ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠪᠢᠴᠢᠭ ᠮᠠᠲ᠋ᠧᠷᠢᠶᠠᠯ
ᠳᠤᠲᠠᠭᠳᠠᠵᠤ ᠪᠠᠶ᠋ᠢᠭ᠎ᠠ ᠡᠮ᠎ᠤᠨ ᠵᠦᠢ᠍ᠯ᠎ᠢ ᠰᠦᠯᠵᠢᠶᠡᠨ᠎ᠳᠤ ᠬᠣᠯᠪᠣᠬᠤ ᠠᠵᠢᠯ᠎ᠢ ᠰᠠᠶ᠋ᠢᠲᠤᠷ ᠬᠢᠬᠦ ᠲᠤᠬᠠᠶ ᠮᠡᠳᠡᠭᠳᠡᠯ
ᠨᠡᠶ᠋ᠢᠲᠡᠯᠡᠭᠰᠡᠨ ᠴᠠᠭ᠄ 2021-06-17

          ᠥᠪᠥᠷ ᠡᠮ ᠬᠤᠳᠠᠯᠳᠤᠨ ᠠᠪᠬᠤ ᠲᠥᠪ ᠦᠰᠦᠭ  [2021]   107 ᠳ᠋ᠤᠭ᠋ᠠᠷ ᠲᠣᠭ᠋ᠠᠲᠤ
 
ᠡᠯ᠎ᠡ ᠬᠠᠮᠢᠶ᠎ᠠ ᠪᠥᠬᠥᠶ ᠨᠢᠭᠡᠴᠢ᠄
     《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠳᠤ ᠱᠠᠭ᠋ᠠᠷᠳᠠᠭᠳᠠᠬᠣ ᠠᠮᠠᠷᠬᠠᠨ ᠳᠤᠲᠠᠭᠳᠠᠬᠤ ᠡᠮ᠎ᠤᠨ ᠵᠦᠢ᠍ᠯ᠎ᠤᠨ ᠭᠣᠤᠯᠳᠠᠯᠭ᠎ᠠ᠎ᠲᠠᠢ ᠬᠢᠨᠠᠨ ᠬᠡᠮᠵᠢᠯᠲᠡ ᠵᠢᠨ ᠨᠠᠷᠢᠨ ᠬᠠᠭᠤᠳᠠᠰᠤ ᠵᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ》 (ᠥᠪᠥᠷ ᠡᠷᠡᠭᠦᠯ ᠢᠳᠡᠭᠡᠨ ᠡᠮ ᠥᠰᠥᠭ  [2021]1 98 ᠳ᠋ᠤᠭ᠋ᠠᠷ ᠲᠣᠭ᠋ᠠᠲᠤ)᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠠᠵᠢᠯ᠎ᠤᠨ ᠱᠠᠭ᠋ᠠᠷᠳᠠᠯᠭ᠎ᠠ ᠶᠣᠰᠣᠭ᠋ᠠᠷ᠂ ᠳᠤᠲᠠᠭᠳᠠᠵᠤ ᠪᠠᠶ᠋ᠢᠭ᠎ᠠ ᠡᠮ᠎ᠤᠨ ᠵᠦᠢ᠍ᠯ᠎ᠤᠨ ᠬᠠᠩᠭ᠋ᠠᠯᠭ᠎ᠠ ᠵᠢ ᠪᠠᠲᠤᠯᠠᠬᠤ ᠵᠢᠨ ᠲᠤᠰᠠᠳᠠ᠂ ᠰᠢᠭᠤᠳ ᠰᠦᠯᠵᠢᠶᠡᠨ᠎ᠳᠤ ᠬᠣᠯᠪᠣᠬᠤ ᠰᠠᠭ᠋ᠠᠳ ᠥᠬᠡᠶ ᠨᠡᠪᠲᠡᠷᠡᠬᠦ ᠵᠠᠮ᠎ᠢ ᠨᠡᠭᠡᠭᠡᠵᠦ᠂ ᠡᠳᠦᠭᠡ ᠳᠤᠲᠠᠭᠳᠠᠵᠤ ᠪᠠᠶ᠋ᠢᠭ᠎ᠠ ᠡᠮ᠎ᠤᠨ ᠵᠦᠢ᠍ᠯ᠎ᠢ ᠰᠦᠯᠵᠢᠶᠡᠨ᠎ᠳᠤ ᠬᠣᠯᠪᠣᠬᠤ ᠠᠵᠢᠯ᠎ᠢ ᠰᠠᠶ᠋ᠢᠲᠤᠷ ᠬᠢᠬᠦ ᠲᠤᠬᠠᠶ ᠳᠣᠤᠷᠠᠬᠢ ᠮᠡᠲᠦ ᠮᠡᠳᠡᠭᠳᠡᠪᠡ᠃
      ᠨᠢᠭᠡ᠂ ᠡᠮ᠎ᠤᠨ ᠵᠦᠢ᠍ᠯ᠎ᠤᠨ ᠬᠡᠪᠴᠢᠶ᠎ᠡ
