ᠡᠯ᠎ᠡ ᠠᠶ᠋ᠢᠮᠠᠭ ᠬᠣᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠂ ᠮᠠᠨᠵᠤᠤᠷ ᠬᠣᠲᠠ᠂ ᠡᠷᠢᠶᠡᠨ ᠬᠣᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠎ᠳᠤ᠄
ᠬᠡᠯᠡᠯᠴᠡᠭᠡ ᠬᠢᠬᠦ ᠡᠮ᠎ᠤᠨ ᠵᠦᠢ᠍ᠯ᠎ᠤᠨ 《ᠬᠣᠤᠰ ᠨᠡᠪᠲᠡᠷᠡᠬᠦ ᠵᠠᠮ》᠎ᠤᠨ ᠬᠠᠮᠢᠶᠠᠷᠤᠯᠲᠠ ᠵᠢᠨ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠬᠦ ᠲᠤᠬᠠᠶ ᠤᠯᠤᠰ᠎ᠤᠨ ᠪᠠᠶ᠋ᠢᠷᠢᠯᠠᠭᠤᠯᠤᠯᠲᠠ ᠵᠢᠨ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠵᠤ᠂ ᠤᠯᠤᠰ᠎ᠤᠨ ᠡᠮᠴᠢᠯᠡᠭᠡᠨ᠎ᠤ ᠪᠠᠳᠤᠯᠠᠭ᠎ᠠ ᠵᠢᠨ ᠬᠡᠯᠡᠯᠴᠡᠭᠡ ᠬᠢᠬᠦ ᠡᠮ᠎ᠤᠨ ᠵᠦᠢ᠍ᠯ᠎ᠢ ᠤᠷᠤᠭᠰᠢᠲᠠᠶ ᠨᠠᠶ᠋ᠢᠳᠠᠪᠤᠷᠢᠵᠢᠭᠤᠯᠬᠤ ᠵᠢ ᠦᠨᠡᠨᠬᠦ ᠪᠠᠲᠤᠯᠠᠵᠤ᠂ ᠥᠷᠭᠡᠨ ᠣᠯᠠᠨ ᠳᠠᠭ᠋ᠠᠳᠬᠠᠯ᠎ᠳᠤ ᠣᠷᠣᠯᠴᠠᠭᠰᠠᠨ ᠡᠪᠡᠳᠴᠢᠲᠡᠨ᠎ᠤ ᠡᠮ ᠬᠡᠷᠡᠭᠯᠡᠬᠦ ᠬᠡᠷᠡᠭᠴᠡᠭᠡ ᠱᠠᠭ᠋ᠠᠷᠳᠠᠯᠭ᠎ᠠ ᠵᠢ ᠨᠠᠩ ᠰᠠᠶ᠋ᠢᠲᠤᠷ ᠬᠠᠩᠭ᠋ᠠᠬᠤ ᠵᠢᠨ ᠲᠤᠰᠠᠳᠠ᠂ ᠡᠳᠦᠭᠡ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠡᠮᠴᠢᠯᠡᠭᠡᠨ᠎ᠤ ᠪᠠᠳᠤᠯᠠᠭ᠎ᠠ ᠵᠢᠨ ᠬᠡᠯᠡᠯᠴᠡᠭᠡ ᠬᠢᠬᠦ ᠡᠮ᠎ᠤᠨ ᠵᠦᠢ᠍ᠯ᠎ᠤᠨ 《ᠬᠣᠤᠰ ᠨᠡᠪᠲᠡᠷᠡᠬᠦ ᠵᠠᠮ》᠎ᠤᠨ ᠬᠠᠮᠢᠶᠠᠷᠤᠯᠲᠠ ᠵᠢᠨ ᠠᠵᠢᠯ᠎ᠢ ᠨᠠᠶ᠋ᠢᠳᠠᠪᠤᠷᠢᠵᠢᠭᠤᠯᠬᠤ ᠬᠣᠯᠪᠣᠭᠳᠠᠯ ᠪᠥᠬᠥᠶ ᠵᠦᠢ᠍ᠯᠡᠰ᠎ᠢ ᠳᠣᠤᠷᠠᠬᠢ ᠮᠡᠲᠦ ᠮᠡᠳᠡᠭᠳᠡᠶ᠎ᠡ᠃
ᠨᠢᠭᠡ᠂ ᠲᠥᠷᠥᠯ ᠬᠤᠪᠢᠶᠠᠨ ᠬᠠᠮᠢᠶᠠᠷᠬᠤ ᠱᠠᠭ᠋ᠠᠷᠳᠠᠯᠭ᠎ᠠ ᠶᠣᠰᠣᠭ᠋ᠠᠷ᠂ ᠡᠮᠴᠢᠯᠡᠭᠡᠨ᠎ᠤ ᠪᠠᠲᠤᠯᠠᠭ᠎ᠠ ᠵᠢᠨ ᠣᠯᠭᠣᠮᠵᠢ ᠵᠢᠨ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠤᠨ᠎ᠠ
《ᠬᠣᠤᠰ ᠨᠡᠪᠲᠡᠷᠡᠬᠦ ᠵᠠᠮ》 ᠭᠡᠳᠡᠭ᠎ᠨᠢ ᠴᠢᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠪᠠ ᠴᠢᠭ ᠲᠣᠭᠲᠠᠭ᠋ᠠᠭᠰᠠᠨ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ ᠭᠡᠬᠦ ᠬᠣᠶᠠᠷ ᠠᠷᠭ᠎ᠠ ᠵᠠᠮ ᠵᠶ᠋ᠠᠷ ᠳᠡᠮᠵᠢᠨ᠂ ᠬᠡᠯᠡᠯᠴᠡᠭᠡ ᠬᠢᠭᠰᠡᠨ ᠡᠮ᠎ᠤᠨ ᠵᠦᠢ᠍ᠯ᠎ᠤᠨ ᠬᠠᠩᠭ᠋ᠠᠯᠭ᠎ᠠ ᠵᠢ ᠪᠠᠲᠤᠯᠠᠬᠤ᠂ ᠡᠮᠴᠢᠯᠡᠭᠡᠨ᠎ᠳᠤ ᠬᠡᠷᠡᠭᠯᠡᠬᠦ ᠵᠡᠷᠭᠡ ᠲᠠᠯ᠎ᠠ ᠵᠢᠨ ᠵᠦᠶ ᠵᠣᠬᠢᠰᠲᠠᠶ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠬᠤ ᠵᠢᠨ ᠬᠠᠮᠲᠤ᠂ ᠡᠮ ᠡᠮᠨᠡᠯᠭᠡ ᠵᠢᠨ ᠪᠠᠳᠤᠯᠠᠭ᠎ᠠ ᠵᠢᠨ ᠲᠣᠭ᠋ᠠᠴᠠᠭ᠎ᠠ ᠬᠢᠬᠦ ᠲᠣᠭᠲᠠᠴᠠ᠎ᠳᠤ ᠵᠡᠷᠭᠡ᠎ᠪᠠᠷ ᠣᠷᠣᠭᠤᠯᠬᠤ ᠵᠢ ᠵᠢᠭ᠋ᠠᠵᠤ ᠪᠣᠶ᠃ ᠥᠪᠡᠷᠲᠡᠭᠡᠨ ᠵᠠᠰᠠᠬᠤ ᠣᠷᠣᠨ᠎ᠤ ᠬᠡᠰᠡᠭ ᠨᠢᠭᠡᠳᠦᠯᠲᠡᠶ ᠲᠥᠯᠥᠪᠯᠡᠬᠦ ᠲᠣᠭᠣᠷᠢᠭ᠎ᠨᠢ ᠡᠮᠦᠨᠡᠬᠢ ᠬᠤᠭᠤᠴᠠᠭ᠋ᠠᠨ᠎ᠳᠤ ᠡᠭᠦᠳᠡᠨ ᠡᠮᠨᠡᠯᠭᠡ ᠵᠢᠨ ᠣᠨᠴᠣᠭᠣᠶ ᠤᠳᠠᠭ᠋ᠠᠨ ᠴᠢᠨᠠᠷᠲᠠᠶ ᠡᠪᠡᠳᠴᠢᠨ᠂ ᠡᠭᠦᠳᠡᠨ ᠡᠮᠨᠡᠯᠭᠡ ᠵᠢᠨ ᠣᠨᠴᠣᠭᠣᠶ ᠬᠡᠷᠡᠭᠯᠡᠬᠦ ᠡᠮ᠎ᠤᠨ ᠠᠵᠢᠯ᠎ᠢ ᠥᠷᠨᠢᠭᠦᠯᠬᠦ ᠳᠤᠮᠳᠠ᠂ 《ᠬᠣᠤᠰ ᠨᠡᠪᠲᠡᠷᠡᠬᠦ ᠵᠠᠮ》᠎ᠤᠨ ᠪᠠᠲᠤᠯᠠᠭ᠎ᠠ ᠵᠢᠨ ᠲᠣᠭᠲᠠᠴᠠ ᠵᠢ ᠢᠳᠡᠪᠬᠢᠲᠡᠶ᠎ᠪᠠᠷ ᠬᠠᠶ᠋ᠢᠨ ᠰᠦᠪᠡᠭᠴᠢᠯᠡᠵᠦ᠂ ᠣᠯᠠᠨ ᠲᠦᠮᠡᠨ᠎ᠤ ᠡᠮ ᠬᠡᠷᠡᠭᠯᠡᠬᠦ᠎ᠳᠤ ᠲᠥᠬᠥᠮ ᠦᠵᠡᠭᠦᠯᠬᠦ᠂ ᠬᠡᠯᠡᠯᠴᠡᠭᠡ ᠬᠢᠬᠦ ᠡᠮ᠎ᠤᠨ ᠵᠦᠢ᠍ᠯ᠎ᠤᠨ ᠪᠣᠯᠤᠮᠵᠢᠲᠤ ᠴᠢᠨᠠᠷ᠎ᠢ ᠳᠡᠭᠡᠭᠰᠢᠯᠡᠭᠦᠯᠬᠦ᠎ᠳᠤ ᠠᠰᠢᠭᠲᠠᠶ ᠲᠤᠷᠰᠢᠯᠭ᠎ᠠ ᠬᠠᠩᠭ᠋ᠠᠨ᠎ᠠ᠃
ᠥᠭᠡᠷᠡᠴᠢᠯᠡᠯᠲᠡ ᠵᠢᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ᠂ ᠤᠯᠤᠰ᠎ᠤᠨ ᠡᠮ᠎ᠤᠨ ᠵᠦᠢ᠍ᠯ᠎ᠤᠨ ᠬᠡᠯᠡᠯᠴᠡᠭᠡ ᠬᠢᠬᠦ ᠲᠥᠷᠥ ᠵᠢᠨ ᠪᠣᠳᠣᠯᠭ᠎ᠠ ᠵᠢᠨ ᠠᠷᠠᠳ᠎ᠲᠤ ᠲᠥᠬᠥᠮ ᠦᠵᠡᠭᠦᠯᠵᠦ ᠠᠷᠠᠳ᠎ᠲᠤ ᠠᠰᠢᠭᠲᠠᠶ ᠦᠢ᠍ᠯᠡᠳᠦᠯ᠎ᠢ ᠨᠠᠩ ᠶᠡᠬᠡ᠎ᠪᠠᠷ ᠪᠠᠳᠠᠷᠠᠭᠤᠯᠬᠤ ᠵᠢᠨ ᠲᠤᠰᠠᠳᠠ᠂ ᠡᠯ᠎ᠡ ᠨᠢᠭᠡᠳᠦᠯᠲᠡᠶ ᠲᠥᠯᠥᠪᠯᠡᠬᠦ ᠣᠷᠣᠨ᠎ᠤ᠎ᠬᠢᠨ ᠡᠮᠦᠨᠡᠬᠢ ᠬᠤᠭᠤᠴᠠᠭ᠋ᠠᠨ᠎ᠤ ᠠᠵᠢᠯ᠎ᠤᠨ ᠲᠤᠷᠰᠢᠯᠭ᠎ᠠ᠎ᠪᠠᠨ ᠳ᠋ᠦᠩᠨᠡᠵᠦ᠂ ᠲᠥᠷᠥᠯ ᠬᠤᠪᠢᠶᠠᠨ ᠬᠠᠮᠢᠶᠠᠷᠬᠤ ᠱᠠᠭ᠋ᠠᠷᠳᠠᠯᠭ᠎ᠠ ᠶᠣᠰᠣᠭ᠋ᠠᠷ᠂ ᠡᠮ᠎ᠤᠨ ᠵᠦᠢ᠍ᠯ᠎ᠤᠨ ᠡᠭᠦᠳᠡᠨ ᠡᠮᠨᠡᠯᠭᠡ᠂ ᠡᠮ᠎ᠤᠨ ᠳᠡᠯᠭᠡᠭᠦᠷ᠎ᠤᠨ ᠡᠮᠴᠢᠯᠡᠭᠡᠨ᠎ᠤ ᠪᠠᠲᠤᠯᠠᠭ᠎ᠠ ᠵᠢᠨ ᠬᠠᠷᠠᠭ᠋ᠠᠯᠵᠠᠯ᠎ᠤᠨ ᠲᠤᠬᠠᠶ ᠬᠡᠯᠡᠯᠴᠡᠭᠡ ᠬᠢᠬᠦ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠬᠤ ᠬᠡᠷᠡᠭᠲᠡᠶ᠃ ᠨᠢᠭᠡ᠎ᠳᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠭᠦᠳᠡᠨ ᠡᠮᠨᠡᠯᠭᠡ ᠵᠢᠨ ᠣᠨᠴᠣᠭᠣᠶ ᠬᠡᠷᠡᠭᠯᠡᠬᠦ ᠡᠮ᠎ᠤᠨ ᠬᠠᠮᠢᠶᠠᠷᠤᠯᠲᠠ ᠵᠢᠨ ᠠᠵᠢᠯ᠎ᠢ ᠲᠡᠭᠦᠯᠳᠡᠷᠵᠢᠭᠦᠯᠬᠦ ᠲᠤᠬᠠᠶ ᠮᠡᠳᠡᠭᠳᠡᠯ》 (ᠥᠪᠥᠷ ᠡᠮᠴᠢᠯᠡᠭᠡ ᠪᠠᠳᠤᠯᠠᠭ᠎ᠠ ᠠᠯᠪᠠᠨ ᠲᠠᠷᠬᠠᠭ᠋ᠠᠭᠰᠠᠨ [2020] 15 ᠳ᠋ᠤᠭ᠋ᠠᠷ ᠲᠣᠭ᠋ᠠᠲᠤ)᠎ᠤᠨ ᠱᠠᠭ᠋ᠠᠷᠳᠠᠯᠭ᠎ᠠ ᠶᠣᠰᠣᠭ᠋ᠠᠷ᠂ ᠬᠣᠶᠠᠷ ᠪᠦᠯᠦᠭ ᠡᠭᠦᠳᠡᠨ ᠡᠮᠨᠡᠯᠭᠡ ᠵᠢᠨ ᠣᠨᠴᠣᠭᠣᠶ ᠬᠡᠷᠡᠭᠯᠡᠬᠦ ᠡᠮ᠎ᠤᠨ ᠬᠠᠮᠢᠶᠠᠷᠤᠯᠲᠠ ᠵᠢᠨ ᠠᠵᠢᠯ᠎ᠢ ᠰᠠᠶ᠋ᠢᠲᠤᠷ ᠨᠠᠶ᠋ᠢᠳᠠᠪᠤᠷᠢᠵᠢᠭᠤᠯᠤᠨ᠎ᠠ᠃
