ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠪᠢᠴᠢᠭ ᠮᠠᠲ᠋ᠧᠷᠢᠶᠠᠯ
《ᠡᠬᠡ ᠨᠢᠯᠬᠠᠰ᠎ᠤᠨ ᠡᠷᠡᠭᠦᠯ ᠮᠡᠨᠳᠦ ᠵᠢᠨ ᠦᠢ᠍ᠯᠡᠴᠢᠯᠡᠭᠡᠨ᠎ᠤ ᠲᠣᠭᠲᠠᠯᠴᠠᠭ᠎ᠠ ᠪᠠ ᠦᠢ᠍ᠯᠡᠴᠢᠯᠡᠭᠡᠨ᠎ᠤ ᠴᠢᠳᠠᠪᠤᠷᠢ ᠵᠢᠨ ᠪᠠᠶ᠋ᠢᠭᠤᠯᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠶ ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠤᠨ᠎ᠤ ᠠᠷᠠᠳ᠎ᠤᠨ ᠵᠠᠰᠠᠭ᠎ᠤᠨ ᠣᠷᠳᠤᠨ᠎ᠤ ᠠᠯᠪᠠᠨ ᠲᠢᠩᠬᠢᠮ᠎ᠤᠨ ᠰᠠᠨᠠᠯ》᠎ᠤᠨ ᠲᠤᠬᠠᠢ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
ᠨᠡᠶ᠋ᠢᠲᠡᠯᠡᠭᠰᠡᠨ ᠴᠠᠭ᠄ 2021-07-14

      ᠨᠢᠭᠡ᠂ ᠨᠡᠶ᠋ᠢᠲᠡᠯᠡᠭᠰᠡᠨ ᠠᠬᠤᠶ ᠪᠠᠶ᠋ᠢᠳᠠᠯ
     《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠡᠬᠡ ᠨᠢᠯᠬᠠᠰ᠎ᠤᠨ ᠡᠷᠡᠭᠦᠯ ᠮᠡᠨᠳᠦ ᠵᠢ ᠬᠠᠮᠠᠭ᠋ᠠᠯᠠᠬᠤ ᠬᠠᠤᠯᠢ》
《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠨ ᠡᠮ ᠡᠮᠨᠡᠯᠭᠡ ᠡᠷᠡᠭᠦᠯ ᠬᠠᠮᠠᠭ᠋ᠠᠯᠠᠯ ᠬᠢᠭᠡᠳ ᠡᠷᠡᠭᠦᠯ ᠮᠡᠨᠳᠦ ᠵᠢ ᠠᠬᠢᠭᠤᠯᠬᠤ ᠬᠠᠤᠯᠢ》 ᠵᠢᠴᠢ 《ᠡᠷᠡᠭᠦᠯ ᠡᠩᠬᠡ ᠳᠤᠮᠳᠠᠳᠤ ᠤᠯᠤᠰ᠎ᠤᠨ ᠠᠵᠢᠯᠯᠠᠭ᠎ᠠ (2019-2030)》 ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ 《ᠡᠷᠡᠭᠦᠯ ᠡᠩᠬᠡ ᠥᠪᠥᠷ ᠮᠣᠩᠭᠤᠯ᠎ᠤᠨ ᠠᠵᠢᠯᠯᠠᠭ᠎ᠠ ᠵᠢᠨ ᠬᠡᠷᠡᠭᠵᠢᠭᠦᠯᠬᠦ ᠲᠥᠰᠦᠯ》᠎ᠢ ᠭᠦᠨᠵᠡᠭᠡᠶ ᠬᠡᠷᠡᠭᠵᠢᠭᠦᠯᠬᠦ ᠵᠢ ᠠᠭᠢᠭᠤᠯᠤᠨ᠂ ᠡᠮᠡᠭᠲᠡᠶ᠋ᠢᠴᠦᠳ ᠬᠡᠦᠬᠡᠳ᠎ᠤᠨ ᠣᠯᠠᠨ ᠲᠠᠰ ᠳᠠᠪᠬᠤᠷᠭ᠎ᠠ᠂ ᠣᠯᠠᠨ ᠶᠠᠩᠵᠤ ᠵᠢᠨ ᠡᠷᠡᠭᠦᠯ ᠮᠡᠨᠳᠦ ᠵᠢᠨ ᠬᠡᠷᠡᠭᠴᠡᠭᠡ ᠵᠢ ᠲᠠᠰᠤᠷᠠᠯᠲᠠ ᠦᠭᠡᠢ ᠬᠠᠩᠭ᠋ᠠᠵᠤ᠂ ᠪᠦᠬᠦ ᠣᠷᠣᠨ᠎ᠤ ᠡᠮᠡᠭᠲᠡᠶ᠋ᠢᠴᠦᠳ ᠬᠡᠦᠬᠡᠳ᠎ᠤᠨ ᠡᠷᠡᠭᠦᠯ ᠴᠢᠭᠢᠷᠠᠭ᠎ᠤᠨ ᠬᠢᠷᠢ ᠬᠡᠮᠵᠢᠶ᠎ᠡ ᠵᠢ ᠦᠨᠡᠨ ᠬᠦ᠌ ᠳᠡᠭᠡᠭᠰᠢᠯᠡᠬᠦᠯᠬᠦ ᠵᠢᠨ ᠲᠤᠯᠠᠳᠠ᠂ ᠥᠪᠡᠷᠲᠡᠭᠡᠨ ᠵᠠᠰᠠᠬᠤ ᠣᠷᠤᠨ᠎ᠤ ᠠᠷᠠᠳ᠎ᠤᠨ ᠵᠠᠰᠠᠭ᠎ᠤᠨ ᠣᠷᠳᠤᠨ 《ᠡᠬᠡ ᠨᠢᠯᠬᠠᠰ᠎ᠤᠨ ᠡᠷᠡᠭᠦᠯ ᠮᠡᠨᠳᠦ ᠵᠢᠨ ᠦᠢ᠍ᠯᠡᠴᠢᠯᠡᠭᠡᠨ᠎ᠤ ᠲᠣᠭᠲᠠᠯᠴᠠᠭ᠎ᠠ ᠪᠠ ᠦᠢ᠍ᠯᠡᠴᠢᠯᠡᠭᠡᠨ᠎ᠤ ᠴᠢᠳᠠᠪᠤᠷᠢ ᠵᠢᠨ ᠪᠠᠶ᠋ᠢᠭᠤᠯᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠰᠠᠨᠠᠯ》 (ᠳᠣᠷᠣᠭᠰᠢ 《ᠰᠠᠨᠠᠯ》 ᠭᠡᠵᠦ ᠲᠣᠪᠴᠢᠯᠠᠨ᠎ᠠ)᠎ᠢ ᠲᠣᠭᠲᠠᠭ᠋ᠠᠵᠤ ᠨᠡᠶ᠋ᠢᠲᠡᠯᠡᠪᠡ᠃
ᠬᠤᠶᠠᠷ᠂ 《ᠰᠠᠨᠠᠯ》᠎ᠢ ᠲᠣᠭᠲᠠᠭ᠋ᠠᠭᠰᠠᠨ ᠴᠢᠬᠤᠯᠠ ᠴᠢᠨᠠᠷ
      ᠶᠡᠷᠦᠩᠬᠡᠶ ᠱᠦᠵᠢ ᠰᠢ ᠵᠢᠨ ᠫᠢᠩ ᠪᠥᠬᠦ ᠤᠯᠤᠰ᠎ᠤᠨ ᠡᠷᠡᠭᠦᠯ ᠬᠠᠮᠠᠭ᠋ᠠᠯᠠᠯ ᠪᠠ ᠡᠷᠡᠭᠦᠯ ᠮᠡᠨᠳᠦ ᠵᠢᠨ ᠶᠡᠭᠡ ᠬᠤᠷᠠᠯ ᠳᠡᠭᠡᠷ᠎ᠡ᠄ 《ᠡᠬᠡ ᠨᠢᠯᠬᠠᠰ᠎ᠤᠨ ᠡᠷᠡᠭᠦᠯ ᠮᠡᠨᠳᠦ ᠵᠢ ᠪᠠᠲᠤᠯᠠᠵᠤ᠂ ᠦᠢ᠍ᠯᠡᠴᠢᠯᠡᠭᠡᠨ᠎ᠤ ᠡᠬᠢ ᠪᠠᠶᠠᠯᠢᠭ᠎ᠢ ᠵᠦᠶ ᠵᠣᠬᠢᠰᠲᠠᠶ ᠲᠣᠬᠢᠷᠠᠭᠤᠯᠵᠤ᠂ ᠬᠥᠩᠭᠡᠵᠢᠯᠲᠡ ᠵᠢᠨ ᠭᠠᠵᠠᠷ᠂ ᠬᠡᠦᠬᠡᠳ ᠰᠠᠭ᠋ᠠᠲᠠᠭᠤᠯᠬᠤ ᠵᠡᠷᠭᠡ ᠡᠷᠡᠭᠦᠯ ᠮᠡᠨᠳᠦ ᠵᠢᠨ ᠦᠢ᠍ᠯᠡᠴᠢᠯᠡᠭᠡᠨ᠎ᠤ ᠬᠠᠩᠭ᠋ᠠᠯᠭ᠎ᠠ ᠵᠢ ᠴᠢᠩᠭ᠋ᠠᠳᠬᠠᠵᠤ᠂ ᠴᠢᠭᠢᠷᠠᠭ ᠳᠦᠷᠦᠵᠦ ᠲᠣᠷᠨᠢᠭᠤᠨ ᠥᠰᠬᠡᠬᠦ ᠵᠢ ᠰᠠᠨᠠᠭ᠋ᠠᠴᠢᠯᠠᠵᠤ᠂ ᠵᠡᠷᠡᠮᠳᠡᠭ ᠲᠦᠷᠦᠭᠦ᠂ ᠰᠢᠮ᠎ᠡ ᠲᠡᠵᠢᠭᠡᠯ᠎ᠤᠨ ᠴᠢᠨᠠᠷᠲᠠᠶ ᠡᠪᠡᠳᠴᠢᠨ ᠡᠮᠭᠡᠭ᠂ ᠬᠦᠨᠳᠦ ᠲᠦᠭᠰᠢᠭᠦᠷᠢᠲᠡᠶ ᠡᠪᠡᠳᠴᠢᠨ ᠵᠡᠷᠭᠡ ᠡᠮᠡᠭᠲᠡᠶ᠋ᠢᠴᠦᠳ ᠪᠠ ᠨᠢᠯᠬ᠎ᠠ ᠬᠡᠦᠬᠡᠳ᠎ᠤᠨ ᠡᠷᠡᠭᠦᠯ ᠮᠡᠨᠳᠦ ᠵᠢ ᠰᠦᠷᠳᠡᠭᠦᠯᠵᠦ ᠪᠠᠶ᠋ᠢᠭ᠎ᠠ ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠲᠣᠪᠣᠶ᠋ᠢᠮ᠎ᠠ ᠠᠰᠠᠭᠤᠳᠠᠯ᠎ᠤᠳ᠎ᠢ ᠰᠠᠶ᠋ᠢᠲᠤᠷ ᠰᠢᠶᠳᠪᠦᠷᠢᠯᠡᠵᠦ᠂ ᠬᠥᠳᠡᠭᠡ ᠲᠣᠰᠬᠤᠨ᠎ᠤ 〈ᠬᠤᠶᠠᠷ ᠥᠮᠡᠨ〉᠎ᠢ ᠰᠢᠭᠰᠢᠨ ᠪᠠᠶ᠋ᠢᠴᠠᠭ᠋ᠠᠬᠤ ᠵᠢ ᠰᠠᠶ᠋ᠢᠲᠤᠷ ᠬᠡᠷᠡᠭᠵᠢᠭᠦᠯᠵᠦ᠂ ᠡᠬᠡ ᠨᠢᠯᠬᠠᠰ᠎ᠤᠨ ᠡᠷᠡᠭᠦᠯ ᠮᠡᠨᠳᠦ ᠵᠢᠨ ᠪᠠᠲᠤᠯᠠᠭ᠎ᠠ ᠵᠢᠨ ᠲᠣᠤᠷ᠎ᠢ ᠪᠠᠲᠤ ᠴᠣᠭᠴᠠᠯᠠᠬᠤ ᠬᠡᠷᠡᠭᠲᠡᠶ ᠭᠡᠵᠦ ᠴᠢᠬᠤᠯᠠᠴᠢᠯᠠᠵᠠᠢ᠃ ᠶᠡᠷᠦᠩᠬᠡᠶ ᠰᠠᠶ᠋ᠢᠳ ᠯᠢ ᠺᠧ ᠴᠢᠶᠠᠩ ᠪᠥᠬᠦ ᠤᠯᠤᠰ᠎ᠤᠨ ᠡᠮᠡᠭᠲᠡᠶ᠋ᠢᠴᠦᠳ ᠬᠡᠦᠬᠡᠳ᠎ᠤᠨ ᠠᠵᠢᠯ᠎ᠤᠨ ᠬᠤᠷᠠᠯ ᠳᠡᠭᠡᠷ᠎ᠡ᠂ ᠡᠮᠡᠭᠲᠡᠶ᠋ᠢᠴᠦᠳ ᠬᠡᠦᠬᠡᠳ᠎ᠤᠨ ᠬᠥᠭᠵᠢᠯᠲᠡ ᠵᠢᠨ ᠳᠤᠮᠳᠠ ᠣᠷᠣᠰᠢᠵᠤ ᠪᠠᠶ᠋ᠢᠭ᠎ᠠ ᠲᠡᠩᠴᠡᠭᠦᠷᠢ ᠥᠬᠡᠶ ᠠᠰᠠᠭᠤᠳᠠᠯ᠎ᠢ ᠨᠠᠩ ᠬᠦᠴᠦᠲᠡᠶ ᠠᠷᠭ᠎ᠠ ᠬᠡᠮᠵᠢᠶ᠎ᠡ᠎ᠪᠠᠷ ᠰᠢᠢ᠍ᠳᠪᠦᠷᠢᠯᠡᠬᠦ ᠵᠢ ᠠᠬᠢᠭᠤᠯᠵᠤ᠂ ᠡᠮᠡᠭᠲᠡᠶ᠋ᠢᠴᠦᠳ ᠬᠡᠦᠬᠡᠳ᠎ᠤᠨ ᠦᠢ᠍ᠯᠡᠰ ᠪᠣᠯᠤᠨ ᠠᠵᠤ ᠠᠬᠤᠶ ᠨᠡᠶ᠋ᠢᠭᠡᠮ᠎ᠤᠨ ᠵᠣᠬᠢᠴᠠᠩᠭᠤᠶ ᠬᠥᠭᠵᠢᠯᠲᠡ ᠵᠢ ᠨᠠᠩ ᠥᠨᠳᠥᠷ ᠲᠦᠪᠰᠢᠨ᠎ᠳᠤ ᠠᠬᠢᠭᠤᠯᠬᠤ ᠬᠡᠷᠡᠭᠲᠡᠶ ᠭᠡᠵᠦ ᠵᠢᠭ᠋ᠠᠵᠤ ᠭᠠᠷᠭ᠋ᠠᠭᠰᠠᠨ ᠪᠠᠶ᠋ᠢᠨ᠎ᠠ᠃ 2020 ᠣᠨ᠎ᠤ 6 ᠳ᠋ᠤᠭ᠋ᠠᠷ ᠰᠠᠷ᠎ᠠ ᠵᠢᠨ 1᠎ᠤ ᠡᠳᠦᠷ᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠡᠮ ᠡᠮᠨᠡᠯᠭᠡ ᠡᠮᠴᠢᠯᠡᠭᠡ ᠡᠷᠡᠭᠦᠯ ᠬᠠᠮᠠᠭ᠋ᠠᠯᠠᠯ ᠬᠢᠭᠡᠳ ᠡᠷᠡᠭᠦᠯ ᠮᠡᠨᠳᠦ ᠵᠢ ᠠᠬᠢᠭᠤᠯᠬᠤ ᠬᠠᠤᠯᠢ》 ᠵᠢ ᠨᠡᠶ᠋ᠢᠲᠡᠯᠡᠨ ᠬᠡᠷᠡᠭᠵᠢᠭᠦᠯᠵᠦ᠂ 《ᠤᠯᠤᠰ᠎ᠠᠴᠠ ᠡᠬᠡ ᠨᠢᠯᠬᠠᠰ᠎ᠤᠨ ᠡᠷᠡᠭᠦᠯ ᠮᠡᠨᠳᠦ ᠵᠢ ᠬᠠᠮᠠᠭ᠋ᠠᠯᠠᠬᠤ ᠦᠢ᠍ᠯᠡᠰ᠎ᠢ ᠬᠥᠭᠵᠢᠭᠦᠯᠵᠦ᠂ ᠡᠬᠡ ᠨᠢᠯᠬᠠᠰ᠎ᠤᠨ ᠡᠷᠡᠭᠦᠯ ᠮᠡᠨᠳᠦ ᠵᠢᠨ ᠦᠢ᠍ᠯᠡᠴᠢᠯᠡᠭᠡᠨ᠎ᠤ ᠲᠣᠭᠲᠠᠯᠴᠠᠭ᠎ᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠡᠮᠡᠭᠲᠡᠶ᠋ᠢᠴᠦᠳ᠂ ᠬᠡᠦᠬᠡᠳ᠎ᠲᠤ ᠡᠷᠡᠭᠦᠯ ᠮᠡᠨᠳᠦ ᠵᠢ ᠬᠠᠮᠠᠭ᠋ᠠᠯᠠᠬᠤ ᠵᠢᠴᠢ ᠪᠠᠶ᠋ᠢᠩᠭᠤ ᠲᠣᠬᠢᠶᠠᠯᠳᠤᠳᠠᠭ ᠡᠪᠡᠳᠴᠢᠨ᠎ᠢ ᠰᠡᠷᠭᠡᠶ᠋ᠢᠯᠡᠨ ᠵᠠᠰᠠᠬᠤ ᠦᠢ᠍ᠯᠡᠴᠢᠯᠡᠭᠡ ᠬᠠᠩᠭ᠋ᠠᠵᠤ᠂ ᠡᠮᠡᠭᠲᠡᠶ᠋ᠢᠴᠦᠳ᠂ ᠬᠡᠦᠬᠡᠳ᠎ᠤᠨ ᠡᠷᠡᠭᠦᠯ ᠮᠡᠨᠳᠦ ᠵᠢ ᠪᠠᠲᠤᠯᠠᠨ᠎ᠠ》 ᠭᠡᠵᠦ ᠲᠣᠳᠤᠷᠬᠠᠢ ᠲᠣᠭᠲᠠᠭ᠋ᠠᠭᠰᠠᠨ ᠪᠠᠶ᠋ᠢᠨ᠎ᠠ᠃ 《ᠡᠷᠡᠭᠦᠯ ᠡᠩᠬᠡ ᠳᠤᠮᠳᠠᠳᠤ ᠤᠯᠤᠰ᠎ᠤᠨ 2030 ᠣᠨ᠎ᠤ ᠲᠥᠯᠥᠪᠵᠢᠭᠦᠯᠭᠡ ᠵᠢᠨ ᠬᠥᠲᠥᠯᠪᠦᠷᠢ》᠂ 《ᠡᠷᠡᠭᠦᠯ ᠡᠩᠬᠡ ᠳᠤᠮᠳᠠᠳᠤ ᠤᠯᠤᠰ᠎ᠤᠨ ᠠᠵᠢᠯᠯᠠᠭ᠎ᠠ (2019-2030)》 ᠪᠠ 《〈ᠡᠷᠡᠭᠦᠯ ᠡᠩᠬᠡ ᠥᠪᠥᠷ ᠮᠣᠩᠭᠤᠯ 2030〉 ᠵᠢᠨ ᠬᠡᠷᠡᠭᠵᠢᠭᠦᠯᠬᠦ ᠲᠥᠰᠦᠯ》᠂ 《ᠡᠷᠡᠭᠦᠯ ᠡᠩᠬᠡ ᠥᠪᠥᠷ ᠮᠣᠩᠭᠤᠯ᠎ᠤᠨ ᠠᠵᠢᠯᠯᠠᠭ᠎ᠠ ᠵᠢᠨ ᠬᠡᠷᠡᠭᠵᠢᠭᠦᠯᠬᠦ ᠲᠥᠰᠦᠯ》᠎ᠨᠢ ᠡᠬᠡ ᠨᠢᠯᠬᠠᠰ᠎ᠤᠨ ᠡᠷᠡᠭᠦᠯ ᠮᠡᠨᠳᠦ ᠵᠢᠨ ᠦᠢ᠍ᠯᠡᠴᠢᠯᠡᠭᠡᠨ᠎ᠤ ᠲᠣᠭᠲᠠᠯᠴᠠᠭ᠎ᠠ ᠪᠠ ᠦᠢ᠍ᠯᠡᠴᠢᠯᠡᠭᠡᠨ᠎ᠤ ᠴᠢᠳᠠᠪᠤᠷᠢ ᠵᠢᠨ ᠪᠠᠶ᠋ᠢᠭᠤᠯᠤᠯᠲᠠ᠎ᠳᠤ ᠴᠥᠮ ᠰᠢᠨ᠎ᠡ᠎ᠪᠠᠷ ᠪᠣᠳᠠᠲᠠᠶ ᠱᠠᠭ᠋ᠠᠷᠳᠠᠯᠭ᠎ᠠ ᠳᠤᠷᠠᠳᠴᠠᠢ᠃
ᠭᠤᠷᠪᠠ᠂ 《ᠰᠠᠨᠠᠯ》᠎ᠤᠨ ᠭᠤᠤᠯ ᠠᠭᠤᠯᠭ᠎ᠠ
     《ᠰᠠᠨᠠᠯ》᠎ᠳᠤ 7 ᠬᠡᠰᠡᠭ ᠠᠭᠤᠯᠭ᠎ᠠ ᠪᠠᠭᠲᠠᠨ᠎ᠠ᠄
ᠨᠢᠭᠡ᠎ᠳᠤ᠂ ᠶᠡᠷᠦᠩᠬᠡᠶ ᠱᠠᠭ᠋ᠠᠷᠳᠠᠯᠭ᠎ᠠ᠃ ᠵᠢᠯᠣᠭᠤᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ ᠪᠠ ᠬᠥᠭᠵᠢᠯᠲᠡ ᠵᠢᠨ ᠬᠠᠷᠠᠯᠲᠠ ᠵᠢ ᠲᠣᠳᠣᠷᠬᠠᠶ᠋ᠢᠯᠠᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ᠂ ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠤᠲᠠ᠂ ᠬᠤᠰᠢᠭᠤ ᠰᠢᠶᠠᠨ (ᠬᠤᠲᠠ᠂ ᠲᠣᠭᠤᠷᠢᠭ) ᠭᠤᠷᠪᠠᠨ ᠱᠠᠲᠤᠨ᠎ᠳᠤ ᠴᠥᠮ ᠨᠢᠭᠡ ᠪᠠᠷᠢᠮᠵᠢᠶᠠᠵᠢᠭᠰᠠᠨ ᠡᠬᠡ ᠨᠢᠯᠬᠠᠰ᠎ᠤᠨ ᠡᠷᠡᠭᠦᠯᠵᠢᠯ᠎ᠤᠨ ᠪᠠᠶ᠋ᠢᠭᠤᠯᠤᠮᠵᠢ ᠵᠢ ᠪᠠᠶ᠋ᠢᠭᠤᠯᠬᠤ᠎ᠪᠠᠷ ᠴᠢᠷᠮᠠᠶ᠋ᠢᠨ᠎ᠠ᠃
ᠬᠤᠶᠠᠷ᠎ᠲᠤ᠂ ᠡᠬᠡ ᠨᠢᠯᠬᠠᠰ᠎ᠤᠨ ᠡᠷᠡᠭᠦᠯ ᠮᠡᠨᠳᠦ ᠵᠢᠨ ᠦᠢ᠍ᠯᠡᠴᠢᠯᠡᠭᠡᠨ᠎ᠤ ᠲᠣᠭᠲᠠᠯᠴᠠᠭ᠎ᠠ ᠵᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ᠂ ᠪᠠᠷᠢᠮᠵᠢᠶᠠᠵᠢᠭᠰᠠᠨ ᠪᠦᠲᠦᠭᠡᠨ ᠪᠠᠶ᠋ᠢᠭᠤᠯᠤᠯᠲᠠ᠂ ᠲᠤᠰᠬᠠᠢ ᠰᠠᠯᠠᠭ᠋ᠠᠨ᠎ᠤ ᠴᠢᠳᠠᠪᠤᠷᠢ ᠵᠢᠨ ᠪᠠᠶ᠋ᠢᠭᠤᠯᠤᠯᠲᠠ᠂ ᠦᠢ᠍ᠯᠡᠴᠢᠯᠡᠭᠡᠨ᠎ᠤ ᠲᠣᠣᠷ᠎ᠤᠨ ᠰᠠᠭᠤᠷᠢ ᠵᠢᠨ ᠪᠦᠲᠦᠭᠡᠨ ᠪᠠᠶ᠋ᠢᠭᠤᠯᠤᠯᠲᠠ ᠵᠡᠷᠭᠡ ᠳᠦᠷᠪᠡᠨ ᠲᠠᠯ᠎ᠠ᠎ᠪᠠᠷ ᠪᠦᠲᠦᠭᠡᠨ ᠪᠠᠶ᠋ᠢᠭᠤᠯᠤᠯᠲᠠ ᠵᠢᠨ ᠭᠤᠣᠯᠳᠠᠯᠭ᠎ᠠ ᠵᠢ ᠲᠣᠳᠣᠷᠬᠠᠶ᠋ᠢᠯᠠᠪᠠ᠃
ᠭᠤᠷᠪᠠ᠎ᠳᠤ᠂ ᠡᠬᠡ ᠨᠢᠯᠬᠠᠰ᠎ᠤᠨ ᠡᠷᠡᠭᠦᠯ ᠮᠡᠨᠳᠦ ᠵᠢᠨ ᠴᠢᠳᠠᠪᠤᠷᠢᠲᠠᠨ᠎ᠤ ᠡᠩᠨᠡᠭᠡ ᠵᠢᠨ ᠪᠠᠶ᠋ᠢᠭᠤᠯᠤᠯᠲᠠ ᠵᠢ ᠶᠡᠬᠡᠪᠡᠷ ᠴᠢᠩᠭ᠋ᠠᠳᠬᠠᠨ᠎ᠠ᠃ ᠴᠢᠳᠠᠪᠤᠷᠢᠲᠠᠳ᠎ᠢ ᠬᠥᠮᠦᠵᠢᠭᠦᠯᠬᠦ᠂ ᠴᠢᠳᠠᠪᠤᠷᠢᠲᠠᠳ ᠤᠷᠢᠨ ᠵᠠᠯᠠᠬᠤ ᠵᠢ ᠴᠢᠩᠭ᠋ᠠᠳᠬᠠᠬᠤ᠂ ᠴᠠᠯᠢᠩ ᠬᠥᠯᠥᠰᠥ ᠵᠢᠨ ᠤᠷᠮᠠᠰᠢᠭᠤᠯᠤᠯ᠎ᠢ ᠴᠢᠩᠭ᠋ᠠᠳᠬᠠᠬᠤ ᠵᠡᠷᠭᠡ ᠲᠠᠯ᠎ᠠ᠎ᠪᠠᠷ ᠬᠠᠨᠳᠤᠯᠭ᠋ᠠᠲᠤ ᠴᠢᠨᠠᠷᠲᠠᠢ ᠠᠷᠭ᠎ᠠ ᠬᠡᠮᠵᠢᠶ᠎ᠡ ᠳᠤᠷᠠᠳᠪᠠ᠃
