《ᠣᠷᠳᠣ ᠬᠤᠭᠤᠴᠠᠭ᠋ᠠᠨ᠎ᠪᠠᠷ ᠰᠤᠪᠢᠯᠠᠯᠲᠠ ᠵᠢᠨ ᠴᠢᠳᠠᠪᠤᠷᠢ ᠠᠯᠳᠠᠭᠰᠠᠳ᠎ᠤᠨ ᠲᠡᠰ ᠦᠨᠡᠯᠡᠨ ᠵᠢᠱ᠌ᠢᠬᠦ ᠪᠠᠷᠢᠮᠵᠢᠶ᠎ᠠ (ᠲᠤᠷᠰᠢᠨ ᠬᠡᠷᠡᠭᠵᠢᠭᠦᠯᠬᠦ)》 ᠵᠢ ᠳᠠᠷᠤᠮᠠᠯᠯᠠᠨ ᠲᠠᠷᠬᠠᠭ᠋ᠠᠬᠤ ᠲᠤᠬᠠᠢ ᠤᠯᠤᠰ᠎ᠤᠨ ᠡᠮᠴᠢᠯᠡᠭᠡ ᠵᠢᠨ ᠪᠠᠳᠤᠯᠠᠭ᠎ᠠ ᠵᠢᠨ ᠲᠣᠪᠴᠢᠶ᠎ᠠ ᠵᠢᠨ ᠠᠯᠪᠠᠨ ᠬᠡᠷ ᠠᠷᠠᠳ᠎ᠤᠨ ᠶᠠᠪᠤᠳᠠᠯ᠎ᠤᠨ ᠶᠠᠮᠤᠨ᠎ᠤ ᠠᠯᠪᠠᠨ ᠲᠢᠩᠬᠢᠮ ᠤᠨ ᠮᠡᠳᠡᠭᠳᠡᠯ
ᠡᠮᠴᠢᠯᠡᠭᠡ ᠪᠠᠳᠤᠯᠠᠭ᠎ᠠ ᠠᠯᠪᠠᠨ ᠲᠠᠷᠬᠠᠭ᠋ᠠᠭᠰᠠᠨ [2021] 37 ᠳ᠋ᠤᠭ᠋ᠠᠷ ᠲᠣᠭ᠋ᠠᠲᠤ
ᠬᠣᠯᠪᠣᠭᠳᠠᠯ ᠪᠥᠬᠥᠶ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠴᠢ ᠰᠢᠨᠵᠢᠶᠠᠩ᠎ᠤᠨ ᠦᠢ᠍ᠯᠡᠳᠪᠦᠷᠢᠯᠡᠯ ᠪᠥᠲᠥᠭᠡᠨ ᠪᠠᠶ᠋ᠢᠭᠤᠯᠤᠯᠲᠠ ᠵᠢᠨ ᠪᠢᠩᠲ᠋ᠤᠸᠠᠨ᠎ᠤ ᠡᠮᠴᠢᠯᠡᠭᠡ ᠵᠢᠨ ᠪᠠᠳᠤᠯᠠᠭ᠎ᠠ ᠵᠢᠨ ᠲᠣᠪᠴᠢᠶ᠎ᠠ᠂ ᠠᠷᠠᠳ᠎ᠤᠨ ᠶᠠᠪᠤᠳᠠᠯ᠎ᠤᠨ ᠲᠢᠩᠬᠢᠮ (ᠲᠣᠪᠴᠢᠶ᠎ᠠ)᠎ᠳᠤ᠄
