ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ
ᠠᠷᠠᠳ᠎ᠤᠨ ᠵᠠᠰᠠᠭ᠎ᠤᠨ ᠣᠷᠳᠣᠨ᠎ᠤ ᠪᠢᠴᠢᠭ ᠮᠠᠲ᠋ᠧᠷᠢᠶᠠᠯ
ᠥᠪᠥᠷ ᠵᠠᠰᠠᠭ ᠲᠠᠷᠬᠠᠭ᠋ᠠᠭᠰᠠᠨ [ 2024 ] 27 ᠳ᠋ᠤᠭ᠋ᠠᠷ ᠲᠣᠭ᠋ᠠᠲᠤ
ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠵᠠᠭᠤᠷᠠᠯᠳᠤᠭ᠋ᠠᠨ᠎ᠢ ᠰᠡᠷᠭᠡᠢ᠌ᠯᠡᠬᠦ ᠪᠠ ᠰᠢᠢ᠍ᠳᠪᠦᠷᠢᠯᠡᠬᠦ ᠠᠷᠭ᠎ᠠ ᠵᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
ᠡᠯ᠎ᠡ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠢ᠌ᠯᠠᠯ᠂ ᠠᠵᠢᠯ ᠦᠢ᠍ᠯᠡᠰ᠎ᠤᠨ ᠨᠢᠭᠡᠴᠢ᠎ᠳᠤ ᠄
ᠡᠳᠦᠭᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠵᠠᠭᠤᠷᠠᠯᠳᠤᠭ᠋ᠠᠨ᠎ᠢ ᠰᠡᠷᠭᠡᠢ᠌ᠯᠡᠬᠦ ᠪᠠ ᠰᠢᠢ᠍ᠳᠪᠦᠷᠢᠯᠡᠬᠦ ᠠᠷᠭ᠎ᠠ 》 ᠵᠢ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ᠎ᠲᠠᠢ᠎ᠪᠠᠨ ᠤᠶᠠᠯᠳᠤᠭᠤᠯᠤᠨ᠂ ᠬᠢᠨᠠᠮᠠᠭ᠋ᠠᠢ ᠵᠢᠷᠤᠮᠯᠠᠨ ᠬᠡᠷᠡᠭᠵᠢᠭᠦᠯᠲᠦᠭᠡᠢ᠃
2024 ᠣᠨ᠎ᠤ 10 ᠳ᠋ᠤᠭ᠋ᠠᠷ ᠰᠠᠷ᠎ᠠ ᠵᠢᠨ 16᠎ᠤ ᠡᠳᠦᠷ 、
(ᠲᠣᠰ ᠪᠢᠴᠢᠭ ᠮᠠᠲ᠋ᠧᠷᠢᠶᠠᠯ᠎ᠢ ᠢᠯᠡ ᠨᠡᠢ᠌ᠲᠡᠯᠡᠨ᠎ᠡ)
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ
ᠵᠠᠭᠤᠷᠠᠯᠳᠤᠭ᠋ᠠᠨ᠎ᠢ ᠰᠡᠷᠭᠡᠢ᠌ᠯᠡᠬᠦ ᠪᠠ ᠰᠢᠢ᠍ᠳᠪᠦᠷᠢᠯᠡᠬᠦ ᠠᠷᠭ᠎ᠠ
ᠨᠢᠭᠡᠳᠦᠭᠡᠷ ᠪᠦᠯᠦᠭ ᠶᠡᠷᠦᠩᠬᠡᠢ ᠳᠦᠷᠢᠮ
ᠨᠢᠭᠡᠳᠦᠭᠡᠷ ᠵᠦᠢ᠍ᠯ ᠡᠮᠴᠢᠯᠡᠭᠡᠨ᠎ᠤ ᠵᠠᠭᠤᠷᠠᠯᠳᠤᠭ᠋ᠠᠨ᠎ᠢ ᠪᠦᠲᠦᠮᠵᠢᠲᠡᠶ ᠰᠡᠷᠭᠡᠢ᠌ᠯᠡᠬᠦ ᠪᠠ ᠲᠣᠬᠢᠲᠠᠢ ᠰᠢᠢ᠍ᠳᠪᠦᠷᠢᠯᠡᠵᠦ᠂ ᠡᠮᠴᠢ ᠪᠠ ᠡᠪᠡᠳᠴᠢᠲᠡᠨ ᠬᠣᠶᠠᠷ ᠲᠠᠯ᠎ᠠ ᠵᠢᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠨ᠂ ᠡᠮᠴᠢ ᠪᠠ ᠡᠪᠡᠳᠴᠢᠲᠡᠨ᠎ᠤ ᠡᠶ᠎ᠡ ᠵᠣᠬᠢᠴᠠᠯ᠎ᠤᠨ ᠬᠠᠷᠢᠴᠠᠭ᠎ᠠ ᠪᠠ ᠡᠮᠴᠢᠯᠡᠭᠡᠨ᠎ᠤ ᠡᠮᠬᠢ ᠵᠢᠷᠤᠮ᠎ᠢ ᠬᠠᠮᠠᠭ᠋ᠠᠯᠠᠵᠤ᠂ ᠡᠮᠴᠢᠯᠡᠭᠡᠨ᠎ᠤ ᠠᠮᠤᠷ ᠲᠦᠪᠰᠢᠨ᠎ᠢ ᠪᠠᠲᠤᠯᠠᠬᠤ ᠵᠢᠨ ᠲᠤᠰᠠᠳᠠ᠂ 《ᠪᠥᠬᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠠᠷᠠᠳ᠎ᠤᠨ ᠡᠶᠡᠳᠡᠭᠦᠯᠭᠡ ᠵᠢᠨ ᠬᠠᠤᠯᠢ 》᠂ 《ᠪᠥᠬᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠨ ᠡᠮᠴᠢᠯᠡᠭᠡ ᠡᠷᠡᠭᠦᠯ ᠬᠠᠮᠠᠭ᠋ᠠᠯᠠᠯ ᠬᠢᠭᠡᠳ ᠡᠷᠡᠭᠦᠯ ᠮᠡᠨᠳᠦ ᠵᠢ ᠠᠬᠢᠭᠤᠯᠬᠤ ᠬᠠᠤᠯᠢ 》᠂ 《ᠡᠮᠴᠢᠯᠡᠭᠡᠨ᠎ᠤ ᠵᠠᠭᠤᠷᠠᠯᠳᠤᠭ᠋ᠠᠨ᠎ᠢ ᠰᠡᠷᠭᠡᠢ᠌ᠯᠡᠬᠦ ᠪᠠ ᠰᠢᠢ᠍ᠳᠪᠦᠷᠢᠯᠡᠬᠦ ᠳᠦᠷᠢᠮ 》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠥᠷᠢᠴᠡᠯ ᠵᠠᠭᠤᠷᠠᠯᠳᠤᠭ᠋ᠠᠨ᠎ᠢ ᠣᠯᠠᠨ ᠡᠰᠢᠵᠢᠭᠦᠯᠦᠨ ᠰᠢᠢ᠍ᠳᠪᠦᠷᠢᠯᠡᠬᠦ ᠳᠦᠷᠢᠮ 》 ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠵᠤ᠂ ᠲᠣᠰ ᠠᠷᠭ᠎ᠠ ᠵᠢ ᠲᠣᠭᠲᠠᠭ᠋ᠠᠪᠠ᠃
ᠬᠣᠶᠠᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠡᠮᠴᠢᠯᠡᠭᠡᠨ᠎ᠤ ᠵᠠᠭᠤᠷᠠᠯᠳᠤᠭ᠋ᠠᠨ᠎ᠢ ᠰᠡᠷᠭᠡᠢ᠌ᠯᠡᠬᠦ ᠪᠠ ᠰᠢᠢ᠍ᠳᠪᠦᠷᠢᠯᠡᠬᠦ᠎ᠳᠤ ᠲᠣᠰ ᠠᠷᠭ᠎ᠠ ᠬᠡᠷᠡᠭᠯᠡᠭᠳᠡᠨ᠎ᠡ᠃
ᠲᠣᠰ ᠠᠷᠭ᠎ᠠ᠎ᠳᠤ ᠬᠡᠯᠡᠵᠦ ᠪᠠᠢ᠌ᠭ᠎ᠠ ᠡᠮᠴᠢᠯᠡᠭᠡᠨ᠎ᠤ ᠵᠠᠭᠤᠷᠠᠯᠳᠤᠭ᠋ᠠᠨ ᠭᠡᠳᠡᠭ᠎ᠨᠢ ᠡᠮᠴᠢ ᠪᠠ ᠡᠪᠡᠳᠴᠢᠲᠡᠨ ᠬᠣᠶᠠᠷ ᠲᠠᠯ᠎ᠠ ᠵᠢᠨ ᠣᠨᠣᠰᠢᠯᠠᠨ ᠡᠮᠨᠡᠬᠦ ᠠᠵᠢᠯᠯᠠᠭ᠎ᠠ᠎ᠠᠴᠠ ᠪᠣᠯᠣᠭᠰᠠᠨ ᠮᠠᠷᠭᠤᠭ᠋ᠠᠨ᠎ᠢ ᠵᠢᠭ᠋ᠠᠵᠤ ᠪᠣᠢ᠃
ᠡᠮᠴᠢ ᠵᠢᠨ ᠲᠠᠯ᠎ᠠ ᠭᠡᠳᠡᠭ᠎ᠨᠢ ᠡᠮᠴᠢᠯᠡᠭᠡᠨ᠎ᠤ ᠪᠠᠢ᠌ᠭᠤᠯᠤᠮᠵᠢ ᠵᠢᠴᠢ ᠲᠡᠭᠦᠨ᠎ᠤ ᠡᠮᠨᠡᠯᠭᠡ ᠵᠢᠨ ᠠᠵᠢᠯᠲᠠᠨ᠎ᠢ ᠵᠢᠭ᠋ᠠᠵᠤ ᠪᠣᠢ᠂ ᠡᠪᠡᠳᠴᠢᠲᠡᠨ᠎ᠤ ᠲᠠᠯ᠎ᠠ ᠭᠡᠳᠡᠭ᠎ᠨᠢ ᠭᠣᠣᠯᠳᠠᠭᠤ ᠡᠪᠡᠳᠴᠢᠲᠡᠨ ᠵᠢᠴᠢ ᠲᠡᠭᠦᠨ᠎ᠤ ᠣᠢ᠌ᠷ᠎ᠠ ᠲᠥᠷᠥᠯ ᠰᠠᠳᠤᠨ᠂ ᠨᠠᠢ᠌ᠳᠠᠭᠰᠠᠨ ᠣᠷᠣᠯᠠᠭᠴᠢ ᠪᠤᠶᠤ ᠬᠠᠤᠯᠢ᠎ᠳᠤ ᠲᠣᠭᠲᠠᠭ᠋ᠠᠭᠰᠠᠨ ᠣᠷᠣᠯᠠᠭᠴᠢ ᠵᠡᠷᠭᠡ ᠬᠠᠮᠢᠶ᠎ᠠ ᠪᠦᠬᠦᠢ ᠬᠥᠮᠥᠰ᠎ᠢ ᠵᠢᠭ᠋ᠠᠵᠤ ᠪᠣᠢ᠃
ᠭᠤᠷᠪᠠᠳᠤᠭ᠋ᠠᠷ ᠵᠦᠢ᠍ᠯ ᠡᠮᠴᠢᠯᠡᠭᠡᠨ᠎ᠤ ᠵᠠᠭᠤᠷᠠᠯᠳᠤᠭ᠋ᠠᠨ᠎ᠢ ᠰᠡᠷᠭᠡᠢ᠌ᠯᠡᠬᠦ ᠪᠠ ᠰᠢᠢ᠍ᠳᠪᠦᠷᠢᠯᠡᠬᠦ ᠠᠵᠢᠯ᠎ᠨᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠠᠵᠢᠯ᠎ᠤᠨ ᠭᠣᠣᠯ ᠰᠢᠵᠢᠮ ᠪᠣᠯᠭ᠋ᠠᠬᠤ ᠵᠢ ᠪᠠᠷᠢᠮᠲᠠᠯᠠᠵᠤ᠂ ᠠᠷᠠᠳ ᠲᠦᠮᠡᠨ ᠵᠶ᠋ᠠᠷ ᠭᠣᠣᠯ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠪᠠᠷᠢᠮᠲᠠᠯᠠᠨ᠂ ᠰᠢᠨ᠎ᠡ ᠴᠠᠭ ᠦᠶ᠎ᠡ ᠵᠢᠨ 《ᠹᠧᠩᠴᠢᠶᠣᠣ ᠵᠢᠨ ᠲᠤᠷᠰᠢᠯᠭ᠎ᠠ 》 ᠵᠢ ᠪᠠᠷᠢᠮᠲᠠᠯᠠᠨ ᠬᠥᠭᠵᠢᠭᠦᠯᠬᠦ ᠬᠡᠷᠡᠭᠲᠡᠢ᠃
ᠳᠥᠷᠪᠡᠳᠦᠭᠡᠷ ᠵᠦᠢ᠍ᠯ ᠡᠮᠴᠢ ᠵᠢᠨ ᠲᠠᠯ᠎ᠠ ᠵᠢᠨ ᠬᠢᠨ ᠵᠠᠩᠭᠢᠯᠠᠭ᠎ᠠ ᠵᠢᠨ ᠠᠵᠢᠯ ᠵᠶ᠋ᠠᠨ ᠤᠷᠢᠳᠴᠢᠯᠠᠨ ᠭᠦᠢ᠍ᠴᠡᠳᠬᠡᠵᠦ᠂ ᠣᠨᠣᠰᠢᠯᠠᠨ ᠡᠮᠨᠡᠬᠦ ᠠᠵᠢᠯᠯᠠᠭ᠎ᠠ᠎ᠪᠠᠨ ᠵᠢᠷᠤᠮᠵᠢᠭᠤᠯᠤᠨ᠂ ᠡᠮᠴᠢᠯᠡᠭᠡᠨ᠎ᠤ ᠦᠢ᠍ᠯᠡᠴᠢᠯᠡᠭᠡ᠎ᠪᠠᠨ ᠰᠠᠢ᠌ᠵᠢᠷᠠᠭᠤᠯᠵᠤ᠂ ᠡᠮᠴᠢᠯᠡᠭᠡᠨ᠎ᠤ ᠶᠠᠰᠤ ᠴᠢᠨᠠᠷ ᠵᠶ᠋ᠠᠨ ᠳᠡᠭᠡᠭᠰᠢᠯᠡᠭᠦᠯᠦᠨ᠂ ᠲᠦᠭᠰᠢᠭᠦᠷᠢ ᠵᠢᠨ ᠬᠠᠮᠢᠶᠠᠷᠤᠯᠲᠠ᠎ᠪᠠᠨ ᠴᠢᠩᠭ᠋ᠠᠳᠬᠠᠵᠤ᠂ ᠲᠦᠭᠰᠢᠭᠦᠷᠢ ᠵᠢᠨ ᠭᠡᠮ ᠰᠣᠭᠣᠭ᠎ᠢ ᠴᠠᠭ ᠲᠤᠬᠠᠢᠳᠤᠨᠢ ᠠᠷᠢᠯᠭ᠋ᠠᠨ᠂ ᠡᠮᠴᠢᠯᠡᠭᠡᠨ᠎ᠤ ᠵᠠᠭᠤᠷᠠᠯᠳᠤᠭ᠋ᠠᠨ᠎ᠢ ᠰᠡᠷᠭᠡᠢ᠌ᠯᠡᠨ ᠪᠠᠭ᠋ᠠᠰᠬᠠᠬᠤ ᠬᠡᠷᠡᠭᠲᠡᠢ᠃
