ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠪᠢᠴᠢᠭ ᠮᠠᠲ᠋ᠧᠷᠢᠶᠠᠯ
ᠲᠦᠷᠦ ᠵᠢᠨ ᠶᠠᠪᠤᠳᠠᠯ᠎ᠤᠨ ᠬᠣᠷᠢᠶᠠᠨ᠎ᠤ ᠨᠠᠢ᠍ᠮᠠᠳᠤᠭ᠋ᠠᠷ ᠤᠳᠠᠭ᠋ᠠᠨ᠎ᠤ ᠶᠡᠬᠡ ᠱᠠᠯᠠᠪᠳᠠᠭᠤᠯᠤᠨ ᠪᠠᠶ᠋ᠢᠴᠠᠭ᠋ᠠᠯᠲᠠ ᠵᠢᠨ ᠭᠠᠶ᠋ᠢᠯᠢ ᠵᠢ ᠪᠠᠭ᠋ᠠᠰᠬᠠᠵᠤ ᠰᠦᠢ᠍ᠳᠬᠡᠯ᠎ᠢ ᠪᠠᠭᠤᠷᠠᠭᠤᠯᠤᠨ ᠠᠵᠤ ᠠᠬᠤᠶ᠋ᠢᠯᠠᠯ᠎ᠤᠨ ᠬᠥᠭᠵᠢᠯᠲᠡ ᠵᠢ ᠲᠠᠮᠵᠢᠬᠦ ᠳᠣᠲᠣᠭ᠋ᠠᠳᠤ ᠬᠡᠷᠡᠭᠴᠡᠭᠡ ᠵᠢ ᠥᠷᠭᠡᠳᠬᠡᠨ ᠠᠵᠢᠯ ᠣᠯᠭᠣᠯᠲᠠ ᠵᠢ ᠪᠠᠲᠤᠯᠠᠵᠤ ᠠᠷᠠᠳ᠎ᠤᠨ ᠠᠮᠢᠳᠤᠷᠠᠯ᠎ᠢ ᠪᠠᠲᠤᠯᠠᠬᠤ ᠵᠡᠷᠭᠡ ᠠᠵᠢᠯ᠎ᠤᠨ ᠲᠤᠭᠤᠷᠢᠨ᠎ᠳᠤ ᠠᠰᠠᠭᠤᠳᠠᠯ᠎ᠤᠨ ᠰᠦᠪᠡᠭᠴᠢ ᠴᠤᠭᠯᠠᠭᠤᠯᠬᠤ ᠲᠤᠬᠠᠶ ᠠᠯᠪᠠᠨ ᠵᠠᠷᠯᠠᠯ
ᠨᠡᠶ᠋ᠢᠲᠡᠯᠡᠭᠰᠡᠨ ᠴᠠᠭ᠄ 2021-07-23

      ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠵᠢ ᠪᠣᠳᠠᠲᠠᠶ᠎ᠳᠤ ᠨᠠᠶ᠋ᠢᠳᠠᠪᠤᠷᠢᠵᠢᠭᠤᠯᠬᠤ ᠵᠢ ᠠᠬᠢᠭᠤᠯᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠰᠠᠢ᠍ᠢ᠍ᠨ ᠡᠬᠢᠯᠡᠯᠳᠡ ᠵᠢ ᠪᠠᠲᠤᠯᠠᠬᠤ ᠵᠢᠨ ᠲᠤᠯᠠᠳᠠ᠂ ᠲᠥᠷᠥ ᠵᠢᠨ ᠶᠠᠪᠤᠳᠠᠯ᠎ᠤᠨ ᠬᠣᠷᠢᠶ᠎ᠠ 8 ᠰᠠᠷ᠎ᠠ ᠵᠢᠨ ᠬᠤᠷᠢᠳ᠎ᠠᠴᠠ 9 ᠰᠠᠷ᠎ᠠ ᠵᠢᠨ ᠠᠷᠪᠠᠳ ᠪᠣᠯᠲᠠᠯ᠎ᠠ ᠨᠠᠢ᠍ᠮᠠᠳᠤᠭ᠋ᠠᠷ ᠤᠳᠠᠭ᠋ᠠᠨ᠎ᠤ ᠶᠡᠬᠡ ᠱᠠᠯᠠᠪᠳᠠᠭᠤᠯᠤᠨ ᠪᠠᠶ᠋ᠢᠴᠠᠭ᠋ᠠᠯᠲᠠ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ ᠱᠠᠯᠠᠪᠳᠠᠭᠤᠯᠤᠨ ᠪᠠᠶ᠋ᠢᠴᠠᠭ᠋ᠠᠬᠤ ᠳᠤᠭᠤᠶ᠋ᠢᠯᠠᠩ ᠲᠣᠮᠢᠯᠠᠵᠤ ᠲᠤᠬᠠᠶ ᠵᠢᠨ ᠭᠠᠵᠠᠷ᠎ᠲᠤᠨᠢ ᠱᠠᠯᠠᠪᠳᠠᠭᠤᠯᠤᠨ ᠪᠠᠶ᠋ᠢᠴᠠᠭ᠋ᠠᠬᠤ᠎ᠪᠠᠷ ᠪᠤᠢ᠃ ᠲᠥᠷᠥ ᠵᠢᠨ ᠶᠠᠪᠤᠳᠠᠯ᠎ᠤᠨ ᠬᠣᠷᠢᠶᠠᠨ᠎ᠤ 《ᠢᠨᠲ᠋ᠧᠷ ᠰᠦᠯᠵᠢᠶ᠎ᠡ + ᠱᠠᠯᠠᠪᠳᠠᠭᠤᠯᠤᠨ ᠪᠠᠶ᠋ᠢᠴᠠᠭ᠋ᠠᠬᠤ》 ᠲᠠᠪᠴᠠᠩ᠎ᠤᠨ ᠵᠢᠵᠢᠭ ᠫᠷᠤᠭ᠌ᠷᠠᠮ (ᠵᠢᠵᠢᠭ ᠫᠷᠤᠭ᠌ᠷᠠᠮ᠎ᠤᠨ ᠮᠡᠷᠭᠡᠨ ᠴᠤᠬᠤᠷ᠎ᠨᠢ ᠳᠤᠤᠷᠠᠬᠢ ᠮᠡᠲᠦ)᠎ᠳᠤ ᠭᠠᠷᠴᠤ᠂ ᠭᠠᠶ᠋ᠢᠯᠢ ᠵᠢ ᠪᠠᠭ᠋ᠠᠰᠬᠠᠵᠤ ᠰᠦᠢ᠍ᠳᠬᠡᠯ᠎ᠢ ᠪᠠᠭᠤᠷᠠᠭᠤᠯᠤᠨ ᠠᠵᠤ ᠠᠬᠤᠶ᠋ᠢᠯᠠᠯ᠎ᠤᠨ ᠬᠥᠭᠵᠢᠯᠲᠡ ᠵᠢ ᠲᠠᠮᠵᠢᠬᠦ᠂ ᠳᠣᠲᠣᠭ᠋ᠠᠳᠤ ᠬᠡᠷᠡᠭᠴᠡᠭᠡ ᠵᠢ ᠥᠷᠭᠡᠳᠬᠡᠨ ᠠᠵᠢᠯ ᠣᠯᠭᠣᠯᠲᠠ ᠵᠢ ᠪᠠᠲᠤᠯᠠᠵᠤ ᠠᠷᠠᠳ᠎ᠤᠨ ᠠᠮᠢᠳᠤᠷᠠᠯ᠎ᠢ ᠪᠠᠲᠤᠯᠠᠬᠤ᠂ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ᠂ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠬᠥᠭᠵᠢᠯᠲᠡ ᠵᠢ ᠠᠬᠢᠭᠤᠯᠬᠤ ᠵᠡᠷᠭᠡ ᠲᠠᠯ᠎ᠠ᠎ᠪᠠᠷ ᠭᠤᠤᠯᠳᠠᠭᠤᠯᠤᠨ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠵᠢ ᠬᠠᠭᠤᠷᠮᠠᠭ᠂ ᠦᠨᠭᠭᠡᠪᠴᠢ᠂ ᠳᠤᠲᠠᠭᠤ ᠳᠣᠷᠭᠣᠨ ᠨᠠᠶ᠋ᠢᠳᠠᠪᠤᠷᠢᠵᠢᠭᠤᠯᠤᠭᠰᠠᠨ᠂ ᠡᠰᠡᠪᠡᠯ ᠦᠭᠡᠷᠡᠳᠦᠭᠦᠯᠦᠨ ᠬᠤᠪᠢᠷᠠᠭᠤᠯᠤᠭᠰᠠᠨ᠂ ᠠᠵᠤ ᠠᠬᠤᠶ᠋ᠢᠯᠠᠯ ᠪᠠ ᠣᠯᠠᠨ ᠲᠦᠮᠡᠨ᠎ᠤ ᠬᠠᠤᠯᠢ ᠶᠣᠰᠣᠨ᠎ᠤ ᠡᠷᠬᠡ ᠠᠰᠢᠭ᠎ᠢ ᠬᠦᠨᠳᠦ ᠨᠣᠴᠢᠲᠠᠶ ᠬᠤᠬᠢᠷᠠᠭᠤᠯᠤᠭᠰᠠᠨ᠂ ᠵᠠᠷᠯᠢᠭ ᠪᠠᠢ᠍ᠢ᠍ᠪᠠᠴᠤ ᠬᠡᠷᠡᠭᠵᠢᠭᠦᠯᠬᠦ ᠥᠬᠡᠶ᠂ ᠬᠤᠷᠢᠭ᠎ᠠ ᠪᠠᠢ᠍ᠢ᠍ᠪᠠᠴᠤ ᠵᠤᠬᠰᠤᠬᠤ ᠦᠭᠡᠢ ᠵᠢᠴᠢ ᠠᠵᠢᠯ ᠵᠶ᠋ᠠᠨ ᠥᠯᠥ ᠬᠢᠬᠦ᠂ ᠠᠵᠢᠯ ᠵᠶ᠋ᠠᠨ ᠤᠳᠠᠭ᠋ᠠᠨ ᠬᠢᠬᠦ᠂ ᠳᠤᠷ᠎ᠠ᠎ᠪᠠᠷ ᠵᠶ᠋ᠠᠨ ᠦᠢ᠍ᠯᠡᠳᠬᠦ ᠵᠡᠷᠭᠡ ᠲᠠᠯ᠎ᠠ ᠵᠢᠨ ᠠᠰᠠᠭᠤᠳᠠᠯ᠎ᠤᠨ ᠲᠤᠭᠤᠷᠢᠨ᠎ᠳᠤ᠂ ᠤᠯᠠᠨ ᠲᠦᠮᠠᠨ᠎ᠠᠴᠠ ᠰᠦᠪᠡᠭᠴᠢ ᠬᠠᠩᠭ᠋ᠠᠬᠤ ᠵᠢ ᠪᠠᠶᠠᠷᠯᠠᠨ ᠤᠭᠳᠤᠵᠤ ᠪᠠᠢ᠍ᠢ᠍ᠨ᠎ᠠ᠃ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠲᠦᠮᠵᠢᠲᠡᠶ ᠵᠣᠯᠭ᠋ᠠᠭᠤᠯᠬᠤ᠂ ᠲᠠᠷᠢᠶᠠᠨ ᠭᠠᠵᠠᠷ᠎ᠢ 《ᠲᠠᠷᠢᠶᠠᠯᠠᠩ᠎ᠤᠨ ᠪᠤᠰᠤ ᠪᠣᠯᠭ᠋ᠠᠬᠤ》 ᠵᠢ ᠬᠣᠷᠢᠭᠯᠠᠬᠤ᠂ ᠲᠠᠷᠢᠶᠠᠨ ᠭᠠᠵᠠᠷ᠎ᠢ 《ᠠᠮᠤ ᠪᠤᠳᠠᠭ᠋ᠠᠨ᠎ᠤ ᠪᠤᠰᠤ ᠪᠣᠯᠭ᠋ᠠᠬᠤ》 ᠵᠢ ᠰᠡᠷᠭᠡᠶ᠋ᠢᠯᠡᠬᠦ᠂ ᠬᠥᠳᠡᠭᠡ ᠲᠣᠰᠬᠣᠨ᠎ᠤ ᠤᠤᠭᠤᠬᠤ ᠤᠰᠤᠨ᠎ᠤ ᠠᠮᠤᠷ ᠲᠦᠪᠰᠢᠨ᠂ ᠰᠤᠷᠭ᠋ᠠᠭᠤᠯᠢ ᠵᠢᠨ ᠬᠦᠷᠢᠶᠡᠨ᠎ᠤ ᠠᠮᠤᠷ ᠲᠦᠪᠰᠢᠨ ᠵᠡᠷᠭᠡ ᠲᠠᠯ᠎ᠠ᠎ᠳᠤ ᠬᠣᠯᠪᠣᠭᠳᠠᠭᠰᠠᠨ ᠠᠰᠠᠭᠤᠳᠠᠯ᠎ᠤᠨ ᠰᠦᠪᠡᠭᠴᠢ ᠵᠢ ᠴᠦ᠍ ᠲᠤᠰ ᠲᠠᠪᠴᠠᠩ ᠵᠶ᠋ᠠᠷ ᠳᠠᠮᠵᠢᠭᠤᠯᠤᠨ ᠲᠤᠰᠬᠠᠵᠤ ᠪᠣᠯᠤᠨ᠎ᠠ᠃ ᠡᠭᠦᠨ᠎ᠤ ᠳᠣᠲᠣᠷᠠᠬᠢ ᠲᠥᠯᠥᠭᠡᠯᠡᠬᠦ ᠴᠢᠨᠠᠷᠲᠠᠶ ᠨᠡᠶ᠋ᠢᠲᠡᠯᠢᠭ ᠠᠰᠠᠭᠤᠳᠠᠯ᠎ᠳᠤ ᠲᠥᠷᠥ ᠵᠢᠨ ᠶᠠᠪᠤᠳᠠᠯ᠎ᠤᠨ ᠬᠣᠷᠢᠶᠠᠨ᠎ᠤ ᠱᠠᠯᠠᠪᠳᠠᠭᠤᠯᠤᠨ ᠪᠠᠶ᠋ᠢᠴᠠᠭ᠋ᠠᠬᠤ ᠳᠤᠭᠤᠶ᠋ᠢᠯᠠᠩ ᠰᠦᠪᠡᠭᠴᠢ ᠵᠢᠨ ᠲᠠᠭ᠋ᠠᠤ ᠠᠰᠠᠭᠤᠳᠠᠯ᠎ᠢ ᠮᠦ᠍ᠷᠳᠡᠵᠦ᠂ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ ᠵᠢ ᠱᠠᠯᠠᠪᠳᠠᠭᠤᠯᠵᠤ᠂ ᠱᠠᠯᠠᠪᠳᠠᠭᠤᠯᠤᠨ ᠪᠠᠶ᠋ᠢᠴᠠᠭ᠋ᠠᠬᠤ ᠲᠤᠭᠤᠢ᠍ᠢ᠍ᠯᠠᠩ᠎ᠤᠨ ᠭᠤᠷᠪᠠᠨ᠎ᠤ ᠬᠣᠶᠠᠷ᠎ᠠᠴᠠ ᠳᠡᠭᠡᠭᠰᠢᠬᠢ ᠠᠵᠢᠯᠲᠠᠨ ᠭᠤᠷᠪᠠᠨ᠎ᠤ ᠬᠣᠶᠠᠷ᠎ᠠᠴᠠ ᠳᠡᠭᠡᠭᠰᠢᠬᠢ ᠴᠠᠭ ᠵᠶ᠋ᠠᠨ ᠰᠦᠪᠡᠭᠴᠢ ᠵᠢ ᠬᠠᠷᠭᠤᠭᠤᠯᠤᠨ ᠪᠠᠶ᠋ᠢᠴᠠᠭ᠋ᠠᠬᠤ ᠪᠠ ᠳᠠᠯᠳᠠᠭᠤᠷ ᠰᠤᠷᠪᠤᠯᠵᠢᠯᠠᠨ ᠱᠠᠯᠠᠪᠳᠠᠭᠤᠯᠤᠨ ᠪᠠᠶ᠋ᠢᠴᠠᠭ᠋ᠠᠬᠤ᠎ᠳᠤ ᠬᠡᠷᠡᠭᠯᠡᠬᠦ ᠵᠢ ᠪᠠᠲᠤᠯᠠᠵᠤ᠂ ᠪᠣᠳᠠᠲᠤ ᠠᠵᠢᠯᠯᠠᠭ᠎ᠠ᠎ᠪᠠᠷ ᠵᠶ᠋ᠠᠨ ᠠᠵᠤ ᠠᠬᠤᠶ᠋ᠢᠯᠠᠯ ᠪᠠ ᠣᠯᠠᠨ ᠲᠦᠮᠡᠨ᠎ᠤ ᠠᠩᠬᠠᠷᠴᠤ ᠪᠠᠶ᠋ᠢᠭ᠎ᠠ ᠠᠰᠠᠭᠤᠳᠠᠯ᠎ᠳᠤ ᠬᠠᠷᠢᠭᠤᠯᠲᠠ ᠥᠭᠭᠦᠨ᠎ᠡ᠃ᠰᠦᠪᠡᠭᠴᠢ ᠴᠤᠭᠯᠠᠭᠤᠯᠬᠤ ᠴᠠᠭ᠄ 2021 ᠣᠨ᠎ᠤ 7 ᠰᠠᠷ᠎ᠠ ᠵᠢᠨ 16᠎ᠤ ᠡᠳᠦᠷ᠎ᠠᠴᠠ 8 ᠰᠠᠷ᠎ᠠ ᠵᠢᠨ 31᠎ᠤ ᠡᠳᠦᠷ ᠪᠣᠯᠲᠠᠯ᠎ᠠ᠃
      ᠲᠥᠷᠥ ᠵᠢᠨ ᠶᠠᠪᠤᠳᠠᠯ᠎ᠤᠨ ᠬᠣᠷᠢᠶᠠᠨ᠎ᠤ ᠶᠡᠬᠡ᠎ᠪᠠᠷ ᠱᠠᠯᠠᠪᠳᠠᠭᠤᠯᠤᠨ ᠪᠠᠶ᠋ᠢᠴᠠᠭ᠋ᠠᠬᠤ ᠠᠵᠢᠯ᠎ᠢ ᠬᠠᠯᠠᠮᠵᠢᠯᠠᠨ ᠳᠡᠮᠵᠢᠬᠦ ᠵᠢ ᠬᠥᠰᠡᠵᠥ ᠪᠠᠶ᠋ᠢᠨ᠎ᠠ!

            ᠲᠥᠷᠥ ᠵᠢᠨ ᠶᠠᠪᠤᠳᠠᠯ᠎ᠤᠨ ᠬᠣᠷᠢᠶᠠᠨ᠎ᠤ ᠱᠠᠯᠠᠪᠳᠠᠭᠤᠯᠤᠨ ᠪᠠᠶ᠋ᠢᠴᠠᠭ᠋ᠠᠬᠤ ᠳᠤᠭᠤᠶ᠋ᠢᠯᠠᠩ
                                      2021 ᠣᠨ᠎ᠤ 7 ᠰᠠᠷ᠎ᠠ ᠵᠢᠨ 16᠎ᠤ ᠡᠳᠦᠷ

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠣᠯᠠᠭ᠎ᠠ ᠵᠢᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠡᠮ᠎ᠤᠨ ᠵᠦᠢ᠍ᠯ᠎ᠢ ᠰᠦᠯᠵᠢᠶᠡᠨ᠎ᠳᠤ ᠭᠠᠷᠭ᠋ᠠᠬᠤ ᠬᠡᠰᠡᠭ ᠬᠢᠷᠢ ᠬᠡᠮ᠎ᠢ ᠬᠦᠴᠦᠨ ᠦᠭᠡᠢ ᠪᠣᠯᠭ᠋ᠠᠭᠰᠠᠨ ᠭᠣᠮᠣᠳᠠᠯ ᠲᠣᠭ᠋ᠠᠴᠢᠯᠲᠠ ᠵᠢ ᠰᠢᠢ᠍ᠳᠪᠦᠷᠢᠯᠡᠭᠰᠡᠨ ᠦᠷ᠎ᠡ ᠳ᠋ᠦᠩ᠎ᠢ ᠨᠡᠶ᠋ᠢᠲᠡᠯᠡᠬᠦ ᠲᠤᠬᠠᠶ ᠮᠡᠳᠡᠭᠳᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠤᠲᠠᠭᠳᠠᠵᠤ ᠪᠠᠶ᠋ᠢᠭ᠎ᠠ ᠡᠮ᠎ᠤᠨ ᠵᠦᠢ᠍ᠯ᠎ᠢ ᠬᠢᠨᠠᠨ ᠬᠠᠷᠭᠤᠭᠤᠯᠤᠭᠰᠠᠨ ᠦᠷ᠎ᠡ ᠳ᠋ᠦᠩ᠎ᠤᠨ ᠲᠤᠬᠠᠢ ᠨᠡᠢ᠌ᠳᠡᠯᠡᠯ
ᠲᠢᠲᠢᠮ ᠰᠤᠳᠠᠯ᠎ᠤᠨ ᠬᠥᠲᠥᠯᠦᠮᠵᠢ ᠰᠢᠷᠬᠡᠭ᠎ᠤᠨ ᠲᠥᠪᠯᠡᠷᠡᠩᠭᠦᠶ ᠬᠡᠮᠵᠢᠶ᠎ᠡ᠎ᠪᠠᠷ ᠬᠤᠳᠠᠯᠳᠤᠨ ᠠᠪᠬᠤ ᠳᠤᠮᠳᠠᠬᠢ ᠰᠣᠩᠭᠣᠯᠲᠠ ᠵᠢᠨ ᠦᠷ᠎ᠡ ᠳ᠋ᠦᠩ᠎ᠤᠨ ᠲᠤᠬᠠᠶ ᠮᠤᠵᠢ ᠵᠢᠨ ᠬᠣᠭᠣᠷᠣᠨᠳᠣᠬᠢ ᠬᠤᠯᠪᠤᠭ᠎ᠠ ᠵᠢᠨ ᠬᠤᠳᠠᠯᠳᠤᠨ ᠠᠪᠬᠤ ᠠᠯᠪᠠᠨ ᠭᠡᠷ᠎ᠤᠨ ᠠᠯᠪᠠᠨ ᠵᠠᠷ
ᠪᠤᠭᠤᠲᠤ ᠬᠣᠲᠠ ᠵᠢᠨ 2021 ᠣᠨ᠎ᠤ ᠡᠮ᠎ᠤᠨ ᠵᠦᠢ᠍ᠯ᠎ᠢ ᠲᠥᠪᠯᠡᠷᠡᠭᠦᠯᠦᠨ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠨᠡᠷ᠎ᠡ ᠮᠡᠳᠡᠭᠦᠯᠵᠦ ᠬᠠᠷᠭᠤᠭᠤᠯᠤᠨ ᠪᠠᠶ᠋ᠢᠴᠠᠭ᠋ᠠᠭᠰᠠᠨ ᠦᠷ᠎ᠡ ᠳ᠋ᠦᠩ᠎ᠢ ᠵᠠᠷᠯᠠᠨ ᠨᠡᠶ᠋ᠢᠲᠡᠯᠡᠬᠦ ᠲᠤᠬᠠᠶ ᠮᠡᠳᠡᠭᠳᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠰᠦᠯᠵᠢᠶᠡᠨ᠎ᠳᠤ ᠬᠤᠯᠪᠤᠬᠤ ᠦᠢ᠍ᠯᠡᠳᠭᠦᠨ (ᠭᠤᠷᠪᠠᠳᠤᠭ᠋ᠠᠷ ᠪᠦᠯᠦᠭ)᠎ᠢ ᠢᠯᠡ ᠨᠡᠶ᠋ᠢᠲᠡᠯᠡᠬᠦ ᠲᠤᠬᠠᠶ ᠮᠡᠳᠡᠭᠳᠡᠯ
 
            