ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠪᠢᠴᠢᠭ ᠮᠠᠲ᠋ᠧᠷᠢᠶᠠᠯ
ᠰᠢᠨ᠎ᠡ᠎ᠪᠠᠷ ᠨᠡᠮᠡᠭᠳᠡᠭᠰᠡᠨ ᠡᠭᠦᠳᠡᠨ ᠡᠮᠨᠡᠯᠭᠡ ᠵᠢᠨ ᠵᠠᠷᠤᠳᠠᠯ᠎ᠢ ᠮᠣᠵᠢ ᠠᠯᠤᠰᠯᠠᠨ ᠰᠢᠭᠤᠳ ᠳ᠋ᠦᠩᠨᠡᠨ ᠪᠣᠳᠣᠬᠤ ᠲᠤᠷᠰᠢᠯᠲᠠ ᠵᠢᠨ ᠮᠣᠵᠢ ᠵᠢᠨ ᠨᠡᠷᠡᠰ᠎ᠢ ᠳᠠᠷᠤᠮᠠᠯᠯᠠᠨ ᠶᠠᠪᠤᠭᠤᠯᠬᠤ ᠲᠤᠬᠠᠢ ᠤᠯᠤᠰ᠎ᠤᠨ ᠡᠮ ᠡᠮᠨᠡᠯᠭᠡ ᠵᠢᠨ ᠳᠠᠭ᠋ᠠᠳᠬᠠᠯ᠎ᠤᠨ ᠲᠣᠪᠴᠢᠶᠠᠨ᠎ᠤ ᠠᠯᠪᠠᠨ ᠭᠡᠷ᠎ᠤᠨ ᠡᠳ᠋᠎ᠤᠨ ᠵᠠᠰᠠᠭ᠎ᠤᠨ ᠶᠠᠮᠤᠨ᠎ᠤ ᠠᠯᠪᠠᠨ ᠲᠢᠩᠭᠢᠮ᠎ᠤᠨ ᠮᠡᠳᠡᠭᠳᠡᠯ
ᠨᠡᠶ᠋ᠢᠲᠡᠯᠡᠭᠰᠡᠨ ᠴᠠᠭ᠄ 2021-02-18

      ᠰᠢᠨ᠎ᠡ᠎ᠪᠠᠷ ᠨᠡᠮᠡᠭᠳᠡᠭᠰᠡᠨ ᠡᠭᠦᠳᠡᠨ ᠡᠮᠨᠡᠯᠭᠡ ᠵᠢᠨ ᠵᠠᠷᠤᠳᠠᠯ᠎ᠢ ᠮᠣᠵᠢ ᠠᠯᠤᠰᠯᠠᠨ ᠰᠢᠭᠤᠳ ᠳ᠋ᠦᠩᠨᠡᠨ ᠪᠣᠳᠣᠬᠤ ᠲᠤᠷᠰᠢᠯᠲᠠ ᠵᠢᠨ ᠮᠣᠵᠢ ᠵᠢᠨ ᠨᠡᠷᠡᠰ᠎ᠢ ᠳᠠᠷᠤᠮᠠᠯᠯᠠᠨ ᠶᠠᠪᠤᠭᠤᠯᠬᠤ ᠲᠤᠬᠠᠢ ᠤᠯᠤᠰ᠎ᠤᠨ ᠡᠮ ᠡᠮᠨᠡᠯᠭᠡ ᠵᠢᠨ ᠳᠠᠭ᠋ᠠᠳᠬᠠᠯ᠎ᠤᠨ ᠲᠣᠪᠴᠢᠶᠠᠨ᠎ᠤ ᠠᠯᠪᠠᠨ ᠭᠡᠷ᠎ᠤᠨ ᠡᠳ᠋᠎ᠤᠨ ᠵᠠᠰᠠᠭ᠎ᠤᠨ ᠶᠠᠮᠤᠨ᠎ᠤ ᠠᠯᠪᠠᠨ ᠲᠢᠩᠭᠢᠮ᠎ᠤᠨ ᠮᠡᠳᠡᠭᠳᠡᠯ


          ᠡᠮ ᠡᠮᠨᠡᠯᠭᠡ ᠵᠢᠨ ᠳᠠᠭ᠋ᠠᠳᠬᠠᠯ᠎ᠤᠨ ᠠᠯᠪᠠᠨ ᠭᠡᠷ ᠲᠠᠷᠬᠠᠭ᠋ᠠᠭᠰᠠᠨ [2021] 7 ᠳ᠋ᠤᠭ᠋ᠠᠷ ᠲᠣᠭ᠋ᠠᠲᠤ


