ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠪᠢᠴᠢᠭ ᠮᠠᠲ᠋ᠧᠷᠢᠶᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠰᠦᠯᠵᠢᠶᠡᠨ᠎ᠳᠤ ᠬᠤᠯᠪᠤᠬᠤ ᠦᠢ᠍ᠯᠡᠳᠭᠦᠨ (ᠭᠤᠷᠪᠠᠳᠤᠭ᠋ᠠᠷ ᠪᠦᠯᠦᠭ)᠎ᠢ ᠢᠯᠡ ᠨᠡᠶ᠋ᠢᠲᠡᠯᠡᠬᠦ ᠲᠤᠬᠠᠶ ᠮᠡᠳᠡᠭᠳᠡᠯ
ᠨᠡᠶ᠋ᠢᠲᠡᠯᠡᠭᠰᠡᠨ ᠴᠠᠭ᠄ 2021-08-06

                ᠥᠪᠥᠷ ᠡᠮ ᠬᠤᠳᠠᠯᠳᠤᠨ ᠠᠪᠬᠤ ᠲᠥᠪ ᠦᠰᠦᠭ  [2021] 149   ᠳ᠋ᠤᠭᠡᠷ ᠲᠣᠭ᠋ᠠᠲᠤ
ᠡᠯ᠎ᠡ ᠬᠠᠮᠢᠶ᠎ᠠ ᠪᠥᠬᠥᠶ ᠨᠢᠭᠡᠴᠢ᠄
     《2021 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠰᠦᠯᠵᠢᠶᠡᠨ᠎ᠳᠤ   ᠬᠤᠯᠪᠤᠬᠤ ᠠᠵᠢᠯ᠎ᠢ ᠰᠠᠶ᠋ᠢᠲᠤᠷ ᠬᠢᠬᠦ ᠲᠤᠬᠠᠶ ᠮᠡᠳᠡᠭᠳᠡᠯ》 (ᠥᠪᠥᠷ ᠡᠮᠴᠢᠯᠡᠭᠡ ᠪᠠᠳᠤᠯᠠᠭ᠎ᠠ ᠠᠯᠪᠠᠨ ᠲᠠᠷᠬᠠᠭ᠋ᠠᠭᠰᠠᠨ  [2021] 90 ᠳ᠋ᠤᠭᠡᠷ ᠲᠣᠭ᠋ᠠᠲᠤ) ᠪᠠ 《ᠰᠢᠨ᠎ᠡ ᠲᠢᠲᠢᠮᠯᠢᠭ ᠸᠢᠷᠦ᠋ᠰ᠎ᠢ ᠪᠠᠶ᠋ᠢᠴᠠᠭ᠋ᠠᠨ ᠰᠢᠯᠭ᠋ᠠᠬᠤ ᠲᠤᠷᠰᠢᠯᠲᠠ ᠵᠢᠨ ᠡᠮ᠎ᠢ ᠰᠦᠯᠵᠢᠶᠡᠨ᠎ᠳᠤ ᠬᠤᠯᠪᠤᠨ ᠬᠤᠳᠠᠯᠳᠤᠨ ᠠᠪᠬᠤ᠎ᠳᠤ ᠣᠷᠣᠭᠤᠯᠬᠤ ᠲᠤᠬᠠᠶ ᠮᠡᠳᠡᠭᠳᠡᠯ》 (ᠥᠪᠥᠷ ᠡᠮ   ᠬᠤᠳᠠᠯᠳᠤᠨ ᠠᠪᠬᠤ ᠲᠥᠪ ᠥᠰᠥᠭ  [2020] 75 