ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠪᠢᠴᠢᠭ ᠮᠠᠲ᠋ᠧᠷᠢᠶᠠᠯ
ᠪᠤᠭᠤᠲᠤ ᠬᠣᠲᠠ ᠵᠢᠨ 2021 ᠣᠨ᠎ᠤ ᠡᠮ᠎ᠤᠨ ᠵᠦᠢ᠍ᠯ᠎ᠢ ᠲᠥᠪᠯᠡᠷᠡᠭᠦᠯᠦᠨ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠨᠡᠷ᠎ᠡ ᠮᠡᠳᠡᠭᠦᠯᠵᠦ ᠬᠠᠷᠭᠤᠭᠤᠯᠤᠨ ᠪᠠᠶ᠋ᠢᠴᠠᠭ᠋ᠠᠭᠰᠠᠨ ᠦᠷ᠎ᠡ ᠳ᠋ᠦᠩ᠎ᠢ ᠵᠠᠷᠯᠠᠨ ᠨᠡᠶ᠋ᠢᠲᠡᠯᠡᠬᠦ ᠲᠤᠬᠠᠶ ᠮᠡᠳᠡᠭᠳᠡᠯ
ᠨᠡᠶ᠋ᠢᠲᠡᠯᠡᠭᠰᠡᠨ ᠴᠠᠭ᠄ 2021-08-06

                    ᠪᠤᠭᠤᠲᠤ ᠡᠮ ᠬᠤᠳᠠᠯᠳᠤᠨ ᠲᠠᠷᠬᠠᠭ᠋ᠠᠭᠰᠠᠨ [2021] 17 ᠳ᠋ᠤᠭ᠋ᠠᠷ ᠲᠣᠭ᠋ᠠᠲᠤ

ᠡᠯ᠎ᠡ ᠡᠮ᠎ᠤᠨ ᠵᠦᠢ᠍ᠯ᠎ᠢ ᠡᠵᠡᠩᠨᠡᠬᠦ ᠠᠵᠤ ᠠᠬᠤᠶ᠋ᠢᠯᠠᠯ᠎ᠳᠤ᠄
      ᠪᠤᠭᠤᠲᠤ ᠬᠣᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ 《ᠪᠥᠬᠥ ᠬᠣᠲᠠ ᠵᠢᠨ 2021 ᠣᠨ᠎ᠤ ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ ᠵᠢᠴᠢ ᠪᠡᠶ᠎ᠡ ᠵᠢᠨ ᠭᠠᠳᠠᠨᠠᠬᠢ ᠣᠨᠣᠰᠢᠯᠠᠯᠲᠠ ᠵᠢᠨ ᠤᠷᠪᠠᠯᠵᠢ ᠵᠢ ᠢᠯᠡ᠎ᠪᠠᠷ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠨᠡᠷ᠎ᠡ ᠮᠡᠳᠡᠭᠦᠯᠬᠦ ᠠᠵᠢᠯ᠎ᠢ ᠥᠷᠨᠢᠭᠦᠯᠬᠦ ᠲᠤᠬᠠᠶ ᠮᠡᠳᠡᠭᠳᠡᠯ》 ᠪᠠ 《2021 ᠣᠨ᠎ᠤ ᠪᠤᠭᠤᠲᠤ ᠬᠣᠲᠠ ᠵᠢᠨ ᠡᠮ᠎ᠤᠨ ᠵᠦᠢ᠍ᠯ᠎ᠢ ᠲᠥᠪᠯᠡᠷᠡᠭᠦᠯᠦᠨ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠨᠡᠷ᠎ᠡ ᠮᠡᠳᠡᠭᠦᠯᠬᠦ ᠠᠵᠢᠯ᠎ᠢ ᠥᠷᠨᠢᠭᠦᠯᠬᠦ ᠲᠤᠬᠠᠶ ᠮᠡᠳᠡᠭᠳᠡᠯ》᠎ᠤᠨ ᠪᠢᠴᠢᠭ ᠮᠠᠲ᠋ᠧᠷᠢᠶᠠᠯ᠎ᠤᠨ ᠬᠣᠯᠪᠣᠭᠳᠠᠯ ᠪᠥᠬᠥᠶ ᠲᠣᠭᠲᠠᠭ᠋ᠠᠯ ᠶᠣᠰᠣᠭ᠋ᠠᠷ᠂ ᠮᠠᠨ᠎ᠤ ᠬᠣᠲᠠ ᠵᠢᠨ 2021 ᠣᠨ᠎ᠤ ᠡᠮ᠎ᠤᠨ ᠵᠦᠢ᠍ᠯ᠎ᠢ ᠲᠥᠪᠯᠡᠷᠡᠭᠦᠯᠦᠨ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠨᠡᠷ᠎ᠡ ᠮᠡᠳᠡᠭᠦᠯᠦᠭᠰᠡᠨ ᠮᠠᠲ᠋ᠧᠷᠢᠶᠠᠯ᠎ᠢ ᠬᠠᠷᠭᠤᠭᠤᠯᠤᠨ ᠪᠠᠶ᠋ᠢᠴᠠᠭ᠋ᠠᠵᠤ᠂ ᠡᠳᠦᠭᠡ ᠦᠷ᠎ᠡ ᠳ᠋ᠦᠩ᠎ᠢ ᠵᠠᠷᠯᠠᠨ ᠨᠡᠶ᠋ᠢᠲᠡᠯᠡᠬᠦ ᠵᠢᠨ ᠬᠠᠮᠲᠤ ᠬᠣᠯᠪᠣᠭᠳᠠᠯ ᠪᠥᠬᠥᠶ ᠤᠴᠢᠷ᠎ᠢ ᠳᠣᠤᠷᠠᠬᠢ ᠮᠡᠲᠦ ᠮᠡᠳᠡᠭᠳᠡᠶ᠎ᠡ᠄
      ᠨᠢᠭᠡ᠂ ᠢᠯᠡ ᠨᠡᠶ᠋ᠢᠲᠡᠯᠡᠬᠦ ᠠᠭᠤᠯᠭ᠎ᠠ
     2021 ᠣᠨ᠎ᠤ ᠪᠤᠭᠤᠲᠤ ᠬᠣᠲᠠ ᠵᠢᠨ ᠡᠮ᠎ᠤᠨ ᠵᠦᠢ᠍ᠯ᠎ᠢ ᠲᠥᠪᠯᠡᠷᠡᠭᠦᠯᠦᠨ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠨᠡᠷ᠎ᠡ ᠮᠡᠳᠡᠭᠦᠯᠵᠦ ᠬᠠᠷᠭᠤᠭᠤᠯᠤᠨ ᠪᠠᠶ᠋ᠢᠴᠠᠭ᠋ᠠᠭᠰᠠᠨ ᠪᠠᠶ᠋ᠢᠳᠠᠯ᠎ᠤᠨ ᠬᠦᠰᠦᠨᠦᠭᠲᠦ (ᠳᠠᠭ᠋ᠠᠯᠳᠤᠭᠤᠯᠤᠯ 1 ᠵᠢ ᠦᠵᠡ)
      ᠬᠣᠶᠠᠷ᠂ ᠢᠯᠡ ᠨᠡᠶ᠋ᠢᠲᠡᠯᠡᠬᠦ ᠴᠠᠭ
     2021 ᠣᠨ᠎ᠤ 8 ᠰᠠᠷ᠎ᠠ ᠵᠢᠨ 2᠎ᠤᠨ ᠡᠳᠦᠷ᠎ᠠᠴᠠ 2021 ᠣᠨ᠎ᠤ 8 ᠰᠠᠷ᠎ᠠ ᠵᠢᠨ 6᠎ᠤ ᠡᠳᠦᠷ ᠪᠤᠯᠲᠠᠯ᠎ᠠ