    ᠡᠯ᠎ᠡ ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠴᠢ ᠰᠢᠨᠵᠢᠶᠠᠩ᠎ᠤᠨ ᠦᠢ᠍ᠯᠡᠳᠪᠦᠷᠢᠯᠡᠯ ᠪᠦᠲᠦᠭᠡᠨ ᠪᠠᠢ᠍ᠭᠤᠯᠤᠯᠲᠠ ᠵᠢᠨ ᠪᠢᠩᠲᠤᠸᠠᠨ᠎ᠤ ᠡᠮ ᠡᠮᠨᠡᠯᠭᠡ ᠵᠢᠨ ᠪᠠᠲᠤᠯᠠᠭ᠎ᠠ ᠵᠢᠨ ᠲᠣᠪᠴᠢᠶ᠎ᠠ᠂ ᠡᠳ᠋᠎ᠤᠨ ᠵᠠᠰᠠᠭ᠎ᠤᠨ ᠲᠢᠩᠬᠢᠮ (ᠲᠣᠪᠴᠢᠶ᠎ᠠ)
   《ᠡᠭᠦᠳᠡᠨ ᠡᠮᠨᠡᠯᠭᠡ ᠵᠢᠨ ᠵᠠᠷᠤᠳᠠᠯ᠎ᠢ ᠮᠣᠵᠢ ᠠᠯᠤᠰᠯᠠᠨ ᠰᠢᠭᠤᠳ ᠳ᠋ᠦᠩᠨᠡᠨ ᠪᠣᠳᠣᠬᠤ ᠲᠤᠷᠰᠢᠯᠲᠠ ᠵᠢᠨ ᠠᠵᠢᠯ᠎ᠢ ᠠᠬᠢᠭᠤᠯᠬᠤ ᠲᠤᠬᠠᠢ ᠤᠯᠤᠰ᠎ᠤᠨ ᠡᠮ ᠡᠮᠨᠡᠯᠭᠡ ᠵᠢᠨ ᠪᠠᠲᠤᠯᠠᠭ᠎ᠠ ᠵᠢᠨ ᠲᠣᠪᠴᠢᠶ᠎ᠠ ᠡᠳ᠋᠎ᠤᠨ ᠵᠠᠰᠠᠭ᠎ᠤᠨ ᠶᠠᠮᠤᠨ᠎ᠤ ᠮᠡᠳᠡᠭᠳᠡᠯ》 (ᠡᠮ ᠡᠮᠨᠡᠯᠭᠡ ᠳᠠᠭ᠋ᠠᠳᠬᠠᠯ ᠲᠠᠷᠬᠠᠭ᠋ᠠᠭᠰᠠᠨ [2020] 40 ᠳ᠋ᠦᠭᠡᠷ ᠲᠣᠭ᠋ᠠᠲᠤ) ᠵᠢᠨ ᠱᠠᠭ᠋ᠠᠷᠳᠠᠯᠭ᠎ᠠ ᠵᠢ ᠦᠨᠳᠦᠰᠦᠯᠡᠨ᠂ ᠤᠯᠤᠰ᠎ᠤᠨ ᠡᠮ ᠡᠮᠨᠡᠯᠭᠡ ᠵᠢᠨ ᠳᠠᠭ᠋ᠠᠳᠬᠠᠯ᠎ᠤᠨ ᠬᠠᠮᠢᠶᠠᠷᠤᠯᠲᠠ ᠵᠢᠨ ᠲᠣᠪᠴᠢᠶ᠎ᠠ᠂ ᠡᠳ᠋᠎ᠤᠨ ᠵᠠᠰᠠᠭ ᠤᠨ ᠶᠠᠮᠤᠨ᠎ᠠᠴᠠ ᠬᠢᠨᠠᠨ ᠬᠠᠷᠭᠤᠭᠤᠯᠵᠤ᠂ ᠱᠠᠨ ᠱ᠌ᠢ ᠵᠡᠷᠭᠡ 15 ᠮᠣᠵᠢ᠎ᠪᠠᠷ ᠡᠭᠦᠳᠡᠨ ᠡᠮᠨᠡᠯᠭᠡ ᠵᠢᠨ ᠵᠠᠷᠤᠳᠠᠯ᠎ᠢ ᠮᠣᠵᠢ ᠠᠯᠤᠰᠯᠠᠨ ᠰᠢᠭᠤᠳ ᠳ᠋ᠦᠩᠨᠡᠨ ᠪᠣᠳᠣᠬᠤ ᠲᠤᠷᠰᠢᠯᠲᠠ ᠵᠢᠨ ᠴᠢᠭ᠎ᠤᠨ ᠮᠣᠵᠢ ᠪᠣᠯᠭ᠋ᠠᠨ ᠰᠢᠨ᠎ᠡ᠎ᠪᠠᠷ ᠨᠡᠮᠡᠭᠳᠡᠭᠦᠯᠬᠦ᠎ᠪᠠᠷ ᠲᠣᠭᠲᠠᠭ᠋ᠠᠪᠠ᠃ 2011 ᠣᠨ᠎ᠤ 2 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠨ ᠡᠩ᠎ᠤᠨ ᠡᠭᠦᠳᠡᠨ ᠡᠮᠨᠡᠯᠭᠡ ᠵᠢᠨ ᠵᠠᠷᠤᠳᠠᠯ᠎ᠢ ᠮᠣᠵᠢ ᠠᠯᠤᠰᠯᠠᠨ ᠰᠢᠭᠤᠳ ᠳ᠋ᠦᠩᠨᠡᠨ ᠪᠣᠳᠣᠵᠤ ᠲᠤᠷᠰᠢᠨ ᠬᠡᠷᠡᠭᠯᠡᠬᠦ ᠠᠵᠢᠯ᠎ᠢ ᠥᠷᠨᠢᠭᠦᠯᠦᠨ᠎ᠡ᠃ ᠡᠳᠦᠭᠡ ᠲᠤᠷᠰᠢᠯᠲᠠ ᠵᠢᠨ ᠴᠢᠭ᠎ᠤᠨ ᠮᠣᠵᠢ ᠵᠢᠨ ᠨᠡᠷᠡᠰ᠎ᠢ ᠲᠠᠨᠠᠷ᠎ᠲᠤ ᠳᠠᠷᠤᠮᠠᠯᠯᠠᠨ ᠲᠠᠷᠬᠠᠭ᠋ᠠᠪᠠ᠂ ᠲᠤᠷᠰᠢᠯᠲᠠ ᠵᠢᠨ ᠴᠢᠭ᠎ᠤᠨ ᠠᠵᠢᠯ᠎ᠤᠨ ᠱᠠᠭ᠋ᠠᠷᠳᠠᠯᠭ᠎ᠠ ᠶᠣᠰᠣᠭ᠋ᠠᠷ ᠵᠣᠬᠢᠶᠠᠨ ᠪᠠᠢ᠍ᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠵᠤ ᠠᠵᠢᠯ᠎ᠤᠨ ᠨᠠᠢ᠍ᠳᠠᠪᠤᠷᠢᠵᠢᠭᠤᠯᠤᠯᠲᠠ ᠵᠢ ᠰᠠᠢ᠍ᠲᠤᠷ ᠠᠳᠬᠤᠬᠤ ᠬᠡᠷᠡᠭᠲᠡᠢ᠃
    ᠳᠠᠭ᠋ᠠᠯᠳᠤᠭᠤᠯᠤᠯ᠄ ᠰᠢᠨ᠎ᠡ᠎ᠪᠠᠷ ᠨᠡᠮᠡᠭᠳᠡᠭᠰᠡᠨ ᠡᠭᠦᠳᠡᠨ ᠡᠮᠨᠡᠯᠭᠡ ᠵᠢᠨ ᠵᠠᠷᠤᠳᠠᠯ᠎ᠢ ᠮᠣᠵᠢ ᠠᠯᠤᠰᠯᠠᠨ ᠰᠢᠭᠤᠳ ᠳ᠋ᠦᠩᠨᠡᠨ ᠪᠣᠳᠣᠬᠤ ᠲᠤᠷᠰᠢᠯᠲᠠ ᠵᠢᠨ ᠴᠢᠭ᠎ᠤᠨ ᠮᠣᠵᠢ ᠵᠢᠨ ᠨᠡᠷᠡᠰ
    ᠤᠯᠤᠰ᠎ᠤᠨ ᠡᠮ ᠡᠮᠨᠡᠯᠭᠡ ᠵᠢᠨ ᠳᠠᠭ᠋ᠠᠳᠬᠠᠯ᠎ᠤᠨ ᠲᠣᠪᠴᠢᠶ᠎ᠠ ᠵᠢᠨ ᠠᠯᠪᠠᠨ ᠭᠡᠷ
    ᠡᠳ᠋᠎ᠤᠨ ᠵᠠᠰᠠᠭ᠎ᠤᠨ ᠶᠠᠮᠤᠨ᠎ᠤ ᠠᠯᠪᠠᠨ ᠲᠢᠩᠬᠢᠮ
   2021 ᠣᠨ᠎ᠤ 1 ᠰᠠᠷ᠎ᠠ ᠵᠢᠨ 20᠎ᠤ ᠡᠳᠦᠷ
    ᠳᠠᠭ᠋ᠠᠯᠳᠤᠭᠤᠯᠤᠯ ᠮᠠᠲ᠋ᠧᠷᠢᠶᠠᠯ