《ᠣᠷᠳᠣ ᠬᠤᠭᠤᠴᠠᠭ᠋ᠠᠨ᠎ᠪᠠᠷ ᠰᠤᠪᠢᠯᠠᠯᠲᠠ ᠵᠢᠨ ᠳᠠᠭ᠋ᠠᠳᠬᠠᠯ᠎ᠤᠨ ᠲᠦᠷᠢᠮ᠎ᠤᠨ ᠲᠤᠷᠰᠢᠯᠲᠠ ᠵᠢ ᠥᠷᠭᠡᠳᠬᠡᠬᠦ ᠲᠤᠬᠠᠶ ᠤᠯᠤᠰ᠎ᠤᠨ ᠡᠮᠴᠢᠯᠡᠭᠡ ᠵᠢᠨ ᠪᠠᠳᠤᠯᠠᠭ᠎ᠠ ᠵᠢᠨ ᠲᠣᠪᠴᠢᠶ᠎ᠠ ᠡᠳ᠋᠎ᠤᠨ ᠵᠠᠰᠠᠭ᠎ᠤᠨ ᠶᠠᠮᠤᠨ᠎ᠤ ᠵᠢᠯᠣᠭᠣᠳᠬᠤ ᠰᠠᠨᠠᠯ》 ( ᠡᠮᠴᠢᠯᠡᠭᠡ ᠪᠠᠳᠤᠯᠠᠭ᠎ᠠ ᠲᠠᠷᠬᠠᠭ᠋ᠠᠭᠰᠠᠨ [2020] 37 ᠳ᠋ᠤᠭ᠋ᠠᠷ ᠲᠣᠭ᠋ᠠᠲᠤ᠂ ᠳᠣᠷᠣᠭᠰᠢ 《37 ᠳ᠋ᠤᠭ᠋ᠠᠷ ᠲᠣᠭ᠋ᠠᠲᠤ ᠪᠢᠴᠢᠭ ᠮᠠᠲ᠋ᠧᠷᠢᠶᠠᠯ》 ᠭᠡᠵᠦ ᠲᠣᠪᠴᠢᠯᠠᠨ᠎ᠠ)᠎ᠢ ᠲᠤᠤᠱᠯᠠᠭᠤᠯᠤᠨ ᠨᠠᠶ᠋ᠢᠳᠠᠪᠤᠷᠢᠵᠢᠭᠤᠯᠬᠤ ᠵᠢᠨ ᠲᠥᠯᠥᠭᠡ᠂ ᠣᠷᠳᠣ ᠬᠤᠭᠤᠴᠠᠭ᠋ᠠᠨ᠎ᠤ ᠰᠤᠪᠢᠯᠠᠯᠲᠠ ᠵᠢᠨ ᠳᠠᠭ᠋ᠠᠳᠬᠠᠯ᠎ᠤᠨ ᠲᠦᠷᠢᠮ᠎ᠤᠨ ᠲᠤᠷᠰᠢᠯᠲᠠ ᠵᠢ ᠯᠠᠪᠳᠠᠭᠤᠨ ᠵᠶ᠋ᠠᠷ ᠠᠬᠢᠭᠤᠯᠵᠤ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠰᠢᠰᠲ᠋ᠧᠮᠵᠢ ᠵᠢᠨ ᠪᠠᠶ᠋ᠢᠭᠤᠯᠤᠯᠲᠠ ᠵᠢ ᠬᠠᠮᠵᠢᠯᠴᠠᠨ ᠠᠬᠢᠭᠤᠯᠵᠤ᠂ ᠤᠯᠤᠰ᠎ᠤᠨ ᠡᠮᠴᠢᠯᠡᠭᠡ ᠵᠢᠨ ᠪᠠᠳᠤᠯᠠᠭ᠎ᠠ ᠵᠢᠨ ᠲᠣᠪᠴᠢᠶ᠎ᠠ᠎ᠨᠢ ᠠᠷᠠᠳ᠎ᠤᠨ ᠶᠠᠪᠤᠳᠠᠯ᠎ᠤᠨ ᠶᠠᠮᠤᠨ᠎ᠲᠠᠢ ᠬᠠᠮᠲᠤᠷᠠᠨ 《ᠣᠷᠳᠣ ᠬᠤᠭᠤᠴᠠᠭ᠋ᠠᠨ᠎ᠪᠠᠷ ᠰᠤᠪᠢᠯᠠᠯᠲᠠ ᠵᠢᠨ ᠴᠢᠳᠠᠪᠤᠷᠢ᠎ᠪᠠᠨ ᠠᠯᠳᠠᠭᠰᠠᠳ᠎ᠤᠨ ᠲᠠᠰ ᠦᠨᠡᠯᠡᠨ ᠵᠢᠱ᠌ᠢᠬᠦ ᠪᠠᠷᠢᠮᠵᠢᠶ᠎ᠠ (ᠲᠤᠷᠰᠢᠨ ᠬᠡᠷᠡᠭᠵᠢᠭᠦᠯᠬᠦ)》 (ᠳᠣᠷᠣᠭᠰᠢ 《ᠦᠨᠡᠯᠡᠨ ᠵᠢᠱ᠌ᠢᠬᠦ ᠪᠠᠷᠢᠮᠵᠢᠶ᠎ᠠ (ᠲᠤᠷᠰᠢᠨ ᠬᠡᠷᠡᠭᠵᠢᠭᠦᠯᠬᠦ)》 ᠭᠡᠵᠦ ᠲᠣᠪᠴᠢᠯᠠᠨ᠎ᠠ) ᠵᠢ ᠲᠤᠭᠤᠷᠪᠢᠵᠤ᠂ ᠡᠳᠦᠭᠡ ᠲᠠᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠱᠠᠭ᠋ᠠᠷᠳᠠᠯᠭ᠎ᠠ ᠶᠣᠰᠣᠭ᠋ᠠᠷ ᠣᠷᠳᠣ ᠬᠤᠭᠤᠴᠠᠭ᠋ᠠᠨ᠎ᠪᠠᠷ ᠰᠤᠪᠢᠯᠠᠯᠲᠠ ᠵᠢᠨ ᠳᠠᠭ᠋ᠠᠳᠬᠠᠯ᠎ᠤᠨ ᠲᠦᠷᠢᠮ᠎ᠤᠨ ᠲᠤᠷᠰᠢᠯᠲᠠ ᠵᠢᠨ ᠬᠣᠲᠠ ᠵᠢᠨ ᠲᠤᠷᠰᠢᠨ ᠬᠡᠷᠡᠭᠵᠢᠭᠦᠯᠬᠦ ᠠᠵᠢᠯ᠎ᠢ ᠰᠠᠶ᠋ᠢᠲᠤᠷ ᠬᠢᠬᠦ ᠳᠤ ᠵᠢᠯᠤᠭᠤᠳᠤᠯᠭ᠎ᠠ ᠪᠤᠯᠭ᠋ᠠᠪᠠ᠃
ᠡᠯ᠎ᠡ ᠲᠤᠷᠰᠢᠯᠲᠠ ᠵᠢᠨ ᠴᠢᠭ᠎ᠤᠨ ᠭᠠᠵᠠᠷ ᠣᠷᠣᠨ᠎ᠨᠤᠭᠤᠳ ᠪᠠᠷᠢᠮᠵᠢᠶ᠎ᠠ ᠵᠢᠨ ᠨᠢᠭᠡᠳᠦᠯᠲᠦ ᠴᠢᠨᠠᠷ᠂ ᠣᠯᠭᠣᠮᠵᠢ ᠵᠢᠨ ᠲᠡᠩᠴᠡᠭᠦᠷᠢᠲᠦ ᠴᠢᠨᠠᠷ᠂ ᠲᠦᠷᠢᠮ᠎ᠤᠨ ᠲᠥᠪ ᠭᠣᠤᠯᠴᠢ ᠴᠢᠨᠠᠷ᠎ᠢ ᠠᠬᠢᠭᠤᠯᠬᠤ ᠲᠠᠯ᠎ᠠ᠎ᠪᠠᠷ ᠣᠷᠳᠣ ᠬᠤᠭᠤᠴᠠᠭ᠋ᠠᠨ᠎ᠪᠠᠷ ᠰᠤᠪᠢᠯᠠᠯᠲᠠ ᠵᠢᠨ ᠴᠢᠳᠠᠪᠤᠷᠢ᠎ᠪᠠᠨ ᠠᠯᠳᠠᠭᠰᠠᠳ᠎ᠤᠨ ᠳᠡᠰ ᠦᠨᠡᠯᠡᠨ ᠵᠢᠱ᠌ᠢᠬᠦ ᠠᠵᠢᠯ᠎ᠢ ᠨᠢᠭᠡᠳᠦᠯᠲᠡᠶ ᠵᠢᠷᠤᠮᠵᠢᠭᠤᠯᠬᠤ ᠵᠢᠨ ᠴᠢᠬᠤᠯᠠ ᠴᠢᠨᠠᠷ᠎ᠢ ᠭᠦᠢ᠍ᠴᠡᠳ ᠲᠠᠨᠢᠵᠤ᠂ 《ᠦᠨᠡᠯᠡᠨ ᠵᠢᠱ᠌ᠢᠬᠦ ᠪᠠᠷᠢᠮᠵᠢᠶ᠎ᠠ (ᠲᠤᠷᠰᠢᠨ ᠬᠡᠷᠡᠭᠵᠢᠭᠦᠯᠬᠦ)》 ᠵᠢ ᠬᠡᠷᠡᠭᠵᠢᠭᠦᠯᠬᠦ ᠵᠢ ᠴᠢᠩᠭ᠋ᠠᠳᠬᠠᠬᠤ ᠬᠡᠷᠡᠭᠲᠡᠶ᠃ 37 ᠳ᠋ᠤᠭ᠋ᠠᠷ ᠲᠣᠭ᠋ᠠᠲᠤ ᠪᠢᠴᠢᠭ ᠮᠠᠲ᠋ᠧᠷᠢᠶᠠᠯ᠎ᠳᠤ ᠲᠣᠳᠣᠷᠬᠠᠶ᠋ᠢᠯᠠᠭᠰᠠᠨ ᠰᠢᠨ᠎ᠡ᠎ᠪᠠᠷ ᠨᠡᠮᠡᠭᠳᠡᠭᠰᠡᠨ 14 ᠲᠤᠷᠰᠢᠯᠲᠠ ᠵᠢᠨ ᠴᠢᠭ ᠪᠣᠯᠬᠤ ᠬᠣᠲᠠ᠎ᠳᠤ 《ᠦᠨᠡᠯᠡᠨ ᠵᠢᠱ᠌ᠢᠬᠦ ᠪᠠᠷᠢᠮᠵᠢᠶ᠎ᠠ (ᠲᠤᠷᠰᠢᠨ ᠬᠡᠷᠡᠭᠵᠢᠭᠦᠯᠬᠦ)》 ᠵᠢ ᠯᠠᠪᠯᠠᠯᠲᠠ ᠪᠣᠯᠭ᠋ᠠᠨ ᠬᠡᠷᠡᠭᠵᠢᠭᠦᠯᠵᠦ᠂ ᠤᠤᠯ᠎ᠤᠨ ᠲᠤᠷᠰᠢᠯᠲᠠ ᠵᠢᠨ ᠴᠢᠭ ᠪᠣᠯᠬᠤ ᠬᠣᠲᠠ᠎ᠳᠤ ᠣᠷᠣᠨ ᠨᠤᠲᠤᠭ᠎ᠤᠨ ᠪᠠᠷᠢᠮᠵᠢᠶ᠎ᠠ᠎ᠪᠠᠷ ᠯᠠᠪᠯᠠᠯᠲᠠ ᠪᠣᠯᠭ᠋ᠠᠨ ᠲᠡᠭᠦᠯᠳᠡᠷᠵᠢᠭᠦᠯᠵᠦ᠂ ᠵᠠᠷᠴᠢᠮ ᠳᠡᠭᠡᠷ᠎ᠡ᠎ᠪᠠᠨ ᠲᠣᠰ ᠮᠡᠳᠡᠭᠳᠡᠯ᠎ᠢ ᠳᠠᠷᠤᠮᠠᠯᠯᠠᠨ ᠲᠠᠷᠬᠠᠭ᠋ᠠᠭᠰᠠᠨ ᠡᠳᠦᠷ᠎ᠠᠴᠠ ᠡᠬᠢᠯᠡᠨ ᠬᠣᠶᠠᠷ ᠵᠢᠯ᠎ᠤᠨ ᠳᠣᠲᠣᠷ᠎ᠠ 《ᠦᠨᠡᠯᠡᠨ ᠵᠢᠱ᠌ᠢᠬᠦ ᠪᠠᠷᠢᠮᠵᠢᠶ᠎ᠠ (ᠲᠤᠷᠰᠢᠨ ᠬᠡᠷᠡᠭᠵᠢᠭᠦᠯᠬᠦ)》 ᠳᠡᠭᠡᠷ᠎ᠡ ᠨᠢᠭᠡᠳᠬᠡᠨ᠎ᠡ᠃ ᠲᠤᠷᠰᠢᠯᠲᠠ ᠵᠢᠨ ᠴᠢᠭ ᠪᠣᠯᠬᠤ ᠬᠣᠲᠠ᠎ᠨᠢ ᠲᠤᠷᠰᠢᠯᠲᠠ ᠵᠢᠨ ᠴᠢᠭ᠎ᠤᠨ ᠪᠣᠳᠠᠲᠤ ᠪᠠᠶ᠋ᠢᠳᠠᠯ ᠵᠶ᠋ᠠᠨ ᠦᠨᠳᠦᠰᠦᠯᠡᠨ᠂ 《ᠦᠨᠡᠯᠡᠨ ᠵᠢᠱ᠌ᠢᠬᠦ ᠪᠠᠷᠢᠮᠵᠢᠶ᠎ᠠ
(ᠲᠤᠷᠰᠢᠨ ᠬᠡᠷᠡᠭᠵᠢᠭᠦᠯᠬᠦ)》 ᠵᠢ ᠨᠠᠷᠢᠯᠢᠬ᠍ᠵᠢᠭᠤᠯᠤᠨ ᠲᠡᠭᠦᠯᠳᠡᠷᠵᠢᠭᠦᠯᠵᠦ ᠪᠣᠯᠤᠨ᠎ᠠ᠃
ᠲᠤᠷᠰᠢᠯᠲᠠ ᠵᠢᠨ ᠭᠠᠵᠠᠷ ᠣᠷᠣᠨ᠎ᠤ ᠡᠯ᠎ᠡ ᠱᠠᠲᠤᠨ᠎ᠤ ᠡᠮᠴᠢᠯᠡᠭᠡᠨ᠎ᠤ ᠪᠠᠳᠤᠯᠠᠭ᠎ᠠ ᠵᠢᠨ ᠰᠠᠯᠠᠭ᠎ᠠ ᠮᠥᠴᠢᠷ ᠪᠣᠯᠤᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠳ ᠬᠠᠮᠵᠢᠯᠴᠠᠬᠤ ᠲᠣᠭᠲᠠᠴᠠ ᠵᠢ ᠪᠠᠶ᠋ᠢᠭᠤᠯᠵᠤ᠂ ᠵᠣᠬᠢᠴᠠᠭᠤᠯᠤᠨ ᠬᠠᠮᠵᠢᠯᠴᠠᠬᠤ᠎ᠪᠠᠨ ᠴᠢᠩᠭ᠋ᠠᠳᠬᠠᠬᠤ ᠦᠨᠡᠯᠡᠨ ᠵᠢᠱ᠌ᠢᠭᠰᠡᠨ ᠦᠷ᠎ᠡ ᠳ᠋ᠦᠩ᠎ᠢ ᠰᠠᠯᠠᠭ᠎ᠠ ᠮᠥᠴᠢᠷ ᠠᠯᠤᠰᠯᠠᠨ ᠬᠠᠷᠢᠯᠴᠠᠨ ᠮᠡᠳᠡᠷᠡᠬᠦ ᠲᠣᠭᠲᠠᠴᠠ ᠵᠢ ᠰᠦᠪᠡᠭᠴᠢᠯᠡᠨ ᠪᠠᠶ᠋ᠢᠭᠤᠯᠵᠤ᠂ ᠡᠮᠴᠢᠯᠡᠭᠡᠨ᠎ᠤ ᠪᠠᠳᠤᠯᠠᠭ᠎ᠠ ᠵᠢᠨ ᠰᠠᠯᠠᠭ᠎ᠠ ᠮᠥᠴᠢᠷ᠎ᠤᠨ ᠦᠨᠡᠯᠡᠨ ᠵᠢᠱ᠌ᠢᠭᠰᠡᠨ ᠣᠷᠳᠣ ᠬᠤᠭᠤᠴᠠᠭ᠋ᠠᠨ᠎ᠤ ᠰᠤᠪᠢᠯᠠᠯᠲᠠ ᠵᠢᠨ ᠳᠠᠭ᠋ᠠᠳᠬᠠᠯ᠎ᠤᠨ ᠣᠯᠭᠣᠮᠵᠢ ᠭᠥᠷᠳᠡᠬᠦ ᠨᠥᠬᠥᠴᠡᠯ᠎ᠳᠤ ᠨᠡᠶ᠋ᠢᠴᠡᠬᠦ ᠴᠢᠳᠠᠪᠤᠷᠢ᠎ᠪᠠᠨ ᠠᠯᠳᠠᠭᠰᠠᠨ ᠨᠠᠰᠤᠲᠠᠶ᠋ᠢᠴᠤᠳ᠎ᠲᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠠᠴᠠ ᠰᠤᠪᠢᠯᠠᠯᠲᠠ ᠵᠢᠨ ᠨᠥᠬᠥᠪᠥᠷᠢ ᠥᠭᠬᠦ᠂ ᠨᠠᠰᠤᠵᠢᠯ᠎ᠤᠨ ᠠᠰᠠᠷᠠᠮᠵᠢ ᠵᠢᠨ ᠪᠠᠶ᠋ᠢᠭᠤᠯᠤᠮᠵᠢ ᠵᠢ ᠵᠢᠯᠣᠭᠣᠳᠤᠨ ᠡᠮᠨᠡᠯᠭᠡ᠎ᠳᠤ ᠣᠷᠣᠬᠤ ᠵᠢ ᠦᠨᠡᠯᠡᠨ ᠵᠢᠱ᠌ᠢᠬᠦ ᠠᠵᠢᠯ ᠥᠷᠨᠢᠭᠦᠯᠬᠦ᠎ᠳᠡᠭᠡᠨ᠂ ᠡᠮᠴᠢᠯᠡᠭᠡᠨ᠎ᠤ ᠪᠠᠳᠤᠯᠠᠭ᠎ᠠ ᠵᠢᠨ ᠰᠠᠯᠠᠭ᠎ᠠ ᠮᠥᠴᠢᠷ᠎ᠤᠨ ᠦᠨᠡᠯᠡᠨ ᠲᠣᠭᠲᠠᠭ᠋ᠠᠭᠰᠠᠨ ᠦᠷ᠎ᠡ ᠳ᠋ᠦᠩ᠎ᠢ ᠢᠲᠡᠭᠡᠮᠵᠢ᠎ᠲᠠᠢ ᠪᠣᠯᠭ᠋ᠠᠬᠤ ᠵᠢ ᠬᠠᠶ᠋ᠢᠨ ᠰᠦᠪᠡᠭᠴᠢᠯᠡᠨ᠎ᠡ᠃ ᠦᠨᠡᠯᠡᠨ ᠵᠢᠱ᠌ᠢᠭᠰᠡᠨ ᠲᠣᠭ᠎ᠠ ᠪᠠᠷᠢᠮᠲᠠ ᠵᠢ ᠬᠠᠮᠲᠤ᠎ᠪᠠᠷ ᠭᠥᠷᠳᠡᠬᠦ ᠲᠣᠭᠲᠠᠴᠠ ᠵᠢ ᠰᠦᠪᠡᠭᠴᠢᠯᠡᠨ ᠪᠠᠶ᠋ᠢᠭᠤᠯᠵᠤ᠂ ᠦᠨᠡᠯᠡᠨ ᠵᠢᠱ᠌ᠢᠭᠳᠡᠬᠦ ᠡᠲᠡᠭᠡᠳ᠎ᠤᠨ ᠬᠤᠪᠢ ᠬᠥᠮᠦᠨ᠎ᠤ ᠮᠡᠳᠡᠭᠡ ᠵᠠᠩᠭᠢ ᠵᠡᠷᠭᠡ ᠲᠣᠭ᠎ᠠ ᠪᠠᠷᠢᠮᠲᠠ ᠵᠢᠨ ᠠᠮᠤᠷ ᠲᠦᠪᠰᠢᠨ᠎ᠢ ᠦᠨᠡᠨᠬᠦ ᠪᠠᠲᠤᠯᠠᠭᠰᠠᠨ ᠤᠷᠢᠲᠠᠯ ᠳᠣᠤᠷ᠎ᠠ᠂ ᠲᠣᠭᠲᠠᠮᠠᠯ ᠬᠤᠭᠤᠴᠠᠭ᠎ᠠ᠎ᠲᠠᠢ᠎ᠪᠠᠷ ᠨᠡᠪᠲᠡᠷᠡᠯᠴᠡᠨ ᠳᠣᠭᠢᠷᠠᠭᠤᠯᠵᠤ᠂ ᠦᠨᠡᠯᠡᠨ ᠵᠢᠱ᠌ᠢᠭᠰᠡᠨ ᠲᠣᠭ᠎ᠠ ᠪᠠᠷᠢᠮᠲᠠ ᠵᠢ ᠬᠠᠮᠲᠤ᠎ᠪᠠᠷ ᠭᠥᠷᠳᠡᠬᠦ ᠵᠢ ᠪᠡᠶᠡᠯᠡᠭᠦᠯᠦᠨ᠎ᠡ᠃ ᠦᠨᠡᠯᠡᠨ ᠵᠢᠱ᠌ᠢᠭᠰᠡᠨ ᠦᠷ᠎ᠡ ᠪᠦᠲᠦᠮᠵᠢ ᠵᠢ ᠦᠨᠡᠯᠡᠬᠦ ᠲᠣᠭᠲᠠᠴᠠ ᠵᠢ ᠬᠠᠮᠵᠢᠯᠴᠠᠨ ᠰᠦᠪᠡᠭᠴᠢᠯᠡᠨ ᠪᠠᠶ᠋ᠢᠭᠤᠯᠵᠤ᠂ ᠰᠢᠨ᠎ᠡ ᠪᠠᠶ᠋ᠢᠳᠠᠯ ᠰᠢᠨ᠎ᠡ ᠠᠰᠠᠭᠤᠳᠠᠯ᠎ᠢ ᠰᠤᠳᠤᠯᠤᠨ᠂ ᠰᠠᠶ᠋ᠢᠨ ᠲᠤᠷᠰᠢᠯᠭ᠎ᠠ ᠰᠠᠶ᠋ᠢᠨ ᠠᠷᠭ᠎ᠠ ᠬᠢᠳᠡᠯ᠎ᠢ ᠳ᠋ᠦᠩᠨᠡᠵᠦ᠂ ᠦᠨᠡᠯᠡᠨ ᠵᠢᠱ᠌ᠢᠬᠦ ᠶᠠᠪᠤᠴᠠ᠎ᠳᠤ ᠲᠤᠯᠭ᠋ᠠᠷᠠᠭᠰᠠᠨ ᠬᠦᠴᠢᠷᠳᠡᠯ ᠪᠠ ᠠᠰᠠᠭᠤᠳᠠᠯ᠎ᠢ ᠴᠠᠭ ᠲᠤᠬᠠᠶ᠎ᠳᠤᠨᠢ ᠬᠠᠷᠢᠭᠤ ᠲᠤᠰᠬᠠᠬᠤ ᠬᠡᠷᠡᠭᠲᠡᠶ᠃
ᠣᠨᠴᠠᠭ᠋ᠠᠶ᠋ᠢᠯᠠᠨ ᠮᠡᠳᠡᠭᠳᠡᠪᠡ᠃
ᠤᠯᠤᠰ᠎ᠤᠨ ᠡᠮᠴᠢᠯᠡᠭᠡᠨ᠎ᠤ ᠪᠠᠳᠤᠯᠠᠭ᠎ᠠ ᠵᠢᠨ ᠲᠣᠪᠴᠢᠶ᠎ᠠ ᠵᠢᠨ ᠠᠯᠪᠠᠨ ᠬᠡᠷ
ᠠᠷᠠᠳ᠎ᠤᠨ ᠶᠠᠪᠤᠳᠠᠯ᠎ᠤᠨ ᠶᠠᠮᠤᠨ᠎ᠤ ᠠᠯᠪᠠᠨ ᠲᠢᠩᠬᠢᠮ
2021 ᠣᠨ᠎ᠤ 7 ᠳ᠋ᠤᠭ᠋ᠠᠷ ᠰᠠᠷ᠎ᠠ ᠵᠢᠨ 16᠎ᠤ ᠡᠳᠦᠷ