ᠲᠠᠪᠤᠳᠤᠭ᠋ᠠᠷ ᠵᠦᠢ᠍ᠯ ᠡᠮᠴᠢᠯᠡᠭᠡᠨ᠎ᠤ ᠵᠠᠭᠤᠷᠠᠯᠳᠤᠭ᠋ᠠᠨ᠎ᠢ ᠰᠢᠢ᠍ᠳᠪᠦᠷᠢᠯᠡᠬᠦ᠎ᠳᠤ ᠬᠠᠷᠢᠶ᠎ᠠ ᠭᠠᠵᠠᠷ ᠬᠠᠷᠢᠭᠤᠴᠠᠬᠤ᠂ ᠡᠷᠬᠡ ᠲᠡᠭᠰᠢ ᠲᠥᠪ ᠭᠣᠤᠯᠴᠢ᠂ ᠴᠠᠭ ᠲᠤᠬᠠᠢᠳᠤᠨᠢ ᠮᠥᠷᠲᠡᠭᠡᠨ ᠠᠷᠠᠳ᠎ᠲᠤ ᠳᠥᠭᠥᠮ ᠦᠵᠡᠭᠦᠯᠬᠦ ᠵᠠᠷᠴᠢᠮ᠎ᠢ ᠵᠢᠷᠤᠮᠯᠠᠵᠤ᠂ ᠪᠣᠳᠠᠲᠤ ᠬᠡᠷᠡᠭ᠎ᠢ᠎ᠨᠢ ᠲᠣᠳᠣᠷᠬᠠᠢ ᠪᠣᠯᠭ᠋ᠠᠬᠤ᠂ ᠴᠢᠨᠠᠷ ᠲᠣᠭᠲᠠᠭ᠋ᠠᠯᠲᠠ ᠵᠢ᠎ᠨᠢ ᠣᠨᠣᠪᠴᠢᠲᠠᠢ ᠪᠠᠢ᠌ᠯᠭ᠋ᠠᠬᠤ᠂ ᠬᠠᠷᠢᠭᠤᠴᠠᠯᠭ᠎ᠠ ᠵᠢ᠎ᠨᠢ ᠲᠣᠳᠣᠷᠬᠠᠢ ᠪᠠᠢ᠌ᠯᠭ᠋ᠠᠬᠤ᠂ ᠬᠠᠤᠯᠢ ᠶᠣᠰᠣᠭ᠋ᠠᠷ ᠰᠢᠢ᠍ᠳᠪᠦᠷᠢᠯᠡᠬᠦ ᠵᠢ ᠪᠡᠶᠡᠯᠡᠭᠦᠯᠬᠦ ᠬᠡᠷᠡᠭᠲᠡᠢ᠃
ᠵᠢᠷᠭᠤᠳᠤᠭ᠋ᠠᠷ ᠵᠦᠢ᠍ᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠵᠠᠰᠠᠭ᠎ᠤᠨ ᠣᠷᠳᠣᠨ ᠵᠶ᠋ᠠᠷ ᠭᠣᠣᠯᠯᠠᠨ ᠵᠢᠯᠣᠭᠣᠳᠤᠭᠤᠯᠤᠭᠰᠠᠨ᠂ ᠰᠠᠯᠠᠭ᠎ᠠ ᠮᠥᠴᠢᠷ᠎ᠤᠳ ᠬᠠᠮᠵᠢᠯᠴᠠᠨ ᠠᠵᠢᠯᠯᠠᠭᠰᠠᠨ᠂ ᠨᠡᠢ᠌ᠭᠡᠮ᠎ᠤᠨ ᠬᠢᠨ ᠬᠠᠮᠲᠤᠷᠠᠨ ᠬᠠᠮᠵᠢᠯᠴᠠᠭᠰᠠᠨ ᠡᠮᠴᠢᠯᠡᠭᠡᠨ᠎ᠤ ᠵᠠᠭᠤᠷᠠᠯᠳᠤᠭ᠋ᠠᠨ᠎ᠢ ᠰᠢᠢ᠍ᠳᠪᠦᠷᠢᠯᠡᠬᠦ ᠲᠣᠭᠲᠠᠴᠠ ᠵᠢ ᠪᠠᠢ᠌ᠭᠤᠯᠤᠨ ᠲᠡᠭᠦᠯᠳᠡᠷᠵᠢᠭᠦᠯᠵᠦ᠂ ᠡᠮᠴᠢᠯᠡᠭᠡᠨ᠎ᠤ ᠵᠠᠭᠤᠷᠠᠯᠳᠤᠭ᠋ᠠᠨ᠎ᠢ ᠰᠡᠷᠭᠡᠢ᠌ᠯᠡᠬᠦ ᠪᠠ ᠰᠢᠢ᠍ᠳᠪᠦᠷᠢᠯᠡᠬᠦ ᠠᠵᠢᠯ᠎ᠢ ᠠᠮᠤᠭᠤᠯᠠᠩᠲᠤ ᠪᠠᠢ᠌ᠭᠤᠯᠤᠯᠲᠠ ᠵᠢᠨ ᠰᠢᠯᠭ᠋ᠠᠨ ᠬᠢᠨᠠᠵᠤ ᠦᠨᠡᠯᠡᠬᠦ ᠲᠣᠭᠲᠠᠯᠴᠠᠭ᠎ᠠ᠎ᠳᠤ ᠣᠷᠣᠭᠤᠯᠬᠤ ᠬᠡᠷᠡᠭᠲᠡᠢ᠃
ᠳᠣᠯᠣᠳᠤᠭ᠋ᠠᠷ ᠵᠦᠢ᠍ᠯ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠳ ᠡᠮᠴᠢᠯᠡᠭᠡᠨ᠎ᠤ ᠶᠠᠰᠤ ᠴᠢᠨᠠᠷ ᠪᠠ ᠠᠮᠤᠷ ᠲᠦᠪᠰᠢᠨ᠎ᠢ ᠬᠢᠨᠠᠨ ᠬᠠᠮᠢᠶᠠᠷᠬᠤ᠂ ᠡᠮᠴᠢᠯᠡᠭᠡᠨ᠎ᠤ ᠵᠠᠭᠤᠷᠠᠯᠳᠤᠭ᠋ᠠᠨ᠎ᠳᠤ ᠵᠠᠰᠠᠭ ᠵᠠᠬᠢᠷᠭ᠋ᠠᠨ᠎ᠤ ᠡᠶᠡᠳᠡᠭᠦᠯᠭᠡ ᠬᠢᠬᠦ᠂ ᠡᠮᠴᠢᠯᠡᠭᠡᠨ᠎ᠤ ᠠᠳᠡᠯ᠎ᠤᠨ ᠵᠠᠰᠠᠭ ᠵᠠᠬᠢᠷᠭ᠋ᠠᠨ᠎ᠤ ᠪᠠᠢ᠌ᠴᠠᠭ᠋ᠠᠨ ᠰᠢᠢ᠍ᠳᠪᠦᠷᠢᠯᠡᠬᠦ ᠡᠭᠦᠷᠭᠡ ᠴᠢᠳᠠᠪᠤᠷᠢ᠎ᠪᠠᠨ ᠭᠦᠢ᠍ᠴᠡᠳᠬᠡᠵᠦ᠂ ᠡᠮᠴᠢᠯᠡᠭᠡᠨ᠎ᠤ ᠪᠠᠢ᠌ᠭᠤᠯᠤᠮᠵᠢ ᠵᠢ ᠵᠢᠭ᠋ᠠᠨ ᠵᠢᠯᠤᠭᠣᠳᠬᠤ ᠪᠠ ᠬᠢᠨᠠᠯᠲᠠ ᠲᠠᠯᠪᠢᠵᠤ ᠪᠠᠢ᠌ᠭ᠋ᠠᠳ ᠡᠮᠴᠢᠯᠡᠭᠡᠨ᠎ᠤ ᠵᠠᠭᠤᠷᠠᠯᠳᠤᠭ᠋ᠠᠨ᠎ᠢ ᠰᠡᠷᠭᠡᠢ᠌ᠯᠡᠬᠦ ᠪᠠ ᠰᠢᠢ᠍ᠳᠪᠦᠷᠢᠯᠡᠬᠦ ᠠᠵᠢᠯ᠎ᠢ ᠰᠠᠢ᠌ᠲᠤᠷ ᠬᠢᠯᠭᠡᠵᠦ᠂ ᠡᠮᠴᠢ ᠪᠠ ᠡᠪᠡᠳᠴᠢᠲᠡᠨ ᠬᠣᠶᠠᠷ ᠲᠠᠯ᠎ᠠ ᠵᠢ ᠬᠥᠲᠥᠯᠥᠨ ᠵᠢᠯᠤᠭᠣᠳᠴᠤ ᠪᠠᠢ᠌ᠭ᠋ᠠᠳ ᠡᠮᠴᠢᠯᠡᠭᠡᠨ᠎ᠤ ᠵᠠᠭᠤᠷᠠᠯᠳᠤᠭ᠋ᠠᠨ᠎ᠢ ᠬᠠᠤᠯᠢ ᠶᠣᠰᠣᠭ᠋ᠠᠷ ᠰᠢᠢ᠍ᠳᠪᠦᠷᠢᠯᠡᠭᠦᠯᠬᠦ ᠬᠡᠷᠡᠭᠲᠡᠢ᠃
ᠨᠠᠢ᠍ᠮᠠᠳᠤᠭ᠋ᠠᠷ ᠵᠦᠢ᠍ᠯ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠨᠤᠭᠤᠳ ᠭᠤᠷᠪᠠᠳᠤᠭ᠋ᠠᠷ ᠲᠠᠰ᠎ᠤᠨ ᠡᠮᠨᠡᠯᠭᠡ ᠵᠢᠨ ᠬᠣᠷᠢᠶ᠎ᠠ ᠪᠠ ᠨᠥᠬᠥᠴᠡᠯ᠎ᠲᠠᠢ ᠬᠣᠶᠠᠳᠤᠭ᠋ᠠᠷ ᠲᠠᠰ᠎ᠤᠨ ᠡᠮᠨᠡᠯᠭᠡ ᠵᠢᠨ ᠬᠣᠷᠢᠶᠠᠨ᠎ᠳᠤ ᠴᠠᠭᠳᠠᠭ᠋ᠠᠨ᠎ᠤ ᠶᠠᠪᠤᠳᠠᠯ᠎ᠤᠨ ᠲᠠᠰᠤᠭ ᠲᠣᠬᠢᠷᠠᠭᠤᠯᠵᠤ᠂ ᠴᠢᠬᠤᠯᠠ ᠪᠦᠬᠦᠢ ᠴᠠᠭᠳᠠᠭ᠋ᠠᠨ᠎ᠤ ᠬᠦᠴᠦᠨ ᠲᠣᠬᠢᠷᠠᠭᠤᠯᠬᠤ ᠬᠡᠷᠡᠭᠲᠡᠢ ; ᠨᠥᠬᠥᠴᠡᠯ ᠪᠦᠷᠢᠳᠦᠭᠦᠯᠦᠭᠡᠳᠦᠢ ᠬᠣᠶᠠᠳᠤᠭ᠋ᠠᠷ ᠲᠠᠰ᠎ᠤᠨ ᠡᠮᠨᠡᠯᠭᠡ ᠵᠢᠨ ᠬᠣᠷᠢᠶᠠᠨ᠎ᠤ ᠡᠷᠭᠢᠨ ᠲᠣᠭᠣᠷᠢᠨ᠎ᠳᠤ ᠠᠮᠤᠷ᠎ᠢ ᠬᠠᠮᠠᠭ᠋ᠠᠯᠠᠬᠤ ᠬᠠᠷᠠᠭᠤᠯ᠎ᠤᠨ ᠭᠠᠵᠠᠷ (ᠴᠠᠭᠳᠠᠨ ᠪᠠᠢ᠌ᠴᠠᠭ᠋ᠠᠬᠤ᠎ᠳᠤ ᠡᠷᠬᠡᠪᠰᠢ ᠬᠦᠷᠬᠦ ᠴᠡᠭ) ᠲᠣᠬᠢᠷᠠᠭᠤᠯᠬᠤ ᠬᠡᠷᠡᠭᠲᠡᠢ᠃ ᠡᠮᠴᠢᠯᠡᠭᠡᠨ᠎ᠤ ᠪᠠᠢ᠌ᠭᠤᠯᠤᠮᠵᠢ ᠵᠢᠨ ᠠᠮᠤᠷ᠎ᠢ ᠬᠠᠮᠠᠭ᠋ᠠᠯᠠᠬᠤ ᠲᠠᠯ᠎ᠠ᠎ᠪᠠᠷ ᠬᠢ ᠡᠮᠬᠢ ᠵᠢᠷᠤᠮ᠎ᠢ ᠬᠠᠤᠯᠢ ᠶᠣᠰᠣᠭ᠋ᠠᠷ ᠬᠠᠮᠠᠭ᠋ᠠᠯᠠᠵᠤ᠂ ᠡᠮᠴᠢᠯᠡᠭᠡᠨ᠎ᠤ ᠡᠮᠬᠢ ᠳᠢᠭᠯᠢᠮ᠎ᠢ ᠰᠠᠮᠠᠭᠤᠷᠠᠭᠤᠯᠬᠤ ᠵᠡᠷᠭᠡ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢ ᠪᠠᠢ᠌ᠴᠠᠭ᠋ᠠᠨ ᠰᠢᠢ᠍ᠳᠪᠦᠷᠢᠯᠡᠬᠦ ᠪᠠ ᠴᠣᠬᠢᠯᠲᠠ ᠥᠭᠬᠦ ᠬᠡᠷᠡᠭᠲᠡᠢ᠃
ᠶᠢᠰᠦᠳᠦᠭᠡᠷ ᠵᠦᠢ᠍ᠯ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠳ ᠡᠮᠴᠢᠯᠡᠭᠡᠨ᠎ᠤ ᠵᠠᠭᠤᠷᠠᠯᠳᠤᠭ᠋ᠠᠨ᠎ᠤ ᠠᠷᠠᠳ᠎ᠤᠨ ᠡᠶᠡᠳᠡᠭᠦᠯᠭᠡ ᠵᠢᠨ ᠠᠵᠢᠯ᠎ᠢ ᠬᠠᠷᠢᠭᠤᠴᠠᠨ ᠵᠢᠯᠤᠭᠣᠳᠴᠤ᠂ ᠡᠮᠴᠢᠯᠡᠭᠡᠨ᠎ᠤ ᠵᠠᠭᠤᠷᠠᠯᠳᠤᠭ᠋ᠠᠨ᠎ᠢ ᠡᠶᠡᠳᠡᠭᠦᠯᠬᠦ ᠠᠵᠢᠯ᠎ᠤᠨ ᠵᠢᠷᠤᠮᠵᠢᠭᠤᠯᠤᠯᠲᠠ᠂ ᠲᠤᠰᠬᠠᠢ᠌ᠵᠢᠯᠲᠠ ᠵᠢ ᠠᠬᠢᠭᠤᠯᠬᠤ ᠬᠡᠷᠡᠭᠲᠡᠢ᠃
ᠡᠯ᠎ᠡ ᠭᠠᠵᠠᠷ ᠣᠷᠣᠨ᠎ᠨᠢ ᠬᠡᠷᠡᠭᠴᠡᠭᠡ᠎ᠪᠠᠨ ᠦᠨᠳᠦᠰᠦᠯᠡᠨ ᠡᠮᠴᠢᠯᠡᠭᠡᠨ᠎ᠤ ᠵᠠᠭᠤᠷᠠᠯᠳᠤᠭ᠋ᠠᠨ᠎ᠤ ᠠᠷᠠᠳ᠎ᠤᠨ ᠡᠶᠡᠳᠡᠭᠦᠯᠭᠡ ᠵᠢᠨ ᠺᠣᠮᠢᠰ᠎ᠢ ᠪᠠᠢ᠌ᠭᠤᠯᠵᠤ᠂ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠳᠣᠲᠣᠷᠠᠬᠢ ᠡᠮᠴᠢᠯᠡᠭᠡᠨ᠎ᠤ ᠵᠠᠭᠤᠷᠠᠯᠳᠤᠭ᠋ᠠᠨ᠎ᠤ ᠠᠷᠠᠳ᠎ᠤᠨ ᠡᠶᠡᠳᠡᠭᠦᠯᠭᠡ ᠵᠢᠨ ᠠᠵᠢᠯ᠎ᠢ ᠬᠠᠷᠢᠭᠤᠴᠠᠭᠤᠯᠤᠨ᠂ ᠮᠡᠳᠡᠭᠡ ᠵᠠᠩᠭᠢ ᠨᠡᠪᠲᠡᠷᠡᠯᠴᠡᠬᠦ ᠲᠣᠭᠲᠠᠴᠠ ᠵᠢ ᠪᠠᠢ᠌ᠭᠤᠯᠵᠤ᠂ ᠡᠮᠴᠢᠯᠡᠭᠡᠨ᠎ᠤ ᠵᠠᠭᠤᠷᠠᠯᠳᠤᠭ᠋ᠠᠨ᠎ᠢ ᠣᠯᠠᠨ ᠡᠰᠢᠵᠢᠭᠦᠯᠦᠨ ᠰᠢᠢ᠍ᠳᠪᠦᠷᠢᠯᠡᠬᠦ ᠠᠷᠭ᠎ᠠ ᠵᠠᠮ᠎ᠢ ᠰᠢᠯᠤᠭᠤᠳᠬᠠᠬᠤ ᠬᠡᠷᠡᠭᠲᠡᠢ᠃ ᠵᠠᠰᠠᠭ᠎ᠤᠨ ᠣᠷᠳᠣᠨ ᠦᠢ᠍ᠯᠡᠴᠢᠯᠡᠭᠡ ᠬᠤᠳᠠᠯᠳᠤᠨ ᠠᠪᠬᠤ ᠪᠤᠶᠤ ᠨᠡᠢ᠌ᠭᠡᠮ᠎ᠤᠨ ᠬᠦᠴᠦᠨ᠎ᠢ ᠣᠷᠣᠭᠤᠯᠤᠨ ᠠᠪᠴᠢᠷᠠᠵᠤ ᠡᠮᠴᠢᠯᠡᠭᠡᠨ᠎ᠤ ᠵᠠᠭᠤᠷᠠᠯᠳᠤᠭ᠋ᠠᠨ᠎ᠤ ᠠᠷᠠᠳ᠎ᠤᠨ ᠡᠶᠡᠳᠡᠭᠦᠯᠭᠡ ᠵᠢᠨ ᠵᠣᠬᠢᠶᠠᠨ ᠪᠠᠢ᠌ᠭᠤᠯᠤᠯᠲᠠ ᠵᠢ ᠨᠡᠭᠡᠭᠡᠨ ᠡᠷᠬᠢᠯᠡᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠡᠮᠴᠢᠯᠡᠭᠡᠨ᠎ᠤ ᠵᠠᠭᠤᠷᠠᠯᠳᠤᠭ᠋ᠠᠨ᠎ᠤ ᠠᠷᠠᠳ᠎ᠤᠨ ᠡᠶᠡᠳᠡᠭᠦᠯᠭᠡ ᠵᠢᠨ ᠠᠵᠢᠯ᠎ᠤᠨ ᠦᠷᠭᠦᠯᠵᠢᠯᠡᠨ ᠡᠷᠡᠭᠦᠯ ᠵᠶ᠋ᠠᠷ ᠬᠥᠭᠵᠢᠬᠦ ᠵᠢ ᠦᠨᠡᠨ ᠬᠦ᠌ ᠪᠠᠲᠤᠯᠠᠬᠤ ᠬᠡᠷᠡᠭᠲᠡᠢ᠃
ᠠᠷᠪᠠᠳᠤᠭ᠋ᠠᠷ ᠵᠦᠢ᠍ᠯ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ ᠪᠠ ᠳᠠᠭ᠋ᠠᠳᠬᠠᠯ᠎ᠤᠨ ᠪᠠᠢ᠌ᠭᠤᠯᠤᠮᠵᠢ᠎ᠨᠤᠭᠤᠳ ᠡᠮᠴᠢᠯᠡᠭᠡᠨ᠎ᠤ ᠲᠦᠭᠰᠢᠭᠦᠷᠢ ᠵᠢ ᠬᠤᠪᠢᠶᠠᠷᠢᠯᠠᠨ ᠡᠭᠦᠷᠭᠡᠯᠡᠬᠦ ᠲᠣᠭᠲᠠᠴᠠ ᠵᠢᠨ ᠪᠠᠢ᠌ᠭᠤᠯᠤᠯᠲᠠ ᠵᠢ ᠢᠳᠡᠪᠬᠢᠲᠡᠢ ᠠᠬᠢᠭᠤᠯᠵᠤ᠂ ᠳᠠᠭ᠋ᠠᠳᠬᠠᠯ᠎ᠤᠨ ᠪᠠᠲᠤᠯᠠᠭ᠎ᠠ ᠵᠢᠨ ᠠᠷᠭ᠎ᠠ ᠬᠡᠮᠵᠢᠶ᠎ᠡ᠎ᠪᠠᠨ ᠪᠠᠶᠠᠯᠢᠭᠵᠢᠭᠤᠯᠬᠤ ᠬᠡᠷᠡᠭᠲᠡᠢ᠃
ᠠᠷᠪᠠᠨ ᠨᠢᠭᠡᠳᠦᠭᠡᠷ ᠵᠦᠢ᠍ᠯ ᠡᠳ᠋᠎ᠤᠨ ᠵᠠᠰᠠᠭ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ᠂ ᠵᠠᠬᠢᠳᠠᠯ ᠰᠤᠷᠪᠤᠯᠵᠢᠯᠠᠯ᠂ ᠡᠮᠴᠢᠯᠡᠭᠡᠨ᠎ᠤ ᠪᠠᠲᠤᠯᠠᠭ᠎ᠠ ᠵᠡᠷᠭᠡ ᠰᠠᠯᠠᠭ᠎ᠠ ᠮᠥᠴᠢᠷ᠎ᠤᠳ ᠲᠤᠰ ᠲᠤᠰ᠎ᠤᠨ ᠵᠶ᠋ᠠᠨ ᠡᠭᠦᠷᠭᠡ ᠬᠠᠷᠢᠭᠤᠴᠠᠯᠭ᠎ᠠ ᠶᠣᠰᠣᠭ᠋ᠠᠷ ᠡᠮᠴᠢᠯᠡᠭᠡᠨ᠎ᠤ ᠵᠠᠭᠤᠷᠠᠯᠳᠤᠭ᠋ᠠᠨ᠎ᠢ ᠰᠡᠷᠭᠡᠢ᠌ᠯᠡᠬᠦ ᠬᠢᠭᠡᠳ ᠰᠢᠢ᠍ᠳᠪᠦᠷᠢᠯᠡᠬᠦ ᠬᠠᠮᠢᠶ᠎ᠠ ᠪᠦᠬᠦᠢ ᠠᠵᠢᠯ᠎ᠢ ᠰᠠᠢ᠌ᠲᠤᠷ ᠬᠢᠬᠦ ᠬᠡᠷᠡᠭᠲᠡᠢ᠃
ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠳ ᠣᠷᠣᠰᠢᠭᠤᠯᠭ᠎ᠠ ᠵᠢᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢ ᠵᠢᠯᠤᠭᠣᠳᠴᠤ ᠪᠠᠢ᠌ᠭ᠋ᠠᠳ ᠡᠪᠡᠳᠴᠢᠲᠡᠨ᠎ᠤ ᠴᠢᠨᠳᠠᠷ᠎ᠢ ᠬᠦᠯᠢᠶᠡᠨ ᠠᠪᠴᠤ ᠲᠡᠭᠡᠭᠡᠪᠦᠷᠢᠯᠡᠬᠦ ᠠᠵᠢᠯ᠎ᠢ ᠬᠠᠤᠯᠢ ᠶᠣᠰᠣᠭ᠋ᠠᠷ ᠰᠠᠢ᠌ᠲᠤᠷ ᠬᠢᠯᠭᠡᠬᠦ ᠵᠢ ᠬᠠᠷᠢᠭᠤᠴᠠᠨ᠎ᠠ᠃
ᠡᠮᠴᠢᠯᠡᠭᠡᠨ᠎ᠤ ᠪᠠᠢ᠌ᠭᠤᠯᠤᠮᠵᠢ ᠵᠢᠨ ᠪᠠᠢ᠌ᠭ᠎ᠠ ᠭᠠᠵᠠᠷ᠂ ᠡᠪᠡᠳᠴᠢᠲᠡᠨ᠎ᠤ ᠡᠷᠦᠬᠡ ᠠᠮᠠ ᠵᠢᠨ ᠪᠠᠢ᠌ᠭ᠎ᠠ ᠭᠠᠵᠠᠷ ᠪᠤᠶᠤ ᠰᠠᠭᠤᠭ᠎ᠠ ᠭᠠᠵᠠᠷ᠎ᠤᠨ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ᠂ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ ᠪᠠ ᠭᠠᠴᠠᠭ᠎ᠠ ᠲᠣᠰᠬᠣᠨ (ᠰᠠᠭᠤᠭ᠋ᠠᠯᠢ)᠎ᠤ ᠠᠷᠠᠳ᠎ᠤᠨ ᠵᠥᠪᠯᠡᠯ ᠵᠢᠴᠢ ᠬᠠᠮᠢᠶ᠎ᠠ ᠪᠦᠬᠦᠢ ᠨᠢᠭᠡᠴᠢ᠎ᠨᠦᠭᠦᠳ ᠡᠮᠴᠢᠯᠡᠭᠡᠨ᠎ᠤ ᠵᠠᠭᠤᠷᠠᠯᠳᠤᠭ᠋ᠠᠨ᠎ᠢ ᠰᠡᠷᠭᠡᠢ᠌ᠯᠡᠬᠦ ᠪᠠ ᠰᠢᠢ᠍ᠳᠪᠦᠷᠢᠯᠡᠬᠦ ᠠᠵᠢᠯ᠎ᠢ ᠢᠳᠡᠪᠬᠢᠲᠡᠢ ᠰᠠᠢ᠌ᠲᠤᠷ ᠬᠢᠬᠦ ᠬᠡᠷᠡᠭᠲᠡᠢ᠃
ᠠᠷᠪᠠᠨ ᠬᠣᠶᠠᠳᠤᠭ᠋ᠠᠷ ᠵᠦᠢ᠍ᠯ ᠡᠮᠨᠡᠯᠭᠡ ᠵᠢᠨ ᠬᠣᠷᠢᠶ᠎ᠠ᠎ᠨᠤᠭᠤᠳ᠎ᠤᠨ ᠨᠡᠢ᠌ᠭᠡᠮᠯᠢᠭ᠂ ᠡᠮᠴᠢ ᠨᠠᠷ᠎ᠤᠨ ᠨᠡᠢ᠌ᠭᠡᠮᠯᠢᠭ ᠵᠡᠷᠭᠡ ᠬᠣᠯᠪᠣᠭᠳᠠᠯ ᠪᠦᠬᠦᠢ ᠠᠵᠢᠯ ᠲᠥᠷᠥᠯ᠎ᠤᠨ ᠵᠣᠬᠢᠶᠠᠨ ᠪᠠᠢ᠌ᠭᠤᠯᠤᠯᠲᠠ ᠪᠠ ᠡᠮᠴᠢᠯᠡᠭᠡᠨ᠎ᠤ ᠪᠠᠢ᠌ᠭᠤᠯᠤᠮᠵᠢ᠎ᠨᠤᠭᠤᠳ ᠠᠵᠢᠯ ᠲᠥᠷᠥᠯ᠎ᠤᠨ ᠱᠠᠭ᠋ᠠᠷᠳᠠᠯᠭ᠎ᠠ᠎ᠪᠠᠨ ᠴᠢᠩᠭ᠋ᠠᠳᠬᠠᠨ᠂ ᠡᠮᠨᠡᠯᠭᠡ ᠵᠢᠨ ᠠᠵᠢᠯᠲᠠᠨ᠎ᠤ ᠠᠵᠢᠯ ᠡᠷᠬᠢᠯᠡᠬᠦ ᠦᠢ᠍ᠯᠡ ᠠᠵᠢᠯᠯᠠᠭ᠎ᠠ ᠵᠢ ᠴᠢᠩᠭ᠎ᠠ ᠵᠢᠷᠤᠮᠵᠢᠭᠤᠯᠵᠤ᠂ ᠡᠮᠨᠡᠯᠭᠡ ᠵᠢᠨ ᠠᠵᠢᠯᠲᠠᠳ᠎ᠤᠨ ᠡᠮᠴᠢ ᠵᠢᠨ ᠮᠣᠷᠠᠯ ᠰᠤᠷᠲᠠᠯ᠎ᠤᠨ ᠬᠥᠮᠦᠵᠢᠯ᠎ᠢ ᠴᠢᠩᠭ᠋ᠠᠳᠬᠠᠬᠤ ᠬᠡᠷᠡᠭᠲᠡᠢ᠃
ᠠᠷᠪᠠᠨ ᠭᠤᠷᠪᠠᠳᠤᠭ᠋ᠠᠷ ᠵᠦᠢ᠍ᠯ ᠰᠣᠨᠢᠨ ᠮᠡᠳᠡᠭᠡᠨ᠎ᠤ ᠵᠠᠭᠤᠴᠢᠯᠠᠭᠤᠷ᠎ᠨᠢ ᠡᠮᠴᠢᠯᠡᠭᠡ ᠡᠷᠡᠭᠦᠯ ᠬᠠᠮᠠᠭ᠋ᠠᠯᠠᠯ᠎ᠤᠨ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠪᠠ ᠡᠮᠴᠢᠯᠡᠭᠡ ᠡᠷᠡᠭᠦᠯ ᠬᠠᠮᠠᠭ᠋ᠠᠯᠠᠯ᠎ᠤᠨ ᠮᠡᠳᠡᠯᠭᠡ ᠵᠢᠨ ᠤᠬᠠᠭᠤᠯᠭ᠎ᠠ ᠥᠷᠨᠢᠭᠦᠯᠵᠦ᠂ ᠣᠯᠠᠨ ᠨᠡᠢ᠌ᠲᠡ ᠵᠢᠨ ᠡᠮᠴᠢ ᠪᠠ ᠡᠪᠡᠳᠴᠢᠲᠡᠨ᠎ᠤ ᠬᠠᠷᠢᠴᠠᠭ᠎ᠠ᠂ ᠡᠮᠴᠢᠯᠡᠭᠡᠨ᠎ᠤ ᠲᠦᠭᠰᠢᠭᠦᠷᠢ᠎ᠳᠤ ᠤᠬᠠᠮᠵᠢ᠎ᠲᠠᠢ ᠬᠠᠨᠳᠤᠬᠤ ᠵᠢ ᠬᠥᠲᠥᠯᠥᠨ ᠵᠢᠯᠤᠭᠣᠳᠬᠤ ᠬᠡᠷᠡᠭᠲᠡᠢ ; ᠡᠮᠴᠢᠯᠡᠭᠡᠨ᠎ᠤ ᠵᠠᠭᠤᠷᠠᠯᠳᠤᠭ᠋ᠠᠨ᠎ᠢ ᠮᠡᠳᠡᠭᠡᠯᠡᠬᠦ᠎ᠳᠤ ᠬᠣᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠲᠣᠭᠲᠠᠭ᠋ᠠᠯ᠎ᠢ ᠵᠢᠷᠤᠮᠯᠠᠵᠤ᠂ ᠦᠨᠡᠨ ᠪᠣᠳᠠᠲᠠᠢ᠂ ᠪᠤᠰᠤᠳᠴᠢ᠂ ᠲᠥᠪ ᠭᠣᠤᠯᠴᠢ᠂ ᠠᠵᠢᠯ᠎ᠤᠨ ᠮᠣᠷᠠᠯ᠎ᠢ ᠬᠢᠴᠢᠶᠡᠩᠭᠦᠢ᠌ᠯᠡᠨ ᠰᠠᠬᠢᠬᠤ ᠵᠢ ᠪᠡᠶᠡᠯᠡᠭᠦᠯᠬᠦ ᠬᠡᠷᠡᠭᠲᠡᠢ᠃
ᠠᠷᠠᠳ ᠢᠷᠭᠡᠨ᠂ ᠬᠠᠤᠯᠢ ᠵᠢᠨ ᠡᠷᠬᠡᠲᠡᠨ ᠪᠤᠶᠤ ᠪᠤᠰᠤᠳ ᠵᠣᠬᠢᠶᠠᠨ ᠪᠠᠢ᠌ᠭᠤᠯᠤᠯᠲᠠ ᠡᠮᠴᠢᠯᠡᠭᠡᠨ᠎ᠤ ᠵᠠᠭᠤᠷᠠᠯᠳᠤᠭ᠋ᠠᠨ᠎ᠤ ᠬᠠᠮᠢᠶ᠎ᠠ ᠪᠦᠬᠦᠢ ᠶᠠᠷᠢᠶ᠎ᠠ ᠬᠡᠯᠡᠯᠴᠡᠭᠡ ᠵᠢ ᠨᠡᠢ᠌ᠲᠡᠯᠡᠬᠦ᠎ᠳᠤ᠎ᠪᠠᠨ᠂ ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠵᠢᠷᠤᠮᠯᠠᠵᠤ᠂ ᠪᠣᠳᠠᠲᠤ ᠶᠠᠪᠤᠳᠠᠯ ᠵᠶ᠋ᠠᠷ ᠦᠨᠳᠦᠰᠦᠯᠡᠯ ᠪᠣᠯᠭ᠋ᠠᠬᠤ ᠬᠡᠷᠡᠭᠲᠡᠢ᠃
ᠠᠷᠪᠠᠨ ᠳᠥᠷᠪᠡᠳᠦᠭᠡᠷ ᠵᠦᠢ᠍ᠯ ᠨᠡᠢ᠌ᠭᠡᠮ ᠨᠡᠶ᠋ᠢᠲᠡ᠎ᠪᠠᠷ ᠵᠶ᠋ᠡᠨ ᠡᠮᠨᠡᠯᠭᠡ ᠵᠢᠨ ᠠᠵᠢᠯᠲᠠᠨ᠎ᠢ ᠬᠦᠨᠳᠦᠳᠬᠡᠨ᠂ ᠡᠮᠨᠡᠯᠭᠡ ᠵᠢᠨ ᠠᠵᠢᠯᠲᠠᠨ᠎ᠳᠤ ᠬᠥᠮᠥᠨᠴᠢ ᠬᠠᠯᠠᠮᠵᠢᠯᠠᠯ ᠥᠭᠬᠦ᠎ᠪᠠᠨ ᠴᠢᠩᠭ᠋ᠠᠳᠬᠠᠵᠤ᠂ ᠡᠮᠨᠡᠯᠭᠡ ᠵᠢᠨ ᠠᠵᠢᠯᠲᠠᠨ᠎ᠤ ᠠᠵᠢᠯ᠎ᠢ ᠳᠡᠮᠵᠢᠬᠦ ᠬᠡᠷᠡᠭᠲᠡᠢ᠃ ᠶᠠᠮᠠᠷᠪᠠ ᠨᠢᠭᠡᠴᠢ ᠪᠠ ᠬᠤᠪᠢ ᠬᠥᠮᠥᠨ ᠭᠡᠳ ᠡᠮᠴᠢᠯᠡᠭᠡᠨ᠎ᠤ ᠪᠠᠢ᠌ᠭᠤᠯᠤᠮᠵᠢ ᠵᠢᠴᠢ ᠲᠡᠭᠦᠨ᠎ᠤ ᠡᠮᠨᠡᠯᠭᠡ ᠵᠢᠨ ᠠᠵᠢᠯᠲᠠᠨ᠎ᠤ ᠬᠠᠤᠯᠢ ᠶᠣᠰᠣᠭ᠋ᠠᠷ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠵᠢ ᠬᠠᠷᠰᠢᠯᠠᠨ ᠰᠠᠭ᠋ᠠᠲᠠᠭ᠋ᠠᠬᠤ ᠪᠠ ᠨᠥᠯᠥᠭᠡᠯᠡᠵᠦ ᠪᠣᠯᠬᠤ ᠦᠭᠡᠢ᠂ ᠡᠮᠨᠡᠯᠭᠡ ᠵᠢᠨ ᠠᠵᠢᠯᠲᠠᠨ᠎ᠤ ᠬᠥᠮᠥᠨ ᠮᠥᠰᠥ ᠨᠡᠷ᠎ᠡ ᠬᠦᠨᠳᠦ᠂ ᠪᠡᠶ᠎ᠡ ᠵᠢᠨ ᠠᠮᠤᠷ ᠲᠦᠪᠰᠢᠨ᠎ᠳᠤ ᠬᠠᠯᠳᠠᠵᠤ ᠪᠣᠯᠬᠤ ᠦᠭᠡᠢ᠃ ᠡᠮᠴᠢ ᠪᠠ ᠡᠪᠡᠳᠴᠢᠲᠡᠨ ᠬᠣᠶᠠᠷ ᠲᠠᠯ᠎ᠠ᠎ᠪᠠᠷ ᠵᠶ᠋ᠠᠨ ᠬᠠᠷᠢᠯᠴᠠᠨ ᠬᠦᠨᠳᠦᠳᠭᠡᠵᠦ᠂ ᠣᠢ᠌ᠯᠠᠭ᠋ᠠᠯᠴᠠᠵᠤ᠂ ᠢᠲᠡᠭᠡᠯᠴᠡᠵᠦ᠂ ᠡᠮᠴᠢ ᠪᠠ ᠡᠪᠡᠳᠴᠢᠲᠡᠨ᠎ᠤ ᠡᠶ᠎ᠡ ᠵᠣᠬᠢᠴᠠᠯ᠎ᠤᠨ ᠬᠠᠷᠢᠴᠠᠭ᠎ᠠ ᠵᠢ ᠬᠠᠮᠲᠤ᠎ᠪᠠᠷ ᠪᠠᠶ᠋ᠢᠭᠤᠯᠬᠤ ᠬᠡᠷᠡᠭᠲᠡᠢ᠃
