ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠪᠢᠴᠢᠭ ᠮᠠᠲ᠋ᠧᠷᠢᠶᠠᠯ
ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡ ᠵᠢᠨ ᠪᠠᠳᠤᠯᠠᠭ᠎ᠠ ᠵᠢᠨ ᠡᠭᠦᠳᠡᠨ ᠡᠮᠨᠡᠯᠭᠡ ᠵᠢ ᠬᠠᠷᠢᠯᠴᠠᠨ ᠬᠠᠷᠠᠭ᠋ᠠᠯᠵᠠᠬᠤ ᠪᠠᠲᠤᠯᠠᠭ᠎ᠠ ᠵᠢᠨ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠠᠯᠪᠠᠨ ᠲᠢᠩᠬᠢᠮ᠎ᠤᠨ ᠮᠡᠳᠡᠭᠳᠡᠯ
ᠨᠡᠶ᠋ᠢᠲᠡᠯᠡᠭᠰᠡᠨ ᠴᠠᠭ᠄ 2021-12-26

ᠡᠯ᠎ᠡ ᠠᠶ᠋ᠢᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠬᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠡ᠎ᠳᠤ᠄
     《ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡ ᠵᠢᠨ ᠪᠠᠳᠤᠯᠠᠭ᠎ᠠ ᠵᠢᠨ ᠡᠭᠦᠳᠡᠨ ᠡᠮᠨᠡᠯᠭᠡ ᠵᠢ ᠬᠠᠷᠢᠯᠴᠠᠨ ᠬᠠᠷᠠᠭ᠋ᠠᠯᠵᠠᠬᠤ ᠪᠠᠲᠤᠯᠠᠭ᠎ᠠ ᠵᠢᠨ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠬᠦ ᠲᠤᠬᠠᠶ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠵᠢᠯᠣᠭᠣᠳᠬᠤ ᠰᠠᠨᠠᠯ》 (ᠲᠥᠷᠥ ᠠᠯᠪᠠᠨ ᠲᠠᠷᠬᠠᠭ᠋ᠠᠭᠰᠠᠨ [2021] 14 ᠳ᠋ᠤᠭᠡᠷ ᠲᠣᠭ᠋ᠠᠲᠤ)᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠤᠱᠯᠠᠭᠤᠯᠤᠨ ᠨᠠᠶ᠋ᠢᠳᠠᠪᠤᠷᠢᠵᠢᠭᠤᠯᠬᠤ ᠵᠢᠨ ᠲᠤᠰᠠᠳᠠ᠂ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡ ᠵᠢᠨ ᠪᠠᠳᠤᠯᠠᠭ᠎ᠠ (ᠳᠣᠷᠣᠭᠰᠢ ᠠᠵᠢᠯᠲᠠᠨ ᠠᠵᠢᠯᠴᠢᠨ᠎ᠤ ᠡᠮᠴᠢᠯᠡᠭᠡ ᠵᠢᠨ ᠪᠠᠳᠤᠯᠠᠭ᠎ᠠ ᠭᠡᠵᠦ ᠲᠣᠪᠴᠢᠯᠠᠨ᠎ᠠ) ᠵᠢᠨ ᠳᠠᠭ᠋ᠠᠳᠬᠠᠯ᠎ᠳᠤ ᠣᠷᠣᠯᠴᠠᠭᠰᠠᠳ᠎ᠤᠨ ᠡᠭᠦᠳᠡᠨ ᠡᠮᠨᠡᠯᠭᠡ ᠵᠢᠨ ᠪᠠᠲᠤᠯᠠᠭ᠎ᠠ ᠵᠢᠨ ᠠᠰᠠᠭᠤᠳᠠᠯ᠎ᠢ ᠨᠠᠩ ᠰᠠᠶ᠋ᠢᠲᠤᠷ ᠰᠢᠢ᠍ᠳᠪᠦᠷᠢᠯᠡᠵᠦ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠪᠥᠬᠥ ᠣᠷᠣᠨ᠎ᠤ ᠠᠵᠢᠯᠲᠠᠨ ᠠᠵᠢᠯᠴᠢᠨ᠎ᠤ ᠡᠮᠴᠢᠯᠡᠭᠡ ᠵᠢᠨ ᠪᠠᠳᠤᠯᠠᠭ᠎ᠠ ᠵᠢᠨ ᠡᠭᠦᠳᠡᠨ ᠡᠮᠨᠡᠯᠭᠡ ᠵᠢᠨ ᠬᠠᠷᠢᠯᠴᠠᠨ ᠬᠠᠷᠠᠭ᠋ᠠᠯᠵᠠᠬᠤ ᠪᠠᠲᠤᠯᠠᠭ᠎ᠠ ᠵᠢᠨ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠬᠦ ᠲᠤᠬᠠᠶ ᠡᠳᠦᠭᠡ ᠳᠣᠤᠷᠠᠬᠢ ᠮᠡᠲᠦ ᠰᠠᠨᠠᠯ ᠲᠤᠷᠠᠳᠶ᠎ᠠ᠄
      ᠨᠢᠭᠡ᠂ ᠡᠭᠦᠳᠡᠨ ᠡᠮᠨᠡᠯᠭᠡ ᠵᠢᠨ ᠬᠠᠷᠢᠯᠴᠠᠨ ᠲᠤᠰᠠᠯᠠᠯᠴᠠᠬᠤ ᠪᠠᠲᠤᠯᠠᠭ᠎ᠠ ᠵᠢᠨ ᠴᠢᠳᠠᠮᠵᠢ ᠵᠢ ᠴᠢᠩᠭ᠋ᠠᠷᠠᠭᠤᠯᠤᠨ᠎ᠠ
      ᠠᠵᠢᠯᠲᠠᠨ ᠠᠵᠢᠯᠴᠢᠨ᠎ᠤ ᠡᠮᠴᠢᠯᠡᠭᠡ ᠵᠢᠨ ᠪᠠᠳᠤᠯᠠᠭ᠎ᠠ ᠵᠢᠨ ᠡᠭᠦᠳᠡᠨ ᠡᠮᠨᠡᠯᠭᠡ ᠵᠢᠨ ᠵᠠᠷᠤᠳᠠᠯ᠎ᠤᠨ ᠪᠠᠲᠤᠯᠠᠭ᠎ᠠ ᠵᠢᠨ ᠲᠣᠭᠲᠠᠴᠠ ᠵᠢ ᠲᠠᠰᠤᠷᠠᠯᠲᠠ ᠥᠬᠡᠶ ᠪᠦᠷᠢᠨᠰᠢᠭᠦᠯᠦᠨ ᠲᠡᠭᠦᠯᠳᠡᠷᠵᠢᠭᠦᠯᠵᠦ᠂ ᠡᠪᠡᠳᠴᠢᠨ᠎ᠤ ᠲᠥᠷᠥᠯ᠎ᠤᠨ ᠪᠠᠲᠤᠯᠠᠭ᠎ᠠ᠎ᠠᠴᠠ ᠵᠠᠷᠤᠳᠠᠯ᠎ᠤᠨ ᠪᠠᠲᠤᠯᠠᠭ᠎ᠠ ᠳᠠᠰᠢ ᠠᠯᠬᠤᠮ ᠠᠯᠬᠤᠮ ᠵᠶ᠋ᠠᠷ ᠰᠢᠯᠵᠢᠵᠦ᠂ ᠡᠮᠴᠢᠯᠡᠭᠡ ᠵᠢᠨ ᠪᠠᠳᠤᠯᠠᠭ᠎ᠠ ᠵᠢᠨ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠥ ᠵᠢᠨ ᠳᠠᠭ᠋ᠠᠭ᠋ᠠᠬᠤ ᠴᠢᠳᠠᠪᠤᠷᠢ ᠵᠢ ᠦᠨᠳᠦᠰᠦᠯᠡᠨ᠂ ᠪᠠᠲᠤᠯᠠᠭ᠎ᠠ ᠵᠢᠨ ᠬᠢᠷᠢ ᠬᠡᠮᠵᠢᠶ᠎ᠡ ᠵᠢ ᠲᠣᠭᠲᠠᠭᠤᠨ ᠵᠶ᠋ᠠᠷ ᠳᠡᠭᠡᠭᠰᠢᠯᠡᠭᠦᠯᠵᠦ᠂ ᠳᠠᠭ᠋ᠠᠳᠬᠠᠯ᠎ᠳᠤ ᠣᠷᠣᠯᠴᠠᠭᠰᠠᠳ᠎ᠤᠨ ᠡᠭᠦᠳᠡᠨ ᠡᠮᠨᠡᠯᠭᠡ᠎ᠳᠤ ᠡᠮᠨᠡᠭᠦᠯᠬᠦ ᠲᠠᠷᠤᠭ᠋ᠠᠰᠦ ᠵᠢ ᠬᠦᠩᠭᠡᠯᠡᠨ᠎ᠡ᠃
     (ᠨᠢᠭᠡ) ᠠᠵᠢᠯᠳᠠᠨ ᠠᠵᠢᠯᠴᠢᠳ᠎ᠤᠨ ᠡᠮᠴᠢᠯᠡᠭᠡ ᠵᠢᠨ ᠪᠠᠳᠤᠯᠠᠭ᠎ᠠ ᠵᠢᠨ ᠡᠩ᠎ᠤᠨ ᠡᠭᠦᠳᠡᠨ ᠡᠮᠨᠡᠯᠭᠡ ᠵᠢᠨ ᠨᠢᠭᠡᠳᠦᠯᠲᠡᠶ ᠲᠥᠯᠥᠪᠯᠡᠬᠦ ᠲᠥᠷᠢᠮ᠎ᠢ ᠪᠠᠢ᠌ᠭᠤᠯᠤᠨ᠎ᠠ᠃ ᠡᠭᠦᠳᠡᠨ ᠡᠮᠨᠡᠯᠭᠡ ᠵᠢᠨ ᠣᠯᠠᠨ ᠡᠭᠦᠰᠳᠡᠭ ᠡᠪᠡᠳᠴᠢᠨ᠂ ᠪᠠᠶ᠋ᠢᠩᠭᠤ ᠲᠣᠬᠢᠶᠠᠯᠳᠤᠳᠠᠭ ᠡᠪᠡᠳᠴᠢᠨ᠎ᠢ ᠡᠮᠴᠢᠯᠡᠭᠡ ᠵᠢᠨ ᠪᠠᠳᠤᠯᠠᠭ᠎ᠠ ᠵᠢᠨ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠥ ᠵᠢᠨ ᠲᠣᠭ᠋ᠠᠴᠠᠭ᠎ᠠ ᠬᠢᠬᠦ ᠬᠡᠪᠴᠢᠶᠡᠨ᠎ᠳᠤ ᠠᠯᠬᠤᠮ ᠠᠯᠬᠤᠮ ᠵᠶ᠋ᠠᠷ ᠣᠷᠣᠭᠤᠯᠤᠨ᠎ᠠ᠃ ᠤᠯᠤᠰ᠎ᠠᠴᠠ ᠲᠣᠭᠲᠠᠭ᠋ᠠᠭᠰᠠᠨ ᠬᠡᠪᠴᠢᠶᠡᠨ ᠳᠣᠲᠣᠷ᠎ᠠ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠰᠠᠯᠠᠭ᠎ᠠ ᠮᠥᠴᠢᠷ᠎ᠨᠢ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠲᠠᠢ ᠬᠠᠮᠲᠤᠷᠠᠨ ᠪᠣᠳᠠᠲᠠᠶ ᠣᠯᠭᠣᠮᠵᠢ ᠵᠢᠨ ᠲᠥᠷᠥ ᠵᠢᠨ ᠪᠣᠳᠣᠯᠭ᠎ᠠ ᠵᠢᠨ ᠪᠠᠷᠢᠮᠵᠢᠶ᠎ᠠ ᠵᠢ ᠲᠣᠭᠲᠠᠭ᠋ᠠᠬᠤ ᠵᠢᠨ ᠬᠠᠮᠲᠤ᠂ ᠤᠯᠤᠰ᠎ᠤᠨ ᠱᠠᠭ᠋ᠠᠷᠳᠠᠯᠭ᠎ᠠ ᠵᠢ ᠦᠨᠳᠦᠰᠦᠯᠡᠨ ᠬᠥᠳᠡᠯᠦᠩᠭᠦᠶ ᠲᠣᠬᠢᠷᠠᠭᠤᠯᠤᠯᠲᠠ ᠬᠢᠨ᠎ᠠ᠃
     (ᠬᠣᠶᠠᠷ) ᠣᠨᠴᠣᠭᠣᠶ ᠡᠪᠡᠳᠴᠢᠨ᠂ ᠤᠳᠠᠭ᠋ᠠᠨ ᠴᠢᠨᠠᠷᠲᠠᠶ ᠡᠪᠡᠳᠴᠢᠨ᠎ᠤ ᠡᠭᠦᠳᠡᠨ ᠡᠮᠨᠡᠯᠭᠡ ᠵᠢᠨ ᠪᠠᠲᠤᠯᠠᠭ᠎ᠠ ᠵᠢ ᠴᠢᠩᠭ᠋ᠠᠳᠬᠠᠨ᠎ᠠ᠃ ᠠᠵᠢᠯᠲᠠᠨ ᠠᠵᠢᠯᠴᠢᠨ᠎ᠤ ᠡᠮᠴᠢᠯᠡᠭᠡ ᠵᠢᠨ ᠪᠠᠳᠤᠯᠠᠭ᠎ᠠ ᠵᠢᠨ ᠡᠭᠦᠳᠡᠨ ᠡᠮᠨᠡᠯᠭᠡ ᠵᠢᠨ ᠣᠨᠴᠣᠭᠣᠶ ᠡᠪᠡᠳᠴᠢᠨ᠂ ᠤᠳᠠᠭ᠋ᠠᠨ ᠴᠢᠨᠠᠷᠲᠠᠶ ᠡᠪᠡᠳᠴᠢᠨ᠎ᠤ ᠬᠡᠪᠴᠢᠶ᠎ᠡ ᠵᠢ ᠥᠪᠡᠷᠲᠡᠭᠡᠨ ᠵᠠᠰᠠᠬᠤ ᠣᠷᠣᠨ᠎ᠠᠴᠠ ᠨᠢᠭᠡᠳᠦᠯᠲᠡᠶ ᠲᠤᠭᠳᠠᠭ᠋ᠠᠨ᠎ᠠ᠃
     1᠂ ᠠᠵᠢᠯᠳᠠᠨ ᠠᠵᠢᠯᠴᠢᠨ᠎ᠤ ᠡᠮᠨᠡᠯᠭᠡ ᠵᠢᠨ ᠳᠠᠭ᠋ᠠᠳᠬᠠᠯ᠎ᠤᠨ ᠡᠭᠦᠳᠡᠨ ᠡᠮᠨᠡᠯᠭᠡ ᠵᠢᠨ ᠣᠨᠴᠣᠭᠣᠶ ᠡᠪᠡᠳᠴᠢᠨ ᠡᠮᠭᠡᠭ᠎ᠤᠨ ᠬᠡᠪᠴᠢᠶ᠎ᠡ ᠵᠢ ᠨᠢᠭᠡᠳᠬᠡᠨ᠎ᠡ᠃ ᠡᠭᠦᠳᠡᠨ ᠡᠮᠨᠡᠯᠭᠡ᠎ᠳᠤ ᠥᠷᠨᠢᠭᠦᠯᠬᠦ᠎ᠳᠤ ᠳᠣᠭᠢᠷᠠᠬᠤ᠂ ᠡᠮᠨᠡᠯᠭᠡ᠎ᠳᠤ ᠰᠠᠭᠤᠬᠤ᠎ᠠᠴᠠ ᠨᠠᠩ ᠬᠢᠮᠳᠠ ᠪᠥᠭᠡᠳ ᠲᠥᠬᠥᠮ ᠪᠠᠶ᠋ᠢᠳᠠᠭ ᠬᠡᠰᠡᠭ ᠣᠨᠴᠣᠭᠣᠶ ᠡᠮᠨᠡᠨ ᠵᠠᠰᠠᠬᠤ ᠡᠭᠦᠳᠡᠨ ᠡᠮᠨᠡᠯᠭᠡ ᠵᠢᠨ ᠵᠠᠷᠤᠳᠠᠯ᠎ᠢ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠥ ᠵᠢᠨ ᠳᠥᠯᠥᠬᠦ ᠬᠡᠪᠴᠢᠶᠡᠨ᠎ᠳᠤ ᠣᠷᠣᠭᠤᠯᠵᠤ᠂ ᠨᠢᠭᠡᠳᠦᠯᠲᠡᠶ ᠲᠥᠯᠥᠪᠯᠡᠬᠦ ᠭᠠᠵᠠᠷ ᠣᠷᠣᠨ᠎ᠤ ᠡᠮᠨᠡᠯᠭᠡ᠎ᠳᠤ ᠰᠠᠭᠤᠬᠤ ᠲᠥᠷᠥ ᠵᠢᠨ ᠪᠣᠳᠣᠯᠭ᠎ᠠ᠎ᠪᠠᠷ ᠯᠠᠪᠯᠠᠯᠲᠠ ᠪᠣᠯᠭ᠋ᠠᠨ ᠬᠠᠮᠢᠶᠠᠷᠴᠤ ᠪᠣᠯᠤᠨ᠎ᠠ᠃
     2᠂ ᠠᠵᠢᠯᠳᠠᠨ ᠠᠵᠢᠯᠴᠢᠨ᠎ᠤ ᠡᠮᠴᠢᠯᠡᠭᠡ ᠵᠢᠨ ᠪᠠᠳᠤᠯᠠᠭ᠎ᠠ ᠵᠢᠨ ᠡᠭᠦᠳᠡᠨ ᠡᠮᠨᠡᠯᠭᠡ ᠵᠢᠨ ᠤᠳᠠᠭ᠋ᠠᠨ ᠴᠢᠨᠠᠷᠲᠠᠶ ᠡᠪᠡᠳᠴᠢᠨ᠎ᠤ ᠬᠡᠪᠴᠢᠶ᠎ᠡ ᠵᠢ ᠨᠢᠭᠡᠳᠬᠡᠨ᠎ᠡ᠃ ᠬᠡᠰᠡᠭ ᠡᠮᠨᠡᠨ ᠵᠠᠰᠠᠬᠤ ᠦᠶᠡᠯᠡᠯ᠎ᠤᠨ ᠬᠤᠭᠤᠴᠠᠭ᠎ᠠ᠎ᠨᠢ ᠣᠷᠳᠣ᠂ ᠡᠷᠡᠭᠦᠯ ᠮᠡᠨᠳᠦ᠎ᠳᠤ ᠬᠣᠬᠢᠷᠠᠯ ᠶᠡᠬᠡ᠂ ᠵᠠᠷᠤᠳᠠᠯ᠎ᠤᠨ ᠳᠠᠷᠤᠭ᠋ᠠᠰᠤ᠎ᠨᠢ ᠬᠦᠨᠳᠦ ᠡᠪᠡᠳᠴᠢᠨ ᠡᠮᠭᠡᠭ᠎ᠤᠨ ᠡᠭᠦᠳᠡᠨ ᠡᠮᠨᠡᠯᠭᠡ ᠵᠢᠨ ᠵᠠᠷᠤᠳᠠᠯ᠎ᠢ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠥ ᠵᠢᠨ ᠳᠥᠯᠥᠬᠦ ᠬᠡᠪᠴᠢᠶᠡᠨ᠎ᠳᠤ ᠣᠷᠣᠭᠤᠯᠤᠨ᠎ᠠ᠃
     3᠂ ᠢᠳᠡᠪᠬᠢᠲᠡᠶ ᠯᠠᠪᠳᠠᠭᠤᠨ ᠵᠶ᠋ᠠᠷ ᠠᠬᠢᠭᠤᠯᠤᠨ᠎ᠠ᠃ ᠨᠡᠮᠡᠭᠳᠡᠯ᠎ᠤᠨ ᠬᠡᠮᠵᠢᠶ᠎ᠡ ᠵᠢ ᠬᠣᠷᠢᠭᠯᠠᠬᠤ᠂ ᠬᠠᠳᠠᠭ᠋ᠠᠯᠠᠯᠲᠠ ᠵᠢᠨ ᠬᠡᠮᠵᠢᠶ᠎ᠡ ᠵᠢ ᠢᠯᠭ᠋ᠠᠷᠠᠭᠤᠯᠬᠤ ᠱᠠᠭ᠋ᠠᠷᠳᠠᠯᠭ᠎ᠠ ᠶᠣᠰᠣᠭ᠋ᠠᠷ᠂ ᠡᠯ᠎ᠡ ᠠᠶ᠋ᠢᠮᠠᠭ ᠬᠣᠲᠠ᠎ᠨᠤᠭᠤᠳ ᠡᠭᠦᠳᠡᠨ ᠡᠮᠨᠡᠯᠭᠡ ᠵᠢᠨ ᠤᠳᠠᠭ᠋ᠠᠨ ᠴᠢᠨᠠᠷᠲᠠᠶ ᠣᠨᠴᠠ ᠡᠪᠡᠳᠴᠢᠨ᠎ᠤ ᠲᠥᠷᠥ ᠵᠢᠨ ᠪᠣᠳᠣᠯᠭ᠎ᠠ ᠵᠢ ᠳᠠᠭᠢᠵᠤ ᠰᠢᠨ᠎ᠡ᠎ᠪᠠᠷ ᠭᠠᠷᠭ᠋ᠠᠵᠤ ᠪᠣᠯᠬᠤ ᠥᠬᠡᠶ᠃ 《  ᠬᠠᠭᠤᠴᠢᠨ ᠡᠪᠡᠳᠴᠢᠳᠡᠨ᠎ᠳᠤ ᠬᠠᠭᠤᠴᠢᠨ ᠠᠷᠭ᠎ᠠ᠂ ᠰᠢᠨ᠎ᠡ ᠬᠥᠮᠦᠰ᠎ᠤᠨ ᠰᠢᠨ᠎ᠡ ᠠᠷᠭ᠎ᠠ》 ᠵᠢᠨ ᠵᠠᠷᠴᠢᠮ ᠶᠣᠰᠣᠭ᠋ᠠᠷ᠂ ᠰᠢᠨ᠎ᠡ ᠬᠠᠭᠤᠴᠢᠨ ᠲᠦᠷᠦ ᠵᠢᠨ ᠪᠤᠳᠤᠯᠭ᠎ᠠ ᠵᠢ ᠰᠠᠶ᠋ᠢᠲᠤᠷ ᠵᠣᠯᠭ᠋ᠠᠭᠤᠯᠵᠤ᠂ ᠲᠣᠭᠲᠠᠭᠤᠨ ᠵᠶ᠋ᠠᠷ ᠰᠢᠯᠵᠢᠬᠦ ᠵᠢ ᠦᠨᠡᠨ ᠬᠦ᠌ ᠪᠠᠲᠤᠯᠠᠨ᠎ᠠ᠃ ᠲᠣᠭᠲᠠᠭ᠋ᠠᠭᠰᠠᠨ ᠬᠡᠪᠴᠢᠶᠡᠨ᠎ᠳᠤ ᠬᠠᠷᠢᠶᠠᠯᠠᠭᠳᠠᠬᠤ ᠥᠬᠡᠶ ᠡᠭᠦᠳᠡᠨ ᠡᠮᠨᠡᠯᠭᠡ ᠵᠢᠨ ᠤᠳᠠᠭ᠋ᠠᠨ ᠴᠢᠨᠠᠷᠲᠠᠶ ᠡᠪᠡᠳᠴᠢᠨ᠎ᠤ ᠲᠥᠷᠥᠯ᠎ᠳᠤ ᠰᠢᠨ᠎ᠡ᠎ᠪᠠᠷ ᠬᠥᠮᠦᠨ ᠨᠡᠮᠡᠬᠦ ᠥᠬᠡᠶ᠂ ᠨᠢᠭᠡᠨᠲᠡ ᠣᠷᠣᠭᠤᠯᠤᠭᠰᠠᠨ ᠬᠥᠮᠦᠰ᠎ᠲᠤ ᠲᠣᠭᠲᠠᠭ᠋ᠠᠯ ᠶᠣᠰᠣᠭ᠋ᠠᠷ ᠦᠷᠭᠦᠯᠵᠢᠯᠡᠨ ᠣᠯᠭᠣᠮᠵᠢ ᠬᠦᠷᠲᠡᠭᠡᠵᠦ ᠪᠣᠯᠤᠨ᠎ᠠ᠂ 3 ᠵᠢᠯ᠎ᠤᠨ ᠰᠢᠯᠵᠢᠯᠲᠡ ᠵᠢᠨ ᠬᠤᠭᠤᠴᠠᠭ᠎ᠠ ᠳᠣᠭᠢᠷᠠᠭᠤᠯᠵᠤ᠂ ᠡᠪᠡᠳᠴᠢᠨ᠎ᠤ ᠲᠥᠷᠥᠯ᠎ᠤᠨ ᠪᠠᠲᠤᠯᠠᠭ᠎ᠠ᠎ᠠᠴᠠ ᠵᠠᠷᠤᠳᠠᠯ᠎ᠤᠨ ᠪᠠᠲᠤᠯᠠᠭ᠎ᠠ ᠳᠠᠰᠢ ᠠᠯᠬᠤᠮ ᠠᠯᠬᠤᠮ ᠵᠶ᠋ᠠᠷ ᠰᠢᠯᠵᠢᠵᠦ ᠪᠣᠯᠤᠨ᠎ᠠ᠃
     (ᠭᠤᠷᠪᠠ) ᠡᠭᠦᠳᠡᠨ ᠡᠮᠨᠡᠯᠭᠡ ᠪᠠ ᠡᠮᠨᠡᠯᠭᠡ᠎ᠳᠤ ᠰᠠᠭᠤᠬᠤ ᠪᠠᠲᠤᠯᠠᠭ᠎ᠠ ᠵᠢᠨ ᠲᠥᠷᠥ ᠵᠢᠨ ᠪᠣᠳᠣᠯᠭ᠎ᠠ ᠵᠢᠨ ᠵᠣᠯᠭ᠋ᠠᠭᠤᠯᠤᠯᠲᠠ ᠵᠢ ᠰᠠᠶ᠋ᠢᠲᠤᠷ ᠬᠢᠬᠦ ᠬᠡᠷᠡᠭᠲᠡᠶ᠃ ᠡᠭᠦᠳᠡᠨ ᠡᠮᠨᠡᠯᠭᠡ ᠵᠢᠨ ᠪᠠᠲᠤᠯᠠᠭ᠎ᠠ ᠵᠢᠨ ᠣᠨ᠎ᠤ ᠬᠠᠮᠤᠭ᠎ᠤᠨ ᠥᠨᠳᠥᠷ ᠳᠥᠯᠥᠬᠦ ᠬᠢᠵᠠᠭ᠋ᠠᠷ ᠲᠣᠭ᠎ᠠ ᠵᠢᠨ ᠡᠮᠨᠡᠯᠭᠡ᠎ᠳᠤ ᠰᠠᠭᠤᠬᠤ ᠵᠢ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠥ ᠵᠢᠨ ᠣᠨ᠎ᠤ ᠬᠠᠮᠤᠭ᠎ᠤᠨ ᠥᠨᠳᠥᠷ ᠳᠥᠯᠥᠬᠦ ᠬᠢᠵᠠᠭ᠋ᠠᠷ ᠲᠣᠭ᠎ᠠ᠎ᠳᠤ ᠣᠷᠣᠭᠤᠯᠤᠨ ᠪᠤᠳᠤᠬᠤ ᠵᠢᠨ ᠬᠠᠮᠲᠤ ᠡᠮᠨᠡᠯᠭᠡ᠎ᠳᠤ ᠰᠠᠭᠤᠬᠤ ᠵᠢ ᠳᠥᠯᠥᠬᠦ ᠡᠩ᠎ᠤᠨ ᠡᠭᠦᠳᠡᠨ ᠡᠮᠨᠡᠯᠭᠡ ᠪᠠ ᠡᠭᠦᠳᠡᠨ ᠡᠮᠨᠡᠯᠭᠡ ᠵᠢᠨ ᠤᠳᠠᠭ᠋ᠠᠨ ᠴᠢᠨᠠᠷᠲᠠᠶ ᠣᠨᠴᠠ ᠡᠪᠡᠳᠴᠢᠨ᠎ᠤ ᠪᠠᠲᠤᠯᠠᠭ᠎ᠠ ᠵᠢᠨ ᠲᠥᠷᠥ ᠵᠢᠨ ᠪᠣᠳᠣᠯᠭ᠎ᠠ ᠵᠢᠨ ᠵᠣᠯᠭ᠋ᠠᠭᠤᠯᠤᠯᠲᠠ ᠵᠢ ᠰᠠᠶ᠋ᠢᠲᠤᠷ ᠬᠢᠨ᠎ᠡ᠃
      ᠬᠣᠶᠠᠷ᠂ ᠠᠵᠢᠯᠲᠠᠨ ᠠᠵᠢᠯᠴᠢᠨ᠎ᠤ ᠡᠮᠴᠢᠯᠡᠭᠡ ᠵᠢᠨ ᠪᠠᠳᠤᠯᠠᠭ᠎ᠠ ᠵᠢᠨ ᠬᠤᠪᠢ ᠬᠥᠮᠦᠨ᠎ᠤ ᠲᠠᠩᠰᠠᠨ ᠡᠷᠦᠬᠡ᠎ᠳᠤ ᠪᠤᠳᠤᠵᠤ ᠣᠷᠣᠭᠤᠯᠬᠤ ᠵᠢ ᠦᠭᠡᠷᠡᠴᠢᠯᠡᠨ ᠠᠬᠢᠭᠤᠯᠤᠨ᠎ᠠ
      ᠤᠯᠤᠰ᠎ᠤᠨ ᠱᠠᠭ᠋ᠠᠷᠳᠠᠯᠭ᠎ᠠ ᠶᠣᠰᠣᠭ᠋ᠠᠷ᠂ ᠬᠤᠪᠢ ᠬᠥᠮᠦᠨ᠎ᠤ ᠲᠠᠩᠰᠠᠨ ᠡᠷᠦᠬᠡ᠎ᠳᠤ ᠪᠤᠳᠤᠵᠤ ᠣᠷᠣᠭᠤᠯᠬᠤ ᠪᠠᠷᠢᠮᠵᠢᠶ᠎ᠠ ᠵᠢ ᠰᠢᠨᠵᠢᠯᠡᠬᠦ ᠤᠬᠠᠭ᠋ᠠᠨᠴᠢ᠎ᠪᠠᠷ ᠵᠦᠶ ᠵᠣᠬᠢᠰᠲᠠᠶ ᠲᠣᠭᠲᠠᠭ᠋ᠠᠵᠤ᠂ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠥ ᠪᠠ ᠬᠤᠪᠢ ᠬᠥᠮᠦᠨ᠎ᠤ ᠲᠠᠩᠰᠠᠨ ᠡᠷᠦᠬᠡ ᠵᠢᠨ ᠪᠦᠲᠦᠴᠡ᠎ᠳᠤ ᠲᠣᠬᠢᠷᠠᠭᠤᠯᠤᠯᠲᠠ ᠬᠢᠭᠰᠡᠨ᠎ᠤ ᠳᠠᠷᠠᠭ᠎ᠠ᠂ ᠨᠡᠮᠡᠭᠰᠡᠨ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠥ ᠵᠢ ᠭᠣᠤᠯᠳᠠᠭᠤ ᠡᠭᠦᠳᠡᠨ ᠡᠮᠨᠡᠯᠭᠡ ᠵᠢᠨ ᠬᠠᠷᠢᠯᠴᠠᠨ ᠲᠤᠰᠠᠯᠠᠯᠴᠠᠬᠤ ᠪᠠᠲᠤᠯᠠᠭ᠎ᠠ᠎ᠳᠤ ᠬᠡᠷᠡᠭᠯᠡᠵᠦ᠂ ᠳᠠᠭ᠋ᠠᠳᠬᠠᠯ᠎ᠳᠤ ᠣᠷᠣᠯᠴᠠᠭᠰᠠᠳ᠎ᠤᠨ ᠡᠭᠦᠳᠡᠨ ᠡᠮᠨᠡᠯᠭᠡ ᠵᠢᠨ ᠣᠯᠭᠣᠮᠵᠢ ᠵᠢ ᠳᠡᠭᠡᠭᠰᠢᠯᠡᠭᠦᠯᠦᠨ᠎ᠡ᠃
     2022 ᠣᠨ᠎ᠤ 10 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠨ᠂ ᠨᠢᠭᠡᠴᠡ ᠵᠢᠨ ᠲᠤᠰᠢᠶᠠᠭᠰᠠᠨ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠎ᠤᠨ ᠵᠠᠷᠤᠳᠠᠯ᠎ᠢ ᠪᠦᠬᠦᠨ᠎ᠢ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠥ᠎ᠳᠤ ᠪᠤᠳᠤᠵᠤ ᠣᠷᠣᠭᠤᠯᠤᠨ᠎ᠠ᠃ ᠠᠵᠢᠯ᠎ᠳᠤ ᠪᠠᠶ᠋ᠢᠭ᠎ᠠ ᠠᠵᠢᠯᠲᠠᠨ ᠠᠵᠢᠯᠴᠢᠨ᠎ᠤ ᠬᠤᠪᠢ ᠬᠥᠮᠦᠨ᠎ᠤ ᠲᠠᠩᠰᠠᠨ ᠡᠷᠦᠬᠡ ᠵᠢ ᠲᠣᠰ ᠬᠥᠮᠦᠨ᠎ᠤ ᠳᠠᠭ᠋ᠠᠳᠬᠠᠯ᠎ᠳᠤ ᠣᠷᠣᠯᠴᠠᠭᠰᠠᠨ ᠰᠦᠢ᠍ᠳᠭᠡᠯ ᠲᠤᠰᠢᠶᠠᠬᠤ ᠰᠠᠭᠤᠷᠢ ᠲᠣᠭ᠎ᠠ ᠵᠢᠨ 2% ᠵᠶ᠋ᠠᠷ ᠲᠤᠰᠢᠶᠠᠭᠰᠠᠨ ᠦᠨᠳᠦᠰᠦᠨ ᠡᠮᠴᠢᠯᠡᠭᠡ ᠵᠢᠨ ᠪᠠᠳᠤᠯᠠᠭ᠎ᠠ ᠵᠢᠨ ᠰᠦᠢ᠍ᠳᠭᠡᠯ ᠵᠶ᠋ᠠᠷ ᠪᠤᠳᠤᠵᠤ ᠣᠷᠣᠭᠤᠯᠤᠨ᠎ᠠ᠃ ᠠᠵᠢᠯ᠎ᠠᠴᠠ᠎ᠪᠠᠨ ᠪᠠᠭᠤᠵᠤ ᠠᠮᠠᠷᠠᠭᠰᠠᠳ᠎ᠤᠨ ᠬᠤᠪᠢ ᠬᠥᠮᠦᠨ᠎ᠤ ᠲᠠᠩᠰᠠᠨ ᠡᠷᠦᠬᠡ ᠵᠢ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠥ᠎ᠠᠴᠠ ᠲᠣᠭᠲᠠᠭᠰᠠᠨ ᠨᠣᠷᠮ᠎ᠠ᠎ᠪᠠᠷ ᠬᠤᠪᠢᠶᠠᠷᠢᠯᠠᠨ ᠣᠷᠣᠭᠤᠯᠬᠤ ᠪᠣᠯᠭ᠋ᠠᠨ ᠠᠯᠬᠤᠮ ᠠᠯᠬᠤᠮ ᠵᠶ᠋ᠠᠷ ᠳᠣᠭᠢᠷᠠᠭᠤᠯᠵᠤ᠂ 2021 ᠣᠨ᠎ᠤ ᠪᠥᠬᠥ ᠣᠷᠣᠨ᠎ᠤ ᠳᠤᠮᠳᠠᠴᠢ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠮᠥᠩᠭᠥ᠎ᠪᠠᠷ ᠰᠠᠭᠤᠷᠢ ᠲᠣᠭ᠎ᠠ ᠪᠣᠯᠭ᠋ᠠᠵᠤ᠂ 2022 ᠣᠨ᠎ᠤ 10 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠨ᠂ 3% ᠵᠢᠨ ᠬᠠᠷᠢᠴᠠᠯ ᠵᠶ᠋ᠠᠷ ᠲᠣᠭᠲᠠᠭᠰᠠᠨ ᠨᠣᠷᠮ᠎ᠠ᠎ᠪᠠᠷ ᠬᠤᠪᠢ ᠬᠥᠮᠦᠨ᠎ᠤ ᠲᠠᠩᠰᠠᠨ ᠡᠷᠦᠬᠡ᠎ᠳᠤ ᠬᠤᠪᠢᠶᠠᠷᠢᠯᠠᠨ ᠣᠷᠣᠭᠤᠯᠵᠤ᠂ 2023 ᠣᠨ᠎ᠠᠴᠠ ᠡᠬᠢᠯᠡᠨ 2%᠎ᠤᠨ ᠬᠠᠷᠢᠴᠠᠯ ᠵᠶ᠋ᠠᠷ ᠲᠣᠭᠲᠠᠭᠰᠠᠨ ᠨᠣᠷᠮ᠎ᠠ᠎ᠪᠠᠷ ᠬᠤᠪᠢ ᠬᠥᠮᠦᠨ᠎ᠤ ᠲᠠᠩᠰᠠᠨ ᠡᠷᠦᠬᠡ᠎ᠳᠤ ᠬᠤᠪᠢᠶᠠᠷᠢᠯᠠᠨ ᠣᠷᠣᠭᠤᠯᠤᠨ᠎ᠠ᠃
      ᠭᠤᠷᠪᠠ᠂ ᠬᠤᠪᠢ ᠬᠥᠮᠦᠨ᠎ᠤ ᠲᠠᠩᠰᠠᠨ ᠡᠷᠦᠬᠡ ᠵᠢᠨ ᠳᠥᠯᠥᠬᠦ ᠬᠡᠪᠴᠢᠶ᠎ᠡ ᠵᠢ ᠥᠷᠭᠡᠳᠬᠡᠨ᠎ᠡ
