ᠬᠡᠯᠬᠢᠶᠡᠰᠦᠨ ᠨᠣᠮᠧᠷ᠄ 11150000MB16442978/2024-06021
ᠭᠤᠣᠯ ᠰᠡᠳᠦᠪ᠎ᠤᠨ ᠠᠩᠭᠢᠯᠠᠯ᠄ ᠬᠠᠷᠠᠭ᠋ᠠᠯᠵᠠᠯᠠᠯ᠎ᠤᠨ ᠪᠠᠲᠤᠯᠠᠭ᠎ᠠ
ᠨᠡᠢ᠌ᠲᠡᠯᠡᠭᠰᠡᠨ ᠪᠠᠶ᠋ᠢᠭᠤᠯᠤᠮᠵᠢ᠄ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ
ᠪᠢᠴᠢᠭ᠎ᠤᠨ ᠳ᠋ᠤᠭ᠋ᠠᠷ᠄ ᠥᠪᠥᠷ ᠮᠣᠩᠭᠤᠯ᠎ᠤᠨ ᠡᠮᠴᠢᠯᠡᠭᠡᠨ ᠪᠠᠲᠤᠯᠠᠭ᠎ᠠ ᠲᠠᠷᠬᠠᠭ᠋ᠠᠭᠰᠠᠨ [2024] 8 ᠳ᠋ᠤᠭ᠋ᠠᠷ ᠲᠣᠭ᠋ᠠᠲᠤ
ᠪᠢᠴᠢᠭᠳᠡᠭᠰᠡᠨ ᠡᠳᠦᠷ ᠬᠤᠭᠤᠴᠠᠭ᠎ᠠ᠄ 2024-09-03
ᠠᠯᠪᠠᠨ ᠪᠢᠴᠢᠭ᠎ᠤᠨ ᠬᠦᠴᠦᠨ᠎ᠲᠠᠢ ᠬᠤᠭᠤᠴᠠᠭ᠎ᠠ᠄ ᠬᠦᠴᠦᠨ᠎ᠲᠠᠢ ᠬᠤᠭᠤᠴᠠᠭ᠎ᠠ
ᠡᠯ᠎ᠡ ᠠᠢ᠌ᠮᠠᠭ ᠬᠤᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠂ ᠡᠳ᠋᠎ᠤᠨ ᠵᠠᠰᠠᠭ᠎ᠤᠨ ᠲᠣᠪᠴᠢᠶ᠎ᠠ᠂ ᠮᠠᠨᠵᠤᠤᠷ ᠬᠤᠲᠠ᠂ ᠡᠷᠢᠶᠡᠨ ᠬᠤᠲᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠂ ᠡᠳ᠋᠎ᠤᠨ ᠵᠠᠰᠠᠭ᠎ᠤᠨ ᠲᠣᠪᠴᠢᠶ᠎ᠠ᠂ ᠤᠯᠤᠰ᠎ᠤᠨ ᠭᠠᠶ᠋ᠢᠯᠢ ᠵᠢᠨ ᠶᠠᠪᠤᠳᠠᠯ᠎ᠤᠨ ᠶᠡᠷᠦᠩᠬᠡᠶ ᠲᠣᠪᠴᠢᠶ᠎ᠠ ᠵᠢᠨ ᠡᠯ᠎ᠡ ᠠᠢ᠌ᠮᠠᠭ ᠬᠤᠲᠠ᠂ ᠲᠥᠯᠥᠪᠯᠡᠭᠡ᠎ᠳᠤ ᠠᠰᠳᠠᠭ᠋ᠠᠨ ᠵᠢᠭᠰᠠᠭ᠋ᠠᠭᠰᠠᠨ ᠬᠤᠲᠠ ᠵᠢᠨ ᠭᠠᠶ᠋ᠢᠯᠢ ᠵᠢᠨ ᠶᠠᠪᠤᠳᠠᠯ᠎ᠤᠨ ᠲᠣᠪᠴᠢᠶ᠎ᠠ᠎ᠳᠤ᠄
ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠵᠣᠷᠢᠭ ᠰᠠᠨᠠᠭ᠎ᠠ ᠪᠠ 2024 ᠣᠨ᠎ᠤ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》᠎ᠤᠨ ᠬᠤᠯᠪᠣᠭᠳᠠᠯ ᠪᠥᠬᠦᠶ ᠡᠭᠦᠷᠭᠡ ᠵᠢᠨ ᠱᠠᠭ᠋ᠠᠷᠳᠠᠯᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠡᠮᠴᠢᠯᠡᠭᠡᠨ᠎ᠤ ᠪᠠᠲᠤᠯᠠᠭ᠎ᠠ ᠵᠢᠨ ᠲᠦᠷᠢᠮ᠎ᠤᠨ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠪᠠᠯᠠ ᠴᠤᠭᠯᠠᠭᠤᠯᠬᠤ ᠪᠠ ᠣᠯᠭᠤᠮᠵᠢ ᠵᠢ ᠳᠣᠭᠢᠷᠠᠭᠤᠯᠬᠤ ᠲᠣᠭᠲᠠᠴᠠ ᠵᠢ ᠪᠦᠷᠢᠨᠰᠢᠬᠦᠯᠬᠦ ᠵᠢᠨ ᠲᠤᠰᠠᠳᠠ᠂ 《ᠬᠤᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠡᠮᠴᠢᠯᠡᠭᠡᠨ᠎ᠤ ᠪᠠᠲᠤᠯᠠᠭ᠎ᠠ ᠵᠢᠨ ᠠᠵᠢᠯ᠎ᠢ ᠰᠠᠶ᠋ᠢᠲᠤᠷ ᠬᠢᠬᠦ ᠲᠤᠬᠠᠶ ᠤᠯᠤᠰ᠎ᠤᠨ ᠡᠮᠴᠢᠯᠡᠭᠡᠨ᠎ᠤ ᠳᠠᠭ᠋ᠠᠳᠬᠠᠯ᠎ᠤᠨ ᠲᠣᠪᠴᠢᠶ᠎ᠠ᠂ ᠡᠳ᠋᠎ᠤᠨ ᠵᠠᠰᠠᠭ᠎ᠤᠨ ᠶᠠᠮᠤᠨ᠂ ᠤᠯᠤᠰ᠎ᠤᠨ ᠭᠠᠶ᠋ᠢᠯᠢ ᠵᠢᠨ ᠶᠠᠪᠤᠳᠠᠯ᠎ᠤᠨ ᠶᠡᠷᠦᠩᠬᠡᠶ ᠲᠣᠪᠴᠢᠶ᠎ᠠ ᠵᠢᠨ ᠮᠡᠳᠡᠭᠳᠡᠯ》᠎ᠢ ᠦᠨᠳᠦᠰᠦᠯᠡᠨ᠂ ᠡᠳᠦᠭᠡ ᠮᠠᠨ᠎ᠤ ᠣᠷᠣᠨ᠎ᠤ ᠬᠤᠯᠪᠣᠭᠳᠠᠯ ᠪᠥᠬᠦᠶ ᠠᠵᠢᠯ᠎ᠢ ᠦᠨᠡᠨ ᠬᠦ᠌ ᠰᠠᠶ᠋ᠢᠲᠤᠷ ᠬᠢᠬᠦ ᠲᠤᠬᠠᠶ ᠳᠣᠤᠷᠠᠬᠢ ᠮᠡᠲᠦ ᠮᠡᠳᠡᠭᠳᠡᠪᠡ᠄
ᠨᠢᠭᠡ᠂ ᠰᠠᠭᠤᠭ᠋ᠠᠯᠢ ᠠᠷᠠᠳ᠎ᠤᠨ ᠡᠮᠴᠢᠯᠡᠭᠡᠨ᠎ᠤ ᠳᠠᠭ᠋ᠠᠳᠬᠠᠯ᠎ᠤᠨ ᠪᠠᠯᠠ ᠴᠤᠭᠯᠠᠭᠤᠯᠬᠤ ᠠᠵᠢᠯ᠎ᠢ ᠦᠷᠭᠦᠯᠵᠢᠯᠡᠨ ᠰᠠᠶ᠋ᠢᠲᠤᠷ ᠬᠢᠨ᠎ᠠ
(ᠨᠢᠭᠡ) ᠪᠡᠯᠡ ᠬᠤᠷᠠᠮᠳᠤᠭᠤᠯᠬᠤ ᠪᠠᠷᠢᠮᠵᠢᠶ᠎ᠠ ᠵᠢ ᠵᠦᠢ ᠵᠣᠬᠢᠰᠲᠠᠶ ᠲᠣᠭᠲᠠᠭ᠋ᠠᠨ᠎ᠠ᠃ ᠨᠠᠰᠤᠵᠢᠯᠲᠠ ᠵᠢᠨ ᠬᠡᠮᠵᠢᠶ᠎ᠡ ᠲᠠᠰᠤᠷᠠᠯᠲᠠ ᠦᠭᠡᠢ ᠭᠦᠨᠵᠡᠭᠡᠶ᠋ᠢᠷᠡᠬᠦ᠂ ᠡᠮᠴᠢᠯᠡᠭᠡᠨ᠎ᠤ ᠬᠡᠷᠡᠭᠯᠡᠭᠡ ᠵᠢᠨ ᠬᠢᠷᠢ ᠬᠡᠮᠵᠢᠶ᠎ᠡ ᠦᠷᠭᠦᠯᠵᠢᠯᠡᠨ ᠳᠡᠭᠡᠭᠰᠢᠯᠡᠬᠦ ᠪᠠᠶ᠋ᠢᠳᠠᠯ᠎ᠳᠤ ᠵᠣᠬᠢᠴᠠᠭᠤᠯᠤᠨ᠂ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠡᠮᠴᠢᠯᠡᠭᠡᠨ᠎ᠤ ᠳᠠᠭ᠋ᠠᠳᠬᠠᠯ (ᠳᠣᠷᠣᠭᠰᠢ 《ᠰᠠᠭᠤᠭ᠋ᠠᠯᠢ ᠠᠷᠠᠳ᠎ᠤᠨ ᠡᠮᠴᠢᠯᠡᠭᠡᠨ᠎ᠤ ᠳᠠᠭ᠋ᠠᠳᠬᠠᠯ》 ᠭᠡᠵᠦ ᠲᠣᠪᠴᠢᠯᠠᠨ᠎ᠠ)᠎ᠤᠨ ᠣᠯᠭᠣᠮᠵᠢ ᠵᠢᠨ ᠬᠡᠮᠵᠢᠶ᠎ᠡ ᠵᠢ ᠪᠡᠬᠢᠵᠢᠭᠦᠯᠦᠨ ᠳᠡᠭᠡᠭᠰᠢᠯᠡᠭᠦᠯᠦᠨ᠎ᠡ᠃ 2024 ᠣᠨ᠎ᠳᠤ᠂ ᠰᠠᠭᠤᠭ᠋ᠠᠯᠢ ᠠᠷᠠᠳ᠎ᠤᠨ ᠡᠮᠴᠢᠯᠡᠭᠡᠨ᠎ᠤ ᠳᠠᠭ᠋ᠠᠳᠬᠠᠯ᠎ᠤᠨ ᠪᠠᠯᠠ ᠴᠤᠭᠯᠠᠭᠤᠯᠬᠤ ᠪᠠᠷᠢᠮᠵᠢᠶ᠎ᠠ ᠵᠢ ᠦᠷᠭᠦᠯᠵᠢᠯᠡᠨ ᠳᠡᠭᠡᠭᠰᠢᠯᠡᠭᠦᠯᠵᠦ᠂ 1070 