ᠬᠣᠶᠠᠷ᠎ᠲᠤ᠂ ᠡᠯ᠎ᠡ ᠨᠢᠭᠡᠳᠦᠯᠲᠡᠶ ᠲᠥᠯᠥᠪᠯᠡᠬᠦ ᠣᠷᠣᠨ᠎ᠤ ᠡᠭᠦᠳᠡᠨ ᠡᠮᠨᠡᠯᠭᠡ ᠵᠢᠨ ᠣᠨᠴᠠᠭ᠋ᠠᠶ ᠤᠳᠠᠭ᠋ᠠᠨ ᠴᠢᠨᠠᠷᠲᠠᠶ ᠡᠪᠡᠳᠴᠢᠨ᠎ᠤ ᠲᠥᠷᠥᠯ᠎ᠳᠤ ᠨᠡᠶ᠋ᠢᠴᠡᠬᠦ ᠬᠡᠯᠡᠯᠴᠡᠭᠡ ᠬᠢᠬᠦ ᠡᠮ᠎ᠤᠨ ᠵᠦᠢ᠍ᠯ᠎ᠢ ᠴᠥᠮ ᠡᠭᠦᠳᠡᠨ ᠡᠮᠨᠡᠯᠭᠡ ᠵᠢᠨ ᠣᠨᠴᠠᠭ᠋ᠠᠶ ᠤᠳᠠᠭ᠋ᠠᠨ ᠴᠢᠨᠠᠷᠲᠠᠶ ᠡᠪᠡᠳᠴᠢᠨ᠎ᠤ ᠳᠥᠯᠥᠬᠦ ᠬᠡᠪᠴᠢᠶᠡᠨ᠎ᠳᠤ ᠣᠷᠣᠭᠤᠯᠤᠨ᠎ᠠ᠃ ᠭᠤᠷᠪᠠ᠎ᠳᠤ᠂ 《ᠬᠣᠣᠰ ᠨᠡᠪᠳᠡᠷᠡᠬᠦ ᠵᠠᠮ》᠎ᠤᠨ ᠬᠠᠮᠢᠶᠠᠷᠤᠯᠲᠠ ᠵᠢᠨ ᠲᠣᠭᠲᠠᠴᠠ ᠵᠢ ᠡᠭᠦᠳᠡᠨ ᠡᠮᠨᠡᠯᠭᠡ ᠵᠢᠨ ᠨᠢᠭᠡᠳᠦᠯᠲᠡᠶ ᠲᠥᠯᠥᠪᠯᠡᠬᠦ᠂ ᠡᠭᠦᠳᠡᠨ ᠡᠮᠨᠡᠯᠭᠡ ᠵᠢᠨ ᠣᠨᠴᠠᠭ᠋ᠠᠶ ᠤᠳᠠᠭ᠋ᠠᠨ ᠴᠢᠨᠠᠷᠲᠠᠶ ᠡᠪᠡᠳᠴᠢᠨ᠂ ᠡᠭᠦᠳᠡᠨ ᠡᠮᠨᠡᠯᠭᠡ ᠵᠢᠨ ᠣᠨᠴᠠᠭ᠋ᠠᠶ ᠬᠡᠷᠡᠭᠯᠡᠬᠦ ᠡᠮ᠂ ᠣᠨᠳᠣᠣ ᠭᠠᠵᠠᠷ᠎ᠲᠤ ᠡᠮᠨᠡᠭᠦᠯᠬᠦ ᠵᠡᠷᠭᠡ ᠲᠥᠷᠥ ᠵᠢᠨ ᠪᠣᠳᠣᠯᠭ᠎ᠠ᠎ᠯᠤᠭ᠎ᠠ ᠠᠪᠴᠠᠯᠳᠤᠭᠤᠯᠬᠤ ᠵᠢ ᠨᠢᠭᠡᠳᠦᠯᠲᠡᠶ ᠲᠥᠯᠥᠪᠯᠡᠨ ᠰᠠᠶ᠋ᠢᠲᠤᠷ ᠬᠢᠨ᠎ᠡ᠃ ᠬᠡᠯᠡᠯᠴᠡᠭᠡ ᠬᠢᠭᠰᠡᠨ ᠡᠮ᠎ᠤᠨ ᠵᠦᠢ᠍ᠯ᠎ᠤᠨ ᠬᠡᠷᠡᠭᠯᠡᠯᠲᠡ ᠵᠢᠨ ᠪᠣᠳᠠᠲᠠᠶ᠎ᠲᠠᠢ ᠤᠶᠠᠯᠳᠤᠭᠤᠯᠤᠨ᠂ ᠡᠮ᠎ᠤᠨ ᠳᠡᠯᠭᠡᠭᠦᠷ᠎ᠤᠨ ᠬᠠᠩᠭ᠋ᠠᠬᠤ᠎ᠳᠤ ᠳᠣᠭᠢᠷᠠᠬᠤ ᠲᠥᠷᠥᠯ ᠵᠦᠢ᠍ᠯ᠎ᠢ 《ᠬᠣᠤᠰ ᠨᠡᠪᠲᠡᠷᠡᠬᠦ ᠵᠠᠮ》᠎ᠤᠨ ᠬᠠᠮᠢᠶᠠᠷᠤᠯᠲᠠ᠎ᠳᠤ ᠣᠷᠣᠭᠤᠯᠵᠤ᠂ ᠴᠢᠭ ᠲᠣᠭᠲᠠᠭ᠋ᠠᠭᠰᠠᠨ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ᠎ᠤᠨ ᠲᠠᠷᠬᠠᠯᠲᠠ ᠥᠷᠭᠡᠨ᠂ ᠵᠠᠬ᠎ᠠ ᠳᠡᠯᠭᠡᠭᠦᠷᠴᠢᠯᠡᠭᠰᠡᠨ ᠬᠡᠮᠵᠢᠶ᠎ᠡ᠎ᠪᠠᠷ ᠥᠨᠳᠥᠷ᠂ ᠦᠢ᠍ᠯᠡᠴᠢᠯᠡᠭᠡᠨ᠎ᠢ ᠠᠮᠢᠳᠤᠯᠢᠭ ᠪᠠᠶ᠋ᠢᠬᠤ ᠳᠠᠪᠠᠭᠤᠯᠢᠭ᠎ᠢ ᠭᠦᠢ᠍ᠴᠡᠳ ᠪᠠᠳᠠᠷᠠᠭᠤᠯᠤᠨ᠂ ᠴᠢᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ᠎ᠯᠤᠭ᠎ᠠ ᠬᠠᠷᠢᠯᠴᠠᠨ ᠨᠥᠬᠥᠪᠥᠷᠢᠯᠡᠵᠦ᠂ ᠬᠠᠩᠭ᠋ᠠᠯᠭ᠎ᠠ ᠵᠢ ᠪᠠᠲᠤᠯᠠᠬᠤ ᠨᠡᠶ᠋ᠢᠯᠡᠮᠡᠯ ᠬᠦᠴᠦᠨ᠎ᠢ ᠪᠦᠷᠢᠯᠳᠦᠭᠦᠯᠦᠨ᠎ᠡ᠃ ᠳᠥᠷᠪᠡ᠎ᠳᠤ᠂ ᠲᠣᠭᠲᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢ ᠰᠢᠮᠳᠠᠭᠤᠯᠵᠤ ᠪᠠᠶ᠋ᠢᠭ᠋ᠠᠳ ᠴᠢᠳᠠᠮᠵᠢ ᠵᠢᠨ ᠪᠠᠶ᠋ᠢᠷᠢ ᠲᠣᠭᠲᠠᠭ᠋ᠠᠯᠲᠠ ᠪᠠ ᠡᠮᠴᠢᠯᠡᠭᠡᠨ᠎ᠤ ᠬᠡᠷᠡᠭᠴᠡᠭᠡ ᠱᠠᠭ᠋ᠠᠷᠳᠠᠯᠭ᠎ᠠ ᠶᠣᠰᠣᠭ᠋ᠠᠷ ᠬᠡᠯᠡᠯᠴᠡᠭᠡ ᠬᠢᠬᠦ ᠡᠮ᠎ᠤᠨ ᠵᠦᠢ᠍ᠯ᠎ᠢ ᠴᠠᠭ ᠲᠤᠬᠠᠶ᠎ᠳᠤᠨᠢ ᠳᠣᠭᠢᠷᠠᠭᠤᠯᠤᠨ᠎ᠠ᠂ ᠡᠮᠴᠢᠯᠡᠭᠡᠨ᠎ᠤ ᠳᠠᠭ᠋ᠠᠳᠬᠠᠯ᠎ᠤᠨ ᠶᠡᠷᠦᠩᠬᠡᠶ ᠲᠣᠭ᠎ᠠ ᠵᠢ ᠬᠢᠵᠠᠭ᠋ᠠᠷᠯᠠᠬᠤ᠂ ᠡᠮᠴᠢᠯᠡᠭᠡᠨ᠎ᠤ ᠪᠠᠶ᠋ᠢᠭᠤᠯᠤᠮᠵᠢ ᠵᠢᠨ ᠬᠡᠷᠡᠭᠯᠡᠬᠦ ᠡᠮ᠎ᠤᠨ ᠭᠠᠷᠴᠠᠭ᠎ᠤᠨ ᠲᠣᠭ᠎ᠠ ᠬᠡᠮᠵᠢᠶ᠎ᠡ ᠵᠢ ᠬᠢᠵᠠᠭ᠋ᠠᠷᠯᠠᠬᠤ᠂ ᠡᠮ᠎ᠤᠨ ᠡᠵᠡᠯᠡᠬᠦ ᠬᠠᠷᠢᠴᠠᠯ ᠵᠡᠷᠭᠡ᠎ᠪᠠᠷ ᠰᠢᠯᠲᠠᠭ ᠪᠣᠯᠭ᠋ᠠᠵᠤ ᠤᠯᠤᠰ᠎ᠤᠨ ᠬᠡᠯᠡᠯᠴᠡᠭᠡ ᠬᠢᠬᠦ ᠡᠮ᠎ᠤᠨ ᠵᠦᠢ᠍ᠯ᠎ᠤᠨ ᠲᠣᠬᠢᠷᠠᠭᠤᠯᠤᠯᠲᠠ ᠪᠠ ᠬᠡᠷᠡᠭᠯᠡᠯᠲᠡ ᠵᠢ ᠨᠥᠯᠥᠭᠡᠯᠡᠵᠦ ᠪᠣᠯᠬᠤ ᠥᠬᠡᠶ᠃
ᠬᠣᠶᠠᠷ᠂ ᠵᠥᠪᠰᠢᠶᠡᠷᠡᠨ ᠣᠷᠣᠭᠤᠯᠵᠤ ᠭᠠᠷᠭ᠋ᠠᠬᠤ ᠲᠣᠭᠲᠠᠴᠠ ᠵᠢ ᠪᠠᠶ᠋ᠢᠭᠤᠯᠵᠤ᠂ ᠴᠢᠭ ᠲᠣᠭᠲᠠᠭ᠋ᠠᠭᠰᠠᠨ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ᠎ᠤᠨ ᠬᠠᠮᠢᠶᠠᠷᠤᠯᠲᠠ ᠵᠢ ᠴᠢᠩᠭ᠋ᠠᠳᠬᠠᠨ᠎ᠠ
ᠡᠯ᠎ᠡ ᠨᠢᠭᠡᠳᠦᠯᠲᠡᠶ ᠲᠥᠯᠥᠪᠯᠡᠬᠦ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠰᠠᠯᠠᠭ᠎ᠠ ᠮᠥᠴᠢᠷ᠎ᠤᠳ 《ᠢᠯᠡ᠂ ᠡᠷᠬᠡ ᠲᠡᠭᠰᠢ᠂ ᠲᠥᠪ ᠭᠣᠤᠯᠴᠢ》 ᠪᠠᠶ᠋ᠢᠬᠤ ᠵᠠᠷᠴᠢᠮ᠎ᠢ ᠪᠠᠷᠢᠮᠲᠠᠯᠠᠨ᠂ ᠰᠢᠯᠢᠨ ᠰᠣᠩᠭᠣᠬᠤ ᠪᠠᠷᠢᠮᠵᠢᠶ᠎ᠠ ᠪᠠ ᠲᠠᠰ ᠳᠠᠷᠠᠭ᠋ᠠᠯᠠᠯ᠎ᠢ ᠲᠣᠭᠲᠠᠭ᠋ᠠᠵᠤ᠂ ᠬᠢᠷᠢ ᠴᠢᠳᠠᠮᠵᠢ᠎ᠨᠢ ᠲᠣᠭᠲᠠᠭ᠋ᠠᠯ᠎ᠳᠤ ᠨᠡᠶ᠋ᠢᠴᠡᠬᠦ᠂ ᠬᠠᠮᠢᠶᠠᠷᠤᠯᠲᠠ᠎ᠨᠢ ᠵᠢᠷᠤᠮᠵᠢᠯ᠎ᠲᠠᠢ᠂ ᠢᠲᠡᠭᠡᠮᠵᠢ᠎ᠨᠢ ᠰᠠᠶ᠋ᠢᠨ᠂ ᠪᠠᠶ᠋ᠢᠷᠢᠰᠢᠭᠤᠯᠤᠯ᠎ᠨᠢ ᠵᠦᠶ ᠵᠣᠬᠢᠰᠲᠠᠶ ᠪᠥᠭᠡᠳ ᠬᠤᠳᠠᠯᠳᠤᠭᠰᠠᠨ ᠡᠮ᠎ᠤᠨ ᠵᠦᠢ᠍ᠯ᠎ᠳᠤ ᠨᠢᠭᠡᠨᠲᠡ ᠡᠯᠧᠺᠲᠷᠣᠨ ᠵᠶ᠋ᠠᠷ ᠮᠥᠷᠳᠡᠨ ᠨᠡᠬᠡᠮᠵᠢᠯᠡᠬᠦ ᠵᠢ ᠪᠡᠶᠡᠯᠡᠭᠦᠯᠦᠭᠰᠡᠨ ᠵᠡᠷᠭᠡ ᠨᠥᠬᠥᠴᠡᠯ᠎ᠢ ᠬᠠᠩᠭ᠋ᠠᠭᠰᠠᠨ ᠴᠢᠭ ᠲᠣᠭᠲᠠᠭ᠋ᠠᠭᠰᠠᠨ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ᠎ᠢ 《ᠬᠣᠤᠰ ᠨᠡᠪᠲᠡᠷᠡᠬᠦ ᠵᠠᠮ》᠎ᠤᠨ ᠬᠠᠮᠢᠶᠠᠷᠤᠯᠲᠠ᠎ᠳᠤ ᠣᠷᠣᠭᠤᠯᠬᠤ ᠬᠡᠷᠡᠭᠲᠡᠶ᠃ ᠬᠠᠳᠠᠭ᠋ᠠᠯᠠᠬᠤ ᠵᠡᠷᠭᠡ ᠣᠨᠴᠣᠭᠣᠶ ᠱᠠᠭ᠋ᠠᠷᠳᠠᠯᠭ᠎ᠠ᠎ᠲᠠᠢ ᠡᠮ᠎ᠤᠨ ᠵᠦᠢ᠍ᠯ᠎ᠳᠤ᠂ ᠵᠣᠬᠢᠬᠤ ᠬᠢᠷᠢ ᠴᠢᠳᠠᠮᠵᠢ ᠪᠠ ᠴᠢᠳᠠᠪᠤᠷᠢ᠎ᠲᠠᠢ ᠪᠠᠶ᠋ᠢᠭᠤᠯᠤᠮᠵᠢ ᠵᠢ ᠰᠢᠯᠢᠨ ᠰᠣᠩᠭᠣᠵᠤ ᠬᠠᠳᠠᠭ᠋ᠠᠯᠠᠬᠤ᠂ ᠳᠣᠭᠢᠷᠠᠭᠤᠯᠤᠨ ᠬᠦᠷᠭᠡᠬᠦ ᠡᠭᠦᠷᠭᠡ ᠵᠢ ᠡᠭᠦᠷᠭᠡᠯᠡᠭᠦᠯᠬᠦ ᠬᠡᠷᠡᠭᠲᠡᠶ᠃ ᠵᠠᠷᠴᠢᠮ ᠳᠡᠭᠡᠷ᠎ᠡ᠎ᠪᠠᠨ᠂ ᠵᠢᠯ᠎ᠤᠨ ᠰᠡᠭᠦᠯᠴᠢ᠎ᠠᠴᠠ ᠡᠮᠦᠨ᠎ᠡ ᠬᠣᠰᠢᠭᠤ ᠰᠢᠶᠠᠨ ᠲᠣᠭᠣᠷᠢᠭ ᠨᠢᠭᠡᠪᠦᠷᠢ᠎ᠳᠤ 《ᠬᠣᠤᠰ ᠨᠡᠪᠲᠡᠷᠡᠬᠦ ᠵᠠᠮ》᠎ᠤᠨ ᠴᠢᠭ ᠲᠣᠭᠲᠠᠭ᠋ᠠᠭᠰᠠᠨ ᠡᠮ᠎ᠤᠨ ᠳᠡᠯᠭᠡᠭᠦᠷ᠎ᠢ ᠬᠠᠮᠤᠭ᠎ᠤᠨ ᠴᠥᠭᠡᠨ᠎ᠳᠡᠭᠡᠨ 1 ᠵᠢ ᠨᠡᠭᠡᠭᠡᠨ᠎ᠡ᠃ ᠡᠯ᠎ᠡ ᠭᠠᠵᠠᠷ᠎ᠤᠨ᠎ᠬᠢᠨ ᠬᠡᠯᠡᠯᠴᠡᠭᠡ ᠬᠢᠭᠰᠡᠨ ᠡᠮ᠎ᠤᠨ ᠵᠦᠢ᠍ᠯ᠎ᠤᠨ 《ᠬᠣᠣᠰ ᠨᠡᠪᠳᠡᠷᠡᠬᠦ ᠵᠠᠮ》᠎ᠤᠨ ᠬᠠᠩᠭ᠋ᠠᠯᠭ᠎ᠠ ᠵᠢᠨ ᠪᠠᠲᠤᠯᠠᠭ᠎ᠠ ᠵᠢᠨ ᠪᠠᠶ᠋ᠢᠳᠠᠯ᠎ᠢ ᠲᠣᠭᠲᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠵᠥᠪᠳᠡᠯᠴᠡᠨ ᠬᠠᠮᠢᠶᠠᠷᠬᠤ ᠬᠡᠪᠴᠢᠶᠡᠨ᠎ᠳᠤ ᠣᠷᠣᠭᠤᠯᠵᠤ᠂ ᠡᠮ᠎ᠤᠨ ᠵᠦᠢ᠍ᠯ᠎ᠤᠨ ᠬᠠᠩᠭ᠋ᠠᠯᠭ᠎ᠠ ᠵᠢᠨ ᠭᠣᠣᠯ ᠴᠣᠭᠴᠠ ᠪᠣᠯᠤᠨ ᠬᠠᠷᠢᠭᠤᠴᠠᠯᠭ᠎ᠠ ᠵᠢ ᠲᠣᠳᠣᠷᠬᠠᠶ᠋ᠢᠯᠠᠵᠤ ᠲᠣᠭᠲᠠᠭᠰᠠᠨ ᠴᠢᠭ᠎ᠤᠨ ᠡᠮᠴᠢᠯᠡᠭᠡᠨ᠎ᠤ ᠪᠠᠶ᠋ᠢᠭᠤᠯᠤᠮᠵᠢ ᠵᠢ ᠰᠢᠮᠳᠠᠭᠤᠯᠵᠤ ᠪᠠᠶ᠋ᠢᠭ᠋ᠠᠳ ᠴᠢᠳᠠᠮᠵᠢ ᠵᠢᠨ ᠪᠠᠶ᠋ᠢᠷᠢ ᠲᠣᠭᠲᠠᠭ᠋ᠠᠯᠲᠠ ᠪᠠ ᠡᠮᠴᠢᠯᠡᠭᠡᠨ᠎ᠤ ᠬᠡᠷᠡᠭᠴᠡᠭᠡ ᠱᠠᠭ᠋ᠠᠷᠳᠠᠯᠭ᠎ᠠ ᠶᠣᠰᠣᠭ᠋ᠠᠷ ᠴᠠᠭ ᠲᠤᠬᠠᠶ᠎ᠳᠤᠨᠢ ᠳᠣᠭᠢᠷᠠᠭᠤᠯᠵᠤ᠂ ᠲᠣᠭᠲᠠᠭᠰᠠᠨ ᠴᠢᠭ᠎ᠤᠨ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ᠎ᠢ ᠬᠠᠩᠭ᠋ᠠᠯᠭ᠎ᠠ ᠵᠢᠨ ᠴᠢᠳᠠᠪᠤᠷᠢ ᠪᠠ ᠵᠥᠪᠯᠡᠯᠴᠡᠭᠡᠷ᠎ᠤᠨ ᠱᠠᠭ᠋ᠠᠷᠳᠠᠯᠭ᠎ᠠ ᠶᠣᠰᠣᠭ᠋ᠠᠷ ᠵᠢᠷᠤᠮᠵᠢᠭᠤᠯᠤᠨ ᠳᠣᠭᠢᠷᠠᠭᠤᠯᠬᠤ ᠵᠢᠨ ᠬᠠᠮᠲᠤ ᠬᠡᠯᠡᠯᠴᠡᠭᠡ ᠬᠢᠬᠦ ᠡᠮ᠎ᠤᠨ ᠵᠦᠢ᠍ᠯ᠎ᠤᠨ ᠡᠮᠴᠢᠯᠡᠭᠡᠨ᠎ᠤ ᠳᠠᠭ᠋ᠠᠳᠬᠠᠯ᠎ᠤᠨ ᠲᠣᠭ᠋ᠠᠴᠠᠭ᠎ᠠ ᠬᠢᠬᠦ ᠪᠠᠷᠢᠮᠵᠢᠶ᠎ᠠ ᠵᠢ ᠴᠢᠩᠭ᠎ᠠ ᠬᠡᠷᠡᠭᠵᠢᠭᠦᠯᠵᠦ᠂ ᠤᠯᠤᠰ᠎ᠤᠨ ᠬᠡᠯᠡᠯᠴᠡᠭᠡ ᠬᠢᠬᠦ ᠡᠮ᠎ᠤᠨ ᠵᠦᠢ᠍ᠯ᠎ᠤᠨ ᠡᠮᠴᠢᠯᠡᠭᠡᠨ᠎ᠤ ᠳᠠᠭ᠋ᠠᠳᠬᠠᠯ᠎ᠤᠨ ᠲᠣᠭ᠋ᠠᠴᠠᠭ᠎ᠠ ᠬᠢᠬᠦ ᠪᠠᠷᠢᠮᠵᠢᠶ᠎ᠠ᠎ᠳᠤ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠥ ᠪᠠ ᠳᠠᠭ᠋ᠠᠳᠬᠠᠯ᠎ᠳᠤ ᠣᠷᠣᠯᠴᠠᠭᠰᠠᠳ᠎ᠤᠨ ᠬᠠᠮᠲᠤ᠎ᠪᠠᠷ ᠲᠣᠭ᠋ᠠᠴᠠᠭ᠎ᠠ ᠬᠢᠬᠦ ᠪᠥᠬᠥ ᠵᠠᠷᠤᠳᠠᠯ᠎ᠢ ᠪᠠᠭᠲᠠᠭ᠋ᠠᠨ᠎ᠠ᠃ ᠡᠮ᠎ᠤᠨ ᠵᠦᠢ᠍ᠯ᠎ᠤᠨ ᠶᠠᠰᠤ ᠴᠢᠨᠠᠷ᠎ᠤᠨ ᠠᠮᠤᠷ ᠲᠦᠪᠰᠢᠨ᠎ᠤ ᠪᠥᠬᠥ ᠶᠠᠪᠤᠴᠠ ᠵᠢ ᠬᠢᠨᠠᠨ ᠬᠠᠮᠢᠶᠠᠷᠬᠤ ᠪᠠ ᠨᠡᠬᠡᠮᠵᠢᠯᠡᠬᠦ ᠲᠣᠭᠲᠠᠴᠠ ᠵᠢ ᠪᠠᠶ᠋ᠢᠭᠤᠯᠵᠤ᠂ ᠬᠠᠳᠠᠭ᠋ᠠᠯᠠᠬᠤ᠂ ᠳᠣᠭᠢᠷᠠᠭᠤᠯᠤᠨ ᠬᠦᠷᠭᠡᠬᠦ᠂ ᠬᠡᠷᠡᠭᠯᠡᠬᠦ ᠵᠡᠷᠭᠡ ᠵᠠᠩᠭᠢᠯᠠᠭ᠎ᠠ ᠵᠢᠨ ᠠᠮᠤᠷ ᠲᠦᠪᠰᠢᠨ᠎ᠤ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠨ᠂ 《ᠬᠣᠤᠰ ᠨᠡᠪᠲᠡᠷᠡᠬᠦ ᠵᠠᠮ》᠎ᠤᠨ ᠬᠡᠯᠡᠯᠴᠡᠭᠡ ᠬᠢᠬᠦ ᠡᠮ᠎ᠤᠨ ᠵᠦᠢ᠍ᠯ᠎ᠤᠨ ᠶᠠᠰᠤ ᠴᠢᠨᠠᠷ᠎ᠤᠨ ᠠᠮᠤᠷ ᠲᠦᠪᠰᠢᠨ᠎ᠢ ᠦᠨᠡᠨᠬᠦ ᠪᠠᠲᠤᠯᠠᠨ᠎ᠠ᠃ 《ᠬᠣᠤᠰ ᠨᠡᠪᠲᠡᠷᠡᠬᠦ ᠵᠠᠮ》᠎ᠤᠨ ᠴᠢᠭ ᠲᠣᠭᠲᠠᠭ᠋ᠠᠭᠰᠠᠨ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ᠎ᠠᠴᠠ ᠤᠬᠤᠷᠢᠨ ᠭᠠᠷᠬᠤ ᠲᠣᠭᠲᠠᠴᠠ ᠵᠢ ᠪᠠᠶ᠋ᠢᠭᠤᠯᠤᠨ ᠪᠦᠷᠢᠨᠰᠢᠬᠦᠯᠵᠦ᠂ ᠵᠣᠬᠢᠬᠤ ᠬᠡᠮᠵᠢᠶ᠎ᠡ᠎ᠪᠠᠷ ᠥᠷᠢᠰᠥᠯᠳᠦᠭᠦᠯᠦᠨ᠂ ᠣᠷᠣᠭᠤᠯᠬᠤ ᠵᠢ᠎ᠨᠢ ᠣᠷᠣᠭᠤᠯᠵᠤ ᠭᠠᠷᠭ᠋ᠠᠬᠤ ᠵᠢ᠎ᠨᠢ ᠭᠠᠷᠭ᠋ᠠᠵᠤ᠂ ᠬᠥᠳᠡᠯᠦᠩᠭᠦᠶ᠎ᠪᠠᠷ ᠲᠣᠬᠢᠷᠠᠭᠤᠯᠤᠯᠲᠠ ᠬᠢᠨ᠎ᠠ᠃
ᠭᠤᠷᠪᠠ᠂ ᠲᠣᠭ᠋ᠠᠴᠠᠭ᠎ᠠ ᠬᠢᠬᠦ ᠲᠥᠷᠥ ᠵᠢᠨ ᠪᠣᠳᠣᠯᠭ᠎ᠠ ᠵᠢ ᠲᠡᠭᠦᠯᠳᠡᠷᠵᠢᠭᠦᠯᠵᠦ᠂ ᠲᠣᠬᠢᠷᠠᠮᠵᠢᠲᠠᠶ ᠪᠠᠲᠤᠯᠠᠭ᠎ᠠ ᠵᠢᠨ ᠬᠢᠷᠢ ᠬᠡᠮᠵᠢᠶ᠎ᠡ ᠵᠢ ᠲᠣᠭᠲᠠᠭ᠋ᠠᠨ᠎ᠠ
《ᠬᠣᠤᠰ ᠨᠡᠪᠲᠡᠷᠡᠬᠦ ᠵᠠᠮ》᠎ᠤᠨ ᠬᠠᠮᠢᠶᠠᠷᠤᠯᠲᠠ ᠵᠢᠨ ᠡᠮ᠎ᠤᠨ ᠵᠦᠢ᠍ᠯ᠎ᠤᠨ ᠣᠨ᠎ᠤ ᠮᠥᠩᠭᠥ ᠳᠥᠯᠥᠬᠦ ᠪᠠᠷᠢᠮᠵᠢᠶ᠎ᠠ᠂ ᠮᠥᠩᠭᠥ ᠳᠥᠯᠥᠬᠦ ᠬᠠᠷᠢᠴᠠᠯ ᠵᠡᠷᠭᠡ ᠣᠯᠭᠣᠮᠵᠢ ᠵᠢᠨ ᠲᠥᠷᠥ ᠵᠢᠨ ᠪᠣᠳᠣᠯᠭ᠎ᠠ ᠵᠢ ᠡᠯ᠎ᠡ ᠨᠢᠭᠡᠳᠦᠯᠲᠡᠶ ᠲᠥᠯᠥᠪᠯᠡᠬᠦ ᠲᠣᠭᠣᠷᠢᠭ᠎ᠠᠴᠠ ᠲᠤᠬᠠᠶ ᠵᠢᠨ ᠭᠠᠵᠠᠷ᠎ᠤᠨ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠥ ᠵᠢᠨ ᠠᠵᠢᠯᠯᠠᠭ᠋ᠠᠨ᠎ᠤ ᠪᠠᠶ᠋ᠢᠳᠠᠯ᠎ᠲᠠᠢ ᠤᠶᠠᠯᠳᠤᠭᠤᠯᠤᠨ ᠲᠣᠭᠲᠠᠭ᠋ᠠᠨ᠎ᠠ᠃ ᠵᠠᠷᠴᠢᠮ ᠳᠡᠭᠡᠷ᠎ᠡ᠎ᠪᠠᠨ 《ᠬᠣᠤᠰ ᠨᠡᠪᠲᠡᠷᠡᠬᠦ ᠵᠠᠮ》᠎ᠤᠨ ᠬᠠᠮᠢᠶᠠᠷᠤᠯᠲᠠ᠎ᠳᠤ ᠣᠷᠣᠭᠤᠯᠤᠭᠰᠠᠨ ᠡᠮ᠎ᠤᠨ ᠵᠦᠢ᠍ᠯ᠎ᠳᠤ ᠲᠣᠭᠲᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠪᠠ ᠲᠣᠭᠲᠠᠭᠰᠠᠨ ᠴᠡᠭ᠎ᠤᠨ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ᠎ᠲᠤ ᠨᠢᠭᠡᠳᠦᠯᠲᠡᠶ ᠲᠣᠭ᠋ᠠᠴᠠᠭ᠎ᠠ ᠬᠢᠬᠦ ᠲᠥᠷᠥ ᠵᠢᠨ ᠪᠣᠳᠣᠯᠭ᠎ᠠ ᠵᠢ ᠬᠡᠷᠡᠭᠵᠢᠭᠦᠯᠦᠨ᠎ᠡ᠃ ᠡᠯ᠎ᠡ ᠨᠢᠭᠡᠳᠦᠯᠲᠡᠶ ᠲᠥᠯᠥᠪᠯᠡᠬᠦ ᠣᠷᠣᠨ᠎ᠨᠢ ᠬᠡᠯᠡᠯᠴᠡᠭᠡ ᠬᠢᠭᠰᠡᠨ ᠡᠮ᠎ᠤᠨ ᠵᠦᠢ᠍ᠯ᠎ᠤᠨ ᠬᠡᠷᠡᠭᠯᠡᠯᠲᠡ ᠵᠢᠨ ᠪᠠᠶ᠋ᠢᠳᠠᠯ᠎ᠲᠠᠢ᠎ᠪᠠᠨ ᠤᠶᠠᠯᠳᠤᠭᠤᠯᠤᠨ᠂ ᠴᠢᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠡᠮᠴᠢᠯᠡᠭᠡᠨ᠎ᠤ ᠳᠠᠭ᠋ᠠᠳᠬᠠᠯ᠎ᠤᠨ ᠶᠡᠷᠦᠩᠬᠡᠶ ᠲᠣᠭ᠎ᠠ᠎ᠳᠤ ᠵᠦᠶ ᠵᠣᠬᠢᠰᠲᠠᠶ ᠲᠣᠬᠢᠷᠠᠭᠤᠯᠤᠯᠲᠠ ᠬᠢᠵᠦ᠂ ᠰᠠᠭᠤᠷᠢ ᠮᠥᠩᠭᠥ ᠵᠢᠨ ᠠᠮᠤᠷ ᠲᠦᠪᠰᠢᠨ᠎ᠢ ᠦᠨᠡᠨᠬᠦ ᠪᠠᠲᠤᠯᠠᠭᠰᠠᠨ ᠤᠷᠢᠲᠠᠯ ᠳᠣᠤᠷ᠎ᠠ᠂ ᠡᠭᠦᠳᠡᠨ ᠡᠮᠨᠡᠯᠭᠡ ᠵᠢᠨ ᠣᠨᠴᠣᠭᠣᠶ ᠬᠡᠷᠡᠭᠯᠡᠬᠦ ᠡᠮ ᠵᠡᠷᠭᠡ ᠲᠤᠰᠠᠭ᠋ᠠᠷ ᠲᠣᠭ᠋ᠠᠴᠠᠭ᠎ᠠ ᠬᠢᠬᠦ ᠲᠥᠷᠥ ᠵᠢᠨ ᠪᠣᠳᠣᠯᠭ᠎ᠠ ᠵᠢ ᠬᠡᠷᠡᠭᠵᠢᠭᠦᠯᠦᠭᠰᠡᠨ ᠡᠮ᠎ᠤᠨ ᠵᠦᠢ᠍ᠯ᠎ᠢ ᠴᠢᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠡᠮᠴᠢᠯᠡᠭᠡᠨ᠎ᠤ ᠳᠠᠭ᠋ᠠᠳᠬᠠᠯ᠎ᠤᠨ ᠶᠡᠷᠦᠩᠬᠡᠶ ᠲᠣᠭ᠎ᠠ ᠵᠢᠨ ᠡᠵᠡᠮᠳᠡᠬᠦ ᠬᠡᠪᠴᠢᠶᠡᠨ᠎ᠳᠤ ᠣᠷᠣᠭᠤᠯᠬᠤ ᠥᠬᠡᠶ ᠪᠠᠶ᠋ᠢᠵᠤ ᠪᠣᠯᠤᠨ᠎ᠠ᠃
ᠳᠥᠷᠪᠡ᠂ ᠮᠡᠳᠡᠭᠡ ᠵᠠᠩᠭᠢ ᠵᠢ ᠢᠯᠡ ᠪᠣᠯᠭ᠋ᠠᠬᠤ ᠵᠢ ᠨᠠᠶ᠋ᠢᠳᠠᠪᠤᠷᠢᠵᠢᠭᠤᠯᠵᠤ᠂ ᠣᠯᠠᠨ ᠲᠦᠮᠡᠨ᠎ᠢ ᠬᠥᠲᠥᠯᠦᠨ ᠵᠢᠯᠣᠭᠣᠳᠴᠤ ᠪᠠᠶ᠋ᠢᠭ᠋ᠠᠳ ᠵᠦᠶ ᠵᠣᠬᠢᠰᠲᠠᠶ᠎ᠪᠠᠷ ᠡᠪᠡᠳᠴᠢᠨ ᠦᠵᠡᠭᠦᠯᠵᠦ ᠡᠮ ᠬᠡᠷᠡᠭᠯᠡᠭᠦᠯᠦᠨ᠎ᠡ
ᠡᠯ᠎ᠡ ᠨᠢᠭᠡᠳᠦᠯᠲᠡᠶ ᠲᠥᠯᠥᠪᠯᠡᠬᠦ ᠲᠣᠭᠣᠷᠢᠭ᠎ᠨᠢ ᠴᠠᠭ ᠲᠤᠬᠠᠶ᠎ᠳᠤᠨᠢ ᠰᠠᠨᠠᠭ᠋ᠠᠴᠢᠯᠠᠭ᠎ᠠ᠎ᠠᠴᠠ᠎ᠪᠠᠨ ᠨᠡᠶ᠋ᠢᠭᠡᠮ ᠨᠡᠶ᠋ᠢᠲᠡ᠎ᠳᠤ 《ᠬᠣᠤᠰ ᠨᠡᠪᠲᠡᠷᠡᠬᠦ ᠵᠠᠮ》᠎ᠤᠨ ᠬᠠᠮᠢᠶᠠᠷᠤᠯᠲᠠ ᠵᠢᠨ ᠬᠡᠯᠡᠯᠴᠡᠭᠡ ᠬᠢᠬᠦ ᠡᠮ᠎ᠤᠨ ᠵᠦᠢ᠍ᠯ᠎ᠤᠨ ᠲᠥᠷᠥᠯ ᠵᠦᠢ᠍ᠯ ᠵᠢᠴᠢ ᠴᠢᠭ ᠲᠣᠭᠲᠠᠭ᠋ᠠᠭᠰᠠᠨ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ᠎ᠤᠨ ᠨᠡᠷᠡᠰ᠎ᠢ ᠢᠯᠡ ᠪᠣᠯᠭ᠋ᠠᠬᠤ ᠵᠢᠨ ᠬᠠᠮᠲᠤ᠂ 《ᠬᠣᠤᠰ ᠨᠡᠪᠲᠡᠷᠡᠬᠦ ᠵᠠᠮ》᠎ᠤᠨ ᠲᠥᠷᠥ ᠵᠢᠨ ᠪᠣᠳᠣᠯᠭ᠎ᠠ ᠵᠢ ᠤᠬᠠᠭᠤᠯᠬᠤ ᠡᠷᠴᠢᠮ ᠵᠶ᠋ᠠᠨ ᠴᠢᠩᠭ᠋ᠠᠷᠠᠭᠤᠯᠵᠤ᠂ ᠲᠥᠷᠥ ᠵᠢᠨ ᠪᠣᠳᠣᠯᠭ᠎ᠠ ᠵᠢ ᠣᠶ᠋ᠢᠯᠠᠭ᠋ᠠᠬᠤ ᠬᠡᠮᠵᠢᠶ᠎ᠡ᠎ᠪᠠᠨ ᠳᠡᠭᠡᠭᠰᠢᠯᠡᠭᠦᠯᠦᠨ᠂ ᠣᠯᠠᠨ ᠨᠡᠶ᠋ᠢᠲᠡ ᠵᠢᠨ ᠵᠢᠱ᠌ᠢᠯᠲᠡ ᠵᠢ ᠵᠦᠶ ᠵᠣᠬᠢᠰᠲᠠᠶ ᠬᠥᠲᠥᠯᠦᠨ ᠵᠢᠯᠣᠭᠣᠳᠴᠤ᠂ ᠡᠪᠡᠳᠴᠢᠲᠡᠨ᠎ᠤ ᠡᠮ ᠬᠡᠷᠡᠭᠯᠡᠬᠦ᠎ᠳᠤ ᠲᠥᠬᠥᠮ ᠦᠵᠡᠭᠦᠯᠬᠦ ᠵᠢᠨ ᠬᠠᠮᠲᠤ᠂ ᠵᠦᠶ ᠵᠣᠬᠢᠰᠲᠠᠶ᠎ᠪᠠᠷ ᠡᠪᠡᠳᠴᠢᠨ ᠦᠵᠡᠭᠦᠯᠬᠦ᠂ ᠵᠢᠷᠤᠮᠵᠢᠯ᠎ᠲᠠᠢ᠎ᠪᠠᠷ ᠡᠮ ᠬᠡᠷᠡᠭᠯᠡᠬᠦ ᠵᠢ ᠬᠥᠲᠥᠯᠦᠨ ᠵᠢᠯᠤᠭᠤᠳᠤᠨ᠎ᠠ᠃
ᠲᠠᠪᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠵᠢ ᠴᠢᠩᠭ᠋ᠠᠳᠬᠠᠵᠤ᠂ ᠲᠥᠷᠥ ᠵᠢᠨ ᠪᠣᠳᠣᠯᠭ᠎ᠠ ᠵᠢᠨ ᠲᠣᠭᠲᠠᠭᠤᠨ ᠵᠶ᠋ᠠᠷ ᠶᠠᠪᠤᠭᠳᠠᠬᠤ ᠵᠢ ᠦᠨᠡᠨᠬᠦ ᠪᠠᠳᠤᠯᠠᠨ᠎ᠠ
