ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠪᠢᠴᠢᠭ ᠮᠠᠲ᠋ᠧᠷᠢᠶᠠᠯ
ᠬᠦᠨᠳᠦ ᠣᠨᠴᠠ ᠶᠡᠬᠡ ᠡᠪᠡᠳᠴᠢᠨ᠎ᠤ ᠡᠮᠴᠢᠯᠡᠭᠡ ᠵᠢᠨ ᠪᠠᠳᠤᠯᠠᠭ᠎ᠠ ᠪᠠ ᠠᠪᠤᠷᠠᠨ ᠲᠤᠰᠠᠯᠠᠬᠤ ᠳᠦᠷᠢᠮ᠎ᠤᠨ ᠪᠦᠷᠢᠨᠰᠢᠭᠦᠯᠬᠦ ᠲᠤᠬᠠᠶ ᠲᠥᠷᠥ ᠵᠢᠨ ᠶᠠᠪᠤᠳᠠᠯ᠎ᠤᠨ ᠬᠣᠷᠢᠶᠠᠨ᠎ᠤ ᠲᠤᠬᠠᠶ ᠰᠠᠨᠠᠯ
ᠨᠡᠶ᠋ᠢᠲᠡᠯᠡᠭᠰᠡᠨ ᠴᠠᠭ᠄ 2021-11-06

      ᠲᠦᠷᠦ ᠠᠯᠪᠠᠨ ᠲᠠᠷᠬᠠᠭ᠋ᠠᠭᠰᠠᠨ [2021] 42 ᠳ᠋ᠤᠭ᠋ᠠᠷ ᠲᠣᠭ᠋ᠠᠲᠤ
   
ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠡᠯ᠎ᠡ ᠶᠠᠮᠤᠨ ᠵᠥᠪᠯᠡᠯ᠂ ᠡᠯ᠎ᠡ ᠰᠢᠭᠤᠳ ᠬᠠᠷᠢᠶ᠎ᠠ ᠪᠠᠶ᠋ᠢᠭᠤᠯᠤᠮᠵᠢ᠎ᠳᠤ᠄
      ᠬᠦᠨᠳᠦ ᠣᠨᠴᠠ ᠶᠡᠬᠡ ᠡᠪᠡᠳᠴᠢᠨ ᠡᠮᠭᠡᠭ᠎ᠤᠨ ᠡᠮᠴᠢᠯᠡᠭᠡ ᠵᠢᠨ ᠪᠠᠳᠤᠯᠠᠭ᠎ᠠ ᠵᠢ ᠰᠠᠶ᠋ᠢᠲᠤᠷ ᠬᠢᠬᠦ ᠪᠣᠯ ᠬᠦᠴᠢᠷᠳᠡᠯ᠎ᠲᠠᠢ ᠤᠯᠠᠨ ᠲᠦᠮᠡᠨ ᠪᠠ ᠬᠦᠨᠳᠦ ᠡᠪᠡᠳᠴᠢᠲᠡᠨ᠎ᠤ ᠡᠮ ᠡᠮᠨᠡᠯᠭᠡ ᠵᠢᠨ ᠵᠠᠷᠤᠳᠠᠯ᠎ᠤᠨ ᠳᠠᠷᠤᠭ᠋ᠠᠰᠤ ᠵᠢ ᠤᠯᠠᠮ ᠨᠢᠭᠡ ᠠᠯᠬᠤᠮ ᠬᠥᠩᠭᠡᠷᠡᠭᠦᠯᠵᠦ᠂ ᠡᠪᠡᠳᠴᠢᠨ᠎ᠠᠴᠠ ᠪᠤᠯᠵᠤ ᠶᠠᠳᠠᠭᠤᠷᠠᠬᠤ ᠪᠠ ᠲᠠᠬᠢᠨ ᠶᠠᠳᠠᠭᠤᠷᠠᠬᠤ ᠵᠢ ᠰᠡᠷᠭᠡᠶ᠋ᠢᠯᠡᠵᠦ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠵᠢᠨ ᠨᠠᠭ᠋ᠠᠳᠤ ᠵᠠᠬ᠎ᠠ ᠵᠢᠨ ᠪᠠᠷᠢᠮᠵᠢᠶ᠎ᠠ ᠵᠢ ᠪᠠᠲᠤᠳᠬᠠᠬᠤ ᠴᠢᠬᠤᠯᠠ ᠠᠷᠭ᠎ᠠ ᠬᠡᠮᠵᠢᠶ᠎ᠡ ᠮᠥᠨ᠃ ᠡᠮᠴᠢᠯᠡᠭᠡ ᠵᠢᠨ ᠪᠠᠳᠤᠯᠠᠭ᠎ᠠ ᠵᠢᠨ ᠲᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠪᠠ ᠨᠡᠶ᠋ᠢᠭᠡᠮ᠎ᠤᠨ ᠠᠪᠤᠷᠠᠨ ᠲᠤᠰᠠᠯᠠᠬᠤ ᠲᠦᠷᠢᠮ᠎ᠢ ᠲᠡᠭᠦᠯᠳᠡᠷᠵᠢᠭᠦᠯᠬᠦ ᠲᠤᠬᠠᠶ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠰᠢᠢ᠍ᠳᠪᠦᠷᠢᠳᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠭᠦᠨᠵᠡᠭᠡᠶ ᠲᠤᠤᠱᠯᠠᠭᠤᠯᠵᠤ᠂ ᠡᠮᠴᠢᠯᠡᠭᠡ ᠵᠢᠨ ᠪᠠᠳᠤᠯᠠᠭ᠎ᠠ ᠵᠢᠨ ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ᠂ ᠠᠷᠠᠳ ᠣᠯᠠᠨ᠎ᠤ ᠬᠦᠷᠲᠡᠮᠵᠢ ᠵᠢᠨ ᠲᠥᠷᠥᠭᠳᠡᠯ᠂ ᠵᠤᠯ ᠵᠢᠷᠭ᠋ᠠᠯᠲᠤ ᠲᠥᠷᠥᠭᠳᠡᠯ᠂ ᠠᠮᠤᠷ ᠲᠦᠪᠰᠢᠨ᠎ᠤ ᠲᠥᠷᠥᠭᠳᠡᠯ᠎ᠢ ᠲᠠᠰᠤᠷᠠᠯᠲᠠ ᠥᠬᠡᠶ ᠨᠡᠮᠡᠭᠳᠡᠭᠦᠯᠬᠦ ᠵᠢᠨ ᠲᠤᠰᠠᠳᠠ᠂ ᠲᠥᠷᠥ ᠵᠢᠨ ᠶᠠᠪᠤᠳᠠᠯ᠎ᠤᠨ ᠬᠣᠷᠢᠶ᠎ᠠ᠎ᠪᠠᠷ ᠵᠥᠪᠰᠢᠶᠡᠷᠡᠭᠦᠯᠦᠭᠡᠳ᠂ ᠡᠳᠦᠭᠡ ᠬᠦᠨᠳᠦ ᠣᠨᠴᠠ ᠶᠡᠬᠡ ᠡᠪᠡᠳᠴᠢᠨ ᠡᠮᠭᠡᠭ᠎ᠤᠨ ᠡᠮᠴᠢᠯᠡᠭᠡ ᠵᠢᠨ ᠪᠠᠳᠤᠯᠠᠭ᠎ᠠ ᠪᠠ ᠠᠪᠤᠷᠠᠨ ᠲᠤᠰᠠᠯᠠᠬᠤ ᠲᠦᠷᠢᠮ᠎ᠢ ᠪᠦᠷᠢᠨᠰᠢᠭᠦᠯᠬᠦ ᠲᠤᠬᠠᠶ ᠳᠣᠤᠷᠠᠬᠢ ᠮᠡᠲᠦ ᠰᠠᠨᠠᠯ᠎ᠢ ᠳᠤᠷᠠᠳᠪᠠ᠃
      ᠨᠢᠭᠡ᠂ ᠶᠡᠷᠦᠩᠬᠡᠶ ᠱᠠᠭ᠋ᠠᠷᠳᠠᠯᠭ᠎ᠠ
      ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭ᠋ᠠᠵᠤ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ᠂ ᠭᠤᠷᠪᠠᠳᠤᠭ᠋ᠠᠷ᠂ ᠳᠥᠷᠪᠡᠳᠦᠭᠡᠷ᠂ ᠲᠠᠪᠤᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠤᠱᠯᠠᠭᠤᠯᠵᠤ᠂ ᠠᠷᠠᠳ ᠲᠦᠮᠡᠨ ᠵᠶ᠋ᠠᠷ ᠭᠣᠣᠯ ᠪᠣᠯᠭ᠋ᠠᠬᠤ ᠵᠢ ᠪᠠᠷᠢᠮᠲᠠᠯᠠᠵᠤ᠂ ᠬᠠᠮᠲᠤᠪᠠᠷ ᠴᠢᠨᠡᠭᠡᠯᠢᠭᠵᠢᠬᠦ ᠴᠢᠭᠯᠡᠯ᠎ᠢ ᠪᠠᠷᠢᠮᠲᠠᠯᠠᠵᠤ᠂ ᠪᠠᠲᠤᠯᠠᠬᠤ ᠶᠣᠰᠣᠲᠠᠢ ᠵᠢ᠎ᠨᠢ ᠪᠦᠬᠦᠨ᠎ᠢ ᠪᠠᠲᠤᠯᠠᠵᠤ᠂ ᠦᠨᠳᠦᠰᠦᠨ ᠵᠦᠢ᠍ᠯ᠎ᠢ ᠪᠠᠲᠤᠯᠠᠬᠤ ᠵᠢ ᠪᠠᠷᠢᠮᠲᠠᠯᠠᠵᠤ᠂ ᠴᠢᠳᠠᠯ᠎ᠤᠨ ᠵᠶ᠋ᠠᠨ ᠬᠢᠷᠢ᠎ᠪᠠᠷ ᠠᠵᠢᠯᠯᠠᠵᠤ᠂ ᠠᠷᠠᠳ᠎ᠤᠨ ᠠᠮᠢᠳᠤᠷᠠᠯ᠎ᠤᠨ ᠰᠠᠶ᠋ᠢᠵᠢᠷᠠᠯᠲᠠ ᠵᠢ ᠨᠡᠩ ᠦᠷᠭᠦᠯᠵᠢᠯᠡᠭᠦᠯᠬᠦ ᠵᠢ ᠠᠬᠢᠭᠤᠯᠤᠨ᠎ᠠ᠃ ᠬᠦᠴᠢᠷᠳᠡᠯ᠎ᠲᠠᠢ ᠣᠯᠠᠨ ᠲᠦᠮᠡᠨ᠎ᠤ ᠬᠦᠨᠳᠦ ᠣᠨᠴᠠ ᠶᠡᠬᠡ ᠡᠪᠡᠳᠴᠢᠨ ᠡᠮᠭᠡᠭ᠎ᠤᠨ ᠡᠮᠴᠢᠯᠡᠭᠡᠨ᠎ᠤ ᠵᠠᠷᠤᠳᠠᠯ᠎ᠤᠨ ᠳᠠᠷᠤᠭ᠋ᠠᠰᠤ ᠵᠢ ᠬᠦᠩᠭᠡᠯᠡᠵᠦ᠂ ᠡᠪᠡᠳᠴᠢᠨ᠎ᠠᠴᠠ ᠪᠣᠯᠵᠣ ᠶᠠᠳᠠᠭᠤᠷᠠᠬᠤ ᠪᠠ ᠳᠠᠬᠢᠨ ᠶᠠᠳᠠᠭᠤᠷᠠᠬᠤ ᠵᠢ ᠰᠡᠷᠭᠡᠶ᠋ᠢᠯᠡᠬᠦ ᠪᠠ ᠠᠷᠢᠯᠭ᠋ᠠᠬᠤ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠠᠶ᠋ᠢᠭᠤᠯᠤᠨ ᠪᠦᠷᠢᠨᠰᠢᠬᠦᠯᠵᠦ᠂ ᠦᠨᠳᠦᠰᠦᠨ ᠡᠮᠴᠢᠯᠡᠭᠡᠨ᠎ᠤ ᠳᠠᠭ᠋ᠠᠳᠬᠠᠯ᠂ ᠬᠦᠨᠳᠦ ᠡᠪᠡᠳᠴᠢᠨ᠎ᠤ ᠳᠠᠭ᠋ᠠᠳᠬᠠᠯ᠂ ᠡᠮᠴᠢᠯᠡᠭᠡᠨ᠎ᠤ ᠠᠪᠤᠷᠠᠨ ᠲᠤᠰᠠᠯᠠᠯᠲᠠ (ᠳᠣᠷᠣᠭᠰᠢ ᠭᠤᠷᠪᠠᠨ ᠵᠦᠢ᠍ᠯ᠎ᠤᠨ ᠲᠦᠷᠢᠮ ᠭᠡᠵᠦ ᠶᠡᠷᠦᠩᠬᠡᠶ᠋ᠢᠯᠡᠨ ᠨᠡᠷᠡᠶ᠋ᠢᠳᠦᠨ᠎ᠡ) ᠵᠢᠨ ᠶᠡᠷᠦᠩᠬᠡᠶ᠋ᠢᠯᠡᠭᠰᠡᠨ ᠪᠠᠲᠤᠯᠠᠭ᠎ᠠ ᠵᠢ ᠴᠢᠩᠭ᠋ᠠᠷᠠᠭᠤᠯᠤᠨ᠂ ᠬᠦᠴᠢᠷᠳᠡᠯᠲᠡᠶ ᠣᠯᠠᠨ ᠲᠦᠮᠡᠨ᠎ᠤ ᠡᠮᠴᠢᠯᠡᠭᠡᠨ᠎ᠤ ᠪᠠᠲᠤᠯᠠᠭ᠎ᠠ ᠵᠢᠨ ᠣᠯᠭᠣᠮᠵᠢ ᠵᠢᠨ ᠪᠠᠷᠢᠮᠵᠢᠶ᠎ᠠ ᠵᠢ ᠦᠨᠡᠨ᠎ᠢ ᠪᠠᠷᠢᠮᠲᠠᠯᠠᠨ ᠲᠣᠭᠲᠠᠭ᠋ᠠᠵᠤ᠂ ᠬᠦᠴᠢᠷᠳᠡᠯᠲᠡᠶ ᠣᠯᠠᠨ ᠲᠦᠮᠡᠨ᠎ᠤ ᠦᠨᠳᠦᠰᠦᠨ ᠡᠮᠴᠢᠯᠡᠭᠡᠨ᠎ᠤ ᠪᠠᠲᠤᠯᠠᠭ᠎ᠠ᠎ᠲᠠᠢ ᠪᠠᠶ᠋ᠢᠬᠤ ᠵᠢ ᠦᠨᠡᠨᠬᠦ ᠪᠠᠲᠤᠯᠠᠵᠤ᠂ ᠬᠦᠨᠳᠦ ᠣᠨᠴᠠ ᠶᠡᠬᠡ ᠡᠪᠡᠳᠴᠢᠨ ᠡᠮᠭᠡᠭ᠎ᠲᠤ ᠨᠡᠷᠪᠡᠭᠳᠡᠭᠰᠡᠨ᠎ᠠᠴᠠ ᠪᠣᠯᠵᠣ ᠦᠨᠳᠦᠰᠦᠨ ᠠᠮᠢᠳᠤᠷᠠᠯ᠎ᠢ ᠨᠥᠯᠥᠭᠡᠯᠡᠬᠦ ᠥᠬᠡᠶ ᠪᠠᠶ᠋ᠢᠬᠤ ᠵᠢᠨ ᠬᠠᠮᠲᠤ ᠬᠡᠲᠦ ᠪᠠᠲᠤᠯᠠᠭ᠎ᠠ᠎ᠠᠴᠠ ᠵᠠᠶ᠋ᠢᠯᠠᠰᠬᠢᠨ᠎ᠡ᠃ ᠭᠤᠷᠪᠠᠨ ᠵᠦᠢ᠍ᠯ᠎ᠤᠨ ᠲᠦᠷᠢᠮ᠎ᠤᠨ ᠶᠡᠷᠦᠩᠬᠡᠶ᠋ᠢᠯᠡᠭᠰᠡᠨ ᠪᠠᠲᠤᠯᠠᠭ᠎ᠠ ᠵᠢ ᠨᠢᠭᠦᠯᠡᠰᠦᠩᠭᠦᠶ ᠵᠢᠨ ᠠᠪᠤᠷᠠᠨ ᠲᠤᠰᠠᠯᠠᠬᠤ᠂ ᠬᠤᠳᠠᠯᠳᠤᠭ᠋ᠠᠨ᠎ᠤ ᠡᠷᠡᠭᠦᠯ ᠮᠡᠨᠳᠦ ᠵᠢᠨ ᠳᠠᠭ᠋ᠠᠳᠬᠠᠯ ᠵᠡᠷᠭᠡ᠎ᠯᠦᠭᠡ ᠵᠣᠬᠢᠴᠠᠯᠳᠤᠭᠤᠯᠤᠨ ᠬᠥᠭᠵᠢᠭᠦᠯᠬᠦ᠂ ᠪᠦᠲᠦᠮᠵᠢᠲᠡᠶ ᠵᠣᠯᠭ᠋ᠠᠭᠤᠯᠬᠤ ᠵᠢ ᠠᠬᠢᠭᠤᠯᠵᠤ᠂ ᠵᠠᠰᠠᠭ᠎ᠤᠨ ᠣᠷᠳᠣᠨ ᠵᠶ᠋ᠠᠷ ᠭᠣᠤᠯᠯᠠᠭᠤᠯᠤᠭᠰᠠᠨ᠂ ᠣᠯᠠᠨ ᠲᠠᠯ᠎ᠠ ᠵᠢᠨ᠎ᠬᠢᠨ ᠣᠷᠣᠯᠴᠠᠭᠰᠠᠨ ᠣᠯᠠᠨ ᠲᠠᠰ ᠳᠠᠪᠬᠤᠷᠭ᠎ᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠰᠢᠰᠲ᠋ᠧᠮᠵᠢ ᠵᠢ ᠪᠠᠶ᠋ᠢᠭᠤᠯᠤᠨ᠎ᠠ᠃
      ᠬᠣᠶᠠᠷ᠂ ᠡᠮᠴᠢᠯᠡᠭᠡᠨ᠎ᠤ ᠠᠪᠤᠷᠠᠨ ᠲᠤᠰᠠᠯᠠᠯᠲᠠ ᠭᠥᠷᠳᠡᠬᠦ ᠡᠲᠡᠭᠡᠳ᠎ᠤᠨ ᠬᠦᠷᠢᠶ᠎ᠡ ᠬᠡᠪᠴᠢᠶ᠎ᠡ ᠵᠢ ᠰᠢᠨᠵᠢᠯᠡᠬᠦ ᠤᠬᠠᠭ᠋ᠠᠨᠴᠢ᠎ᠪᠠᠷ ᠲᠤᠭᠳᠠᠭ᠋ᠠᠨ᠎ᠠ