ᠳ᠋ᠤᠭ᠋ᠠᠷ ᠲᠣᠭ᠋ᠠᠲᠤ)᠎ᠤᠨ ᠪᠢᠴᠢᠭ ᠮᠠᠲ᠋ᠧᠷᠢᠶᠠᠯ᠎ᠤᠨ ᠱᠠᠭ᠋ᠠᠷᠳᠠᠯᠭ᠎ᠠ ᠶᠣᠰᠣᠭ᠋ᠠᠷ᠂ ᠡᠳᠦᠭᠡ ᠨᠥᠬᠥᠴᠡᠯ᠎ᠳᠤ ᠨᠡᠶ᠋ᠢᠴᠡᠬᠦ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠤᠨ ᠮᠡᠳᠡᠭᠡ ᠵᠠᠩᠭᠢ ᠵᠢ ᠢᠯᠡ ᠨᠡᠶ᠋ᠢᠲᠡᠯᠡᠬᠦ ᠵᠢᠨ ᠬᠠᠮᠲᠤ᠂ ᠬᠠᠮᠢᠶ᠎ᠠ ᠪᠥᠬᠥᠶ ᠤᠴᠢᠷ᠎ᠢ ᠳᠣᠤᠷᠠᠬᠢ ᠮᠡᠲᠦ ᠮᠡᠳᠡᠭᠳᠡᠪᠡ᠄
      ᠨᠢᠭᠡ᠂ ᠢᠯᠡ ᠨᠡᠶ᠋ᠢᠲᠡᠯᠡᠬᠦ ᠠᠭᠤᠯᠭ᠎ᠠ
     (ᠨᠢᠭᠡ) ᠠᠵᠤ ᠠᠬᠤᠶ᠋ᠢᠯᠠᠯ᠎ᠤᠨ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠤᠨ ᠦᠢ᠍ᠯᠡᠳᠭᠦᠨ᠎ᠤ ᠮᠡᠳᠡᠭᠡ ᠵᠠᠩᠭᠢ ᠵᠢ ᠮᠡᠳᠡᠭᠦᠯᠬᠦ ᠬᠡᠷᠡᠭᠲᠡᠶ᠃ ᠠᠵᠤ ᠠᠬᠤᠶ᠋ᠢᠯᠠᠯ᠎ᠤᠨ ᠥᠪᠥᠷ ᠮᠣᠩᠭᠣᠯ᠎ᠤᠨ ᠡᠮ ᠡᠮᠨᠡᠯᠭᠡ ᠵᠢᠨ ᠬᠤᠳᠠᠯᠳᠤᠨ ᠠᠪᠬᠤ ᠰᠦᠯᠵᠢᠶᠡᠨ᠎ᠤ ᠪᠠᠯᠠ ᠮᠥᠩᠭᠥ ᠵᠢ ᠬᠢᠨᠠᠬᠤ ᠰᠢᠰᠲ᠋ᠧᠮ᠎ᠳᠤ ᠣᠷᠣᠵᠤ ᠮᠡᠳᠡᠭᠡ ᠵᠠᠩᠭᠢ ᠵᠢ ᠪᠠᠶ᠋ᠢᠴᠠᠭ᠋ᠠᠨ ᠦᠵᠡᠨ᠎ᠡ᠃
     (ᠬᠣᠶᠠᠷ) ᠰᠢᠨ᠎ᠡ ᠲᠢᠲᠢᠮᠯᠢᠭ ᠸᠢᠷᠦ᠋ᠰ᠎ᠢ ᠪᠠᠶ᠋ᠢᠴᠠᠭ᠋ᠠᠨ ᠰᠢᠯᠭ᠋ᠠᠬᠤ ᠵᠤᠷ ᠵᠢᠴᠢ ᠬᠡᠰᠡᠭ ᠪᠦᠷᠢᠳᠬᠡᠨ ᠳᠠᠩᠰᠠᠯᠠᠭᠤᠯᠵᠤ ᠬᠤᠳᠠᠯᠳᠤᠨ ᠠᠪᠬᠤ ᠵᠢ ᠬᠢᠨᠠᠨ ᠬᠠᠷᠭᠤᠭᠤᠯᠵᠤ ᠪᠠᠲᠤᠯᠠᠭᠰᠠᠨ ᠬᠠᠮᠢᠶ᠎ᠠ ᠪᠥᠬᠥᠶ ᠦᠢ᠍ᠯᠡᠳᠭᠦᠨ (ᠳᠠᠭ᠋ᠠᠯᠳᠤᠭᠤᠯᠤᠯ 1)᠃
