ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠪᠢᠴᠢᠭ ᠮᠠᠲ᠋ᠧᠷᠢᠶᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠦᠯᠵᠢᠶᠡᠨ᠎ᠳᠤ ᠬᠣᠯᠪᠣᠭᠰᠠᠨ ᠡᠮ᠎ᠤᠨ ᠵᠦᠢ᠍ᠯ᠎ᠤᠨ ᠦᠨ᠎ᠡ ᠬᠠᠩᠰᠢ ᠵᠢ ᠬᠣᠯᠪᠣᠭ᠋ᠠᠯᠠᠨ ᠬᠥᠳᠡᠯᠦᠯᠴᠡᠬᠦ ᠪᠠ ᠬᠤᠳᠠᠯᠳᠤᠨ ᠠᠪᠬᠤ ᠠᠷᠭ᠎ᠠ ᠮᠠᠶᠢᠭ᠎ᠲᠤ ᠲᠣᠬᠢᠷᠠᠭᠤᠯᠤᠯᠲᠠ ᠬᠢᠬᠦ ᠠᠵᠢᠯ᠎ᠢ ᠥᠷᠨᠢᠭᠦᠯᠬᠦ ᠲᠤᠬᠠᠶ ᠮᠡᠳᠡᠭᠳᠡᠯ
ᠨᠡᠶ᠋ᠢᠲᠡᠯᠡᠭᠰᠡᠨ ᠴᠠᠭ᠄ 2021-07-19

      ᠥᠪᠥᠷ ᠡᠮ ᠲᠦᠪᠯᠡᠷᠡᠭᠦᠯᠦᠨ ᠬᠤᠳᠠᠯᠳᠤᠨ ᠠᠪᠬᠤ ᠲᠥᠪ ᠦᠰᠦᠭ [2021] 123 ᠳ᠋ᠤᠭ᠋ᠠᠷ ᠲᠣᠭ᠋ᠠᠲᠤ
ᠡᠯ᠎ᠡ ᠬᠠᠮᠢᠶ᠎ᠠ ᠪᠥᠬᠥᠶ ᠠᠵᠤ ᠠᠬᠤᠶ᠋ᠢᠯᠠᠯ᠄
     《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠦᠯᠵᠢᠶᠡᠨ᠎ᠳᠤ ᠬᠤᠯᠪᠤᠭᠰᠠᠨ ᠡᠮ᠎ᠤᠨ ᠵᠦᠢ᠍ᠯ᠎ᠳᠤ ᠬᠥᠳᠡᠯᠦᠩᠭᠦᠶ ᠲᠣᠬᠢᠷᠠᠭᠤᠯᠤᠯᠲᠠ ᠬᠢᠬᠦ ᠠᠵᠢᠯ᠎ᠢ ᠰᠠᠶ᠋ᠢᠲᠤᠷ ᠬᠢᠬᠦ ᠲᠤᠬᠠᠶ ᠮᠡᠳᠡᠭᠳᠡᠯ》 (ᠥᠪᠥᠷ ᠡᠮᠴᠢᠯᠡᠭᠡ ᠪᠠᠳᠤᠯᠠᠭ᠎ᠠ ᠠᠯᠪᠠᠨ ᠲᠠᠷᠬᠠᠭ᠋ᠠᠭᠰᠠᠨ [2020] 23 ᠳ᠋ᠤᠭ᠋ᠠᠷ ᠲᠣᠭ᠋ᠠᠲᠤ)᠎ᠤᠨ ᠪᠢᠴᠢᠭ ᠮᠠᠲ᠋ᠧᠷᠢᠶᠠᠯ᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠡᠳᠦᠭᠡ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠦᠯᠵᠢᠶᠡᠨ᠎ᠳᠤ ᠬᠤᠯᠪᠤᠭᠰᠠᠨ ᠡᠮ᠎ᠤᠨ ᠵᠦᠢ᠍ᠯ᠎ᠤᠨ ᠦᠨ᠎ᠡ ᠬᠠᠩᠰᠢ ᠵᠢᠨ ᠬᠣᠯᠪᠣᠭ᠋ᠠᠯᠠᠨ ᠬᠥᠳᠡᠯᠦᠯᠴᠡᠬᠦ ᠪᠠ ᠬᠤᠳᠠᠯᠳᠤᠨ ᠠᠪᠬᠤ ᠠᠷᠭ᠎ᠠ ᠮᠠᠶᠢᠭ᠎ᠲᠤ ᠲᠣᠬᠢᠷᠠᠭᠤᠯᠤᠯᠲᠠ ᠬᠢᠬᠦ ᠠᠵᠢᠯ᠎ᠢ ᠥᠷᠨᠢᠭᠦᠯᠬᠦ ᠲᠤᠬᠠᠶ ᠳᠣᠤᠷᠠᠬᠢ ᠮᠡᠲᠦ ᠮᠡᠳᠡᠭᠳᠡᠪᠡ᠃
      ᠨᠢᠭᠡ᠂ ᠡᠮ᠎ᠤᠨ ᠵᠦᠢ᠍ᠯ᠎ᠤᠨ ᠬᠡᠪᠴᠢᠶ᠎ᠡ  
      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢ᠍ᠯ ᠬᠤᠳᠠᠯᠳᠤᠨ ᠠᠪᠬᠤ ᠰᠢᠰᠲ᠋ᠧᠮ᠎ᠤᠨ ᠨᠢᠭᠡᠨᠲᠡ ᠰᠦᠯᠵᠢᠶᠡᠨ᠎ᠳᠤ ᠬᠤᠯᠪᠤᠭᠰᠠᠨ ᠡᠮ᠎ᠤᠨ ᠵᠦᠢ᠍ᠯ᠂ ᠡᠭᠦᠨ᠎ᠳᠤ ᠬᠡᠯᠡᠯᠴᠡᠭᠡᠷ᠎ᠤᠨ ᠬᠦᠴᠦᠨ᠎ᠲᠠᠢ ᠬᠤᠭᠤᠴᠠᠭ᠋ᠠᠨ᠎ᠳᠤ ᠬᠠᠷᠢᠶᠠᠯᠠᠭᠳᠠᠬᠤ ᠤᠯᠤᠰ᠎ᠤᠨ ᠬᠡᠯᠡᠯᠴᠡᠭᠡᠷ᠎ᠤᠨ ᠡᠮ᠎ᠤᠨ ᠵᠦᠢ᠍ᠯ ᠪᠠ ᠤᠯᠤᠰ᠂ ᠮᠤᠵᠢ ᠵᠢᠨ ᠬᠣᠭᠣᠷᠣᠨᠳᠣᠬᠢ ᠬᠣᠯᠪᠣᠭ᠎ᠠ ᠵᠡᠷᠭᠡ ᠬᠡᠯᠪᠡᠷᠢ᠎ᠪᠠᠷ ᠵᠣᠬᠢᠶᠠᠨ ᠪᠠᠶ᠋ᠢᠭᠤᠯᠵᠤ ᠬᠡᠮᠵᠢᠶ᠎ᠡ᠎ᠲᠠᠢ᠎ᠪᠠᠷ ᠬᠤᠳᠠᠯᠳᠤᠨ ᠠᠪᠬᠤ ᠡᠮ᠎ᠤᠨ ᠵᠦᠢ᠍ᠯ᠎ᠢ ᠣᠲᠣ ᠵᠢᠨ ᠬᠡᠷᠡᠭᠵᠢᠭᠦᠯᠵᠦ ᠪᠠᠶ᠋ᠢᠭ᠎ᠠ ᠬᠤᠳᠠᠯᠳᠤᠨ ᠠᠪᠬᠤ ᠲᠥᠷᠥ ᠵᠢᠨ ᠪᠣᠳᠣᠯᠭ᠎ᠠ ᠵᠢᠨ ᠶᠣᠰᠣᠭ᠋ᠠᠷ ᠬᠡᠷᠡᠭᠵᠢᠭᠦᠯᠦᠨ᠎ᠡ᠂ ᠳᠣᠭᠢᠷᠠᠭᠤᠯᠬᠤ ᠬᠡᠪᠴᠢᠶᠡᠨ᠎ᠳᠤ ᠣᠷᠣᠭᠤᠯᠬᠤ ᠥᠬᠡᠶ᠃
      ᠬᠣᠶᠠᠷ᠂ ᠠᠵᠢᠯ᠎ᠤᠨ ᠠᠭᠤᠯᠭ᠎ᠠ
     (ᠨᠢᠭᠡ) ᠦᠨ᠎ᠡ ᠬᠠᠩᠰᠢ ᠵᠢᠨ ᠬᠣᠯᠪᠣᠯᠳᠤᠯ᠃ ᠰᠦᠯᠵᠢᠶᠡᠨ᠎ᠳᠤ ᠬᠤᠯᠪᠤᠭᠰᠠᠨ ᠡᠮ᠎ᠤᠨ ᠵᠦᠢ᠍ᠯ᠎ᠨᠢ ᠪᠥᠬᠥ ᠤᠯᠤᠰ᠎ᠤᠨ ᠡᠯ᠎ᠡ ᠮᠤᠵᠢ ᠬᠣᠲᠠ (ᠣᠷᠣᠨ)᠎ᠳᠤ ᠰᠦᠯᠵᠢᠶᠡᠨ᠎ᠳᠤ ᠬᠤᠯᠪᠤᠭᠰᠠᠨ ᠦᠨ᠎ᠡ᠎ᠲᠠᠢ ᠪᠠᠶ᠋ᠢᠪᠠᠯ᠂ ᠠᠵᠤ ᠠᠬᠤᠶ᠋ᠢᠯᠠᠯ᠎ᠨᠢ ᠪᠥᠬᠥ ᠤᠯᠤᠰ᠎ᠤᠨ ᠬᠠᠮᠤᠭ᠎ᠤᠨ ᠳᠣᠤᠷ᠎ᠠ ᠲᠠᠪᠤᠨ ᠮᠤᠵᠢ ᠬᠣᠲᠠ (ᠣᠷᠣᠨ) ᠵᠢᠨ ᠣᠲᠣ ᠵᠢᠨ ᠬᠡᠷᠡᠭᠵᠢᠭᠦᠯᠵᠦ ᠪᠠᠶ᠋ᠢᠭ᠎ᠠ ᠰᠦᠯᠵᠢᠶᠡᠨ᠎ᠳᠤ ᠬᠤᠯᠪᠤᠭᠰᠠᠨ ᠦᠨ᠎ᠡ ᠵᠢ ᠲᠠᠭᠯᠠᠨ ᠮᠡᠳᠡᠭᠦᠯᠬᠦ ᠬᠡᠷᠡᠭᠲᠡᠶ (ᠡᠯ᠎ᠡ ᠮᠤᠵᠢ ᠵᠢᠨ ᠬᠡᠮᠵᠢᠶ᠎ᠡ᠎ᠲᠠᠢ᠎ᠪᠠᠷ ᠬᠤᠳᠠᠯᠳᠤᠨ ᠠᠪᠬᠤ ᠦᠨ᠎ᠡ ᠵᠢᠴᠢ ᠹᠦᠵᠢᠶᠠᠨ ᠮᠤᠵᠢ᠂ ᠭᠤᠸᠠᠩᠳᠦ᠋ᠩ ᠮᠤᠵᠢ ᠪᠠ ᠴᠦᠩᠴᠢᠩ ᠬᠣᠲᠠ ᠵᠢᠨ ᠠᠷᠠᠯᠵᠢᠶᠠᠨ᠎ᠤ ᠦᠨ᠎ᠡ ᠪᠠᠭᠲᠠᠬᠤ ᠥᠬᠡᠶ)᠃ ᠤᠯᠤᠰ ᠬᠢᠭᠡᠳ ᠮᠤᠵᠢ ᠵᠢᠨ ᠱᠠᠲᠤᠨ᠎ᠤ ᠬᠣᠯᠪᠣᠭ᠎ᠠ ᠵᠢᠨ ᠥᠪᠥᠷ ᠮᠣᠩᠭᠣᠯ᠎ᠳᠤ ᠬᠠᠩᠭ᠋ᠠᠬᠤ᠎ᠪᠠᠷ ᠰᠤᠩᠭᠤᠭᠳᠠᠭᠰᠠᠨ ᠥᠬᠡᠶ   ᠰᠤᠩᠭᠤᠭᠳᠠᠭᠰᠠᠨ ᠠᠵᠤ ᠠᠬᠤᠶ᠋ᠢᠯᠠᠯ᠎ᠢ ᠲᠣᠭ᠎ᠠ ᠬᠡᠮᠵᠢᠶ᠎ᠡ᠎ᠲᠠᠢ᠎ᠪᠠᠷ ᠬᠤᠳᠠᠯᠳᠤᠨ ᠠᠪᠬᠤ ᠵᠢ ᠵᠣᠷᠢᠭᠵᠢᠭᠤᠯᠵᠤ᠂ ᠲᠡᠭᠦᠨ᠎ᠤ ᠳᠣᠲᠣᠷ᠎ᠠ᠎ᠠᠴᠠ ᠰᠣᠩᠭᠣᠭᠰᠠᠨ ᠦᠨ᠎ᠡ᠎ᠪᠠᠷ ᠥᠪᠥᠷ ᠮᠣᠩᠭᠣᠯ ᠣᠷᠣᠨ᠎ᠳᠤ ᠬᠠᠩᠭ᠋ᠠᠨ᠎ᠠ᠃
     (ᠬᠣᠶᠠᠷ) ᠬᠤᠳᠠᠯᠳᠤᠨ ᠠᠪᠬᠤ ᠠᠷᠭ᠎ᠠ ᠮᠠᠶᠢᠭ᠎ᠤᠨ ᠲᠣᠬᠢᠷᠠᠭᠤᠯᠤᠯᠲᠠ᠃ ᠰᠦᠯᠵᠢᠶᠡᠨ᠎ᠳᠤ ᠬᠤᠯᠪᠤᠭᠰᠠᠨ ᠡᠮ᠎ᠤᠨ ᠵᠦᠢ᠍ᠯ᠎ᠢ ᠬᠤᠳᠠᠯᠳᠤᠨ ᠠᠪᠬᠤ ᠠᠷᠭ᠎ᠠ ᠮᠠᠶᠢᠭ᠎ᠢ ᠨᠢᠭᠡᠳᠦᠯᠲᠡᠶ ᠳᠣᠭᠢᠷᠠᠭᠤᠯᠤᠭ᠋ᠠᠳ ᠦᠨ᠎ᠡ ᠵᠢ᠎ᠨᠢ ᠬᠢᠵᠠᠭ᠋ᠠᠷᠯᠠᠨ ᠰᠦᠯᠵᠢᠶᠡᠨ᠎ᠳᠤ   ᠬᠤᠯᠪᠤᠬᠤ ᠪᠣᠯᠭ᠋ᠠᠵᠤ᠂ ᠡᠭᠦᠨ᠎ᠳᠤ ᠡᠮᠡᠭᠲᠡᠶ᠋ᠢᠴᠦᠳ ᠬᠡᠤᠬᠡᠳ᠎ᠤᠨ ᠲᠤᠰᠬᠠᠶ ᠮᠡᠷᠭᠡᠵᠢᠯ᠎ᠤᠨ ᠲᠤᠰᠬᠠᠶ ᠠᠰᠢᠭ᠎ᠤᠨ ᠪᠤᠰᠤ ᠡᠮ᠎ᠤᠨ ᠵᠦᠢ᠍ᠯ᠂ ᠲᠦᠷᠭᠡᠨ ᠠᠪᠤᠷᠠᠯᠳᠠ ᠵᠢᠨ ᠡᠮ᠎ᠤᠨ ᠵᠦᠢ᠍ᠯ᠂ ᠳᠤᠲᠠᠭᠳᠠᠵᠤ ᠪᠠᠶ᠋ᠢᠭ᠎ᠠ ᠡᠮ᠎ᠤᠨ ᠵᠦᠢ᠍ᠯ ᠪᠠ ᠦᠨᠳᠦᠰᠦᠨ ᠡᠮ ᠶᠡᠭᠦᠯᠡᠬᠦ ᠡᠮ᠎ᠤᠨ ᠵᠦᠢ᠍ᠯ᠎ᠢ ᠬᠤᠳᠠᠯᠳᠤᠨ ᠠᠪᠬᠤ ᠠᠷᠭ᠎ᠠ ᠮᠠᠶᠢᠭ᠎ᠢ ᠰᠢᠭᠤᠳ ᠰᠦᠯᠵᠢᠶᠡᠨ᠎ᠳᠤ ᠬᠤᠯᠪᠤᠬᠤ ᠪᠣᠯᠭ᠋ᠠᠨ᠎ᠠ᠃ ᠬᠤᠳᠠᠯᠳᠤᠨ ᠠᠪᠬᠤ ᠠᠷᠭ᠎ᠠ ᠮᠠᠶᠢᠭ᠎ᠨᠢ ᠦᠨ᠎ᠡ ᠵᠢ᠎ᠨᠢ ᠬᠢᠵᠠᠭ᠋ᠠᠷᠯᠠᠨ ᠰᠦᠯᠵᠢᠶᠡᠨ᠎ᠳᠤ ᠬᠤᠯᠪᠤᠭᠰᠠᠨ ᠡᠮ᠎ᠤᠨ ᠵᠦᠢ᠍ᠯ᠎ᠳᠤ ᠬᠠᠷᠢᠶᠠᠯᠠᠭᠳᠠᠪᠠᠯ᠂ ᠡᠮᠴᠢᠯᠡᠭᠡᠨ᠎ᠤ ᠪᠠᠶ᠋ᠢᠭᠤᠯᠤᠮᠵᠢ ᠬᠢᠭᠡᠳ ᠠᠵᠤ ᠠᠬᠤᠶ᠋ᠢᠯᠠᠯ᠎ᠨᠢ ᠬᠢᠵᠠᠭ᠋ᠠᠷᠯᠠᠭᠰᠠᠨ ᠦᠨ᠎ᠡ᠎ᠠᠴᠠ ᠥᠨᠳᠥᠷ ᠥᠬᠡᠶ ᠪᠠᠶ᠋ᠢᠬᠤ ᠰᠠᠭᠤᠷᠢᠨ ᠳᠡᠭᠡᠷ᠎ᠡ ᠵᠥᠪᠯᠡᠭᠰᠡᠨ ᠦᠨ᠎ᠡ᠎ᠪᠠᠷ ᠬᠤᠳᠠᠯᠳᠤᠨ ᠠᠪᠤᠨ᠎ᠠ; ᠰᠢᠭᠤᠳ ᠰᠦᠯᠵᠢᠶᠡᠨ᠎ᠳᠤ ᠬᠤᠯᠪᠤᠭᠰᠠᠨ ᠡᠮ᠎ᠤᠨ ᠵᠦᠢ᠍ᠯ᠎ᠳᠤ ᠲᠣᠭ᠋ᠠᠴᠠᠭᠳᠠᠪᠠᠯ᠂ ᠡᠮ ᠡᠮᠨᠡᠯᠭᠡ ᠵᠢᠨ ᠪᠠᠶ᠋ᠢᠭᠤᠯᠤᠮᠵᠢ᠎ᠨᠢ ᠠᠵᠤ ᠠᠬᠤᠶ᠋ᠢᠯᠠᠯ᠎ᠯᠤᠭ᠎ᠠ ᠬᠤᠳᠠᠯᠳᠤᠨ ᠠᠪᠬᠤ ᠦᠨ᠎ᠡ ᠵᠢ ᠵᠥᠪᠯᠡᠵᠦ ᠲᠣᠭᠲᠠᠭ᠋ᠠᠭᠰᠠᠨ᠎ᠤ ᠲᠡᠷᠡᠭ᠎ᠠ ᠰᠠᠶᠢ ᠠᠷᠠᠯᠵᠢᠶᠠᠯᠠᠨ᠎ᠠ᠃
     (ᠭᠤᠷᠪᠠ) ᠬᠢᠵᠠᠭ᠋ᠠᠷᠯᠠᠭᠰᠠᠨ ᠦᠨ᠎ᠡ ᠵᠢᠴᠢ ᠯᠠᠪᠯᠠᠯᠲᠠ ᠵᠢᠨ ᠦᠨ᠎ᠡ ᠵᠢ ᠲᠣᠭᠲᠠᠭ᠋ᠠᠨ᠎ᠠ᠃ ᠦᠨ᠎ᠡ ᠵᠢ᠎ᠨᠢ ᠬᠢᠵᠠᠭ᠋ᠠᠷᠯᠠᠵᠤ ᠰᠦᠯᠵᠢᠶᠡᠨ᠎ᠳᠤ ᠬᠤᠯᠪᠤᠭᠰᠠᠨ ᠡᠮ᠎ᠤᠨ ᠵᠦᠢ᠍ᠯ᠎ᠤᠨ ᠬᠤᠳᠠᠯᠳᠤᠨ ᠠᠪᠬᠤ ᠦᠨ᠎ᠡ ᠵᠢ ᠬᠢᠵᠠᠭ᠋ᠠᠷᠯᠠᠬᠤ ᠵᠢ ᠡᠯ᠎ᠡ ᠮᠤᠵᠢ ᠬᠣᠲᠠ (ᠣᠷᠣᠨ) ᠵᠢᠨ ᠰᠦᠯᠵᠢᠶᠡᠨ᠎ᠳᠤ ᠬᠤᠯᠪᠤᠭᠰᠠᠨ ᠬᠠᠮᠤᠭ᠎ᠤᠨ ᠳᠣᠤᠷ᠎ᠠ ᠦᠨ᠎ᠡ᠎ᠪᠠᠷ ᠲᠣᠭᠲᠠᠭ᠋ᠠᠨ᠎ᠠ᠂ ᠡᠯ᠎ᠡ ᠮᠤᠵᠢ᠎ᠳᠤ ᠴᠥᠮ ᠰᠦᠯᠵᠢᠶᠡᠨ᠎ᠳᠤ ᠬᠤᠯᠪᠤᠭᠰᠠᠨ ᠦᠨ᠎ᠡ ᠥᠬᠡᠶ ᠪᠣᠯ᠂ ᠮᠠᠨ᠎ᠤ ᠲᠥᠪ᠎ᠠᠴᠠ ᠲᠤᠰᠬᠠᠶ ᠮᠡᠷᠭᠡᠵᠢᠯᠲᠡᠳ᠎ᠢ ᠵᠣᠬᠢᠶᠠᠨ ᠪᠠᠶ᠋ᠢᠭᠤᠯᠵᠤ ᠠᠳᠠᠯᠢ ᠲᠥᠷᠥᠯ᠎ᠤᠨ ᠡᠮ᠎ᠤᠨ ᠵᠦᠢ᠍ᠯ᠎ᠤᠨ ᠦᠨ᠎ᠡ᠎ᠪᠠᠷ ᠯᠠᠪᠯᠠᠯᠲᠠ ᠪᠣᠯᠭ᠋ᠠᠵᠤ ᠦᠨ᠎ᠡ ᠵᠢ᠎ᠨᠢ ᠬᠢᠵᠠᠭ᠋ᠠᠷᠯᠠᠨ᠎ᠠ᠃ ᠰᠦᠯᠵᠢᠶᠡᠨ᠎ᠳᠤ ᠰᠢᠭᠤᠳ ᠬᠤᠯᠪᠤᠭᠰᠠᠨ ᠡᠮ᠎ᠤᠨ ᠵᠦᠢ᠍ᠯ᠎ᠤᠨ ᠯᠠᠪᠯᠠᠯᠲᠠ ᠵᠢᠨ ᠦᠨ᠎ᠡ ᠪᠣᠯ ᠪᠥᠬᠥ ᠤᠯᠤᠰ᠎ᠤᠨ ᠬᠠᠮᠤᠭ᠎ᠤᠨ ᠳᠣᠤᠷ᠎ᠠ ᠲᠠᠪᠤᠨ ᠮᠤᠵᠢ ᠬᠣᠲᠠ (ᠣᠷᠣᠨ) ᠵᠢᠨ ᠰᠦᠯᠵᠢᠶᠡᠨ᠎ᠳᠤ ᠬᠤᠯᠪᠤᠭᠰᠠᠨ ᠦᠨ᠎ᠡ ᠪᠣᠯᠤᠨ᠎ᠠ᠃
      ᠭᠤᠷᠪᠠ᠂ ᠠᠵᠢᠯ᠎ᠤᠨ ᠲᠣᠬᠢᠷᠠᠭᠤᠯᠤᠯᠲᠠ
     (ᠨᠢᠭᠡ) ᠲᠠᠭᠯᠠᠨ ᠮᠡᠳᠡᠭᠦᠯᠬᠦ ᠠᠷᠭ᠎ᠠ ᠮᠠᠶᠢᠭ
      ᠠᠵᠤ ᠠᠬᠤᠶ᠋ᠢᠯᠠᠯ ᠬᠡᠷᠡᠭᠯᠡᠭᠴᠢ ᠵᠢᠨ ᠨᠡᠷ᠎ᠡ ᠪᠠ ᠨᠢᠭᠤᠴᠠ ᠨᠣᠮᠧᠷ ᠵᠶ᠋ᠠᠷ ᠳᠠᠮᠵᠢᠭᠤᠯᠤᠨ᠂ 《ᠡᠮ᠎ᠤᠨ ᠵᠦᠢ᠍ᠯ ᠬᠤᠳᠠᠯᠳᠤᠨ ᠠᠪᠬᠤ ᠰᠢᠰᠲ᠋ᠧᠮ》 — 《ᠰᠠᠭᠤᠷᠢ ᠲᠣᠭ᠎ᠠ ᠪᠠᠷᠢᠮᠲᠠ ᠵᠢᠨ ᠬᠥᠮᠥᠷᠭᠡ ᠵᠢᠨ ᠰᠢᠰᠲ᠋ᠧᠮ》 — 《ᠦᠨ᠎ᠡ ᠬᠠᠩᠰᠢ ᠵᠢᠨ ᠬᠥᠮᠥᠷᠭᠡ ᠵᠢᠨ ᠬᠠᠮᠢᠶᠠᠷᠤᠯᠲᠠ》 — 《ᠦᠨ᠎ᠡ ᠬᠠᠩᠰᠢ ᠵᠢᠨ ᠬᠠᠮᠠᠭ᠋ᠠᠯᠠᠯᠲᠠ》 — ᠲᠣᠪᠴᠢᠳᠠᠬᠤ ᠨᠢᠭᠤᠷ᠎ᠤᠨ ᠬᠦᠰᠦᠨᠦᠭ᠎ᠲᠠᠬᠢ ᠬᠠᠮᠠᠭ᠋ᠠᠯᠠᠯᠲᠠ ᠵᠢᠨ ᠬᠦᠰᠦᠨᠦᠭ ᠵᠢᠨ 《+》 ᠵᠢ ᠲᠡᠮᠳᠡᠭ ᠵᠶ᠋ᠠᠷ ᠤᠷᠤᠵᠦ᠂ ᠥᠷᠨᠢᠭᠦᠯᠵᠦ ᠪᠠᠶ᠋ᠢᠭ᠎ᠠ ᠡᠯ᠎ᠡ ᠮᠤᠵᠢ ᠵᠢᠨ ᠳᠠᠭ᠋ᠠᠭ᠋ᠠᠴᠢᠯᠠᠯᠲᠠ ᠣᠯᠤᠭᠰᠠᠨ ᠦᠨ᠎ᠡ ᠬᠠᠩᠰᠢ ᠵᠢᠨ ᠬᠦᠰᠦᠨᠦᠭ᠎ᠢ ᠦᠨᠳᠦᠰᠦᠯᠡᠨ᠂ ᠪᠣᠳᠠᠲᠠᠶ ᠪᠠᠶ᠋ᠢᠳᠠᠯ᠎ᠤᠨ ᠬᠠᠮᠠᠭ᠋ᠠᠯᠠᠯᠲᠠ ᠵᠢᠨ ᠦᠨ᠎ᠡ ᠬᠠᠩᠰᠢ ᠵᠢᠨ ᠮᠡᠳᠡᠭᠡ ᠵᠠᠩᠭᠢ ᠵᠢ ᠦᠨᠳᠦᠰᠦᠯᠡᠬᠦ ᠵᠢᠨ ᠬᠠᠮᠲᠤ ᠬᠠᠮᠢᠶ᠎ᠠ ᠪᠥᠬᠥᠶ ᠦᠨ᠎ᠡ ᠬᠠᠩᠰᠢ ᠵᠢᠨ ᠭᠡᠷᠡᠴᠢᠯᠡᠬᠦ ᠮᠠᠲ᠋ᠧᠷᠢᠶᠠᠯ᠎ᠢ ᠳᠡᠭᠡᠭᠰᠢ ᠳᠠᠮᠵᠢᠭᠤᠯᠬᠤ ᠬᠡᠷᠡᠭᠲᠡᠶ᠃
     (ᠬᠣᠶᠠᠷ) ᠲᠠᠭᠯᠠᠨ ᠮᠡᠳᠡᠭᠦᠯᠬᠦ ᠴᠠᠭ ᠬᠤᠭᠤᠴᠠᠭ᠎ᠠ
      ᠠᠩᠬ᠎ᠠ ᠤᠳᠠᠭ᠎ᠠ ᠲᠠᠭᠯᠠᠨ ᠮᠡᠳᠡᠭᠦᠯᠬᠦ ᠴᠠᠭ᠎ᠨᠢ᠄ 2021 ᠣᠨ᠎ᠤ 7 ᠳ᠋ᠤᠭ᠋ᠠᠷ ᠰᠠᠷ᠎ᠠ ᠵᠢᠨ 19᠎ᠤ ᠡᠳᠦᠷ᠎ᠠᠴᠠ 8   ᠳ᠋ᠤᠭ᠋ᠠᠷ ᠰᠠᠷ᠎ᠠ ᠵᠢᠨ 9᠎ᠤ ᠡᠳᠦᠷ ᠪᠣᠯᠲᠠᠯ᠎ᠠ᠃
     2021 ᠣᠨ᠎ᠤ 10 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠨ ᠰᠢᠰᠲ᠋ᠧᠮ᠎ᠢ ᠴᠠᠭ ᠲᠤᠬᠠᠶ᠎ᠳᠤᠨᠢ ᠨᠡᠭᠡᠭᠡᠵᠦ᠂ ᠰᠦᠯᠵᠢᠶᠡᠨ᠎ᠳᠤ ᠬᠤᠯᠪᠤᠭᠰᠠᠨ ᠡᠮ᠎ᠤᠨ ᠵᠦᠢ᠍ᠯ᠎ᠤᠨ ᠪᠤᠰᠤᠳ ᠮᠤᠵᠢ ᠬᠣᠲᠠ (ᠲᠣᠭᠣᠷᠢᠭ)᠎ᠳᠤ ᠰᠦᠯᠵᠢᠶᠡᠨ᠎ᠳᠤ   ᠬᠤᠯᠪᠤᠭᠰᠠᠨ ᠰᠢᠨ᠎ᠡ ᠦᠨ᠎ᠡ ᠬᠠᠩᠰᠢ ᠭᠠᠷᠬᠤ᠎ᠳᠤ ᠭᠦᠷᠪᠡᠯ᠂ ᠦᠢ᠍ᠯᠡᠳᠪᠦᠷᠢᠯᠡᠯ᠎ᠤᠨ ᠠᠵᠤ ᠠᠬᠤᠶ᠋ᠢᠯᠠᠯ ᠲᠣᠰ ᠦᠨ᠎ᠡ ᠬᠠᠩᠰᠢ ᠵᠢ ᠵᠢᠩᠬᠢᠨᠢ᠎ᠪᠠᠷ ᠬᠡᠷᠡᠭᠵᠢᠭᠦᠯᠦᠭᠰᠡᠨ ᠡᠳᠦᠷ᠎ᠠᠴᠠ ᠡᠬᠢᠯᠡᠨ ᠨᠢᠭᠡ ᠰᠠᠷ᠎ᠠ ᠵᠢᠨ ᠳᠣᠲᠣᠷ᠎ᠠ ᠦᠨ᠎ᠡ ᠬᠠᠩᠰᠢ ᠵᠢᠨ ᠮᠡᠳᠡᠭᠡ ᠵᠠᠩᠭᠢ᠎ᠪᠠᠨ ᠲᠠᠭᠯᠠᠨ ᠮᠡᠳᠡᠭᠦᠯᠬᠦ ᠬᠡᠷᠡᠭᠲᠡᠶ᠃