ᠬᠣᠶᠠᠳᠤᠭ᠋ᠠᠷ ᠪᠦᠯᠦᠭ ᠡᠮᠴᠢᠯᠡᠭᠡᠨ᠎ᠤ ᠵᠠᠭᠤᠷᠠᠯᠳᠤᠭ᠋ᠠᠨ᠎ᠢ ᠰᠡᠷᠭᠡᠢ᠌ᠯᠡᠬᠦ
ᠠᠷᠪᠠᠨ ᠲᠠᠪᠤᠳᠤᠭ᠋ᠠᠷ ᠵᠦᠢ᠍ᠯ ᠡᠮᠴᠢᠯᠡᠭᠡᠨ᠎ᠤ ᠪᠠᠢ᠌ᠭᠤᠯᠤᠮᠵᠢ ᠵᠢᠴᠢ ᠲᠡᠭᠦᠨ᠎ᠤ ᠡᠮᠨᠡᠯᠭᠡ ᠵᠢᠨ ᠠᠵᠢᠯᠲᠠᠨ ᠣᠨᠣᠰᠢᠯᠠᠨ ᠡᠮᠨᠡᠬᠦ ᠠᠵᠢᠯᠯᠠᠭ᠎ᠠ᠎ᠳᠤ᠎ᠪᠠᠨ ᠡᠪᠡᠳᠴᠢᠲᠡᠨ ᠵᠶ᠋ᠡᠷ ᠭᠣᠣᠯ ᠪᠣᠯᠭ᠋ᠠᠵᠤ᠂ ᠬᠥᠮᠥᠨᠴᠢ ᠬᠠᠯᠠᠮᠵᠢᠯᠠᠯ ᠵᠶ᠋ᠠᠨ ᠴᠢᠩᠭ᠋ᠠᠳᠬᠠᠨ᠂ ᠡᠮᠴᠢᠯᠡᠭᠡ ᠡᠷᠡᠭᠦᠯ ᠬᠠᠮᠠᠭ᠋ᠠᠯᠠᠯ᠎ᠤᠨ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠲᠣᠭᠲᠠᠭ᠋ᠠᠯ ᠳᠦᠷᠢᠮ ᠪᠠ ᠣᠨᠣᠰᠢᠯᠠᠨ ᠡᠮᠨᠡᠬᠦ ᠬᠠᠮᠢᠶ᠎ᠠ ᠪᠦᠬᠦᠢ ᠵᠢᠷᠤᠮᠵᠢᠯ᠂ ᠵᠤᠷᠰᠢᠯ᠎ᠢ ᠴᠢᠩᠭ᠎ᠠ ᠵᠢᠷᠤᠮᠯᠠᠨ ᠰᠠᠬᠢᠵᠤ᠂ ᠠᠵᠢᠯ᠎ᠤᠨ ᠮᠣᠷᠠᠯ᠎ᠢ ᠬᠢᠴᠢᠶᠡᠩᠭᠦᠢ᠌ᠯᠡᠨ ᠰᠠᠬᠢᠬᠤ ᠬᠡᠷᠡᠭᠲᠡᠢ᠃ ᠡᠮᠴᠢᠯᠡᠭᠡᠨ᠎ᠤ ᠪᠠᠢ᠌ᠭᠤᠯᠤᠮᠵᠢ᠎ᠨᠤᠭᠤᠳ ᠲᠡᠭᠦᠨ᠎ᠤ ᠡᠮᠨᠡᠯᠭᠡ ᠵᠢᠨ ᠠᠵᠢᠯᠲᠠᠨ᠎ᠳᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠲᠣᠭᠲᠠᠭ᠋ᠠᠯ ᠳᠦᠷᠢᠮ ᠪᠠ ᠣᠨᠣᠰᠢᠯᠠᠨ ᠡᠮᠨᠡᠬᠦ ᠬᠠᠮᠢᠶ᠎ᠠ ᠪᠦᠬᠦᠢ ᠵᠢᠷᠤᠮᠵᠢᠯ᠂ ᠵᠤᠷᠰᠢᠯ᠎ᠤᠨ ᠲᠠᠯ᠎ᠠ᠎ᠪᠠᠷ ᠬᠢ ᠪᠣᠯᠪᠠᠰᠤᠷᠠᠯ ᠬᠢᠬᠦ ᠵᠢᠨ ᠬᠠᠮᠲᠤ ᠠᠵᠢᠯ᠎ᠤᠨ ᠮᠣᠷᠠᠯ᠎ᠤᠨ ᠬᠥᠮᠥᠵᠢᠯ ᠬᠢᠬᠦ᠎ᠪᠠᠨ ᠴᠢᠩᠭ᠋ᠠᠳᠬᠠᠬᠤ ᠬᠡᠷᠡᠭᠲᠡᠢ᠃
ᠠᠷᠪᠠᠨ ᠵᠢᠷᠭᠤᠳᠤᠭ᠋ᠠᠷ ᠵᠦᠢ᠍ᠯ ᠡᠮᠴᠢᠯᠡᠭᠡᠨ᠎ᠤ ᠪᠠᠢ᠌ᠭᠤᠯᠤᠮᠵᠢ᠎ᠨᠤᠭᠤᠳ ᠡᠮᠴᠢᠯᠡᠭᠡᠨ᠎ᠤ ᠶᠠᠰᠤ ᠴᠢᠨᠠᠷ᠎ᠤᠨ ᠬᠠᠮᠢᠶᠠᠷᠤᠯᠲᠠ ᠵᠢᠨ ᠵᠣᠬᠢᠶᠠᠨ ᠪᠠᠢ᠌ᠭᠤᠯᠤᠯᠲᠠ ᠵᠢ ᠪᠠᠢ᠌ᠭᠤᠯᠤᠨ ᠪᠦᠷᠢᠨᠰᠢᠭᠦᠯᠵᠦ᠂ ᠡᠮᠴᠢᠯᠡᠭᠡᠨ᠎ᠤ ᠶᠠᠰᠤ ᠴᠢᠨᠠᠷ᠎ᠤᠨ ᠬᠠᠮᠢᠶᠠᠷᠤᠯᠲᠠ ᠵᠢᠨ ᠳᠦᠷᠢᠮ᠎ᠢ ᠲᠣᠭᠲᠠᠭ᠋ᠠᠬᠤ ᠵᠢᠨ ᠬᠠᠮᠲᠤ ᠬᠡᠷᠡᠭᠵᠢᠭᠦᠯᠵᠦ᠂ ᠣᠨᠣᠰᠢᠯᠠᠨ ᠡᠮᠨᠡᠬᠦ ᠠᠵᠢᠯᠯᠠᠭ᠎ᠠ᠎ᠳᠠᠬᠢ ᠵᠢᠷᠤᠮᠵᠢᠭᠰᠠᠨ ᠬᠠᠮᠢᠶᠠᠷᠤᠯᠲᠠ ᠵᠢ ᠴᠢᠩᠭ᠋ᠠᠳᠬᠠᠨ᠂ ᠦᠢ᠍ᠯᠡᠴᠢᠯᠡᠭᠡᠨ᠎ᠤ ᠴᠤᠪᠤᠷᠠᠯ ᠵᠶ᠋ᠠᠨ ᠰᠢᠯᠢᠳᠡᠭᠵᠢᠭᠦᠯᠵᠦ᠂ ᠦᠢ᠍ᠯᠡᠴᠢᠯᠡᠭᠡᠨ᠎ᠤ ᠬᠢᠷᠢ ᠲᠦᠪᠰᠢᠨ ᠵᠶ᠋ᠠᠨ ᠳᠡᠭᠡᠭᠰᠢᠯᠡᠭᠦᠯᠬᠦ ᠬᠡᠷᠡᠭᠲᠡᠢ᠃
ᠡᠮᠴᠢᠯᠡᠭᠡᠨ᠎ᠤ ᠪᠠᠢ᠌ᠭᠤᠯᠤᠮᠵᠢ᠎ᠨᠤᠭᠤᠳ ᠡᠮᠴᠢᠯᠡᠭᠡᠨ᠎ᠤ ᠠᠮᠤᠷ ᠲᠦᠪᠰᠢᠨ ᠬᠢᠭᠡᠳ ᠲᠦᠭᠰᠢᠭᠦᠷᠢ ᠵᠢᠨ ᠬᠠᠮᠢᠶᠠᠷᠤᠯᠲᠠ ᠵᠢᠨ ᠳᠦᠷᠢᠮ᠎ᠢ ᠪᠠᠢ᠌ᠭᠤᠯᠵᠤ᠂ ᠡᠮᠴᠢᠯᠡᠭᠡᠨ᠎ᠤ ᠲᠦᠭᠰᠢᠭᠦᠷᠢ ᠵᠢ ᠢᠯᠭ᠋ᠠᠨ ᠲᠠᠨᠢᠬᠤ᠂ ᠦᠨᠡᠯᠡᠨ ᠵᠢᠱ᠌ᠢᠬᠦ ᠪᠠ ᠰᠡᠷᠭᠡᠢ᠌ᠯᠡᠨ ᠡᠵᠡᠮᠳᠡᠬᠦ ᠠᠷᠭ᠎ᠠ ᠬᠡᠮᠵᠢᠶ᠎ᠡ᠎ᠪᠠᠨ ᠲᠡᠭᠦᠯᠳᠡᠷᠵᠢᠭᠦᠯᠦᠨ᠂ ᠡᠮᠴᠢᠯᠡᠭᠡᠨ᠎ᠤ ᠲᠦᠭᠰᠢᠭᠦᠷᠢ ᠵᠢᠨ ᠬᠠᠮᠢᠶᠠᠷᠤᠯᠲᠠ᠎ᠪᠠᠨ ᠴᠢᠩᠭ᠋ᠠᠳᠬᠠᠵᠤ᠂ ᠠᠷᠭ᠎ᠠ ᠬᠡᠮᠵᠢᠶ᠎ᠡ᠎ᠪᠠᠨ ᠨᠠᠢ᠌ᠳᠠᠪᠤᠷᠢᠵᠢᠭᠤᠯᠵᠤ ᠪᠠᠢ᠌ᠭ᠎ᠠ ᠪᠠᠢ᠌ᠳᠠᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠪᠠᠢ᠌ᠴᠠᠭ᠋ᠠᠵᠤ᠂ ᠭᠡᠮ ᠰᠣᠭᠣᠭ᠎ᠢ ᠴᠠᠭ ᠲᠤᠬᠠᠢᠳᠤᠨᠢ ᠠᠷᠢᠯᠭ᠋ᠠᠬᠤ ᠬᠡᠷᠡᠭᠲᠡᠢ᠃
ᠠᠷᠪᠠᠨ ᠳᠣᠯᠣᠳᠤᠭ᠋ᠠᠷ ᠵᠦᠢ᠍ᠯ ᠡᠮᠴᠢᠯᠡᠭᠡᠨ᠎ᠤ ᠪᠠᠢ᠌ᠭᠤᠯᠤᠮᠵᠢ᠎ᠨᠤᠭᠤᠳ ᠡᠮᠴᠢ ᠪᠠ ᠡᠪᠡᠳᠴᠢᠲᠡᠨ᠎ᠤ ᠣᠢ᠌ᠯᠠᠭ᠋ᠠᠯᠴᠠᠨ ᠨᠡᠪᠲᠡᠷᠡᠯᠴᠡᠬᠦ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠵᠦ᠂ ᠡᠮᠴᠢ ᠪᠠ ᠡᠪᠡᠳᠴᠢᠲᠡᠨ᠎ᠤ ᠣᠢ᠌ᠯᠠᠭ᠋ᠠᠯᠴᠠᠨ ᠨᠡᠪᠲᠡᠷᠡᠯᠴᠡᠬᠦ ᠠᠭᠤᠯᠭ᠎ᠠ ᠵᠢ ᠲᠡᠭᠦᠯᠳᠡᠷᠵᠢᠭᠦᠯᠦᠨ᠂ ᠡᠪᠡᠳᠴᠢᠲᠡᠨ᠎ᠢ ᠣᠨᠣᠰᠢᠯᠠᠨ ᠡᠮᠨᠡᠬᠦ ᠶᠠᠪᠤᠴᠠ᠎ᠳᠤ ᠳᠤᠷᠠᠳᠤᠭᠰᠠᠨ ᠯᠠᠪᠯᠠᠯᠲᠠ᠂ ᠰᠠᠨᠠᠯ ᠰᠠᠨᠠᠭᠤᠯᠭ᠎ᠠ᠎ᠳᠤ ᠬᠦᠯᠢᠴᠡᠩᠭᠦᠢ᠎ᠪᠠᠷ ᠲᠠᠢ᠌ᠯᠪᠤᠷᠢᠯᠠᠨ ᠲᠣᠳᠣᠷᠬᠠᠢ᠌ᠯᠠᠬᠤ ᠵᠢᠨ ᠬᠠᠮᠲᠤ ᠲᠣᠭᠲᠠᠭ᠋ᠠᠯ ᠶᠣᠰᠣᠭ᠋ᠠᠷ ᠰᠢᠢ᠍ᠳᠪᠦᠷᠢᠯᠡᠬᠦ ᠬᠡᠷᠡᠭᠲᠡᠢ ; ᠡᠪᠡᠳᠴᠢᠲᠡᠨ᠎ᠤ ᠳᠤᠷᠠᠳᠤᠭᠰᠠᠨ ᠮᠠᠳᠠᠭ᠎ᠲᠠᠢ ᠵᠦᠢ᠍ᠯ᠎ᠢ ᠴᠠᠭ ᠲᠤᠬᠠᠢᠳᠤᠨᠢ ᠬᠠᠷᠭᠤᠭᠤᠯᠬᠤ ᠪᠠ ᠥᠪᠡᠷ᠎ᠤᠨ ᠪᠠᠢ᠌ᠴᠠᠭ᠋ᠠᠯᠲᠠ ᠬᠢᠬᠦ ᠵᠢᠨ ᠬᠠᠮᠲᠤ ᠡᠪᠡᠳᠴᠢᠲᠡᠨ ᠪᠤᠶᠤ ᠲᠡᠭᠦᠨ᠎ᠤ ᠣᠢ᠌ᠷ᠎ᠠ ᠲᠥᠷᠥᠯ ᠰᠠᠳᠤᠨ ᠯᠤᠭ᠎ᠠ ᠣᠢ᠌ᠯᠠᠭ᠋ᠠᠯᠴᠠᠨ ᠨᠡᠪᠲᠡᠷᠡᠯᠴᠡᠵᠦ᠂ ᠪᠠᠢ᠌ᠳᠠᠯ᠎ᠢ ᠦᠨᠡᠨ ᠪᠣᠳᠠᠲᠠᠢ᠎ᠪᠠᠷ ᠲᠣᠳᠣᠷᠬᠠᠢ᠌ᠯᠠᠨ᠂ ᠵᠠᠭᠤᠷᠠᠯᠳᠤᠭ᠋ᠠᠨ᠎ᠤ ᠭᠡᠮ ᠰᠣᠭᠣᠭ᠎ᠢ ᠴᠠᠭ ᠲᠤᠬᠠᠢᠳᠤᠨᠢ ᠵᠢᠭᠰᠠᠭ᠋ᠠᠨ ᠪᠠᠢ᠌ᠴᠠᠭ᠋ᠠᠵᠤ ᠢᠯᠡᠷᠡᠭᠦᠯᠬᠦ ᠵᠢᠨ ᠬᠠᠮᠲᠤ ᠰᠡᠷᠭᠡᠢ᠌ᠯᠡᠨ ᠰᠢᠢ᠍ᠳᠪᠦᠷᠢᠯᠡᠬᠦ ᠠᠵᠢᠯ᠎ᠢ ᠰᠠᠢ᠌ᠲᠤᠷ ᠬᠢᠬᠦ ᠬᠡᠷᠡᠭᠲᠡᠢ᠃
ᠡᠮᠴᠢᠯᠡᠭᠡᠨ᠎ᠤ ᠪᠠᠢ᠌ᠭᠤᠯᠤᠮᠵᠢ᠎ᠨᠤᠭᠤᠳ ᠵᠠᠭ᠋ᠠᠯᠳᠤᠯᠭ᠎ᠠ ᠵᠢ ᠭᠥᠯᠢᠶᠡᠨ ᠠᠪᠬᠤ ᠳᠦᠷᠢᠮ᠎ᠢ ᠪᠠᠢ᠌ᠭᠤᠯᠤᠨ ᠪᠦᠷᠢᠨᠰᠢᠭᠦᠯᠵᠦ᠂ ᠵᠠᠭ᠋ᠠᠯᠳᠤᠯᠭ᠎ᠠ ᠵᠢᠨ ᠨᠢᠭᠡᠳᠦᠯᠲᠡᠢ ᠬᠠᠮᠢᠶᠠᠷᠤᠯᠲᠠ ᠵᠢᠨ ᠰᠠᠯᠠᠭ᠎ᠠ ᠮᠥᠴᠢᠷ ᠪᠤᠶᠤ ᠲᠤᠰᠬᠠᠢ (ᠲᠤᠰᠢᠶᠠᠯ ᠬᠠᠪᠰᠤᠷᠭ᠋ᠠᠭᠰᠠᠨ) ᠠᠵᠢᠯᠲᠠᠨ ᠲᠣᠬᠢᠷᠠᠭᠤᠯᠬᠤ ᠬᠡᠷᠡᠭᠲᠡᠢ᠂ ᠬᠣᠶᠠᠳᠤᠭ᠋ᠠᠷ ᠳᠡᠰ᠎ᠠᠴᠠ ᠳᠡᠭᠡᠭᠰᠢᠬᠢ ᠡᠮᠴᠢᠯᠡᠭᠡᠨ᠎ᠤ ᠪᠠᠢ᠌ᠭᠤᠯᠤᠮᠵᠢ᠎ᠨᠢ ᠲᠤᠰᠬᠠᠢ ᠲᠠᠯᠠᠪᠤᠷ ᠲᠣᠬᠢᠷᠠᠭᠤᠯᠵᠤ᠂ ᠡᠪᠡᠳᠴᠢᠲᠡᠨ᠎ᠤ ᠵᠠᠭ᠋ᠠᠯᠳᠤᠯᠭ᠎ᠠ ᠪᠤᠶᠤ ᠯᠠᠪᠯᠠᠯᠲᠠ ᠵᠢ ᠭᠥᠯᠢᠶᠡᠨ ᠠᠪᠴᠤ᠂ ᠵᠠᠭ᠋ᠠᠯᠳᠤᠯᠭ᠎ᠠ ᠵᠢᠨ ᠰᠢᠭᠤᠳ ᠰᠢᠯᠤᠭᠤᠬᠠᠨ᠂ ᠳᠥᠭᠦᠮ ᠳᠥᠲᠡ ᠠᠷᠭ᠎ᠠ ᠮᠥᠷ᠎ᠢ ᠪᠠᠢ᠌ᠭᠤᠯᠵᠤ᠂ ᠡᠮᠴᠢᠯᠡᠭᠡᠨ᠎ᠤ ᠪᠠᠢ᠌ᠭᠤᠯᠤᠮᠵᠢ ᠵᠢᠨ ᠢᠯᠡᠷᠬᠡᠢ ᠣᠷᠣᠨ ᠪᠠᠢ᠌ᠷᠢ᠎ᠳᠤ ᠵᠠᠭ᠋ᠠᠯᠳᠤᠯᠭ᠎ᠠ ᠵᠢ ᠰᠢᠢ᠍ᠳᠪᠦᠷᠢᠯᠡᠬᠦ ᠲᠠᠰ ᠳᠠᠷᠠᠭ᠋ᠠᠯᠠᠯ᠂ ᠣᠷᠣᠨ ᠭᠠᠵᠠᠷ᠂ ᠭᠥᠯᠢᠶᠡᠨ ᠠᠪᠬᠤ ᠴᠠᠭ ᠬᠤᠭᠤᠴᠠᠭ᠎ᠠ ᠪᠠ ᠬᠠᠷᠢᠯᠴᠠᠬᠤ ᠠᠷᠭ᠎ᠠ ᠮᠠᠶᠢᠭ ᠵᠡᠷᠭᠡ ᠵᠢ ᠨᠡᠢ᠌ᠲᠡᠯᠡᠵᠦ᠂ ᠡᠪᠡᠳᠴᠢᠲᠡᠨ᠎ᠤ ᠵᠠᠭ᠋ᠠᠯᠳᠤᠬᠤ᠂ ᠯᠠᠪᠯᠠᠬᠤ᠎ᠳᠤ ᠲᠥᠬᠦᠮ ᠦᠵᠡᠭᠦᠯᠬᠦ ᠬᠡᠷᠡᠭᠲᠡᠢ᠃
ᠠᠷᠪᠠᠨ ᠨᠠᠢ᠍ᠮᠠᠳᠤᠭ᠋ᠠᠷ ᠵᠦᠢ᠍ᠯ ᠡᠮᠴᠢᠯᠡᠭᠡᠨ᠎ᠤ ᠪᠠᠢ᠌ᠭᠤᠯᠤᠮᠵᠢ᠎ᠨᠢ ᠡᠮᠴᠢᠯᠡᠭᠡᠨ᠎ᠤ ᠮᠡᠷᠭᠡᠵᠢᠯ᠎ᠤᠨ ᠦᠢ᠍ᠯᠡᠴᠢᠯᠡᠭᠡ ᠥᠷᠨᠢᠭᠦᠯᠬᠦ᠎ᠳᠤ᠎ᠪᠠᠨ ᠲᠣᠰ ᠪᠡᠶ᠎ᠡ ᠵᠢᠨ ᠵᠶ᠋ᠡᠨ ᠮᠡᠷᠭᠡᠵᠢᠯ᠎ᠤᠨ ᠴᠢᠳᠠᠪᠤᠷᠢ ᠯᠤᠭ᠎ᠠ ᠬᠠᠷᠢᠯᠴᠠᠨ ᠵᠣᠬᠢᠴᠠᠭᠰᠠᠨ ᠪᠠᠢ᠌ᠬᠤ ᠬᠡᠷᠡᠭᠲᠡᠢ᠂ ᠬᠢᠵᠠᠭ᠋ᠠᠷᠯᠠᠬᠤ ᠲᠥᠷᠥᠯ᠎ᠤᠨ ᠮᠡᠷᠭᠡᠵᠢᠯ᠎ᠤᠨ ᠬᠡᠷᠡᠭᠯᠡᠭᠡᠨ ᠥᠷᠨᠢᠭᠦᠯᠬᠦ᠎ᠳᠤ᠎ᠪᠠᠨ᠂ ᠬᠠᠮᠢᠶ᠎ᠠ ᠪᠦᠬᠦᠢ ᠡᠮᠴᠢᠯᠡᠭᠡᠨ᠎ᠤ ᠮᠡᠷᠭᠡᠵᠢᠯ᠎ᠤᠨ ᠡᠮᠴᠢᠯᠡᠭᠡᠨ᠎ᠤ ᠬᠡᠷᠡᠭᠯᠡᠭᠡᠨ᠎ᠤ ᠬᠠᠮᠢᠶᠠᠷᠤᠯᠲᠠ ᠵᠢᠨ ᠵᠢᠷᠤᠮᠵᠢᠯ ᠶᠣᠰᠣᠭ᠋ᠠᠷ ᠥᠪᠡᠷ᠎ᠢ᠎ᠪᠠᠨ ᠦᠨᠡᠯᠡᠨ ᠵᠢᠱ᠌ᠢᠬᠦ ᠬᠡᠷᠡᠭᠲᠡᠢ᠂ ᠨᠥᠬᠥᠴᠡᠯ᠎ᠳᠤ ᠨᠡᠢ᠌ᠴᠡᠬᠦ᠎ᠨᠢ ᠡᠮᠴᠢᠯᠡᠭᠡᠨ᠎ᠤ ᠬᠡᠷᠡᠭᠯᠡᠭᠡᠨ ᠥᠷᠨᠢᠭᠦᠯᠵᠦ ᠪᠣᠯᠬᠤ ᠵᠢᠨ ᠬᠠᠮᠲᠤ᠂ ᠬᠠᠷᠠᠭ᠋ᠠᠯᠵᠠᠭᠰᠠᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠳᠠᠩᠰᠠᠯᠠᠭᠤᠯᠬᠤ ᠬᠡᠷᠡᠭᠲᠡᠢ᠂ ᠴᠠᠭ᠋ᠠᠵᠠᠯᠠᠬᠤ ᠲᠥᠷᠥᠯ᠎ᠤᠨ ᠮᠡᠷᠭᠡᠵᠢᠯ᠎ᠤᠨ ᠬᠡᠷᠡᠭᠯᠡᠭᠡᠨ ᠥᠷᠨᠢᠭᠦᠯᠬᠦ ᠵᠢ ᠴᠢᠩᠭ᠎ᠠ ᠴᠠᠭ᠋ᠠᠵᠠᠯᠠᠨ᠎ᠠ᠃ ᠡᠮᠴᠢᠯᠡᠭᠡᠨ᠎ᠤ ᠰᠢᠨ᠎ᠡ ᠮᠡᠷᠭᠡᠵᠢᠯ᠎ᠢ ᠬᠡᠷᠡᠭᠯᠡᠬᠦ᠎ᠳᠤ᠂ ᠮᠡᠷᠭᠡᠵᠢᠯ᠎ᠤᠨ ᠦᠨᠡᠯᠡᠨ ᠵᠢᠱ᠌ᠢᠯᠲᠡ ᠪᠠ ᠡᠰᠢ ᠶᠣᠰᠣᠨ᠎ᠤ ᠬᠢᠨᠠᠨ ᠪᠠᠢ᠌ᠴᠠᠭ᠋ᠠᠯᠲᠠ ᠵᠢ ᠥᠷᠨᠢᠭᠦᠯᠵᠦ᠂ ᠠᠮᠤᠷ ᠲᠦᠪᠰᠢᠨ ᠪᠥᠭᠡᠳ ᠪᠦᠲᠦᠮᠵᠢᠲᠡᠶ᠂ ᠡᠰᠢ ᠶᠣᠰᠣᠨ᠎ᠳᠤ ᠨᠡᠢ᠌ᠴᠡᠬᠦ ᠵᠢ ᠦᠨᠡᠨ ᠬᠦ᠌ ᠪᠠᠲᠤᠯᠠᠬᠤ ᠬᠡᠷᠡᠭᠲᠡᠢ᠃
ᠠᠷᠪᠠ ᠶᠢᠰᠦᠳᠦᠭᠡᠷ ᠵᠦᠢ᠍ᠯ ᠡᠮᠴᠢᠯᠡᠭᠡᠨ᠎ᠤ ᠪᠠᠢ᠌ᠭᠤᠯᠤᠮᠵᠢ ᠵᠢᠴᠢ ᠲᠡᠭᠦᠨ᠎ᠤ ᠡᠮᠨᠡᠯᠬᠡ ᠵᠢᠨ ᠠᠵᠢᠯᠲᠠᠨ᠎ᠨᠢ ᠣᠨᠣᠰᠢᠯᠠᠨ ᠡᠮᠨᠡᠬᠦ ᠠᠵᠢᠯᠯᠠᠭ᠎ᠠ᠎ᠳᠤ᠎ᠪᠠᠨ ᠳᠣᠣᠷ᠎ᠠ ᠵᠢᠭᠰᠠᠭ᠋ᠠᠭᠰᠠᠨ ᠡᠭᠦᠷᠭᠡ ᠬᠠᠷᠢᠭᠤᠴᠠᠯᠭ᠎ᠠ ᠵᠢ ᠭᠦᠢ᠍ᠴᠡᠳᠬᠡᠬᠦ ᠬᠡᠷᠡᠭᠲᠡᠢ ᠄
(ᠨᠢᠭᠡ) ᠡᠮᠴᠢᠯᠡᠭᠡ ᠡᠷᠡᠭᠦᠯ ᠬᠠᠮᠠᠭ᠋ᠠᠯᠠᠯ᠎ᠤᠨ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠲᠣᠭᠲᠠᠭ᠋ᠠᠯ ᠳᠦᠷᠢᠮ ᠪᠠ ᠣᠨᠣᠰᠢᠯᠠᠨ ᠡᠮᠨᠡᠬᠦ ᠬᠠᠮᠢᠶ᠎ᠠ ᠪᠦᠬᠦᠢ ᠵᠢᠷᠤᠮᠵᠢᠯ᠂ ᠵᠤᠷᠰᠢᠯ᠎ᠢ ᠴᠢᠩᠭ᠎ᠠ ᠵᠢᠷᠤᠮᠯᠠᠬᠤ ᠬᠡᠷᠡᠭᠲᠡᠢ᠃
(ᠬᠣᠶᠠᠷ) ᠡᠪᠡᠳᠴᠢᠲᠡᠨ᠎ᠢ ᠬᠠᠯᠠᠮᠵᠢᠯᠠᠨ ᠬᠠᠢ᠌ᠷᠠᠯᠠᠵᠤ ᠬᠦᠨᠳᠦᠳᠬᠡᠵᠦ᠂ ᠡᠪᠡᠳᠴᠢᠲᠡᠨ᠎ᠤ ᠨᠢᠭᠤᠴᠠ ᠪᠠ ᠬᠤᠪᠢ ᠬᠥᠮᠥᠨ᠎ᠤ ᠮᠡᠳᠡᠭᠡ ᠵᠠᠩᠭᠢ ᠵᠢ ᠬᠠᠮᠠᠭ᠋ᠠᠯᠠᠬᠤ ᠬᠡᠷᠡᠭᠲᠡᠢ᠃
(ᠭᠤᠷᠪᠠ) ᠡᠪᠡᠳᠴᠢᠨ᠎ᠳᠤ᠎ᠨᠢ ᠵᠣᠬᠢᠴᠠᠭᠤᠯᠤᠨ ᠵᠠᠰᠠᠯᠲᠠ ᠬᠢᠵᠦ᠂ ᠵᠦᠢ ᠵᠣᠬᠢᠰᠲᠠᠢ ᠪᠠᠢ᠌ᠴᠠᠭ᠋ᠠᠵᠤ᠂ ᠵᠦᠢ ᠵᠣᠬᠢᠰᠲᠠᠢ ᠡᠮ ᠬᠡᠷᠡᠭᠯᠡᠵᠦ᠂ ᠵᠦᠢ ᠵᠣᠬᠢᠰᠲᠠᠢ ᠡᠮᠨᠡᠨ ᠵᠠᠰᠠᠵᠤ᠂ ᠬᠠᠤᠯᠢ᠎ᠳᠤ ᠨᠡᠢ᠌ᠴᠡᠭᠰᠡᠨ᠂ ᠲᠣᠭᠲᠠᠭ᠋ᠠᠯ᠎ᠳᠤ ᠨᠡᠢ᠌ᠴᠡᠭᠰᠡᠨ᠂ ᠰᠢᠨᠵᠢᠯᠡᠬᠦ ᠤᠬᠠᠭ᠋ᠠᠨᠴᠢ ᠣᠨᠣᠰᠢᠯᠠᠨ ᠡᠮᠨᠡᠬᠦ ᠠᠷᠭ᠎ᠠ ᠵᠢ ᠬᠡᠷᠡᠭᠯᠡᠬᠦ ᠬᠡᠷᠡᠭᠲᠡᠢ᠃
(ᠳᠥᠷᠪᠡ) ᠡᠪᠡᠳᠴᠢᠨ᠎ᠤ ᠪᠠᠢ᠌ᠳᠠᠯ᠂ ᠡᠮᠴᠢᠯᠡᠭᠡᠨ᠎ᠤ ᠠᠷᠭ᠎ᠠ ᠬᠡᠮᠵᠢᠶ᠎ᠡ᠂ ᠡᠮᠴᠢᠯᠡᠭᠡᠨ᠎ᠤ ᠲᠦᠭᠰᠢᠭᠦᠷᠢ ᠵᠡᠷᠭᠡ ᠪᠠᠢ᠌ᠳᠠᠯ᠎ᠢ ᠡᠪᠡᠳᠴᠢᠲᠡᠨ᠎ᠳᠤ ᠦᠨᠡᠨ ᠮᠥᠨ ᠵᠶ᠋ᠡᠷ᠎ᠨᠢ ᠮᠡᠳᠡᠭᠳᠡᠵᠦ᠂ ᠮᠡᠰᠡ ᠵᠠᠰᠠᠯ᠂ ᠣᠨᠴᠠᠭ᠋ᠠᠢ ᠪᠠᠢ᠌ᠴᠠᠭ᠋ᠠᠯᠲᠠ᠂ ᠣᠨᠴᠠᠭ᠋ᠠᠢ ᠵᠠᠰᠠᠯᠭ᠎ᠠ ᠬᠢᠬᠦ ᠴᠢᠬᠤᠯᠠᠲᠠᠢ ᠪᠠᠢ᠌ᠪᠠᠯ᠂ ᠡᠪᠡᠳᠴᠢᠲᠡᠨ᠎ᠳᠤ ᠡᠮᠴᠢᠯᠡᠭᠡᠨ᠎ᠤ ᠲᠦᠭᠰᠢᠭᠦᠷᠢ᠂ ᠣᠷᠣᠯᠠᠭᠤᠯᠬᠤ ᠡᠮᠴᠢᠯᠡᠭᠡᠨ᠎ᠤ ᠲᠥᠰᠥᠯ ᠵᠡᠷᠭᠡ ᠪᠠᠢ᠌ᠳᠠᠯ᠎ᠢ ᠴᠠᠭ ᠲᠤᠬᠠᠢᠳᠤᠨᠢ ᠪᠣᠳᠠᠲᠠᠢ ᠲᠣᠳᠣᠷᠬᠠᠢ᠌ᠯᠠᠬᠤ ᠵᠢᠨ ᠬᠠᠮᠲᠤ ᠲᠡᠭᠦᠨ᠎ᠤ ᠲᠣᠳᠣᠷᠬᠠᠢ ᠵᠥᠪᠰᠢᠶᠡᠷᠡᠯ᠎ᠢ ᠣᠯᠬᠤ ᠬᠡᠷᠡᠭᠲᠡᠢ ; ᠡᠪᠡᠳᠴᠢᠲᠡᠨ᠎ᠳᠤ ᠲᠣᠳᠣᠷᠬᠠᠢ᠌ᠯᠠᠵᠤ ᠪᠣᠯᠬᠤ ᠦᠭᠡᠢ ᠪᠤᠶᠤ ᠡᠪᠡᠳᠴᠢᠲᠡᠨ᠎ᠳᠤ ᠲᠣᠳᠣᠷᠬᠠᠢ᠌ᠯᠠᠬᠤ᠎ᠳᠤ ᠲᠣᠬᠢᠷᠠᠮᠵᠢ ᠦᠭᠡᠢ ᠪᠠᠢ᠌ᠪᠠᠯ᠂ ᠡᠪᠡᠳᠴᠢᠲᠡᠨ᠎ᠤ ᠣᠢ᠌ᠷ᠎ᠠ ᠲᠥᠷᠥᠯ ᠰᠠᠳᠤᠨ᠎ᠳᠤ ᠲᠠᠢ᠌ᠯᠪᠤᠷᠢᠯᠠᠵᠤ ᠥᠭᠬᠦ ᠵᠢᠨ ᠬᠠᠮᠲᠤ ᠲᠡᠭᠦᠨ᠎ᠤ ᠲᠣᠳᠣᠷᠬᠠᠢ ᠵᠥᠪᠰᠢᠶᠡᠷᠡᠯ᠎ᠢ ᠣᠯᠬᠤ ᠬᠡᠷᠡᠭᠲᠡᠢ᠃
(ᠲᠠᠪᠤ) ᠪᠠᠴᠢᠮ ᠠᠪᠤᠷᠠᠨ ᠵᠠᠰᠠᠬᠤ ᠴᠢᠬᠤᠯᠠᠲᠠᠢ ᠡᠪᠡᠳᠴᠢᠲᠡᠨ᠎ᠳᠤ ᠪᠠᠴᠢᠮ ᠠᠷᠭ᠎ᠠ ᠬᠡᠮᠵᠢᠶ᠎ᠡ ᠠᠪᠴᠤ ᠪᠠᠢ᠌ᠭ᠋ᠠᠳ ᠣᠨᠣᠰᠢᠯᠠᠨ ᠡᠮᠨᠡᠬᠦ ᠬᠡᠷᠡᠭᠲᠡᠢ᠂ ᠲᠦᠷᠭᠡᠨ ᠠᠪᠤᠷᠠᠵᠤ ᠡᠮᠴᠢᠯᠡᠨ ᠰᠢᠢ᠍ᠳᠪᠦᠷᠢᠯᠡᠬᠦ ᠵᠢ ᠲᠡᠪᠴᠢᠵᠦ ᠪᠣᠯᠬᠤ ᠦᠭᠡᠢ᠃ ᠠᠮᠢ ᠨᠠᠰᠤ᠎ᠨᠢ ᠲᠦᠭᠰᠢᠭᠦᠷᠢᠲᠡᠢ ᠪᠣᠯᠣᠭᠰᠠᠨ ᠡᠪᠡᠳᠴᠢᠲᠡᠨ᠎ᠢ ᠲᠦᠷᠭᠡᠨ ᠠᠪᠤᠷᠠᠬᠤ ᠵᠡᠷᠭᠡ ᠪᠠᠴᠢᠮ ᠪᠠᠢ᠌ᠳᠠᠯ᠎ᠠᠴᠠ ᠪᠣᠯᠣᠭ᠋ᠠᠳ ᠡᠪᠡᠳᠴᠢᠲᠡᠨ ᠪᠤᠶᠤ ᠣᠢ᠌ᠷ᠎ᠠ ᠲᠥᠷᠥᠯ ᠰᠠᠳᠤᠨᠠᠴᠠᠨᠢ ᠰᠠᠨᠠᠯ ᠠᠪᠴᠤ ᠳᠡᠶ᠋ᠢᠯᠬᠦ ᠦᠭᠡᠢ ᠪᠠᠢ᠌ᠳᠠᠯ᠎ᠳᠤ᠂ ᠡᠮᠴᠢᠯᠡᠭᠡᠨ᠎ᠤ ᠪᠠᠢ᠌ᠭᠤᠯᠤᠮᠵᠢ ᠵᠢᠨ ᠬᠠᠷᠢᠭᠤᠴᠠᠯᠭ᠋ᠠᠲᠠᠨ ᠪᠤᠶᠤ ᠡᠷᠬᠡ ᠣᠯᠭᠣᠭᠰᠠᠨ ᠬᠠᠷᠢᠭᠤᠴᠠᠯᠭ᠋ᠠᠲᠠᠨ ᠵᠶ᠋ᠠᠷ ᠵᠥᠪᠰᠢᠶᠡᠷᠡᠭᠦᠯᠦᠭᠡᠳ᠂ ᠲᠡᠷᠡ ᠳᠠᠷᠤᠢ᠎ᠳᠤ᠎ᠨᠢ ᠬᠠᠷᠠᠭ᠋ᠠᠯᠵᠠᠭᠰᠠᠨ ᠡᠮᠴᠢᠯᠡᠭᠡᠨ᠎ᠤ ᠠᠷᠭ᠎ᠠ ᠬᠡᠮᠵᠢᠶ᠎ᠡ ᠠᠪᠴᠤ ᠪᠣᠯᠣᠨ᠎ᠠ᠃
(ᠵᠢᠷᠭᠤᠭ᠎ᠠ) ᠮᠡᠰᠡ ᠵᠠᠰᠠᠯ᠂ ᠣᠨᠴᠠᠭ᠋ᠠᠢ ᠪᠠᠢ᠌ᠴᠠᠭ᠋ᠠᠯᠲᠠ᠂ ᠣᠨᠴᠠᠭ᠋ᠠᠢ ᠵᠠᠰᠠᠯᠭ᠎ᠠ ᠵᠡᠷᠭᠡ ᠨᠡᠯᠢᠶᠡᠳ ᠶᠡᠬᠡ ᠡᠮᠴᠢᠯᠡᠭᠡᠨ᠎ᠤ ᠲᠦᠭᠰᠢᠭᠦᠷᠢ᠎ᠲᠠᠢ ᠣᠨᠣᠰᠢᠯᠠᠨ ᠡᠮᠨᠡᠬᠦ ᠠᠵᠢᠯᠯᠠᠭ᠎ᠠ ᠵᠢ ᠥᠷᠨᠢᠭᠦᠯᠬᠦ᠎ᠳᠤ᠂ ᠡᠮᠴᠢᠯᠡᠭᠡᠨ᠎ᠤ ᠪᠠᠢ᠌ᠭᠤᠯᠤᠮᠵᠢ᠎ᠨᠤᠭᠤᠳ ᠠᠷᠭ᠋ᠠᠴᠠᠭ᠋ᠠᠬᠤ ᠪᠡᠯᠡᠳᠬᠡᠯ ᠲᠥᠰᠥᠯ ᠵᠶ᠋ᠠᠨ ᠤᠷᠢᠳᠴᠢᠯᠠᠨ ᠪᠡᠯᠡᠳᠬᠡᠵᠦ᠂ ᠭᠡᠨᠡᠳᠲᠡ ᠵᠢᠨ ᠲᠦᠭᠰᠢᠭᠦᠷᠢ ᠵᠢ ᠰᠠᠨᠠᠭ᠋ᠠᠴᠢᠯᠠᠭ᠎ᠠ᠎ᠠᠴᠠ᠎ᠪᠠᠨ ᠰᠡᠷᠭᠡᠢ᠌ᠯᠡᠬᠦ ᠬᠡᠷᠡᠭᠲᠡᠢ᠃
