎ᠤ ᠵᠣᠭᠣᠰ᠎ᠢ ᠥᠭᠬᠦ ᠬᠠᠷᠢᠭᠤᠴᠠᠯᠭ᠎ᠠ ᠵᠢᠨ ᠭᠣᠣᠯ ᠴᠣᠭᠴᠠ ᠪᠣᠯᠤᠭᠰᠠᠨ᠎ᠤ ᠬᠤᠪᠢ᠎ᠳᠤ᠂ ᠠᠵᠤ ᠠᠬᠤᠢ᠌ᠯᠠᠯ᠎ᠯᠤᠭ᠎ᠠ ᠪᠠᠷᠠᠭ᠋ᠠᠨ᠎ᠤ ᠵᠣᠭᠣᠰ᠎ᠢ ᠴᠠᠭ ᠲᠤᠬᠠᠶ᠎ᠳᠤᠨᠢ ᠲᠠᠰᠤᠯᠤᠨ ᠪᠣᠳᠣᠵᠤ ᠳᠠᠭᠤᠰᠬᠠᠬᠤ ᠬᠡᠷᠡᠭᠲᠡᠶ᠂ ᠲᠠᠰᠤᠯᠤᠨ ᠪᠣᠳᠣᠬᠤ ᠴᠠᠭ ᠬᠤᠭᠤᠴᠠᠭ᠎ᠠ ᠵᠢ ᠪᠠᠷᠠᠭ᠎ᠠ ᠲᠤᠰᠢᠶᠠᠵᠦ ᠰᠢᠯᠭ᠋ᠠᠨ ᠠᠪᠬᠤ᠎ᠳᠤ ᠬᠢᠷᠢ ᠲᠡᠩᠴᠡᠭᠰᠡᠨ᠎ᠤ ᠳᠠᠷᠠᠭ᠋ᠠᠬᠢ ᠰᠠᠷ᠎ᠠ ᠵᠢᠨ ᠰᠡᠭᠦᠯᠴᠢ᠎ᠠᠴᠠ ᠬᠡᠲᠦᠷᠡᠭᠦᠯᠵᠦ ᠪᠣᠯᠬᠤ ᠦᠭᠡᠶ᠃
(ᠲᠠᠪᠤ) ᠡᠮᠴᠢᠯᠡᠭᠡᠨ᠎ᠤ ᠳᠠᠭ᠋ᠠᠳᠬᠠᠯ᠎ᠤᠨ ᠲᠣᠭ᠋ᠠᠴᠠᠭ᠎ᠠ ᠬᠢᠬᠦ ᠲᠥᠷᠥ ᠵᠢᠨ ᠪᠣᠳᠣᠯᠭ᠎ᠠ ᠵᠢ ᠵᠣᠯᠭ᠋ᠠᠭᠤᠯᠬᠤ ᠵᠢ ᠰᠠᠢ᠌ᠲᠤᠷ ᠬᠢᠨ᠎ᠡ᠃ ᠤᠯᠤᠰ᠎ᠠᠴᠠ ᠵᠣᠬᠢᠶᠠᠨ ᠪᠠᠢ᠌ᠭᠤᠯᠤᠯᠲᠠ ᠵᠢᠨ ᠭᠣᠤᠯ ᠪᠦᠲᠦᠴᠡ ᠵᠢᠨ ᠲᠥᠪᠯᠡᠷᠡᠭᠦᠯᠦᠨ ᠬᠤᠳᠠᠯᠳᠤᠨ ᠠᠪᠬᠤ᠎ᠳᠤ ᠰᠣᠩᠭᠣᠭᠳᠠᠭᠰᠠᠨ ᠦᠢᠯᠡᠳᠬᠦᠨ᠎ᠳᠤ ᠳᠤᠮᠳᠠ᠎ᠠᠴᠠ᠎ᠨᠢ ᠰᠣᠩᠭᠣᠭᠰᠠᠨ ᠦᠨ᠎ᠡ᠎ᠪᠠᠷ ᠲᠣᠭ᠋ᠠᠴᠠᠭ᠎ᠠ ᠬᠢᠬᠦ ᠪᠠᠷᠢᠮᠵᠢᠶ᠎ᠠ ᠪᠣᠯᠭ᠋ᠠᠵᠤ᠂ ᠪᠦᠬᠦᠨ᠎ᠢ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠥ ᠵᠢᠨ ᠲᠣᠭ᠋ᠠᠴᠠᠭ᠎ᠠ ᠬᠢᠬᠦ ᠬᠡᠪᠴᠢᠶᠡᠨ᠎ᠳᠤ ᠣᠷᠣᠭᠤᠯᠵᠤ᠂ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠥ᠎ᠳᠤ ᠲᠣᠭᠲᠠᠭ᠋ᠠᠭᠰᠠᠨ ᠬᠠᠷᠢᠴᠠᠯ ᠶᠣᠰᠣᠭ᠋ᠠᠷ ᠲᠣᠭ᠋ᠠᠴᠠᠭ᠎ᠠ ᠬᠢᠨ᠎ᠡ᠃ ᠰᠣᠩᠭᠣᠭᠳᠠᠭᠰᠠᠨ ᠦᠢᠯᠡᠳᠬᠦᠨ᠎ᠠᠴᠠ ᠪᠤᠰᠤᠳ ᠲᠢᠲᠢᠮ ᠰᠤᠳᠠᠯ᠎ᠤᠨ ᠲᠤᠯᠤᠭ᠋ᠠᠰᠤᠨᠢ ᠮᠠᠨ᠎ᠤ ᠣᠷᠣᠨ᠎ᠤ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠥ ᠵᠢᠨ ᠲᠣᠭ᠋ᠠᠴᠠᠭ᠎ᠠ ᠬᠢᠬᠦ ᠬᠡᠪᠴᠢᠶᠡᠨ᠎ᠳᠤ ᠬᠠᠷᠢᠶᠠᠯᠠᠭᠳᠠᠪᠠᠯ᠂ ᠪᠣᠳᠠᠲᠠᠶ ᠠᠷᠠᠯᠵᠢᠶᠠᠯᠠᠬᠤ ᠦᠨ᠎ᠡ ᠬᠠᠩᠰᠢ ᠵᠢ ᠦᠨᠳᠦᠰᠦᠯᠡᠨ ᠡᠮᠴᠢᠯᠡᠭᠡᠨ᠎ᠤ ᠳᠠᠭ᠋ᠠᠳᠬᠠᠯ᠎ᠤᠨ ᠲᠣᠭ᠋ᠠᠴᠠᠭ᠎ᠠ ᠬᠢᠬᠦ ᠪᠠᠷᠢᠮᠵᠢᠶ᠎ᠠ ᠵᠢ ᠵᠦᠶ ᠵᠣᠬᠢᠰᠲᠠᠶ ᠲᠣᠭᠲᠠᠭ᠋ᠠᠵᠤ᠂ ᠬᠣᠶᠠᠷ ᠵᠢᠯ᠎ᠤᠨ ᠳᠣᠲᠣᠷ᠎ᠠ ᠲᠣᠭ᠋ᠠᠴᠠᠭ᠎ᠠ ᠬᠢᠬᠦ ᠪᠠᠷᠢᠮᠵᠢᠶ᠎ᠠ ᠵᠢ ᠠᠯᠬᠤᠮ ᠠᠯᠬᠤᠮ ᠵᠶ᠋ᠠᠷ ᠳᠣᠭᠢᠷᠠᠭᠤᠯᠤᠨ᠂ ᠲᠡᠭᠦᠨ᠎ᠢ ᠬᠠᠮᠤᠭ᠎ᠤᠨ ᠥᠨᠳᠥᠷ ᠳᠣᠲᠣᠷ᠎ᠠ᠎ᠠᠴᠠ᠎ᠨᠢ ᠰᠣᠩᠭᠣᠭᠰᠠᠨ ᠦᠨ᠎ᠡ᠎ᠠᠴᠠ ᠬᠡᠲᠦᠷᠡᠭᠦᠯᠵᠦ ᠪᠣᠯᠬᠤ ᠥᠬᠡᠶ᠃
(ᠵᠢᠷᠭᠤᠭ᠎ᠠ) ᠡᠮᠴᠢᠯᠡᠭᠡᠨ᠎ᠤ ᠪᠠᠢ᠌ᠭᠤᠯᠤᠮᠵᠢ ᠵᠢ ᠤᠷᠮᠠᠰᠢᠭᠤᠯᠤᠨ ᠬᠢᠵᠠᠭ᠋ᠠᠷᠯᠠᠬᠤ ᠲᠣᠭᠲᠠᠴᠠ ᠵᠢ ᠲᠡᠭᠦᠯᠳᠡᠷᠵᠢᠭᠦᠯᠦᠨ᠎ᠡ᠃ ᠡᠯ᠎ᠡ ᠨᠢᠭᠡᠳᠦᠯᠲᠡᠶ ᠲᠥᠯᠥᠪᠯᠡᠬᠦ ᠣᠷᠣᠨ᠎ᠤ ᠡᠮᠴᠢᠯᠡᠭᠡᠨ᠎ᠤ ᠳᠠᠭ᠋ᠠᠳᠬᠠᠯ᠎ᠤᠨ ᠰᠠᠯᠠᠭ᠎ᠠ ᠮᠥᠴᠢᠷ᠎ᠨᠢ ᠲᠢᠲᠢᠮ ᠰᠤᠳᠠᠯ᠎ᠤᠨ ᠲᠤᠯᠤᠭ᠋ᠠᠰᠤ ᠵᠢ ᠴᠤᠭᠯᠠᠭᠤᠯᠬᠤ ᠬᠡᠪᠴᠢᠶᠡᠨ ᠳᠣᠲᠣᠷᠠᠬᠢ ᠲᠥᠷᠥᠯ ᠵᠦᠢᠯ᠎ᠳᠤ ᠡᠮᠴᠢᠯᠡᠭᠡᠨ᠎ᠤ ᠳᠠᠭ᠋ᠠᠳᠬᠠᠯ᠎ᠤᠨ ᠪᠠᠯᠠ ᠮᠥᠩᠭᠥ ᠵᠢᠨ ᠲᠥᠰᠦᠪ᠎ᠤᠨ ᠬᠠᠮᠢᠶᠠᠷᠤᠯᠲᠠ ᠵᠢ ᠬᠡᠷᠡᠭᠵᠢᠭᠦᠯᠵᠦ᠂ ᠡᠮᠴᠢᠯᠡᠭᠡᠨ᠎ᠤ ᠳᠠᠭ᠋ᠠᠳᠬᠠᠯ᠎ᠤᠨ ᠪᠠᠯᠠ ᠮᠥᠩᠭᠥ ᠵᠢᠨ ᠦᠯᠡᠳᠡᠪᠦᠷᠢ ᠬᠡᠰᠡᠭ᠎ᠢ ᠰᠢᠯᠭ᠋ᠠᠨ ᠬᠢᠨᠠᠭᠰᠠᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠡᠮ᠎ᠤᠨ ᠵᠦᠢᠯ᠎ᠢ ᠲᠥᠪᠯᠡᠷᠡᠭᠦᠯᠦᠨ ᠬᠤᠳᠠᠯᠳᠤᠨ ᠠᠪᠬᠤ ᠵᠢ ᠵᠣᠬᠢᠶᠠᠨ ᠪᠠᠢ᠌ᠭᠤᠯᠤᠭᠰᠠᠨ ᠦᠯᠡᠳᠡᠪᠦᠷᠢ ᠵᠢ ᠦᠯᠡᠳᠡᠭᠡᠵᠦ ᠬᠡᠷᠡᠭᠯᠡᠬᠦ ᠵᠢ ᠨᠠᠢ᠌ᠳᠠᠪᠤᠷᠢᠵᠢᠭᠤᠯᠬᠤ ᠬᠠᠷᠢᠴᠠᠯ ᠶᠣᠰᠣᠭ᠋ᠠᠷ ᠡᠮᠴᠢᠯᠡᠭᠡᠨ᠎ᠤ ᠪᠠᠢ᠌ᠭᠤᠯᠤᠮᠵᠢ ᠵᠢᠨ ᠦᠯᠡᠳᠡᠪᠦᠷᠢ ᠵᠢ ᠦᠯᠡᠳᠡᠭᠡᠵᠦ ᠬᠡᠷᠡᠭᠯᠡᠨ᠎ᠡ᠃ ᠡᠪᠡᠳᠴᠢᠨ᠎ᠤ ᠲᠥᠷᠥᠯ (ᠡᠪᠡᠳᠴᠢᠨ᠎ᠤ ᠳᠤᠭᠤᠢ᠌ᠯᠠᠩ) ᠵᠶ᠋ᠠᠷ ᠵᠠᠷᠤᠳᠠᠯ ᠲᠤᠰᠢᠶᠠᠬᠤ ᠠᠷᠭ᠎ᠠ ᠮᠠᠶᠢᠭ᠎ᠢ ᠬᠡᠷᠡᠭᠵᠢᠭᠦᠯᠦᠭᠰᠡᠨ ᠭᠠᠵᠠᠷ ᠣᠷᠣᠨ᠎ᠨᠢ᠂ ᠡᠪᠡᠳᠴᠢᠲᠡᠨ᠎ᠤ ᠥᠪᠡᠰᠦᠪᠡᠨ ᠳᠥᠯᠥᠬᠦ ᠬᠡᠰᠡᠭ᠎ᠤᠨ ᠲᠡᠭᠦᠵᠦ ᠴᠤᠭᠯᠠᠭᠤᠯᠬᠤ᠎ᠳᠤ ᠦᠨ᠎ᠡ ᠵᠢ᠎ᠨᠢ ᠪᠠᠭᠤᠷᠠᠭᠤᠯᠬᠤ ᠦᠷ᠎ᠡ ᠪᠦᠲᠦᠮᠵᠢ ᠵᠢ ᠪᠦᠷᠢᠮᠦᠰᠦᠨ ᠭᠥᠷᠳᠡᠬᠦ ᠵᠢ ᠦᠨᠡᠨᠬᠦ ᠪᠠᠲᠤᠯᠠᠭᠰᠠᠨ ᠤᠷᠢᠲᠠᠯ ᠳᠣᠤᠷ᠎ᠠ᠂ ᠲᠦᠷᠦᠭᠦᠦ ᠵᠢᠯ᠎ᠳᠤ ᠵᠣᠬᠢᠬᠤ ᠡᠪᠡᠳᠴᠢᠨ᠎ᠤ ᠲᠥᠷᠥᠯ (ᠡᠪᠡᠳᠴᠢᠨ᠎ᠤ ᠳᠤᠭᠤᠢ᠌ᠯᠠᠩ)᠎ᠤᠨ ᠡᠮᠴᠢᠯᠡᠭᠡᠨ᠎ᠤ ᠳᠠᠭ᠋ᠠᠳᠬᠠᠯ᠎ᠤᠨ ᠲᠣᠭ᠋ᠠᠴᠠᠭ᠎ᠠ ᠬᠢᠬᠦ ᠪᠠᠷᠢᠮᠵᠢᠶ᠎ᠠ ᠵᠢ ᠪᠠᠭᠤᠷᠠᠭᠤᠯᠬᠤ ᠥᠬᠡᠶ ᠪᠠᠢ᠌ᠵᠤ ᠪᠣᠯᠤᠨ᠎ᠠ᠂ ᠬᠣᠢ᠌ᠰᠢᠳᠠ ᠡᠪᠡᠳᠴᠢᠨ᠎ᠤ ᠲᠥᠷᠥᠯ (ᠡᠪᠡᠳᠴᠢᠨ᠎ᠤ ᠳᠤᠭᠤᠢ᠌ᠯᠠᠩ)᠎ᠤᠨ ᠡᠮᠴᠢᠯᠡᠭᠡᠨ᠎ᠤ ᠳᠠᠭ᠋ᠠᠳᠬᠠᠯ᠎ᠤᠨ ᠲᠣᠭ᠋ᠠᠴᠠᠭ᠎ᠠ ᠬᠢᠬᠦ ᠪᠠᠷᠢᠮᠵᠢᠶ᠎ᠠ ᠵᠢ ᠲᠣᠭᠲᠠᠭ᠋ᠠᠯ ᠶᠣᠰᠣᠭ᠋ᠠᠷ ᠲᠣᠭᠲᠠᠮᠠᠯ ᠬᠤᠭᠤᠴᠠᠭ᠎ᠠ᠎ᠲᠠᠢ᠎ᠪᠠᠷ ᠳᠣᠭᠢᠷᠠᠭᠤᠯᠵᠤ ᠪᠣᠯᠤᠨ᠎ᠠ᠃ ᠡᠯ᠎ᠡ ᠵᠦᠢᠯ᠎ᠤᠨ ᠤᠷᠮᠠᠰᠢᠭᠤᠯᠬᠤ ᠠᠷᠭ᠎ᠠ ᠮᠠᠶᠢᠭ᠎ᠢ ᠵᠣᠯᠭ᠋ᠠᠭᠤᠯᠬᠤ ᠠᠵᠢᠯ᠎ᠢ ᠰᠠᠢ᠌ᠲᠤᠷ ᠬᠢᠵᠦ᠂ ᠳᠠᠪᠬᠤᠷᠳᠠᠭᠤᠯᠬᠤ᠎ᠠᠴᠠ ᠵᠠᠢ᠌ᠯᠠᠰᠬᠢᠬᠤ ᠬᠡᠷᠡᠭᠲᠡᠶ᠃
