ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠪᠢᠴᠢᠭ ᠮᠠᠲ᠋ᠧᠷᠢᠶᠠᠯ
2021 ᠣᠨ᠎ᠤ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡ ᠵᠢᠨ ᠪᠠᠲᠤᠯᠠᠭ᠎ᠠ ᠵᠢᠨ ᠰᠦᠢ᠍ᠳᠭᠡᠯ ᠲᠤᠰᠢᠶᠠᠬᠤ ᠰᠠᠭᠤᠷᠢ ᠲᠣᠭ᠎ᠠ ᠵᠢ ᠬᠢᠨᠠᠨ ᠲᠣᠭᠲᠠᠭ᠋ᠠᠬᠤ ᠵᠢᠴᠢ ᠵᠥᠷᠢᠶᠡᠲᠦ ᠲᠣᠭ᠎ᠠ ᠵᠢ ᠳᠣᠭᠢᠷᠠᠭᠤᠯᠬᠤ ᠵᠡᠷᠭᠡ ᠬᠠᠮᠢᠶ᠎ᠠ ᠪᠥᠬᠥᠶ ᠠᠵᠢᠯ᠎ᠤᠨ ᠲᠤᠬᠠᠶ ᠬᠥᠬᠡᠬᠣᠲᠠ ᠵᠢᠨ ᠡᠮᠴᠢᠯᠡᠭᠡ ᠵᠢᠨ ᠪᠠᠲᠤᠯᠠᠭ᠎ᠠ ᠵᠢᠨ ᠲᠣᠪᠴᠢᠶ᠎ᠠ ᠵᠢᠨ ᠮᠡᠳᠡᠭᠳᠡᠯ
ᠨᠡᠶ᠋ᠢᠲᠡᠯᠡᠭᠰᠡᠨ ᠴᠠᠭ᠄ 2021-08-06

              ᠬᠥᠬᠡᠬᠣᠲᠠ ᠡᠮᠴᠢᠯᠡᠭᠡ ᠪᠠᠳᠤᠯᠠᠭ᠎ᠠ ᠲᠠᠷᠬᠠᠭ᠋ᠠᠭᠰᠠᠨ  [2021  ] 27 ᠳ᠋ᠤᠭ᠋ᠠᠷ ᠲᠣᠭ᠋ᠠᠲᠤ
ᠡᠯ᠎ᠡ ᠬᠣᠰᠢᠭᠤ ᠰᠢᠶᠠᠨ ᠲᠣᠭᠣᠷᠢᠭ᠎ᠤᠨ ᠡᠮᠴᠢᠯᠡᠭᠡ ᠵᠢᠨ ᠪᠠᠲᠤᠯᠠᠭ᠎ᠠ ᠵᠢᠨ ᠲᠣᠪᠴᠢᠶ᠎ᠠ᠂ ᠬᠥᠬᠡᠬᠣᠲᠠ ᠵᠢᠨ ᠠᠵᠤ ᠠᠬᠤᠶ ᠮᠡᠷᠭᠡᠵᠢᠯ᠎ᠤᠨ ᠨᠡᠭᠡᠭᠡᠯᠲᠡ ᠵᠢᠨ ᠲᠣᠭᠣᠷᠢᠭ᠎ᠤᠨ ᠠᠵᠤ ᠦᠢ᠍ᠯᠡᠰ᠎ᠤᠨ ᠬᠥᠭᠵᠢᠯᠲᠡ ᠪᠠ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠲᠣᠪᠴᠢᠶ᠎ᠠ᠂ ᠬᠣᠲᠠ ᠵᠢᠨ ᠡᠮᠴᠢᠯᠡᠭᠡ ᠵᠢᠨ ᠪᠠᠲᠤᠯᠠᠭ᠎ᠠ ᠵᠢᠨ ᠦᠢ᠍ᠯᠡᠴᠢᠯᠡᠭᠡᠨ᠎ᠤ ᠲᠥᠪ᠂ ᠡᠮᠴᠢᠯᠡᠭᠡ ᠵᠢᠨ ᠪᠠᠲᠤᠯᠠᠭ᠎ᠠ ᠵᠢᠨ ᠶᠡᠷᠦᠩᠬᠡᠶ᠋ᠢᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ᠂ ᠡᠯ᠎ᠡ ᠳᠠᠭ᠋ᠠᠳᠬᠠᠯ᠎ᠳᠤ ᠣᠷᠣᠯᠴᠠᠭᠰᠠᠨ ᠨᠢᠭᠡᠴᠢ   ᠵᠢᠴᠢ ᠳᠠᠭ᠋ᠠᠳᠬᠠᠯ᠎ᠳᠤ ᠣᠷᠣᠯᠴᠠᠭᠰᠠᠳ᠎ᠲᠤ᠄
      ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡ ᠵᠢᠨ ᠪᠠᠲᠤᠯᠠᠭ᠎ᠠ ᠵᠢᠨ ᠲᠣᠪᠴᠢᠶ᠎ᠠ ᠵᠢᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2021 ᠣᠨ᠎ᠤ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡ ᠵᠢᠨ ᠪᠠᠲᠤᠯᠠᠭ᠎ᠠ ᠵᠢᠨ   ᠰᠦᠢ᠍ᠳᠭᠡᠯ ᠲᠤᠰᠢᠶᠠᠬᠤ ᠰᠠᠭᠤᠷᠢ ᠲᠣᠭ᠎ᠠ ᠵᠢᠨ ᠪᠠᠷᠢᠮᠵᠢᠶ᠎ᠠ ᠵᠢ ᠬᠡᠷᠡᠭᠵᠢᠭᠦᠯᠬᠦ ᠲᠤᠬᠠᠶ ᠮᠡᠳᠡᠭᠳᠡᠯ》 (ᠥᠪᠥᠷ ᠡᠮᠴᠢᠯᠡᠭᠡ ᠪᠠᠳᠤᠯᠠᠭ᠎ᠠ ᠠᠯᠪᠠᠨ ᠲᠠᠷᠬᠠᠭ᠋ᠠᠭᠰᠠᠨ [2021] 3 ᠳ᠋ᠤᠭ᠋ᠠᠷ ᠲᠣᠭ᠋ᠠᠲᠤ)᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ ᠵᠢᠨ ᠬᠠᠩᠭ᠋ᠠᠭᠰᠠᠨ 2020 ᠣᠨ᠎ᠤ ᠥᠪᠡᠷᠲᠡᠭᠡᠨ ᠵᠠᠰᠠᠬᠤ ᠣᠷᠣᠨ᠎ᠤ ᠪᠥᠬᠥ ᠲᠥᠷᠥᠯ᠎ᠤᠨ ᠬᠣᠲᠠ ᠪᠠᠯᠭ᠋ᠠᠰᠤᠨ᠎ᠤ ᠨᠢᠭᠡᠴᠢ ᠵᠢᠨ ᠠᠵᠢᠯ ᠣᠯᠤᠭᠰᠠᠳ᠎ᠤᠨ ᠵᠢᠯ᠎ᠤᠨ ᠳᠤᠮᠳᠠᠴᠢ ᠴᠠᠯᠢᠩ᠎ᠨᠢ 76126 ᠲᠥᠭᠥᠷᠢᠭ ᠪᠣᠯᠤᠨ᠎ᠠ᠂ ᠡᠭᠦᠨ᠎ᠢ ᠦᠨᠳᠦᠰᠦᠯᠡᠪᠡᠯ᠂ ᠥᠪᠡᠷᠲᠡᠭᠡᠨ ᠵᠠᠰᠠᠬᠤ ᠣᠷᠣᠨ᠎ᠤ ᠪᠥᠬᠥ ᠲᠥᠷᠥᠯ᠎ᠤᠨ ᠬᠣᠲᠠ ᠪᠠᠯᠭ᠋ᠠᠰᠤᠨ᠎ᠤ ᠨᠢᠭᠡᠴᠢ ᠵᠢᠨ ᠠᠵᠢᠯ ᠣᠯᠤᠭᠰᠠᠳ᠎ᠤᠨ ᠰᠠᠷ᠎ᠠ ᠵᠢᠨ ᠳᠤᠮᠳᠠᠴᠢ ᠴᠠᠯᠢᠩ᠎ᠨᠢ 6343.83 ᠲᠥᠭᠥᠷᠢᠭ ᠪᠣᠯᠤᠨ᠎ᠠ᠃
      ᠬᠥᠬᠡᠬᠣᠲᠠ ᠵᠢᠨ ᠡᠮᠴᠢᠯᠡᠭᠡ ᠵᠢᠨ ᠪᠠᠲᠤᠯᠠᠭ᠎ᠠ ᠵᠢᠨ ᠲᠣᠪᠴᠢᠶ᠎ᠠ᠂ ᠡᠳ᠋᠎ᠤᠨ ᠵᠠᠰᠠᠭ᠎ᠤᠨ ᠲᠣᠪᠴᠢᠶ᠎ᠠ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠦᠪᠯᠡᠯ᠂ ᠭᠠᠶ᠋ᠢᠯᠢ ᠵᠢᠨ ᠶᠠᠪᠤᠳᠠᠯ᠎ᠤᠨ ᠲᠣᠪᠴᠢᠶ᠎ᠠ ᠵᠢᠨ 《ᠬᠥᠬᠡᠬᠣᠲᠠ ᠵᠢᠨ ᠦᠷᠡᠵᠢᠯ᠎ᠤᠨ ᠳᠠᠭ᠋ᠠᠳᠬᠠᠯ ᠪᠠ ᠬᠣᠲᠠ ᠪᠠᠯᠭ᠋ᠠᠰᠤᠨ᠎ᠤ ᠠᠵᠢᠯᠲᠠᠨ ᠠᠵᠢᠯᠴᠢᠨ᠎ᠤ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠎ᠢ ᠨᠡᠶ᠋ᠢᠯᠡᠭᠦᠯᠦᠨ ᠬᠡᠷᠡᠭᠵᠢᠭᠦᠯᠬᠦ ᠬᠣᠯᠪᠣᠭᠳᠠᠯ ᠪᠥᠬᠥᠶ ᠵᠦᠢ᠍ᠯᠡᠰ᠎ᠤᠨ ᠲᠤᠬᠠᠶ ᠮᠡᠳᠡᠭᠳᠡᠯ》 (ᠬᠥᠬᠡᠬᠣᠲᠠ ᠡᠮᠴᠢᠯᠡᠭᠡ ᠪᠠᠲᠤᠯᠠᠭ᠎ᠠ ᠲᠠᠷᠬᠠᠭ᠋ᠠᠭᠰᠠᠨ [2019] 95 ᠳ᠋ᠤᠭ᠋ᠠᠷ ᠲᠣᠭ᠋ᠠᠲᠤ) ᠵᠢᠴᠢ 《ᠬᠥᠬᠡᠬᠣᠲᠠ ᠵᠢᠨ ᠡᠮᠴᠢᠯᠡᠭᠡ ᠵᠢᠨ ᠪᠠᠲᠤᠯᠠᠭ᠎ᠠ ᠵᠢᠨ ᠲᠣᠪᠴᠢᠶ᠎ᠠ ᠵᠢᠨ ᠤᠯᠤᠰ᠎ᠤᠨ ᠭᠠᠶ᠋ᠢᠯᠢ ᠵᠢᠨ ᠶᠠᠪᠤᠳᠠᠯ᠎ᠤᠨ ᠶᠡᠷᠦᠩᠬᠡᠶ ᠲᠣᠪᠴᠢᠶ᠎ᠠ ᠵᠢᠨ ᠬᠥᠬᠡᠬᠣᠲᠠ ᠵᠢᠨ ᠭᠠᠶ᠋ᠢᠯᠢ ᠵᠢᠨ ᠶᠠᠪᠤᠳᠠᠯ᠎ᠤᠨ ᠲᠣᠪᠴᠢᠶ᠎ᠠ ᠵᠢᠨ ᠠᠮᠢᠳᠤᠯᠢᠭ ᠵᠶ᠋ᠠᠷ ᠠᠵᠢᠯ ᠣᠯᠤᠭᠰᠠᠳ᠎ᠤᠨ ᠡᠮᠴᠢᠯᠡᠭᠡ ᠵᠢᠨ ᠪᠠᠲᠤᠯᠠᠭ᠎ᠠ ᠵᠢᠨ ᠰᠦᠢ᠍ᠳᠭᠡᠯ ᠲᠤᠰᠢᠶᠠᠬᠤ ᠰᠠᠭᠤᠷᠢ ᠲᠣᠭ᠎ᠠ ᠪᠠ ᠡᠳᠦᠷ ᠬᠤᠭᠤᠴᠠᠭ᠎ᠠ᠎ᠳᠤ ᠲᠣᠬᠢᠷᠠᠭᠤᠯᠤᠯᠲᠠ ᠬᠢᠬᠦ ᠲᠤᠬᠠᠶ ᠮᠡᠳᠡᠭᠳᠡᠯ》 (ᠬᠥᠬᠡᠬᠣᠲᠠ ᠡᠮᠴᠢᠯᠡᠭᠡ ᠪᠠᠲᠤᠯᠠᠭ᠎ᠠ ᠲᠠᠷᠬᠠᠭ᠋ᠠᠭᠰᠠᠨ [2021  ] 5 ᠳ᠋ᠤᠭ᠋ᠠᠷ ᠲᠣᠭ᠋ᠠᠲᠤ) ᠶᠣᠰᠤᠭ᠋ᠠᠷ᠂ ᠡᠳᠦᠭᠡ ᠮᠠᠨ᠎ᠤ ᠬᠣᠲᠠ ᠵᠢᠨ 2021 ᠣᠨ᠎ᠤ ᠬᠣᠲᠠ ᠪᠠᠯᠭ᠋ᠠᠰᠤ ᠵᠢᠨ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡ ᠵᠢᠨ ᠪᠠᠲᠤᠯᠠᠭ᠎ᠠ ᠵᠢᠨ ᠰᠦᠢ᠍ᠳᠭᠡᠯ ᠲᠤᠰᠢᠶᠠᠬᠤ ᠰᠠᠭᠤᠷᠢ ᠲᠣᠭ᠎ᠠ ᠵᠢ ᠬᠢᠨᠠᠨ ᠲᠣᠭᠲᠠᠭ᠋ᠠᠬᠤ ᠠᠵᠢᠯ᠎ᠢ ᠳᠣᠤᠷᠠᠬᠢ ᠮᠡᠲᠦ ᠮᠡᠳᠡᠭᠳᠡᠶ᠎ᠡ᠃
      ᠨᠢᠭᠡ᠂ ᠰᠦᠢ᠍ᠳᠬᠡᠯ ᠲᠤᠰᠢᠶᠠᠬᠤ ᠰᠠᠭᠤᠷᠢ ᠲᠣᠭ᠎ᠠ ᠵᠢ ᠲᠣᠭᠲᠠᠭ᠋ᠠᠬᠤ ᠲᠤᠬᠠᠶ
     (ᠨᠢᠭᠡ) ᠨᠢᠭᠡᠴᠢ ᠵᠢᠨ 2021 ᠣᠨ᠎ᠤ ᠪᠦᠬᠦ ᠵᠢᠯ᠎ᠤᠨ ᠰᠦᠢ᠍ᠳᠬᠡᠯ ᠲᠤᠰᠢᠶᠠᠬᠤ ᠰᠠᠭᠤᠷᠢ ᠲᠣᠭ᠎ᠠ ᠵᠢ ᠲᠣᠭᠲᠠᠭ᠋ᠠᠬᠤ
      ᠠᠵᠢᠯᠲᠠᠨ ᠠᠵᠢᠯᠴᠢᠨ᠎ᠤ ᠬᠤᠪᠢ ᠬᠥᠮᠦᠨ᠎ᠤ ᠦᠨᠳᠦᠰᠦᠨ ᠡᠮᠴᠢᠯᠡᠭᠡ ᠵᠢᠨ ᠪᠠᠲᠤᠯᠠᠭ᠎ᠠ ᠵᠢᠨ ᠰᠦᠢ᠍ᠳᠬᠡᠯ ᠲᠤᠰᠢᠶᠠᠬᠤ ᠰᠠᠭᠤᠷᠢ ᠲᠣᠭ᠎ᠠ ᠵᠢ ᠲᠤᠰ ᠬᠥᠮᠦᠨ᠎ᠤ ᠥᠭᠭᠦᠭᠰᠡᠨ ᠴᠠᠯᠢᠩ᠎ᠤᠨ ᠶᠡᠷᠦᠩᠬᠡᠶ ᠲᠣᠭ᠎ᠠ ᠪᠤᠶᠤ ᠴᠠᠯᠢᠩ᠎ᠤᠨ ᠶᠡᠷᠦᠩᠬᠡᠶ ᠲᠣᠭ᠎ᠠ᠎ᠪᠠᠷ ᠪᠤᠳᠤᠵᠤ᠂ ᠲᠣᠰ ᠬᠥᠮᠦᠨ᠎ᠤ ᠳᠡᠭᠡᠷ᠎ᠡ ᠵᠢᠯ᠎ᠤᠨ ᠥᠭᠭᠦᠭᠰᠡᠨ ᠴᠠᠯᠢᠩ ᠪᠤᠶᠤ ᠴᠠᠯᠢᠩ᠎ᠤᠨ ᠶᠡᠷᠦᠩᠬᠡᠶ ᠲᠣᠭ᠎ᠠ (ᠡᠯ᠎ᠡ ᠵᠦᠢ᠍ᠯ᠎ᠤᠨ ᠨᠥᠬᠥᠪᠥᠷᠢ᠂ ᠱᠠᠩᠨᠠᠯ᠎ᠤᠨ ᠮᠥᠩᠭᠥ ᠵᠡᠷᠭᠡ ᠪᠠᠭᠲᠠᠨ᠎ᠠ) ᠵᠢᠨ ᠰᠠᠷ᠎ᠠ ᠵᠢᠨ ᠳᠤᠮᠳᠠᠴᠢ ᠴᠠᠯᠢᠩ (ᠣᠨ᠎ᠤ ᠥᠭᠭᠦᠭᠰᠡᠨ ᠴᠠᠯᠢᠩ᠎ᠤᠨ ᠶᠡᠷᠦᠩᠬᠡᠶ ᠲᠣᠭ᠎ᠠ ÷12) ᠵᠶ᠋ᠠᠷ ᠯᠠᠪᠯᠠᠯᠲᠠ ᠪᠣᠯᠭ᠋ᠠᠨ ᠲᠣᠭᠲᠠᠭ᠋ᠠᠵᠤ ᠪᠣᠯᠤᠨ᠎ᠠ᠂ ᠨᠢᠭᠡᠴᠢ ᠵᠢᠨ ᠰᠦᠢ᠍ᠳᠭᠡᠯ ᠲᠤᠰᠢᠶᠠᠬᠤ ᠰᠠᠭᠤᠷᠢ ᠲᠣᠭ᠎ᠠ ᠵᠢ ᠲᠣᠰ ᠨᠢᠭᠡᠴᠢ ᠵᠢᠨ ᠳᠠᠭ᠋ᠠᠳᠬᠠᠯ᠎ᠳᠤ ᠣᠷᠣᠯᠴᠠᠭᠰᠠᠳ᠎ᠤᠨ ᠰᠦᠢ᠍ᠳᠭᠡᠯ ᠲᠤᠰᠢᠶᠠᠬᠤ ᠰᠠᠭᠤᠷᠢ ᠲᠣᠭ᠎ᠠ ᠵᠢᠨ ᠨᠡᠶ᠋ᠢᠯᠡᠪᠦᠷᠢ᠎ᠪᠠᠷ ᠬᠢᠨᠠᠨ ᠲᠣᠭᠲᠠᠭ᠋ᠠᠨ᠎ᠠ᠃
      ᠠᠵᠢᠯᠲᠠᠨ ᠠᠵᠢᠯᠴᠢᠨ᠎ᠤ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠎ᠤᠨ ᠰᠠᠷ᠎ᠠ ᠵᠢᠨ ᠰᠦᠢ᠍ᠳᠭᠡᠯ ᠲᠤᠰᠢᠶᠠᠬᠤ ᠴᠠᠯᠢᠩ᠎ᠨᠢ 5075.06 ᠲᠥᠭᠥᠷᠢᠭ (6343.83 ᠲᠥᠭᠥᠷᠢᠭ × 80%)᠎ᠠᠴᠠ ᠳᠣᠤᠷ᠎ᠠ ᠪᠠᠶ᠋ᠢᠪᠠᠯ᠂ 5075.06 ᠲᠥᠭᠥᠷᠢᠭ ᠵᠶ᠋ᠠᠷ ᠰᠦᠢ᠍ᠳᠭᠡᠯ ᠲᠤᠰᠢᠶᠠᠬᠤ ᠰᠠᠭᠤᠷᠢ ᠲᠣᠭ᠎ᠠ ᠵᠢ ᠬᠢᠨᠠᠨ ᠲᠣᠭᠲᠠᠭ᠋ᠠᠨ᠎ᠠ; ᠰᠠᠷ᠎ᠠ ᠵᠢᠨ ᠰᠦᠢ᠍ᠳᠭᠡᠯ ᠲᠤᠰᠢᠶᠠᠬᠤ ᠴᠠᠯᠢᠩ᠎ᠨᠢ 5075.06 ᠲᠥᠭᠥᠷᠢᠭ᠎ᠠᠴᠠ ᠥᠨᠳᠥᠷ ᠪᠠᠶ᠋ᠢᠵᠤ 19031.49 ᠲᠥᠭᠥᠷᠢᠭ (6343.83 ᠲᠥᠭᠥᠷᠢᠭ × 300%)᠎ᠠᠴᠠ ᠳᠣᠤᠷ᠎ᠠ ᠪᠠᠶ᠋ᠢᠪᠠᠯ᠂ ᠪᠣᠳᠠᠲᠠᠶ᠎ᠪᠠᠷ ᠰᠦᠢ᠍ᠳᠭᠡᠯ ᠲᠤᠰᠢᠶᠠᠬᠤ ᠰᠠᠭᠤᠷᠢ ᠲᠣᠭ᠎ᠠ ᠵᠢ ᠬᠢᠨᠠᠨ ᠲᠣᠭᠲᠠᠭ᠋ᠠᠨ᠎ᠠ; ᠰᠠᠷ᠎ᠠ ᠵᠢᠨ ᠰᠦᠢ᠍ᠳᠭᠡᠯ ᠲᠤᠰᠢᠶᠠᠬᠤ ᠴᠠᠯᠢᠩ᠎ᠨᠢ 19031.49 ᠲᠥᠭᠥᠷᠢᠭ᠎ᠠᠴᠠ ᠥᠨᠳᠥᠷ ᠪᠠᠶ᠋ᠢᠪᠠᠯ᠂ 19031.49 ᠲᠥᠭᠥᠷᠢᠭ ᠵᠶ᠋ᠠᠷ ᠰᠦᠢ᠍ᠳᠭᠡᠯ ᠲᠤᠰᠢᠶᠠᠬᠤ ᠰᠠᠭᠤᠷᠢ ᠲᠣᠭ᠎ᠠ ᠵᠢ ᠬᠢᠨᠠᠨ ᠲᠣᠭᠲᠠᠭ᠋ᠠᠨ᠎ᠠ᠃