     (ᠭᠤᠷᠪᠠ) ᠢᠯᠡ ᠨᠡᠢ᠌ᠳᠡᠯᠡᠬᠦ
      ᠠᠩᠬ᠎ᠠ ᠤᠳᠠᠭ᠎ᠠ ᠦᠨ᠎ᠡ ᠬᠠᠩᠰᠢ ᠵᠢᠨ ᠮᠡᠳᠡᠭᠡ ᠵᠠᠩᠭᠢ ᠵᠢ ᠲᠠᠭᠯᠠᠨ ᠮᠡᠳᠡᠭᠦᠯᠦᠭᠰᠡᠨ᠎ᠤ ᠳᠠᠷᠠᠭ᠎ᠠ᠂ ᠠᠵᠤ ᠠᠬᠤᠶ᠋ᠢᠯᠠᠯ᠎ᠤᠨ ᠲᠠᠭᠯᠠᠨ ᠮᠡᠳᠡᠭᠦᠯᠦᠭᠰᠡᠨ ᠡᠯ᠎ᠡ ᠮᠤᠵᠢ ᠬᠣᠲᠠ (ᠲᠣᠭᠣᠷᠢᠭ) ᠵᠢᠨ ᠰᠦᠯᠵᠢᠶᠡᠨ᠎ᠳᠤ ᠬᠤᠯᠪᠤᠭᠰᠠᠨ ᠦᠨ᠎ᠡ ᠬᠠᠩᠰᠢ ᠵᠢᠨ ᠮᠡᠳᠡᠭᠡ ᠵᠠᠩᠭᠢ ᠵᠢ ᠦᠨᠳᠦᠰᠦᠯᠡᠨ᠂ ᠦᠨ᠎ᠡ ᠵᠢ᠎ᠨᠢ ᠬᠢᠵᠠᠭ᠋ᠠᠷᠯᠠᠵᠤ ᠰᠦᠯᠵᠢᠶᠡᠨ᠎ᠳᠤ ᠬᠤᠯᠪᠤᠭᠰᠠᠨ ᠡᠮ᠎ᠤᠨ ᠵᠦᠢ᠍ᠯ᠎ᠢ ᠬᠤᠳᠠᠯᠳᠤᠨ ᠠᠪᠬᠤ ᠠᠷᠭ᠎ᠠ ᠮᠠᠶᠢᠭ ᠪᠠ ᠬᠤᠳᠠᠯᠳᠤᠨ ᠠᠪᠬᠤ ᠵᠢ ᠬᠢᠵᠠᠭ᠋ᠠᠷᠯᠠᠭᠰᠠᠨ ᠦᠨ᠎ᠡ᠂ ᠰᠢᠭᠤᠳ ᠰᠦᠯᠵᠢᠶᠡᠨ᠎ᠳᠤ ᠬᠤᠯᠪᠤᠭᠰᠠᠨ ᠡᠮ᠎ᠤᠨ ᠵᠦᠢ᠍ᠯ᠎ᠤᠨ ᠯᠠᠪᠯᠠᠯᠲᠠ ᠵᠢᠨ ᠦᠨ᠎ᠡ ᠵᠢ ᠵᠠᠷᠯᠠᠨ ᠨᠡᠶ᠋ᠢᠲᠡᠯᠡᠨ᠎ᠡ᠃ 2021 ᠣᠨ᠎ᠤ 10 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠰᠡᠭᠦᠯᠡᠷ ᠰᠢᠨᠡᠳᠬᠡᠭᠰᠡᠨ ᠦᠨ᠎ᠡ ᠬᠠᠩᠰᠢ ᠵᠢᠨ ᠮᠡᠳᠡᠭᠡ ᠵᠠᠩᠭᠢ ᠵᠢ ᠰᠠᠷ᠎ᠠ ᠪᠦᠷᠢ ᠰᠢᠰᠲ᠋ᠧᠮ᠎ᠳᠤ ᠵᠠᠷᠯᠠᠨ ᠨᠡᠶ᠋ᠢᠲᠡᠯᠡᠨ᠎ᠡ᠃
      ᠳᠥᠷᠪᠡ᠂ ᠪᠤᠰᠤᠳ ᠵᠦᠢ᠍ᠯ
     (ᠨᠢᠭᠡ) ᠠᠵᠤ ᠠᠬᠤᠶ᠋ᠢᠯᠠᠯ ᠡᠮ᠎ᠤᠨ ᠵᠦᠢ᠍ᠯ᠎ᠤᠨ ᠦᠨ᠎ᠡ ᠬᠠᠩᠰᠢ ᠵᠢᠨ ᠮᠡᠳᠡᠭᠡ ᠵᠠᠩᠭᠢ ᠵᠢ ᠲᠠᠭᠯᠠᠨ ᠮᠡᠳᠡᠭᠦᠯᠬᠦ᠎ᠳᠤ᠂ ᠵᠢᠵᠢᠭᠯᠡᠨ ᠬᠤᠳᠠᠯᠳᠤᠬᠤ ᠬᠠᠮᠤᠭ᠎ᠤᠨ ᠵᠢᠵᠢᠭ ᠪᠣᠭᠣᠳᠠᠯ᠎ᠤᠨ ᠦᠨ᠎ᠡ ᠬᠠᠩᠰᠢ᠎ᠪᠠᠷ ᠲᠠᠭᠯᠠᠨ ᠪᠢᠴᠢᠨ᠎ᠡ᠂ ᠡᠭᠦᠨ᠎ᠳᠤ ᠡᠮ᠎ᠤᠨ ᠬᠡᠯᠪᠡᠷᠢ᠎ᠨᠢ ᠲᠠᠷᠢᠯᠭ᠎ᠠ ᠵᠢᠨ ᠡᠮ ᠪᠣᠯᠬᠤ ᠡᠮ᠎ᠤᠨ ᠵᠦᠢ᠍ᠯ᠎ᠤᠨ ᠦᠨ᠎ᠡ ᠬᠠᠩᠰᠢ ᠵᠢᠨ ᠮᠡᠳᠡᠭᠡ ᠵᠠᠩᠭᠢ ᠵᠢ ᠲᠠᠩ ᠵᠠᠷᠤᠯᠭ᠎ᠠ ᠵᠢᠨ ᠦᠨ᠎ᠡ ᠬᠠᠩᠰᠢ᠎ᠪᠠᠷ ᠲᠠᠭᠯᠠᠨ ᠪᠢᠴᠢᠨ᠎ᠡ᠂ ᠦᠨ᠎ᠡ ᠬᠠᠩᠰᠢ᠎ᠳᠤ ᠬᠣᠶᠠᠷ ᠠᠷᠪᠠᠲᠤ ᠵᠢᠨ ᠪᠤᠲᠠᠷᠬᠠᠶ ᠵᠢ ᠦᠯᠡᠳᠡᠭᠡᠨ᠎ᠡ᠃
