ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠪᠢᠴᠢᠭ ᠮᠠᠲ᠋ᠧᠷᠢᠶᠠᠯ
2021 ᠣᠨ᠎ᠤ ᠠᠵᠢᠯᠲᠠᠨ ᠠᠵᠢᠯᠴᠢᠨ᠎ᠤ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠎ᠤᠨ ᠬᠤᠪᠢ ᠬᠥᠮᠦᠨ᠎ᠤ ᠳᠠᠩᠰᠠᠨ ᠡᠷᠦᠬᠡ ᠵᠢᠨ ᠬᠣᠯᠪᠣᠭᠳᠠᠯ ᠪᠦ᠍ᠬᠦᠢ ᠠᠵᠢᠯ᠎ᠢ ᠰᠠᠶ᠋ᠢᠲᠤᠷ ᠬᠢᠬᠦ ᠲᠤᠬᠠᠶ ᠮᠡᠳᠡᠭᠳᠡᠯ
ᠨᠡᠶ᠋ᠢᠲᠡᠯᠡᠭᠰᠡᠨ ᠴᠠᠭ᠄ 2021-07-19

          ᠥᠪᠥᠷ ᠡᠮᠴᠢᠯᠡᠭᠡ ᠪᠠᠳᠤᠯᠠᠭ᠎ᠠ ᠠᠯᠪᠠᠨ ᠥᠰᠥᠭ  [2021]  71 ᠳ᠋ᠤᠭᠡᠷ ᠲᠣᠭ᠋ᠠᠲᠤ
ᠡᠯ᠎ᠡ ᠠᠶ᠋ᠢᠮᠠᠭ ᠬᠣᠲᠠ ᠵᠢᠨ ᠡᠮᠴᠢᠯᠡᠭᠡ ᠵᠢᠨ ᠪᠠᠲᠤᠯᠠᠭ᠎ᠠ ᠵᠢᠨ ᠲᠣᠪᠴᠢᠶ᠎ᠠ᠂ ᠮᠠᠨᠵᠤᠤᠷ ᠬᠣᠲᠠ᠂ ᠡᠷᠢᠶᠡᠨ ᠬᠣᠲᠠ ᠵᠢᠨ ᠡᠮᠴᠢᠯᠡᠭᠡ ᠵᠢᠨ ᠪᠠᠲᠤᠯᠠᠭ᠎ᠠ ᠵᠢᠨ ᠲᠣᠪᠴᠢᠶ᠎ᠠ᠎ᠳᠤ᠄
      ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠤᠳᠤᠷᠢᠳᠬᠤ ᠳᠤᠭᠤᠶ᠋ᠢᠯᠠᠩ᠎ᠤᠨ 《〈ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠤᠵᠢ ᠵᠢᠨ ᠱᠠᠲᠤᠨ᠎ᠤ 〈ᠪᠢ ᠣᠯᠠᠨ ᠲᠦᠮᠡᠨ᠎ᠳᠤ ᠪᠣᠳᠠᠲᠤ ᠶᠠᠪᠤᠳᠠᠯ ᠬᠢᠵᠦ ᠥᠭᠬᠦ〉 ᠲᠥᠷᠥᠯ ᠵᠦᠢ᠍ᠯ᠎ᠤᠨ ᠨᠠᠷᠢᠨ ᠳᠠᠩᠰᠠ〉 ᠵᠢ ᠳᠠᠷᠤᠮᠠᠯᠯᠠᠨ ᠲᠠᠷᠬᠠᠭ᠋ᠠᠬᠤ ᠲᠤᠬᠠᠶ ᠮᠡᠳᠡᠭᠳᠡᠯ》᠎ᠤᠨ ᠱᠠᠭ᠋ᠠᠷᠳᠠᠯᠭ᠎ᠠ ᠵᠢ ᠲᠤᠤᠱᠯᠠᠭᠤᠯᠤᠨ ᠨᠠᠢ᠌ᠳᠠᠪᠦᠷᠢᠵᠢᠭᠤᠯᠵᠦ᠂ 《ᠠᠵᠢᠯᠲᠠᠨ ᠠᠵᠢᠯᠴᠢᠨ᠎ᠤ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠎ᠤᠨ ᠡᠭᠦᠳᠡᠨ ᠡᠮᠨᠡᠯᠭᠡ ᠵᠢ ᠬᠠᠷᠢᠯᠴᠠᠨ ᠬᠠᠷᠠᠭ᠋ᠠᠯᠵᠠᠬᠤ ᠪᠠᠲᠤᠯᠠᠭ᠎ᠠ ᠵᠢᠨ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠬᠦ ᠲᠤᠬᠠᠶ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠵᠢᠯᠣᠭᠣᠳᠬᠤ ᠰᠠᠨᠠᠯ》 (ᠲᠥᠷᠥ ᠠᠯᠪᠠᠨ ᠲᠠᠷᠬᠠᠭ᠋ᠠᠭᠰᠠᠨ [2021] 14 ᠳ᠋ᠤᠭᠡᠷ ᠲᠣᠭ᠋ᠠᠲᠤ)᠎ᠤᠨ ᠵᠣᠷᠢᠭ ᠰᠠᠨᠠᠭ᠎ᠠ ᠵᠢ ᠦᠨᠳᠦᠰᠦᠯᠡᠨ᠂ ᠡᠮᠴᠢᠯᠡᠭᠡ ᠵᠢᠨ ᠪᠠᠲᠤᠯᠠᠭ᠎ᠠ ᠵᠢᠨ ᠦᠢ᠍ᠯᠡᠴᠢᠯᠡᠭᠡ ᠵᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠬᠤᠪᠢ ᠬᠥᠮᠦᠨ᠎ᠤ ᠲᠠᠩᠰᠠᠨ ᠡᠷᠦᠬᠡ ᠵᠢᠨ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢ ᠪᠣᠳᠠᠲᠠᠶ᠎ᠳᠤ ᠨᠠᠶ᠋ᠢᠳᠠᠪᠤᠷᠢᠵᠢᠭᠤᠯᠬᠤ ᠵᠢ ᠠᠯᠬᠤᠮ ᠠᠯᠬᠤᠮ ᠵᠶ᠋ᠠᠷ ᠠᠬᠢᠭᠤᠯᠤᠨ᠂ ᠠᠷᠠᠳ᠎ᠲᠤ ᠨᠠᠩ ᠲᠥᠬᠥᠮ ᠦᠵᠡᠭᠦᠯᠵᠦ ᠠᠷᠠᠳ᠎ᠲᠤ ᠠᠰᠢᠭᠲᠠᠶ ᠪᠣᠯᠭ᠋ᠠᠵᠤ᠂ ᠦᠢ᠍ᠯᠡᠳᠦᠯᠭᠡ ᠵᠢᠨ ᠠᠵᠢᠯᠯᠠᠭ᠎ᠠ ᠵᠢ ᠪᠣᠳᠠᠲᠠᠶ᠎ᠳᠤ ᠨᠠᠶ᠋ᠢᠳᠠᠪᠤᠷᠢᠵᠢᠭᠤᠯᠤᠨ᠂ ᠪᠣᠳᠠᠲᠤ ᠦᠷ᠎ᠡ ᠪᠦᠲᠦᠮᠵᠢ ᠤᠯᠬᠤ ᠵᠢ ᠯᠠᠪᠳᠠᠭᠤᠨ ᠵᠶ᠋ᠠᠷ ᠠᠬᠢᠭᠤᠯᠬᠤ ᠵᠢᠨ ᠲᠥᠯᠥᠭᠡ᠂ ᠡᠳᠦᠭᠡ 2021 ᠣᠨ᠎ᠤ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠬᠤᠪᠢ ᠬᠥᠮᠦᠨ᠎ᠤ ᠲᠠᠩᠰᠠᠨ ᠡᠷᠦᠬᠡ ᠵᠢᠨ ᠬᠣᠯᠪᠣᠭᠳᠠᠯ ᠪᠥᠬᠥᠶ ᠠᠵᠢᠯ᠎ᠢ ᠰᠠᠶ᠋ᠢᠲᠤᠷ ᠬᠢᠬᠦ ᠲᠤᠬᠠᠶ ᠳᠣᠤᠷᠠᠬᠢ ᠮᠡᠲᠦ ᠮᠡᠳᠡᠭᠳᠡᠶ᠎ᠡ᠄