     (ᠬᠣᠶᠠᠷ) ᠠᠮᠢᠳᠤᠯᠢᠭ ᠵᠶ᠋ᠠᠷ ᠠᠵᠢᠯ ᠣᠯᠤᠭᠰᠠᠳ᠎ᠤᠨ 2021 ᠣᠨ᠎ᠤ 7 ᠳ᠋ᠤᠭ᠋ᠠᠷ ᠰᠠᠷ᠎ᠠ᠎ᠠᠴᠠ 2022 ᠣᠨ᠎ᠤ 6 ᠳ᠋ᠤᠭ᠋ᠠᠷ ᠰᠠᠷ᠎ᠠ ᠪᠣᠯᠲᠠᠯᠠᠬᠢ ᠰᠦᠢ᠍ᠳᠭᠡᠯ ᠲᠤᠰᠢᠶᠠᠬᠤ ᠰᠠᠭᠤᠷᠢ ᠲᠣᠭ᠎ᠠ ᠵᠢ ᠲᠣᠭᠲᠠᠭ᠋ᠠᠬᠤ
      ᠮᠠᠨ᠎ᠤ ᠬᠣᠲᠠ ᠵᠢᠨ ᠬᠥᠯᠥᠰᠥᠨ ᠠᠵᠢᠯᠴᠢᠨ ᠬᠡᠷᠡᠭᠯᠡᠬᠦ ᠦᠭᠡᠢ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ᠂ ᠠᠮᠢᠳᠤᠯᠢᠭ ᠵᠶ᠋ᠠᠷ ᠠᠵᠢᠯ ᠣᠯᠤᠭᠰᠠᠳ ᠵᠡᠷᠭᠡ ᠬᠤᠪᠢ ᠬᠥᠮᠦᠨ᠎ᠤ ᠲᠤᠰᠠᠭ᠋ᠠᠷ ᠵᠶ᠋ᠠᠨ ᠬᠣᠲᠠ ᠪᠠᠯᠭ᠋ᠠᠰᠤᠨ᠎ᠤ ᠠᠵᠢᠯᠲᠠᠨ ᠠᠵᠢᠯᠴᠢᠨ᠎ᠤ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠎ᠳᠤ ᠣᠷᠣᠯᠴᠠᠭᠰᠠᠨ ᠬᠥᠮᠦᠰ᠎ᠤᠨ 2021 ᠣᠨ᠎ᠤ 7 ᠳ᠋ᠤᠭ᠋ᠠᠷ ᠰᠠᠷ᠎ᠠ᠎ᠠᠴᠠ 2022 ᠣᠨ᠎ᠤ 6   ᠳ᠋ᠤᠭ᠋ᠠᠷ ᠰᠠᠷ᠎ᠠ ᠪᠤᠯᠲᠠᠯᠠᠬᠢ ᠰᠦᠢ᠍ᠳᠭᠡᠯ ᠲᠤᠰᠢᠶᠠᠬᠤ ᠰᠠᠭᠤᠷᠢ ᠲᠣᠭ᠎ᠠ ᠵᠢ 6343.83 ᠲᠥᠭᠥᠷᠢᠭ ᠵᠶ᠋ᠠᠷ ᠬᠢᠨᠠᠨ ᠲᠣᠭᠲᠠᠭ᠋ᠠᠨ᠎ᠠ᠃
      ᠬᠣᠶᠠᠷ᠂ ᠳᠠᠭ᠋ᠠᠳᠬᠠᠯ᠎ᠳᠤ ᠣᠷᠣᠯᠴᠠᠭᠰᠠᠨ ᠨᠢᠭᠡᠴᠢ ᠵᠢᠨ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠎ᠤᠨ ᠰᠦᠢ᠍ᠳᠭᠡᠯ ᠲᠤᠰᠢᠶᠠᠬᠤ ᠰᠠᠭᠤᠷᠢ ᠲᠣᠭ᠎ᠠ ᠵᠢᠨ ᠵᠥᠷᠢᠶᠡᠲᠦ ᠲᠣᠭ᠎ᠠ᠎ᠳᠤ ᠲᠣᠬᠢᠷᠠᠭᠤᠯᠤᠯᠲᠠ ᠬᠢᠬᠦ ᠲᠤᠬᠠᠶ
     2021 ᠣᠨ᠎ᠤ 1᠎ᠠᠴᠠ 7 ᠳ᠋ᠤᠭ᠋ᠠᠷ ᠰᠠᠷ᠎ᠠ ᠪᠣᠯᠲᠠᠯ᠎ᠠ ᠰᠦᠢ᠍ᠳᠬᠡᠯ ᠲᠤᠰᠢᠶᠠᠬᠤ ᠰᠠᠭᠤᠷᠢ ᠲᠣᠭ᠎ᠠ ᠵᠢ ᠤᠷᠢᠳᠴᠢᠯᠠᠨ ᠬᠢᠨᠠᠨ ᠲᠣᠭᠲᠠᠭ᠋ᠠᠬᠤ ᠠᠵᠢᠯ᠎ᠢ ᠨᠢᠭᠡᠨᠲᠡ ᠪᠡᠶᠡᠯᠡᠭᠦᠯᠦᠭᠰᠡᠨ ᠳᠠᠭ᠋ᠠᠳᠬᠠᠯ᠎ᠳᠤ ᠣᠷᠣᠯᠴᠠᠭᠰᠠᠨ ᠨᠢᠭᠡᠴᠢ ᠮᠠᠨ᠎ᠤ ᠲᠣᠪᠴᠢᠶ᠎ᠠ᠎ᠠᠴᠠ ᠲᠥᠪᠯᠡᠷᠡᠭᠦᠯᠦᠨ ᠨᠢᠭᠡᠳᠦᠯᠲᠡᠶ ᠪᠥᠭᠡᠮ ᠵᠶ᠋ᠠᠷ ᠲᠣᠭ᠋ᠠᠨ᠎ᠤ ᠵᠥᠷᠢᠶ᠎ᠡ᠎ᠳᠤ ᠲᠣᠬᠢᠷᠠᠭᠤᠯᠤᠯᠲᠠ ᠬᠢᠵᠦ᠂ ᠳᠠᠭ᠋ᠠᠳᠬᠠᠯ᠎ᠳᠤ ᠣᠷᠣᠯᠴᠠᠭᠰᠠᠨ   ᠨᠢᠭᠡᠴᠢ ᠰᠦᠯᠵᠢᠶᠡᠨ ᠳᠡᠭᠡᠷᠡᠬᠢ ᠲᠤᠬᠠᠶ᠋ᠢᠯᠠᠭᠰᠠᠨ ᠠᠵᠢᠯ᠎ᠤᠨ ᠮᠡᠳᠡᠭᠦᠯᠬᠦ ᠰᠢᠰᠲ᠋ᠧᠮ᠎ᠳᠤ ᠠᠩᠬᠠᠷᠤᠯ ᠲᠠᠯᠪᠢᠵᠤ᠂ ᠵᠠᠷᠤᠳᠠᠯ ᠲᠤᠰᠢᠶᠠᠬᠤ ᠵᠥᠷᠢᠶᠡᠲᠦ ᠲᠣᠭ᠎ᠠ᠎ᠳᠤ ᠲᠣᠬᠢᠷᠠᠭᠤᠯᠤᠯᠲᠠ ᠬᠢᠬᠦ ᠮᠡᠳᠡᠭᠳᠡᠯ᠎ᠤᠨ ᠬᠠᠭᠤᠳᠠᠰᠤ ᠵᠢ ᠴᠠᠭ ᠲᠤᠬᠠᠶ᠎ᠳᠤᠨᠢ ᠳᠠᠷᠤᠮᠠᠯᠯᠠᠭ᠋ᠠᠷᠠᠶ᠂ ᠵᠥᠷᠢᠶᠡᠲᠦ ᠲᠣᠭ᠎ᠠ᠎ᠳᠤ ᠲᠣᠬᠢᠷᠠᠭᠤᠯᠤᠯᠲᠠ ᠬᠢᠬᠦ᠎ᠨᠢ ᠳᠠᠭ᠋ᠠᠳᠬᠠᠯ᠎ᠳᠤ ᠣᠷᠣᠯᠴᠠᠭᠰᠠᠨ ᠠᠵᠢᠯᠲᠠᠨ ᠠᠵᠢᠯᠴᠢᠨ᠎ᠤ ᠡᠮ ᠡᠮᠨᠡᠯᠭᠡ ᠵᠢᠨ ᠳᠠᠭ᠋ᠠᠳᠬᠠᠯ᠎ᠤᠨ ᠬᠠᠷᠢᠴᠠᠭ᠎ᠠ ᠵᠢ ᠰᠢᠯᠵᠢᠭᠦᠯᠬᠦ ᠵᠢᠴᠢ ᠬᠠᠷᠠᠭ᠋ᠠᠯᠵᠠᠯ ᠭᠥᠷᠳᠡᠬᠦ ᠵᠢ ᠨᠥᠯᠥᠭᠡᠯᠡᠬᠦ ᠤᠴᠢᠷ᠎ᠠᠴᠠ ᠡᠯ᠎ᠡ ᠳᠠᠭ᠋ᠠᠳᠬᠠᠯ᠎ᠳᠤ ᠣᠷᠣᠯᠴᠠᠭᠰᠠᠨ ᠨᠢᠭᠡᠴᠢ᠎ᠨᠢ ᠵᠥᠷᠢᠶᠡᠲᠦ ᠲᠣᠭ᠎ᠠ᠎ᠳᠤ ᠲᠣᠬᠢᠷᠠᠭᠤᠯᠤᠯᠲᠠ ᠬᠢᠭᠰᠡᠨ ᠬᠥᠮᠦᠨ᠎ᠤ ᠲᠣᠭ᠎ᠠ᠂ ᠵᠣᠭᠣᠰ᠎ᠤᠨ ᠲᠣᠭ᠎ᠠ ᠵᠢ ᠨᠠᠷᠢᠨ ᠬᠢᠨᠠᠮᠠᠭ᠋ᠠᠶ ᠬᠠᠷᠭᠤᠭᠤᠯᠵᠤ᠂ ᠠᠯᠳᠠᠭ᠎ᠠ ᠥᠬᠡᠶ ᠭᠡᠵᠦ ᠨᠤᠲᠠᠯᠠᠭᠰᠠᠨ᠎ᠤ ᠳᠠᠷᠠᠭ᠎ᠠ ᠴᠠᠭ ᠲᠤᠬᠠᠶ᠎ᠳᠤᠨᠢ ᠵᠠᠷᠤᠳᠠᠯ ᠲᠤᠰᠢᠶᠠᠵᠤ᠂ ᠳᠠᠭ᠋ᠠᠳᠬᠠᠯ᠎ᠳᠤ ᠣᠷᠣᠯᠴᠠᠭᠰᠠᠨ ᠠᠵᠢᠯᠲᠠᠨ ᠠᠵᠢᠯᠴᠢᠨ᠎ᠤ ᠡᠯ᠎ᠡ ᠵᠦᠢ᠍ᠯ᠎ᠤᠨ ᠬᠠᠷᠠᠭ᠋ᠠᠯᠵᠠᠯ ᠭᠥᠷᠳᠡᠬᠦ ᠵᠢ ᠪᠠᠲᠤᠯᠠᠬᠤ ᠬᠡᠷᠡᠭᠲᠡᠶ᠃
      ᠭᠤᠷᠪᠠ᠂   ᠰᠦᠢ᠍ᠳᠭᠡᠯ ᠲᠤᠰᠢᠶᠠᠬᠤ ᠴᠠᠭ᠎ᠤᠨ ᠬᠢᠵᠠᠭ᠋ᠠᠷ᠎ᠢ ᠬᠢᠨᠠᠨ ᠲᠣᠭᠲᠠᠭ᠋ᠠᠬᠤ
