ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠪᠢᠴᠢᠭ ᠮᠠᠲ᠋ᠧᠷᠢᠶᠠᠯ
ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠦᠢ᠍ᠯᠡᠴᠢᠯᠡᠭᠡ ᠵᠢᠨ ᠦᠨ᠎ᠡ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠲᠤᠷᠰᠢᠯᠲᠠ ᠵᠢᠨ ᠴᠡᠭ᠎ᠤᠨ ᠬᠡᠷᠡᠭᠵᠢᠭᠦᠯᠬᠦ ᠲᠥᠰᠦᠯ᠎ᠢ ᠳᠠᠷᠤᠮᠠᠯᠯᠠᠨ ᠲᠠᠷᠬᠠᠭ᠋ᠠᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
ᠨᠡᠶ᠋ᠢᠲᠡᠯᠡᠭᠰᠡᠨ ᠴᠠᠭ᠄ 2024-11-08

   ᠬᠡᠯᠬᠢᠶᠡᠰᠦᠨ ᠨᠣᠮᠧᠷ᠄ 11150000MB16442978/2024-06605

   ᠭᠤᠣᠯ ᠰᠡᠳᠦᠪ᠎ᠤᠨ ᠠᠩᠭᠢᠯᠠᠯ᠄ ᠡᠮ ᠡᠮᠨᠡᠯᠭᠡ ᠵᠢᠨ  ᠦᠨ᠎ᠡ

   ᠨᠡᠢ᠌ᠲᠡᠯᠡᠭᠰᠡᠨ ᠪᠠᠶ᠋ᠢᠭᠤᠯᠤᠮᠵᠢ᠄ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ

   ᠪᠢᠴᠢᠭ᠎ᠤᠨ ᠳ᠋ᠤᠭ᠋ᠠᠷ᠄ ᠥᠪᠥᠷ ᠵᠠᠰᠠᠭ ᠲᠠᠷᠬᠠᠭ᠋ᠠᠭᠰᠠᠨ [2024] 29 ᠳ᠋ᠦ᠍ᠭᠡᠷ ᠲᠣᠭ᠋ᠠᠲᠤ

   ᠪᠢᠴᠢᠭᠳᠡᠭᠰᠡᠨ ᠡᠳᠦᠷ ᠬᠤᠭᠤᠴᠠᠭ᠎ᠠ᠄ 2024 -10 - 31

   ᠠᠯᠪᠠᠨ ᠪᠢᠴᠢᠭ᠎ᠤᠨ ᠬᠦᠴᠦᠨ᠎ᠲᠠᠢ ᠬᠤᠭᠤᠴᠠᠭ᠎ᠠ᠄ ᠬᠦᠴᠦᠨ᠎ᠲᠠᠢ

 

 

ᠡᠯ᠎ᠡ ᠠᠶ᠋ᠢᠮᠠᠭ᠎ᠤᠨ ᠵᠠᠬᠢᠷᠭ᠎ᠠ᠂  ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂  ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂  ᠠᠯᠪᠠᠨ ᠭᠡᠷ᠂  ᠲᠢᠩᠬᠢᠮ᠂  ᠲᠣᠪᠴᠢᠶ᠎ᠠ᠂  ᠡᠯ᠎ᠡ ᠲᠤᠮᠦ ᠠᠵᠤ ᠠᠬᠤᠶ᠋ᠢᠯᠠᠯ᠂  ᠠᠵᠢᠯ ᠦᠢ᠍ᠯᠡᠰ᠎ᠤᠨ  ᠨᠢᠭᠡᠴᠢ᠎ᠳᠤ ᠄

   ᠡᠳᠦᠭᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ  ᠡᠮᠴᠢᠯᠡᠭᠡᠨ᠎ᠤ ᠦᠢ᠍ᠯᠡᠴᠢᠯᠡᠭᠡ ᠵᠢᠨ ᠦᠨ᠎ᠡ ᠵᠢᠨ  ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠲᠤᠷᠰᠢᠯᠲᠠ ᠵᠢᠨ ᠴᠡᠭ᠎ᠤᠨ  ᠬᠡᠷᠡᠭᠵᠢᠭᠦᠯᠬᠦ ᠲᠥᠰᠦᠯ》᠎ᠢ ᠲᠠ ᠨᠠᠷ᠎ᠲᠤ  ᠳᠠᠷᠤᠮᠠᠯᠯᠠᠨ ᠲᠠᠷᠬᠠᠭ᠋ᠠᠯ᠎ᠠ᠂  ᠪᠣᠳᠠᠲᠠᠶ᠎ᠲᠠᠢ᠎ᠪᠠᠨ ᠤᠶᠠᠯᠳᠤᠭᠤᠯᠵᠤ᠂  ᠬᠢᠨᠠᠮᠠᠭ᠋ᠠᠶ ᠲᠤᠭᠤᠰᠢᠯᠠᠭᠤᠯᠤᠨ  ᠨᠠᠶ᠋ᠢᠳᠠᠪᠤᠷᠢᠵᠢᠭᠤᠯᠲᠤᠭ᠋ᠠᠶ᠃

  

                    2024 ᠣᠨ᠎ᠤ 10 ᠳ᠋ᠤᠭ᠋ᠠᠷ ᠰᠠᠷ᠎ᠠ ᠵᠢᠨ 31᠎ᠤ ᠡᠳᠦᠷ

    (ᠲᠤᠰ ᠪᠢᠴᠢᠭ ᠮᠠᠲ᠋ᠧᠷᠢᠶᠠᠯ᠎ᠢ ᠢᠯᠡ  ᠨᠡᠢ᠌ᠲᠡᠯᠡᠨ᠎ᠡ )


ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠦᠢ᠍ᠯᠡᠴᠢᠯᠡᠭᠡ ᠵᠢᠨ ᠦᠨ᠎ᠡ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠲᠤᠷᠰᠢᠯᠲᠠ ᠵᠢᠨ ᠴᠡᠭ᠎ᠤᠨ ᠬᠡᠷᠡᠭᠵᠢᠭᠦᠯᠬᠦ ᠲᠥᠰᠦᠯ

 

   ᠡᠮᠴᠢᠯᠡᠭᠡᠨ᠎ᠤ ᠪᠠᠲᠤᠯᠠᠭ᠎ᠠ ᠵᠢᠨ ᠲᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠲᠤᠬᠠᠶ ᠨᠠᠮ᠎ᠤᠨ ᠲᠥᠪ ᠬᠤᠷᠢᠶ᠎ᠠ᠂  ᠲᠥᠷᠥ ᠵᠢᠨ ᠶᠠᠪᠤᠳᠠᠯ᠎ᠤᠨ ᠬᠤᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ  ᠲᠤᠭᠤᠰᠢᠯᠠᠭᠤᠯᠤᠨ  ᠨᠠᠶ᠋ᠢᠳᠠᠪᠤᠷᠢᠵᠢᠭᠤᠯᠵᠤ᠂  ᠰᠢᠨᠵᠢᠯᠡᠬᠦ ᠤᠬᠠᠭ᠋ᠠᠨᠴᠢ᠎ᠪᠠᠷ ᠲᠣᠭᠲᠠᠭ᠋ᠠᠭᠰᠠᠨ᠂  ᠬᠥᠳᠡᠯᠦᠩᠭᠦᠶ᠎ᠪᠠᠷ ᠳᠣᠭᠢᠷᠠᠭᠤᠯᠬᠤ ᠡᠮᠴᠢᠯᠡᠭᠡᠨ᠎ᠤ ᠦᠢ᠍ᠯᠡᠴᠢᠯᠡᠭᠡ ᠵᠢᠨ ᠦᠨ᠎ᠡ ᠵᠢᠨ  ᠪᠦᠷᠢᠯᠳᠦᠬᠦ ᠲᠣᠭᠲᠠᠴᠠ ᠵᠢ ᠲᠦᠷᠭᠡᠳᠬᠡᠨ ᠪᠠᠶ᠋ᠢᠭᠤᠯᠵᠤ᠂  ᠡᠮᠴᠢᠯᠡᠭᠡᠨ᠎ᠤ ᠦᠢ᠍ᠯᠡᠴᠢᠯᠡᠭᠡ ᠵᠢᠨ  ᠦᠨ᠎ᠡ ᠵᠢᠨ  ᠪᠦᠲᠦᠴᠡ ᠵᠢ ᠦᠷᠭᠦᠯᠵᠢᠯᠡᠨ ᠰᠢᠯᠢᠳᠡᠭᠵᠢᠭᠦᠯᠬᠦ ᠵᠢᠨ ᠲᠤᠰᠠᠳᠠ᠂  ᠥᠪᠡᠷᠲᠡᠭᠡᠨ ᠵᠠᠰᠠᠬᠤ ᠣᠷᠣᠨ᠎ᠤ ᠪᠣᠳᠠᠲᠠᠶ᠎ᠲᠠᠢ ᠤᠶᠠᠯᠳᠤᠭᠤᠯᠤᠨ᠂  ᠲᠣᠰ ᠲᠥᠰᠦᠯ᠎ᠢ ᠲᠣᠭᠲᠠᠭ᠋ᠠᠪᠠ᠃ 

   ᠨᠢᠭᠡ᠂  ᠶᠡᠷᠦᠩᠬᠡᠢ ᠱᠠᠭ᠋ᠠᠷᠳᠠᠯᠭ᠎ᠠ

   ᠰᠢ  ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭ᠋ᠠᠵᠤ᠂  ᠨᠠᠮ᠎ᠤᠨ ᠬᠤᠷᠢᠳᠤᠭ᠋ᠠᠷ ᠶᠡᠭᠡ ᠬᠤᠷᠠᠯ ᠪᠣᠯᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠬᠤᠶᠠᠳᠤᠭ᠋ᠠᠷ᠂  ᠭᠤᠷᠪᠠᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂  ᠶᠡᠷᠦᠩᠬᠡᠢ ᠱᠦᠵᠢ ᠰᠢ  ᠵᠢᠨ ᠫᠢᠩ᠎ᠤᠨ ᠥᠪᠥᠷ ᠮᠣᠩᠭᠤᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂  ᠠᠷᠠᠳ ᠲᠦᠮᠡᠨ᠎ᠤ ᠡᠷᠡᠭᠦᠯ ᠮᠡᠨᠳᠦ᠎ᠪᠠᠷ ᠭᠤᠣᠯ ᠪᠣᠯᠭ᠋ᠠᠬᠤ᠂  ᠡᠮᠴᠢᠯᠡᠭᠡᠨ᠎ᠤ ᠦᠷᠳᠡᠭ ᠵᠶ᠋ᠠᠷ ᠤᠳᠤᠷᠢᠳᠤᠮᠵᠢ ᠪᠣᠯᠭ᠋ᠠᠬᠤ᠂  ᠡᠮᠴᠢᠯᠡᠭᠡᠨ᠎ᠤ ᠦᠢ᠍ᠯᠡᠰ᠎ᠤᠨ ᠬᠥᠭᠵᠢᠯᠲᠡ ᠵᠢᠨ ᠵᠢᠮ᠎ᠡ ᠶᠣᠰᠣ᠎ᠪᠠᠷ ᠵᠢᠷᠤᠮᠯᠠᠯ ᠪᠣᠯᠭ᠋ᠠᠬᠤ ᠵᠢ ᠪᠠᠷᠢᠮᠲᠠᠯᠠᠵᠤ᠂  ᠠᠵᠤ ᠠᠬᠤᠢ ᠨᠡᠶ᠋ᠢᠭᠡᠮ᠎ᠤᠨ ᠬᠥᠭᠵᠢᠯᠲᠡ᠎ᠳᠤ ᠵᠣᠬᠢᠴᠠᠬᠤ᠂  ᠵᠠᠰᠠᠭ᠎ᠤᠨ ᠣᠷᠳᠣᠨ᠎ᠤ ᠦᠢ᠍ᠯᠡᠳᠦᠯ᠎ᠢ ᠨᠡᠩ ᠰᠠᠶ᠋ᠢᠲᠤᠷ ᠪᠠᠳᠠᠷᠠᠭᠤᠯᠬᠤ᠂  ᠡᠮᠴᠢᠯᠡᠭᠡᠨ᠎ᠤ ᠪᠠᠶ᠋ᠢᠭᠤᠯᠤᠮᠵᠢ ᠭᠦᠢ᠍ᠴᠡᠳ ᠣᠷᠣᠯᠴᠠᠬᠤ᠂  ᠮᠡᠷᠭᠡᠵᠢᠯ᠎ᠤᠨ ᠬᠥᠳᠡᠯᠮᠦᠷᠢ ᠦᠢ᠍ᠯᠡᠴᠢᠯᠡᠭᠡᠨ᠎ᠤ ᠦᠷᠳᠡᠭ᠎ᠢ ᠢᠯᠡᠷᠡᠭᠦᠯᠬᠦ ᠡᠮᠴᠢᠯᠡᠭᠡᠨ᠎ᠤ ᠦᠢ᠍ᠯᠡᠴᠢᠯᠡᠭᠡ ᠵᠢᠨ  ᠦᠨ᠎ᠡ ᠵᠢᠨ  ᠬᠠᠮᠢᠶᠠᠷᠤᠯᠲᠠ ᠵᠢᠨ ᠲᠣᠭᠲᠠᠯᠴᠠᠭ᠎ᠠ ᠪᠠ  ᠶᠡᠷᠦᠩᠬᠡᠢ ᠬᠡᠮᠵᠢᠶ᠎ᠡ ᠵᠢ ᠲᠤᠬᠢᠷᠠᠭᠤᠯᠤᠨ ᠡᠵᠡᠮᠳᠡᠬᠦ᠂  ᠲᠦᠷᠦᠯ ᠬᠤᠪᠢᠶᠠᠨ ᠪᠦᠷᠢᠯᠳᠦᠭᠦᠯᠬᠦ᠂  ᠬᠥᠳᠡᠯᠦᠩᠭᠦᠢ᠎ᠪᠠᠷ ᠲᠤᠬᠢᠷᠠᠭᠤᠯᠬᠤ᠂  ᠬᠢᠨᠠᠨ ᠬᠡᠮᠵᠢᠵᠦ ᠬᠢᠨᠠᠨ ᠰᠢᠯᠭ᠋ᠠᠬᠤ᠂  ᠲᠦᠷᠦᠯ ᠵᠦᠢ᠍ᠯ᠎ᠤᠨ ᠬᠠᠮᠢᠶᠠᠷᠤᠯᠲᠠ ᠵᠢᠨ ᠦᠨ᠎ᠡ ᠵᠢᠨ  ᠪᠦᠷᠢᠯᠳᠦᠬᠦ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂  ᠤᠯᠠᠨ ᠲᠦᠮᠡᠨ᠎ᠤ ᠳᠠᠷᠤᠭ᠋ᠠᠰᠤ ᠶᠡᠷᠦᠩᠬᠡᠢ᠎ᠳᠤ᠎ᠪᠠᠨ ᠲᠣᠭᠲᠠᠭᠤᠨ᠂  ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠦ ᠳᠠᠭ᠋ᠠᠭ᠋ᠠᠵᠤ ᠳᠡᠶ᠋ᠢᠯᠬᠦ᠂  ᠠᠯᠪᠠᠨ᠎ᠠᠴᠠ ᠪᠠᠶ᠋ᠢᠭᠤᠯᠤᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠡᠷᠡᠭᠦᠯ ᠬᠥᠭᠵᠢᠯᠲᠡ ᠵᠢ ᠪᠠᠲᠤᠯᠠᠨ᠎ᠠ᠃ 2025 ᠣᠨ᠎ᠤ ᠡᠴᠦᠰ ᠪᠣᠯᠬᠤ᠎ᠳᠤ᠂  ᠡᠮᠴᠢᠯᠡᠭᠡᠨ᠎ᠤ ᠦᠢ᠍ᠯᠡᠴᠢᠯᠡᠭᠡ ᠵᠢᠨ  ᠦᠨ᠎ᠡ ᠵᠢᠨ  ᠠᠵᠢᠯᠯᠠᠭ᠋ᠠᠨ᠎ᠤ ᠰᠢᠨ᠎ᠡ ᠲᠣᠭᠲᠠᠴᠠ ᠵᠢᠨ ᠦᠨᠳᠦᠰᠦᠨ ᠬᠡᠪᠰᠢᠯ᠎ᠢ ᠲᠣᠭᠲᠠᠭ᠋ᠠᠵᠤ᠂  ᠡᠮᠴᠢᠯᠡᠭᠡᠨ᠎ᠤ ᠦᠢ᠍ᠯᠡᠴᠢᠯᠡᠭᠡ ᠵᠢᠨ  ᠦᠨ᠎ᠡ  ᠬᠠᠮᠢᠶᠠᠷᠤᠯᠲᠠ ᠵᠢᠨ ᠲᠣᠭᠲᠠᠯᠴᠠᠭ᠎ᠠ ᠵᠢ  ᠨᠠᠩ ᠲᠡᠭᠦᠯᠳᠡᠷᠵᠢᠭᠦᠯᠦᠨ᠂  ᠡᠮᠴᠢᠯᠡᠭᠡᠨ᠎ᠤ ᠦᠢ᠍ᠯᠡᠴᠢᠯᠡᠭᠡ ᠵᠢᠨ ᠦᠨ᠎ᠡ ᠵᠢᠨ ᠪᠦᠲᠦᠴᠡ ᠵᠢ ᠢᠯᠡᠳᠲᠡ ᠰᠢᠯᠢᠳᠡᠭᠵᠢᠭᠦᠯᠵᠦ᠂  ᠬᠠᠭᠤᠯᠪᠤᠷᠢᠯᠠᠵᠤ ᠪᠣᠯᠬᠤ ᠳᠡᠯᠭᠡᠷᠡᠭᠦᠯᠵᠦ ᠪᠣᠯᠬᠤ ᠥᠭᠡᠷᠡᠴᠢᠯᠡᠯᠲᠡ ᠵᠢᠨ ᠲᠤᠷᠰᠢᠯᠲᠠ ᠵᠢᠨ ᠴᠡᠭ᠎ᠤᠨ ᠲᠤᠷᠰᠢᠯᠭ᠎ᠠ ᠵᠢ ᠪᠦᠷᠢᠯᠳᠦᠭᠦᠯᠦᠨ᠎ᠡ᠃

   ᠬᠤᠶᠠᠷ᠂  ᠭᠤᠣᠯᠳᠠᠯᠭ᠎ᠠ ᠪᠣᠯᠬᠤ  ᠡᠭᠦᠷᠭᠡ

  (ᠨᠢᠭᠡ) ᠬᠣᠷᠸ᠎ᠠ ᠬᠠᠮᠢᠶᠠᠷᠤᠯᠲᠠ ᠵᠢᠨ ᠦᠨ᠎ᠡ ᠵᠢᠨ  ᠶᠡᠷᠦᠩᠬᠡᠢ ᠬᠡᠮᠵᠢᠶᠡᠨ᠎ᠤ  ᠲᠣᠬᠢᠷᠠᠭᠤᠯᠤᠯ ᠡᠵᠡᠮᠳᠡᠯ᠎ᠤᠨ ᠲᠣᠭᠲᠠᠴᠠ ᠵᠢ ᠪᠠᠶ᠋ᠢᠭᠤᠯᠤᠨ᠎ᠠ

  1. ᠦᠨ᠎ᠡ᠎ᠳᠤ  ᠲᠣᠬᠢᠷᠠᠭᠤᠯᠤᠯᠲᠠ ᠬᠢᠬᠦ ᠶᠡᠷᠦᠩᠬᠡᠢ ᠬᠡᠮᠵᠢᠶ᠎ᠡ ᠵᠢ ᠵᠦᠢ ᠵᠣᠬᠢᠰᠲᠠᠢ ᠲᠣᠭᠲᠠᠭ᠋ᠠᠨ᠎ᠠ᠃  ᠦᠨ᠎ᠡ ᠵᠢᠨ ᠶᠡᠷᠦᠩᠬᠡᠶ ᠬᠡᠮᠵᠢᠶ᠎ᠡ ᠵᠢ ᠳᠣᠬᠢᠷᠠᠭᠤᠯᠬᠤ  ᠪᠤᠳᠠᠲᠠᠶ  ᠳᠦᠷᠢᠮ  ᠪᠠ ᠭᠦᠢ᠍ᠴᠡᠳᠭᠡᠯ  ᠲᠣᠭ᠋ᠠᠨ᠎ᠤ  ᠰᠢᠰᠲ᠋ᠧᠮ᠎ᠢ ᠲᠣᠭᠲᠠᠭ᠋ᠠᠨ᠎ᠠ᠃  ᠡᠯ᠎ᠡ ᠠᠶ᠋ᠢᠮᠠᠭ ᠬᠣᠲᠠᠳ  ᠠᠯᠪᠠᠨ᠎ᠠᠴᠠ ᠪᠠᠶ᠋ᠢᠭᠤᠯᠤᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠡᠮᠴᠢᠯᠡᠭᠡᠨ᠎ᠤ ᠦᠢ᠍ᠯᠡᠴᠢᠯᠡᠭᠡ ᠵᠢᠨ ᠶᠡᠷᠦᠩᠬᠡᠶ ᠣᠷᠣᠯᠭ᠎ᠠ (ᠡᠮ᠎ᠤᠨ ᠵᠦᠢ᠍ᠯ᠂  ᠡᠷᠡᠭᠦᠯ ᠬᠠᠮᠠᠭ᠋ᠠᠯᠠᠯ᠎ᠤᠨ ᠮᠠᠲ᠋ᠧᠷᠢᠶᠠᠯ᠎ᠤᠨ ᠣᠷᠣᠯᠭ᠎ᠠ ᠵᠢ ᠪᠠᠭᠲᠠᠭ᠋ᠠᠬᠤ  ᠦᠭᠡᠶ)᠎ᠪᠠᠷ  ᠲᠡᠦᠬᠡ ᠵᠢᠨ ᠰᠠᠭᠤᠷᠢ ᠲᠣᠭ᠎ᠠ ᠪᠣᠯᠭ᠋ᠠᠵᠤ᠂  ᠠᠵᠤ ᠠᠬᠤᠶ ᠵᠢᠨ ᠬᠥᠭᠵᠢᠯᠲᠡ ᠵᠢᠨ ᠬᠢᠷᠢ ᠬᠡᠮᠵᠢᠶ᠎ᠡ᠂  ᠡᠮ ᠡᠮᠨᠡᠯᠭᠡ ᠵᠢᠨ ᠵᠠᠷᠤᠳᠠᠯ᠎ᠤᠨ ᠬᠡᠪᠴᠢᠶ᠎ᠡ ᠪᠠ ᠪᠦᠲᠦᠴᠡ᠂  ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠥ ᠵᠢᠨ ᠪᠡᠯᠡ ᠴᠤᠭᠯᠠᠭᠤᠯᠬᠤ ᠠᠵᠢᠯᠯᠠᠭ᠋ᠠᠨ᠂  ᠠᠯᠪᠠᠨ᠎ᠠᠴᠠ ᠪᠠᠶ᠋ᠢᠭᠤᠯᠤᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠠᠵᠢᠯᠯᠠᠭ᠋ᠠᠨ᠎ᠤ ᠥᠪᠡᠷ᠎ᠤᠨ ᠥᠷᠲᠡᠭ ᠪᠠ ᠬᠠᠮᠢᠶᠠᠷᠤᠯᠲᠠ ᠵᠢᠨ ᠠᠵᠢᠯ᠎ᠤᠨ ᠠᠮᠵᠢᠯᠲᠠ ᠪᠦᠲᠦᠮᠵᠢ᠂  ᠡᠪᠡᠳᠴᠢᠲᠡᠨ᠎ᠤ ᠣᠷᠣᠨ ᠪᠦᠰᠡ ᠠᠯᠤᠰᠯᠠᠨ ᠰᠢᠯᠵᠢᠬᠦ᠂  ᠰᠢᠨ᠎ᠡ ᠡᠵᠡᠩᠨᠡᠯᠲᠡ ᠵᠢᠨ ᠪᠠᠶ᠋ᠢᠳᠠᠯ᠎ᠤᠨ ᠬᠥᠭᠵᠢᠯᠲᠡ ᠵᠡᠷᠭᠡ ᠬᠠᠮᠢᠶ᠎ᠠ ᠪᠦᠬᠦᠢ ᠬᠦᠴᠦᠨ ᠵᠦᠢ᠍ᠯ᠎ᠢ ᠶᠡᠷᠦᠩᠬᠡᠶ᠋ᠢᠯᠡᠨ ᠪᠣᠳᠣᠯᠬᠢᠯᠠᠵᠤ᠂  ᠨᠡᠮᠡᠭᠳᠡᠯ᠎ᠤᠨ ᠢᠯᠡᠳᠬᠡᠮᠵᠢ ᠵᠢ ᠰᠢᠨᠵᠢᠯᠡᠬᠦ ᠤᠬᠠᠭ᠋ᠠᠨᠴᠢ᠎ᠪᠠᠷ ᠲᠣᠭᠲᠠᠭ᠋ᠠᠨ᠎ᠠ᠃  ᠦᠨ᠎ᠡ ᠵᠢ ᠲᠣᠬᠢᠷᠠᠭᠤᠯᠬᠤ ᠶᠡᠷᠦᠩᠬᠡᠶ ᠬᠡᠮᠵᠢᠶ᠎ᠡ ᠵᠢ ᠲᠤᠰ ᠵᠢᠯ᠎ᠳᠤ᠎ᠪᠠᠨ  ᠬᠡᠷᠡᠭᠯᠡᠵᠦ᠂  ᠬᠡᠷᠡᠭᠯᠡᠵᠦ ᠳᠠᠭᠤᠰᠤᠭᠰᠠᠨ ᠦᠭᠡᠢ ᠵᠢ  ᠳᠠᠷᠠᠭ᠎ᠠ ᠵᠢᠯ᠎ᠤᠨ᠎ᠬᠢᠨ᠎ᠳᠤ ᠣᠷᠤᠭᠤᠯᠬᠤ  ᠦᠭᠡᠶ᠃ (ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ  ᠲᠣᠪᠴᠢᠶ᠎ᠠ᠂  ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂  ᠲᠤᠭ᠎ᠠ ᠪᠦᠷᠢᠳᠬᠡᠯ᠎ᠤᠨ ᠲᠣᠪᠴᠢᠶ᠎ᠠ᠃  ᠨᠢᠭᠡᠳᠦᠭᠡᠷ᠎ᠲᠤ ᠵᠢᠭᠰᠠᠭ᠋ᠠᠭᠳᠠᠭᠰᠠᠨ᠎ᠨᠢ  ᠲᠦᠷᠦᠭᠦᠯᠡᠨ ᠬᠠᠷᠢᠭᠤᠴᠠᠬᠤ ᠰᠠᠯᠠᠭ᠎ᠠ ᠮᠥᠴᠢᠷ ᠪᠠᠢ᠌ᠵᠤ᠂  ᠪᠤᠰᠤᠳ ᠰᠠᠯᠠᠭ᠎ᠠ ᠮᠥᠴᠢᠷ᠎ᠨᠢ ᠡᠭᠦᠷᠭᠡ ᠬᠠᠷᠢᠭᠤᠴᠠᠯᠭ᠎ᠠ ᠵᠢᠨ ᠬᠤᠪᠢᠶᠠᠷᠢᠯᠠᠯ ᠶᠣᠰᠣᠭ᠋ᠠᠷ ᠬᠠᠮᠵᠢᠯᠴᠠᠬᠤ ᠰᠠᠯᠠᠭ᠎ᠠ ᠮᠥᠴᠢᠷ ᠪᠣᠯᠣᠨ᠎ᠠ᠂  ᠳᠣᠷᠣᠭᠰᠢ ᠠᠳᠠᠯᠢ)

  2. ᠶᠡᠷᠦᠩᠬᠡᠶ ᠬᠡᠮᠵᠢᠶ᠎ᠡ ᠵᠢᠨ ᠬᠤᠪᠢᠶᠠᠷᠢᠯᠠᠯᠲᠠ ᠵᠢ ᠨᠢᠭᠡᠳᠦᠯᠲᠡᠶ ᠲᠥᠯᠥᠪᠯᠡᠨ ᠲᠡᠩᠴᠡᠭᠦᠯᠦᠨ᠎ᠡ᠃  ᠨᠡᠶ᠋ᠢᠳᠡᠮ ᠬᠡᠷᠡᠭᠯᠡᠬᠦ ᠬᠡᠯᠪᠡᠷᠢ ᠵᠢᠨ ᠲᠥᠷᠥᠯ ᠵᠦᠢ᠍ᠯ᠂  ᠪᠤᠳᠤᠯᠢᠶᠠᠨᠲᠤ  ᠬᠡᠯᠪᠡᠷᠢ ᠵᠢᠨ ᠲᠥᠷᠥᠯ ᠵᠦᠢ᠍ᠯ᠂  ᠲᠤᠰᠬᠠᠶ ᠵᠦᠢ᠍ᠯ᠎ᠤᠨ ᠦᠨ᠎ᠡ᠎ᠳᠤ ᠲᠣᠬᠢᠷᠠᠭᠤᠯᠤᠯᠲᠠ ᠬᠢᠬᠦ ᠶᠡᠷᠦᠩᠬᠡᠶ ᠬᠡᠮᠵᠢᠶᠡᠨ᠎ᠤ  ᠬᠤᠪᠢᠶᠠᠷᠢᠯᠠᠯᠲᠠ ᠵᠢᠨ ᠲᠦᠷᠢᠮ᠎ᠢ ᠲᠣᠭᠲᠠᠭ᠋ᠠᠵᠤ᠂  ᠭᠤᠤᠯᠳᠠᠭᠤ ᠲᠡᠤᠬᠡ ᠵᠢᠨ ᠦᠨ᠎ᠡ᠎ᠪᠠᠷ ᠳᠣᠤᠷ᠎ᠠ᠂  ᠡᠮᠴᠢᠯᠡᠭᠡᠨ᠎ᠤ ᠬᠠᠩᠭ᠋ᠠᠯᠭ᠎ᠠ ᠬᠦᠷᠦᠯᠴᠡᠬᠦ ᠥᠬᠡᠶ ᠵᠡᠷᠭᠡ ᠪᠠᠭᠤᠷᠠᠶ ᠰᠢᠨᠵᠢᠯᠡᠭᠡᠨ᠎ᠤ ᠲᠥᠷᠥᠯ ᠵᠦᠢ᠍ᠯ ᠲᠡᠢ᠌ᠰᠢ  ᠬᠡᠯᠪᠠᠶ᠋ᠢᠯᠭᠡᠵᠦ᠂  ᠦᠨᠳᠦᠰᠦᠨ ᠱᠠᠲᠤᠨ᠎ᠤ ᠡᠮᠴᠢᠯᠡᠭᠡᠨ᠎ᠤ ᠪᠠᠶ᠋ᠢᠭᠤᠯᠤᠮᠵᠢ᠂  ᠬᠢᠲᠠᠳ ᠡᠮᠨᠡᠯᠭᠡ (ᠮᠣᠩᠭᠤᠯ ᠡᠮᠨᠡᠯᠭᠡ) ᠵᠢᠨ ᠡᠮᠴᠢᠯᠡᠭᠡᠨ᠎ᠤ ᠪᠠᠶ᠋ᠢᠭᠤᠯᠤᠮᠵᠢ ᠵᠢᠨ ᠬᠥᠭᠵᠢᠯᠲᠡ ᠵᠢ ᠳᠡᠮᠵᠢᠨ᠎ᠡ᠃  ᠡᠮᠴᠢᠯᠡᠭᠡᠨ᠎ᠤ ᠪᠠᠶ᠋ᠢᠭᠤᠯᠤᠮᠵᠢ ᠵᠢᠨ ᠪᠠᠶ᠋ᠢᠴᠠᠭ᠋ᠠᠨ ᠰᠢᠯᠭ᠋ᠠᠬᠤ ᠵᠡᠷᠭᠡ ᠲᠥᠷᠥᠯ ᠵᠦᠢ᠍ᠯ᠎ᠤᠨ ᠦᠨ᠎ᠡ ᠵᠢ ᠰᠠᠨᠠᠭ᠋ᠠᠴᠢᠯᠠᠭ᠎ᠠ᠎ᠠᠴᠠ᠎ᠪᠠᠨ ᠪᠠᠭᠤᠷᠠᠭᠤᠯᠬᠤ ᠵᠢ ᠵᠣᠷᠢᠭᠵᠢᠭᠤᠯᠵᠤ᠂  ᠦᠨ᠎ᠡ ᠵᠢᠨ ᠪᠠᠭᠤᠷᠠᠯᠲᠠ ᠵᠢᠨ ᠬᠡᠮᠵᠢᠶ᠎ᠡ ᠪᠠ ᠦᠢ᠍ᠯᠡᠴᠢᠯᠡᠭᠡᠨ᠎ᠤ ᠬᠡᠮᠵᠢᠶ᠎ᠡ ᠵᠢᠨ ᠲᠥᠰᠦᠭᠡᠯᠡᠨ ᠪᠣᠳᠣᠭᠰᠠᠨ ᠵᠣᠭᠤᠰ᠎ᠤᠨ ᠲᠤᠭ᠎ᠠ᠎ᠪᠠᠷ ᠦᠨ᠎ᠡ ᠵᠢᠨ ᠶᠡᠷᠦᠩᠬᠡᠶ ᠬᠡᠮᠵᠢᠶ᠎ᠡ ᠵᠢ ᠥᠷᠭᠡᠳᠬᠡᠬᠦ ᠵᠢ ᠵᠥᠪᠰᠢᠶᠡᠷᠡᠨ᠎ᠡ᠃ (ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ  ᠲᠣᠪᠴᠢᠶ᠎ᠠ᠂  ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ)

  (ᠬᠤᠶᠠᠷ) ᠵᠢᠷᠤᠮᠵᠢᠭᠤᠨ ᠪᠦᠭᠡᠳ ᠡᠮᠬᠢ ᠵᠢᠷᠤᠮ᠎ᠲᠠᠢ ᠦᠨ᠎ᠡ ᠵᠢ ᠲᠦᠷᠦᠯ ᠬᠤᠪᠢᠶᠠᠨ ᠪᠦᠷᠢᠯᠳᠦᠭᠦᠯᠬᠦ ᠲᠣᠭᠲᠠᠴᠠ ᠵᠢ ᠪᠠᠶ᠋ᠢᠭᠤᠯᠤᠨ᠎ᠠ

  1. ᠨᠡᠶ᠋ᠢᠳᠡᠮ ᠬᠡᠷᠡᠭᠯᠡᠬᠦ ᠬᠡᠯᠪᠡᠷᠢ ᠵᠢᠨ ᠲᠥᠷᠥᠯ ᠵᠦᠢ᠍ᠯ᠎ᠤᠨ ᠦᠨ᠎ᠡ ᠵᠢ ᠪᠦᠷᠢᠯᠳᠦᠭᠦᠯᠦᠨ᠎ᠡ᠃  ᠡᠮᠴᠢᠯᠡᠬᠡᠨ᠎ᠤ ᠪᠠᠶ᠋ᠢᠭᠤᠯᠤᠮᠵᠢ ᠵᠢᠨ ᠨᠡᠶ᠋ᠢᠳᠡᠮ ᠦᠷᠨᠢᠬᠦᠯᠦᠭᠰᠡᠨ᠂  ᠦᠢ᠍ᠯᠡᠴᠢᠯᠡᠭᠡ ᠵᠢ ᠠᠳᠠᠯᠢ ᠲᠡᠭᠰᠢ ᠪᠤᠯᠭ᠋ᠠᠬᠤ ᠬᠡᠮᠵᠢᠶ᠎ᠡ ᠪᠠ ᠡᠮᠴᠢᠯᠡᠬᠡᠨ᠎ᠳᠤ ᠬᠡᠷᠡᠭᠯᠡᠬᠦ ᠳᠠᠪᠲᠠᠮᠵᠢ᠎ᠨᠢ ᠬᠠᠷᠢᠴᠠᠩᠭᠤᠢ ᠦᠨᠳᠦᠷ ᠲᠦᠷᠦᠯ ᠵᠦᠢ᠍ᠯ᠎ᠢ ᠨᠡᠶ᠋ᠢᠳᠡᠮ ᠬᠡᠷᠡᠭᠯᠡᠬᠦ ᠬᠡᠯᠪᠡᠷᠢ ᠵᠢᠨ ᠡᠮᠴᠢᠯᠡᠬᠡᠨ᠎ᠤ ᠦᠢ᠍ᠯᠡᠴᠢᠯᠡᠭᠡ ᠵᠢᠨ ᠭᠠᠷᠴᠠᠭ᠎ᠤᠨ ᠨᠠᠷᠢᠨ ᠳᠠᠩᠰᠠ᠎ᠳᠤ  ᠤᠷᠤᠭᠤᠯᠤᠨ᠎ᠠ᠃  ᠨᠡᠶ᠋ᠢᠳᠡᠮ ᠬᠡᠷᠡᠭᠯᠡᠬᠦ ᠬᠡᠯᠪᠡᠷᠢ ᠵᠢᠨ ᠲᠥᠷᠥᠯ ᠵᠦᠢ᠍ᠯ᠎ᠤᠨ ᠦᠨ᠎ᠡ᠎ᠳᠤ ᠲᠣᠬᠢᠷᠠᠭᠤᠯᠤᠯᠲᠠ ᠬᠢᠬᠦ ᠳᠦᠷᠢᠮ᠎ᠢ ᠪᠠᠶ᠋ᠢᠭᠤᠯᠵᠤ᠂  ᠦᠢ᠍ᠯᠡᠴᠢᠯᠡᠭᠡᠨ᠎ᠤ ᠬᠦᠴᠦᠨ ᠵᠦᠢ᠍ᠯ᠎ᠤᠨ ᠥᠪᠡᠷ᠎ᠤᠨ ᠥᠷᠲᠡᠭ᠎ᠤᠨ ᠲᠣᠮᠣ ᠳ᠋ᠠᠶ᠋ᠢᠲ᠋ᠠ ᠵᠢᠨ ᠵᠠᠳᠠᠯᠤᠯᠲᠠ᠎ᠳᠤ ᠰᠠᠭᠤᠷᠢᠯᠠᠨ᠂ 《ᠲᠥᠷᠥᠯ ᠨᠡᠶ᠋ᠢᠯᠡᠭᠦᠯᠬᠦ᠂  ᠡᠭᠡᠯᠵᠢᠯᠡᠨ ᠬᠥᠳᠡᠯᠬᠦ᠂  ᠴᠢᠬᠤᠯᠠ ᠶᠡᠭᠡ᠂  ᠵᠥᠪᠳᠡᠯᠴᠡᠬᠦ》 ᠪᠠ 《ᠥᠨᠳᠥᠷ ᠦᠨ᠎ᠡ ᠳᠣᠣᠷ᠎ᠠ ᠥᠰᠥᠯᠲᠡ᠂  ᠳᠣᠤᠷ᠎ᠠ ᠦᠨ᠎ᠡ ᠥᠨᠳᠥᠷ ᠥᠰᠦᠯᠲᠡ 》 ᠵᠢᠨ ᠵᠠᠷᠴᠢᠮ ᠶᠣᠰᠣᠭ᠋ᠠᠷ᠂  ᠥᠪᠡᠷᠲᠡᠭᠡᠨ ᠵᠠᠰᠠᠬᠤ ᠣᠷᠣᠨ᠎ᠠᠴᠠ ᠵᠠᠰᠠᠭ᠎ᠤᠨ ᠣᠷᠳᠣᠨ᠎ᠤ ᠬᠠᠮᠤᠭ᠎ᠤᠨ ᠥᠨᠳᠥᠷ ᠵᠢᠯᠣᠭᠤᠳᠬᠤ ᠦᠨ᠎ᠡ ᠵᠢ ᠨᠢᠭᠡᠳᠦᠯᠲᠡᠶ ᠲᠣᠭᠲᠠᠭ᠋ᠠᠨ᠎ᠠ᠃ (ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ  ᠲᠣᠪᠴᠢᠶ᠎ᠠ᠂  ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ)