    ᠰᠢᠨ᠎ᠡ᠎ᠪᠠᠷ ᠨᠡᠮᠡᠭᠳᠡᠭᠰᠡᠨ ᠡᠭᠦᠳᠡᠨ ᠡᠮᠨᠡᠯᠭᠡ ᠵᠢᠨ ᠵᠠᠷᠤᠳᠠᠯ᠎ᠢ ᠮᠣᠵᠢ ᠠᠯᠤᠰᠯᠠᠨ ᠰᠢᠭᠤᠳ ᠳ᠋ᠦᠩᠨᠡᠨ ᠪᠣᠳᠣᠬᠤ ᠲᠤᠷᠰᠢᠯᠲᠠ ᠵᠢᠨ ᠴᠢᠭ᠎ᠤᠨ ᠮᠣᠵᠢ ᠵᠢᠨ ᠨᠡᠷᠡᠰ
   1. ᠱᠠᠨ ᠱ᠌ᠢ ᠮᠣᠵᠢ
   2. ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ
   3. ᠯᠢᠶᠣᠤᠨᠢᠩ ᠮᠣᠵᠢ
   4. ᠬᠢᠷᠢᠨ ᠮᠣᠵᠢ
   5. ᠬᠠᠷᠠᠮᠦ᠋ᠷᠡᠨ ᠮᠣᠵᠢ
   6. ᠹᠦᠵᠢᠶᠠᠨ ᠮᠣᠵᠢ
   7. ᠵᠢᠶᠠᠩᠰᠢ ᠮᠣᠵᠢ
   8.   ᠱᠠᠨᠳᠦ᠋ᠩ ᠮᠣᠵᠢ
   9. ᠬᠤᠪᠧᠢ ᠮᠣᠵᠢ
   10. ᠭᠤᠸᠠᠩᠰᠢ ᠵᠢᠨ ᠵᠤᠸᠠᠩ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ
   11. ᠬᠠᠢ᠍ᠨᠠᠨ ᠮᠣᠵᠢ
   12.   ᠱᠠᠨᠰᠢ ᠮᠣᠵᠢ
   13. ᠬᠥᠬᠡᠨᠠᠭᠤᠷ ᠮᠣᠵᠢ
   14. ᠨᠢᠩᠰᠢᠶᠠ ᠵᠢᠨ ᠬᠣᠲᠣᠩ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ
   15. ᠰᠢᠨᠵᠢᠶᠠᠩ᠎ᠤᠨ ᠣᠢ᠌ᠭᠤᠷ᠎ᠤᠨ ᠥᠪᠡᠷᠲᠡᠭᠡᠨ ᠵᠠᠰᠠᠬᠤ ᠣᠷᠣᠨ

ᠢᠷᠡᠯᠲᠡ᠄ ᠤᠯᠤᠰ᠎ᠤᠨ ᠡᠮᠴᠢᠯᠡᠭᠡᠨ᠎ᠤ ᠪᠠᠲᠤᠯᠠᠭ᠋ᠠᠨ᠎ᠤ ᠲᠣᠪᠴᠢᠶ᠎ᠠ
          
ᠬᠠᠮᠢᠶ᠎ᠡ ᠪᠦᠬᠦᠢ ᠰᠣᠨᠢᠨ