ᠳᠥᠷᠪᠡ᠎ᠳᠤ᠂ ᠡᠬᠡ ᠨᠢᠯᠬᠠᠰ᠎ᠤᠨ ᠡᠷᠡᠭᠦᠯ ᠮᠡᠨᠳᠦ ᠵᠢᠨ ᠦᠢ᠍ᠯᠡᠴᠢᠯᠡᠭᠡᠨ᠎ᠤ ᠴᠢᠳᠠᠪᠤᠷᠢ ᠵᠢ ᠦᠨᠡᠨ ᠬᠦ᠌ ᠳᠡᠭᠡᠭᠰᠢᠯᠡᠭᠦᠯᠦᠨ᠎ᠡ᠃ ᠭᠤᠣᠯᠳᠠᠭᠤ ᠬᠦᠨᠳᠦ ᠡᠪᠡᠳᠴᠢᠲᠡᠨ᠎ᠢ ᠡᠮᠨᠡᠨ ᠠᠪᠤᠷᠠᠬᠤ᠂ ᠡᠬᠡ ᠨᠢᠯᠬᠠᠰ᠎ᠤᠨ ᠡᠮᠴᠢᠯᠡᠭᠡᠨ᠎ᠤ ᠦᠢ᠍ᠯᠡᠴᠢᠯᠡᠭᠡ᠂ ᠡᠬᠡ ᠨᠢᠯᠬᠠᠰ᠎ᠤᠨ ᠡᠷᠡᠭᠦᠯᠵᠢᠯ᠎ᠤᠨ ᠦᠢ᠍ᠯᠡᠴᠢᠯᠡᠭᠡ᠂ ᠡᠮᠡᠭᠲᠡᠶ᠋ᠢᠴᠦᠳ ᠬᠡᠦᠬᠡᠳ᠎ᠤᠨ ᠡᠪᠡᠳᠴᠢᠨ ᠡᠮᠭᠡᠭ᠎ᠢ ᠰᠡᠷᠭᠡᠶ᠋ᠢᠯᠡᠨ ᠡᠵᠡᠮᠳᠡᠬᠦ᠂ ᠵᠡᠷᠡᠮᠳᠡᠭ ᠲᠦᠷᠦᠭᠦ ᠵᠢ ᠶᠡᠷᠦᠩᠬᠡᠶ᠋ᠢᠯᠡᠨ ᠰᠡᠷᠭᠡᠶ᠋ᠢᠯᠡᠨ ᠵᠠᠰᠠᠬᠤ᠂ ᠬᠢᠲᠠᠳ ᠡᠮ ᠡᠮᠨᠡᠯᠭᠡ (ᠮᠣᠩᠭᠤᠯ ᠡᠮ ᠡᠮᠨᠡᠯᠭᠡ) ᠵᠢᠨ ᠡᠬᠡ ᠨᠢᠯᠬᠠᠰ᠎ᠤᠨ ᠡᠷᠡᠭᠦᠯ ᠮᠡᠨᠳᠦ᠎ᠳᠤ ᠦᠢ᠍ᠯᠡᠴᠢᠯᠡᠬᠦ ᠴᠢᠳᠠᠪᠤᠷᠢ ᠵᠢ ᠳᠡᠭᠡᠭᠰᠢᠯᠡᠭᠦᠯᠬᠦ ᠵᠢᠨ ᠲᠣᠭᠤᠷᠢᠨ᠎ᠳᠤ ᠪᠥᠲᠥᠭᠡᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃
ᠲᠠᠪᠤ᠎ᠳᠤ᠂ ᠡᠬᠡ ᠨᠢᠯᠬᠠᠰ᠎ᠤᠨ ᠡᠷᠡᠭᠦᠯᠵᠢᠯ᠎ᠤᠨ ᠪᠠᠶ᠋ᠢᠭᠤᠯᠤᠮᠵᠢ ᠵᠢᠨ ᠬᠠᠮᠢᠶᠠᠷᠤᠯᠲᠠ ᠵᠢᠨ ᠲᠦᠪᠰᠢᠨ᠎ᠢ ᠴᠢᠩᠭ᠋ᠠᠳᠬᠠᠨ᠎ᠠ᠃ ᠡᠬᠡ ᠨᠢᠯᠬᠠᠰ᠎ᠤᠨ ᠡᠷᠡᠭᠦᠯᠵᠢᠯ᠎ᠤᠨ ᠪᠠᠶ᠋ᠢᠭᠤᠯᠤᠮᠵᠢ ᠵᠢᠨ ᠵᠢᠷᠤᠮᠵᠢᠭᠰᠠᠨ ᠬᠠᠮᠢᠶᠠᠷᠤᠯᠲᠠ᠂ ᠡᠮᠴᠢᠯᠡᠭᠡᠨ᠎ᠤ ᠶᠠᠰᠤ ᠴᠢᠨᠠᠷ᠎ᠤᠨ ᠠᠮᠤᠷ ᠲᠦᠪᠰᠢᠨ᠎ᠤ ᠬᠠᠮᠢᠶᠠᠷᠤᠯᠲᠠ᠂ ᠡᠬᠡ ᠨᠢᠯᠬᠠᠰ᠎ᠤᠨ ᠡᠷᠡᠭᠦᠯ ᠮᠡᠨᠳᠦ ᠵᠢᠨ ᠮᠡᠳᠡᠭᠡ ᠵᠠᠩᠭᠢᠵᠢᠯᠲᠠ ᠵᠢᠨ ᠪᠠᠶ᠋ᠢᠭᠤᠯᠤᠯᠲᠠ᠂ ᠴᠢᠨᠠᠷ ᠰᠠᠶ᠋ᠢᠲᠠᠶ ᠦᠢ᠍ᠯᠡᠴᠢᠯᠡᠭᠡᠨ᠎ᠤ ᠡᠬᠢ ᠪᠠᠶᠠᠯᠢᠭ᠎ᠢ ᠳᠣᠷᠣᠭᠰᠢ ᠪᠠᠭᠤᠯᠭ᠋ᠠᠬᠤ ᠵᠡᠷᠭᠡ ᠲᠠᠯ᠎ᠠ᠎ᠪᠠᠷ ᠲᠣᠳᠣᠷᠬᠠᠶ᠋ᠢᠯᠠᠵᠤ ᠨᠠᠷᠢᠯᠢᠬ᠍ᠵᠢᠭᠤᠯᠪᠠ᠃ ᠵᠢᠷᠭᠤᠭ᠎ᠠ᠎ᠳᠤ᠂ ᠡᠬᠡ ᠨᠢᠯᠬᠠᠰ᠎ᠤᠨ ᠡᠷᠡᠭᠦᠯᠵᠢᠯ᠎ᠤᠨ ᠪᠠᠶ᠋ᠢᠭᠤᠯᠤᠮᠵᠢ ᠵᠢᠨ ᠬᠠᠮᠢᠶᠠᠷᠤᠯᠲᠠ ᠵᠢᠨ ᠠᠵᠢᠯᠯᠠᠭ᠋ᠠᠨ᠎ᠤ ᠲᠣᠭᠲᠠᠴᠠ ᠵᠢᠨ ᠥᠭᠡᠷᠡᠴᠢᠯᠡᠯᠲᠡ ᠰᠢᠨᠡᠴᠢᠯᠡᠯᠲᠡ ᠵᠢ ᠢᠳᠡᠪᠬᠢᠲᠡᠶ ᠠᠬᠢᠭᠤᠯᠤᠨ᠎ᠠ᠃ ᠡᠮᠴᠢᠯᠡᠭᠡᠨ᠎ᠤ ᠪᠠᠶ᠋ᠢᠭᠤᠯᠤᠮᠵᠢ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠳᠤᠮᠳᠠ ᠪᠠᠶ᠋ᠢᠭᠤᠯᠤᠮᠵᠢ ᠲᠣᠭᠲᠠᠴᠠ ᠵᠢᠨ ᠰᠢᠨ᠎ᠡ ᠵᠢ ᠡᠭᠦᠳᠬᠦ ᠵᠢ ᠬᠡᠷᠬᠢᠨ ᠠᠬᠢᠭᠤᠯᠬᠤ ᠪᠠ ᠠᠵᠢᠯ᠎ᠤᠨ ᠤᠷᠮᠠᠰᠢᠭᠤᠯᠬᠤ ᠲᠣᠭᠲᠠᠴᠠ ᠵᠢ ᠪᠠᠶ᠋ᠢᠭᠤᠯᠬᠤ ᠵᠡᠷᠭᠡ ᠠᠭᠤᠯᠭ᠎ᠠ ᠵᠢ ᠲᠣᠳᠣᠷᠬᠠᠶ᠋ᠢᠯᠠᠪᠠ᠃
ᠳᠣᠯᠤᠭ᠎ᠠ᠎ᠳᠤ᠂ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠨ᠎ᠠ᠃ ᠤᠳᠤᠷᠢᠳᠤᠯᠭ᠎ᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ᠂ ᠬᠢᠨᠠᠯᠲᠠ ᠲᠠᠯᠪᠢᠬᠤ ᠰᠢᠯᠭ᠋ᠠᠨ ᠬᠢᠨᠠᠬᠤ ᠵᠢ ᠴᠢᠩᠭ᠋ᠠᠳᠬᠠᠬᠤ᠂ ᠰᠠᠯᠠᠭ᠎ᠠ ᠮᠥᠴᠢᠷ᠎ᠤᠨ ᠬᠠᠮᠵᠢᠯᠴᠠᠭ᠎ᠠ ᠵᠢ ᠴᠢᠩᠭ᠋ᠠᠳᠬᠠᠬᠤ ᠭᠤᠷᠪᠠᠨ ᠲᠠᠯ᠎ᠠ᠎ᠪᠠᠷ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ᠎ᠤᠨ ᠭᠤᠤᠯ ᠡᠭᠦᠷᠭᠡ ᠬᠠᠷᠢᠭᠤᠴᠠᠯᠭ᠎ᠠ ᠪᠠ ᠡᠭᠦᠷᠭᠡ ᠵᠢ ᠤᠯᠠᠮ ᠨᠢᠭᠡ ᠠᠯᠬᠤᠮ ᠲᠣᠳᠣᠷᠬᠠᠶ᠋ᠢᠯᠠᠪᠠ᠃ ᠡᠬᠡ ᠨᠢᠯᠬᠠᠰ᠎ᠤᠨ ᠡᠷᠡᠭᠦᠯ ᠮᠡᠨᠳᠦ ᠵᠢᠨ ᠦᠢ᠍ᠡᠯᠰ ᠪᠣᠯ ᠠᠷᠠᠳ᠎ᠤᠨ ᠠᠮᠢᠳᠤᠷᠠᠯ᠎ᠤᠨ ᠴᠢᠬᠤᠯᠠ ᠶᠡᠭᠡ ᠦᠶᠯᠡᠰ ᠶᠤᠮ᠂ ᠡᠬᠡ ᠨᠢᠯᠬᠠᠰ᠎ᠤᠨ ᠡᠷᠡᠭᠦᠯ ᠮᠡᠨᠳᠦ᠎ᠨᠢ ᠪᠥᠬᠦ ᠣᠷᠣᠨ᠎ᠤ ᠭᠤᠷᠪᠠᠨ᠎ᠤ ᠬᠤᠶᠠᠷ᠎ᠠᠴᠠ ᠳᠡᠭᠡᠭᠰᠢᠬᠢ ᠣᠯᠠᠨ ᠲᠦᠮᠡᠨ᠎ᠲᠠᠢ ᠬᠤᠯᠪᠤᠭᠳᠠᠬᠤ ᠲᠤᠯᠠ ᠵᠠᠰᠠᠭ᠎ᠤᠨ ᠣᠷᠳᠣᠨ᠎ᠤ ᠨᠢᠭᠡᠳᠦᠯᠲᠡᠶ ᠤᠳᠤᠷᠢᠳᠤᠯᠭ᠎ᠠ ᠳᠣᠤᠷ᠎ᠠ᠂ ᠨᠢᠭᠡᠳᠦᠯᠲᠡᠶ ᠲᠥᠯᠥᠪᠵᠢᠭᠦᠯᠦᠨ᠂ ᠠᠵᠢᠯ ᠬᠤᠪᠢᠶᠠᠷᠢᠯᠠᠨ ᠬᠠᠮᠵᠢᠯᠴᠠᠵᠤ᠂ ᠳᠡᠭᠡᠳᠦ ᠬᠡᠮᠵᠢᠶ᠎ᠡ᠎ᠪᠠᠷ ᠠᠬᠢᠭᠤᠯᠬᠤ ᠴᠢᠬᠤᠯᠠ᠎ᠲᠠᠢ ᠪᠠᠶ᠋ᠢᠨ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ
          
