ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠪᠢᠴᠢᠭ ᠮᠠᠲ᠋ᠧᠷᠢᠶᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠰᠦᠯᠵᠢᠶᠡᠨ᠎ᠳᠤ ᠬᠤᠯᠪᠤᠬᠤ ᠦᠢ᠍ᠯᠡᠳᠭᠦᠨ (ᠬᠣᠶᠠᠳᠤᠭ᠋ᠠᠷ ᠪᠦᠯᠦᠭ)᠎ᠢ ᠢᠯᠡ ᠨᠡᠶ᠋ᠢᠲᠡᠯᠡᠬᠦ ᠲᠤᠬᠠᠶ ᠮᠡᠳᠡᠭᠳᠡᠯ
ᠨᠡᠶ᠋ᠢᠲᠡᠯᠡᠭᠰᠡᠨ ᠴᠠᠭ᠄ 2021-06-22

      ᠥᠪᠥᠷ ᠡᠮ ᠲᠦᠪᠯᠡᠷᠡᠭᠦᠯᠦᠨ ᠬᠤᠳᠠᠯᠳᠤᠨ ᠠᠪᠬᠤ ᠲᠥᠪ ᠦᠰᠦᠭ  [2021]  113 ᠳ᠋ᠤᠭ᠋ᠠᠷ ᠲᠣᠭ᠋ᠠᠲᠤ
ᠡᠯ᠎ᠡ ᠬᠠᠮᠢᠶ᠎ᠠ ᠪᠥᠬᠥᠶ ᠨᠢᠭᠡᠴᠢ᠄
     《2021 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠰᠦᠯᠵᠢᠶᠡᠨ᠎ᠳᠤ ᠬᠣᠯᠪᠣᠬᠤ ᠠᠵᠢᠯ᠎ᠢ ᠰᠠᠶ᠋ᠢᠲᠤᠷ ᠬᠢᠬᠦ ᠲᠤᠬᠠᠶ ᠮᠡᠳᠡᠭᠳᠡᠯ》 (ᠥᠪᠥᠷ ᠡᠮᠴᠢᠯᠡᠭᠡ ᠳᠠᠭ᠋ᠠᠳᠬᠠᠯ ᠠᠯᠪᠠᠨ ᠲᠠᠷᠬᠠᠭ᠋ᠠᠭᠰᠠᠨ [2021]  90 ᠳ᠋ᠤᠭᠡᠷ ᠲᠣᠭ᠋ᠠᠲᠤ)᠎ᠤᠨ ᠪᠢᠴᠢᠭ ᠮᠠᠲ᠋ᠧᠷᠢᠶᠠᠯ᠎ᠤᠨ ᠱᠠᠭ᠋ᠠᠷᠳᠠᠯᠭ᠎ᠠ ᠶᠣᠰᠣᠭ᠋ᠠᠷ᠂ ᠡᠳᠦᠭᠡ ᠨᠥᠬᠥᠴᠡᠯ᠎ᠳᠤ ᠨᠡᠶ᠋ᠢᠴᠡᠬᠦ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠤᠨ ᠮᠡᠳᠡᠭᠡ ᠵᠠᠩᠭᠢ (ᠬᠣᠶᠠᠳᠤᠭ᠋ᠠᠷ ᠪᠦᠯᠦᠭ) ᠵᠢ ᠢᠯᠡ ᠨᠡᠶ᠋ᠢᠲᠡᠯᠡᠬᠦ ᠵᠢᠨ ᠬᠠᠮᠲᠤ᠂ ᠬᠠᠮᠢᠶ᠎ᠠ ᠪᠥᠬᠥᠶ ᠤᠴᠢᠷ᠎ᠢ ᠳᠣᠤᠷᠠᠬᠢ ᠮᠡᠲᠦ ᠮᠡᠳᠡᠭᠳᠡᠪᠡ᠄
      ᠨᠢᠭᠡ᠂ ᠢᠯᠡ ᠨᠡᠶ᠋ᠢᠲᠡᠯᠡᠬᠦ ᠠᠭᠤᠯᠭ᠎ᠠ
      ᠠᠵᠤ ᠠᠬᠤᠶ᠋ᠢᠯᠠᠯ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠤᠨ ᠪᠦᠲᠦᠭᠡᠭᠳᠡᠬᠦᠨ᠎ᠤ ᠮᠡᠳᠡᠭᠡ ᠵᠠᠩᠭᠢ᠎ᠪᠠᠨ ᠮᠡᠳᠡᠭᠦᠯᠬᠦ ᠬᠡᠷᠡᠭᠲᠡᠶ᠃ ᠪᠣᠶ ᠪᠥᠬᠥᠶ ᠭᠤᠶᠤᠴᠢᠯᠠᠨ ᠮᠡᠳᠡᠭᠦᠯᠦᠭᠰᠡᠨ ᠠᠵᠤ ᠠᠬᠤᠶ᠋ᠢᠯᠠᠯ ᠥᠪᠥᠷ ᠮᠣᠩᠭᠣᠯ᠎ᠤᠨ ᠡᠮ ᠡᠮᠨᠡᠯᠭᠡ ᠬᠤᠳᠠᠯᠳᠤᠨ ᠠᠪᠬᠤ ᠰᠦᠯᠵᠢᠶᠡᠨ᠎ᠤ ᠪᠠᠯᠠ ᠮᠥᠩᠭᠥ ᠵᠢ ᠬᠢᠨᠠᠬᠤ ᠰᠢᠰᠲ᠋ᠧᠮ᠎ᠳᠤ ᠣᠷᠣᠵᠤ ᠮᠡᠳᠡᠭᠡ ᠵᠠᠩᠭᠢ ᠵᠢ ᠪᠠᠶ᠋ᠢᠴᠠᠭ᠋ᠠᠨ ᠦᠵᠡᠨ᠎ᠡ᠃
      ᠬᠣᠶᠠᠷ᠂ ᠢᠯᠡ ᠨᠡᠶ᠋ᠢᠲᠡᠯᠡᠬᠦ ᠴᠠᠭ
     2021 ᠣᠨ᠎ᠤ 6 ᠳ᠋ᠤᠭ᠋ᠠᠷ ᠰᠠᠷ᠎ᠠ ᠵᠢᠨ 22 — 6 ᠳ᠋ᠤᠭ᠋ᠠᠷ ᠰᠠᠷ᠎ᠠ ᠵᠢᠨ 28᠎ᠤ ᠡᠳᠦᠷ᠃
      ᠭᠤᠷᠪᠠ᠂ ᠪᠤᠰᠤᠳ ᠵᠦᠢ᠍ᠯ
     (ᠨᠢᠭᠡ) ᠡᠯ᠎ᠡ ᠬᠣᠯᠪᠣᠭᠳᠠᠯ ᠪᠥᠬᠥᠶ ᠠᠵᠤ ᠠᠬᠤᠶ᠋ᠢᠯᠠᠯ᠎ᠤᠳ ᠬᠡᠷᠪᠡ ᠵᠠᠷᠯᠠᠨ ᠨᠡᠶ᠋ᠢᠲᠡᠯᠡᠭᠰᠡᠨ ᠮᠡᠳᠡᠭᠡ ᠵᠠᠩᠭᠢ ᠵᠢᠴᠢ ᠦᠢ᠍ᠯᠡᠳᠭᠦᠨ᠎ᠤ ᠦᠨ᠎ᠡ ᠬᠠᠩᠰᠢ᠎ᠳᠤ ᠣᠨᠳᠣᠤ ᠰᠠᠨᠠᠯ᠎ᠲᠠᠢ ᠪᠠᠶ᠋ᠢᠪᠠᠯ᠂ 《ᠬᠡᠨ ᠵᠣᠷᠢᠪᠠᠯ ᠲᠡᠷᠡ ᠭᠡᠷᠡᠴᠢ ᠳᠤᠷᠠᠳᠬᠤ》 ᠵᠠᠷᠴᠢᠮ᠎ᠤᠨ ᠶᠣᠰᠣᠭ᠋ᠠᠷ᠂ ᠦᠨᠡᠨ ᠪᠣᠳᠠᠲᠠᠶ ᠬᠦᠴᠦᠨ᠎ᠲᠠᠢ᠂ ᠪᠦᠷᠢᠨ ᠭᠦᠢ᠍ᠴᠡᠳ ᠭᠡᠷᠡᠴᠢᠯᠡᠬᠦ ᠮᠠᠲ᠋ᠧᠷᠢᠶᠠᠯ᠎ᠢ ᠬᠠᠩᠭ᠋ᠠᠵᠤ᠂ ᠬᠤᠭᠤᠴᠠᠭ᠎ᠠ᠎ᠠᠴᠠ᠎ᠪᠠᠨ ᠬᠡᠲᠦᠷᠡᠭᠰᠡᠨ ᠪᠤᠶᠤ ᠲᠣᠭᠲᠠᠭ᠋ᠠᠯ ᠶᠣᠰᠣᠭ᠋ᠠᠷ ᠲᠤᠰᠢᠶᠠᠭᠰᠠᠨ ᠥᠬᠡᠶ ᠪᠠᠶ᠋ᠢᠪᠠᠯ ᠭᠥᠯᠢᠶᠡᠨ ᠠᠪᠴᠤ ᠰᠢᠢ᠍ᠳᠪᠦᠷᠢᠯᠡᠬᠦ ᠥᠬᠡᠶ᠃
     (ᠬᠣᠶᠠᠷ) ᠠᠵᠤ ᠠᠬᠤᠶ᠋ᠢᠯᠠᠯ᠎ᠤᠨ ᠭᠤᠶᠤᠴᠢᠯᠠᠨ ᠮᠡᠳᠡᠭᠦᠯᠬᠦ (ᠪᠠᠯᠠ ᠣᠷᠣᠭᠤᠯᠬᠤ) ᠵᠠᠭ᠋ᠠᠯᠳᠤᠯᠭ᠎ᠠ ᠵᠢᠨ ᠮᠠᠲ᠋ᠧᠷᠢᠶᠠᠯ᠎ᠳᠤ᠄
     《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢ᠍ᠯ᠎ᠤᠨ ᠪᠠᠭ᠋ᠠᠵᠢ ᠬᠡᠷᠡᠭᠰᠡᠯ᠎ᠢ ᠲᠥᠪᠯᠡᠷᠡᠭᠦᠯᠦᠨ ᠬᠤᠳᠠᠯᠳᠤᠨ ᠠᠪᠬᠤ ᠲᠤᠬᠠᠶ᠋ᠢᠯᠠᠭᠰᠠᠨ ᠠᠵᠢᠯ᠎ᠢ ᠭᠥᠯᠢᠶᠡᠨ ᠠᠪᠴᠤ ᠰᠢᠢ᠍ᠳᠪᠦᠷᠢᠯᠡᠬᠦ ᠬᠦᠰᠦᠨᠦᠭᠲᠦ》 (ᠳᠠᠭ᠋ᠠᠯᠳᠤᠭᠤᠯᠤᠯ 1)᠂ 《ᠬᠠᠤᠯᠢ ᠡᠷᠬᠡᠳᠡᠨ᠎ᠤ ᠡᠷᠬᠡ ᠣᠯᠭᠣᠬᠤ ᠪᠢᠴᠢᠭ》 (ᠳᠠᠭ᠋ᠠᠯᠳᠤᠭᠤᠯᠤᠯ 2)᠂ 《ᠪᠠᠶ᠋ᠢᠳᠠᠯ᠎ᠤᠨ ᠲᠣᠳᠣᠷᠬᠠᠶ᠋ᠢᠯᠠᠯᠲᠠ》 ᠪᠣᠯᠤᠨ ᠬᠠᠮᠢᠶ᠎ᠠ ᠪᠥᠬᠥᠶ ᠲᠣᠳᠣᠷᠬᠠᠶ ᠪᠥᠭᠡᠳ ᠬᠦᠴᠦᠨ᠎ᠲᠠᠢ ᠭᠡᠷᠡᠴᠢᠯᠡᠬᠦ ᠮᠠᠲ᠋ᠧᠷᠢᠶᠠᠯ ᠪᠠᠭᠲᠠᠨ᠎ᠠ᠃
     (ᠭᠤᠷᠪᠠ) ᠲᠤᠰᠢᠶᠠᠬᠤ ᠠᠷᠭ᠎ᠠ ᠮᠠᠶᠢᠭ᠄ ᠬᠠᠮᠢᠶ᠎ᠠ ᠪᠥᠬᠥᠶ ᠠᠵᠤ ᠠᠬᠤᠶ᠋ᠢᠯᠠᠯ᠎ᠨᠢ ᠭᠤᠶᠤᠴᠢᠯᠠᠬᠤ (ᠵᠠᠭ᠋ᠠᠯᠳᠤᠬᠤ) ᠵᠠᠭ᠋ᠠᠯᠳᠤᠯᠭ᠎ᠠ ᠵᠢᠨ ᠮᠠᠲ᠋ᠧᠷᠢᠶᠠᠯ ᠵᠶ᠋ᠠᠨ ᠬᠠᠭᠤᠳᠠᠰᠤ ᠳᠠᠷᠠᠭ᠋ᠠᠯᠠᠨ ᠨᠢᠭᠡᠴᠢ ᠵᠢᠨ ᠠᠯᠪᠠᠨ ᠲᠠᠮᠠᠭ᠎ᠠ ᠵᠢ ᠳᠠᠷᠤᠵᠤ ᠲᠤᠬᠠᠶ᠋ᠢᠯᠠᠭᠰᠠᠨ ᠠᠵᠢᠯ᠎ᠢ ᠭᠥᠯᠢᠶᠡᠨ ᠠᠪᠴᠤ ᠰᠢᠢ᠍ᠳᠪᠦᠷᠢᠯᠡᠬᠦ ᠰᠢᠤᠳᠠᠨ᠎ᠤ ᠬᠠᠶ᠋ᠢᠷᠴᠠᠭ (nmgyczxywsl@163.com)᠎ᠲᠤ ᠢᠯᠡᠭᠡᠨ᠎ᠡ᠃