  2. ᠪᠤᠳᠤᠯᠢᠶᠠᠨᠲᠤ  ᠬᠡᠯᠪᠡᠷᠢ ᠵᠢᠨ ᠲᠥᠷᠥᠯ ᠵᠦᠢ᠍ᠯ᠎ᠤᠨ ᠦᠨ᠎ᠡ ᠵᠢ ᠪᠤᠶ ᠪᠣᠯᠭ᠋ᠠᠨ᠎ᠠ᠃  ᠨᠡᠶ᠋ᠢᠳᠡᠮ ᠬᠡᠷᠡᠭᠯᠡᠬᠦ ᠬᠡᠯᠪᠡᠷᠢ ᠵᠢᠨ ᠡᠮᠴᠢᠯᠡᠭᠡᠨ᠎ᠤ  ᠦᠢ᠍ᠯᠡᠴᠢᠯᠡᠭᠡ ᠵᠢᠨ ᠭᠠᠷᠴᠠᠭ᠎ᠤᠨ ᠨᠠᠷᠢᠨ ᠳᠠᠩᠰᠠᠨ᠎ᠳᠤ  ᠣᠷᠣᠭᠤᠯᠤᠭ᠋ᠠᠳᠤᠶ ᠲᠥᠷᠥᠯ ᠵᠦᠢ᠍ᠯ᠎ᠢ ᠴᠥᠮ ᠬᠤᠯᠢᠮᠠᠭ ᠬᠡᠯᠪᠡᠷᠢ ᠵᠢᠨ ᠡᠮᠴᠢᠯᠡᠭᠡᠨ᠎ᠤ ᠦᠢ᠍ᠯᠡᠴᠢᠯᠡᠭᠡ ᠵᠢᠨ ᠦᠨ᠎ᠡ ᠵᠢᠨ ᠲᠥᠷᠥᠯ ᠵᠦᠢ᠍ᠯ᠎ᠤᠨ ᠶᠣᠰᠣᠭ᠋ᠠᠷ ᠬᠠᠮᠢᠶᠠᠷᠤᠨ᠎ᠠ᠃  ᠪᠤᠳᠤᠯᠢᠶᠠᠨᠲᠤ  ᠬᠡᠯᠪᠡᠷᠢ ᠵᠢᠨ ᠲᠥᠷᠥᠯ ᠵᠦᠢ᠍ᠯ᠎ᠳᠤ᠂  ᠵᠠᠰᠠᠭ᠎ᠤᠨ ᠣᠷᠳᠣᠨ ᠵᠢᠯᠣᠭᠣᠳᠤᠭᠰᠠᠨ ᠪᠠ ᠠᠯᠪᠠᠨ᠎ᠠᠴᠠ ᠪᠠᠶ᠋ᠢᠭᠤᠯᠤᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠭᠦᠢ᠍ᠴᠡᠳ ᠣᠷᠣᠯᠴᠠᠬᠤ ᠵᠢ ᠬᠠᠷᠢᠯᠴᠠᠨ ᠤᠶᠠᠯᠳᠤᠭᠤᠯᠤᠭᠰᠠᠨ ᠦᠨ᠎ᠡ ᠵᠢᠨ ᠪᠣᠶ ᠪᠣᠯᠬᠤ ᠲᠣᠭᠲᠠᠴᠠ ᠵᠢ ᠪᠠᠢ᠌ᠭᠤᠯᠤᠨ᠎ᠠ᠃  ᠦᠨ᠎ᠡ ᠮᠡᠳᠡᠭᠦᠯᠬᠦ ᠳᠦᠷᠢᠮ᠎ᠢ ᠲᠣᠭᠲᠠᠭ᠋ᠠᠨ᠂  ᠦᠨ᠎ᠡ ᠮᠡᠳᠡᠭᠦᠯᠬᠦ  ᠳᠠᠷᠠᠭ᠋ᠠᠯᠠᠯ᠎ᠢ ᠵᠢᠷᠤᠮᠵᠢᠭᠤᠯᠵᠤ᠂ 《ᠥᠪᠡᠷᠲᠡᠭᠡᠨ ᠵᠠᠰᠠᠬᠤ ᠣᠷᠣᠨ ᠨᠢᠭᠡᠳᠦᠯᠲᠡᠶ ᠲᠥᠯᠥᠪᠯᠡᠬᠦ᠂  ᠳᠡᠭᠡᠳᠦ ᠳᠣᠤᠷᠠᠳᠤ ᠱᠠᠲᠤ᠎ᠪᠠᠷ ᠵᠶ᠋ᠠᠨ ᠬᠠᠮᠵᠢᠯᠴᠠᠬᠤ᠂  ᠤᠷᠢᠳ ᠵᠶ᠋ᠠᠷ ᠶᠡᠷᠦᠩᠬᠡᠢ᠌ᠯᠡᠵᠦ  ᠳᠠᠷᠠᠭ᠎ᠠ᠎ᠨᠢ ᠬᠤᠪᠢᠶᠠᠬᠤ᠂  ᠠᠶ᠋ᠢᠮᠠᠭ ᠬᠣᠲᠠ ᠬᠠᠮᠲᠤᠷᠠᠨ ᠬᠥᠳᠡᠯᠦᠯᠴᠡᠬᠦ》 ᠬᠣᠶᠠᠷ ᠡᠭᠡᠯᠵᠢ ᠵᠢᠨ ᠦᠨ᠎ᠡ ᠮᠡᠳᠡᠭᠦᠯᠬᠦ ᠵᠠᠭᠪᠤᠷ᠎ᠢ ᠬᠠᠶ᠋ᠢᠨ ᠰᠦᠪᠡᠭᠴᠢᠯᠡᠵᠦ᠂  ᠡᠮᠴᠢᠯᠡᠭᠡᠨ᠎ᠤ ᠪᠠᠶ᠋ᠢᠭᠤᠯᠤᠮᠵᠢ᠎ᠠᠴᠠ ᠡᠵᠡᠨ ᠮᠡᠳᠡᠵᠦ ᠦᠨ᠎ᠡ ᠵᠢᠨ ᠰᠠᠨᠠᠭᠤᠯᠭ᠎ᠠ ᠳᠤᠷᠠᠳᠴᠤ᠂  ᠳᠦᠷᠢᠮ᠎ᠤᠨ ᠬᠡᠪᠴᠢᠶᠡᠨ᠎ᠳᠤ ᠲᠣᠬᠢᠷᠠᠭᠤᠯᠬᠤ᠎ᠪᠠᠷ ᠪᠠᠶ᠋ᠢᠭ᠎ᠠ ᠲᠥᠷᠥᠯ ᠵᠦᠢ᠍ᠯ᠎ᠤᠨ ᠦᠨ᠎ᠡ ᠵᠢ ᠪᠣᠶ ᠪᠣᠯᠭ᠋ᠠᠨ᠎ᠠ᠃  ᠠᠵᠤ ᠠᠬᠤᠶ ᠵᠢᠨ ᠴᠢᠨᠠᠷᠲᠠᠶ ᠬᠦᠴᠦᠨ ᠵᠦᠢ᠍ᠯ᠂  ᠲᠥᠷᠥ ᠵᠢᠨ ᠪᠣᠳᠣᠯᠭ᠎ᠠ ᠵᠢᠨ ᠴᠢᠨᠠᠷᠲᠠᠶ ᠬᠦᠴᠦᠨ ᠵᠦᠢ᠍ᠯ ᠵᠢᠴᠢ ᠡᠮᠴᠢᠯᠡᠭᠡᠨ᠎ᠤ ᠪᠠᠶ᠋ᠢᠭᠤᠯᠤᠮᠵᠢ ᠵᠢᠨ ᠬᠠᠮᠲᠤ ᠵᠢᠨ ᠲᠠᠨᠢᠯᠲᠠ ᠵᠢᠨ ᠬᠡᠮᠵᠢᠶ᠎ᠡ᠎ᠪᠠᠷ ᠬᠦᠴᠦᠨ᠎ᠲᠠᠢ ᠦᠨ᠎ᠡ ᠮᠡᠳᠡᠭᠦᠯᠬᠦ ᠲᠥᠷᠥᠯ ᠵᠦᠢ᠍ᠯ᠎ᠤᠨ ᠤᠷᠢᠳ ᠵᠶ᠋ᠠᠷ  ᠳᠠᠷᠠᠭ᠋ᠠᠯᠠᠯ᠎ᠢ ᠲᠣᠭᠲᠠᠭ᠋ᠠᠵᠤ᠂  ᠦᠨ᠎ᠡ ᠲᠣᠬᠢᠷᠠᠭᠤᠯᠬᠤ ᠶᠡᠷᠦᠩᠬᠡᠶ ᠬᠡᠮᠵᠢᠶᠡᠨ᠎ᠤ ᠬᠡᠪᠴᠢᠶᠡᠨ ᠳᠣᠲᠣᠷ᠎ᠠ  ᠳᠠᠷᠠᠭ᠋ᠠᠯᠠᠯ᠎ᠠᠴᠠ ᠡᠮᠦᠨᠡᠬᠢ ᠬᠦᠴᠦᠨ ᠪᠦᠬᠦᠢ ᠦᠨ᠎ᠡ ᠮᠡᠳᠡᠭᠦᠯᠬᠦ ᠶᠠᠪᠤᠳᠠᠯ᠎ᠢ ᠵᠠᠰᠠᠭ᠎ᠤᠨ ᠣᠷᠳᠣᠨ᠎ᠤ ᠵᠢᠯᠣᠭᠣᠳᠬᠤ ᠦᠨ᠎ᠡ ᠪᠣᠯᠭ᠋ᠠᠨ ᠬᠤᠪᠢᠷᠠᠭᠤᠯᠤᠨ᠎ᠠ᠃  ᠬᠦᠴᠢᠷᠳᠡᠯ ᠶᠡᠭᠡ᠂  ᠲᠦᠭᠰᠢᠭᠦᠷᠢ ᠶᠡᠬᠡ  ᠮᠡᠰᠡ ᠵᠠᠰᠠᠯ᠎ᠤᠨ ᠲᠥᠷᠥᠯ ᠵᠡᠷᠭᠡ ᠡᠮᠴᠢᠯᠡᠭᠡᠨ᠎ᠤ ᠦᠢ᠍ᠯᠡᠴᠢᠯᠡᠭᠡ ᠵᠢᠨ  ᠲᠥᠷᠥᠯ ᠵᠦᠢ᠍ᠯ᠎ᠢ  ᠡᠩ ᠲᠡᠷᠢᠭᠦᠨ᠎ᠳᠤ ᠦᠨ᠎ᠡ ᠲᠣᠬᠢᠷᠠᠭᠤᠯᠬᠤ ᠬᠡᠪᠴᠢᠶᠡᠨ᠎ᠳᠤ ᠣᠷᠣᠭᠤᠯᠵᠤ᠂  ᠠᠯᠪᠠᠨ᠎ᠠᠴᠠ ᠪᠠᠶ᠋ᠢᠭᠤᠯᠤᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠴᠢᠨᠠᠷ ᠰᠠᠶ᠋ᠢᠲᠠᠶ ᠬᠥᠭᠵᠢᠯᠲᠡ ᠵᠢ ᠳᠡᠮᠵᠢᠵᠦ᠂  ᠣᠯᠠᠨ ᠲᠦᠮᠡᠨ᠎ᠤ ᠡᠮᠴᠢᠯᠡᠭᠡᠨ᠎ᠤ ᠦᠢ᠍ᠯᠡᠴᠢᠯᠡᠭᠡ ᠵᠢᠨ  ᠬᠡᠷᠡᠭᠴᠡᠭᠡ ᠱᠠᠭ᠋ᠠᠷᠳᠠᠯᠭ᠎ᠠ ᠵᠢ ᠤᠯᠠᠮ ᠨᠢᠭᠡ ᠠᠯᠬᠤᠮ ᠬᠠᠩᠭ᠋ᠠᠨ᠎ᠠ᠃ (ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ  ᠲᠣᠪᠴᠢᠶ᠎ᠠ᠂  ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ)

  3. ᠣᠨᠴᠠ ᠬᠡᠷᠡᠭᠴᠡᠭᠡᠲᠦ  ᠪᠣᠯᠤᠨ ᠰᠢᠨ᠎ᠡ᠎ᠪᠠᠷ ᠨᠡᠮᠡᠬᠦ  ᠲᠥᠷᠥᠯ ᠵᠦᠢ᠍ᠯ᠎ᠤᠨ ᠦᠨ᠎ᠡ ᠵᠢ ᠪᠣᠶ ᠪᠣᠯᠭ᠋ᠠᠨ᠎ᠠ᠃  ᠣᠨᠴᠠ ᠬᠡᠷᠡᠭᠴᠡᠭᠡᠨ᠎ᠤ ᠦᠢ᠍ᠯᠡᠴᠢᠯᠡᠭᠡ ᠵᠢᠨ  ᠲᠥᠷᠥᠯ ᠵᠦᠢ᠍ᠯ᠎ᠤᠨ ᠭᠠᠷᠴᠠᠭ᠎ᠢ ᠲᠣᠭᠲᠠᠭ᠋ᠠᠵᠤ᠂  ᠣᠨᠴᠠ ᠬᠡᠷᠡᠭᠴᠡᠭᠡᠨ᠎ᠤ ᠦᠢ᠍ᠯᠡᠴᠢᠯᠡᠭᠡ ᠪᠠ ᠲᠤᠷᠰᠢᠨ ᠬᠡᠷᠡᠭᠵᠢᠭᠦᠯᠬᠦ ᠬᠤᠭᠤᠴᠠᠭ᠋ᠠᠨ᠎ᠤ ᠳᠣᠲᠣᠷ᠎ᠠ ᠰᠢᠨ᠎ᠡ᠎ᠪᠠᠷ ᠨᠡᠮᠡᠭᠰᠡᠨ  ᠲᠥᠷᠥᠯ ᠵᠦᠢ᠍ᠯ᠎ᠳᠤ ᠵᠠᠬ᠎ᠠ ᠳᠡᠯᠭᠡᠭᠦᠷ ᠵᠶ᠋ᠠᠷ ᠲᠣᠬᠢᠷᠠᠭᠤᠯᠬᠤ ᠦᠨ᠎ᠡ ᠵᠢ ᠬᠡᠷᠡᠭᠵᠢᠭᠦᠯᠵᠦ᠂  ᠡᠮᠴᠢᠯᠡᠭᠡᠨ᠎ᠤ ᠪᠠᠶ᠋ᠢᠭᠤᠯᠤᠮᠵᠢ᠎ᠠᠴᠠ 《ᠲᠥᠪ ᠭᠤᠣᠯᠴᠢ᠂  ᠬᠠᠤᠯᠢ᠎ᠳᠤ ᠨᠡᠶ᠋ᠢᠴᠡᠬᠦ᠂  ᠦᠨᠡᠨᠴᠢ ᠢᠲᠡᠭᠡᠮᠵᠢᠲᠡᠢ》 ᠵᠠᠷᠴᠢᠮ ᠪᠠ ᠵᠠᠰᠠᠭ᠎ᠤᠨ ᠣᠷᠳᠣᠨ᠎ᠤ ᠲᠣᠭᠲᠠᠭ᠋ᠠᠭᠰᠠᠨ ᠦᠨ᠎ᠡ ᠵᠢᠨ ᠲᠦᠷᠢᠮ ᠶᠣᠰᠣᠭ᠋ᠠᠷ᠂  ᠥᠪᠡᠷ᠎ᠤᠨ ᠥᠷᠲᠡᠭ ᠵᠡᠷᠭᠡ ᠬᠦᠴᠦᠨ ᠵᠦᠢ᠍ᠯ᠎ᠢ ᠦᠨᠳᠦᠰᠦᠯᠡᠨ ᠪᠡᠶ᠎ᠡ᠎ᠪᠠᠨ ᠳᠠᠭ᠋ᠠᠭ᠋ᠠᠵᠤ ᠦᠨ᠎ᠡ ᠵᠢ ᠲᠣᠭᠲᠠᠭ᠋ᠠᠬᠤ ᠵᠢᠨ ᠬᠠᠮᠲᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠪᠠ ᠡᠮᠴᠢᠯᠡᠭᠡᠨ᠎ᠤ ᠪᠠᠲᠤᠯᠠᠭ᠎ᠠ ᠵᠢᠨ ᠰᠠᠯᠠᠭ᠎ᠠ ᠮᠥᠴᠢᠷ᠎ᠲᠤ ᠮᠡᠳᠡᠭᠦᠯᠦᠨ ᠳᠠᠩᠰᠠᠯᠠᠭᠤᠯᠤᠨ᠎ᠠ᠃  ᠦᠨ᠎ᠡ ᠵᠢ ᠡᠮᠨᠡᠯᠭᠡ ᠵᠢᠨ ᠬᠣᠷᠢᠶᠠᠨ᠎ᠤ ᠵᠡᠷᠭᠡ ᠳᠡᠰ᠂  ᠲᠤᠰᠬᠠᠶ ᠮᠡᠷᠭᠡᠵᠢᠯ᠎ᠤᠨ ᠣᠨᠴᠠᠯᠢᠭ᠂  ᠴᠢᠳᠠᠮᠵᠢ ᠵᠢᠨ ᠣᠷᠣᠨ ᠲᠣᠭᠲᠠᠭ᠋ᠠᠯ᠎ᠯᠤᠭ᠎ᠠ ᠬᠠᠷᠢᠯᠴᠠᠨ ᠵᠣᠬᠢᠴᠠᠯᠳᠤᠭᠤᠯᠵᠤ᠂  ᠣᠷᠣᠨ ᠪᠦᠰᠡ ᠵᠢᠨ ᠠᠵᠤ ᠠᠬᠤᠶ ᠵᠢᠨ ᠬᠥᠭᠵᠢᠯᠲᠡ ᠵᠢᠨ ᠬᠢᠷᠢ ᠬᠡᠮᠵᠢᠶ᠎ᠡ ᠪᠣᠯᠤᠨ ᠡᠮᠴᠢᠯᠡᠭᠡᠨ᠎ᠤ ᠮᠡᠷᠭᠡᠵᠢᠯ᠎ᠤᠨ ᠬᠢᠷᠢ ᠬᠡᠮᠵᠢᠶ᠎ᠡ᠎ᠯᠦᠭᠡ ᠬᠠᠷᠢᠯᠴᠠᠨ ᠲᠣᠬᠢᠷᠠᠯᠴᠠᠭᠤᠯᠬᠤ ᠵᠢᠨ ᠬᠠᠮᠲᠤ ᠵᠣᠬᠢᠬᠤ ᠴᠠᠭ ᠬᠤᠭᠤᠴᠠᠭ᠋ᠠᠨ᠎ᠤ ᠳᠣᠲᠣᠷ᠎ᠠ ᠬᠠᠷᠢᠴᠠᠩᠭᠤᠶ ᠲᠣᠭᠲᠠᠭᠤᠨ ᠪᠠᠶ᠋ᠢᠯᠭ᠋ᠠᠬᠤ ᠵᠢ ᠪᠠᠲᠤᠯᠠᠨ᠎ᠠ᠃  ᠠᠯᠪᠠᠨ᠎ᠠᠴᠠ ᠪᠠᠶ᠋ᠢᠭᠤᠯᠤᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠵᠠᠬ᠎ᠠ ᠳᠡᠯᠭᠡᠭᠦᠷ ᠵᠶ᠋ᠠᠷ ᠲᠣᠬᠢᠷᠠᠭᠤᠯᠬᠤ ᠦᠨ᠎ᠡ ᠵᠢ ᠬᠡᠷᠡᠭᠵᠢᠭᠦᠯᠬᠦ ᠰᠦᠢ᠍ᠳᠬᠡᠯ ᠬᠤᠷᠢᠶᠠᠬᠤ ᠲᠥᠷᠥᠯ ᠵᠦᠢ᠍ᠯ ᠪᠣᠯᠤᠨ ᠵᠠᠷᠤᠳᠠᠯ ᠬᠤᠷᠢᠶᠠᠬᠤ ᠬᠠᠷᠢᠴᠠᠯ᠎ᠢ ᠴᠢᠩᠭ᠎ᠠ ᠡᠵᠡᠮᠳᠡᠵᠦ᠂  ᠪᠦᠬᠦ ᠡᠮᠴᠢᠯᠡᠭᠡᠨ᠎ᠤ ᠦᠢ᠍ᠯᠡᠴᠢᠯᠡᠭᠡ ᠵᠢᠨ 10%᠎ᠠᠴᠠ ᠳᠠᠪᠠᠭᠤᠯᠬᠤ ᠦᠭᠡᠶ᠃ (ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠂  ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ)

  (ᠭᠤᠷᠪᠠ)  ᠰᠣᠷᠭᠤᠭ ᠬᠡᠮᠵᠢᠶ᠎ᠡ᠎ᠲᠠᠢ ᠦᠨ᠎ᠡ ᠵᠢᠨ ᠬᠦᠳᠡᠯᠦᠩᠭᠦᠢ᠎ᠪᠠᠷ ᠲᠣᠬᠢᠷᠠᠭᠤᠯᠬᠤ ᠲᠣᠭᠲᠠᠴᠠ ᠵᠢ ᠪᠠᠶ᠋ᠢᠭᠤᠯᠤᠨ᠎ᠠ

  1. ᠨᠡᠶ᠋ᠢᠳᠡᠮ ᠬᠡᠷᠡᠭᠯᠡᠬᠦ ᠬᠡᠯᠪᠡᠷᠢ ᠵᠢᠨ ᠡᠮᠴᠢᠯᠡᠭᠡᠨ᠎ᠤ ᠦᠢ᠍ᠯᠡᠴᠢᠯᠡᠭᠡ ᠵᠢᠨ ᠦᠨ᠎ᠡ ᠵᠢ ᠣᠷᠣᠯᠭ᠎ᠠ ᠪᠠ ᠦᠨ᠎ᠡ ᠵᠢᠨ ᠵᠢᠭ᠋ᠠᠯᠲᠠ ᠲᠤᠭ᠎ᠠ᠎ᠪᠠᠷ ᠯᠠᠪᠯᠠᠯᠲᠠ ᠪᠣᠯᠭ᠋ᠠᠵᠤ ᠬᠥᠳᠡᠯᠦᠩᠭᠦᠶ᠎ᠪᠠᠷ ᠲᠣᠬᠢᠷᠠᠭᠤᠯᠤᠨ᠎ᠠ᠃  ᠨᠡᠶ᠋ᠢᠳᠡᠮ ᠬᠡᠷᠡᠭᠯᠡᠬᠦ ᠬᠡᠯᠪᠡᠷᠢ ᠵᠢᠨ ᠡᠮᠴᠢᠯᠡᠭᠡᠨ᠎ᠤ ᠦᠢ᠍ᠯᠡᠴᠢᠯᠡᠭᠡ ᠵᠢᠨ ᠲᠥᠷᠥᠯ ᠵᠦᠢ᠍ᠯ᠎ᠳᠤ ᠬᠣᠲᠠ ᠪᠠᠯᠭ᠋ᠠᠰᠤ ᠵᠢᠨ ᠨᠢᠭᠡᠴᠢ᠎ᠳᠤ  ᠠᠵᠢᠯ ᠣᠯᠤᠭᠰᠠᠳ᠎ᠤᠨ ᠳᠤᠮᠳᠠᠴᠢ ᠴᠠᠯᠢᠩ᠂  ᠡᠮᠴᠢᠯᠡᠭᠡᠨ᠎ᠤ  ᠳᠠᠭ᠋ᠠᠳᠬᠠᠯ᠎ᠤᠨ ᠰᠠᠭᠤᠷᠢ ᠮᠥᠩᠭᠥ ᠵᠢᠨ ᠳᠠᠭ᠋ᠠᠭ᠋ᠠᠬᠤ ᠴᠢᠳᠠᠪᠤᠷᠢ ᠪᠣᠯᠤᠨ ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠦᠨ᠎ᠡ ᠵᠢᠨ ᠵᠢᠭ᠋ᠠᠯᠲᠠ ᠲᠣᠭ᠎ᠠ ᠵᠡᠷᠭᠡ ᠭᠦᠢ᠍ᠴᠡᠳᠬᠡᠯ ᠲᠣᠭ᠎ᠠ᠎ᠪᠠᠷ ᠯᠠᠪᠯᠠᠯᠲᠠ ᠪᠣᠯᠭ᠋ᠠᠵᠤ᠂  ᠬᠣᠶᠠᠷ ᠵᠢᠯ᠎ᠳᠤ ᠨᠢᠭᠡ ᠤᠳᠠᠭ᠎ᠠ ᠬᠥᠳᠡᠯᠦᠩᠭᠦᠶ ᠲᠣᠬᠢᠷᠠᠭᠤᠯᠤᠯᠲᠠ ᠬᠢᠵᠦ ᠦᠨᠡᠯᠡᠨ ᠵᠢᠱ᠌ᠢᠬᠦ ᠵᠢ ᠥᠷᠨᠢᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ  ᠪᠠᠳᠤᠯᠠᠭ᠎ᠠ ᠵᠢᠨ ᠲᠣᠪᠴᠢᠶ᠎ᠠ᠂  ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂  ᠲᠤᠭ᠎ᠠ ᠪᠦᠷᠢᠳᠬᠡᠯ᠎ᠤᠨ ᠲᠣᠪᠴᠢᠶ᠎ᠠ)