     《ᠤᠯᠤᠰ᠎ᠤᠨ ᠭᠣᠤᠯᠳᠠᠯᠭ᠎ᠠ᠎ᠲᠠᠢ ᠬᠢᠨᠠᠨ ᠬᠡᠮᠵᠢᠯᠲᠡ ᠵᠢᠨ ᠨᠠᠷᠢᠨ ᠲᠠᠩᠰᠠ》᠎ᠳᠤ ᠬᠠᠷᠢᠶᠠᠯᠠᠭᠳᠠᠬᠤ ᠮᠥᠷᠲᠡᠭᠡᠨ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠬᠤᠳᠠᠯᠳᠤᠨ ᠠᠪᠬᠤ ᠰᠦᠯᠵᠢᠶᠡᠨ᠎ᠳᠤ ᠣᠷᠣᠭᠤᠯᠤᠭ᠋ᠠᠳᠤᠶ ᠡᠮ᠎ᠤᠨ ᠵᠦᠢ᠍ᠯ ᠪᠠ 《ᠤᠯᠤᠰ᠎ᠤᠨ ᠳᠤᠲᠠᠭᠳᠠᠵᠤ ᠪᠠᠶ᠋ᠢᠭ᠎ᠠ ᠡᠮ᠎ᠤᠨ ᠵᠦᠢ᠍ᠯ᠎ᠤᠨ ᠨᠠᠷᠢᠨ ᠲᠠᠩᠰᠠ》᠎ᠳᠤ ᠬᠠᠷᠢᠶᠠᠯᠠᠭᠳᠠᠬᠤ ᠡᠮ᠎ᠤᠨ ᠵᠦᠢ᠍ᠯ (ᠳᠠᠭ᠋ᠠᠯᠳᠤᠭᠤᠯᠤᠯ 1᠂ 2᠎ᠢ ᠨᠠᠷᠢᠨ ᠦᠵᠡᠭᠡᠷᠡᠶ)᠃
      ᠬᠣᠶᠠᠷ᠂ ᠬᠤᠳᠠᠯᠳᠤᠨ ᠠᠪᠬᠤ ᠬᠡᠯᠪᠡᠷᠢ
      ᠳᠡᠭᠡᠷ᠎ᠡ ᠳᠤᠷᠠᠳᠤᠭᠰᠠᠨ ᠨᠡᠷ᠎ᠡ ᠮᠡᠳᠡᠭᠦᠯᠬᠦ ᠬᠡᠪᠴᠢᠶᠡᠨ᠎ᠳᠤ ᠬᠠᠷᠢᠶᠠᠯᠠᠭᠳᠠᠬᠤ ᠮᠥᠷᠲᠡᠭᠡᠨ ᠮᠠᠨ᠎ᠤ ᠣᠷᠣᠨ᠎ᠳᠤ ᠰᠦᠯᠵᠢᠶᠡᠨ᠎ᠳᠤ ᠬᠤᠯᠪᠤᠭᠰᠠᠨ ᠥᠬᠡᠶ ᠡᠮ᠎ᠤᠨ ᠵᠦᠢ᠍ᠯ᠎ᠢ ᠠᠵᠤ ᠠᠬᠤᠶ᠋ᠢᠯᠠᠯ᠎ᠠᠴᠠ ᠰᠦᠯᠵᠢᠶᠡᠨ᠎ᠳᠤ ᠬᠤᠯᠪᠤᠭᠤᠯᠬᠤ᠎ᠪᠠᠷ ᠰᠢᠭᠤᠳ ᠭᠤᠶᠤᠴᠢᠯᠠᠵᠤ ᠪᠣᠯᠤᠨ᠎ᠠ᠂ ᠬᠤᠳᠠᠯᠳᠤᠨ ᠠᠪᠬᠤ ᠠᠷᠭ᠎ᠠ ᠮᠠᠶᠢᠭ᠎ᠨᠢ ᠰᠢᠭᠤᠳ ᠰᠦᠯᠵᠢᠶᠡᠨ᠎ᠳᠤ ᠬᠣᠯᠪᠤᠬᠤ ᠪᠠᠢ᠌ᠵᠤ᠂ ᠦᠨ᠎ᠡ ᠬᠠᠩᠰᠢ ᠵᠢ ᠡᠮᠴᠢᠯᠡᠭᠡᠨ᠎ᠤ ᠪᠠᠶ᠋ᠢᠭᠤᠯᠤᠮᠵᠢ᠎ᠠᠴᠠ ᠪᠥᠬᠥ ᠤᠯᠤᠰ᠎ᠤᠨ ᠬᠠᠮᠤᠭ᠎ᠤᠨ ᠳᠣᠤᠷ᠎ᠠ ᠲᠠᠪᠤᠨ ᠮᠤᠵᠢ ᠵᠢᠨ ᠠᠷᠠᠯᠵᠢᠶᠠᠨ᠎ᠤ ᠦᠨ᠎ᠡ ᠬᠠᠩᠰᠢ᠎ᠪᠠᠷ ᠯᠠᠪᠯᠠᠯᠲᠠ ᠪᠣᠯᠭ᠋ᠠᠵᠤ ᠠᠵᠤ ᠠᠬᠤᠶ᠋ᠢᠯᠠᠯ᠎ᠯᠤᠭ᠎ᠠ ᠥᠪᠡᠰᠦᠪᠡᠨ ᠵᠥᠪᠯᠡᠨ ᠲᠣᠭᠲᠠᠭ᠋ᠠᠨ᠎ᠠ᠃
      ᠭᠤᠷᠪᠠ᠂ ᠮᠡᠳᠡᠭᠦᠯᠬᠦ ᠭᠣᠤᠯ ᠴᠣᠭᠴᠠ
      ᠮᠡᠳᠡᠭᠦᠯᠬᠦ ᠭᠣᠤᠯ ᠴᠣᠭᠴᠠ᠎ᠨᠢ ᠦᠢ᠍ᠯᠡᠳᠪᠦᠷᠢᠯᠡᠯ᠎ᠤᠨ ᠠᠵᠤ ᠠᠬᠤᠶ᠋ᠢᠯᠠᠯ ᠪᠣᠯᠤᠨ᠎ᠠ᠃ ᠡᠮ᠎ᠤᠨ ᠵᠦᠢ᠍ᠯ᠎ᠢ ᠵᠠᠬ᠎ᠠ ᠳᠡᠯᠭᠡᠭᠦᠷ᠎ᠲᠤ ᠭᠠᠷᠭ᠋ᠠᠬᠤ ᠵᠥᠪᠰᠢᠶᠡᠷᠡᠯ᠎ᠢ ᠡᠵᠡᠮᠰᠢᠭᠴᠢ᠂ ᠵᠠᠬ᠎ᠠ ᠳᠡᠯᠭᠡᠭᠦᠷ᠎ᠲᠤ ᠭᠠᠷᠭ᠋ᠠᠬᠤ ᠵᠥᠪᠰᠢᠶᠡᠷᠡᠯ᠎ᠢ ᠡᠵᠡᠮᠰᠢᠭᠴᠢ ᠵᠢᠨ ᠵᠢᠭ᠋ᠠᠨ ᠲᠣᠭᠲᠠᠭ᠋ᠠᠭᠰᠠᠨ ᠳᠠᠭ᠋ᠠᠭ᠋ᠠᠴᠢᠯᠠᠯᠲᠠ᠎ᠳᠤ ᠣᠷᠣᠯᠴᠠᠬᠤ ᠪᠡᠶᠡᠴᠢ ᠴᠣᠭᠴᠠ᠂ ᠭᠠᠳᠠᠭ᠋ᠠᠳᠤ᠎ᠠᠴᠠ ᠣᠷᠣᠭᠤᠯᠬᠤ ᠡᠮ᠎ᠤᠨ ᠵᠦᠢ᠍ᠯ᠎ᠢ ᠤᠯᠤᠰ᠎ᠤᠨ ᠳᠣᠲᠣᠭ᠋ᠠᠳᠤ ᠵᠢᠨ ᠶᠡᠷᠦᠩᠬᠡᠢ ᠣᠷᠣᠯᠠᠭᠴᠢ ᠪᠠ ᠦᠢ᠍ᠯᠡᠳᠪᠦᠷᠢᠯᠡᠬᠦ ᠠᠵᠤ ᠠᠬᠤᠶ᠋ᠢᠯᠠᠯ᠎ᠤᠨ ᠪᠠᠶ᠋ᠢᠭᠤᠯᠤᠭᠰᠠᠨ ᠵᠥᠪᠬᠡᠨ ᠲᠤᠰ ᠺᠣᠮᠫᠠᠨᠢ ᠵᠢᠨ ᠡᠮ᠎ᠤᠨ ᠵᠦᠢ᠍ᠯ᠎ᠢ ᠪᠣᠷᠣᠯᠠᠭᠤᠯᠬᠤ ᠬᠤᠳᠠᠯᠳᠤᠭ᠋ᠠᠨ᠎ᠤ ᠺᠣᠮᠫᠠᠨᠢ ᠵᠢ ᠦᠢ᠍ᠯᠡᠳᠪᠦᠷᠢᠯᠡᠯ᠎ᠤᠨ ᠠᠵᠤ ᠠᠬᠤᠶ᠋ᠢᠯᠠᠯ᠎ᠲᠠᠢ ᠠᠳᠠᠯᠢ᠎ᠪᠠᠷ ᠦᠵᠡᠨ᠎ᠡ᠃
      ᠳᠥᠷᠪᠡ᠂ ᠮᠡᠳᠡᠭᠦᠯᠬᠦ ᠴᠤᠪᠤᠷᠠᠯ
      ᠠᠵᠤ ᠠᠬᠤᠶ᠋ᠢᠯᠠᠯ᠎ᠤᠳ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠬᠤᠳᠠᠯᠳᠤᠨ ᠠᠪᠬᠤ ᠰᠦᠯᠵᠢᠶ᠎ᠡ ᠵᠢᠨ
《ᠪᠠᠯᠠ ᠮᠥᠩᠭᠥ ᠵᠢ ᠬᠢᠨᠠᠬᠤ ᠰᠢᠰᠲ᠋ᠧᠮ》᠎ᠳᠤ ᠣᠷᠣᠵᠤ᠂ ᠰᠠᠭ᠋ᠠᠳ ᠥᠬᠡᠶ ᠨᠡᠪᠲᠡᠷᠡᠬᠦ ᠵᠠᠮ᠎ᠤᠨ ᠣᠷᠣᠬᠤ ᠡᠭᠦᠳᠡ᠎ᠪᠠᠷ ᠳᠠᠮᠵᠢᠭᠤᠯᠤᠨ ᠬᠢᠷᠢ ᠴᠢᠳᠠᠮᠵᠢ ᠵᠢᠨ ᠮᠡᠳᠡᠭᠡ ᠵᠠᠩᠭᠢ ᠪᠠ ᠦᠨ᠎ᠡ ᠬᠠᠩᠰᠢ ᠵᠢᠨ ᠮᠡᠳᠡᠭᠡ ᠵᠠᠩᠭᠢ ᠵᠢ ᠲᠠᠭᠯᠠᠨ ᠮᠡᠳᠡᠭᠦᠯᠵᠦ᠂ ᠨᠡᠪᠲᠡᠷᠡᠬᠦ ᠵᠠᠮ᠎ᠤᠨ ᠣᠷᠣᠬᠤ ᠡᠭᠦᠳᠡ ᠵᠢ ᠴᠠᠭ ᠲᠤᠬᠠᠶ᠎ᠳᠤᠨᠢ ᠨᠡᠭᠡᠭᠡᠵᠦ᠂ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠵᠢᠨ ᠬᠤᠳᠠᠯᠳᠤᠨ ᠠᠪᠬᠤ ᠲᠥᠪ᠎ᠨᠢ ᠰᠠᠷ᠎ᠠ ᠪᠦᠷᠢ ᠲᠥᠪᠯᠡᠷᠡᠭᠦᠯᠦᠨ ᠬᠢᠨᠠᠨ ᠬᠠᠷᠭᠤᠭᠤᠯᠵᠤ᠂ ᠢᠯᠡ ᠨᠡᠶ᠋ᠢᠲᠡᠯᠡᠭᠰᠡᠨ᠎ᠤ ᠳᠠᠷᠠᠭ᠎ᠠ ᠰᠢᠭᠤᠳ ᠠᠷᠠᠯᠵᠢᠶᠠᠯᠠᠬᠤ ᠰᠢᠰᠲ᠋ᠧᠮ᠎ᠳᠤ ᠣᠷᠣᠭᠤᠯᠤᠨ᠂ ᠠᠵᠤ ᠠᠬᠤᠶ᠋ᠢᠯᠠᠯ᠎ᠨᠢ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠵᠢᠨ ᠬᠤᠳᠠᠯᠳᠤᠨ ᠠᠪᠬᠤ ᠰᠦᠯᠵᠢᠶ᠎ᠡ ᠵᠢᠨ 《ᠠᠷᠠᠯᠵᠢᠶᠠᠯᠠᠬᠤ ᠰᠢᠰᠲ᠋ᠧᠮ》᠎ᠳᠤ ᠣᠷᠣᠵᠤ ᠳᠣᠭᠢᠷᠠᠭᠤᠯᠤᠨ ᠬᠦᠷᠭᠡᠬᠦ ᠬᠠᠷᠢᠴᠠᠭ᠎ᠠ ᠪᠠᠶ᠋ᠢᠭᠤᠯᠬᠤ ᠵᠢᠨ ᠬᠠᠮᠲᠤ ᠠᠷᠠᠯᠵᠢᠶᠠᠯᠠᠬᠤ ᠬᠡᠷᠡᠭᠲᠡᠶ᠃
     (ᠨᠢᠭᠡ) ᠬᠡᠷᠡᠭᠯᠡᠭᠴᠢ ᠵᠢᠨ ᠨᠡᠷ᠎ᠡ ᠪᠣᠯᠤᠨ ᠨᠢᠭᠤᠴᠠ ᠨᠣᠮᠧᠷ᠎ᠢ ᠭᠤᠶᠤᠴᠢᠯᠠᠬᠤ᠃
     1᠂ ᠨᠢᠭᠡᠨᠲᠡ ᠰᠦᠯᠵᠢᠶᠡᠨ᠎ᠳᠤ ᠬᠤᠯᠪᠤᠭᠰᠠᠨ ᠦᠢ᠍ᠯᠡᠳᠪᠦᠷᠢᠯᠡᠯ᠎ᠤᠨ ᠠᠵᠤ ᠠᠬᠤᠶ᠋ᠢᠯᠠᠯ᠎ᠨᠢ ᠤᠤᠯ᠎ᠤᠨ ᠬᠡᠷᠡᠭᠯᠡᠭᠴᠢ ᠵᠢᠨ ᠨᠡᠷ᠎ᠡ ᠵᠢᠨ ᠨᠢᠭᠤᠴᠠ ᠨᠣᠮᠧᠷ ᠵᠶ᠋ᠠᠷ ᠲᠡᠮᠳᠡᠭᠯᠡᠬᠦ ᠰᠢᠰᠲ᠋ᠧᠮ ᠵᠶ᠋ᠠᠷ ᠨᠡᠷ᠎ᠡ ᠮᠡᠳᠡᠭᠦᠯᠬᠦ᠎ᠳᠡᠭᠡᠨ᠂ ᠳᠠᠪᠬᠤᠷᠳᠠᠭᠤᠯᠤᠨ ᠭᠤᠶᠤᠴᠢᠯᠠᠨ ᠠᠪᠬᠤ ᠴᠢᠬᠤᠯᠠ ᠥᠬᠡᠶ᠃
     2᠂ ᠰᠦᠯᠵᠢᠶ᠎ᠡ᠎ᠳᠤ ᠰᠢᠨ᠎ᠡ᠎ᠪᠠᠷ ᠬᠤᠯᠪᠤᠭᠰᠠᠨ ᠦᠢ᠍ᠯᠡᠳᠪᠦᠷᠢᠯᠡᠯ᠎ᠤᠨ ᠠᠵᠤ ᠠᠬᠤᠶ᠋ᠢᠯᠠᠯ ᠤᠷᠢᠳᠠᠪᠠᠷ ᠬᠡᠷᠡᠭᠯᠡᠭᠴᠢ ᠵᠢᠨ ᠨᠡᠷ᠎ᠡ ᠵᠢᠨ ᠨᠢᠭᠤᠴᠠ ᠨᠣᠮᠧᠷ ᠵᠶ᠋ᠠᠨ ᠠᠪᠤᠭᠰᠠᠨ᠎ᠤ ᠳᠠᠷᠠᠭ᠎ᠠ ᠲᠡᠮᠳᠡᠭᠯᠡᠬᠦ ᠰᠢᠰᠲ᠋ᠧᠮ᠎ᠳᠤ ᠨᠡᠷ᠎ᠡ ᠮᠡᠳᠡᠭᠦᠯᠬᠦ ᠬᠡᠷᠡᠭᠲᠡᠶ᠃
     (ᠬᠣᠶᠠᠷ) ᠬᠢᠷᠢ ᠴᠢᠳᠠᠮᠵᠢ ᠵᠢᠨ ᠮᠡᠳᠡᠭᠡ ᠵᠠᠩᠭᠢ ᠵᠢ ᠲᠠᠭᠯᠠᠨ ᠮᠡᠳᠡᠭᠦᠯᠬᠦ᠃
     1᠂ ᠱᠠᠭ᠋ᠠᠷᠳᠠᠯᠭ᠎ᠠ ᠶᠣᠰᠣᠭ᠋ᠠᠷ ᠠᠵᠤ ᠠᠬᠤᠶ᠋ᠢᠯᠠᠯ᠎ᠤᠨ ᠮᠡᠳᠡᠭᠡ ᠵᠠᠩᠭᠢ᠂ ᠡᠮ᠎ᠤᠨ ᠵᠦᠢ᠍ᠯ᠎ᠤᠨ ᠮᠡᠳᠡᠭᠡ ᠵᠠᠩᠭᠢ᠂ ᠤᠯᠤᠰ᠎ᠤᠨ ᠡᠮᠴᠢᠯᠡᠭᠡᠨ᠎ᠤ ᠳᠠᠭ᠋ᠠᠳᠬᠠᠯ᠎ᠤᠨ ᠳ᠋ᠤᠭ᠋ᠠᠷᠯᠠᠯ ᠪᠠ ᠡᠯ᠎ᠡ ᠮᠤᠵᠢ ᠬᠣᠲᠠ (ᠲᠣᠭᠣᠷᠢᠭ) ᠵᠢᠨ ᠠᠷᠠᠯᠵᠢᠶᠠᠯᠠᠬᠤ ᠦᠨ᠎ᠡ ᠬᠠᠩᠰᠢ ᠵᠢᠨ ᠮᠡᠳᠡᠭᠡ ᠵᠠᠩᠭᠢ ᠵᠢ ᠲᠠᠭᠯᠠᠵᠤ᠂ ᠤᠯᠤᠰ᠎ᠤᠨ ᠡᠮᠴᠢᠯᠡᠭᠡᠨ᠎ᠤ ᠳᠠᠭ᠋ᠠᠳᠬᠠᠯ᠎ᠤᠨ ᠳ᠋ᠤᠭ᠋ᠠᠷᠯᠠᠯ᠎ᠢ ᠲᠦᠷ ᠣᠯᠤᠭ᠋ᠠᠳᠤᠶ ᠰᠢᠨ᠎ᠡ᠎ᠪᠠᠷ ᠵᠠᠬ᠎ᠠ ᠳᠡᠯᠭᠡᠭᠦᠷ᠎ᠲᠤ ᠭᠠᠷᠭ᠋ᠠᠭᠰᠠᠨ ᠡᠮ᠎ᠤᠨ ᠵᠦᠢ᠍ᠯ᠎ᠢ 999999 ᠲᠠᠭᠯᠠᠵᠤ᠂ ᠣᠯᠤᠭᠰᠠᠨ᠎ᠤ ᠳᠠᠷᠠᠭ᠎ᠠ ᠠᠷᠠᠯᠵᠢᠶᠠᠨ᠎ᠤ ᠰᠢᠰᠲ᠋ᠧᠮ᠎ᠳᠤ ᠳ᠋ᠤᠭ᠋ᠠᠷᠯᠠᠯ ᠵᠶ᠋ᠠᠨ ᠰᠢᠨᠡᠳᠬᠡᠨ᠎ᠡ᠃ ᠲᠡᠮᠳᠡᠭ 《*》 ᠪᠣᠯ ᠵᠠᠪᠠᠯ ᠲᠠᠭᠯᠠᠬᠤ ᠵᠦᠢ᠍ᠯ ᠪᠣᠯᠤᠨ᠎ᠠ᠂ ᠬᠠᠮᠢᠶ᠎ᠠ ᠪᠥᠬᠥᠶ ᠰᠠᠯᠠᠭ᠎ᠠ ᠮᠥᠴᠢᠷ᠎ᠤᠨ ᠬᠢᠨᠠᠨ ᠵᠥᠪᠰᠢᠶᠡᠷᠡᠭᠰᠡᠨ ᠦᠨᠡᠮᠯᠡᠯ᠎ᠤᠨ ᠵᠢᠷᠤᠮᠵᠢᠯ ᠶᠣᠰᠣᠭ᠋ᠠᠷ ᠲᠠᠭᠯᠠᠨ ᠪᠢᠴᠢᠵᠦ᠂ ᠲᠠᠭᠯᠠᠭᠰᠠᠨ ᠮᠡᠳᠡᠭᠡ ᠵᠠᠩᠭᠢ᠎ᠪᠠᠨ ᠵᠥᠪ ᠣᠨᠣᠪᠴᠢᠲᠠᠶ ᠲᠤᠰᠢᠶᠠᠭᠰᠠᠨ᠎ᠤ ᠳᠠᠷᠠᠭ᠎ᠠ ᠤᠨᠤᠪᠴᠢᠳᠠᠢ ᠪᠠᠢ᠌ᠬᠤ ᠵᠢ ᠦᠨᠡᠨᠬᠦ ᠪᠠᠲᠤᠯᠠᠵᠤ᠂ ᠮᠡᠳᠡᠭᠡ ᠵᠠᠩᠭᠢ᠎ᠪᠠᠨ ᠲᠤᠰᠢᠶᠠᠭᠰᠠᠨ᠎ᠤ ᠳᠠᠷᠠᠭ᠎ᠠ ᠵᠠᠰᠠᠪᠤᠷᠢ ᠣᠷᠣᠭᠤᠯᠵᠤ ᠪᠣᠯᠬᠤ ᠥᠬᠡᠶ᠂ ᠬᠤᠭᠤᠴᠠᠭ᠎ᠠ ᠬᠡᠲᠦᠷᠡᠲᠡᠯ᠎ᠡ ᠲᠤᠰᠢᠶᠠᠭᠰᠠᠨ ᠥᠬᠡᠶ ᠪᠣᠯ ᠮᠡᠳᠡᠭᠦᠯᠦᠭᠰᠡᠨ᠎ᠨᠢ ᠬᠦᠴᠦᠨ ᠥᠬᠡᠶ᠂ ᠮᠡᠳᠡᠭᠡ ᠵᠠᠩᠭᠢ᠎ᠪᠠᠨ ᠲᠤᠰᠢᠶᠠᠭ᠋ᠠᠳ ᠠᠮᠵᠢᠯᠲᠠ ᠣᠯᠤᠭᠰᠠᠨ᠎ᠤ ᠳᠠᠷᠠᠭ᠎ᠠ ᠬᠢᠨᠠᠨ ᠬᠠᠷᠭᠤᠭᠤᠯᠬᠤ ᠵᠢ ᠬᠦᠯᠢᠶᠡᠬᠦ ᠪᠠᠶ᠋ᠢᠳᠠᠯ᠎ᠳᠤ ᠣᠷᠣᠨ᠎ᠠ᠃
     2᠂ ᠲᠠᠭᠯᠠᠨ ᠮᠡᠳᠡᠭᠦᠯᠦᠭᠰᠡᠨ ᠡᠮ᠎ᠤᠨ ᠨᠠᠶ᠋ᠢᠷᠠᠯᠭ᠎ᠠ ᠵᠢᠨ ᠬᠡᠯᠪᠡᠷᠢ᠎ᠨᠢ ᠲᠠᠷᠢᠯᠭ᠎ᠠ ᠵᠢᠨ ᠡᠮ ᠪᠠᠶ᠋ᠢᠪᠠᠯ᠂ ᠰᠣᠯᠢᠬᠤ ᠢᠯᠡᠳᠬᠡᠮᠵᠢ ᠵᠢ 《1》᠎ᠪᠠᠷ ᠲᠠᠭᠯᠠᠨ ᠮᠡᠳᠡᠭᠦᠯᠦᠨ᠎ᠡ᠂ ᠨᠠᠶ᠋ᠢᠷᠠᠯᠭ᠎ᠠ ᠵᠢᠨ ᠨᠢᠭᠡᠴᠢ ᠪᠠ ᠪᠣᠭᠣᠳᠠᠯᠯᠠᠬᠤ ᠨᠢᠭᠡᠴᠢ ᠵᠢ 《ᠬᠡᠮᠵᠢᠭᠦᠷ》᠎ᠪᠠᠷ ᠪᠤᠳᠤᠨ᠎ᠠ᠃
     (ᠭᠤᠷᠪᠠ) ᠮᠠᠲᠸᠷᠢᠶᠠᠯ ᠨᠠᠶ᠋ᠢᠷᠠᠭᠤᠯᠤᠨ ᠵᠣᠬᠢᠶᠠᠬᠤ ᠪᠠ ᠮᠡᠳᠡᠭᠦᠯᠦᠨ ᠬᠦᠷᠭᠡᠬᠦ᠃
     1᠂ ᠬᠡᠷᠡᠭᠯᠡᠭᠴᠢ ᠵᠢᠨ ᠨᠡᠷ᠎ᠡ ᠵᠢᠨ ᠨᠢᠭᠤᠴᠠ ᠨᠣᠮᠧᠷ ᠵᠶ᠋ᠠᠨ ᠠᠪᠬᠤ᠃ ᠰᠢᠨ᠎ᠡ᠎ᠪᠠᠷ ᠰᠦᠯᠵᠢᠶᠡᠨ᠎ᠳᠤ ᠬᠤᠯᠪᠤᠭᠰᠠᠨ   ᠦᠢ᠍ᠯᠡᠳᠪᠦᠷᠢᠯᠡᠯ᠎ᠤᠨ ᠠᠵᠤ ᠠᠬᠤᠶ᠋ᠢᠯᠠᠯ᠎ᠤᠳ ᠬᠡᠷᠡᠭᠯᠡᠭᠴᠢ ᠵᠢᠨ ᠨᠡᠷ᠎ᠡ ᠵᠢᠨ ᠨᠢᠭᠤᠴᠠ ᠨᠣᠮᠧᠷ ᠵᠶ᠋ᠠᠨ ᠠᠪᠬᠤ᠎ᠳᠤ᠂ 《ᠬᠥᠷᠥᠩᠭᠡ ᠵᠢᠨ ᠬᠢᠨᠠᠨ ᠪᠠᠶ᠋ᠢᠴᠠᠭ᠋ᠠᠬᠤ ᠰᠢᠰᠲ᠋ᠧᠮ》 — 《ᠬᠡᠷᠡᠭᠯᠡᠭᠴᠢ ᠵᠢᠨ ᠳᠡᠩᠰᠡᠯᠡᠯᠲᠡ》᠎ᠪᠠᠷ ᠳᠠᠮᠵᠢᠭᠤᠯᠤᠨ ᠳᠠᠩᠰᠠᠯᠠᠭᠤᠯᠬᠤ ᠬᠡᠷᠡᠭᠲᠡᠶ᠂ ᠳᠠᠩᠰᠠᠯᠠᠭᠤᠯᠬᠤ᠎ᠳᠠᠭᠠᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢ᠍ᠯ᠎ᠢ ᠲᠥᠪᠯᠡᠷᠡᠭᠦᠯᠦᠨ ᠬᠤᠳᠠᠯᠳᠤᠨ ᠠᠪᠬᠤ᠎ᠳᠤ ᠬᠡᠷᠡᠭᠯᠡᠭᠴᠢ ᠵᠢᠨ ᠨᠡᠷ᠎ᠡ ᠵᠢᠴᠢ ᠨᠢᠭᠤᠴᠠ ᠨᠣᠮᠧᠷ ᠠᠪᠬᠤ ᠨᠠᠶ᠋ᠢᠳᠠᠯᠭ᠎ᠠ ᠵᠢᠨ ᠵᠠᠬᠢᠳᠠᠯ (ᠳᠠᠭ᠋ᠠᠯᠳᠤᠭᠤᠯᠤᠯ 1 ᠵᠢ ᠦᠵᠡ)᠂ ᠡᠮ᠎ᠤᠨ ᠵᠦᠢ᠍ᠯ ᠦᠢ᠍ᠯᠡᠳᠪᠦᠷᠢᠯᠡᠬᠦ (ᠡᠵᠡᠩᠨᠡᠬᠦ) ᠵᠢᠨ ᠵᠥᠪᠰᠢᠶᠡᠷᠡᠯ᠎ᠤᠨ ᠦᠨᠡᠮᠯᠡᠯ (ᠬᠠᠭᠤᠯᠪᠤᠷᠢ ᠳᠡᠪᠲᠡᠷ) ᠪᠣᠯᠤᠨ ᠡᠵᠡᠩᠨᠡᠯᠲᠡ ᠵᠢᠨ ᠦᠨᠡᠮᠯᠡᠯ (ᠬᠠᠭᠤᠯᠪᠤᠷᠢ ᠳᠡᠪᠲᠡᠷ)᠎ᠤᠨ ᠰᠢᠷᠪᠢᠯᠲᠡ ᠵᠢᠨ ᠵᠦᠢ᠍ᠯ᠎ᠢ ᠲᠤᠰᠢᠶᠠᠬᠤ ᠬᠡᠷᠡᠭᠲᠡᠶ᠃
     2᠂ ᠬᠢᠷᠢ ᠴᠢᠳᠠᠮᠵᠢ ᠵᠢᠨ ᠮᠠᠲᠸᠷᠢᠶᠠᠯ ᠵᠶ᠋ᠠᠨ ᠮᠡᠳᠡᠭᠦᠯᠦᠨ ᠬᠦᠷᠭᠡᠬᠦ᠃ ᠡᠮ᠎ᠤᠨ ᠵᠦᠢ᠍ᠯ ᠪᠠ ᠠᠵᠤ ᠠᠬᠤᠶ᠋ᠢᠯᠠᠯ᠎ᠤᠨ ᠮᠡᠳᠡᠭᠡ ᠵᠠᠩᠭᠢ ᠵᠢᠨ ᠬᠢᠨᠠᠨ ᠬᠠᠷᠭᠤᠭᠤᠯᠤᠯᠲᠠ ᠵᠢᠨ ᠬᠦᠰᠦᠨᠦᠭᠲᠦ᠂ ᠬᠠᠮᠢᠶ᠎ᠠ ᠪᠥᠬᠥᠶ ᠬᠢᠷᠢ ᠬᠡᠮ᠎ᠢ ᠭᠡᠷᠡᠴᠢᠯᠡᠬᠦ ᠮᠠᠲ᠋ᠧᠷᠢᠶᠠᠯ ᠪᠠ ᠦᠨ᠎ᠡ ᠬᠠᠩᠰᠢ ᠵᠢ ᠭᠡᠷᠡᠴᠢᠯᠡᠬᠦ ᠮᠠᠲ᠋ᠧᠷᠢᠶᠠᠯ᠎ᠢ PDF ᠬᠡᠯᠪᠡᠷᠢ᠎ᠪᠠᠷ ᠳᠠᠮᠵᠢᠭᠤᠯᠤᠨ ᠬᠢᠨᠠᠨ ᠬᠠᠷᠭᠤᠭᠤᠯᠬᠤ᠎ᠳᠤ ᠬᠠᠩᠭ᠋ᠠᠨ᠎ᠠ᠂ ᠬᠡᠷᠡᠭᠯᠡᠭᠴᠢ ᠵᠢᠨ ᠨᠡᠷ᠎ᠡ ᠵᠢᠨ ᠨᠢᠭᠤᠴᠠ ᠨᠣᠮᠧᠷ᠎ᠢ ᠠᠪᠤᠭᠰᠠᠨ ᠬᠡᠷᠡᠭᠯᠡᠭᠴᠢ ᠠᠵᠤ ᠠᠬᠤᠶ᠋ᠢᠯᠠᠯ᠎ᠤᠨ ᠠᠯᠪᠠᠨ ᠲᠠᠮᠠᠭ᠎ᠠ ᠵᠢ ᠳᠠᠷᠤᠵᠤ ᠰᠢᠷᠪᠢᠪᠡᠯ PDF ᠵᠢᠨ ᠱᠠᠭ᠋ᠠᠷᠳᠠᠯᠭ᠎ᠠ ᠶᠣᠰᠣᠭ᠋ᠠᠷ ᠳᠡᠭᠡᠭᠰᠢ ᠳᠠᠮᠵᠢᠭᠤᠯᠤᠨ᠎ᠠ (ᠳᠠᠭ᠋ᠠᠯᠳᠤᠭᠤᠯᠤᠯ 3 ᠵᠢ ᠦᠵᠡ)᠂ ᠡᠮ᠎ᠤᠨ   ᠵᠦᠢ᠍ᠯ᠎ᠤᠨ ᠳᠠᠭ᠋ᠠᠭ᠋ᠠᠴᠢᠯᠠᠯᠲᠠ ᠵᠢᠨ ᠪᠢᠴᠢᠭ ᠨᠢᠭᠡᠪᠦᠷᠢ ᠵᠢ ᠲᠤᠰᠠᠭ᠋ᠠᠷ ᠵᠣᠬᠢᠶᠠᠵᠤ ᠳᠡᠭᠡᠭᠰᠢ ᠳᠠᠮᠵᠢᠭᠤᠯᠤᠨ᠎ᠠ᠃
      ᠲᠠᠪᠤ᠂ ᠪᠤᠰᠤᠳ ᠲᠠᠯ᠎ᠠ᠎ᠪᠠᠷ
      ᠡᠯ᠎ᠡ ᠠᠶ᠋ᠢᠮᠠᠭ ᠬᠣᠲᠠ ᠵᠢᠨ ᠡᠮ᠎ᠤᠨ ᠵᠦᠢ᠍ᠯ ᠬᠤᠳᠠᠯᠳᠤᠨ ᠠᠪᠬᠤ ᠬᠠᠮᠢᠶᠠᠷᠤᠯᠲᠠ ᠵᠢᠨ ᠪᠠᠶ᠋ᠢᠭᠤᠯᠤᠮᠵᠢ᠎ᠨᠢ ᠬᠠᠷᠢᠶᠠᠲᠤ ᠣᠷᠣᠨ᠎ᠤ ᠳᠣᠲᠣᠷᠠᠬᠢ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠬᠠᠮᠢᠶᠠᠷᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠰᠢᠨ᠎ᠡ᠎ᠪᠠᠷ ᠨᠡᠮᠡᠭᠳᠡᠭᠰᠡᠨ ᠰᠦᠯᠵᠢᠶᠡᠨ᠎ᠳᠤ ᠬᠤᠯᠪᠤᠭ᠋ᠠᠰᠦᠳᠠᠢ ᠳᠤᠲᠠᠭᠳᠠᠵᠤ ᠪᠠᠶ᠋ᠢᠭ᠎ᠠ ᠡᠮ᠎ᠤᠨ ᠵᠦᠢ᠍ᠯ᠎ᠳᠤ ᠴᠠᠭ ᠲᠤᠬᠠᠶ᠎ᠳᠤᠨᠢ ᠳᠣᠭᠢᠷᠠᠭᠤᠯᠤᠨ ᠬᠦᠷᠭᠡᠬᠦ ᠬᠠᠷᠢᠴᠠᠭ᠎ᠠ ᠪᠠᠶ᠋ᠢᠭᠤᠯᠬᠤ ᠵᠢ ᠦᠨᠡᠨᠬᠦ ᠪᠠᠲᠤᠯᠠᠵᠤ᠂ ᠳᠤᠲᠠᠭᠳᠠᠵᠤ ᠪᠠᠶ᠋ᠢᠭ᠎ᠠ ᠡᠮ᠎ᠤᠨ ᠵᠦᠢ᠍ᠯ᠎ᠢ ᠳᠣᠭᠢᠷᠠᠭᠤᠯᠤᠨ ᠬᠦᠷᠭᠡᠬᠦ ᠵᠢ ᠪᠣᠳᠠᠲᠠᠶ᠋ᠢᠵᠢᠭᠤᠯᠵᠤ᠂ ᠴᠠᠭ ᠲᠤᠬᠠᠶ᠎ᠳᠤᠨᠢ ᠪᠠᠷᠠᠭ᠎ᠠ ᠬᠠᠩᠭ᠋ᠠᠬᠤ ᠵᠢ ᠪᠠᠲᠤᠯᠠᠬᠤ ᠬᠡᠷᠡᠭᠲᠡᠶ᠃
      ᠳᠠᠭ᠋ᠠᠯᠳᠤᠭᠤᠯᠤᠯ᠄
     1᠂ ᠤᠯᠤᠰ᠎ᠲᠤ ᠳᠤᠲᠠᠭᠳᠠᠵᠤ ᠪᠠᠶ᠋ᠢᠭ᠎ᠠ ᠡᠮ᠎ᠤᠨ ᠵᠦᠢ᠍ᠯ᠎ᠤᠨ ᠲᠣᠳᠣᠷᠬᠠᠶ ᠬᠠᠭᠤᠳᠠᠰᠤ
     2᠂ ᠰᠦᠯᠵᠢᠶᠡᠨ᠎ᠳᠤ ᠣᠷᠣᠭᠤᠯᠤᠭ᠋ᠠᠳᠤᠶ ᠤᠯᠤᠰ᠎ᠤᠨ ᠭᠣᠤᠯᠳᠠᠯᠭ᠎ᠠ᠎ᠲᠠᠢ ᠬᠢᠨᠠᠨ ᠬᠡᠮᠵᠢᠯᠲᠡ ᠵᠢᠨ ᠲᠣᠳᠣᠷᠬᠠᠶ ᠬᠠᠭᠤᠳᠠᠰᠤᠨ᠎ᠳᠠᠬᠢ ᠡᠮ᠎ᠤᠨ ᠵᠦᠢ᠍ᠯ᠎ᠤᠨ ᠨᠡᠷᠡᠰ
     3᠂ ᠮᠡᠳᠡᠭᠦᠯᠬᠦ ᠮᠠᠲ᠋ᠧᠷᠢᠶᠠᠯ᠎ᠤᠨ ᠱᠠᠭ᠋ᠠᠷᠳᠠᠯᠭ᠎ᠠ ᠵᠢᠴᠢ ᠬᠡᠪ ᠵᠠᠭᠪᠤᠷ
   
                    ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠬᠤᠳᠠᠯᠳᠤᠨ ᠠᠪᠬᠤ ᠲᠥᠪ
                             2021 ᠣᠨ᠎ᠤ 6 ᠳ᠋ᠤᠭ᠋ᠠᠷ ᠰᠠᠷ᠎ᠠ ᠵᠢᠨ 15᠎ᠤ ᠡᠳᠦᠷ