ᠲᠥᠭᠦᠷᠢᠭ᠎ᠠᠴᠠ ᠳᠣᠣᠷ᠎ᠠ ᠥᠬᠡᠶ ᠪᠣᠯᠭ᠋ᠠᠨ᠎ᠠ᠃ ᠡᠭᠦᠨ᠎ᠳᠤ᠂ ᠡᠯ᠎ᠡ ᠱᠠᠲᠤᠨ᠎ᠤ ᠡᠳ᠋᠎ᠤᠨ ᠵᠠᠰᠠᠭ᠎ᠠᠴᠠ ᠰᠠᠭᠤᠭ᠋ᠠᠯᠢ ᠠᠷᠠᠳ᠎ᠤᠨ ᠡᠮᠴᠢᠯᠡᠭᠡᠨ᠎ᠤ ᠳᠠᠭ᠋ᠠᠳᠬᠠᠯ᠎ᠳᠤ ᠣᠷᠣᠯᠴᠠᠵᠤ ᠰᠦᠢ᠍ᠳᠬᠡᠯ ᠲᠤᠰᠢᠶᠠᠬᠤ᠎ᠳᠤ ᠨᠥᠬᠦᠪᠥᠷᠢ ᠥᠭᠬᠦ ᠡᠷᠴᠢᠮ ᠵᠶ᠋ᠠᠨ ᠦᠷᠭᠦᠯᠵᠢᠯᠡᠨ ᠴᠢᠩᠭ᠋ᠠᠷᠠᠭᠤᠯᠵᠤ᠂ ᠨᠥᠬᠦᠪᠥᠷᠢ ᠥᠭᠬᠦ ᠪᠠᠷᠢᠮᠵᠢᠶ᠎ᠠ ᠵᠢ 30 ᠲᠥᠭᠦᠷᠢᠭ ᠨᠡᠮᠡᠭᠳᠡᠭᠦᠯᠦᠨ᠂ ᠬᠥᠮᠦᠨ ᠪᠦᠷᠢ ᠵᠢᠯ᠎ᠳᠤ 670 ᠲᠥᠭᠦᠷᠢᠭ᠎ᠠᠴᠠ ᠳᠣᠤᠷ᠎ᠠ ᠪᠠᠶ᠋ᠢᠯᠭ᠋ᠠᠵᠤ ᠪᠣᠯᠬᠤ ᠥᠬᠡᠶ; ᠰᠠᠭᠤᠭ᠋ᠠᠯᠢ ᠠᠷᠠᠳ᠎ᠤᠨ ᠬᠤᠪᠢ ᠬᠥᠮᠦᠨ᠎ᠤ ᠲᠤᠰᠢᠶᠠᠬᠤ ᠰᠦᠢ᠍ᠳᠭᠡᠯ᠎ᠢ ᠬᠥᠮᠦᠨ ᠪᠦᠷᠢ ᠵᠢᠯ᠎ᠳᠤ 400 ᠲᠥᠭᠦᠷᠢᠭ᠎ᠠᠴᠠ ᠳᠣᠤᠷ᠎ᠠ ᠪᠠᠶ᠋ᠢᠯᠭ᠋ᠠᠵᠤ ᠪᠣᠯᠬᠤ ᠥᠬᠡᠶ᠃
(ᠬᠣᠶᠠᠷ) ᠡᠳ᠋᠎ᠤᠨ ᠵᠠᠰᠠᠭ᠎ᠤᠨ ᠨᠥᠬᠥᠪᠥᠷᠢ ᠵᠢ ᠴᠠᠭ ᠲᠤᠬᠠᠶ᠎ᠳᠤᠨᠢ ᠭᠦᠢ᠍ᠴᠡᠳ ᠲᠣᠭ᠎ᠠ᠎ᠪᠠᠷ ᠪᠣᠳᠠᠲᠠᠶ᠋ᠢᠵᠢᠭᠤᠯᠬᠤ ᠵᠢ ᠦᠨᠡᠨ ᠬᠦ᠌ ᠪᠠᠲᠤᠯᠠᠨ᠎ᠠ᠃ 《ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠬᠦᠷᠢᠶᠡᠨ᠎ᠳᠠᠬᠢ ᠲᠥᠪ ᠬᠢᠭᠡᠳ ᠣᠷᠣᠨ ᠨᠤᠲᠤᠭ᠎ᠤᠨ ᠡᠳ᠋᠎ᠤᠨ ᠵᠠᠰᠠᠭ᠎ᠤᠨ ᠡᠷᠬᠡ ᠵᠢᠨ ᠵᠦᠢ᠍ᠯᠡᠰ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠬᠤᠪᠢᠶᠠᠷᠢᠯᠠᠬᠤ ᠥᠭᠡᠷᠡᠴᠢᠯᠡᠯᠲᠡ ᠵᠢᠨ ᠲᠥᠰᠥᠯ᠎ᠢ ᠳᠠᠷᠤᠮᠠᠯᠯᠠᠨ ᠲᠠᠷᠬᠠᠭ᠋ᠠᠬᠤ ᠲᠤᠬᠠᠢ 2018 ᠣᠨ᠎ᠤ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠮᠡᠳᠡᠭᠳᠡᠯ》 (ᠲᠥᠷᠥ ᠠᠯᠪᠠᠨ ᠲᠠᠷᠬᠠᠭ᠋ᠠᠭᠰᠠᠨ [2018] 67 ᠳ᠋ᠤᠭ᠋ᠠᠷ ᠲᠣᠭ᠋ᠠᠲᠤ)᠂ 《ᠦᠨᠳᠦᠰᠦᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠬᠦᠷᠢᠶᠡᠨ᠎ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶ᠋ᠢᠮᠠᠭ ᠬᠤᠲᠠ ᠵᠢᠨ ᠬᠠᠮᠲᠤ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠬᠤᠪᠢᠶᠠᠷᠢᠯᠠᠬᠤ ᠥᠭᠡᠷᠡᠴᠢᠯᠡᠯᠲᠡ ᠵᠢᠨ ᠬᠡᠷᠡᠭᠵᠢᠭᠦᠯᠬᠦ ᠲᠥᠰᠥᠯ᠎ᠢ ᠳᠠᠷᠤᠮᠠᠯᠯᠠᠨ ᠲᠠᠷᠬᠠᠭ᠋ᠠᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ》 (ᠥᠪᠥᠷ ᠵᠠᠰᠠᠭ ᠲᠠᠷᠬᠠᠭ᠋ᠠᠭᠰᠠᠨ [2018] 46 ᠳ᠋ᠤᠭ᠋ᠠᠷ ᠲᠣᠭ᠋ᠠᠲᠤ) ᠵᠢᠴᠢ 《ᠥᠪᠥᠷ ᠵᠠᠰᠠᠭ ᠲᠠᠷᠬᠠᠭ᠋ᠠᠭᠰᠠᠨ [2018] 46 ᠳ᠋ᠤᠭ᠋ᠠᠷ ᠲᠣᠭ᠋ᠠᠲᠤ ᠪᠢᠴᠢᠭ ᠮᠠᠲ᠋ᠧᠷᠢᠶᠠᠯ᠎ᠤᠨ ᠬᠠᠮᠢᠶ᠎ᠠ ᠪᠦᠬᠦᠢ ᠠᠭᠤᠯᠭ᠎ᠠ᠎ᠳᠤ ᠵᠠᠰᠠᠪᠤᠷᠢ ᠣᠷᠣᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ》 (ᠥᠪᠥᠷ ᠵᠠᠰᠠᠭ ᠲᠠᠷᠬᠠᠭ᠋ᠠᠭᠰᠠᠨ [2018] 46 ᠳ᠋ᠤᠭ᠋ᠠᠷ ᠲᠣᠭ᠋ᠠᠲᠤ ᠪᠢᠴᠢᠭ ᠮᠠᠲ᠋ᠧᠷᠢᠶᠠᠯ᠎ᠤᠨ ᠬᠠᠮᠢᠶ᠎ᠠ ᠪᠦᠬᠦᠢ ᠠᠭᠤᠯᠭ᠎ᠠ᠎ᠳᠤ ᠵᠠᠰᠠᠪᠤᠷᠢ ᠣᠷᠣᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》 (ᠥᠪᠥᠷ ᠵᠠᠰᠠᠭ ᠲᠠᠷᠬᠠᠭ᠋ᠠᠭᠰᠠᠨ [2021] 100 ᠳ᠋ᠤᠭ᠋ᠠᠷ ᠲᠣᠭ᠋ᠠᠲᠤ)᠂ 《ᠡᠮᠴᠢᠯᠡᠭᠡ ᠡᠷᠡᠭᠦᠯ ᠬᠠᠮᠠᠭ᠋ᠠᠯᠠᠯ᠎ᠤᠨ ᠬᠦᠷᠢᠶ᠎ᠡ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠦᠷᠢᠶ᠎ᠡ᠂ ᠰᠤᠷᠭ᠋ᠠᠨ ᠬᠥᠮᠦᠵᠢᠯ᠎ᠤᠨ ᠬᠦᠷᠢᠶ᠎ᠡ ᠵᠢᠨ ᠥᠪᠡᠷᠲᠡᠭᠡᠨ ᠵᠠᠰᠠᠬᠤ ᠣᠷᠣᠨ ᠬᠢᠭᠡᠳ ᠠᠶ᠋ᠢᠮᠠᠭ ᠬᠤᠲᠠ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠬᠤᠪᠢᠶᠠᠷᠢᠯᠠᠬᠤ ᠥᠭᠡᠷᠡᠴᠢᠯᠡᠯᠲᠡ ᠵᠢᠨ ᠲᠥᠰᠦᠯ᠎ᠢ ᠳᠠᠷᠤᠮᠠᠯᠯᠠᠨ ᠲᠠᠷᠬᠠᠭ᠋ᠠᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》 (ᠥᠪᠥᠷ ᠵᠠᠰᠠᠭ ᠠᠯᠪᠠᠨ ᠲᠠᠷᠬᠠᠭ᠋ᠠᠭᠰᠠᠨ [2023] 97 ᠳ᠋ᠤᠭ᠋ᠠᠷ ᠲᠣᠭ᠋ᠠᠲᠤ)᠎ᠤᠨ ᠬᠤᠯᠪᠣᠭᠳᠠᠯ ᠪᠥᠬᠦᠶ ᠲᠣᠭᠲᠠᠭ᠋ᠠᠯ ᠢ ᠦᠨᠳᠦᠰᠦᠯᠡᠨ᠂ ᠡᠯ᠎ᠡ ᠱᠠᠲᠤᠨ᠎ᠤ ᠡᠳ᠋᠎ᠤᠨ ᠵᠠᠰᠠᠭ᠎ᠤᠨ ᠨᠥᠬᠦᠪᠥᠷᠢ ᠵᠢᠨ ᠪᠠᠯᠠ ᠮᠥᠩᠭᠦ ᠵᠢᠨ ᠳᠣᠲᠣᠷᠠᠬᠢ 80% ᠵᠢ᠎ᠨᠢ ᠲᠥᠪ᠎ᠤᠨ ᠡᠳ᠋᠎ᠤᠨ ᠵᠠᠰᠠᠭ᠎ᠠᠴᠠ ᠨᠥᠬᠦᠪᠦᠷᠢᠯᠡᠵᠦ᠂ ᠦᠯᠡᠳᠡᠭᠰᠡᠨ 20% ᠵᠢ᠎ᠨᠢ ᠨᠢᠭᠡᠳᠦᠭᠡᠷ ᠲᠥᠷᠥᠯ᠎ᠤᠨ ᠭᠠᠵᠠᠷ ᠣᠷᠣᠨ᠎ᠤ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠠᠴᠠ 30%᠂ ᠬᠤᠶᠠᠳᠤᠭ᠋ᠠᠷ ᠲᠥᠷᠥᠯ᠎ᠤᠨ ᠭᠠᠵᠠᠷ ᠣᠷᠣᠨ 50% ᠵᠢ᠎ᠨᠢ ᠬᠤᠪᠢᠳᠠᠨ ᠡᠭᠦᠷᠭᠡᠯᠡᠵᠦ᠂ ᠭᠤᠷᠪᠠᠳᠤᠭ᠋ᠠᠷ ᠲᠥᠷᠥᠯ᠎ᠤᠨ ᠭᠠᠵᠠᠷ ᠣᠷᠣᠨ 70% ᠵᠢ᠎ᠨᠢ ᠬᠤᠪᠢᠳᠠᠨ ᠡᠭᠦᠷᠭᠡᠯᠡᠵᠦ᠂ ᠦᠯᠡᠳᠡᠭᠰᠡᠨ ᠬᠡᠰᠡᠭ᠎ᠢ᠎ᠨᠢ ᠠᠶ᠋ᠢᠮᠠᠭ ᠬᠤᠲᠠ ᠪᠠ ᠬᠤᠰᠢᠭᠤ ᠰᠢᠶᠠᠨ᠎ᠤ ᠡᠳ᠋᠎ᠤᠨ ᠵᠠᠰᠠᠭ᠎ᠠᠴᠠ ᠬᠤᠪᠢᠳᠠᠨ ᠡᠭᠦᠷᠭᠡᠯᠡᠨ᠎ᠡ᠃ ᠣᠷᠣᠰᠢᠨ ᠰᠠᠭᠤᠬᠤ ᠦᠨᠡᠮᠯᠡᠯ ᠵᠶ᠋ᠠᠷ ᠳᠠᠭ᠋ᠠᠳᠬᠠᠯ᠎ᠳᠤ ᠣᠷᠣᠯᠴᠠᠬᠤ ᠲᠥᠷᠥ ᠵᠢᠨ ᠪᠣᠳᠣᠯᠭ᠎ᠠ ᠵᠢ ᠤᠯᠠᠮ ᠨᠢᠭᠡ ᠠᠯᠬᠤᠮ ᠨᠠᠶ᠋ᠢᠳᠠᠪᠤᠷᠢᠵᠢᠭᠤᠯᠵᠤ᠂ ᠨᠥᠬᠥᠴᠡᠯ᠎ᠲᠠᠢ ᠭᠠᠵᠠᠷ ᠣᠷᠣᠨ᠎ᠨᠢ ᠪᠡᠶ᠎ᠡ ᠵᠢᠨ ᠦᠨᠡᠮᠯᠡᠯ᠎ᠲᠠᠢ ᠪᠣᠯ ᠲᠤᠬᠠᠶ ᠵᠢᠨ ᠭᠠᠵᠠᠷ᠎ᠤᠨ ᠰᠠᠭᠤᠭ᠋ᠠᠯᠢ ᠠᠷᠠᠳ᠎ᠤᠨ ᠡᠮᠴᠢᠯᠡᠭᠡᠨ᠎ᠤ ᠳᠠᠭ᠋ᠠᠳᠬᠠᠯ᠎ᠳᠤ ᠣᠷᠣᠯᠴᠠᠬᠤ ᠵᠢ ᠰᠦᠪᠡᠭᠴᠢᠯᠡᠵᠦ ᠪᠣᠯᠤᠨ᠎ᠠ᠂ ᠬᠦᠴᠦᠨ ᠪᠦᠬᠦᠢ ᠦᠨᠡᠮᠯᠡᠯ᠎ᠲᠠᠢ᠎ᠨᠢ ᠲᠤᠬᠠᠶ ᠵᠢᠨ ᠭᠠᠵᠠᠷ᠎ᠤᠨ ᠰᠠᠭᠤᠭ᠋ᠠᠯᠢ ᠠᠷᠠᠳ᠎ᠤᠨ ᠡᠮᠴᠢᠯᠡᠭᠡᠨ᠎ᠤ ᠳᠠᠭ᠋ᠠᠳᠬᠠᠯ᠎ᠳᠤ ᠣᠷᠣᠯᠴᠠᠪᠠᠯ᠂ ᠡᠯ᠎ᠡ ᠱᠠᠲᠤᠨ᠎ᠤ ᠡᠳ᠋᠎ᠤᠨ ᠵᠠᠰᠠᠭ᠎ᠨᠢ ᠲᠤᠬᠠᠶ ᠵᠢᠨ ᠭᠠᠵᠠᠷ᠎ᠤᠨ ᠰᠠᠭᠤᠭ᠋ᠠᠯᠢ ᠠᠷᠠᠳ᠎ᠤᠨ ᠠᠳᠠᠯᠢ ᠪᠠᠷᠢᠮᠵᠢᠶ᠎ᠠ ᠶᠣᠰᠣᠭ᠋ᠠᠷ ᠨᠥᠬᠥᠪᠥᠷᠢ ᠣᠯᠭᠣᠬᠤ ᠬᠡᠷᠡᠭᠲᠡᠶ᠃ ᠣᠷᠣᠨ ᠨᠤᠲᠤᠭ᠎ᠤᠨ ᠡᠯ᠎ᠡ ᠱᠠᠲᠤᠨ᠎ᠤ ᠡᠳ᠋᠎ᠤᠨ ᠵᠠᠰᠠᠭ᠎ᠨᠢ ᠡᠳ᠋᠎ᠤᠨ ᠵᠠᠰᠠᠭ᠎ᠤᠨ ᠲᠤᠰᠠᠯᠠᠮᠵᠢ ᠵᠢᠨ ᠪᠡᠯᠡ ᠮᠥᠩᠭᠥ ᠵᠢ ᠲᠣᠭᠲᠠᠭ᠋ᠠᠯ ᠶᠣᠰᠣᠭ᠋ᠠᠷ ᠭᠦᠢ᠍ᠴᠡᠳ ᠲᠣᠭ᠎ᠠ᠎ᠪᠠᠷ ᠲᠣᠬᠢᠷᠠᠭᠤᠯᠬᠤ ᠵᠢᠨ ᠬᠠᠮᠲᠤ ᠴᠠᠭ ᠲᠤᠬᠠᠶ᠎ᠳᠤᠨᠢ ᠰᠠᠯᠭ᠋ᠠᠨ ᠥᠭᠴᠦ ᠪᠣᠳᠠᠲᠠᠶ᠋ᠢᠵᠢᠭᠤᠯᠬᠤ ᠬᠡᠷᠡᠭᠲᠡᠶ᠂ ᠰᠢᠬᠠᠨ ᠡᠵᠡᠯᠡᠵᠦ᠂ ᠨᠡᠭᠦᠯᠭᠡᠨ ᠬᠡᠷᠡᠭᠯᠡᠵᠦ ᠪᠣᠯᠬᠤ ᠦᠭᠡᠶ᠃
(ᠭᠤᠷᠪᠠ) ᠬᠦᠨᠳᠦ ᠡᠪᠡᠳᠴᠢᠨ᠎ᠤ ᠳᠠᠭ᠋ᠠᠳᠬᠠᠯ᠎ᠤᠨ ᠪᠡᠯᠡ ᠴᠤᠭᠯᠠᠭᠤᠯᠬᠤ ᠪᠦᠲᠦᠴᠡ ᠵᠢ ᠰᠢᠯᠢᠳᠡᠭᠵᠢᠭᠦᠯᠦᠨ᠎ᠡ᠃ ᠡᠯ᠎ᠡ ᠭᠠᠵᠠᠷ ᠣᠷᠣᠨ᠎ᠨᠤᠭᠤᠳ ᠰᠠᠭᠤᠭ᠋ᠠᠯᠢ ᠠᠷᠠᠳ᠎ᠤᠨ ᠡᠮᠴᠢᠯᠡᠭᠡᠨ᠎ᠤ ᠳᠠᠭ᠋ᠠᠳᠬᠠᠯ ᠪᠠ ᠬᠦᠨᠳᠦ ᠡᠪᠡᠳᠴᠢᠨ᠎ᠤ ᠳᠠᠭ᠋ᠠᠳᠬᠠᠯ᠎ᠤᠨ ᠪᠡᠯᠡ ᠮᠥᠩᠭᠥ ᠵᠢᠨ ᠲᠣᠬᠢᠷᠠᠭᠤᠯᠤᠯᠲᠠ ᠪᠠ ᠬᠡᠷᠡᠭᠯᠡᠯᠲᠡ ᠵᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠲᠤᠬᠠᠶ ᠵᠢᠨ ᠭᠠᠵᠠᠷ᠎ᠤᠨ ᠠᠵᠤ ᠠᠬᠤᠶ ᠵᠢᠨ ᠬᠥᠭᠵᠢᠯᠲᠡ ᠵᠢᠨ ᠬᠢᠷᠢ ᠬᠡᠮᠵᠢᠶ᠎ᠡ᠂ ᠣᠯᠭᠣᠮᠵᠢ ᠵᠢᠨ ᠪᠠᠲᠤᠯᠠᠭ᠎ᠠ ᠵᠢᠨ ᠬᠡᠷᠡᠭᠴᠡᠭᠡ ᠱᠠᠭ᠋ᠠᠷᠳᠠᠯᠭ᠎ᠠ᠂ ᠬᠦᠨᠳᠦ ᠡᠪᠡᠳᠴᠢᠨ᠎ᠤ ᠡᠮᠴᠢᠯᠡᠭᠡᠨ᠎ᠤ ᠵᠠᠷᠤᠳᠠᠯ᠎ᠤᠨ ᠪᠠᠶ᠋ᠢᠳᠠᠯ᠂ ᠰᠠᠭᠤᠷᠢ ᠮᠥᠩᠭᠥ ᠵᠢᠨ ᠲᠤᠯᠭ᠋ᠠᠭᠤᠷᠢᠯᠠᠬᠤ ᠴᠢᠳᠠᠪᠤᠷᠢ ᠵᠡᠷᠭᠡ ᠬᠦᠴᠦᠨ ᠵᠦᠢ᠍ᠯ᠎ᠲᠠᠢ ᠤᠶᠠᠯᠳᠤᠭᠤᠯᠤᠨ᠂ ᠬᠦᠨᠳᠦ ᠡᠪᠡᠳᠴᠢᠨ᠎ᠤ ᠳᠠᠭ᠋ᠠᠳᠬᠠᠯ᠎ᠤᠨ ᠪᠡᠯᠡ ᠮᠥᠩᠭᠥ ᠴᠤᠭᠯᠠᠭᠤᠯᠬᠤ ᠬᠢᠷᠢ ᠬᠡᠮᠵᠢᠶ᠎ᠡ ᠵᠢ ᠵᠦᠢ ᠵᠣᠬᠢᠰᠲᠠᠶ ᠲᠣᠭᠲᠠᠭ᠋ᠠᠬᠤ ᠬᠡᠷᠡᠭᠲᠡᠶ᠃ ᠬᠦᠨᠳᠦ ᠡᠪᠡᠳᠴᠢᠨ᠎ᠤ ᠳᠠᠭ᠋ᠠᠳᠬᠠᠯ᠎ᠤᠨ ᠪᠡᠯᠡ ᠴᠤᠭᠯᠠᠭᠤᠯᠬᠤ ᠠᠷᠭ᠎ᠠ ᠵᠠᠮ᠎ᠢ ᠰᠦᠪᠡᠭᠴᠢᠯᠡᠨ ᠥᠷᠭᠡᠳᠬᠡᠬᠦ ᠵᠢ ᠵᠣᠷᠢᠭᠵᠢᠭᠤᠯᠵᠤ᠂ ᠬᠦᠨᠳᠦ ᠡᠪᠡᠳᠴᠢᠨ᠎ᠤ ᠳᠠᠭ᠋ᠠᠳᠬᠠᠯ᠎ᠤᠨ ᠪᠡᠯᠡ ᠴᠤᠭᠯᠠᠭᠤᠯᠬᠤ ᠬᠥᠳᠡᠯᠦᠩᠭᠦᠶ ᠲᠣᠬᠢᠷᠠᠭᠤᠯᠤᠯᠲᠠ ᠵᠢᠨ ᠦᠷᠭᠦᠯᠵᠢᠯᠡᠬᠦᠢ᠌ᠴᠡ ᠲᠣᠭᠲᠠᠴᠠ ᠵᠢ ᠪᠠᠶ᠋ᠢᠭᠤᠯᠵᠤ᠂ ᠪᠠᠲᠤᠯᠠᠭ᠎ᠠ ᠵᠢᠨ ᠦᠷ᠎ᠡ ᠪᠦᠲᠦᠮᠵᠢ ᠵᠢ ᠯᠠᠪᠳᠠᠭᠤᠨ ᠵᠶ᠋ᠠᠷ ᠳᠡᠭᠡᠭᠰᠢᠯᠡᠭᠦᠯᠦᠨ᠎ᠡ᠃
ᠬᠤᠶᠠᠷ᠂ ᠡᠮᠴᠢᠯᠡᠭᠡᠨ᠎ᠤ ᠪᠠᠲᠤᠯᠠᠭ᠎ᠠ ᠵᠢᠨ ᠬᠠᠷᠠᠭ᠋ᠠᠯᠵᠠᠯ᠎ᠤᠨ ᠬᠢᠷᠢ ᠲᠦᠪᠰᠢᠨ᠎ᠢ ᠪᠠᠬᠢᠵᠢᠭᠦᠯᠦᠨ ᠳᠡᠭᠡᠭᠰᠢᠯᠡᠭᠦᠯᠦᠨ᠎ᠡ
(ᠲᠦᠷᠪᠡ) ᠦᠨᠳᠦᠰᠦᠨ ᠡᠮᠴᠢᠯᠡᠭᠡᠨ᠎ᠤ ᠪᠠᠲᠤᠯᠠᠭ᠎ᠠ ᠵᠢᠨ ᠲᠥᠪᠰᠢᠨ᠎ᠢ ᠪᠠᠲᠤᠳᠬᠠᠨ᠎ᠠ᠃ ᠴᠢᠳᠠᠯ ᠵᠶ᠋ᠠᠷ ᠵᠶ᠋ᠠᠨ ᠴᠢᠷᠮᠠᠶ᠋ᠢᠬᠤ᠂ ᠴᠢᠳᠠᠯ᠎ᠤᠨ ᠵᠶ᠋ᠠᠨ ᠬᠢᠷᠢ᠎ᠪᠠᠷ ᠬᠢᠬᠦ ᠵᠢ ᠢᠮᠠᠭᠲᠠ ᠪᠠᠷᠢᠮᠲᠠᠯᠠᠵᠤ᠂ ᠰᠠᠭᠤᠭ᠋ᠠᠯᠢ ᠠᠷᠠᠳ᠎ᠤᠨ ᠡᠮᠴᠢᠯᠡᠭᠡᠨ᠎ᠤ ᠳᠠᠭ᠋ᠠᠳᠬᠠᠯ᠎ᠤᠨ ᠡᠮᠨᠡᠯᠭᠡ᠎ᠳᠤ ᠰᠠᠭᠤᠬᠤ ᠬᠠᠷᠠᠭ᠋ᠠᠯᠵᠠᠯ᠎ᠤᠨ ᠲᠦᠪᠰᠢᠨ᠎ᠢ ᠪᠠᠬᠢᠵᠢᠭᠦᠯᠵᠦ᠂ ᠲᠦᠷᠦ ᠵᠢᠨ ᠪᠤᠳᠤᠯᠭ᠎ᠠ ᠵᠢᠨ ᠬᠡᠪᠴᠢᠶᠡᠨ ᠳᠣᠲᠣᠷᠠᠬᠢ ᠰᠠᠭᠤᠷᠢ ᠮᠥᠩᠭᠦᠨ᠎ᠤ ᠥᠭᠬᠦ ᠬᠠᠷᠢᠴᠠᠯ᠎ᠢ 70% ᠣᠷᠴᠢᠮ᠎ᠳᠤ ᠲᠣᠭᠲᠠᠪᠤᠷᠢᠵᠢᠭᠤᠯᠬᠤ ᠵᠢ ᠪᠠᠲᠤᠯᠠᠨ᠎ᠠ᠃ ᠰᠠᠭᠤᠭ᠋ᠠᠯᠢ ᠠᠷᠠᠳ᠎ᠤᠨ ᠡᠮᠨᠡᠯᠭᠡ᠎ᠳᠤ ᠰᠠᠭᠤᠬᠤ ᠡᠮᠴᠢᠯᠡᠭᠡᠨ᠎ᠤ ᠵᠠᠷᠤᠳᠠᠯ᠎ᠢ ᠭᠤᠤᠯᠳᠠᠯᠭ᠎ᠠ᠎ᠲᠠᠢ ᠪᠠᠲᠤᠯᠠᠭᠰᠠᠨ ᠰᠠᠭᠤᠷᠢᠨ ᠳᠡᠭᠡᠷ᠎ᠡ᠂ ᠨᠥᠬᠦᠴᠡᠯ᠎ᠲᠠᠢ ᠭᠠᠵᠠᠷ ᠣᠷᠣᠨ᠎ᠨᠢ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠬᠢᠷᠢ ᠲᠦᠪᠰᠢᠨ ᠪᠠ ᠰᠠᠭᠤᠷᠢ ᠮᠥᠩᠭᠦ ᠵᠢᠨ ᠳᠠᠭ᠋ᠠᠭ᠋ᠠᠬᠤ ᠴᠢᠳᠠᠪᠤᠷᠢ ᠵᠢ ᠦᠨᠳᠦᠰᠦᠯᠡᠨ᠂ ᠡᠩ᠎ᠤᠨ ᠡᠭᠦᠳᠡᠨ ᠡᠮᠨᠡᠯᠭᠡ᠂ ᠡᠭᠦᠳᠡᠨ ᠡᠮᠨᠡᠯᠭᠡ ᠵᠢᠨ ᠤᠳᠠᠭ᠋ᠠᠨ ᠣᠨᠴᠠᠭ᠋ᠠᠢ ᠡᠪᠡᠳᠴᠢᠨ᠂ 《ᠬᠤᠶᠠᠷ ᠡᠪᠡᠳᠴᠢᠨ》᠎ᠤ ᠡᠭᠦᠳᠡᠨ ᠡᠮᠨᠡᠯᠭᠡ᠎ᠳᠤ ᠬᠡᠷᠡᠭᠯᠡᠬᠦ ᠡᠮ᠂ ᠡᠭᠦᠳᠡᠨ ᠡᠮᠨᠡᠯᠭᠡ ᠵᠢᠨ ᠣᠨᠴᠠᠭ᠋ᠠᠢ ᠡᠮ ᠬᠡᠷᠡᠭᠯᠡᠬᠦ ᠵᠡᠷᠭᠡ ᠣᠲᠣ ᠵᠢᠨ ᠪᠠᠶ᠋ᠢᠭ᠎ᠠ ᠡᠭᠦᠳᠡᠨ ᠡᠮᠨᠡᠯᠭᠡ ᠵᠢᠨ ᠪᠠᠲᠤᠯᠠᠭ᠎ᠠ ᠵᠢᠨ ᠲᠥᠷᠥ ᠵᠢᠨ ᠪᠣᠳᠣᠯᠭ᠎ᠠ ᠵᠢ ᠪᠦᠲᠦᠮᠵᠢᠲᠡᠶ ᠵᠣᠯᠭ᠋ᠠᠭᠤᠯᠬᠤ ᠵᠢ ᠨᠢᠭᠡᠳᠦᠯᠲᠡᠶ ᠲᠥᠯᠥᠪᠯᠡᠨ ᠰᠠᠶ᠋ᠢᠲᠤᠷ ᠬᠢᠵᠦ᠂ ᠡᠭᠦᠳᠡᠨ ᠡᠮᠨᠡᠯᠭᠡ ᠵᠢᠨ ᠪᠠᠲᠤᠯᠠᠭ᠎ᠠ ᠵᠢᠨ ᠬᠢᠷᠢ ᠬᠡᠮᠵᠢᠶ᠎ᠡ ᠵᠢ ᠲᠣᠭᠲᠠᠭᠤᠨ ᠵᠶ᠋ᠠᠷ ᠳᠡᠭᠡᠭᠰᠢᠯᠡᠭᠦᠯᠦᠨ᠎ᠡ᠃ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠦᠨᠳᠦᠰᠦᠨ ᠱᠠᠲᠤᠨ᠎ᠤ ᠡᠮᠴᠢᠯᠡᠭᠡᠨ᠎ᠤ ᠪᠠᠶ᠋ᠢᠭᠤᠯᠤᠮᠵᠢ ᠲᠡᠢ᠌ᠰᠢ ᠦᠷᠭᠦᠯᠵᠢᠯᠡᠨ ᠬᠡᠯᠪᠠᠶ᠋ᠢᠯᠭᠡᠵᠦ᠂ ᠣᠯᠠᠨ ᠲᠦᠮᠡᠨ᠎ᠢ ᠬᠥᠲᠥᠯᠥᠨ ᠵᠢᠯᠣᠭᠤᠳᠴᠤ ᠪᠠᠶ᠋ᠢᠭ᠋ᠠᠳ 《ᠭᠡᠷ᠎ᠤᠨ ᠡᠭᠦᠳᠡᠨ》᠎ᠳᠤᠨᠢ ᠡᠮᠨᠡᠭᠦᠯᠦᠨ᠎ᠡ᠃ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠬᠤᠪᠢ ᠬᠥᠮᠦᠨ᠎ᠤ ᠲᠠᠩᠰᠠᠨ ᠡᠷᠦᠬᠡ ᠵᠢᠨ ᠬᠡᠷ ᠪᠦᠯᠢ ᠵᠢᠨ ᠬᠠᠷᠢᠯᠴᠠᠨ ᠲᠤᠰᠠᠯᠠᠯᠴᠠᠵᠤ ᠬᠡᠷᠡᠭᠯᠡᠬᠦ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠬᠤ ᠵᠢ ᠪᠥᠬᠦ ᠲᠠᠯ᠎ᠠ᠎ᠪᠠᠷ ᠠᠬᠢᠭᠤᠯᠤᠨ᠎ᠠ᠃
(ᠲᠠᠪᠤ) ᠬᠦᠨᠳᠦ ᠡᠪᠡᠳᠴᠢᠨ᠎ᠤ ᠳᠠᠭ᠋ᠠᠳᠬᠠᠯ᠎ᠤᠨ ᠪᠠᠲᠤᠯᠠᠭ᠎ᠠ ᠵᠢᠨ ᠴᠢᠳᠠᠪᠤᠷᠢ ᠵᠢ ᠨᠡᠮᠡᠭᠳᠡᠭᠦᠯᠦᠨ᠎ᠡ᠃ ᠬᠦᠨᠳᠦ ᠡᠪᠡᠳᠴᠢᠨ᠎ᠤ ᠳᠠᠭ᠋ᠠᠳᠬᠠᠯ᠎ᠤᠨ ᠪᠡᠯᠡ ᠴᠤᠭᠯᠠᠭᠤᠯᠬᠤ ᠬᠢᠷᠢ ᠬᠡᠮᠵᠢᠶ᠎ᠡ᠂ ᠬᠦᠨᠳᠦ ᠡᠪᠡᠳᠴᠢᠨ᠎ᠤ ᠡᠪᠡᠳᠴᠢᠲᠡᠨ᠎ᠤ ᠪᠠᠲᠤᠯᠠᠭ᠎ᠠ ᠵᠢᠨ ᠬᠡᠷᠡᠭᠴᠡᠭᠡ ᠱᠠᠭ᠋ᠠᠷᠳᠠᠯᠭ᠎ᠠ ᠵᠡᠷᠭᠡ ᠬᠦᠴᠦᠨ ᠵᠦᠢ᠍ᠯ᠎ᠢ ᠦᠨᠳᠦᠰᠦᠯᠡᠨ᠂ ᠬᠦᠨᠳᠦ ᠡᠪᠡᠳᠴᠢᠨ᠎ᠤ ᠳᠠᠭ᠋ᠠᠳᠬᠠᠯ᠎ᠤᠨ ᠡᠬᠢᠯᠡᠵᠦ ᠥᠭᠬᠦ ᠪᠠᠷᠢᠮᠵᠢᠶ᠎ᠠ᠂ ᠳᠠᠩᠰᠠ ᠲᠠᠢ᠌ᠯᠬᠤ ᠬᠠᠷᠢᠴᠠᠯ᠂ ᠬᠠᠮᠤᠭ᠎ᠤᠨ ᠥᠨᠳᠥᠷ ᠥᠭᠬᠦ ᠬᠢᠵᠠᠭ᠋ᠠᠷ ᠲᠣᠭ᠎ᠠ ᠵᠢ ᠵᠦᠢ ᠵᠣᠬᠢᠰᠲᠠᠶ ᠲᠣᠭᠲᠠᠭ᠋ᠠᠵᠤ᠂ ᠬᠦᠨᠳᠦ ᠡᠪᠡᠳᠴᠢᠨ᠎ᠤ ᠳᠠᠭ᠋ᠠᠳᠬᠠᠯ᠎ᠤᠨ ᠪᠠᠲᠤᠯᠠᠭ᠎ᠠ ᠵᠢᠨ ᠬᠦᠨᠳᠦ ᠶᠡᠬᠡ ᠡᠮᠴᠢᠯᠡᠭᠡᠨ᠎ᠤ ᠵᠠᠷᠤᠳᠠᠯ᠎ᠤᠨ ᠣᠨᠣᠪᠴᠢ ᠵᠢᠨ ᠬᠡᠮᠵᠢᠶ᠎ᠡ ᠵᠢ ᠳᠡᠭᠡᠭᠰᠢᠯᠡᠭᠦᠯᠦᠨ᠎ᠡ᠃ ᠬᠦᠨᠳᠦ ᠡᠪᠡᠳᠴᠢᠨ᠎ᠤ ᠳᠠᠭ᠋ᠠᠳᠬᠠᠯ᠎ᠤᠨ ᠡᠬᠢᠯᠡᠵᠦ ᠥᠭᠬᠦ ᠪᠠᠷᠢᠮᠵᠢᠶ᠎ᠠ ᠵᠢ ᠵᠠᠷᠴᠢᠮ ᠳᠡᠭᠡᠷ᠎ᠡ᠎ᠪᠠᠨ ᠲᠤᠬᠠᠶ ᠵᠢᠨ ᠭᠠᠵᠠᠷ᠎ᠤᠨ ᠳᠡᠭᠡᠷ᠎ᠡ ᠵᠢᠯ᠎ᠤᠨ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠬᠥᠮᠦᠨ ᠪᠦᠷᠢ ᠵᠢᠨ ᠳᠤᠮᠳᠠᠴᠢ ᠡᠵᠡᠮᠳᠡᠵᠦ ᠪᠣᠯᠬᠤ ᠣᠷᠣᠯᠭ᠎ᠠ᠎ᠠᠴᠠ ᠥᠨᠳᠥᠷ ᠪᠠᠶ᠋ᠢᠯᠭ᠋ᠠᠵᠤ ᠪᠣᠯᠬᠤ ᠦᠭᠡᠶ᠂ ᠦᠨᠳᠦᠰᠦᠨ ᠡᠮᠴᠢᠯᠡᠭᠡᠨ᠎ᠤ ᠳᠠᠭ᠋ᠠᠳᠬᠠᠯ ᠪᠠ ᠬᠦᠨᠳᠦ ᠡᠪᠡᠳᠴᠢᠨ᠎ᠤ ᠳᠠᠭ᠋ᠠᠳᠬᠠᠯ᠎ᠤᠨ ᠶᠡᠷᠦᠩᠬᠡᠶ ᠬᠠᠮᠤᠭ᠎ᠤᠨ ᠥᠨᠳᠥᠷ ᠥᠭᠬᠦ ᠬᠢᠵᠠᠭ᠋ᠠᠷ ᠲᠣᠭ᠎ᠠ ᠵᠢ ᠲᠤᠬᠠᠶ ᠵᠢᠨ ᠭᠠᠵᠠᠷ᠎ᠤᠨ ᠳᠡᠭᠡᠷ᠎ᠡ ᠵᠢᠯ᠎ᠤᠨ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠬᠥᠮᠦᠨ ᠪᠦᠷᠢ ᠵᠢᠨ ᠳᠤᠮᠳᠠᠴᠢ ᠡᠵᠡᠮᠳᠡᠵᠦ ᠪᠣᠯᠬᠤ ᠣᠷᠣᠯᠭ᠎ᠠ ᠵᠢᠨ 6 ᠳᠠᠬᠢᠨ ᠣᠷᠴᠢᠮ᠎ᠳᠤ ᠬᠦᠷᠭᠡᠵᠦ᠂ ᠳᠠᠩᠰᠠ ᠲᠠᠶ᠋ᠢᠯᠬᠤ ᠬᠠᠷᠢᠴᠠᠯ᠎ᠢ ᠥᠨᠳᠥᠷ ᠬᠡᠮᠵᠢᠶᠡᠨ᠎ᠤ ᠡᠮᠴᠢᠯᠡᠭᠡᠨ᠎ᠤ ᠵᠠᠷᠤᠳᠠᠯ ᠲᠡᠢ᠌ᠰᠢ ᠬᠡᠯᠪᠡᠢ᠌ᠯᠭᠡᠨ᠎ᠡ᠃ 《ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠳᠤ ᠣᠷᠣᠯᠴᠠᠬᠤ ᠤᠷᠲᠤ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠲᠡᠭᠦᠯᠳᠡᠷᠵᠢᠭᠦᠯᠬᠦ ᠲᠤᠬᠠᠶ ᠵᠢᠯᠣᠭᠤᠳᠬᠤ ᠰᠠᠨᠠᠯ》 (ᠲᠥᠷᠥ ᠠᠯᠪᠠᠨ ᠲᠠᠷᠬᠠᠭ᠋ᠠᠭᠰᠠᠨ [2024] 38 ᠳ᠋ᠤᠭ᠋ᠠᠷ ᠲᠣᠭ᠋ᠠᠲᠤ)᠎ᠢ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠣᠳᠣ ᠵᠢᠨ ᠪᠠᠶ᠋ᠢᠭ᠎ᠠ ᠬᠠᠷᠠᠭ᠋ᠠᠯᠵᠠᠯ᠎ᠤᠨ ᠬᠢᠷᠢ ᠬᠡᠮᠵᠢᠶ᠎ᠡ ᠵᠢ ᠪᠠᠭᠤᠷᠠᠭᠤᠯᠬᠤ ᠦᠭᠡᠶ ᠪᠠᠶ᠋ᠢᠬᠤ ᠵᠢ ᠦᠨᠡᠨ ᠬᠦ᠌ ᠪᠠᠲᠤᠯᠠᠭᠰᠠᠨ ᠰᠠᠭᠤᠷᠢᠨ ᠳᠡᠭᠡᠷ᠎ᠡ᠂ ᠰᠠᠭᠤᠭ᠋ᠠᠯᠢ ᠠᠷᠠᠳ᠎ᠤᠨ ᠡᠮᠴᠢᠯᠡᠭᠡᠨ᠎ᠤ ᠳᠠᠭ᠋ᠠᠳᠬᠠᠯ᠎ᠤᠨ ᠦᠷᠭᠦᠯᠵᠢᠯᠡᠨ ᠳᠠᠭ᠋ᠠᠳᠬᠠᠯ᠎ᠳᠤ ᠣᠷᠣᠯᠴᠠᠭᠰᠠᠳ ᠪᠠ ᠳᠠᠩᠰᠠ ᠲᠠᠶ᠋ᠢᠯᠬᠤ ᠦᠭᠡᠶ ᠬᠥᠮᠦᠰ᠎ᠤᠨ ᠬᠦᠨᠳᠦ ᠡᠪᠡᠳᠴᠢᠨ᠎ᠤ ᠳᠠᠭ᠋ᠠᠳᠬᠠᠯ᠎ᠤᠨ ᠬᠠᠷᠠᠭ᠋ᠠᠯᠵᠠᠯ᠎ᠢ ᠤᠷᠮᠠᠰᠢᠭᠤᠯᠬᠤ ᠲᠣᠭᠲᠠᠴᠠ ᠵᠢ ᠪᠠᠢ᠌ᠭᠤᠯᠤᠨ᠎ᠠ᠃
(ᠵᠢᠷᠭᠤᠭ᠎ᠠ) ᠰᠠᠭᠤᠭ᠋ᠠᠯᠢ ᠠᠷᠠᠳ᠎ᠤᠨ ᠡᠮᠴᠢᠯᠡᠭᠡᠨ᠎ᠤ ᠳᠠᠭ᠋ᠠᠳᠬᠠᠯ᠎ᠤᠨ ᠦᠷᠡᠵᠢᠯ᠎ᠤᠨ ᠡᠮᠴᠢᠯᠡᠭᠡᠨ᠎ᠤ ᠵᠠᠷᠤᠳᠠᠯ᠎ᠤᠨ ᠪᠠᠲᠤᠯᠠᠭ᠎ᠠ ᠵᠢ ᠴᠢᠩᠭ᠋ᠠᠷᠠᠭᠤᠯᠤᠨ᠎ᠠ᠃ ᠡᠯ᠎ᠡ ᠭᠠᠵᠠᠷ᠎ᠤᠨ᠎ᠬᠢᠨ ᠬᠡᠦᠬᠡᠳ ᠠᠪᠬᠤ ᠵᠢ ᠳᠡᠮᠵᠢᠬᠦ ᠲᠥᠷᠥ ᠵᠢᠨ ᠪᠣᠳᠣᠯᠭ᠎ᠠ᠎ᠪᠠᠨ ᠲᠡᠭᠦᠯᠳᠡᠷᠵᠢᠭᠦᠯᠵᠦ᠂ ᠲᠤᠰᠠᠯᠠᠬᠤ ᠦᠷᠡᠵᠢᠯ᠎ᠤᠨ ᠮᠡᠷᠭᠡᠵᠢᠯ᠎ᠢ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠲᠦᠯᠦᠪᠦᠷᠢᠯᠡᠬᠦ ᠬᠡᠪᠴᠢᠶᠡᠨ᠎ᠳᠤ ᠣᠷᠣᠭᠤᠯᠤᠭᠰᠠᠨ ᠰᠠᠭᠤᠷᠢᠨ ᠳᠡᠭᠡᠷ᠎ᠡ᠂ ᠳᠠᠭ᠋ᠠᠳᠬᠠᠯ᠎ᠳᠤ ᠣᠷᠤᠯᠴᠠᠭᠰᠠᠳ᠎ᠤᠨ ᠡᠭᠦᠳᠡᠨ ᠡᠮᠨᠡᠯᠭᠡ᠎ᠳᠤ ᠪᠣᠢ ᠪᠣᠯᠣᠭᠰᠠᠨ ᠲᠣᠭᠲᠠᠭ᠋ᠠᠯ᠎ᠳᠤ ᠨᠡᠶ᠋ᠢᠴᠡᠬᠦ ᠬᠥᠩᠭᠡᠵᠢᠬᠦ᠎ᠠᠴᠠ ᠡᠮᠦᠨᠡᠬᠢ ᠪᠠᠶ᠋ᠢᠴᠠᠭ᠋ᠠᠯᠲᠠ ᠵᠢᠨ ᠬᠠᠮᠢᠶ᠎ᠠ ᠪᠦᠬᠦᠢ ᠡᠮᠴᠢᠯᠡᠭᠡᠨ᠎ᠤ ᠵᠠᠷᠤᠳᠠᠯ᠎ᠢ ᠡᠭᠦᠳᠡᠨ ᠡᠮᠨᠡᠯᠭᠡ ᠵᠢᠨ ᠪᠠᠲᠤᠯᠠᠭ᠎ᠠ᠎ᠳᠤ ᠣᠷᠣᠭᠤᠯᠵᠤ᠂ ᠡᠩ᠎ᠤᠨ ᠡᠭᠦᠳᠡᠨ ᠡᠮᠨᠡᠯᠭᠡ ᠵᠢᠨ ᠨᠢᠭᠡᠳᠦᠯᠲᠡᠶ ᠲᠥᠯᠥᠪᠯᠡᠬᠦ ᠬᠠᠷᠠᠭ᠋ᠠᠯᠵᠠᠯ᠎ᠢ ᠬᠦᠷᠲᠡᠵᠦ᠂ ᠡᠮᠨᠡᠯᠭᠡ᠎ᠳᠤ ᠰᠠᠭᠤᠵᠤ ᠬᠥᠩᠭᠡᠵᠢᠬᠦ ᠡᠮᠴᠢᠯᠡᠭᠡᠨ᠎ᠤ ᠵᠠᠷᠤᠳᠠᠯ᠎ᠢ ᠪᠠᠲᠤᠯᠠᠬᠤ ᠬᠢᠷᠢ ᠬᠡᠮᠵᠢᠶ᠎ᠡ᠎ᠪᠠᠨ ᠵᠦᠢ ᠵᠣᠬᠢᠰᠲᠠᠶ ᠳᠡᠭᠡᠭᠰᠢᠯᠡᠭᠦᠯᠵᠦ᠂ ᠳᠠᠭ᠋ᠠᠳᠬᠠᠯ᠎ᠳᠤ ᠣᠷᠣᠯᠴᠠᠭᠰᠠᠳ᠎ᠤᠨ ᠦᠷᠡᠵᠢᠯ᠎ᠤᠨ ᠡᠮᠴᠢᠯᠡᠭᠡᠨ᠎ᠤ ᠵᠠᠷᠤᠳᠠᠯ᠎ᠤᠨ ᠳᠠᠷᠤᠭ᠋ᠠᠰᠤ ᠵᠢ ᠤᠯᠠᠮ ᠨᠢᠭᠡ ᠠᠯᠬᠤᠮ ᠬᠥᠩᠭᠡᠷᠡᠭᠦᠯᠵᠦ᠂ ᠬᠥᠮᠦᠨ ᠠᠮᠠ ᠵᠢᠨ ᠤᠷᠲᠤ ᠬᠤᠭᠤᠴᠠᠭ᠋ᠠᠨ᠎ᠤ ᠲᠡᠩᠴᠡᠭᠦᠷᠢᠲᠡᠶ ᠬᠥᠭᠵᠢᠯᠲᠡ ᠵᠢ ᠬᠠᠮᠲᠤ᠎ᠪᠠᠷ ᠠᠬᠢᠭᠤᠯᠤᠨ᠎ᠠ᠃
(ᠳᠤᠯᠤᠭ᠎ᠠ) ᠳᠦᠷᠢᠮ ᠲᠥᠷᠥ ᠵᠢᠨ ᠪᠣᠳᠣᠯᠭ᠎ᠠ ᠵᠢᠨ ᠳᠦᠷᠢᠮᠵᠢᠯ ᠨᠢᠭᠡᠳᠦᠯ᠎ᠢ ᠠᠬᠢᠭᠤᠯᠤᠨ᠎ᠠ᠃ ᠲᠥᠷᠥ ᠵᠢᠨ ᠪᠣᠳᠣᠯᠭ᠎ᠠ ᠵᠢ ᠨᠢᠭᠡᠳᠦᠯᠲᠡᠶ ᠵᠢᠷᠤᠮᠵᠢᠭᠤᠯᠬᠤ᠂ ᠰᠠᠭᠤᠷᠢ ᠮᠥᠩᠭᠥ ᠵᠢ ᠲᠣᠬᠢᠷᠠᠭᠤᠯᠤᠨ ᠲᠡᠩᠴᠡᠭᠦᠯᠬᠦ᠂ ᠱᠠᠲᠤ ᠬᠤᠪᠢᠶᠠᠨ ᠬᠠᠮᠢᠶᠠᠷᠬᠤ ᠵᠢ ᠲᠡᠭᠦᠯᠳᠡᠷᠵᠢᠭᠦᠯᠬᠦ᠂ ᠲᠥᠰᠦᠪ᠎ᠢ ᠬᠢᠨᠠᠨ ᠰᠢᠯᠭ᠋ᠠᠬᠤ ᠵᠢ ᠴᠢᠩᠭ᠋ᠠᠷᠠᠭᠤᠯᠬᠤ᠂ ᠬᠠᠮᠢᠶᠠᠷᠤᠯᠲᠠ ᠦᠢ᠍ᠯᠡᠴᠢᠯᠡᠭᠡ ᠵᠢ ᠳᠡᠭᠡᠭᠰᠢᠯᠡᠭᠦᠯᠬᠦ ᠴᠢᠭᠯᠡᠯ ᠶᠣᠰᠣᠭ᠋ᠠᠷ᠂ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠨᠢᠭᠡᠳᠦᠯᠲᠡᠶ ᠲᠥᠯᠥᠪᠯᠡᠬᠦ ᠵᠢ ᠪᠡᠶᠡᠯᠡᠭᠦᠯᠬᠦ ᠵᠢ ᠢᠳᠡᠪᠬᠢᠲᠡᠶ ᠯᠠᠪᠳᠠᠭᠤᠨ ᠵᠶ᠋ᠠᠷ ᠲᠦᠯᠬᠢᠨ ᠠᠬᠢᠭᠤᠯᠤᠨ᠎ᠠ᠃ ᠡᠯ᠎ᠡ ᠭᠠᠵᠠᠷ᠎ᠤᠨ᠎ᠬᠢᠨ ᠡᠮᠴᠢᠯᠡᠭᠡᠨ᠎ᠤ ᠪᠠᠲᠤᠯᠠᠭ᠎ᠠ ᠵᠢᠨ ᠬᠠᠷᠠᠭ᠋ᠠᠯᠵᠠᠯ᠎ᠤᠨ ᠨᠠᠷᠢᠨ ᠲᠠᠩᠰᠠ ᠵᠢᠨ ᠲᠦᠷᠢᠮ᠎ᠢ ᠪᠥᠬᠦ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ 2025 ᠣᠨ᠎ᠳᠤ ᠭᠤᠷᠪᠠᠨ ᠵᠢᠯ᠎ᠤᠨ ᠠᠵᠢᠯᠯᠠᠭ᠎ᠠ ᠵᠢᠨ ᠲᠥᠰᠦᠯ᠎ᠤᠨ 《ᠡᠷᠬᠢᠨ ᠬᠠᠷᠠᠬᠤ》 ᠵᠢ ᠪᠡᠶᠡᠯᠡᠭᠦᠯᠵᠦ᠂ ᠡᠮᠴᠢᠯᠡᠭᠡᠨ᠎ᠤ ᠳᠠᠭ᠋ᠠᠳᠬᠠᠯ᠎ᠤᠨ ᠲᠦᠷᠢᠮ᠂ ᠲᠥᠷᠥ ᠵᠢᠨ ᠪᠣᠳᠣᠯᠭ᠎ᠠ ᠵᠡᠷᠭᠡ ᠵᠢᠨ ᠵᠢᠷᠤᠮᠵᠢᠭᠤᠯᠤᠭᠰᠠᠨ ᠨᠢᠭᠡᠳᠦᠯᠲᠡᠶ ᠪᠠᠢ᠌ᠯᠭ᠋ᠠᠬᠤ ᠵᠢ ᠦᠨᠡᠨ ᠬᠦ᠌ ᠪᠠᠲᠤᠯᠠᠨ᠎ᠠ᠃ ᠲᠥᠪᠯᠡᠷᠡᠭᠦᠯᠦᠨ ᠲᠠᠲᠠᠪᠤᠷᠢᠯᠠᠨ ᠲᠤᠰᠢᠶᠠᠬᠤ ᠬᠤᠭᠤᠴᠠᠭ᠎ᠠ ᠵᠢ ᠠᠯᠬᠤᠮ ᠠᠯᠬᠤᠮ ᠵᠶ᠋ᠠᠷ ᠨᠢᠭᠡᠲᠦᠯᠵᠢᠭᠦᠯᠵᠦ᠂ 2025 ᠣᠨ᠎ᠤ 2 ᠳ᠋ᠤᠭ᠋ᠠᠷ ᠰᠠᠷ᠎ᠠ ᠵᠢᠨ ᠰᠡᠭᠦᠯᠴᠢ᠎ᠠᠴᠠ ᠡᠮᠦᠨ᠎ᠡ ᠰᠠᠭᠤᠭ᠋ᠠᠯᠢ ᠠᠷᠠᠳ᠎ᠤᠨ ᠡᠮᠴᠢᠯᠡᠭᠡᠨ᠎ᠤ ᠳᠠᠭ᠋ᠠᠳᠬᠠᠯ᠎ᠳᠤ ᠣᠷᠣᠯᠴᠠᠵᠤ ᠰᠦᠢ᠍ᠳᠬᠡᠯ ᠲᠤᠰᠢᠶᠠᠬᠤ ᠠᠵᠢᠯ᠎ᠢ ᠪᠡᠶᠡᠯᠡᠭᠦᠯᠬᠦ ᠵᠢᠨ ᠬᠠᠮᠲᠤ ᠰᠦᠢ᠍ᠳᠬᠡᠯ ᠲᠤᠰᠢᠶᠠᠬᠤ᠎ᠪᠠᠨ ᠵᠣᠭᠰᠣᠭᠰᠠᠨ ᠬᠥᠮᠦᠰ᠎ᠲᠤ ᠵᠣᠬᠢᠴᠠᠩᠭᠤᠶ ᠬᠢᠵᠠᠭ᠋ᠠᠷᠯᠠᠬᠤ ᠠᠷᠭ᠎ᠠ ᠬᠡᠮᠵᠢᠶ᠎ᠡ ᠳᠣᠭᠢᠷᠠᠭᠤᠯᠤᠨ᠎ᠠ᠃ ᠡᠯ᠎ᠡ ᠠᠶ᠋ᠢᠮᠠᠭ ᠬᠤᠲᠠ ᠡᠮᠴᠢᠯᠡᠭᠡᠨ᠎ᠤ ᠪᠠᠲᠤᠯᠠᠭ᠎ᠠ ᠵᠢᠨ ᠲᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠶᠠᠪᠤᠴᠠ᠎ᠳᠤ᠂ ᠪᠥᠬᠦ ᠤᠯᠤᠰ᠎ᠤᠨ 《ᠨᠢᠭᠡ ᠬᠥᠯᠭᠡ ᠰᠢᠲᠠᠷ᠎ᠠ》 ᠵᠢ ᠪᠠᠷᠢᠮᠲᠠᠯᠠᠵᠤ᠂ ᠴᠢᠬᠤᠯᠠ ᠶᠡᠭᠡ ᠲᠦᠷᠢᠮ ᠲᠥᠷᠥ ᠵᠢᠨ ᠪᠣᠳᠣᠯᠭ᠎ᠠ᠎ᠳᠤ ᠲᠣᠬᠢᠷᠠᠭᠤᠯᠤᠯᠲᠠ ᠬᠢᠬᠦ᠎ᠳᠤ ᠴᠠᠭ ᠲᠤᠬᠠᠶ᠎ᠳᠤᠨᠢ ᠵᠢᠭ᠋ᠠᠪᠤᠷᠢ ᠠᠪᠴᠤ ᠮᠡᠳᠡᠭᠦᠯᠦᠨ᠎ᠡ᠃
ᠭᠤᠷᠪᠠ᠂ ᠰᠢᠯᠵᠢᠯᠲᠡ ᠵᠢᠨ ᠬᠤᠭᠤᠴᠠᠭ᠋ᠠᠨ᠎ᠤ ᠳᠠᠷᠠᠭ᠋ᠠᠬᠢ ᠡᠮᠴᠢᠯᠡᠭᠡᠨ᠎ᠤ ᠳᠠᠭ᠋ᠠᠳᠬᠠᠯ᠎ᠤᠨ ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠦᠷ᠎ᠡ ᠪᠦᠲᠦᠭᠡᠯ᠎ᠢ ᠪᠠᠬᠢᠵᠢᠭᠦᠯᠬᠦ ᠠᠵᠢᠯ᠎ᠢ ᠯᠠᠪᠳᠠᠭᠤᠨ ᠪᠠᠲᠤᠲᠠᠶ ᠰᠠᠶ᠋ᠢᠲᠤᠷ ᠬᠢᠨ᠎ᠠ
(ᠨᠠᠢ᠍ᠮᠠ) ᠡᠮᠴᠢᠯᠡᠭᠡᠨ᠎ᠤ ᠳᠠᠭ᠋ᠠᠳᠬᠠᠯ᠎ᠤᠨ ᠶᠡᠷᠦᠩᠬᠡᠶ᠋ᠢᠯᠡᠨ ᠬᠠᠪᠰᠤᠷᠤᠨ ᠲᠡᠳᠬᠦᠬᠦ ᠲᠥᠷᠥ ᠵᠢᠨ ᠪᠣᠳᠣᠯᠭ᠎ᠠ ᠵᠢᠨ ᠨᠠᠶ᠋ᠢᠳᠠᠪᠤᠷᠢᠵᠢᠭᠤᠯᠤᠯᠲᠠ ᠵᠢ ᠰᠠᠶ᠋ᠢᠲᠤᠷ ᠬᠢᠨ᠎ᠠ᠃ ᠡᠯ᠎ᠡ ᠭᠠᠵᠠᠷ᠎ᠤᠨ᠎ᠬᠢᠨ ᠮᠠᠯᠵᠢᠬᠤ ᠲᠠᠷᠢᠶᠠᠯᠠᠬᠤ ᠣᠷᠣᠨ᠎ᠤ ᠣᠷᠣᠯᠭ᠎ᠠ ᠪᠠᠭ᠋ᠠᠲᠠᠢ ᠬᠥᠮᠥᠨ ᠠᠮᠠ ᠪᠣᠯᠣᠨ ᠶᠠᠳᠠᠭᠤ᠎ᠠᠴᠠ ᠠᠩᠭᠢᠵᠢᠷᠠᠭᠰᠠᠨ ᠬᠥᠮᠥᠨ ᠠᠮᠠ ᠵᠢᠨ ᠳᠠᠭ᠋ᠠᠳᠬᠠᠯ᠎ᠳᠤ ᠣᠷᠣᠯᠴᠠᠬᠤ ᠠᠵᠢᠯ᠎ᠢ ᠰᠠᠶ᠋ᠢᠲᠤᠷ ᠠᠳᠬᠤᠵᠤ᠂ ᠡᠮᠴᠢᠯᠡᠭᠡᠨ᠎ᠤ ᠠᠪᠤᠷᠠᠨ ᠲᠤᠰᠠᠯᠠᠯᠲᠠ ᠵᠢ ᠲᠥᠷᠥᠯ ᠬᠤᠪᠢᠶᠠᠨ ᠲᠤᠰᠠᠯᠠᠵᠤ ᠳᠠᠭ᠋ᠠᠳᠬᠠᠯ᠎ᠳᠤ ᠣᠷᠣᠯᠴᠠᠭᠤᠯᠬᠤ ᠲᠥᠷᠥ ᠵᠢᠨ ᠪᠣᠳᠣᠯᠭ᠎ᠠ ᠵᠢ ᠲᠣᠭᠲᠠᠭ᠋ᠠᠯ ᠶᠣᠰᠣᠭ᠋ᠠᠷ ᠨᠠᠶ᠋ᠢᠳᠠᠪᠤᠷᠢᠵᠢᠭᠤᠯᠵᠤ᠂ ᠨᠥᠬᠦᠴᠡᠯ᠎ᠲᠠᠢ ᠭᠠᠵᠠᠷ ᠣᠷᠣᠨ᠎ᠨᠢ ᠰᠠᠭᠤᠷᠢ ᠮᠥᠩᠭᠦ ᠵᠢᠨ ᠲᠤᠯᠭ᠋ᠠᠭᠤᠷᠢᠯᠠᠬᠤ ᠴᠢᠳᠠᠪᠤᠷᠢ ᠪᠣᠯᠣᠨ ᠬᠦᠴᠢᠷᠳᠡᠯᠲᠡᠢ ᠣᠯᠠᠨ ᠲᠦᠮᠡᠨ᠎ᠤ ᠪᠣᠳᠠᠲᠠᠢ ᠬᠡᠷᠡᠭᠴᠡᠭᠡ ᠱᠠᠭ᠋ᠠᠷᠳᠠᠯᠭ᠎ᠠ ᠵᠢ ᠦᠨᠳᠦᠰᠦᠯᠡᠨ᠂ ᠲᠣᠭᠲᠠᠭᠰᠠᠨ ᠲᠣᠭ᠋ᠠᠨ᠎ᠤ ᠵᠣᠭᠤᠰ ᠵᠶ᠋ᠠᠷ ᠲᠤᠰᠠᠯᠠᠬᠤ ᠪᠠᠷᠢᠮᠵᠢᠶ᠎ᠠ ᠵᠢ ᠵᠣᠬᠢᠰᠲᠠᠢ ᠳᠡᠭᠡᠭᠰᠢᠯᠡᠭᠦᠯᠵᠦ᠂ ᠬᠤᠶᠠᠷ ᠲᠥᠷᠥᠯ᠎ᠤᠨ ᠬᠥᠮᠥᠰ᠎ᠤᠨ ᠳᠠᠭ᠋ᠠᠳᠬᠠᠯ᠎ᠳᠤ ᠣᠷᠣᠯᠴᠠᠬᠤ ᠨᠣᠷᠮ᠎ᠠ ᠵᠢ 99%᠎ᠠᠴᠠ ᠳᠣᠣᠷ᠎ᠠ ᠪᠠᠶ᠋ᠢᠯᠭ᠋ᠠᠬᠤ ᠦᠭᠡᠢ ᠪᠠᠶ᠋ᠢᠬᠤ ᠵᠢ ᠦᠨᠡᠨ ᠬᠦ᠌ ᠪᠠᠲᠤᠯᠠᠨ᠎ᠠ᠃ ᠦᠨᠳᠦᠰᠦᠨ ᠡᠮᠴᠢᠯᠡᠭᠡᠨ᠎ᠤ ᠳᠠᠭ᠋ᠠᠳᠬᠠᠯ᠂ ᠬᠦᠨᠳᠦ ᠡᠪᠡᠳᠴᠢᠨ᠎ᠤ ᠳᠠᠭ᠋ᠠᠳᠬᠠᠯ᠂ ᠡᠮᠴᠢᠯᠡᠭᠡᠨ᠎ᠤ ᠠᠪᠤᠷᠠᠨ ᠲᠤᠰᠠᠯᠠᠬᠤ ᠭᠤᠷᠪᠠᠨ ᠳᠠᠪᠬᠤᠷ ᠲᠦᠷᠢᠮ᠎ᠤᠨ ᠶᠡᠷᠦᠩᠬᠡᠶ᠋ᠢᠯᠡᠭᠰᠡᠨ ᠪᠠᠲᠤᠯᠠᠭ᠎ᠠ ᠵᠢᠨ ᠱᠠᠲᠤᠯᠢᠭ ᠳᠠᠷᠤᠭ᠋ᠠᠰᠤ ᠵᠢ ᠬᠥᠩᠭᠡᠷᠡᠭᠦᠯᠬᠦ ᠴᠢᠳᠠᠮᠵᠢ ᠵᠢ ᠨᠢᠭᠡᠳᠦᠯᠲᠡᠶ ᠲᠥᠯᠥᠪᠯᠡᠨ ᠰᠠᠶ᠋ᠢᠲᠤᠷ ᠪᠠᠳᠠᠷᠠᠭᠤᠯᠵᠤ᠂ ᠲᠣᠰ ᠭᠠᠵᠠᠷ ᠣᠷᠣᠨ᠎ᠤ ᠪᠣᠳᠠᠲᠠᠶ ᠪᠠᠶ᠋ᠢᠳᠠᠯ᠎ᠢ ᠦᠨᠳᠦᠰᠦᠯᠡᠨ ᠬᠡᠯᠪᠠᠶ᠋ᠢᠯᠭᠡᠵᠦ ᠠᠪᠤᠷᠠᠨ ᠲᠤᠰᠠᠯᠠᠬᠤ ᠡᠷᠴᠢᠮ ᠵᠶ᠋ᠠᠨ ᠴᠢᠩᠭ᠋ᠠᠷᠠᠭᠤᠯᠵᠤ᠂ ᠮᠠᠯᠵᠢᠬᠤ ᠲᠠᠷᠢᠶᠠᠯᠠᠬᠤ ᠣᠷᠣᠨ᠎ᠤ ᠣᠷᠣᠯᠭ᠎ᠠ ᠪᠠᠭ᠋ᠠᠲᠠᠶ ᠬᠥᠮᠦᠨ ᠠᠮᠠ ᠵᠢᠨ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠬᠠᠷᠠᠭ᠋ᠠᠯᠵᠠᠯ᠎ᠤᠨ ᠬᠡᠮᠵᠢᠶ᠎ᠡ ᠵᠢ ᠦᠷᠭᠦᠯᠵᠢᠯᠡᠨ ᠪᠠᠬᠢᠵᠢᠭᠦᠯᠵᠦ ᠪᠣᠯᠤᠨ᠎ᠠ᠃
(ᠶᠢᠰᠦ) ᠡᠪᠡᠳᠴᠢᠨ᠎ᠠᠴᠠ ᠪᠣᠯᠵᠤ ᠳᠠᠬᠢᠨ ᠶᠠᠳᠠᠭᠤᠷᠠᠬᠤ ᠵᠢ ᠰᠡᠷᠭᠡᠶ᠋ᠢᠯᠡᠨ ᠠᠷᠢᠯᠭ᠋ᠠᠬᠤ ᠤᠷᠲᠤ ᠬᠤᠭᠤᠴᠠᠭ᠋ᠠᠨ᠎ᠤ ᠪᠦᠲᠦᠮᠵᠢᠲᠡᠢ ᠲᠣᠭᠲᠠᠴᠠ ᠵᠢ ᠲᠡᠭᠦᠯᠳᠡᠷᠵᠢᠭᠦᠯᠦᠨ᠎ᠡ᠃ ᠡᠯ᠎ᠡ ᠭᠠᠵᠠᠷ᠎ᠤᠨ᠎ᠬᠢᠨ ᠪᠥᠬᠦ ᠤᠯᠤᠰ᠎ᠤᠨ ᠨᠢᠭᠡᠳᠦᠯᠲᠡᠶ ᠡᠮᠴᠢᠯᠡᠭᠡᠨ᠎ᠤ ᠳᠠᠭ᠋ᠠᠳᠬᠠᠯ᠎ᠤᠨ ᠮᠡᠳᠡᠭᠡ ᠵᠠᠩᠭᠢ ᠵᠢᠨ ᠲᠠᠪᠴᠠᠩ᠎ᠳᠤ ᠲᠦᠰᠢᠭᠯᠡᠨ᠂ ᠮᠠᠯᠵᠢᠬᠤ ᠲᠠᠷᠢᠶᠠᠯᠠᠬᠤ ᠣᠷᠣᠨ᠎ᠤ ᠣᠷᠣᠯᠭ᠎ᠠ ᠪᠠᠭ᠋ᠠᠲᠠᠶ ᠬᠥᠮᠦᠨ ᠠᠮᠠ ᠪᠠ ᠶᠠᠳᠠᠭᠤ᠎ᠠᠴᠠ ᠠᠩᠭᠢᠵᠢᠷᠠᠭᠰᠠᠨ ᠬᠥᠮᠦᠨ ᠠᠮᠠ ᠵᠢᠨ ᠡᠮᠴᠢᠯᠡᠭᠡᠨ᠎ᠤ ᠶᠡᠭᠡ ᠲᠣᠭ᠋ᠠᠨ᠎ᠤ ᠵᠠᠷᠤᠳᠠᠯ᠎ᠤᠨ ᠳᠠᠷᠤᠭ᠋ᠠᠰᠤ ᠵᠢᠨ ᠡᠪᠡᠳᠴᠢᠲᠡᠨ᠎ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠵᠢ ᠪᠠᠶ᠋ᠢᠩᠭᠤᠵᠢᠭᠤᠯᠤᠨ ᠥᠷᠨᠢᠭᠦᠯᠵᠦ᠂ ᠬᠠᠮᠢᠶ᠎ᠠ ᠪᠥᠬᠦᠶ ᠰᠠᠯᠠᠭ᠎ᠠ ᠮᠥᠴᠢᠷ᠎ᠲᠤ ᠲᠦᠭᠰᠢᠭᠦᠷᠢ ᠵᠢᠨ ᠮᠡᠳᠡᠭᠡ ᠵᠠᠩᠭᠢ ᠵᠢ ᠴᠠᠭ ᠲᠤᠬᠠᠶ᠎ᠳᠤᠨᠢ ᠬᠦᠷᠭᠡᠵᠦ᠂ ᠬᠠᠮᠢᠶ᠎ᠠ ᠪᠥᠬᠦᠶ ᠰᠠᠯᠠᠭ᠎ᠠ ᠮᠥᠴᠢᠷ᠎ᠤᠨ ᠬᠠᠷᠭᠤᠭᠤᠯᠤᠨ ᠪᠠᠶ᠋ᠢᠴᠠᠭ᠋ᠠᠵᠤ ᠮᠠᠭ᠋ᠠᠳᠯᠠᠨ ᠲᠣᠭᠲᠠᠭ᠋ᠠᠭᠰᠠᠨ᠎ᠤ ᠳᠠᠷᠠᠭ᠋ᠠᠬᠢ ᠨᠥᠬᠦᠴᠡᠯ᠎ᠳᠤ ᠨᠡᠶ᠋ᠢᠴᠡᠬᠦ ᠬᠦᠴᠢᠷᠳᠡᠯᠲᠡᠶ ᠣᠯᠠᠨ ᠲᠦᠮᠡᠨ᠎ᠢ ᠠᠪᠤᠷᠠᠨ ᠲᠤᠰᠠᠯᠠᠬᠤ ᠬᠡᠪᠴᠢᠶᠡᠨ᠎ᠳᠤ ᠣᠷᠣᠭᠤᠯᠤᠨ᠂ ᠡᠮᠴᠢᠯᠡᠭᠡᠨ᠎ᠤ ᠠᠪᠤᠷᠠᠨ ᠲᠤᠰᠠᠯᠠᠬᠤ ᠲᠥᠷᠥ ᠵᠢᠨ ᠪᠣᠳᠣᠯᠭ᠎ᠠ ᠵᠢ ᠲᠣᠭᠲᠠᠭ᠋ᠠᠯ ᠶᠣᠰᠣᠭ᠋ᠠᠷ ᠨᠠᠶ᠋ᠢᠳᠠᠪᠤᠷᠢᠵᠢᠭᠤᠯᠵᠤ᠂ ᠡᠪᠡᠳᠴᠢᠨ᠎ᠠᠴᠠ ᠪᠣᠯᠵᠤ ᠬᠡᠪᠴᠢᠶᠡᠵᠢᠯ᠎ᠤᠨ ᠴᠢᠨᠠᠷᠲᠠᠶ ᠳᠠᠬᠢᠨ ᠶᠠᠳᠠᠭᠤᠷᠠᠬᠤ ᠬᠤᠷᠢᠭ᠎ᠠ ᠱᠤᠭᠤᠮ᠎ᠢ ᠡᠷᠡᠰ ᠪᠠᠲᠤ ᠰᠠᠬᠢᠨ᠎ᠠ᠃ ᠰᠠᠯᠠᠭ᠎ᠠ ᠮᠥᠴᠢᠷ᠎ᠤᠨ ᠬᠤᠭᠤᠷᠣᠨᠳᠣᠬᠢ ᠠᠵᠢᠯ᠎ᠤᠨ ᠬᠠᠮᠵᠢᠯᠴᠠᠭ᠎ᠠ ᠵᠢ ᠴᠢᠩᠭ᠋ᠠᠷᠠᠭᠤᠯᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯᠲᠠᠨ᠎ᠢ ᠶᠡᠷᠦᠩᠬᠡᠶ᠋ᠢᠯᠡᠨ ᠬᠠᠪᠰᠤᠷᠤᠨ ᠲᠡᠳᠬᠦᠬᠦ ᠠᠵᠢᠯ᠎ᠢ ᠪᠠᠶ᠋ᠢᠩᠭᠤᠵᠢᠭᠤᠯᠤᠨ ᠬᠤᠯᠪᠣᠭ᠋ᠠᠯᠠᠨ ᠬᠦᠳᠡᠯᠦᠯᠴᠡᠭᠦᠯᠵᠦ᠂ ᠨᠢᠭᠦᠯᠡᠰᠦᠩᠭᠦᠶ ᠵᠢᠨ ᠵᠣᠬᠢᠶᠠᠨ ᠪᠠᠶ᠋ᠢᠭᠤᠯᠤᠯᠲᠠ᠂ ᠬᠤᠳᠠᠯᠳᠤᠭ᠋ᠠᠨ᠎ᠤ ᠨᠥᠬᠦᠪᠥᠷᠢ ᠳᠠᠭ᠋ᠠᠳᠬᠠᠯ᠂ ᠡᠮᠴᠢᠯᠡᠭᠡᠨ᠎ᠤ ᠬᠠᠷᠢᠯᠴᠠᠨ ᠬᠠᠪᠰᠤᠷᠤᠯᠴᠠᠬᠤ ᠵᠡᠷᠭᠡ ᠨᠡᠶ᠋ᠢᠭᠡᠮ᠎ᠤᠨ ᠬᠦᠴᠦᠨ᠎ᠢ ᠢᠳᠡᠪᠬᠢᠲᠡᠶ᠎ᠪᠠᠷ ᠬᠥᠲᠥᠯᠦᠨ ᠵᠢᠯᠣᠭᠤᠳᠴᠤ ᠪᠠᠶ᠋ᠢᠭ᠋ᠠᠳ ᠬᠦᠴᠢᠷᠳᠡᠯᠲᠡᠶ ᠬᠦᠨᠳᠦ ᠡᠪᠡᠳᠴᠢᠲᠡᠨ᠎ᠢ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ᠎ᠳᠤ ᠣᠷᠣᠯᠴᠠᠭᠤᠯᠵᠤ᠂ ᠣᠯᠠᠨ ᠡᠰᠢᠵᠢᠭᠰᠡᠨ ᠠᠪᠤᠷᠠᠨ ᠲᠤᠰᠠᠯᠠᠬᠤ ᠪᠠᠶ᠋ᠢᠷᠢᠰᠢᠯ᠎ᠢ ᠪᠣᠶ ᠪᠣᠯᠭ᠋ᠠᠬᠤ ᠵᠢ ᠠᠬᠢᠭᠤᠯᠵᠤ᠂ ᠲᠦᠭᠰᠢᠭᠦᠷᠢ ᠵᠢ ᠰᠡᠷᠭᠡᠶ᠋ᠢᠯᠡᠨ ᠠᠷᠢᠯᠭ᠋ᠠᠬᠤ ᠴᠢᠳᠠᠪᠤᠷᠢ ᠵᠢ ᠪᠦᠬᠦᠯᠢ ᠴᠣᠭᠴᠠ᠎ᠪᠠᠷ᠎ᠨᠢ ᠳᠡᠭᠡᠭᠰᠢᠯᠡᠭᠦᠯᠦᠨ᠎ᠡ᠃