  2.  ᠪᠤᠳᠤᠯᠢᠶᠠᠨᠲᠤ  ᠬᠡᠯᠪᠡᠷᠢ ᠵᠢᠨ ᠡᠮᠴᠢᠯᠡᠭᠡᠨ᠎ᠤ ᠦᠢ᠍ᠯᠡᠴᠢᠯᠡᠭᠡ ᠵᠢᠨ ᠦᠨ᠎ᠡ ᠵᠢ ᠶᠡᠷᠦᠩᠬᠡᠢ᠌ᠯᠡᠨ  ᠦᠨᠡᠯᠡᠨ ᠵᠢᠱ᠌ᠢᠬᠦ᠎ᠪᠠᠷ ᠳᠠᠮᠵᠢᠨ ᠲᠣᠭᠲᠠᠮᠠᠯ ᠬᠤᠭᠤᠴᠠᠭ᠎ᠠ᠎ᠲᠠᠢ᠎ᠪᠠᠷ ᠲᠣᠬᠢᠷᠠᠭᠤᠯᠤᠨ᠎ᠠ᠃  ᠪᠤᠳᠤᠯᠢᠶᠠᠨᠲᠤ  ᠬᠡᠯᠪᠡᠷᠢ ᠵᠢᠨ ᠡᠮᠴᠢᠯᠡᠭᠡᠨ᠎ᠤ ᠦᠢ᠍ᠯᠡᠴᠢᠯᠡᠭᠡ ᠵᠢᠨ  ᠲᠥᠷᠥᠯ ᠵᠦᠢ᠍ᠯ᠎ᠨᠢ  ᠡᠮᠨᠡᠯᠭᠡ ᠵᠢᠨ ᠠᠵᠢᠯᠲᠠᠨ᠎ᠤ ᠬᠤᠪᠢ ᠬᠥᠮᠦᠨ᠎ᠤ ᠴᠢᠳᠠᠪᠤᠷᠢ ᠵᠢ ᠬᠤᠷᠠᠭᠤᠯᠵᠤ᠂  ᠡᠮᠴᠢᠯᠡᠭᠡᠨ᠎ᠤ ᠪᠠᠶ᠋ᠢᠭᠤᠯᠤᠮᠵᠢ ᠵᠢᠨ ᠮᠡᠷᠭᠡᠵᠢᠯ᠎ᠤᠨ ᠲᠤᠯᠭ᠋ᠠᠭᠤᠷᠢᠯᠠᠯ᠂  ᠠᠵᠤ ᠠᠬᠤᠶ ᠨᠡᠶ᠋ᠢᠭᠡᠮ ᠵᠢᠴᠢ ᠡᠷᠡᠭᠦᠯ ᠬᠠᠮᠠᠭ᠋ᠠᠯᠠᠯ᠎ᠤᠨ ᠦᠢ᠍ᠯᠡᠰ᠎ᠤᠨ  ᠬᠥᠭᠵᠢᠯᠲᠡ ᠵᠢᠨ ᠬᠢᠷᠢ ᠬᠡᠮᠵᠢᠶ᠎ᠡ᠂  ᠡᠮᠴᠢᠯᠡᠭᠡᠨ᠎ᠤ ᠪᠠᠶ᠋ᠢᠭᠤᠯᠤᠮᠵᠢ ᠵᠢᠨ ᠠᠵᠢᠯᠯᠠᠭ᠋ᠠᠨ᠎ᠤ ᠪᠠᠶ᠋ᠢᠳᠠᠯ᠂  ᠡᠪᠡᠳᠴᠢᠲᠡᠨ ᠪᠠ ᠡᠮᠴᠢᠯᠡᠭᠡᠨ᠎ᠤ ᠳᠠᠭ᠋ᠠᠳᠬᠠᠯ᠎ᠤᠨ ᠳᠠᠭ᠋ᠠᠭ᠋ᠠᠬᠤ ᠴᠢᠳᠠᠪᠤᠷᠢ ᠵᠡᠷᠭᠡ ᠣᠯᠠᠨ ᠬᠡᠮᠵᠢᠯᠳᠦ ᠭᠦᠢ᠍ᠴᠡᠳᠬᠡᠯ  ᠲᠤᠭ᠎ᠠ ᠵᠢ ᠬᠥᠳᠡᠯᠦᠩᠭᠦᠶ᠎ᠪᠠᠷ ᠲᠣᠬᠢᠷᠠᠭᠤᠯᠵᠤ᠂  ᠬᠥᠳᠡᠯᠦᠩᠭᠦᠶ ᠲᠣᠬᠢᠷᠠᠭᠤᠯᠤᠯᠲᠠ ᠵᠢᠨ ᠡᠬᠢᠯᠡᠭᠦᠯᠬᠦ ᠨᠥᠬᠦᠴᠡᠯ ᠪᠠ ᠬᠢᠵᠠᠭ᠋ᠠᠷᠯᠠᠬᠤ ᠨᠥᠬᠦᠴᠡᠯ᠎ᠢ ᠰᠢᠨᠵᠢᠯᠡᠬᠦ ᠤᠬᠠᠭ᠋ᠠᠨᠴᠢ᠎ᠪᠠᠷ ᠳᠣᠭᠢᠷᠠᠭᠤᠯᠤᠨ᠂  ᠶᠡᠷᠦᠩᠬᠡᠶ᠋ᠢᠯᠡᠨ ᠦᠨᠡᠯᠡᠨ ᠵᠢᠱ᠌ᠢᠬᠦ ᠭᠦᠢ᠍ᠴᠡᠳᠬᠡᠯ ᠲᠣᠭ᠋ᠠᠨ᠎ᠤ ᠲᠣᠭᠲᠠᠯᠴᠠᠭ᠎ᠠ ᠵᠢ  ᠲᠣᠭᠲᠠᠭ᠋ᠠᠨ᠎ᠠ᠃  ᠵᠢᠯ ᠪᠦᠷᠢ ᠨᠢᠭᠡ ᠤᠳᠠᠭ᠎ᠠ ᠬᠥᠳᠡᠯᠦᠩᠭᠦᠶ ᠲᠣᠬᠢᠷᠠᠭᠤᠯᠤᠯᠲᠠ ᠬᠢᠵᠦ ᠦᠨᠡᠯᠡᠨ ᠵᠢᠱ᠌ᠢᠬᠦ ᠠᠵᠢᠯ᠎ᠢ ᠥᠷᠨᠢᠭᠦᠯᠵᠦ᠂  ᠶᠡᠷᠦᠩᠬᠡᠢ᠌ᠯᠡᠨ  ᠦᠨᠡᠯᠡᠨ ᠵᠢᠱ᠌ᠢᠬᠦ  ᠶᠡᠷᠦᠩᠬᠡᠶ ᠬᠤᠪᠢ᠎ᠨᠢ ᠬᠥᠨᠳᠡᠬᠦ ᠪᠠᠷᠢᠮᠵᠢᠶ᠎ᠠ᠎ᠳᠤ ᠬᠦᠷᠬᠦ ᠦᠶ᠎ᠡ᠎ᠳᠤ᠂  ᠦᠨ᠎ᠡ ᠵᠢᠨ ᠳᠣᠬᠢᠷᠠᠭᠤᠯᠤᠯᠲᠠ ᠵᠢ  ᠡᠬᠢᠯᠡᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ  ᠪᠠᠳᠤᠯᠠᠭ᠎ᠠ ᠵᠢᠨ ᠲᠣᠪᠴᠢᠶ᠎ᠠ᠂  ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂  ᠲᠤᠭ᠎ᠠ ᠪᠦᠷᠢᠳᠬᠡᠯ᠎ᠤᠨ ᠲᠣᠪᠴᠢᠶ᠎ᠠ)

  3. ᠭᠣᠤᠯᠳᠠᠯᠭ᠎ᠠ ᠪᠣᠯᠬᠤ  ᠠᠵᠢᠯ ᠪᠤᠶᠤ ᠲᠤᠰᠬᠠᠶ ᠵᠦᠢ᠍ᠯ᠎ᠤᠨ ᠡᠭᠦᠷᠭᠡ᠎ᠳᠤ ᠲᠤᠰᠬᠠᠶ ᠵᠦᠢ᠍ᠯ᠎ᠤᠨ ᠲᠣᠬᠢᠷᠠᠭᠤᠯᠤᠯᠲᠠ ᠬᠢᠬᠦ ᠵᠢ ᠬᠡᠷᠡᠭᠵᠢᠭᠦᠯᠦᠨ᠎ᠡ᠃  ᠡᠮ᠎ᠤᠨ ᠵᠦᠢ᠍ᠯ ᠪᠠ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠲᠥᠪᠯᠡᠷᠡᠭᠦᠯᠦᠨ ᠬᠡᠮᠵᠢᠶ᠎ᠡ᠎ᠲᠠᠢ᠎ᠪᠠᠷ ᠬᠤᠳᠠᠯᠳᠤᠨ ᠠᠪᠴᠤ ᠠᠪᠬᠤ᠂  ᠭᠡᠨᠡᠳᠲᠡ ᠵᠢᠨ ᠴᠢᠬᠤᠯᠠ ᠶᠡᠭᠡ ᠣᠯᠠᠨ ᠨᠡᠢ᠌ᠲᠡ ᠵᠢᠨ  ᠡᠷᠡᠭᠦᠯ ᠬᠠᠮᠠᠭ᠋ᠠᠯᠠᠯ᠎ᠤᠨ ᠬᠡᠷᠡᠭ᠎ᠢ ᠠᠷᠭ᠋ᠠᠴᠠᠭ᠋ᠠᠬᠤ᠂  ᠡᠮᠴᠢᠯᠡᠭᠡᠨ᠎ᠤ ᠦᠢ᠍ᠯᠡᠴᠢᠯᠡᠭᠡ ᠵᠢᠨ ᠦᠨ᠎ᠡ ᠵᠢᠨ ᠲᠣᠪᠤᠶ᠋ᠢᠮ᠎ᠠ ᠵᠥᠷᠢᠴᠡᠯ᠎ᠢ ᠬᠥᠲᠥᠯᠥᠨ ᠵᠢᠯᠣᠭᠤᠳᠬᠤ᠂  ᠭᠤᠤᠯᠳᠠᠯᠭ᠎ᠠ᠎ᠲᠠᠢ ᠲᠤᠰᠬᠠᠶ ᠰᠠᠯᠠᠭ᠋ᠠᠨ᠎ᠤ ᠡᠮᠴᠢᠯᠡᠭᠡᠨ᠎ᠤ ᠬᠠᠩᠭ᠋ᠠᠯᠭ᠎ᠠ ᠵᠢᠨ ᠲᠡᠩᠴᠡᠭᠦᠷᠢᠰᠢᠯ ᠵᠶ᠋ᠠᠨ ᠠᠯᠳᠠᠭᠰᠠᠨ᠎ᠢ ᠨᠠᠮᠳᠠᠭ᠋ᠠᠬᠤ ᠵᠡᠷᠭᠡ ᠭᠤᠤᠯᠳᠠᠯᠭ᠎ᠠ᠎ᠲᠠᠢ ᠠᠵᠢᠯ ᠵᠢᠴᠢ ᠤᠯᠤᠰ᠎ᠤᠨ ᠡᠮᠴᠢᠯᠡᠭᠡᠨ᠎ᠤ ᠳᠠᠭ᠋ᠠᠳᠬᠠᠯ᠎ᠤᠨ ᠰᠠᠯᠠᠭ᠎ᠠ ᠮᠥᠴᠢᠷ᠎ᠤᠳ ᠡᠮᠴᠢᠯᠡᠭᠡᠨ᠎ᠤ ᠦᠢ᠍ᠯᠡᠴᠢᠯᠡᠭᠡ ᠵᠢᠨ ᠦᠨ᠎ᠡ ᠵᠢ ᠲᠣᠬᠢᠷᠠᠭᠤᠯᠬᠤ ᠲᠤᠰᠬᠠᠶ ᠡᠭᠦᠷᠭᠡ ᠵᠢ ᠨᠢᠭᠡᠳᠦᠯᠲᠡᠶ ᠪᠠᠢ᠍ᠷᠢᠯᠠᠭᠤᠯᠬᠤ ᠵᠢᠨ ᠲᠤᠰᠠᠳᠠ᠂  ᠦᠨ᠎ᠡ ᠵᠢᠨ ᠲᠤᠰᠬᠠᠶ ᠵᠦᠢ᠍ᠯ᠎ᠤᠨ ᠲᠣᠬᠢᠷᠠᠭᠤᠯᠤᠯᠲᠠ ᠵᠢ ᠠᠮᠢᠳᠤᠯᠢᠭ ᠵᠶ᠋ᠠᠷ ᠰᠣᠩᠭᠣᠨ᠎ᠠ᠃ (ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠂  ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ)

  4. ᠴᠢᠨᠠᠷ ᠰᠠᠶ᠋ᠢᠲᠠᠶ ᠡᠮᠴᠢᠯᠡᠭᠡᠨ᠎ᠤ ᠡᠬᠢ ᠪᠠᠶᠠᠯᠢᠭ᠎ᠤᠨ ᠪᠠᠭᠲᠠᠭ᠋ᠠᠮᠵᠢ ᠵᠢ ᠥᠷᠭᠡᠳᠬᠡᠨ ᠦᠨᠳᠦᠰᠦᠨ ᠱᠠᠲᠤᠨ᠎ᠳᠤ ᠬᠦᠷᠭᠡᠬᠦ ᠵᠢ ᠳᠡᠮᠵᠢᠨ᠎ᠡ᠃  ᠡᠮᠴᠢᠯᠡᠭᠡᠨ᠎ᠤ ᠦᠢ᠍ᠯᠡᠴᠢᠯᠡᠭᠡ ᠵᠢᠨ ᠦᠨ᠎ᠠ ᠵᠢᠨ  ᠪᠦᠳᠦᠴᠠ ᠵᠢᠨ ᠴᠢᠨᠡᠷᠳᠡᠢ ᠲᠣᠬᠢᠷᠡᠭᠤᠯᠥᠯᠳᠡ ᠵᠢ ᠴᠢᠬᠤᠯᠠᠴᠢᠯᠠᠵᠦ᠂  ᠣᠯᠥᠰ᠎ᠤᠨ ᠣᠷᠣᠨ ᠪᠦᠰᠡ ᠵᠢᠨ ᠡᠮᠴᠢᠯᠡᠭᠡᠨ᠎ᠤ ᠲᠥᠪ᠎ᠤᠨ ᠲᠣᠰᠬᠠᠢ ᠰᠠᠯᠨᠭ᠋ᠠᠨ᠎ᠤ ᠬᠤᠯᠪᠤᠭ᠎ᠠ᠂  ᠨᠢᠠᠠᠳᠡ ᠭᠡᠯᠪᠡᠷᠢ ᠵᠢᠨ ᠡᠮᠴᠢᠯᠡᠭᠡᠨ᠎ᠤ ᠬᠤᠯᠪᠣᠭ᠋ᠠᠳᠣ ᠴᠣᠠᠠᠴᠠ ᠵᠢ ᠪᠠᠶ᠋ᠢᠭᠤᠯᠬᠤ ᠪᠠ ᠭᠤᠷᠪᠠᠳᠣᠭ᠋ᠠᠷ ᠳᠡᠰ᠎ᠤᠨ ᠡᠮᠨᠡᠯᠬᠡ ᠵᠢᠨ ᠬᠣᠷᠢᠶᠠᠨ᠎ᠤ ᠮᠡᠷᠭᠡᠵᠢᠯ ᠵᠶ᠋ᠡᠷ ᠵᠶ᠋ᠡᠨ  ᠬᠠᠪᠰᠣᠷᠣᠨ ᠳᠡᠳᠬᠦᠬᠦ ᠵᠡᠷᠭᠡ ᠴᠢᠨᠡᠷ ᠰᠠᠶ᠋ᠢᠳᠡᠢ ᠡᠬᠢ ᠪᠠᠶᠠᠯᠢᠭ᠎ᠢ ᠦᠨᠳᠣᠰᠣᠡ ᠱᠠᠳᠣ ᠲᠡᠢ᠌ᠰᠢ  ᠤᠷᠳᠤᠳᠬᠠᠬᠤ ᠵᠢ ᠠᠬᠢᠭᠤᠯᠥᠨ᠎ᠠ᠃  ᠤᠯᠤᠰ᠎ᠤᠨ ᠣᠷᠣᠨ ᠪᠦᠰᠡ ᠵᠢᠨ ᠡᠮᠴᠢᠯᠡᠭᠡᠨ᠎ᠤ ᠲᠥᠪ᠎ᠤᠨ ᠡᠮᠴᠢᠯᠡᠭᠡᠨ᠎ᠤ ᠦᠢ᠍ᠯᠡᠴᠢᠯᠡᠭᠡ ᠵᠢᠨ ᠦᠨ᠎ᠡ᠎ᠳᠤ ᠬᠠᠷᠢᠶᠠᠲᠤ ᠣᠷᠣᠨᠵᠢᠭᠤᠯᠤᠭᠰᠠᠨ ᠬᠠᠮᠢᠶᠠᠷᠤᠯᠲᠠ ᠵᠢ ᠬᠡᠷᠡᠭᠵᠢᠭᠦᠯᠵᠦ᠂  ᠭᠤᠤᠯᠳᠠᠯᠭ᠎ᠠ ᠪᠣᠯᠬᠤ ᠲᠠᠲᠠᠨ ᠣᠷᠤᠭᠤᠯᠤᠭᠰᠠᠨ ᠭᠠᠳᠠᠭᠰᠢ ᠭᠠᠷᠭ᠋ᠠᠬᠤ ᠡᠮᠨᠡᠯᠭᠡ ᠵᠢᠨ ᠬᠣᠷᠢᠶᠠᠨ᠎ᠤ  ᠡᠮᠴᠢᠯᠡᠭᠡᠨ᠎ᠤ ᠦᠢ᠍ᠯᠡᠴᠢᠯᠡᠭᠡ᠎ᠳᠤ ᠦᠨ᠎ᠡ ᠵᠢᠨ ᠲᠥᠷᠥᠯ ᠵᠦᠢ᠍ᠯ ᠪᠠ ᠰᠦᠢ᠍ᠳᠭᠡᠯ ᠬᠤᠷᠢᠶᠠᠬᠤ ᠲᠥᠷᠥᠯ ᠵᠦᠢ᠍ᠯ᠎ᠢ ᠲᠣᠰ ᠭᠠᠵᠠᠷ᠎ᠲᠤ᠎ᠨᠢ  ᠰᠠᠶ᠋ᠢᠲᠤᠷ ᠵᠤᠯᠭ᠋ᠠᠭᠤᠯᠤᠨ᠎ᠠ ; ᠣᠲᠣ ᠵᠢᠨ ᠪᠠᠶ᠋ᠢᠭ᠎ᠠ ᠦᠨ᠎ᠡ ᠵᠢᠨ ᠲᠥᠷᠥᠯ ᠵᠦᠢ᠍ᠯ᠎ᠢ ᠦᠨᠳᠦᠰᠦᠯᠡᠨ ᠡᠮᠴᠢᠯᠡᠭᠡᠨ᠎ᠤ ᠦᠢ᠍ᠯᠡᠴᠢᠯᠡᠭᠡ ᠵᠢᠨ ᠲᠥᠷᠥᠯ ᠵᠦᠢ᠍ᠯ᠎ᠢ ᠰᠢᠨ᠎ᠡ᠎ᠪᠠᠷ ᠨᠡᠮᠡᠬᠦ ᠵᠢᠨ  ᠠᠷᠭ᠎ᠠ ᠥᠬᠡᠶ ᠪᠠᠶ᠋ᠢᠪᠠᠯ᠂  ᠰᠠᠭ᠋ᠠᠳ ᠥᠬᠡᠶ ᠨᠡᠪᠲᠡᠷᠡᠬᠦ ᠵᠠᠮ ᠨᠡᠭᠡᠭᠡᠵᠦ᠂  ᠭᠤᠶᠤᠴᠢᠯᠠᠨ ᠮᠡᠳᠡᠭᠦᠯᠬᠦ ᠶᠠᠪᠤᠴᠠ ᠵᠢ  ᠳᠥᠭᠦᠮᠴᠢᠯᠡᠨ᠎ᠡ᠃ 《ᠢᠨᠲ᠋ᠧᠷ ᠰᠦᠯᠵᠢᠶ᠎ᠡ +》 ᠡᠮᠴᠢᠯᠡᠭᠡᠨ᠎ᠤ ᠦᠢ᠍ᠯᠡᠴᠢᠯᠡᠭᠡ ᠵᠢᠨ ᠲᠥᠷᠥᠯ ᠵᠦᠢ᠍ᠯ᠎ᠳᠤ ᠣᠷᠣᠨ ᠪᠦᠰᠡ ᠵᠢᠨ ᠲᠥᠪ᠎ᠤᠨ ᠪᠠᠶ᠋ᠢᠭ᠎ᠠ ᠭᠠᠵᠠᠷ᠎ᠤᠨ ᠡᠮᠴᠢᠯᠡᠭᠡᠨ᠎ᠤ ᠦᠢ᠍ᠯᠡᠴᠢᠯᠡᠭᠡ ᠵᠢᠨ ᠦᠨ᠎ᠡ ᠪᠠ ᠡᠮᠴᠢᠯᠡᠭᠡᠨ᠎ᠤ ᠳᠠᠭ᠋ᠠᠳᠬᠠᠯ᠎ᠤᠨ ᠲᠥᠷᠥ ᠵᠢᠨ ᠪᠣᠳᠣᠯᠭ᠎ᠠ ᠵᠢ ᠬᠡᠷᠡᠭᠵᠢᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠂  ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ)