     (ᠨᠢᠭᠡ) ᠠᠪᠤᠷᠠᠨ ᠲᠤᠰᠠᠯᠠᠬᠤ ᠡᠲᠡᠭᠡᠳ᠎ᠢ ᠴᠠᠭ ᠲᠤᠬᠠᠶ᠎ᠳᠤᠨᠢ ᠨᠠᠷᠢᠯᠢᠭ ᠣᠨᠣᠴᠠᠲᠠᠶ᠎ᠪᠠᠷ ᠲᠣᠭᠲᠠᠭ᠋ᠠᠨ᠎ᠠ᠃ ᠡᠮᠴᠢᠯᠡᠭᠡᠨ᠎ᠤ ᠵᠠᠷᠤᠳᠠᠯ᠎ᠤᠨ ᠳᠠᠷᠤᠭ᠋ᠠᠰᠤ᠎ᠪᠠᠷ ᠨᠡᠯᠢᠶᠡᠳ ᠬᠦᠨᠳᠦ ᠪᠠᠶ᠋ᠢᠭ᠎ᠠ ᠬᠦᠴᠢᠷᠳᠡᠯᠲᠡᠶ ᠠᠵᠢᠯᠲᠠᠨ ᠠᠵᠢᠯᠴᠢᠨ ᠪᠠ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠢ ᠡᠮᠴᠢᠯᠡᠭᠡᠨ᠎ᠤ ᠲᠡᠩᠬᠡᠷᠡᠭᠦᠯᠦᠨ ᠲᠤᠰᠠᠯᠠᠬᠤ᠎ᠳᠤ ᠭᠣᠤᠯᠴᠢ᠎ᠪᠠᠷ ᠬᠠᠮᠤᠷᠴᠤ᠂ ᠲᠡᠩᠬᠡᠷᠡᠭᠦᠯᠦᠨ ᠲᠤᠰᠠᠯᠠᠬᠤ ᠡᠲᠡᠭᠡᠳ᠎ᠤᠨ ᠲᠥᠷᠥᠯ ᠢᠯᠭ᠋ᠠᠯ᠎ᠢ ᠦᠨᠳᠦᠰᠦᠯᠡᠨ ᠲᠥᠷᠥᠯ ᠬᠤᠪᠢᠶᠠᠨ ᠲᠡᠩᠬᠡᠷᠡᠭᠦᠯᠦᠨ ᠨᠠᠭ᠋ᠠᠳᠤ ᠵᠠᠬ᠎ᠠ ᠵᠢᠨ ᠪᠠᠲᠤᠯᠠᠭ᠎ᠠ ᠵᠢᠨ ᠡᠲᠡᠭᠡᠳ᠂ ᠣᠨᠴᠠ ᠬᠦᠴᠢᠷᠳᠡᠯᠲᠡᠶ ᠬᠥᠮᠦᠰ᠂ ᠨᠠᠭ᠋ᠠᠳᠤ ᠵᠠᠬ᠎ᠠ ᠵᠢᠨ ᠪᠠᠲᠤᠯᠠᠭ᠎ᠠ ᠵᠢᠨ ᠵᠠᠬ᠎ᠠ ᠬᠢᠵᠠᠭ᠋ᠠᠷ᠎ᠤᠨ ᠬᠡᠷ ᠪᠦᠯᠢ ᠵᠢᠨ ᠪᠦᠷᠢᠯᠳᠦᠬᠦᠨ ᠪᠠ ᠬᠢᠨᠠᠨ ᠰᠢᠯᠭ᠋ᠠᠬᠤ ᠬᠡᠪᠴᠢᠶᠡᠨ᠎ᠳᠤ ᠣᠷᠣᠭᠤᠯᠤᠭᠰᠠᠨ ᠬᠥᠳᠡᠭᠡ ᠲᠣᠰᠬᠣᠨ᠎ᠤ ᠠᠮᠠᠷᠬᠠᠨ ᠪᠤᠴᠠᠵᠤ ᠶᠠᠳᠠᠭᠤᠷᠠᠭᠰᠠᠨ᠎ᠠᠴᠠ ᠪᠣᠯᠵᠣ ᠶᠠᠳᠠᠭᠤᠷᠠᠭᠰᠠᠨ ᠬᠥᠮᠦᠨ ᠠᠮᠠ ᠵᠢ ᠲᠣᠭᠲᠠᠭ᠋ᠠᠯ ᠶᠣᠰᠣᠭ᠋ᠠᠷ ᠠᠪᠤᠷᠠᠨ ᠲᠤᠰᠠᠯᠠᠨ᠎ᠠ᠃ ᠠᠮᠢᠳᠤᠷᠠᠯ᠎ᠤᠨ ᠨᠠᠭ᠋ᠠᠳᠤ ᠵᠠᠬ᠎ᠠ ᠵᠢᠨ ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠰ᠎ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠪᠤᠶᠤ ᠠᠮᠢᠳᠤᠷᠠᠯ᠎ᠤᠨ ᠨᠠᠭ᠋ᠠᠳᠤ ᠵᠠᠬ᠎ᠠ ᠵᠢᠨ ᠪᠠᠲᠤᠯᠠᠭ᠎ᠠ ᠵᠢᠨ ᠵᠠᠬ᠎ᠠ ᠬᠢᠵᠠᠭ᠋ᠠᠷ᠎ᠤᠨ ᠬᠡᠷ ᠪᠦᠯᠢ ᠵᠢᠨ ᠨᠥᠬᠥᠴᠡᠯ᠎ᠳᠤ ᠨᠡᠶ᠋ᠢᠴᠡᠬᠦ ᠥᠬᠡᠶ ᠪᠣᠯᠪᠠᠴᠤ ᠶᠡᠬᠡ ᠬᠡᠮᠵᠢᠶᠡᠨ᠎ᠤ ᠡᠮᠴᠢᠯᠡᠭᠡᠨ᠎ᠤ ᠵᠠᠷᠤᠳᠠᠯ᠎ᠤᠨ ᠵᠠᠷᠤᠯᠭ᠎ᠠ᠎ᠠᠴᠠ ᠪᠣᠯᠵᠣ ᠬᠡᠷ ᠪᠦᠯᠢ ᠵᠢᠨ ᠦᠨᠳᠦᠰᠦᠨ ᠠᠮᠢᠳᠤᠷᠠᠯ᠎ᠳᠤᠨᠢ ᠬᠦᠨᠳᠦ ᠨᠣᠴᠢᠲᠠᠶ ᠬᠦᠴᠢᠷᠳᠡᠯ ᠤᠴᠠᠷᠠᠭᠤᠯᠤᠭᠰᠠᠨ ᠬᠦᠨᠳᠦ ᠡᠪᠡᠳᠴᠢᠲᠡᠨ (ᠳᠣᠷᠣᠭᠰᠢ ᠡᠪᠡᠳᠴᠢᠨ᠎ᠠᠴᠠ ᠪᠣᠯᠵᠣ ᠶᠠᠳᠠᠭᠤᠷᠠᠭᠰᠠᠨ ᠬᠦᠨᠳᠦ ᠡᠪᠡᠳᠴᠢᠲᠡᠨ ᠭᠡᠵᠦ ᠨᠡᠷᠡᠶ᠋ᠢᠳᠦᠨ᠎ᠡ)᠎ᠳᠤ ᠪᠣᠳᠠᠲᠠᠶ ᠪᠠᠶ᠋ᠢᠳᠠᠯ᠎ᠢ᠎ᠨᠢ ᠦᠨᠳᠦᠰᠦᠯᠡᠨ ᠵᠣᠬᠢᠬᠤ ᠬᠡᠮᠵᠢᠶᠡᠨ᠎ᠤ ᠲᠡᠩᠬᠡᠷᠡᠭᠦᠯᠦᠨ ᠲᠤᠰᠠᠯᠠᠨ᠎ᠠ᠃ ᠬᠡᠷ ᠪᠦᠯᠢ ᠵᠢᠨ ᠠᠵᠤ ᠠᠬᠤᠶ ᠵᠢᠨ ᠪᠠᠶ᠋ᠢᠳᠠᠯ᠂ ᠡᠮ ᠡᠮᠨᠡᠯᠭᠡ ᠵᠢᠨ ᠵᠠᠷᠤᠳᠠᠯ᠎ᠤᠨ ᠵᠠᠷᠤᠯᠭ᠎ᠠ᠂ ᠡᠮ ᠡᠮᠨᠡᠯᠭᠡ ᠵᠢᠨ ᠳᠠᠭ᠋ᠠᠳᠬᠠᠯ᠎ᠤᠨ ᠳᠥᠯᠥᠯᠲᠡ ᠵᠡᠷᠭᠡ ᠪᠠᠶ᠋ᠢᠳᠠᠯ᠎ᠢ ᠶᠡᠷᠦᠩᠬᠡᠶ᠋ᠢᠯᠡᠨ ᠪᠣᠳᠣᠯᠬᠢᠯᠠᠵᠤ᠂ ᠮᠤᠵᠢ (ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ) ᠵᠢᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠠᠴᠠ ᠡᠮᠴᠢᠯᠡᠭᠡ ᠵᠢᠨ ᠪᠠᠳᠤᠯᠠᠭ᠎ᠠ ᠵᠡᠷᠭᠡ ᠬᠠᠮᠢᠶ᠎ᠠ ᠪᠥᠬᠥᠶ ᠰᠠᠯᠠᠭ᠎ᠠ ᠮᠥᠴᠢᠷ᠎ᠲᠠᠢ ᠬᠠᠮᠲᠤᠷᠠᠨ ᠡᠪᠡᠳᠴᠢᠨ᠎ᠠᠴᠠ ᠪᠣᠯᠵᠣ ᠶᠠᠳᠠᠭᠤᠷᠠᠭᠰᠠᠨ ᠬᠦᠨᠳᠦ ᠡᠪᠡᠳᠴᠢᠲᠡᠨ᠎ᠢ ᠮᠠᠭ᠋ᠠᠳᠯᠠᠨ ᠲᠣᠭᠲᠠᠭ᠋ᠠᠬᠤ ᠨᠥᠬᠥᠴᠡᠯ᠎ᠢ ᠵᠦᠶ ᠵᠣᠬᠢᠰᠲᠠᠶ ᠲᠣᠭᠲᠠᠭ᠋ᠠᠨ᠎ᠠ᠃ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠲᠣᠭᠲᠠᠭ᠋ᠠᠭᠰᠠᠨ ᠪᠤᠰᠤᠳ ᠣᠨᠴᠠᠭ᠋ᠠᠶ ᠬᠦᠴᠢᠷᠳᠡᠯ᠎ᠲᠠᠢ ᠬᠥᠮᠦᠰ᠎ᠲᠤ ᠳᠡᠭᠡᠷ᠎ᠡ ᠳᠤᠷᠠᠳᠤᠭᠰᠠᠨ ᠠᠪᠤᠷᠠᠨ ᠲᠤᠰᠠᠯᠠᠬᠤ ᠡᠲᠡᠭᠡᠳ᠎ᠤᠨ ᠲᠦᠷᠦᠯ ᠢᠯᠭ᠋ᠠᠯ ᠵᠶ᠋ᠠᠷ ᠵᠣᠬᠢᠴᠠᠩᠭᠤᠶ ᠠᠪᠤᠷᠠᠨ ᠲᠤᠰᠠᠯᠠᠯᠲᠠ ᠣᠯᠭᠣᠨ᠎ᠠ᠃
      ᠭᠤᠷᠪᠠ᠂ ᠭᠤᠷᠪᠠᠨ ᠵᠦᠢ᠍ᠯ᠎ᠤᠨ ᠲᠦᠷᠢᠮ᠎ᠤᠨ ᠶᠡᠷᠦᠩᠬᠡᠶ᠋ᠢᠯᠡᠭᠰᠡᠨ ᠪᠠᠲᠤᠯᠠᠭ᠎ᠠ ᠵᠢ ᠴᠢᠩᠭ᠋ᠠᠳᠬᠠᠨ᠎ᠠ
   (ᠬᠣᠶᠠᠷ) ᠬᠦᠴᠢᠷᠳᠡᠯᠲᠡᠶ ᠣᠯᠠᠨ ᠲᠦᠮᠡᠨ᠎ᠤ ᠪᠠᠲᠤᠯᠠᠪᠠᠰᠤ ᠵᠣᠬᠢᠬᠤ ᠵᠢ᠎ᠨᠢ ᠴᠥᠮ ᠪᠠᠲᠤᠯᠠᠬᠤ ᠵᠢ ᠦᠨᠡᠨᠬᠦ ᠪᠠᠲᠤᠯᠠᠬᠤ ᠬᠡᠷᠡᠭᠲᠡᠶ᠃ ᠬᠦᠴᠢᠷᠳᠡᠯᠲᠡᠶ ᠣᠯᠠᠨ ᠲᠦᠮᠡᠨ ᠡᠮ ᠡᠮᠨᠡᠯᠭᠡ ᠵᠢᠨ ᠦᠨᠳᠦᠰᠦᠨ ᠳᠠᠭ᠋ᠠᠳᠬᠠᠯ᠎ᠳᠤ ᠬᠠᠤᠯᠢ ᠶᠣᠰᠣᠭ᠋ᠠᠷ ᠣᠷᠣᠯᠴᠠᠵᠤ᠂ ᠲᠣᠭᠲᠠᠭ᠋ᠠᠯ ᠶᠣᠰᠣᠭ᠋ᠠᠷ ᠭᠤᠷᠪᠠᠨ ᠵᠦᠢ᠍ᠯ᠎ᠤᠨ ᠲᠦᠷᠢᠮ᠎ᠤᠨ ᠪᠠᠲᠤᠯᠠᠭ᠎ᠠ ᠵᠢᠨ ᠡᠷᠬᠡ ᠠᠰᠢᠭ᠎ᠢ ᠡᠳ᠋ᠯᠡᠨ᠎ᠡ᠃ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠎ᠳᠤ ᠣᠷᠣᠯᠴᠠᠬᠤ ᠡᠳ᠋᠎ᠤᠨ ᠵᠠᠰᠠᠭ᠎ᠤᠨ ᠨᠥᠬᠥᠪᠥᠷᠢ ᠵᠢᠨ ᠲᠥᠷᠥ ᠵᠢᠨ ᠪᠣᠳᠣᠯᠭ᠎ᠠ ᠵᠢ ᠪᠥᠬᠥ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠬᠤᠪᠢ ᠬᠥᠮᠦᠨ᠎ᠤ ᠰᠦᠢ᠍ᠳᠭᠡᠯ ᠲᠤᠰᠢᠶᠠᠬᠤ᠎ᠳᠤ ᠦᠨᠡᠨᠬᠦ ᠬᠦᠴᠢᠷᠳᠡᠯᠲᠡᠶ ᠣᠯᠠᠨ ᠲᠦᠮᠡᠨ᠎ᠢ ᠲᠥᠷᠥᠯ ᠬᠤᠪᠢᠶᠠᠨ ᠲᠤᠰᠠᠯᠠᠨ᠎ᠠ᠃ ᠣᠨᠴᠠ ᠬᠦᠴᠢᠷᠳᠡᠯᠲᠡᠶ ᠬᠥᠮᠦᠰ᠎ᠢ ᠪᠥᠬᠥ ᠲᠣᠭ᠎ᠠ᠎ᠪᠠᠷ ᠲᠤᠰᠠᠯᠠᠵᠤ᠂ ᠠᠮᠢᠳᠤᠷᠠᠯ᠎ᠤᠨ ᠨᠠᠭ᠋ᠠᠳᠤ ᠵᠠᠬ᠎ᠠ ᠵᠢᠨ ᠪᠠᠲᠤᠯᠠᠭ᠎ᠠ ᠵᠢᠨ ᠡᠲᠡᠭᠡᠳ᠂ ᠳᠠᠬᠢᠨ ᠶᠠᠳᠠᠭᠤᠷᠠᠭᠰᠠᠨ᠎ᠠᠴᠠ ᠪᠣᠯᠵᠣ ᠶᠠᠳᠠᠭᠤᠷᠠᠭᠰᠠᠨ ᠬᠥᠮᠦᠨ ᠠᠮᠠ ᠵᠢ ᠲᠣᠭᠲᠠᠭᠰᠠᠨ ᠲᠣᠭ᠎ᠠ᠎ᠪᠠᠷ ᠲᠤᠰᠠᠯᠠᠨ᠎ᠠ᠃ ᠨᠣᠷᠮᠠᠴᠢᠯᠠᠨ ᠲᠤᠰᠠᠯᠠᠬᠤ ᠪᠠᠷᠢᠮᠵᠢᠶ᠎ᠠ ᠵᠢ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠪᠣᠳᠠᠲᠤ ᠬᠥᠮᠦᠨ ᠠᠮᠠ ᠵᠢᠨ ᠨᠡᠭᠦᠳᠡᠯ ᠪᠠ ᠳᠠᠭ᠋ᠠᠳᠬᠠᠯ᠎ᠳᠤ ᠣᠷᠣᠯᠴᠠᠬᠤ ᠬᠡᠷᠡᠭᠴᠡᠭᠡ ᠱᠠᠭ᠋ᠠᠷᠳᠠᠯᠭ᠎ᠠ ᠵᠢᠨ ᠬᠤᠪᠢᠷᠠᠯᠲᠠ᠎ᠳᠤ ᠵᠣᠬᠢᠴᠠᠭᠤᠯᠤᠨ᠂ ᠠᠪᠤᠷᠠᠨ ᠲᠤᠰᠠᠯᠠᠬᠤ ᠡᠲᠡᠭᠡᠳ᠎ᠤᠨ ᠳᠠᠭ᠋ᠠᠳᠬᠠᠯ᠎ᠳᠤ ᠣᠷᠣᠯᠴᠠᠵᠤ ᠰᠦᠢ᠍ᠳᠭᠡᠯ ᠲᠤᠰᠢᠶᠠᠬᠤ ᠠᠷᠭ᠎ᠠ ᠮᠠᠶᠢᠭ᠎ᠲᠤ ᠠᠮᠢᠳᠤᠯᠢᠭ ᠵᠶ᠋ᠠᠷ ᠲᠣᠬᠢᠷᠠᠭᠤᠯᠤᠯᠲᠠ ᠬᠢᠵᠦ᠂ ᠲᠡᠳᠡᠨ᠎ᠤ ᠴᠠᠭ ᠲᠤᠬᠠᠶ᠎ᠳᠤᠨᠢ ᠳᠠᠭ᠋ᠠᠳᠬᠠᠯ᠎ᠳᠤ ᠣᠷᠣᠯᠴᠠᠬᠤ᠂ ᠳᠠᠭ᠋ᠠᠳᠬᠠᠪᠠᠰᠤ ᠵᠣᠬᠢᠬᠤ ᠵᠢ᠎ᠨᠢ ᠴᠥᠮ ᠪᠠᠲᠤᠯᠠᠬᠤ ᠵᠢ ᠦᠨᠡᠨᠬᠦ ᠪᠠᠲᠤᠯᠠᠬᠤ ᠬᠡᠷᠡᠭᠲᠡᠶ᠃
     (ᠭᠤᠷᠪᠠ) ᠭᠤᠷᠪᠠᠨ ᠵᠦᠢ᠍ᠯ᠎ᠤᠨ ᠲᠦᠷᠢᠮ᠎ᠤᠨ ᠬᠠᠷᠢᠯᠴᠠᠨ ᠨᠥᠬᠥᠪᠥᠷᠢᠯᠡᠵᠦ ᠵᠣᠯᠭ᠋ᠠᠭᠤᠯᠬᠤ ᠵᠢ ᠠᠬᠢᠭᠤᠯᠤᠨ᠎ᠠ᠃ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠎ᠤᠨ ᠭᠣᠤᠯ ᠴᠣᠭᠴᠠ ᠵᠢᠨ ᠪᠠᠲᠤᠯᠠᠭ᠎ᠠ ᠵᠢᠨ ᠴᠢᠳᠠᠮᠵᠢ ᠵᠢ ᠪᠠᠳᠠᠷᠠᠭᠤᠯᠵᠤ᠂ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠎ᠤᠨ ᠲᠣᠭ᠋ᠠᠴᠠᠭ᠎ᠠ ᠬᠢᠬᠦ ᠬᠡᠪᠴᠢᠶ᠎ᠡ ᠪᠠ ᠪᠠᠷᠢᠮᠵᠢᠶ᠎ᠠ ᠵᠢ ᠴᠢᠩᠭ᠎ᠠ ᠬᠡᠷᠡᠭᠵᠢᠭᠦᠯᠵᠦ᠂ ᠡᠷᠬᠡ ᠲᠡᠭᠰᠢ ᠵᠣᠬᠢᠰᠲᠠᠶ ᠪᠠᠲᠤᠯᠠᠭ᠎ᠠ ᠵᠢ ᠬᠡᠷᠡᠭᠵᠢᠭᠦᠯᠦᠨ᠎ᠡ; ᠬᠦᠨᠳᠦ ᠡᠪᠡᠳᠴᠢᠨ᠎ᠤ ᠳᠠᠭ᠋ᠠᠳᠬᠠᠯ᠎ᠤᠨ ᠳᠠᠷᠤᠭ᠋ᠠᠰᠤ ᠵᠢ ᠬᠥᠩᠭᠡᠷᠡᠭᠦᠯᠬᠦ ᠴᠢᠳᠠᠮᠵᠢ ᠵᠢ ᠴᠢᠩᠭ᠋ᠠᠷᠠᠭᠤᠯᠵᠤ᠂ ᠬᠦᠨᠳᠦ ᠡᠪᠡᠳᠴᠢᠨ᠎ᠤ ᠳᠠᠭ᠋ᠠᠳᠬᠠᠯ᠎ᠤᠨ ᠨᠠᠭ᠋ᠠᠳᠤ ᠵᠠᠬ᠎ᠠ ᠵᠢᠨ ᠪᠠᠲᠤᠯᠠᠭ᠎ᠠ ᠵᠢᠨ ᠡᠲᠡᠭᠡᠳ᠂ ᠣᠨᠴᠠ ᠬᠦᠴᠢᠷᠳᠡᠯᠲᠡᠶ ᠬᠥᠮᠦᠰ ᠪᠠ ᠳᠠᠬᠢᠨ ᠶᠠᠳᠠᠭᠤᠷᠠᠭᠰᠠᠨ᠎ᠠᠴᠠ ᠪᠣᠯᠵᠣ ᠶᠠᠳᠠᠭᠤᠷᠠᠭᠰᠠᠨ ᠬᠥᠮᠦᠨ ᠠᠮᠠ᠎ᠳᠤ ᠬᠡᠯᠪᠡᠶ᠋ᠢᠯᠭᠡᠨ ᠲᠣᠭ᠋ᠠᠴᠠᠭ᠎ᠠ ᠬᠢᠬᠦ ᠲᠥᠷᠥ ᠵᠢᠨ ᠪᠣᠳᠣᠯᠭ᠎ᠠ ᠵᠢ ᠰᠦᠪᠡᠭᠴᠢᠯᠡᠨ ᠲᠡᠭᠦᠯᠳᠡᠷᠵᠢᠭᠦᠯᠵᠦ᠂ ᠨᠥᠬᠥᠪᠥᠷᠢᠯᠡᠨ ᠪᠠᠲᠤᠯᠠᠬᠤ ᠦᠢ᠍ᠯᠡᠳᠦᠯ᠎ᠢ ᠪᠠᠳᠠᠷᠠᠭᠤᠯᠤᠨ᠎ᠠ; ᠡᠮᠴᠢᠯᠡᠭᠡᠨ᠎ᠤ ᠠᠪᠤᠷᠠᠨ ᠲᠤᠰᠠᠯᠠᠯᠲᠠ ᠵᠢᠨ ᠦᠨᠳᠦᠰᠦᠨ ᠵᠦᠢ᠍ᠯ᠎ᠢ ᠪᠠᠲᠤᠯᠠᠬᠤ ᠪᠠᠲᠤᠯᠠᠭ᠎ᠠ ᠵᠢᠨ ᠴᠢᠳᠠᠮᠵᠢ ᠵᠢ ᠪᠡᠬᠢᠵᠢᠭᠦᠯᠵᠦ᠂ 《ᠤᠷᠢᠳᠠᠪᠠᠷ ᠳᠠᠭ᠋ᠠᠳᠬᠠᠵᠤ ᠳᠠᠷᠠᠭ᠎ᠠ᠎ᠨᠢ ᠠᠪᠤᠷᠠᠨ ᠲᠤᠰᠠᠯᠠᠬᠤ》 ᠵᠠᠷᠴᠢᠮ ᠶᠣᠰᠣᠭ᠋ᠠᠷ᠂ ᠦᠨᠳᠦᠰᠦᠨ ᠡᠮᠴᠢᠯᠡᠭᠡᠨ᠎ᠤ ᠪᠠᠳᠤᠯᠠᠭ᠎ᠠ᠂ ᠬᠦᠨᠳᠦ ᠡᠪᠡᠳᠴᠢᠨ᠎ᠤ ᠳᠠᠭ᠋ᠠᠳᠬᠠᠯ ᠵᠡᠷᠭᠡ ᠵᠢ ᠳᠥᠯᠥᠭᠰᠡᠨ᠎ᠤ ᠳᠠᠷᠠᠭ᠎ᠠ ᠬᠤᠪᠢ ᠬᠥᠮᠦᠨ᠎ᠤ ᠡᠮᠴᠢᠯᠡᠭᠡᠨ᠎ᠤ ᠵᠠᠷᠤᠳᠠᠯ᠎ᠤᠨ ᠳᠠᠷᠤᠭ᠋ᠠᠰᠤ ᠮᠥᠨ ᠬᠦ᠌ ᠨᠡᠯᠢᠶᠡᠳ ᠬᠦᠨᠳᠦ ᠪᠠᠶ᠋ᠢᠭ᠎ᠠ ᠠᠪᠤᠷᠠᠨ ᠲᠤᠰᠠᠯᠠᠬᠤ ᠡᠲᠡᠭᠡᠳ᠎ᠲᠤ ᠲᠣᠭᠲᠠᠭ᠋ᠠᠯ ᠶᠣᠰᠣᠭ᠋ᠠᠷ ᠠᠪᠤᠷᠠᠨ ᠲᠤᠰᠠᠯᠠᠬᠤ ᠵᠢ ᠬᠡᠷᠡᠭᠵᠢᠭᠦᠯᠵᠦ᠂ ᠡᠪᠡᠳᠴᠢᠨ᠎ᠠᠴᠠ ᠪᠣᠯᠵᠣ ᠶᠠᠳᠠᠭᠤᠷᠠᠬᠤ ᠪᠠ ᠳᠠᠬᠢᠨ ᠶᠠᠳᠠᠭᠤᠷᠠᠬᠤ ᠲᠦᠭᠰᠢᠭᠦᠷᠢ ᠵᠢ ᠬᠦᠴᠦ᠎ᠪᠠᠨ ᠬᠠᠮᠲᠤᠳᠬᠠᠨ ᠰᠡᠷᠭᠡᠶ᠋ᠢᠯᠡᠨ᠎ᠡ᠃ ᠬᠥᠳᠡᠭᠡ ᠲᠣᠰᠬᠣᠨ᠎ᠤ ᠲᠠᠬᠢᠨ ᠶᠠᠳᠠᠭᠤᠷᠠᠬᠤ᠎ᠠᠴᠠ ᠪᠤᠯᠵᠤ ᠶᠠᠳᠠᠭᠤᠷᠠᠭᠰᠠᠨ ᠬᠥᠮᠦᠨ ᠠᠮᠠ ᠵᠢᠨ ᠡᠮ ᠡᠮᠨᠡᠯᠭᠡ ᠵᠢᠨ ᠳᠠᠭ᠋ᠠᠳᠬᠠᠯ᠎ᠤᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠵᠢ ᠲᠡᠭᠦᠯᠳᠡᠷᠵᠢᠭᠦᠯᠵᠦ᠂   ᠡᠮᠴᠢᠯᠡᠭᠡ ᠵᠢᠨ ᠪᠠᠳᠤᠯᠠᠭ᠎ᠠ ᠵᠢᠨ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠵᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠲᠠᠢ ᠪᠦᠲᠦᠮᠵᠢᠲᠡᠢ ᠵᠣᠯᠭ᠋ᠠᠭᠤᠯᠬᠤ ᠵᠢ ᠪᠡᠶᠡᠯᠡᠭᠦᠯᠬᠦ ᠵᠢ ᠠᠬᠢᠭᠤᠯᠤᠨ᠎ᠠ᠃