ᠳᠥᠷᠪᠡ᠂ ᠲᠦᠷᠢᠮ ᠲᠥᠷᠥ ᠵᠢᠨ ᠪᠣᠳᠣᠯᠭ᠎ᠠ ᠵᠢᠨ ᠨᠠᠶ᠋ᠢᠳᠠᠪᠤᠷᠢᠵᠢᠭᠤᠯᠤᠯᠲᠠ ᠵᠢ ᠨᠠᠷᠢᠯᠢᠭ ᠪᠣᠳᠠᠲᠠᠶ ᠨᠠᠶ᠋ᠢᠳᠠᠪᠤᠷᠢᠵᠢᠭᠤᠯᠬᠤ ᠵᠢ ᠠᠬᠢᠭᠤᠯᠤᠨ᠎ᠠ
(ᠠᠷᠪᠠ) ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠦᠨᠡᠨ ᠬᠦ᠌ ᠴᠢᠩᠭ᠋ᠠᠳᠬᠠᠨ᠎ᠠ᠃ ᠡᠯ᠎ᠡ ᠱᠠᠲᠤᠨ᠎ᠤ ᠡᠮᠴᠢᠯᠡᠭᠡᠨ᠎ᠤ ᠪᠠᠲᠤᠯᠠᠭ᠎ᠠ᠂ ᠡᠳ᠋᠎ᠤᠨ ᠵᠠᠰᠠᠭ᠂ ᠭᠠᠶ᠋ᠢᠯᠢ ᠵᠢᠨ ᠶᠠᠪᠤᠳᠠᠯ᠎ᠤᠨ ᠰᠠᠯᠠᠭ᠎ᠠ ᠮᠥᠴᠢᠷ᠎ᠤᠳ ᠬᠤᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠡᠮᠴᠢᠯᠡᠭᠡᠨ᠎ᠤ ᠪᠠᠲᠤᠯᠠᠭ᠎ᠠ ᠵᠢᠨ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠤᠯᠤᠰ ᠲᠥᠷᠥ ᠵᠢᠨ ᠵᠣᠭᠰᠣᠴᠠ᠎ᠪᠠᠨ ᠦᠨᠡᠨ ᠬᠦ᠌ ᠳᠡᠭᠡᠭᠰᠢᠯᠡᠭᠦᠯᠦᠨ᠂ ᠵᠣᠬᠢᠶᠠᠨ ᠪᠠᠶ᠋ᠢᠭᠤᠯᠤᠯᠲᠠ ᠵᠢᠨ ᠪᠠᠲᠤᠯᠠᠭ᠎ᠠ᠎ᠪᠠᠨ ᠴᠢᠩᠭ᠋ᠠᠷᠠᠭᠤᠯᠵᠤ᠂ ᠠᠵᠢᠯ᠎ᠤᠨ ᠲᠣᠭᠲᠠᠴᠠ᠎ᠪᠠᠨ ᠪᠦᠷᠢᠨᠰᠢᠬᠦᠯᠵᠦ᠂ ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠵᠢ ᠦᠨᠡᠨ ᠬᠦ᠌ ᠪᠠᠲᠤᠯᠠᠨ᠎ᠠ᠃ 《ᠥᠨᠳᠥᠷ ᠪᠦᠲᠦᠮᠵᠢᠲᠡᠶ᠎ᠪᠠᠷ ᠨᠢᠭᠡ ᠠᠵᠢᠯ ᠶᠠᠪᠤᠳᠠᠯ᠎ᠢ ᠭᠦᠢ᠍ᠴᠡᠳᠭᠡᠬᠦ》 ᠠᠵᠢᠯ᠎ᠤᠨ ᠱᠠᠭ᠋ᠠᠷᠳᠠᠯᠭ᠎ᠠ ᠶᠣᠰᠣᠭ᠋ᠠᠷ᠂ ᠦᠢ᠍ᠯᠡᠴᠢᠯᠡᠭᠡᠨ᠎ᠤ ᠲᠦᠭᠵᠢᠷᠡᠯ᠂ ᠬᠦᠴᠢᠷᠳᠡᠯ᠂ ᠵᠠᠩᠭᠢᠯᠠᠭ᠎ᠠ ᠵᠢᠨ ᠴᠡᠭ᠎ᠢ ᠨᠡᠪᠲᠡᠷᠡᠭᠦᠯᠵᠦ᠂ ᠥᠨᠳᠥᠷ ᠪᠦᠲᠦᠮᠵᠢᠲᠡᠶ᠎ᠪᠠᠷ ᠭᠦᠢ᠍ᠴᠡᠳᠬᠡᠬᠦ᠂ ᠲᠥᠪᠯᠡᠷᠡᠭᠦᠯᠦᠨ ᠭᠦᠢ᠍ᠴᠡᠳᠬᠡᠬᠦ᠂ ᠳᠥᠭᠦᠮ ᠳᠥᠲᠡ ᠭᠦᠢ᠍ᠴᠡᠳᠬᠡᠬᠦ ᠵᠢ ᠴᠢᠷᠮᠠᠶ᠋ᠢᠨ ᠪᠡᠶᠡᠯᠡᠭᠦᠯᠦᠨ᠎ᠡ᠃ ᠲᠦᠭᠰᠢᠭᠦᠷᠢ ᠵᠢ ᠰᠡᠷᠭᠡᠶ᠋ᠢᠯᠡᠬᠦ ᠤᠬᠠᠮᠰᠠᠷ ᠵᠶ᠋ᠠᠨ ᠤᠯᠠᠮ ᠨᠢᠭᠡ ᠠᠯᠬᠤᠮ ᠴᠢᠩᠭ᠋ᠠᠳᠬᠠᠵᠤ᠂ ᠰᠠᠭᠤᠷᠢ ᠮᠥᠩᠭᠦ ᠵᠢᠨ ᠣᠷᠣᠯᠭ᠎ᠠ ᠵᠠᠷᠤᠯᠭ᠎ᠠ ᠵᠢᠨ ᠲᠥᠰᠦᠪ᠎ᠤᠨ ᠬᠠᠮᠢᠶᠠᠷᠤᠯᠲᠠ ᠪᠠ ᠠᠵᠢᠯᠯᠠᠭ᠋ᠠᠨ᠎ᠤ ᠵᠠᠳᠠᠯᠤᠯᠲᠠ ᠵᠢ ᠴᠢᠩᠭ᠋ᠠᠳᠬᠠᠵᠤ᠂ ᠰᠢᠰᠲ᠋ᠧᠮ᠎ᠤᠨ ᠴᠢᠨᠠᠷᠲᠠᠶ ᠲᠦᠭᠰᠢᠭᠦᠷᠢ ᠭᠠᠷᠬᠤ ᠥᠬᠡᠶ ᠪᠠᠶ᠋ᠢᠬᠤ ᠵᠢ ᠦᠨᠡᠨ ᠬᠦ᠌ ᠪᠠᠲᠤᠯᠠᠨ᠎ᠠ᠃ ᠡᠯ᠎ᠡ ᠭᠠᠵᠠᠷ᠎ᠤᠨ ᠵᠠᠰᠠᠭ᠎ᠤᠨ ᠣᠷᠳᠣᠨ᠎ᠤ ᠨᠢᠭᠡᠳᠦᠯᠲᠡᠶ ᠵᠣᠬᠢᠶᠠᠨ ᠪᠠᠶ᠋ᠢᠭᠤᠯᠤᠯᠲᠠ ᠳᠣᠤᠷ᠎ᠠ᠂ ᠠᠵᠢᠯ᠎ᠤᠨ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠵᠤ᠂ ᠰᠠᠯᠠᠭ᠎ᠠ ᠮᠥᠴᠢᠷ᠎ᠤᠨ ᠬᠠᠮᠵᠢᠯᠴᠠᠭ᠎ᠠ ᠵᠢ ᠴᠢᠩᠭ᠋ᠠᠷᠠᠭᠤᠯᠵᠤ᠂ ᠪᠠᠢ᠌ᠭᠤᠯᠤᠯ ᠲᠣᠭᠲᠠᠴᠠ ᠵᠢ ᠲᠡᠭᠦᠯᠳᠡᠷᠵᠢᠭᠦᠯᠵᠦ᠂ ᠦᠨᠳᠦᠰᠦᠨ ᠱᠠᠲᠤᠨ᠎ᠤ ᠠᠵᠢᠯ᠎ᠤᠨ ᠢᠳᠡᠪᠬᠢᠵᠢᠯ᠎ᠢ ᠳᠠᠶ᠋ᠢᠴᠢᠯᠠᠵᠤ᠂ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠲᠠᠶ᠋ᠢᠯᠤᠮᠵᠢ ᠵᠢ ᠰᠠᠶ᠋ᠢᠲᠤᠷ ᠬᠢᠵᠦ᠂ ᠨᠡᠶ᠋ᠢᠭᠡᠮ᠎ᠤᠨ ᠵᠢᠱ᠌ᠢᠯᠲᠡ ᠵᠢ ᠵᠦᠶ ᠵᠣᠬᠢᠰᠲᠠᠶ ᠬᠥᠲᠥᠯᠦᠨ ᠵᠢᠯᠣᠭᠤᠳᠴᠤ᠂ ᠶᠠᠷᠢᠶ᠎ᠠ ᠬᠡᠯᠡᠯᠴᠡᠭᠡᠨ᠎ᠤ ᠪᠠᠶ᠋ᠢᠳᠠᠯ᠎ᠤᠨ ᠲᠦᠭᠰᠢᠭᠦᠷᠢ ᠵᠢ ᠠᠷᠭ᠋ᠠᠴᠠᠭ᠋ᠠᠬᠤ ᠠᠵᠢᠯ᠎ᠢ ᠰᠠᠶ᠋ᠢᠲᠤᠷ ᠬᠢᠵᠦ᠂ ᠴᠢᠬᠤᠯᠠ ᠶᠡᠭᠡ ᠪᠠᠶ᠋ᠢᠳᠠᠯ ᠲᠣᠬᠢᠶᠠᠯᠳᠤᠪᠠᠯ ᠴᠠᠭ ᠲᠤᠬᠠᠶ᠎ᠳᠤᠨᠢ ᠮᠡᠳᠡᠭᠦᠯᠦᠨ᠎ᠡ᠃
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ
ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠡᠳ᠋᠎ᠤᠨ ᠵᠠᠰᠠᠭ᠎ᠤᠨ ᠲᠢᠩᠬᠢᠮ
ᠤᠯᠤᠰ᠎ᠤᠨ ᠭᠠᠶ᠋ᠢᠯᠢ ᠵᠢᠨ ᠶᠠᠪᠤᠳᠠᠯ᠎ᠤᠨ ᠶᠡᠷᠦᠩᠬᠡᠢ ᠲᠤᠪᠴᠢᠶ᠎ᠠ ᠵᠢᠨ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠭᠠᠶ᠋ᠢᠯᠢ ᠵᠢᠨ ᠶᠠᠪᠤᠳᠠᠯ᠎ᠤᠨ ᠲᠤᠪᠴᠢᠶ᠎ᠠ
2024 ᠣᠨ᠎ᠤ 9 ᠳ᠋ᠦ᠍ᠭᠡᠷ ᠰᠠᠷ᠎ᠠ ᠵᠢᠨ 3᠎ᠤ ᠡᠳᠦᠷ
(ᠲᠤᠰ ᠪᠢᠴᠢᠭ ᠮᠠᠲ᠋ᠧᠷᠢᠶᠠᠯ᠎ᠢ ᠢᠯᠡ ᠨᠡᠢ᠌ᠲᠡᠯᠡᠨ᠎ᠡ)