ᠥᠪᠥᠷ ᠡᠮᠴᠢᠯᠡᠭᠡᠨ᠎ᠤ ᠪᠠᠲᠤᠯᠠᠭ᠎ᠠ ᠲᠠᠷᠬᠠᠭ᠋ᠠᠭᠰᠠᠨ [2022] 1 ᠳ᠋ᠦ᠍ᠭᠡᠷ ᠲᠣᠭ᠋ᠠᠲᠤ
ᠡᠯ᠎ᠡ ᠠᠶ᠋ᠢᠮᠠᠭ ᠬᠣᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠮᠠᠨᠵᠤᠤᠷ ᠬᠣᠲᠠ᠂ ᠡᠷᠢᠶᠡᠨ ᠬᠣᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠳᠤ᠄
《ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠬᠡᠯᠡᠯᠴᠡᠭᠡ ᠬᠢᠭᠰᠡᠨ ᠡᠮ᠎ᠤᠨ ᠵᠦᠢ᠍ᠯ᠎ᠤᠨ 〈ᠬᠤᠤᠰ ᠨᠡᠪᠲᠡᠷᠡᠬᠦ ᠵᠠᠮ〉᠎ᠤᠨ ᠬᠠᠮᠢᠶᠠᠷᠤᠯᠲᠠ ᠵᠢᠨ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠬᠦ ᠲᠤᠬᠠᠶ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠂ ᠤᠯᠤᠰ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠨ ᠵᠢᠯᠣᠭᠣᠳᠬᠤ ᠰᠠᠨᠠᠯ》 (ᠡᠮᠴᠢᠯᠡᠭᠡᠨ᠎ᠤ ᠪᠠᠲᠤᠯᠠᠭ᠎ᠠ ᠲᠠᠷᠬᠠᠭ᠋ᠠᠭᠰᠠᠨ [2021] 28 ᠳ᠋ᠤᠭ᠋ᠠᠷ ᠲᠣᠭ᠋ᠠᠲᠤ)᠂ 《ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠂ ᠤᠯᠤᠰ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠨ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠬᠡᠯᠡᠯᠴᠡᠭᠡ ᠬᠢᠬᠦ ᠵᠢ ᠪᠠᠢ᠌ᠩᠭᠤᠵᠢᠭᠤᠯᠬᠤ᠎ᠲᠠᠢ ᠵᠣᠬᠢᠴᠠᠭᠤᠯᠵᠤ ᠬᠡᠯᠡᠯᠴᠡᠭᠡ ᠬᠢᠭᠰᠡᠨ ᠡᠮ᠎ᠤᠨ ᠵᠦᠢ᠍ᠯ᠎ᠢ ᠨᠠᠶ᠋ᠢᠳᠠᠪᠤᠷᠢᠵᠢᠭᠤᠯᠬᠤ ᠠᠵᠢᠯ᠎ᠢ ᠦᠷᠭᠦᠯᠵᠢᠯᠡᠨ ᠰᠠᠶ᠋ᠢᠲᠤᠷ ᠬᠢᠬᠦ ᠲᠤᠬᠠᠶ ᠮᠡᠳᠡᠭᠳᠡᠯ》 (ᠡᠮᠴᠢᠯᠡᠭᠡᠨ᠎ᠤ ᠪᠠᠲᠤᠯᠠᠭ᠎ᠠ ᠪᠢᠴᠢᠭ [2021] 82 ᠳ᠋ᠤᠭ᠋ᠠᠷ ᠲᠣᠭ᠋ᠠᠲᠤ)᠎ᠤᠨ ᠵᠣᠷᠢᠭ ᠰᠠᠨᠠᠭ᠎ᠠ ᠵᠢ ᠦᠨᠳᠦᠰᠦᠯᠡᠨ᠂ ᠮᠠᠨ᠎ᠤ ᠣᠷᠣᠨ ᠬᠡᠯᠡᠯᠴᠡᠭᠡ ᠬᠢᠭᠰᠡᠨ ᠡᠮ᠎ᠤᠨ ᠵᠦᠢ᠍ᠯ᠎ᠤᠨ 〈ᠬᠤᠤᠰ ᠨᠡᠪᠲᠡᠷᠡᠬᠦ ᠵᠠᠮ〉᠎ᠤᠨ ᠬᠠᠮᠢᠶᠠᠷᠤᠯᠲᠠ ᠵᠢᠨ ᠠᠵᠢᠯ᠎ᠢ ᠤᠯᠠᠮ ᠨᠢᠭᠡ ᠠᠯᠬᠤᠮ ᠨᠢᠭᠡᠳᠦᠯᠲᠡᠶ ᠵᠢᠷᠤᠮᠵᠢᠭᠤᠯᠵᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢ᠍ᠯ᠎ᠤᠨ ᠭᠠᠷᠴᠠᠭ᠎ᠤᠨ 〈ᠬᠤᠤᠰ ᠨᠡᠪᠲᠡᠷᠡᠬᠦ ᠵᠠᠮ〉᠎ᠤᠨ ᠬᠠᠮᠢᠶᠠᠷᠤᠯᠲᠠ》 ᠵᠢ ᠳᠣᠭᠲᠠᠭ᠋ᠠᠵᠤ᠂ ᠪᠣᠳᠠᠲᠠᠢ ᠵᠦᠢ᠍ᠯ᠎ᠢ ᠮᠡᠳᠡᠭᠳᠡᠪᠡ᠄
ᠨᠢᠭᠡ᠂ ᠡᠮ᠎ᠤᠨ ᠵᠦᠢ᠍ᠯ᠎ᠤᠨ ᠭᠠᠷᠴᠠᠭ᠎ᠤᠨ 《ᠬᠤᠤᠰ ᠨᠡᠪᠲᠡᠷᠡᠬᠦ ᠵᠠᠮ》᠎ᠤᠨ ᠬᠠᠮᠢᠶᠠᠷᠤᠯᠲᠠ ᠵᠢ ᠲᠣᠳᠤᠷᠬᠠᠢ᠌ᠯᠠᠪᠠ
