ᠥᠪᠥᠷ ᠡᠮ ᠬᠤᠳᠠᠯᠳᠤᠨ ᠠᠪᠬᠤ ᠲᠥᠪ ᠦᠰᠦᠭ [2021] 142 ᠳ᠋ᠤᠭ᠋ᠠᠷ ᠲᠣᠭ᠋ᠠᠲᠤ
ᠡᠯ᠎ᠡ ᠬᠠᠮᠢᠶ᠎ᠠ ᠪᠥᠬᠥᠶ ᠨᠢᠭᠡᠴᠢ᠄
《ᠳᠤᠲᠠᠭᠳᠠᠵᠤ ᠪᠠᠶ᠋ᠢᠭ᠎ᠠ ᠡᠮ᠎ᠤᠨ ᠵᠦᠢ᠍ᠯ᠎ᠢ ᠰᠦᠯᠵᠢᠶᠡᠨ᠎ᠳᠤ ᠬᠣᠯᠪᠣᠬᠤ ᠠᠵᠢᠯ᠎ᠢ ᠰᠠᠶ᠋ᠢᠲᠤᠷ ᠬᠢᠬᠦ ᠲᠤᠬᠠᠶ ᠮᠡᠳᠡᠭᠳᠡᠯ》 (ᠥᠪᠥᠷ ᠡᠮ ᠬᠤᠳᠠᠯᠳᠤᠨ ᠠᠪᠬᠤ ᠲᠥᠪ ᠥᠰᠥᠭ [2021] 107 ᠳ᠋ᠤᠭ᠋ᠠᠷ ᠲᠣᠭ᠋ᠠᠲᠤ)᠎ᠤᠨ ᠬᠠᠮᠢᠶ᠎ᠠ ᠪᠥᠬᠥᠶ ᠱᠠᠭ᠋ᠠᠷᠳᠠᠯᠭ᠎ᠠ ᠵᠢ ᠦᠨᠳᠦᠰᠦᠯᠡᠨ᠂ ᠡᠳᠦᠭᠡ 2021 ᠣᠨ᠎ᠤ 6 ᠳ᠋ᠤᠭ᠋ᠠᠷ ᠰᠠᠷ᠎ᠠ ᠵᠢᠨ 15᠎ᠤ ᠡᠳᠦᠷ᠎ᠠᠴᠠ 7 ᠳ᠋ᠤᠭ᠋ᠠᠷ ᠰᠠᠷ᠎ᠠ ᠵᠢᠨ 31᠎ᠤ ᠡᠳᠦᠷ ᠪᠣᠯᠲᠠᠯ᠎ᠠ ᠮᠡᠳᠡᠭᠦᠯᠦᠭᠰᠡᠨ ᠳᠤᠲᠠᠭᠳᠠᠵᠤ ᠪᠠᠶ᠋ᠢᠭ᠎ᠠ ᠡᠮ᠎ᠤᠨ ᠵᠦᠢ᠍ᠯ᠎ᠤᠨ ᠮᠡᠳᠡᠭᠡ ᠵᠠᠩᠭᠢ ᠵᠢ ᠬᠢᠨᠠᠨ ᠬᠠᠷᠭᠤᠭᠤᠯᠤᠭᠰᠠᠨ ᠦᠷ᠎ᠡ ᠳ᠋ᠦᠩ᠎ᠢ ᠨᠡᠶ᠋ᠢᠲᠡᠯᠡᠬᠦ ᠵᠢᠨ ᠬᠠᠮᠲᠤ ᠬᠠᠮᠢᠶ᠎ᠠ ᠪᠥᠬᠥᠶ ᠤᠴᠢᠷ᠎ᠢ ᠳᠣᠤᠷᠠᠬᠢ ᠮᠡᠲᠦ ᠮᠡᠳᠡᠭᠳᠡᠶ᠎ᠡ᠃
ᠨᠢᠭᠡ᠂ ᠬᠤᠳᠠᠯᠳᠤᠨ ᠠᠪᠴᠤ ᠬᠠᠩᠭ᠋ᠠᠬᠤ
ᠦᠷ᠎ᠡ ᠳ᠋ᠦᠩ᠎ᠢ ᠨᠡᠶ᠋ᠢᠲᠡᠯᠡᠭᠰᠡᠨ᠎ᠤ ᠳᠠᠷᠠᠭ᠎ᠠ᠂ ᠬᠢᠨᠠᠨ ᠬᠠᠷᠭᠤᠭᠤᠯᠤᠭ᠋ᠠᠳ ᠡᠮ᠎ᠤᠨ ᠵᠦᠢ᠍ᠯ᠎ᠢ ᠡᠮ᠎ᠤᠨ ᠵᠦᠢ᠍ᠯ ᠬᠤᠳᠠᠯᠳᠤᠨ ᠠᠪᠬᠤ ᠰᠢᠰᠲ᠋ᠧᠮ᠎ᠳᠤ ᠣᠷᠣᠭᠤᠯᠵᠤ᠂ ᠡᠯ᠎ᠡ ᠨᠢᠭᠡᠴᠢ᠎ᠨᠦᠭᠦᠳ ᠬᠠᠮᠢᠶ᠎ᠠ ᠪᠥᠬᠥᠶ ᠱᠠᠭ᠋ᠠᠷᠳᠠᠯᠭ᠎ᠠ ᠶᠣᠰᠣᠭ᠋ᠠᠷ ᠡᠮ᠎ᠤᠨ ᠵᠦᠢ᠍ᠯ ᠬᠤᠳᠠᠯᠳᠤᠨ ᠠᠪᠬᠤ ᠪᠠ ᠳᠣᠭᠢᠷᠠᠭᠤᠯᠤᠨ ᠬᠦᠷᠭᠡᠬᠦ ᠠᠵᠢᠯ᠎ᠢ ᠥᠷᠨᠢᠭᠦᠯᠵᠦ᠂ ᠡᠮᠴᠢᠯᠡᠭᠡᠨ᠎ᠳᠤ ᠬᠡᠷᠡᠭᠯᠡᠬᠦ ᠬᠡᠷᠡᠭᠴᠡᠭᠡ ᠱᠠᠭ᠋ᠠᠷᠳᠠᠯᠭ᠎ᠠ ᠵᠢ ᠪᠠᠲᠤᠯᠠᠬᠤ ᠬᠡᠷᠡᠭᠲᠡᠶ᠃
ᠬᠣᠶᠠᠷ᠂ ᠭᠦᠢ᠍ᠴᠡᠳᠭᠡᠬᠦ ᠴᠠᠭ
2021 ᠣᠨ᠎ᠤ 8 ᠳ᠋ᠤᠭ᠋ᠠᠷ ᠰᠠᠷ᠎ᠠ ᠵᠢᠨ 3᠎ᠤ ᠡᠳᠦᠷ
ᠭᠤᠷᠪᠠ᠂ ᠪᠤᠰᠤᠳ ᠵᠦᠢ᠍ᠯ
(ᠨᠢᠭᠡ) ᠬᠡᠷᠪᠡ ᠬᠣᠯᠪᠣᠭᠳᠠᠯ ᠪᠥᠬᠥᠶ ᠠᠵᠤ ᠠᠬᠤᠶ᠋ᠢᠯᠠᠯ᠎ᠨᠢ ᠬᠢᠨᠠᠨ ᠬᠠᠷᠭᠤᠭᠤᠯᠤᠭᠰᠠᠨ ᠦᠷ᠎ᠡ ᠳ᠋ᠦᠩ᠎ᠳᠤ ᠣᠨᠳᠣᠤ ᠰᠠᠨᠠᠯ᠎ᠲᠠᠢ ᠪᠠᠶ᠋ᠢᠪᠠᠯ᠂ 《ᠬᠡᠨ ᠰᠠᠨᠠᠯ᠎ᠲᠠᠢ ᠪᠣᠯ ᠲᠡᠷᠡ ᠭᠡᠷᠡᠴᠢ ᠳᠤᠷᠠᠳᠬᠤ》 ᠵᠠᠷᠴᠢᠮ᠎ᠤᠨ ᠶᠣᠰᠣᠭ᠋ᠠᠷ᠂ ᠦᠨᠡᠨ ᠪᠣᠳᠠᠲᠠᠶ ᠬᠦᠴᠦᠨ᠎ᠲᠠᠢ᠂ ᠪᠦᠷᠢᠨ ᠭᠦᠢ᠍ᠴᠡᠳ ᠭᠡᠷᠡᠴᠢᠯᠡᠬᠦ ᠮᠠᠲ᠋ᠧᠷᠢᠶᠠᠯ᠎ᠢ ᠬᠠᠩᠭ᠋ᠠᠵᠤ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠬᠤᠳᠠᠯᠳᠤᠨ ᠠᠪᠬᠤ ᠲᠥᠪ᠎ᠲᠤ ᠪᠢᠴᠢᠭ᠎ᠤᠨ ᠬᠡᠯᠪᠡᠷᠢ᠎ᠪᠠᠷ ᠵᠠᠭ᠋ᠠᠯᠳᠤᠬᠤ (ᠣᠷᠣᠭᠤᠯᠬᠤ) ᠮᠠᠲ᠋ᠧᠷᠢᠶᠠᠯ ᠵᠶ᠋ᠠᠨ ᠲᠤᠰᠢᠶᠠᠨ᠎ᠠ᠃
(ᠬᠣᠶᠠᠷ) ᠠᠵᠤ ᠠᠬᠤᠶ᠋ᠢᠯᠠᠯ᠎ᠤᠨ ᠭᠤᠶᠤᠴᠢᠯᠠᠨ ᠮᠡᠳᠡᠭᠦᠯᠬᠦ (ᠪᠠᠯᠠ ᠣᠷᠣᠭᠤᠯᠬᠤ) ᠵᠠᠭ᠋ᠠᠯᠳᠤᠯᠭ᠎ᠠ ᠵᠢᠨ ᠮᠠᠲ᠋ᠧᠷᠢᠶᠠᠯ᠎ᠳᠤ᠄
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢ᠍ᠯ᠎ᠤᠨ ᠪᠠᠭ᠋ᠠᠵᠢ ᠬᠡᠷᠡᠭᠰᠡᠯ᠎ᠢ ᠲᠥᠪᠯᠡᠷᠡᠭᠦᠯᠦᠨ ᠬᠤᠳᠠᠯᠳᠤᠨ ᠠᠪᠬᠤ ᠲᠤᠬᠠᠶ᠋ᠢᠯᠠᠭᠰᠠᠨ ᠠᠵᠢᠯ᠎ᠢ ᠭᠥᠯᠢᠶᠡᠨ ᠠᠪᠴᠤ ᠰᠢᠢ᠍ᠳᠪᠦᠷᠢᠯᠡᠬᠦ ᠬᠦᠰᠦᠨᠦᠭᠲᠦ》 (ᠳᠠᠭ᠋ᠠᠯᠳᠤᠭᠤᠯᠤᠯ 1)᠂ 《ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠵᠢᠨ ᠡᠷᠬᠡ ᠣᠯᠭᠣᠬᠤ ᠪᠢᠴᠢᠭ》 (ᠳᠠᠭ᠋ᠠᠯᠳᠤᠭᠤᠯᠤᠯ 2)᠂ 《ᠪᠠᠶ᠋ᠢᠳᠠᠯ᠎ᠤᠨ ᠲᠣᠳᠣᠷᠬᠠᠶ᠋ᠢᠯᠠᠯᠲᠠ》 ᠪᠣᠯᠤᠨ ᠬᠠᠮᠢᠶ᠎ᠠ ᠪᠥᠬᠥᠶ ᠲᠣᠳᠣᠷᠬᠠᠶ ᠪᠥᠭᠡᠳ ᠬᠦᠴᠦᠨ᠎ᠲᠠᠢ ᠭᠡᠷᠡᠴᠢᠯᠡᠬᠦ ᠮᠠᠲ᠋ᠧᠷᠢᠶᠠᠯ ᠪᠠᠭᠲᠠᠨ᠎ᠠ᠃
(ᠭᠤᠷᠪᠠ) ᠲᠤᠰᠢᠶᠠᠬᠤ ᠠᠷᠭ᠎ᠠ ᠮᠠᠶᠢᠭ᠄ ᠬᠠᠮᠢᠶ᠎ᠠ ᠪᠥᠬᠥᠶ ᠡᠮ᠎ᠤᠨ ᠵᠦᠢ᠍ᠯ᠎ᠤᠨ ᠦᠢ᠍ᠯᠡᠳᠪᠦᠷᠢᠯᠡᠯ᠎ᠤᠨ ᠠᠵᠤ ᠠᠬᠤᠶ᠋ᠢᠯᠠᠯ᠎ᠨᠢ 《ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠬᠤᠭᠤᠴᠠᠭ᠋ᠠᠨ᠎ᠳᠤ ᠲᠤᠬᠠᠶ᠋ᠢᠯᠠᠭᠰᠠᠨ ᠠᠵᠢᠯ᠎ᠤᠨ ᠭᠥᠯᠢᠶᠡᠨ ᠠᠪᠴᠤ ᠰᠢᠢ᠍ᠳᠪᠦᠷᠢᠯᠡᠬᠦ ᠠᠷᠭ᠎ᠠ ᠮᠠᠶᠢᠭ᠎ᠲᠤ ᠲᠣᠬᠢᠷᠠᠭᠤᠯᠤᠯᠲᠠ ᠬᠢᠬᠦ ᠲᠤᠬᠠᠶ ᠮᠡᠳᠡᠭᠳᠡᠯ》 (ᠦᠪᠦᠷ ᠡᠮ ᠬᠤᠳᠠᠯᠳᠤᠨ ᠠᠪᠬᠤ ᠲᠥᠪ ᠥᠰᠥᠭ [2020] 13 ᠳ᠋ᠤᠭ᠋ᠠᠷ ᠲᠣᠭ᠋ᠠᠲᠤ)᠎ᠤᠨ ᠲᠣᠭᠲᠠᠭ᠋ᠠᠯ ᠶᠣᠰᠣᠭ᠋ᠠᠷ᠂ ᠨᠢᠭᠡᠴᠢ ᠵᠢᠨ ᠠᠯᠪᠠᠨ ᠲᠠᠮᠠᠭ᠎ᠠ ᠵᠢ ᠳᠠᠷᠤᠵᠤ ᠭᠤᠶᠤᠴᠢᠯᠠᠬᠤ (ᠥᠭᠬᠦ) ᠵᠠᠭ᠋ᠠᠯᠳᠤᠯᠭ᠎ᠠ ᠵᠢᠨ ᠮᠠᠲ᠋ᠧᠷᠢᠶᠠᠯ᠎ᠢ ᠵᠢᠭ᠋ᠠᠨ ᠲᠣᠭᠲᠠᠭ᠋ᠠᠭᠰᠠᠨ ᠰᠢᠤᠳᠠᠨ᠎ᠤ ᠬᠠᠶ᠋ᠢᠷᠴᠠᠭ (nmgyczxywsl@163.com)᠎ᠲᠤ ᠬᠦᠷᠭᠡᠨ᠎ᠡ᠃
ᠳᠥᠷᠪᠡ᠂ ᠬᠠᠷᠢᠯᠴᠠᠬᠤ ᠠᠷᠭ᠎ᠠ ᠮᠠᠶᠢᠭ
0471 — 4919735 (ᠮᠠᠲ᠋ᠧᠷᠢᠶᠠᠯ᠎ᠢ ᠬᠦᠯᠢᠶᠡᠨ ᠠᠪᠴᠤ ᠰᠢᠢ᠍ᠳᠪᠦᠷᠢᠯᠡᠬᠦ)
0471 — 4930630 (ᠲᠤᠬᠠᠶ᠋ᠢᠯᠠᠭᠰᠠᠨ ᠠᠵᠢᠯ᠎ᠤᠨ ᠯᠠᠪᠯᠠᠯᠭ᠎ᠠ)
ᠳᠠᠭ᠋ᠠᠯᠳᠤᠭᠤᠯᠤᠯ᠄
1᠂ ᠳᠤᠲᠠᠭᠳᠠᠵᠤ ᠪᠠᠶ᠋ᠢᠭ᠎ᠠ ᠡᠮ᠎ᠤᠨ ᠵᠦᠢ᠍ᠯ᠎ᠢ ᠬᠢᠨᠠᠨ ᠬᠠᠷᠭᠤᠭᠤᠯᠬᠤ ᠬᠦᠰᠦᠨᠦᠭᠲᠦ
2᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢ᠍ᠯ᠎ᠤᠨ ᠪᠠᠭ᠋ᠠᠵᠢ ᠬᠡᠷᠡᠭᠰᠡᠯ᠎ᠢ ᠲᠥᠪᠯᠡᠷᠡᠭᠦᠯᠦᠨ ᠬᠤᠳᠠᠯᠳᠤᠨ ᠠᠪᠬᠤ ᠲᠤᠬᠠᠶ᠋ᠢᠯᠠᠭᠰᠠᠨ ᠠᠵᠢᠯ᠎ᠢ ᠭᠥᠯᠢᠶᠡᠨ ᠠᠪᠴᠤ ᠰᠢᠢ᠍ᠳᠪᠦᠷᠢᠯᠡᠬᠦ ᠬᠦᠰᠦᠨᠦᠭᠲᠦ
3᠂ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠵᠢᠨ ᠡᠷᠬᠡ ᠣᠯᠭᠣᠬᠤ ᠪᠢᠴᠢᠭ
ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠵᠢᠨ ᠬᠤᠳᠠᠯᠳᠤᠨ ᠠᠪᠬᠤ ᠲᠥᠪ
2021 ᠣᠨ᠎ᠤ 8 ᠳ᠋ᠤᠭ᠋ᠠᠷ ᠰᠠᠷ᠎ᠠ ᠵᠢᠨ 3᠎ᠤ ᠡᠳᠦᠷ