      ᠭᠤᠷᠪᠠ᠂ ᠪᠤᠰᠤᠳ ᠱᠠᠭ᠋ᠠᠷᠳᠠᠯᠭ᠎ᠠ
     1. ᠠᠵᠤ ᠠᠬᠤᠶ᠋ᠢᠯᠠᠯ ᠬᠡᠷᠪᠡ ᠢᠯᠡ ᠨᠡᠶ᠋ᠢᠲᠡᠯᠡᠬᠦ ᠠᠭᠤᠯᠭ᠎ᠠ᠎ᠳᠠᠬᠢ ᠬᠠᠷᠭᠤᠭᠤᠯᠤᠨ ᠪᠠᠶ᠋ᠢᠴᠠᠭ᠋ᠠᠭᠰᠠᠨ ᠦᠷ᠎ᠡ ᠳ᠋ᠦᠩ᠎ᠳᠤ ᠣᠨᠳᠣᠤ ᠰᠠᠨᠠᠯ᠎ᠲᠠᠢ ᠪᠠᠶ᠋ᠢᠪᠠᠯ᠂ 《ᠬᠡᠨ ᠰᠠᠨᠠᠯ᠎ᠲᠠᠢ ᠪᠣᠯ ᠬᠡᠨ ᠭᠡᠷᠡᠴᠢ ᠳᠤᠷᠠᠳᠬᠤ》 ᠵᠠᠷᠴᠢᠮ᠎ᠤᠨ ᠶᠣᠰᠣᠭ᠋ᠠᠷ᠂ ᠡᠷᠬᠡᠪᠰᠢ ᠲᠣᠭᠲᠠᠭᠰᠠᠨ ᠴᠠᠭ᠎ᠤᠨ ᠳᠣᠲᠣᠷ᠎ᠠ ᠦᠨᠡᠨ ᠪᠣᠳᠠᠲᠠᠶ ᠬᠦᠴᠦᠨ᠎ᠲᠠᠢ᠂ ᠪᠦᠷᠢᠨ ᠭᠦᠢ᠍ᠴᠡᠳ ᠭᠡᠷᠡᠴᠢᠯᠡᠬᠦ ᠮᠠᠲ᠋ᠧᠷᠢᠶᠠᠯ᠎ᠢ ᠬᠠᠩᠭ᠋ᠠᠵᠤ᠂ ᠭᠣᠮᠣᠳᠠᠯ ᠲᠣᠭ᠋ᠠᠴᠢᠭᠰᠠᠨ ᠮᠠᠲ᠋ᠧᠷᠢᠶᠠᠯ ᠵᠢᠴᠢ ᠬᠠᠮᠢᠶ᠎ᠠ ᠪᠥᠬᠥᠶ ᠭᠡᠷᠡᠴᠢ᠎ᠳᠤ ᠨᠢᠭᠡᠴᠢ ᠵᠢᠨ ᠠᠯᠪᠠᠨ ᠲᠠᠮᠠᠭ᠎ᠠ ᠳᠠᠷᠤᠭᠰᠠᠨ᠎ᠤ ᠳᠠᠷᠠᠭ᠎ᠠ᠂ ᠡᠷᠬᠡ ᠣᠯᠤᠭᠰᠠᠨ ᠬᠥᠮᠦᠨ᠎ᠠᠴᠠ ᠪᠤᠭᠤᠲᠤ ᠬᠣᠲᠠ ᠵᠢᠨ ᠡᠮ ᠡᠮᠨᠡᠯᠭᠡ ᠵᠢᠨ ᠬᠤᠳᠠᠯᠳᠤᠨ ᠠᠪᠬᠤ ᠦᠢ᠍ᠯᠡᠴᠢᠯᠡᠭᠡᠨ᠎ᠤ ᠲᠥᠪ᠎ᠲᠤ ᠲᠤᠰᠢᠶᠠᠵᠤ᠂ ᠹᠠᠺᠰ ᠪᠤᠶᠤ ᠰᠢᠤᠳᠠᠨ ᠵᠶ᠋ᠠᠷ ᠢᠯᠡᠭᠡᠬᠦ ᠠᠷᠭ᠎ᠠ ᠮᠠᠶᠢᠭ ᠵᠶ᠋ᠠᠷ ᠭᠥᠯᠢᠶᠡᠨ ᠠᠪᠴᠤ ᠰᠢᠢ᠍ᠳᠪᠦᠷᠢᠯᠡᠬᠦ ᠥᠬᠡᠶ᠃ ᠬᠤᠭᠤᠴᠠᠭ᠎ᠠ᠎ᠠᠴᠠ ᠬᠡᠲᠦᠷᠡᠭᠰᠡᠨ ᠪᠤᠶᠤ ᠲᠣᠭᠲᠠᠭ᠋ᠠᠯ ᠶᠣᠰᠣᠭ᠋ᠠᠷ ᠭᠣᠮᠣᠳᠠᠯ ᠲᠣᠭ᠋ᠠᠴᠢᠭᠰᠠᠨ ᠮᠠᠲ᠋ᠧᠷᠢᠶᠠᠯ ᠵᠶ᠋ᠠᠨ ᠲᠤᠰᠢᠶᠠᠭᠰᠠᠨ ᠦᠭᠡᠶ ᠪᠠᠶ᠋ᠢᠪᠠᠯ ᠬᠦᠯᠢᠶᠡᠨ ᠠᠪᠴᠤ ᠰᠢᠢ᠍ᠳᠪᠦᠷᠢᠯᠡᠬᠦ ᠦᠭᠡᠶ᠃
