ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠪᠢᠴᠢᠭ ᠮᠠᠲ᠋ᠧᠷᠢᠶᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠦᠩᠭᠦᠨ᠎ᠤ ᠬᠡᠷᠡᠭᠯᠡᠯᠳᠡ ᠵᠢᠨ ᠬᠢᠨᠠᠯᠳᠠ ᠲᠠᠯᠪᠢᠬᠤ ᠬᠠᠮᠢᠶᠠᠷᠤᠯᠳᠠ ᠵᠢᠨ ᠠᠷᠭ᠎ᠠ
ᠨᠡᠶ᠋ᠢᠲᠡᠯᠡᠭᠰᠡᠨ ᠴᠠᠭ᠄ 2021-06-16

                ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠤᠷᠳᠤᠨ᠎ᠤ ᠵᠠᠷᠯᠢᠭ
                                            249 ᠳ᠋ᠤᠭᠡᠷ ᠲᠣᠭ᠋ᠠᠲᠤ
     《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠥ ᠵᠢᠨ ᠬᠡᠷᠡᠭᠯᠡᠯᠲᠡ᠎ᠳᠤ ᠬᠢᠨᠠᠯᠲᠠ ᠲᠠᠯᠪᠢᠬᠤ ᠬᠠᠮᠢᠶᠠᠷᠤᠯᠳᠠ ᠵᠢᠨ ᠠᠷᠭ᠎ᠠ》 ᠵᠢ ᠨᠢᠭᠡᠨᠲᠡ 2021 ᠣᠨ᠎ᠤ 5 ᠳ᠋ᠤᠭ᠋ᠠᠷ ᠰᠠᠷ᠎ᠠ ᠵᠢᠨ 12᠎ᠤ ᠡᠳᠦᠷ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ 8 ᠳ᠋ᠤᠭ᠋ᠠᠷ ᠤᠳᠠᠭ᠎ᠠ ᠵᠢᠨ ᠪᠠᠶ᠋ᠢᠩᠭᠤ ᠵᠢᠨ ᠬᠤᠷᠠᠯ ᠵᠶ᠋ᠠᠷ ᠬᠢᠨᠠᠨ ᠵᠥᠪᠯᠡᠵᠦ ᠪᠠᠲᠤᠯᠠᠭ᠋ᠠᠳ᠂ ᠡᠳᠦᠭᠡ ᠨᠡᠶ᠋ᠢᠲᠡᠯᠡᠪᠡ᠂ 2021 ᠣᠨ᠎ᠤ 8 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠃
                              ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭᠴᠢ ᠪᠦ᠋ ᠰᠢᠶᠤᠤ ᠯᠢᠨ
                                             2021 ᠣᠨ᠎ᠤ 6 ᠳ᠋ᠤᠭ᠋ᠠᠷ ᠰᠠᠷ᠎ᠠ ᠵᠢᠨ 7᠎ᠤ ᠡᠳᠦᠷ

            ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠦᠩᠭᠦᠨ᠎ᠤ ᠬᠡᠷᠡᠭᠯᠡᠯᠳᠡ ᠵᠢᠨ ᠬᠢᠨᠠᠯᠳᠠ ᠲᠠᠯᠪᠢᠬᠤ ᠬᠠᠮᠢᠶᠠᠷᠤᠯᠳᠠ ᠵᠢᠨ ᠠᠷᠭ᠎ᠠ
   
      ᠨᠢᠭᠡᠳᠦᠭᠡᠷ ᠵᠦᠢ᠍ᠯ   ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠥ ᠵᠢᠨ ᠬᠡᠷᠡᠭᠯᠡᠯᠲᠡ ᠵᠢᠨ ᠬᠢᠨᠠᠯᠲᠠ ᠬᠠᠮᠢᠶᠠᠷᠤᠯᠲᠠ ᠵᠢ ᠵᠢᠷᠤᠮᠵᠢᠭᠤᠯᠤᠨ᠂ ᠰᠠᠭᠤᠷᠢ ᠮᠥᠩᠭᠥ ᠵᠢᠨ ᠠᠶᠦᠯᠭᠦᠢ ᠵᠢ ᠪᠠᠲᠤᠯᠠᠵᠤ᠂ ᠠᠷᠠᠳ ᠢᠷᠭᠡᠳ᠎ᠤᠨ ᠡᠮᠴᠢᠯᠡᠭᠡᠨ᠎ᠤ ᠪᠠᠲᠤᠯᠠᠭ᠎ᠠ ᠵᠢᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠬᠤ ᠵᠢᠨ ᠲᠤᠰᠠᠳᠠ᠂ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠨᠡᠶ᠋ᠢᠭᠡᠮ᠎ᠤᠨ ᠳᠠᠭ᠋ᠠᠳᠬᠠᠯ᠎ᠤᠨ ᠬᠠᠤᠯᠢ》᠂ 《ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠥ ᠵᠢᠨ ᠬᠡᠷᠡᠭᠯᠡᠯᠲᠡ ᠵᠢᠨ ᠬᠢᠨᠠᠯᠲᠠ ᠬᠠᠮᠢᠶᠠᠷᠤᠯᠲᠠ ᠵᠢᠨ ᠲᠥᠷᠢᠮ》 ᠵᠡᠷᠭᠡ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠤ ᠪᠠᠶ᠋ᠢᠳᠠᠯ᠎ᠲᠠᠢ ᠤᠶᠠᠯᠳᠤᠭᠤᠯᠵᠤ᠂ ᠲᠤᠰ ᠠᠷᠭ᠎ᠠ ᠵᠢ ᠲᠣᠭᠲᠠᠭ᠋ᠠᠪᠠ᠃
      ᠬᠣᠶᠠᠳᠤᠭ᠋ᠠᠷ ᠵᠦᠢ᠍ᠯ   ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠦᠨᠳᠦᠰᠦᠨ ᠡᠮᠨᠡᠯᠭᠡ ᠵᠢᠨ ᠳᠠᠭ᠋ᠠᠳᠬᠠᠯ (ᠦᠷᠡᠵᠢᠯ᠎ᠤᠨ ᠳᠠᠭ᠋ᠠᠳᠬᠠᠯ ᠪᠠᠭᠲᠠᠨ᠎ᠠ)᠎ᠤᠨ ᠰᠠᠭᠤᠷᠢ ᠮᠥᠩᠭᠥ᠂ ᠡᠮᠨᠡᠯᠭᠡ ᠵᠢᠨ ᠲᠡᠩᠬᠡᠷᠡᠭᠦᠯᠦᠨ ᠲᠤᠰᠠᠯᠠᠬᠤ ᠰᠠᠭᠤᠷᠢ ᠮᠥᠩᠭᠥ ᠵᠡᠷᠭᠡ ᠡᠮᠨᠡᠯᠭᠡ ᠵᠢᠨ ᠪᠠᠲᠤᠯᠠᠭ᠎ᠠ ᠵᠢᠨ ᠰᠠᠭᠤᠷᠢ ᠮᠥᠩᠭᠥ ᠵᠢᠨ ᠬᠡᠷᠡᠭᠯᠡᠯᠲᠡ ᠬᠢᠭᠡᠳ ᠬᠢᠨᠠᠯᠲᠠ ᠬᠠᠮᠢᠶᠠᠷᠤᠯᠲᠠ᠎ᠳᠤ ᠲᠤᠰ ᠠᠷᠭ᠎ᠠ ᠲᠤᠬᠢᠷᠠᠨ᠎ᠠ᠃
      ᠭᠤᠷᠪᠠᠳᠤᠭ᠋ᠠᠷ ᠵᠦᠢ᠍ᠯ   ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠥ ᠵᠢ ᠬᠡᠷᠡᠭᠯᠡᠬᠦ᠎ᠳᠤ ᠠᠷᠠᠳ ᠲᠦᠮᠡᠨ᠎ᠤ ᠡᠷᠡᠭᠦᠯ ᠮᠡᠨᠳᠤ᠎ᠪᠠᠷ ᠭᠣᠣᠯ ᠪᠣᠯᠭ᠋ᠠᠬᠤ᠂ ᠪᠠᠲᠤᠯᠠᠭ᠎ᠠ ᠵᠢᠨ ᠬᠢᠷᠢ ᠬᠡᠮᠵᠢᠶ᠎ᠡ ᠵᠢ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠬᠢᠷᠢ ᠬᠡᠮᠵᠢᠶ᠎ᠡ᠎ᠯᠦᠭᠡ ᠬᠠᠷᠢᠯᠴᠠᠨ ᠵᠣᠬᠢᠴᠠᠭᠤᠯᠬᠤ ᠵᠢ ᠪᠠᠷᠢᠮᠲᠠᠯᠠᠨ᠂ ᠬᠠᠤᠯᠢ ᠶᠣᠰᠣᠨ᠎ᠳᠤ ᠨᠡᠶ᠋ᠢᠴᠡᠬᠦ᠂ ᠠᠮᠤᠷ ᠲᠦᠪᠰᠢᠨ᠂ ᠢᠯᠡ ᠲᠣᠳᠣ᠂ ᠠᠷᠠᠳ᠎ᠲᠤ ᠲᠥᠬᠥᠮ ᠦᠵᠡᠭᠦᠯᠬᠦ ᠵᠠᠷᠴᠢᠮ᠎ᠢ ᠵᠢᠷᠤᠮᠯᠠᠨ᠂ ᠵᠠᠰᠠᠭ᠎ᠤᠨ ᠣᠷᠳᠣᠨ ᠬᠢᠨᠠᠨ ᠬᠠᠮᠢᠶᠠᠷᠤᠯᠳᠠ᠂ ᠨᠡᠶ᠋ᠢᠭᠡᠮ᠎ᠤᠨ᠎ᠬᠢᠨ ᠬᠢᠨᠠᠯᠲᠠ ᠲᠠᠯᠪᠢᠬᠤ᠂ ᠠᠵᠢᠯ ᠲᠥᠷᠥᠯ᠎ᠤᠨ᠎ᠬᠢᠨ ᠥᠪᠡᠷ᠎ᠢ᠎ᠪᠠᠨ ᠱᠠᠭ᠋ᠠᠷᠳᠠᠬᠤ ᠪᠠ ᠬᠤᠪᠢ ᠬᠥᠮᠦᠨ᠎ᠤ ᠢᠲᠡᠭᠡᠮᠵᠢ᠎ᠲᠠᠢ ᠪᠠᠶ᠋ᠢᠬᠤ ᠵᠢ ᠬᠠᠷᠢᠯᠴᠠᠨ ᠤᠶᠠᠯᠳᠤᠭᠤᠯᠤᠭᠰᠠᠨ ᠬᠢᠨᠠᠯᠲᠠ ᠲᠠᠯᠪᠢᠬᠤ ᠲᠣᠭᠲᠠᠴᠠ ᠵᠢ ᠬᠡᠷᠡᠭᠵᠢᠭᠦᠯᠦᠨ᠎ᠡ᠃
      ᠳᠥᠷᠪᠡᠳᠦᠭᠡᠷ ᠵᠦᠢ᠍ᠯ   ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠥ ᠵᠢᠨ ᠬᠡᠷᠡᠭᠯᠡᠯᠲᠡ᠎ᠳᠤ ᠬᠢᠨᠠᠯᠲᠠ ᠲᠠᠯᠪᠢᠬᠤ ᠬᠠᠮᠢᠶᠠᠷᠤᠯᠳᠠ ᠵᠢᠨ ᠠᠵᠢᠯ᠎ᠤᠨ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠥ ᠵᠢᠨ ᠬᠡᠷᠡᠭᠯᠡᠯᠲᠡ᠎ᠳᠤ ᠬᠢᠨᠠᠯᠲᠠ ᠲᠠᠯᠪᠢᠬᠤ ᠬᠠᠮᠢᠶᠠᠷᠤᠯᠳᠠ ᠵᠢᠨ ᠲᠣᠭᠲᠠᠴᠠ ᠵᠢ ᠪᠠᠶ᠋ᠢᠭᠤᠯᠤᠨ ᠪᠥᠷᠢᠨᠰᠢᠬᠥᠯᠵᠤ᠂ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠥ ᠵᠢᠨ ᠬᠡᠷᠡᠭᠯᠡᠯᠲᠡ᠎ᠳᠤ ᠬᠢᠨᠠᠯᠲᠠ ᠲᠠᠯᠪᠢᠬᠤ ᠬᠠᠮᠢᠶᠠᠷᠤᠯᠳᠠ ᠵᠢᠨ ᠠᠵᠢᠯ᠎ᠤᠨ ᠳᠤᠮᠳᠠᠬᠢ ᠴᠢᠬᠤᠯᠠ ᠶᠡᠬᠡ ᠵᠦᠢ᠍ᠯᠡᠰ᠎ᠢ ᠵᠣᠬᠢᠴᠠᠭᠤᠯᠤᠨ   ᠰᠢᠢ᠍ᠳᠪᠦᠷᠢᠯᠡᠬᠦ ᠬᠡᠷᠡᠭᠲᠡᠶ᠃
      ᠲᠠᠪᠤᠳᠤᠭ᠋ᠠᠷ ᠵᠦᠢ᠍ᠯ   ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠳᠣᠲᠣᠷᠠᠬᠢ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠥ ᠵᠢᠨ ᠬᠡᠷᠡᠭᠯᠡᠯᠲᠡ᠎ᠳᠤ ᠬᠢᠨᠠᠯᠲᠠ ᠲᠠᠯᠪᠢᠬᠤ ᠬᠠᠮᠢᠶᠠᠷᠤᠯᠳᠠ ᠵᠢᠨ ᠠᠵᠢᠯ᠎ᠢ ᠬᠠᠷᠢᠭᠤᠴᠠᠨ᠎ᠠ᠃
      ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠂ ᠡᠳ᠋᠎ᠤᠨ ᠵᠠᠰᠠᠭ᠂ ᠬᠢᠨᠠᠨ ᠪᠤᠳᠤᠯᠳᠠ᠂ ᠳᠣᠲᠣᠭ᠋ᠠᠳᠤ ᠵᠢ ᠬᠠᠮᠠᠭ᠋ᠠᠯᠠᠬᠤ ᠵᠡᠷᠭᠡ ᠰᠠᠯᠠᠭ᠎ᠠ ᠮᠥᠴᠢᠷ᠎ᠤᠳ ᠲᠣᠰ ᠲᠣᠰ᠎ᠤᠨ ᠡᠭᠦᠷᠭᠡ ᠬᠠᠷᠢᠭᠤᠴᠠᠯᠭ᠎ᠠ ᠵᠢᠨ ᠵᠶ᠋ᠠᠨ ᠶᠣᠰᠣᠭ᠋ᠠᠷ᠂ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠥ ᠵᠢᠨ ᠬᠡᠷᠡᠭᠯᠡᠯᠲᠡ᠎ᠳᠤ ᠬᠢᠨᠠᠯᠲᠠ ᠲᠠᠯᠪᠢᠬᠤ ᠬᠠᠮᠢᠶᠠᠷᠤᠯᠳᠠ ᠵᠢᠨ ᠬᠠᠮᠢᠶ᠎ᠠ ᠪᠥᠬᠥᠶ ᠠᠵᠢᠯ᠎ᠢ ᠰᠠᠶ᠋ᠢᠲᠤᠷ ᠬᠢᠬᠦ ᠬᠡᠷᠡᠭᠲᠡᠶ᠃
      ᠵᠢᠷᠭᠤᠳᠤᠭ᠋ᠠᠷ ᠵᠦᠢ᠍ᠯ   ᠰᠣᠨᠢᠨ ᠮᠡᠳᠡᠭᠡᠨ᠎ᠤ ᠵᠠᠭᠤᠴᠢᠯᠠᠭᠤᠷ᠎ᠤᠨ ᠡᠮᠴᠢᠯᠡᠭᠡᠨ᠎ᠤ ᠪᠠᠲᠤᠯᠠᠭ᠎ᠠ ᠵᠢᠨ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠪᠠ ᠡᠮᠴᠢᠯᠡᠭᠡᠨ᠎ᠤ ᠪᠠᠲᠤᠯᠠᠭ᠎ᠠ ᠵᠢᠨ ᠮᠡᠳᠡᠯᠭᠡ ᠵᠢᠨ ᠨᠡᠶ᠋ᠢᠲᠡ ᠵᠢᠨ ᠠᠰᠠᠷᠠᠮᠵᠢ ᠵᠢᠨ ᠤᠬᠠᠭᠤᠯᠭ᠎ᠠ ᠥᠷᠨᠢᠭᠦᠯᠬᠦ ᠵᠢ ᠵᠣᠷᠢᠭᠵᠢᠭᠤᠯᠤᠨ ᠳᠡᠮᠵᠢᠨ᠎ᠡ᠃ ᠬᠣᠯᠪᠣᠭᠳᠠᠯ ᠪᠦᠬᠦᠢ ᠡᠮ ᠡᠮᠨᠡᠯᠭᠡ ᠵᠢᠨ ᠪᠠᠲᠤᠯᠠᠭ᠎ᠠ ᠵᠢᠨ ᠲᠤᠬᠠᠶ ᠤᠬᠠᠭᠤᠯᠭ᠎ᠠ ᠮᠡᠳᠡᠭᠡᠯᠡᠯ᠎ᠨᠢ ᠦᠨᠡᠨ ᠪᠣᠳᠠᠲᠠᠶ᠂ ᠲᠥᠪ ᠭᠣᠣᠯᠴᠢ ᠪᠠᠶ᠋ᠢᠬᠤ ᠬᠡᠷᠡᠭᠲᠡᠶ᠃
      ᠨᠡᠶ᠋ᠢᠭᠡᠮ᠎ᠤᠨ ᠡᠯ᠎ᠡ ᠲᠠᠯ᠎ᠠ ᠵᠢᠨ᠎ᠬᠢᠨ᠎ᠤ ᠡᠮ ᠡᠮᠨᠡᠯᠭᠡ ᠵᠢᠨ ᠪᠠᠲᠤᠯᠠᠭ᠎ᠠ ᠵᠢᠨ ᠰᠠᠭᠤᠷᠢ ᠮᠥᠩᠭᠥ ᠵᠢᠨ ᠬᠡᠷᠡᠭᠯᠡᠯᠲᠡ᠎ᠳᠤ ᠬᠢᠨᠠᠯᠲᠠ ᠲᠠᠯᠪᠢᠬᠤ᠎ᠳᠤ ᠣᠷᠣᠯᠴᠠᠬᠤ ᠵᠢ ᠵᠣᠷᠢᠭᠵᠢᠭᠤᠯᠤᠨ ᠲᠡᠮᠵᠢᠨ᠎ᠡ᠃
      ᠳᠣᠯᠣᠳᠤᠭ᠋ᠠᠷ ᠵᠦᠢ᠍ᠯ   ᠡᠮ ᠡᠮᠨᠡᠯᠭᠡ ᠵᠢᠨ ᠪᠠᠲᠤᠯᠠᠭ᠎ᠠ ᠵᠢᠨ ᠰᠠᠭᠤᠷᠢ ᠮᠥᠩᠭᠥ ᠵᠢ ᠬᠡᠷᠡᠭᠯᠡᠬᠦ᠎ᠳᠡᠭᠡᠨ ᠤᠯᠤᠰ᠎ᠠᠴᠠ ᠲᠣᠭᠲᠠᠭ᠋ᠠᠭᠰᠠᠨ ᠲᠦᠯᠦᠬᠦ ᠬᠡᠪᠴᠢᠶᠡᠨ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠶ᠃
      ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠨᠤᠭᠤᠳ ᠤᠯᠤᠰ᠎ᠠᠴᠠ ᠲᠣᠭᠲᠠᠭ᠋ᠠᠭᠰᠠᠨ ᠡᠷᠬᠡ ᠮᠡᠳᠡᠯ ᠪᠣᠯᠤᠨ ᠲᠡᠰ ᠳᠠᠷᠠᠭ᠋ᠠᠯᠠᠯ᠎ᠤᠨ ᠶᠣᠰᠣᠭ᠋ᠠᠷ᠂ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠳᠣᠲᠣᠷᠠᠬᠢ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠥ᠎ᠠᠴᠠ ᠥᠭᠬᠦ ᠪᠣᠳᠠᠲᠠᠶ ᠲᠥᠷᠥᠯ ᠵᠦᠢ᠍ᠯ ᠪᠣᠯᠤᠨ ᠪᠠᠷᠢᠮᠵᠢᠶ᠎ᠠ ᠵᠢ ᠨᠥᠬᠥᠪᠥᠷᠢᠯᠡᠨ ᠲᠣᠭᠲᠠᠭ᠋ᠠᠬᠤ ᠵᠢᠨ ᠬᠠᠮᠲᠤ ᠲᠥᠷᠥ ᠵᠢᠨ ᠶᠠᠪᠤᠳᠠᠯ᠎ᠤ ᠬᠤᠷᠢᠶᠠᠨ᠎ᠤ ᠡᠮᠴᠢᠯᠡᠭᠡᠨ᠎ᠤ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃
      ᠨᠠᠢ᠍ᠮᠠᠳᠤᠭ᠋ᠠᠷ ᠵᠦᠢ᠍ᠯ   ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ   ᠡᠮᠴᠢᠯᠡᠭᠡ ᠵᠢᠨ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠳ ᠳᠣᠣᠷᠠᠬᠢ ᠮᠡᠲᠦ ᠬᠢᠨᠠᠯᠲᠠ ᠬᠠᠮᠢᠶᠠᠷᠤᠯᠲᠠ ᠵᠢᠨ ᠡᠭᠦᠷᠭᠡ ᠬᠠᠷᠢᠭᠤᠴᠠᠯᠭ᠎ᠠ ᠵᠢ ᠭᠦᠢ᠍ᠴᠡᠳᠬᠡᠨ᠎ᠡ᠄