      ᠠᠵᠢᠯᠲᠠᠨ ᠠᠵᠢᠯᠴᠢᠨ᠎ᠤ ᠡᠮ ᠡᠮᠨᠡᠯᠭᠡ ᠵᠢᠨ ᠦᠨᠳᠦᠰᠦᠨ ᠳᠠᠭ᠋ᠠᠳᠬᠠᠯ᠎ᠤᠨ ᠬᠤᠪᠢ ᠬᠥᠮᠦᠨ᠎ᠤ ᠳᠠᠩᠰᠠᠨ ᠡᠷᠦᠬᠡ ᠵᠢ ᠲᠤᠰ ᠬᠥᠮᠦᠨ᠎ᠨᠢ ᠬᠡᠷᠡᠭᠯᠡᠵᠦ ᠪᠠᠶ᠋ᠢᠭᠰᠠᠨ᠎ᠠᠴᠠ᠎ᠪᠠᠨ ᠭᠡᠷ ᠪᠦᠯᠢ ᠵᠢᠨ ᠪᠦᠷᠢᠯᠳᠦᠬᠦᠨ᠎ᠤ ᠬᠠᠷᠢᠯᠴᠠᠨ ᠬᠡᠷᠡᠭᠯᠡᠵᠦ ᠪᠤᠯᠤᠨ᠎ᠠ᠃ 2021 ᠣᠨ᠎ᠤ 8 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠨ᠂ ᠬᠤᠪᠢ ᠬᠥᠮᠦᠨ᠎ᠤ ᠲᠠᠩᠰᠠᠨ ᠡᠷᠦᠬᠡ ᠵᠢᠨ ᠬᠡᠷᠡᠭᠯᠡᠬᠦ ᠬᠡᠪᠴᠢᠶ᠎ᠡ ᠵᠢ ᠥᠷᠭᠡᠳᠬᠡᠵᠦ᠂ ᠳᠠᠭ᠋ᠠᠳᠬᠠᠯ᠎ᠳᠤ ᠣᠷᠣᠭᠰᠠᠳ᠎ᠤᠨ ᠲᠣᠰ ᠬᠥᠮᠦᠨ ᠵᠢᠴᠢ ᠲᠡᠭᠦᠨ᠎ᠤ ᠬᠣᠯᠪᠣᠰᠤ᠂ ᠡᠴᠢᠭᠡ ᠡᠬᠡ᠂ ᠦᠷ᠎ᠡ ᠬᠡᠤᠬᠡᠳ᠎ᠤᠨ ᠲᠣᠭᠲᠠᠮᠠᠯ ᠡᠮᠴᠢᠯᠡᠭᠡᠨ᠎ᠤ ᠪᠠᠶ᠋ᠢᠭᠤᠯᠤᠮᠵᠢ᠎ᠳᠤ ᠡᠮᠨᠡᠭᠦᠯᠬᠦ᠎ᠳᠤ ᠡᠭᠦᠰᠦᠭᠰᠡᠨ ᠬᠤᠪᠢ ᠬᠥᠮᠦᠨ᠎ᠤ ᠡᠭᠦᠷᠭᠡᠯᠡᠬᠦ ᠡᠮᠴᠢᠯᠡᠭᠡᠨ᠎ᠤ ᠵᠠᠷᠤᠳᠠᠯ ᠵᠢᠴᠢ ᠲᠣᠭᠲᠠᠮᠠᠯ ᠴᠡᠭ᠎ᠤᠨ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ᠎ᠠᠴᠠ ᠡᠮ᠎ᠤᠨ ᠵᠦᠢ᠍ᠯ ᠬᠤᠳᠠᠯᠳᠤᠨ ᠠᠪᠬᠤ᠎ᠳᠤ ᠡᠭᠦᠰᠦᠭᠰᠡᠨ ᠬᠤᠪᠢ ᠬᠥᠮᠦᠨ᠎ᠤ ᠡᠭᠦᠷᠭᠡᠯᠡᠬᠦ ᠵᠠᠷᠤᠳᠠᠯ᠎ᠢ ᠲᠦᠯᠦᠵᠦ ᠪᠤᠯᠤᠨ᠎ᠠ᠃
      ᠡᠯ᠎ᠡ ᠨᠢᠭᠡᠳᠦᠯᠲᠡᠶ ᠲᠥᠯᠥᠪᠯᠡᠬᠦ ᠭᠠᠵᠠᠷ ᠣᠷᠣᠨ᠎ᠨᠤᠭᠤᠳ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠬᠠᠮᠢᠶᠠᠷᠤᠯᠲᠠ   ᠦᠢ᠍ᠯᠡᠴᠢᠯᠡᠭᠡᠨ᠎ᠤ ᠠᠷᠭ᠎ᠠ ᠬᠡᠮᠵᠢᠶ᠎ᠡ᠎ᠪᠠᠨ ᠲᠡᠭᠦᠯᠳᠡᠷᠵᠢᠭᠦᠯᠦᠨ᠂ ᠰᠢᠨ᠎ᠡ ᠬᠠᠭᠤᠴᠢᠨ ᠲᠥᠷᠥ ᠵᠢᠨ ᠪᠣᠳᠣᠯᠭ᠎ᠠ ᠵᠢᠨ ᠵᠣᠯᠭ᠋ᠠᠭᠤᠯᠤᠯᠲᠠ ᠵᠢ ᠰᠠᠶ᠋ᠢᠲᠤᠷ ᠬᠢᠵᠦ᠂ ᠲᠣᠭᠲᠠᠭᠤᠨ ᠵᠶ᠋ᠠᠷ ᠰᠢᠯᠵᠢᠬᠦ ᠵᠢ ᠦᠨᠡᠨᠬᠦ ᠪᠠᠲᠤᠯᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ᠎ᠠᠴᠠ 《ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡ ᠵᠢᠨ ᠳᠠᠭ᠋ᠠᠳᠬᠠᠯ᠎ᠤᠨ ᠡᠭᠦᠳᠡᠨ ᠡᠮᠨᠡᠯᠭᠡ ᠵᠢ ᠬᠠᠷᠢᠯᠴᠠᠨ ᠬᠠᠷᠠᠭ᠋ᠠᠯᠵᠠᠬᠤ ᠪᠠᠲᠤᠯᠠᠭ᠎ᠠ ᠵᠢᠨ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠬᠦ ᠲᠤᠬᠠᠶ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠠᠯᠪᠠᠨ ᠲᠢᠩᠬᠢᠮ᠎ᠤᠨ ᠵᠢᠯᠣᠭᠣᠳᠬᠤ ᠰᠠᠨᠠᠯ》᠎ᠤᠨ ᠪᠣᠳᠠᠲᠠᠶ ᠬᠡᠷᠡᠭᠵᠢᠭᠦᠯᠬᠦ ᠠᠷᠭ᠎ᠠ ᠵᠢ ᠨᠡᠶ᠋ᠢᠲᠡᠯᠡᠨ ᠬᠡᠷᠡᠭᠵᠢᠭᠦᠯᠦᠭᠰᠡᠨ᠎ᠤ ᠳᠠᠷᠠᠭ᠎ᠠ᠂ ᠡᠯ᠎ᠡ ᠭᠠᠵᠠᠷ᠎ᠤᠨ᠎ᠬᠢᠨ ᠵᠢᠷᠤᠮᠯᠠᠨ ᠬᠡᠷᠡᠭᠵᠢᠭᠦᠯᠲᠦᠭᠡᠶ᠃
   
        ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡ ᠵᠢᠨ ᠪᠠᠳᠤᠯᠠᠭ᠎ᠠ ᠵᠢᠨ ᠲᠤᠪᠴᠢᠶ᠎ᠠ
                                     2021 ᠣᠨ᠎ᠤ 7 ᠳ᠋ᠤᠭ᠋ᠠᠷ ᠰᠠᠷ᠎ᠠ ᠵᠢᠨ 8᠎ᠤ ᠡᠳᠦᠷ

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠣᠯᠠᠭ᠎ᠠ ᠵᠢᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠬᠡᠰᠡᠭ ᠡᠮ᠎ᠤᠨ ᠵᠦᠢ᠍ᠯ᠎ᠤᠨ ᠬᠤᠳᠠᠯᠳᠤᠨ ᠠᠪᠬᠤ ᠦᠨ᠎ᠡ ᠵᠢ ᠪᠠᠭᠤᠷᠠᠭᠤᠯᠬᠤ ᠲᠤᠬᠠᠶ ᠮᠡᠳᠡᠭᠳᠡᠯ (2021 — 5)