      ᠳᠥᠷᠪᠡ᠂ ᠡᠮ ᠡᠮᠨᠡᠯᠭᠡ ᠵᠢᠨ ᠲᠡᠩᠬᠡᠷᠡᠭᠦᠯᠦᠨ ᠲᠤᠰᠠᠯᠠᠬᠤ ᠦᠨᠳᠦᠰᠦᠨ ᠵᠦᠢ᠍ᠯ᠎ᠤᠨ ᠪᠠᠲᠤᠯᠠᠭ᠎ᠠ ᠵᠢ ᠪᠡᠬᠢᠵᠢᠭᠦᠯᠦᠨ᠎ᠡ
     (ᠲᠥᠷᠪᠡ) ᠲᠡᠩᠬᠡᠷᠡᠭᠦᠯᠦᠨ ᠲᠤᠰᠠᠯᠠᠬᠤ ᠵᠠᠷᠤᠳᠠᠯ᠎ᠤᠨ ᠪᠠᠲᠤᠯᠠᠭ᠎ᠠ ᠵᠢᠨ ᠬᠡᠪᠴᠢᠶ᠎ᠡ ᠵᠢ ᠲᠣᠳᠣᠷᠬᠠᠶ᠋ᠢᠯᠠᠬᠤ ᠬᠡᠷᠡᠭᠲᠡᠶ᠃ ᠦᠨᠳᠦᠰᠦᠨ ᠵᠦᠢ᠍ᠯ᠎ᠢ ᠪᠠᠲᠤᠯᠠᠬᠤ ᠵᠢ ᠪᠠᠷᠢᠮᠲᠠᠯᠠᠵᠤ᠂ ᠠᠪᠤᠷᠠᠨ ᠲᠤᠰᠠᠯᠠᠬᠤ ᠡᠲᠡᠭᠡᠳ᠎ᠤᠨ ᠲᠥᠷᠥ ᠵᠢᠨ ᠪᠣᠳᠣᠯᠭ᠎ᠠ ᠵᠢᠨ ᠬᠡᠪᠴᠢᠶᠡᠨ᠎ᠳᠠᠬᠢ ᠦᠨᠳᠦᠰᠦᠨ ᠡᠮᠴᠢᠯᠡᠭᠡ ᠵᠢᠨ ᠬᠡᠷᠡᠭᠴᠡᠭᠡ ᠱᠠᠭ᠋ᠠᠷᠳᠠᠯᠭ᠎ᠠ ᠵᠢ ᠲᠣᠬᠢᠲᠠᠶ ᠰᠢᠢ᠍ᠳᠪᠦᠷᠢᠯᠡᠨ᠎ᠡ᠃ ᠠᠪᠤᠷᠠᠨ ᠲᠤᠰᠠᠯᠠᠬᠤ ᠵᠠᠷᠤᠳᠠᠯ᠎ᠨᠢ ᠭᠣᠤᠯᠳᠠᠭᠤ ᠠᠪᠤᠷᠠᠨ ᠲᠤᠰᠠᠯᠠᠬᠤ ᠡᠲᠡᠭᠡᠳ᠎ᠤᠨ ᠴᠢᠭ ᠲᠣᠭᠲᠠᠭ᠋ᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ᠎ᠳᠤ ᠡᠭᠦᠰᠦᠭᠰᠡᠨ ᠡᠮᠨᠡᠯᠭᠡ᠎ᠳᠤ ᠰᠠᠭᠤᠭᠰᠠᠨ ᠵᠠᠷᠤᠳᠠᠯ᠂ ᠤᠳᠠᠭ᠋ᠠᠨ ᠴᠢᠨᠠᠷᠲᠠᠶ ᠡᠪᠡᠳᠴᠢᠨ᠎ᠠᠴᠠ ᠪᠣᠯᠵᠣ ᠣᠷᠳᠣ ᠬᠤᠭᠤᠴᠠᠭ᠎ᠠ᠎ᠪᠠᠷ ᠡᠮ ᠤᠤᠭᠤᠬᠤ ᠪᠤᠶᠤ ᠬᠦᠨᠳᠦ ᠣᠨᠴᠠ ᠶᠡᠬᠡ ᠡᠪᠡᠳᠴᠢᠨ ᠡᠮᠭᠡᠭ᠎ᠲᠤ ᠨᠡᠷᠪᠡᠭᠳᠡᠭᠡᠳ ᠣᠷᠳᠣ ᠬᠤᠭᠤᠴᠠᠭ᠎ᠠ᠎ᠪᠠᠷ ᠡᠭᠦᠳᠡᠨ ᠡᠮᠨᠡᠯᠭᠡ᠎ᠳᠤ ᠡᠮᠨᠡᠭᠦᠯᠬᠦ ᠴᠢᠬᠤᠯᠠᠲᠠᠶ ᠵᠠᠷᠤᠳᠠᠯ᠎ᠢ ᠬᠠᠮᠤᠷᠤᠨ᠎ᠠ᠃ ᠡᠮᠴᠢᠯᠡᠭᠡᠨ᠎ᠤ ᠲᠡᠩᠬᠡᠷᠡᠭᠦᠯᠦᠨ ᠲᠤᠰᠠᠯᠠᠬᠤ ᠰᠠᠭᠤᠷᠢ ᠮᠥᠩᠭᠥ᠎ᠠᠴᠠ ᠳᠥᠯᠥᠬᠦ ᠡᠮ ᠲᠠᠩ᠂ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠂ ᠣᠨᠣᠰᠢᠯᠠᠨ ᠡᠮᠨᠡᠬᠦ ᠲᠥᠷᠥᠯ ᠵᠦᠢ᠍ᠯ᠎ᠨᠢ ᠵᠠᠷᠴᠢᠮ ᠳᠡᠭᠡᠷ᠎ᠡ᠎ᠪᠠᠨ ᠤᠯᠤᠰ᠎ᠤᠨ ᠬᠣᠯᠪᠣᠭᠳᠠᠯ ᠪᠥᠬᠥᠶ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠳᠥᠯᠥᠬᠦ ᠬᠦᠷᠢᠶ᠎ᠡ ᠬᠡᠪᠴᠢᠶ᠎ᠡ ᠵᠢᠨ ᠲᠣᠭᠲᠠᠭ᠋ᠠᠯ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠶ᠃ ᠦᠨᠳᠦᠰᠦᠨ ᠡᠮᠴᠢᠯᠡᠭᠡᠨ᠎ᠤ ᠳᠠᠭ᠋ᠠᠳᠬᠠᠯ᠂ ᠬᠦᠨᠳᠦ ᠡᠪᠡᠳᠴᠢᠨ᠎ᠤ ᠳᠠᠭ᠋ᠠᠳᠬᠠᠯ᠎ᠤᠨ ᠡᠬᠢᠯᠡᠵᠦ ᠳᠥᠯᠥᠬᠦ ᠱᠤᠭᠤᠮ᠎ᠠᠴᠠ ᠳᠣᠷᠣᠭᠰᠢᠬᠢ ᠲᠥᠷᠥ ᠵᠢᠨ ᠪᠣᠳᠣᠯᠭ᠎ᠠ ᠵᠢᠨ ᠬᠡᠪᠴᠢᠶᠡᠨ ᠳᠣᠲᠣᠷ᠎ᠠ ᠬᠤᠪᠢ ᠬᠥᠮᠦᠨ᠎ᠤ ᠥᠪᠡᠰᠦᠪᠡᠨ ᠳᠥᠯᠥᠬᠦ ᠵᠠᠷᠤᠳᠠᠯ᠎ᠢ ᠲᠣᠭᠲᠠᠭ᠋ᠠᠯ ᠶᠣᠰᠣᠭ᠋ᠠᠷ ᠲᠡᠩᠬᠡᠷᠡᠭᠦᠯᠦᠨ ᠲᠤᠰᠠᠯᠠᠬᠤ ᠪᠠᠲᠤᠯᠠᠭ᠎ᠠ᠎ᠳᠤ ᠣᠷᠣᠭᠤᠯᠤᠨ᠎ᠠ᠃ ᠤᠯᠤᠰ᠎ᠠᠴᠠ ᠠᠰᠲᠠᠭ᠋ᠠᠨ ᠲᠣᠳᠣᠷᠬᠠᠶ ᠲᠣᠭᠲᠠᠭ᠋ᠠᠯ᠎ᠲᠠᠢ ᠪᠠᠶ᠋ᠢᠬᠤ ᠵᠢ ᠭᠠᠷᠭ᠋ᠠᠪᠠᠯ᠂ ᠡᠯ᠎ᠡ ᠨᠢᠭᠡᠳᠦᠯᠲᠡᠶ ᠲᠥᠯᠥᠪᠯᠡᠬᠦ ᠭᠠᠵᠠᠷ ᠣᠷᠣᠨ᠎ᠨᠤᠭᠤᠳ ᠥᠪᠡᠷᠲᠡᠭᠡᠨ ᠲᠣᠭᠲᠠᠭ᠋ᠠᠬᠤ ᠪᠤᠶᠤ ᠲᠤᠬᠢᠷᠠᠭᠤᠯᠤᠨ ᠵᠣᠬᠢᠴᠠᠭᠤᠯᠬᠤ ᠠᠷᠭ᠎ᠠ᠎ᠪᠠᠷ ᠡᠮ ᠡᠮᠨᠡᠯᠭᠡ ᠵᠢᠨ ᠠᠪᠤᠷᠠᠨ ᠲᠤᠰᠠᠯᠠᠬᠤ ᠵᠠᠷᠤᠳᠠᠯ᠎ᠤᠨ ᠪᠠᠲᠤᠯᠠᠭ᠎ᠠ ᠵᠢᠨ ᠬᠦᠷᠢᠶ᠎ᠡ ᠬᠡᠪᠴᠢᠶ᠎ᠡ ᠵᠢ ᠳᠤᠷ᠎ᠠ᠎ᠪᠠᠷ ᠵᠶ᠋ᠠᠨ ᠥᠷᠭᠡᠳᠬᠡᠵᠦ ᠪᠣᠯᠬᠤ ᠦᠭᠡᠢ᠃
     (ᠲᠠᠪᠤ) ᠦᠨᠳᠦᠰᠦᠨ ᠲᠡᠩᠬᠡᠷᠡᠭᠦᠯᠦᠨ ᠲᠤᠰᠠᠯᠠᠬᠤ ᠬᠢᠷᠢ ᠬᠡᠮᠵᠢᠶ᠎ᠡ ᠵᠢ ᠵᠦᠶ ᠵᠣᠬᠢᠰᠲᠠᠶ ᠲᠣᠭᠲᠠᠭ᠋ᠠᠨ᠎ᠠ᠃
      ᠲᠡᠩᠬᠡᠷᠡᠭᠦᠯᠦᠨ ᠲᠤᠰᠠᠯᠠᠬᠤ ᠡᠲᠡᠭᠡᠳ᠎ᠤᠨ ᠬᠡᠷ ᠪᠦᠯᠢ ᠵᠢᠨ ᠬᠦᠴᠢᠷᠳᠡᠯ᠎ᠲᠠᠢ ᠪᠠᠶ᠋ᠢᠳᠠᠯ᠎ᠢ ᠦᠨᠳᠦᠰᠦᠯᠡᠨ᠂ ᠣᠨ᠎ᠤ ᠲᠡᠩᠬᠡᠷᠡᠭᠦᠯᠦᠨ ᠲᠤᠰᠠᠯᠠᠬᠤ ᠵᠢᠨ ᠡᠬᠢᠯᠡᠵᠦ ᠣᠯᠭᠣᠬᠤ ᠪᠠᠷᠢᠮᠵᠢᠶ᠎ᠠ (ᠳᠣᠷᠣᠭᠰᠢ ᠡᠬᠢᠯᠡᠵᠦ ᠣᠯᠭᠣᠬᠤ ᠪᠠᠷᠢᠮᠵᠢᠶ᠎ᠠ ᠭᠡᠵᠦ ᠲᠣᠪᠴᠢᠯᠠᠨ᠎ᠠ) ᠵᠢ ᠲᠥᠷᠥᠯ ᠬᠤᠪᠢᠶᠠᠨ ᠲᠣᠭᠲᠠᠭ᠋ᠠᠨ᠎ᠠ᠃ ᠨᠠᠭ᠋ᠠᠳᠤ ᠵᠠᠬ᠎ᠠ ᠵᠢᠨ ᠪᠠᠲᠤᠯᠠᠭ᠎ᠠ ᠭᠥᠷᠳᠡᠬᠦ ᠡᠲᠡᠭᠡᠳ᠎ᠲᠤ᠂ ᠣᠨᠴᠠ ᠬᠦᠴᠢᠷᠳᠡᠯᠲᠡᠶ ᠬᠥᠮᠦᠰ᠎ᠤᠨ ᠡᠬᠢᠯᠡᠵᠦ ᠳᠥᠯᠥᠬᠦ ᠪᠠᠷᠢᠮᠵᠢᠶ᠎ᠠ ᠵᠢ ᠵᠠᠷᠴᠢᠮ ᠳᠡᠭᠡᠷ᠎ᠡ᠎ᠪᠠᠨ ᠬᠦᠴᠦᠨ ᠥᠬᠡᠶ ᠪᠣᠯᠭ᠋ᠠᠵᠤ᠂ ᠲᠦᠷ ᠨᠥᠬᠥᠴᠡᠯ ᠪᠦᠷᠢᠯᠳᠦᠭᠦᠯᠦᠭᠡᠳᠦᠶ ᠭᠠᠵᠠᠷ ᠣᠷᠣᠨ᠎ᠤ ᠡᠬᠢᠯᠡᠵᠦ ᠳᠥᠯᠥᠬᠦ ᠪᠠᠷᠢᠮᠵᠢᠶ᠎ᠠ ᠵᠢ ᠪᠠᠶ᠋ᠢᠭ᠎ᠠ ᠨᠢᠭᠡᠳᠦᠯᠲᠡᠶ ᠲᠥᠯᠥᠪᠯᠡᠬᠦ ᠭᠠᠵᠠᠷ ᠣᠷᠣᠨ᠎ᠤ ᠲᠦᠷᠦᠭᠦᠤ ᠵᠢᠯ᠎ᠤᠨ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ ᠵᠢᠨ 5%᠎ᠠᠴᠠ ᠥᠨᠳᠥᠷ ᠪᠠᠶ᠋ᠢᠯᠭ᠋ᠠᠵᠤ ᠪᠣᠯᠬᠤ ᠥᠬᠡᠶ ᠪᠥᠭᠡᠳ ᠡᠬᠢᠯᠡᠵᠦ ᠳᠥᠯᠥᠬᠦ ᠪᠠᠷᠢᠮᠵᠢᠶ᠎ᠠ ᠵᠢ ᠬᠦᠴᠦᠨ ᠥᠬᠡᠶ ᠪᠣᠯᠭ᠋ᠠᠬᠤ ᠵᠢ ᠠᠯᠬᠤᠮ ᠠᠯᠬᠤᠮ ᠵᠶ᠋ᠠᠷ ᠰᠦᠪᠡᠭᠴᠢᠯᠡᠨ᠎ᠡ᠃ ᠨᠠᠭ᠋ᠠᠳᠤ ᠵᠠᠬ᠎ᠠ ᠵᠢᠨ ᠪᠠᠲᠤᠯᠠᠭ᠎ᠠ ᠵᠢᠨ ᠵᠠᠬ᠎ᠠ ᠬᠢᠵᠠᠭ᠋ᠠᠷ᠎ᠲᠠᠬᠢ ᠬᠡᠷ ᠪᠦᠯᠢ ᠵᠢᠨ ᠪᠦᠷᠢᠯᠳᠦᠬᠦᠨ᠎ᠤ ᠡᠬᠢᠯᠡᠵᠦ ᠳᠥᠯᠥᠬᠦ ᠪᠠᠷᠢᠮᠵᠢᠶ᠎ᠠ ᠵᠢ ᠪᠠᠶ᠋ᠢᠭ᠎ᠠ ᠭᠠᠵᠠᠷ᠎ᠤᠨ ᠨᠢᠭᠡᠳᠦᠯᠲᠡᠶ ᠲᠥᠯᠥᠪᠯᠡᠬᠦ ᠭᠠᠵᠠᠷ ᠣᠷᠣᠨ᠎ᠤ ᠲᠦᠷᠦᠭᠦᠤ ᠵᠢᠯ᠎ᠤᠨ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ ᠵᠢᠨ 10% ᠣᠷᠴᠢᠮ ᠵᠶ᠋ᠠᠷ ᠲᠣᠭᠲᠠᠭ᠋ᠠᠵᠤ᠂ ᠡᠪᠡᠳᠴᠢᠨ᠎ᠠᠴᠠ ᠪᠣᠯᠵᠣ ᠶᠠᠳᠠᠭᠤᠷᠠᠭᠰᠠᠨ ᠬᠦᠨᠳᠦ ᠡᠪᠡᠳᠴᠢᠲᠡᠨ᠎ᠳᠤ 25% ᠣᠷᠴᠢᠮ ᠵᠶ᠋ᠠᠷ ᠲᠣᠭᠲᠠᠭ᠋ᠠᠨ᠎ᠠ᠃ ᠠᠮᠢᠳᠤᠷᠠᠯ᠎ᠤᠨ ᠨᠠᠭ᠋ᠠᠳᠤ ᠵᠠᠬ᠎ᠠ ᠵᠢᠨ ᠪᠠᠲᠤᠯᠠᠭ᠎ᠠ ᠭᠥᠷᠳᠡᠬᠦ ᠡᠲᠡᠭᠡᠳ᠎ᠲᠤ᠂ ᠣᠨᠴᠠ ᠬᠦᠴᠢᠷᠳᠡᠯᠲᠡᠶ ᠬᠥᠮᠦᠰ᠎ᠤᠨ ᠲᠣᠭᠲᠠᠭ᠋ᠠᠯ᠎ᠳᠤ ᠨᠡᠶ᠋ᠢᠴᠡᠬᠦ ᠡᠮᠴᠢᠯᠡᠭᠡᠨ᠎ᠤ ᠵᠠᠷᠤᠳᠠᠯ᠎ᠢ 70%᠎ᠠᠴᠠ ᠳᠣᠤᠷ᠎ᠠ ᠪᠠᠶ᠋ᠢᠯᠭ᠋ᠠᠬᠤ ᠥᠬᠡᠶ ᠬᠠᠷᠢᠴᠠᠯ ᠵᠶ᠋ᠠᠷ ᠲᠡᠩᠬᠡᠷᠡᠭᠦᠯᠦᠨ ᠲᠤᠰᠠᠯᠠᠵᠤ᠂ ᠪᠤᠰᠤᠳ ᠲᠡᠩᠬᠡᠷᠡᠭᠦᠯᠦᠨ ᠲᠤᠰᠠᠯᠠᠬᠤ ᠡᠲᠡᠭᠡᠳ᠎ᠤᠨ ᠲᠡᠩᠬᠡᠷᠡᠭᠦᠯᠦᠨ ᠲᠤᠰᠠᠯᠠᠬᠤ ᠬᠠᠷᠢᠴᠠᠯ᠎ᠢ ᠵᠠᠷᠴᠢᠮ ᠳᠡᠭᠡᠷ᠎ᠡ᠎ᠪᠠᠨ ᠠᠮᠢᠳᠤᠷᠠᠯ᠎ᠤᠨ ᠨᠠᠭ᠋ᠠᠳᠤ ᠵᠠᠬ᠎ᠠ ᠵᠢᠨ ᠪᠠᠲᠤᠯᠠᠭ᠎ᠠ ᠭᠥᠷᠳᠡᠬᠦ ᠡᠲᠡᠭᠡᠳ᠎ᠠᠴᠠ ᠪᠠᠭ᠎ᠠ ᠳᠣᠤᠷ᠎ᠠ᠂ ᠪᠣᠳᠠᠲᠠᠶ ᠠᠪᠤᠷᠠᠨ ᠲᠤᠰᠠᠯᠠᠬᠤ ᠬᠠᠷᠢᠴᠠᠯ᠎ᠢ ᠲᠣᠭᠲᠠᠭ᠋ᠠᠬᠤ᠎ᠳᠠᠭᠠᠨ ᠵᠤᠬᠢᠰᠳᠠᠢ ᠪᠥᠭᠡᠳ ᠲᠣᠬᠢᠷᠠᠮᠵᠢᠲᠠᠶ ᠪᠠᠶ᠋ᠢᠯᠭ᠋ᠠᠵᠤ᠂ ᠡᠩ᠎ᠤᠨ ᠠᠰᠠᠷᠠᠮᠵᠢ ᠵᠢᠨ ᠬᠠᠨᠳᠤᠰᠢ ᠵᠢ ᠰᠡᠷᠭᠡᠶ᠋ᠢᠯᠡᠬᠦ ᠬᠡᠷᠡᠭᠲᠡᠶ᠃ ᠡᠯ᠎ᠡ ᠨᠢᠭᠡᠳᠦᠯᠲᠡᠶ ᠲᠥᠯᠥᠪᠯᠡᠬᠦ ᠭᠠᠵᠠᠷ ᠣᠷᠣᠨ᠎ᠨᠤᠭᠤᠳ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠬᠢᠷᠢ ᠬᠡᠮᠵᠢᠶ᠎ᠡ᠂ ᠠᠷᠠᠳ ᠲᠦᠮᠡᠨ᠎ᠤ ᠡᠷᠡᠭᠦᠯ ᠮᠡᠨᠳᠦ ᠵᠢᠨ ᠬᠡᠷᠡᠭᠴᠡᠭᠡ ᠱᠠᠭ᠋ᠠᠷᠳᠠᠯᠭ᠎ᠠ᠂ ᠡᠮᠴᠢᠯᠡᠭᠡᠨ᠎ᠤ ᠲᠡᠩᠬᠡᠷᠡᠭᠦᠯᠦᠨ ᠲᠤᠰᠠᠯᠠᠬᠤ ᠰᠠᠭᠤᠷᠢ ᠮᠥᠩᠭᠥ ᠵᠢᠨ ᠲᠤᠯᠭ᠋ᠠᠭᠤᠷᠢᠯᠠᠬᠤ ᠴᠢᠳᠠᠪᠤᠷᠢ ᠵᠢ ᠦᠨᠳᠦᠰᠦᠯᠡᠨ᠂ ᠡᠮᠴᠢᠯᠡᠭᠡᠨ᠎ᠤ ᠲᠡᠩᠬᠡᠷᠡᠭᠦᠯᠦᠨ ᠲᠤᠰᠠᠯᠠᠬᠤ ᠣᠨ᠎ᠤ ᠲᠡᠩᠬᠡᠷᠡᠭᠦᠯᠦᠨ ᠲᠤᠰᠠᠯᠠᠬᠤ ᠬᠢᠵᠠᠭ᠋ᠠᠷ ᠲᠣᠭ᠎ᠠ ᠵᠢ ᠵᠦᠶ ᠵᠣᠬᠢᠰᠲᠠᠶ ᠲᠣᠭᠲᠠᠭ᠋ᠠᠬᠤ ᠬᠡᠷᠡᠭᠲᠡᠶ᠃ ᠬᠥᠳᠡᠭᠡ ᠲᠣᠰᠬᠣᠨ᠎ᠤ ᠲᠠᠬᠢᠨ ᠶᠠᠳᠠᠭᠤᠷᠠᠬᠤ᠎ᠠᠴᠠ ᠪᠤᠯᠵᠤ ᠶᠠᠳᠠᠭᠤᠷᠠᠭᠰᠠᠨ ᠬᠥᠮᠦᠨ ᠠᠮᠠ ᠵᠢ ᠠᠪᠤᠷᠠᠨ ᠲᠤᠰᠠᠯᠠᠬᠤ ᠲᠦᠪᠰᠢᠨ᠎ᠢ ᠡᠮᠴᠢᠯᠡᠭᠡ ᠵᠢᠨ ᠪᠠᠳᠤᠯᠠᠭ᠎ᠠ ᠵᠢᠨ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠤᠳᠤᠯᠭ᠎ᠠ ᠵᠢ ᠪᠦᠲᠦᠮᠵᠢᠲᠡᠢ ᠵᠣᠯᠭ᠋ᠠᠭᠤᠯᠬᠤ ᠬᠣᠯᠪᠣᠭᠳᠠᠯ ᠪᠦᠬᠦᠢ ᠲᠦᠷᠦ ᠵᠢᠨ ᠪᠤᠳᠤᠯᠭ᠎ᠠ ᠵᠢᠨ ᠲᠣᠭᠲᠠᠭ᠋ᠠᠯ ᠶᠣᠰᠣᠭ᠋ᠠᠷ ᠬᠡᠷᠡᠭᠵᠢᠭᠦᠯᠦᠨ᠎ᠡ᠃