(ᠳᠤᠯᠤᠭ᠎ᠠ) ᠬᠠᠤᠯᠢ ᠶᠣᠰᠣᠭ᠋ᠠᠷ ᠵᠥᠪᠰᠢᠶᠡᠷᠡᠭᠦᠯᠦᠭᠰᠡᠨ ᠪᠤᠶᠤ ᠳᠠᠩᠰᠠᠯᠠᠭᠤᠯᠤᠭᠰᠠᠨ ᠡᠮ᠎ᠤᠨ ᠵᠦᠢ᠍ᠯ᠂ ᠠᠷᠢᠭᠤᠳᠬᠠᠬᠤ ᠡᠮ᠂ ᠡᠮᠴᠢᠯᠡᠭᠡᠨ᠎ᠤ ᠪᠠᠭ᠋ᠠᠵᠢ ᠬᠡᠷᠡᠭᠰᠡᠯ᠎ᠢ ᠬᠡᠷᠡᠭᠯᠡᠬᠦ ᠬᠡᠷᠡᠭᠲᠡᠢ᠂ ᠡᠮ᠎ᠤᠨ ᠵᠦᠢ᠍ᠯ᠂ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠂ ᠡᠮᠴᠢᠯᠡᠭᠡᠨ᠎ᠤ ᠪᠠᠭ᠋ᠠᠵᠢ ᠬᠡᠷᠡᠭᠰᠡᠯ᠂ ᠠᠷᠢᠭᠤᠳᠬᠠᠬᠤ ᠡᠮ᠂ ᠴᠢᠰᠤ ᠵᠡᠷᠭᠡ ᠵᠢᠨ ᠪᠠᠷᠠᠭ᠎ᠠ ᠣᠷᠣᠭᠤᠯᠬᠤ᠎ᠳᠤ ᠪᠠᠢ᠌ᠴᠠᠭ᠋ᠠᠨ ᠰᠢᠯᠭ᠋ᠠᠬᠤ᠂ ᠬᠠᠳᠠᠭ᠋ᠠᠯᠠᠨ ᠬᠠᠮᠢᠶᠠᠷᠬᠤ ᠵᠡᠷᠭᠡ ᠳᠦᠷᠢᠮ᠎ᠢ ᠴᠢᠩᠭ᠎ᠠ ᠬᠡᠷᠡᠭᠵᠢᠭᠦᠯᠵᠦ᠂ ᠬᠢᠷᠢ ᠲᠡᠩᠴᠡᠭᠰᠡᠨ ᠭᠡᠷᠡᠴᠢᠯᠡᠬᠦ ᠪᠢᠴᠢᠭ ᠮᠠᠲ᠋ᠧᠷᠢᠶᠠᠯ ᠦᠭᠡᠢ᠂ ᠬᠤᠭᠤᠴᠠᠭ᠎ᠠ ᠬᠡᠲᠦᠷᠡᠭᠰᠡᠨ ᠵᠡᠷᠭᠡ ᠬᠢᠷᠢ ᠲᠡᠩᠴᠡᠬᠦ ᠦᠭᠡᠢ ᠡᠮ᠎ᠤᠨ ᠵᠦᠢ᠍ᠯ᠂ ᠡᠮᠴᠢᠯᠡᠭᠡᠨ᠎ᠤ ᠪᠠᠭ᠋ᠠᠵᠢ ᠬᠡᠷᠡᠭᠰᠡᠯ᠂ ᠠᠷᠢᠭᠤᠳᠬᠠᠬᠤ ᠡᠮ᠂ ᠴᠢᠰᠤ ᠵᠡᠷᠭᠡ ᠵᠢ ᠬᠡᠷᠡᠭᠯᠡᠬᠦ ᠵᠢ ᠴᠠᠭ᠋ᠠᠵᠠᠯᠠᠨ᠎ᠠ᠃
(ᠨᠠᠢ᠍ᠮᠠ) ᠡᠪᠡᠳᠴᠢᠨ᠎ᠤ ᠲᠡᠦᠬᠡ ᠵᠢᠨ ᠬᠠᠮᠢᠶᠠᠷᠤᠯᠲᠠ ᠵᠢᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠡᠪᠡᠳᠴᠢᠨ᠎ᠤ ᠲᠡᠦᠬᠡ ᠵᠢᠨ ᠮᠠᠲ᠋ᠧᠷᠢᠶᠠᠯ᠎ᠢ ᠲᠠᠭᠯᠠᠵᠤ ᠪᠢᠴᠢᠬᠦ ᠵᠢᠨ ᠬᠠᠮᠲᠤ ᠲᠣᠬᠢᠲᠠᠢ ᠬᠠᠳᠠᠭ᠋ᠠᠯᠠᠨ ᠬᠠᠮᠢᠶᠠᠷᠬᠤ ᠬᠡᠷᠡᠭᠲᠡᠢ᠃
(ᠶᠢᠰᠦ) ᠡᠪᠡᠳᠴᠢᠲᠡᠨ᠎ᠳᠤ ᠡᠪᠡᠳᠴᠢᠨ᠎ᠤ ᠲᠡᠦᠬᠡ ᠵᠢᠨ ᠮᠠᠲ᠋ᠧᠷᠢᠶᠠᠯ᠎ᠢ ᠬᠠᠭᠤᠯᠪᠤᠷᠢᠯᠠᠨ ᠥᠭᠬᠦ ᠦᠢ᠍ᠯᠡᠴᠢᠯᠡᠭᠡ ᠬᠠᠩᠭ᠋ᠠᠬᠤ ᠬᠡᠷᠡᠭᠲᠡᠢ᠃ ᠡᠪᠡᠳᠴᠢᠲᠡᠨ ᠨᠠᠰᠤ ᠪᠠᠷᠠᠭᠰᠠᠨ ᠪᠠᠢ᠌ᠪᠠᠯ ᠲᠡᠭᠦᠨ᠎ᠤ ᠣᠢ᠌ᠷ᠎ᠠ ᠲᠥᠷᠥᠯ ᠰᠠᠳᠤᠨ᠎ᠨᠢ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠡᠪᠡᠳᠴᠢᠨ᠎ᠤ ᠲᠡᠦᠬᠡ ᠵᠢᠨ ᠮᠠᠲ᠋ᠧᠷᠢᠶᠠᠯ᠎ᠢ ᠪᠠᠢ᠌ᠴᠠᠭ᠋ᠠᠨ ᠦᠵᠡᠬᠦ ᠪᠠ ᠬᠠᠭᠤᠯᠪᠤᠷᠢᠯᠠᠨ ᠠᠪᠴᠤ ᠪᠣᠯᠣᠨ᠎ᠠ᠃
(ᠠᠷᠪᠠ) ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠲᠣᠭᠲᠠᠭ᠋ᠠᠯ ᠳᠦᠷᠢᠮ ᠪᠠ ᠣᠨᠣᠰᠢᠯᠠᠨ ᠡᠮᠨᠡᠬᠦ ᠵᠢᠷᠤᠮᠵᠢᠯᠳᠤ ᠲᠣᠭᠲᠠᠭ᠋ᠠᠭᠰᠠᠨ ᠪᠤᠰᠤᠳ ᠪᠠᠢ᠌ᠳᠠᠯ᠃
ᠬᠣᠷᠢᠳᠤᠭ᠋ᠠᠷ ᠵᠦᠢ᠍ᠯ ᠡᠮᠴᠢᠯᠡᠭᠡᠨ᠎ᠤ ᠪᠠᠢ᠌ᠭᠤᠯᠤᠮᠵᠢ ᠵᠢᠴᠢ ᠡᠮᠨᠡᠯᠭᠡ ᠵᠢᠨ ᠠᠵᠢᠯᠲᠠᠳ ᠣᠨᠣᠰᠢᠯᠠᠨ ᠡᠮᠨᠡᠬᠦ ᠠᠵᠢᠯᠯᠠᠭ᠎ᠠ᠎ᠳᠤ᠎ᠪᠠᠨ ᠳᠣᠣᠷ᠎ᠠ ᠵᠢᠭᠰᠠᠭ᠋ᠠᠭᠰᠠᠨ ᠦᠢ᠍ᠯᠡ ᠠᠵᠢᠯᠯᠠᠭ᠎ᠠ᠎ᠲᠠᠢ ᠪᠠᠢ᠌ᠵᠤ ᠪᠣᠯᠬᠤ ᠦᠭᠡᠢ ᠄
(ᠨᠢᠭᠡ) ᠠᠵᠢᠯ ᠡᠷᠬᠢᠯᠡᠬᠦ ᠬᠡᠪᠴᠢᠶ᠎ᠡ᠎ᠠᠴᠠ᠎ᠪᠠᠨ ᠳᠠᠪᠠᠭᠤᠯᠤᠨ ᠣᠨᠣᠰᠢᠯᠠᠨ ᠡᠮᠨᠡᠬᠦ ;
(ᠬᠣᠶᠠᠷ) ᠣᠨᠣᠰᠢᠯᠠᠨ ᠡᠮᠨᠡᠬᠦ ᠵᠢᠷᠤᠮᠵᠢᠯ᠎ᠢ ᠵᠥᠷᠢᠴᠡᠨ ᠴᠢᠬᠤᠯᠠ ᠪᠤᠰᠤ ᠪᠠᠢ᠌ᠴᠠᠭ᠋ᠠᠯᠲᠠ ᠪᠠ ᠡᠮᠴᠢᠯᠡᠭᠡ ᠬᠢᠬᠦ ;
(ᠭᠤᠷᠪᠠ) ᠣᠨᠣᠰᠢᠯᠠᠨ ᠡᠮᠨᠡᠬᠦ ᠮᠡᠷᠭᠡᠵᠢᠯ᠂ ᠡᠮ᠎ᠤᠨ ᠵᠦᠢ᠍ᠯ᠂ ᠡᠮᠴᠢᠯᠡᠭᠡᠨ᠎ᠤ ᠪᠠᠭ᠋ᠠᠵᠢ ᠬᠡᠷᠡᠭᠰᠡᠯ᠂ ᠡᠮᠴᠢᠯᠡᠭᠡᠨ᠎ᠳᠤ ᠬᠡᠷᠡᠭᠯᠡᠬᠦ ᠬᠣᠷᠣᠭᠳᠠᠯ ᠮᠠᠲ᠋ᠧᠷᠢᠶᠠᠯ᠂ ᠠᠷᠢᠭᠤᠳᠬᠠᠬᠤ ᠡᠮ᠂ ᠴᠢᠰᠤ ᠵᠡᠷᠭᠡ ᠵᠢ ᠬᠠᠤᠯᠢ ᠲᠣᠭᠲᠠᠭ᠋ᠠᠯ᠎ᠠᠴᠠ ᠵᠥᠷᠢᠴᠡᠨ ᠬᠡᠷᠡᠭᠯᠡᠬᠦ ;
(ᠳᠥᠷᠪᠡ) ᠡᠪᠡᠳᠴᠢᠨ᠎ᠤ ᠪᠠᠢ᠍ᠳᠠᠯ᠎ᠢ᠎ᠨᠢ ᠨᠢᠭᠤᠨ ᠳᠠᠯᠳᠠᠯᠠᠬᠤ᠂ ᠪᠤᠷᠤᠭᠤ᠎ᠪᠠᠷ ᠬᠥᠲᠥᠯᠬᠦ ᠪᠤᠶᠤ ᠬᠡᠲᠦᠷᠡᠭᠦᠯᠦᠨ ᠶᠠᠷᠢᠬᠤ ;
(ᠲᠠᠪᠤ) ᠡᠪᠡᠳᠴᠢᠨ᠎ᠤ ᠳᠠᠩᠰᠠ ᠵᠡᠷᠭᠡ ᠠᠨᠠᠭ᠋ᠠᠬᠤ ᠤᠬᠠᠭ᠋ᠠᠨ᠎ᠤ ᠪᠢᠴᠢᠭ ᠬᠠᠷ᠎ᠠ ᠵᠢᠴᠢ ᠬᠣᠯᠪᠣᠭᠳᠠᠯ ᠪᠦᠬᠦᠢ ᠮᠠᠲ᠋ᠧᠷᠢᠶᠠᠯ᠎ᠢ ᠨᠢᠭᠤᠨ ᠳᠠᠯᠳᠠᠯᠠᠭᠰᠠᠨ᠂ ᠬᠠᠭᠤᠷᠮᠠᠭ ᠵᠶ᠋ᠡᠷ ᠵᠣᠬᠢᠶᠠᠭᠰᠠᠨ᠂ ᠥᠭᠡᠷᠡᠲᠦᠭᠦᠯᠦᠭᠰᠡᠨ ᠪᠤᠶᠤ ᠳᠤᠷ᠎ᠠ᠎ᠪᠠᠷ ᠵᠶ᠋ᠠᠨ ᠤᠰᠠᠳᠬᠠᠭᠰᠠᠨ ;
(ᠵᠢᠷᠭᠤᠭ᠎ᠠ) ᠠᠨᠠᠭ᠋ᠠᠬᠤ ᠤᠬᠠᠭ᠋ᠠᠨ᠎ᠤ ᠬᠤᠳᠠᠯ ᠬᠠᠭᠤᠷᠮᠠᠭ ᠭᠡᠷᠡᠴᠢ ᠪᠢᠴᠢᠭ ᠮᠠᠲ᠋ᠧᠷᠢᠶᠠᠯ ᠵᠢᠴᠢ ᠥᠪᠡᠷ᠎ᠤᠨ ᠡᠷᠬᠢᠯᠡᠭᠰᠡᠨ ᠠᠵᠢᠯ᠎ᠤᠨ ᠬᠡᠪᠴᠢᠶ᠎ᠡ ᠯᠦᠭᠡ ᠬᠣᠯᠪᠣᠭᠳᠠᠯ ᠦᠭᠡᠢ ᠪᠤᠶᠤ ᠠᠵᠢᠯ ᠡᠷᠬᠢᠯᠡᠬᠦ ᠲᠦᠷᠦᠯ ᠢᠯᠭ᠋ᠠᠯ᠎ᠳᠤ ᠦᠯᠦ ᠨᠡᠢ᠌ᠴᠡᠬᠦ ᠠᠨᠠᠭ᠋ᠠᠬᠤ ᠤᠬᠠᠭ᠋ᠠᠨ᠎ᠤ ᠭᠡᠷᠡᠴᠢ ᠪᠢᠴᠢᠭ ᠮᠠᠲ᠋ᠧᠷᠢᠶᠠᠯ ᠭᠠᠷᠭ᠋ᠠᠵᠤ ᠥᠭᠭᠦᠭᠰᠡᠨ ;
(ᠳᠤᠯᠤᠭ᠎ᠠ) ᠵᠢᠷᠤᠮᠵᠢᠯ ᠶᠣᠰᠣᠭ᠋ᠠᠷ ᠣᠨᠣᠰᠢᠯᠠᠵᠤ ᠡᠮᠨᠡᠬᠦ᠎ᠳᠤ ᠬᠡᠷᠡᠭᠯᠡᠬᠦ᠎ᠠᠴᠠ ᠭᠠᠳᠠᠨ᠎ᠠ᠂ ᠮᠢᠨᠴᠦᠭᠦᠷᠡᠭᠦᠯᠬᠦ ᠡᠮ᠎ᠤᠨ ᠵᠦᠢ᠍ᠯ᠂ ᠡᠮᠴᠢᠯᠡᠭᠡ᠎ᠳᠤ ᠬᠡᠷᠡᠭᠯᠡᠬᠦ ᠬᠣᠣᠷᠲᠤ ᠡᠮ᠎ᠤᠨ ᠵᠦᠢ᠍ᠯ᠂ ᠣᠶᠣᠨ ᠮᠡᠳᠡᠷᠡᠯ᠎ᠤᠨ ᠡᠮ᠎ᠤᠨ ᠵᠦᠢ᠍ᠯ᠂ ᠰᠠᠴᠤᠷᠠᠭ ᠴᠢᠨᠠᠷᠲᠠᠢ ᠡᠮ᠎ᠤᠨ ᠵᠦᠢ᠍ᠯ ᠵᠡᠷᠭᠡ ᠵᠢ ᠬᠡᠷᠡᠭᠯᠡᠵᠦ ᠪᠣᠯᠬᠤ ᠦᠭᠡᠢ ;
(ᠨᠠᠢ᠍ᠮᠠ) ᠲᠤᠰᠢᠶᠠᠯ᠎ᠤᠨ ᠳᠥᠭᠥᠮ ᠵᠶ᠋ᠠᠨ ᠠᠰᠢᠭᠯᠠᠵᠤ᠂ ᠡᠳ᠋ ᠮᠥᠩᠭᠥ ᠨᠡᠬᠡᠨ ᠠᠪᠬᠤ ᠬᠠᠤᠯᠢ ᠪᠤᠰᠤ᠎ᠪᠠᠷ ᠬᠦᠯᠢᠶᠡᠨ ᠠᠪᠬᠤ ᠪᠤᠶᠤ ᠪᠤᠰᠤᠳ ᠵᠦᠢ ᠪᠤᠰᠤ ᠠᠰᠢᠭ ᠲᠤᠰᠠ ᠵᠢ ᠵᠠᠪᠰᠢᠨ ᠬᠣᠨᠵᠢᠵᠤ ᠪᠣᠯᠬᠤ ᠦᠭᠡᠢ ;
(ᠶᠢᠰᠦ) ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠲᠣᠭᠲᠠᠭ᠋ᠠᠯ ᠳᠦᠷᠢᠮ ᠪᠠ ᠣᠨᠣᠰᠢᠯᠠᠨ ᠡᠮᠨᠡᠬᠦ ᠵᠢᠷᠤᠮᠵᠢᠯᠳᠤ ᠴᠠᠭ᠋ᠠᠵᠠᠯᠠᠭᠰᠠᠨ ᠪᠤᠰᠤᠳ ᠪᠠᠢ᠌ᠳᠠᠯ᠃