      ᠬᠣᠶᠠᠷ᠂ ᠢᠯᠡ ᠨᠡᠶ᠋ᠢᠲᠡᠯᠡᠬᠦ ᠴᠠᠭ
     2021 ᠣᠨ᠎ᠤ 8 ᠳ᠋ᠤᠭ᠋ᠠᠷ ᠰᠠᠷ᠎ᠠ ᠵᠢᠨ 4᠎ᠤ ᠡᠳᠦᠷ — 8 ᠳ᠋ᠤᠭ᠋ᠠᠷ ᠰᠠᠷ᠎ᠠ ᠵᠢᠨ 11᠎ᠤ ᠡᠳᠦᠷ ᠪᠤᠯᠳᠠᠯ᠎ᠠ᠃
      ᠭᠤᠷᠪᠠ᠂ ᠪᠤᠰᠤᠳ ᠵᠦᠢ᠍ᠯ
     (ᠨᠢᠭᠡ) ᠡᠯ᠎ᠡ ᠬᠣᠯᠪᠣᠭᠳᠠᠯ ᠪᠥᠬᠥᠶ ᠠᠵᠤ ᠠᠬᠤᠶ᠋ᠢᠯᠠᠯ᠎ᠤᠳ ᠬᠡᠷᠪᠡ ᠵᠠᠷᠯᠠᠨ ᠨᠡᠶ᠋ᠢᠲᠡᠯᠡᠭᠰᠡᠨ ᠮᠡᠳᠡᠭᠡ ᠵᠠᠩᠭᠢ ᠵᠢᠴᠢ   ᠦᠢ᠍ᠯᠡᠳᠭᠦᠨ᠎ᠤ ᠦᠨ᠎ᠡ ᠬᠠᠩᠰᠢ᠎ᠳᠤ ᠣᠨᠳᠣᠤ ᠰᠠᠨᠠᠯ᠎ᠲᠠᠢ ᠪᠠᠶ᠋ᠢᠪᠠᠯ᠂ 《ᠬᠡᠨ ᠰᠠᠨᠠᠯ᠎ᠲᠠᠢ ᠪᠣᠯ ᠲᠡᠷᠡ ᠭᠡᠷᠡᠴᠢ ᠳᠤᠷᠠᠳᠬᠤ》 ᠵᠠᠷᠴᠢᠮ᠎ᠤᠨ ᠶᠣᠰᠣᠭ᠋ᠠᠷ᠂ ᠦᠨᠡᠨ ᠪᠣᠳᠠᠲᠠᠶ ᠬᠦᠴᠦᠨ᠎ᠲᠠᠢ᠂ ᠪᠦᠷᠢᠨ ᠭᠦᠢ᠍ᠴᠡᠳ ᠭᠡᠷᠡᠴᠢᠯᠡᠬᠦ ᠮᠠᠲ᠋ᠧᠷᠢᠶᠠᠯ᠎ᠢ ᠬᠠᠩᠭ᠋ᠠᠵᠤ᠂ ᠬᠤᠭᠤᠴᠠᠭ᠎ᠠ᠎ᠠᠴᠠ᠎ᠪᠠᠨ ᠬᠡᠲᠦᠷᠡᠭᠰᠡᠨ ᠪᠤᠶᠤ ᠲᠣᠭᠲᠠᠭ᠋ᠠᠯ ᠶᠣᠰᠣᠭ᠋ᠠᠷ ᠲᠤᠰᠢᠶᠠᠭᠰᠠᠨ ᠥᠬᠡᠶ ᠪᠠᠶ᠋ᠢᠪᠠᠯ ᠭᠥᠯᠢᠶᠡᠨ ᠠᠪᠴᠤ ᠰᠢᠢ᠍ᠳᠪᠦᠷᠢᠯᠡᠬᠦ ᠥᠬᠡᠶ᠃
     (ᠬᠣᠶᠠᠷ) ᠠᠵᠤ ᠠᠬᠤᠶ᠋ᠢᠯᠠᠯ᠎ᠤᠨ ᠭᠤᠶᠤᠴᠢᠯᠠᠨ ᠮᠡᠳᠡᠭᠦᠯᠬᠦ (ᠪᠠᠯᠠ ᠣᠷᠣᠭᠤᠯᠬᠤ) ᠵᠠᠭ᠋ᠠᠯᠳᠤᠯᠭ᠎ᠠ ᠵᠢᠨ ᠮᠠᠲ᠋ᠧᠷᠢᠶᠠᠯ᠎ᠳᠤ᠄