  (ᠲᠦᠷᠪᠡ) ᠦᠨ᠎ᠡ ᠵᠢ  ᠬᠢᠨᠠᠨ ᠬᠡᠮᠵᠢᠵᠦ ᠬᠢᠨᠠᠨ ᠰᠢᠯᠭ᠋ᠠᠬᠤ  ᠨᠢᠭᠲᠠ ᠴᠢᠩᠭ᠎ᠠ ᠥᠨᠳᠥᠷ ᠪᠦᠲᠦᠮᠵᠢᠲᠡᠢ ᠲᠣᠭᠲᠠᠴᠠ ᠵᠢ ᠪᠠᠢ᠌ᠭᠤᠯᠤᠨ᠎ᠠ

  1. ᠡᠮᠴᠢᠯᠡᠭᠡᠨ᠎ᠤ ᠦᠢ᠍ᠯᠡᠴᠢᠯᠡᠭᠡ ᠵᠢᠨ ᠦᠨ᠎ᠡ ᠵᠢᠨ ᠥᠭᠡᠷᠡᠴᠢᠯᠡᠯᠲᠡ ᠵᠢᠨ ᠭᠦᠢ᠍ᠴᠡᠳᠬᠡᠯ ᠲᠣᠭ᠋ᠠᠨ᠎ᠤ  ᠬᠢᠨᠠᠨ ᠬᠡᠮᠵᠢᠯᠲᠡ ᠵᠢ ᠴᠢᠩᠭ᠋ᠠᠳᠬᠠᠨ᠎ᠠ᠃  ᠡᠮᠴᠢᠯᠡᠭᠡᠨ᠎ᠤ ᠦᠢ᠍ᠯᠡᠴᠢᠯᠡᠭᠡ ᠵᠢᠨ ᠦᠨ᠎ᠡ ᠵᠢ ᠬᠢᠨᠠᠨ ᠰᠢᠨᠵᠢᠬᠦ ᠲᠣᠭᠲᠠᠯᠴᠠᠭ᠎ᠠ ᠵᠢ  ᠪᠠᠶ᠋ᠢᠭᠤᠯᠬᠤ᠎ᠪᠠᠷ ᠳᠠᠮᠵᠢᠭᠤᠯᠤᠨ᠂  ᠠᠯᠪᠠᠨ᠎ᠠᠴᠠ ᠪᠠᠶ᠋ᠢᠭᠤᠯᠤᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠠᠵᠢᠯᠯᠠᠭ᠋ᠠᠨ᠎ᠤ ᠪᠠᠶ᠋ᠢᠳᠠᠯ᠂  ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠥᠨ᠎ᠤ  ᠠᠵᠢᠯᠯᠠᠭ᠋ᠠᠨ᠎ᠤ ᠪᠠᠶ᠋ᠢᠳᠠᠯ᠂  ᠡᠪᠡᠳᠴᠢᠲᠡᠨ᠎ᠤ ᠡᠭᠦᠷᠭᠡᠯᠡᠬᠦ ᠴᠢᠳᠠᠪᠤᠷᠢ ᠵᠢᠨ ᠪᠠᠶ᠋ᠢᠳᠠᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠬᠢᠨᠠᠨ ᠰᠢᠨᠵᠢᠨ᠎ᠡ᠃  ᠬᠢᠨᠠᠨ ᠬᠡᠮᠵᠢᠭᠰᠡᠨ ᠦᠷ᠎ᠡ ᠳ᠋ᠦᠩ᠎ᠢ ᠦᠨᠳᠦᠰᠦᠯᠡᠨ᠂  ᠳᠡᠭᠡᠷ᠎ᠡ ᠵᠢᠯ᠎ᠤᠨ ᠦᠨ᠎ᠡ ᠲᠣᠬᠢᠷᠠᠭᠤᠯᠬᠤ ᠲᠥᠰᠦᠯ᠎ᠢ ᠲᠥᠰᠦᠭᠡᠯᠡᠨ ᠪᠣᠳᠣᠭᠰᠠᠨ ᠬᠡᠮᠵᠢᠭᠳᠡᠯ ᠬᠢᠭᠡᠳ ᠪᠣᠳᠠᠲᠠᠶ ᠠᠵᠢᠯᠯᠠᠭ᠋ᠠᠨ᠎ᠤ ᠵᠣᠬᠢᠴᠠᠯᠳᠤᠬᠤ ᠬᠡᠮᠵᠢᠶ᠎ᠡ ᠵᠢ ᠦᠨᠡᠯᠡᠨ ᠵᠢᠱ᠌ᠢᠵᠦ᠂  ᠳᠠᠷᠠᠭ᠎ᠠ ᠡᠭᠡᠯᠵᠢ ᠵᠢᠨ ᠦᠨ᠎ᠡ ᠲᠣᠬᠢᠷᠠᠭᠤᠯᠬᠤ ᠲᠥᠰᠦᠯ᠎ᠢ ᠲᠣᠭᠲᠠᠭ᠋ᠠᠬᠤ᠎ᠳᠤ ᠦᠨᠳᠦᠰᠦᠯᠡᠯ ᠬᠠᠩᠭ᠋ᠠᠨ᠎ᠠ᠃  ᠦᠨ᠎ᠡ ᠵᠢᠨ ᠵᠥᠷᠢᠴᠡᠯ ᠲᠣᠪᠣᠶ᠋ᠢᠮ᠎ᠠ᠂  ᠬᠠᠷᠢᠴᠠᠯ ᠦᠨ᠎ᠡ ᠵᠢᠨ ᠬᠠᠷᠢᠴᠠᠭ᠎ᠠ᠎ᠨᠢ ᠢᠯᠡᠷᠬᠡᠢ ᠵᠦᠢ ᠵᠣᠬᠢᠰ ᠦᠭᠡᠶ ᠲᠥᠷᠥᠯ ᠵᠦᠢ᠍ᠯ᠎ᠢ ᠦᠨ᠎ᠡ ᠲᠣᠬᠢᠷᠠᠭᠤᠯᠬᠤ ᠬᠡᠪᠴᠢᠶᠡᠨ᠎ᠳᠤ ᠡᠩ ᠲᠡᠷᠢᠭᠦᠨ᠎ᠳᠤ ᠣᠷᠤᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠂  ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂  ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ)

  2. ᠡᠮᠴᠢᠯᠡᠭᠡᠨ᠎ᠤ ᠦᠢ᠍ᠯᠡᠴᠢᠯᠡᠭᠡ ᠵᠢᠨ ᠦᠨ᠎ᠡ ᠵᠢᠨ ᠥᠭᠡᠷᠡᠴᠢᠯᠡᠯᠲᠡ ᠵᠢᠨ ᠦᠨᠡᠯᠡᠨ ᠵᠢᠱ᠌ᠢᠬᠦ ᠠᠵᠢᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠰᠠᠶ᠋ᠢᠲᠤᠷ ᠬᠢᠨ᠎ᠡ᠃  ᠪᠥᠬᠦ ᠣᠷᠣᠨ᠎ᠤ ᠡᠮᠴᠢᠯᠡᠭᠡᠨ᠎ᠤ ᠦᠢ᠍ᠯᠡᠴᠢᠯᠡᠭᠡ ᠵᠢᠨ ᠦᠨ᠎ᠡ ᠵᠢᠨ ᠶᠡᠷᠦᠩᠬᠡᠶ ᠬᠡᠮᠵᠢᠶ᠎ᠡ ᠵᠢ ᠳᠣᠭᠢᠷᠠᠭᠤᠯᠤᠨ ᠡᠵᠡᠮᠳᠡᠵᠦ ᠪᠠᠶ᠋ᠢᠭ᠎ᠠ ᠪᠠ ᠬᠥᠳᠡᠯᠦᠩᠭᠦᠶ᠎ᠪᠠᠷ ᠲᠣᠬᠢᠷᠠᠭᠤᠯᠤᠯᠲᠠ ᠬᠢᠵᠦ ᠬᠡᠷᠡᠭᠵᠢᠭᠦᠯᠵᠦ ᠪᠠᠶ᠋ᠢᠭ᠎ᠠ ᠪᠠᠶ᠋ᠢᠳᠠᠯ᠎ᠢ ᠪᠥᠬᠦ ᠲᠠᠯ᠎ᠠ᠎ᠪᠠᠷ ᠡᠵᠡᠮᠰᠢᠵᠦ᠂  ᠨᠡᠶ᠋ᠢᠳᠡᠮ ᠬᠡᠷᠡᠭᠯᠡᠬᠦ ᠬᠡᠯᠪᠡᠷᠢ ᠵᠢᠨ ᠲᠥᠷᠥᠯ ᠵᠦᠢ᠍ᠯ᠂  ᠪᠤᠳᠤᠯᠢᠶᠠᠨᠲᠤ  ᠬᠡᠯᠪᠡᠷᠢ ᠵᠢᠨ ᠲᠥᠷᠥᠯ ᠵᠦᠢ᠍ᠯ᠎ᠢ ᠲᠥᠷᠥᠯ ᠬᠤᠪᠢᠶᠠᠨ ᠲᠣᠭᠲᠠᠴᠠ ᠵᠢ ᠨᠠᠶ᠋ᠢᠳᠠᠪᠤᠷᠢᠵᠢᠭᠤᠯᠵᠤ ᠪᠠᠶ᠋ᠢᠭ᠎ᠠ ᠪᠠᠶ᠋ᠢᠳᠠᠯ᠎ᠢ ᠨᠢᠭᠲᠠ ᠮᠥᠷᠳᠡᠨ᠎ᠡ᠃  ᠲᠤᠭ᠎ᠠ ᠪᠠᠷᠢᠮᠲᠠ ᠵᠢᠨ ᠰᠢᠰᠲ᠋ᠧᠮ᠎ᠢ ᠨᠢᠭᠡᠳᠬᠡᠵᠦ᠂  ᠭᠤᠣᠯᠳᠠᠯᠭ᠎ᠠ ᠪᠣᠯᠬᠤ ᠭᠦᠢ᠍ᠴᠡᠳᠬᠡᠯ ᠲᠣᠭ᠋ᠠᠨ᠎ᠤ  ᠰᠠᠭᠤᠷᠢ ᠱᠤᠭᠤᠮ᠎ᠤᠨ ᠬᠢᠷᠢ ᠲᠦᠪᠰᠢᠨ᠎ᠢ ᠲᠣᠭᠲᠠᠭ᠋ᠠᠨ᠂  ᠠᠯᠪᠠᠨ᠎ᠠᠴᠠ ᠪᠠᠶ᠋ᠢᠭᠤᠯᠤᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠠᠵᠢᠯᠯᠠᠭ᠋ᠠᠨ᠂  ᠡᠪᠡᠳᠴᠢᠲᠡᠨ᠎ᠤ ᠳᠠᠷᠤᠭ᠋ᠠᠰᠤ ᠪᠠ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠥᠨ᠎ᠤ  ᠳᠠᠭ᠋ᠠᠭ᠋ᠠᠬᠤ ᠴᠢᠳᠠᠪᠤᠷᠢ ᠵᠡᠷᠭᠡ᠎ᠳᠤ ᠦᠵᠡᠭᠦᠯᠬᠦ ᠦᠨ᠎ᠡ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠦᠨᠡᠯᠡᠨ ᠵᠢᠱ᠌ᠢᠵᠦ᠂  ᠨᠢᠭᠡᠳᠦᠯᠲᠡᠶ ᠲᠥᠯᠥᠪᠯᠡᠬᠦ ᠣᠷᠣᠨ ᠪᠦᠰᠡ ᠵᠢᠨ ᠬᠤᠭᠤᠷᠣᠨᠳᠤ᠂  ᠰᠢᠨᠵᠢᠯᠡᠭᠡᠨ᠎ᠤ ᠰᠠᠯᠠᠭ᠎ᠠ ᠵᠢᠨ ᠬᠤᠭᠤᠷᠣᠨᠳᠤᠬᠢ ᠬᠠᠷᠢᠴᠠᠭᠤᠯᠤᠯ ᠦᠨ᠎ᠡ ᠵᠢᠨ ᠬᠠᠷᠢᠴᠠᠭ᠎ᠠ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠦᠨᠡᠯᠡᠨ ᠵᠢᠱ᠌ᠢᠨ᠎ᠡ᠃  ᠦᠨᠡᠯᠡᠨ ᠵᠢᠱ᠌ᠢᠭᠰᠡᠨ ᠦᠷ᠎ᠡ ᠪᠦᠲᠦᠭᠡᠯ᠎ᠢ ᠰᠢᠨᠵᠢᠯᠡᠬᠦ ᠤᠬᠠᠭ᠋ᠠᠨᠴᠢ᠎ᠪᠠᠷ ᠬᠡᠷᠡᠭᠯᠡᠵᠦ᠂  ᠡᠮᠴᠢᠯᠡᠭᠡᠨ᠎ᠤ ᠦᠢ᠍ᠯᠡᠴᠢᠯᠡᠭᠡ ᠵᠢᠨ ᠦᠨ᠎ᠡ ᠵᠢ ᠲᠣᠭᠲᠠᠭ᠋ᠠᠬᠤ ᠪᠠ ᠲᠣᠬᠢᠷᠠᠭᠤᠯᠬᠤ᠎ᠲᠠᠢ ᠬᠤᠯᠪᠣᠭᠳᠠᠭᠤᠯᠵᠤ᠂  ᠡᠮᠴᠢᠯᠡᠭᠡᠨ᠎ᠤ ᠦᠢ᠍ᠯᠡᠴᠢᠯᠡᠭᠡ ᠵᠢᠨ ᠦᠨ᠎ᠡ ᠵᠢᠨ ᠲᠣᠭᠲᠠᠴᠠ ᠵᠢ ᠲᠣᠭᠲᠠᠭᠤᠨ ᠪᠥᠭᠡᠳ ᠥᠨᠳᠥᠷ ᠪᠦᠲᠦᠮᠵᠢᠲᠡᠶ ᠠᠵᠢᠯᠯᠠᠭᠤᠯᠬᠤ᠎ᠳᠤ  ᠲᠤᠯᠭ᠋ᠠᠭᠤᠷᠢᠯᠠᠨ᠎ᠠ᠃ (ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠂  ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂  ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂  ᠲᠤᠭ᠎ᠠ ᠪᠦᠷᠢᠳᠬᠡᠯ᠎ᠤᠨ ᠲᠣᠪᠴᠢᠶ᠎ᠠ)

  3. ᠠᠯᠪᠠᠨ᠎ᠠᠴᠠ ᠪᠠᠶ᠋ᠢᠭᠤᠯᠤᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠦᠨ᠎ᠡ ᠵᠢᠨ ᠬᠠᠷᠢᠭᠤᠴᠠᠯᠭ᠎ᠠ ᠵᠢ ᠬᠢᠨᠠᠨ ᠰᠢᠯᠭ᠋ᠠᠬᠤ ᠳᠦᠷᠢᠮ᠎ᠢ ᠪᠠᠶ᠋ᠢᠭᠤᠯᠤᠨ᠎ᠠ᠃  ᠠᠯᠪᠠᠨ᠎ᠠᠴᠠ ᠪᠠᠶ᠋ᠢᠭᠤᠯᠤᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠡᠮᠴᠢᠯᠡᠭᠡᠨ᠎ᠤ ᠦᠢ᠍ᠯᠡᠴᠢᠯᠡᠭᠡ ᠵᠢᠨ ᠦᠨ᠎ᠡ ᠵᠢᠨ ᠭᠣᠤᠯ ᠴᠣᠭᠴᠠ ᠵᠢᠨ ᠬᠠᠷᠢᠭᠤᠴᠠᠯᠭ᠎ᠠ ᠵᠢ ᠰᠢᠯᠭ᠋ᠠᠨ ᠬᠢᠨᠠᠬᠤ ᠠᠷᠭ᠎ᠠ ᠵᠢ ᠲᠣᠭᠲᠠᠭ᠋ᠠᠨ᠎ᠠ᠃  ᠠᠯᠪᠠᠨ᠎ᠠᠴᠠ ᠪᠠᠶ᠋ᠢᠭᠤᠯᠤᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠳᠣᠲᠣᠭ᠋ᠠᠳᠤ ᠵᠢᠨ ᠦᠨ᠎ᠡ ᠵᠢᠨ ᠬᠠᠮᠢᠶᠠᠷᠤᠯᠲᠠ ᠪᠠ ᠦᠨ᠎ᠡ ᠲᠣᠭᠲᠠᠭ᠋ᠠᠭᠰᠠᠨ ᠦᠨᠡᠨ ᠪᠣᠳᠠᠲᠤ ᠴᠢᠨᠠᠷ᠂  ᠲᠣᠭᠲᠠᠭ᠋ᠠᠯ᠎ᠳᠤ ᠨᠡᠶ᠋ᠢᠴᠡᠬᠦ ᠴᠢᠨᠠᠷ᠎ᠢ ᠪᠠᠶ᠋ᠢᠴᠠᠭ᠋ᠠᠵᠤ᠂  ᠠᠯᠪᠠᠨ᠎ᠠᠴᠠ ᠪᠠᠶ᠋ᠢᠭᠤᠯᠤᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠡᠮᠴᠢᠯᠡᠭᠡᠨ᠎ᠤ ᠦᠢ᠍ᠯᠡᠴᠢᠯᠡᠭᠡ ᠵᠢᠨ ᠦᠨ᠎ᠡ ᠵᠢᠨ ᠬᠡᠷᠡᠭᠵᠢᠭᠦᠯᠦᠭᠰᠡᠨ ᠪᠠᠶ᠋ᠢᠳᠠᠯ᠎ᠢ ᠪᠠᠶ᠋ᠢᠴᠠᠭ᠋ᠠᠵᠤ᠂  ᠠᠯᠪᠠᠨ᠎ᠠᠴᠠ ᠪᠠᠶ᠋ᠢᠭᠤᠯᠤᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠥᠭᠡᠷᠡᠴᠢᠯᠡᠯᠲᠡ ᠵᠢᠨ ᠡᠭᠦᠷᠭᠡ ᠵᠢ ᠨᠠᠶ᠋ᠢᠳᠠᠪᠤᠷᠢᠵᠢᠭᠤᠯᠤᠭᠰᠠᠨ᠂  ᠦᠨ᠎ᠡ ᠵᠢᠨ ᠲᠥᠷᠥ ᠵᠢᠨ ᠪᠣᠳᠣᠯᠭ᠎ᠠ ᠵᠢ ᠬᠡᠷᠡᠭᠵᠢᠭᠦᠯᠦᠭᠰᠡᠨ᠂  ᠣᠷᠣᠯᠭ᠎ᠠ ᠵᠢᠨ ᠪᠦᠲᠦᠴᠡ ᠵᠢ ᠰᠢᠯᠢᠳᠡᠭᠵᠢᠭᠦᠯᠦᠭᠰᠡᠨ᠂  ᠦᠢ᠍ᠯᠡᠴᠢᠯᠡᠭᠡᠨ᠎ᠤ ᠦᠢ᠍ᠯᠡ ᠠᠵᠢᠯᠯᠠᠭ᠎ᠠ ᠵᠢ ᠵᠢᠷᠤᠮᠵᠢᠭᠤᠯᠤᠭᠰᠠᠨ ᠵᠡᠷᠭᠡ ᠪᠠᠶ᠋ᠢᠳᠠᠯ᠎ᠢ ᠰᠢᠯᠭ᠋ᠠᠨ ᠬᠢᠨᠠᠨ᠎ᠠ᠃  ᠪᠠᠶ᠋ᠢᠴᠠᠭ᠋ᠠᠭᠰᠠᠨ ᠪᠠ ᠰᠢᠯᠭ᠋ᠠᠨ ᠬᠢᠨᠠᠭᠰᠠᠨ  ᠳ᠋ᠦᠩ᠎ᠢ ᠠᠯᠪᠠᠨ᠎ᠠᠴᠠ ᠪᠠᠶ᠋ᠢᠭᠤᠯᠤᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠡᠮᠴᠢᠯᠡᠭᠡᠨ᠎ᠤ ᠦᠢ᠍ᠯᠡᠴᠢᠯᠡᠭᠡ ᠵᠢᠨ ᠦᠨ᠎ᠡ ᠵᠢ ᠲᠣᠬᠢᠷᠠᠭᠤᠯᠬᠤ᠂  ᠡᠳ᠋᠎ᠤᠨ ᠵᠠᠰᠠᠭ᠎ᠤᠨ ᠲᠤᠰᠠᠯᠠᠮᠵᠢ ᠥᠭᠬᠦ᠂  ᠢᠲᠡᠭᠡᠮᠵᠢ ᠵᠢᠨ ᠦᠨᠡᠯᠡᠯᠲᠡ ᠬᠢᠬᠦ᠂  ᠰᠠᠭᠤᠷᠢ ᠮᠥᠩᠭᠥ ᠵᠢ ᠬᠢᠨᠠᠨ ᠬᠠᠮᠢᠶᠠᠷᠬᠤ ᠵᠡᠷᠭᠡ᠎ᠯᠦᠭᠡ ᠬᠣᠯᠪᠣᠭᠳᠠᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ  ᠪᠠᠳᠤᠯᠠᠭ᠎ᠠ ᠵᠢᠨ ᠲᠣᠪᠴᠢᠶ᠎ᠠ᠂  ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂  ᠡᠳ᠋᠎ᠤᠨ ᠵᠠᠰᠠᠭ᠎ᠤᠨ ᠲᠢᠩᠬᠢᠮ᠂  ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ)