《ᠬᠤᠤᠰ ᠨᠡᠪᠲᠡᠷᠡᠬᠦ ᠵᠠᠮ》 ᠭᠡᠳᠡᠭ᠎ᠨᠢ ᠴᠡᠭ ᠳᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠪᠠ ᠴᠡᠭ ᠳᠣᠭᠲᠠᠭ᠋ᠠᠭᠰᠠᠨ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ ᠭᠡᠬᠦ ᠬᠣᠶᠠᠷ ᠠᠷᠭ᠎ᠠ ᠵᠠᠮ ᠵᠶ᠋ᠠᠷ ᠳᠠᠮᠵᠢᠭᠤᠯᠤᠨ᠂ ᠬᠡᠯᠡᠯᠴᠡᠭᠡ ᠬᠢᠭᠰᠡᠨ ᠡᠮ᠎ᠤᠨ ᠵᠦᠢ᠍ᠯ᠎ᠤᠨ ᠬᠠᠩᠭ᠋ᠠᠯᠭ᠎ᠠ ᠵᠢ ᠪᠠᠲᠤᠯᠠᠬᠤ᠂ ᠡᠮᠴᠢᠯᠡᠭᠡᠨ᠎ᠳᠤ ᠬᠡᠷᠡᠭᠯᠡᠬᠦ ᠵᠡᠷᠭᠡ ᠵᠦᠶ ᠵᠣᠬᠢᠰᠲᠠᠶ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠬᠤ ᠵᠢᠨ ᠬᠠᠮᠲᠤ ᠡᠮᠴᠢᠯᠡᠭᠡᠨ᠎ᠤ ᠪᠠᠲᠤᠯᠠᠭ᠎ᠠ ᠵᠢᠨ ᠲᠣᠭ᠋ᠠᠴᠠᠭ᠎ᠠ ᠬᠢᠬᠦ ᠲᠣᠭᠲᠠᠴᠠ᠎ᠳᠤ ᠣᠷᠣᠭᠤᠯᠬᠤ ᠵᠢ ᠵᠢᠭ᠋ᠠᠵᠤ ᠪᠣᠶ᠃ ᠡᠪᠡᠳᠴᠢᠲᠡᠨ ᠡᠮᠨᠡᠯᠭᠡ᠎ᠳᠤ ᠰᠠᠭᠤᠵᠤ ᠪᠠᠢ᠌ᠬᠤ ᠬᠤᠭᠤᠴᠠᠭ᠋ᠠᠨ᠎ᠳᠤ ᠤᠯᠤᠰ᠎ᠤᠨ ᠬᠡᠯᠡᠯᠴᠡᠭᠡ ᠬᠢᠭᠰᠡᠨ ᠡᠮ᠎ᠤᠨ ᠵᠦᠢ᠍ᠯ᠎ᠢ ᠬᠥᠬᠡᠭᠴᠢᠨ ᠲᠥᠷᠥᠯ ᠵᠶ᠋ᠠᠷ ᠬᠠᠮᠢᠶᠠᠷᠴᠤ᠂ ᠡᠮᠴᠢᠯᠡᠭᠡᠨ᠎ᠤ ᠪᠠᠲᠤᠯᠠᠭ᠎ᠠ ᠵᠢᠨ ᠲᠣᠭ᠋ᠠᠴᠠᠭ᠎ᠠ ᠬᠢᠬᠦ ᠬᠠᠷᠠᠭ᠋ᠠᠯᠵᠠᠯ᠎ᠢ ᠡᠯ᠎ᠡ ᠨᠢᠭᠡᠳᠦᠯᠲᠡᠶ ᠲᠥᠯᠦᠪᠯᠡᠭᠰᠡᠨ ᠣᠷᠣᠨ᠎ᠳᠤ ᠬᠣᠯᠪᠤᠭᠳᠠᠬᠤ ᠲᠥᠷᠥ ᠵᠢᠨ ᠪᠣᠳᠣᠯᠭ᠎ᠠ ᠵᠢᠨ ᠶᠣᠰᠣᠭ᠋ᠠᠷ ᠬᠡᠷᠡᠭᠵᠢᠭᠦᠯᠦᠨ᠎ᠡ᠃ ᠡᠭᠦᠨ᠎ᠤ ᠬᠠᠮᠲᠤ᠂ ᠣᠯᠠᠨ ᠲᠦᠮᠡᠨ᠎ᠤ ᠡᠮ ᠬᠡᠷᠡᠭᠯᠡᠬᠦ᠎ᠳᠤ ᠲᠥᠬᠥᠮ ᠦᠵᠡᠭᠦᠯᠬᠦ ᠵᠢᠨ ᠲᠥᠯᠦᠭᠡ᠂ ᠲᠤᠰᠬᠠᠶ ᠮᠡᠷᠭᠡᠵᠢᠯᠲᠡᠨ ᠵᠶ᠋ᠠᠷ ᠬᠢᠨᠠᠨ ᠲᠣᠭᠲᠠᠭ᠋ᠠᠯᠭ᠋ᠠᠵᠤ᠂ ᠡᠭᠦᠳᠡᠨ ᠡᠮᠨᠡᠯᠭᠡ ᠵᠢᠴᠢ ᠡᠮ᠎ᠤᠨ ᠳᠡᠯᠭᠡᠭᠦᠷ᠎ᠤᠨ ᠬᠠᠩᠭ᠋ᠠᠯᠭ᠎ᠠ ᠵᠢ ᠪᠠᠲᠤᠯᠠᠬᠤ᠎ᠳᠤ ᠳᠣᠭᠢᠷᠠᠬᠤ ᠡᠮ᠎ᠤᠨ ᠵᠦᠢ᠍ᠯ᠎ᠢ ᠡᠭᠦᠳᠡᠨ ᠡᠮᠨᠡᠯᠭᠡ ᠵᠢᠨ ᠣᠨᠴᠠᠭ᠋ᠠᠶ ᠬᠡᠷᠡᠭᠯᠡᠬᠦ ᠡᠮ ᠪᠠ ᠡᠭᠦᠳᠡᠨ ᠡᠮᠨᠡᠯᠭᠡ ᠵᠢᠨ ᠤᠳᠠᠭ᠋ᠠᠨ ᠴᠢᠨᠠᠷᠲᠠᠢ ᠡᠪᠡᠳᠴᠢᠨ᠎ᠤ ᠬᠠᠮᠢᠶᠠᠷᠤᠯᠲᠠ᠎ᠳᠤ ᠣᠷᠣᠭᠤᠯᠵᠤ᠂ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢ᠍ᠯ᠎ᠤᠨ ᠭᠠᠷᠴᠠᠭ᠎ᠤᠨ 《ᠬᠤᠤᠰ ᠨᠡᠪᠲᠡᠷᠡᠬᠦ ᠵᠠᠮ》᠎ᠤᠨ ᠬᠠᠮᠢᠶᠠᠷᠤᠯᠲᠠ ᠵᠢ ᠪᠠᠶ᠋ᠢᠭᠤᠯᠤᠨ᠎ᠠ᠃ ᠡᠮ᠎ᠤᠨ ᠵᠦᠢ᠍ᠯ᠎ᠤᠨ ᠭᠠᠷᠴᠠᠭ᠎ᠤᠨ 《ᠬᠤᠤᠰ ᠨᠡᠪᠲᠡᠷᠡᠬᠦ ᠵᠠᠮ》᠎ᠤᠨ ᠬᠠᠮᠢᠶᠠᠷᠤᠯᠲᠠ᠎ᠳᠤ ᠬᠥᠳᠡᠯᠦᠩᠭᠦᠶ ᠬᠠᠮᠢᠶᠠᠷᠤᠯᠲᠠ ᠵᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠎ᠠᠴᠠ ᠤᠯᠤᠰ᠎ᠤᠨ ᠬᠣᠯᠪᠣᠭᠳᠠᠯ ᠪᠦᠬᠦᠢ ᠲᠥᠷᠥ ᠵᠢᠨ ᠪᠣᠳᠣᠯᠭ᠎ᠠ ᠵᠢ ᠦᠨᠳᠦᠰᠦᠯᠡᠨ ᠭᠠᠷᠴᠠᠭ᠎ᠢ ᠴᠠᠭ ᠲᠤᠬᠠᠢᠳᠤᠨᠢ ᠲᠣᠬᠢᠷᠠᠭᠤᠯᠤᠨ᠎ᠠ᠃
ᠭᠠᠷᠴᠠᠭ᠎ᠲᠠᠬᠢ ᠳᠠᠷᠠᠭ᠋ᠠᠯᠠᠯ ᠨᠣᠮᠧᠷ᠎ᠨᠢ 1 - 81 ᠬᠦᠷᠲᠡᠯᠡᠬᠢ ᠡᠮ᠎ᠤᠨ ᠵᠦᠢ᠍ᠯ ᠪᠣᠯ ᠥᠪᠡᠷᠲᠡᠭᠡᠨ ᠵᠠᠰᠠᠬᠤ ᠣᠷᠣᠨ᠎ᠠᠴᠠ ᠡᠭᠦᠳᠡᠨ ᠡᠮᠨᠡᠯᠭᠡ᠎ᠳᠤ ᠣᠨᠴᠠᠭ᠋ᠠᠶ ᠬᠡᠷᠡᠭᠯᠡᠬᠦ ᠡᠮ ᠵᠶ᠋ᠠᠷ ᠬᠠᠮᠢᠶᠠᠷᠬᠤ ᠡᠮ᠎ᠤᠨ ᠵᠦᠢ᠍ᠯ ᠪᠣᠯᠤᠨ᠎ᠠ᠂ ᠲᠡᠭᠦᠨ᠎ᠤ ᠪᠠᠲᠤᠯᠠᠭ᠎ᠠ ᠵᠢᠨ ᠡᠲᠡᠭᠡᠳ᠂ ᠬᠠᠷᠠᠭ᠋ᠠᠯᠵᠠᠯ ᠵᠢᠨ ᠪᠠᠷᠢᠮᠵᠢᠶ᠎ᠠ᠂ ᠦᠢ᠍ᠯᠡᠴᠢᠯᠡᠭᠡᠨ᠎ᠤ ᠬᠠᠮᠢᠶᠠᠷᠤᠯᠲᠠ ᠵᠡᠷᠭᠡ ᠵᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠭᠦᠳᠡᠨ ᠡᠮᠨᠡᠯᠭᠡ᠎ᠳᠤ ᠣᠨᠴᠠᠭ᠋ᠠᠶ ᠬᠡᠷᠡᠭᠯᠡᠬᠦ ᠡᠮ᠎ᠢ ᠬᠠᠮᠢᠶᠠᠷᠬᠤ ᠠᠵᠢᠯ᠎ᠢ ᠲᠡᠭᠦᠯᠳᠡᠷᠵᠢᠭᠦᠯᠬᠦ ᠲᠤᠬᠠᠶ ᠮᠡᠳᠡᠭᠳᠡᠯ》 (ᠥᠪᠥᠷ ᠡᠮᠴᠢᠯᠡᠭᠡᠨ᠎ᠤ ᠪᠠᠲᠤᠯᠠᠭ᠎ᠠ ᠠᠯᠪᠠᠨ ᠲᠠᠷᠬᠠᠭ᠋ᠠᠭᠰᠠᠨ [2020] 15 ᠳ᠋ᠤᠭ᠋ᠠᠷ ᠲᠣᠭ᠋ᠠᠲᠤ) ᠶᠣᠰᠣᠭ᠋ᠠᠷ ᠬᠡᠷᠡᠭᠵᠢᠭᠦᠯᠦᠨ᠎ᠡ᠃ ᠡᠯ᠎ᠡ ᠭᠠᠵᠠᠷ᠎ᠤᠨ᠎ᠬᠢᠨ ᠲᠤᠬᠠᠶ ᠵᠢᠨ ᠭᠠᠵᠠᠷ᠎ᠤᠨ ᠵᠶ᠋ᠠᠨ ᠰᠠᠭᠤᠷᠢ ᠮᠥᠩᠭᠥ ᠵᠢᠨ ᠡᠷᠭᠢᠯᠲᠡ ᠵᠢᠨ ᠪᠠᠶ᠋ᠢᠳᠠᠯ᠂ ᠡᠪᠡᠳᠴᠢᠲᠡᠨ᠎ᠤ ᠡᠮ ᠬᠡᠷᠡᠭᠯᠡᠬᠦ ᠬᠡᠷᠡᠭᠴᠡᠭᠡ ᠵᠡᠷᠭᠡ ᠵᠢ ᠦᠨᠳᠦᠰᠦᠯᠡᠨ ᠡᠭᠦᠳᠡᠨ ᠡᠮᠨᠡᠯᠭᠡ᠎ᠳᠤ ᠣᠨᠴᠠᠭ᠋ᠠᠶ ᠬᠡᠷᠡᠭᠯᠡᠬᠦ ᠡᠮ᠎ᠢ ᠵᠣᠬᠢᠰᠲᠠᠶ ᠨᠡᠮᠡᠵᠦ ᠪᠣᠯᠤᠨ᠎ᠠ᠃
ᠭᠠᠷᠴᠠᠭ᠎ᠲᠠᠬᠢ ᠳᠠᠷᠠᠭ᠋ᠠᠯᠠᠯ ᠨᠣᠮᠧᠷ᠎ᠨᠢ 82 —176 ᠬᠦᠷᠲᠡᠯᠡᠬᠢ ᠡᠮ᠎ᠤᠨ ᠵᠦᠢ᠍ᠯ ᠪᠣᠯ ᠡᠯ᠎ᠡ ᠭᠠᠵᠠᠷ᠎ᠤᠨ 《ᠣᠷᠣᠭᠤᠯᠪᠠᠰᠤ ᠵᠣᠬᠢᠬᠤ ᠵᠢ᠎ᠨᠢ ᠪᠦᠬᠦᠨ᠎ᠢ ᠣᠷᠣᠭᠤᠯᠬᠤ》 ᠵᠠᠷᠴᠢᠮ ᠶᠣᠰᠣᠭ᠋ᠠᠷ ᠨᠢᠭᠡᠳᠦᠯᠲᠡᠶ ᠲᠥᠯᠦᠪᠯᠡᠭᠰᠡᠨ ᠲᠣᠰ ᠣᠷᠣᠨ᠎ᠤ ᠡᠭᠦᠳᠡᠨ ᠡᠮᠨᠡᠯᠭᠡ ᠵᠢᠨ ᠤᠳᠠᠭ᠋ᠠᠨ ᠴᠢᠨᠠᠷᠲᠠᠢ ᠡᠪᠡᠳᠴᠢᠨ᠎ᠤ ᠵᠦᠢ᠍ᠯ᠎ᠤᠨ ᠬᠡᠪᠴᠢᠶᠡᠨ᠎ᠳᠤ ᠨᠡᠢ᠌ᠴᠡᠭᠰᠡᠨ ᠪᠣᠯ᠂ ᠲᠤᠬᠠᠶ ᠵᠢᠨ ᠭᠠᠵᠠᠷ᠎ᠤᠨ ᠡᠭᠦᠳᠡᠨ ᠡᠮᠨᠡᠯᠭᠡ ᠵᠢᠨ ᠤᠳᠠᠭ᠋ᠠᠨ ᠴᠢᠨᠠᠷᠲᠠᠢ ᠡᠪᠡᠳᠴᠢᠨ᠎ᠤ ᠬᠠᠮᠢᠶᠠᠷᠤᠯᠲᠠ᠎ᠳᠤ ᠣᠷᠣᠭᠤᠯᠤᠨ᠎ᠠ; ᠲᠤᠬᠠᠶ ᠵᠢᠨ ᠭᠠᠵᠠᠷ᠎ᠤᠨ ᠡᠭᠦᠳᠡᠨ ᠡᠮᠨᠡᠯᠭᠡ ᠵᠢᠨ ᠤᠳᠠᠭ᠋ᠠᠨ ᠴᠢᠨᠠᠷᠲᠠᠢ ᠡᠪᠡᠳᠴᠢᠨ᠎ᠤ ᠲᠥᠷᠥᠯ᠎ᠤᠨ ᠲᠣᠭ᠋ᠠᠴᠠᠭ᠎ᠠ ᠬᠢᠬᠦ ᠬᠡᠪᠴᠢᠶᠡᠨ᠎ᠳᠤ ᠪᠠᠭᠲᠠᠬᠤ ᠥᠬᠡᠶ ᠪᠣᠯ ᠰᠠᠭᠤᠷᠢ ᠮᠥᠩᠭᠥ ᠵᠢᠨ ᠡᠷᠭᠢᠯᠲᠡ ᠵᠢᠨ ᠪᠠᠶ᠋ᠢᠳᠠᠯ ᠵᠢᠴᠢ ᠡᠪᠡᠳᠴᠢᠲᠡᠨ᠎ᠤ ᠬᠡᠷᠡᠭᠴᠡᠭᠡ ᠱᠠᠭ᠋ᠠᠷᠳᠠᠯᠭ᠎ᠠ᠎ᠲᠠᠢ ᠤᠶᠠᠯᠳᠤᠭᠤᠯᠤᠨ ᠲᠣᠰ ᠭᠠᠵᠠᠷ᠎ᠤᠨ ᠡᠭᠦᠳᠡᠨ ᠡᠮᠨᠡᠯᠭᠡ ᠵᠢᠨ ᠣᠨᠴᠠᠭ᠋ᠠᠶ ᠬᠡᠷᠡᠭᠯᠡᠬᠦ ᠡᠮ᠎ᠤᠨ ᠪᠠᠲᠤᠯᠠᠭ᠎ᠠ ᠵᠢᠨ ᠬᠡᠪᠴᠢᠶᠡᠨ᠎ᠳᠤ ᠣᠷᠣᠭᠤᠯᠤᠨ᠎ᠠ᠃ ᠡᠭᠦᠳᠡᠨ ᠡᠮᠨᠡᠯᠭᠡ ᠵᠢᠨ ᠤᠳᠠᠭ᠋ᠠᠨ ᠴᠢᠨᠠᠷᠲᠠᠢ ᠡᠪᠡᠳᠴᠢᠨ᠎ᠳᠤ ᠬᠡᠷᠡᠭᠯᠡᠬᠦ ᠡᠮ᠎ᠤᠨ ᠪᠠᠲᠤᠯᠠᠬᠤ ᠡᠲᠡᠭᠡᠳ᠂ ᠬᠠᠷᠠᠭ᠋ᠠᠯᠵᠠᠯ᠎ᠤᠨ ᠪᠠᠷᠢᠮᠵᠢᠶ᠎ᠠ᠂ ᠦᠢ᠍ᠯᠡᠴᠢᠯᠡᠭᠡᠨ᠎ᠤ ᠬᠠᠮᠢᠶᠠᠷᠤᠯᠲᠠ ᠵᠡᠷᠭᠡ ᠵᠢ ᠡᠯ᠎ᠡ ᠨᠢᠭᠡᠳᠦᠯᠲᠡᠶ ᠲᠥᠯᠦᠪᠯᠡᠭᠰᠡᠨ ᠣᠷᠣᠨ᠎ᠠᠴᠠ ᠣᠳᠣ ᠵᠢᠨ ᠬᠡᠷᠡᠭᠵᠢᠭᠦᠯᠵᠦ ᠪᠠᠶ᠋ᠢᠭ᠎ᠠ ᠤᠳᠠᠭ᠋ᠠᠨ ᠴᠢᠨᠠᠷᠲᠠᠢ ᠡᠪᠡᠳᠴᠢᠨ᠎ᠤ ᠬᠠᠮᠢᠶᠠᠷᠤᠯᠲᠠ ᠵᠢᠨ ᠲᠥᠷᠥ ᠵᠢᠨ ᠪᠣᠳᠣᠯᠭ᠎ᠠ ᠶᠣᠰᠣᠭ᠋ᠠᠷ ᠬᠡᠷᠡᠭᠵᠢᠭᠦᠯᠦᠨ᠎ᠡ᠃
ᠬᠣᠶᠠᠷ᠂ ᠤᠯᠤᠰ᠎ᠤᠨ ᠬᠡᠯᠡᠯᠴᠡᠭᠡ ᠬᠢᠭᠰᠡᠨ ᠡᠮ᠎ᠤᠨ ᠵᠦᠢ᠍ᠯ᠎ᠤᠨ ᠬᠠᠩᠭ᠋ᠠᠯᠭ᠎ᠠ ᠵᠢ ᠪᠠᠲᠤᠯᠠᠬᠤ ᠠᠵᠢᠯ᠎ᠢ ᠰᠠᠶ᠋ᠢᠲᠤᠷ ᠬᠢᠨ᠎ᠡ