     2. ᠭᠥᠯᠢᠶᠡᠨ ᠠᠪᠴᠤ ᠰᠢᠢ᠍ᠳᠪᠦᠷᠢᠯᠡᠬᠦ ᠴᠠᠭ᠄ ᠵᠠᠷᠯᠠᠨ ᠨᠡᠶ᠋ᠢᠲᠡᠯᠡᠬᠦ ᠬᠤᠭᠤᠴᠠᠭ᠋ᠠᠨ᠎ᠳᠠᠬᠢ ᠠᠵᠢᠯ᠎ᠤᠨ ᠡᠳᠦᠷ᠎ᠤᠨ ᠦᠳᠡ ᠵᠢᠨ ᠡᠮᠦᠨᠡᠬᠢ 9᠄ 00 — 12᠄ 00; ᠦᠳᠡ ᠵᠢᠨ ᠬᠣᠶ᠋ᠢᠨᠠᠬᠢ 14᠄ 00 — 17᠄ 00᠃
      ᠭᠥᠯᠢᠶᠡᠨ ᠠᠪᠴᠤ ᠰᠢᠢ᠍ᠳᠪᠦᠷᠢᠯᠡᠬᠦ ᠬᠠᠶᠢᠭ᠄ ᠪᠤᠭᠤᠲᠤ ᠬᠣᠲᠠ ᠵᠢᠨ ᠵᠢᠦ ᠶᠤᠸᠠᠨ ᠲᠣᠭᠣᠷᠢᠭ᠎ᠤᠨ ᠪᠥᠲᠥᠭᠡᠨ ᠪᠠᠶ᠋ᠢᠭᠤᠯᠤᠯᠲᠠ ᠵᠢᠨ ᠬᠤᠸᠠᠨᠠᠨ ᠵᠠᠮ᠎ᠤᠨ ᠬᠣᠲᠠ ᠵᠢᠨ ᠶᠠᠪᠤᠳᠠᠯ᠎ᠤᠨ ᠶᠡᠬᠡ ᠲᠢᠩᠬᠢᠮ᠎ᠤᠨ ᠪᠠᠷᠠᠭᠤᠨ ᠳᠡᠳ᠋ ᠠᠰᠠᠷ᠎ᠤᠨ 416 ᠥᠷᠥᠭᠡ᠃
      ᠬᠦᠯᠢᠶᠡᠨ ᠠᠪᠴᠤ ᠰᠢᠢ᠍ᠳᠪᠦᠷᠢᠯᠡᠬᠦ ᠰᠠᠯᠠᠭ᠎ᠠ ᠮᠥᠴᠢᠷ᠄ ᠪᠤᠭᠤᠲᠤ ᠬᠣᠲᠠ ᠵᠢᠨ ᠡᠮ ᠡᠮᠨᠡᠯᠭᠡ ᠵᠢᠨ ᠬᠤᠳᠠᠯᠳᠤᠨ ᠠᠪᠬᠤ ᠦᠢ᠍ᠯᠡᠴᠢᠯᠡᠭᠡᠨ᠎ᠤ ᠲᠥᠪ 0472-6185843
    ᠰᠠᠬᠢᠯᠭ᠎ᠠ ᠪᠠᠲᠤ ᠵᠢᠨ ᠵᠠᠭ᠋ᠠᠯᠳᠤᠯᠭ᠎ᠠ᠄ ᠪᠤᠭᠤᠲᠤ ᠬᠣᠲᠠ ᠵᠢᠨ ᠡᠮ ᠡᠮᠨᠡᠯᠭᠡ ᠵᠢᠨ ᠪᠠᠲᠤᠯᠠᠭ᠎ᠠ ᠵᠢᠨ ᠲᠣᠪᠴᠢᠶ᠎ᠠ 0472 — 6169376
    3. ᠭᠣᠮᠣᠳᠠᠯ ᠲᠣᠭ᠋ᠠᠴᠢᠬᠤ (ᠪᠠᠯᠠ ᠣᠷᠣᠭᠤᠯᠤᠯᠲᠠ) ᠮᠠᠲ᠋ᠧᠷᠢᠶᠠᠯ᠎ᠳᠤ᠄ ᠪᠤᠭᠤᠲᠤ ᠬᠣᠲᠠ ᠵᠢᠨ ᠡᠮ᠎ᠤᠨ ᠵᠦᠢ᠍ᠯ᠎ᠢ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠭᠣᠮᠣᠳᠠᠯ ᠲᠣᠭ᠋ᠠᠴᠢᠬᠤ (ᠪᠠᠯᠠ ᠣᠷᠣᠭᠤᠯᠤᠯᠲᠠ) ᠵᠠᠭ᠋ᠠᠯᠳᠤᠯᠭ᠎ᠠ ᠵᠢᠨ ᠲᠤᠬᠠᠶ᠋ᠢᠯᠠᠭᠰᠠᠨ ᠠᠵᠢᠯ᠎ᠢ ᠭᠥᠯᠢᠶᠡᠨ ᠠᠪᠴᠤ ᠰᠢᠢ᠍ᠳᠪᠦᠷᠢᠯᠡᠬᠦ ᠬᠦᠰᠦᠨᠦᠭᠲᠦ (ᠳᠠᠭ᠋ᠠᠯᠳᠤᠭᠤᠯᠤᠯ 2᠎ᠢ ᠦᠵᠡ) ᠪᠠ ᠭᠡᠷᠡᠴᠢ ᠮᠠᠲ᠋ᠧᠷᠢᠶᠠᠯ ᠪᠠᠭᠲᠠᠨ᠎ᠠ᠃


