ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠪᠢᠴᠢᠭ ᠮᠠᠲ᠋ᠧᠷᠢᠶᠠᠯ
ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠬᠤᠭᠤᠴᠠᠭ᠋ᠠᠨ᠎ᠳᠤ ᠡᠮᠴᠢᠯᠡᠭᠡᠨ᠎ᠤ ᠪᠠᠲᠤᠯᠠᠭ᠎ᠠ ᠵᠢᠨ ᠲᠣᠭ᠋ᠠᠴᠠᠭ᠎ᠠ ᠬᠢᠬᠦ ᠬᠡᠪᠴᠢᠶ᠎ᠡ ᠵᠢ ᠲᠦᠷ ᠴᠠᠭ ᠲᠣᠬᠢᠷᠠᠭᠤᠯᠬᠤ ᠲᠤᠬᠠᠶ ᠮᠡᠳᠡᠭᠳᠡᠯ
ᠨᠡᠶ᠋ᠢᠲᠡᠯᠡᠭᠰᠡᠨ ᠴᠠᠭ᠄ 2022-03-24

                    ᠥᠪᠥᠷ ᠡᠮᠴᠢᠯᠡᠭᠡᠨ᠎ᠤ ᠪᠠᠲᠤᠯᠠᠭ᠎ᠠ ᠠᠯᠪᠠᠨ ᠥᠰᠥᠭ  [2022] 55 ᠳ᠋ᠤᠭ᠋ᠠᠷ ᠲᠣᠭ᠋ᠠᠲᠤ

ᠡᠯ᠎ᠡ ᠠᠶ᠋ᠢᠮᠠᠭ ᠬᠣᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠂ ᠮᠠᠨᠵᠤᠤᠷ ᠬᠣᠲᠠ᠂ ᠡᠷᠢᠶᠡᠨ ᠬᠣᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠎ᠳᠤ᠄
     《ᠣᠳᠣᠬᠠᠨ᠎ᠤ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠡᠮᠴᠢᠯᠡᠭᠡᠨ᠎ᠤ ᠪᠠᠲᠤᠯᠠᠭ᠎ᠠ ᠵᠢᠨ ᠠᠵᠢᠯ᠎ᠢ ᠦᠨᠡᠨ ᠬᠦ᠌ ᠰᠠᠶ᠋ᠢᠲᠤᠷ ᠬᠢᠬᠦ ᠲᠤᠬᠠᠶ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠠᠯᠪᠠᠨ ᠬᠡᠷ᠎ᠤᠨ ᠮᠡᠳᠡᠭᠳᠡᠯ》 (ᠡᠮᠴᠢᠯᠡᠭᠡᠨ᠎ᠤ ᠪᠠᠲᠤᠯᠠᠭ᠎ᠠ ᠠᠯᠪᠠᠨ ᠲᠠᠷᠬᠠᠭ᠋ᠠᠭᠰᠠᠨ  [2022] 3 ᠳ᠋ᠤᠭ᠋ᠠᠷ ᠲᠣᠭ᠋ᠠᠲᠤ)᠎ᠤᠨ ᠱᠠᠭ᠋ᠠᠷᠳᠠᠯᠭ᠎ᠠ ᠶᠣᠰᠣᠭ᠋ᠠᠷ ᠮᠠᠨ᠎ᠤ ᠣᠷᠣᠨ᠎ᠤ ᠪᠣᠳᠠᠲᠠᠶ᠎ᠲᠠᠢ᠎ᠪᠠᠨ ᠤᠶᠠᠯᠳᠤᠭᠤᠯᠤᠨ᠂ ᠡᠳᠦᠭᠡ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠤᠨ ᠬᠤᠭᠤᠴᠠᠭ᠋ᠠᠨ᠎ᠳᠤ ᠡᠮᠴᠢᠯᠡᠭᠡᠨ᠎ᠤ ᠪᠠᠲᠤᠯᠠᠭ᠎ᠠ ᠵᠢᠨ ᠲᠣᠭ᠋ᠠᠴᠠᠭ᠎ᠠ ᠬᠢᠬᠦ ᠬᠡᠪᠴᠢᠶ᠎ᠡ ᠵᠢ ᠲᠦᠷ ᠴᠠᠭ ᠲᠣᠬᠢᠷᠠᠭᠤᠯᠬᠤ ᠬᠣᠯᠪᠣᠭᠳᠠᠯ ᠪᠥᠬᠥᠶ ᠵᠦᠢ᠍ᠯ᠎ᠢ ᠮᠡᠳᠡᠭᠳᠡᠪᠡ᠃