      ᠮᠠᠨ᠎ᠤ ᠬᠣᠲᠠ ᠵᠢᠨ ᠠᠮᠢᠳᠤᠯᠢᠭ ᠵᠶ᠋ᠠᠷ ᠠᠵᠢᠯ ᠣᠯᠤᠭᠰᠠᠳ᠎ᠤᠨ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠎ᠤᠨ ᠲᠣᠰ ᠵᠢᠯ᠎ᠤᠨ ᠬᠣᠲᠠ ᠪᠠᠯᠭ᠋ᠠᠰᠤᠨ᠎ᠤ ᠠᠵᠢᠯᠲᠠᠨ ᠠᠵᠢᠯᠴᠢᠨ᠎ᠤ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠎ᠤᠨ ᠵᠠᠷᠤᠳᠠᠯ᠎ᠢ ᠲᠤᠰᠢᠶᠠᠬᠤ ᠡᠴᠦᠰ᠎ᠤᠨ ᠴᠠᠭ᠎ᠨᠢ 2021 ᠣᠨ᠎ᠤ 12   ᠳ᠋ᠤᠭ᠋ᠠᠷ ᠰᠠᠷ᠎ᠠ ᠵᠢᠨ20᠎ᠤ ᠡᠳᠦᠷ ᠪᠤᠯᠳᠠᠯ᠎ᠠ᠃
      ᠳᠥᠷᠪᠡ᠂ ᠠᠮᠢᠳᠤᠯᠢᠭ ᠵᠶ᠋ᠠᠷ ᠠᠵᠢᠯ ᠣᠯᠤᠭᠰᠠᠳ᠎ᠢ ᠬᠢᠨᠠᠨ ᠲᠣᠭᠲᠠᠭ᠋ᠠᠬᠤ ᠭᠠᠵᠠᠷ
      ᠠᠮᠢᠳᠤᠯᠢᠭ ᠵᠶ᠋ᠠᠷ ᠠᠵᠢᠯ ᠣᠯᠤᠭᠰᠠᠳ ᠬᠣᠲᠠ ᠵᠢᠨ ᠳᠥᠷᠪᠡᠨ ᠲᠣᠭᠣᠷᠢᠭ᠎ᠤᠨ ᠵᠠᠰᠠᠭ᠎ᠤᠨ ᠶᠠᠪᠤᠳᠠᠯ᠎ᠤᠨ   ᠦᠢ᠍ᠯᠡᠴᠢᠯᠡᠭᠡᠨ᠎ᠤ ᠲᠥᠪ᠂ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ ᠪᠠ ᠨᠡᠶ᠋ᠢᠭᠡᠮ ᠲᠣᠭᠣᠷᠢᠭ᠎ᠤᠨ ᠣᠶ᠋ᠢᠷ᠎ᠠ ᠬᠠᠪᠢ᠎ᠳᠠᠭᠠᠨ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠰᠦᠢ᠍ᠳᠭᠡᠯ ᠲᠤᠰᠢᠶᠠᠬᠤ ᠰᠠᠭᠤᠷᠢ ᠲᠣᠭ᠎ᠠ ᠵᠢ ᠬᠢᠨᠠᠨ ᠲᠣᠭᠲᠠᠭ᠋ᠠᠯᠭ᠋ᠠᠬᠤ᠎ᠪᠠᠷ ᠰᠤᠩᠭᠤᠵᠤ ᠪᠣᠯᠤᠨ᠎ᠠ᠃
   
      ᠳᠠᠭ᠋ᠠᠯᠳᠤᠭᠤᠯᠤᠯ᠄ ᠡᠯ᠎ᠡ ᠬᠣᠰᠢᠭᠤ ᠰᠢᠶᠠᠨ ᠲᠣᠭᠣᠷᠢᠭ᠎ᠤᠨ ᠬᠡᠷᠡᠭ ᠡᠷᠬᠢᠯᠡᠬᠦ ᠭᠠᠵᠠᠷ᠎ᠤᠨ ᠬᠤᠪᠢ ᠵᠢᠨ ᠠᠮᠢᠳᠤᠯᠢᠭ ᠵᠶ᠋ᠠᠷ ᠠᠵᠢᠯ ᠣᠯᠤᠭᠰᠠᠳ᠎ᠤᠨ ᠭᠠᠷᠲᠠᠨ ᠭᠦᠢ᠍ᠴᠡᠳᠭᠡᠬᠦ ᠬᠠᠶᠢᠭ ᠵᠢᠴᠢ ᠤᠲᠠᠰᠤ᠂ ᠰᠠᠶ᠋ᠢᠬᠠᠨ ᠲᠣᠭᠣᠷᠢᠭ᠎ᠤᠨ ᠨᠡᠶ᠋ᠢᠭᠡᠮ ᠲᠣᠭᠣᠷᠢᠭ᠎ᠤᠨ ᠬᠤᠪᠢ ᠵᠢᠨ ᠠᠮᠢᠳᠤᠯᠢᠭ ᠵᠶ᠋ᠠᠷ ᠠᠵᠢᠯ ᠣᠯᠤᠭᠰᠠᠳ᠎ᠢ ᠬᠢᠨᠠᠨ ᠲᠣᠭᠲᠠᠭ᠋ᠠᠬᠤ ᠬᠠᠶᠢᠭ ᠵᠢᠴᠢ ᠤᠲᠠᠰᠤ  ᠃ (ᠺᠤᠳ᠋᠎ᠢ ᠰᠢᠷᠪᠢᠵᠦ ᠪᠠᠶ᠋ᠢᠴᠠᠭ᠋ᠠᠨ ᠦᠵᠡᠭᠡᠷᠡᠢ)
   
                                    ᠬᠥᠬᠡᠬᠣᠲᠠ ᠵᠢᠨ ᠡᠮᠴᠢᠯᠡᠭᠡ ᠵᠢᠨ ᠪᠠᠲᠤᠯᠠᠭ᠎ᠠ ᠵᠢᠨ ᠲᠣᠪᠴᠢᠶ᠎ᠠ