ᠲᠦᠷᠦ ᠵᠢᠨ ᠶᠠᠪᠤᠳᠠᠯ᠎ᠤᠨ ᠬᠣᠷᠢᠶᠠᠨ᠎ᠤ ᠨᠠᠢ᠍ᠮᠠᠳᠤᠭ᠋ᠠᠷ ᠤᠳᠠᠭ᠋ᠠᠨ᠎ᠤ ᠶᠡᠬᠡ ᠱᠠᠯᠠᠪᠳᠠᠭᠤᠯᠤᠨ ᠪᠠᠶ᠋ᠢᠴᠠᠭ᠋ᠠᠯᠲᠠ ᠵᠢᠨ ᠭᠠᠶ᠋ᠢᠯᠢ ᠵᠢ ᠪᠠᠭ᠋ᠠᠰᠬᠠᠵᠤ ᠰᠦᠢ᠍ᠳᠬᠡᠯ᠎ᠢ ᠪᠠᠭᠤᠷᠠᠭᠤᠯᠤᠨ ᠠᠵᠤ ᠠᠬᠤᠶ᠋ᠢᠯᠠᠯ᠎ᠤᠨ ᠬᠥᠭᠵᠢᠯᠲᠡ ᠵᠢ ᠲᠠᠮᠵᠢᠬᠦ ᠳᠣᠲᠣᠭ᠋ᠠᠳᠤ ᠬᠡᠷᠡᠭᠴᠡᠭᠡ ᠵᠢ ᠥᠷᠭᠡᠳᠬᠡᠨ ᠠᠵᠢᠯ ᠣᠯᠭᠣᠯᠲᠠ ᠵᠢ ᠪᠠᠲᠤᠯᠠᠵᠤ ᠠᠷᠠᠳ᠎ᠤᠨ ᠠᠮᠢᠳᠤᠷᠠᠯ᠎ᠢ ᠪᠠᠲᠤᠯᠠᠬᠤ ᠵᠡᠷᠭᠡ ᠠᠵᠢᠯ᠎ᠤᠨ ᠲᠤᠭᠤᠷᠢᠨ᠎ᠳᠤ ᠠᠰᠠᠭᠤᠳᠠᠯ᠎ᠤᠨ ᠰᠦᠪᠡᠭᠴᠢ ᠴᠤᠭᠯᠠᠭᠤᠯᠬᠤ ᠲᠤᠬᠠᠶ ᠠᠯᠪᠠᠨ ᠵᠠᠷᠯᠠᠯ
ᠡᠮ᠎ᠤᠨ ᠵᠦᠢ᠍ᠯ᠎ᠢ ᠰᠦᠯᠵᠢᠶᠡᠨ᠎ᠳᠤ ᠭᠠᠷᠭ᠋ᠠᠬᠤ ᠬᠡᠰᠡᠭ ᠬᠢᠷᠢ ᠬᠡᠮ᠎ᠢ ᠬᠦᠴᠦᠨ ᠦᠭᠡᠢ ᠪᠣᠯᠭ᠋ᠠᠭᠰᠠᠨ ᠭᠣᠮᠣᠳᠠᠯ ᠲᠣᠭ᠋ᠠᠴᠢᠯᠲᠠ ᠵᠢ ᠰᠢᠢ᠍ᠳᠪᠦᠷᠢᠯᠡᠭᠰᠡᠨ ᠦᠷ᠎ᠡ ᠳ᠋ᠦᠩ᠎ᠢ ᠨᠡᠶ᠋ᠢᠲᠡᠯᠡᠬᠦ ᠲᠤᠬᠠᠶ ᠮᠡᠳᠡᠭᠳᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠤᠲᠠᠭᠳᠠᠵᠤ ᠪᠠᠶ᠋ᠢᠭ᠎ᠠ ᠡᠮ᠎ᠤᠨ ᠵᠦᠢ᠍ᠯ᠎ᠢ ᠬᠢᠨᠠᠨ ᠬᠠᠷᠭᠤᠭᠤᠯᠤᠭᠰᠠᠨ ᠦᠷ᠎ᠡ ᠳ᠋ᠦᠩ᠎ᠤᠨ ᠲᠤᠬᠠᠢ ᠨᠡᠢ᠌ᠳᠡᠯᠡᠯ
ᠲᠢᠲᠢᠮ ᠰᠤᠳᠠᠯ᠎ᠤᠨ ᠬᠥᠲᠥᠯᠦᠮᠵᠢ ᠰᠢᠷᠬᠡᠭ᠎ᠤᠨ ᠲᠥᠪᠯᠡᠷᠡᠩᠭᠦᠶ ᠬᠡᠮᠵᠢᠶ᠎ᠡ᠎ᠪᠠᠷ ᠬᠤᠳᠠᠯᠳᠤᠨ ᠠᠪᠬᠤ ᠳᠤᠮᠳᠠᠬᠢ ᠰᠣᠩᠭᠣᠯᠲᠠ ᠵᠢᠨ ᠦᠷ᠎ᠡ ᠳ᠋ᠦᠩ᠎ᠤᠨ ᠲᠤᠬᠠᠶ ᠮᠤᠵᠢ ᠵᠢᠨ ᠬᠣᠭᠣᠷᠣᠨᠳᠣᠬᠢ ᠬᠤᠯᠪᠤᠭ᠎ᠠ ᠵᠢᠨ ᠬᠤᠳᠠᠯᠳᠤᠨ ᠠᠪᠬᠤ ᠠᠯᠪᠠᠨ ᠭᠡᠷ᠎ᠤᠨ ᠠᠯᠪᠠᠨ ᠵᠠᠷ
 
            