     (ᠬᠣᠶᠠᠷ) ᠠᠵᠤ ᠠᠬᠤᠶ᠋ᠢᠯᠠᠯ᠎ᠨᠢ ᠬᠤᠭᠤᠴᠠᠭ᠎ᠠ ᠬᠡᠲᠦᠷᠡᠲᠡᠯ᠎ᠡ ᠡᠮ᠎ᠤᠨ ᠵᠦᠢ᠍ᠯ᠎ᠤᠨ ᠦᠨ᠎ᠡ ᠵᠢ ᠲᠠᠭᠯᠠᠵᠤ ᠮᠡᠳᠡᠭᠦᠯᠦᠭᠰᠡᠨ ᠦᠭᠡᠢ ᠪᠠᠶ᠋ᠢᠪᠠᠯ᠂ ᠡᠮᠴᠢᠯᠡᠭᠡᠨ᠎ᠤ ᠬᠠᠩᠭ᠋ᠠᠯᠭ᠎ᠠ ᠵᠢ ᠨᠥᠯᠥᠭᠡᠯᠡᠬᠦ ᠦᠭᠡᠢ ᠪᠠᠶ᠋ᠢᠳᠠᠯ᠎ᠤᠨ ᠳᠣᠣᠷ᠎ᠠ᠂ ᠲᠡᠭᠦᠨ᠎ᠤ ᠠᠷᠠᠯᠵᠢᠶᠠᠯᠠᠬᠤ ᠬᠢᠷᠢ ᠬᠡᠮ᠎ᠢ ᠲᠦᠷ ᠵᠣᠭᠰᠣᠭ᠋ᠠᠨ᠎ᠠ᠃
     (ᠭᠤᠷᠪᠠ) ᠠᠵᠤ ᠠᠬᠤᠶ᠋ᠢᠯᠠᠯ᠎ᠤᠳ ᠦᠨ᠎ᠡ ᠬᠠᠩᠰᠢ ᠵᠢᠨ ᠮᠡᠳᠡᠭᠡ ᠵᠠᠩᠭᠢ ᠵᠢ ᠦᠨᠡᠨ ᠪᠣᠳᠠᠲᠠᠶ᠎ᠪᠠᠷ ᠲᠠᠭᠯᠠᠨ ᠮᠡᠳᠡᠭᠦᠯᠵᠦ᠂ ᠬᠤᠳᠠᠯ ᠬᠠᠭᠤᠷᠮᠠᠭ ᠮᠡᠳᠡᠭᠡ ᠵᠠᠩᠭᠢ ᠵᠢ ᠪᠠᠶ᠋ᠢᠴᠠᠭ᠋ᠠᠨ ᠳᠣᠲᠣᠯᠠᠬᠤ᠎ᠪᠠᠷ ᠳᠡᠮᠵᠢᠨ ᠲᠤᠰᠢᠶᠠᠭᠰᠠᠨ ᠪᠠᠶ᠋ᠢᠪᠠᠯ᠂ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠵᠢᠨ ᠬᠤᠳᠠᠯᠳᠤᠨ ᠠᠪᠬᠤ ᠲᠥᠪ᠎ᠠᠴᠠ 《ᠡᠮ ᠡᠮᠨᠡᠯᠭᠡ ᠵᠢᠨ ᠦᠨ᠎ᠡ ᠬᠠᠩᠰᠢ ᠪᠠ   ᠲᠠᠭ᠋ᠠᠭᠴᠢᠯᠠᠯᠳᠠ ᠤᠯᠬᠤ ᠢᠲᠡᠭᠡᠮᠵᠢ ᠵᠢᠨ ᠦᠨᠡᠯᠡᠯᠲᠡ ᠵᠢᠨ ᠲᠠᠰᠤᠯᠤᠯᠲᠠ ᠵᠢᠨ ᠰᠠᠭᠤᠷᠢ ᠪᠠᠷᠢᠮᠵᠢᠶ᠎ᠠ (2020 ᠳ᠋ᠤᠭ᠋ᠠᠷ ᠨᠢᠭᠤᠷ)》 ᠵᠢᠨ ᠬᠠᠮᠢᠶ᠎ᠠ ᠪᠥᠬᠥᠶ ᠲᠣᠭᠲᠠᠭ᠋ᠠᠯ ᠶᠣᠰᠣᠭ᠋ᠠᠷ ᠰᠢᠢ᠍ᠳᠪᠦᠷᠢᠯᠡᠨ᠎ᠡ᠃
      ᠬᠠᠷᠢᠯᠴᠠᠬᠤ ᠬᠡᠯᠪᠡᠷᠢ᠄ 0471-4930630
     (ᠲᠤᠬᠠᠶ᠋ᠢᠯᠠᠭᠰᠠᠨ ᠠᠵᠢᠯ᠎ᠤᠨ ᠯᠠᠪᠯᠠᠭ᠎ᠠ) 0471-4967106 (ᠮᠡᠷᠭᠡᠵᠢᠯ᠎ᠤᠨ ᠳᠡᠮᠵᠢᠯᠭᠡ)
   
                              ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠬᠤᠳᠠᠯᠳᠤᠨ ᠠᠪᠬᠤ ᠲᠥᠪ
                                        2021 ᠣᠨ᠎ᠤ 7 ᠰᠠᠷ᠎ᠠ ᠵᠢᠨ 16᠎ᠤ ᠡᠳᠦᠷ