(ᠨᠢᠭᠡ) ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠲᠡᠭᠦᠯᠳᠡᠷᠵᠢᠭᠦᠯᠵᠦ᠂ ᠬᠡᠯᠡᠯᠴᠡᠭᠡ ᠬᠢᠭᠰᠡᠨ ᠡᠮ᠎ᠤᠨ ᠵᠦᠢ᠍ᠯ᠎ᠢ ᠪᠣᠳᠠᠲᠠᠶ᠋ᠢᠵᠢᠭᠤᠯᠬᠤ ᠵᠢ ᠠᠬᠢᠭᠤᠯᠬᠤ ᠬᠡᠷᠡᠭᠲᠡᠶ᠃ ᠡᠯ᠎ᠡ ᠭᠠᠵᠠᠷ᠎ᠤᠨ᠎ᠬᠢᠨ ᠠᠷᠠᠳ ᠲᠦᠮᠡᠨ ᠵᠶ᠋ᠠᠷ ᠭᠣᠣᠯ ᠪᠣᠯᠭ᠋ᠠᠬᠤ ᠦᠵᠡᠯ ᠰᠠᠨᠠᠭ᠎ᠠ ᠵᠢ ᠪᠠᠲᠤ ᠪᠡᠬᠢ ᠪᠣᠶ ᠪᠣᠯᠭ᠋ᠠᠵᠤ᠂ ᠤᠯᠤᠰ᠎ᠤᠨ ᠬᠡᠯᠡᠯᠴᠡᠭᠡ ᠬᠢᠭᠰᠡᠨ ᠡᠮ᠎ᠤᠨ ᠵᠦᠢ᠍ᠯ᠎ᠢ ᠮᠠᠨ᠎ᠤ ᠣᠷᠣᠨ᠎ᠳᠤ ᠪᠣᠳᠠᠲᠠᠶ᠋ᠢᠵᠢᠭᠤᠯᠤᠨ ᠬᠡᠷᠡᠭᠯᠡᠬᠦ ᠵᠢ ᠦᠨᠡᠨ ᠬᠦ᠌ ᠰᠠᠶ᠋ᠢᠲᠤᠷ ᠠᠳᠬᠤᠬᠤ ᠬᠡᠷᠡᠭᠲᠡᠶ᠃ ᠡᠮᠴᠢᠯᠡᠭᠡᠨ᠎ᠤ ᠪᠠᠲᠤᠯᠠᠭ᠎ᠠ ᠵᠢᠨ ᠰᠠᠯᠠᠭ᠎ᠠ ᠮᠥᠴᠢᠷ᠎ᠤᠨ᠎ᠬᠢᠨ ᠬᠡᠯᠡᠯᠴᠡᠭᠡᠷ᠎ᠤᠨ ᠬᠠᠮᠢᠶᠠᠷᠤᠯᠲᠠ᠎ᠪᠠᠨ ᠴᠢᠩᠭ᠋ᠠᠳᠬᠠᠵᠤ᠂ ᠴᠡᠭ ᠳᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠬᠡᠯᠡᠯᠴᠡᠭᠡ ᠬᠢᠭᠰᠡᠨ ᠡᠮ᠎ᠤᠨ ᠵᠦᠢ᠍ᠯ᠎ᠢ ᠵᠦᠶ ᠵᠣᠬᠢᠰᠲᠠᠶ ᠳᠣᠭᠢᠷᠠᠭᠤᠯᠤᠨ ᠬᠡᠷᠡᠭᠯᠡᠭᠰᠡᠨ ᠪᠠᠶ᠋ᠢᠳᠠᠯ᠎ᠢ ᠬᠡᠯᠡᠯᠴᠡᠭᠡᠷ᠎ᠤᠨ ᠠᠭᠤᠯᠭ᠎ᠠ᠎ᠳᠤ᠎ᠪᠠᠨ ᠣᠷᠣᠭᠤᠯᠬᠤ ᠵᠢᠨ ᠬᠠᠮᠲᠤ ᠵᠢᠯ᠎ᠤᠨ ᠰᠢᠯᠭ᠋ᠠᠨ ᠬᠢᠨᠠᠯᠲᠠᠯᠤᠭᠠ ᠬᠣᠯᠪᠣᠭᠳᠠᠭᠤᠯᠬᠤ ᠬᠡᠷᠡᠭᠲᠡᠶ᠃ ᠡᠮᠴᠢᠯᠡᠭᠡᠨ᠎ᠤ ᠪᠠᠲᠤᠯᠠᠭ᠎ᠠ ᠵᠢᠨ ᠶᠡᠷᠦᠩᠬᠡᠶ ᠲᠣᠭ᠎ᠠ ᠵᠢ ᠰᠢᠨᠵᠢᠯᠡᠬᠦ ᠤᠬᠠᠭ᠋ᠠᠨᠴᠢ᠎ᠪᠠᠷ ᠲᠣᠭᠲᠠᠭ᠋ᠠᠵᠤ᠂ ᠰᠠᠭᠤᠷᠢ ᠮᠥᠩᠭᠥ ᠵᠢᠨ ᠠᠮᠤᠷ ᠲᠦᠪᠰᠢᠨ᠎ᠢ ᠪᠠᠲᠤᠯᠠᠭᠰᠠᠨ ᠤᠷᠢᠲᠠᠯ ᠳᠤᠤᠷ᠎ᠠ ᠲᠤᠰᠠᠭ᠋ᠠᠷ ᠲᠣᠭ᠋ᠠᠴᠠᠭ᠎ᠠ ᠬᠢᠬᠦ᠎ᠪᠠᠷ ᠬᠡᠯᠡᠯᠴᠡᠭᠡ ᠬᠢᠭᠰᠡᠨ ᠡᠮ᠎ᠤᠨ ᠵᠦᠢ᠍ᠯ᠎ᠢ ᠴᠡᠭ ᠳᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠶᠡᠷᠦᠩᠬᠡᠶ ᠲᠣᠭ᠋ᠠᠨ᠎ᠤ ᠬᠡᠪᠴᠢᠶᠡᠨ᠎ᠳᠤ ᠣᠷᠣᠭᠤᠯᠬᠤ ᠥᠬᠡᠶ ᠪᠠᠶ᠋ᠢᠵᠤ ᠪᠣᠯᠤᠨ᠎ᠠ᠃ ᠴᠡᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠡᠮᠴᠢᠯᠡᠭᠡᠨ᠎ᠳᠤ ᠡᠮ ᠬᠡᠷᠡᠭᠯᠡᠬᠦ ᠠᠵᠢᠯᠯᠠᠭ᠎ᠠ ᠵᠢ ᠵᠢᠯᠣᠭᠣᠳᠬᠤ ᠪᠠ ᠬᠠᠮᠢᠶᠠᠷᠬᠤ ᠵᠢ ᠴᠢᠩᠭ᠋ᠠᠳᠬᠠᠵᠤ᠂ ᠬᠠᠷᠢᠶ᠎ᠠ ᠣᠷᠣᠨ᠎ᠤ ᠡᠮᠴᠢᠯᠡᠭᠡᠨ᠎ᠤ ᠪᠠᠶ᠋ᠢᠭᠤᠯᠤᠮᠵᠢ ᠵᠢ ᠱᠠᠭ᠋ᠠᠷᠳᠠᠵᠤ ᠬᠡᠯᠡᠯᠴᠡᠭᠡ ᠬᠢᠭᠰᠡᠨ ᠡᠮ᠎ᠤᠨ ᠵᠦᠢ᠍ᠯ᠎ᠢ ᠵᠦᠢ ᠵᠣᠬᠢᠰᠲᠠᠶ ᠲᠣᠬᠢᠷᠠᠭᠤᠯᠬᠤ ᠪᠠ ᠬᠡᠷᠡᠭᠯᠡᠭᠦᠯᠵᠦ᠂ ᠡᠮᠴᠢᠯᠡᠭᠡᠨ᠎ᠤ ᠪᠠᠲᠤᠯᠠᠭ᠎ᠠ ᠵᠢᠨ ᠶᠡᠷᠦᠩᠬᠡᠶ ᠲᠣᠭ᠎ᠠ ᠵᠢᠨ ᠬᠢᠵᠠᠭ᠋ᠠᠷᠯᠠᠯ᠂ ᠡᠮᠴᠢᠯᠡᠭᠡᠨ᠎ᠤ ᠪᠠᠶ᠋ᠢᠭᠤᠯᠤᠮᠵᠢ ᠵᠢᠨ ᠡᠮ ᠬᠡᠷᠡᠭᠯᠡᠬᠦ ᠭᠠᠷᠴᠠᠭ᠎ᠤᠨ ᠲᠣᠭ᠎ᠠ ᠵᠢᠨ ᠬᠢᠵᠠᠭ᠋ᠠᠷᠯᠠᠯ᠂ ᠡᠮ᠎ᠤᠨ ᠡᠵᠡᠯᠡᠬᠦ ᠬᠠᠷᠢᠴᠠᠯ ᠵᠡᠷᠭᠡ᠎ᠪᠠᠷ ᠰᠢᠯᠲᠠᠭ ᠪᠣᠯᠭ᠋ᠠᠨ ᠬᠡᠯᠡᠯᠴᠡᠭᠡ ᠬᠢᠭᠰᠡᠨ ᠡᠮ᠎ᠤᠨ ᠵᠦᠢ᠍ᠯ᠎ᠢ ᠪᠣᠳᠠᠲᠠᠶ᠋ᠢᠵᠢᠭᠤᠯᠬᠤ ᠵᠢ ᠨᠥᠯᠥᠭᠡᠯᠡᠵᠦ ᠪᠣᠯᠬᠤ ᠦᠭᠡᠶ᠃ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠰᠠᠯᠠᠭ᠎ᠠ ᠮᠥᠴᠢᠷ᠎ᠤᠨ᠎ᠬᠢᠨ ᠡᠮᠴᠢᠯᠡᠭᠡᠨ᠎ᠤ ᠪᠠᠶ᠋ᠢᠭᠤᠯᠤᠮᠵᠢ ᠵᠢᠨ ᠬᠡᠷᠡᠭᠯᠡᠬᠦ ᠡᠮ᠎ᠤᠨ ᠵᠦᠢ᠍ᠯ᠎ᠢ ᠰᠢᠯᠭ᠋ᠠᠨ ᠬᠢᠨᠠᠬᠤ ᠲᠣᠭᠲᠠᠴᠠ ᠵᠢ ᠲᠣᠬᠢᠷᠠᠭᠤᠯᠤᠨ ᠲᠡᠭᠦᠯᠳᠡᠷᠵᠢᠭᠦᠯᠵᠦ᠂ ᠵᠦᠶ ᠵᠣᠬᠢᠰᠲᠠᠶ ᠬᠡᠷᠡᠭᠯᠡᠭᠰᠡᠨ ᠪᠠ ᠬᠡᠯᠡᠯᠴᠡᠭᠡ ᠬᠢᠭᠰᠡᠨ ᠡᠮ᠎ᠤᠨ ᠵᠦᠢ᠍ᠯ᠎ᠢ ᠲᠤᠰᠠᠭ᠋ᠠᠷ ᠵᠢᠭᠰᠠᠭ᠋ᠠᠵᠤ᠂ ᠡᠮᠴᠢᠯᠡᠭᠡᠨ᠎ᠤ ᠪᠠᠶ᠋ᠢᠭᠤᠯᠤᠮᠵᠢ ᠵᠢᠨ ᠡᠮ᠎ᠤᠨ ᠡᠵᠡᠯᠡᠬᠦ ᠬᠠᠷᠢᠴᠠᠯ᠂ ᠤᠳᠠᠭ᠎ᠠ ᠪᠦᠷᠢ ᠵᠢᠨ ᠳᠤᠮᠳᠠᠴᠢ ᠵᠠᠷᠤᠳᠠᠯ ᠵᠡᠷᠭᠡ ᠨᠠᠶ᠋ᠢᠳᠠᠪᠤᠷᠢᠵᠢᠭᠤᠯᠤᠯᠲᠠ ᠵᠢ ᠨᠥᠯᠥᠭᠡᠯᠡᠬᠦ ᠬᠦᠴᠦᠨ ᠵᠦᠢ᠍ᠯ᠎ᠢ ᠰᠢᠯᠭ᠋ᠠᠨ ᠬᠢᠨᠠᠬᠤ ᠭᠦᠢ᠍ᠴᠡᠳᠭᠡᠯ ᠲᠣᠭ᠋ᠠᠨ᠎ᠤ ᠬᠡᠪᠴᠢᠶᠡᠨ᠎ᠳᠤ ᠣᠷᠣᠭᠤᠯᠬᠤ ᠥᠬᠡᠶ᠃ ᠴᠡᠭ ᠳᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠡᠮᠴᠢᠯᠡᠭᠡᠨ᠎ᠳᠤ ᠡᠮ ᠬᠡᠷᠡᠭᠯᠡᠬᠦ ᠠᠵᠢᠯᠯᠠᠭ᠎ᠠ ᠵᠢ ᠵᠢᠯᠣᠭᠣᠳᠬᠤ ᠪᠠ ᠬᠠᠮᠢᠶᠠᠷᠬᠤ᠎ᠪᠠᠨ ᠴᠢᠩᠭ᠋ᠠᠳᠬᠠᠵᠤ᠂ ᠬᠠᠷᠢᠶ᠎ᠠ ᠣᠷᠣᠨ᠎ᠤ ᠡᠮᠴᠢᠯᠡᠭᠡᠨ᠎ᠤ ᠪᠠᠶ᠋ᠢᠭᠤᠯᠤᠮᠵᠢ ᠵᠢ ᠱᠠᠭ᠋ᠠᠷᠳᠠᠵᠤ ᠬᠡᠯᠡᠯᠴᠡᠭᠡ ᠬᠢᠭᠰᠡᠨ ᠡᠮ᠎ᠤᠨ ᠵᠦᠢ᠍ᠯ᠎ᠢ ᠵᠦᠶ ᠵᠣᠬᠢᠰᠲᠠᠶ ᠳᠣᠭᠢᠷᠠᠭᠤᠯᠬᠤ ᠪᠠ ᠬᠡᠷᠡᠭᠯᠡᠭᠦᠯᠵᠦ᠂ ᠡᠮᠴᠢᠯᠡᠭᠡᠨ᠎ᠤ ᠪᠠᠲᠤᠯᠠᠭ᠎ᠠ ᠵᠢᠨ ᠶᠡᠷᠦᠩᠬᠡᠶ ᠲᠣᠭ᠎ᠠ ᠵᠢᠨ ᠬᠢᠵᠠᠭ᠋ᠠᠷᠯᠠᠯ᠂ ᠡᠮᠴᠢᠯᠡᠭᠡᠨ᠎ᠤ ᠪᠠᠶ᠋ᠢᠭᠤᠯᠤᠮᠵᠢ ᠵᠢᠨ ᠡᠮ ᠬᠡᠷᠡᠭᠯᠡᠬᠦ ᠭᠠᠷᠴᠠᠭ᠎ᠤᠨ ᠲᠣᠭ᠎ᠠ ᠵᠢᠨ ᠬᠢᠵᠠᠭ᠋ᠠᠷᠯᠠᠯ᠂ ᠡᠮ᠎ᠤᠨ ᠡᠵᠡᠯᠡᠬᠦ ᠬᠠᠷᠢᠴᠠᠯ ᠵᠡᠷᠭᠡ᠎ᠪᠠᠷ ᠰᠢᠯᠲᠠᠭ ᠪᠣᠯᠭ᠋ᠠᠨ ᠬᠡᠯᠡᠯᠴᠡᠭᠡ ᠬᠢᠭᠰᠡᠨ ᠡᠮ᠎ᠤᠨ ᠵᠦᠢ᠍ᠯ᠎ᠢ ᠪᠣᠳᠠᠲᠠᠶ᠋ᠢᠵᠢᠭᠤᠯᠬᠤ ᠵᠢ ᠨᠥᠯᠥᠭᠡᠯᠡᠵᠦ ᠪᠣᠯᠬᠤ ᠥᠬᠡᠶ᠃
(ᠬᠣᠶᠠᠷ) ᠡᠮᠴᠢᠯᠡᠭᠡᠨ᠎ᠤ ᠪᠠᠶ᠋ᠢᠭᠤᠯᠤᠮᠵᠢ ᠵᠢᠨ ᠭᠤᠤᠯ ᠴᠣᠭᠴᠠ ᠵᠢᠨ ᠬᠠᠷᠢᠭᠤᠴᠠᠯᠭ᠎ᠠ ᠵᠢ ᠪᠡᠬᠢᠵᠢᠭᠦᠯᠵᠦ᠂ ᠳᠠᠷᠤᠢ᠎ᠳᠤ᠎ᠨᠢ ᠵᠦᠶ ᠵᠣᠬᠢᠰᠲᠠᠶ ᠳᠣᠭᠢᠷᠠᠭᠤᠯᠤᠨ ᠬᠡᠷᠡᠭᠯᠡᠬᠦ ᠬᠡᠷᠡᠭᠲᠡᠶ᠃ ᠡᠮᠴᠢᠯᠡᠭᠡᠨ᠎ᠤ ᠪᠠᠶ᠋ᠢᠭᠤᠯᠤᠮᠵᠢ ᠪᠣᠯ ᠬᠡᠯᠡᠯᠴᠡᠭᠡ ᠬᠢᠭᠰᠡᠨ ᠡᠮ᠎ᠤᠨ ᠵᠦᠢ᠍ᠯ᠎ᠢ ᠲᠤᠬᠢᠷᠠᠭᠤᠯᠬᠤ ᠵᠢᠴᠢ ᠡᠮᠴᠢᠯᠡᠭᠡᠨ᠎ᠳᠤ ᠵᠦᠢ ᠵᠣᠬᠢᠰᠲᠠᠢ ᠬᠡᠷᠡᠭᠯᠡᠬᠦ ᠨᠢᠭᠡᠳᠦᠭᠡᠷ ᠬᠠᠷᠢᠭᠤᠴᠠᠯᠭ᠋ᠠᠲᠠᠨ ᠮᠥᠨ᠃ ᠡᠯ᠎ᠡ ᠴᠡᠭ ᠳᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ᠎ᠨᠢ ᠵᠦᠶ ᠵᠣᠬᠢᠰᠲᠠᠶ᠎ᠪᠠᠷ ᠡᠮ ᠬᠡᠷᠡᠭᠯᠡᠬᠦ ᠭᠤᠤᠯ ᠴᠣᠭᠴᠠ ᠵᠢᠨ ᠬᠠᠷᠢᠭᠤᠴᠠᠯᠭ᠎ᠠ᠎ᠪᠠᠨ ᠨᠠᠢ᠌ᠳᠠᠪᠤᠷᠢᠵᠭᠤᠯᠬᠤ᠂ ᠡᠮᠨᠡᠯᠭᠡ ᠵᠢᠨ ᠬᠣᠷᠢᠶᠠᠨ᠎ᠳᠠᠬᠢ ᠡᠮ᠎ᠤᠨ ᠵᠦᠢ᠍ᠯ᠎ᠢ ᠲᠣᠬᠢᠷᠠᠭᠤᠯᠬᠤ ᠪᠠ ᠡᠮᠴᠢᠯᠡᠭᠡᠨ᠎ᠤ ᠪᠠᠲᠤᠯᠠᠭ᠎ᠠ ᠵᠢᠨ ᠡᠮ᠎ᠤᠨ ᠵᠦᠢ᠍ᠯ᠎ᠤᠨ ᠭᠠᠷᠴᠠᠭ᠎ᠢ ᠲᠣᠬᠢᠷᠠᠭᠤᠯᠬᠤ ᠬᠣᠯᠪᠤᠭ᠋ᠠᠯᠠᠨ ᠬᠥᠳᠡᠯᠦᠯᠴᠡᠬᠦ ᠲᠣᠭᠲᠠᠴᠠ ᠵᠢ ᠪᠠᠢ᠌ᠭᠤᠯᠵᠤ᠂ ᠤᠯᠤᠰ᠎ᠤᠨ 《2021 ᠣᠨ᠎ᠤ ᠡᠮ᠎ᠤᠨ ᠵᠦᠢ᠍ᠯ᠎ᠤᠨ ᠭᠠᠷᠴᠠᠭ》᠎ᠢ ᠦᠨᠳᠦᠰᠦᠯᠡᠵᠦ᠂ ᠡᠮᠴᠢᠯᠡᠭᠡᠨ᠎ᠳᠤ ᠡᠮ ᠬᠡᠷᠡᠭᠯᠡᠬᠦ ᠬᠡᠷᠡᠭᠴᠡᠭᠡ ᠱᠠᠭ᠋ᠠᠷᠳᠠᠯᠭ᠎ᠠ᠎ᠲᠠᠢ ᠤᠶᠠᠯᠳᠤᠭᠤᠯᠤᠨ᠂ ᠡᠮ᠎ᠤᠨ ᠵᠦᠢ᠍ᠯ᠎ᠤᠨ ᠬᠤᠷᠠᠯ᠎ᠢ ᠳᠠᠷᠤᠢ᠎ᠳᠤ᠎ᠨᠢ ᠨᠢᠭᠡᠳᠦᠯᠲᠡᠶ ᠲᠥᠯᠥᠪᠯᠡᠨ ᠬᠤᠷᠠᠯᠳᠤᠭᠤᠯᠵᠤ᠂ 《ᠨᠠᠢ᠌ᠷᠠᠭᠤᠯᠬᠤ ᠶᠣᠰᠣᠲᠠᠶ ᠵᠢ᠎ᠨᠢ ᠪᠦᠬᠦᠨ᠎ᠢ ᠨᠠᠢ᠌ᠷᠠᠭᠤᠯᠬᠤ》 ᠵᠢ ᠪᠡᠶᠡᠯᠡᠭᠦᠯᠬᠦ ᠬᠡᠷᠡᠭᠲᠡᠶ᠃ ᠲᠣᠰ ᠡᠮᠴᠢᠯᠡᠭᠡᠨ᠎ᠤ ᠪᠠᠶ᠋ᠢᠭᠤᠯᠤᠮᠵᠢ ᠵᠢᠨ ᠬᠠᠩᠭ᠋ᠠᠯᠭ᠎ᠠ ᠵᠢᠨ ᠭᠠᠷᠴᠠᠭ᠎ᠲᠤ ᠣᠷᠣᠭᠤᠯᠬᠤ ᠠᠷᠭ᠎ᠠ ᠥᠬᠡᠶ ᠪᠣᠯᠪᠠᠴᠤ ᠡᠮᠴᠢᠯᠡᠭᠡᠨ᠎ᠳᠤ ᠦᠨᠡᠨ ᠬᠦ᠌ ᠬᠡᠷᠡᠭᠰᠡᠬᠦ ᠱᠠᠭ᠋ᠠᠷᠳᠠᠯᠭ᠎ᠠ ᠪᠥᠬᠦᠢ ᠬᠡᠯᠡᠯᠴᠡᠭᠡ ᠬᠢᠭᠰᠡᠨ ᠡᠮ᠎ᠤᠨ ᠵᠦᠢ᠍ᠯ᠎ᠢ ᠲᠦᠷ ᠴᠠᠭ ᠬᠤᠳᠠᠯᠳᠤᠨ ᠠᠪᠬᠤ ᠬᠡᠪᠴᠢᠶᠡᠨ᠎ᠳᠤ ᠣᠷᠣᠭᠤᠯᠵᠤ᠂ ᠰᠠᠭ᠋ᠠᠳ ᠥᠬᠡᠶ ᠨᠡᠪᠲᠡᠷᠡᠬᠦ ᠵᠠᠮ᠎ᠢ ᠪᠠᠢ᠌ᠭᠤᠯᠵᠤ᠂ ᠲᠠᠰ ᠳᠠᠷᠠᠭ᠋ᠠᠯᠠᠯ᠎ᠢ ᠳᠥᠭᠥᠮᠴᠢᠯᠡᠵᠦ᠂ ᠦᠶᠡᠯᠡᠯ᠎ᠤᠨ ᠬᠤᠭᠤᠴᠠᠭ᠎ᠠ ᠵᠢ ᠪᠣᠭᠣᠨᠢᠰᠬᠠᠵᠤ᠂ ᠴᠠᠭ ᠲᠤᠬᠠᠶ᠎ᠳᠤᠨᠢ ᠬᠤᠳᠠᠯᠳᠤᠨ ᠠᠪᠬᠤ ᠬᠡᠷᠡᠭᠲᠡᠶ᠃
(ᠭᠤᠷᠪᠠ) 《ᠬᠤᠤᠰ ᠨᠡᠪᠲᠡᠷᠡᠬᠦ ᠵᠠᠮ》᠎ᠤᠨ ᠬᠠᠮᠢᠶᠠᠷᠤᠯᠲᠠ ᠵᠢ ᠠᠬᠢᠭᠤᠯᠵᠤ᠂ ᠬᠡᠯᠡᠯᠴᠡᠭᠡ ᠬᠢᠭᠰᠡᠨ ᠡᠮ᠎ᠤᠨ ᠵᠦᠢ᠍ᠯ᠎ᠤᠨ ᠬᠠᠩᠭ᠋ᠠᠯᠭ᠎ᠠ ᠵᠢ ᠪᠠᠲᠤᠯᠠᠬᠤ ᠬᠡᠷᠡᠭᠲᠡᠢ᠃ ᠡᠯ᠎ᠡ ᠭᠠᠵᠠᠷ᠎ᠤᠨ᠎ᠬᠢᠨ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢ᠍ᠯ᠎ᠤᠨ ᠭᠠᠷᠴᠠᠭ᠎ᠤᠨ 《ᠬᠣᠣᠰ ᠨᠡᠪᠲᠡᠷᠡᠬᠦ ᠵᠠᠮ》᠎ᠤᠨ ᠬᠠᠮᠢᠶᠠᠷᠤᠯᠲᠠ ᠵᠢ ᠢᠳᠡᠪᠬᠢᠲᠡᠶ᠎ᠪᠠᠷ ᠨᠠᠶ᠋ᠢᠳᠠᠪᠤᠷᠢᠵᠢᠭᠤᠯᠵᠤ᠂ ᠲᠤᠬᠠᠶ ᠵᠢᠨ ᠭᠠᠵᠠᠷ᠎ᠤᠨ ᠡᠪᠡᠳᠴᠢᠲᠡᠨ᠎ᠤ ᠡᠮ ᠬᠡᠷᠡᠭᠯᠡᠬᠦ ᠬᠡᠷᠡᠭᠴᠡᠭᠡ ᠱᠠᠭ᠋ᠠᠷᠳᠠᠯᠭ᠎ᠠ᠎ᠲᠠᠢ ᠤᠶᠠᠯᠳᠤᠭᠤᠯᠤᠨ᠂ 《ᠬᠣᠣᠰ ᠨᠡᠪᠲᠡᠷᠡᠬᠦ ᠵᠠᠮ》᠎ᠤᠨ ᠡᠮ᠎ᠤᠨ ᠳᠡᠯᠭᠡᠭᠦᠷ᠎ᠢ ᠱᠠᠭ᠋ᠠᠷᠳᠠᠵᠤ ᠡᠮ᠎ᠤᠨ ᠳᠡᠯᠭᠡᠭᠦᠷ᠎ᠤᠨ ᠬᠠᠩᠭ᠋ᠠᠯᠭ᠎ᠠ ᠵᠢ ᠪᠠᠲᠤᠯᠠᠬᠤ᠎ᠳᠤ ᠲᠣᠬᠢᠷᠠᠬᠤ ᠬᠡᠯᠡᠯᠴᠡᠭᠡ ᠬᠢᠭᠰᠡᠨ ᠡᠮ᠎ᠤᠨ ᠵᠦᠢ᠍ᠯ᠎ᠢ ᠳᠠᠷᠤᠢ᠎ᠳᠤ᠎ᠨᠢ ᠲᠣᠬᠢᠷᠠᠭᠤᠯᠵᠤ᠂ ᠡᠭᠦᠳᠡᠨ ᠡᠮᠨᠡᠯᠭᠡ᠎ᠳᠤ ᠣᠨᠴᠠᠭ᠋ᠠᠢ ᠬᠡᠷᠡᠭᠯᠡᠬᠦ ᠡᠮ ᠪᠠ ᠡᠭᠦᠳᠡᠨ ᠡᠮᠨᠡᠯᠭᠡ ᠵᠢᠨ ᠤᠳᠠᠭ᠋ᠠᠨ ᠴᠢᠨᠠᠷᠲᠠᠢ ᠡᠪᠡᠳᠴᠢᠨ᠎ᠤ ᠬᠠᠮᠢᠶᠠᠷᠤᠯᠲᠠ᠎ᠳᠤ ᠣᠷᠣᠭᠤᠯᠤᠭᠰᠠᠨ ᠡᠮ᠎ᠤᠨ ᠵᠦᠢ᠍ᠯ᠎ᠢ ᠴᠡᠭ ᠲᠣᠭᠲᠠᠭ᠋ᠠᠭᠰᠠᠨ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ ᠪᠠ ᠴᠡᠭ ᠲᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ᠎ᠳᠤ ᠨᠢᠭᠡᠳᠦᠯᠲᠡᠶ ᠳᠠᠩᠰᠠ ᠴᠠᠢ᠌ᠷᠠᠭᠤᠯᠬᠤ ᠲᠥᠷᠥ ᠵᠢᠨ ᠪᠣᠳᠣᠯᠭ᠎ᠠ ᠵᠢ ᠬᠡᠷᠡᠭᠵᠢᠭᠦᠯᠬᠦ ᠬᠡᠷᠡᠭᠲᠡᠶ᠃ ᠴᠡᠭ ᠳᠣᠭᠲᠠᠭ᠋ᠠᠭᠰᠠᠨ ᠡᠮ᠎ᠤᠨ ᠳᠡᠯᠭᠡᠭᠦᠷ᠎ᠨᠢ ᠰᠣᠩᠭᠣᠵᠤ ᠣᠷᠣᠭᠤᠯᠬᠤ ᠵᠢ ᠵᠦᠪᠰᠢᠶᠡᠷᠡᠬᠦ᠂ ᠡᠪᠡᠳᠴᠢᠲᠡᠨ᠎ᠢ ᠮᠠᠭ᠋ᠠᠳᠯᠠᠨ ᠲᠣᠭᠲᠠᠭ᠋ᠠᠬᠤ᠂ ᠵᠣᠷ᠎ᠢ ᠰᠢᠯᠵᠢᠭᠦᠯᠬᠦ᠂ ᠰᠢᠭᠤᠳ ᠳ᠋ᠦᠩᠨᠡᠨ ᠪᠤᠳᠤᠬᠤ ᠪᠠ ᠰᠠᠭᠤᠷᠢ ᠮᠥᠩᠭᠥ ᠵᠢ ᠬᠢᠨᠠᠨ ᠬᠠᠮᠢᠶᠠᠷᠬᠤ ᠵᠡᠷᠭᠡ ᠠᠷᠭ᠎ᠠ ᠬᠡᠮᠵᠢᠶ᠎ᠡ ᠵᠢ ᠨᠠᠷᠢᠯᠢᠬ᠍ᠵᠢᠭᠤᠯᠤᠨ ᠲᠡᠭᠦᠯᠳᠡᠷᠵᠢᠭᠦᠯᠵᠦ᠂ ᠬᠡᠯᠡᠯᠴᠡᠭᠡ ᠬᠢᠭᠰᠡᠨ ᠡᠮ᠎ᠤᠨ ᠵᠦᠢ᠍ᠯ᠎ᠤᠨ ᠬᠠᠩᠭ᠋ᠠᠯᠭ᠎ᠠ ᠵᠢ ᠪᠠᠲᠤᠯᠠᠬᠤ ᠬᠢᠷᠢ ᠲᠦᠪᠰᠢᠨ᠎ᠢ ᠦᠨᠡᠨ ᠬᠦ᠌ ᠳᠡᠭᠡᠭᠰᠢᠯᠡᠭᠦᠯᠬᠦ ᠬᠡᠷᠡᠭᠲᠡᠶ᠃