ᠡᠯ᠎ᠡ ᠭᠠᠵᠠᠷ᠎ᠤᠨ᠎ᠬᠢᠨ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠬᠢᠨᠠᠨ ᠬᠡᠮᠵᠢᠬᠦ ᠵᠢ ᠢᠳᠡᠪᠬᠢᠲᠡᠶ ᠥᠷᠨᠢᠭᠦᠯᠵᠦ᠂ ᠲᠥᠷᠥ ᠵᠢᠨ ᠪᠣᠳᠣᠯᠭ᠎ᠠ ᠵᠢ ᠬᠡᠷᠡᠭᠵᠢᠭᠦᠯᠬᠦ ᠶᠠᠪᠤᠴᠠ᠎ᠳᠤ ᠢᠯᠡᠷᠡᠭᠰᠡᠨ ᠡᠮ᠎ᠤᠨ ᠵᠦᠢ᠍ᠯ᠎ᠤᠨ ᠬᠠᠩᠭ᠋ᠠᠯᠭ᠎ᠠ ᠰᠢᠯᠤᠭᠤᠨ ᠪᠤᠰᠤ᠂ ᠲᠣᠬᠢᠷᠠᠭᠤᠯᠤᠯᠲᠠ ᠬᠦᠷᠦᠯᠴᠡᠬᠦ ᠥᠬᠡᠶ᠂ ᠲᠣᠭ᠋ᠠᠴᠠᠭ᠎ᠠ ᠬᠢᠬᠦ᠎ᠳᠤ ᠬᠠᠷᠰᠢ ᠰᠠᠭ᠋ᠠᠳ᠎ᠲᠠᠢ ᠵᠡᠷᠭᠡ ᠠᠰᠠᠭᠤᠳᠠᠯ᠎ᠢ ᠲᠣᠬᠢᠲᠠᠶ ᠰᠢᠢ᠍ᠳᠪᠦᠷᠢᠯᠡᠵᠦ᠂ ᠲᠥᠷᠥ ᠵᠢᠨ ᠪᠣᠳᠣᠯᠭ᠎ᠠ ᠵᠢᠨ ᠲᠣᠭᠲᠠᠭᠤᠨ ᠵᠶ᠋ᠠᠷ ᠶᠠᠪᠤᠭᠳᠠᠬᠤ᠂ ᠨᠠᠶ᠋ᠢᠳᠠᠪᠤᠷᠢᠵᠢᠭᠤᠯᠤᠭᠳᠠᠵᠤ ᠦᠷ᠎ᠡ ᠪᠦᠲᠦᠮᠵᠢ ᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃ ᠡᠮ ᠡᠮᠨᠡᠯᠭᠡ ᠵᠢᠨ ᠳᠠᠭ᠋ᠠᠳᠬᠠᠯ᠎ᠤᠨ ᠬᠡᠷᠡᠭᠯᠡᠬᠦ ᠡᠮ᠎ᠢ ᠬᠢᠨᠠᠨ ᠬᠠᠷᠭᠤᠭᠤᠯᠬᠤ ᠲᠦᠷᠢᠮ᠎ᠢ ᠲᠡᠭᠦᠯᠳᠡᠷᠵᠢᠭᠦᠯᠦᠨ ᠨᠠᠷᠢᠯᠢᠬ᠍ᠵᠢᠭᠤᠯᠵᠤ᠂ ᠣᠶᠤᠨᠴᠢ ᠬᠢᠨᠠᠨ ᠡᠵᠡᠮᠳᠡᠯ᠎ᠢ ᠣᠷᠣᠭᠤᠯᠤᠨ ᠠᠪᠴᠢᠷᠠᠵᠤ᠂ 《ᠬᠣᠤᠰ ᠨᠡᠪᠲᠡᠷᠡᠬᠦ ᠵᠠᠮ》᠎ᠤᠨ ᠬᠦᠷᠢᠶ᠎ᠡ ᠴᠠᠷᠠᠭ᠎ᠠ᠎ᠳᠠᠬᠢ ᠡᠮ ᠡᠮᠨᠡᠯᠭᠡ ᠵᠢᠨ ᠳᠠᠭ᠋ᠠᠳᠬᠠᠯ᠎ᠤᠨ ᠪᠠᠯᠠ ᠮᠥᠩᠭᠥ ᠵᠢ ᠮᠡᠬᠡᠯᠡᠨ ᠠᠪᠬᠤ ᠦᠢ᠍ᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠬᠦ ᠬᠡᠷᠡᠭᠲᠡᠶ᠃ 《ᠬᠣᠤᠰ ᠨᠡᠪᠲᠡᠷᠡᠬᠦ ᠵᠠᠮ》᠎ᠤᠨ ᠬᠡᠷᠡᠭᠯᠡᠬᠦ ᠡᠮ᠎ᠤᠨ ᠵᠠᠷᠤᠳᠠᠯ ᠪᠠ ᠰᠠᠭᠤᠷᠢ ᠮᠥᠩᠭᠥᠨ᠎ᠤ ᠵᠠᠷᠤᠯᠭ᠎ᠠ ᠵᠢᠨ ᠬᠡᠪ᠎ᠤᠨ ᠵᠠᠳᠠᠯᠤᠯᠲᠠ ᠪᠠ ᠬᠢᠨᠠᠨ ᠬᠡᠮᠵᠢᠯᠲᠡ ᠵᠢ ᠴᠢᠩᠭ᠋ᠠᠳᠬᠠᠵᠤ᠂ ᠬᠢᠨᠠᠨ ᠬᠠᠮᠢᠶᠠᠷᠬᠤ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠴᠠᠭ ᠲᠤᠬᠠᠶ᠎ᠳᠤᠨᠢ ᠳᠣᠭᠢᠷᠠᠭᠤᠯᠤᠨ ᠲᠡᠭᠦᠯᠳᠡᠷᠵᠢᠭᠦᠯᠵᠦ᠂ ᠰᠠᠭᠤᠷᠢ ᠮᠥᠩᠭᠥᠨ᠎ᠤ ᠠᠮᠤᠷ ᠲᠦᠪᠰᠢᠨ᠎ᠢ ᠦᠨᠡᠨᠬᠦ ᠪᠠᠲᠤᠯᠠᠨ᠎ᠠ᠃ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠎ᠠᠴᠠ ᠬᠡᠯᠡᠯᠴᠡᠭᠡ ᠬᠢᠬᠦ ᠡᠮ᠎ᠤᠨ ᠵᠦᠢ᠍ᠯ᠎ᠤᠨ ᠰᠠᠷ᠎ᠠ ᠵᠢᠨ ᠬᠢᠨᠠᠨ ᠬᠡᠮᠵᠢᠬᠦ ᠠᠵᠢᠯ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠵᠢᠨ ᠬᠠᠮᠲᠤ ᠲᠣᠭᠲᠠᠮᠠᠯ ᠬᠤᠭᠤᠴᠠᠭ᠎ᠠ᠎ᠲᠠᠢ᠎ᠪᠠᠷ ᠪᠥᠬᠥ ᠣᠷᠣᠨ᠎ᠤ ᠠᠵᠢᠯᠯᠠᠭ᠋ᠠᠨ᠎ᠤ ᠪᠠᠢ᠌ᠳᠠᠯ᠎ᠢ ᠮᠡᠳᠡᠭᠳᠡᠨ᠎ᠡ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡ ᠵᠢᠨ ᠪᠠᠳᠤᠯᠠᠭ᠎ᠠ ᠵᠢᠨ ᠲᠤᠪᠴᠢᠶ᠎ᠠ
2021 ᠣᠨ᠎ᠤ 5 ᠳ᠋ᠤᠭ᠋ᠠᠷ ᠰᠠᠷ᠎ᠠ ᠵᠢᠨ 19᠎ᠤ ᠡᠳᠦᠷ