ᠳᠥᠷᠪᠡ᠂ ᠠᠵᠢᠯ᠎ᠤᠨ ᠱᠠᠭ᠋ᠠᠷᠳᠠᠯᠭ᠎ᠠ
(ᠨᠢᠭᠡ) ᠵᠣᠬᠢᠶᠠᠨ ᠪᠠᠢ᠌ᠭᠤᠯᠤᠨ ᠨᠠᠢ᠌ᠳᠠᠪᠤᠷᠢᠵᠢᠭᠤᠯᠬᠤ ᠵᠢ ᠰᠠᠢ᠌ᠲᠤᠷ ᠬᠢᠬᠦ ᠬᠡᠷᠡᠭᠲᠡᠶ᠃ ᠡᠯ᠎ᠡ ᠱᠠᠲᠤᠨ᠎ᠤ ᠡᠮᠴᠢᠯᠡᠭᠡᠨ᠎ᠤ ᠳᠠᠭ᠋ᠠᠳᠬᠠᠯ᠎ᠤᠨ ᠰᠠᠯᠠᠭ᠎ᠠ ᠮᠥᠴᠢᠷ᠎ᠤᠳ ᠤᠯᠤᠰ᠎ᠠᠴᠠ ᠲᠢᠲᠢᠮ ᠰᠤᠳᠠᠯ᠎ᠤᠨ ᠲᠤᠯᠤᠭ᠋ᠠᠰᠤ ᠵᠢ ᠲᠥᠪᠯᠡᠷᠡᠭᠦᠯᠦᠨ ᠬᠡᠮᠵᠢᠶ᠎ᠡ ᠠᠪᠴᠤ ᠬᠤᠳᠠᠯᠳᠤᠨ ᠠᠪᠬᠤ ᠪᠠ ᠬᠡᠷᠡᠭᠯᠡᠬᠦ ᠵᠢᠨ ᠴᠢᠬᠤᠯᠠ ᠠᠴᠢ ᠬᠣᠯᠪᠣᠭᠳᠠᠯ᠎ᠢ ᠭᠦᠨᠵᠡᠭᠡᠶ ᠲᠠᠨᠢᠵᠤ᠂ ᠬᠠᠷᠢᠭᠤᠴᠠᠯᠭ᠋ᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ᠎ᠪᠠᠨ ᠤᠯᠠᠮ ᠨᠢᠭᠡ ᠠᠯᠬᠤᠮ ᠴᠢᠩᠭ᠋ᠠᠳᠬᠠᠨ᠂ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ᠎ᠪᠠᠨ ᠦᠨᠡᠨᠬᠦ ᠴᠢᠩᠭ᠋ᠠᠳᠬᠠᠵᠤ᠂ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠴᠠᠭ ᠲᠤᠬᠠᠶ᠎ᠳᠤᠨᠢ ᠲᠡᠭᠦᠯᠳᠡᠷᠵᠢᠭᠦᠯᠦᠨ᠂ ᠰᠠᠯᠠᠭ᠎ᠠ ᠮᠥᠴᠢᠷ᠎ᠤᠨ ᠬᠠᠮᠵᠢᠯᠴᠠᠭ᠎ᠠ ᠵᠢ ᠰᠠᠨᠠᠭ᠋ᠠᠴᠢᠯᠠᠭ᠎ᠠ᠎ᠠᠴᠠ᠎ᠪᠠᠨ ᠠᠬᠢᠭᠤᠯᠵᠤ᠂ ᠲᠦᠭᠰᠢᠭᠦᠷᠢ ᠵᠢ ᠰᠡᠷᠭᠡᠢ᠌ᠯᠡᠬᠦ ᠵᠢ ᠬᠢᠨᠠᠮᠠᠭ᠋ᠠᠶ ᠰᠠᠢ᠌ᠲᠤᠷ ᠬᠢᠵᠦ᠂ ᠲᠥᠪᠯᠡᠷᠡᠭᠦᠯᠦᠨ ᠬᠤᠳᠠᠯᠳᠤᠨ ᠠᠪᠤᠭᠰᠠᠨ ᠦᠷ᠎ᠡ ᠳ᠋ᠦᠩ᠎ᠢ ᠪᠣᠳᠠᠲᠠᠢ᠌ᠵᠢᠭᠤᠯᠤᠨ ᠬᠡᠷᠡᠭᠵᠢᠭᠦᠯᠬᠦ ᠵᠢ ᠯᠠᠪᠳᠠᠭᠤᠨ ᠪᠥᠭᠡᠳ ᠡᠮᠬᠢ ᠵᠢᠷᠤᠮ᠎ᠲᠠᠢ᠎ᠪᠠᠷ ᠠᠬᠢᠭᠤᠯᠬᠤ ᠬᠡᠷᠡᠭᠲᠡᠶ᠃
(ᠬᠣᠶᠠᠷ) ᠬᠢᠨᠠᠨ ᠰᠢᠨᠵᠢᠵᠦ ᠰᠢᠯᠭ᠋ᠠᠨ ᠬᠢᠨᠠᠬᠤ ᠵᠢ ᠴᠢᠩᠭ᠋ᠠᠳᠬᠠᠨ᠎ᠠ᠃ ᠡᠯ᠎ᠡ ᠱᠠᠲᠤᠨ᠎ᠤ ᠡᠮᠴᠢᠯᠡᠭᠡᠨ᠎ᠤ ᠳᠠᠭ᠋ᠠᠳᠬᠠᠯ᠎ᠤᠨ ᠰᠠᠯᠠᠭ᠎ᠠ ᠮᠥᠴᠢᠷ᠎ᠤᠳ 《ᠰᠠᠷ᠎ᠠ ᠪᠦᠷᠢ ᠬᠢᠨᠠᠨ ᠰᠢᠨᠵᠢᠬᠦ᠂ ᠣᠨ᠎ᠤ ᠰᠢᠯᠭ᠋ᠠᠨ ᠬᠢᠨᠠᠬᠤ》 ᠱᠠᠭ᠋ᠠᠷᠳᠠᠯᠭ᠎ᠠ ᠶᠣᠰᠣᠭ᠋ᠠᠷ᠂ ᠴᠡᠭ ᠲᠣᠭᠲᠠᠭ᠋ᠠᠭᠰᠠᠨ ᠡᠮᠴᠢᠯᠡᠭᠡᠨ᠎ᠤ ᠪᠠᠢ᠌ᠭᠤᠯᠤᠮᠵᠢ ᠵᠢᠨ ᠲᠢᠲᠢᠮ ᠰᠤᠳᠠᠯ᠎ᠤᠨ ᠲᠤᠯᠤᠭ᠋ᠠᠰᠤ ᠬᠤᠳᠠᠯᠳᠤᠨ ᠠᠪᠬᠤ᠂ ᠬᠡᠷᠡᠭᠯᠡᠬᠦ᠂ ᠵᠣᠭᠣᠰ ᠪᠤᠴᠠᠭ᠋ᠠᠬᠤ ᠵᠡᠷᠭᠡ ᠴᠤᠭᠯᠠᠭᠤᠯᠤᠭᠰᠠᠨ ᠦᠷ᠎ᠡ ᠳ᠋ᠦᠩ᠎ᠢ ᠬᠡᠷᠡᠭᠵᠢᠭᠦᠯᠦᠭᠰᠡᠨ ᠪᠠᠢ᠌ᠳᠠᠯ᠎ᠢ ᠨᠢᠭᠲᠠ ᠬᠢᠨᠠᠨ ᠰᠢᠨᠵᠢᠬᠦ ᠵᠢᠨ ᠬᠠᠮᠲᠤ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠰᠢᠮᠳᠠᠭᠤᠯᠤᠨ ᠵᠢᠯᠣᠭᠣᠳᠴᠤ ᠨᠠᠢ᠌ᠳᠠᠪᠤᠷᠢᠵᠢᠭᠤᠯᠬᠤ ᠵᠢ ᠰᠠᠢ᠌ᠲᠤᠷ ᠬᠢᠵᠦ᠂ ᠬᠡᠷᠡᠭᠵᠢᠭᠦᠯᠦᠭᠰᠡᠨ ᠪᠠᠢ᠌ᠳᠠᠯ᠎ᠢ ᠴᠢᠭ ᠲᠣᠭᠲᠠᠭ᠋ᠠᠭᠰᠠᠨ ᠡᠮᠴᠢᠯᠡᠭᠡᠨ᠎ᠤ ᠪᠠᠢ᠌ᠭᠤᠯᠤᠮᠵᠢ ᠵᠢᠨ ᠵᠥᠪᠯᠡᠯᠴᠡᠭᠡᠷ᠎ᠤᠨ ᠬᠠᠮᠢᠶᠠᠷᠤᠯᠲᠠ ᠵᠢᠨ ᠰᠢᠯᠭ᠋ᠠᠨ ᠬᠢᠨᠠᠬᠤ᠎ᠳᠤ ᠣᠷᠣᠭᠤᠯᠬᠤ ᠬᠡᠷᠡᠭᠲᠡᠶ᠃ ᠬᠤᠳᠠᠯᠳᠤᠨ ᠠᠪᠬᠤ ᠦᠶᠡᠯᠡᠯ᠎ᠤᠨ ᠬᠤᠭᠤᠴᠠᠭ᠋ᠠᠨ᠎ᠳᠤ ᠰᠣᠩᠭᠣᠭᠳᠠᠭᠰᠠᠨ ᠦᠢᠯᠡᠳᠬᠦᠨ᠎ᠤ ᠬᠤᠳᠠᠯᠳᠤᠨ ᠠᠪᠬᠤ ᠬᠡᠮᠵᠢᠶ᠎ᠡ ᠵᠢ ᠭᠡᠷ᠎ᠡ᠎ᠳᠤ ᠪᠣᠯᠵᠣᠭᠰᠠᠨ ᠶᠣᠰᠣᠭ᠋ᠠᠷ ᠪᠡᠶᠡᠯᠡᠭᠦᠯᠦᠭᠰᠡᠨ ᠥᠬᠡᠶ ᠪᠠᠢ᠌ᠪᠠᠯ᠂ ᠲᠡᠭᠦᠨ᠎ᠤ ᠦᠯᠡᠳᠡᠪᠦᠷᠢ ᠵᠢ ᠦᠯᠡᠳᠡᠭᠡᠨ ᠬᠡᠷᠡᠭᠯᠡᠬᠦ ᠪᠠᠯᠠ ᠮᠥᠩᠭᠥ ᠵᠢᠴᠢ ᠳᠠᠷᠠᠭ᠎ᠠ ᠨᠢᠭᠡ ᠵᠢᠯ᠎ᠤᠨ ᠡᠮᠴᠢᠯᠡᠭᠡᠨ᠎ᠤ ᠳᠠᠭ᠋ᠠᠳᠬᠠᠯ᠎ᠤᠨ ᠵᠠᠷᠤᠳᠠᠯ᠎ᠤᠨ ᠲᠣᠭ᠎ᠠ ᠬᠡᠮᠵᠢᠶ᠎ᠡ ᠵᠢ ᠵᠣᠬᠢᠬᠤ ᠬᠡᠮᠵᠢᠶ᠎ᠡ᠎ᠪᠠᠷ ᠬᠠᠰᠤᠨ᠎ᠠ᠃
(ᠭᠤᠷᠪᠠ) ᠤᠬᠠᠭᠤᠯᠵᠤ ᠬᠥᠲᠥᠯᠥᠨ ᠵᠢᠯᠣᠭᠣᠳᠬᠤ ᠵᠢ ᠴᠢᠩᠭ᠋ᠠᠷᠠᠭᠤᠯᠤᠨ᠎ᠠ᠃ ᠡᠯ᠎ᠡ ᠱᠠᠲᠤᠨ᠎ᠤ ᠡᠮᠴᠢᠯᠡᠭᠡᠨ᠎ᠤ ᠳᠠᠭ᠋ᠠᠳᠬᠠᠯ᠎ᠤᠨ ᠰᠠᠯᠠᠭ᠎ᠠ ᠮᠥᠴᠢᠷ᠎ᠤᠳ ᠣᠯᠠᠨ ᠵᠦᠢᠯ᠎ᠤᠨ ᠠᠷᠭ᠎ᠠ ᠵᠠᠮ ᠪᠠ ᠠᠷᠭ᠎ᠠ ᠮᠠᠶᠢᠭ᠎ᠢ ᠠᠪᠴᠤ᠂ ᠲᠥᠷᠥ ᠵᠢᠨ ᠪᠣᠳᠣᠯᠭ᠎ᠠ ᠵᠢ ᠴᠠᠭ ᠲᠤᠬᠠᠶ᠎ᠳᠤᠨᠢ ᠣᠨᠣᠪᠴᠢᠲᠠᠶ ᠤᠩᠰᠢᠨ ᠲᠠᠢ᠌ᠯᠪᠤᠷᠢᠯᠠᠵᠤ᠂ ᠢᠯᠠᠩᠭᠤᠶ᠎ᠠ ᠤᠷᠮᠠᠰᠢᠭᠤᠯᠬᠤ ᠲᠥᠷᠥ ᠵᠢᠨ ᠪᠣᠳᠣᠯᠭ᠎ᠠ ᠵᠢ ᠡᠮᠨᠡᠯᠭᠡ ᠵᠢᠨ ᠠᠵᠢᠯᠲᠠᠨ᠎ᠳᠤ ᠳᠠᠮᠵᠢᠭᠤᠯᠤᠨ ᠥᠭᠴᠦ᠂ ᠡᠮᠨᠡᠯᠭᠡ ᠵᠢᠨ ᠠᠵᠢᠯᠲᠠᠨ᠎ᠤ ᠮᠡᠳᠡᠷᠡᠬᠦ ᠰᠡᠳᠬᠢᠯᠭᠡ ᠵᠢ ᠭᠦᠨᠵᠡᠭᠡᠢ᠌ᠷᠡᠭᠦᠯᠦᠨ᠂ ᠡᠪᠡᠳᠴᠢᠲᠡᠨ᠎ᠤ ᠬᠡᠷᠡᠭᠯᠡᠬᠦ ᠡᠷᠡᠭᠡᠯᠵᠡᠯ᠎ᠢ ᠠᠷᠢᠯᠭ᠋ᠠᠬᠤ ᠬᠡᠷᠡᠭᠲᠡᠶ᠃ ᠡᠭᠦᠨ᠎ᠤ ᠬᠠᠮᠲᠤ᠂ ᠵᠠᠭ᠋ᠠᠯᠳᠤᠯᠭ᠎ᠠ ᠵᠠᠬᠢᠳᠠᠯ ᠰᠤᠷᠪᠤᠯᠵᠢᠯᠠᠯ᠂ ᠰᠦᠯᠵᠢᠶᠡᠨ᠎ᠤ ᠶᠠᠷᠢᠶ᠎ᠠ ᠬᠡᠯᠡᠯᠴᠡᠭᠡᠨ᠎ᠤ ᠪᠠᠢ᠌ᠳᠠᠯ᠎ᠢ ᠨᠢᠭᠲᠠ ᠬᠢᠨᠠᠨ ᠬᠡᠮᠵᠢᠵᠦ᠂ ᠶᠠᠷᠢᠶ᠎ᠠ ᠬᠡᠯᠡᠯᠴᠡᠭᠡ᠎ᠪᠠᠷ ᠬᠥᠲᠥᠯᠥᠨ ᠵᠢᠯᠣᠭᠣᠳᠬᠤ᠂ ᠲᠣᠬᠢᠷᠠᠭᠤᠯᠤᠨ ᠡᠵᠡᠮᠳᠡᠬᠦ ᠪᠠ ᠬᠠᠮᠢᠶᠠᠷᠬᠤ ᠠᠵᠢᠯ᠎ᠢ ᠴᠠᠭ ᠲᠤᠬᠠᠶ᠎ᠳᠤᠨᠢ ᠰᠠᠢ᠌ᠲᠤᠷ ᠬᠢᠵᠦ᠂ ᠶᠠᠷᠢᠶ᠎ᠠ ᠬᠡᠯᠡᠯᠴᠡᠭᠡᠨ᠎ᠤ ᠪᠠᠢ᠌ᠳᠠᠯ᠎ᠤᠨ ᠪᠦᠬᠦᠯᠢ ᠴᠣᠭᠴᠠ᠎ᠪᠠᠷ ᠵᠶ᠋ᠠᠨ ᠲᠣᠭᠲᠠᠭᠤᠨ ᠪᠥᠭᠡᠳ ᠡᠵᠡᠮᠳᠡᠵᠦ ᠪᠣᠯᠬᠤ ᠵᠢ ᠦᠨᠡᠨᠬᠦ ᠪᠠᠲᠤᠯᠠᠵᠤ᠂ ᠨᠡᠢ᠌ᠭᠡᠮ᠎ᠤᠨ ᠰᠠᠢ᠌ᠨ ᠰᠠᠢ᠌ᠬᠠᠨ ᠠᠭᠤᠷ ᠠᠮᠢᠰᠬᠤᠯ᠎ᠢ ᠪᠣᠶ ᠪᠣᠯᠭ᠋ᠠᠬᠤ ᠬᠡᠷᠡᠭᠲᠡᠶ᠃