     (ᠵᠢᠷᠭᠤᠭ᠎ᠠ) ᠦᠨᠳᠦᠰᠦᠨ ᠵᠦᠢ᠍ᠯ᠎ᠢ ᠪᠠᠲᠤᠯᠠᠬᠤ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠢ ᠨᠢᠭᠡᠳᠦᠯᠲᠡᠶ ᠲᠥᠯᠥᠪᠯᠡᠨ ᠲᠡᠭᠦᠯᠳᠡᠷᠵᠢᠭᠦᠯᠦᠨ᠎ᠡ᠃
      ᠡᠭᠦᠳᠡᠨ ᠡᠮᠨᠡᠯᠭᠡ ᠵᠢᠨ ᠤᠳᠠᠭ᠋ᠠᠨ ᠴᠢᠨᠠᠷᠲᠠᠶ ᠡᠪᠡᠳᠴᠢᠨ᠂ ᠣᠨᠴᠣᠭᠣᠶ ᠡᠪᠡᠳᠴᠢᠨ ᠡᠮᠭᠡᠭ᠎ᠢ ᠲᠡᠩᠬᠡᠷᠡᠭᠦᠯᠦᠨ ᠲᠤᠰᠠᠯᠠᠬᠤ ᠪᠠᠲᠤᠯᠠᠭ᠎ᠠ ᠵᠢ ᠴᠢᠩᠭ᠋ᠠᠳᠬᠠᠵᠤ᠂ ᠡᠭᠦᠳᠡᠨ ᠡᠮᠨᠡᠯᠭᠡ ᠪᠠ ᠡᠮᠨᠡᠯᠭᠡ᠎ᠳᠤ ᠰᠠᠭᠤᠵᠤ ᠲᠡᠩᠬᠡᠷᠡᠭᠦᠯᠦᠨ ᠲᠤᠰᠠᠯᠠᠬᠤ᠎ᠳᠤ ᠣᠨ᠎ᠤ ᠲᠡᠩᠬᠡᠷᠡᠭᠦᠯᠦᠨ ᠲᠤᠰᠠᠯᠠᠬᠤ ᠬᠢᠵᠠᠭ᠋ᠠᠷ ᠲᠣᠭ᠎ᠠ ᠵᠢ ᠨᠡᠶ᠋ᠢᠲᠡ᠎ᠪᠠᠷ ᠬᠡᠷᠡᠭᠯᠡᠵᠦ᠂ ᠪᠠᠯᠠ ᠮᠥᠩᠭᠥ ᠵᠢᠨ ᠬᠡᠷᠡᠭᠯᠡᠯᠲᠡ ᠵᠢ ᠨᠢᠭᠡᠳᠦᠯᠲᠡᠶ ᠲᠥᠯᠥᠪᠯᠡᠨ᠂ ᠲᠡᠩᠬᠡᠷᠡᠭᠦᠯᠦᠨ ᠲᠤᠰᠠᠯᠠᠬᠤ ᠡᠲᠡᠭᠡᠳ᠎ᠤᠨ ᠡᠭᠦᠳᠡᠨ ᠡᠮᠨᠡᠯᠭᠡ ᠵᠢᠨ ᠤᠳᠠᠭ᠋ᠠᠨ ᠴᠢᠨᠠᠷᠲᠠᠶ ᠡᠪᠡᠳᠴᠢᠨ᠂ ᠣᠨᠴᠣᠭᠣᠶ ᠡᠪᠡᠳᠴᠢᠨ ᠡᠮᠭᠡᠭ᠎ᠤᠨ ᠡᠮᠴᠢᠯᠡᠭᠡᠨ᠎ᠤ ᠵᠠᠷᠤᠳᠠᠯ᠎ᠤᠨ ᠰᠢᠯᠵᠢᠭᠦᠯᠦᠨ ᠡᠮᠨᠡᠭᠦᠯᠬᠦ ᠵᠢ ᠵᠢᠷᠤᠮᠵᠢᠭᠤᠯᠤᠭᠰᠠᠨ ᠮᠥᠷᠲᠡᠭᠡᠨ ᠮᠤᠵᠢ ᠵᠢᠨ ᠬᠡᠪᠴᠢᠶᠡᠨ᠎ᠳᠤ ᠡᠮᠨᠡᠭᠦᠯᠦᠭᠰᠡᠨ ᠠᠪᠤᠷᠠᠨ ᠲᠤᠰᠠᠯᠠᠬᠤ ᠡᠲᠡᠭᠡᠳ᠎ᠢ ᠭᠤᠷᠪᠠᠨ ᠳᠠᠪᠬᠤᠷ ᠲᠦᠷᠢᠮ ᠵᠶ᠋ᠠᠷ ᠶᠡᠷᠦᠩᠬᠡᠶ᠋ᠢᠯᠡᠨ ᠪᠠᠲᠤᠯᠠᠭᠰᠠᠨ᠎ᠤ ᠳᠠᠷᠠᠭ᠎ᠠ᠂ ᠲᠥᠷᠥ ᠵᠢᠨ ᠪᠣᠳᠣᠯᠭ᠎ᠠ ᠵᠢᠨ ᠬᠡᠪᠴᠢᠶᠡᠨ ᠳᠣᠲᠣᠷ᠎ᠠ ᠬᠤᠪᠢ ᠬᠥᠮᠦᠨ᠎ᠤ ᠳᠠᠷᠤᠭ᠋ᠠᠰᠤ ᠮᠥᠨ ᠨᠡᠯᠢᠶᠡᠳ ᠬᠦᠨᠳᠦ ᠪᠠᠶ᠋ᠢᠪᠠᠯ᠂ ᠬᠡᠯᠪᠡᠶ᠋ᠢᠯᠭᠡᠵᠦ ᠠᠪᠤᠷᠠᠨ ᠲᠤᠰᠠᠯᠠᠨ᠎ᠠ᠂ ᠪᠣᠳᠠᠲᠠᠶ ᠠᠪᠤᠷᠠᠨ ᠲᠤᠰᠠᠯᠠᠬᠤ ᠪᠠᠷᠢᠮᠵᠢᠶ᠎ᠠ ᠵᠢ ᠨᠢᠭᠡᠳᠦᠯᠲᠡᠶ ᠲᠥᠯᠥᠪᠯᠡᠬᠦ ᠭᠠᠵᠠᠷ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠡᠮᠴᠢᠯᠡᠭᠡᠨ᠎ᠤ ᠠᠪᠤᠷᠠᠨ ᠲᠤᠰᠠᠯᠠᠬᠤ ᠰᠠᠭᠤᠷᠢ ᠮᠥᠩᠭᠥ ᠵᠢᠨ ᠪᠠᠯᠠ ᠴᠤᠭᠯᠠᠭᠤᠯᠤᠭᠰᠠᠨ ᠪᠠᠶ᠋ᠢᠳᠠᠯ᠎ᠢ ᠦᠨᠳᠦᠰᠦᠯᠡᠨ ᠰᠢᠨᠵᠢᠯᠡᠬᠦ ᠤᠬᠠᠭ᠋ᠠᠨᠴᠢ᠎ᠪᠠᠷ ᠲᠣᠭᠲᠠᠭ᠋ᠠᠵᠤ᠂ ᠬᠡᠲᠦ ᠪᠠᠲᠤᠯᠠᠬᠤ᠎ᠠᠴᠠ ᠵᠠᠶ᠋ᠢᠯᠠᠰᠬᠢᠨ᠎ᠡ᠃ ᠣᠨᠣᠰᠢᠯᠠᠨ ᠡᠮᠨᠡᠬᠦ ᠲᠥᠰᠦᠯ᠎ᠢ ᠲᠣᠳᠣᠷᠬᠠᠶ᠋ᠢᠯᠠᠬᠤ᠂ ᠣᠨᠣᠰᠢᠯᠠᠨ ᠡᠮᠨᠡᠬᠦ ᠵᠢ ᠵᠢᠷᠤᠮᠵᠢᠭᠤᠯᠬᠤ ᠵᠡᠷᠭᠡ ᠠᠷᠭ᠎ᠠ ᠬᠡᠮᠵᠢᠶ᠎ᠡ᠎ᠪᠠᠷ ᠳᠠᠮᠵᠢᠭᠤᠯᠤᠨ ᠡᠮᠴᠢᠯᠡᠭᠡᠨ᠎ᠤ ᠥᠪᠡᠷ᠎ᠤᠨ ᠥᠷᠲᠡᠭ᠎ᠢ ᠪᠠᠭᠤᠷᠠᠭᠤᠯᠵᠤ᠂ ᠬᠦᠴᠢᠷᠳᠡᠯᠲᠡᠶ ᠣᠯᠠᠨ ᠲᠦᠮᠡᠨ᠎ᠤ ᠲᠥᠷᠥ ᠵᠢᠨ ᠪᠣᠳᠣᠯᠭ᠎ᠠ ᠵᠢᠨ ᠬᠡᠪᠴᠢᠶᠡᠨ᠎ᠳᠠᠬᠢ ᠥᠪᠡᠰᠦᠪᠡᠨ ᠳᠥᠯᠥᠬᠦ ᠵᠠᠷᠤᠳᠠᠯ᠎ᠤᠨ ᠬᠠᠷᠢᠴᠠᠯ᠎ᠢ ᠵᠦᠶ ᠵᠣᠬᠢᠰᠲᠠᠶ ᠬᠢᠵᠠᠭ᠋ᠠᠷᠯᠠᠨ᠎ᠠ᠃
      ᠲᠠᠪᠤ᠂ ᠡᠪᠡᠳᠴᠢᠨ᠎ᠠᠴᠠ ᠪᠤᠯᠵᠤ ᠶᠠᠳᠠᠭᠤᠷᠠᠬᠤ ᠪᠠ ᠲᠠᠬᠢᠨ ᠶᠠᠳᠠᠭᠤᠷᠠᠬᠤ ᠵᠢ ᠰᠡᠷᠭᠡᠶ᠋ᠢᠯᠡᠬᠦ ᠪᠠ ᠠᠷᠢᠯᠭ᠋ᠠᠬᠤ ᠤᠷᠳᠤ ᠬᠤᠭᠤᠴᠠᠭ᠋ᠠᠨ᠎ᠤ ᠪᠦᠲᠦᠮᠵᠢᠲᠡᠢ ᠲᠣᠭᠲᠠᠴᠠ ᠵᠢ ᠪᠠᠶ᠋ᠢᠭᠤᠯᠤᠨ ᠪᠦᠷᠢᠨᠰᠢᠬᠦᠯᠦᠨ᠎ᠠ
     (ᠳᠣᠯᠣᠭ᠎ᠠ) ᠶᠡᠬᠡ ᠲᠣᠭ᠋ᠠᠨ᠎ᠤ ᠡᠮᠴᠢᠯᠡᠭᠡᠨ᠎ᠤ ᠵᠠᠷᠤᠳᠠᠯ᠎ᠤᠨ ᠵᠠᠷᠤᠯᠭ᠎ᠠ ᠵᠢ ᠤᠷᠢᠳᠴᠢᠯᠠᠨ ᠰᠡᠷᠡᠮᠵᠢᠯᠡᠭᠦᠯᠵᠦ ᠡᠮᠴᠢᠯᠡᠭᠡ᠎ᠪᠠᠷ ᠲᠡᠩᠬᠡᠷᠡᠭᠦᠯᠦᠨ ᠲᠤᠰᠠᠯᠠᠬᠤ ᠡᠲᠡᠭᠡᠳ᠎ᠤᠨ ᠮᠡᠳᠡᠭᠡ ᠵᠠᠩᠭᠢ ᠵᠢᠨ ᠬᠥᠳᠡᠯᠦᠩᠭᠦᠶ ᠬᠠᠮᠢᠶᠠᠷᠤᠯᠲᠠ ᠵᠢ ᠡᠪᠡᠳᠴᠢᠨ᠎ᠠᠴᠠ ᠪᠣᠯᠵᠣ ᠶᠠᠳᠠᠭᠤᠷᠠᠬᠤ ᠪᠠ ᠡᠪᠡᠳᠴᠢᠨ᠎ᠠᠴᠠ ᠪᠣᠯᠵᠣ ᠳᠠᠬᠢᠨ ᠶᠠᠳᠠᠭᠤᠷᠠᠬᠤ ᠵᠢᠨ ᠬᠣᠤᠰ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠵᠢ ᠲᠥᠷᠥᠯ ᠬᠤᠪᠢᠶᠠᠨ ᠪᠦᠷᠢᠨᠰᠢᠬᠦᠯᠵᠦ᠂ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ ᠬᠢᠨᠠᠨ ᠬᠡᠮᠵᠢᠬᠦ ᠪᠠᠷᠢᠮᠵᠢᠶ᠎ᠠ ᠵᠢ ᠵᠦᠶ ᠵᠣᠬᠢᠰᠲᠠᠶ ᠲᠣᠭᠲᠠᠭ᠋ᠠᠨ᠎ᠠ᠃ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠂ ᠬᠦᠨᠳᠦ ᠡᠪᠡᠳᠴᠢᠨ᠎ᠤ ᠳᠠᠭ᠋ᠠᠳᠬᠠᠯ ᠵᠡᠷᠭᠡ᠎ᠪᠠᠷ ᠳᠡᠮᠵᠢᠨ ᠳᠥᠯᠥᠭᠰᠡᠨ᠎ᠤ ᠳᠠᠷᠠᠭ᠋ᠠᠬᠢ ᠬᠤᠪᠢ ᠬᠥᠮᠦᠨ᠎ᠤ ᠣᠨ᠎ᠤ ᠡᠮ ᠡᠮᠨᠡᠯᠭᠡ ᠵᠢᠨ ᠵᠠᠷᠤᠳᠠᠯ᠎ᠤᠨ ᠡᠭᠦᠷᠭᠡᠯᠡᠯ᠎ᠨᠢ ᠮᠥᠨ ᠬᠦ᠌ ᠨᠡᠯᠢᠶᠡᠳ ᠬᠦᠨᠳᠦ ᠪᠠᠶ᠋ᠢᠭ᠎ᠠ ᠨᠠᠭ᠋ᠠᠳᠤ ᠵᠠᠬ᠎ᠠ ᠵᠢᠨ ᠪᠠᠲᠤᠯᠠᠭ᠎ᠠ ᠵᠢᠨ ᠵᠠᠬ᠎ᠠ ᠬᠢᠵᠠᠭ᠋ᠠᠷ᠎ᠤᠨ ᠬᠡᠷ ᠪᠦᠯᠢ ᠵᠢᠨ ᠪᠦᠷᠢᠯᠳᠦᠬᠦᠨ ᠪᠠ ᠬᠥᠳᠡᠭᠡ ᠲᠣᠰᠬᠣᠨ᠎ᠤ ᠳᠠᠬᠢᠨ ᠶᠠᠳᠠᠭᠤᠷᠠᠬᠤ᠎ᠠᠴᠠ ᠪᠣᠯᠵᠣ ᠶᠠᠳᠠᠭᠤᠷᠠᠭᠰᠠᠨ ᠬᠥᠮᠦᠨ ᠠᠮᠠ ᠵᠢ ᠭᠣᠤᠯᠳᠠᠯᠭ᠎ᠠ᠎ᠲᠠᠢ ᠬᠢᠨᠠᠨ ᠬᠡᠮᠵᠢᠵᠦ᠂ ᠴᠠᠭ ᠲᠤᠬᠠᠶ᠎ᠳᠤᠨᠢ ᠤᠷᠢᠳᠴᠢᠯᠠᠨ ᠰᠡᠷᠡᠮᠵᠢᠯᠡᠭᠦᠯᠦᠨ᠎ᠡ᠃ ᠰᠠᠯᠠᠭ᠎ᠠ ᠮᠥᠴᠢᠷ᠎ᠤᠨ ᠬᠣᠭᠣᠷᠣᠨᠳᠣᠬᠢ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ ᠪᠠ ᠬᠠᠷᠭᠤᠭᠤᠯᠤᠨ ᠪᠠᠶ᠋ᠢᠴᠠᠭ᠋ᠠᠵᠤ ᠠᠳᠠᠯᠢᠳᠬᠠᠬᠤ ᠵᠢ ᠴᠢᠩᠭ᠋ᠠᠳᠬᠠᠵᠤ᠂ ᠲᠦᠭᠰᠢᠭᠦᠷᠢ ᠵᠢ ᠰᠤᠳᠤᠯᠤᠨ ᠮᠠᠭ᠋ᠠᠳᠯᠠᠬᠤ ᠪᠠ ᠰᠢᠢ᠍ᠳᠪᠦᠷᠢᠯᠡᠬᠦ ᠵᠢ ᠬᠠᠮᠵᠢᠯᠴᠠᠨ ᠰᠠᠶ᠋ᠢᠲᠤᠷ ᠬᠢᠨ᠎ᠠ᠃ ᠬᠢᠨᠠᠨ ᠬᠡᠮᠵᠢᠬᠦ ᠬᠥᠮᠦᠰ᠎ᠤᠨ ᠬᠥᠳᠡᠯᠦᠩᠭᠦᠶ ᠬᠠᠮᠢᠶᠠᠷᠤᠯᠲᠠ ᠵᠢ ᠴᠢᠩᠭ᠋ᠠᠳᠬᠠᠵᠤ᠂ ᠨᠥᠬᠥᠴᠡᠯ᠎ᠳᠤ ᠨᠡᠶ᠋ᠢᠴᠡᠭᠰᠡᠨ᠎ᠢ᠎ᠨᠢ ᠴᠠᠭ ᠲᠤᠬᠠᠶ᠎ᠳᠤᠨᠢ ᠠᠪᠤᠷᠠᠨ ᠲᠤᠰᠠᠯᠠᠬᠤ ᠬᠡᠪᠴᠢᠶᠡᠨ᠎ᠳᠤ ᠣᠷᠣᠭᠤᠯᠬᠤ ᠬᠡᠷᠡᠭᠲᠡᠶ᠃
     (ᠨᠠᠢ᠍ᠮᠠ) ᠭᠤᠶᠤᠴᠢᠯᠠᠯ ᠶᠣᠰᠣᠭ᠋ᠠᠷ ᠶᠡᠷᠦᠩᠬᠡᠶ᠋ᠢᠯᠡᠭᠰᠡᠨ ᠪᠠᠲᠤᠯᠠᠭ᠎ᠠ ᠵᠢᠨ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠤᠨ᠎ᠠ᠃ ᠲᠤᠰᠠᠯᠠᠮᠵᠢ ᠭᠤᠶᠤᠴᠢᠯᠠᠬᠤ ᠲᠣᠭᠲᠠᠴᠠ ᠵᠢ ᠪᠥᠬᠥ ᠲᠠᠯ᠎ᠠ᠎ᠪᠠᠷ ᠪᠠᠶ᠋ᠢᠭᠤᠯᠵᠤ᠂ ᠠᠮᠢᠳᠤᠷᠠᠯ᠎ᠤᠨ ᠨᠠᠭ᠋ᠠᠳᠤ ᠵᠠᠬ᠎ᠠ ᠵᠢᠨ ᠪᠠᠲᠤᠯᠠᠭ᠎ᠠ ᠵᠢᠨ ᠵᠠᠬ᠎ᠠ ᠬᠢᠵᠠᠭ᠋ᠠᠷ᠎ᠤᠨ ᠬᠡᠷ ᠪᠦᠯᠢ ᠵᠢᠨ ᠪᠦᠷᠢᠯᠳᠦᠬᠦᠨ ᠪᠠ ᠬᠥᠳᠡᠭᠡ ᠲᠣᠰᠬᠣᠨ᠎ᠤ ᠳᠠᠬᠢᠨ ᠶᠠᠳᠠᠭᠤᠷᠠᠬᠤ᠎ᠠᠴᠠ ᠪᠣᠯᠵᠣ ᠶᠠᠳᠠᠭᠤᠷᠠᠭᠰᠠᠨ ᠬᠥᠮᠦᠨ ᠠᠮᠠ᠂ ᠡᠪᠡᠳᠴᠢᠨ᠎ᠠᠴᠠ ᠪᠣᠯᠵᠣ ᠶᠠᠳᠠᠭᠤᠷᠠᠭᠰᠠᠨ ᠬᠦᠨᠳᠦ ᠡᠪᠡᠳᠴᠢᠲᠡᠨ᠎ᠳᠤ ᠡᠮᠴᠢᠯᠡᠭᠡᠨ᠎ᠤ ᠲᠤᠰᠠᠯᠠᠮᠵᠢ ᠭᠤᠶᠤᠴᠢᠯᠠᠬᠤ ᠠᠷᠭ᠎ᠠ ᠵᠠᠮ᠎ᠢ ᠰᠠᠭ᠋ᠠᠳ ᠥᠬᠡᠶ ᠨᠡᠪᠲᠡᠷᠡᠭᠦᠯᠵᠦ᠂ ᠠᠪᠤᠷᠠᠨ ᠲᠤᠰᠠᠯᠠᠬᠤ ᠬᠤᠭᠤᠴᠠᠭ᠋ᠠᠲᠤ ᠴᠢᠨᠠᠷ᠎ᠢ ᠴᠢᠩᠭ᠋ᠠᠷᠠᠭᠤᠯᠤᠨ᠎ᠠ᠃ ᠠᠮᠢᠳᠤᠷᠠᠯ᠎ᠤᠨ ᠨᠠᠭ᠋ᠠᠳᠤ ᠵᠠᠬ᠎ᠠ ᠵᠢᠨ ᠪᠠᠲᠤᠯᠠᠭ᠎ᠠ ᠵᠢᠨ ᠡᠲᠡᠭᠡᠳ᠂ ᠣᠨᠴᠠ ᠬᠦᠴᠢᠷᠳᠡᠯᠲᠡᠶ ᠬᠥᠮᠦᠰ ᠵᠶ᠋ᠠᠷ ᠨᠢᠭᠡᠨᠲᠡ ᠦᠨᠡᠮᠰᠢᠭᠰᠡᠨ ᠪᠠᠶ᠋ᠢᠪᠠᠯ᠂ ᠰᠢᠭᠤᠳ ᠡᠮᠴᠢᠯᠡᠭᠡᠨ᠎ᠤ ᠠᠪᠤᠷᠠᠨ ᠲᠤᠰᠠᠯᠠᠯᠲᠠ ᠭᠥᠷᠳᠡᠨ᠎ᠡ᠃ ᠡᠮᠴᠢᠯᠡᠭᠡᠨ᠎ᠤ ᠠᠪᠤᠷᠠᠨ ᠲᠤᠰᠠᠯᠠᠯᠲᠠ᠂ ᠲᠦᠷ ᠴᠠᠭ᠎ᠤᠨ ᠠᠪᠤᠷᠠᠨ ᠲᠤᠰᠠᠯᠠᠯᠲᠠ᠂ ᠨᠢᠭᠦᠯᠡᠰᠦᠩᠭᠦᠶ ᠵᠢᠨ ᠠᠪᠤᠷᠠᠨ ᠲᠤᠰᠠᠯᠠᠯᠲᠠ ᠵᠡᠷᠭᠡ ᠶᠡᠷᠦᠩᠬᠡᠶ᠋ᠢᠯᠡᠭᠰᠡᠨ ᠴᠢᠨᠠᠷᠲᠠᠶ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠢ ᠴᠢᠩᠭ᠋ᠠᠳᠬᠠᠵᠤ᠂ ᠱᠠᠳᠤ ᠬᠤᠪᠢᠶᠠᠨ ᠲᠦᠷᠦᠯ ᠬᠤᠪᠢᠶᠠᠨ ᠬᠠᠪᠰᠤᠷᠤᠨ ᠲᠡᠳᠬᠦᠬᠦ ᠵᠢ ᠨᠠᠷᠢᠯᠢᠭ ᠣᠨᠣᠴᠠᠲᠠᠶ᠎ᠪᠠᠷ ᠬᠡᠷᠡᠭᠵᠢᠭᠦᠯᠦᠨ᠎ᠡ᠃ ᠶᠡᠷᠦᠩᠬᠡᠶ᠋ᠢᠯᠡᠨ ᠲᠡᠩᠬᠡᠷᠡᠭᠦᠯᠦᠨ ᠲᠤᠰᠠᠯᠠᠬᠤ ᠬᠢᠷᠢ ᠬᠡᠮᠵᠢᠶ᠎ᠡ ᠵᠢ ᠬᠡᠷ ᠪᠦᠯᠢ ᠵᠢᠨ ᠠᠵᠤ ᠠᠬᠤᠶ ᠵᠢᠨ ᠪᠠᠶ᠋ᠢᠳᠠᠯ᠂ ᠡᠭᠦᠷᠭᠡᠯᠡᠵᠦ ᠪᠠᠶ᠋ᠢᠭ᠎ᠠ ᠬᠤᠪᠢ ᠬᠥᠮᠦᠨ᠎ᠤ ᠪᠣᠳᠠᠲᠠᠶ ᠵᠠᠷᠤᠳᠠᠯ᠎ᠤᠨ ᠪᠠᠶ᠋ᠢᠳᠠᠯ᠎ᠢ ᠦᠨᠳᠦᠰᠦᠯᠡᠨ ᠵᠦᠶ ᠵᠣᠬᠢᠰᠲᠠᠶ ᠲᠣᠭᠲᠠᠭ᠋ᠠᠬᠤ ᠬᠡᠷᠡᠭᠲᠡᠶ᠃  