(ᠳᠥᠷᠪᠡ) ᠮᠡᠳᠡᠭᠡ ᠵᠠᠩᠭᠢ ᠵᠢ ᠢᠯᠡ ᠪᠣᠯᠭ᠋ᠠᠬᠤ ᠵᠢ ᠨᠠᠢ᠌ᠳᠠᠪᠤᠷᠢᠵᠢᠭᠤᠯᠵᠤ᠂ ᠣᠯᠠᠨ ᠲᠦᠮᠡᠨ᠎ᠤ ᠵᠦᠶ ᠵᠣᠬᠢᠰᠲᠠᠶ᠎ᠪᠠᠷ ᠡᠪᠡᠳᠴᠢᠨ ᠦᠵᠡᠭᠦᠯᠵᠦ ᠡᠮ ᠬᠡᠷᠡᠭᠯᠡᠬᠦ ᠵᠢ ᠬᠥᠲᠥᠯᠥᠨ ᠵᠢᠯᠣᠭᠣᠳᠬᠤ ᠬᠡᠷᠡᠭᠲᠡᠶ᠃ ᠡᠯ᠎ᠡ ᠭᠠᠵᠠᠷ᠎ᠤᠨ᠎ᠬᠢᠨ ᠳᠠᠷᠤᠢ᠎ᠳᠤ᠎ᠨᠢ ᠰᠠᠨᠠᠭ᠋ᠠᠴᠢᠯᠠᠭ᠎ᠠ᠎ᠠᠴᠠ᠎ᠪᠠᠨ ᠨᠡᠶ᠋ᠢᠭᠡᠮ᠎ᠳᠤ 《ᠬᠤᠤᠰ ᠨᠡᠪᠲᠡᠷᠡᠬᠦ ᠵᠠᠮ》᠎ᠤᠨ ᠬᠠᠮᠢᠶᠠᠷᠤᠯᠲᠠ ᠵᠢ ᠬᠡᠷᠡᠭᠵᠢᠭᠦᠯᠵᠦ᠂ ᠬᠡᠯᠡᠯᠴᠡᠭᠡ ᠬᠢᠭᠰᠡᠨ ᠡᠮ᠎ᠤᠨ ᠵᠦᠢ᠍ᠯ᠎ᠤᠨ ᠲᠥᠷᠥᠯ ᠵᠦᠢ᠍ᠯ ᠵᠢᠴᠢ ᠴᠡᠭ ᠳᠣᠭᠲᠠᠭ᠋ᠠᠭᠰᠠᠨ ᠡᠮᠴᠢᠯᠡᠭᠡᠨ᠎ᠤ ᠪᠠᠶ᠋ᠢᠭᠤᠯᠤᠮᠵᠢ᠂ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ᠎ᠤᠨ ᠨᠡᠷᠡᠰ᠎ᠢ ᠢᠯᠡ ᠨᠡᠶ᠋ᠢᠲᠡᠯᠡᠬᠦ ᠵᠢᠨ ᠬᠠᠮᠲᠤ 《ᠬᠤᠤᠰ ᠨᠡᠪᠲᠡᠷᠡᠬᠦ ᠵᠠᠮ》᠎ᠤᠨ ᠲᠥᠷᠥ ᠵᠢᠨ ᠪᠣᠳᠣᠯᠭ᠎ᠠ ᠵᠢ ᠤᠬᠠᠭᠤᠯᠬᠤ ᠡᠷᠴᠢᠮ ᠵᠶ᠋ᠠᠨ ᠴᠢᠩᠭ᠋ᠠᠷᠠᠭᠤᠯᠵᠤ᠂ ᠲᠥᠷᠥ ᠵᠢᠨ ᠪᠣᠳᠣᠯᠭ᠎ᠠ ᠵᠢ ᠣᠶ᠋ᠢᠯᠠᠭ᠋ᠠᠬᠤ ᠲᠦᠪᠰᠢᠨ ᠵᠶ᠋ᠠᠨ ᠳᠡᠭᠡᠭᠰᠢᠯᠡᠭᠦᠯᠵᠦ᠂ ᠣᠯᠠᠨ ᠨᠡᠶ᠋ᠢᠲᠡ ᠵᠢᠨ ᠵᠢᠱ᠌ᠢᠯᠲᠡ ᠵᠢ ᠵᠦᠶ ᠵᠣᠬᠢᠰᠲᠠᠶ ᠬᠥᠲᠥᠯᠥᠨ ᠵᠢᠯᠣᠭᠣᠳᠴᠤ ᠡᠪᠡᠳᠴᠢᠲᠡᠨ᠎ᠤ ᠡᠮ ᠬᠡᠷᠡᠭᠯᠡᠬᠦ᠎ᠳᠤ ᠲᠥᠬᠥᠮ ᠦᠵᠡᠭᠦᠯᠬᠦ ᠵᠢᠨ ᠬᠠᠮᠲᠤ ᠵᠦᠶ ᠵᠣᠬᠢᠰᠲᠠᠶ ᠡᠮᠨᠡᠭᠦᠯᠬᠦ ᠪᠠ ᠡᠮ ᠬᠡᠷᠡᠭᠯᠡᠬᠦ ᠵᠢ ᠬᠥᠲᠥᠯᠥᠨ ᠵᠢᠯᠣᠭᠣᠳᠬᠤ ᠬᠡᠷᠡᠭᠲᠡᠶ᠃
(ᠲᠠᠪᠤ) ᠬᠢᠨᠠᠨ ᠪᠠᠢ᠌ᠴᠠᠭ᠋ᠠᠵᠤ ᠰᠡᠷᠡᠮᠵᠢᠯᠡᠭᠦᠯᠬᠦ ᠵᠢ ᠴᠢᠩᠭ᠋ᠠᠳᠬᠠᠨ᠂ ᠲᠥᠷᠥ ᠵᠢᠨ ᠪᠣᠳᠣᠯᠭ᠎ᠠ ᠵᠢᠨ ᠲᠣᠭᠲᠠᠭᠤᠨ ᠵᠶ᠋ᠠᠷ ᠶᠠᠪᠤᠭᠳᠠᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃ ᠡᠯ᠎ᠡ ᠭᠠᠵᠠᠷ᠎ᠤᠨ᠎ᠬᠢᠨ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠮᠥᠷᠳᠡᠵᠦ ᠬᠢᠨᠠᠨ ᠪᠠᠢ᠌ᠴᠠᠭ᠋ᠠᠬᠤ ᠵᠢ ᠢᠳᠡᠪᠬᠢᠲᠡᠶ ᠥᠷᠨᠢᠭᠦᠯᠵᠦ᠂ ᠲᠥᠷᠥ ᠵᠢᠨ ᠪᠣᠳᠣᠯᠭ᠎ᠠ ᠵᠢ ᠬᠡᠷᠡᠭᠵᠢᠭᠦᠯᠬᠦ ᠶᠠᠪᠤᠴᠠ᠎ᠳᠤ ᠢᠯᠡᠷᠡᠭᠰᠡᠨ ᠡᠮ᠎ᠤᠨ ᠵᠦᠢ᠍ᠯ᠎ᠤᠨ ᠬᠠᠩᠭ᠋ᠠᠯᠭ᠎ᠠ ᠰᠢᠯᠤᠭᠤᠨ ᠪᠤᠰᠤ᠂ ᠲᠣᠬᠢᠷᠠᠭᠤᠯᠤᠯᠲᠠ ᠭᠦᠢ᠍ᠴᠡᠳ ᠥᠬᠡᠶ᠂ ᠲᠣᠭ᠋ᠠᠴᠠᠭ᠎ᠠ ᠬᠢᠬᠦ᠎ᠳᠤ ᠬᠠᠷᠰᠢ ᠰᠠᠭ᠋ᠠᠳ᠎ᠲᠠᠢ ᠪᠠᠶ᠋ᠢᠬᠤ ᠵᠡᠷᠭᠡ ᠠᠰᠠᠭᠤᠳᠠᠯ᠎ᠢ ᠵᠣᠬᠢᠰᠲᠠᠢ ᠰᠢᠢ᠍ᠳᠪᠦᠷᠢᠯᠡᠵᠦ᠂ ᠲᠥᠷᠥ ᠵᠢᠨ ᠪᠣᠳᠣᠯᠭ᠎ᠠ ᠵᠢ ᠲᠣᠭᠲᠠᠭᠤᠨ ᠵᠶ᠋ᠠᠷ ᠶᠠᠪᠤᠭᠳᠠᠭᠤᠯᠬᠤ ᠪᠠ ᠪᠣᠳᠠᠲᠠᠢ᠌ᠵᠢᠭᠤᠯᠵᠤ ᠦᠷ᠎ᠡ ᠪᠦᠲᠦᠮᠵᠢ ᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃ ᠡᠮᠴᠢᠯᠡᠭᠡᠨ᠎ᠤ ᠪᠠᠲᠤᠯᠠᠭ᠎ᠠ ᠵᠢᠨ ᠡᠮ ᠬᠡᠷᠡᠭᠯᠡᠬᠦ ᠵᠢ ᠬᠢᠨᠠᠨ ᠪᠠᠢ᠌ᠴᠠᠭ᠋ᠠᠬᠤ ᠲᠦᠷᠢᠮ᠎ᠢ ᠲᠡᠭᠦᠯᠳᠡᠷᠵᠢᠭᠦᠯᠦᠨ ᠨᠠᠷᠢᠯᠢᠬ᠍ᠵᠢᠭᠤᠯᠵᠤ᠂ ᠣᠶᠤᠨᠴᠢ ᠬᠢᠨᠠᠨ ᠡᠵᠡᠮᠳᠡᠯ᠎ᠢ ᠣᠷᠣᠭᠤᠯᠵᠤ᠂ 《ᠬᠤᠤᠰ ᠨᠡᠪᠲᠡᠷᠡᠬᠦ ᠵᠠᠮ》᠎ᠤᠨ ᠬᠦᠷᠢᠶᠡᠨ᠎ᠳᠠᠬᠢ ᠡᠮᠴᠢᠯᠡᠭᠡᠨ᠎ᠤ ᠪᠠᠲᠤᠯᠠᠭ᠎ᠠ ᠵᠢᠨ ᠪᠠᠯᠠ ᠮᠥᠩᠭᠥ ᠵᠢ ᠮᠡᠬᠡᠯᠡᠨ ᠠᠪᠬᠤ ᠦᠢ᠍ᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠬᠦ ᠬᠡᠷᠡᠭᠲᠡᠶ᠃ 《ᠬᠤᠤᠰ ᠨᠡᠪᠲᠡᠷᠡᠬᠦ ᠵᠠᠮ》᠎ᠤᠨ ᠡᠮ ᠬᠡᠷᠡᠭᠯᠡᠬᠦ ᠵᠠᠷᠤᠳᠠᠯ ᠪᠠ ᠰᠠᠭᠤᠷᠢ ᠮᠥᠩᠭᠥ ᠵᠢᠨ ᠵᠠᠷᠤᠯᠭ᠎ᠠ ᠵᠢᠨ ᠬᠡᠪ᠎ᠤᠨ ᠵᠠᠳᠠᠯᠤᠯᠲᠠ ᠪᠠ ᠬᠢᠨᠠᠨ ᠪᠠᠢ᠌ᠴᠠᠭ᠋ᠠᠯᠲᠠ ᠵᠢ ᠴᠢᠩᠭ᠋ᠠᠳᠬᠠᠵᠤ᠂ ᠬᠢᠨᠠᠨ ᠬᠠᠮᠢᠶᠠᠷᠬᠤ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠳᠠᠷᠤᠢ᠎ᠳᠤ᠎ᠨᠢ ᠲᠣᠬᠢᠷᠠᠭᠤᠯᠤᠨ ᠲᠡᠭᠦᠯᠳᠡᠷᠵᠢᠭᠦᠯᠵᠦ᠂ ᠰᠠᠭᠤᠷᠢ ᠮᠥᠩᠭᠥ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠎ᠠᠴᠠ ᠬᠡᠯᠡᠯᠴᠡᠭᠡ ᠬᠢᠭᠰᠡᠨ ᠡᠮ᠎ᠤᠨ ᠵᠦᠢ᠍ᠯ᠎ᠢ ᠰᠠᠷ᠎ᠠ ᠪᠣᠯᠭ᠋ᠠᠨ ᠬᠢᠨᠠᠨ ᠪᠠᠢ᠌ᠴᠠᠭ᠋ᠠᠬᠤ ᠠᠵᠢᠯ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠵᠢᠨ ᠬᠠᠮᠲᠤ ᠪᠥᠬᠥ ᠣᠷᠣᠨ᠎ᠤ ᠠᠵᠢᠯᠯᠠᠭ᠋ᠠᠨ᠎ᠤ ᠪᠠᠶ᠋ᠢᠳᠠᠯ᠎ᠢ ᠲᠣᠭᠲᠠᠮᠠᠯ ᠬᠤᠭᠤᠴᠠᠭ᠎ᠠ᠎ᠲᠠᠢ ᠮᠡᠳᠡᠭᠡᠯᠡᠬᠦ ᠬᠡᠷᠡᠭᠲᠡᠶ᠃ ᠬᠡᠯᠡᠯᠴᠡᠭᠡ ᠬᠢᠭᠰᠡᠨ ᠡᠮ᠎ᠤᠨ ᠵᠦᠢ᠍ᠯ᠎ᠢ ᠪᠣᠳᠠᠲᠠᠶ᠋ᠢᠵᠢᠭᠤᠯᠤᠨ ᠬᠡᠷᠡᠭᠵᠢᠭᠦᠯᠬᠦ ᠶᠠᠪᠤᠴᠠ᠎ᠳᠤ ᠬᠡᠷᠪᠡ ᠴᠢᠬᠤᠯᠠ ᠶᠡᠬᠡ ᠠᠰᠠᠭᠤᠳᠠᠯ ᠲᠤᠯᠭ᠋ᠠᠷᠠᠪᠠᠯ᠂ ᠳᠠᠷᠤᠢ᠎ᠳᠤ᠎ᠨᠢ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠳᠤ ᠮᠡᠳᠡᠭᠦᠯᠬᠦ ᠬᠡᠷᠡᠭᠲᠡᠶ᠃
ᠳᠠᠭ᠋ᠠᠯᠳᠤᠭᠤᠯᠤᠯ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢ᠍ᠯ᠎ᠤᠨ ᠭᠠᠷᠴᠠᠭ᠎ᠤᠨ 《ᠬᠤᠤᠰ ᠨᠡᠪᠲᠡᠷᠡᠬᠦ ᠵᠠᠮ》᠎ᠤᠨ ᠬᠠᠮᠢᠶᠠᠷᠤᠯᠲᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ
2022 ᠣᠨ᠎ᠤ 1 ᠳ᠋ᠦ᠍ᠭᠡᠷ ᠰᠠᠷ᠎ᠠ ᠵᠢᠨ 6᠎ᠤ ᠡᠳᠦᠷ
(ᠲᠤᠰ ᠪᠢᠴᠢᠭ ᠮᠠᠲ᠋ᠧᠷᠢᠶᠠᠯ᠎ᠢ ᠢᠯᠡ ᠨᠡᠶ᠋ᠢᠲᠡᠯᠡᠨ᠎ᠡ)
ᠳᠠᠭ᠋ᠠᠯᠳᠤᠭᠤᠯᠤᠯ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢ᠍ᠯ᠎ᠤᠨ ᠭᠠᠷᠴᠠᠭ᠎ᠤᠨ 《ᠬᠤᠤᠰ ᠨᠡᠪᠲᠡᠷᠡᠬᠦ ᠵᠠᠮ》᠎ᠤᠨ ᠬᠠᠮᠢᠶᠠᠷᠤᠯᠲᠠ . pdf
ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