     (ᠨᠢᠭᠡ) ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠥ ᠵᠢᠨ ᠬᠡᠷᠡᠭᠯᠡᠯᠲᠡ ᠵᠢᠨ ᠬᠢᠨᠠᠯᠲᠠ ᠲᠠᠯᠪᠢᠬᠤ ᠬᠠᠮᠢᠶᠠᠷᠤᠯᠳᠠ ᠵᠢᠨ ᠲᠦᠷᠢᠮ᠎ᠢ ᠪᠠᠶ᠋ᠢᠭᠤᠯᠤᠨ ᠲᠡᠭᠦᠯᠳᠡᠷᠵᠢᠭᠦᠯᠦᠨ᠎ᠡ;
     (ᠬᠣᠶᠠᠷ) ᠡᠮᠴᠢᠯᠡᠭᠡᠨ᠎ᠤ ᠪᠠᠲᠤᠯᠠᠭ᠎ᠠ ᠵᠢᠨ ᠭᠠᠷᠲᠠᠨ ᠭᠦᠢ᠍ᠴᠡᠳᠭᠡᠬᠦ ᠲᠤᠬᠠᠶ᠋ᠢᠯᠠᠭᠰᠠᠨ ᠠᠵᠢᠯ᠎ᠢ ᠵᠢᠷᠤᠮᠵᠢᠭᠤᠯᠤᠨ᠎ᠠ;
     (ᠭᠤᠷᠪᠠ) ᠦᠢ᠍ᠯᠡᠴᠢᠯᠡᠭᠡᠨ᠎ᠤ ᠬᠡᠯᠡᠯᠴᠡᠭᠡᠷ᠎ᠢ ᠲᠣᠭᠲᠠᠭ᠋ᠠᠭᠰᠠᠨ᠂ ᠭᠦᠢ᠍ᠴᠡᠳᠬᠡᠭᠰᠡᠨ ᠪᠠᠶ᠋ᠢᠳᠠᠯ᠎ᠳᠤ ᠬᠢᠨᠠᠯᠲᠠ ᠲᠠᠯᠪᠢᠨ᠎ᠠ;
     (ᠳᠥᠷᠪᠡ) ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠥ ᠵᠢᠨ ᠳᠥᠯᠥᠬᠦ ᠬᠡᠪᠴᠢᠶᠡᠨ᠎ᠳᠤ ᠣᠷᠣᠭᠤᠯᠤᠭᠰᠠᠨ ᠡᠮᠴᠢᠯᠡᠭᠡᠨ᠎ᠤ ᠦᠢ᠍ᠯᠡᠴᠢᠯᠡᠭᠡᠨ᠎ᠤ ᠠᠵᠢᠯᠯᠠᠭ᠎ᠠ ᠪᠠ ᠡᠮᠴᠢᠯᠡᠭᠡᠨ᠎ᠤ ᠵᠠᠷᠤᠳᠠᠯ᠎ᠳᠤ ᠬᠢᠨᠠᠯᠲᠠ ᠲᠠᠯᠪᠢᠨ᠎ᠠ;
     (ᠲᠠᠪᠤ) ᠡᠮ ᠡᠮᠨᠡᠯᠭᠡ ᠵᠢᠨ ᠪᠠᠲᠤᠯᠠᠭ᠎ᠠ ᠵᠢᠨ ᠰᠠᠭᠤᠷᠢ ᠮᠥᠩᠭᠥ ᠵᠢ ᠬᠠᠤᠯᠢ᠎ᠠᠴᠠ ᠵᠥᠷᠢᠴᠡᠨ ᠬᠡᠷᠡᠭᠯᠡᠭᠰᠡᠨ ᠦᠢ᠍ᠯᠡ ᠠᠵᠢᠯᠯᠠᠭ᠎ᠠ ᠵᠢ ᠬᠠᠤᠯᠢ ᠶᠣᠰᠣᠭ᠋ᠠᠷ ᠪᠠᠶ᠋ᠢᠴᠠᠭ᠋ᠠᠨ ᠰᠢᠢ᠍ᠳᠪᠦᠷᠢᠯᠡᠨ᠎ᠡ;
     (ᠵᠢᠷᠭᠤᠭ᠎ᠠ) ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠪᠤᠰᠤᠳ ᠬᠢᠨᠠᠯᠲᠠ ᠲᠠᠯᠪᠢᠬᠤ ᠲᠤᠰᠢᠶᠠᠯ ᠬᠠᠷᠢᠭᠤᠴᠠᠯᠭ᠎ᠠ᠃
      ᠶᠢᠰᠦᠳᠦᠭᠡᠷ ᠵᠦᠢ᠍ᠯ   ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠳ ᠡᠮᠴᠢᠯᠡᠭᠡᠨ᠎ᠤ ᠪᠠᠲᠤᠯᠠᠭ᠎ᠠ ᠵᠢᠨ ᠶᠠᠪᠤᠳᠠᠯ᠎ᠢ ᠡᠷᠬᠢᠯᠡᠨ ᠭᠦᠢ᠍ᠴᠡᠳᠬᠡᠬᠦ ᠪᠠᠶ᠋ᠢᠭᠤᠯᠤᠮᠵᠢ ᠵᠢᠨ ᠳᠣᠣᠷᠠᠬᠢ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠵᠦ ᠪᠠᠶ᠋ᠢᠭ᠎ᠠ ᠪᠠᠶ᠋ᠢᠳᠠᠯ᠎ᠳᠤ ᠬᠢᠨᠠᠯᠲᠠ ᠲᠠᠯᠪᠢᠬᠤ ᠬᠡᠷᠡᠭᠲᠡᠶ᠄
     (ᠨᠢᠭᠡ) ᠲᠤᠬᠠᠶ᠋ᠢᠯᠠᠭᠰᠠᠨ ᠠᠵᠢᠯ᠂ ᠡᠳ᠋᠎ᠤᠨ ᠶᠠᠪᠤᠳᠠᠯ᠂ ᠠᠮᠤᠷ ᠲᠦᠪᠰᠢᠨ ᠪᠠ ᠠᠶᠤᠯ ᠲᠦᠭᠰᠢᠭᠦᠷᠢ ᠵᠢᠨ ᠬᠠᠮᠢᠶᠠᠷᠤᠯᠲᠠ ᠵᠢᠨ ᠲᠦᠷᠢᠮ᠎ᠢ ᠪᠠᠶ᠋ᠢᠭᠤᠯᠤᠨ ᠲᠡᠭᠦᠯᠳᠡᠷᠵᠢᠭᠦᠯᠬᠦ;
     (ᠬᠣᠶᠠᠷ) ᠴᠢᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠪᠣᠯᠤᠨ ᠴᠢᠭ ᠲᠣᠭᠲᠠᠭ᠋ᠠᠭᠰᠠᠨ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ᠎ᠯᠦᠭᠡ ᠦᠢ᠍ᠯᠡᠴᠢᠯᠡᠭᠡᠨ᠎ᠤ ᠭᠦᠢ᠍ᠴᠡᠳᠬᠡᠬᠦ ᠵᠥᠪᠯᠡᠯᠴᠡᠭᠡᠷ ᠲᠤᠭᠳᠠᠭ᠋ᠠᠭᠰᠠᠨ; ᡾
     (ᠭᠤᠷᠪᠠ) ᠰᠠᠭᠤᠷᠢ ᠮᠥᠩᠭᠥ ᠵᠢ ᠰᠠᠯᠭ᠋ᠠᠨ ᠥᠭᠬᠦ᠂ ᠬᠠᠷᠠᠭ᠋ᠠᠯᠵᠠᠯ᠎ᠢ ᠬᠢᠨᠠᠨ ᠬᠠᠷᠭᠤᠭᠤᠯᠬᠤ ᠵᠢᠴᠢ ᠥᠭᠬᠦ᠂ ᠵᠠᠷᠤᠳᠠᠯ᠎ᠢ ᠬᠢᠨᠠᠨ ᠡᠵᠡᠮᠳᠡᠬᠦ;
     (ᠳᠥᠷᠪᠡ) ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠥ ᠵᠢᠨ ᠣᠷᠣᠯᠭ᠎ᠠ᠂ ᠵᠠᠷᠤᠯᠭ᠎ᠠ᠂ ᠦᠯᠡᠳᠡᠪᠦᠷᠢ ᠵᠡᠷᠭᠡ ᠪᠠᠶ᠋ᠢᠳᠠᠯ᠎ᠢ ᠨᠡᠶ᠋ᠢᠭᠡᠮ᠎ᠳᠤ ᠢᠯᠡ ᠪᠤᠯᠭ᠋ᠠᠬᠤ;
     (ᠲᠠᠪᠤ) ᠴᠢᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠪᠣᠯᠤᠨ ᠴᠢᠭ ᠲᠣᠭᠲᠠᠭ᠋ᠠᠭᠰᠠᠨ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ᠎ᠤᠨ ᠨᠡᠷᠡᠰ᠎ᠢ ᠨᠡᠶ᠋ᠢᠭᠡᠮ᠎ᠳᠤ ᠨᠡᠢ᠌ᠳᠡᠯᠡᠬᠦ;᡾
     (ᠵᠢᠷᠭᠤᠭ᠎ᠠ) ᠡᠮᠴᠢᠯᠡᠭᠡᠨ᠎ᠤ ᠪᠠᠲᠤᠯᠠᠭ᠎ᠠ ᠵᠢᠨ ᠮᠡᠳᠡᠭᠡ ᠵᠠᠩᠭᠢ ᠵᠢ ᠪᠠᠶ᠋ᠢᠴᠠᠭ᠋ᠠᠨ ᠯᠠᠪᠯᠠᠬᠤ ᠦᠢ᠍ᠯᠡᠴᠢᠯᠡᠭᠡ ᠬᠠᠩᠭ᠋ᠠᠬᠤ;
     (ᠲᠤᠯᠤᠭ᠎ᠠ) ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠪᠤᠰᠤᠳ ᠡᠭᠦᠷᠭᠡ ᠬᠠᠷᠢᠭᠤᠴᠠᠯᠭ᠎ᠠ᠃
      ᠠᠷᠪᠠᠳᠤᠭ᠋ᠠᠷ ᠵᠦᠢ᠍ᠯ   ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠳ ᠴᠢᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠳᠣᠣᠷᠠᠬᠢ ᠡᠭᠦᠷᠭᠡ ᠬᠠᠷᠢᠭᠤᠴᠠᠯᠭ᠎ᠠ ᠵᠢ ᠭᠦᠢ᠍ᠴᠡᠳᠬᠡᠵᠦ ᠪᠠᠶ᠋ᠢᠭ᠎ᠠ ᠪᠠᠶ᠋ᠢᠳᠠᠯ᠎ᠳᠤ ᠬᠢᠨᠠᠯᠲᠠ ᠲᠠᠯᠪᠢᠬᠤ ᠬᠡᠷᠡᠭᠲᠡᠶ᠄
     (ᠨᠢᠭᠡ) ᠦᠢ᠍ᠯᠡᠴᠢᠯᠡᠭᠡᠨ᠎ᠤ ᠬᠡᠯᠡᠯᠴᠡᠭᠡᠷ᠎ᠢ ᠭᠦᠢ᠍ᠴᠡᠳᠬᠡᠬᠦ;
     (ᠬᠣᠶᠠᠷ) ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡ ᠵᠢᠨ ᠦᠢ᠍ᠯᠡᠴᠢᠯᠡᠭᠡᠨ᠎ᠤ ᠲᠥᠷᠥᠯ ᠵᠦᠢ᠍ᠯ᠎ᠤᠨ ᠦᠨ᠎ᠡ ᠬᠠᠩᠰᠢ ᠪᠠ ᠡᠮ᠎ᠤᠨ ᠵᠦᠢ᠍ᠯ᠂ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠤᠳᠠᠯᠳᠤᠨ ᠠᠪᠬᠤ ᠲᠦᠷᠢᠮ᠎ᠢ ᠬᠡᠷᠡᠭᠵᠢᠭᠦᠯᠬᠦ;
     (ᠭᠤᠷᠪᠠ) ᠡᠮᠴᠢᠯᠡᠭᠡᠨ᠎ᠤ ᠪᠠᠲᠤᠯᠠᠭ᠎ᠠ ᠵᠢᠨ ᠮᠡᠳᠡᠭᠡ ᠵᠠᠩᠭᠢ ᠵᠢᠨ ᠰᠢᠰᠲ᠋ᠧᠮ᠎ᠳᠤ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠥ ᠵᠢᠨ ᠬᠡᠷᠡᠭᠯᠡᠬᠦ ᠬᠣᠯᠪᠣᠭᠳᠠᠯ ᠪᠦᠬᠦᠢ ᠲᠣᠭ᠎ᠠ ᠪᠠᠷᠢᠮᠲᠠ ᠵᠢ ᠳᠠᠮᠵᠢᠭᠤᠯᠤᠨ ᠬᠦᠷᠭᠡᠬᠦ;
     (ᠲᠦᠷᠪᠡ) ᠡᠮ ᠡᠮᠨᠡᠯᠭᠡ ᠵᠢᠨ ᠵᠠᠷᠤᠳᠠᠯ᠂ ᠵᠠᠷᠤᠳᠠᠯ᠎ᠤᠨ ᠪᠦᠲᠦᠴᠡ ᠵᠢᠨ ᠮᠡᠳᠡᠭᠡ ᠵᠠᠩᠭᠢ ᠵᠡᠷᠭᠡ ᠵᠢ ᠨᠡᠶ᠋ᠢᠭᠡᠮ᠎ᠳᠤ ᠢᠯᠡ ᠪᠣᠯᠭ᠋ᠠᠬᠤ;
     (ᠲᠠᠪᠤ) ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠪᠤᠰᠤᠳ ᠲᠤᠰᠢᠶᠠᠯ ᠬᠠᠷᠢᠭᠤᠴᠠᠯᠭ᠎ᠠ᠃
      ᠠᠷᠪᠠᠨ ᠨᠢᠭᠡᠳᠦᠭᠡᠷ ᠵᠦᠢ᠍ᠯ   ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠳ ᠴᠢᠭ ᠲᠣᠭᠲᠠᠭ᠋ᠠᠭᠰᠠᠨ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ᠎ᠤᠨ ᠳᠣᠣᠷᠠᠬᠢ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠵᠦ ᠪᠠᠶ᠋ᠢᠭ᠎ᠠ ᠪᠠᠶ᠋ᠢᠳᠠᠯ᠎ᠳᠤ ᠬᠢᠨᠠᠯᠲᠠ ᠲᠠᠯᠪᠢᠬᠤ ᠬᠡᠷᠡᠭᠲᠡᠶ᠄
     (ᠨᠢᠭᠡ) ᠦᠢ᠍ᠯᠡᠴᠢᠯᠡᠭᠡᠨ᠎ᠤ ᠬᠡᠯᠡᠯᠴᠡᠭᠡᠷ᠎ᠢ ᠭᠦᠢ᠍ᠴᠡᠳᠬᠡᠬᠦ;
     (ᠬᠣᠶᠠᠷ) ᠡᠮᠴᠢᠯᠡᠭᠡᠨ᠎ᠤ ᠪᠠᠲᠤᠯᠠᠭ᠎ᠠ ᠵᠢᠨ ᠮᠡᠳᠡᠭᠡ ᠵᠠᠩᠭᠢ ᠵᠢᠨ ᠰᠢᠰᠲ᠋ᠧᠮ᠎ᠳᠤ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠥ᠎ᠳᠤ ᠬᠡᠷᠡᠭᠯᠡᠬᠦ ᠬᠣᠯᠪᠣᠭᠳᠠᠯ ᠪᠦᠬᠦᠢ ᠲᠣᠭ᠎ᠠ ᠪᠠᠷᠢᠮᠲᠠ ᠵᠢ ᠳᠠᠮᠵᠢᠭᠤᠯᠤᠨ ᠬᠦᠷᠭᠡᠬᠦ;
     (ᠭᠤᠷᠪᠠ) ᠡᠮ᠎ᠤᠨ ᠵᠦᠢ᠍ᠯ᠎ᠤᠨ ᠵᠠᠷᠤᠳᠠᠯ᠎ᠤᠨ ᠮᠡᠳᠡᠭᠡ ᠵᠠᠩᠭᠢ ᠵᠢ ᠨᠡᠶ᠋ᠢᠭᠡᠮ ᠨᠡᠶ᠋ᠢᠲᠡ᠎ᠳᠤ ᠢᠯᠠ ᠪᠤᠯᠭ᠋ᠠᠬᠤ;
     (ᠲᠤᠢ᠍ᠷᠪᠡ) ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠪᠤᠰᠤᠳ ᠡᠭᠦᠷᠭᠡ ᠬᠠᠷᠢᠭᠤᠴᠠᠯᠭ᠎ᠠ᠃
      ᠠᠷᠪᠠᠨ ᠬᠣᠶᠠᠳᠤᠭ᠋ᠠᠷ ᠵᠦᠢ᠍ᠯ   ᠴᠢᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ᠂ ᠴᠢᠭ ᠲᠣᠭᠲᠠᠭ᠋ᠠᠭᠰᠠᠨ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ ᠵᠢᠴᠢ ᠲᠡᠭᠦᠨ᠎ᠤ ᠠᠵᠢᠯᠲᠠᠨ ᠦᠨᠡᠨ ᠨᠡᠷ᠎ᠡ᠎ᠪᠠᠷ ᠵᠶ᠋ᠠᠨ ᠡᠮᠨᠡᠭᠦᠯᠬᠦ ᠪᠠ ᠡᠮ ᠬᠤᠳᠠᠯᠳᠤᠨ ᠠᠪᠬᠤ ᠬᠠᠮᠢᠶᠠᠷᠤᠯᠲᠠ ᠵᠢᠨ ᠲᠣᠭᠲᠠᠭ᠋ᠠᠯ᠎ᠢ ᠬᠡᠷᠡᠭᠵᠢᠭᠦᠯᠬᠦ ᠬᠡᠷᠡᠭᠲᠡᠶ᠃ ᠳᠠᠭ᠋ᠠᠳᠬᠠᠯ᠎ᠳᠤ ᠣᠷᠣᠯᠴᠠᠭᠰᠠᠳ᠎ᠤᠨ ᠡᠮᠴᠢᠯᠡᠭᠡᠨ᠎ᠤ ᠪᠠᠲᠤᠯᠠᠭ᠎ᠠ ᠵᠢᠨ ᠭᠡᠷᠡᠴᠢ ᠲᠡᠮᠳᠡᠭ᠎ᠢ ᠬᠢᠨᠠᠨ ᠰᠢᠯᠭ᠋ᠠᠵᠤ᠂ ᠣᠨᠣᠰᠢᠯᠠᠨ ᠡᠮᠨᠡᠬᠦ ᠵᠢᠷᠤᠮᠵᠢᠯ ᠶᠣᠰᠣᠭ᠋ᠠᠷ ᠵᠦᠶ ᠵᠣᠬᠢᠰᠲᠠᠶ᠂ ᠴᠢᠬᠤᠯᠠ ᠪᠦᠬᠦᠢ ᠡᠮ ᠡᠮᠨᠡᠯᠭᠡ ᠵᠢᠨ ᠦᠢ᠍ᠯᠡᠴᠢᠯᠡᠭᠡ ᠬᠠᠩᠭ᠋ᠠᠵᠤ᠂ ᠳᠠᠭ᠋ᠠᠳᠬᠠᠯ᠎ᠳᠤ ᠣᠷᠣᠯᠴᠠᠭᠰᠠᠳ᠎ᠲᠤ ᠵᠠᠷᠤᠳᠠᠯ ᠰᠦᠢ᠍ᠳᠬᠡᠯ᠎ᠤᠨ ᠪᠠᠷᠢᠮᠲᠠ ᠪᠣᠯᠤᠨ ᠬᠠᠮᠢᠶ᠎ᠠ ᠪᠦᠬᠦᠢ ᠮᠠᠲ᠋ᠧᠷᠢᠶᠠᠯ᠎ᠢ ᠦᠨᠡᠨ ᠮᠥᠨ ᠵᠶ᠋ᠠᠷ᠎ᠨᠢ ᠭᠠᠷᠭ᠋ᠠᠨ ᠥᠭᠴᠦ᠂ ᠡᠮᠨᠡᠯᠭᠡ᠎ᠳᠤ ᠰᠠᠭᠤᠬᠤ᠂ ᠣᠷᠣ ᠡᠯᠭᠦᠵᠦ ᠡᠮᠨᠡᠯᠭᠡ᠎ᠳᠤ ᠰᠠᠭᠤᠬᠤ ᠵᠢ ᠰᠠᠯᠭ᠋ᠠᠵᠤ ᠪᠣᠯᠬᠤ ᠦᠭᠡᠢ᠂ ᠣᠨᠣᠰᠢᠯᠠᠨ ᠡᠮᠨᠡᠬᠦ ᠵᠢᠷᠤᠮᠵᠢᠯ᠎ᠢ ᠵᠥᠷᠢᠴᠡᠨ ᠬᠡᠲᠦᠷᠡᠲᠡᠯ᠎ᠡ ᠣᠨᠣᠰᠢᠯᠠᠨ ᠡᠮᠨᠡᠬᠦ᠂ ᠬᠡᠲᠦᠷᠡᠲᠡᠯ᠎ᠡ ᠪᠠᠶ᠋ᠢᠴᠠᠭ᠋ᠠᠬᠤ᠂ ᠡᠮ᠎ᠤᠨ ᠵᠣᠷ᠎ᠢ ᠵᠠᠳᠠᠯᠬᠤ᠂ ᠬᠡᠮᠵᠢᠶ᠎ᠡ᠎ᠠᠴᠠ ᠬᠡᠲᠦᠷᠡᠲᠡᠯ᠎ᠡ ᠡᠮ ᠪᠢᠴᠢᠵᠦ ᠥᠭᠬᠦ᠂ ᠳᠠᠪᠬᠤᠷᠳᠠᠭᠤᠯᠤᠨ ᠡᠮ ᠪᠢᠴᠢᠵᠦ ᠪᠣᠯᠬᠤ ᠦᠭᠡᠢ᠂ ᠳᠠᠪᠬᠤᠷᠳᠠᠭᠤᠯᠤᠨ ᠰᠦᠢ᠍ᠳᠬᠡᠯ ᠬᠤᠷᠢᠶᠠᠬᠤ᠂ ᠪᠠᠷᠢᠮᠵᠢᠶ᠎ᠠ᠎ᠠᠴᠠ ᠬᠡᠲᠦᠷᠡᠲᠡᠯ᠎ᠡ ᠰᠦᠢ᠍ᠳᠬᠡᠯ ᠬᠤᠷᠢᠶᠠᠬᠤ᠂ ᠵᠦᠢ᠍ᠯᠡᠰ᠎ᠢ ᠰᠠᠯᠭ᠋ᠠᠵᠤ ᠰᠦᠢ᠍ᠳᠬᠡᠯ ᠬᠤᠷᠢᠶᠠᠵᠤ ᠪᠣᠯᠬᠤ ᠦᠭᠡᠢ᠂ ᠡᠮ᠎ᠤᠨ ᠵᠦᠢ᠍ᠯ᠂ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠂ ᠣᠨᠣᠰᠢᠯᠠᠨ ᠡᠮᠨᠡᠬᠦ ᠵᠦᠢ᠍ᠯᠡᠰ ᠪᠠ ᠦᠢ᠍ᠯᠡᠴᠢᠯᠡᠭᠡᠨ᠎ᠤ ᠲᠥᠬᠥᠭᠡᠷᠦᠮᠵᠢ ᠵᠢ ᠬᠠᠷᠢᠯᠴᠠᠨ ᠰᠣᠯᠢᠵᠤ ᠪᠣᠯᠬᠤ ᠦᠭᠡᠢ᠂ ᠪᠤᠰᠤᠳ᠎ᠢ ᠥᠳᠥᠭᠡᠨ ᠲᠠᠲᠠᠵᠤ᠂ ᠬᠠᠪᠰᠤᠷᠴᠤ ᠪᠠᠶ᠋ᠢᠭ᠋ᠠᠳ ᠬᠠᠭᠤᠷᠮᠠᠭ ᠨᠡᠷ᠎ᠡ᠎ᠪᠠᠷ ᠡᠮᠨᠡᠭᠦᠯᠬᠦ ᠪᠤᠶᠤ ᠬᠤᠳᠠᠯ ᠬᠠᠭᠤᠷᠮᠠᠭ ᠵᠶ᠋ᠠᠷ ᠡᠮᠨᠡᠭᠦᠯᠵᠦ᠂ ᠡᠮ ᠬᠤᠳᠠᠯᠳᠤᠨ ᠠᠪᠤᠭᠤᠯᠵᠤ ᠪᠣᠯᠬᠤ ᠦᠭᠡᠢ᠃
      ᠲᠦᠷᠭᠡᠨ ᠡᠮᠨᠡᠭᠦᠯᠬᠦ᠂ ᠲᠦᠷᠭᠡᠨ ᠠᠪᠤᠷᠠᠬᠤ ᠵᠡᠷᠭᠡ ᠣᠨᠴᠠᠭ᠋ᠠᠶ ᠪᠠᠶ᠋ᠢᠳᠠᠯ᠎ᠠᠴᠠ ᠭᠠᠳᠠᠨ᠎ᠠ᠂ ᠴᠢᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ᠎ᠨᠢ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠥ ᠵᠢᠨ ᠲᠥᠯᠥᠬᠦ ᠬᠡᠪᠴᠢᠶ᠎ᠡ᠎ᠠᠴᠠ ᠭᠠᠳᠠᠨᠠᠬᠢ ᠡᠮ ᠡᠮᠨᠡᠯᠭᠡ ᠵᠢᠨ ᠦᠢ᠍ᠯᠡᠴᠢᠯᠡᠭᠡ ᠬᠠᠩᠭ᠋ᠠᠬᠤ᠎ᠳᠤ ᠬᠦᠷᠪᠡᠯ᠂ ᠳᠠᠭ᠋ᠠᠳᠬᠠᠯ᠎ᠳᠤ ᠣᠷᠣᠯᠴᠠᠭᠰᠠᠨ ᠬᠥᠮᠦᠨ ᠪᠤᠶᠤ ᠲᠡᠭᠦᠨ᠎ᠤ ᠣᠶ᠋ᠢᠷ᠎ᠠ ᠲᠥᠷᠥᠯ ᠰᠠᠳᠤᠨ᠂ ᠬᠢᠨᠠᠨ ᠬᠠᠮᠠᠭ᠋ᠠᠯᠠᠭᠴᠢ᠎ᠪᠠᠷ ᠵᠥᠪᠰᠢᠶᠡᠷᠡᠭᠦᠯᠬᠦ ᠬᠡᠷᠡᠭᠲᠡᠶ᠃
      ᠠᠷᠪᠠᠨ ᠭᠤᠷᠪᠠᠳᠤᠭ᠋ᠠᠷ ᠵᠦᠢ᠍ᠯ   ᠲᠠᠭ᠋ᠠᠳᠬᠠᠯ᠎ᠳᠤ ᠣᠷᠣᠯᠴᠠᠭᠰᠠᠳ ᠲᠤᠰ ᠬᠥᠮᠦᠨ᠎ᠤ ᠡᠮ ᠡᠮᠨᠡᠯᠭᠡ ᠵᠢᠨ ᠪᠠᠲᠤᠯᠠᠭ᠎ᠠ ᠵᠢᠨ ᠬᠡᠷᠡᠴᠢ ᠪᠠᠷᠢᠮᠲᠠ᠎ᠪᠠᠨ ᠠᠪᠴᠤ ᠡᠮᠨᠡᠭᠦᠯᠵᠦ᠂ ᠡᠮ ᠬᠤᠳᠠᠯᠳᠤᠨ ᠠᠪᠬᠤ ᠵᠢᠨ ᠬᠠᠮᠲᠤ ᠰᠠᠨᠠᠭ᠋ᠠᠴᠢᠯᠠᠭ᠎ᠠ᠎ᠠᠴᠠ᠎ᠪᠠᠨ ᠭᠠᠷᠭ᠋ᠠᠨ ᠦᠵᠡᠭᠦᠯᠵᠦ ᠪᠠᠶ᠋ᠢᠴᠠᠭ᠋ᠠᠨ ᠰᠢᠯᠭ᠋ᠠᠬᠤ ᠵᠢ ᠬᠦᠯᠢᠶᠡᠬᠦ ᠬᠡᠷᠡᠭᠲᠡᠶ᠃ ᠳᠠᠭ᠋ᠠᠳᠬᠠᠯ᠎ᠳᠤ ᠣᠷᠣᠭᠰᠠᠳ ᠴᠢᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ᠂ ᠴᠢᠭ ᠲᠣᠭᠲᠠᠭ᠋ᠠᠭᠰᠠᠨ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ ᠵᠶ᠋ᠠᠷ ᠵᠠᠷᠤᠳᠠᠯ᠎ᠤᠨ ᠪᠠᠷᠢᠮᠲᠠ ᠪᠣᠯᠤᠨ ᠬᠠᠮᠢᠶ᠎ᠠ ᠪᠥᠬᠥᠶ ᠮᠠᠲ᠋ᠧᠷᠢᠶᠠᠯ᠎ᠢ ᠦᠨᠡᠨ ᠪᠣᠳᠠᠲᠠᠶ᠎ᠪᠠᠷ ᠭᠠᠷᠭ᠋ᠠᠭᠤᠯᠬᠤ᠎ᠪᠠᠷ ᠱᠠᠭ᠋ᠠᠷᠳᠠᠬᠤ ᠡᠷᠬᠡ᠎ᠲᠠᠢ᠃
      ᠳᠠᠭ᠋ᠠᠳᠬᠠᠯ᠎ᠳᠤ ᠣᠷᠣᠯᠴᠠᠭᠰᠠᠳ ᠲᠣᠭᠲᠠᠭ᠋ᠠᠯ ᠶᠣᠰᠣᠭ᠋ᠠᠷ ᠡᠮ ᠡᠮᠨᠡᠯᠭᠡ ᠵᠢᠨ ᠪᠠᠲᠤᠯᠠᠭ᠎ᠠ ᠵᠢᠨ ᠬᠠᠷᠠᠭ᠋ᠠᠯᠵᠠᠯ᠎ᠢ ᠡᠳ᠋ᠯᠡᠬᠦ ᠬᠡᠷᠡᠭᠲᠡᠶ᠂ ᠳᠠᠪᠬᠤᠷᠳᠠᠭᠤᠯᠤᠨ ᠡᠳ᠋ᠯᠡᠵᠦ ᠪᠣᠯᠬᠤ ᠦᠭᠡᠢ᠃
      ᠳᠠᠭ᠋ᠠᠳᠬᠠᠯ᠎ᠳᠤ ᠣᠷᠣᠯᠴᠠᠭᠰᠠᠳ ᠡᠮ ᠡᠮᠨᠡᠯᠭᠡ ᠵᠢᠨ ᠪᠠᠲᠤᠯᠠᠭ᠎ᠠ ᠵᠢᠨ ᠭᠠᠷᠳᠠᠨ ᠬᠢᠬᠦ ᠪᠠᠶ᠋ᠢᠭᠤᠯᠤᠮᠵᠢ ᠵᠢ ᠡᠮ ᠡᠮᠨᠡᠯᠭᠡ ᠵᠢᠨ ᠪᠠᠲᠤᠯᠠᠭ᠎ᠠ ᠵᠢᠨ ᠵᠥᠪᠯᠡᠯᠭᠡ ᠥᠭᠬᠦ ᠦᠢ᠍ᠯᠡᠴᠢᠯᠡᠭᠡ ᠬᠠᠩᠭ᠋ᠠᠯᠭ᠋ᠠᠬᠤ᠎ᠪᠠᠷ ᠱᠠᠭ᠋ᠠᠷᠳᠠᠵᠤ᠂ ᠡᠮ ᠡᠮᠨᠡᠯᠭᠡ ᠵᠢᠨ ᠪᠠᠲᠤᠯᠠᠭ᠎ᠠ ᠵᠢᠨ ᠰᠠᠭᠤᠷᠢ ᠮᠥᠩᠭᠥ ᠵᠢ ᠬᠡᠷᠡᠭᠯᠡᠬᠦ ᠲᠠᠯ᠎ᠠ᠎ᠪᠠᠷ ᠥᠭᠡᠷᠡᠴᠢᠯᠡᠨ ᠰᠠᠶ᠋ᠢᠵᠢᠷᠠᠭᠤᠯᠬᠤ ᠰᠠᠨᠠᠭᠤᠯᠭ᠎ᠠ ᠳᠤᠷᠠᠳᠬᠤ ᠡᠷᠬᠡ᠎ᠲᠠᠢ᠃
      ᠠᠷᠪᠠᠨ ᠳᠥᠷᠪᠡᠳᠦᠭᠡᠷ ᠵᠦᠢ᠍ᠯ   ᠲᠠᠭ᠋ᠠᠳᠬᠠᠯ᠎ᠳᠤ ᠣᠷᠣᠯᠴᠠᠭᠰᠠᠳ ᠡᠮ ᠡᠮᠨᠡᠯᠭᠡ ᠵᠢᠨ ᠪᠠᠲᠤᠯᠠᠭ᠎ᠠ ᠵᠢᠨ ᠬᠠᠷᠠᠭ᠋ᠠᠯᠵᠠᠯ ᠬᠦᠷᠳᠡᠬᠦ ᠲᠣᠬᠢᠶᠠᠯ᠎ᠢ ᠠᠰᠢᠭᠯᠠᠨ ᠡᠮ᠎ᠤᠨ ᠵᠦᠢ᠍ᠯ᠎ᠢ ᠰᠢᠯᠵᠢᠭᠦᠯᠦᠨ ᠬᠤᠳᠠᠯᠳᠤᠬᠤ᠂ ᠪᠡᠯᠡᠨ ᠵᠣᠭᠣᠰ᠂ ᠪᠣᠳᠠᠲᠤ ᠶᠠᠭᠤᠮ᠎ᠠ ᠵᠢᠨ ᠪᠤᠴᠠᠭ᠋ᠠᠯᠲᠠ ᠵᠢ ᠬᠦᠯᠢᠶᠡᠨ ᠠᠪᠬᠤ ᠪᠤᠶᠤ ᠪᠤᠰᠤᠳ ᠬᠠᠤᠯᠢ ᠪᠤᠰᠤ ᠠᠰᠢᠭ ᠣᠯᠵᠤ ᠪᠣᠯᠬᠤ ᠦᠭᠡᠢ᠃
      ᠴᠢᠭ ᠲᠣᠭᠲᠠᠭᠰᠠᠨ ᠡᠮᠴᠢᠯᠡᠭᠡᠨ᠎ᠤ ᠪᠠᠶ᠋ᠢᠭᠤᠯᠤᠮᠵᠢ᠂ ᠴᠢᠭ ᠲᠣᠭᠲᠠᠭᠰᠠᠨ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ᠎ᠨᠢ ᠳᠠᠭ᠋ᠠᠳᠬᠠᠯ᠎ᠳᠤ ᠣᠷᠣᠯᠴᠠᠭᠰᠠᠳ᠎ᠤᠨ ᠡᠮᠴᠢᠯᠡᠭᠡᠨ᠎ᠤ ᠪᠠᠲᠤᠯᠠᠭ᠎ᠠ ᠵᠢᠨ ᠣᠯᠭᠣᠮᠵᠢ ᠬᠥᠷᠳᠡᠬᠥ ᠲᠣᠬᠢᠶᠠᠯ᠎ᠢ ᠠᠰᠢᠭᠯᠠᠨ ᠡᠮ᠎ᠤᠨ ᠵᠦᠢ᠍ᠯ᠎ᠢ ᠳᠠᠮᠵᠢᠭᠤᠯᠤᠨ ᠬᠤᠳᠠᠯᠳᠤᠬᠤ᠂ ᠪᠡᠯᠡᠨ ᠵᠣᠭᠣᠰ᠂ ᠪᠣᠳᠠᠲᠤ ᠶᠠᠭᠤᠮ᠎ᠠ ᠡᠭᠡᠭᠦᠯᠦᠨ ᠪᠤᠴᠠᠭ᠋ᠠᠬᠤ ᠵᠢ ᠬᠥᠯᠢᠶᠡᠨ ᠠᠪᠬᠤ ᠪᠤᠶᠤ ᠪᠤᠰᠤᠳ ᠬᠠᠤᠯᠢ ᠪᠤᠰᠤ ᠠᠰᠢᠭ ᠲᠤᠰᠠ ᠬᠥᠷᠳᠡᠬᠥ᠎ᠳᠤᠨᠢ ᠲᠥᠬᠥᠮ ᠦᠵᠡᠭᠦᠯᠵᠦ ᠪᠣᠯᠬᠤ ᠥᠭᠡᠢ᠃
      ᠠᠷᠪᠠᠨ ᠲᠠᠪᠤᠳᠤᠭ᠋ᠠᠷ ᠵᠦᠢ᠍ᠯ   ᠡᠮ ᠡᠮᠨᠡᠯᠭᠡ ᠵᠢᠨ ᠪᠠᠲᠤᠯᠠᠭ᠎ᠠ ᠵᠢᠨ ᠭᠠᠷᠳᠠᠨ ᠬᠢᠬᠦ ᠪᠠᠶ᠋ᠢᠭᠤᠯᠤᠮᠵᠢ᠂ ᠴᠢᠭ ᠲᠣᠭᠲᠠᠭ᠋ᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ᠂ ᠴᠢᠭ ᠲᠣᠭᠲᠠᠭ᠋ᠠᠭᠰᠠᠨ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ ᠵᠡᠷᠭᠡ ᠨᠢᠭᠡᠴᠢ ᠵᠢᠴᠢ ᠲᠡᠭᠦᠨ᠎ᠤ ᠠᠵᠢᠯᠲᠠᠨ ᠪᠠ ᠳᠠᠭ᠋ᠠᠳᠬᠠᠯ᠎ᠳᠤ ᠣᠷᠣᠯᠴᠠᠭᠴᠢ ᠡᠮ ᠡᠮᠨᠡᠯᠭᠡ ᠵᠢᠨ ᠪᠢᠴᠢᠭ ᠬᠠᠷ᠎ᠠ᠂ ᠠᠨᠠᠭ᠋ᠠᠬᠤ ᠤᠬᠠᠭ᠋ᠠᠨ᠎ᠤ ᠭᠡᠷᠡᠴᠢ᠂ ᠨᠢᠭᠲᠠᠯᠠᠨ ᠪᠣᠳᠣᠯᠲᠠ ᠵᠢᠨ ᠭᠡᠷᠡᠴᠢ ᠪᠠᠷᠢᠮᠲᠠ᠂ ᠡᠯᠧᠺᠲᠷᠣᠨ ᠮᠡᠳᠡᠭᠡ ᠵᠠᠩᠭᠢ ᠵᠡᠷᠭᠡ ᠬᠣᠯᠪᠣᠭᠳᠠᠯ ᠪᠦᠬᠦᠢ ᠮᠠᠲ᠋ᠧᠷᠢᠶᠠᠯ᠎ᠢ ᠬᠠᠭᠤᠷᠮᠠᠭᠯᠠᠨ ᠵᠣᠬᠢᠶᠠᠬᠤ᠂ ᠬᠤᠪᠢᠷᠠᠭᠤᠯᠤᠨ ᠵᠣᠬᠢᠶᠠᠬᠤ᠂ ᠨᠢᠭᠤᠨ ᠳᠠᠯᠳᠠᠯᠠᠬᠤ᠂ ᠪᠠᠯᠠᠯᠤᠨ ᠵᠠᠰᠠᠬᠤ᠂ ᠤᠰᠠᠳᠬᠠᠬᠤ ᠪᠤᠶᠤ ᠡᠮ ᠡᠮᠨᠡᠯᠭᠡ ᠵᠢᠨ ᠦᠢ᠍ᠯᠡᠴᠢᠯᠡᠭᠡᠨ᠎ᠤ ᠵᠦᠢ᠍ᠯᠡᠰ᠎ᠢ ᠬᠠᠭᠤᠷᠮᠠᠭᠯᠠᠨ ᠵᠣᠬᠢᠶᠠᠬᠤ ᠵᠡᠷᠭᠡ ᠠᠷᠭ᠎ᠠ ᠮᠠᠶᠢᠭ ᠵᠶ᠋ᠠᠷ ᠡᠮ ᠡᠮᠨᠡᠯᠭᠡ ᠵᠢᠨ ᠪᠠᠲᠤᠯᠠᠭ᠎ᠠ ᠵᠢᠨ ᠰᠠᠭᠤᠷᠢ ᠮᠥᠩᠭᠥ ᠵᠢ ᠮᠡᠬᠡᠯᠡᠨ ᠠᠪᠴᠤ ᠪᠣᠯᠬᠤ ᠦᠭᠡᠢ᠃
      ᠠᠷᠪᠠᠨ ᠵᠢᠷᠭᠤᠳᠤᠭ᠋ᠠᠷ ᠵᠦᠢ᠍ᠯ   ᠡᠮ ᠡᠮᠨᠡᠯᠭᠡ ᠵᠢᠨ ᠪᠠᠲᠤᠯᠠᠭ᠎ᠠ ᠵᠢᠨ ᠰᠠᠭᠤᠷᠢ ᠮᠥᠩᠭᠥ ᠵᠢᠨ ᠲᠤᠰᠬᠠᠶ ᠵᠣᠭᠣᠰ᠎ᠢ ᠲᠤᠰᠬᠠᠶ ᠵᠦᠢ᠍ᠯ᠎ᠳᠤ ᠬᠡᠷᠡᠭᠯᠡᠨ᠎ᠡ᠂ ᠶᠠᠮᠠᠷᠪᠠ ᠵᠣᠬᠢᠶᠠᠨ ᠪᠠᠶ᠋ᠢᠭᠤᠯᠤᠯᠲᠠ ᠪᠠ ᠬᠤᠪᠢ ᠬᠥᠮᠦᠨ ᠡᠵᠡᠯᠡᠨ ᠠᠪᠬᠤ ᠪᠤᠶᠤ ᠨᠡᠭᠦᠯᠭᠡᠨ ᠬᠡᠷᠡᠭᠯᠡᠵᠦ ᠪᠣᠯᠬᠤ ᠦᠭᠡᠢ᠃
      ᠠᠷᠪᠠᠨ ᠳᠣᠯᠣᠳᠤᠭ᠋ᠠᠷ ᠵᠦᠢ᠍ᠯ   ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠳ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠮᠡᠳᠡᠭᠡ ᠵᠠᠩᠭᠢ ᠵᠢᠨ ᠰᠢᠰᠲ᠋ᠧᠮ᠎ᠢ ᠪᠠᠶ᠋ᠢᠭᠤᠯᠵᠤ᠂ ᠲᠣᠮᠣ ᠳ᠋ᠠᠶ᠋ᠢᠲ᠋ᠠ ᠵᠢᠨ ᠪᠠᠢ᠌ᠳᠠᠯ᠎ᠢ ᠴᠠᠭ ᠲᠤᠬᠠᠢ᠎ᠳᠤᠨᠢ ᠤᠶᠤᠨᠴᠢ ᠬᠢᠨᠠᠯᠳᠠ ᠲᠠᠯᠪᠢᠬᠤ ᠵᠢ ᠬᠡᠷᠡᠭᠵᠢᠭᠦᠯᠦᠨ᠎ᠡ᠃
      ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠳ ᠬᠣᠯᠪᠣᠭᠳᠠᠯ ᠪᠥᠬᠥᠶ ᠰᠠᠯᠠᠭ᠎ᠠ ᠮᠥᠴᠢᠷ᠎ᠯᠦᠭᠡ ᠮᠡᠳᠡᠭᠡ ᠵᠠᠩᠭᠢ ᠰᠣᠯᠢᠯᠴᠠᠬᠤ ᠪᠠ ᠬᠠᠮᠲᠤᠪᠠᠷ ᠭᠥᠷᠳᠡᠬᠦ᠎ᠪᠠᠨ ᠴᠢᠩᠭ᠋ᠠᠳᠬᠠᠵᠤ᠂ ᠬᠠᠮᠲᠤᠪᠠᠷ ᠭᠥᠷᠳᠡᠬᠦ ᠲᠣᠭ᠎ᠠ ᠪᠠᠷᠢᠮᠲᠠ ᠵᠢᠨ ᠠᠶᠦᠯᠭᠦᠢ ᠵᠢ ᠪᠠᠳᠤᠯᠠᠨ᠎ᠠ᠃
      ᠠᠷᠪᠠᠨ ᠨᠠᠢ᠍ᠮᠠᠳᠤᠭ᠋ᠠᠷ ᠵᠦᠢ᠍ᠯ   ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠳ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠥ ᠵᠢᠨ ᠲᠦᠭᠰᠢᠭᠦᠷᠢ ᠵᠢ ᠦᠨᠡᠯᠡᠨ ᠵᠢᠱ᠌ᠢᠬᠦ᠂ ᠢᠯᠡᠴᠢᠯᠡᠨ ᠮᠡᠳᠡᠭᠦᠯᠵᠦ ᠵᠠᠭ᠋ᠠᠯᠳᠤᠭᠰᠠᠨ ᠰᠦᠪᠡᠭᠴᠢ᠂ ᠡᠮᠴᠢᠯᠡᠭᠡᠨ᠎ᠤ ᠪᠠᠲᠤᠯᠠᠭ᠎ᠠ ᠵᠢᠨ ᠲᠣᠭ᠎ᠠ ᠪᠠᠷᠢᠮᠲᠠ ᠵᠢ ᠬᠢᠨᠠᠨ ᠡᠵᠡᠮᠳᠡᠬᠦ ᠵᠡᠷᠭᠡ ᠪᠠᠶ᠋ᠢᠳᠠᠯ᠎ᠢ ᠦᠨᠳᠦᠰᠦᠯᠡᠨ᠂ ᠪᠠᠶ᠋ᠢᠴᠠᠭ᠋ᠠᠬᠤ ᠭᠣᠣᠯᠳᠠᠯᠭ᠎ᠠ᠎ᠪᠠᠨ ᠲᠣᠭᠲᠠᠭ᠋ᠠᠵᠤ᠂ ᠲᠤᠰᠬᠠᠶ ᠵᠦᠢ᠍ᠯ᠎ᠤᠨ ᠪᠠᠶ᠋ᠢᠴᠠᠭ᠋ᠠᠯᠲᠠ ᠵᠢ ᠵᠣᠬᠢᠶᠠᠨ ᠪᠠᠶ᠋ᠢᠭᠤᠯᠤᠨ ᠥᠷᠨᠢᠭᠦᠯᠬᠦ ᠬᠡᠷᠡᠭᠲᠡᠶ᠃
      ᠠᠷᠪᠠ ᠶᠢᠰᠦᠳᠦᠭᠡᠷ ᠵᠦᠢ᠍ᠯ   ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠡᠮᠨᠡᠯᠭᠡ ᠵᠢᠨ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠡᠷᠡᠭᠦᠯ ᠬᠠᠮᠠᠭ᠋ᠠᠯᠠᠯ ᠡᠷᠡᠭᠦᠯ ᠮᠡᠨᠳᠤ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠂ ᠡᠳ᠋᠎ᠤᠨ ᠵᠠᠰᠠᠭ᠂ ᠳᠣᠲᠣᠭ᠋ᠠᠳᠤ ᠵᠢ ᠬᠠᠮᠠᠭ᠋ᠠᠯᠠᠬᠤ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ ᠬᠠᠮᠲᠤᠷᠠᠭᠰᠠᠨ ᠪᠠᠶ᠋ᠢᠴᠠᠭ᠋ᠠᠯᠲᠠ ᠵᠢ ᠥᠷᠨᠢᠭᠦᠯᠵᠦ ᠪᠣᠯᠤᠨ᠎ᠠ᠃
      ᠣᠷᠣᠨ ᠪᠦᠰᠡ ᠠᠯᠤᠰᠯᠠᠭᠰᠠᠨ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠥ ᠵᠢ ᠬᠡᠷᠡᠭᠯᠡᠬᠦ ᠠᠵᠢᠯᠯᠠᠭ᠎ᠠ ᠵᠢ ᠳᠡᠭᠡᠷ᠎ᠡ ᠨᠢᠭᠡ ᠱᠠᠲᠤᠨ᠎ᠤ ᠬᠠᠮᠲᠤ ᠵᠢᠨ ᠡᠮᠴᠢᠯᠡᠭᠡᠨ᠎ᠤ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ ᠵᠢᠭ᠋ᠠᠨ ᠲᠣᠭᠲᠠᠭ᠋ᠠᠭᠰᠠᠨ ᠡᠮᠴᠢᠯᠡᠭᠡᠨ᠎ᠤ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠪᠠᠶ᠋ᠢᠴᠠᠭ᠋ᠠᠨ᠎ᠠ᠃
      ᠬᠣᠷᠢᠳᠤᠭ᠋ᠠᠷ ᠵᠦᠢ᠍ᠯ   ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠳ ᠬᠢᠨᠠᠯᠲᠠ ᠲᠠᠯᠪᠢᠵᠤ ᠪᠠᠶ᠋ᠢᠴᠠᠭ᠋ᠠᠬᠤ ᠵᠢ ᠬᠡᠷᠡᠭᠵᠢᠭᠦᠯᠬᠦ᠎ᠳᠤ᠂ ᠳᠣᠣᠷᠠᠬᠢ ᠠᠷᠭ᠎ᠠ ᠬᠡᠮᠵᠢᠶ᠎ᠡ ᠵᠢ ᠠᠪᠴᠤ ᠪᠣᠯᠤᠨ᠎ᠠ᠄
     (ᠨᠢᠭᠡ) ᠲᠤᠬᠠᠶ ᠵᠢᠨ ᠲᠠᠯᠠᠪᠤᠷ᠎ᠲᠤ ᠣᠷᠣᠵᠤ ᠪᠠᠶ᠋ᠢᠴᠠᠭ᠋ᠠᠬᠤ;
     (ᠬᠣᠶᠠᠷ) ᠬᠣᠯᠪᠣᠭᠳᠠᠯ ᠪᠦᠬᠦᠢ ᠬᠥᠮᠦᠰ᠎ᠠᠴᠠ ᠯᠠᠪᠯᠠᠨ ᠠᠰᠠᠭᠤᠬᠤ;
     (ᠭᠤᠷᠪᠠ) ᠪᠠᠶ᠋ᠢᠴᠠᠭ᠋ᠠᠭᠳᠠᠬᠤ ᠡᠲᠡᠭᠡᠳ᠎ᠢ ᠪᠠᠶ᠋ᠢᠴᠠᠭ᠋ᠠᠬᠤ ᠵᠦᠢ᠍ᠯ᠎ᠲᠠᠢ ᠬᠣᠯᠪᠣᠭᠳᠠᠬᠤ ᠪᠢᠴᠢᠭ ᠮᠠᠲ᠋ᠧᠷᠢᠶᠠᠯ ᠬᠠᠩᠭ᠋ᠠᠯᠭ᠋ᠠᠬᠤ᠎ᠪᠠᠷ ᠱᠠᠭ᠋ᠠᠷᠳᠠᠬᠤ ᠵᠢᠨ ᠬᠠᠮᠲᠤ ᠲᠠᠶ᠋ᠢᠯᠪᠤᠷᠢᠯᠠᠯᠲᠠ ᠪᠠ ᠲᠣᠳᠣᠷᠬᠠᠶ᠋ᠢᠯᠠᠯᠲᠠ ᠬᠢᠯᠭᠡᠬᠦ;
     (ᠲᠤᠢ᠍ᠷᠪᠡ) ᠲᠡᠮᠳᠡᠭᠯᠡᠬᠦ᠂ ᠲᠡᠭᠤ ᠰᠢᠩᠭᠡᠭᠡᠬᠦ᠂ ᠳᠦᠷᠰᠦ ᠰᠢᠩᠭᠡᠭᠡᠬᠦ᠂ ᠭᠡᠷᠡᠯ ᠵᠢᠷᠤᠭ ᠠᠪᠬᠤ ᠪᠤᠶᠤ ᠪᠠᠭᠤᠯᠭ᠋ᠠᠨ ᠠᠪᠬᠤ ᠵᠡᠷᠭᠡ ᠠᠷᠭ᠎ᠠ ᠮᠠᠶᠢᠭ ᠵᠶ᠋ᠠᠷ ᠬᠣᠯᠪᠣᠭᠳᠠᠯ ᠪᠦᠬᠦᠢ ᠪᠠᠶ᠋ᠢᠳᠠᠯ ᠪᠠ ᠮᠠᠲ᠋ᠧᠷᠢᠶᠠᠯ᠎ᠢ ᠴᠤᠭᠯᠠᠭᠤᠯᠬᠤ;
     (ᠲᠠᠪᠤ) ᠰᠢᠯᠵᠢᠭᠦᠯᠬᠦ᠂ ᠨᠢᠭᠤᠬᠤ ᠪᠤᠶᠤ ᠤᠰᠠᠳᠬᠠᠵᠤ ᠮᠡᠳᠡᠬᠦ ᠮᠠᠲ᠋ᠧᠷᠢᠶᠠᠯ ᠵᠡᠷᠭᠡ ᠵᠢ ᠪᠢᠲᠡᠭᠦᠮᠵᠢᠯᠡᠨ ᠬᠠᠳᠠᠭ᠋ᠠᠯᠠᠬᠤ;
     (ᠵᠢᠷᠭᠤᠭ᠎ᠠ) ᠨᠥᠬᠥᠴᠡᠯ᠎ᠳᠤ ᠨᠡᠶ᠋ᠢᠴᠡᠬᠦ ᠨᠢᠭᠲᠠᠯᠠᠨ ᠪᠤᠳᠤᠭᠴᠢ ᠵᠢᠨ ᠬᠡᠷᠡᠭ ᠡᠷᠬᠢᠯᠡᠬᠦ ᠭᠠᠵᠠᠷ ᠵᠡᠷᠭᠡ ᠭᠤᠷᠪᠠᠳᠠᠬᠢ ᠡᠲᠡᠭᠡᠳ᠎ᠤᠨ ᠪᠠᠶ᠋ᠢᠭᠤᠯᠤᠮᠵᠢ ᠪᠠ ᠲᠤᠰᠬᠠᠢ ᠮᠡᠷᠭᠡᠵᠢᠯ᠎ᠤᠨ ᠠᠵᠢᠯᠳᠠᠨ᠎ᠢ ᠤᠷᠢᠵᠤ ᠪᠠᠶ᠋ᠢᠴᠠᠭ᠋ᠠᠯᠲᠠ ᠵᠢ ᠬᠠᠮᠵᠢᠨ ᠥᠷᠨᠢᠭᠦᠯᠬᠦ;
     (ᠲᠤᠯᠤᠭ᠎ᠠ) ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠪᠤᠰᠤᠳ ᠠᠷᠭ᠎ᠠ ᠬᠡᠮᠵᠢᠶ᠎ᠡ᠃
      ᠬᠣᠷᠢᠨ ᠨᠢᠭᠡᠳᠦᠭᠡᠷ ᠵᠦᠢ᠍ᠯ   ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠡᠮ ᠡᠮᠨᠡᠯᠭᠡ ᠵᠢᠨ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠬᠠᠤᠯᠢ᠎ᠪᠠᠷ ᠲᠣᠭᠲᠠᠭ᠋ᠠᠭᠰᠠᠨ ᠨᠥᠬᠥᠴᠡᠯ᠎ᠳᠤ ᠨᠡᠶ᠋ᠢᠴᠡᠬᠦ ᠵᠣᠬᠢᠶᠠᠨ ᠪᠠᠶ᠋ᠢᠭᠤᠯᠤᠯᠲᠠ᠎ᠳᠤ ᠬᠠᠤᠯᠢ ᠶᠣᠰᠣᠭ᠋ᠠᠷ ᠨᠠᠶ᠋ᠢᠳᠠᠵᠤ ᠡᠮ ᠡᠮᠨᠡᠯᠭᠡ ᠵᠢᠨ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯ᠎ᠢ ᠥᠷᠨᠢᠭᠦᠯᠵᠦ ᠪᠣᠯᠤᠨ᠎ᠠ᠃
      ᠬᠣᠷᠢᠨ ᠬᠣᠶᠠᠳᠤᠭ᠋ᠠᠷ ᠵᠦᠢ᠍ᠯ   ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠡᠮᠨᠡᠯᠭᠡ ᠵᠢᠨ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠬᠢᠨᠠᠯᠲᠠ ᠲᠠᠯᠪᠢᠵᠤ ᠪᠠᠶ᠋ᠢᠴᠠᠭ᠋ᠠᠬᠤ᠎ᠲᠠᠭᠠᠨ᠂ ᠪᠠᠶ᠋ᠢᠴᠠᠭ᠋ᠠᠭᠳᠠᠬᠤ ᠡᠲᠡᠭᠡᠳ᠎ᠢ ᠬᠠᠮᠵᠢᠯᠴᠠᠵᠤ᠂ ᠬᠠᠮᠢᠶ᠎ᠠ ᠪᠥᠬᠥᠢ ᠮᠠᠲᠸᠷᠢᠶᠠᠯ ᠪᠣᠯᠤᠨ ᠮᠡᠳᠡᠭᠡ ᠵᠠᠩᠭᠢ ᠵᠢ ᠦᠨᠡᠨ ᠮᠥᠨ ᠵᠶ᠋ᠠᠷ᠎ᠨᠢ ᠬᠠᠩᠭ᠋ᠠᠬᠤ ᠬᠡᠷᠡᠭᠲᠡᠶ᠂ ᠪᠠᠶ᠋ᠢᠴᠠᠭ᠋ᠠᠬᠤ ᠵᠢ ᠲᠡᠪᠴᠢᠬᠦ᠂ ᠬᠠᠷᠰᠢᠯᠠᠬᠤ ᠪᠤᠶᠤ ᠬᠤᠳᠠᠯ ᠵᠶ᠋ᠠᠷ ᠮᠡᠳᠡᠭᠦᠯᠬᠦ᠂ ᠳᠠᠷᠤᠭ᠋ᠠᠳ ᠮᠡᠳᠡᠭᠦᠯᠬᠦ ᠥᠭᠡᠢ ᠪᠠᠶ᠋ᠢᠵᠤ ᠪᠣᠯᠬᠤ ᠥᠭᠡᠢ᠃
      ᠬᠣᠷᠢᠨ ᠭᠤᠷᠪᠠᠳᠤᠭ᠋ᠠᠷ ᠵᠦᠢ᠍ᠯ   ᠡᠮ ᠡᠮᠨᠡᠯᠭᠡ ᠵᠢᠨ ᠪᠠᠲᠤᠯᠠᠭ᠎ᠠ ᠵᠡᠷᠭᠡ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠵᠢᠴᠢ ᠲᠡᠭᠦᠨ᠎ᠤ ᠠᠵᠢᠯᠲᠠᠨ᠂ ᠡᠮ ᠡᠮᠨᠡᠯᠭᠡ ᠵᠢᠨ ᠪᠠᠲᠤᠯᠠᠭ᠎ᠠ ᠵᠢᠨ ᠭᠠᠷᠳᠠᠨ ᠬᠢᠬᠦ ᠪᠠᠶ᠋ᠢᠭᠤᠯᠤᠮᠵᠢ᠂ ᠨᠢᠭᠲᠠᠯᠠᠨ ᠪᠣᠳᠣᠭᠴᠢ ᠵᠢᠨ ᠬᠡᠷᠡᠭ ᠡᠷᠬᠢᠯᠡᠬᠦ ᠭᠠᠵᠠᠷ ᠵᠡᠷᠭᠡ ᠪᠠᠶ᠋ᠢᠭᠤᠯᠤᠮᠵᠢ ᠵᠢᠴᠢ ᠲᠡᠭᠦᠨ᠎ᠤ ᠠᠵᠢᠯᠲᠠᠨ ᠠᠵᠢᠯ᠎ᠤᠨ ᠳᠤᠮᠳᠠ᠎ᠪᠠᠨ ᠣᠯᠵᠤ ᠮᠡᠳᠡᠭᠰᠡᠨ ᠪᠠᠶ᠋ᠢᠴᠠᠭ᠋ᠠᠭᠳᠠᠬᠤ ᠡᠲᠡᠭᠡᠳ᠎ᠤᠨ ᠮᠠᠲ᠋ᠧᠷᠢᠶᠠᠯ ᠪᠤᠶᠤ ᠬᠣᠯᠪᠣᠭᠳᠠᠯ ᠪᠦᠬᠦᠢ ᠮᠡᠳᠡᠭᠡ ᠵᠠᠩᠭᠢ ᠵᠢ ᠡᠮ ᠡᠮᠨᠡᠯᠭᠡ ᠵᠢᠨ ᠪᠠᠲᠤᠯᠠᠭ᠎ᠠ ᠵᠢᠨ ᠰᠠᠭᠤᠷᠢ ᠮᠥᠩᠭᠥ ᠵᠢᠨ ᠬᠡᠷᠡᠭᠯᠡᠯᠲᠡ ᠵᠢ ᠬᠢᠨᠠᠵᠤ ᠬᠠᠮᠢᠶᠠᠷᠬᠤ᠎ᠠᠴᠠ ᠭᠠᠳᠠᠨᠠᠬᠢ ᠪᠤᠰᠤᠳ ᠵᠣᠷᠢᠯᠭ᠎ᠠ᠎ᠳᠤ ᠬᠡᠷᠡᠭᠯᠡᠵᠦ ᠪᠣᠯᠬᠤ ᠦᠭᠡᠢ᠂ ᠲᠤᠬᠠᠶ ᠵᠢᠨ ᠬᠥᠮᠦᠨ᠎ᠤ ᠬᠤᠪᠢ ᠬᠥᠮᠦᠨ᠎ᠤ ᠮᠡᠳᠡᠭᠡ ᠵᠠᠩᠭᠢ ᠪᠠ ᠬᠤᠳᠠᠯᠳᠤᠭ᠋ᠠᠨ᠎ᠤ ᠨᠢᠭᠤᠴᠠ ᠵᠢ ᠵᠠᠳᠠᠷᠠᠭᠤᠯᠵᠤ᠂ ᠥᠭᠡᠷᠡᠲᠦᠭᠦᠯᠵᠦ᠂ ᠰᠦᠢ᠍ᠳᠬᠡᠵᠦ᠂ ᠬᠠᠤᠯᠢ ᠪᠤᠰᠤ᠎ᠪᠠᠷ ᠪᠤᠰᠤᠳ᠎ᠲᠤ ᠬᠠᠩᠭ᠋ᠠᠵᠤ ᠪᠣᠯᠬᠤ ᠦᠭᠡᠢ᠃
    ᠬᠣᠷᠢᠨ ᠳᠥᠷᠪᠡᠳᠦᠭᠡᠷ ᠵᠦᠢ᠍ᠯ   ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠡᠮᠨᠡᠯᠭᠡ ᠵᠢᠨ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠳ ᠡᠮᠨᠡᠯᠭᠡ ᠵᠢᠨ ᠪᠠᠲᠤᠯᠠᠭ᠎ᠠ ᠵᠢᠨ ᠰᠠᠭᠤᠷᠢ ᠮᠥᠩᠭᠥ ᠵᠢᠨ ᠬᠡᠷᠡᠭᠯᠡᠯᠲᠡ᠎ᠳᠤ ᠬᠢᠨᠠᠯᠲᠠ ᠲᠠᠯᠪᠢᠵᠤ ᠪᠠᠶ᠋ᠢᠴᠠᠭ᠋ᠠᠭᠰᠠᠨ ᠦᠷ᠎ᠡ ᠳ᠋ᠦᠩ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠨᠡᠶ᠋ᠢᠭᠡᠮ᠎ᠳᠤ ᠨᠡᠶ᠋ᠢᠲᠡᠯᠡᠵᠦ᠂ ᠨᠡᠶ᠋ᠢᠭᠡᠮ᠎ᠤᠨ᠎ᠬᠢᠨ᠎ᠤ ᠬᠢᠨᠠᠯᠲᠠ ᠲᠠᠯᠪᠢᠬᠤ ᠵᠢ ᠬᠦᠯᠢᠶᠡᠬᠦ ᠬᠡᠷᠡᠭᠲᠡᠶ᠃
      ᠬᠣᠷᠢᠨ ᠲᠠᠪᠤᠳᠤᠭ᠋ᠠᠷ ᠵᠦᠢ᠍ᠯ   ᠶᠠᠮᠠᠷᠪᠠ ᠵᠣᠬᠢᠶᠠᠨ ᠪᠠᠶ᠋ᠢᠭᠤᠯᠤᠯᠲᠠ ᠪᠠ ᠬᠤᠪᠢ ᠬᠥᠮᠦᠨ ᠴᠥᠮ ᠡᠮ ᠡᠮᠨᠡᠯᠭᠡ ᠵᠢᠨ ᠪᠠᠲᠤᠯᠠᠭ᠎ᠠ ᠵᠢᠨ ᠰᠠᠭᠤᠷᠢ ᠮᠥᠩᠭᠥ ᠵᠢᠨ ᠬᠡᠷᠡᠭᠯᠡᠯᠲᠡ ᠵᠢ ᠬᠢᠨᠠᠵᠤ ᠬᠠᠮᠢᠶᠠᠷᠤᠯᠳᠠ ᠵᠢᠨ ᠶᠠᠪᠤᠴᠠ᠎ᠳᠠᠬᠢ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠠᠵᠢᠯᠯᠠᠭ᠎ᠠ ᠵᠢ ᠡᠮ ᠡᠮᠨᠡᠯᠭᠡ ᠵᠢᠨ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠢᠯᠡᠴᠢᠯᠡᠨ ᠮᠡᠳᠡᠭᠦᠯᠵᠦ᠂ ᠵᠠᠭ᠋ᠠᠯᠳᠤᠬᠤ ᠡᠷᠬᠡ᠎ᠲᠠᠢ᠃ ᠢᠯᠡᠴᠢᠯᠡᠨ ᠮᠡᠳᠡᠭᠦᠯᠦᠯᠲᠡ᠂ ᠵᠠᠭ᠋ᠠᠯᠳᠤᠯᠭ᠎ᠠ ᠵᠢ ᠬᠦᠯᠢᠶᠡᠨ ᠠᠪᠤᠭᠰᠠᠨ ᠨᠢᠭᠡᠴᠢ ᠴᠠᠭ ᠲᠤᠬᠠᠶ᠎ᠳᠤᠨᠢ ᠪᠠᠶ᠋ᠢᠴᠠᠭ᠋ᠠᠨ ᠰᠢᠢ᠍ᠳᠪᠦᠷᠢᠯᠡᠵᠦ᠂ ᠪᠠᠶ᠋ᠢᠴᠠᠭ᠋ᠠᠨ ᠰᠢᠢ᠍ᠳᠪᠦᠷᠢᠯᠡᠭᠰᠡᠨ ᠦᠷ᠎ᠡ ᠳ᠋ᠦᠩ ᠵᠶ᠋ᠠᠨ ᠢᠯᠡᠴᠢᠯᠡᠨ ᠮᠡᠳᠡᠭᠦᠯᠦᠭᠴᠢ᠂ ᠵᠠᠭ᠋ᠠᠯᠳᠤᠭᠴᠢ᠎ᠳᠤ ᠬᠠᠷᠢᠭᠤ ᠲᠤᠰᠬᠠᠬᠤ ᠬᠡᠷᠡᠭᠲᠡᠶ᠃
      ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠡᠮ ᠡᠮᠨᠡᠯᠭᠡ ᠵᠢᠨ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠳ ᠢᠯᠡᠴᠢᠯᠡᠨ ᠮᠡᠳᠡᠭᠦᠯᠦᠭᠰᠡᠨ᠎ᠨᠢ ᠦᠨᠡᠨ ᠪᠣᠳᠠᠲᠠᠶ ᠪᠠᠶ᠋ᠢᠪᠠᠯ᠂ ᠤᠯᠤᠰ ᠪᠣᠯᠤᠨ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠥᠬᠥᠢ ᠲᠣᠭᠲᠠᠭ᠋ᠠᠯ ᠶᠣᠰᠣᠭ᠋ᠠᠷ ᠱᠠᠩᠨᠠᠬᠤ ᠬᠡᠷᠡᠭᠲᠡᠶ᠃
      ᠬᠣᠷᠢᠨ ᠵᠢᠷᠭᠤᠳᠤᠭ᠋ᠠᠷ ᠵᠦᠢ᠍ᠯ   ᠲᠤᠰ ᠠᠷᠭ᠎ᠠ ᠵᠢᠨ ᠲᠣᠭᠲᠠᠭ᠋ᠠᠯ᠎ᠠᠴᠠ ᠵᠥᠷᠢᠴᠡᠭᠰᠡᠨ ᠥᠢ᠍ᠯᠡ ᠠᠵᠢᠯᠯᠠᠭ᠎ᠠ ᠵᠢ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠨᠡᠶ᠋ᠢᠭᠡᠮ᠎ᠤᠨ ᠳᠠᠭ᠋ᠠᠳᠬᠠᠯ᠎ᠤᠨ ᠬᠠᠤᠯᠢ》 《ᠡᠮ ᠡᠮᠨᠡᠯᠭᠡ ᠵᠢᠨ ᠪᠠᠲᠤᠯᠠᠭ᠎ᠠ ᠵᠢᠨ ᠰᠠᠭᠤᠷᠢ ᠮᠥᠩᠭᠥ ᠵᠢᠨ ᠬᠡᠷᠡᠭᠯᠡᠯᠲᠡ ᠵᠢ ᠬᠢᠨᠠᠯᠳᠠ ᠲᠠᠯᠪᠢᠬᠤ ᠬᠠᠮᠢᠶᠠᠷᠤᠯᠳᠠ ᠵᠢᠨ ᠲᠥᠷᠢᠮ》 ᠵᠡᠷᠭᠡ ᠬᠣᠯᠪᠣᠭᠳᠠᠯ ᠪᠥᠬᠥᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠨᠢᠭᠡᠨᠲᠡ ᠰᠢᠢ᠍ᠳᠬᠡᠨ ᠲᠣᠷᠭ᠋ᠠᠬᠤ ᠲᠣᠭᠲᠠᠭ᠋ᠠᠯ ᠭᠠᠷᠭ᠋ᠠᠭᠰᠠᠨ ᠪᠠᠶ᠋ᠢᠪᠠᠯ᠂ ᠲᠡᠷᠡ ᠲᠣᠭᠲᠠᠭ᠋ᠠᠯ᠎ᠢ ᠵᠢᠷᠤᠮᠯᠠᠨ᠎ᠠ᠃
      ᠬᠣᠷᠢᠨ ᠳᠣᠯᠣᠳᠤᠭ᠋ᠠᠷ ᠵᠦᠢ᠍ᠯ   ᠠᠵᠢᠯᠲᠠᠨ ᠠᠵᠢᠯᠴᠢᠨ᠎ᠤ ᠶᠡᠬᠡ ᠲᠣᠭ᠋ᠠᠨ᠎ᠤ ᠡᠮᠴᠢᠯᠡᠭᠡᠨ᠎ᠤ ᠵᠠᠷᠤᠳᠠᠯ᠎ᠤᠨ ᠨᠥᠬᠥᠪᠥᠷᠢ᠂ ᠠᠯᠪᠠᠲᠠᠨ᠎ᠤ ᠡᠮᠴᠢᠯᠡᠭᠡᠨ᠎ᠤ ᠨᠥᠬᠥᠪᠥᠷᠢ ᠵᠡᠷᠭᠡ ᠡᠮᠴᠢᠯᠡᠭᠡᠨ᠎ᠤ ᠪᠠᠲᠤᠯᠠᠭ᠎ᠠ ᠵᠢᠨ ᠪᠠᠯᠠ ᠮᠥᠩᠭᠥ ᠵᠢᠨ ᠬᠡᠷᠡᠭᠯᠡᠯᠲᠡ ᠵᠢᠨ ᠬᠢᠨᠠᠯᠲᠠ ᠬᠠᠮᠢᠶᠠᠷᠤᠯᠲᠠ ᠵᠢ ᠲᠣᠰ ᠠᠷᠭ᠎ᠠ᠎ᠪᠠᠷ ᠯᠠᠪᠯᠠᠯᠲᠠ ᠪᠣᠯᠭ᠋ᠠᠨ ᠬᠡᠷᠡᠭᠵᠢᠭᠦᠯᠦᠨ᠎ᠡ᠃
      ᠰᠠᠭᠤᠭ᠋ᠠᠯᠢ ᠠᠷᠠᠳ᠎ᠤᠨ ᠬᠦᠨᠳᠦ ᠡᠪᠡᠳᠴᠢᠨ᠎ᠤ ᠳᠠᠭ᠋ᠠᠳᠬᠠᠯ᠎ᠤᠨ ᠪᠡᠯᠡ ᠮᠥᠩᠭᠥ ᠵᠢᠨ ᠬᠡᠷᠡᠭᠯᠡᠯᠲᠡ ᠵᠢ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠡᠷᠡᠭᠵᠢᠭᠦᠯᠦᠨ᠎ᠡ᠂ ᠡᠮ ᠡᠮᠨᠡᠯᠭᠡ ᠵᠢᠨ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠬᠢᠨᠠᠯᠲᠠ ᠲᠠᠯᠪᠢᠬᠤ᠎ᠪᠠᠨ ᠴᠢᠩᠭ᠋ᠠᠳᠬᠠᠬᠤ ᠬᠡᠷᠡᠭᠲᠡᠶ᠃
      ᠬᠣᠷᠢᠨ ᠨᠠᠢ᠍ᠮᠠᠳᠤᠭ᠋ᠠᠷ ᠵᠦᠢ᠍ᠯ   ᠲᠣᠰ ᠠᠷᠭ᠎ᠠ ᠵᠢ 2021 ᠣᠨ᠎ᠤ 8 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠣᠯᠠᠭ᠎ᠠ ᠵᠢᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠳᠤᠲᠠᠭᠳᠠᠵᠤ ᠪᠠᠶ᠋ᠢᠭ᠎ᠠ ᠡᠮ᠎ᠤᠨ ᠵᠦᠢ᠍ᠯ᠎ᠢ ᠰᠦᠯᠵᠢᠶᠡᠨ᠎ᠳᠤ ᠬᠣᠯᠪᠣᠬᠤ ᠠᠵᠢᠯ᠎ᠢ ᠰᠠᠶ᠋ᠢᠲᠤᠷ ᠬᠢᠬᠦ ᠲᠤᠬᠠᠶ ᠮᠡᠳᠡᠭᠳᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠰᠦᠯᠵᠢᠶᠡᠨ᠎ᠳᠤ ᠬᠤᠯᠪᠤᠬᠤ ᠦᠢ᠍ᠯᠡᠳᠭᠦᠨ (ᠬᠣᠶᠠᠳᠤᠭ᠋ᠠᠷ ᠪᠦᠯᠦᠭ)᠎ᠢ ᠢᠯᠡ ᠨᠡᠶ᠋ᠢᠲᠡᠯᠡᠬᠦ ᠲᠤᠬᠠᠶ ᠮᠡᠳᠡᠭᠳᠡᠯ
《ᠡᠬᠡ ᠨᠢᠯᠬᠠᠰ᠎ᠤᠨ ᠡᠷᠡᠭᠦᠯ ᠮᠡᠨᠳᠦ ᠵᠢᠨ ᠦᠢ᠍ᠯᠡᠴᠢᠯᠡᠭᠡᠨ᠎ᠤ ᠲᠣᠭᠲᠠᠯᠴᠠᠭ᠎ᠠ ᠪᠠ ᠦᠢ᠍ᠯᠡᠴᠢᠯᠡᠭᠡᠨ᠎ᠤ ᠴᠢᠳᠠᠪᠤᠷᠢ ᠵᠢᠨ ᠪᠠᠶ᠋ᠢᠭᠤᠯᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠶ ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠤᠨ᠎ᠤ ᠠᠷᠠᠳ᠎ᠤᠨ ᠵᠠᠰᠠᠭ᠎ᠤᠨ ᠣᠷᠳᠤᠨ᠎ᠤ ᠠᠯᠪᠠᠨ ᠲᠢᠩᠬᠢᠮ᠎ᠤᠨ ᠰᠠᠨᠠᠯ》᠎ᠤᠨ ᠲᠤᠬᠠᠢ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
《ᠨᠠᠢ᠍ᠮᠠᠨ ᠮᠤᠵᠢ ᠬᠣᠶᠠᠷ ᠣᠷᠣᠨ》᠎ᠤ ᠮᠤᠵᠢ ᠵᠢᠨ ᠬᠣᠭᠣᠷᠣᠨᠳᠣᠬᠢ ᠬᠤᠯᠪᠤᠭ᠋ᠠᠯᠠᠨ ᠡᠮ ᠲᠠᠩ ᠲᠥᠪᠯᠡᠷᠡᠭᠦᠯᠦᠨ ᠬᠡᠮᠵᠢᠶ᠎ᠡ᠎ᠲᠠᠢ᠎ᠪᠠᠷ ᠬᠤᠳᠠᠯᠳᠤᠨ ᠠᠪᠬᠤ ᠳᠤᠮᠳᠠᠬᠢ ᠰᠣᠩᠭᠣᠯᠲᠠ ᠵᠢᠨ ᠦᠷ᠎ᠡ ᠳ᠋ᠦᠩ᠎ᠤᠨ ᠨᠡᠢ᠌ᠳᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠨᠡᠯᠭᠡ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠰᠦᠯᠵᠢᠶᠡᠨ᠎ᠳᠤ ᠬᠤᠯᠪᠤᠬᠤ ᠠᠵᠢᠯ᠎ᠤᠨ ᠲᠤᠬᠠᠶ ᠨᠥᠬᠥᠪᠥᠷᠢ ᠮᠡᠳᠡᠭᠳᠡᠯ
 
            