      ᠵᠢᠷᠭᠤᠭ᠎ᠠ᠂ ᠨᠢᠭᠦᠯᠡᠰᠦᠩᠭᠦᠶ ᠵᠢᠨ ᠦᠢ᠍ᠯᠡᠰ ᠵᠡᠷᠭᠡ ᠨᠡᠶ᠋ᠢᠭᠡᠮ᠎ᠤᠨ ᠬᠦᠴᠦᠨ᠎ᠢ ᠢᠳᠡᠪᠬᠢᠲᠡᠶ᠎ᠪᠠᠷ ᠬᠥᠲᠥᠯᠦᠨ ᠵᠢᠯᠣᠭᠣᠳᠴᠤ ᠪᠠᠶ᠋ᠢᠭ᠋ᠠᠳ ᠠᠪᠤᠷᠠᠨ ᠲᠤᠰᠠᠯᠠᠬᠤ ᠲᠦᠷᠦᠯ ᠵᠦᠢ᠍ᠯ᠎ᠢ ᠵᠤᠬᠢᠶᠠᠨ ᠪᠠᠢ᠌ᠭᠤᠯᠤᠨ ᠲᠤᠭᠳᠠᠭ᠋ᠠᠵᠤ᠂ ᠨᠦᠬᠦᠪᠦᠷᠢᠯᠡᠨ ᠠᠪᠤᠷᠠᠨ ᠲᠠᠰᠠᠯᠠᠬᠤ ᠦᠢ᠍ᠯᠡᠳᠦᠯ᠎ᠢ ᠪᠠᠳᠠᠷᠠᠭᠤᠯᠤᠨ᠎ᠠ᠃
     (ᠶᠢᠰᠦ) ᠨᠢᠭᠦᠯᠡᠰᠦᠩᠭᠦᠶ ᠵᠢᠨ ᠠᠪᠤᠷᠠᠨ ᠲᠤᠰᠠᠯᠠᠯᠲᠠ ᠵᠢ ᠬᠥᠭᠵᠢᠭᠦᠯᠦᠨ ᠪᠤᠵᠠᠭ᠋ᠠᠶ᠋ᠢᠷᠠᠭᠤᠯᠤᠨ᠎ᠠ᠃ ᠨᠢᠭᠦᠯᠡᠰᠦᠩᠭᠦᠶ ᠵᠢᠨ ᠵᠣᠬᠢᠶᠠᠨ ᠪᠠᠶ᠋ᠢᠭᠤᠯᠤᠯᠲᠠ ᠪᠠ ᠨᠡᠶ᠋ᠢᠭᠡᠮ᠎ᠤᠨ ᠪᠤᠰᠤᠳ ᠵᠣᠬᠢᠶᠠᠨ ᠪᠠᠶ᠋ᠢᠭᠤᠯᠤᠯᠲᠠ ᠵᠢᠨ ᠬᠦᠨᠳᠦ ᠡᠪᠡᠳᠴᠢᠨ᠎ᠤ ᠠᠪᠤᠷᠠᠨ ᠲᠤᠰᠠᠯᠠᠬᠤ   ᠲᠦᠷᠦᠯ ᠵᠦᠢ᠍ᠯ ᠪᠠᠶ᠋ᠢᠭᠤᠯᠬᠤ ᠵᠢ ᠵᠣᠷᠢᠭᠵᠢᠭᠤᠯᠵᠤ᠂ ᠨᠥᠬᠥᠪᠥᠷᠢᠯᠡᠨ ᠠᠪᠤᠷᠠᠨ ᠲᠤᠰᠠᠯᠠᠬᠤ ᠦᠢ᠍ᠯᠡᠳᠦᠯ᠎ᠢ ᠪᠠᠳᠠᠷᠠᠭᠤᠯᠤᠨ᠎ᠠ᠃ ᠢᠨᠲ᠋ᠤᠷ ᠰᠦᠯᠵᠢᠶᠡᠨ᠎ᠤ ᠢᠯᠡ᠎ᠪᠠᠷ ᠬᠠᠨᠳᠢᠪ ᠴᠤᠭᠯᠠᠭᠤᠯᠬᠤ ᠮᠡᠳᠡᠭᠡ ᠵᠠᠩᠭᠢ ᠵᠢᠨ ᠲᠠᠪᠴᠠᠩ᠎ᠤᠨ ᠬᠥᠭᠵᠢᠯᠲᠡ ᠪᠠ ᠲᠠᠪᠴᠠᠩ᠎ᠤᠨ ᠬᠣᠭᠣᠷᠣᠨᠳᠣᠬᠢ ᠨᠢᠭᠦᠯᠡᠰᠦᠩᠭᠦᠶ ᠵᠢᠨ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ ᠵᠢ ᠠᠬᠢᠭᠤᠯᠵᠤ᠂ ᠢᠨᠲ᠋ᠤᠷ ᠰᠦᠯᠵᠢᠶᠡᠨ᠎ᠤ ᠬᠤᠪᠢ ᠬᠥᠮᠦᠨ᠎ᠤ ᠬᠦᠨᠳᠦ ᠡᠪᠡᠳᠴᠢᠨ᠎ᠤ ᠲᠤᠰᠠᠯᠠᠮᠵᠢ ᠭᠤᠶᠤᠴᠢᠯᠠᠬᠤ ᠲᠠᠪᠴᠠᠩ᠎ᠤᠨ ᠮᠡᠳᠡᠭᠡ ᠵᠠᠩᠭᠢ ᠨᠡᠶ᠋ᠢᠲᠡᠯᠡᠬᠦ ᠵᠢ ᠵᠢᠷᠤᠮᠵᠢᠭᠤᠯᠵᠤ᠂ ᠢᠯᠡ᠎ᠪᠠᠷ ᠠᠪᠤᠷᠠᠨ ᠲᠤᠰᠠᠯᠠᠬᠤ ᠵᠢ ᠬᠡᠷᠡᠭᠵᠢᠭᠦᠯᠦᠨ᠎ᠡ᠃ ᠡᠮᠴᠢᠯᠡᠭᠡ᠎ᠪᠠᠷ ᠲᠡᠩᠬᠡᠷᠡᠭᠦᠯᠦᠨ ᠲᠤᠰᠠᠯᠠᠬᠤ ᠬᠦᠷᠢᠶ᠎ᠡ ᠴᠠᠷᠠᠭ᠎ᠠ ᠵᠢᠨ ᠨᠡᠶ᠋ᠢᠭᠡᠮ᠎ᠤᠨ ᠠᠵᠢᠯ᠎ᠤᠨ ᠦᠢ᠍ᠯᠡᠴᠢᠯᠡᠭᠡᠨ ᠪᠠ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠬᠥᠭᠵᠢᠯᠲᠡ ᠵᠢ ᠳᠡᠮᠵᠢᠵᠦ᠂ ᠲᠡᠩᠬᠡᠷᠡᠭᠦᠯᠦᠨ ᠲᠤᠰᠠᠯᠠᠬᠤ ᠦᠢ᠍ᠯᠡᠴᠢᠯᠡᠭᠡᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠬᠢᠷᠢ ᠬᠡᠮᠵᠢᠶ᠎ᠡ ᠪᠠ ᠡᠯ᠎ᠡ ᠲᠠᠯ᠎ᠠ ᠵᠢᠨ᠎ᠬᠢᠨ᠎ᠤ ᠳᠠᠭ᠋ᠠᠭ᠋ᠠᠬᠤ ᠴᠢᠳᠠᠪᠤᠷᠢ ᠵᠢ ᠦᠨᠳᠦᠰᠦᠯᠡᠨ᠂ ᠬᠣᠪᠣᠷ ᠲᠣᠬᠢᠶᠠᠯᠳᠤᠬᠤ ᠡᠪᠡᠳᠴᠢᠨ᠎ᠳᠤ ᠬᠡᠷᠡᠭᠯᠡᠬᠦ ᠡᠮ᠎ᠤᠨ ᠪᠠᠲᠤᠯᠠᠭ᠎ᠠ ᠵᠢᠨ ᠲᠣᠭᠲᠠᠴᠠ ᠵᠢ ᠰᠦᠪᠡᠭᠴᠢᠯᠡᠨ ᠪᠠᠶ᠋ᠢᠭᠤᠯᠵᠤ᠂ ᠡᠮᠴᠢᠯᠡᠭᠡᠨ᠎ᠤ ᠪᠠᠲᠤᠯᠠᠭ᠎ᠠ᠂ ᠨᠡᠶ᠋ᠢᠭᠡᠮ᠎ᠤᠨ ᠠᠪᠤᠷᠠᠨ ᠲᠤᠰᠠᠯᠠᠯᠲᠠ᠂ ᠨᠢᠭᠦᠯᠡᠰᠦᠩᠭᠦᠶ ᠵᠢᠨ ᠬᠠᠪᠰᠤᠷᠤᠨ ᠲᠡᠳᠬᠦᠬᠦ ᠵᠡᠷᠭᠡ ᠡᠬᠢ ᠪᠠᠶᠠᠯᠢᠭ᠎ᠢ ᠡᠮᠬᠢᠯᠡᠨ ᠨᠡᠶ᠋ᠢᠯᠡᠭᠦᠯᠵᠦ᠂ ᠶᠡᠷᠦᠩᠬᠡᠶ᠋ᠢᠯᠡᠭᠰᠡᠨ ᠪᠠᠲᠤᠯᠠᠭ᠎ᠠ ᠵᠢ ᠬᠡᠷᠡᠭᠵᠢᠭᠦᠯᠦᠨ᠎ᠡ᠃ ᠨᠢᠭᠦᠯᠡᠰᠦᠩᠭᠦᠶ ᠵᠢᠨ ᠠᠵᠢᠯᠯᠠᠭ᠎ᠠ᠎ᠳᠤ ᠣᠷᠣᠯᠴᠠᠬᠤ ᠵᠢ ᠤᠷᠮᠠᠰᠢᠭᠤᠯᠬᠤ ᠲᠣᠭᠲᠠᠴᠠ ᠵᠢ ᠪᠠᠶ᠋ᠢᠭᠤᠯᠵᠤ᠂ ᠵᠣᠬᠢᠴᠠᠩᠭᠤᠶ ᠭᠠᠶ᠋ᠢᠯᠢ ᠲᠠᠲᠠᠪᠤᠷᠢ ᠵᠢᠨ ᠬᠠᠷᠠᠭ᠋ᠠᠯᠵᠠᠯ᠂ ᠵᠠᠷᠤᠳᠠᠯ᠎ᠢ ᠬᠠᠰᠤᠵᠤ ᠬᠡᠯᠲᠦᠷᠢᠭᠦᠯᠬᠦ ᠵᠡᠷᠭᠡ ᠲᠦᠷᠦ ᠵᠢᠨ ᠪᠤᠳᠤᠯᠭ᠎ᠠ ᠵᠢ ᠨᠠᠶ᠋ᠢᠳᠠᠪᠤᠷᠢᠵᠢᠭᠤᠯᠤᠨ᠎ᠠ᠃
     (ᠠᠷᠪᠠ) ᠡᠮᠴᠢᠯᠡᠭᠡ ᠵᠢᠨ ᠬᠠᠷᠢᠯᠴᠠᠨ ᠬᠠᠪᠰᠤᠷᠤᠯᠴᠠᠬᠤ ᠪᠠ ᠬᠤᠳᠠᠯᠳᠤᠭ᠋ᠠᠨ᠎ᠤ ᠡᠷᠡᠭᠦᠯ ᠮᠡᠨᠳᠦ ᠵᠢᠨ ᠳᠠᠭ᠋ᠠᠳᠬᠠᠯ᠎ᠤᠨ ᠬᠥᠭᠵᠢᠯᠲᠡ ᠵᠢ ᠵᠣᠷᠢᠭᠵᠢᠭᠤᠯᠤᠨ᠎ᠠ᠃ ᠠᠵᠢᠯᠲᠠᠨ ᠠᠵᠢᠯᠴᠢᠨ᠎ᠤ ᠡᠮ ᠡᠮᠨᠡᠯᠭᠡ ᠵᠢᠨ ᠬᠠᠪᠰᠤᠷᠤᠯᠴᠠᠭ᠎ᠠ ᠥᠷᠨᠢᠭᠦᠯᠬᠦ ᠵᠢ ᠳᠡᠮᠵᠢᠵᠦ᠂ ᠢᠨᠲ᠋ᠤᠷ ᠰᠦᠯᠵᠢᠶᠡᠨ᠎ᠤ ᠲᠠᠪᠴᠠᠩ᠎ᠤᠨ ᠬᠠᠪᠰᠤᠷᠤᠯᠴᠠᠭ᠎ᠠ ᠵᠢ ᠵᠢᠷᠤᠮᠵᠢᠭᠤᠯᠤᠨ᠂ ᠲᠦᠭᠰᠢᠭᠦᠷᠢ ᠵᠢᠨ ᠬᠠᠮᠢᠶᠠᠷᠤᠯᠲᠠ ᠡᠵᠡᠮᠳᠡᠯ᠎ᠢ ᠴᠢᠩᠭ᠋ᠠᠳᠬᠠᠵᠤ᠂ ᠡᠮ ᠡᠮᠨᠡᠯᠭᠡ ᠵᠢᠨ ᠬᠠᠪᠰᠤᠷᠤᠯᠴᠠᠭ᠎ᠠ ᠵᠢᠨ ᠡᠷᠡᠭᠦᠯ ᠵᠶ᠋ᠠᠷ ᠬᠥᠭᠵᠢᠬᠦ ᠵᠢ ᠬᠤᠳᠠᠯᠳᠤᠭ᠋ᠠᠨ᠎ᠤ ᠡᠷᠡᠭᠦᠯ ᠮᠡᠨᠳᠦ ᠵᠢᠨ ᠳᠠᠭ᠋ᠠᠳᠬᠠᠯ᠎ᠤᠨ ᠬᠥᠭᠵᠢᠯᠲᠡ ᠵᠢ ᠳᠡᠮᠵᠢᠵᠦ᠂ ᠦᠨᠳᠦᠰᠦᠨ ᠡᠮᠴᠢᠯᠡᠭᠡ ᠵᠢᠨ ᠪᠠᠲᠤᠯᠠᠭ᠎ᠠ᠎ᠠᠴᠠ ᠭᠠᠳᠠᠨᠠᠬᠢ ᠪᠠᠲᠤᠯᠠᠭ᠎ᠠ ᠵᠢᠨ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠨ᠎ᠠ᠃ ᠬᠤᠳᠠᠯᠳᠤᠭ᠋ᠠᠨ᠎ᠤ ᠳᠠᠭ᠋ᠠᠳᠬᠠᠯ᠎ᠤᠨ ᠪᠠᠶ᠋ᠢᠭᠤᠯᠤᠮᠵᠢ ᠵᠢᠨ ᠦᠢ᠍ᠯᠡᠳᠭᠦᠨ᠎ᠤ ᠰᠢᠨ᠎ᠡ ᠵᠢ ᠡᠭᠦᠳᠬᠦ᠎ᠪᠠᠨ ᠴᠢᠩᠭ᠋ᠠᠳᠬᠠᠬᠤ ᠵᠢ ᠵᠣᠷᠢᠭᠵᠢᠭᠤᠯᠵᠤ᠂ ᠦᠢ᠍ᠯᠡᠳᠭᠦᠨ᠎ᠤ ᠦᠨ᠎ᠡ ᠲᠣᠭᠲᠠᠭ᠋ᠠᠬᠤ᠂ ᠳᠥᠯᠥᠬᠦ ᠨᠥᠬᠥᠴᠡᠯ᠂ ᠪᠠᠲᠤᠯᠠᠭ᠎ᠠ ᠵᠢᠨ ᠬᠦᠷᠢᠶ᠎ᠡ ᠬᠡᠪᠴᠢᠶ᠎ᠡ ᠵᠡᠷᠭᠡ ᠲᠠᠯ᠎ᠠ᠎ᠪᠠᠷ ᠬᠦᠴᠢᠷᠳᠡᠯᠲᠡᠶ ᠣᠯᠠᠨ ᠲᠦᠮᠡᠨ᠎ᠳᠤ ᠵᠣᠬᠢᠬᠤ ᠬᠡᠮᠵᠢᠶ᠎ᠡ᠎ᠪᠠᠷ ᠬᠡᠯᠪᠡᠶ᠋ᠢᠯᠭᠡᠨ᠎ᠡ᠃
      ᠳᠣᠯᠣᠭ᠎ᠠ᠂ ᠭᠠᠷᠲᠠᠨ ᠭᠦᠢ᠍ᠴᠡᠳᠭᠡᠬᠦ ᠬᠠᠮᠢᠶᠠᠷᠤᠯᠲᠠ ᠵᠢᠨ ᠦᠢ᠍ᠯᠡᠴᠢᠯᠡᠭᠡᠨ᠎ᠢ ᠵᠢᠷᠤᠮᠵᠢᠭᠤᠯᠬᠤ ᠬᠡᠷᠡᠭᠲᠡᠶ
     (ᠠᠷᠪᠠᠨ ᠨᠢᠭᠡ) ᠨᠢᠭᠡ ᠴᠣᠠᠠᠴᠠᠵᠢᠭᠤᠯᠥᠨ ᠭᠠᠷᠲᠠᠨ ᠭᠦᠢ᠍ᠴᠡᠳᠭᠡᠬᠦ ᠵᠢ ᠲᠦᠷᠭᠡᠳᠬᠡᠨ ᠠᠬᠢᠭᠤᠯᠤᠨ᠎ᠠ᠃ ᠲᠡᠩᠬᠡᠷᠡᠭᠦᠯᠦᠨ ᠲᠤᠰᠠᠯᠠᠬᠤ ᠦᠢ᠍ᠯᠡᠴᠢᠯᠡᠭᠡᠨ᠎ᠤ ᠵᠦᠢ᠍ᠯᠡᠰ᠎ᠤᠨ ᠨᠠᠷᠢᠨ ᠬᠠᠭᠤᠳᠠᠰᠤ ᠵᠢ ᠨᠠᠷᠢᠯᠢᠬ᠍ᠵᠢᠭᠤᠯᠤᠨ ᠲᠡᠭᠦᠯᠳᠡᠷᠵᠢᠭᠦᠯᠵᠦ᠂ ᠡᠮᠴᠢᠯᠡᠭᠡᠨ᠎ᠤ ᠲᠡᠩᠬᠡᠷᠡᠭᠦᠯᠦᠨ ᠲᠤᠰᠠᠯᠠᠬᠤ ᠵᠢ ᠭᠠᠷᠲᠠᠨ ᠭᠦᠢ᠍ᠴᠡᠳᠭᠡᠬᠦ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠲᠦᠷᠢᠮ᠎ᠢ ᠨᠡᠶ᠋ᠢᠲᠡᠯᠡᠨ ᠬᠡᠷᠡᠭᠵᠢᠭᠦᠯᠵᠦ᠂ ᠲᠡᠩᠬᠡᠷᠡᠭᠦᠯᠦᠨ ᠲᠤᠰᠠᠯᠠᠬᠤ ᠡᠲᠡᠭᠡᠳ᠎ᠤᠨ ᠮᠡᠳᠡᠭᠡ ᠵᠠᠩᠭᠢ ᠵᠢ ᠬᠠᠮᠲᠤᠪᠠᠷ ᠭᠥᠷᠳᠡᠵᠦ ᠬᠠᠷᠢᠯᠴᠠᠨ ᠮᠡᠳᠡᠷᠡᠬᠦ᠂ ᠳᠠᠭ᠋ᠠᠳᠬᠠᠯ᠎ᠳᠤ ᠣᠷᠣᠯᠴᠠᠬᠤ᠂ ᠣᠯᠭᠣᠮᠵᠢ ᠣᠯᠭᠣᠬᠤ ᠵᠡᠷᠭᠡ ᠭᠠᠷᠲᠠᠨ ᠭᠦᠢ᠍ᠴᠡᠳᠭᠡᠬᠦ ᠦᠢ᠍ᠯᠡᠴᠢᠯᠡᠭᠡᠨ᠎ᠢ ᠵᠣᠭᠣᠰ ᠵᠶ᠋ᠠᠷ ᠲᠤᠰᠠᠯᠠᠬᠤ ᠠᠵᠢᠯ᠎ᠢ ᠰᠠᠶ᠋ᠢᠲᠤᠷ ᠬᠢᠨ᠎ᠠ᠃ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ ᠪᠠ ᠡᠮ ᠡᠮᠨᠡᠯᠭᠡ ᠵᠢᠨ ᠠᠪᠤᠷᠠᠨ ᠲᠤᠰᠠᠯᠠᠬᠤ ᠦᠢ᠍ᠯᠡᠴᠢᠯᠡᠭᠡ ᠵᠢᠨ ᠠᠭᠤᠰᠤᠯᠴᠠᠯ᠎ᠢ ᠲᠦᠯᠬᠢᠨ ᠠᠬᠢᠭᠤᠯᠵᠤ᠂ ᠪᠦᠬᠦ ᠤᠯᠤᠰ᠎ᠤᠨ ᠨᠢᠭᠡᠳᠦᠯᠲᠡᠶ ᠡᠮ ᠡᠮᠨᠡᠯᠭᠡ ᠵᠢᠨ ᠪᠠᠲᠤᠯᠠᠭ᠎ᠠ ᠵᠢᠨ ᠮᠡᠳᠡᠭᠡ ᠵᠠᠩᠭᠢ ᠵᠢᠨ ᠲᠠᠪᠴᠠᠩ᠎ᠳᠤ ᠲᠦᠰᠢᠭᠯᠡᠨ᠂ ᠲᠣᠭ᠎ᠠ ᠪᠠᠷᠢᠮᠲᠠ ᠵᠢ ᠰᠢᠰᠲ᠋ᠧᠮᠵᠢᠭᠦᠯᠦᠨ ᠬᠠᠮᠢᠶᠠᠷᠬᠤ ᠵᠢ ᠬᠠᠤᠯᠢ ᠲᠣᠭᠲᠠᠭ᠋ᠠᠯ ᠶᠣᠰᠣᠭ᠋ᠠᠷ ᠴᠢᠩᠭ᠋ᠠᠳᠬᠠᠨ᠎ᠠ᠃ ᠵᠥᠪᠯᠡᠯᠴᠡᠭᠡᠷ᠎ᠤᠨ ᠬᠠᠮᠢᠶᠠᠷᠤᠯᠲᠠ ᠵᠢ ᠨᠢᠭᠡᠳᠬᠡᠵᠦ᠂ ᠲᠣᠭᠲᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠵᠠᠷᠤᠳᠠᠯ᠎ᠢ ᠬᠠᠮᠢᠶᠠᠷᠤᠨ ᠡᠵᠡᠮᠳᠡᠬᠦ ᠭᠣᠤᠯ ᠴᠣᠭᠴᠠ ᠵᠢᠨ ᠬᠠᠷᠢᠭᠤᠴᠠᠯᠭ᠎ᠠ ᠵᠢ ᠴᠢᠩᠭ᠋ᠠᠷᠠᠭᠤᠯᠤᠨ᠎ᠠ᠃ ᠰᠠᠭᠤᠷᠢ ᠮᠥᠩᠭᠥ ᠵᠢᠨ ᠬᠢᠨᠠᠯᠲᠠ ᠬᠠᠮᠢᠶᠠᠷᠤᠯᠲᠠ ᠵᠢ ᠨᠢᠭᠡᠳᠦᠯᠲᠡᠶ ᠪᠣᠯᠭ᠋ᠠᠵᠤ᠂ ᠵᠠᠷᠤᠳᠠᠯ᠎ᠢ ᠬᠢᠨᠠᠨ ᠡᠵᠡᠮᠳᠡᠬᠦ᠂ ᠮᠥᠷᠳᠡᠨ ᠪᠠᠶ᠋ᠢᠴᠠᠭ᠋ᠠᠵᠤ ᠬᠢᠨᠠᠨ ᠬᠠᠷᠭᠤᠭᠤᠯᠬᠤ ᠠᠵᠢᠯ᠎ᠢ ᠰᠠᠶ᠋ᠢᠲᠤᠷ ᠬᠢᠵᠦ᠂ ᠮᠡᠬᠡᠯᠡᠨ ᠬᠢᠬᠠᠬᠤ ᠪᠠ ᠳᠠᠭ᠋ᠠᠳᠬᠠᠯ᠎ᠢ ᠮᠡᠬᠡᠯᠡᠨ ᠠᠪᠬᠤ᠎ᠳᠤ ᠴᠣᠬᠢᠯᠲᠠ ᠥᠭᠬᠦ ᠥᠨᠳᠥᠷ ᠳᠠᠷᠤᠯᠲᠠ᠎ᠲᠠᠢ ᠪᠠᠶ᠋ᠢᠳᠠᠯ᠎ᠢ ᠪᠠᠲᠤᠯᠠᠨ᠂ ᠡᠮᠴᠢᠯᠡᠭᠡᠨ᠎ᠤ ᠠᠪᠤᠷᠠᠨ ᠲᠤᠰᠠᠯᠠᠬᠤ ᠦᠢ᠍ᠯᠡᠴᠢᠯᠡᠭᠡᠨ᠎ᠢ ᠥᠷᠨᠢᠭᠦᠯᠵᠦ ᠪᠠᠶ᠋ᠢᠭ᠎ᠠ ᠴᠢᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ᠎ᠳᠤ ᠭᠣᠤᠯᠳᠠᠯᠭ᠎ᠠ᠎ᠲᠠᠢ ᠬᠢᠨᠠᠨ ᠡᠵᠡᠮᠳᠡᠬᠦ ᠵᠢ ᠬᠡᠷᠡᠭᠵᠢᠭᠦᠯᠵᠦ᠂ ᠰᠠᠭᠤᠷᠢ ᠮᠥᠩᠭᠥ ᠵᠢᠨ ᠠᠮᠤᠷ ᠲᠦᠪᠰᠢᠨ ᠥᠨᠳᠥᠷ ᠦᠷ᠎ᠡ ᠪᠦᠲᠦᠮᠵᠢᠲᠡᠶ᠂ ᠵᠦᠶ ᠵᠣᠬᠢᠰᠲᠠᠶ ᠬᠡᠷᠡᠭᠯᠡᠬᠦ ᠵᠢ ᠦᠨᠡᠨᠬᠦ ᠪᠠᠲᠤᠯᠠᠬᠤ ᠬᠡᠷᠡᠭᠲᠡᠶ᠃ 《ᠨᠢᠭᠡ ᠥᠷᠲᠡᠭᠡᠨ᠎ᠤ ᠮᠠᠶᠢᠭ》᠎ᠤᠨ ᠦᠢ᠍ᠯᠡᠴᠢᠯᠡᠭᠡ᠂ 《ᠨᠢᠭᠡ ᠴᠣᠩᠬᠣ》᠎ᠪᠠᠷ ᠭᠦᠢ᠍ᠴᠡᠳᠬᠡᠬᠦ ᠵᠢ ᠬᠡᠷᠡᠭᠵᠢᠭᠦᠯᠬᠦ ᠵᠢ ᠲᠦᠯᠬᠢᠨ ᠠᠬᠢᠭᠤᠯᠵᠤ᠂ ᠳ᠋ᠦᠩᠨᠡᠨ ᠪᠤᠳᠤᠬᠤ ᠦᠢ᠍ᠯᠡᠴᠢᠯᠡᠭᠡᠨ᠎ᠤ ᠳᠥᠭᠥᠮ ᠳᠥᠲᠡ ᠴᠢᠨᠠᠷ᠎ᠢ ᠳᠡᠭᠡᠭᠰᠢᠯᠡᠭᠦᠯᠦᠨ᠎ᠡ᠃
     (ᠠᠷᠪᠠᠨ ᠬᠣᠶᠠᠷ) ᠲᠡᠩᠬᠡᠷᠡᠭᠦᠯᠦᠨ ᠲᠤᠰᠠᠯᠠᠬᠤ ᠭᠤᠶᠤᠴᠢᠯᠠᠯ᠎ᠢ ᠬᠢᠨᠠᠨ ᠬᠠᠷᠭᠤᠭᠤᠯᠬᠤ ᠲᠠᠰ ᠳᠠᠷᠠᠭ᠋ᠠᠯᠠᠯ᠎ᠢ ᠰᠢᠯᠢᠳᠡᠭᠵᠢᠭᠦᠯᠦᠨ᠎ᠡ᠃ ᠭᠤᠶᠤᠴᠢᠯᠠᠬᠤ᠂ ᠬᠢᠨᠠᠨ ᠬᠠᠷᠭᠤᠭᠤᠯᠬᠤ᠂ ᠠᠪᠤᠷᠠᠨ ᠲᠤᠰᠠᠯᠠᠬᠤ ᠮᠥᠩᠭᠥ ᠥᠭᠬᠦ ᠴᠤᠪᠤᠷᠠᠯ᠎ᠢ ᠳᠥᠭᠥᠮᠴᠢᠯᠡᠵᠦ᠂ ᠨᠠᠭ᠋ᠠᠳᠤ ᠵᠠᠬ᠎ᠠ ᠵᠢᠨ ᠪᠠᠲᠤᠯᠠᠭ᠎ᠠ ᠭᠥᠷᠳᠡᠬᠦ ᠡᠲᠡᠭᠡᠳ᠂ ᠣᠨᠴᠠ ᠬᠦᠴᠢᠷᠳᠡᠯᠲᠡᠶ ᠬᠥᠮᠦᠰ᠎ᠢ ᠰᠢᠭᠤᠳ 《ᠨᠢᠭᠡ ᠯᠡ ᠥᠷᠲᠡᠭᠡᠨ᠎ᠤ ᠮᠠᠶᠢᠭ》᠎ᠤᠨ ᠳ᠋ᠦᠩᠨᠡᠨ ᠪᠤᠳᠤᠬᠤ᠎ᠳᠤ ᠣᠷᠣᠭᠤᠯᠵᠤ᠂ ᠪᠤᠰᠤᠳ ᠠᠪᠤᠷᠠᠨ ᠲᠤᠰᠠᠯᠠᠬᠤ ᠡᠲᠡᠭᠡᠳ᠎ᠤᠨ ᠵᠠᠷᠤᠳᠠᠯ᠎ᠢ ᠰᠢᠭᠤᠳ ᠳ᠋ᠦᠩᠨᠡᠨ ᠪᠤᠳᠤᠬᠤ ᠠᠷᠭ᠎ᠠ ᠮᠠᠶᠢᠭ᠎ᠢ ᠰᠦᠪᠡᠭᠴᠢᠯᠡᠨ ᠲᠡᠭᠦᠯᠳᠡᠷᠵᠢᠭᠦᠯᠦᠨ᠎ᠡ᠃ ᠰᠠᠯᠠᠭ᠎ᠠ ᠮᠥᠴᠢᠷ᠎ᠤᠨ ᠠᠵᠢᠯ᠎ᠤᠨ ᠬᠠᠮᠵᠢᠯᠴᠠᠭ᠎ᠠ ᠵᠢ ᠴᠢᠩᠭ᠋ᠠᠳᠬᠠᠵᠤ᠂ ᠨᠡᠶ᠋ᠢᠭᠡᠮ᠎ᠤᠨ ᠠᠪᠤᠷᠠᠨ ᠲᠤᠰᠠᠯᠠᠬᠤ ᠵᠢᠨ ᠭᠠᠷᠲᠠᠨ ᠭᠦᠢ᠍ᠴᠡᠳᠭᠡᠬᠦ ᠦᠢ᠍ᠯᠡᠴᠢᠯᠡᠭᠡᠨ᠎ᠢ ᠪᠥᠬᠥ ᠲᠠᠯ᠎ᠠ᠎ᠪᠠᠷ ᠵᠣᠯᠭ᠋ᠠᠭᠤᠯᠵᠤ᠂ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠬᠦᠴᠢᠷᠳᠡᠯᠲᠡᠶ ᠣᠯᠠᠨ ᠲᠦᠮᠡᠨ᠎ᠤ ᠡᠮᠴᠢᠯᠡᠭᠡᠨ᠎ᠤ ᠠᠪᠤᠷᠠᠨ ᠲᠤᠰᠠᠯᠠᠯᠲᠠ ᠵᠢᠨ ᠭᠤᠶᠤᠴᠢᠯᠠᠯ᠎ᠢ ᠭᠥᠯᠢᠶᠡᠨ ᠠᠪᠴᠤ ᠰᠢᠢ᠍ᠳᠪᠦᠷᠢᠡᠯᠬᠦ᠂ ᠰᠠᠯᠭ᠋ᠠᠨ ᠭᠦᠢ᠍ᠴᠡᠳᠭᠡᠬᠦ᠎ᠠᠴᠠ ᠰᠢᠯᠵᠢᠭᠦᠯᠦᠨ ᠭᠦᠢ᠍ᠴᠡᠳᠭᠡᠬᠦ ᠵᠢᠴᠢ ᠦᠷ᠎ᠡ ᠳ᠋ᠦᠩ᠎ᠢ ᠬᠠᠷᠢᠭᠤ ᠲᠤᠰᠬᠠᠬᠤ ᠠᠵᠢᠯ᠎ᠢ ᠰᠠᠶ᠋ᠢᠲᠤᠷ ᠬᠢᠨ᠎ᠠ᠃ ᠦᠨᠳᠦᠰᠦᠨ ᠱᠠᠲᠤᠨ᠎ᠤ   ᠺᠠᠲᠠᠷ᠎ᠢ ᠲᠠᠢ᠍ᠢ᠍ᠴᠢᠯᠠᠨ᠂ ᠦᠨᠳᠦᠰᠦᠨ ᠱᠠᠲᠤᠨ᠎ᠤ ᠡᠮᠨᠡᠯᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ᠎ᠳᠤ ᠲᠦᠰᠢᠭᠯᠡᠨ᠂ ᠲᠥᠷᠥ ᠵᠢᠨ ᠪᠤᠳᠤᠯᠭ᠎ᠠ ᠵᠢ ᠤᠬᠠᠭᠤᠯᠬᠤ ᠪᠠ ᠲᠡᠩᠬᠡᠷᠡᠭᠦᠯᠦᠨ ᠲᠤᠰᠠᠯᠠᠭᠤᠯᠬᠤ᠎ᠪᠠᠷ ᠭᠤᠶᠤᠴᠢᠯᠠᠬᠤ ᠵᠢ ᠨᠠᠶ᠋ᠢᠳᠠᠵᠤ ᠣᠷᠣᠯᠠᠨ ᠭᠦᠢ᠍ᠴᠡᠳᠬᠡᠭᠦᠯᠬᠦ ᠵᠡᠷᠭᠡ ᠵᠢ ᠰᠠᠶ᠋ᠢᠲᠤᠷ ᠬᠢᠵᠦ᠂ ᠬᠦᠴᠢᠷᠳᠡᠯᠲᠡᠶ ᠤᠯᠠᠨ ᠲᠦᠮᠡᠨ᠎ᠢ ᠴᠠᠭ ᠲᠤᠬᠠᠶ᠎ᠲᠤᠨᠢ ᠰᠠᠨᠠᠭ᠋ᠠᠴᠢᠯᠠᠭ᠎ᠠ᠎ᠠᠴᠠ᠎ᠪᠠᠨ ᠬᠠᠪᠰᠤᠷᠬᠤ ᠬᠡᠷᠡᠭᠲᠡᠶ᠃
     (ᠠᠷᠪᠠᠨ ᠭᠤᠷᠪᠠ) ᠶᠡᠷᠦᠩᠬᠡᠶ᠋ᠢᠯᠡᠭᠰᠡᠨ   ᠦᠢ᠍ᠯᠡᠴᠢᠯᠡᠭᠡᠨ᠎ᠤ ᠬᠠᠮᠢᠶᠠᠷᠤᠯᠲᠠ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃ ᠠᠪᠤᠷᠠᠨ ᠲᠤᠰᠠᠯᠠᠬᠤ ᠡᠲᠡᠭᠡᠳ᠎ᠤᠨ ᠡᠪᠡᠳᠴᠢᠨ ᠦᠵᠡᠭᠦᠯᠬᠦ ᠦᠢ᠍ᠯᠡ ᠠᠵᠢᠯᠯᠠᠭ᠎ᠠ ᠵᠢ ᠬᠥᠲᠥᠯᠦᠨ ᠵᠢᠯᠣᠭᠣᠳᠬᠤ ᠵᠢ ᠴᠢᠩᠭ᠋ᠠᠳᠬᠠᠵᠤ᠂ ᠦᠨᠳᠦᠰᠦᠨ ᠱᠠᠲᠤᠨ᠎ᠳᠤ ᠠᠩᠬ᠎ᠠ ᠡᠮᠨᠡᠭᠦᠯᠬᠦ᠂ ᠰᠢᠯᠵᠢᠭᠦᠯᠦᠨ ᠡᠮᠨᠡᠭᠦᠯᠬᠦ ᠵᠢ ᠵᠢᠷᠤᠮᠵᠢᠭᠤᠯᠬᠤ ᠵᠢ ᠬᠡᠷᠡᠭᠵᠢᠭᠦᠯᠦᠨ᠂ ᠵᠦᠶ ᠵᠣᠬᠢᠰᠲᠠᠶ᠎ᠪᠠᠷ ᠡᠪᠡᠳᠴᠢᠨ ᠦᠵᠡᠭᠦᠯᠬᠦ ᠵᠢ ᠠᠬᠢᠭᠤᠯᠤᠨ᠎ᠠ᠃ ᠴᠢᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠡᠮᠴᠢᠯᠡᠭᠡᠨ᠎ᠤ ᠠᠪᠤᠷᠠᠨ ᠲᠤᠰᠠᠯᠠᠬᠤ ᠦᠢ᠍ᠯᠡᠴᠢᠯᠡᠭᠡᠨ᠎ᠤ ᠠᠭᠤᠯᠭ᠎ᠠ ᠵᠢ ᠲᠡᠭᠦᠯᠳᠡᠷᠵᠢᠭᠦᠯᠵᠦ᠂ ᠦᠢ᠍ᠯᠡᠴᠢᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠦᠨ᠂ ᠲᠣᠭᠲᠠᠭ᠋ᠠᠯ ᠶᠣᠰᠣᠭ᠋ᠠᠷ ᠦᠨᠳᠦᠰᠦᠨ ᠡᠮᠴᠢᠯᠡᠭᠡᠨ᠎ᠤ ᠳᠠᠭ᠋ᠠᠳᠬᠠᠯ ᠪᠠ ᠡᠮᠴᠢᠯᠡᠭᠡᠨ᠎ᠤ ᠠᠪᠤᠷᠠᠨ ᠲᠤᠰᠠᠯᠠᠬᠤ ᠵᠠᠷᠤᠳᠠᠯ᠎ᠢ ᠳ᠋ᠦᠩᠨᠡᠨ ᠪᠤᠳᠤᠬᠤ ᠵᠢ ᠰᠠᠶ᠋ᠢᠲᠤᠷ ᠠᠶᠦᠯᠭᠦᠢ ᠪᠥᠭᠡᠳ ᠪᠦᠲᠦᠮᠵᠢᠲᠡᠶ᠂ ᠬᠢᠮᠳᠠ ᠪᠥᠭᠡᠳ ᠲᠣᠬᠢᠷᠠᠮᠵᠢᠲᠠᠶ᠂ ᠲᠡᠩᠬᠡᠷᠡᠭᠦᠯᠦᠨ ᠲᠤᠰᠠᠯᠠᠬᠤ ᠦᠨᠳᠦᠰᠦᠨ ᠵᠠᠷᠴᠢᠮ ᠶᠣᠰᠣᠭ᠋ᠠᠷ᠂ ᠡᠮᠴᠢᠯᠡᠭᠡᠨ᠎ᠤ ᠲᠡᠩᠬᠡᠷᠡᠭᠦᠯᠦᠨ ᠲᠤᠰᠠᠯᠠᠬᠤ ᠡᠲᠡᠭᠡᠳ ᠪᠣᠯᠤᠨ ᠴᠢᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢ ᠬᠥᠲᠥᠯᠦᠨ ᠵᠢᠯᠣᠭᠣᠳᠴᠤ ᠪᠠᠶ᠋ᠢᠭ᠋ᠠᠳ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠲᠣᠭ᠋ᠠᠴᠠᠭ᠎ᠠ ᠬᠢᠬᠦ ᠬᠡᠪᠴᠢᠶᠡᠨ᠎ᠳᠤ ᠣᠷᠣᠭᠤᠯᠤᠭᠰᠠᠨ ᠡᠮ ᠲᠠᠩ᠂ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ ᠪᠣᠯᠤᠨ ᠣᠨᠣᠰᠢᠯᠠᠨ ᠡᠮᠨᠡᠬᠦ ᠲᠥᠷᠥᠯ ᠵᠦᠢ᠍ᠯ᠎ᠢ ᠤᠷᠢᠳᠠᠪᠠᠷ ᠰᠣᠩᠭᠣᠭᠤᠯᠵᠤ᠂ ᠵᠦᠶ ᠵᠣᠬᠢᠰ ᠥᠬᠡᠶ ᠵᠠᠷᠤᠳᠠᠯ᠎ᠤᠨ ᠵᠠᠷᠤᠯᠭ᠎ᠠ ᠵᠢ ᠴᠢᠩᠭ᠎ᠠ ᠡᠵᠡᠮᠳᠡᠬᠦ ᠬᠡᠷᠡᠭᠲᠡᠶ᠃ ᠦᠨᠳᠦᠰᠦᠨ ᠱᠠᠲᠤᠨ᠎ᠳᠤ ᠠᠩᠬ᠎ᠠ ᠡᠮᠨᠡᠭᠦᠯᠵᠦ ᠰᠢᠯᠵᠢᠭᠦᠯᠦᠨ ᠡᠮᠨᠡᠭᠦᠯᠦᠭᠰᠡᠨ ᠨᠠᠭ᠋ᠠᠳᠤ ᠵᠠᠬ᠎ᠠ ᠵᠢᠨ ᠪᠠᠲᠤᠯᠠᠭ᠎ᠠ ᠵᠢᠨ ᠡᠲᠡᠭᠡᠳ᠂ ᠣᠨᠴᠠ ᠬᠦᠴᠢᠷᠳᠡᠯᠲᠡᠶ ᠬᠥᠮᠦᠰ ᠬᠣᠲᠠ ᠵᠢᠨ ᠬᠡᠪᠴᠢᠶᠡᠨ ᠳᠣᠲᠣᠷᠠᠬᠢ ᠲᠣᠭᠲᠠᠭᠰᠠᠨ ᠡᠮᠴᠢᠯᠡᠭᠡᠨ᠎ᠤ ᠪᠠᠶ᠋ᠢᠭᠤᠯᠤᠮᠵᠢ᠎ᠳᠤ ᠡᠮᠨᠡᠯᠭᠡ᠎ᠳᠤ ᠰᠠᠭᠤᠪᠠᠯ᠂ 《ᠤᠷᠢᠳᠠᠪᠠᠷ ᠡᠮᠨᠡᠭᠦᠯᠵᠦ ᠳᠠᠷᠠᠭ᠎ᠠ᠎ᠨᠢ ᠵᠠᠷᠤᠳᠠᠯ ᠲᠤᠰᠢᠶᠠᠬᠤ》 ᠵᠢ ᠬᠡᠷᠡᠭᠵᠢᠭᠦᠯᠵᠦ᠂ ᠲᠡᠳᠡᠨ᠎ᠤ ᠡᠮᠨᠡᠯᠭᠡ᠎ᠳᠤ ᠰᠠᠭᠤᠬᠤ ᠪᠠᠷᠢᠴᠠᠭ᠋ᠠᠨ᠎ᠤ ᠮᠥᠩᠭᠥ ᠵᠢ ᠪᠥᠬᠥ ᠲᠠᠯ᠎ᠠ᠎ᠪᠠᠷ ᠭᠡᠯᠳᠦᠷᠢᠭᠦᠯᠦᠨ᠎ᠡ᠃ ᠣᠨᠳᠣᠤ ᠭᠠᠵᠠᠷ᠎ᠲᠤ ᠲᠥᠪᠬᠢᠨᠡᠭᠦᠯᠬᠦ ᠪᠠ ᠣᠨᠳᠣᠤ ᠭᠠᠵᠠᠷ᠎ᠲᠤ ᠰᠢᠯᠵᠢᠭᠦᠯᠦᠨ ᠡᠮᠨᠡᠭᠦᠯᠵᠦ ᠲᠡᠩᠬᠡᠷᠡᠭᠦᠯᠦᠨ ᠲᠤᠰᠠᠯᠠᠬᠤ ᠡᠲᠡᠭᠡᠳ᠎ᠢ ᠪᠦᠷᠢᠳᠬᠡᠨ ᠳᠠᠩᠰᠠᠯᠠᠬᠤ᠂ ᠡᠮᠨᠡᠭᠦᠯᠦᠭᠰᠡᠨ ᠵᠠᠷᠤᠳᠠᠯ᠎ᠢ ᠳ᠋ᠦᠩᠨᠡᠨ ᠪᠤᠳᠤᠬᠤ ᠵᠢ ᠰᠠᠶ᠋ᠢᠲᠤᠷ ᠬᠢᠵᠦ᠂ ᠲᠣᠭᠲᠠᠭ᠋ᠠᠯ ᠶᠣᠰᠣᠭ᠋ᠠᠷ ᠰᠢᠯᠵᠢᠭᠦᠯᠦᠨ ᠡᠮᠨᠡᠭᠦᠯᠦᠭᠰᠡᠨ ᠲᠡᠩᠬᠡᠷᠡᠭᠦᠯᠦᠨ ᠲᠤᠰᠠᠯᠠᠬᠤ ᠡᠲᠡᠭᠡᠳ᠎ᠲᠤ ᠡᠷᠦᠬᠡ ᠠᠮᠠ ᠵᠢᠨ ᠪᠠᠶ᠋ᠢᠭ᠎ᠠ ᠭᠠᠵᠠᠷ᠎ᠤᠨ ᠨᠢᠭᠡᠳᠦᠯᠲᠡᠶ ᠲᠥᠯᠥᠪᠯᠡᠬᠦ ᠭᠠᠵᠠᠷ ᠣᠷᠣᠨ᠎ᠤ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ ᠵᠢ ᠬᠡᠷᠡᠭᠵᠢᠭᠦᠯᠦᠨ᠎ᠡ᠃ ᠲᠣᠭᠲᠠᠭ᠋ᠠᠯ ᠶᠣᠰᠣᠭ᠋ᠠᠷ ᠰᠢᠯᠵᠢᠭᠦᠯᠦᠨ ᠡᠮᠨᠡᠭᠦᠯᠦᠭᠰᠡᠨ ᠦᠭᠡᠢ ᠠᠪᠤᠷᠠᠨ ᠲᠤᠰᠠᠯᠠᠬᠤ ᠡᠲᠡᠭᠡᠳ᠎ᠤᠨ ᠵᠠᠷᠤᠴᠠᠭᠤᠯᠤᠭᠰᠠᠨ ᠡᠮ ᠡᠮᠨᠡᠯᠭᠡ ᠵᠢᠨ ᠵᠠᠷᠤᠳᠠᠯ᠎ᠢ ᠵᠠᠷᠴᠢᠮ ᠳᠡᠭᠡᠷ᠎ᠡ᠎ᠪᠠᠨ ᠡᠮ ᠡᠮᠨᠡᠯᠭᠡ ᠵᠢᠨ ᠠᠪᠤᠷᠠᠨ ᠲᠤᠰᠠᠯᠠᠬᠤ ᠬᠡᠪᠴᠢᠶᠡᠨ᠎ᠳᠤ ᠣᠷᠣᠭᠤᠯᠬᠤ ᠦᠭᠡᠢ᠃