                                      2021 ᠣᠨ᠎ᠤ 7 ᠳ᠋ᠤᠭ᠋ᠠᠷ ᠰᠠᠷ᠎ᠠ ᠵᠢᠨ 21᠎ᠤ ᠡᠳᠦᠷ

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠣᠯᠠᠭ᠎ᠠ ᠵᠢᠨ ᠲᠤᠪᠴᠢᠶ᠎ᠠ
          
ᠬᠠᠮᠢᠶ᠎ᠡ ᠪᠦᠬᠦᠢ ᠰᠣᠨᠢᠨ
《ᠣᠷᠳᠣ ᠬᠤᠭᠤᠴᠠᠭ᠋ᠠᠨ᠎ᠪᠠᠷ ᠰᠤᠪᠢᠯᠠᠯᠲᠠ ᠵᠢᠨ ᠴᠢᠳᠠᠪᠤᠷᠢ ᠠᠯᠳᠠᠭᠰᠠᠳ᠎ᠤᠨ ᠳᠡᠰ ᠦᠨᠡᠯᠡᠨ ᠵᠢᠱ᠌ᠢᠬᠦ ᠪᠠᠷᠢᠮᠵᠢᠶ᠎ᠠ (ᠲᠤᠷᠰᠢᠨ ᠬᠡᠷᠡᠭᠵᠢᠭᠦᠯᠬᠦ)》 ᠵᠢ ᠳᠠᠷᠤᠮᠠᠯᠯᠠᠨ ᠲᠠᠷᠬᠠᠭ᠋ᠠᠬᠤ ᠲᠤᠬᠠᠶ ᠤᠯᠤᠰ᠎ᠤᠨ ᠡᠮᠴᠢᠯᠡᠭᠡ ᠵᠢᠨ ᠪᠠᠳᠤᠯᠠᠭ᠎ᠠ ᠵᠢᠨ ᠲᠣᠪᠴᠢᠶ᠎ᠠ ᠵᠢᠨ ᠠᠯᠪᠠᠨ ᠬᠡᠷ ᠠᠷᠠᠳ᠎ᠤᠨ ᠶᠠᠪᠤᠳᠠᠯ᠎ᠤᠨ ᠶᠠᠮᠤᠨ᠎ᠤ ᠠᠯᠪᠠᠨ ᠲᠢᠩᠬᠢᠮ᠎ᠤᠨ ᠮᠡᠳᠡᠭᠳᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠨ ᠡᠮᠴᠢᠯᠡᠭᠡ ᠵᠢᠨ ᠳᠠᠭ᠋ᠠᠳᠬᠠᠯ᠎ᠤᠨ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠤᠨ ᠲᠣᠭ᠋ᠠᠴᠠᠭ᠎ᠠ ᠬᠢᠬᠦ ᠪᠠᠷᠢᠮᠵᠢᠶ᠎ᠠ ᠵᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠦᠩᠭᠦᠨ᠎ᠤ ᠬᠡᠷᠡᠭᠯᠡᠯᠲᠡ ᠵᠢᠨ ᠬᠢᠨᠠᠯᠲᠠ ᠬᠠᠮᠢᠶᠠᠷᠣᠯᠳᠡ ᠵᠢᠨ ᠠᠷᠭ᠎ᠠ》
ᠬᠦᠨᠳᠦ ᠣᠨᠴᠠ ᠶᠡᠬᠡ ᠡᠪᠡᠳᠴᠢᠨ᠎ᠤ ᠡᠮᠴᠢᠯᠡᠭᠡ ᠵᠢᠨ ᠪᠠᠳᠤᠯᠠᠭ᠎ᠠ ᠪᠠ ᠠᠪᠤᠷᠠᠨ ᠲᠤᠰᠠᠯᠠᠬᠤ ᠳᠦᠷᠢᠮ᠎ᠤᠨ ᠪᠦᠷᠢᠨᠰᠢᠭᠦᠯᠬᠦ ᠲᠤᠬᠠᠶ ᠲᠥᠷᠥ ᠵᠢᠨ ᠶᠠᠪᠤᠳᠠᠯ᠎ᠤᠨ ᠬᠣᠷᠢᠶᠠᠨ᠎ᠤ ᠲᠤᠬᠠᠶ ᠰᠠᠨᠠᠯ
ᠪᠡᠭᠡᠵᠢᠩ ᠲᠢᠶᠠᠨᠵᠢᠨ ᠾᠸᠪᠸᠢ 《3+14》 ᠠᠮᠠᠯᠠᠭᠤᠷ ᠡᠮᠨᠡᠯᠭᠡ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠤᠨ ᠬᠡᠮᠵᠢᠶ᠎ᠡ᠎ᠪᠠᠷ ᠬᠣᠯᠪᠣᠯᠳᠤᠭᠤᠯᠤᠨ ᠬᠤᠳᠠᠯᠳᠤᠨ ᠠᠪᠬᠤ ᠪᠠ ᠬᠡᠷᠡᠭᠯᠡᠬᠦ ᠠᠵᠢᠯ᠎ᠤᠨ ᠲᠥᠰᠦᠯ
 
            