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠣᠯᠠᠭ᠎ᠠ ᠵᠢᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠰᠦᠯᠵᠢᠶᠡᠨ᠎ᠳᠤ ᠬᠤᠯᠪᠤᠬᠤ ᠦᠢ᠍ᠯᠡᠳᠭᠦᠨ (ᠬᠣᠶᠠᠳᠤᠭ᠋ᠠᠷ ᠪᠦᠯᠦᠭ)᠎ᠢ ᠢᠯᠡ ᠨᠡᠶ᠋ᠢᠲᠡᠯᠡᠬᠦ ᠲᠤᠬᠠᠶ ᠮᠡᠳᠡᠭᠳᠡᠯ
《ᠡᠬᠡ ᠨᠢᠯᠬᠠᠰ᠎ᠤᠨ ᠡᠷᠡᠭᠦᠯ ᠮᠡᠨᠳᠦ ᠵᠢᠨ ᠦᠢ᠍ᠯᠡᠴᠢᠯᠡᠭᠡᠨ᠎ᠤ ᠲᠣᠭᠲᠠᠯᠴᠠᠭ᠎ᠠ ᠪᠠ ᠦᠢ᠍ᠯᠡᠴᠢᠯᠡᠭᠡᠨ᠎ᠤ ᠴᠢᠳᠠᠪᠤᠷᠢ ᠵᠢᠨ ᠪᠠᠶ᠋ᠢᠭᠤᠯᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠶ ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠤᠨ᠎ᠤ ᠠᠷᠠᠳ᠎ᠤᠨ ᠵᠠᠰᠠᠭ᠎ᠤᠨ ᠣᠷᠳᠤᠨ᠎ᠤ ᠠᠯᠪᠠᠨ ᠲᠢᠩᠬᠢᠮ᠎ᠤᠨ ᠰᠠᠨᠠᠯ》᠎ᠤᠨ ᠲᠤᠬᠠᠢ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
《ᠨᠠᠢ᠍ᠮᠠᠨ ᠮᠤᠵᠢ ᠬᠣᠶᠠᠷ ᠣᠷᠣᠨ》᠎ᠤ ᠮᠤᠵᠢ ᠵᠢᠨ ᠬᠣᠭᠣᠷᠣᠨᠳᠣᠬᠢ ᠬᠤᠯᠪᠤᠭ᠋ᠠᠯᠠᠨ ᠡᠮ ᠲᠠᠩ ᠲᠥᠪᠯᠡᠷᠡᠭᠦᠯᠦᠨ ᠬᠡᠮᠵᠢᠶ᠎ᠡ᠎ᠲᠠᠢ᠎ᠪᠠᠷ ᠬᠤᠳᠠᠯᠳᠤᠨ ᠠᠪᠬᠤ ᠳᠤᠮᠳᠠᠬᠢ ᠰᠣᠩᠭᠣᠯᠲᠠ ᠵᠢᠨ ᠦᠷ᠎ᠡ ᠳ᠋ᠦᠩ᠎ᠤᠨ ᠨᠡᠢ᠌ᠳᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠨᠡᠯᠭᠡ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠰᠦᠯᠵᠢᠶᠡᠨ᠎ᠳᠤ ᠬᠤᠯᠪᠤᠬᠤ ᠠᠵᠢᠯ᠎ᠤᠨ ᠲᠤᠬᠠᠶ ᠨᠥᠬᠥᠪᠥᠷᠢ ᠮᠡᠳᠡᠭᠳᠡᠯ
ᠲᠢᠲᠢᠮ ᠰᠤᠳᠠᠯ᠎ᠤᠨ ᠤᠳᠤᠷᠢᠳᠤᠮᠵᠢ ᠵᠢᠨ ᠰᠢᠷᠬᠡᠭ᠎ᠢ ᠲᠥᠪᠯᠡᠷᠡᠩᠭᠦᠶ ᠬᠡᠮᠵᠢᠶ᠎ᠡ᠎ᠲᠠᠢ ᠬᠤᠳᠠᠯᠳᠤᠨ ᠠᠪᠬᠤ ᠲᠤᠬᠠᠢ ᠮᠤᠵᠢ ᠵᠢᠨ ᠬᠣᠭᠣᠷᠣᠨᠳᠣᠬᠢ ᠬᠤᠯᠪᠤᠭ᠎ᠠ ᠵᠢᠨ ᠬᠤᠳᠠᠯᠳᠤᠨ ᠠᠪᠬᠤ ᠠᠯᠪᠠᠨ ᠭᠡᠷ᠎ᠤᠨ ᠪᠢᠴᠢᠭ ᠮᠠᠲ᠋ᠧᠷᠢᠶᠠᠯ (SJLM-14-HC2021-1)᠎ᠤᠨ ᠨᠡᠢ᠌ᠳᠡᠯᠡᠯ
 
            