      ᠨᠠᠢ᠍ᠮᠠ᠂ ᠵᠣᠬᠢᠶᠠᠨ ᠪᠠᠶ᠋ᠢᠭᠤᠯᠤᠯᠲᠠ ᠵᠢᠨ ᠪᠠᠲᠤᠯᠠᠭ᠎ᠠ ᠵᠢ ᠴᠢᠩᠭ᠋ᠠᠷᠠᠭᠤᠯᠬᠤ ᠬᠡᠷᠡᠭᠲᠡᠶ
     (ᠠᠷᠪᠠᠨ ᠳᠥᠷᠪᠡ) ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠬᠤ ᠬᠡᠷᠡᠭᠲᠡᠶ᠃ ᠨᠠᠮ᠎ᠤᠨ ᠬᠣᠷᠢᠶ᠎ᠠ ᠤᠳᠤᠷᠢᠳᠤᠭᠰᠠᠨ᠂ ᠵᠠᠰᠠᠭ᠎ᠤᠨ ᠣᠷᠳᠣᠨ ᠭᠣᠣᠯᠯᠠᠨ ᠤᠳᠤᠷᠢᠳᠤᠭᠰᠠᠨ᠂ ᠰᠠᠯᠠᠭ᠎ᠠ ᠮᠥᠴᠢᠷ ᠬᠠᠮᠵᠢᠯᠴᠠᠭᠰᠠᠨ᠂ ᠨᠡᠶ᠋ᠢᠭᠡᠮ ᠨᠡᠶ᠋ᠢᠲᠡ᠎ᠪᠠᠷ ᠵᠶ᠋ᠠᠨ ᠣᠷᠣᠯᠴᠠᠭᠰᠠᠨ ᠬᠦᠨᠳᠦ ᠣᠨᠴᠠ ᠶᠡᠬᠡ ᠡᠪᠡᠳᠴᠢᠨ ᠡᠮᠭᠡᠭ᠎ᠢ ᠪᠠᠲᠤᠯᠠᠬᠤ ᠠᠵᠢᠯ᠎ᠤᠨ ᠲᠣᠭᠲᠠᠴᠠ ᠵᠢ ᠴᠢᠩᠭ᠋ᠠᠳᠬᠠᠨ᠎ᠠ᠃ ᠬᠦᠴᠢᠷᠳᠡᠯᠲᠡᠶ ᠣᠯᠠᠨ ᠲᠦᠮᠡᠨ᠎ᠤ ᠬᠦᠨᠳᠦ ᠣᠨᠴᠠ ᠶᠡᠬᠡ ᠡᠪᠡᠳᠴᠢᠨ ᠡᠮᠭᠡᠭ᠎ᠤᠨ ᠡᠮᠴᠢᠯᠡᠭᠡᠨ᠎ᠤ ᠠᠪᠤᠷᠠᠨ ᠲᠤᠰᠠᠯᠠᠯᠲᠠ ᠵᠢᠨ ᠦᠨᠳᠦᠰᠦᠨ ᠵᠦᠢ᠍ᠯ᠎ᠢ ᠪᠠᠲᠤᠯᠠᠬᠤ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠠᠷᠠᠳ᠎ᠤᠨ ᠠᠮᠢᠳᠤᠷᠠᠯ᠎ᠢ ᠴᠢᠩᠭ᠋ᠠᠳᠬᠠᠨ ᠰᠠᠶ᠋ᠢᠵᠢᠷᠠᠭᠤᠯᠬᠤ ᠵᠢᠨ ᠴᠢᠬᠤᠯᠠ ᠭᠦᠢ᠍ᠴᠡᠳᠭᠡᠯ ᠲᠣᠭ᠎ᠠ ᠪᠣᠯᠭ᠋ᠠᠵᠤ᠂ ᠡᠮᠴᠢᠯᠡᠭᠡᠨ᠎ᠤ ᠠᠪᠤᠷᠠᠨ ᠲᠤᠰᠠᠯᠠᠯᠲᠠ ᠵᠢᠨ ᠠᠵᠢᠯ᠎ᠤᠨ ᠠᠮᠵᠢᠯᠲᠠ ᠪᠦᠲᠦᠮᠵᠢ ᠵᠢᠨ ᠦᠨᠡᠯᠡᠯᠲᠡ᠎ᠳᠤ ᠣᠷᠣᠭᠤᠯᠤᠨ᠎ᠠ᠃ ᠡᠯ᠎ᠡ ᠮᠤᠵᠢ (ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ)᠎ᠨᠢ ᠭᠣᠤᠯ ᠴᠣᠭᠴᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠵᠤ᠂ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠨᠠᠷᠢᠯᠢᠬ᠍ᠵᠢᠭᠤᠯᠤᠨ᠂ ᠬᠢᠨᠠᠯᠲᠠ ᠪᠠᠶ᠋ᠢᠴᠠᠭ᠋ᠠᠯᠲᠠ᠎ᠪᠠᠨ ᠴᠢᠩᠭ᠋ᠠᠳᠬᠠᠵᠤ᠂ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠬᠤ᠂ ᠣᠯᠭᠣᠮᠵᠢ ᠵᠢ ᠨᠠᠶ᠋ᠢᠳᠠᠪᠤᠷᠢᠵᠢᠭᠤᠯᠬᠤ᠂ ᠣᠯᠠᠨ ᠲᠦᠮᠡᠨ᠎ᠳᠤ ᠪᠣᠳᠠᠲᠤ ᠠᠰᠢᠭ ᠬᠦᠷᠲᠡᠭᠡᠬᠦ ᠵᠢ ᠦᠨᠡᠨᠬᠦ ᠪᠠᠲᠤᠯᠠᠬᠤ ᠬᠡᠷᠡᠭᠲᠡᠶ᠃ ᠡᠮᠴᠢᠯᠡᠭᠡᠨ᠎ᠤ ᠪᠠᠲᠤᠯᠠᠭ᠎ᠠ ᠵᠢᠨ ᠬᠠᠷᠠᠭ᠋ᠠᠯᠵᠠᠯ᠎ᠤᠨ ᠨᠠᠷᠢᠨ ᠬᠠᠭᠤᠳᠠᠰᠤ ᠵᠢᠨ ᠲᠦᠷᠢᠮ᠎ᠢ ᠨᠠᠶ᠋ᠢᠳᠠᠪᠤᠷᠢᠵᠢᠭᠤᠯᠬᠤ᠎ᠲᠠᠢ ᠤᠶᠠᠯᠳᠤᠭᠤᠯᠤᠨ᠂ ᠨᠠᠷᠢᠯᠢᠬ᠍ᠵᠢᠭᠤᠯᠬᠤ ᠠᠷᠭ᠎ᠠ ᠬᠡᠮᠵᠢᠶ᠎ᠡ ᠵᠢ ᠲᠣᠭᠲᠠᠭ᠋ᠠᠨ ᠨᠡᠶ᠋ᠢᠲᠡᠯᠡᠵᠦ᠂ ᠡᠮᠴᠢᠯᠡᠭᠡᠨ᠎ᠤ ᠠᠪᠤᠷᠠᠨ ᠲᠤᠰᠠᠯᠠᠬᠤ ᠪᠠᠲᠤᠯᠠᠭ᠎ᠠ ᠵᠢᠨ ᠬᠡᠪᠴᠢᠶ᠎ᠡ ᠵᠢ ᠦᠨᠡᠨ ᠬᠦ᠌ ᠵᠢᠷᠤᠮᠵᠢᠭᠤᠯᠤᠨ᠂ ᠦᠨᠳᠦᠰᠦᠨ ᠪᠠᠲᠤᠯᠠᠭ᠎ᠠ ᠵᠢᠨ ᠪᠠᠷᠢᠮᠵᠢᠶ᠎ᠠ ᠵᠢ ᠪᠠᠷᠢᠮᠲᠠᠯᠠᠵᠤ᠂ ᠲᠦᠷᠢᠮ᠎ᠤᠨ ᠦᠷᠭᠦᠯᠵᠢᠯᠡᠬᠦ ᠬᠥᠭᠵᠢᠯᠲᠡ ᠵᠢ ᠦᠨᠡᠨ ᠬᠦ᠌ ᠪᠠᠲᠤᠯᠠᠬᠤ ᠬᠡᠷᠡᠭᠲᠡᠶ᠃ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠲᠠᠶ᠋ᠢᠯᠤᠮᠵᠢ ᠵᠢ ᠴᠢᠩᠭ᠋ᠠᠳᠬᠠᠵᠤ᠂ ᠨᠡᠶ᠋ᠢᠭᠡᠮ᠎ᠤᠨ ᠠᠩᠬᠠᠷᠤᠯ᠎ᠳᠤ ᠴᠠᠭ ᠲᠤᠬᠠᠶ᠎ᠳᠤᠨᠢ ᠬᠠᠷᠢᠭᠤ ᠥᠭᠴᠦ᠂ ᠰᠠᠶ᠋ᠢᠨ ᠰᠠᠶ᠋ᠢᠬᠠᠨ ᠶᠠᠷᠢᠶ᠎ᠠ ᠬᠡᠯᠡᠯᠴᠡᠭᠡᠨ᠎ᠤ ᠠᠭᠤᠷ ᠠᠮᠢᠰᠬᠤᠯ᠎ᠢ ᠡᠯ᠎ᠡ ᠭᠠᠵᠠᠷ ᠣᠷᠣᠨ᠎ᠤ ᠲᠥᠷᠥ ᠵᠢᠨ ᠪᠣᠳᠣᠯᠭ᠎ᠠ ᠵᠢ ᠬᠡᠷᠡᠭᠵᠢᠭᠦᠯᠦᠭᠰᠡᠨ ᠪᠠᠶ᠋ᠢᠳᠠᠯ᠎ᠢ ᠴᠠᠭ ᠲᠤᠬᠠᠶ᠎ᠳᠤᠨᠢ ᠤᠯᠤᠰ᠎ᠤᠨ ᠡᠮᠴᠢᠯᠡᠭᠡᠨ᠎ᠤ ᠪᠠᠳᠤᠯᠠᠭ᠎ᠠ ᠵᠢᠨ ᠲᠤᠪᠴᠢᠶᠠᠨ᠎ᠳᠤ ᠮᠡᠳᠡᠭᠦᠯᠦᠨ᠎ᠡ᠃
     (ᠠᠷᠪᠠᠨ ᠲᠠᠪᠤ) ᠰᠠᠯᠠᠭ᠎ᠠ ᠮᠥᠴᠢᠷ᠎ᠤᠨ ᠬᠠᠮᠵᠢᠯᠴᠠᠭ᠎ᠠ ᠵᠢ ᠴᠢᠩᠭ᠋ᠠᠳᠬᠠᠨ᠎ᠠ᠃ ᠰᠠᠯᠠᠭ᠎ᠠ ᠮᠥᠴᠢᠷ᠎ᠤᠨ ᠬᠠᠮᠵᠢᠯᠴᠠᠬᠤ ᠲᠣᠭᠲᠠᠴᠠ ᠵᠢ ᠪᠠᠶ᠋ᠢᠭᠤᠯᠤᠨ ᠪᠦᠷᠢᠨᠰᠢᠬᠦᠯᠵᠦ᠂ ᠡᠮᠴᠢᠯᠡᠭᠡᠨ᠎ᠤ ᠪᠠᠲᠤᠯᠠᠭ᠎ᠠ᠂ ᠨᠡᠶ᠋ᠢᠭᠡᠮ᠎ᠤᠨ ᠠᠪᠤᠷᠠᠨ ᠲᠤᠰᠠᠯᠠᠯᠲᠠ᠂ ᠡᠮᠴᠢᠯᠡᠭᠡ ᠡᠷᠡᠭᠦᠯ ᠬᠠᠮᠠᠭ᠋ᠠᠯᠠᠯ᠎ᠤᠨ ᠲᠦᠷᠢᠮ᠎ᠤᠨ ᠲᠥᠷᠥ ᠵᠢᠨ ᠪᠣᠳᠣᠯᠭ᠎ᠠ ᠵᠢᠴᠢ ᠭᠠᠷᠲᠠᠨ ᠭᠦᠢ᠍ᠴᠡᠳᠭᠡᠬᠦ ᠦᠢ᠍ᠯᠡᠴᠢᠯᠡᠭᠡ ᠵᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠵᠢ ᠴᠢᠩᠭ᠋ᠠᠳᠬᠠᠨ᠎ᠠ᠃ ᠡᠮᠴᠢᠯᠡᠭᠡᠨ᠎ᠤ ᠪᠠᠲᠤᠯᠠᠭ᠎ᠠ ᠵᠢᠨ ᠰᠠᠯᠠᠭ᠎ᠠ ᠮᠥᠴᠢᠷ᠎ᠤᠳ ᠡᠮᠴᠢᠯᠡᠭᠡᠨ᠎ᠤ ᠳᠠᠭ᠋ᠠᠳᠬᠠᠯ᠂ ᠡᠮᠴᠢᠯᠡᠭᠡᠨ᠎ᠤ ᠠᠪᠤᠷᠠᠨ ᠲᠤᠰᠠᠯᠠᠬᠤ ᠲᠦᠷᠢᠮ᠎ᠤᠨ ᠥᠭᠡᠷᠡᠴᠢᠯᠡᠯᠲᠡ ᠪᠠ ᠬᠠᠮᠢᠶᠠᠷᠤᠯᠲᠠ ᠵᠢᠨ ᠠᠵᠢᠯ᠎ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠡᠮᠴᠢᠯᠡᠭᠡᠨ᠎ᠤ ᠪᠠᠲᠤᠯᠠᠭ᠎ᠠ ᠵᠢᠨ ᠲᠥᠷᠥ ᠵᠢᠨ ᠪᠣᠳᠣᠯᠭ᠎ᠠ ᠵᠢ ᠰᠠᠶ᠋ᠢᠲᠤᠷ ᠨᠠᠶ᠋ᠢᠳᠠᠪᠤᠷᠢᠵᠢᠭᠤᠯᠬᠤ ᠬᠡᠷᠡᠭᠲᠡᠶ᠃ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠳ ᠠᠮᠢᠳᠤᠷᠠᠯ᠎ᠤᠨ ᠨᠠᠭ᠋ᠠᠳᠤ ᠵᠠᠬ᠎ᠠ ᠵᠢᠨ ᠪᠠᠲᠤᠯᠠᠭ᠎ᠠ ᠭᠥᠷᠳᠡᠬᠦ ᠡᠲᠡᠭᠡᠳ᠂ ᠣᠨᠴᠠ ᠬᠦᠴᠢᠷᠳᠡᠯᠲᠡᠶ ᠬᠥᠮᠦᠰ᠂ ᠠᠮᠢᠳᠤᠷᠠᠯ᠎ᠤᠨ ᠨᠠᠭ᠋ᠠᠳᠤ ᠵᠠᠬ᠎ᠠ ᠵᠢᠨ ᠪᠠᠲᠤᠯᠠᠭ᠎ᠠ ᠭᠥᠷᠳᠡᠬᠦ ᠵᠠᠬ᠎ᠠ ᠬᠢᠵᠠᠭ᠋ᠠᠷ᠎ᠤᠨ ᠬᠡᠷ ᠪᠦᠯᠢ ᠵᠢᠨ ᠪᠦᠷᠢᠯᠳᠦᠬᠦᠨ ᠵᠡᠷᠭᠡ ᠠᠪᠤᠷᠠᠨ ᠲᠤᠰᠠᠯᠠᠬᠤ ᠡᠲᠡᠭᠡᠳ᠎ᠢ ᠮᠠᠭ᠋ᠠᠳᠯᠠᠨ ᠲᠣᠭᠲᠠᠭ᠋ᠠᠬᠤ ᠠᠵᠢᠯ᠎ᠢ ᠰᠠᠶ᠋ᠢᠲᠤᠷ ᠬᠢᠵᠦ᠂ ᠬᠠᠮᠢᠶ᠎ᠠ ᠪᠥᠬᠥᠶ ᠰᠠᠯᠠᠭ᠎ᠠ ᠮᠥᠴᠢᠷ᠎ᠲᠠᠢ ᠬᠠᠮᠲᠤᠷᠠᠨ ᠡᠪᠡᠳᠴᠢᠨ᠎ᠠᠴᠠ ᠪᠣᠯᠵᠣ ᠶᠠᠳᠠᠭᠤᠷᠠᠭᠰᠠᠨ ᠬᠦᠨᠳᠦ ᠡᠪᠡᠳᠴᠢᠲᠡᠨ᠎ᠢ ᠮᠠᠭ᠋ᠠᠳᠯᠠᠨ ᠲᠣᠭᠲᠠᠭ᠋ᠠᠬᠤ ᠪᠠ ᠬᠠᠮᠢᠶ᠎ᠠ ᠪᠥᠬᠥᠶ ᠮᠡᠳᠡᠭᠡ ᠵᠠᠩᠭᠢ ᠵᠢ ᠬᠠᠮᠲᠤᠪᠠᠷ ᠡᠳ᠋ᠯᠡᠬᠦ ᠵᠢ ᠰᠠᠶ᠋ᠢᠲᠤᠷ ᠬᠢᠵᠦ᠂ ᠨᠢᠭᠦᠯᠡᠰᠦᠩᠭᠦᠶ ᠵᠢᠨ ᠠᠪᠤᠷᠠᠨ ᠲᠤᠰᠠᠯᠠᠬᠤ ᠬᠥᠭᠵᠢᠯᠲᠡ ᠵᠢ ᠳᠡᠮᠵᠢᠬᠦ ᠬᠡᠷᠡᠭᠲᠡᠶ᠃ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠤᠳ ᠲᠣᠭᠲᠠᠭ᠋ᠠᠯ ᠶᠣᠰᠣᠭ᠋ᠠᠷ ᠪᠠᠯᠠ ᠮᠥᠩᠭᠥ ᠵᠢᠨ ᠳᠡᠮᠵᠢᠯᠭᠡ ᠵᠢ ᠰᠠᠶ᠋ᠢᠲᠤᠷ ᠬᠢᠬᠦ ᠬᠡᠷᠡᠭᠲᠡᠶ᠃ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠰᠠᠯᠠᠭ᠎ᠠ ᠮᠥᠴᠢᠷ᠎ᠤᠳ ᠡᠮᠴᠢᠯᠡᠭᠡᠨ᠎ᠤ ᠪᠠᠶ᠋ᠢᠭᠤᠯᠤᠮᠵᠢ ᠵᠢᠨ ᠠᠵᠢᠯ ᠲᠥᠷᠥᠯ᠎ᠤᠨ ᠬᠠᠮᠢᠶᠠᠷᠤᠯᠲᠠ ᠵᠢ ᠴᠢᠩᠭ᠋ᠠᠷᠠᠭᠤᠯᠵᠤ᠂ ᠣᠨᠣᠰᠢᠯᠠᠨ ᠡᠮᠨᠡᠬᠦ ᠠᠷᠭ᠎ᠠ ᠵᠠᠮ᠎ᠢ ᠵᠢᠷᠤᠮᠵᠢᠭᠤᠯᠤᠨ᠂ ᠱᠠᠲᠤ ᠬᠤᠪᠢᠶᠠᠨ ᠣᠨᠣᠰᠢᠯᠠᠨ ᠡᠮᠨᠡᠬᠦ ᠵᠢ ᠠᠬᠢᠭᠤᠯᠬᠤ ᠬᠡᠷᠡᠭᠲᠡᠶ᠃ ᠭᠠᠶ᠋ᠢᠯᠢ ᠵᠢᠨ ᠶᠠᠪᠤᠳᠠᠯ᠎ᠤᠨ ᠰᠠᠯᠠᠭ᠎ᠠ ᠮᠥᠴᠢᠷ᠎ᠤᠳ ᠦᠨᠳᠦᠰᠦᠨ ᠡᠮᠨᠡᠯᠭᠡ ᠵᠢᠨ ᠳᠠᠭ᠋ᠠᠳᠬᠠᠯ᠎ᠤᠨ ᠵᠠᠷᠤᠳᠠᠯ ᠲᠠᠲᠠᠪᠤᠷᠢᠯᠠᠨ ᠲᠤᠰᠢᠶᠠᠬᠤ ᠬᠠᠮᠢᠶ᠎ᠠ ᠪᠦᠬᠦᠢ ᠠᠵᠢᠯ᠎ᠢ ᠰᠠᠶ᠋ᠢᠲᠤᠷ ᠬᠢᠬᠦ ᠬᠡᠷᠡᠭᠲᠡᠶ᠃ ᠪᠠᠩᠬᠢ ᠳᠠᠭ᠋ᠠᠳᠬᠠᠯ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠬᠤᠳᠠᠯᠳᠤᠭ᠋ᠠᠨ᠎ᠤ ᠳᠠᠭ᠋ᠠᠳᠬᠠᠯ᠎ᠤᠨ ᠪᠠᠶ᠋ᠢᠭᠤᠯᠤᠮᠵᠢ ᠵᠢᠨ ᠬᠦᠨᠳᠦ ᠡᠪᠡᠳᠴᠢᠨ᠎ᠤ ᠳᠠᠭ᠋ᠠᠳᠬᠠᠯ᠎ᠢ ᠳᠠᠭ᠋ᠠᠭ᠋ᠠᠨ ᠭᠦᠢ᠍ᠴᠡᠳᠭᠡᠬᠦ ᠠᠵᠢᠯ ᠲᠥᠷᠥᠯ᠎ᠤᠨ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠵᠤ᠂ ᠬᠤᠳᠠᠯᠳᠤᠭ᠋ᠠᠨ᠎ᠤ ᠡᠷᠡᠭᠦᠯ ᠮᠡᠨᠳᠦ ᠵᠢᠨ ᠳᠠᠭ᠋ᠠᠳᠬᠠᠯ᠎ᠤᠨ ᠬᠥᠭᠵᠢᠯᠲᠡ ᠵᠢ ᠵᠢᠷᠤᠮᠵᠢᠭᠤᠯᠬᠤ ᠬᠡᠷᠡᠭᠲᠡᠶ᠃ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ᠎ᠤᠨ᠎ᠬᠢᠨ ᠬᠥᠳᠡᠭᠡ ᠲᠣᠰᠬᠣᠨ᠎ᠤ ᠲᠠᠬᠢᠨ ᠶᠠᠳᠠᠭᠤᠷᠠᠬᠤ᠎ᠠᠴᠠ ᠪᠤᠯᠵᠤ ᠶᠠᠳᠠᠭᠤᠷᠠᠭᠰᠠᠨ ᠬᠥᠮᠦᠨ ᠠᠮᠠ ᠵᠢ ᠬᠢᠨᠠᠨ ᠬᠡᠮᠵᠢᠬᠦ ᠪᠠ ᠮᠡᠳᠡᠭᠡ ᠵᠠᠩᠭᠢ ᠵᠢ ᠬᠠᠮᠲᠤᠪᠠᠷ ᠡᠳ᠋ᠯᠡᠬᠦ ᠠᠵᠢᠯ᠎ᠢ ᠰᠠᠶ᠋ᠢᠲᠤᠷ ᠬᠢᠬᠦ ᠬᠡᠷᠡᠭᠲᠡᠢ᠃ ᠠᠵᠢᠯᠴᠢᠨ᠎ᠤ ᠡᠪᠯᠡᠯ᠎ᠨᠢ ᠠᠵᠢᠯᠳᠠᠨ ᠠᠵᠢᠯᠴᠢᠨ᠎ᠤ ᠡᠮ ᠡᠮᠨᠡᠯᠭᠡ ᠵᠢᠨ ᠲᠠᠯ᠎ᠠ᠎ᠪᠠᠷ ᠬᠠᠷᠢᠯᠴᠠᠨ ᠬᠠᠪᠰᠤᠷᠤᠯᠴᠠᠬᠤ ᠪᠠ ᠬᠦᠨᠳᠦ ᠡᠪᠡᠳᠴᠢᠨ᠎ᠳᠤ ᠨᠡᠷᠪᠡᠭᠳᠡᠵᠦ ᠬᠦᠴᠢᠷᠳᠡᠯ᠎ᠲᠠᠢ ᠠᠵᠢᠯᠳᠠᠨ ᠠᠵᠢᠯᠴᠢᠨ᠎ᠢ ᠬᠠᠪᠰᠤᠷᠤᠨ ᠲᠡᠳᠬᠦᠬᠦ ᠠᠵᠢᠯ᠎ᠢ ᠰᠠᠶ᠋ᠢᠲᠤᠷ ᠬᠢᠬᠦ ᠬᠡᠷᠡᠭᠲᠡᠶ᠃
     (ᠠᠷᠪᠠᠨ ᠵᠢᠷᠭᠤᠭ᠎ᠠ) ᠰᠠᠭᠤᠷᠢ ᠮᠥᠩᠭᠥᠨ᠎ᠤ ᠲᠥᠰᠦᠪ᠎ᠤᠨ ᠬᠠᠮᠢᠶᠠᠷᠤᠯᠲᠠ ᠵᠢ ᠴᠢᠩᠭ᠋ᠠᠳᠬᠠᠨ᠎ᠠ᠃ ᠡᠮᠴᠢᠯᠡᠭᠡᠨ᠎ᠤ ᠲᠡᠩᠬᠡᠷᠡᠭᠦᠯᠦᠨ ᠲᠤᠰᠠᠯᠠᠬᠤ ᠰᠠᠭᠤᠷᠢ ᠮᠥᠩᠭᠥ ᠵᠢᠨ ᠠᠮᠤᠷ ᠲᠦᠪᠰᠢᠨ ᠵᠶ᠋ᠠᠷ ᠠᠵᠢᠯᠯᠠᠬᠤ ᠵᠢ ᠦᠨᠡᠨᠬᠦ ᠪᠠᠲᠤᠯᠠᠭᠰᠠᠨ ᠰᠠᠭᠤᠷᠢᠨ ᠳᠡᠭᠡᠷ᠎ᠡ᠂ ᠰᠠᠭᠤᠷᠢ ᠮᠥᠩᠭᠥ ᠵᠢᠨ ᠲᠥᠰᠦᠪ ᠪᠠ ᠲᠥᠷᠥ ᠵᠢᠨ ᠪᠣᠳᠣᠯᠭ᠎ᠠ ᠲᠣᠭᠲᠠᠭ᠋ᠠᠬᠤ ᠵᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠡᠮᠴᠢᠯᠡᠭᠡᠨ᠎ᠤ ᠲᠡᠩᠬᠡᠷᠡᠭᠦᠯᠦᠨ ᠲᠤᠰᠠᠯᠠᠬᠤ ᠣᠷᠣᠭᠤᠯᠤᠯᠲᠠ ᠵᠢᠨ ᠪᠠᠲᠤᠯᠠᠭ᠎ᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠨ᠎ᠠ᠃ ᠪᠡᠯᠡ ᠮᠥᠩᠭᠥ ᠴᠤᠭᠯᠠᠭᠤᠯᠬᠤ ᠠᠷᠭ᠎ᠠ ᠵᠠᠮ᠎ᠢ ᠥᠷᠭᠡᠳᠬᠡᠵᠦ᠂ ᠨᠡᠶ᠋ᠢᠭᠡᠮ᠎ᠤᠨ ᠬᠦᠴᠦᠨ᠎ᠢ ᠲᠠᠢ᠍ᠢ᠍ᠴᠢᠯᠠᠨ᠂ ᠨᠢᠭᠦᠯᠡᠰᠦᠩᠭᠦᠶ ᠵᠢᠨ ᠦᠢ᠍ᠯᠡᠰ ᠪᠠ ᠨᠡᠶ᠋ᠢᠭᠡᠮ᠎ᠤᠨ ᠲᠤᠰᠠᠯᠠᠮᠵᠢ ᠵᠡᠷᠭᠡ ᠤᠯᠠᠨ ᠠᠷᠭ᠎ᠠ ᠵᠠᠮ ᠵᠶ᠋ᠠᠷ ᠪᠡᠯᠡ ᠮᠥᠩᠭᠥ ᠴᠤᠭᠯᠠᠭᠤᠯᠵᠤ᠂ ᠡᠮ ᠡᠮᠨᠡᠯᠭᠡ ᠵᠢᠨ ᠲᠤᠰᠠᠯᠠᠮᠵᠢ ᠵᠢᠨ ᠪᠡᠯᠡ ᠮᠥᠩᠭᠥ ᠵᠢᠨ ᠬᠡᠷᠡᠭᠯᠡᠯᠲᠡ ᠵᠢ ᠨᠢᠭᠡᠳᠦᠯᠲᠡᠶ ᠲᠥᠯᠥᠪᠯᠡᠨ᠎ᠡ᠃ ᠲᠥᠰᠦᠪ᠎ᠤᠨ ᠭᠦᠢ᠍ᠴᠡᠳᠬᠡᠯ᠎ᠳᠤ ᠬᠢᠨᠠᠯᠲᠠ ᠲᠠᠯᠪᠢᠬᠤ ᠵᠢ ᠴᠢᠩᠭ᠋ᠠᠳᠬᠠᠵᠤ᠂ ᠲᠥᠰᠦᠪ᠎ᠤᠨ ᠠᠮᠵᠢᠯᠲᠠ ᠪᠦᠲᠦᠮᠵᠢ ᠵᠢᠨ ᠬᠠᠮᠢᠶᠠᠷᠤᠯᠲᠠ ᠵᠢ ᠪᠦᠬᠦ ᠲᠠᠯ᠎ᠠ᠎ᠪᠠᠷ ᠬᠡᠷᠡᠭᠵᠢᠭᠦᠯᠦᠨ᠎ᠡ᠃ ᠡᠮᠴᠢᠯᠡᠭᠡᠨ᠎ᠤ ᠲᠡᠩᠬᠡᠷᠡᠭᠦᠯᠦᠨ ᠲᠤᠰᠠᠯᠠᠬᠤ ᠵᠢᠨ ᠨᠢᠭᠡᠳᠦᠯᠲᠡᠶ ᠲᠥᠯᠥᠪᠯᠡᠬᠦ ᠲᠠᠰ ᠳᠠᠪᠬᠤᠷᠭ᠎ᠠ ᠵᠢ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠨᠢᠭᠡᠳᠦᠯᠲᠡᠶ ᠲᠥᠯᠥᠪᠯᠡᠬᠦ ᠲᠠᠰ ᠳᠠᠪᠬᠤᠷᠭ᠎ᠠ᠎ᠯᠤᠭ᠎ᠠ ᠬᠠᠷᠢᠯᠴᠠᠨ ᠵᠣᠬᠢᠴᠠᠭᠤᠯᠬᠤ ᠵᠢ ᠠᠬᠢᠭᠤᠯᠵᠤ᠂ ᠲᠡᠩᠬᠡᠷᠡᠭᠦᠯᠦᠨ ᠲᠤᠰᠠᠯᠠᠬᠤ ᠪᠠᠯᠠ ᠮᠥᠩᠭᠥ ᠵᠢᠨ ᠬᠡᠷᠡᠭᠯᠡᠬᠦ ᠦᠷ᠎ᠡ ᠠᠰᠢᠭ᠎ᠢ ᠨᠡᠮᠡᠭᠳᠡᠭᠦᠯᠦᠨ᠎ᠡ᠃
     (ᠠᠷᠪᠠᠨ ᠳᠣᠯᠣᠭ᠎ᠠ) ᠦᠨᠳᠦᠰᠦᠨ ᠱᠠᠲᠤᠨ᠎ᠤ ᠴᠢᠳᠠᠪᠤᠷᠢ ᠵᠢᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃ ᠦᠨᠳᠦᠰᠦᠨ ᠱᠠᠲᠤᠨ᠎ᠤ ᠡᠮᠴᠢᠯᠡᠭᠡᠨ᠎ᠤ ᠪᠠᠲᠤᠯᠠᠭ᠎ᠠ ᠵᠢᠨ ᠭᠠᠷᠲᠠᠨ ᠭᠦᠢ᠍ᠴᠡᠳᠭᠡᠬᠦ ᠡᠩᠨᠡᠭᠡ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠡᠮᠴᠢᠯᠡᠭᠡᠨ᠎ᠤ ᠪᠠᠲᠤᠯᠠᠭ᠎ᠠ ᠵᠢᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠬᠡᠷᠡᠭᠴᠡᠭᠡ ᠱᠠᠭ᠋ᠠᠷᠳᠠᠯᠭ᠎ᠠ ᠪᠠ ᠦᠢ᠍ᠯᠡᠴᠢᠯᠡᠭᠡᠨ᠎ᠤ ᠴᠢᠳᠠᠪᠤᠷᠢ ᠵᠢᠨ ᠲᠣᠬᠢᠷᠠᠭᠤᠯᠤᠯᠲᠠ ᠵᠢ ᠨᠢᠭᠡᠳᠦᠯᠲᠡᠶ ᠲᠥᠯᠥᠪᠯᠡᠨ᠂ ᠵᠣᠬᠢᠬᠤ ᠨᠡᠶ᠋ᠢᠭᠡᠮ᠎ᠤᠨ ᠬᠦᠴᠦᠨ᠎ᠢ ᠢᠳᠡᠪᠬᠢᠲᠡᠶ᠎ᠪᠠᠷ ᠲᠡᠳᠡᠨ ᠣᠷᠣᠭᠤᠯᠵᠤ ᠪᠠᠶ᠋ᠢᠭ᠋ᠠᠳ ᠭᠠᠷᠲᠠᠨ ᠭᠦᠢ᠍ᠴᠡᠳᠭᠡᠬᠦ ᠦᠢ᠍ᠯᠡᠴᠢᠯᠡᠭᠡᠨ᠎ᠳᠤ ᠣᠷᠣᠯᠴᠠᠭᠤᠯᠵᠤ᠂ ᠡᠮᠴᠢᠯᠡᠭᠡᠨ᠎ᠤ ᠠᠪᠤᠷᠠᠨ ᠲᠤᠰᠠᠯᠠᠯᠲᠠ ᠵᠢᠨ ᠭᠠᠷᠲᠠᠨ ᠭᠦᠢ᠍ᠴᠡᠳᠭᠡᠬᠦ ᠦᠢ᠍ᠯᠡᠴᠢᠯᠡᠭᠡᠨ᠎ᠢ ᠳᠣᠷᠣᠭᠰᠢ ᠪᠠᠭᠤᠯᠭ᠋ᠠᠬᠤ ᠵᠢ ᠶᠡᠬᠡᠪᠡᠷ ᠠᠬᠢᠭᠤᠯᠵᠤ᠂ ᠮᠡᠳᠡᠭᠡ ᠵᠠᠩᠭᠢᠵᠢᠯᠲᠠ ᠪᠠ ᠭᠠᠷᠲᠠᠨ ᠭᠦᠢ᠍ᠴᠡᠳᠭᠡᠬᠦ ᠦᠢ᠍ᠯᠡᠴᠢᠯᠡᠭᠡᠨ᠎ᠤ ᠬᠢᠷᠢ ᠬᠡᠮᠵᠢᠶ᠎ᠡ ᠵᠢ ᠭᠣᠤᠯᠳᠠᠯᠭ᠎ᠠ᠎ᠲᠠᠢ ᠳᠡᠭᠡᠭᠰᠢᠯᠡᠭᠦᠯᠦᠨ᠎ᠡ᠃ ᠡᠮᠴᠢᠯᠡᠭᠡᠨ᠎ᠤ ᠲᠡᠩᠬᠡᠷᠡᠭᠦᠯᠦᠨ ᠲᠤᠰᠠᠯᠠᠬᠤ ᠲᠥᠷᠥ ᠵᠢᠨ ᠪᠣᠳᠣᠯᠭ᠎ᠠ ᠪᠠ ᠲᠤᠬᠠᠶ᠋ᠢᠯᠠᠭᠰᠠᠨ ᠠᠵᠢᠯ᠎ᠤᠨ ᠴᠢᠳᠠᠪᠤᠷᠢ ᠵᠢᠨ ᠪᠣᠯᠪᠠᠰᠤᠷᠠᠭᠤᠯᠤᠯ᠎ᠢ ᠴᠢᠩᠭ᠋ᠠᠳᠬᠠᠵᠤ᠂ ᠶᠡᠷᠦᠩᠬᠡᠶ᠋ᠢᠯᠡᠭᠰᠡᠨ ᠬᠡᠪ ᠴᠢᠨᠠᠷ ᠵᠶ᠋ᠠᠷ ᠥᠨᠳᠥᠷ᠂ ᠠᠵᠢᠯ᠎ᠤᠨ ᠰᠤᠷᠲᠠᠯ ᠵᠶ᠋ᠠᠷ ᠰᠠᠶ᠋ᠢᠨ᠂ ᠲᠤᠬᠠᠶ᠋ᠢᠯᠠᠭᠰᠠᠨ ᠠᠵᠢᠯ᠎ᠤᠨ ᠴᠢᠳᠠᠪᠤᠷᠢ᠎ᠪᠠᠷ ᠴᠢᠩᠭ᠎ᠠ ᠦᠨᠳᠦᠰᠦᠨ ᠱᠠᠲᠤᠨ᠎ᠤ ᠭᠠᠷᠲᠠᠨ ᠭᠦᠢ᠍ᠴᠡᠳᠭᠡᠬᠦ ᠡᠩᠨᠡᠭᠡ ᠵᠢ ᠴᠢᠷᠮᠠᠶ᠋ᠢᠨ ᠪᠠᠶ᠋ᠢᠭᠤᠯᠬᠤ ᠬᠡᠷᠡᠭᠲᠡᠶ᠃
      ᠲᠦ᠍ᠷᠦ ᠵᠢᠨ ᠶᠠᠪᠤᠳᠠᠯ᠎ᠤᠨ ᠬᠣᠷᠢᠶᠠᠨ᠎ᠤ   ᠠᠯᠪᠠᠨ ᠲᠢᠩᠬᠢᠮ
     2021 ᠣᠨ᠎ᠤ 10   ᠳ᠋ᠤᠭ᠋ᠠᠷ ᠰᠠᠷ᠎ᠠ ᠵᠢᠨ 28᠎ᠤ ᠡᠳᠦᠷ

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠣᠯᠠᠭ᠎ᠠ ᠵᠢᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠪᠡᠭᠡᠵᠢᠩ ᠲᠢᠶᠠᠨᠵᠢᠨ ᠾᠸᠪᠸᠢ 《3+14》 ᠠᠮᠠᠯᠠᠭᠤᠷ ᠡᠮᠨᠡᠯᠭᠡ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠤᠨ ᠬᠡᠮᠵᠢᠶ᠎ᠡ᠎ᠪᠠᠷ ᠬᠣᠯᠪᠣᠯᠳᠤᠭᠤᠯᠤᠨ ᠬᠤᠳᠠᠯᠳᠤᠨ ᠠᠪᠬᠤ ᠪᠠ ᠬᠡᠷᠡᠭᠯᠡᠬᠦ ᠠᠵᠢᠯ᠎ᠤᠨ ᠲᠥᠰᠦᠯ
ᠪᠡᠭᠡᠵᠢᠩ ᠲᠢᠶᠠᠨᠵᠢᠨ ᠾᠸᠪᠸᠢ 《3+N》 ᠬᠣᠯᠪᠣᠭ᠎ᠠ ᠵᠢᠨ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠤᠨ ᠲᠦᠪᠯᠡᠷᠡᠭᠦᠯᠦᠨ ᠬᠡᠮᠵᠢᠶ᠎ᠡ᠎ᠪᠠᠷ ᠬᠣᠯᠪᠣᠯᠳᠤᠭᠤᠯᠤᠨ ᠬᠤᠳᠠᠯᠳᠤᠨ ᠠᠪᠬᠤ ᠪᠠ ᠬᠡᠷᠡᠭᠯᠡᠬᠦ ᠠᠵᠢᠯ᠎ᠤᠨ ᠲᠥᠰᠦᠯ
ᠰᠢᠨ᠎ᠡ ᠲᠢᠲᠢᠮᠯᠢᠭ ᠸᠢᠷᠦ᠋ᠰ᠎ᠢ ᠪᠠᠶ᠋ᠢᠴᠠᠭ᠋ᠠᠨ ᠰᠢᠯᠭ᠋ᠠᠬᠤ ᠦᠨ᠎ᠡ ᠬᠠᠩᠰᠢ ᠪᠠ ᠵᠠᠷᠤᠳᠠᠯ᠎ᠢ ᠲᠣᠬᠢᠷᠠᠭᠤᠯᠬᠤ ᠲᠤᠬᠠᠶ ᠮᠡᠳᠡᠭᠳᠡᠯ
ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡ ᠵᠢᠨ ᠪᠠᠳᠤᠯᠠᠭ᠎ᠠ ᠵᠢᠨ ᠡᠭᠦᠳᠡᠨ ᠡᠮᠨᠡᠯᠭᠡ ᠵᠢ ᠬᠠᠷᠢᠯᠴᠠᠨ ᠬᠠᠷᠠᠭ᠋ᠠᠯᠵᠠᠬᠤ ᠪᠠᠲᠤᠯᠠᠭ᠎ᠠ ᠵᠢᠨ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠠᠯᠪᠠᠨ ᠲᠢᠩᠬᠢᠮ᠎ᠤᠨ ᠮᠡᠳᠡᠭᠳᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠡᠮ᠎ᠤᠨ ᠵᠦᠢ᠍ᠯ᠎ᠤᠨ ᠭᠠᠷᠴᠠᠭ᠎ᠤᠨ 《ᠬᠤᠤᠰ ᠨᠡᠪᠲᠡᠷᠡᠬᠦ ᠵᠠᠮ》᠎ᠤᠨ ᠬᠠᠮᠢᠶᠠᠷᠤᠯᠲᠠ ᠵᠢᠨ ᠲᠤᠬᠠᠢ ᠮᠡᠳᠡᠭᠳᠡᠯ᠎ᠢ ᠳᠠᠷᠤᠮᠠᠯᠯᠠᠨ ᠲᠠᠷᠬᠠᠭ᠋ᠠᠪᠠ
 
            