     (ᠳᠥᠷᠪᠡ) ᠢᠯᠡ ᠨᠡᠶ᠋ᠢᠲᠡᠯᠡᠬᠦ ᠬᠤᠭᠤᠴᠠᠭ᠋ᠠᠨ᠎ᠳᠤ ᠭᠥᠯᠢᠶᠡᠨ ᠠᠪᠤᠭᠰᠠᠨ ᠭᠤᠶᠤᠴᠢᠯᠠᠯ (ᠵᠠᠭ᠋ᠠᠯᠳᠤᠬᠤ)᠎ᠤᠨ ᠵᠠᠭ᠋ᠠᠯᠳᠤᠯᠭ᠎ᠠ ᠵᠢ ᠲᠥᠪᠯᠡᠷᠡᠭᠦᠯᠦᠨ ᠰᠢᠢ᠍ᠳᠪᠦᠷᠢᠯᠡᠵᠦ᠂ ᠲᠤᠬᠠᠶ ᠵᠢᠨ ᠦᠶ᠎ᠡ᠎ᠳᠤ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠵᠢᠨ ᠬᠤᠳᠠᠯᠳᠤᠨ ᠠᠪᠬᠤ ᠰᠦᠯᠵᠢᠶ᠎ᠡ᠎ᠪᠠᠷ ᠳᠡᠮᠵᠢᠨ ᠦᠷ᠎ᠡ ᠳ᠋ᠦᠩ᠎ᠢ ᠨᠢᠭᠡᠳᠦᠯᠲᠡᠶ ᠨᠡᠶ᠋ᠢᠲᠡᠯᠡᠨ᠎ᠡ᠃ ᠢᠯᠡ ᠨᠡᠶ᠋ᠢᠲᠡᠯᠡᠬᠦ᠎ᠳᠤ ᠣᠨᠳᠣᠤ ᠰᠠᠨᠠᠯ ᠥᠬᠡᠶ ᠦᠢ᠍ᠯᠡᠳᠭᠦᠨ᠎ᠢ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠤᠨ   ᠦᠢ᠍ᠯᠡᠳᠭᠦᠨ᠎ᠤ ᠠᠷᠠᠯᠵᠢᠶ᠎ᠠ ᠵᠢᠨ ᠬᠥᠮᠥᠷᠭᠡ᠎ᠳᠤ ᠣᠷᠣᠭᠤᠯᠤᠨ᠎ᠠ᠃
      ᠳᠥᠷᠪᠡ᠂ ᠬᠠᠷᠢᠯᠴᠠᠬᠤ ᠠᠷᠭ᠎ᠠ ᠮᠠᠶᠢᠭ
     0471 — 4919735 (ᠮᠠᠲ᠋ᠧᠷᠢᠶᠠᠯ᠎ᠢ ᠬᠦᠯᠢᠶᠡᠨ ᠠᠪᠴᠤ ᠰᠢᠢ᠍ᠳᠪᠦᠷᠢᠯᠡᠬᠦ)
     0471 — 4907267 (ᠲᠤᠬᠠᠶ᠋ᠢᠯᠠᠭᠰᠠᠨ ᠠᠵᠢᠯ᠎ᠤᠨ ᠯᠠᠪᠯᠠᠯᠭ᠎ᠠ)
      ᠳᠠᠭ᠋ᠠᠯᠳᠤᠭᠤᠯᠤᠯ᠄