ᠬᠣᠷᠢᠨ ᠨᠢᠭᠡᠳᠦᠭᠡᠷ ᠵᠦᠢ᠍ᠯ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠳ ᠡᠮᠴᠢᠯᠡᠭᠡᠨ᠎ᠤ ᠪᠠᠢ᠌ᠭᠤᠯᠤᠮᠵᠢ ᠵᠢᠨ ᠡᠮᠴᠢᠯᠡᠭᠡᠨ᠎ᠤ ᠶᠠᠰᠤ ᠴᠢᠨᠠᠷ᠎ᠤᠨ ᠠᠮᠤᠷ ᠲᠦᠪᠰᠢᠨ᠎ᠤ ᠬᠠᠮᠢᠶᠠᠷᠤᠯᠲᠠ ᠵᠢᠨ ᠳᠦᠷᠢᠮ᠎ᠢ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠳᠠᠬᠢ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠵᠤ᠂ ᠡᠮᠴᠢᠯᠡᠭᠡᠨ᠎ᠤ ᠶᠠᠰᠤ ᠴᠢᠨᠠᠷ᠎ᠤᠨ ᠠᠮᠤᠷ ᠲᠦᠪᠰᠢᠨ᠎ᠤ ᠦᠨᠡᠯᠡᠨ ᠵᠢᠱ᠌ᠢᠯᠲᠡ ᠵᠢ ᠵᠣᠬᠢᠶᠠᠨ ᠪᠠᠢ᠌ᠭᠤᠯᠤᠨ ᠥᠷᠨᠢᠭᠦᠯᠵᠦ᠂ ᠡᠮᠴᠢᠯᠡᠭᠡᠨ᠎ᠤ ᠶᠠᠰᠤ ᠴᠢᠨᠠᠷ᠎ᠤᠨ ᠠᠮᠤᠷ ᠲᠦᠪᠰᠢᠨ᠎ᠤ ᠮᠡᠳᠡᠭᠡ ᠵᠠᠩᠭᠢ ᠵᠢ ᠵᠠᠳᠠᠯᠤᠨ᠂ ᠣᠯᠵᠤ ᠮᠡᠳᠡᠭᠰᠡᠨ ᠲᠦᠭᠰᠢᠭᠦᠷᠢ᠎ᠳᠤ ᠴᠢᠭᠯᠡᠭᠦᠯᠦᠨ ᠰᠡᠷᠭᠡᠢ᠌ᠯᠡᠬᠦ ᠠᠷᠭ᠎ᠠ ᠬᠡᠮᠵᠢᠶ᠎ᠡ ᠲᠣᠭᠲᠠᠭ᠋ᠠᠵᠤ᠂ ᠡᠮᠴᠢᠯᠡᠭᠡᠨ᠎ᠤ ᠪᠠᠢ᠌ᠭᠤᠯᠤᠮᠵᠢ ᠵᠢ ᠰᠢᠮᠳᠠᠭᠤᠯᠵᠤ ᠪᠠᠢ᠌ᠭ᠋ᠠᠳ ᠴᠡᠭᠴᠡᠯᠡᠨ ᠰᠠᠢ᠌ᠵᠢᠷᠠᠭᠤᠯᠵᠤ ᠨᠠᠢ᠌ᠳᠠᠪᠤᠷᠢᠵᠢᠭᠤᠯᠬᠤ ᠬᠡᠷᠡᠭᠲᠡᠢ᠃
ᠬᠣᠷᠢᠨ ᠬᠣᠶᠠᠳᠤᠭ᠋ᠠᠷ ᠵᠦᠢ᠍ᠯ ᠡᠪᠡᠳᠴᠢᠲᠡᠨ ᠡᠭᠦᠳᠡᠨ (ᠪᠠᠴᠢᠮ) ᠡᠮᠨᠡᠯᠭᠡ ᠵᠢᠨ ᠡᠪᠡᠳᠴᠢᠨ᠎ᠤ ᠲᠡᠦᠬᠡ ᠪᠠ ᠡᠮᠨᠡᠯᠭᠡ᠎ᠳᠤ ᠰᠠᠭᠤᠭᠰᠠᠨ ᠡᠪᠡᠳᠴᠢᠨ᠎ᠤ ᠲᠡᠦᠬᠡᠨ᠎ᠳᠠᠬᠢ ᠡᠮᠨᠡᠯᠭᠡ᠎ᠳᠤ ᠰᠠᠭᠤᠭᠰᠠᠨ ᠲᠡᠮᠳᠡᠭᠯᠡᠯ (ᠲᠤᠬᠠᠢ᠌ᠯᠠᠪᠠᠯ ᠡᠮᠨᠡᠯᠭᠡ᠎ᠳᠤ ᠣᠷᠣᠭᠰᠠᠨ ᠲᠡᠮᠳᠡᠭᠯᠡᠯ)᠂ ᠪᠡᠶ᠎ᠡ ᠵᠢᠨ ᠳᠤᠯᠠᠭ᠋ᠠᠨ᠎ᠤ ᠬᠠᠭᠤᠳᠠᠰᠤ᠂ ᠡᠮᠴᠢ ᠵᠢᠨ ᠵᠢᠭ᠋ᠠᠪᠤᠷᠢ ᠵᠢᠨ ᠬᠠᠭᠤᠳᠠᠰᠤ᠂ ᠰᠢᠨᠵᠢᠯᠡᠨ ᠰᠢᠯᠭ᠋ᠠᠯᠲᠠ ᠵᠢᠨ ᠬᠠᠭᠤᠳᠠᠰᠤ (ᠪᠠᠢ᠌ᠴᠠᠭ᠋ᠠᠨ ᠰᠢᠯᠭ᠋ᠠᠯᠲᠠ ᠵᠢᠨ ᠮᠡᠳᠡᠭᠦᠯᠦᠯᠲᠡ)᠂ ᠠᠨᠠᠭ᠋ᠠᠬᠤ ᠤᠬᠠᠭ᠋ᠠᠨ᠎ᠤ ᠵᠢᠷᠤᠭ ᠳᠦᠷᠰᠦ ᠵᠢᠨ ᠪᠠᠢ᠌ᠴᠠᠭ᠋ᠠᠯᠲᠠ ᠵᠢᠨ ᠮᠠᠲ᠋ᠧᠷᠢᠶᠠᠯ᠂ ᠣᠨᠴᠠᠭ᠋ᠠᠢ ᠪᠠᠢ᠌ᠴᠠᠭ᠋ᠠᠯᠲᠠ (ᠡᠮᠨᠡᠨ ᠵᠠᠰᠠᠬᠤ) ᠵᠢᠨ ᠵᠥᠪᠰᠢᠶᠡᠷᠡᠯ᠎ᠤᠨ ᠪᠢᠴᠢᠭ᠂ ᠮᠡᠰᠡ ᠵᠠᠰᠠᠯ᠎ᠤᠨ ᠵᠥᠪᠰᠢᠶᠡᠷᠡᠯ᠎ᠤᠨ ᠪᠢᠴᠢᠭ᠂ ᠮᠡᠰᠡ ᠵᠠᠰᠠᠯ ᠵᠢᠴᠢ ᠮᠢᠨᠴᠦᠭᠦᠷᠡᠭᠦᠯᠦᠭᠰᠡᠨ ᠲᠡᠮᠳᠡᠭᠯᠡᠯ᠎ᠤᠨ ᠬᠠᠭᠤᠳᠠᠰᠤ᠂ ᠡᠪᠡᠳᠴᠢᠨ᠎ᠤ ᠵᠦᠢ ᠵᠢᠨ ᠮᠡᠳᠡᠭᠦᠯᠦᠯᠲᠡ᠂ ᠰᠤᠪᠢᠯᠠᠯᠲᠠ ᠵᠢᠨ ᠲᠡᠮᠳᠡᠭᠯᠡᠯ᠂ ᠡᠮᠨᠡᠯᠭᠡ᠎ᠠᠴᠠ ᠭᠠᠷᠤᠭᠰᠠᠨ ᠲᠡᠮᠳᠡᠭᠯᠡᠯ᠂ ᠡᠮᠴᠢᠯᠡᠭᠡᠨ᠎ᠤ ᠵᠠᠷᠤᠳᠠᠯ ᠵᠢᠴᠢ 《ᠡᠮᠴᠢᠯᠡᠭᠡᠨ᠎ᠤ ᠪᠠᠢ᠌ᠭᠤᠯᠤᠮᠵᠢ ᠵᠢᠨ ᠡᠪᠡᠳᠴᠢᠨ᠎ᠤ ᠲᠡᠦᠬᠡ ᠵᠢᠨ ᠬᠠᠮᠢᠶᠠᠷᠤᠯᠲᠠ ᠵᠢᠨ ᠲᠣᠭᠲᠠᠭ᠋ᠠᠯ 》᠎ᠳᠠᠬᠢ ᠡᠪᠡᠳᠴᠢᠨ᠎ᠤ ᠲᠡᠦᠬᠡᠨ᠎ᠳᠤ ᠬᠠᠷᠢᠶᠠᠯᠠᠭᠳᠠᠬᠤ ᠪᠤᠰᠤᠳ ᠪᠦᠬᠦ ᠮᠠᠲ᠋ᠧᠷᠢᠶᠠᠯ᠎ᠢ ᠪᠠᠢ᠌ᠴᠠᠭ᠋ᠠᠨ ᠦᠵᠡᠬᠦ ᠪᠠ ᠬᠠᠭᠤᠯᠪᠤᠷᠢᠯᠠᠨ ᠠᠪᠬᠤ ᠡᠷᠬᠡ᠎ᠲᠠᠢ᠃
ᠡᠪᠡᠳᠴᠢᠲᠡᠨ ᠡᠪᠡᠳᠴᠢᠨ᠎ᠤ ᠲᠡᠦᠬᠡ ᠵᠢᠨ ᠮᠠᠲ᠋ᠧᠷᠢᠶᠠᠯ ᠵᠶ᠋ᠡᠨ ᠬᠠᠭᠤᠯᠪᠤᠷᠢᠯᠠᠨ ᠠᠪᠬᠤ ᠱᠠᠭ᠋ᠠᠷᠳᠠᠯᠭ᠎ᠠ ᠪᠠᠢ᠌ᠪᠠᠯ᠂ ᠡᠮᠴᠢᠯᠡᠭᠡᠨ᠎ᠤ ᠪᠠᠢ᠌ᠭᠤᠯᠤᠮᠵᠢ᠎ᠨᠢ ᠬᠠᠭᠤᠯᠪᠤᠷᠢᠯᠠᠬᠤ ᠦᠢ᠍ᠯᠡᠴᠢᠯᠡᠭᠡ ᠬᠠᠩᠭ᠋ᠠᠬᠤ ᠵᠢᠨ ᠬᠠᠮᠲᠤ ᠬᠠᠭᠤᠯᠪᠤᠷᠢᠯᠠᠭᠰᠠᠨ ᠡᠪᠡᠳᠴᠢᠨ᠎ᠤ ᠲᠡᠦᠬᠡ ᠵᠢᠨ ᠮᠠᠲ᠋ᠧᠷᠢᠶᠠᠯ ᠳᠡᠭᠡᠷ᠎ᠡ ᠭᠡᠷᠡᠴᠢ ᠲᠠᠮᠠᠭ᠎ᠠ᠎ᠪᠠᠨ ᠳᠠᠷᠤᠬᠤ ᠬᠡᠷᠡᠭᠲᠡᠢ᠃ ᠡᠪᠡᠳᠴᠢᠨ᠎ᠤ ᠲᠡᠦᠬᠡ ᠵᠢᠨ ᠮᠠᠲ᠋ᠧᠷᠢᠶᠠᠯ᠎ᠢ ᠬᠠᠭᠤᠯᠪᠤᠷᠢᠯᠠᠬᠤ᠎ᠳᠤ ᠡᠪᠡᠳᠴᠢᠲᠡᠨ ᠪᠤᠶᠤ ᠲᠡᠭᠦᠨ᠎ᠤ ᠣᠢ᠌ᠷ᠎ᠠ ᠲᠥᠷᠥᠯ ᠰᠠᠳᠤᠨ᠎ᠨᠢ ᠲᠤᠬᠠᠢ ᠵᠢᠨ ᠲᠠᠯᠠᠪᠠᠢ᠎ᠳᠤ ᠪᠠᠢ᠌ᠬᠤ ᠬᠡᠷᠡᠭᠲᠡᠢ᠃ ᠡᠪᠡᠳᠴᠢᠲᠡᠨ᠎ᠤ ᠱᠠᠭ᠋ᠠᠷᠳᠠᠯᠭ᠎ᠠ᠎ᠪᠠᠷ ᠲᠡᠭᠦᠨ᠎ᠳᠤ ᠡᠪᠡᠳᠴᠢᠨ᠎ᠤ ᠲᠡᠦᠬᠡ ᠵᠢᠨ ᠮᠠᠲ᠋ᠧᠷᠢᠶᠠᠯ᠎ᠢ ᠬᠠᠭᠤᠯᠪᠤᠷᠢᠯᠠᠨ ᠥᠭᠬᠦ᠎ᠳᠤ ᠬᠥᠯᠥᠰᠦ ᠥᠷᠲᠡᠭ᠎ᠤᠨ ᠵᠠᠷᠤᠳᠠᠯ ᠬᠤᠷᠢᠶᠠᠵᠤ ᠪᠣᠯᠣᠨ᠎ᠠ᠂ ᠵᠠᠷᠤᠳᠠᠯ ᠬᠤᠷᠢᠶᠠᠬᠤ ᠪᠠᠷᠢᠮᠵᠢᠶ᠎ᠠ᠎ᠪᠠᠨ ᠢᠯᠡ ᠪᠣᠯᠭ᠋ᠠᠬᠤ ᠬᠡᠷᠡᠭᠲᠡᠢ᠃
ᠡᠪᠡᠳᠴᠢᠲᠡᠨ ᠨᠠᠰᠤ ᠪᠠᠷᠠᠭᠰᠠᠨ ᠪᠠᠢ᠌ᠪᠠᠯ ᠲᠡᠭᠦᠨ᠎ᠤ ᠣᠢ᠌ᠷ᠎ᠠ ᠲᠥᠷᠥᠯ ᠰᠠᠳᠤᠨ᠎ᠨᠢ ᠬᠠᠤᠯᠢ ᠶᠣᠰᠣᠭ᠋ᠠᠷ ᠡᠪᠡᠳᠴᠢᠨ᠎ᠤ ᠲᠡᠦᠬᠡ ᠵᠢᠨ ᠮᠠᠲ᠋ᠧᠷᠢᠶᠠᠯ᠎ᠢ ᠪᠠᠢ᠌ᠴᠠᠭ᠋ᠠᠨ ᠦᠵᠡᠬᠦ ᠪᠠ ᠬᠠᠭᠤᠯᠪᠤᠷᠢᠯᠠᠨ ᠠᠪᠴᠤ ᠪᠣᠯᠣᠨ᠎ᠠ᠃
ᠬᠣᠷᠢᠨ ᠭᠤᠷᠪᠠᠳᠤᠭ᠋ᠠᠷ ᠵᠦᠢ᠍ᠯ ᠡᠪᠡᠳᠴᠢᠲᠡᠨ ᠪᠠ ᠲᠡᠭᠦᠨ᠎ᠤ ᠣᠢ᠌ᠷ᠎ᠠ ᠲᠥᠷᠥᠯ ᠰᠠᠳᠤᠨ᠎ᠨᠢ ᠳᠣᠣᠷ᠎ᠠ ᠵᠢᠭᠰᠠᠭ᠋ᠠᠭᠰᠠᠨ ᠲᠣᠭᠲᠠᠭ᠋ᠠᠯ᠎ᠢ ᠵᠢᠷᠤᠮᠯᠠᠬᠤ ᠬᠡᠷᠡᠭᠲᠡᠢ ᠄
(ᠨᠢᠭᠡ) ᠡᠮᠴᠢᠯᠡᠭᠡᠨ᠎ᠤ ᠡᠮᠬᠢ ᠵᠢᠷᠤᠮ ᠪᠠ ᠡᠮᠴᠢᠯᠡᠭᠡᠨ᠎ᠤ ᠪᠠᠢ᠌ᠭᠤᠯᠤᠮᠵᠢ ᠵᠢᠨ ᠬᠣᠯᠪᠣᠭᠳᠠᠯ ᠪᠦᠬᠦᠢ ᠡᠪᠡᠳᠴᠢᠨ ᠦᠵᠡᠬᠦᠯᠬᠦ᠂ ᠡᠮᠨᠡᠨ ᠵᠠᠰᠠᠬᠤ᠂ ᠪᠠᠢ᠌ᠴᠠᠭ᠋ᠠᠬᠤ ᠲᠤᠬᠠᠢ ᠲᠣᠭᠲᠠᠭ᠋ᠠᠯ᠎ᠢ ᠵᠢᠷᠤᠮᠯᠠᠨ᠎ᠠ ;
(ᠬᠣᠶᠠᠷ) ᠡᠪᠡᠳᠴᠢᠨ᠎ᠤ ᠪᠠᠢ᠌ᠳᠠᠯ ᠯᠤᠭ᠎ᠠ ᠬᠣᠯᠪᠣᠭᠳᠠᠯ ᠪᠦᠬᠦᠢ ᠮᠡᠳᠡᠭᠡ ᠵᠠᠩᠭᠢ ᠵᠢ ᠦᠨᠡᠨ ᠮᠥᠨ ᠵᠶ᠋ᠠᠷ ᠬᠠᠩᠭ᠋ᠠᠵᠤ᠂ ᠡᠮᠨᠡᠯᠭᠡ ᠵᠢᠨ ᠠᠵᠢᠯᠲᠠᠨ᠎ᠤ ᠣᠨᠣᠰᠢᠯᠠᠨ ᠡᠮᠨᠡᠬᠦ ᠠᠵᠢᠯᠯᠠᠭ᠎ᠠ ᠥᠷᠨᠢᠭᠦᠯᠬᠦ᠎ᠳᠤ ᠬᠠᠮᠵᠢᠯᠴᠠᠨ᠎ᠠ ;
(ᠭᠤᠷᠪᠠ) ᠡᠮᠴᠢᠯᠡᠭᠡᠨ᠎ᠤ ᠵᠠᠷᠤᠳᠠᠯ᠎ᠢ ᠲᠣᠭᠲᠠᠭ᠋ᠠᠯ ᠶᠣᠰᠣᠭ᠋ᠠᠷ ᠴᠠᠭ ᠲᠤᠬᠠᠢᠳᠤᠨᠢ ᠲᠥᠯᠥᠨ᠎ᠡ ;
(ᠳᠥᠷᠪᠡ) ᠡᠮᠴᠢᠯᠡᠭᠡᠨ᠎ᠤ ᠠᠵᠢᠯᠯᠠᠭ᠎ᠠ᠎ᠳᠤ ᠣᠨᠳᠣᠣ ᠰᠠᠨᠠᠯ ᠪᠤᠶᠤ ᠮᠠᠷᠭᠤᠭ᠋ᠠᠨ᠎ᠲᠠᠢ ᠪᠠᠢ᠌ᠪᠠᠯ᠂ ᠬᠠᠤᠯᠢ ᠶᠣᠰᠣᠭ᠋ᠠᠷ ᠰᠠᠨᠠᠯ ᠪᠠ ᠬᠦᠰᠡᠯ ᠱᠠᠭ᠋ᠠᠷᠳᠠᠯᠭ᠎ᠠ᠎ᠪᠠᠨ ᠢᠯᠡᠳᠬᠡᠨ᠎ᠡ ;
(ᠲᠠᠪᠤ) ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠭᠡᠨᠡᠳᠲᠡ ᠵᠢᠨ ᠬᠡᠷᠡᠭ᠎ᠤᠨ ᠳᠤᠮᠳᠠ ᠲᠤᠰᠠᠭ᠋ᠠᠷᠯᠠᠨ ᠡᠮᠨᠡᠬᠦ᠂ ᠠᠨᠠᠭ᠋ᠠᠬᠤ ᠤᠬᠠᠭ᠋ᠠᠨ᠎ᠤ ᠠᠵᠢᠭᠯᠠᠯᠲᠠ ᠬᠢᠬᠦ ᠵᠡᠷᠭᠡ ᠠᠷᠭ᠎ᠠ ᠬᠡᠮᠵᠢᠶ᠎ᠡ ᠵᠢ ᠬᠦᠯᠢᠶᠡᠨ ᠠᠪᠬᠤ ᠴᠢᠬᠤᠯᠠᠲᠠᠢ ᠪᠠᠢ᠌ᠪᠠᠯ᠂ ᠬᠠᠮᠵᠢᠯᠴᠠᠬᠤ ᠬᠡᠷᠡᠭᠲᠡᠢ ;
(ᠵᠢᠷᠭᠤᠭ᠎ᠠ) ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠪᠤᠰᠤᠳ ᠪᠠᠢ᠌ᠳᠠᠯ᠃
ᠭᠤᠷᠪᠠᠳᠤᠭ᠋ᠠᠷ ᠪᠦᠯᠦᠭ ᠡᠮᠴᠢᠯᠡᠭᠡᠨ᠎ᠤ ᠵᠠᠭᠤᠷᠠᠯᠳᠤᠭ᠋ᠠᠨ᠎ᠢ ᠰᠢᠢ᠍ᠳᠪᠦᠷᠢᠯᠡᠬᠦ