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢ᠍ᠯ᠎ᠤᠨ ᠪᠠᠭ᠋ᠠᠵᠢ ᠬᠡᠷᠡᠭᠰᠡᠯ᠎ᠢ ᠲᠥᠪᠯᠡᠷᠡᠭᠦᠯᠦᠨ ᠬᠤᠳᠠᠯᠳᠤᠨ ᠠᠪᠬᠤ ᠲᠤᠬᠠᠶ᠋ᠢᠯᠠᠭᠰᠠᠨ ᠠᠵᠢᠯ᠎ᠢ ᠭᠥᠯᠢᠶᠡᠨ ᠠᠪᠴᠤ ᠰᠢᠢ᠍ᠳᠪᠦᠷᠢᠯᠡᠬᠦ ᠬᠦᠰᠦᠨᠦᠭᠲᠦ》 (ᠳᠠᠭ᠋ᠠᠯᠳᠤᠭᠤᠯᠤᠯ 2)᠂ 《ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠵᠢᠨ ᠡᠷᠬᠡ ᠣᠯᠭᠣᠬᠤ ᠪᠢᠴᠢᠭ》 (ᠳᠠᠭ᠋ᠠᠯᠳᠤᠭᠤᠯᠤᠯ 3)᠂ 《ᠪᠠᠶ᠋ᠢᠳᠠᠯ᠎ᠤᠨ ᠲᠣᠳᠣᠷᠬᠠᠶ᠋ᠢᠯᠠᠯᠲᠠ》 ᠪᠣᠯᠤᠨ ᠬᠠᠮᠢᠶ᠎ᠠ ᠪᠥᠬᠥᠶ ᠲᠣᠳᠣᠷᠬᠠᠶ ᠪᠥᠭᠡᠳ ᠬᠦᠴᠦᠨ᠎ᠲᠠᠢ ᠭᠡᠷᠡᠴᠢᠯᠡᠬᠦ ᠮᠠᠲ᠋ᠧᠷᠢᠶᠠᠯ ᠪᠠᠭᠲᠠᠨ᠎ᠠ᠃
     (ᠭᠤᠷᠪᠠ) ᠲᠤᠰᠢᠶᠠᠬᠤ ᠠᠷᠭ᠎ᠠ ᠮᠠᠶᠢᠭ᠄ ᠬᠠᠮᠢᠶ᠎ᠠ ᠪᠥᠬᠥᠶ ᠠᠵᠤ ᠠᠬᠤᠶ᠋ᠢᠯᠠᠯ᠎ᠨᠢ ᠭᠤᠶᠤᠴᠢᠯᠠᠬᠤ (ᠥᠭᠬᠦ) ᠵᠠᠭ᠋ᠠᠯᠳᠤᠯᠭ᠎ᠠ ᠵᠢᠨ ᠮᠠᠲ᠋ᠧᠷᠢᠶᠠᠯ ᠵᠶ᠋ᠠᠨ ᠬᠠᠭᠤᠳᠠᠰᠤ ᠳᠠᠷᠠᠭ᠋ᠠᠯᠠᠨ ᠨᠢᠭᠡᠴᠢ ᠵᠢᠨ ᠠᠯᠪᠠᠨ ᠲᠠᠮᠠᠭ᠎ᠠ ᠵᠢ ᠳᠠᠷᠤᠵᠤ ᠲᠤᠬᠠᠶ᠋ᠢᠯᠠᠭᠰᠠᠨ ᠠᠵᠢᠯ᠎ᠢ ᠭᠥᠯᠢᠶᠡᠨ ᠠᠪᠴᠤ ᠰᠢᠢ᠍ᠳᠪᠦᠷᠢᠯᠡᠬᠦ ᠰᠢᠤᠳᠠᠨ᠎ᠤ ᠬᠠᠶ᠋ᠢᠷᠴᠠᠭ (nmgyczxywsl@163.com)᠎ᠲᠤ ᠢᠯᠡᠭᠡᠨ᠎ᠡ᠃
     (ᠳᠥᠷᠪᠡ) ᠢᠯᠡ ᠨᠡᠶ᠋ᠢᠲᠡᠯᠡᠬᠦ ᠬᠤᠭᠤᠴᠠᠭ᠋ᠠᠨ᠎ᠳᠤ ᠭᠥᠯᠢᠶᠡᠨ ᠠᠪᠤᠭᠰᠠᠨ ᠭᠤᠶᠤᠴᠢᠯᠠᠯ (ᠣᠷᠣᠭᠤᠯᠤᠯᠲᠠ) ᠵᠠᠭ᠋ᠠᠯᠳᠤᠯᠭ᠎ᠠ ᠵᠢ ᠲᠥᠪᠯᠡᠷᠡᠭᠦᠯᠦᠨ ᠰᠢᠢ᠍ᠳᠪᠦᠷᠢᠯᠡᠵᠦ᠂ ᠲᠤᠬᠠᠶ ᠵᠢᠨ ᠦᠶ᠎ᠡ᠎ᠳᠤ᠎ᠨᠢ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠵᠢᠨ ᠬᠤᠳᠠᠯᠳᠤᠨ ᠠᠪᠬᠤ ᠰᠦᠯᠵᠢᠶ᠎ᠡ᠎ᠪᠠᠷ ᠳᠡᠮᠵᠢᠨ ᠦᠷ᠎ᠡ ᠳ᠋ᠦᠩ᠎ᠢ ᠨᠢᠭᠡᠳᠦᠯᠲᠡᠶ ᠨᠡᠶ᠋ᠢᠲᠡᠯᠡᠨ᠎ᠡ᠃ ᠢᠯᠡ ᠨᠡᠶ᠋ᠢᠲᠡᠯᠡᠬᠦ᠎ᠳᠤ ᠣᠨᠳᠣᠤ ᠰᠠᠨᠠᠯ ᠥᠬᠡᠶ   ᠦᠢ᠍ᠯᠡᠳᠭᠦᠨ᠎ᠢ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠤᠨ ᠦᠢ᠍ᠯᠡᠳᠭᠦᠨ᠎ᠤ ᠠᠷᠠᠯᠵᠢᠶ᠎ᠠ ᠵᠢᠨ ᠬᠥᠮᠥᠷᠭᠡ᠎ᠳᠤ ᠣᠷᠣᠭᠤᠯᠤᠨ᠎ᠠ᠃
      ᠳᠥᠷᠪᠡ᠂ ᠬᠠᠷᠢᠯᠴᠠᠬᠤ ᠠᠷᠭ᠎ᠠ ᠮᠠᠶᠢᠭ
     0471 — 4919735 (ᠮᠠᠲ᠋ᠧᠷᠢᠶᠠᠯ᠎ᠢ ᠬᠦᠯᠢᠶᠡᠨ ᠠᠪᠴᠤ ᠰᠢᠢ᠍ᠳᠪᠦᠷᠢᠯᠡᠬᠦ)
     0471 — 4930595 (ᠲᠤᠬᠠᠶ᠋ᠢᠯᠠᠭᠰᠠᠨ ᠠᠵᠢᠯ᠎ᠤᠨ ᠯᠠᠪᠯᠠᠯᠭ᠎ᠠ)
      ᠳᠠᠭ᠋ᠠᠯᠳᠤᠭᠤᠯᠤᠯ᠄
1᠂ ᠰᠢᠨ᠎ᠡ ᠲᠢᠲᠢᠮᠯᠢᠭ ᠸᠢᠷᠦ᠋ᠰ᠎ᠢ ᠪᠠᠶ᠋ᠢᠴᠠᠭ᠋ᠠᠨ ᠰᠢᠯᠭ᠋ᠠᠬᠤ ᠵᠤᠷ ᠵᠢᠴᠢ ᠬᠡᠰᠡᠭ ᠪᠦᠷᠢᠳᠬᠡᠨ ᠳᠠᠩᠰᠠᠯᠠᠭᠤᠯᠵᠤ ᠬᠤᠳᠠᠯᠳᠤᠨ ᠠᠪᠬᠤ ᠵᠢ ᠬᠢᠨᠠᠨ ᠬᠠᠷᠭᠤᠭᠤᠯᠵᠤ ᠪᠠᠲᠤᠯᠠᠭᠰᠠᠨ ᠬᠠᠮᠢᠶ᠎ᠠ ᠪᠥᠬᠥᠶ ᠦᠢ᠍ᠯᠡᠳᠭᠦᠨ
2᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢ᠍ᠯ᠎ᠤᠨ ᠪᠠᠭ᠋ᠠᠵᠢ ᠬᠡᠷᠡᠭᠰᠡᠯ᠎ᠢ ᠲᠥᠪᠯᠡᠷᠡᠭᠦᠯᠦᠨ ᠬᠤᠳᠠᠯᠳᠤᠨ ᠠᠪᠬᠤ ᠲᠤᠬᠠᠶ᠋ᠢᠯᠠᠭᠰᠠᠨ ᠠᠵᠢᠯ᠎ᠢ ᠭᠥᠯᠢᠶᠡᠨ ᠠᠪᠴᠤ ᠰᠢᠢ᠍ᠳᠪᠦᠷᠢᠯᠡᠬᠦ ᠬᠦᠰᠦᠨᠦᠭᠲᠦ
3᠂ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠵᠢᠨ ᠡᠷᠬᠡ ᠣᠯᠭᠣᠬᠤ ᠪᠢᠴᠢᠭ
   
                            ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ ᠬᠤᠳᠠᠯᠳᠤᠨ ᠠᠪᠬᠤ ᠲᠥᠪ
                                 2021 ᠣᠨ᠎ᠤ 8   ᠳ᠋ᠤᠭ᠋ᠠᠷ ᠰᠠᠷ᠎ᠠ ᠵᠢᠨ 4᠎ᠤ ᠡᠳᠦᠷ
   

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠣᠯᠠᠭ᠎ᠠ ᠵᠢᠨ ᠲᠤᠪᠴᠢᠶ᠎ᠠ
          
ᠬᠠᠮᠢᠶ᠎ᠡ ᠪᠦᠬᠦᠢ ᠰᠣᠨᠢᠨ
2021 ᠣᠨ᠎ᠤ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡ ᠵᠢᠨ ᠪᠠᠲᠤᠯᠠᠭ᠎ᠠ ᠵᠢᠨ ᠰᠦᠢ᠍ᠳᠭᠡᠯ ᠲᠤᠰᠢᠶᠠᠬᠤ ᠰᠠᠭᠤᠷᠢ ᠲᠣᠭ᠎ᠠ ᠵᠢ ᠬᠢᠨᠠᠨ ᠲᠣᠭᠲᠠᠭ᠋ᠠᠬᠤ ᠵᠢᠴᠢ ᠵᠥᠷᠢᠶᠡᠲᠦ ᠲᠣᠭ᠎ᠠ ᠵᠢ ᠳᠣᠭᠢᠷᠠᠭᠤᠯᠬᠤ ᠵᠡᠷᠭᠡ ᠬᠠᠮᠢᠶ᠎ᠠ ᠪᠥᠬᠥᠶ ᠠᠵᠢᠯ᠎ᠤᠨ ᠲᠤᠬᠠᠶ ᠬᠥᠬᠡᠬᠣᠲᠠ ᠵᠢᠨ ᠡᠮᠴᠢᠯᠡᠭᠡ ᠵᠢᠨ ᠪᠠᠲᠤᠯᠠᠭ᠎ᠠ ᠵᠢᠨ ᠲᠣᠪᠴᠢᠶ᠎ᠠ ᠵᠢᠨ ᠮᠡᠳᠡᠭᠳᠡᠯ
《ᠣᠷᠳᠣ ᠬᠤᠭᠤᠴᠠᠭ᠋ᠠᠨ᠎ᠪᠠᠷ ᠰᠤᠪᠢᠯᠠᠯᠲᠠ ᠵᠢᠨ ᠴᠢᠳᠠᠪᠤᠷᠢ ᠠᠯᠳᠠᠭᠰᠠᠳ᠎ᠤᠨ ᠳᠡᠰ ᠦᠨᠡᠯᠡᠨ ᠵᠢᠱ᠌ᠢᠬᠦ ᠪᠠᠷᠢᠮᠵᠢᠶ᠎ᠠ (ᠲᠤᠷᠰᠢᠨ ᠬᠡᠷᠡᠭᠵᠢᠭᠦᠯᠬᠦ)》 ᠵᠢ ᠳᠠᠷᠤᠮᠠᠯᠯᠠᠨ ᠲᠠᠷᠬᠠᠭ᠋ᠠᠬᠤ ᠲᠤᠬᠠᠶ ᠤᠯᠤᠰ᠎ᠤᠨ ᠡᠮᠴᠢᠯᠡᠭᠡ ᠵᠢᠨ ᠪᠠᠳᠤᠯᠠᠭ᠎ᠠ ᠵᠢᠨ ᠲᠣᠪᠴᠢᠶ᠎ᠠ ᠵᠢᠨ ᠠᠯᠪᠠᠨ ᠬᠡᠷ ᠠᠷᠠᠳ᠎ᠤᠨ ᠶᠠᠪᠤᠳᠠᠯ᠎ᠤᠨ ᠶᠠᠮᠤᠨ᠎ᠤ ᠠᠯᠪᠠᠨ ᠲᠢᠩᠬᠢᠮ᠎ᠤᠨ ᠮᠡᠳᠡᠭᠳᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠨ ᠡᠮᠴᠢᠯᠡᠭᠡ ᠵᠢᠨ ᠳᠠᠭ᠋ᠠᠳᠬᠠᠯ᠎ᠤᠨ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠤᠨ ᠲᠣᠭ᠋ᠠᠴᠠᠭ᠎ᠠ ᠬᠢᠬᠦ ᠪᠠᠷᠢᠮᠵᠢᠶ᠎ᠠ ᠵᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠦᠩᠭᠦᠨ᠎ᠤ ᠬᠡᠷᠡᠭᠯᠡᠯᠲᠡ ᠵᠢᠨ ᠬᠢᠨᠠᠯᠲᠠ ᠬᠠᠮᠢᠶᠠᠷᠣᠯᠳᠡ ᠵᠢᠨ ᠠᠷᠭ᠎ᠠ》
ᠬᠦᠨᠳᠦ ᠣᠨᠴᠠ ᠶᠡᠬᠡ ᠡᠪᠡᠳᠴᠢᠨ᠎ᠤ ᠡᠮᠴᠢᠯᠡᠭᠡ ᠵᠢᠨ ᠪᠠᠳᠤᠯᠠᠭ᠎ᠠ ᠪᠠ ᠠᠪᠤᠷᠠᠨ ᠲᠤᠰᠠᠯᠠᠬᠤ ᠳᠦᠷᠢᠮ᠎ᠤᠨ ᠪᠦᠷᠢᠨᠰᠢᠭᠦᠯᠬᠦ ᠲᠤᠬᠠᠶ ᠲᠥᠷᠥ ᠵᠢᠨ ᠶᠠᠪᠤᠳᠠᠯ᠎ᠤᠨ ᠬᠣᠷᠢᠶᠠᠨ᠎ᠤ ᠲᠤᠬᠠᠶ ᠰᠠᠨᠠᠯ
 
            