ᠡᠯ᠎ᠡ ᠬᠠᠮᠢᠶ᠎ᠠ ᠪᠥᠬᠥᠶ ᠠᠵᠤ ᠠᠬᠤᠶ᠋ᠢᠯᠠᠯ᠄
《ᠡᠮ ᠡᠮᠨᠡᠯᠭᠡ ᠵᠢᠨ ᠪᠠᠲᠤᠯᠠᠭ᠎ᠠ ᠵᠢᠨ ᠳᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ 《ᠥᠨᠳᠥᠷ ᠥᠷᠲᠡᠭᠲᠦ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠵᠠᠰᠠᠬᠤ ᠥᠭᠡᠷᠡᠴᠢᠯᠡᠯᠲᠡ ᠵᠢᠨ ᠲᠥᠰᠦᠯ᠎ᠢ ᠳᠠᠷᠤᠮᠠᠯᠯᠠᠨ ᠲᠠᠷᠬᠠᠭ᠋ᠠᠬᠤ ᠲᠤᠬᠠᠶ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠮᠡᠳᠡᠭᠳᠡᠯ》 (ᠲᠥᠷᠥ ᠠᠯᠪᠠᠨ ᠲᠠᠷᠬᠠᠭ᠋ᠠᠭᠰᠠᠨ [2019] 37 ᠳ᠋ᠤᠭ᠋ᠠᠷ ᠲᠣᠭ᠋ᠠᠲᠤ)᠎ᠤᠨ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠵᠤ᠂ ᠤᠯᠤᠰ᠎ᠤᠨ ᠵᠣᠬᠢᠶᠠᠨ ᠪᠠᠶ᠋ᠢᠭᠤᠯᠤᠯᠲᠠ ᠵᠢᠨ ᠲᠢᠲᠢᠮ ᠰᠤᠳᠠᠯ᠎ᠤᠨ ᠲᠤᠯᠤᠭ᠋ᠠᠰᠦ ᠵᠢᠨ ᠬᠡᠮᠵᠢᠶ᠎ᠡ᠎ᠲᠠᠢ ᠬᠤᠳᠠᠯᠳᠤᠨ ᠠᠪᠬᠤ ᠠᠵᠢᠯ᠎ᠢ ᠬᠠᠮᠵᠢᠯᠴᠠᠨ ᠰᠠᠶ᠋ᠢᠲᠤᠷ ᠬᠢᠬᠦ ᠵᠢᠨ ᠲᠥᠯᠥᠭᠡ᠂ 《ᠨᠠᠢ᠍ᠮᠠᠨ ᠮᠤᠵᠢ ᠬᠣᠶᠠᠷ ᠣᠷᠣᠨ》᠎ᠤ ᠬᠠᠮᠲᠤᠷᠠᠨ ᠬᠥᠳᠡᠯᠦᠯᠴᠡᠬᠦ ᠠᠵᠢᠯ᠎ᠤᠨ ᠲᠣᠭᠲᠠᠴᠠ ᠵᠢ ᠦᠨᠳᠦᠰᠦᠯᠡᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡ ᠵᠢᠨ ᠪᠠᠲᠤᠯᠠᠭ᠎ᠠ ᠵᠢᠨ ᠲᠣᠪᠴᠢᠶ᠎ᠠ᠎ᠨᠢ ᠱᠠᠨ ᠰᠢ ᠮᠤᠵᠢ᠂ ᠯᠢᠶᠣᠤᠨᠢᠩ ᠮᠤᠵᠢ᠂ ᠭᠢᠷᠢᠨ ᠮᠤᠵᠢ᠂ ᠬᠠᠷᠠᠮᠥ᠋ᠷᠡᠨ ᠮᠤᠵᠢ᠂ ᠬᠠᠶ᠋ᠢᠨᠠᠨ ᠮᠤᠵᠢ᠂ ᠭᠦᠢ᠍ᠵᠧᠦ ᠮᠤᠵᠢ᠂ ᠲᠥᠪᠡᠳ᠎ᠤᠨ ᠥᠪᠡᠷᠲᠡᠭᠡᠨ ᠵᠠᠰᠠᠬᠤ ᠣᠷᠣᠨ᠂ ᠭᠠᠨᠰᠦ ᠮᠤᠵᠢ᠂ ᠬᠥᠬᠡᠨᠠᠭᠤᠷ ᠮᠤᠵᠢ᠂ ᠨᠢᠩᠰᠢᠶᠠ ᠵᠢᠨ ᠬᠣᠲᠣᠩ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ᠂ ᠰᠢᠨᠵᠢᠶᠠᠩ᠎ᠤᠨ ᠤᠶ᠋ᠢᠭᠤᠷ᠎ᠤᠨ ᠥᠪᠡᠷᠲᠡᠭᠡᠨ ᠵᠠᠰᠠᠬᠤ ᠣᠷᠣᠨ᠂ ᠰᠢᠨᠵᠢᠶᠠᠩ᠎ᠤᠨ ᠦᠢ᠍ᠯᠡᠳᠪᠦᠷᠢᠯᠡᠯ ᠪᠦᠲᠦᠭᠡᠨ ᠪᠠᠶ᠋ᠢᠭᠤᠯᠤᠯᠲᠠ ᠵᠢᠨ ᠪᠢᠩᠲ᠋ᠤᠸᠠᠨ ᠵᠡᠷᠭᠡ ᠮᠤᠵᠢ (ᠣᠷᠣᠨ᠂ ᠪᠢᠩᠲ᠋ᠤᠸᠠᠨ) ᠵᠢᠨ ᠡᠮᠴᠢᠯᠡᠭᠡ ᠵᠢᠨ ᠪᠠᠲᠤᠯᠠᠭ᠎ᠠ ᠵᠢᠨ ᠲᠣᠪᠴᠢᠶ᠎ᠠ ᠵᠢᠨ ᠨᠠᠶ᠋ᠢᠳᠠᠯᠭ᠎ᠠ᠎ᠪᠠᠷ᠂ 《ᠨᠠᠶᠮᠠᠨ ᠮᠤᠵᠢ ᠬᠣᠶᠠᠷ ᠣᠷᠣᠨ》 ᠵᠢᠴᠢ ᠬᠡᠰᠡᠭ ᠮᠤᠵᠢ ᠣᠷᠣᠨ᠎ᠤ᠎ᠬᠢᠨ ᠲᠢᠲᠢᠮ ᠰᠤᠳᠠᠯ᠎ᠤᠨ ᠲᠤᠯᠤᠭ᠋ᠠᠰᠦ ᠲᠥᠪᠯᠡᠷᠡᠭᠦᠯᠦᠨ ᠬᠡᠮᠵᠢᠶ᠎ᠡ᠎ᠲᠠᠢ᠎ᠪᠠᠷ ᠬᠤᠳᠠᠯᠳᠤᠨ ᠠᠪᠬᠤ ᠵᠢ ᠵᠣᠬᠢᠶᠠᠨ ᠪᠠᠶ᠋ᠢᠭᠤᠯᠬᠤ ᠵᠢᠨ ᠬᠠᠮᠲᠤ ᠮᠤᠵᠢ ᠵᠢᠨ ᠬᠣᠭᠣᠷᠣᠨᠳᠣᠬᠢ ᠬᠤᠯᠪᠤᠭ᠎ᠠ ᠵᠢᠨ ᠬᠤᠳᠠᠯᠳᠤᠨ ᠠᠪᠬᠤ ᠠᠯᠪᠠᠨ ᠬᠡᠷ(ᠳᠥᠭᠥᠮᠴᠢᠯᠡᠭᠡᠳ 《ᠮᠤᠵᠢ ᠵᠢᠨ ᠬᠣᠭᠣᠷᠣᠨᠳᠣᠬᠢ ᠬᠤᠯᠪᠤᠭ᠎ᠠ ᠵᠢᠨ ᠬᠤᠳᠠᠯᠳᠤᠨ ᠠᠪᠬᠤ ᠠᠯᠪᠠᠨ ᠬᠡᠷ》 ᠭᠡᠳᠡᠭ)᠎ᠢ ᠪᠠᠶ᠋ᠢᠭᠤᠯᠵᠤ᠂ ᠲᠢᠲᠢᠮ ᠰᠤᠳᠠᠯ᠎ᠤᠨ ᠲᠤᠯᠤᠭ᠋ᠠᠰᠤ ᠲᠥᠪᠯᠡᠷᠡᠭᠦᠯᠦᠨ ᠬᠡᠮᠵᠢᠶ᠎ᠡ᠎ᠲᠠᠢ᠎ᠪᠠᠷ ᠬᠤᠳᠠᠯᠳᠤᠨ ᠠᠪᠬᠤ ᠵᠢ ᠵᠣᠬᠢᠶᠠᠨ ᠪᠠᠶ᠋ᠢᠭᠤᠯᠬᠤ ᠵᠢᠨ ᠬᠠᠮᠲᠤ ᠪᠣᠳᠠᠲᠠᠶ᠎ᠪᠠᠷ ᠬᠡᠷᠡᠭᠵᠢᠭᠦᠯᠬᠦ ᠵᠢ ᠬᠠᠷᠢᠭᠤᠴᠠᠨ᠎ᠠ᠃
ᠣᠲᠣ 《ᠮᠤᠵᠢ ᠵᠢᠨ ᠬᠣᠭᠣᠷᠣᠨᠳᠣᠬᠢ ᠬᠤᠯᠪᠤᠭ᠎ᠠ ᠵᠢᠨ ᠲᠢᠲᠢᠮ ᠰᠤᠳᠠᠯ᠎ᠤᠨ ᠲᠤᠯᠤᠭ᠋ᠠᠰᠤ ᠲᠥᠪᠯᠡᠷᠡᠩᠭᠦᠶ ᠬᠡᠮᠵᠢᠶ᠎ᠡ᠎ᠪᠠᠷ ᠬᠤᠳᠠᠯᠳᠤᠨ ᠠᠪᠬᠤ ᠪᠢᠴᠢᠭ ᠮᠠᠲ᠋ᠧᠷᠢᠶᠠᠯ (SJLM-14-HC2021-1)》᠎ᠢ ᠨᠡᠶ᠋ᠢᠲᠡᠯᠡᠪᠡ᠂ ᠱᠠᠭ᠋ᠠᠷᠳᠠᠯᠭ᠎ᠠ᠎ᠳᠤ ᠨᠡᠶ᠋ᠢᠴᠡᠭᠰᠡᠨ ᠠᠵᠤ ᠠᠬᠤᠶ᠋ᠢᠯᠠᠯ᠎ᠤᠨ ᠢᠳᠡᠪᠬᠢᠲᠡᠶ ᠣᠷᠣᠯᠴᠠᠬᠤ ᠵᠢ ᠪᠠᠶᠠᠷᠯᠠᠨ ᠤᠭᠲᠤᠵᠤ ᠪᠠᠶ᠋ᠢᠨ᠎ᠠ᠃
ᠮᠤᠵᠢ ᠵᠢᠨ ᠬᠣᠭᠣᠷᠣᠨᠳᠣᠬᠢ ᠬᠤᠯᠪᠤᠭ᠎ᠠ ᠵᠢᠨ ᠬᠤᠳᠠᠯᠳᠤᠨ ᠠᠪᠬᠤ ᠠᠯᠪᠠᠨ ᠭᠡᠷ
2021 ᠣᠨ᠎ᠤ 6 ᠳ᠋ᠤᠭ᠋ᠠᠷ ᠰᠠᠷ᠎ᠠ ᠵᠢᠨ 25᠎ᠤ ᠡᠳᠦᠷ