ᠥᠪᠥᠷ ᠡᠮ ᠬᠤᠳᠠᠯᠳᠤᠨ ᠠᠪᠬᠤ ᠲᠥᠪ ᠦᠰᠦᠭ [2021] 120 ᠳ᠋ᠤᠭ᠋ᠠᠷ ᠲᠣᠭ᠋ᠠᠲᠤ
ᠡᠯ᠎ᠡ ᠬᠠᠮᠢᠶ᠎ᠠ ᠪᠥᠬᠥᠶ ᠨᠢᠭᠡᠴᠢ᠄
《2021 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠨᠡᠯᠭᠡ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠰᠦᠯᠵᠢᠶᠡᠨ᠎ᠳᠤ ᠬᠣᠯᠪᠣᠬᠤ ᠠᠵᠢᠯ᠎ᠢ ᠰᠠᠶ᠋ᠢᠲᠤᠷ ᠬᠢᠬᠦ ᠲᠤᠬᠠᠶ ᠮᠡᠳᠡᠭᠳᠡᠯ》 (ᠥᠪᠥᠷ ᠡᠮᠴᠢᠯᠡᠭᠡ ᠪᠠᠳᠤᠯᠠᠭ᠎ᠠ ᠠᠯᠪᠠᠨ ᠲᠠᠷᠬᠠᠭ᠋ᠠᠭᠰᠠᠨ [2021] 7 ᠳ᠋ᠤᠭ᠋ᠠᠷ ᠲᠣᠭ᠋ᠠᠲᠤ)᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠮᠠᠨ᠎ᠤ ᠣᠷᠣᠨ 2021 ᠣᠨ᠎ᠤ 6 ᠳ᠋ᠤᠭ᠋ᠠᠷ ᠰᠠᠷ᠎ᠠ ᠵᠢᠨ 22᠎ᠤᠨ ᠡᠳᠦᠷ ᠬᠣᠶᠠᠳᠤᠭ᠋ᠠᠷ ᠪᠦᠯᠦᠭ᠎ᠤᠨ ᠲᠥᠪᠯᠡᠷᠡᠭᠦᠯᠦᠨ ᠰᠦᠯᠵᠢᠶᠡᠨ᠎ᠳᠤ ᠬᠤᠯᠪᠤᠭᠰᠠᠨ ᠦᠢ᠍ᠯᠡᠳᠭᠦᠨ᠎ᠢ ᠵᠠᠷᠯᠠᠨ ᠨᠡᠶ᠋ᠢᠲᠡᠯᠡᠵᠦ᠂ ᠵᠠᠷᠯᠠᠨ ᠨᠡᠶ᠋ᠢᠲᠡᠯᠡᠬᠦ ᠬᠤᠭᠤᠴᠠᠭ᠋ᠠᠨ᠎ᠳᠤ ᠦᠢ᠍ᠯᠡᠳᠭᠦᠨ᠎ᠤ ᠮᠡᠳᠡᠭᠡ ᠵᠠᠩᠭᠢ ᠵᠢᠴᠢ ᠦᠨ᠎ᠡ ᠬᠠᠩᠰᠢ ᠵᠡᠷᠭᠡ ᠲᠠᠯ᠎ᠠ ᠵᠢᠨ ᠮᠡᠳᠡᠭᠦᠯᠬᠦ (ᠪᠠᠯᠠ ᠣᠷᠣᠭᠤᠯᠬᠤ) ᠵᠠᠭ᠋ᠠᠯᠳᠤᠯᠭ᠎ᠠ ᠵᠢᠨ ᠬᠡᠰᠡᠭ ᠮᠠᠲ᠋ᠧᠷᠢᠶᠠᠯ᠎ᠢ ᠭᠥᠯᠢᠶᠡᠨ ᠠᠪᠤᠪᠠ᠂ ᠰᠦᠯᠵᠢᠶᠡᠨ᠎ᠳᠤ ᠬᠤᠯᠪᠤᠬᠤ ᠠᠵᠢᠯ᠎ᠤᠨ ᠡᠷᠬᠡ ᠲᠡᠭᠰᠢ ᠲᠥᠪ ᠭᠣᠤᠯᠴᠢ ᠪᠠᠶ᠋ᠢᠬᠤ ᠵᠢ ᠪᠠᠲᠤᠯᠠᠬᠤ ᠵᠢᠨ ᠲᠤᠰᠠᠳᠠ᠂ ᠰᠤᠳᠤᠯᠬᠤ᠎ᠪᠠᠷ ᠳᠡᠮᠵᠢᠨ᠂ ᠡᠳᠦᠭᠡ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠰᠦᠯᠵᠢᠶᠡᠨ᠎ᠳᠤ ᠬᠤᠯᠪᠤᠬᠤ ᠠᠵᠢᠯ᠎ᠤᠨ ᠲᠤᠬᠠᠶ ᠳᠣᠤᠷᠠᠬᠢ ᠮᠡᠲᠦ ᠨᠥᠬᠥᠪᠥᠷᠢ ᠮᠡᠳᠡᠭᠳᠡᠯ ᠭᠠᠷᠭ᠋ᠠᠪᠠ᠃
ᠨᠢᠭᠡ᠂ ᠮᠡᠳᠡᠭᠦᠯᠬᠦ ᠦᠨ᠎ᠡ
ᠮᠡᠳᠡᠭᠦᠯᠦᠭᠰᠡᠨ ᠦᠢ᠍ᠯᠡᠳᠭᠦᠨ᠎ᠳᠤ ᠪᠥᠬᠥ ᠤᠯᠤᠰ᠎ᠤᠨ ᠮᠤᠵᠢ ᠵᠢᠨ ᠱᠠᠲᠤᠨ᠎ᠤ ᠰᠦᠯᠵᠢᠶᠡᠨ᠎ᠳᠤ ᠬᠣᠯᠪᠣᠬᠤ ᠦᠨ᠎ᠡ ᠬᠠᠩᠰᠢ ᠥᠬᠡᠶ ᠪᠣᠯ᠂ ᠮᠡᠳᠡᠭᠦᠯᠦᠭᠰᠡᠨ ᠠᠵᠤ ᠠᠬᠤᠶ᠋ᠢᠯᠠᠯ᠎ᠨᠢ ᠦᠢ᠍ᠯᠡᠳᠭᠦᠨ᠎ᠤ ᠦᠨ᠎ᠡ ᠬᠠᠩᠰᠢ ᠵᠢᠨ ᠲᠣᠳᠣᠷᠬᠠᠶ᠋ᠢᠯᠠᠯᠲᠠ ᠵᠢᠨ ᠵᠠᠬᠢᠳᠠᠯ (ᠳᠠᠭ᠋ᠠᠯᠳᠤᠭᠤᠯᠤᠯ᠎ᠳᠤ ᠦᠵᠡ)᠎ᠢ ᠳᠡᠭᠡᠭᠰᠢ ᠳᠠᠮᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠵᠢᠨ ᠬᠤᠳᠠᠯᠳᠤᠨ ᠠᠪᠬᠤ ᠲᠥᠪ᠎ᠨᠢ ᠲᠤᠰᠬᠠᠶ ᠮᠡᠷᠭᠡᠵᠢᠯᠲᠡᠳ᠎ᠢ ᠵᠣᠬᠢᠶᠠᠨ ᠪᠠᠶ᠋ᠢᠭᠤᠯᠤᠨ ᠠᠳᠠᠯᠢ ᠲᠥᠷᠥᠯ᠎ᠤᠨ ᠦᠢ᠍ᠯᠡᠳᠭᠦᠨ᠎ᠤ ᠦᠨ᠎ᠡ ᠬᠠᠩᠰᠢ᠎ᠪᠠᠷ ᠯᠠᠪᠯᠠᠯᠲᠠ ᠪᠣᠯᠭ᠋ᠠᠨ ᠵᠥᠪᠯᠡᠯᠭᠡᠨ᠎ᠤ ᠦᠨ᠎ᠡ ᠬᠠᠩᠰᠢ ᠵᠢ ᠲᠣᠭᠲᠠᠭ᠋ᠠᠵᠤ ᠪᠠᠶ᠋ᠢᠭ᠋ᠠᠳ ᠵᠦᠶ ᠵᠣᠬᠢᠰᠲᠠᠶ ᠦᠨ᠎ᠡ ᠬᠠᠩᠰᠢ ᠵᠢ ᠲᠣᠭᠲᠠᠭ᠋ᠠᠵᠤ᠂ ᠢᠯᠡ ᠨᠡᠶ᠋ᠢᠲᠡᠯᠡᠬᠦ᠎ᠪᠠᠷ ᠳᠡᠮᠵᠢᠨ ᠣᠨᠳᠣᠤ ᠰᠠᠨᠠᠯ ᠥᠬᠡᠶ ᠪᠣᠯᠤᠭᠰᠠᠨ᠎ᠤ ᠳᠠᠷᠠᠭ᠎ᠠ ᠬᠤᠳᠠᠯᠳᠤᠨ ᠠᠪᠬᠤ ᠬᠡᠪᠴᠢᠶᠡᠨ᠎ᠳᠤ ᠤᠷᠤᠭᠤᠯᠤᠨ᠎ᠠ᠃
ᠬᠣᠶᠠᠷ᠂ ᠵᠢᠷᠤᠭ ᠮᠡᠳᠡᠭᠦᠯᠬᠦ
ᠮᠡᠳᠡᠭᠦᠯᠦᠭᠰᠡᠨ ᠦᠢ᠍ᠯᠡᠳᠭᠦᠨ᠎ᠨᠢ ᠱᠠᠭ᠋ᠠᠷᠳᠠᠯᠭ᠎ᠠ ᠶᠣᠰᠣᠭ᠋ᠠᠷ ᠬᠠᠮᠢᠶ᠎ᠠ ᠪᠥᠬᠥᠶ ᠬᠢᠷᠢ ᠴᠢᠳᠠᠮᠵᠢ ᠵᠢᠨ ᠬᠡᠷᠡᠯ ᠵᠢᠷᠤᠭ᠎ᠢ ᠬᠠᠮᠠᠭ᠋ᠠᠯᠠᠭᠰᠠᠨ ᠥᠬᠡᠶ᠂ ᠬᠠᠮᠠᠭ᠋ᠠᠯᠠᠭᠰᠠᠨ ᠬᠡᠷᠡᠯ ᠵᠢᠷᠤᠭ᠎ᠨᠢ ᠪᠦᠷᠢᠨ ᠪᠤᠰᠤ᠂ ᠲᠣᠳᠣᠷᠬᠠᠶ ᠥᠬᠡᠶ᠂ ᠭᠡᠷᠡᠴᠢ ᠦᠨᠡᠮᠯᠡᠯ᠎ᠤᠨ ᠬᠡᠷᠡᠯ ᠵᠢᠷᠤᠭ᠎ᠨᠢ ᠬᠢᠷᠢ ᠴᠢᠳᠠᠮᠵᠢ᠎ᠲᠠᠢ᠎ᠪᠠᠨ ᠨᠡᠶ᠋ᠢᠴᠡᠬᠦ ᠥᠬᠡᠶ᠂ ᠦᠨ᠎ᠡ ᠬᠠᠩᠰᠢ ᠵᠢᠨ ᠭᠡᠷᠡᠴᠢᠯᠡᠬᠦ ᠪᠢᠴᠢᠭ ᠮᠠᠲ᠋ᠧᠷᠢᠶᠠᠯ᠎ᠨᠢ ᠵᠢᠷᠤᠮᠵᠢᠯ ᠥᠬᠡᠶ ᠵᠡᠷᠭᠡ ᠪᠠᠶ᠋ᠢᠳᠠᠯ᠎ᠲᠠᠢ ᠪᠠᠶ᠋ᠢᠪᠠᠯ᠂ ᠮᠡᠳᠡᠭᠦᠯᠦᠭᠰᠡᠨ ᠠᠵᠤ ᠠᠬᠤᠶ᠋ᠢᠯᠠᠯ᠎ᠨᠢ ᠬᠠᠮᠢᠶ᠎ᠠ ᠪᠥᠬᠥᠶ ᠮᠡᠳᠡᠭᠡ ᠵᠠᠩᠭᠢ ᠵᠢ ᠨᠠᠷᠢᠨ ᠬᠢᠨᠠᠮᠠᠭ᠋ᠠᠶ ᠬᠠᠷᠭᠤᠭᠤᠯᠵᠤ᠂ ᠮᠡᠳᠡᠭᠦᠯᠦᠭᠰᠡᠨ ᠦᠷ᠎ᠡ ᠳ᠋ᠦᠩ᠎ᠢ ᠨᠡᠶ᠋ᠢᠲᠡᠯᠡᠬᠦ᠎ᠠᠴᠠ ᠡᠮᠦᠨ᠎ᠡ᠂ 《ᠬᠥᠷᠥᠩᠭᠡ ᠵᠢᠨ ᠬᠢᠨᠠᠯᠲᠠ ᠵᠢᠨ ᠰᠢᠰᠲ᠋ᠧᠮ》 ᠵᠶ᠋ᠠᠷ ᠳᠠᠮᠵᠢᠭᠤᠯᠤᠨ ᠬᠠᠮᠢᠶ᠎ᠠ ᠪᠥᠬᠥᠶ ᠮᠡᠳᠡᠭᠡ ᠵᠠᠩᠭᠢ ᠵᠢ ᠵᠠᠯᠠᠷᠠᠭᠤᠯᠵᠤ᠂ ᠨᠡᠶ᠋ᠢᠲᠡᠯᠡᠭᠰᠡᠨ᠎ᠤ ᠳᠠᠷᠠᠭ᠎ᠠ ᠬᠤᠪᠢᠷᠠᠭᠤᠯᠬᠤ ᠵᠢᠨ ᠠᠷᠭ᠎ᠠ ᠥᠬᠡᠶ ᠪᠣᠯᠤᠨ᠎ᠠ᠃
ᠭᠤᠷᠪᠠ᠂ ᠨᠢᠭᠡᠨᠲᠡ ᠲᠠᠭᠯᠠᠨ ᠮᠡᠳᠡᠭᠦᠯᠦᠭᠰᠡᠨ ᠦᠢ᠍ᠯᠡᠳᠬᠦᠨ᠎ᠤ ᠵᠦᠢ᠍ᠯᠡᠰ
(ᠨᠢᠭᠡ) ᠮᠡᠳᠡᠭᠦᠯᠦᠭᠰᠡᠨ ᠠᠵᠤ ᠠᠬᠤᠶ᠋ᠢᠯᠠᠯ᠎ᠨᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠰᠦᠯᠵᠢᠶᠡᠨ᠎ᠳᠤ ᠬᠤᠯᠪᠤᠭ᠋ᠠᠰᠤᠳᠠᠢ ᠦᠢ᠍ᠯᠡᠳᠭᠦᠨ(ᠬᠣᠶᠠᠳᠤᠭ᠋ᠠᠷ ᠪᠦᠯᠦᠭ)》᠎ᠤ ᠨᠢᠭᠡᠨᠲᠡ ᠵᠠᠷᠯᠠᠨ ᠨᠡᠶ᠋ᠢᠲᠡᠯᠡᠭᠰᠡᠨ ᠦᠢ᠍ᠯᠡᠳᠭᠦᠨ᠎ᠳᠤ᠂ ᠪᠥᠬᠥ ᠤᠯᠤᠰ᠎ᠤᠨ ᠮᠤᠵᠢ ᠵᠢᠨ ᠱᠠᠲᠤᠨ᠎ᠤ ᠰᠦᠯᠵᠢᠶᠡᠨ᠎ᠳᠤ ᠬᠤᠯᠪᠤᠭ᠋ᠠᠰᠤᠳᠠᠢ ᠦᠨ᠎ᠡ ᠬᠠᠩᠰᠢ ᠪᠠᠶ᠋ᠢᠬᠤ ᠥᠬᠡᠶ ᠪᠣᠯ᠂ ᠦᠢ᠍ᠯᠡᠳᠭᠦᠨ᠎ᠤ ᠦᠨ᠎ᠡ ᠬᠠᠩᠰᠢ ᠵᠢᠨ ᠲᠣᠳᠣᠷᠬᠠᠶ᠋ᠢᠯᠠᠯᠲᠠ ᠵᠢᠨ ᠵᠠᠬᠢᠳᠠᠯ᠎ᠢ ᠨᠥᠬᠥᠪᠥᠷᠢᠯᠡᠨ ᠲᠤᠰᠢᠶᠠᠬᠤ ᠬᠡᠷᠡᠭᠲᠡᠶ; ᠦᠨ᠎ᠡ ᠬᠠᠩᠰᠢ᠎ᠨᠢ ᠲᠣᠰ ᠦᠢ᠍ᠯᠡᠳᠭᠦᠨ᠎ᠤ ᠪᠥᠬᠥ ᠤᠯᠤᠰ᠎ᠤᠨ ᠮᠤᠵᠢ ᠵᠢᠨ ᠱᠠᠲᠤᠨ᠎ᠤ ᠰᠦᠯᠵᠢᠶᠡᠨ᠎ᠳᠤ ᠬᠤᠯᠪᠤᠭᠰᠠᠨ ᠬᠠᠮᠤᠭ᠎ᠤᠨ ᠳᠣᠤᠷ᠎ᠠ ᠦᠨ᠎ᠡ ᠵᠢᠴᠢ ᠥᠪᠥᠷ ᠮᠣᠩᠭᠣᠯ᠎ᠤᠨ ᠡᠮᠴᠢᠯᠡᠭᠡᠨ᠎ᠤ ᠪᠠᠶ᠋ᠢᠭᠤᠯᠤᠮᠵᠢ ᠵᠢᠨ ᠪᠣᠳᠠᠲᠠᠶ ᠬᠤᠳᠠᠯᠳᠤᠨ ᠠᠪᠬᠤ ᠦᠨ᠎ᠡ᠎ᠠᠴᠠ ᠥᠨᠳᠥᠷ ᠪᠠᠶ᠋ᠢᠪᠠᠯ᠂ ᠦᠨ᠎ᠡ ᠪᠠᠭᠤᠷᠠᠭᠤᠯᠬᠤ ᠭᠤᠶᠤᠴᠢᠯᠠᠯ ᠵᠶ᠋ᠠᠨ ᠲᠤᠰᠢᠶᠠᠬᠤ ᠬᠡᠷᠡᠭᠲᠡᠶ᠃
ᠭᠥᠯᠢᠶᠡᠨ ᠠᠪᠴᠤ ᠰᠢᠢ᠍ᠳᠪᠦᠷᠢᠯᠡᠬᠦ ᠴᠠᠭ᠄ 2021 ᠣᠨ᠎ᠤ 7 ᠳ᠋ᠤᠭ᠋ᠠᠷ ᠰᠠᠷ᠎ᠠ ᠵᠢᠨ 6᠎ᠤ ᠡᠳᠦᠷ᠎ᠠᠴᠠ 7 ᠳ᠋ᠤᠭ᠋ᠠᠷ ᠰᠠᠷ᠎ᠠ ᠵᠢᠨ 12᠎ᠤᠨ ᠡᠳᠦᠷ᠎ᠤᠨ 17 ᠴᠠᠭ ᠪᠣᠯᠲᠠᠯ᠎ᠠ᠃