      ᠬᠤᠪᠢ ᠬᠥᠮᠦᠨ᠎ᠤ ᠲᠠᠩᠰᠠᠨ ᠡᠷᠦᠬᠡ ᠵᠢ ᠭᠣᠤᠯᠳᠠᠭᠤ ᠳᠠᠭ᠋ᠠᠳᠬᠠᠯ᠎ᠳᠤ ᠣᠷᠣᠯᠴᠠᠭᠰᠠᠳ᠎ᠤᠨ ᠲᠣᠭᠲᠠᠭᠰᠠᠨ ᠴᠢᠭ᠎ᠤᠨ ᠡᠮᠴᠢᠯᠡᠭᠡᠨ᠎ᠤ ᠪᠠᠶ᠋ᠢᠭᠤᠯᠤᠮᠵᠢ ᠪᠤᠶᠤ ᠲᠣᠭᠲᠠᠭᠰᠠᠨ ᠴᠢᠭ᠎ᠤᠨ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ᠎ᠲᠤ ᠡᠭᠦᠰᠦᠭᠰᠡᠨ ᠲᠥᠷᠥ ᠵᠢᠨ ᠪᠣᠳᠣᠯᠭ᠎ᠠ ᠵᠢᠨ ᠬᠡᠪᠴᠢᠶᠡᠨ ᠳᠣᠲᠣᠷ᠎ᠠ ᠵᠠᠷᠤᠳᠠᠯ᠎ᠢ ᠥᠪᠡᠷᠲᠡᠭᠡᠨ ᠳᠥᠯᠥᠬᠦ᠎ᠳᠤ ᠬᠡᠷᠡᠭᠯᠡᠨ᠎ᠡ᠃ ᠬᠤᠪᠢ ᠬᠥᠮᠦᠨ᠎ᠤ ᠲᠠᠩᠰᠠᠨ ᠡᠷᠦᠬᠡ ᠵᠢ ᠳᠠᠭ᠋ᠠᠳᠬᠠᠯ᠎ᠳᠤ ᠣᠷᠣᠭᠰᠠᠳ᠎ᠤᠨ ᠲᠣᠰ ᠬᠥᠮᠦᠨ ᠵᠢᠴᠢ ᠲᠡᠭᠦᠨ᠎ᠤ ᠬᠣᠯᠪᠣᠰᠤ᠂ ᠡᠴᠢᠭᠡ ᠡᠬᠡ᠂ ᠦᠷ᠎ᠡ ᠬᠡᠤᠬᠡᠳ᠎ᠤᠨ ᠲᠣᠭᠲᠠᠭᠰᠠᠨ ᠡᠮᠴᠢᠯᠡᠭᠡᠨ᠎ᠤ ᠪᠠᠶ᠋ᠢᠭᠤᠯᠤᠮᠵᠢ᠎ᠳᠤ ᠡᠮᠴᠢᠯᠡᠭᠦᠯᠬᠦ᠎ᠠᠴᠠ ᠪᠣᠯᠤᠭᠰᠠᠨ ᠬᠤᠪᠢ ᠬᠥᠮᠦᠨ᠎ᠤ ᠡᠭᠦᠷᠭᠡᠯᠡᠬᠦ ᠡᠮᠴᠢᠯᠡᠭᠡᠨ᠎ᠤ ᠵᠠᠷᠤᠳᠠᠯ ᠵᠢᠴᠢ ᠲᠣᠭᠲᠠᠭᠰᠠᠨ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ᠎ᠠᠴᠠ ᠡᠮ ᠲᠠᠩ᠂ ᠡᠮᠴᠢᠯᠡᠭᠡᠨ᠎ᠤ ᠪᠠᠭ᠋ᠠᠵᠢ ᠬᠡᠷᠡᠭᠰᠡᠯ᠂ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ ᠬᠤᠳᠠᠯᠳᠤᠨ ᠠᠪᠬᠤ᠎ᠠᠴᠠ ᠪᠣᠯᠤᠭᠰᠠᠨ ᠬᠤᠪᠢ ᠬᠥᠮᠦᠨ᠎ᠤ ᠡᠭᠦᠷᠭᠡᠯᠡᠬᠦ ᠵᠠᠷᠤᠳᠠᠯ᠎ᠢ ᠳᠥᠯᠥᠬᠦ᠎ᠳᠤ ᠬᠡᠷᠡᠭᠯᠡᠵᠦ ᠪᠣᠯᠤᠨ᠎ᠠ᠃ ᠬᠤᠪᠢ ᠬᠥᠮᠦᠨ᠎ᠤ ᠲᠠᠩᠰᠠᠨ ᠡᠷᠦᠬᠡ ᠵᠢ ᠪᠠᠰᠠ ᠬᠣᠯᠪᠣᠰᠤ᠂ ᠡᠴᠢᠭᠡ ᠡᠬᠡ᠂ ᠦᠷ᠎ᠡ ᠬᠡᠤᠬᠡᠳ᠎ᠤᠨ ᠰᠠᠭᠤᠭ᠋ᠠᠯᠢ ᠠᠷᠠᠳ᠎ᠤᠨ ᠡᠮ ᠡᠮᠨᠡᠯᠭᠡ ᠵᠢᠨ ᠳᠠᠭ᠋ᠠᠳᠬᠠᠯ᠎ᠳᠤ ᠣᠷᠣᠯᠴᠠᠬᠤ᠂ ᠠᠵᠢᠯᠲᠠᠨ ᠠᠵᠢᠯᠴᠢᠨ᠎ᠤ ᠶᠡᠬᠡ ᠲᠣᠭ᠋ᠠᠨ᠎ᠤ ᠡᠮ ᠡᠮᠨᠡᠯᠭᠡ ᠵᠢᠨ ᠵᠠᠷᠤᠳᠠᠯ᠎ᠤᠨ ᠨᠥᠬᠥᠪᠥᠷᠢ᠂ ᠣᠷᠳᠣ ᠬᠤᠭᠤᠴᠠᠭ᠋ᠠᠨ᠎ᠤ ᠰᠤᠪᠢᠯᠠᠯᠲᠠ ᠵᠢᠨ ᠳᠠᠭ᠋ᠠᠳᠬᠠᠯ ᠵᠡᠷᠭᠡ ᠬᠤᠪᠢ ᠬᠥᠮᠦᠨ᠎ᠤ ᠰᠦᠢ᠍ᠳᠭᠡᠯ ᠲᠤᠰᠢᠶᠠᠬᠤ᠎ᠳᠤ ᠬᠡᠷᠡᠭᠯᠡᠵᠦ ᠪᠣᠯᠤᠨ᠎ᠠ᠃ ᠬᠤᠪᠢ ᠬᠥᠮᠦᠨ᠎ᠤ ᠳᠠᠩᠰᠠᠨ ᠡᠷᠦᠬᠡ ᠵᠢ ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠵᠠᠷᠤᠳᠠᠯ᠂ ᠪᠡᠶ᠎ᠡ ᠵᠢᠨ ᠲᠠᠮᠢᠷ ᠪᠡᠶ᠎ᠡ ᠴᠢᠭᠢᠷᠠᠭᠵᠢᠭᠤᠯᠤᠯᠲᠠ ᠪᠤᠶᠤ ᠪᠡᠶ᠎ᠡ ᠰᠤᠪᠢᠯᠠᠯᠲᠠ ᠡᠷᠡᠭᠦᠯᠵᠢᠯ᠎ᠤᠨ ᠬᠡᠷᠡᠭᠯᠡᠭᠡ ᠵᠡᠷᠭᠡ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠎ᠤᠨ ᠪᠠᠲᠤᠯᠠᠭ᠎ᠠ ᠵᠢᠨ ᠬᠡᠪᠴᠢᠶᠡᠨ᠎ᠳᠤ ᠪᠠᠭᠲᠠᠬᠤ ᠦᠭᠡᠢ ᠵᠠᠷᠤᠯᠭ᠎ᠠ᠎ᠳᠤ ᠬᠡᠷᠡᠭᠯᠡᠵᠦ ᠪᠣᠯᠬᠤ ᠦᠭᠡᠢ᠃
      ᠳᠥᠷᠪᠡ᠂ ᠡᠮᠴᠢᠯᠡᠭᠡᠨ᠎ᠤ ᠳᠠᠭ᠋ᠠᠳᠬᠠᠯ᠎ᠤᠨ ᠲᠣᠭ᠋ᠠᠴᠠᠭ᠎ᠠ ᠬᠢᠬᠦ ᠲᠥᠷᠥ ᠵᠢᠨ ᠪᠤᠳᠤᠯᠭ᠎ᠠ ᠵᠢ ᠪᠦᠷᠢᠨᠰᠢᠭᠦᠯᠦᠨ᠎ᠡ
      ᠡᠭᠦᠳᠡᠨ ᠡᠮᠨᠡᠯᠭᠡ ᠵᠢᠨ ᠪᠠᠲᠤᠯᠠᠭ᠎ᠠ᠎ᠯᠤᠭ᠎ᠠ ᠵᠣᠬᠢᠴᠠᠯᠳᠤᠭᠰᠠᠨ ᠵᠠᠷᠤᠳᠠᠯ ᠲᠤᠰᠢᠶᠠᠬᠤ ᠲᠣᠭᠲᠠᠴᠠ ᠵᠢ ᠲᠡᠭᠦᠯᠳᠡᠷᠵᠢᠭᠦᠯᠵᠦ᠂ ᠡᠮᠴᠢᠯᠡᠭᠡ ᠵᠢᠨ ᠪᠠᠳᠤᠯᠠᠭ᠎ᠠ ᠵᠢᠨ ᠵᠠᠷᠤᠳᠠᠯ ᠥᠭᠬᠦ ᠠᠷᠭ᠎ᠠ ᠮᠠᠶᠢᠭ᠎ᠤᠨ ᠲᠥᠷᠥᠯ ᠬᠤᠪᠢᠶᠠᠬᠤ ᠥᠭᠡᠷᠡᠴᠢᠯᠡᠯᠲᠡ ᠵᠢ ᠠᠬᠢᠭᠤᠯᠤᠨ᠂ ᠱᠠᠲᠤ ᠬᠤᠪᠢᠶᠠᠨ ᠣᠨᠣᠰᠢᠯᠠᠨ ᠡᠮᠨᠡᠬᠦ ᠵᠠᠭᠪᠤᠷ ᠪᠠ ᠬᠡᠷ ᠪᠦᠯᠢ ᠵᠢᠨ ᠡᠮᠴᠢ ᠵᠢᠨ ᠭᠡᠷ᠎ᠡ ᠲᠣᠭᠲᠠᠨ ᠦᠢ᠍ᠯᠡᠴᠢᠯᠡᠬᠦ ᠲᠦᠷᠢᠮ᠎ᠤᠨ ᠪᠠᠶ᠋ᠢᠭᠤᠯᠤᠯᠲᠠ ᠵᠢ ᠳᠡᠮᠵᠢᠵᠦ᠂ ᠦᠨᠳᠦᠰᠦᠨ ᠱᠠᠲᠤᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ᠎ᠳᠤ ᠲᠦᠰᠢᠭᠯᠡᠨ ᠡᠭᠦᠳᠡᠨ ᠡᠮᠨᠡᠯᠭᠡ ᠵᠢᠨ ᠨᠢᠭᠡᠳᠦᠯᠲᠡᠶ ᠲᠥᠯᠥᠪᠯᠡᠬᠦ᠎ᠳᠤ ᠬᠥᠮᠦᠨ᠎ᠤ ᠲᠣᠭ᠎ᠠ᠎ᠪᠠᠷ ᠵᠠᠷᠤᠳᠠᠯ ᠲᠤᠰᠢᠶᠠᠬᠤ ᠵᠢ ᠥᠷᠨᠢᠭᠦᠯᠵᠦ᠂ ᠬᠥᠮᠦᠨ᠎ᠤ ᠲᠣᠭ᠎ᠠ᠎ᠪᠠᠷ ᠵᠠᠷᠤᠳᠠᠯ ᠲᠤᠰᠢᠶᠠᠬᠤ ᠪᠠ ᠤᠳᠠᠭ᠋ᠠᠨ ᠴᠢᠨᠠᠷᠲᠠᠶ ᠡᠪᠡᠳᠴᠢᠨ᠎ᠤ ᠬᠠᠮᠢᠶᠠᠷᠤᠯᠲᠠ ᠵᠢ ᠬᠠᠷᠢᠯᠴᠠᠨ ᠤᠶᠠᠯᠳᠤᠭᠤᠯᠬᠤ ᠵᠢ ᠢᠳᠡᠪᠬᠢᠲᠡᠶ᠎ᠪᠠᠷ ᠰᠦᠪᠡᠭᠴᠢᠯᠡᠨ᠎ᠡ; ᠡᠳᠦᠷ ᠲᠤᠲᠤᠮ᠎ᠤᠨ ᠮᠡᠰᠡ ᠵᠠᠰᠠᠯ ᠵᠢᠴᠢ ᠨᠥᠬᠥᠴᠡᠯ᠎ᠳᠤ ᠨᠡᠶ᠋ᠢᠴᠡᠬᠦ ᠡᠭᠦᠳᠡᠨ ᠡᠮᠨᠡᠯᠭᠡ ᠵᠢᠨ ᠣᠨᠴᠣᠭᠣᠶ ᠡᠮᠨᠡᠨ ᠵᠠᠰᠠᠬᠤ ᠡᠪᠡᠳᠴᠢᠨ᠎ᠤ ᠲᠥᠷᠥᠯ᠎ᠳᠤ᠂ ᠡᠪᠡᠳᠴᠢᠨ᠎ᠤ ᠲᠥᠷᠥᠯ ᠪᠤᠶᠤ ᠡᠪᠡᠳᠴᠢᠨ ᠡᠮᠭᠡᠭ᠎ᠤᠨ ᠣᠨᠣᠰᠢᠯᠠᠭ᠎ᠠ ᠵᠢᠨ ᠬᠠᠮᠢᠶ᠎ᠠ ᠪᠥᠬᠥᠶ ᠳᠤᠭᠤᠶ᠋ᠢᠯᠠᠩ ᠬᠤᠪᠢᠶᠠᠨ ᠵᠠᠷᠤᠳᠠᠯ ᠲᠤᠰᠢᠶᠠᠬᠤ ᠵᠢ ᠬᠡᠷᠡᠭᠵᠢᠭᠦᠯᠦᠨ᠎ᠡ; ᠪᠣᠭᠣᠳᠠᠯᠯᠠᠵᠤ ᠵᠠᠷᠤᠳᠠᠯ ᠲᠤᠰᠢᠶᠠᠬᠤ᠎ᠳᠤ ᠳᠣᠭᠢᠷᠠᠬᠤ ᠥᠬᠡᠶ ᠡᠭᠦᠳᠡᠨ ᠡᠮᠨᠡᠯᠭᠡ ᠵᠢᠨ ᠵᠠᠷᠤᠳᠠᠯ᠎ᠢ ᠲᠥᠷᠥᠯ ᠵᠦᠢ᠍ᠯ ᠵᠶ᠋ᠠᠷ ᠵᠠᠷᠤᠳᠠᠯ ᠲᠤᠰᠢᠶᠠᠵᠤ ᠪᠣᠯᠤᠨ᠎ᠠ᠃