      ᠨᠢᠭᠡ᠂ ᠨᠠᠢ ᠮᠠ ᠲᠧ ᠸᠧᠶ ᠡᠮ / ᠯᠢ ᠲᠦᠸᠧ ᠨᠠ ᠸᠧᠶ ᠡᠮ᠎ᠢ ᠲᠦᠷ ᠴᠠᠭ ᠡᠮᠴᠢᠯᠡᠭᠡᠨ᠎ᠤ ᠪᠠᠲᠤᠯᠠᠭ᠎ᠠ ᠵᠢᠨ ᠲᠣᠭ᠋ᠠᠴᠠᠭ᠎ᠠ ᠬᠢᠬᠦ ᠬᠡᠪᠴᠢᠶᠡᠨ᠎ᠳᠤ ᠣᠷᠣᠭᠤᠯᠤᠨ᠎ᠠ
      ᠡᠮᠴᠢᠯᠡᠭᠡᠨ᠎ᠤ ᠪᠠᠲᠤᠯᠠᠭ᠎ᠠ ᠵᠢᠨ ᠲᠣᠭ᠋ᠠᠴᠠᠭ᠎ᠠ ᠬᠢᠬᠦ ᠬᠡᠪᠴᠢᠶᠡᠨ᠎ᠳᠤ ᠣᠷᠣᠭᠤᠯᠤᠭᠰᠠᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠢ ᠡᠮᠨᠡᠨ ᠵᠠᠰᠠᠬᠤ᠎ᠳᠤ ᠬᠡᠷᠡᠭᠯᠡᠬᠦ ᠡᠮ᠎ᠢ ᠴᠠᠭ ᠲᠤᠬᠠᠶ᠎ᠳᠤ᠎ᠨᠢ ᠲᠣᠬᠢᠷᠠᠭᠤᠯᠵᠤ᠂ ᠬᠢᠵᠢᠭ᠎ᠤᠨ ᠬᠤᠭᠤᠴᠠᠭ᠋ᠠᠨ᠎ᠳᠤ᠂ 《ᠰᠢᠨ᠎ᠡ ᠬᠡᠯᠪᠡᠷᠢ ᠵᠢᠨ ᠲᠢᠲᠢᠮᠯᠢᠭ ᠸᠢᠷᠦ᠋ᠰ᠎ᠤᠨ ᠠᠭᠤᠰᠬᠢᠨ ᠦᠷᠪᠢᠰᠦᠯ᠎ᠢ ᠣᠨᠣᠰᠢᠯᠠᠨ ᠡᠮᠨᠡᠬᠦ ᠲᠥᠰᠦᠯ (ᠲᠤᠷᠰᠢᠨ ᠬᠡᠷᠡᠭᠵᠢᠭᠦᠯᠬᠦ ᠶᠢᠰᠦᠳᠦᠭᠡᠷ ᠬᠡᠪᠯᠡᠯ)》᠎ᠳᠤ ᠰᠢᠨ᠎ᠡ᠎ᠪᠠᠷ ᠨᠡᠮᠡᠭᠳᠡᠭᠰᠡᠨ ᠨᠠᠢ ᠮᠠ ᠲᠧ ᠸᠧᠶ ᠡᠮ / ᠯᠢ ᠲᠦᠸᠧ ᠨᠠ ᠸᠧᠶ ᠡᠮ᠎ᠢ ᠲᠦᠷ ᠴᠠᠭ ᠡᠮᠴᠢᠯᠡᠭᠡᠨ᠎ᠤ ᠪᠠᠲᠤᠯᠠᠭ᠎ᠠ ᠵᠢᠨ ᠲᠣᠭ᠋ᠠᠴᠠᠭ᠎ᠠ ᠬᠢᠬᠦ ᠬᠡᠪᠴᠢᠶᠡᠨ᠎ᠳᠤ ᠣᠷᠣᠭᠤᠯᠵᠤ᠂ 《ᠬᠥᠬᠡ ᠲᠥᠷᠥᠯ》᠎ᠤᠨ ᠶᠣᠰᠣᠭ᠋ᠠᠷ ᠲᠣᠭ᠋ᠠᠴᠠᠭ᠎ᠠ ᠬᠢᠵᠦ᠂ ᠲᠣᠭ᠋ᠠᠴᠠᠭ᠎ᠠ ᠬᠢᠬᠦ ᠬᠡᠪᠴᠢᠶ᠎ᠡ ᠵᠢ 《ᠰᠢᠨ᠎ᠡ ᠬᠡᠯᠪᠡᠷᠢ ᠵᠢᠨ ᠲᠢᠲᠢᠮᠯᠢᠭ ᠸᠢᠷᠦ᠋ᠰ᠎ᠤᠨ ᠠᠭᠤᠰᠬᠢᠨ ᠦᠷᠪᠢᠰᠦᠯ ᠵᠶ᠋ᠠᠷ ᠣᠨᠣᠰᠢᠯᠠᠭᠳᠠᠭᠰᠠᠨ ᠡᠪᠡᠳᠴᠢᠲᠡᠨ》 ᠵᠶ᠋ᠠᠷ ᠬᠢᠵᠠᠭ᠋ᠠᠷᠯᠠᠨ ᠲᠣᠭᠲᠠᠭ᠋ᠠᠪᠠ᠃
      ᠬᠣᠶᠠᠷ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠢ ᠡᠮᠨᠡᠨ ᠵᠠᠰᠠᠬᠤ ᠡᠮ᠎ᠤᠨ ᠵᠦᠢ᠍ᠯ᠎ᠤᠨ ᠬᠠᠩᠭ᠋ᠠᠯᠭ᠎ᠠ ᠵᠢ ᠪᠠᠲᠤᠯᠠᠬᠤ ᠵᠢ ᠰᠠᠶ᠋ᠢᠲᠤᠷ   ᠬᠢᠬᠦ ᠬᠡᠷᠡᠭᠲᠡᠢ