(ᠬᠣᠶᠠᠷ) ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠰᠦᠯᠵᠢᠶᠡᠨ᠎ᠳᠤ ᠬᠤᠯᠪᠤᠭ᠋ᠠᠰᠤᠳᠠᠢ ᠦᠢ᠍ᠯᠡᠳᠭᠦᠨ (ᠬᠣᠶᠠᠳᠤᠭ᠋ᠠᠷ ᠪᠦᠯᠦᠭ)᠂ ᠢᠯᠡ ᠨᠡᠶ᠋ᠢᠲᠡᠯᠡᠬᠦ᠎ᠳᠤ ᠣᠨᠳᠣᠤ ᠰᠠᠨᠠᠯ ᠥᠬᠡᠶ ᠦᠢ᠍ᠯᠡᠳᠭᠦᠨ᠎ᠢ 7 ᠳ᠋ᠤᠭ᠋ᠠᠷ ᠰᠠᠷ᠎ᠠ ᠵᠢᠨ 16᠎ᠤ ᠡᠳᠦᠷ ᠦᠷ᠎ᠡ ᠳ᠋ᠦᠩ᠎ᠢ ᠨᠡᠶ᠋ᠢᠲᠡᠯᠡᠬᠦ ᠵᠢᠨ ᠬᠠᠮᠲᠤ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠤᠨ ᠦᠢ᠍ᠯᠡᠳᠭᠦᠨ᠎ᠤ ᠠᠷᠠᠯᠵᠢᠶ᠎ᠠ ᠵᠢᠨ ᠬᠥᠮᠥᠷᠭᠡ᠎ᠳᠤ ᠣᠷᠣᠭᠤᠯᠤᠨ᠎ᠠ᠃
ᠳᠥᠷᠪᠡ᠂ ᠠᠵᠢᠯ᠎ᠤᠨ ᠱᠠᠭ᠋ᠠᠷᠳᠠᠯᠭ᠎ᠠ
(ᠨᠢᠭᠡ) ᠮᠡᠳᠡᠭᠦᠯᠦᠭᠰᠡᠨ ᠠᠵᠤ ᠠᠬᠤᠶ᠋ᠢᠯᠠᠯ᠎ᠨᠢ ᠱᠠᠭ᠋ᠠᠷᠳᠠᠯᠭ᠎ᠠ ᠶᠣᠰᠣᠭ᠋ᠠᠷ ᠰᠦᠯᠵᠢᠶᠡᠨ᠎ᠳᠤ ᠬᠤᠯᠪᠤᠭᠰᠠᠨ ᠦᠢ᠍ᠯᠡᠳᠭᠦᠨ᠎ᠤ ᠦᠨ᠎ᠡ ᠬᠠᠩᠰᠢ᠎ᠪᠠᠨ ᠦᠨᠡᠨ ᠮᠥᠨ ᠵᠶ᠋ᠠᠷ ᠮᠡᠳᠡᠭᠦᠯᠬᠦ ᠬᠡᠷᠡᠭᠲᠡᠶ᠂ ᠦᠨᠡᠨ ᠮᠥᠨ ᠵᠶ᠋ᠠᠷ ᠮᠡᠳᠡᠭᠦᠯᠦᠭᠰᠡᠨ ᠥᠬᠡᠶ ᠵᠢ ᠢᠯᠡᠷᠡᠭᠦᠯᠪᠡᠯ᠂ ᠠᠵᠤ ᠠᠬᠤᠶ᠋ᠢᠯᠠᠯ᠎ᠤᠨ ᠲᠤᠰᠢᠶᠠᠭᠰᠠᠨ 《ᠡᠮ ᠡᠮᠨᠡᠯᠭᠡ ᠵᠢᠨ ᠠᠵᠤ ᠠᠬᠤᠶ᠋ᠢᠯᠠᠯ᠎ᠤᠨ ᠦᠨ᠎ᠡ ᠬᠠᠩᠰᠢ ᠪᠠ ᠡᠵᠡᠩᠨᠡᠨ ᠪᠣᠷᠣᠯᠠᠭᠤᠯᠬᠤ ᠠᠵᠢᠯᠯᠠᠭ᠎ᠠ ᠵᠢᠨ ᠢᠲᠡᠭᠡᠮᠵᠢ ᠵᠢᠨ ᠠᠮᠠᠯᠠᠯᠲᠠ ᠵᠢᠨ ᠪᠢᠴᠢᠭ》 ᠵᠶ᠋ᠠᠷ ᠦᠨᠳᠦᠰᠦᠯᠡᠯ ᠪᠣᠯᠭ᠋ᠠᠵᠤ᠂ ᠡᠮ ᠡᠮᠨᠡᠯᠭᠡ ᠵᠢᠨ ᠦᠨ᠎ᠡ ᠬᠠᠩᠰᠢ ᠪᠠ ᠡᠯᠰᠡᠨ ᠠᠪᠬᠤ ᠢᠲᠡᠭᠡᠮᠵᠢ ᠵᠢᠨ ᠦᠨᠡᠯᠡᠯᠲᠡ ᠵᠢᠨ ᠠᠵᠢᠯ᠎ᠤᠨ ᠬᠣᠯᠪᠣᠭᠳᠠᠯ ᠪᠥᠬᠥᠶ ᠲᠣᠭᠲᠠᠭ᠋ᠠᠯ ᠶᠣᠰᠣᠭ᠋ᠠᠷ ᠰᠢᠢ᠍ᠳᠪᠦᠷᠢᠯᠡᠨ᠎ᠡ᠃
(ᠬᠣᠶᠠᠷ) ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠵᠢᠨ ᠬᠤᠳᠠᠯᠳᠤᠨ ᠠᠪᠬᠤ ᠲᠥᠪ᠎ᠨᠢ ᠨᠡᠶ᠋ᠢᠲᠡᠯᠡᠭᠰᠡᠨ ᠮᠡᠳᠡᠭᠡ ᠵᠠᠩᠭᠢ ᠵᠢ ᠲᠣᠭᠲᠠᠮᠠᠯ ᠪᠤᠰᠤ ᠬᠤᠭᠤᠴᠠᠭ᠎ᠠ᠎ᠲᠠᠢ᠎ᠪᠠᠷ ᠬᠢᠨᠠᠨ ᠬᠠᠷᠭᠤᠭᠤᠯᠵᠤ᠂ ᠱᠠᠭ᠋ᠠᠷᠳᠠᠯᠭ᠎ᠠ᠎ᠳᠤ ᠨᠡᠶ᠋ᠢᠴᠡᠬᠦ ᠥᠬᠡᠶ ᠲᠣᠭ᠎ᠠ ᠪᠠᠷᠢᠮᠲᠠ ᠵᠢ ᠰᠦᠯᠵᠢᠶᠡᠨ᠎ᠳᠤ ᠬᠣᠯᠪᠣᠬᠤ ᠬᠢᠷᠢ ᠬᠡᠮ᠎ᠢ᠎ᠨᠢ ᠲᠦᠷ ᠵᠣᠭᠰᠣᠭ᠋ᠠᠨ᠎ᠠ᠃
ᠳᠠᠭ᠋ᠠᠯᠳᠤᠭᠤᠯᠤᠯ᠄ ᠦᠢ᠍ᠯᠡᠳᠬᠦᠨ᠎ᠤ ᠦᠨ᠎ᠡ ᠬᠠᠩᠰᠢ ᠵᠢᠨ ᠲᠣᠳᠣᠷᠬᠠᠶ᠋ᠢᠯᠠᠯᠲᠠ ᠵᠢᠨ ᠵᠠᠬᠢᠳᠠᠯ
ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠵᠢᠨ ᠬᠤᠳᠠᠯᠳᠤᠨ ᠠᠪᠬᠤ ᠲᠥᠪ
2021 ᠣᠨ᠎ᠤ 7 ᠳ᠋ᠤᠭ᠋ᠠᠷ ᠰᠠᠷ᠎ᠠ ᠵᠢᠨ 6᠎ᠤ ᠡᠳᠦᠷ