      ᠬᠡᠯᠡᠯᠴᠡᠭᠡ ᠬᠢᠬᠦ ᠡᠮ ᠲᠠᠩ᠎ᠢ ᠨᠠᠶ᠋ᠢᠳᠠᠪᠤᠷᠢᠵᠢᠭᠤᠯᠬᠤ ᠵᠢ ᠢᠳᠡᠪᠬᠢᠲᠡᠶ ᠠᠬᠢᠭᠤᠯᠵᠤ᠂ ᠬᠡᠯᠡᠯᠴᠡᠭᠡ ᠬᠢᠬᠦ ᠡᠮ ᠲᠠᠩ᠎ᠤᠨ ᠡᠭᠦᠳᠡᠨ ᠡᠮᠨᠡᠯᠭᠡ ᠵᠢᠨ ᠪᠠᠲᠤᠯᠠᠭ᠎ᠠ ᠵᠢᠴᠢ 《ᠬᠣᠤᠰ ᠨᠡᠪᠲᠡᠷᠡᠬᠦ ᠵᠠᠮ》᠎ᠤᠨ ᠬᠠᠮᠢᠶᠠᠷᠤᠯᠲᠠ ᠵᠢᠨ ᠲᠣᠭᠲᠠᠴᠠ ᠵᠢ ᠪᠠᠶ᠋ᠢᠭᠤᠯᠤᠨ ᠪᠦᠷᠢᠨᠰᠢᠬᠦᠯᠵᠦ᠂ ᠬᠡᠯᠡᠯᠴᠡᠭᠡ ᠬᠢᠬᠦ ᠡᠮ ᠲᠠᠩ᠎ᠢ ᠨᠠᠶ᠋ᠢᠳᠠᠪᠤᠷᠢᠵᠢᠭᠤᠯᠬᠤ ᠵᠢ ᠬᠢᠨᠠᠨ ᠬᠡᠮᠵᠢᠬᠦ ᠵᠢ ᠰᠠᠶ᠋ᠢᠲᠤᠷ ᠬᠢᠨ᠎ᠠ᠃ ᠨᠥᠬᠥᠴᠡᠯ᠎ᠳᠤ ᠨᠡᠶ᠋ᠢᠴᠡᠬᠦ ᠴᠢᠭ ᠲᠣᠭᠲᠠᠭ᠋ᠠᠭᠰᠠᠨ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ᠎ᠤᠨ ᠬᠠᠩᠭ᠋ᠠᠭᠰᠠᠨ ᠡᠮ ᠬᠡᠷᠡᠭᠯᠡᠬᠦ ᠪᠠᠲᠤᠯᠠᠭ᠎ᠠ ᠵᠢᠨ   ᠦᠢ᠍ᠯᠡᠴᠢᠯᠡᠭᠡ ᠵᠢ ᠡᠭᠦᠳᠡᠨ ᠡᠮᠨᠡᠯᠭᠡ ᠵᠢᠨ ᠪᠠᠲᠤᠯᠠᠭ᠎ᠠ ᠵᠢᠨ ᠬᠡᠪᠴᠢᠶᠡᠨ᠎ᠳᠤ ᠣᠷᠣᠭᠤᠯᠵᠤ᠂ ᠳᠠᠭ᠋ᠠᠳᠬᠠᠯ᠎ᠳᠤ ᠣᠷᠣᠯᠴᠠᠭᠰᠠᠳ᠎ᠤᠨ   ᠴᠢᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠭᠠᠳᠠᠷ ᠨᠠᠶ᠋ᠢᠷᠠᠭᠤᠯᠤᠭᠰᠠᠨ ᠵᠣᠷ ᠵᠶ᠋ᠠᠷ ᠵᠶ᠋ᠠᠨ ᠴᠢᠭ ᠲᠣᠭᠲᠠᠭ᠋ᠠᠭᠰᠠᠨ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ᠎ᠲᠤ ᠳ᠋ᠦᠩᠨᠡᠨ ᠪᠤᠳᠤᠬᠤ ᠪᠠ ᠡᠮ ᠨᠠᠶ᠋ᠢᠷᠠᠭᠤᠯᠬᠤ ᠵᠢ ᠳᠡᠮᠵᠢᠵᠦ᠂ ᠴᠢᠭ ᠲᠣᠭᠲᠠᠭ᠋ᠠᠭᠰᠠᠨ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ᠎ᠤᠨ ᠠᠷᠠᠳ᠎ᠲᠤ ᠲᠥᠬᠥᠮ ᠦᠵᠡᠭᠦᠯᠬᠦ᠂ ᠪᠠᠳᠠᠷᠠᠭᠤᠯᠪᠠᠯ ᠵᠤᠬᠢᠬᠤ ᠦᠢ᠍ᠯᠡᠳᠦᠯ᠎ᠢ   ᠬᠦᠢ᠍ᠴᠡᠳ ᠪᠠᠳᠠᠷᠠᠭᠤᠯᠤᠨ᠎ᠠ᠃ ᠨᠥᠬᠥᠴᠡᠯ᠎ᠳᠤ ᠨᠡᠶ᠋ᠢᠴᠡᠬᠦ 《ᠢᠨᠲ᠋ᠤᠷ ᠰᠦᠯᠵᠢᠶ᠎ᠡ +》 ᠡᠮᠴᠢᠯᠡᠭᠡᠨ᠎ᠤ ᠦᠢ᠍ᠯᠡᠴᠢᠯᠡᠭᠡ ᠵᠢ ᠡᠮᠴᠢᠯᠡᠭᠡ ᠵᠢᠨ ᠪᠠᠳᠤᠯᠠᠭ᠎ᠠ ᠵᠢᠨ ᠲᠣᠭ᠋ᠠᠴᠠᠭ᠎ᠠ ᠬᠢᠬᠦ ᠬᠡᠪᠴᠢᠶᠡᠨ᠎ᠳᠤ ᠣᠷᠣᠭᠤᠯᠬᠤ ᠵᠢ ᠰᠦᠪᠡᠭᠴᠢᠯᠡᠨ᠎ᠡ᠃ ᠡᠮᠴᠢᠯᠡᠭᠡ ᠵᠢᠨ ᠪᠠᠳᠤᠯᠠᠭ᠎ᠠ ᠵᠢᠨ ᠡᠮ ᠲᠠᠩ᠎ᠤᠨ ᠲᠣᠭ᠋ᠠᠴᠠᠭ᠎ᠠ ᠬᠢᠬᠦ ᠪᠠᠷᠢᠮᠵᠢᠶ᠎ᠠ ᠵᠢ ᠰᠢᠨᠵᠢᠯᠡᠬᠦ ᠤᠬᠠᠭ᠋ᠠᠨᠴᠢ᠎ᠪᠠᠷ ᠵᠦᠶ ᠵᠣᠬᠢᠰᠲᠠᠶ ᠲᠣᠭᠲᠠᠭ᠋ᠠᠵᠤ᠂ ᠤᠷᠮᠠᠰᠢᠭᠤᠯᠵᠤ ᠬᠢᠵᠠᠭ᠋ᠠᠷᠯᠠᠬᠤ ᠪᠠ ᠲᠦᠭᠰᠢᠭᠦᠷᠢ ᠵᠢ ᠬᠤᠪᠢᠶᠠᠨ ᠡᠭᠦᠷᠭᠡᠯᠡᠬᠦ ᠲᠣᠭᠲᠠᠴᠠ ᠵᠢ ᠪᠣᠶ ᠪᠣᠯᠭ᠋ᠠᠵᠤ᠂ ᠡᠮᠴᠢᠯᠡᠭᠡᠨ᠎ᠤ ᠪᠠᠶ᠋ᠢᠭᠤᠯᠤᠮᠵᠢ ᠵᠢᠨ ᠣᠨᠣᠰᠢᠯᠠᠨ ᠡᠮᠨᠡᠬᠦ ᠦᠢ᠍ᠯᠡ ᠠᠵᠢᠯᠯᠠᠭ᠎ᠠ ᠵᠢ ᠵᠢᠷᠤᠮᠵᠢᠭᠤᠯᠤᠨ᠂ ᠡᠮᠴᠢᠯᠡᠭᠡᠨ᠎ᠤ ᠪᠠᠶ᠋ᠢᠭᠤᠯᠤᠮᠵᠢ ᠪᠠ ᠡᠪᠡᠳᠴᠢᠲᠡᠨ᠎ᠢ ᠬᠥᠲᠥᠯᠦᠨ ᠵᠢᠯᠣᠭᠣᠳᠴᠤ ᠪᠠᠶ᠋ᠢᠭ᠋ᠠᠳ ᠡᠮᠴᠢᠯᠡᠭᠡᠨ᠎ᠤ ᠦᠷ᠎ᠡ ᠪᠦᠲᠦᠮᠵᠢ᠎ᠨᠢ ᠣᠨᠣᠪᠴᠢᠲᠠᠶ᠂ ᠦᠨ᠎ᠡ ᠬᠠᠩᠰᠢ᠎ᠨᠢ ᠵᠦᠶ ᠵᠣᠬᠢᠰᠲᠠᠶ ᠡᠮ ᠲᠠᠩ᠎ᠢ ᠬᠡᠷᠡᠭᠯᠡᠬᠦ ᠵᠢ ᠤᠳᠤᠷᠢᠳᠦᠨ᠎ᠠ᠃
      ᠲᠠᠪᠤ᠂ ᠡᠮᠴᠢᠯᠡᠭᠡ ᠵᠢᠨ ᠪᠠᠳᠤᠯᠠᠭ᠎ᠠ ᠵᠢᠨ ᠰᠠᠭᠤᠷᠢ ᠮᠥᠩᠭᠥ᠎ᠳᠤ ᠬᠢᠨᠠᠯᠲᠠ ᠲᠠᠯᠪᠢᠵᠤ ᠬᠠᠮᠢᠶᠠᠷᠬᠤ ᠵᠢ   ᠴᠢᠩᠭ᠋ᠠᠳᠬᠠᠨ᠎ᠠ
      ᠡᠮᠴᠢᠯᠡᠭᠡ ᠵᠢᠨ ᠪᠠᠳᠤᠯᠠᠭ᠎ᠠ ᠵᠢᠨ ᠰᠠᠭᠤᠷᠢ ᠮᠥᠩᠭᠥ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠡᠮᠴᠢᠯᠡᠭᠡ ᠵᠢᠨ ᠪᠠᠳᠤᠯᠠᠭ᠎ᠠ ᠵᠢᠨ ᠰᠠᠭᠤᠷᠢ ᠮᠥᠩᠭᠥ ᠵᠢᠨ ᠠᠮᠤᠷ ᠲᠦᠪᠰᠢᠨ᠎ᠤ ᠰᠡᠷᠭᠡᠶ᠋ᠢᠯᠡᠨ ᠡᠵᠡᠮᠳᠡᠬᠦ ᠲᠣᠭᠲᠠᠴᠠ ᠵᠢ ᠪᠠᠶ᠋ᠢᠭᠤᠯᠤᠨ᠂ ᠳᠠᠭ᠋ᠠᠳᠬᠠᠯ᠎ᠢ ᠮᠡᠬᠡᠯᠡᠬᠦ ᠦᠢ᠍ᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠰᠠᠭᠤᠷᠢ ᠮᠥᠩᠭᠥ ᠵᠢᠨ ᠠᠮᠤᠷ ᠲᠦᠪᠰᠢᠨ ᠥᠨᠳᠥᠷ ᠦᠷ᠎ᠡ ᠪᠦᠲᠦᠮᠵᠢᠲᠡᠶ᠂ ᠵᠦᠶ ᠵᠣᠬᠢᠰᠲᠠᠶ ᠬᠡᠷᠡᠭᠯᠡᠬᠦ ᠵᠢ ᠦᠨᠡᠨᠬᠦ ᠪᠠᠲᠤᠯᠠᠨ᠎ᠠ᠃ ᠡᠮᠴᠢᠯᠡᠭᠡᠨ᠎ᠤ ᠦᠢ᠍ᠯᠡ ᠠᠵᠢᠯᠯᠠᠭ᠎ᠠ ᠪᠠ ᠡᠮᠴᠢᠯᠡᠭᠡᠨ᠎ᠤ ᠵᠠᠷᠤᠳᠠᠯ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠬᠠᠭᠤᠷᠮᠠᠭ ᠡᠪᠡᠳᠴᠢᠲᠡᠨ᠂ ᠬᠠᠭᠤᠷᠮᠠᠭ ᠡᠪᠡᠳᠴᠢᠨ᠎ᠤ ᠪᠠᠶ᠋ᠢᠳᠠᠯ᠂ ᠬᠠᠭᠤᠷᠮᠠᠭ ᠫᠢᠶᠣᠣ ᠪᠠᠷᠢᠮᠲᠠ ᠵᠡᠷᠭᠡ 《ᠭᠤᠷᠪᠠᠨ ᠬᠠᠭᠤᠷᠮᠠᠭ》᠎ᠢ ᠲᠤᠰᠬᠠᠶ ᠴᠡᠭᠴᠡᠯᠡᠨ ᠵᠠᠰᠠᠯᠲᠠ ᠵᠢ ᠥᠷᠨᠢᠭᠦᠯᠵᠦ᠂ 《ᠣᠷᠣ ᠡᠯᠭᠦᠵᠦ》 ᠡᠮᠨᠡᠯᠭᠡ᠎ᠳᠤ ᠰᠠᠭᠤᠬᠤ᠂ ᠥᠳᠥᠭᠡᠨ ᠡᠮᠨᠡᠯᠭᠡ᠎ᠳᠤ ᠰᠠᠭᠤᠯᠭ᠋ᠠᠬᠤ ᠵᠡᠷᠭᠡ ᠬᠠᠤᠯᠢ ᠲᠣᠭᠲᠠᠭ᠋ᠠᠯ᠎ᠠᠴᠠ ᠵᠥᠷᠢᠴᠡᠭᠰᠡᠨ   ᠦᠢ᠍ᠯᠡ ᠠᠵᠢᠯᠯᠠᠭ᠎ᠠ ᠵᠢ ᠴᠢᠩᠭ᠎ᠠ ᠪᠠᠶ᠋ᠢᠴᠠᠭ᠋ᠠᠨ ᠰᠢᠢ᠍ᠳᠪᠦᠷᠢᠯᠡᠨ᠎ᠡ᠃ ᠡᠮᠴᠢᠯᠡᠭᠡ ᠵᠢᠨ ᠪᠠᠳᠤᠯᠠᠭ᠎ᠠ ᠵᠢᠨ ᠰᠠᠭᠤᠷᠢ ᠮᠥᠩᠭᠥ ᠵᠢᠨ ᠣᠶᠤᠨᠴᠢ ᠬᠢᠨᠠᠯᠲᠠ ᠬᠠᠮᠢᠶᠠᠷᠤᠯᠲᠠ ᠵᠢ ᠲᠡᠭᠦᠯᠳᠡᠷᠵᠢᠭᠦᠯᠵᠦ᠂ ᠪᠥᠬᠥ ᠣᠷᠣᠨ᠎ᠤ ᠨᠢᠭᠡᠳᠦᠯᠲᠡᠶ ᠣᠶᠤᠨᠴᠢ ᠬᠢᠨᠠᠨ ᠡᠵᠡᠮᠳᠡᠬᠦ ᠰᠢᠰᠲ᠋ᠧᠮ᠎ᠢ ᠪᠠᠶ᠋ᠢᠭᠤᠯᠤᠨ᠂ ᠣᠶᠤᠨᠴᠢ ᠬᠢᠨᠠᠨ ᠡᠵᠡᠮᠳᠡᠬᠦ ᠮᠡᠳᠡᠯᠭᠡ ᠵᠢᠨ ᠬᠥᠮᠥᠷᠭᠡ ᠪᠠ ᠲᠦᠷᠢᠮ᠎ᠤᠨ ᠬᠥᠮᠥᠷᠭᠡ ᠵᠢᠨ ᠵᠢᠷᠤᠮᠵᠢᠭᠰᠠᠨ ᠪᠠᠶ᠋ᠢᠭᠤᠯᠤᠯᠲᠠ ᠵᠢ ᠠᠬᠢᠭᠤᠯᠤᠨ᠎ᠠ᠃ ᠶᠡᠷᠦᠩᠬᠡᠶ᠋ᠢᠯᠡᠭᠰᠡᠨ ᠬᠢᠨᠠᠯᠲᠠ ᠬᠠᠮᠢᠶᠠᠷᠤᠯᠲᠠ ᠵᠢᠨ ᠲᠣᠭᠲᠠᠴᠠ ᠵᠢ ᠪᠦᠷᠢᠨᠰᠢᠬᠦᠯᠵᠦ᠂ ᠡᠮᠴᠢᠯᠡᠭᠡ ᠵᠢᠨ ᠪᠠᠳᠤᠯᠠᠭ᠎ᠠ ᠵᠢᠨ ᠰᠠᠭᠤᠷᠢ ᠮᠥᠩᠭᠥ ᠵᠢᠨ ᠬᠢᠨᠠᠯᠲᠠ ᠬᠠᠮᠢᠶᠠᠷᠤᠯᠲᠠ ᠵᠢᠨ ᠬᠠᠮᠲᠤᠷᠠᠭᠰᠠᠨ ᠬᠤᠷᠠᠯ᠎ᠤᠨ ᠲᠦᠷᠢᠮ᠎ᠢ ᠪᠠᠶ᠋ᠢᠭᠤᠯᠵᠤ᠂ ᠬᠢᠨᠠᠯᠲᠠ ᠬᠠᠮᠢᠶᠠᠷᠤᠯᠲᠠ ᠵᠢᠨ ᠨᠡᠶ᠋ᠢᠯᠡᠮᠡᠯ ᠭᠤᠷᠪᠠᠳᠠᠬᠢ ᠡᠲᠡᠭᠡᠳ᠎ᠢ ᠢᠳᠡᠪᠬᠢᠲᠡᠶ ᠣᠷᠣᠭᠤᠯᠤᠨ ᠠᠪᠴᠢᠷᠠᠵᠤ᠂ ᠲᠤᠰᠬᠠᠶ ᠮᠡᠷᠭᠡᠵᠢᠯ᠎ᠤᠨ ᠳᠡᠮᠵᠢᠯᠭᠡ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ ᠡᠮᠴᠢᠯᠡᠭᠡ ᠵᠢᠨ ᠪᠠᠳᠤᠯᠠᠭ᠎ᠠ ᠵᠢᠨ ᠰᠠᠭᠤᠷᠢ ᠮᠥᠩᠭᠥ ᠵᠢᠨ ᠬᠢᠨᠠᠯᠲᠠ ᠬᠠᠮᠢᠶᠠᠷᠤᠯᠲᠠ᠎ᠳᠤ ᠣᠷᠣᠯᠴᠠᠭᠤᠯᠵᠤ᠂ ᠬᠢᠨᠠᠯᠲᠠ ᠬᠠᠮᠢᠶᠠᠷᠤᠯᠲᠠ ᠵᠢᠨ ᠲᠤᠰᠬᠠᠶ ᠮᠡᠷᠭᠡᠵᠢᠯ᠎ᠤᠨ ᠴᠢᠨᠠᠷ᠎ᠢ ᠳᠡᠭᠡᠭᠰᠢᠯᠡᠭᠦᠯᠦᠨ᠎ᠡ᠃
      ᠵᠢᠷᠭᠤᠭ᠎ᠠ᠂ ᠡᠮᠴᠢᠯᠡᠭᠡ ᠵᠢᠨ ᠪᠠᠳᠤᠯᠠᠭ᠎ᠠ ᠵᠢᠨ ᠭᠠᠷᠲᠠᠨ ᠭᠦᠢ᠍ᠴᠡᠳᠭᠡᠬᠦ ᠬᠠᠮᠢᠶᠠᠷᠤᠯᠲᠠ ᠵᠢᠨ ᠦᠢ᠍ᠯᠡᠴᠢᠯᠡᠭᠡ ᠵᠢ ᠰᠢᠯᠢᠳᠡᠭᠵᠢᠭᠦᠯᠦᠨ᠎ᠡ
      ᠡᠭᠦᠳᠡᠨ ᠡᠮᠨᠡᠯᠭᠡ ᠵᠢᠨ ᠪᠠᠲᠤᠯᠠᠭ᠎ᠠ ᠵᠢᠨ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠠᠷᠭ᠎ᠠ ᠵᠢᠨ ᠰᠢᠨ᠎ᠡ ᠵᠢ ᠡᠭᠦᠳᠴᠦ᠂ ᠡᠭᠦᠳᠡᠨ ᠡᠮᠨᠡᠯᠭᠡ ᠵᠢᠨ ᠪᠠᠲᠤᠯᠠᠭ᠎ᠠ ᠵᠢ ᠡᠮᠴᠢᠯᠡᠭᠡ ᠵᠢᠨ ᠪᠠᠳᠤᠯᠠᠭ᠎ᠠ ᠵᠢᠨ ᠴᠢᠭ ᠲᠣᠭᠲᠠᠭ᠋ᠠᠭᠰᠠᠨ ᠦᠢ᠍ᠯᠡᠴᠢᠯᠡᠭᠡᠨ᠎ᠤ ᠵᠥᠪᠳᠡᠯᠴᠡᠬᠡᠷ᠎ᠤᠨ ᠬᠡᠪᠴᠢᠶᠡᠨ᠎ᠳᠤ ᠣᠷᠣᠭᠤᠯᠤᠨ᠂ ᠡᠭᠦᠳᠡᠨ ᠡᠮᠨᠡᠯᠭᠡ ᠵᠢᠨ ᠡᠮᠴᠢᠯᠡᠭᠡᠨ᠎ᠤ ᠦᠢ᠍ᠯᠡᠴᠢᠯᠡᠭᠡ ᠵᠢ ᠬᠢᠨᠠᠨ ᠡᠵᠡᠮᠳᠡᠬᠦ᠂ ᠵᠠᠳᠠᠯᠬᠤ ᠪᠠ ᠰᠢᠯᠭ᠋ᠠᠨ ᠬᠢᠨᠠᠬᠤ ᠰᠢᠰᠲ᠋ᠧᠮᠵᠢ ᠵᠢ ᠪᠦᠷᠢᠨᠰᠢᠬᠦᠯᠵᠦ᠂ ᠴᠢᠭ ᠲᠣᠭᠲᠠᠭ᠋ᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠵᠥᠪᠳᠡᠯᠴᠡᠬᠡᠷ᠎ᠢ ᠭᠦᠢ᠍ᠴᠡᠳᠭᠡᠭᠰᠡᠨ ᠠᠵᠢᠯ᠎ᠤᠨ ᠠᠮᠵᠢᠯᠲᠠ ᠪᠦᠲᠦᠮᠵᠢ ᠵᠢᠨ ᠬᠠᠮᠢᠶᠠᠷᠤᠯᠲᠠ ᠵᠢᠨ ᠠᠷᠭ᠎ᠠ ᠵᠢ ᠲᠡᠭᠦᠯᠳᠡᠷᠵᠢᠭᠦᠯᠦᠨ᠂   ᠴᠢᠭ ᠲᠣᠭᠲᠠᠭ᠋ᠠᠭᠰᠠᠨ ᠡᠮᠴᠢᠯᠡᠭᠡ ᠵᠢᠨ ᠪᠠᠳᠤᠯᠠᠭ᠎ᠠ ᠵᠢᠨ ᠰᠠᠭᠤᠷᠢ ᠮᠥᠩᠭᠥ ᠵᠢᠨ ᠲᠥᠰᠦᠪ᠎ᠤᠨ ᠬᠠᠮᠢᠶᠠᠷᠤᠯᠲᠠ ᠵᠢᠨ ᠲᠦᠷᠢᠮ᠎ᠢ ᠴᠢᠩᠭ᠎ᠠ ᠬᠡᠷᠡᠭᠵᠢᠭᠦᠯᠵᠦ᠂ ᠡᠮᠴᠢᠯᠡᠭᠡ ᠵᠢᠨ ᠪᠠᠳᠤᠯᠠᠭ᠎ᠠ ᠵᠢᠨ ᠰᠠᠭᠤᠷᠢ ᠮᠥᠩᠭᠥ ᠵᠢ ᠬᠠᠷᠭᠤᠭᠤᠯᠤᠨ ᠪᠤᠳᠤᠬᠤ ᠲᠦᠷᠢᠮ ᠪᠠ ᠳᠣᠲᠣᠭ᠋ᠠᠳᠤ᠎ᠳᠠᠭᠠᠨ ᠡᠵᠡᠮᠳᠡᠬᠦ ᠲᠦᠷᠢᠮ᠎ᠤᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃ ᠬᠤᠪᠢ ᠬᠥᠮᠦᠨ᠎ᠤ ᠲᠠᠩᠰᠠᠨ ᠡᠷᠦᠬᠡ ᠵᠢ ᠬᠡᠷᠡᠭᠯᠡᠬᠦ ᠬᠠᠮᠢᠶᠠᠷᠤᠯᠲᠠ ᠵᠢᠨ ᠠᠷᠭ᠎ᠠ ᠵᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠤᠪᠢ ᠬᠥᠮᠦᠨ᠎ᠤ ᠲᠠᠩᠰᠠᠨ ᠡᠷᠦᠬᠡ ᠵᠢᠨ ᠪᠥᠬᠥ ᠴᠤᠪᠤᠷᠠᠯ᠎ᠤᠨ ᠬᠠᠮᠢᠶᠠᠷᠤᠯᠲᠠ ᠵᠢᠨ ᠲᠣᠭᠲᠠᠴᠠ ᠵᠢ ᠪᠠᠶ᠋ᠢᠭᠤᠯᠤᠨ᠂ ᠬᠤᠪᠢ ᠬᠥᠮᠦᠨ᠎ᠤ ᠲᠠᠩᠰᠠᠨ ᠡᠷᠦᠬᠡ ᠵᠢ ᠬᠡᠷᠡᠭᠯᠡᠬᠦ᠂ ᠳ᠋ᠦᠩᠨᠡᠨ ᠪᠤᠳᠤᠬᠤ ᠵᠡᠷᠭᠡ ᠭᠣᠭᠴᠣᠭ᠎ᠠ ᠵᠢ ᠬᠢᠨᠠᠨ ᠬᠠᠷᠭᠤᠭᠤᠯᠬᠤ ᠵᠢ ᠴᠢᠩᠭ᠋ᠠᠳᠬᠠᠵᠤ᠂ ᠣᠷᠣᠯᠭ᠎ᠠ ᠵᠠᠷᠤᠯᠭ᠎ᠠ ᠵᠢᠨ ᠮᠡᠳᠡᠭᠡ ᠵᠠᠩᠭᠢ ᠵᠢ ᠪᠦᠷᠢᠳᠬᠡᠬᠦ ᠠᠵᠢᠯ᠎ᠢ ᠰᠠᠶ᠋ᠢᠲᠤᠷ ᠬᠢᠨ᠎ᠠ᠃