ᠬᠠᠮᠢᠶ᠎ᠡ ᠪᠦᠬᠦᠢ ᠰᠣᠨᠢᠨ
《ᠨᠠᠢ᠍ᠮᠠᠨ ᠮᠤᠵᠢ ᠬᠣᠶᠠᠷ ᠣᠷᠣᠨ》᠎ᠤ ᠮᠤᠵᠢ ᠵᠢᠨ ᠬᠣᠭᠣᠷᠣᠨᠳᠣᠬᠢ ᠬᠤᠯᠪᠤᠭ᠋ᠠᠯᠠᠨ ᠡᠮ ᠲᠠᠩ ᠲᠥᠪᠯᠡᠷᠡᠭᠦᠯᠦᠨ ᠬᠡᠮᠵᠢᠶ᠎ᠡ᠎ᠲᠠᠢ᠎ᠪᠠᠷ ᠬᠤᠳᠠᠯᠳᠤᠨ ᠠᠪᠬᠤ ᠳᠤᠮᠳᠠᠬᠢ ᠰᠣᠩᠭᠣᠯᠲᠠ ᠵᠢᠨ ᠦᠷ᠎ᠡ ᠳ᠋ᠦᠩ᠎ᠤᠨ ᠨᠡᠢ᠌ᠳᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠨᠡᠯᠭᠡ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠰᠦᠯᠵᠢᠶᠡᠨ᠎ᠳᠤ ᠬᠤᠯᠪᠤᠬᠤ ᠠᠵᠢᠯ᠎ᠤᠨ ᠲᠤᠬᠠᠶ ᠨᠥᠬᠥᠪᠥᠷᠢ ᠮᠡᠳᠡᠭᠳᠡᠯ
ᠲᠢᠲᠢᠮ ᠰᠤᠳᠠᠯ᠎ᠤᠨ ᠤᠳᠤᠷᠢᠳᠤᠮᠵᠢ ᠵᠢᠨ ᠰᠢᠷᠬᠡᠭ᠎ᠢ ᠲᠥᠪᠯᠡᠷᠡᠩᠭᠦᠶ ᠬᠡᠮᠵᠢᠶ᠎ᠡ᠎ᠲᠠᠢ ᠬᠤᠳᠠᠯᠳᠤᠨ ᠠᠪᠬᠤ ᠲᠤᠬᠠᠢ ᠮᠤᠵᠢ ᠵᠢᠨ ᠬᠣᠭᠣᠷᠣᠨᠳᠣᠬᠢ ᠬᠤᠯᠪᠤᠭ᠎ᠠ ᠵᠢᠨ ᠬᠤᠳᠠᠯᠳᠤᠨ ᠠᠪᠬᠤ ᠠᠯᠪᠠᠨ ᠭᠡᠷ᠎ᠤᠨ ᠪᠢᠴᠢᠭ ᠮᠠᠲ᠋ᠧᠷᠢᠶᠠᠯ (SJLM-14-HC2021-1)᠎ᠤᠨ ᠨᠡᠢ᠌ᠳᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠦᠯᠵᠢᠶᠡᠨ᠎ᠳᠤ ᠬᠣᠯᠪᠣᠭᠰᠠᠨ ᠡᠮ᠎ᠤᠨ ᠵᠦᠢ᠍ᠯ᠎ᠤᠨ ᠦᠨ᠎ᠡ ᠬᠠᠩᠰᠢ ᠵᠢ ᠬᠣᠯᠪᠣᠭ᠋ᠠᠯᠠᠨ ᠬᠥᠳᠡᠯᠦᠯᠴᠡᠬᠦ ᠪᠠ ᠬᠤᠳᠠᠯᠳᠤᠨ ᠠᠪᠬᠤ ᠠᠷᠭ᠎ᠠ ᠮᠠᠶᠢᠭ᠎ᠲᠤ ᠲᠣᠬᠢᠷᠠᠭᠤᠯᠤᠯᠲᠠ ᠬᠢᠬᠦ ᠠᠵᠢᠯ᠎ᠢ ᠥᠷᠨᠢᠭᠦᠯᠬᠦ ᠲᠤᠬᠠᠶ ᠮᠡᠳᠡᠭᠳᠡᠯ
2021 ᠣᠨ᠎ᠤ ᠠᠵᠢᠯᠲᠠᠨ ᠠᠵᠢᠯᠴᠢᠨ᠎ᠤ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠎ᠤᠨ ᠬᠤᠪᠢ ᠬᠥᠮᠦᠨ᠎ᠤ ᠳᠠᠩᠰᠠᠨ ᠡᠷᠦᠬᠡ ᠵᠢᠨ ᠬᠣᠯᠪᠣᠭᠳᠠᠯ ᠪᠦ᠍ᠬᠦᠢ ᠠᠵᠢᠯ᠎ᠢ ᠰᠠᠶ᠋ᠢᠲᠤᠷ ᠬᠢᠬᠦ ᠲᠤᠬᠠᠶ ᠮᠡᠳᠡᠭᠳᠡᠯ
 
            