  (ᠲᠠᠪᠤ) ᠬᠠᠷᠠᠯᠲᠠ᠎ᠪᠠᠷ ᠤᠳᠤᠷᠢᠳᠤᠮᠵᠢ ᠪᠤᠯᠭ᠋ᠠᠭᠰᠠᠨ ᠦᠨ᠎ᠡ ᠵᠢᠨ ᠲᠦᠷᠦᠯ ᠵᠦᠢ᠍ᠯ᠎ᠤᠨ ᠬᠠᠮᠢᠶᠠᠷᠤᠯᠲᠠ ᠵᠢᠨ ᠲᠤᠭᠲᠠᠴᠠ ᠵᠢ ᠪᠠᠶ᠋ᠢᠭᠤᠯᠤᠨ᠎ᠠ

  1. ᠨᠢᠭᠡᠳᠦᠯᠲᠡᠶ ᠦᠨ᠎ᠡ ᠵᠢᠨ ᠲᠥᠷᠥᠯ ᠵᠦᠢ᠍ᠯ᠎ᠢ ᠴᠢᠩᠭ᠎ᠠ ᠬᠡᠷᠡᠭᠵᠢᠭᠦᠯᠦᠨ᠎ᠡ᠃  ᠦᠢ᠍ᠯᠡᠴᠢᠯᠡᠭᠡᠨ᠎ᠤ ᠭᠠᠷᠭ᠋ᠠᠯᠲᠠ᠎ᠪᠠᠷ ᠤᠳᠤᠷᠢᠳᠤᠮᠵᠢ ᠪᠣᠯᠭ᠋ᠠᠬᠤ ᠵᠠᠷᠴᠢᠮ᠎ᠢ ᠪᠠᠷᠢᠮᠲᠠᠯᠠᠨ᠂  ᠤᠯᠤᠰ᠎ᠤᠨ ᠡᠮᠴᠢᠯᠡᠭᠡᠨ᠎ᠤ ᠦᠢ᠍ᠯᠡᠴᠢᠯᠡᠭᠡ ᠵᠢᠨ ᠦᠨ᠎ᠡ ᠵᠢᠨ ᠲᠥᠷᠥᠯ ᠵᠦᠢ᠍ᠯ ᠲᠣᠭᠲᠠᠭ᠋ᠠᠬᠤ ᠵᠦᠭᠯᠡᠭᠦᠷ ᠵᠢᠴᠢ ᠮᠡᠳᠡᠭᠡ ᠵᠠᠩᠭᠢ ᠵᠢᠨ ᠲᠤᠬᠠᠶ᠋ᠢᠯᠠᠭᠰᠠᠨ ᠠᠵᠢᠯ᠎ᠤᠨ ᠳ᠋ᠤᠭ᠋ᠠᠷᠯᠠᠬᠤ ᠪᠠᠷᠢᠮᠵᠢᠶ᠎ᠠ ᠵᠢ ᠴᠢᠩᠭ᠎ᠠ ᠬᠡᠷᠡᠭᠵᠢᠭᠦᠯᠵᠦ᠂  ᠣᠳᠣ ᠵᠢᠨ ᠬᠡᠷᠡᠭᠵᠢᠭᠦᠯᠵᠦ ᠪᠠᠶ᠋ᠢᠭ᠎ᠠ ᠡᠮᠴᠢᠯᠡᠭᠡᠨ᠎ᠤ ᠦᠢ᠍ᠯᠡᠴᠢᠯᠡᠭᠡ ᠵᠢᠨ ᠦᠨ᠎ᠡ ᠵᠢᠨ ᠲᠥᠷᠥᠯ ᠵᠦᠢ᠍ᠯ᠎ᠤᠨ ᠵᠢᠷᠤᠮᠵᠢᠯ᠎ᠢ ᠲᠥᠷᠥᠯ ᠬᠤᠪᠢᠶᠠᠨ ᠡᠮᠬᠢᠯᠡᠨ ᠨᠡᠶ᠋ᠢᠯᠡᠭᠦᠯᠵᠦ ᠲᠡᠭᠦᠯᠳᠡᠷᠵᠢᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠂  ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂  ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ)

  2. ᠰᠢᠨ᠎ᠡ᠎ᠪᠠᠷ ᠨᠡᠮᠡᠭᠳᠡᠭᠦᠯᠬᠦ ᠡᠮᠴᠢᠯᠡᠭᠡᠨ᠎ᠤ ᠦᠢ᠍ᠯᠡᠴᠢᠯᠡᠭᠡ ᠵᠢᠨ ᠲᠥᠷᠥᠯ ᠵᠦᠢ᠍ᠯ᠎ᠤᠨ ᠬᠠᠮᠢᠶᠠᠷᠤᠯᠲᠠ ᠵᠢ ᠰᠢᠯᠢᠳᠡᠭᠵᠢᠭᠦᠯᠦᠨ᠎ᠡ᠃  ᠠᠯᠪᠠᠨ᠎ᠠᠴᠠ ᠪᠠᠶ᠋ᠢᠭᠤᠯᠤᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠭᠤᠶᠤᠴᠢᠯᠠᠨ ᠮᠡᠳᠡᠭᠦᠯᠦᠭᠰᠡᠨ ᠡᠮᠴᠢᠯᠡᠭᠡᠨ᠎ᠤ ᠦᠢ᠍ᠯᠡᠴᠢᠯᠡᠭᠡ ᠵᠢᠨ ᠲᠥᠷᠥᠯ ᠵᠦᠢ᠍ᠯ᠎ᠳᠤ᠂  ᠮᠡᠷᠭᠡᠵᠢᠯ᠎ᠤᠨ ᠵᠢᠷᠤᠮᠵᠢᠯ ᠪᠠ ᠦᠨ᠎ᠡ ᠵᠢᠨ ᠵᠢᠷᠤᠮᠵᠢᠯ᠎ᠲᠠᠢ ᠵᠣᠬᠢᠴᠠᠯᠳᠤᠨ ᠬᠠᠮᠵᠢᠯᠴᠠᠬᠤ ᠵᠢ ᠴᠢᠩᠭ᠋ᠠᠳᠬᠠᠨ᠂  ᠬᠦᠯᠢᠶᠡᠨ ᠠᠪᠴᠤ ᠰᠢᠢ᠍ᠳᠪᠦᠷᠢᠯᠡᠬᠦ ᠶᠠᠪᠤᠴᠠ ᠵᠢ  ᠳᠥᠭᠥᠮᠴᠢᠯᠡᠵᠦ᠂  ᠬᠦᠯᠢᠶᠡᠨ ᠠᠪᠴᠤ ᠰᠢᠢ᠍ᠳᠪᠦᠷᠢᠯᠡᠬᠦ  ᠠᠬᠢᠴᠠ ᠵᠢ ᠲᠦᠷᠭᠡᠳᠬᠡᠨ᠂  ᠡᠮᠴᠢᠯᠡᠭᠡᠨ᠎ᠤ ᠮᠡᠷᠭᠡᠵᠢᠯ᠎ᠤᠨ ᠰᠢᠨ᠎ᠡ ᠵᠢ ᠡᠭᠦᠳᠦᠨ ᠬᠥᠭᠵᠢᠬᠦ ᠪᠠ ᠡᠮᠴᠢᠯᠡᠭᠡᠨ᠎ᠤ ᠬᠡᠷᠡᠭᠯᠡᠯᠲᠡ ᠵᠢ ᠠᠬᠢᠭᠤᠯᠤᠨ᠎ᠠ᠃  ᠡᠩ ᠲᠡᠷᠢᠭᠦᠨ᠎ᠳᠤ ᠣᠲᠣ ᠵᠢᠨ ᠪᠠᠶ᠋ᠢᠭ᠎ᠠ ᠦᠨ᠎ᠡ ᠵᠢᠨ ᠲᠥᠷᠥᠯ ᠵᠦᠢ᠍ᠯ᠎ᠤᠨ ᠵᠣᠬᠢᠴᠠᠭᠤᠯᠭ᠎ᠠ ᠵᠢᠨ ᠠᠷᠭ᠎ᠠ ᠮᠠᠶᠢᠭ ᠵᠶ᠋ᠠᠷ ᠳᠠᠮᠵᠢᠭᠤᠯᠤᠨ ᠰᠢᠨ᠎ᠡ ᠵᠢ ᠡᠭᠦᠳᠬᠦ ᠵᠢ ᠳᠡᠮᠵᠢᠵᠦ᠂  ᠡᠮᠴᠢᠯᠡᠭᠡᠨ᠎ᠤ ᠪᠠᠶ᠋ᠢᠭᠤᠯᠤᠮᠵᠢ ᠵᠢᠨ ᠵᠦᠶ ᠵᠣᠬᠢᠰᠲᠠᠶ ᠰᠦᠢ᠍ᠳᠭᠡᠯ ᠬᠤᠷᠢᠶᠠᠬᠤ ᠬᠡᠷᠡᠭᠴᠡᠭᠡ ᠱᠠᠭ᠋ᠠᠷᠳᠠᠯᠭ᠎ᠠ᠎ᠳᠤ ᠲᠦᠷᠭᠡᠨ ᠬᠠᠷᠢᠭᠤᠯᠲᠠ ᠥᠭᠭᠦᠨ᠎ᠡ᠃  ᠡᠬᠢ ᠪᠠᠶᠠᠯᠢᠭ᠎ᠤᠨ ᠬᠣᠷᠣᠭᠳᠠᠯ ᠵᠶ᠋ᠠᠷ ᠶᠡᠬᠡ᠂  ᠦᠨ᠎ᠡ ᠵᠢᠨ ᠵᠢᠱ᠌ᠢᠯᠲᠡ᠎ᠪᠠᠷ ᠥᠨᠳᠥᠷ  ᠰᠢᠨ᠎ᠡ᠎ᠪᠠᠷ ᠨᠡᠮᠡᠭᠰᠡᠨ  ᠦᠨ᠎ᠡ ᠵᠢᠨ ᠲᠥᠷᠥᠯ ᠵᠦᠢ᠍ᠯ᠎ᠳᠤ ᠰᠢᠨ᠎ᠡ ᠵᠢ ᠡᠭᠦᠳᠬᠦ ᠴᠢᠨᠠᠷᠲᠠᠶ᠂  ᠠᠵᠤ ᠠᠬᠤᠶ ᠵᠢᠨ ᠴᠢᠨᠠᠷᠲᠠᠶ ᠦᠨᠡᠯᠡᠯᠲᠡ ᠵᠢ ᠥᠷᠨᠢᠭᠦᠯᠦᠨ᠎ᠡ᠃  ᠬᠦᠨᠳᠦ ᠡᠪᠡᠳᠴᠢᠨ᠎ᠢ ᠣᠨᠣᠰᠢᠯᠠᠨ ᠡᠮᠨᠡᠬᠦ ᠲᠥᠰᠦᠯ᠎ᠢ ᠰᠢᠯᠢᠳᠡᠭᠵᠢᠭᠦᠯᠬᠦ ᠪᠤᠶᠤ ᠣᠨᠣᠰᠢᠯᠠᠨ ᠡᠮᠨᠡᠬᠦ ᠬᠣᠭᠣᠰᠣᠨ᠎ᠢ ᠨᠥᠬᠥᠪᠥᠷᠢᠯᠡᠬᠦ ᠰᠢᠨ᠎ᠡ ᠵᠢ ᠡᠭᠦᠳᠬᠦ ᠲᠥᠷᠥᠯ ᠵᠦᠢ᠍ᠯ᠎ᠳᠤ ᠰᠠᠭ᠋ᠠᠳ ᠦᠭᠡᠶ ᠨᠡᠪᠲᠡᠷᠡᠬᠦ ᠵᠠᠮ᠎ᠢ ᠨᠡᠬᠡᠬᠡᠨ᠎ᠡ᠃  ᠰᠢᠨ᠎ᠡ᠎ᠪᠠᠷ ᠨᠡᠮᠡᠭᠰᠡᠨ  ᠲᠥᠷᠥᠯ ᠵᠦᠢ᠍ᠯ᠎ᠤᠨ ᠲᠤᠷᠰᠢᠨ ᠬᠡᠷᠡᠭᠵᠢᠭᠦᠯᠬᠦ ᠬᠤᠭᠤᠴᠠᠭ᠎ᠠ᠎ᠨᠢ ᠲᠤᠯᠤᠭᠰᠠᠨ᠎ᠤ  ᠳᠠᠷᠠᠭ᠎ᠠ᠂  ᠶᠡᠷᠦᠩᠬᠡᠶ᠋ᠢᠯᠡᠨ ᠦᠨᠡᠯᠡᠨ ᠵᠢᠱ᠌ᠢᠬᠦ᠎ᠪᠠᠷ ᠳᠡᠮᠵᠢᠨ᠂  ᠨᠥᠬᠦᠴᠡᠯ᠎ᠳᠤ ᠨᠡᠶ᠋ᠢᠴᠡᠬᠦ ᠰᠢᠨ᠎ᠡ᠎ᠪᠠᠷ ᠨᠡᠮᠡᠭᠰᠡᠨ  ᠲᠥᠷᠥᠯ ᠵᠦᠢ᠍ᠯ᠎ᠢ ᠴᠠᠭ ᠲᠤᠬᠠᠶ᠎ᠳᠤ᠎ᠨᠢ ᠨᠡᠶ᠋ᠢᠳᠡᠮ ᠬᠡᠷᠡᠭᠯᠡᠭᠡᠨ᠎ᠤ ᠬᠡᠯᠪᠡᠷᠢ ᠵᠢᠨ ᠲᠥᠷᠥᠯ ᠵᠦᠢ᠍ᠯ ᠪᠤᠶᠤ ᠬᠤᠯᠢᠮᠠᠭ ᠬᠡᠯᠪᠡᠷᠢ ᠵᠢᠨ ᠲᠥᠷᠥᠯ ᠵᠦᠢ᠍ᠯ᠎ᠤᠨ ᠬᠠᠮᠢᠶᠠᠷᠤᠯᠲᠠ᠎ᠳᠤ ᠣᠷᠣᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠂  ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂  ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ)

  3. 《ᠮᠡᠷᠭᠡᠵᠢᠯ᠎ᠤᠨ ᠬᠣᠷᠣᠭᠳᠠᠯ᠎ᠢ ᠰᠠᠯᠭ᠋ᠠᠬᠤ》 ᠠᠵᠢᠯ᠎ᠢ ᠰᠦᠪᠡᠭᠴᠢᠯᠡᠨ ᠠᠬᠢᠭᠤᠯᠤᠨ᠎ᠠ᠃  ᠲᠥᠪᠯᠡᠷᠡᠭᠦᠯᠦᠨ ᠬᠤᠳᠠᠯᠳᠤᠨ ᠠᠪᠬᠤ᠂  ᠬᠡᠯᠡᠯᠴᠡᠭᠡ ᠬᠢᠵᠦ ᠦᠨ᠎ᠡ ᠵᠥᠪᠯᠡᠬᠦ ᠵᠡᠷᠭᠡ ᠠᠷᠭ᠎ᠠ ᠮᠠᠶᠢᠭ᠎ᠢ ᠠᠪᠴᠤ᠂  ᠡᠮᠴᠢᠯᠡᠭᠡᠨ᠎ᠳᠤ ᠬᠡᠷᠡᠭᠯᠡᠬᠦ ᠬᠡᠮᠵᠢᠶ᠎ᠡ᠎ᠪᠠᠷ ᠶᠡᠭᠡ᠂  ᠦᠨ᠎ᠡ᠎ᠨᠢ ᠬᠡᠶ᠋ᠢᠰᠪᠦᠷᠢ ᠥᠨᠳᠥᠷ᠂  ᠵᠥᠷᠢᠴᠡᠯ ᠵᠶ᠋ᠠᠷ ᠲᠣᠪᠤᠶ᠋ᠢᠮ᠎ᠠ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠬᠤᠳᠠᠯᠳᠤᠨ ᠠᠪᠬᠤ ᠦᠨ᠎ᠡ ᠵᠢ ᠪᠠᠭᠤᠷᠠᠭᠤᠯᠵᠤ᠂  ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠤᠨ ᠡᠮᠴᠢᠯᠡᠭᠡᠨ᠎ᠤ ᠦᠢ᠍ᠯᠡᠴᠢᠯᠡᠭᠡ ᠵᠢᠨ ᠲᠥᠷᠥᠯ ᠵᠦᠢ᠍ᠯ᠎ᠤᠨ ᠦᠨ᠎ᠡ᠎ᠳᠠᠬᠢ ᠡᠵᠡᠯᠡᠬᠦ ᠬᠠᠷᠢᠴᠠᠯ᠎ᠢ ᠤᠯᠠᠮ ᠨᠢᠭᠡ ᠠᠯᠬᠤᠮ ᠪᠠᠭᠤᠷᠠᠭᠤᠯᠤᠨ᠂  ᠬᠡᠰᠡᠭ ᠰᠢᠯᠭ᠋ᠠᠨ ᠪᠠᠶ᠋ᠢᠴᠠᠭ᠋ᠠᠬᠤ᠂  ᠪᠠᠶ᠋ᠢᠴᠠᠭ᠋ᠠᠬᠤ᠂  ᠮᠡᠰᠡ ᠵᠠᠰᠠᠯ ᠬᠢᠬᠦ ᠪᠠ ᠡᠮᠨᠡᠨ ᠵᠠᠰᠠᠬᠤ ᠲᠥᠷᠥᠯ ᠵᠦᠢ᠍ᠯ᠎ᠤᠨ 《ᠮᠡᠷᠭᠡᠵᠢᠯ᠎ᠤᠨ ᠬᠤᠷᠣᠭᠳᠠᠯ᠎ᠢ ᠰᠠᠯᠭ᠋ᠠᠬᠤ》 ᠵᠢ ᠰᠦᠪᠡᠭᠴᠢᠯᠡᠵᠦ᠂  ᠡᠪᠡᠳᠴᠢᠲᠡᠨ᠎ᠤ ᠡᠪᠡᠳᠴᠢᠨ ᠦᠵᠡᠭᠦᠯᠬᠦ ᠳᠠᠷᠤᠭ᠋ᠠᠰᠤ ᠵᠢ ᠬᠥᠩᠭᠡᠷᠡᠭᠦᠯᠵᠦ᠂  ᠮᠡᠷᠭᠡᠵᠢᠯ ᠬᠥᠳᠡᠯᠮᠦᠷᠢ ᠦᠢ᠍ᠯᠡᠴᠢᠯᠡᠭᠡᠨ᠎ᠤ ᠦᠨ᠎ᠡ ᠥᠷᠲᠡᠭ᠎ᠢ ᠤᠯᠠᠮ ᠨᠢᠭᠡ ᠠᠯᠬᠤᠮ ᠢᠯᠡᠷᠡᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠂  ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂  ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ)

   ᠭᠤᠷᠪᠠ᠂  ᠠᠵᠢᠯ᠎ᠤᠨ ᠠᠷᠭ᠎ᠠ ᠬᠡᠮᠵᠢᠶ᠎ᠡ

  (ᠨᠢᠭᠡ) ᠦᠨ᠎ᠡ ᠵᠢᠨ ᠬᠠᠮᠢᠶᠠᠷᠤᠯᠲᠠ ᠵᠢᠨ ᠲᠤᠯᠭ᠋ᠠᠭᠤᠷᠢᠯᠠᠬᠤ ᠲᠣᠭᠲᠠᠯᠴᠠᠭ᠎ᠠ ᠵᠢ  ᠲᠡᠭᠦᠯᠳᠡᠷᠵᠢᠭᠦᠯᠦᠨ᠎ᠡ

  1. ᠦᠨ᠎ᠡ ᠵᠢᠨ ᠬᠠᠮᠢᠶᠠᠷᠤᠯᠲᠠ ᠵᠢᠨ ᠡᠷᠬᠡ ᠮᠡᠳᠡᠯ᠎ᠢ ᠲᠣᠳᠣᠷᠬᠠᠶ᠋ᠢᠯᠠᠨ᠎ᠠ᠃  ᠥᠪᠡᠷᠲᠡᠭᠡᠨ ᠵᠠᠰᠠᠬᠤ ᠣᠷᠣᠨ᠎ᠠᠴᠠ ᠰᠢᠯᠵᠢᠭᠦᠯᠦᠨ ᠲᠣᠬᠢᠷᠠᠭᠤᠯᠬᠤ ᠲᠥᠷᠥᠯ ᠵᠦᠢ᠍ᠯ᠎ᠤᠨ ᠬᠡᠪᠴᠢᠶ᠎ᠡ ᠵᠢ ᠨᠢᠭᠡᠳᠦᠯᠲᠡᠶ ᠰᠢᠯᠢᠨ ᠰᠣᠩᠭᠣᠵᠤ᠂  ᠦᠨ᠎ᠡ ᠵᠢᠨ ᠰᠠᠭᠤᠷᠢ ᠪᠠᠷᠢᠮᠵᠢᠶ᠎ᠠ ᠪᠠ  ᠬᠥᠳᠡᠯᠦᠩᠭᠦᠶ ᠬᠡᠮᠵᠢᠶ᠎ᠡ ᠵᠢ ᠲᠣᠭᠲᠠᠭ᠋ᠠᠨ᠂  ᠡᠯ᠎ᠡ ᠠᠶ᠋ᠢᠮᠠᠭ ᠬᠣᠲᠠ᠎ᠨᠢ ᠲᠤᠰ ᠭᠠᠵᠠᠷ ᠣᠷᠣᠨ᠎ᠤ ᠠᠵᠤ ᠠᠬᠤᠶ ᠵᠢᠨ ᠬᠥᠭᠵᠢᠯᠲᠡ᠂  ᠡᠮᠴᠢᠯᠡᠭᠡᠨ᠎ᠤ  ᠳᠠᠭ᠋ᠠᠳᠬᠠᠯ᠎ᠤᠨ ᠰᠠᠭᠤᠷᠢ ᠮᠥᠩᠭᠥ᠂  ᠡᠮᠴᠢᠯᠡᠭᠡᠨ᠎ᠤ  ᠬᠢᠷᠢ ᠬᠡᠮᠵᠢᠶ᠎ᠡ ᠵᠡᠷᠭᠡ ᠭᠦᠢ᠍ᠴᠡᠳᠬᠡᠯ ᠲᠣᠭ᠎ᠠ᠎ᠲᠠᠢ ᠤᠶᠠᠯᠳᠤᠭᠤᠯᠤᠨ᠂  ᠲᠣᠬᠢᠷᠠᠭᠤᠯᠤᠨ ᠰᠢᠯᠵᠢᠭᠦᠯᠬᠦ ᠲᠥᠷᠥᠯ ᠵᠦᠢ᠍ᠯ ᠵᠢᠴᠢ  ᠦᠨ᠎ᠡ ᠵᠢ ᠲᠣᠭᠲᠠᠭ᠋ᠠᠨ᠎ᠠ᠃ (ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠂  ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ)

  2. ᠦᠨ᠎ᠡ ᠲᠣᠬᠢᠷᠠᠭᠤᠯᠬᠤ ᠳᠦᠷᠢᠮ᠎ᠤᠨ  ᠳᠠᠷᠠᠭ᠋ᠠᠯᠠᠯ᠎ᠢ ᠲᠡᠭᠦᠯᠳᠡᠷᠵᠢᠭᠦᠯᠦᠨ᠎ᠡ᠃  ᠵᠠᠷᠴᠢᠮ ᠳᠡᠭᠡᠷ᠎ᠡ᠎ᠪᠠᠨ ᠭᠤᠷᠪᠠᠨ ᠱᠠᠲᠤᠨ᠎ᠤ ᠠᠯᠪᠠᠨ᠎ᠠᠴᠠ ᠪᠠᠶ᠋ᠢᠭᠤᠯᠤᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠦᠨ᠎ᠡ᠎ᠪᠠᠷ ᠰᠠᠭᠤᠷᠢ ᠪᠠᠷᠢᠮᠵᠢᠶ᠎ᠠ ᠪᠣᠯᠭ᠋ᠠᠨ ᠱᠠᠲᠤ ᠬᠤᠪᠢᠶᠠᠨ ᠦᠨ᠎ᠡ ᠲᠣᠭᠲᠠᠭ᠋ᠠᠬᠤ ᠵᠢ ᠬᠡᠷᠡᠭᠵᠢᠭᠦᠯᠵᠦ᠂  ᠭᠤᠷᠪᠠᠳᠤᠭ᠋ᠠᠷ ᠳᠡᠰ᠂  ᠬᠣᠶᠠᠳᠤᠭ᠋ᠠᠷ ᠳᠡᠰ᠂  ᠨᠢᠭᠡᠳᠦᠭᠡᠷ ᠲᠠᠰ᠎ᠤᠨ ᠡᠮᠴᠢᠯᠡᠭᠡᠨ᠎ᠤ ᠪᠠᠶ᠋ᠢᠭᠤᠯᠤᠮᠵᠢ ᠵᠢᠨ ᠬᠣᠭᠣᠷᠣᠨᠳᠣᠬᠢ ᠦᠨ᠎ᠡ ᠵᠢᠨ ᠱᠠᠲᠤᠯᠢᠭ ᠵᠥᠷᠢᠶ᠎ᠡ ᠵᠢ 10% ᠣᠷᠴᠢᠮ ᠵᠶ᠋ᠠᠷ ᠡᠵᠡᠮᠳᠡᠨ᠎ᠡ᠃  ᠡᠮᠴᠢᠯᠡᠭᠡᠨ᠎ᠤ ᠦᠢ᠍ᠯᠡᠴᠢᠯᠡᠭᠡ ᠵᠢᠨ ᠦᠨ᠎ᠡ ᠵᠢᠨ ᠴᠢᠬᠤᠯᠠ ᠵᠦᠢ᠍ᠯᠡᠰ᠎ᠢ ᠮᠡᠳᠡᠭᠦᠯᠬᠦ ᠳᠦᠷᠢᠮ᠎ᠢ ᠴᠢᠩᠭ᠎ᠠ ᠨᠠᠶ᠋ᠢᠳᠠᠪᠤᠷᠢᠵᠢᠭᠤᠯᠵᠤ᠂  ᠡᠯ᠎ᠡ ᠠᠶ᠋ᠢᠮᠠᠭ ᠬᠣᠲᠠ ᠵᠢᠨ ᠦᠨ᠎ᠡ ᠵᠢ ᠦᠨᠡᠯᠡᠨ ᠵᠢᠱ᠌ᠢᠭᠰᠡᠨ  ᠳ᠋ᠦᠩ ᠵᠢᠴᠢ ᠲᠣᠭᠲᠠᠭ᠋ᠠᠭᠰᠠᠨ ᠦᠨ᠎ᠡ᠎ᠳᠤ ᠲᠣᠬᠢᠷᠠᠭᠤᠯᠤᠯᠲᠠ ᠬᠢᠬᠦ ᠲᠥᠰᠦᠯ᠎ᠢ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ  ᠲᠣᠪᠴᠢᠶ᠎ᠠ᠎ᠳᠤ ᠮᠡᠳᠡᠭᠦᠯᠦᠨ ᠬᠦᠷᠭᠡᠬᠦ ᠴᠢᠬᠤᠯᠠ᠎ᠲᠠᠢ᠃ (ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠂  ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ)

  3. ᠮᠡᠳᠡᠭᠡ ᠵᠠᠩᠭᠢ ᠵᠢᠨ ᠲᠠᠪᠴᠠᠩ᠎ᠤᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃  ᠤᠯᠤᠰ᠎ᠤᠨ ᠡᠮᠴᠢᠯᠡᠭᠡᠨ᠎ᠤ  ᠪᠠᠲᠤᠯᠠᠭ᠎ᠠ ᠵᠢᠨ ᠮᠡᠳᠡᠭᠡ ᠵᠠᠩᠭᠢ ᠵᠢᠨ ᠲᠠᠪᠴᠠᠩ᠎ᠳᠤ ᠲᠦᠰᠢᠭᠯᠡᠨ᠂  ᠡᠮᠴᠢᠯᠡᠭᠡᠨ᠎ᠤ ᠦᠢ᠍ᠯᠡᠴᠢᠯᠡᠭᠡ ᠵᠢᠨ ᠦᠨ᠎ᠡ ᠵᠢᠨ ᠥᠭᠡᠷᠡᠴᠢᠯᠡᠯᠲᠡ ᠵᠢᠨ ᠬᠤᠪᠢᠶᠠᠷᠢ ᠰᠢᠰᠲ᠋ᠧᠮ᠎ᠢ ᠪᠠᠶ᠋ᠢᠭᠤᠯᠵᠤ᠂  ᠡᠮᠴᠢᠯᠡᠭᠡᠨ᠎ᠤ ᠦᠢ᠍ᠯᠡᠴᠢᠯᠡᠭᠡ ᠵᠢᠨ ᠦᠨ᠎ᠡ ᠵᠢᠨ ᠮᠡᠳᠡᠭᠡ ᠵᠠᠩᠭᠢ ᠵᠢ ᠬᠢᠨᠠᠨ ᠰᠢᠨᠵᠢᠬᠦ ᠵᠢ ᠴᠢᠩᠭ᠋ᠠᠳᠬᠠᠨ᠂  ᠡᠮᠴᠢᠯᠡᠭᠡᠨ᠎ᠤ ᠦᠢ᠍ᠯᠡᠴᠢᠯᠡᠭᠡ ᠵᠢᠨ ᠦᠨ᠎ᠡ ᠵᠢᠨ ᠬᠠᠮᠢᠶᠠᠷᠤᠯᠲᠠ ᠵᠢᠨ ᠤᠶᠤᠨᠴᠢᠯᠠᠭᠰᠠᠨ ᠬᠢᠷᠢ ᠬᠡᠮᠵᠢᠶ᠎ᠡ ᠵᠢ ᠳᠡᠭᠡᠭᠰᠢᠯᠡᠭᠦᠯᠵᠦ᠂  ᠳᠡᠭᠡᠳᠦ ᠲᠤᠤᠷᠠᠳᠤ ᠱᠠᠳᠤ ᠵᠢ ᠵᠣᠯᠭ᠋ᠠᠭᠤᠯᠬᠤ᠂  ᠣᠷᠣᠨ ᠪᠦᠰᠡ ᠵᠢ ᠬᠤᠯᠪᠣᠭ᠋ᠠᠯᠠᠨ ᠬᠥᠳᠡᠯᠦᠯᠴᠡᠭᠦᠯᠬᠦ᠂  ᠮᠡᠳᠡᠭᠡ ᠵᠠᠩᠭᠢ ᠵᠢ ᠬᠠᠮᠲᠤ᠎ᠪᠠᠷ ᠬᠦᠷᠲᠡᠬᠦ ᠵᠢ ᠪᠡᠶᠡᠯᠡᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠂  ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ)

  (ᠬᠤᠶᠠᠷ) ᠳᠦᠬᠦᠷᠵᠢᠭᠰᠡᠨ  ᠦᠭᠡᠷᠡᠴᠢᠯᠡᠯᠲᠡ ᠵᠢ ᠨᠢᠭᠡᠳᠦᠯᠲᠠᠢ ᠲᠦᠯᠦᠪᠯᠡᠨ ᠠᠬᠢᠭᠤᠯᠤᠨ᠎ᠠ

  1. ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠣᠷᠢᠶᠠᠨ᠎ᠤ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ᠎ᠡ᠃  ᠠᠯᠪᠠᠨ᠎ᠠᠴᠠ ᠪᠠᠶ᠋ᠢᠭᠤᠯᠥᠠᠠᠰᠠᠨ ᠡᠮᠴᠢᠯᠡᠬᠡᠨ᠎ᠤ ᠪᠠᠶ᠋ᠢᠭᠤᠯᠥᠮᠵᠢ ᠵᠢᠨ ᠲᠣᠳᠣᠭ᠋ᠠᠳᠣ ᠵᠢᠨ ᠲᠣᠰᠬᠠᠶ᠋ᠢᠵᠢᠠᠠᠰᠠᠨ᠂  ᠨᠡᠷᠢᠯᠢᠠᠠᠵᠢᠭᠤᠯᠥᠠᠠᠰᠠᠨ ᠬᠠᠮᠢᠶᠡᠷᠦᠯᠳᠡ ᠵᠢ ᠴᠢᠩᠭ᠋ᠠᠳᠬᠠᠵᠦ᠂  ᠠᠯᠪᠠᠨ᠎ᠠᠴᠠ ᠪᠠᠶ᠋ᠢᠭᠤᠯᠥᠠᠠᠰᠠᠨ ᠡᠮᠴᠢᠯᠡᠬᠡᠨ᠎ᠤ ᠪᠠᠶ᠋ᠢᠭᠤᠯᠥᠮᠵᠢ ᠪᠠ ᠡᠮᠨᠡᠯᠬᠡ ᠵᠢᠨ ᠠᠵᠢᠯᠳᠡᠨ᠎ᠤ ᠣᠨᠣᠰᠢᠯᠠᠨ ᠡᠮᠨᠡᠬᠦ ᠦᠢ᠍ᠯᠡ ᠠᠵᠢᠯᠯᠠᠭ᠎ᠠ ᠵᠢ ᠵᠢᠷᠦᠮᠵᠢᠭᠤᠯᠥᠨ᠎ᠠ᠃  ᠠᠯᠪᠠᠨ᠎ᠠᠴᠠ ᠪᠠᠶ᠋ᠢᠭᠤᠯᠤᠭᠰᠠᠨ ᠡᠮᠨᠡᠯᠭᠡ ᠵᠢᠨ ᠬᠣᠷᠢᠶᠠᠨ᠎ᠤ  ᠴᠠᠯᠢᠩ ᠬᠥᠯᠥᠰᠥ ᠵᠢᠨ ᠬᠢᠷᠢ ᠬᠡᠮᠵᠢᠶ᠎ᠡ ᠵᠢ ᠵᠦᠶ ᠵᠣᠬᠢᠰᠲᠠᠶ ᠲᠣᠭᠲᠠᠭ᠋ᠠᠵᠤ᠂  ᠰᠢᠯᠭ᠋ᠠᠨ ᠬᠢᠨᠠᠵᠤ ᠦᠨᠡᠯᠡᠬᠦ ᠲᠣᠭᠲᠠᠴᠠ ᠵᠢ ᠥᠭᠡᠷᠡᠴᠢᠯᠡᠨ ᠲᠡᠭᠦᠯᠳᠡᠷᠵᠢᠭᠦᠯᠵᠦ᠂  ᠡᠮᠨᠡᠯᠭᠡ ᠵᠢᠨ ᠠᠵᠢᠯᠲᠠᠨ᠎ᠤ ᠴᠠᠯᠢᠩ ᠬᠥᠯᠥᠰᠥ ᠵᠢ ᠢᠯᠡ ᠲᠣᠳᠣ ᠪᠠᠶ᠋ᠢᠯᠭ᠋ᠠᠬᠤ ᠵᠢ ᠪᠡᠶᠡᠯᠡᠭᠦᠯᠵᠦ᠂  ᠣᠷᠣᠯᠭ᠎ᠠ ᠡᠭᠦᠳᠬᠦ ᠭᠦᠢ᠍ᠴᠡᠳᠬᠡᠯ ᠲᠤᠭ᠎ᠠ ᠪᠠᠭᠤᠯᠭ᠋ᠠᠬᠤ ᠵᠢ ᠴᠢᠩᠭ᠎ᠠ ᠬᠣᠷᠢᠭᠯᠠᠵᠤ᠂  ᠡᠮᠨᠡᠯᠭᠡ ᠵᠢᠨ ᠠᠵᠢᠯᠲᠠᠨ᠎ᠤ ᠴᠠᠯᠢᠩ ᠬᠥᠯᠥᠰᠥ ᠵᠢ ᠰᠠᠯᠠᠭ᠎ᠠ ᠲᠠᠰᠤᠭ᠂  ᠬᠤᠪᠢ ᠬᠥᠮᠦᠨ᠎ᠤ ᠲᠤᠬᠠᠶ᠋ᠢᠯᠠᠭᠰᠠᠨ ᠠᠵᠢᠯ᠎ᠤᠨ ᠣᠷᠣᠯᠭ᠎ᠠ᠎ᠲᠠᠢ ᠰᠢᠭᠤᠳ ᠬᠤᠯᠪᠣᠭᠳᠠᠭᠤᠯᠵᠤ ᠪᠣᠯᠬᠤ ᠥᠬᠡᠶ᠃  ᠱᠠᠲᠤ ᠬᠤᠪᠢᠶᠠᠨ ᠣᠨᠣᠰᠢᠯᠠᠨ ᠡᠮᠨᠡᠬᠦ ᠲᠣᠭᠲᠠᠯᠴᠠᠭ᠋ᠠᠨ᠎ᠤ  ᠪᠠᠶ᠋ᠢᠭᠤᠯᠤᠯᠲᠠ ᠶᠣᠰᠣᠭ᠋ᠠᠷ᠂  ᠡᠬᠢ ᠪᠠᠶᠠᠯᠢᠭ᠎ᠢ ᠵᠦᠶ ᠵᠣᠬᠢᠰᠲᠠᠶ ᠲᠣᠬᠢᠷᠠᠭᠤᠯᠬᠤ ᠵᠢ ᠬᠥᠲᠥᠯᠦᠨ ᠵᠢᠯᠣᠭᠤᠳᠴᠤ᠂  ᠬᠡᠪ᠎ᠤᠨ ᠪᠠᠶ᠋ᠢᠳᠠᠯ᠎ᠠᠴᠠ ᠬᠡᠲᠦᠷᠡᠭᠦᠯᠦᠨ ᠲᠣᠬᠢᠷᠠᠭᠤᠯᠬᠤ ᠵᠢ ᠴᠢᠩᠭ᠎ᠠ ᠬᠢᠵᠠᠭ᠋ᠠᠷᠯᠠᠨ᠎ᠠ᠃ (ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂  ᠡᠳ᠋᠎ᠤᠨ ᠵᠠᠰᠠᠭ᠎ᠤᠨ ᠲᠢᠩᠬᠢᠮ᠂  ᠡᠮᠴᠢᠯᠡᠭᠡᠨ᠎ᠤ  ᠪᠠᠳᠤᠯᠠᠭ᠎ᠠ ᠵᠢᠨ ᠲᠣᠪᠴᠢᠶ᠎ᠠ᠂  ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ)

  2. ᠡᠮᠴᠢᠯᠡᠭᠡᠨ᠎ᠤ ᠪᠠᠲᠤᠯᠠᠭ᠎ᠠ ᠵᠢᠨ ᠳᠦᠷᠢᠮ᠎ᠤᠨ ᠥᠭᠡᠷᠡᠴᠢᠯᠡᠯᠲᠡ ᠵᠢ ᠵᠤᠯᠭ᠋ᠠᠭᠤᠯᠤᠨ᠎ᠠ᠃  ᠡᠮᠴᠢᠯᠡᠭᠡᠨ᠎ᠤ ᠦᠢ᠍ᠯᠡᠴᠢᠯᠡᠭᠡ ᠵᠢᠨ ᠦᠨ᠎ᠡ ᠬᠢᠭᠡᠳ ᠲᠣᠭ᠋ᠠᠴᠠᠭ᠎ᠠ ᠬᠢᠬᠦ ᠲᠥᠷᠥ ᠵᠢᠨ ᠪᠣᠳᠣᠯᠭ᠎ᠠ ᠵᠢᠨ ᠬᠠᠮᠵᠢᠯᠴᠠᠭ᠎ᠠ ᠵᠢ ᠰᠠᠶ᠋ᠢᠲᠤᠷ ᠬᠢᠵᠦ᠂  ᠦᠨ᠎ᠡ ᠵᠢᠨ ᠬᠠᠮᠢᠶᠠᠷᠤᠯᠲᠠ ᠵᠢᠨ ᠶᠡᠷᠦᠩᠬᠡᠢ ᠬᠡᠮᠵᠢᠶᠡᠨ᠎ᠤ  ᠲᠣᠬᠢᠷᠠᠭᠤᠯᠤᠯ ᠡᠵᠡᠮᠳᠡᠯ ᠪᠠ ᠡᠮᠴᠢᠯᠡᠭᠡᠨ᠎ᠤ ᠳᠠᠭ᠋ᠠᠳᠬᠠᠯ᠎ᠤᠨ ᠶᠡᠷᠦᠩᠬᠡᠢ ᠲᠣᠭ᠋ᠠᠨ᠎ᠤ ᠲᠥᠰᠥᠪ᠎ᠤᠨ ᠬᠠᠮᠢᠶᠠᠷᠤᠯᠲᠠ ᠵᠢᠨ ᠬᠠᠮᠵᠢᠯᠴᠠᠭ᠎ᠠ ᠵᠢ ᠰᠠᠶ᠋ᠢᠲᠤᠷ ᠬᠢᠨ᠎ᠡ᠃  ᠡᠮᠴᠢᠯᠡᠭᠡᠨ᠎ᠤ ᠳᠠᠭ᠋ᠠᠳᠬᠠᠯ᠎ᠤᠨ ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠤᠨ ᠭᠠᠷᠴᠠᠭ᠎ᠤᠨ ᠬᠠᠮᠢᠶᠠᠷᠤᠯᠲᠠ ᠵᠢᠨ ᠲᠦᠷᠢᠮ᠎ᠢ ᠪᠠᠢ᠌ᠭᠤᠯᠤᠨ  ᠪᠦᠷᠢᠨᠰᠢᠭᠦᠯᠦᠨ᠎ᠡ᠃  ᠨᠢᠭᠲᠠᠷᠬᠠᠰᠠᠨ ᠬᠡᠯᠪᠡᠷᠢ ᠵᠢᠨ ᠡᠮᠴᠢᠯᠡᠭᠡᠨ᠎ᠤ ᠬᠤᠯᠪᠣᠭ᠋ᠠᠲᠤ ᠴᠣᠭᠴᠠ᠎ᠳᠤ ᠡᠮᠴᠢᠯᠡᠭᠡᠨ᠎ᠤ ᠳᠠᠭ᠋ᠠᠳᠬᠠᠯ᠎ᠤᠨ ᠶᠡᠷᠦᠩᠬᠡᠶ ᠲᠤᠭ᠎ᠠ᠎ᠪᠠᠷ ᠵᠠᠷᠤᠳᠠᠯ ᠲᠤᠰᠢᠶᠠᠬᠤ ᠵᠠᠭᠪᠤᠷ᠎ᠢ ᠬᠡᠷᠡᠭᠵᠢᠭᠦᠯᠬᠦ ᠵᠢ ᠰᠦᠪᠡᠭᠴᠢᠯᠡᠵᠦ᠂  ᠡᠳᠦᠷ ᠲᠤᠲᠤᠮ᠎ᠤᠨ ᠬᠢᠨᠠᠯᠲᠠ ᠲᠠᠯᠪᠢᠯᠲᠠ ᠵᠢ ᠴᠢᠩᠭ᠋ᠠᠳᠬᠠᠨ᠂  ᠰᠢᠯᠭ᠋ᠠᠨ ᠬᠢᠨᠠᠭᠰᠠᠨ ᠰᠠᠭᠤᠷᠢᠨ ᠳᠡᠭᠡᠷ᠎ᠡ ᠦᠯᠡᠳᠡᠪᠦᠷᠢ ᠵᠢ ᠦᠯᠡᠳᠡᠭᠡᠨ ᠬᠡᠷᠡᠭᠯᠡᠵᠦ᠂  ᠵᠦᠶ ᠵᠣᠬᠢᠰᠲᠠᠶ ᠬᠡᠲᠦᠷᠡᠭᠦᠯᠦᠨ ᠵᠠᠷᠤᠯᠭ᠎ᠠ ᠵᠢ ᠬᠤᠪᠢᠶᠠᠨ ᠡᠭᠦᠷᠭᠡᠯᠡᠨ᠎ᠡ᠃  ᠡᠮᠴᠢᠯᠡᠭᠡᠨ᠎ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠎ᠢ ᠪᠥᠬᠦᠨ᠎ᠢ ᠰᠦᠯᠵᠢᠶᠡᠨ᠎ᠳᠤ ᠭᠠᠷᠭ᠋ᠠᠵᠤ ᠬᠤᠳᠠᠯᠳᠤᠨ ᠠᠪᠬᠤ ᠵᠢ ᠠᠬᠢᠭᠤᠯᠵᠤ᠂  ᠡᠮᠴᠢᠯᠡᠭᠡᠨ᠎ᠳᠤ ᠬᠡᠷᠡᠭᠯᠡᠬᠦ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ᠎ᠢ ᠬᠡᠮᠵᠢᠶ᠎ᠡ᠎ᠲᠠᠢ᠎ᠪᠠᠷ ᠬᠤᠳᠠᠯᠳᠤᠨ ᠠᠪᠬᠤ ᠬᠡᠪᠴᠢᠶ᠎ᠡ ᠵᠢ ᠥᠷᠭᠡᠳᠬᠡᠨ᠂  ᠡᠮᠴᠢᠯᠡᠭᠡᠨ᠎ᠤ ᠪᠠᠢ᠌ᠭᠤᠯᠤᠮᠵᠢ ᠵᠢᠨ ᠲᠣᠭᠲᠠᠭᠰᠠᠨ  ᠴᠡᠭ᠎ᠤᠨ  ᠬᠡᠯᠡᠯᠴᠡᠭᠡᠷ᠎ᠤᠨ ᠬᠠᠮᠢᠶᠠᠷᠤᠯᠲᠠ ᠵᠢ ᠴᠢᠩᠭ᠋ᠠᠷᠠᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠂  ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ)