      ᠥᠪᠡᠷᠲᠡᠭᠡᠨ ᠵᠠᠰᠠᠬᠤ ᠣᠷᠣᠨ᠎ᠤ ᠨᠢᠭᠡᠳᠦᠯᠲᠡᠶ ᠡᠮᠴᠢᠯᠡᠭᠡᠨ᠎ᠤ ᠪᠠᠲᠤᠯᠠᠭ᠎ᠠ ᠵᠢᠨ ᠮᠡᠳᠡᠭᠡ ᠵᠠᠩᠭᠢ ᠵᠢᠨ ᠲᠠᠪᠴᠠᠩ᠎ᠤᠨ ᠪᠠᠶ᠋ᠢᠭᠤᠯᠤᠯᠲᠠ ᠵᠢ ᠲᠦᠷᠭᠡᠳᠬᠡᠵᠦ᠂ ᠡᠭᠦᠳᠡᠨ ᠡᠮᠨᠡᠯᠭᠡ ᠵᠢᠨ ᠵᠠᠷᠤᠳᠠᠯ᠎ᠢ ᠣᠨᠳᠣᠤ ᠭᠠᠵᠠᠷ᠎ᠲᠤ ᠡᠮᠨᠡᠭᠦᠯᠦᠭᠰᠡᠨ ᠵᠠᠷᠤᠳᠠᠯ᠎ᠢ ᠰᠢᠭᠤᠳ ᠳ᠋ᠦᠩᠨᠡᠨ ᠪᠤᠳᠤᠬᠤ ᠵᠢ ᠠᠬᠢᠭᠤᠯᠤᠨ᠎ᠠ᠃ ᠦᠨᠳᠦᠰᠦᠨ ᠱᠠᠲᠤᠨ᠎ᠤ ᠡᠮᠴᠢᠯᠡᠭᠡᠨ᠎ᠤ ᠦᠢ᠍ᠯᠡᠴᠢᠯᠡᠭᠡᠨ᠎ᠤ ᠰᠢᠰᠲ᠋ᠧᠮᠵᠢ ᠵᠢᠨ ᠪᠠᠶ᠋ᠢᠭᠤᠯᠤᠯᠲᠠ ᠵᠢ ᠬᠠᠮᠵᠢᠯᠴᠠᠨ ᠠᠬᠢᠭᠤᠯᠵᠤ᠂ ᠬᠡᠷ ᠪᠦᠯᠢ ᠵᠢᠨ ᠡᠮᠴᠢ ᠵᠢᠨ ᠭᠡᠷ᠎ᠡ ᠲᠣᠭᠲᠠᠬᠤ ᠦᠢ᠍ᠯᠡᠴᠢᠯᠡᠭᠡ ᠵᠢ ᠲᠡᠭᠦᠯᠳᠡᠷᠵᠢᠭᠦᠯᠦᠨ᠂ ᠣᠷᠳᠣ ᠬᠤᠭᠤᠴᠠᠭ᠋ᠠᠨ᠎ᠤ ᠵᠣᠷ᠎ᠤᠨ ᠬᠠᠮᠢᠶᠠᠷᠤᠯᠲᠠ ᠵᠢ ᠵᠢᠷᠤᠮᠵᠢᠭᠤᠯᠵᠤ᠂ ᠳᠠᠭ᠋ᠠᠳᠬᠠᠯ᠎ᠳᠤ ᠣᠷᠣᠯᠴᠠᠭᠰᠠᠳ᠎ᠤᠨ ᠦᠨᠳᠦᠰᠦᠨ ᠱᠠᠲᠤᠨ᠎ᠳᠤ ᠡᠮᠨᠡᠭᠦᠯᠬᠦ ᠠᠩᠬᠠᠨ᠎ᠤ ᠡᠮᠴᠢᠯᠡᠭᠡ ᠵᠢ ᠬᠥᠲᠥᠯᠦᠨ ᠵᠢᠯᠣᠭᠣᠳᠤᠨ᠎ᠠ᠃ ᠡᠭᠦᠳᠡᠨ ᠡᠮᠨᠡᠯᠭᠡ ᠵᠢᠨ ᠤᠳᠠᠭ᠋ᠠᠨ ᠴᠢᠨᠠᠷᠲᠠᠶ ᠣᠨᠴᠠ ᠡᠪᠡᠳᠴᠢᠨ᠎ᠤ ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠵᠢ ᠲᠡᠭᠦᠯᠳᠡᠷᠵᠢᠭᠦᠯᠬᠦ᠎ᠲᠠᠢ ᠤᠶᠠᠯᠳᠤᠭᠤᠯᠤᠨ᠂ ᠦᠨᠳᠦᠰᠦᠨ ᠱᠠᠲᠤᠨ᠎ᠤ ᠴᠢᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠣᠨᠣᠰᠢᠯᠠᠨ ᠡᠮᠨᠡᠬᠦ ᠵᠢᠴᠢ ᠰᠢᠯᠵᠢᠭᠦᠯᠦᠨ ᠡᠮᠨᠡᠭᠦᠯᠬᠦ ᠵᠡᠷᠭᠡ   ᠦᠢ᠍ᠯᠡ ᠠᠵᠢᠯᠯᠠᠭ᠎ᠠ ᠵᠢ ᠵᠢᠷᠤᠮᠵᠢᠭᠤᠯᠤᠨ᠎ᠠ᠃
      ᠳᠣᠯᠣᠭ᠎ᠠ᠂ ᠵᠣᠬᠢᠶᠠᠨ ᠪᠠᠶ᠋ᠢᠭᠤᠯᠵᠤ ᠬᠡᠷᠡᠭᠵᠢᠭᠦᠯᠬᠦ
     (ᠨᠢᠭᠡ) ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠨ᠎ᠠ᠃ ᠡᠯ᠎ᠡ ᠭᠠᠵᠠᠷ ᠣᠷᠣᠨ᠎ᠨᠤᠭᠤᠳ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠦᠨᠡᠨᠬᠦ ᠴᠢᠩᠭ᠋ᠠᠳᠬᠠᠵᠤ᠂ ᠰᠠᠯᠠᠭ᠎ᠠ ᠮᠥᠴᠢᠷ᠎ᠤᠨ ᠬᠠᠮᠵᠢᠯᠴᠠᠬᠤ ᠲᠣᠭᠲᠠᠴᠠ ᠵᠢ ᠪᠠᠶ᠋ᠢᠭᠤᠯᠤᠨ᠂ ᠠᠵᠢᠯ᠎ᠤᠨ ᠨᠠᠶ᠋ᠢᠳᠠᠪᠤᠷᠢᠵᠢᠭᠤᠯᠤᠯᠲᠠ ᠵᠢ ᠰᠠᠶ᠋ᠢᠲᠤᠷ ᠠᠳᠬᠤᠬᠤ ᠬᠡᠷᠡᠭᠲᠡᠶ᠃ ᠲᠣᠰ ᠭᠠᠵᠠᠷ ᠣᠷᠣᠨ᠎ᠤ ᠪᠣᠳᠠᠲᠠᠶ᠎ᠲᠠᠢ᠎ᠪᠠᠨ ᠤᠶᠠᠯᠳᠤᠭᠤᠯᠤᠨ᠂ ᠲᠤᠰᠢᠶᠠᠯ ᠬᠠᠷᠢᠭᠤᠴᠠᠯᠭ᠎ᠠ ᠵᠢᠨ ᠡᠷᠬᠡ ᠵᠢᠨ ᠬᠡᠪᠴᠢᠶᠡᠨ᠎ᠳᠤ ᠲᠥᠷᠥ ᠵᠢᠨ ᠪᠣᠳᠣᠯᠭ᠎ᠠ ᠵᠢᠨ ᠲᠣᠭᠲᠠᠭ᠋ᠠᠯ᠎ᠢ ᠨᠠᠷᠢᠯᠢᠬ᠍ᠵᠢᠭᠤᠯᠵᠤ᠂ 2022 ᠣᠨ᠎ᠤ 6 ᠳ᠋ᠤᠭ᠋ᠠᠷ ᠰᠠᠷ᠎ᠠ ᠵᠢᠨ ᠰᠡᠭᠦᠯᠴᠢ᠎ᠠᠴᠠ ᠡᠮᠦᠨ᠎ᠡ ᠬᠡᠷᠡᠭᠵᠢᠭᠦᠯᠬᠦ ᠨᠠᠷᠢᠨ ᠲᠦᠷᠢᠮ᠎ᠢ ᠨᠡᠶ᠋ᠢᠲᠡᠯᠡᠵᠦ᠂ 2022 ᠣᠨ᠎ᠤ 10 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠬᠦ ᠵᠢ ᠦᠨᠡᠨ ᠬᠦ᠌ ᠪᠠᠲᠤᠯᠠᠬᠤ ᠬᠡᠷᠡᠭᠲᠡᠶ᠃ 2023 ᠣᠨ᠎ᠤ ᠵᠢᠯ᠎ᠤᠨ ᠰᠡᠭᠦᠯᠴᠢ᠎ᠠᠴᠠ ᠡᠮᠦᠨ᠎ᠡ᠂ ᠡᠯ᠎ᠡ ᠨᠢᠭᠡᠳᠦᠯᠲᠡᠶ ᠲᠥᠯᠥᠪᠯᠡᠬᠦ ᠭᠠᠵᠠᠷ ᠣᠷᠣᠨ᠎ᠨᠤᠭᠤᠳ ᠥᠭᠡᠷᠡᠴᠢᠯᠡᠯᠲᠡ ᠵᠢᠨ ᠬᠡᠷᠡᠭᠵᠢᠭᠦᠯᠦᠯᠲᠡ ᠵᠢ ᠦᠨᠡᠯᠡᠨ ᠵᠢᠱ᠌ᠢᠬᠦ ᠠᠵᠢᠯ᠎ᠢ ᠥᠷᠨᠢᠭᠦᠯᠵᠦ᠂ ᠠᠵᠢᠯᠲᠠᠨ ᠠᠵᠢᠯᠴᠢᠨ᠎ᠤ ᠡᠮᠴᠢᠯᠡᠭᠡ ᠵᠢᠨ ᠪᠠᠳᠤᠯᠠᠭ᠎ᠠ ᠵᠢᠨ ᠡᠭᠦᠳᠡᠨ ᠡᠮᠨᠡᠯᠭᠡ ᠵᠢᠨ ᠬᠠᠷᠢᠯᠴᠠᠨ ᠬᠠᠷᠠᠭ᠋ᠠᠯᠵᠠᠬᠤ ᠪᠠᠲᠤᠯᠠᠭ᠎ᠠ ᠵᠢᠨ ᠲᠣᠭᠲᠠᠴᠠ ᠵᠢ ᠤᠯᠠᠮ ᠨᠢᠭᠡ ᠠᠯᠬᠤᠮ ᠪᠦᠷᠢᠨᠰᠢᠬᠦᠯᠬᠦ ᠵᠢ ᠪᠠᠳᠤᠯᠠᠨ᠎ᠠ᠃
     (ᠬᠣᠶᠠᠷ) ᠯᠠᠪᠳᠠᠭᠤᠨ ᠪᠣᠯᠭᠣᠮᠵᠢᠲᠠᠶ ᠠᠬᠢᠭᠤᠯᠬᠤ ᠵᠢ ᠦᠨᠡᠨᠬᠦ ᠪᠠᠲᠤᠯᠠᠨ᠎ᠠ᠃ ᠡᠯ᠎ᠡ ᠭᠠᠵᠠᠷ ᠣᠷᠣᠨ᠎ᠨᠤᠭᠤᠳ ᠥᠭᠡᠷᠡᠴᠢᠯᠡᠯᠲᠡ ᠵᠢᠨ ᠡᠮᠦᠨ᠎ᠡ ᠬᠣᠶ᠋ᠢᠨᠠᠬᠢ ᠲᠥᠷᠥ ᠵᠢᠨ ᠪᠣᠳᠣᠯᠭ᠎ᠠ ᠵᠢᠨ ᠵᠣᠯᠭ᠋ᠠᠭᠤᠯᠤᠯᠲᠠ ᠵᠢ ᠲᠣᠬᠢᠲᠠᠶ ᠰᠠᠶ᠋ᠢᠲᠤᠷ   ᠰᠢᠢ᠍ᠳᠪᠦᠷᠢᠯᠡᠵᠦ᠂ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠡᠮᠴᠢᠯᠡᠭᠡ ᠵᠢᠨ ᠪᠠᠳᠤᠯᠠᠭ᠎ᠠ ᠵᠢᠨ ᠡᠭᠦᠳᠡᠨ ᠡᠮᠨᠡᠯᠭᠡ ᠵᠢ ᠨᠢᠭᠡᠳᠦᠯᠲᠡᠶ ᠲᠥᠯᠥᠪᠯᠡᠬᠦ ᠵᠢ ᠵᠡᠷᠭᠡ᠎ᠳᠤᠨᠢ ᠲᠡᠭᠦᠯᠳᠡᠷᠵᠢᠭᠦᠯᠦᠨ᠂ ᠢᠳᠡᠪᠬᠢᠲᠡᠶ ᠪᠥᠭᠡᠳ ᠯᠠᠪᠳᠠᠭᠤᠨ ᠵᠶ᠋ᠠᠷ ᠠᠬᠢᠭᠤᠯᠵᠤ᠂ ᠳᠠᠭ᠋ᠠᠳᠬᠠᠯ᠎ᠳᠤ ᠣᠷᠣᠯᠴᠠᠭᠰᠠᠳ᠎ᠤᠨ ᠣᠯᠭᠣᠮᠵᠢ ᠵᠢᠨ ᠲᠣᠭᠲᠠᠭᠤᠨ ᠵᠶ᠋ᠠᠷ ᠰᠢᠯᠵᠢᠬᠦ ᠵᠢ ᠦᠨᠡᠨᠬᠦ ᠪᠠᠲᠤᠯᠠᠬᠤ ᠬᠠᠮᠢᠶ᠎ᠠ ᠪᠥᠬᠥᠶ ᠠᠵᠢᠯ᠎ᠢ ᠨᠢᠭᠡᠨᠲᠡ ᠥᠷᠨᠢᠭᠦᠯᠦᠭᠰᠡᠨ ᠪᠠᠶ᠋ᠢᠪᠠᠯ ᠲᠥᠷᠥ ᠵᠢᠨ ᠪᠣᠳᠣᠯᠭ᠎ᠠ ᠵᠢᠨ ᠪᠠᠷᠢᠮᠵᠢᠶ᠎ᠠ ᠵᠢ ᠤᠯᠠᠮ ᠨᠢᠭᠡ ᠠᠯᠬᠤᠮ ᠵᠢᠷᠤᠮᠵᠢᠭᠤᠯᠵᠤ᠂ ᠬᠠᠮᠢᠶ᠎ᠠ ᠪᠥᠬᠥᠶ ᠠᠵᠢᠯ᠎ᠢ ᠬᠠᠷᠠᠬᠠᠨ ᠥᠷᠨᠢᠭᠦᠯᠦᠭᠡᠳᠦᠶ ᠪᠠᠶ᠋ᠢᠪᠠᠯ ᠢᠳᠡᠪᠬᠢᠲᠡᠶ ᠪᠥᠭᠡᠳ ᠯᠠᠪᠳᠠᠭᠤᠨ ᠵᠶ᠋ᠠᠷ ᠡᠬᠢᠯᠡᠭᠦᠯᠦᠨ ᠬᠡᠷᠡᠭᠵᠢᠭᠦᠯᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠂ ᠡᠳ᠋᠎ᠤᠨ ᠵᠠᠰᠠᠭ᠎ᠤᠨ ᠲᠢᠩᠬᠢᠮ᠎ᠨᠢ ᠬᠠᠮᠢᠶ᠎ᠠ ᠪᠥᠬᠥᠶ ᠰᠠᠯᠠᠭ᠎ᠠ ᠮᠥᠴᠢᠷ᠎ᠲᠠᠢ ᠬᠠᠮᠲᠤᠷᠠᠨ᠂ ᠡᠯ᠎ᠡ ᠭᠠᠵᠠᠷ ᠣᠷᠣᠨ᠎ᠳᠤ ᠬᠢᠨᠠᠯᠲᠠ ᠲᠠᠯᠪᠢᠵᠤ ᠵᠢᠯᠣᠭᠣᠳᠬᠤ᠎ᠪᠠᠨ ᠴᠢᠩᠭ᠋ᠠᠳᠬᠠᠬᠤ ᠬᠡᠷᠡᠭᠲᠡᠶ᠃
     (ᠭᠤᠷᠪᠠ) ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠪᠣᠶ ᠪᠣᠯᠭ᠋ᠠᠨ᠎ᠠ᠃ ᠡᠯ᠎ᠡ ᠭᠠᠵᠠᠷ ᠣᠷᠣᠨ᠂ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠡᠮᠴᠢᠯᠡᠭᠡᠨ᠎ᠤ ᠪᠠᠲᠤᠯᠠᠭ᠎ᠠ ᠵᠢᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ ᠪᠠ ᠦᠢ᠍ᠯᠡᠴᠢᠯᠡᠭᠡᠨ᠎ᠤ ᠤᠬᠠᠭᠤᠯᠭ᠎ᠠ ᠵᠢ ᠢᠳᠡᠪᠬᠢᠲᠡᠶ ᠰᠠᠶ᠋ᠢᠲᠤᠷ ᠬᠢᠵᠦ᠂ ᠠᠵᠢᠯᠲᠠᠨ ᠠᠵᠢᠯᠴᠢᠨ᠎ᠤ ᠡᠮᠴᠢᠯᠡᠭᠡ ᠵᠢᠨ ᠪᠠᠳᠤᠯᠠᠭ᠎ᠠ ᠵᠢᠨ ᠡᠭᠦᠳᠡᠨ ᠡᠮᠨᠡᠯᠭᠡ ᠵᠢᠨ ᠬᠠᠷᠢᠯᠴᠠᠨ ᠬᠠᠷᠠᠭ᠋ᠠᠯᠵᠠᠬᠤ ᠪᠠᠲᠤᠯᠠᠭ᠎ᠠ ᠵᠢᠨ ᠲᠣᠭᠲᠠᠴᠠ ᠵᠢ ᠪᠠᠶ᠋ᠢᠭᠤᠯᠤᠨ ᠪᠦᠷᠢᠨᠰᠢᠬᠦᠯᠬᠦ᠎ᠨᠢ ᠳᠠᠭ᠋ᠠᠳᠬᠠᠯ᠎ᠳᠤ ᠣᠷᠣᠯᠴᠠᠭᠰᠠᠳ᠎ᠤᠨ ᠡᠮᠴᠢᠯᠡᠭᠡᠨ᠎ᠤ ᠵᠠᠷᠤᠳᠠᠯ᠎ᠤᠨ ᠳᠠᠷᠤᠭ᠋ᠠᠰᠤ ᠵᠢ ᠬᠥᠩᠭᠡᠷᠡᠭᠦᠯᠬᠦ᠂ ᠲᠦᠷᠢᠮ᠎ᠤᠨ ᠨᠠᠩ ᠲᠥᠪ ᠭᠣᠤᠯᠴᠢ ᠨᠠᠩ ᠦᠷᠭᠦᠯᠵᠢᠯᠡᠬᠦ ᠵᠢ ᠠᠬᠢᠭᠤᠯᠬᠤ᠎ᠳᠤ ᠦᠵᠡᠭᠦᠯᠬᠦ ᠴᠢᠬᠤᠯᠠ ᠦᠢ᠍ᠯᠡᠳᠦᠯ᠎ᠢ ᠭᠦᠢ᠍ᠴᠡᠳ ᠤᠬᠠᠭᠤᠯᠵᠤ᠂ ᠡᠮᠴᠢᠯᠡᠭᠡ ᠵᠢᠨ ᠪᠠᠳᠤᠯᠠᠭ᠎ᠠ ᠵᠢᠨ ᠬᠠᠮᠲᠤ᠎ᠪᠠᠷ ᠪᠠᠶ᠋ᠢᠭᠤᠯᠵᠤ ᠬᠠᠮᠲᠤ᠎ᠪᠠᠷ ᠡᠳ᠋ᠯᠡᠬᠦ᠂ ᠬᠠᠷᠢᠯᠴᠠᠨ ᠬᠠᠪᠰᠤᠷᠤᠯᠴᠠᠵᠤ ᠬᠠᠮᠲᠤ᠎ᠪᠠᠷ ᠲᠤᠰᠠᠯᠠᠬᠤ ᠵᠢᠨ ᠴᠢᠬᠤᠯᠠ ᠠᠴᠢ ᠬᠣᠯᠪᠣᠭᠳᠠᠯ᠎ᠢ ᠶᠡᠬᠡᠪᠡᠷ ᠤᠬᠠᠭᠤᠯᠵᠤ᠂ ᠡᠯ᠎ᠡ ᠲᠠᠯ᠎ᠠ ᠵᠢᠨ᠎ᠬᠢᠨ᠎ᠤ ᠥᠭᠡᠷᠡᠴᠢᠯᠡᠯᠲᠡ ᠵᠢ ᠳᠡᠮᠵᠢᠨ ᠬᠠᠮᠵᠢᠯᠴᠠᠬᠤ ᠢᠳᠡᠪᠬᠢᠵᠢᠯ ᠪᠠ ᠰᠠᠨᠠᠭ᠋ᠠᠴᠢᠯᠠᠭ᠋ᠠᠲᠤ ᠴᠢᠨᠠᠷ᠎ᠢ ᠭᠦᠢ᠍ᠴᠡᠳ ᠳᠠᠶ᠋ᠢᠴᠢᠯᠠᠨ᠂ ᠨᠡᠶ᠋ᠢᠭᠡᠮ᠎ᠤᠨ ᠬᠠᠮᠲᠤ ᠵᠢᠨ ᠲᠠᠨᠢᠯᠲᠠ ᠵᠢ ᠨᠢᠭᠲᠠᠷᠠᠭᠤᠯᠤᠨ᠎ᠠ᠃ ᠶᠠᠷᠢᠶ᠎ᠠ ᠬᠡᠯᠡᠯᠴᠡᠭᠡᠨ᠎ᠤ ᠪᠠᠶ᠋ᠢᠳᠠᠯ᠎ᠢ ᠬᠢᠨᠠᠨ ᠬᠡᠮᠵᠢᠬᠦ ᠪᠠ ᠰᠢᠢ᠍ᠳᠪᠦᠷᠢᠯᠡᠬᠦ ᠲᠣᠭᠲᠠᠴᠠ ᠵᠢ ᠪᠠᠶ᠋ᠢᠭᠤᠯᠵᠤ᠂ ᠨᠡᠶ᠋ᠢᠭᠡᠮ᠎ᠤᠨ ᠠᠩᠬᠠᠷᠤᠯ ᠲᠠᠯᠪᠢᠵᠤ ᠪᠠᠶ᠋ᠢᠭ᠎ᠠ ᠠᠰᠠᠭᠤᠳᠠᠯ᠎ᠳᠤ ᠴᠠᠭ ᠲᠤᠬᠠᠶ᠎ᠳᠤᠨᠢ ᠬᠠᠷᠢᠭᠤᠯᠲᠠ ᠥᠭᠴᠦ᠂ ᠵᠢᠱ᠌ᠢᠯᠲᠡ ᠵᠢ ᠵᠦᠢ ᠵᠣᠬᠢᠰᠲᠠᠶ᠎ᠪᠠᠷ ᠬᠥᠲᠥᠯᠥᠨ ᠵᠢᠯᠣᠭᠣᠳᠬᠤ ᠬᠡᠷᠡᠭᠲᠡᠶ᠃
     2021 ᠣᠨ᠎ᠤ 12 ᠳ᠋ᠤᠭ᠋ᠠᠷ ᠰᠠᠷ᠎ᠠ ᠵᠢᠨ 15᠎ᠤ ᠡᠳᠦᠷ
     (ᠲᠣᠰ ᠮᠠᠲ᠋ᠧᠷᠢᠶᠠᠯ᠎ᠢ ᠢᠯᠡ᠎ᠪᠠᠷ ᠨᠡᠶ᠋ᠢᠲᠡᠯᠡᠨ᠎ᠡ)

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠣᠯᠠᠭ᠎ᠠ ᠵᠢᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠡᠮ᠎ᠤᠨ ᠵᠦᠢ᠍ᠯ᠎ᠤᠨ ᠭᠠᠷᠴᠠᠭ᠎ᠤᠨ 《ᠬᠤᠤᠰ ᠨᠡᠪᠲᠡᠷᠡᠬᠦ ᠵᠠᠮ》᠎ᠤᠨ ᠬᠠᠮᠢᠶᠠᠷᠤᠯᠲᠠ ᠵᠢᠨ ᠲᠤᠬᠠᠢ ᠮᠡᠳᠡᠭᠳᠡᠯ᠎ᠢ ᠳᠠᠷᠤᠮᠠᠯᠯᠠᠨ ᠲᠠᠷᠬᠠᠭ᠋ᠠᠪᠠ
ᠦᠰᠦᠭ ᠪᠢᠴᠢᠭ ᠵᠶ᠋ᠠᠷ ᠥᠭᠦᠯᠡᠬᠦᠢ᠄ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨ᠎ᠡ ᠡᠨᠧᠷᠭᠢ ᠵᠢᠨ ᠲᠣᠨᠣᠭ ᠲᠦᠬᠦᠭᠡᠷᠦᠮᠵᠢ ᠵᠢᠨ ᠦᠢ᠍ᠯᠡᠳᠬᠡᠯ᠎ᠤᠨ ᠦᠢ᠍ᠯᠡᠰ᠎ᠤᠨ ᠴᠢᠨᠠᠷᠯᠢᠭ ᠬᠥᠭᠵᠢᠯᠲᠡ ᠵᠢᠨ ᠬᠡᠷᠡᠭᠵᠢᠭᠦᠯᠬᠦ ᠲᠥᠰᠥᠯ (2021 — 2025 ᠣᠨ)》᠎ᠤᠨ ᠲᠥᠷᠥ ᠵᠢᠨ ᠪᠣᠳᠣᠯᠭ᠎ᠠ ᠵᠢᠨ ᠲᠣᠪᠴᠢ ᠲᠣᠳᠣᠷᠬᠠᠢ ᠠᠰᠠᠭᠤᠯᠲᠠ ᠬᠠᠷᠢᠭᠤᠯᠲᠠ
ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠬᠤᠭᠤᠴᠠᠭ᠋ᠠᠨ᠎ᠳᠤ ᠡᠮᠴᠢᠯᠡᠭᠡᠨ᠎ᠤ ᠪᠠᠲᠤᠯᠠᠭ᠎ᠠ ᠵᠢᠨ ᠲᠣᠭ᠋ᠠᠴᠠᠭ᠎ᠠ ᠬᠢᠬᠦ ᠬᠡᠪᠴᠢᠶ᠎ᠡ ᠵᠢ ᠲᠦᠷ ᠴᠠᠭ ᠲᠣᠬᠢᠷᠠᠭᠤᠯᠬᠤ ᠲᠤᠬᠠᠶ ᠮᠡᠳᠡᠭᠳᠡᠯ
 
            