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠣᠯᠠᠭ᠎ᠠ ᠵᠢᠨ ᠲᠤᠪᠴᠢᠶ᠎ᠠ
          
ᠬᠠᠮᠢᠶ᠎ᠡ ᠪᠦᠬᠦᠢ ᠰᠣᠨᠢᠨ
2021 ᠣᠨ᠎ᠤ ᠠᠵᠢᠯᠲᠠᠨ ᠠᠵᠢᠯᠴᠢᠨ᠎ᠤ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠎ᠤᠨ ᠬᠤᠪᠢ ᠬᠥᠮᠦᠨ᠎ᠤ ᠳᠠᠩᠰᠠᠨ ᠡᠷᠦᠬᠡ ᠵᠢᠨ ᠬᠣᠯᠪᠣᠭᠳᠠᠯ ᠪᠦ᠍ᠬᠦᠢ ᠠᠵᠢᠯ᠎ᠢ ᠰᠠᠶ᠋ᠢᠲᠤᠷ ᠬᠢᠬᠦ ᠲᠤᠬᠠᠶ ᠮᠡᠳᠡᠭᠳᠡᠯ
ᠬᠡᠰᠡᠭ ᠡᠮ᠎ᠤᠨ ᠵᠦᠢ᠍ᠯ᠎ᠤᠨ ᠬᠤᠳᠠᠯᠳᠤᠨ ᠠᠪᠬᠤ ᠦᠨ᠎ᠡ ᠵᠢ ᠪᠠᠭᠤᠷᠠᠭᠤᠯᠬᠤ ᠲᠤᠬᠠᠶ ᠮᠡᠳᠡᠭᠳᠡᠯ (2021 — 5)
ᠲᠦᠷᠦ ᠵᠢᠨ ᠶᠠᠪᠤᠳᠠᠯ᠎ᠤᠨ ᠬᠣᠷᠢᠶᠠᠨ᠎ᠤ ᠨᠠᠢ᠍ᠮᠠᠳᠤᠭ᠋ᠠᠷ ᠤᠳᠠᠭ᠋ᠠᠨ᠎ᠤ ᠶᠡᠬᠡ ᠱᠠᠯᠠᠪᠳᠠᠭᠤᠯᠤᠨ ᠪᠠᠶ᠋ᠢᠴᠠᠭ᠋ᠠᠯᠲᠠ ᠵᠢᠨ ᠭᠠᠶ᠋ᠢᠯᠢ ᠵᠢ ᠪᠠᠭ᠋ᠠᠰᠬᠠᠵᠤ ᠰᠦᠢ᠍ᠳᠬᠡᠯ᠎ᠢ ᠪᠠᠭᠤᠷᠠᠭᠤᠯᠤᠨ ᠠᠵᠤ ᠠᠬᠤᠶ᠋ᠢᠯᠠᠯ᠎ᠤᠨ ᠬᠥᠭᠵᠢᠯᠲᠡ ᠵᠢ ᠲᠠᠮᠵᠢᠬᠦ ᠳᠣᠲᠣᠭ᠋ᠠᠳᠤ ᠬᠡᠷᠡᠭᠴᠡᠭᠡ ᠵᠢ ᠥᠷᠭᠡᠳᠬᠡᠨ ᠠᠵᠢᠯ ᠣᠯᠭᠣᠯᠲᠠ ᠵᠢ ᠪᠠᠲᠤᠯᠠᠵᠤ ᠠᠷᠠᠳ᠎ᠤᠨ ᠠᠮᠢᠳᠤᠷᠠᠯ᠎ᠢ ᠪᠠᠲᠤᠯᠠᠬᠤ ᠵᠡᠷᠭᠡ ᠠᠵᠢᠯ᠎ᠤᠨ ᠲᠤᠭᠤᠷᠢᠨ᠎ᠳᠤ ᠠᠰᠠᠭᠤᠳᠠᠯ᠎ᠤᠨ ᠰᠦᠪᠡᠭᠴᠢ ᠴᠤᠭᠯᠠᠭᠤᠯᠬᠤ ᠲᠤᠬᠠᠶ ᠠᠯᠪᠠᠨ ᠵᠠᠷᠯᠠᠯ
ᠡᠮ᠎ᠤᠨ ᠵᠦᠢ᠍ᠯ᠎ᠢ ᠰᠦᠯᠵᠢᠶᠡᠨ᠎ᠳᠤ ᠭᠠᠷᠭ᠋ᠠᠬᠤ ᠬᠡᠰᠡᠭ ᠬᠢᠷᠢ ᠬᠡᠮ᠎ᠢ ᠬᠦᠴᠦᠨ ᠦᠭᠡᠢ ᠪᠣᠯᠭ᠋ᠠᠭᠰᠠᠨ ᠭᠣᠮᠣᠳᠠᠯ ᠲᠣᠭ᠋ᠠᠴᠢᠯᠲᠠ ᠵᠢ ᠰᠢᠢ᠍ᠳᠪᠦᠷᠢᠯᠡᠭᠰᠡᠨ ᠦᠷ᠎ᠡ ᠳ᠋ᠦᠩ᠎ᠢ ᠨᠡᠶ᠋ᠢᠲᠡᠯᠡᠬᠦ ᠲᠤᠬᠠᠶ ᠮᠡᠳᠡᠭᠳᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠤᠲᠠᠭᠳᠠᠵᠤ ᠪᠠᠶ᠋ᠢᠭ᠎ᠠ ᠡᠮ᠎ᠤᠨ ᠵᠦᠢ᠍ᠯ᠎ᠢ ᠬᠢᠨᠠᠨ ᠬᠠᠷᠭᠤᠭᠤᠯᠤᠭᠰᠠᠨ ᠦᠷ᠎ᠡ ᠳ᠋ᠦᠩ᠎ᠤᠨ ᠲᠤᠬᠠᠢ ᠨᠡᠢ᠌ᠳᠡᠯᠡᠯ
 
            