     1᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢ᠍ᠯ ᠪᠠᠭ᠋ᠠᠵᠢ ᠬᠡᠷᠡᠭᠰᠡᠯ᠎ᠢ ᠲᠥᠪᠯᠡᠷᠡᠭᠦᠯᠦᠨ ᠬᠤᠳᠠᠯᠳᠤᠨ ᠠᠪᠬᠤ ᠲᠤᠬᠠᠶ᠋ᠢᠯᠠᠭᠰᠠᠨ ᠠᠵᠢᠯ᠎ᠢ ᠭᠥᠯᠢᠶᠡᠨ ᠠᠪᠴᠤ ᠰᠢᠢ᠍ᠳᠪᠦᠷᠢᠯᠡᠬᠦ ᠬᠦᠰᠦᠨᠦᠭᠲᠦ
      2᠂ ᠬᠠᠤᠯᠢ ᠵᠢᠨ ᠡᠷᠬᠡᠳᠡᠨ᠎ᠤ ᠡᠷᠬᠡ ᠣᠯᠭᠣᠬᠤ ᠪᠢᠴᠢᠭ
   
                        ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠬᠤᠳᠠᠯᠳᠤᠨ ᠠᠪᠬᠤ ᠲᠥᠪ
                              2021 ᠣᠨ᠎ᠤ 6   ᠳ᠋ᠤᠭ᠋ᠠᠷ ᠰᠠᠷ᠎ᠠ ᠵᠢᠨ 22᠎ᠤ ᠡᠳᠦᠷ

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠣᠯᠠᠭ᠎ᠠ ᠵᠢᠨ ᠲᠤᠪᠴᠢᠶ᠎ᠠ
          
ᠬᠠᠮᠢᠶ᠎ᠡ ᠪᠦᠬᠦᠢ ᠰᠣᠨᠢᠨ
《ᠡᠬᠡ ᠨᠢᠯᠬᠠᠰ᠎ᠤᠨ ᠡᠷᠡᠭᠦᠯ ᠮᠡᠨᠳᠦ ᠵᠢᠨ ᠦᠢ᠍ᠯᠡᠴᠢᠯᠡᠭᠡᠨ᠎ᠤ ᠲᠣᠭᠲᠠᠯᠴᠠᠭ᠎ᠠ ᠪᠠ ᠦᠢ᠍ᠯᠡᠴᠢᠯᠡᠭᠡᠨ᠎ᠤ ᠴᠢᠳᠠᠪᠤᠷᠢ ᠵᠢᠨ ᠪᠠᠶ᠋ᠢᠭᠤᠯᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠶ ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠤᠨ᠎ᠤ ᠠᠷᠠᠳ᠎ᠤᠨ ᠵᠠᠰᠠᠭ᠎ᠤᠨ ᠣᠷᠳᠤᠨ᠎ᠤ ᠠᠯᠪᠠᠨ ᠲᠢᠩᠬᠢᠮ᠎ᠤᠨ ᠰᠠᠨᠠᠯ》᠎ᠤᠨ ᠲᠤᠬᠠᠢ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
《ᠨᠠᠢ᠍ᠮᠠᠨ ᠮᠤᠵᠢ ᠬᠣᠶᠠᠷ ᠣᠷᠣᠨ》᠎ᠤ ᠮᠤᠵᠢ ᠵᠢᠨ ᠬᠣᠭᠣᠷᠣᠨᠳᠣᠬᠢ ᠬᠤᠯᠪᠤᠭ᠋ᠠᠯᠠᠨ ᠡᠮ ᠲᠠᠩ ᠲᠥᠪᠯᠡᠷᠡᠭᠦᠯᠦᠨ ᠬᠡᠮᠵᠢᠶ᠎ᠡ᠎ᠲᠠᠢ᠎ᠪᠠᠷ ᠬᠤᠳᠠᠯᠳᠤᠨ ᠠᠪᠬᠤ ᠳᠤᠮᠳᠠᠬᠢ ᠰᠣᠩᠭᠣᠯᠲᠠ ᠵᠢᠨ ᠦᠷ᠎ᠡ ᠳ᠋ᠦᠩ᠎ᠤᠨ ᠨᠡᠢ᠌ᠳᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠨᠡᠯᠭᠡ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠰᠦᠯᠵᠢᠶᠡᠨ᠎ᠳᠤ ᠬᠤᠯᠪᠤᠬᠤ ᠠᠵᠢᠯ᠎ᠤᠨ ᠲᠤᠬᠠᠶ ᠨᠥᠬᠥᠪᠥᠷᠢ ᠮᠡᠳᠡᠭᠳᠡᠯ
ᠲᠢᠲᠢᠮ ᠰᠤᠳᠠᠯ᠎ᠤᠨ ᠤᠳᠤᠷᠢᠳᠤᠮᠵᠢ ᠵᠢᠨ ᠰᠢᠷᠬᠡᠭ᠎ᠢ ᠲᠥᠪᠯᠡᠷᠡᠩᠭᠦᠶ ᠬᠡᠮᠵᠢᠶ᠎ᠡ᠎ᠲᠠᠢ ᠬᠤᠳᠠᠯᠳᠤᠨ ᠠᠪᠬᠤ ᠲᠤᠬᠠᠢ ᠮᠤᠵᠢ ᠵᠢᠨ ᠬᠣᠭᠣᠷᠣᠨᠳᠣᠬᠢ ᠬᠤᠯᠪᠤᠭ᠎ᠠ ᠵᠢᠨ ᠬᠤᠳᠠᠯᠳᠤᠨ ᠠᠪᠬᠤ ᠠᠯᠪᠠᠨ ᠭᠡᠷ᠎ᠤᠨ ᠪᠢᠴᠢᠭ ᠮᠠᠲ᠋ᠧᠷᠢᠶᠠᠯ (SJLM-14-HC2021-1)᠎ᠤᠨ ᠨᠡᠢ᠌ᠳᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠦᠯᠵᠢᠶᠡᠨ᠎ᠳᠤ ᠬᠣᠯᠪᠣᠭᠰᠠᠨ ᠡᠮ᠎ᠤᠨ ᠵᠦᠢ᠍ᠯ᠎ᠤᠨ ᠦᠨ᠎ᠡ ᠬᠠᠩᠰᠢ ᠵᠢ ᠬᠣᠯᠪᠣᠭ᠋ᠠᠯᠠᠨ ᠬᠥᠳᠡᠯᠦᠯᠴᠡᠬᠦ ᠪᠠ ᠬᠤᠳᠠᠯᠳᠤᠨ ᠠᠪᠬᠤ ᠠᠷᠭ᠎ᠠ ᠮᠠᠶᠢᠭ᠎ᠲᠤ ᠲᠣᠬᠢᠷᠠᠭᠤᠯᠤᠯᠲᠠ ᠬᠢᠬᠦ ᠠᠵᠢᠯ᠎ᠢ ᠥᠷᠨᠢᠭᠦᠯᠬᠦ ᠲᠤᠬᠠᠶ ᠮᠡᠳᠡᠭᠳᠡᠯ
 
            