      ᠥᠪᠡᠷᠲᠡᠭᠡᠨ ᠵᠠᠰᠠᠬᠤ ᠣᠷᠣᠨ᠎ᠤ ᠡᠮ ᠬᠤᠳᠠᠯᠳᠤᠨ ᠠᠪᠬᠤ ᠲᠥᠪ᠎ᠨᠢ ᠰᠠᠭ᠋ᠠᠳ ᠥᠬᠡᠶ ᠨᠡᠪᠲᠡᠷᠡᠬᠦ ᠵᠠᠮ᠎ᠢ ᠨᠡᠪᠲᠡᠷᠡᠭᠦᠯᠵᠦ᠂ ᠰᠢᠨ᠎ᠡ᠎ᠪᠠᠷ ᠨᠡᠮᠡᠭᠳᠡᠭᠰᠡᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠢ ᠡᠮᠨᠡᠨ ᠵᠠᠰᠠᠬᠤ ᠡᠮ᠎ᠤᠨ ᠵᠦᠢ᠍ᠯ᠎ᠢ ᠴᠠᠭ ᠲᠤᠬᠠᠶ᠎ᠳᠤ᠎ᠨᠢ ᠰᠦᠯᠵᠢᠶᠡᠨ᠎ᠳᠤ ᠡᠯᠭᠦᠬᠦ ᠵᠢ ᠦᠨᠡᠨ ᠬᠦ᠌ ᠪᠠᠲᠤᠯᠠᠵᠤ᠂ ᠬᠠᠷᠠᠬᠠᠨ ᠰᠦᠯᠵᠢᠶᠡᠨ᠎ᠳᠤ ᠡᠯᠭᠦᠭᠡᠳᠦᠶ ᠡᠮ᠎ᠤᠨ ᠵᠦᠢ᠍ᠯ᠎ᠢ ᠡᠮ ᠡᠮᠨᠡᠯᠭᠡ ᠵᠢᠨ ᠪᠠᠶ᠋ᠢᠭᠤᠯᠤᠮᠵᠢ᠎ᠨᠢ ᠤᠷᠢᠳ ᠵᠶ᠋ᠠᠷ ᠰᠦᠯᠵᠢᠶᠡᠨ᠎ᠠᠴᠠ ᠭᠠᠳᠠᠨ᠎ᠠ ᠬᠤᠳᠠᠯᠳᠤᠨ ᠠᠪᠴᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ᠎ᠳᠤ ᠬᠡᠷᠡᠭᠯᠡᠵᠦ᠂ ᠡᠮᠴᠢᠯᠡᠭᠡᠨ᠎ᠤ ᠬᠡᠷᠡᠭᠴᠡᠭᠡ ᠱᠠᠭ᠋ᠠᠷᠳᠠᠯᠭ᠎ᠠ ᠵᠢ   ᠪᠠᠲᠤᠯᠠᠬᠤ ᠬᠡᠷᠡᠭᠲᠡᠢ᠃
      ᠭᠤᠷᠪᠠ᠂ ᠰᠢᠨ᠎ᠡ ᠲᠢᠲᠢᠮᠯᠢᠭ ᠸᠢᠷᠦ᠋ᠰ᠎ᠤᠨ ᠥᠳᠥᠭᠡᠭᠴᠢ ᠵᠢ ᠰᠢᠯᠭ᠋ᠠᠨ ᠪᠠᠶ᠋ᠢᠴᠠᠭ᠋ᠠᠬᠤ ᠤᠷᠪᠠᠯᠵᠢ ᠵᠢ ᠬᠤᠪᠢ ᠬᠥᠮᠦᠨ᠎ᠤ ᠲᠠᠩᠰᠠᠨ ᠡᠷᠦᠬᠡ ᠵᠢᠨ ᠲᠣᠭ᠋ᠠᠴᠠᠭ᠎ᠠ ᠬᠢᠬᠦ   ᠬᠡᠪᠴᠢᠶᠡᠨ᠎ᠳᠤ ᠣᠷᠣᠭᠤᠯᠤᠨ᠎ᠠ
      ᠬᠢᠵᠢᠭ᠎ᠤᠨ ᠬᠤᠭᠤᠴᠠᠭ᠋ᠠᠨ᠎ᠳᠤ᠂ ᠳᠠᠭ᠋ᠠᠳᠬᠠᠯ᠎ᠳᠤ ᠣᠷᠣᠯᠴᠠᠭᠰᠠᠨ ᠡᠪᠡᠳᠴᠢᠲᠡᠨ ᠴᠡᠭ ᠳᠣᠭᠲᠠᠭ᠋ᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ ᠪᠠ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ᠎ᠠᠴᠠ ᠰᠢᠨ᠎ᠡ ᠲᠢᠲᠢᠮᠯᠢᠭ ᠸᠢᠷᠦ᠋ᠰ᠎ᠤᠨ ᠥᠳᠥᠭᠡᠭᠴᠢ ᠵᠢ ᠰᠢᠯᠭ᠋ᠠᠨ ᠪᠠᠶ᠋ᠢᠴᠠᠭ᠋ᠠᠬᠤ ᠤᠷᠪᠠᠯᠵᠢ ᠵᠢ ᠬᠤᠳᠠᠯᠳᠤᠨ ᠠᠪᠤᠭᠰᠠᠨ ᠵᠠᠷᠤᠳᠠᠯ᠎ᠢ ᠬᠤᠪᠢ ᠬᠥᠮᠦᠨ᠎ᠤ ᠲᠠᠩᠰᠠᠨ ᠡᠷᠦᠬᠡ᠎ᠪᠠᠷ ᠳᠥᠯᠥᠵᠦ ᠪᠣᠯᠤᠨ᠎ᠠ᠃

        ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ
                     2022 ᠣᠨ᠎ᠤ 3 ᠳ᠋ᠤᠭ᠋ᠠᠷ ᠰᠠᠷ᠎ᠠ ᠵᠢᠨ 23᠎ᠤ ᠡᠳᠦᠷ
                  (ᠲᠤᠰ ᠪᠢᠴᠢᠭ ᠮᠠᠲ᠋ᠧᠷᠢᠶᠠᠯ᠎ᠢ ᠢᠯᠡ ᠨᠡᠶ᠋ᠢᠲᠡᠯᠡᠨ᠎ᠡ)

        ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ
   


                       

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠬᠣᠲᠠ ᠵᠢᠨ ᠬᠠᠮᠠᠭ᠋ᠠᠯᠠᠯᠲᠠ ᠪᠦᠲᠦᠭᠡᠨ ᠪᠠᠶ᠋ᠢᠭᠤᠯᠤᠯᠲᠠ ᠵᠢᠨ ᠭᠠᠶ᠋ᠢᠯᠢ ᠵᠢᠨ ᠲᠥᠷᠥ ᠵᠢᠨ ᠪᠣᠳᠣᠯᠭ᠎ᠠ ᠵᠢᠨ ᠬᠣᠯᠪᠣᠭᠳᠠᠯ ᠪᠦᠬᠦᠢ ᠤᠴᠢᠷ᠎ᠤᠨ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
 
            