  3. ᠠᠯᠪᠠᠨ᠎ᠠᠴᠠ ᠪᠠᠶ᠋ᠢᠭᠤᠯᠤᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠵᠠᠰᠠᠭ᠎ᠤᠨ ᠣᠷᠳᠣᠨ᠎ᠤ ᠣᠷᠣᠭᠤᠯᠤᠯᠲᠠ ᠵᠢ ᠨᠠᠶ᠋ᠢᠳᠠᠪᠤᠷᠢᠵᠢᠭᠤᠯᠤᠨ᠎ᠠ᠃  ᠠᠯᠪᠠᠨ᠎ᠠᠴᠠ ᠪᠠᠶ᠋ᠢᠭᠤᠯᠤᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠵᠠᠰᠠᠭ᠎ᠤᠨ ᠣᠷᠳᠣᠨ᠎ᠤ ᠣᠷᠣᠭᠤᠯᠤᠯᠲᠠ ᠵᠢᠨ ᠲᠣᠭᠲᠠᠴᠠ ᠵᠢ ᠤᠯᠠᠮ ᠨᠢᠭᠡ ᠠᠯᠬᠤᠮ ᠪᠦᠷᠢᠨᠰᠢᠭᠦᠯᠦᠨ᠎ᠡ᠃  ᠣᠷᠣᠨ ᠪᠦᠰᠡ ᠵᠢᠨ ᠡᠷᠡᠭᠦᠯ ᠬᠠᠮᠠᠭ᠋ᠠᠯᠠᠯ᠎ᠤᠨ ᠲᠥᠯᠥᠪᠵᠢᠭᠦᠯᠭᠡ᠎ᠳᠤ ᠨᠡᠶ᠋ᠢᠴᠡᠬᠦ ᠠᠯᠪᠠᠨ᠎ᠠᠴᠠ ᠪᠠᠶ᠋ᠢᠭᠤᠯᠤᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠦᠨᠳᠦᠰᠦᠨ ᠪᠦᠲᠦᠭᠡᠨ ᠪᠠᠶ᠋ᠢᠭᠤᠯᠤᠯᠲᠠ ᠪᠠ ᠲᠥᠬᠦᠭᠡᠷᠦᠮᠵᠢ ᠬᠤᠳᠠᠯᠳᠤᠨ ᠠᠪᠬᠤ᠂  ᠭᠤᠤᠯᠳᠠᠯᠭ᠎ᠠ᠎ᠲᠠᠢ ᠰᠢᠨᠵᠢᠯᠡᠭᠡᠨ᠎ᠤ ᠬᠥᠭᠵᠢᠯᠲᠡ ᠵᠡᠷᠭᠡ ᠵᠠᠰᠠᠭ᠎ᠤᠨ ᠣᠷᠳᠣᠨ᠎ᠤ ᠣᠷᠣᠭᠤᠯᠤᠯᠲᠠ ᠵᠢ ᠨᠠᠶ᠋ᠢᠳᠠᠪᠤᠷᠢᠵᠢᠭᠤᠯᠤᠨ᠎ᠠ᠃  ᠬᠢᠲᠠᠳ ᠡᠮᠨᠡᠯᠭᠡ (ᠮᠣᠩᠭᠤᠯ ᠡᠮᠨᠡᠯᠭᠡ)᠂  ᠬᠠᠯᠳᠠᠪᠤᠷᠢᠲᠤ ᠡᠪᠡᠳᠴᠢᠨ᠂  ᠮᠡᠳᠡᠷᠡᠯ᠎ᠤᠨ ᠡᠪᠡᠳᠴᠢᠨ᠂  ᠠᠵᠢᠯ᠎ᠤᠨ ᠨᠦᠯᠦᠭᠡᠨ᠎ᠤ ᠡᠪᠡᠳᠴᠢᠨ᠎ᠢ ᠰᠡᠷᠭᠡᠶ᠋ᠢᠯᠡᠨ ᠵᠠᠰᠠᠬᠤ᠂  ᠬᠥᠩᠭᠡᠵᠢᠯᠲᠡ  ᠪᠠ ᠬᠡᠦᠬᠡᠳ  ᠵᠡᠷᠭᠡ ᠲᠤᠰᠬᠠᠢ ᠡᠮᠴᠢᠯᠡᠭᠡᠨ᠎ᠤ ᠪᠠᠢ᠌ᠭᠤᠯᠤᠮᠵᠢ᠎ᠳᠤ  ᠲᠥᠷᠥ ᠵᠢᠨ ᠪᠣᠳᠣᠯᠭ᠎ᠠ ᠵᠢᠨ ᠬᠠᠷᠠᠭ᠋ᠠᠯᠵᠠᠯ ᠦᠵᠡᠭᠦᠯᠬᠦ ᠡᠷᠴᠢᠮ᠎ᠢ ᠴᠢᠩᠭ᠋ᠠᠷᠠᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠂  ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ)

  4. ᠠᠯᠪᠠᠨ᠎ᠠᠴᠠ ᠪᠠᠶ᠋ᠢᠭᠤᠯᠤᠭᠰᠠᠨ ᠪᠤᠰᠤ ᠡᠮᠴᠢᠯᠡᠭᠡᠨ᠎ᠤ ᠪᠠᠶ᠋ᠢᠭᠤᠯᠤᠮᠵᠢ ᠵᠢᠨ ᠦᠨ᠎ᠡ ᠵᠢ ᠵᠢᠷᠤᠮᠵᠢᠭᠤᠯᠤᠨ᠎ᠠ᠃  ᠠᠯᠪᠠᠨ᠎ᠠᠴᠠ ᠪᠠᠶ᠋ᠢᠭᠤᠯᠤᠭᠰᠠᠨ ᠡᠮᠴᠢᠯᠡᠭᠡᠨ᠎ᠤ ᠪᠠᠶ᠋ᠢᠭᠤᠯᠤᠮᠵᠢ ᠪᠣᠯᠤᠨ ᠠᠯᠪᠠᠨ᠎ᠠᠴᠠ ᠪᠠᠶ᠋ᠢᠭᠤᠯᠤᠭᠰᠠᠨ ᠪᠤᠰᠤ ᠡᠮᠴᠢᠯᠡᠭᠡᠨ᠎ᠤ ᠪᠠᠶ᠋ᠢᠭᠤᠯᠤᠮᠵᠢ ᠵᠢ ᠬᠠᠷᠢᠯᠴᠠᠨ ᠠᠬᠢᠭᠤᠯᠵᠤ᠂  ᠬᠠᠮᠲᠤ᠎ᠪᠠᠷ  ᠬᠥᠭᠵᠢᠭᠦᠯᠬᠦ ᠦᠨ᠎ᠡ ᠵᠢᠨ ᠬᠠᠮᠢᠶᠠᠷᠤᠯᠲᠠ ᠵᠢᠨ ᠪᠠᠶ᠋ᠢᠷᠢᠰᠢᠯ᠎ᠢ ᠲᠦᠷᠭᠡᠳᠬᠡᠨ ᠪᠣᠶ ᠪᠣᠯᠭ᠋ᠠᠨ᠎ᠠ᠃  ᠠᠯᠪᠠᠨ᠎ᠠᠴᠠ ᠪᠠᠶ᠋ᠢᠭᠤᠯᠤᠭᠰᠠᠨ ᠪᠤᠰᠤ ᠡᠮᠴᠢᠯᠡᠭᠡᠨ᠎ᠤ ᠪᠠᠶ᠋ᠢᠭᠤᠯᠤᠮᠵᠢ ᠵᠢᠨ ᠬᠠᠩᠭ᠋ᠠᠭᠰᠠᠨ ᠡᠮᠴᠢᠯᠡᠭᠡᠨ᠎ᠤ ᠦᠢ᠍ᠯᠡᠴᠢᠯᠡᠭᠡ᠎ᠨᠢ ᠵᠠᠬ᠎ᠠ ᠳᠡᠯᠭᠡᠭᠦᠷ ᠵᠶ᠋ᠠᠷ ᠲᠣᠬᠢᠷᠠᠭᠤᠯᠬᠤ ᠦᠨ᠎ᠡ ᠵᠢᠨ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠵᠤ᠂  ᠲᠥᠪ ᠭᠣᠤᠯᠴᠢ ᠪᠥᠭᠡᠳ ᠬᠠᠤᠯᠢ ᠶᠣᠰᠣᠨ᠎ᠤ᠂  ᠦᠨᠡᠨᠴᠢ ᠢᠲᠡᠭᠡᠮᠵᠢᠲᠡᠶ᠂  ᠶᠠᠰᠤ ᠴᠢᠨᠠᠷ ᠪᠠ ᠦᠨ᠎ᠡ᠎ᠨᠢ ᠬᠠᠷᠢᠯᠴᠠᠨ ᠨᠡᠶ᠋ᠢᠴᠡᠭᠰᠡᠨ ᠵᠠᠷᠴᠢᠮ᠎ᠤᠨ ᠶᠣᠰᠣᠭ᠋ᠠᠷ ᠵᠦᠢ ᠵᠣᠬᠢᠰᠲᠠᠶ ᠦᠨ᠎ᠡ ᠲᠣᠭᠲᠠᠭ᠋ᠠᠵᠤ᠂  ᠡᠮᠴᠢᠯᠡᠭᠡᠨ᠎ᠤ  ᠳᠠᠭ᠋ᠠᠳᠬᠠᠯ᠎ᠤᠨ ᠰᠠᠭᠤᠷᠢ ᠮᠥᠩᠭᠥ᠎ᠳᠤ ᠣᠷᠤᠭᠤᠯᠤᠨ  ᠵᠠᠷᠤᠴᠠᠭᠤᠯᠤᠭᠰᠠᠨ ᠪᠣᠯ ᠡᠮᠴᠢᠯᠡᠭᠡᠨ᠎ᠤ  ᠳᠠᠭ᠋ᠠᠳᠬᠠᠯ᠎ᠤᠨ ᠵᠥᠪᠳᠡᠯᠴᠡᠬᠡᠷ ᠵᠶ᠋ᠠᠷ ᠬᠠᠮᠢᠶᠠᠷᠤᠨ᠎ᠠ᠃ (ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠂  ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂  ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ)

  (ᠭᠤᠷᠪᠠ) ᠵᠣᠬᠢᠶᠠᠨ ᠪᠠᠶ᠋ᠢᠭᠤᠯᠤᠯᠲᠠ ᠵᠢᠨ ᠪᠠᠲᠤᠯᠠᠭ᠎ᠠ

   ᠡᠯ᠎ᠠ ᠭᠠᠵᠡᠷ ᠣᠷᠣᠨ᠂  ᠡᠯ᠎ᠠ ᠬᠤᠯᠪᠤᠠᠠᠳᠡᠯ ᠪᠦᠬᠦᠢ ᠰᠠᠯᠠᠭ᠎ᠠ ᠮᠦᠴᠢᠷ᠎ᠤᠳ ᠵᠤᠬᠢᠶᠡᠨ ᠪᠠᠶ᠋ᠢᠭᠤᠯᠥᠯᠳᠡ ᠵᠢᠨ ᠣᠳᠣᠷᠢᠳᠣᠯᠭ᠎ᠠ᠎ᠪᠠᠨ ᠴᠢᠩᠭ᠋ᠠᠳᠬᠠᠵᠦ᠂  ᠡᠬᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠡᠷᠢᠯᠡᠯ ᠶᠣᠰᠣᠭ᠋ᠠᠷ ᠦᠭᠡᠷᠡᠴᠢᠯᠡᠯᠳᠡ ᠵᠢᠨ ᠭᠤᠤᠯ ᠴᠣᠠᠠᠴᠠ ᠵᠢᠨ ᠬᠠᠷᠢᠭᠤᠴᠠᠯᠭ᠎ᠠ᠎ᠪᠠᠨ ᠨᠡᠶ᠋ᠢᠳᠡᠪᠦᠷᠢᠵᠢᠭᠤᠯᠵᠦ᠂  ᠠᠵᠢᠯ᠎ᠤᠨ ᠨᠡᠶ᠋ᠢᠯᠡᠮᠡᠯ ᠬᠦᠴᠣᠨ᠎ᠢ ᠪᠦᠷᠢᠯᠳᠦᠬᠦᠯᠥᠨ᠎ᠠ᠃  ᠡᠮᠴᠢᠯᠡᠭᠡᠨ᠎ᠤ ᠦᠢ᠍ᠯᠡᠴᠢᠯᠡᠭᠡ ᠵᠢᠨ ᠦᠨ᠎ᠡ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠠᠵᠢᠯ᠎ᠢ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠯ᠎ᠤᠨ ᠥᠭᠡᠷᠡᠴᠢᠯᠡᠯᠲᠡ ᠵᠢᠨ ᠴᠢᠬᠤᠯᠠ ᠠᠭᠤᠯᠭ᠎ᠠ᠎ᠳᠤ ᠣᠷᠣᠭᠤᠯᠵᠤ᠂  ᠬᠢᠨᠠᠯᠲᠠ ᠲᠠᠯᠪᠢᠵᠤ ᠪᠠᠶ᠋ᠢᠴᠠᠭ᠋ᠠᠬᠤ᠎ᠪᠠᠨ  ᠴᠢᠩᠭ᠋ᠠᠷᠠᠭᠤᠯᠤᠨ᠎ᠠ᠃  ᠲᠤᠰᠬᠠᠶ ᠮᠡᠷᠭᠡᠵᠢᠯᠲᠡᠨ᠎ᠤ ᠠᠰᠠᠭᠤᠨ ᠯᠠᠪᠯᠠᠬᠤ ᠪᠦᠯᠬᠦᠮ᠎ᠢ ᠵᠣᠬᠢᠶᠠᠨ ᠪᠠᠶ᠋ᠢᠭᠤᠯᠵᠤ᠂  ᠣᠶᠤᠨ᠎ᠤ ᠲᠤᠯᠭ᠋ᠠᠭᠤᠷᠢᠯᠠᠯ᠎ᠢ ᠬᠠᠩᠭ᠋ᠠᠨ᠎ᠠ᠃  ᠤᠬᠠᠭᠤᠯᠭ᠎ᠠ ᠪᠣᠯᠪᠠᠰᠤᠷᠠᠯ᠎ᠢ ᠰᠠᠶ᠋ᠢᠲᠤᠷ ᠬᠢᠵᠦ᠂  ᠦᠨ᠎ᠡ ᠵᠢᠨ ᠳᠣᠬᠢᠷᠠᠭᠤᠯᠤᠯᠲᠠ ᠵᠢᠨ  ᠬᠡᠷᠡᠭ ᠶᠠᠪᠤᠳᠠᠯ᠎ᠤᠨ ᠡᠮᠦᠨᠡᠬᠢ ᠦᠨᠡᠯᠡᠨ ᠵᠢᠱ᠌ᠢᠯᠲᠡ᠂  ᠬᠡᠷᠡᠭ ᠶᠠᠪᠤᠳᠠᠯ᠎ᠤᠨ ᠳᠤᠮᠳᠠᠬᠢ  ᠬᠢᠨᠠᠨ ᠬᠡᠮᠵᠢᠯᠲᠡ᠂  ᠬᠡᠷᠡᠭ ᠶᠠᠪᠤᠳᠠᠯ᠎ᠤᠨ ᠳᠠᠷᠠᠭ᠋ᠠᠬᠢ  ᠰᠢᠯᠭ᠋ᠠᠨ ᠬᠢᠨᠠᠯᠲᠠ ᠵᠢᠨ  ᠠᠵᠢᠯ᠎ᠢ ᠥᠷᠨᠢᠭᠦᠯᠵᠦ᠂  ᠲᠦᠭᠰᠢᠭᠦᠷᠢ ᠵᠢ ᠰᠠᠨᠠᠭ᠋ᠠᠴᠢᠯᠠᠭ᠎ᠠ᠎ᠠᠴᠠ᠎ᠪᠠᠨ ᠠᠷᠢᠯᠭ᠋ᠠᠨ᠎ᠠ᠃ (ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠂  ᠡᠳ᠋᠎ᠤᠨ ᠵᠠᠰᠠᠭ᠎ᠤᠨ ᠲᠢᠩᠬᠢᠮ᠂  ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂  ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠂  ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂  ᠲᠤᠭ᠎ᠠ ᠪᠦᠷᠢᠳᠬᠡᠯ᠎ᠤᠨ ᠲᠣᠪᠴᠢᠶ᠎ᠠ)

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ᠎ᠳᠠᠬᠢ ᠲᠡᠦᠬᠡ ᠵᠢᠨ ᠳᠤᠷᠠᠰᠬᠠᠯᠲᠤ ᠵᠦᠢ᠍ᠯ᠎ᠤᠨ ᠬᠠᠮᠠᠭ᠋ᠠᠯᠠᠯᠲᠠ ᠵᠢᠨ ᠤᠷᠢᠳᠠᠴᠢ ᠬᠢᠨᠠᠨ ᠪᠠᠢ᠌ᠴᠠᠭ᠋ᠠᠬᠤ ᠠᠵᠢᠯ᠎ᠢ ᠴᠢᠩᠭ᠋ᠠᠳᠬᠠᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠵᠠᠭᠤᠷᠠᠯᠳᠤᠭ᠋ᠠᠨ᠎ᠢ ᠰᠡᠷᠭᠡᠢ᠌ᠯᠡᠬᠦ ᠪᠠ ᠰᠢᠢ᠍ᠳᠪᠦᠷᠢᠯᠡᠬᠦ ᠠᠷᠭ᠎ᠠ ᠵᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
ᠤᠯᠤᠰ᠎ᠤᠨ ᠦᠨᠳᠦᠰᠦᠨ ᠡᠮᠴᠢᠯᠡᠭᠡᠨ᠎ᠤ ᠳᠠᠭ᠋ᠠᠳᠬᠠᠯ᠂ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ ᠪᠠ ᠦᠷᠡᠵᠢᠯ᠎ᠤᠨ ᠳᠠᠭ᠋ᠠᠳᠬᠠᠯ᠎ᠤᠨ ᠡᠮ᠎ᠤᠨ ᠵᠦᠢ᠍ᠯ᠎ᠤᠨ ᠭᠠᠷᠴᠠᠭ (2024 ᠣᠨ)᠎ᠢ ᠬᠡᠷᠡᠭᠵᠢᠭᠦᠯᠬᠦ ᠲᠤᠬᠠᠶ ᠮᠡᠳᠡᠭᠳᠡᠯ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠦ ᠵᠢ ᠤᠷᠢᠳᠴᠢᠯᠠᠨ ᠥᠭᠬᠦ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》 ᠵᠢ ᠳᠠᠷᠤᠮᠠᠯᠯᠠᠨ ᠲᠠᠷᠬᠠᠭ᠋ᠠᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠨ ᠮᠡᠳᠡᠭᠳᠡᠯ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠮᠤᠵᠢ ᠠᠯᠤᠰᠯᠠᠨ ᠣᠨᠳᠣᠤ ᠭᠠᠵᠠᠷ᠎ᠲᠤ ᠡᠮᠨᠡᠭᠦᠯᠦᠭᠰᠡᠨ᠎ᠢ ᠰᠢᠯᠵᠢᠭᠦᠯᠦᠨ ᠡᠮᠨᠡᠭᠦᠯᠬᠦ ᠵᠢᠨ ᠬᠡᠷᠡᠭᠵᠢᠭᠦᠯᠬᠦ ᠠᠷᠭ᠎ᠠ (ᠲᠦᠷ ᠬᠡᠷᠡᠭᠵᠢᠭᠦᠯᠬᠦ)》 ᠵᠢ ᠳᠠᠷᠤᠮᠠᠯᠯᠠᠨ ᠲᠠᠷᠬᠠᠭ᠋ᠠᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠨ ᠮᠡᠳᠡᠭᠳᠡᠯ
 
            