      ᠳᠠᠭ᠋ᠠᠯᠳᠤᠭᠤᠯᠤᠯ 1.2021 ᠣᠨ᠎ᠤ ᠪᠤᠭᠤᠲᠤ ᠬᠣᠲᠠ ᠵᠢᠨ ᠡᠮ᠎ᠤᠨ ᠵᠦᠢ᠍ᠯ᠎ᠢ ᠲᠥᠪᠯᠡᠷᠡᠭᠦᠯᠦᠨ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠨᠡᠷ᠎ᠡ ᠮᠡᠳᠡᠭᠦᠯᠵᠦ ᠬᠠᠷᠭᠤᠭᠤᠯᠤᠨ ᠪᠠᠶ᠋ᠢᠴᠠᠭ᠋ᠠᠭᠰᠠᠨ ᠪᠠᠶ᠋ᠢᠳᠠᠯ᠎ᠤᠨ ᠬᠦᠰᠦᠨᠦᠭᠲᠦ (1)᠃
   
    ᠳᠠᠭ᠋ᠠᠯᠳᠤᠭᠤᠯᠤᠯ 2. ᠪᠤᠭᠤᠲᠤ ᠬᠣᠲᠠ ᠵᠢᠨ ᠡᠮ᠎ᠤᠨ ᠵᠦᠢ᠍ᠯ᠎ᠢ ᠳᠣᠭᠢᠷᠠᠭᠤᠯᠤᠨ ᠬᠦᠷᠭᠡᠬᠦ ᠠᠵᠤ ᠠᠬᠤᠶ᠋ᠢᠯᠠᠯ᠎ᠤᠨ ᠭᠣᠮᠣᠳᠠᠯ ᠲᠣᠭ᠋ᠠᠴᠢᠬᠤ ᠲᠤᠬᠠᠶ᠋ᠢᠯᠠᠭᠰᠠᠨ ᠠᠵᠢᠯ᠎ᠢ ᠭᠥᠯᠢᠶᠡᠨ ᠠᠪᠴᠤ ᠰᠢᠢ᠍ᠳᠪᠦᠷᠢᠯᠡᠬᠦ ᠬᠦᠰᠦᠨᠦᠭᠲᠦ (1)᠃
   

             ᠪᠤᠭᠤᠲᠤ ᠬᠣᠲᠠ ᠵᠢᠨ ᠡᠮ ᠡᠮᠨᠡᠯᠭᠡ ᠬᠤᠳᠠᠯᠳᠤᠨ ᠠᠪᠬᠤ ᠦᠢ᠍ᠯᠡᠴᠢᠯᠡᠭᠡᠨ᠎ᠤ ᠲᠥᠪ
                             2021 ᠣᠨ᠎ᠤ 8 ᠰᠠᠷ᠎ᠠ ᠵᠢᠨ 2᠎ᠤᠨ ᠡᠳᠦᠷ
   

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠣᠯᠠᠭ᠎ᠠ ᠵᠢᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠰᠦᠯᠵᠢᠶᠡᠨ᠎ᠳᠤ ᠬᠤᠯᠪᠤᠬᠤ ᠦᠢ᠍ᠯᠡᠳᠭᠦᠨ (ᠭᠤᠷᠪᠠᠳᠤᠭ᠋ᠠᠷ ᠪᠦᠯᠦᠭ)᠎ᠢ ᠢᠯᠡ ᠨᠡᠶ᠋ᠢᠲᠡᠯᠡᠬᠦ ᠲᠤᠬᠠᠶ ᠮᠡᠳᠡᠭᠳᠡᠯ
2021 ᠣᠨ᠎ᠤ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡ ᠵᠢᠨ ᠪᠠᠲᠤᠯᠠᠭ᠎ᠠ ᠵᠢᠨ ᠰᠦᠢ᠍ᠳᠭᠡᠯ ᠲᠤᠰᠢᠶᠠᠬᠤ ᠰᠠᠭᠤᠷᠢ ᠲᠣᠭ᠎ᠠ ᠵᠢ ᠬᠢᠨᠠᠨ ᠲᠣᠭᠲᠠᠭ᠋ᠠᠬᠤ ᠵᠢᠴᠢ ᠵᠥᠷᠢᠶᠡᠲᠦ ᠲᠣᠭ᠎ᠠ ᠵᠢ ᠳᠣᠭᠢᠷᠠᠭᠤᠯᠬᠤ ᠵᠡᠷᠭᠡ ᠬᠠᠮᠢᠶ᠎ᠠ ᠪᠥᠬᠥᠶ ᠠᠵᠢᠯ᠎ᠤᠨ ᠲᠤᠬᠠᠶ ᠬᠥᠬᠡᠬᠣᠲᠠ ᠵᠢᠨ ᠡᠮᠴᠢᠯᠡᠭᠡ ᠵᠢᠨ ᠪᠠᠲᠤᠯᠠᠭ᠎ᠠ ᠵᠢᠨ ᠲᠣᠪᠴᠢᠶ᠎ᠠ ᠵᠢᠨ ᠮᠡᠳᠡᠭᠳᠡᠯ
《ᠣᠷᠳᠣ ᠬᠤᠭᠤᠴᠠᠭ᠋ᠠᠨ᠎ᠪᠠᠷ ᠰᠤᠪᠢᠯᠠᠯᠲᠠ ᠵᠢᠨ ᠴᠢᠳᠠᠪᠤᠷᠢ ᠠᠯᠳᠠᠭᠰᠠᠳ᠎ᠤᠨ ᠳᠡᠰ ᠦᠨᠡᠯᠡᠨ ᠵᠢᠱ᠌ᠢᠬᠦ ᠪᠠᠷᠢᠮᠵᠢᠶ᠎ᠠ (ᠲᠤᠷᠰᠢᠨ ᠬᠡᠷᠡᠭᠵᠢᠭᠦᠯᠬᠦ)》 ᠵᠢ ᠳᠠᠷᠤᠮᠠᠯᠯᠠᠨ ᠲᠠᠷᠬᠠᠭ᠋ᠠᠬᠤ ᠲᠤᠬᠠᠶ ᠤᠯᠤᠰ᠎ᠤᠨ ᠡᠮᠴᠢᠯᠡᠭᠡ ᠵᠢᠨ ᠪᠠᠳᠤᠯᠠᠭ᠎ᠠ ᠵᠢᠨ ᠲᠣᠪᠴᠢᠶ᠎ᠠ ᠵᠢᠨ ᠠᠯᠪᠠᠨ ᠬᠡᠷ ᠠᠷᠠᠳ᠎ᠤᠨ ᠶᠠᠪᠤᠳᠠᠯ᠎ᠤᠨ ᠶᠠᠮᠤᠨ᠎ᠤ ᠠᠯᠪᠠᠨ ᠲᠢᠩᠬᠢᠮ᠎ᠤᠨ ᠮᠡᠳᠡᠭᠳᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠨ ᠡᠮᠴᠢᠯᠡᠭᠡ ᠵᠢᠨ ᠳᠠᠭ᠋ᠠᠳᠬᠠᠯ᠎ᠤᠨ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠤᠨ ᠲᠣᠭ᠋ᠠᠴᠠᠭ᠎ᠠ ᠬᠢᠬᠦ ᠪᠠᠷᠢᠮᠵᠢᠶ᠎ᠠ ᠵᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠦᠩᠭᠦᠨ᠎ᠤ ᠬᠡᠷᠡᠭᠯᠡᠯᠲᠡ ᠵᠢᠨ ᠬᠢᠨᠠᠯᠲᠠ ᠬᠠᠮᠢᠶᠠᠷᠣᠯᠳᠡ ᠵᠢᠨ ᠠᠷᠭ᠎ᠠ》
 
            