ᠤᠯᠤᠰ᠎ᠤᠨ ᠡᠮᠴᠢᠯᠡᠭᠡ ᠵᠢᠨ ᠪᠠᠳᠤᠯᠠᠭ᠎ᠠ ᠵᠢᠨ ᠬᠡᠯᠡᠯᠴᠡᠭᠡ ᠬᠢᠬᠦ ᠡᠮ᠎ᠤᠨ ᠵᠦᠢ᠍ᠯ᠎ᠤᠨ 《ᠬᠣᠤᠰ ᠨᠡᠪᠲᠡᠷᠡᠬᠦ ᠵᠠᠮ》᠎ᠤᠨ ᠬᠠᠮᠢᠶᠠᠷᠤᠯᠲᠠ ᠵᠢᠨ ᠠᠵᠢᠯ᠎ᠢ ᠨᠠᠶ᠋ᠢᠳᠠᠪᠤᠷᠢᠵᠢᠭᠤᠯᠬᠤ ᠲᠤᠬᠠᠶ ᠮᠡᠳᠡᠭᠳᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠦᠩᠭᠦᠨ᠎ᠤ ᠬᠡᠷᠡᠭᠯᠡᠯᠳᠡ ᠵᠢᠨ ᠬᠢᠨᠠᠯᠳᠠ ᠲᠠᠯᠪᠢᠬᠤ ᠬᠠᠮᠢᠶᠠᠷᠤᠯᠳᠠ ᠵᠢᠨ ᠠᠷᠭ᠎ᠠ
ᠳᠤᠲᠠᠭᠳᠠᠵᠤ ᠪᠠᠶ᠋ᠢᠭ᠎ᠠ ᠡᠮ᠎ᠤᠨ ᠵᠦᠢ᠍ᠯ᠎ᠢ ᠰᠦᠯᠵᠢᠶᠡᠨ᠎ᠳᠤ ᠬᠣᠯᠪᠣᠬᠤ ᠠᠵᠢᠯ᠎ᠢ ᠰᠠᠶ᠋ᠢᠲᠤᠷ ᠬᠢᠬᠦ ᠲᠤᠬᠠᠶ ᠮᠡᠳᠡᠭᠳᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠰᠦᠯᠵᠢᠶᠡᠨ᠎ᠳᠤ ᠬᠤᠯᠪᠤᠬᠤ ᠦᠢ᠍ᠯᠡᠳᠭᠦᠨ (ᠬᠣᠶᠠᠳᠤᠭ᠋ᠠᠷ ᠪᠦᠯᠦᠭ)᠎ᠢ ᠢᠯᠡ ᠨᠡᠶ᠋ᠢᠲᠡᠯᠡᠬᠦ ᠲᠤᠬᠠᠶ ᠮᠡᠳᠡᠭᠳᠡᠯ
《ᠡᠬᠡ ᠨᠢᠯᠬᠠᠰ᠎ᠤᠨ ᠡᠷᠡᠭᠦᠯ ᠮᠡᠨᠳᠦ ᠵᠢᠨ ᠦᠢ᠍ᠯᠡᠴᠢᠯᠡᠭᠡᠨ᠎ᠤ ᠲᠣᠭᠲᠠᠯᠴᠠᠭ᠎ᠠ ᠪᠠ ᠦᠢ᠍ᠯᠡᠴᠢᠯᠡᠭᠡᠨ᠎ᠤ ᠴᠢᠳᠠᠪᠤᠷᠢ ᠵᠢᠨ ᠪᠠᠶ᠋ᠢᠭᠤᠯᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠶ ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠤᠨ᠎ᠤ ᠠᠷᠠᠳ᠎ᠤᠨ ᠵᠠᠰᠠᠭ᠎ᠤᠨ ᠣᠷᠳᠤᠨ᠎ᠤ ᠠᠯᠪᠠᠨ ᠲᠢᠩᠬᠢᠮ᠎ᠤᠨ ᠰᠠᠨᠠᠯ》᠎ᠤᠨ ᠲᠤᠬᠠᠢ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
 
            