ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠪᠢᠴᠢᠭ ᠮᠠᠲ᠋ᠧᠷᠢᠶᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠨ ᠡᠮᠴᠢᠯᠡᠭᠡ ᠵᠢᠨ ᠳᠠᠭ᠋ᠠᠳᠬᠠᠯ᠎ᠤᠨ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠤᠨ ᠲᠣᠭ᠋ᠠᠴᠠᠭ᠎ᠠ ᠬᠢᠬᠦ ᠪᠠᠷᠢᠮᠵᠢᠶ᠎ᠠ ᠵᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ
ᠨᠡᠶ᠋ᠢᠲᠡᠯᠡᠭᠰᠡᠨ ᠴᠠᠭ᠄ 2021-09-07

      ᠡᠯ᠎ᠡ ᠠᠶ᠋ᠢᠮᠠᠭ ᠬᠣᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠂ ᠮᠠᠨᠵᠤᠤᠷ ᠬᠣᠲᠠ᠂ ᠡᠷᠢᠶᠡᠨ ᠬᠣᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠳᠠᠭ᠋ᠠᠳᠬᠠᠯ᠎ᠤᠨ ᠦᠢ᠍ᠯᠡᠴᠢᠯᠡᠭᠡᠨ᠎ᠤ ᠲᠥᠪ᠎ᠲᠤ᠄
      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ 《ᠡᠮᠴᠢᠯᠡᠭᠡᠨ᠎ᠤ ᠪᠠᠲᠤᠯᠠᠭ᠎ᠠ ᠵᠢᠨ ᠲᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠲᠤᠬᠠᠶ ᠬᠡᠷᠡᠭᠵᠢᠭᠦᠯᠬᠦ ᠰᠠᠨᠠᠯ》 (ᠥᠪᠥᠷ ᠨᠠᠮ ᠲᠠᠷᠬᠠᠭ᠋ᠠᠭᠰᠠᠨ [2020] 27 ᠳ᠋ᠤᠭ᠋ᠠᠷ ᠲᠣᠭ᠋ᠠᠲᠤ)᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ 《ᠥᠪᠡᠷᠲᠡᠭᠡᠨ ᠵᠠᠰᠠᠬᠤ ᠣᠷᠣᠨ᠎ᠤ ᠥᠨᠳᠥᠷ ᠥᠷᠲᠡᠭᠲᠦ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠴᠡᠭᠴᠡᠯᠡᠨ ᠵᠠᠰᠠᠬᠤ ᠥᠭᠡᠷᠡᠴᠢᠯᠡᠯᠲᠡ ᠵᠢᠨ ᠬᠡᠷᠡᠭᠵᠢᠭᠦᠯᠬᠦ ᠲᠥᠰᠦᠯ》 (ᠥᠪᠥᠷ ᠵᠠᠰᠠᠭ ᠠᠯᠪᠠᠨ ᠲᠠᠷᠬᠠᠭ᠋ᠠᠭᠰᠠᠨ [2020]  6 ᠳ᠋ᠤᠭ᠋ᠠᠷ ᠲᠣᠭ᠋ᠠᠲᠤ)᠎ᠤᠨ ᠵᠣᠷᠢᠭ ᠰᠠᠨᠠᠭ᠎ᠠ ᠵᠢ ᠨᠠᠢ᠌ᠳᠠᠪᠦᠷᠢᠵᠢᠭᠤᠯᠵᠦ᠂ ᠪᠥᠬᠥ ᠣᠷᠣᠨ᠎ᠤ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠤᠨ ᠲᠣᠭ᠋ᠠᠴᠠᠭ᠎ᠠ ᠬᠢᠬᠦ ᠬᠠᠮᠢᠶᠠᠷᠤᠯᠲᠠ ᠵᠢ ᠤᠯᠠᠮ ᠨᠢᠭᠡ ᠠᠯᠬᠤᠮ ᠵᠢᠷᠤᠮᠵᠢᠭᠤᠯᠵᠤ᠂ ᠠᠷᠠᠳ ᠣᠯᠠᠨ᠎ᠤ ᠡᠷᠡᠭᠦᠯ ᠮᠡᠨᠳᠦ ᠵᠢᠨ ᠡᠷᠬᠡ ᠠᠰᠢᠭ᠎ᠢ ᠬᠠᠮᠠᠭ᠋ᠠᠯᠠᠨ᠂ ᠰᠠᠭᠤᠷᠢ ᠮᠥᠩᠭᠥ ᠵᠢᠨ ᠬᠡᠷᠡᠭᠯᠡᠯᠲᠡ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠤᠨ ᠪᠣᠳᠠᠲᠠᠶ ᠬᠡᠷᠡᠭᠯᠡᠯᠲᠡ ᠵᠢᠨ ᠪᠠᠶ᠋ᠢᠳᠠᠯ᠎ᠲᠠᠢ ᠤᠶᠠᠯᠳᠤᠭᠤᠯᠤᠨ᠂ ᠡᠳᠦᠭᠡ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠤᠨ ᠲᠣᠭ᠋ᠠᠴᠠᠭ᠎ᠠ ᠬᠢᠬᠦ ᠪᠠᠷᠢᠮᠵᠢᠶ᠎ᠠ ᠵᠢ ᠲᠠᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠵᠢᠷᠤᠮᠯᠠᠨ ᠬᠡᠷᠡᠭᠵᠢᠭᠦᠯᠲᠦᠭᠡᠶ᠃
      ᠨᠢᠭᠡ᠂ ᠬᠡᠷᠡᠭᠯᠡᠬᠦ ᠬᠡᠪᠴᠢᠶ᠎ᠡ
      ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ ᠭᠡᠳᠡᠭ᠎ᠨᠢ ᠡᠮ ᠲᠠᠩ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ ᠵᠶ᠋ᠠᠷ ᠵᠥᠪᠰᠢᠶᠡᠷᠡᠭᠦᠯᠦᠭᠡᠳ ᠵᠠᠬ᠎ᠠ ᠳᠡᠯᠭᠡᠭᠦᠷ᠎ᠲᠤ ᠭᠠᠷᠭ᠋ᠠᠨ ᠪᠣᠷᠣᠯᠠᠭᠤᠯᠵᠤ᠂ ᠤᠯᠤᠰ᠎ᠤᠨ ᠡᠮᠴᠢᠯᠡᠭᠡᠨ᠎ᠤ ᠳᠠᠭ᠋ᠠᠳᠬᠠᠯ᠎ᠤᠨ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠤᠨ ᠲᠥᠷᠥᠯ ᠠᠩᠭᠢᠯᠠᠯ ᠪᠠ ᠣᠷᠣᠯᠠᠬᠤ ᠨᠣᠮᠧᠷ᠎ᠢ ᠣᠯᠤᠭᠰᠠᠨ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠦᠢ᠍ᠯᠡᠴᠢᠯᠡᠭᠡᠨ᠎ᠤ ᠲᠥᠷᠥᠯ ᠵᠦᠢ᠍ᠯ᠎ᠤᠨ ᠵᠢᠷᠤᠮᠵᠢᠯ ᠪᠠ ᠦᠨ᠎ᠡ ᠬᠠᠩᠰᠢ (2018 ᠣᠨ᠎ᠤ ᠵᠠᠰᠠᠪᠤᠷᠢ ᠣᠷᠣᠭᠤᠯᠤᠭᠰᠠᠨ ᠬᠡᠪᠯᠡᠯ)》 《ᠪᠤᠰᠤᠳ ᠠᠭᠤᠯᠭ᠎ᠠ》᠎ᠳᠤ ᠵᠢᠭᠰᠠᠭ᠋ᠠᠭᠰᠠᠨ ᠪᠥᠭᠡᠳ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠥ ᠵᠢᠨ ᠲᠣᠭ᠋ᠠᠴᠠᠭ᠎ᠠ ᠬᠢᠬᠦ ᠬᠡᠪᠴᠢᠶᠡᠨ᠎ᠳᠤ ᠣᠷᠣᠭᠤᠯᠤᠭᠰᠠᠨ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠵᠢᠭ᠋ᠠᠵᠤ ᠪᠣᠶ᠃ ᠡᠮᠴᠢᠯᠡᠭᠡᠨ᠎ᠤ ᠦᠢ᠍ᠯᠡᠴᠢᠯᠡᠭᠡᠨ᠎ᠤ ᠲᠥᠷᠥᠯ   ᠵᠦᠢ᠍ᠯ᠎ᠤᠨ ᠵᠢᠷᠤᠮᠵᠢᠯ ᠪᠠ ᠦᠨ᠎ᠡ ᠬᠠᠩᠰᠢ ᠵᠢ ᠰᠢᠨᠡᠳᠬᠡᠬᠦ᠎ᠳᠤ ᠭᠦᠷᠪᠡᠯ᠂ ᠲᠣᠰ ᠮᠡᠳᠡᠭᠳᠡᠯ᠎ᠳᠤ ᠰᠢᠨᠡᠳᠬᠡᠭᠰᠡᠨ᠎ᠤ ᠳᠠᠷᠠᠭ᠋ᠠᠬᠢ ᠬᠡᠪᠯᠡᠯ᠎ᠢ ᠬᠡᠷᠡᠭᠯᠡᠨ᠎ᠡ᠃
      ᠬᠣᠶᠠᠷ᠂   ᠲᠦᠯᠦᠪᠦᠷᠢ ᠥᠭᠬᠦ ᠪᠠᠷᠢᠮᠵᠢᠶ᠎ᠠ
      ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠳᠤ ᠬᠥᠬᠡᠭᠴᠢᠨ ᠲᠥᠷᠥᠯ᠎ᠤᠨ ᠬᠣᠷᠣᠭᠳᠠᠯ ᠮᠠᠲ᠋ᠧᠷᠢᠶᠠᠯ᠎ᠤᠨ ᠬᠠᠮᠢᠶᠠᠷᠤᠯᠲᠠ ᠵᠢ ᠬᠡᠷᠡᠭᠵᠢᠭᠦᠯᠵᠦ᠂ ᠳᠠᠭ᠋ᠠᠳᠬᠠᠯ᠎ᠳᠤ ᠣᠷᠣᠯᠴᠠᠭᠰᠠᠳ᠎ᠤᠨ ᠡᠮᠨᠡᠯᠭᠡ᠎ᠳᠤ ᠰᠠᠭᠤᠬᠤ ᠬᠤᠭᠤᠴᠠᠭ᠋ᠠᠨ᠎ᠳᠤ ᠪᠣᠶ ᠪᠣᠯᠤᠭᠰᠠᠨ ᠲᠥᠷᠥ ᠵᠢᠨ ᠪᠣᠳᠣᠯᠭ᠎ᠠ ᠵᠢᠨ ᠬᠡᠪᠴᠢᠶᠡᠨ᠎ᠳᠠᠬᠢ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠤᠨ ᠵᠠᠷᠤᠳᠠᠯ᠎ᠢ ᠬᠤᠪᠢ ᠬᠥᠮᠦᠨ ᠵᠣᠬᠢᠬᠤ ᠬᠠᠷᠢᠴᠠᠯ ᠵᠶ᠋ᠠᠷ ᠥᠪᠡᠷ ᠵᠶ᠋ᠠᠨ ᠳᠥᠯᠥᠭᠰᠡᠨ᠎ᠤ ᠳᠠᠷᠠᠭ᠎ᠠ᠂ ᠦᠯᠡᠳᠡᠭᠰᠡᠨ ᠬᠡᠰᠡᠭ᠎ᠢ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠥ ᠵᠢᠨ ᠳᠥᠯᠥᠬᠦ ᠬᠡᠪᠴᠢᠶᠡᠨ᠎ᠳᠤ ᠣᠷᠣᠭᠤᠯᠵᠤ᠂ ᠡᠯ᠎ᠡ ᠨᠢᠭᠡᠳᠦᠯᠲᠡᠶ ᠲᠥᠯᠥᠪᠯᠡᠬᠦ ᠲᠣᠭᠣᠷᠢᠭ᠎ᠤᠨ ᠡᠮᠨᠡᠯᠭᠡ᠎ᠳᠤ ᠰᠠᠭᠤᠬᠤ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢᠨ ᠶᠣᠰᠣᠭ᠋ᠠᠷ ᠳᠥᠯᠥᠨ᠎ᠡ᠃
     (ᠨᠢᠭᠡ) ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡ ᠵᠢᠨ ᠳᠠᠭ᠋ᠠᠳᠬᠠᠯ᠎ᠳᠤ ᠳᠣᠤᠷ᠎ᠠ ᠳᠤᠷᠠᠳᠤᠭᠰᠠᠨ ᠥᠪᠡᠷᠲᠡᠭᠡᠨ ᠳᠥᠯᠥᠬᠦ ᠬᠠᠷᠢᠴᠠᠯ᠎ᠢ ᠬᠡᠷᠡᠭᠵᠢᠭᠦᠯᠦᠨ᠎ᠡ᠃ ᠲᠠᠩ ᠦᠢ᠍ᠯᠡᠳᠭᠦᠨ᠎ᠤ ᠬᠣᠷᠣᠭᠳᠠᠯ ᠮᠠᠲ᠋ᠧᠷᠢᠶᠠᠯ᠎ᠤᠨ ᠦᠨ᠎ᠡ᠎ᠨᠢ 500 ᠲᠥᠭᠥᠷᠢᠭ ᠵᠢᠴᠢ ᠲᠡᠭᠦᠨ᠎ᠠᠴᠠ ᠳᠣᠷᠣᠭᠰᠢᠬᠢ ᠵᠢ ᠬᠤᠪᠢ ᠬᠥᠮᠦᠨ ᠥᠪᠡᠷ ᠵᠶ᠋ᠠᠨ 10%᠎ᠪᠠᠷ ᠳᠥᠯᠥᠨ᠎ᠡ; 500 ᠲᠥᠭᠥᠷᠢᠭ᠎ᠠᠴᠠ ᠳᠡᠭᠡᠭᠰᠢ 100000 ᠲᠥᠭᠥᠷᠢᠭ ᠵᠢᠴᠢ ᠲᠡᠭᠦᠨ᠎ᠠᠴᠠ ᠳᠣᠷᠣᠭᠰᠢᠬᠢ ᠵᠢ ᠬᠤᠪᠢ ᠬᠥᠮᠦᠨ ᠥᠪᠡᠷ ᠵᠶ᠋ᠠᠨ 20%᠎ᠪᠠᠷ   ᠲᠦᠯᠦᠨ᠎ᠡ; 100000 ᠲᠥᠭᠥᠷᠢᠭ᠎ᠠᠴᠠ ᠳᠣᠷᠣᠭᠰᠢᠬᠢ ᠵᠢ ᠬᠤᠪᠢ ᠬᠥᠮᠦᠨ ᠥᠪᠡᠷ ᠵᠶ᠋ᠠᠨ 30%᠎ᠪᠠᠷ ᠳᠥᠯᠥᠨ᠎ᠡ᠃
     (ᠬᠣᠶᠠᠷ) ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠡᠮᠴᠢᠯᠡᠭᠡ ᠵᠢᠨ ᠳᠠᠭ᠋ᠠᠳᠬᠠᠯ᠎ᠳᠤ ᠳᠣᠤᠷ᠎ᠠ ᠳᠤᠷᠠᠳᠤᠭᠰᠠᠨ ᠥᠪᠡᠷᠲᠡᠭᠡᠨ ᠳᠥᠯᠥᠬᠦ ᠬᠠᠷᠢᠴᠠᠯ᠎ᠢ ᠬᠡᠷᠡᠭᠵᠢᠭᠦᠯᠦᠨ᠎ᠡ᠃ ᠲᠠᠩ ᠦᠢ᠍ᠯᠡᠳᠭᠦᠨ᠎ᠤ ᠬᠣᠷᠣᠭᠳᠠᠯ ᠮᠠᠲ᠋ᠧᠷᠢᠶᠠᠯ᠎ᠤᠨ ᠦᠨ᠎ᠡ᠎ᠨᠢ 500 ᠲᠥᠭᠥᠷᠢᠭ ᠵᠢᠴᠢ ᠲᠡᠭᠦᠨ᠎ᠠᠴᠠ ᠳᠣᠷᠣᠭᠰᠢᠬᠢ ᠵᠢ ᠬᠤᠪᠢ ᠬᠥᠮᠦᠨ ᠥᠪᠡᠷ ᠵᠶ᠋ᠠᠨ 20%᠎ᠪᠠᠷ ᠳᠥᠯᠥᠨ᠎ᠡ; 500 ᠲᠥᠭᠥᠷᠢᠭ᠎ᠠᠴᠠ 10000 ᠲᠥᠭᠥᠷᠢᠭ ᠵᠢᠴᠢ ᠲᠡᠭᠦᠨ᠎ᠠᠴᠠ ᠳᠣᠷᠣᠭᠰᠢᠬᠢ ᠵᠢ ᠬᠤᠪᠢ ᠬᠥᠮᠦᠨ ᠥᠪᠡᠷ ᠵᠶ᠋ᠠᠨ 25%᠎ᠪᠠᠷ ᠳᠥᠯᠥᠨ᠎ᠡ; 10000 ᠲᠥᠭᠥᠷᠢᠭ᠎ᠠᠴᠠ ᠳᠡᠭᠡᠭᠰᠢ 50000 ᠲᠥᠭᠥᠷᠢᠭ ᠵᠢᠴᠢ ᠲᠡᠭᠦᠨ᠎ᠠᠴᠠ ᠳᠣᠷᠣᠭᠰᠢᠬᠢ ᠵᠢ ᠬᠤᠪᠢ ᠬᠥᠮᠦᠨ ᠥᠪᠡᠷ ᠵᠶ᠋ᠠᠨ 30%᠎ᠪᠠᠷ ᠲᠦᠯᠦᠨ᠎ᠡ; 50000 ᠲᠥᠭᠥᠷᠢᠭ᠎ᠠᠴᠠ ᠳᠡᠭᠡᠭᠰᠢ 100000 ᠲᠥᠭᠥᠷᠢᠭ ᠵᠢᠴᠢ ᠲᠡᠭᠦᠨ᠎ᠠᠴᠠ ᠳᠣᠷᠣᠭᠰᠢᠬᠢ ᠵᠢ ᠬᠤᠪᠢ ᠬᠥᠮᠦᠨ ᠥᠪᠡᠷ ᠵᠶ᠋ᠠᠨ 35%᠎ᠪᠠᠷ ᠳᠥᠯᠥᠨ᠎ᠡ; 100000 ᠲᠥᠭᠥᠷᠢᠭ᠎ᠠᠴᠠ ᠲᠡᠭᠡᠭᠰᠢᠬᠢ ᠵᠢ ᠬᠤᠪᠢ ᠬᠥᠮᠦᠨ ᠥᠪᠡᠷ ᠵᠶ᠋ᠠᠨ 40%᠎ᠪᠠᠷ ᠳᠥᠯᠥᠨ᠎ᠡ᠃
     (ᠭᠤᠷᠪᠠ) ᠤᠯᠤᠰ᠎ᠤᠨ ᠵᠣᠬᠢᠶᠠᠨ ᠪᠠᠶ᠋ᠢᠭᠤᠯᠤᠯᠲᠠ ᠵᠢᠨ ᠬᠡᠯᠡᠯᠴᠡᠭᠡ᠎ᠪᠠᠷ ᠳᠡᠮᠵᠢᠨ᠂ ᠤᠯᠤᠰ᠎ᠠᠴᠠ ᠲᠥᠪᠯᠡᠷᠡᠭᠦᠯᠦᠨ ᠬᠡᠮᠵᠢᠶ᠎ᠡ᠎ᠲᠠᠢ᠎ᠪᠠᠷ ᠬᠤᠳᠠᠯᠳᠤᠨ ᠠᠪᠬᠤ᠂ ᠬᠣᠯᠪᠣᠭ᠋ᠠᠯᠠᠬᠤ ᠵᠢᠴᠢ ᠥᠪᠡᠷᠲᠡᠭᠡᠨ ᠵᠠᠰᠠᠬᠤ ᠣᠷᠣᠨ᠎ᠤ ᠲᠥᠪᠯᠡᠷᠡᠭᠦᠯᠦᠨ ᠬᠡᠮᠵᠢᠶ᠎ᠡ᠎ᠲᠠᠢ᠎ᠪᠠᠷ ᠬᠤᠳᠠᠯᠳᠤᠨ ᠠᠪᠬᠤ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠬᠠᠮᠢᠶ᠎ᠠ ᠪᠥᠬᠥᠶ ᠲᠣᠭᠲᠠᠭ᠋ᠠᠯ᠎ᠢ ᠦᠨᠳᠦᠰᠦᠯᠡᠨ ᠲᠦᠯᠦᠪᠦᠷᠢ ᠣᠯᠭᠣᠬᠤ ᠪᠠᠷᠢᠮᠵᠢᠶ᠎ᠠ ᠵᠢ ᠲᠣᠭᠲᠠᠭ᠋ᠠᠨ᠎ᠠ᠃
      ᠭᠤᠷᠪᠠ᠂ ᠬᠥᠳᠡᠯᠦᠩᠭᠦᠶ ᠲᠤᠬᠢᠷᠠᠭᠤᠯᠤᠯᠳᠠ
     (ᠨᠢᠭᠡ) ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠳ ᠪᠥᠬᠥ ᠣᠷᠣᠨ᠎ᠤ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠪᠣᠳᠠᠲᠠᠶ ᠬᠡᠷᠡᠭᠯᠡᠭᠰᠡᠨ ᠪᠠᠶ᠋ᠢᠳᠠᠯ ᠪᠠ ᠰᠠᠭᠤᠷᠢ ᠮᠥᠩᠭᠥ ᠵᠢᠨ ᠬᠠᠮᠢᠶᠠᠷᠤᠯᠲᠠ ᠵᠢᠨ ᠱᠠᠭ᠋ᠠᠷᠳᠠᠯᠭ᠎ᠠ ᠵᠢ ᠦᠨᠳᠦᠰᠦᠯᠡᠨ ᠴᠠᠭ᠎ᠲᠤᠨᠢ ᠬᠥᠳᠡᠯᠦᠩᠭᠦᠶ ᠲᠣᠬᠢᠷᠠᠭᠤᠯᠤᠯᠲᠠ ᠬᠢᠨ᠎ᠠ᠃
     (ᠬᠣᠶᠠᠷ) ᠣᠯᠠᠨ ᠲᠦᠮᠡᠨ᠎ᠤ ᠡᠷᠡᠭᠦᠯ ᠮᠡᠨᠳᠦ᠎ᠳᠤ ᠬᠦᠨᠳᠦ ᠨᠣᠴᠢᠲᠠᠶ ᠬᠣᠤᠷ ᠬᠥᠨᠥᠭᠡᠯ ᠤᠴᠠᠷᠠᠭᠤᠯᠤᠭᠰᠠᠨ ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠬᠡᠷᠡᠭ ᠪᠤᠶᠤ ᠪᠠᠴᠢᠮ ᠪᠠᠶ᠋ᠢᠳᠠᠯ ᠭᠠᠷᠤᠭᠰᠠᠨ ᠦᠶ᠎ᠡ᠎ᠳᠤ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠎ᠨᠢ ᠤᠯᠤᠰ᠎ᠤᠨ ᠱᠠᠭ᠋ᠠᠷᠳᠠᠯᠭ᠎ᠠ ᠵᠢ ᠦᠨᠳᠦᠰᠦᠯᠡᠨ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠤᠨ ᠡᠮᠴᠢᠯᠡᠭᠡᠨ᠎ᠤ ᠳᠠᠭ᠋ᠠᠳᠬᠠᠯ᠎ᠤᠨ ᠲᠣᠭ᠋ᠠᠴᠠᠭ᠎ᠠ ᠬᠢᠬᠦ ᠬᠦᠷᠢᠶ᠎ᠡ ᠬᠡᠪᠴᠢᠶ᠎ᠡ᠂ ᠲᠣᠭ᠋ᠠᠴᠠᠭ᠎ᠠ ᠬᠢᠬᠦ ᠵᠢ ᠬᠢᠵᠠᠭ᠋ᠠᠷᠯᠠᠨ ᠲᠣᠭᠲᠠᠭ᠋ᠠᠬᠤ ᠵᠢᠴᠢ ᠲᠣᠭ᠋ᠠᠴᠠᠭ᠎ᠠ ᠬᠢᠬᠦ ᠪᠠᠷᠢᠮᠵᠢᠶ᠎ᠠ ᠵᠢ ᠲᠠᠰ ᠳᠠᠷᠠᠭ᠋ᠠᠯᠠᠯ ᠶᠣᠰᠣᠭ᠋ᠠᠷ ᠲᠦᠷ ᠴᠠᠭ᠎ᠤᠨ ᠲᠣᠬᠢᠷᠠᠭᠤᠯᠤᠯᠲᠠ ᠬᠢᠨ᠎ᠠ᠃
      ᠳᠥᠷᠪᠡ᠂ ᠠᠵᠢᠯ᠎ᠤᠨ ᠱᠠᠭ᠋ᠠᠷᠳᠠᠯᠭ᠎ᠠ
      ᠡᠯ᠎ᠡ ᠭᠠᠵᠠᠷ᠎ᠤᠨ ᠡᠮᠴᠢᠯᠡᠭᠡᠨ᠎ᠤ ᠪᠠᠲᠤᠯᠠᠭ᠎ᠠ ᠵᠢᠨ ᠰᠠᠯᠠᠭ᠎ᠠ ᠮᠥᠴᠢᠷ᠎ᠤᠳ ᠡᠨᠡᠬᠦ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠬᠠᠮᠢᠶ᠎ᠠ ᠪᠥᠬᠥᠶ ᠪᠡᠯᠡᠳᠬᠡᠯ᠎ᠢ ᠤᠷᠢᠳᠴᠢᠯᠠᠨ ᠰᠠᠶ᠋ᠢᠲᠤᠷ ᠬᠢᠵᠦ᠂ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠪᠠ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ ᠵᠢ ᠴᠢᠩᠭ᠋ᠠᠳᠬᠠᠨ᠂ ᠲᠥᠷᠥ ᠵᠢᠨ ᠪᠣᠳᠣᠯᠭ᠎ᠠ ᠵᠢ ᠣᠶ᠋ᠢᠯᠠᠭ᠋ᠠᠬᠤ ᠬᠡᠮᠵᠢᠶ᠎ᠡ ᠵᠢ ᠳᠡᠭᠡᠭᠰᠢᠯᠡᠭᠦᠯᠵᠦ᠂ ᠵᠦᠶ ᠵᠣᠬᠢᠰᠲᠠᠶ ᠵᠢᠱ᠌ᠢᠯᠲᠡ ᠵᠢ ᠬᠥᠲᠥᠯᠦᠨ ᠵᠢᠯᠣᠭᠣᠳᠴᠤ᠂ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠪᠣᠶ ᠪᠣᠯᠭ᠋ᠠᠬᠤ ᠬᠡᠷᠡᠭᠲᠡᠶ᠃ ᠡᠮᠴᠢᠯᠡᠭᠡᠨ᠎ᠤ ᠳᠠᠭ᠋ᠠᠳᠬᠠᠯ᠎ᠤᠨ ᠭᠠᠷᠲᠠᠨ ᠭᠦᠢ᠍ᠴᠡᠳᠭᠡᠬᠦ ᠪᠠᠶ᠋ᠢᠭᠤᠯᠤᠮᠵᠢ᠎ᠨᠢ ᠴᠢᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ᠎ᠯᠤᠭ᠎ᠠ ᠵᠢᠨ ᠦᠢ᠍ᠯᠡᠴᠢᠯᠡᠭᠡᠨ᠎ᠤ ᠵᠥᠪᠳᠡᠯᠴᠡᠬᠡᠷ ᠵᠶ᠋ᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠢ ᠬᠡᠷᠡᠭᠯᠡᠵᠦ ᠪᠠᠶ᠋ᠢᠭ᠎ᠠ ᠪᠠᠶ᠋ᠢᠳᠠᠯ᠎ᠢ ᠬᠢᠨᠠᠨ ᠬᠠᠮᠢᠶᠠᠷᠬᠤ ᠪᠠ ᠰᠠᠭᠤᠷᠢ ᠮᠥᠩᠭᠥ ᠵᠢᠨ ᠠᠵᠢᠯᠯᠠᠭ᠋ᠠᠨ᠎ᠤ ᠪᠠᠶ᠋ᠢᠳᠠᠯ᠎ᠢ ᠬᠢᠨᠠᠨ ᠪᠠᠢ᠌ᠴᠠᠭ᠋ᠠᠬᠤ᠎ᠪᠠᠨ ᠴᠢᠩᠭ᠋ᠠᠳᠬᠠᠵᠦ᠂ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠤᠨ ᠡᠮᠴᠢᠯᠡᠭᠡᠨ᠎ᠤ ᠳᠠᠭ᠋ᠠᠳᠬᠠᠯ᠎ᠤᠨ ᠲᠣᠭ᠋ᠠᠴᠠᠭ᠎ᠠ ᠬᠢᠬᠦ ᠪᠠᠷᠢᠮᠵᠢᠶ᠎ᠠ ᠵᠢ ᠬᠡᠷᠡᠭᠵᠢᠭᠦᠯᠬᠦ ᠶᠠᠪᠤᠴᠠ᠎ᠳᠤ ᠬᠡᠷᠪᠡ ᠠᠰᠠᠭᠤᠳᠠᠯ᠎ᠲᠠᠢ ᠪᠣᠯ ᠴᠠᠭ ᠲᠤᠬᠠᠶ᠎ᠳᠤᠨᠢ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠎ᠳᠤ ᠮᠡᠳᠡᠭᠦᠯᠬᠦ ᠬᠡᠷᠡᠭᠲᠡᠶ᠃
      ᠲᠠᠪᠤ᠂ ᠲᠤᠰ ᠮᠡᠳᠡᠭᠳᠡᠯ᠎ᠢ 2021 ᠣᠨ᠎ᠤ 10   ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ; 10 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠮᠦᠨ᠎ᠡ ᠰᠦᠯᠵᠢᠶᠡᠨ᠎ᠳᠤ ᠭᠠᠷᠤᠭᠰᠠᠨ ᠤᠯᠤᠰ᠎ᠤᠨ ᠡᠮᠴᠢᠯᠡᠭᠡ ᠵᠢᠨ ᠪᠠᠳᠤᠯᠠᠭ᠎ᠠ ᠵᠢᠨ ᠮᠡᠳᠡᠭᠡ ᠵᠠᠩᠭᠢ ᠵᠢᠨ ᠲᠠᠪᠴᠠᠩ᠎ᠢ ᠰᠦᠯᠵᠢᠶᠡᠨ᠎ᠳᠤ ᠭᠠᠷᠤᠭᠰᠠᠨ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃
      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡ ᠵᠢᠨ ᠪᠠᠳᠤᠯᠠᠭ᠎ᠠ ᠵᠢᠨ ᠲᠤᠪᠴᠢᠶ᠎ᠠ
     2021 ᠣᠨ᠎ᠤ 9   ᠳ᠋ᠤᠭᠡᠷ ᠰᠠᠷ᠎ᠠ ᠵᠢᠨ 6᠎ᠤ ᠡᠳᠦᠷ

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠣᠯᠠᠭ᠎ᠠ ᠵᠢᠨ ᠲᠤᠪᠴᠢᠶ᠎ᠠ
          
ᠬᠠᠮᠢᠶ᠎ᠡ ᠪᠦᠬᠦᠢ ᠰᠣᠨᠢᠨ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠦᠩᠭᠦᠨ᠎ᠤ ᠬᠡᠷᠡᠭᠯᠡᠯᠲᠡ ᠵᠢᠨ ᠬᠢᠨᠠᠯᠲᠠ ᠬᠠᠮᠢᠶᠠᠷᠣᠯᠳᠡ ᠵᠢᠨ ᠠᠷᠭ᠎ᠠ》
ᠬᠦᠨᠳᠦ ᠣᠨᠴᠠ ᠶᠡᠬᠡ ᠡᠪᠡᠳᠴᠢᠨ᠎ᠤ ᠡᠮᠴᠢᠯᠡᠭᠡ ᠵᠢᠨ ᠪᠠᠳᠤᠯᠠᠭ᠎ᠠ ᠪᠠ ᠠᠪᠤᠷᠠᠨ ᠲᠤᠰᠠᠯᠠᠬᠤ ᠳᠦᠷᠢᠮ᠎ᠤᠨ ᠪᠦᠷᠢᠨᠰᠢᠭᠦᠯᠬᠦ ᠲᠤᠬᠠᠶ ᠲᠥᠷᠥ ᠵᠢᠨ ᠶᠠᠪᠤᠳᠠᠯ᠎ᠤᠨ ᠬᠣᠷᠢᠶᠠᠨ᠎ᠤ ᠲᠤᠬᠠᠶ ᠰᠠᠨᠠᠯ
ᠪᠡᠭᠡᠵᠢᠩ ᠲᠢᠶᠠᠨᠵᠢᠨ ᠾᠸᠪᠸᠢ 《3+14》 ᠠᠮᠠᠯᠠᠭᠤᠷ ᠡᠮᠨᠡᠯᠭᠡ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠤᠨ ᠬᠡᠮᠵᠢᠶ᠎ᠡ᠎ᠪᠠᠷ ᠬᠣᠯᠪᠣᠯᠳᠤᠭᠤᠯᠤᠨ ᠬᠤᠳᠠᠯᠳᠤᠨ ᠠᠪᠬᠤ ᠪᠠ ᠬᠡᠷᠡᠭᠯᠡᠬᠦ ᠠᠵᠢᠯ᠎ᠤᠨ ᠲᠥᠰᠦᠯ
ᠪᠡᠭᠡᠵᠢᠩ ᠲᠢᠶᠠᠨᠵᠢᠨ ᠾᠸᠪᠸᠢ 《3+N》 ᠬᠣᠯᠪᠣᠭ᠎ᠠ ᠵᠢᠨ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠎ᠤᠨ ᠲᠦᠪᠯᠡᠷᠡᠭᠦᠯᠦᠨ ᠬᠡᠮᠵᠢᠶ᠎ᠡ᠎ᠪᠠᠷ ᠬᠣᠯᠪᠣᠯᠳᠤᠭᠤᠯᠤᠨ ᠬᠤᠳᠠᠯᠳᠤᠨ ᠠᠪᠬᠤ ᠪᠠ ᠬᠡᠷᠡᠭᠯᠡᠬᠦ ᠠᠵᠢᠯ᠎ᠤᠨ ᠲᠥᠰᠦᠯ
ᠰᠢᠨ᠎ᠡ ᠲᠢᠲᠢᠮᠯᠢᠭ ᠸᠢᠷᠦ᠋ᠰ᠎ᠢ ᠪᠠᠶ᠋ᠢᠴᠠᠭ᠋ᠠᠨ ᠰᠢᠯᠭ᠋ᠠᠬᠤ ᠦᠨ᠎ᠡ ᠬᠠᠩᠰᠢ ᠪᠠ ᠵᠠᠷᠤᠳᠠᠯ᠎ᠢ ᠲᠣᠬᠢᠷᠠᠭᠤᠯᠬᠤ ᠲᠤᠬᠠᠶ ᠮᠡᠳᠡᠭᠳᠡᠯ
 
            