ᠬᠣᠷᠢᠨ ᠳᠥᠷᠪᠡᠳᠦᠭᠡᠷ ᠵᠦᠢ᠍ᠯ ᠡᠮᠴᠢᠯᠡᠭᠡᠨ᠎ᠤ ᠵᠠᠭᠤᠷᠠᠯᠳᠤᠭ᠋ᠠᠨ ᠭᠠᠷᠪᠠᠯ᠂ ᠡᠮᠴᠢ ᠪᠠ ᠡᠪᠡᠳᠴᠢᠲᠡᠨ ᠬᠣᠶᠠᠷ ᠲᠠᠯ᠎ᠠ᠎ᠪᠠᠷ ᠵᠶ᠋ᠠᠨ ᠳᠣᠣᠷ᠎ᠠ ᠵᠢᠭᠰᠠᠭ᠋ᠠᠭᠰᠠᠨ ᠠᠷᠭ᠎ᠠ ᠵᠠᠮ ᠵᠶ᠋ᠠᠷ ᠳᠠᠮᠵᠢᠭᠤᠯᠤᠨ ᠰᠢᠢ᠍ᠳᠪᠦᠷᠢᠯᠡᠵᠦ ᠪᠣᠯᠣᠨ᠎ᠠ ᠄
(ᠨᠢᠭᠡ) ᠬᠣᠶᠠᠷ ᠲᠠᠯ᠎ᠠ᠎ᠪᠠᠷ ᠵᠶ᠋ᠠᠨ ᠰᠠᠢ᠌ᠨ ᠳᠤᠷ᠎ᠠ᠎ᠠᠴᠠ᠎ᠪᠠᠨ ᠵᠥᠪᠳᠡᠯᠴᠡᠬᠦ ;
(ᠬᠣᠶᠠᠷ) ᠠᠷᠠᠳ᠎ᠤᠨ ᠡᠶᠡᠳᠡᠭᠦᠯᠭᠡ ᠬᠢᠯᠭᠡᠬᠦ᠎ᠪᠠᠷ ᠭᠤᠶᠤᠴᠢᠯᠠᠬᠤ ;
(ᠭᠤᠷᠪᠠ) ᠵᠠᠰᠠᠭ ᠵᠠᠬᠢᠷᠭ᠋ᠠᠨ᠎ᠤ ᠡᠶᠡᠳᠡᠭᠦᠯᠭᠡ ᠬᠢᠯᠭᠡᠬᠦ᠎ᠪᠠᠷ ᠭᠤᠶᠤᠴᠢᠯᠠᠬᠤ ;
(ᠳᠥᠷᠪᠡ) ᠠᠷᠠᠳ᠎ᠤᠨ ᠰᠢᠭᠦᠬᠦ ᠬᠣᠷᠢᠶᠠᠨ᠎ᠳᠤ ᠵᠠᠭ᠋ᠠᠯᠳᠤᠯᠭ᠎ᠠ ᠭᠠᠷᠭ᠋ᠠᠬᠤ ;
(ᠲᠠᠪᠤ) ᠬᠠᠤᠯᠢ ᠴᠠᠭ᠋ᠠᠵᠠ ᠬᠠᠤᠯᠢ ᠲᠣᠭᠲᠠᠭ᠋ᠠᠯ ᠳᠤ ᠲᠣᠭᠲᠠᠭ᠋ᠠᠭᠰᠠᠨ ᠪᠤᠰᠤᠳ ᠠᠷᠭ᠎ᠠ ᠵᠠᠮ ᠵᠶ᠋ᠠᠷ ᠰᠢᠢ᠍ᠳᠪᠦᠷᠢᠯᠡᠬᠦ᠃
ᠬᠣᠷᠢᠨ ᠲᠠᠪᠤᠳᠤᠭ᠋ᠠᠷ ᠵᠦᠢ᠍ᠯ ᠡᠮᠴᠢᠯᠡᠭᠡᠨ᠎ᠤ ᠵᠠᠭᠤᠷᠠᠯᠳᠤᠭ᠋ᠠᠨ ᠭᠠᠷᠪᠠᠯ᠂ ᠡᠮᠴᠢᠯᠡᠭᠡᠨ᠎ᠤ ᠪᠠᠢ᠌ᠭᠤᠯᠤᠮᠵᠢ᠎ᠨᠤᠭᠤᠳ ᠳᠣᠣᠷ᠎ᠠ ᠵᠢᠭᠰᠠᠭ᠋ᠠᠭᠰᠠᠨ ᠠᠷᠭ᠎ᠠ ᠬᠡᠮᠵᠢᠶ᠎ᠡ ᠠᠪᠴᠤ ᠰᠢᠢ᠍ᠳᠪᠦᠷᠢᠯᠡᠬᠦ ᠬᠡᠷᠡᠭᠲᠡᠢ ᠄
(ᠨᠢᠭᠡ) ᠡᠪᠡᠳᠴᠢᠲᠡᠨ ᠪᠤᠶᠤ ᠲᠡᠭᠦᠨ᠎ᠤ ᠣᠢ᠌ᠷ᠎ᠠ ᠲᠥᠷᠥᠯ ᠰᠠᠳᠤᠨ᠎ᠤ ᠰᠠᠨᠠᠯ᠎ᠢ ᠰᠣᠨᠣᠰᠴᠤ᠂ ᠲᠡᠭᠦᠨ᠎ᠳᠤ ᠡᠮᠴᠢᠯᠡᠭᠡᠨ᠎ᠤ ᠵᠠᠭᠤᠷᠠᠯᠳᠤᠭ᠋ᠠᠨ᠎ᠢ ᠰᠢᠢ᠍ᠳᠪᠦᠷᠢᠯᠡᠬᠦ ᠠᠷᠭ᠎ᠠ ᠵᠠᠮ ᠪᠠ ᠳᠡᠰ ᠳᠠᠷᠠᠭ᠋ᠠᠯᠠᠯ᠎ᠢ ᠮᠡᠳᠡᠭᠳᠡᠵᠦ᠂ ᠬᠠᠮᠢᠶ᠎ᠠ ᠪᠦᠬᠦᠢ ᠯᠠᠪᠯᠠᠯᠲᠠ ᠪᠠ ᠮᠠᠳᠠᠭ᠎ᠲᠠᠢ ᠵᠦᠢ᠍ᠯ᠎ᠳᠤ᠎ᠨᠢ ᠬᠠᠷᠢᠭᠤᠯᠲᠠ ᠥᠭᠴᠦ᠂ ᠲᠡᠭᠦᠨ᠎ᠢ ᠬᠥᠲᠥᠯᠥᠨ ᠵᠢᠯᠤᠭᠣᠳᠴᠤ ᠪᠠᠢ᠌ᠭ᠋ᠠᠳ ᠬᠠᠤᠯᠢ ᠶᠣᠰᠣᠭ᠋ᠠᠷ ᠵᠠᠭᠤᠷᠠᠯᠳᠤᠭ᠋ᠠᠨ᠎ᠢ ᠰᠢᠢ᠍ᠳᠪᠦᠷᠢᠯᠡᠭᠦᠯᠦᠨ᠎ᠡ ;
(ᠬᠣᠶᠠᠷ) ᠡᠪᠡᠳᠴᠢᠲᠡᠨ ᠪᠤᠶᠤ ᠲᠡᠭᠦᠨ᠎ᠤ ᠣᠢ᠌ᠷ᠎ᠠ ᠲᠦᠷᠤᠯ ᠰᠠᠳᠤᠨ᠎ᠳᠤ ᠡᠪᠡᠳᠴᠢᠨ᠎ᠤ ᠲᠡᠦᠬᠡ ᠵᠢᠨ ᠮᠠᠲ᠋ᠧᠷᠢᠶᠠᠯ᠎ᠢ ᠪᠠᠢ᠌ᠴᠠᠭ᠋ᠠᠨ ᠦᠵᠡᠬᠦ᠂ ᠬᠠᠭᠤᠯᠪᠤᠷᠢᠯᠠᠬᠤ᠂ ᠪᠢᠲᠡᠭᠦᠮᠵᠢᠯᠡᠨ ᠬᠠᠳᠠᠭ᠋ᠠᠯᠠᠬᠤ᠂ ᠪᠢᠲᠡᠭᠦᠮᠵᠢ ᠨᠡᠭᠡᠭᠡᠬᠦ ᠲᠤᠬᠠᠢ ᠬᠣᠯᠪᠣᠭᠳᠠᠯ ᠪᠦᠬᠦᠢ ᠲᠣᠭᠲᠠᠭ᠋ᠠᠯ᠎ᠢ ᠮᠡᠳᠡᠭᠳᠡᠨ᠎ᠡ ;
(ᠭᠤᠷᠪᠠ) ᠡᠪᠡᠳᠴᠢᠲᠡᠨ ᠪᠤᠶᠤ ᠲᠡᠭᠦᠨ᠎ᠤ ᠣᠢ᠌ᠷ᠎ᠠ ᠲᠥᠷᠥᠯ ᠰᠠᠳᠤᠨ᠎ᠳᠤ ᠲᠤᠬᠠᠢ ᠵᠢᠨ ᠲᠠᠯᠠᠪᠠᠢ᠎ᠳᠤ ᠪᠣᠳᠠᠲᠤ ᠶᠠᠭᠤᠮ᠎ᠠ ᠵᠢ ᠪᠢᠲᠡᠭᠦᠮᠵᠢᠯᠡᠬᠦ ᠪᠠ ᠪᠢᠲᠡᠭᠦᠮᠵᠢ ᠨᠡᠭᠡᠭᠡᠬᠦ ᠲᠤᠬᠠᠢ ᠬᠣᠯᠪᠣᠭᠳᠠᠯ ᠪᠦᠬᠦᠢ ᠲᠣᠭᠲᠠᠭ᠋ᠠᠯ᠎ᠢ ᠮᠡᠳᠡᠭᠳᠡᠨ᠎ᠡ ;
(ᠳᠥᠷᠪᠡ) ᠡᠪᠡᠳᠴᠢᠲᠡᠨ ᠨᠠᠰᠤ ᠪᠠᠷᠠᠭᠰᠠᠨ ᠪᠠᠢ᠌ᠪᠠᠯ ᠣᠢ᠌ᠷ᠎ᠠ ᠲᠥᠷᠥᠯ ᠰᠠᠳᠤᠨ᠎ᠳᠤ᠎ᠨᠢ ᠬᠡᠭᠦᠷ ᠰᠢᠯᠭ᠋ᠠᠨ ᠪᠠᠢ᠌ᠴᠠᠭ᠋ᠠᠬᠤ ᠬᠣᠯᠪᠣᠭᠳᠠᠯ ᠪᠦᠬᠦᠢ ᠲᠣᠭᠲᠠᠭ᠋ᠠᠯ᠎ᠢ ᠮᠡᠳᠡᠭᠳᠡᠨ᠎ᠡ ;
(ᠲᠠᠪᠤ) ᠴᠢᠬᠤᠯᠠᠲᠠᠢ ᠦᠶ᠎ᠡ᠎ᠳᠤ ᠲᠤᠰᠬᠠᠢ ᠮᠡᠷᠭᠡᠵᠢᠯᠲᠡᠨ᠎ᠢ ᠵᠣᠬᠢᠶᠠᠨ ᠪᠠᠢ᠌ᠭᠤᠯᠵᠤ ᠬᠠᠮᠲᠤᠷᠠᠨ ᠣᠨᠣᠰᠢᠯᠠᠬᠤ ᠵᠢᠨ ᠬᠠᠮᠲᠤ ᠲᠤᠰᠬᠠᠢ ᠮᠡᠷᠭᠡᠵᠢᠯᠲᠡᠨ᠎ᠤ ᠬᠠᠮᠲᠤᠷᠠᠨ ᠣᠨᠣᠰᠢᠯᠠᠭᠰᠠᠨ ᠰᠠᠨᠠᠯ᠎ᠢ ᠡᠪᠡᠳᠴᠢᠲᠡᠨ ᠪᠤᠶᠤ ᠲᠡᠭᠦᠨ᠎ᠤ ᠣᠢ᠌ᠷ᠎ᠠ ᠲᠦᠷᠦᠯ ᠰᠠᠳᠤᠨ᠎ᠳᠤ᠎ᠨᠢ ᠮᠡᠳᠡᠭᠳᠡᠨ᠎ᠡ ;
(ᠵᠢᠷᠭᠤᠭ᠎ᠠ) ᠡᠮᠴᠢᠯᠡᠭᠡᠨ᠎ᠤ ᠵᠠᠭᠤᠷᠠᠯᠳᠤᠭ᠋ᠠᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠪᠡᠯᠡᠳᠬᠡᠯ ᠲᠥᠰᠥᠯ᠎ᠢ ᠡᠬᠢᠯᠡᠭᠦᠯᠬᠦ ᠴᠢᠬᠤᠯᠠᠲᠠᠢ ᠪᠠᠢ᠌ᠪᠠᠯ᠂ ᠬᠠᠮᠢᠶ᠎ᠠ ᠪᠦᠬᠦᠢ ᠲᠣᠭᠲᠠᠭ᠋ᠠᠯ ᠶᠣᠰᠣᠭ᠋ᠠᠷ ᠠᠷᠭ᠎ᠠ ᠬᠡᠮᠵᠢᠶ᠎ᠡ ᠠᠪᠬᠤ ᠵᠢᠨ ᠬᠠᠮᠲᠤ ᠪᠠᠢ᠌ᠭ᠎ᠠ ᠭᠠᠵᠠᠷ᠎ᠤᠨ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠴᠠᠭ ᠲᠤᠬᠠᠢᠳᠤᠨᠢ ᠮᠡᠳᠡᠭᠦᠯᠬᠦ ᠬᠡᠷᠡᠭᠲᠡᠢ ;
(ᠳᠣᠯᠣᠭ᠎ᠠ) ᠡᠷᠡᠭᠦᠯ ᠬᠠᠮᠠᠭ᠋ᠠᠯᠠᠯ ᠡᠷᠡᠭᠦᠯ ᠮᠡᠨᠳᠦ᠂ ᠳᠣᠲᠣᠭ᠋ᠠᠳᠤ ᠵᠢ ᠬᠠᠮᠠᠭ᠋ᠠᠯᠠᠬᠤ ᠵᠡᠷᠭᠡ ᠰᠠᠯᠠᠭ᠎ᠠ ᠮᠥᠴᠢᠷ ᠵᠢᠴᠢ ᠬᠠᠮᠢᠶ᠎ᠠ ᠪᠦᠬᠦᠢ ᠨᠢᠭᠡᠴᠢ ᠯᠦᠭᠡ ᠬᠠᠮᠵᠢᠯᠴᠠᠨ ᠪᠠᠢ᠌ᠴᠠᠭ᠋ᠠᠯᠲᠠ ᠬᠢᠵᠦ ᠭᠡᠷᠡᠴᠢ ᠠᠪᠬᠤ ᠪᠠ ᠵᠠᠭᠤᠷᠠᠯᠳᠤᠭ᠋ᠠᠨ᠎ᠢ ᠰᠢᠢ᠍ᠳᠪᠦᠷᠢᠯᠡᠬᠦ ᠠᠵᠢᠯ᠎ᠢ ᠰᠠᠢ᠌ᠲᠤᠷ ᠬᠢᠨ᠎ᠡ᠃
ᠬᠣᠷᠢᠨ ᠵᠢᠷᠭᠤᠳᠤᠭ᠋ᠠᠷ ᠵᠦᠢ᠍ᠯ ᠬᠦᠨᠳᠦ ᠬᠡᠴᠡᠭᠦᠦ ᠡᠮᠴᠢᠯᠡᠭᠡᠨ᠎ᠤ ᠵᠠᠭᠤᠷᠠᠯᠳᠤᠭ᠋ᠠᠨ ᠭᠠᠷᠤᠭᠰᠠᠨ ᠪᠠᠢ᠌ᠪᠠᠯ᠂ ᠡᠮᠴᠢᠯᠡᠭᠡᠨ᠎ᠤ ᠪᠠᠢ᠌ᠭᠤᠯᠤᠮᠵᠢ᠎ᠨᠢ ᠪᠠᠴᠢᠮ ᠪᠠᠢ᠌ᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠪᠡᠯᠡᠳᠬᠡᠯ ᠲᠥᠰᠥᠯ ᠵᠶ᠋ᠠᠨ ᠲᠡᠷᠡ ᠳᠠᠷᠤᠢ ᠡᠬᠢᠯᠡᠭᠦᠯᠵᠦ᠂ ᠲᠣᠭᠲᠠᠭ᠋ᠠᠯ ᠶᠣᠰᠣᠭ᠋ᠠᠷ ᠬᠠᠷᠢᠶ᠎ᠠ ᠭᠠᠵᠠᠷ᠎ᠤᠨ ᠬᠣᠰᠢᠭᠤ ᠰᠢᠶᠠᠨ᠎ᠤ ᠱᠠᠲᠤ ᠪᠠ ᠠᠢ᠌ᠮᠠᠭ ᠬᠤᠲᠠ ᠵᠢᠨ ᠱᠠᠲᠤᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠮᠡᠳᠡᠭᠦᠯᠬᠦ ᠬᠡᠷᠡᠭᠲᠡᠢ᠃ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠮᠡᠳᠡᠭᠦᠯᠦᠯᠲᠡ ᠵᠢ ᠣᠯᠣᠭᠰᠠᠨ᠎ᠤ ᠳᠠᠷᠠᠭ᠎ᠠ᠂ ᠴᠠᠭ ᠲᠤᠬᠠᠢᠳᠤᠨᠢ ᠬᠥᠮᠥᠨ ᠲᠣᠮᠢᠯᠠᠨ ᠲᠤᠬᠠᠢ ᠵᠢᠨ ᠲᠠᠯᠠᠪᠠᠢ᠎ᠳᠤ ᠣᠴᠢᠭᠤᠯᠤᠨ ᠪᠠᠢ᠌ᠳᠠᠯ᠎ᠢ ᠣᠢ᠌ᠯᠠᠭ᠋ᠠᠨ ᠡᠵᠡᠮᠰᠢᠭᠦᠯᠵᠦ᠂ ᠡᠮᠴᠢ ᠪᠠ ᠡᠪᠡᠳᠴᠢᠲᠡᠨ ᠬᠣᠶᠠᠷ ᠲᠠᠯ᠎ᠠ ᠵᠢ ᠬᠥᠲᠥᠯᠥᠨ ᠵᠢᠯᠤᠭᠣᠳᠴᠤ ᠪᠠᠢ᠌ᠭ᠋ᠠᠳ ᠬᠠᠤᠯᠢ ᠶᠣᠰᠣᠨ᠎ᠤ ᠠᠷᠭ᠎ᠠ ᠵᠠᠮ ᠵᠶ᠋ᠠᠷ ᠳᠠᠮᠵᠢᠭᠤᠯᠤᠨ ᠵᠠᠭᠤᠷᠠᠯᠳᠤᠭ᠋ᠠᠨ᠎ᠢ ᠰᠢᠢ᠍ᠳᠪᠦᠷᠢᠯᠡᠬᠦ ᠵᠢᠨ ᠬᠠᠮᠲᠤ ᠳᠣᠣᠷ᠎ᠠ ᠵᠢᠭᠰᠠᠭ᠋ᠠᠭᠰᠠᠨ ᠠᠷᠭ᠎ᠠ ᠬᠡᠮᠵᠢᠶ᠎ᠡ ᠵᠢ ᠠᠪᠬᠤ ᠬᠡᠷᠡᠭᠲᠡᠢ ᠄
(ᠨᠢᠭᠡ) ᠡᠮᠴᠢᠯᠡᠭᠡᠨ᠎ᠤ ᠪᠠᠢ᠌ᠭᠤᠯᠤᠮᠵᠢ ᠵᠢ ᠵᠢᠯᠣᠭᠣᠳᠤᠨ ᠰᠢᠮᠳᠠᠭᠤᠯᠵᠤ ᠪᠠᠢ᠌ᠭ᠋ᠠᠳ ᠲᠡᠷᠡ ᠳᠠᠷᠤᠢ᠎ᠳᠤ᠎ᠨᠢ ᠠᠷᠭ᠎ᠠ ᠬᠡᠮᠵᠢᠶ᠎ᠡ ᠠᠪᠤᠭᠤᠯᠵᠤ᠂ ᠬᠡᠷᠡᠭ ᠶᠡᠬᠡᠳᠬᠦ᠎ᠠᠴᠠ ᠰᠡᠷᠭᠡᠢ᠌ᠯᠡᠨ᠎ᠡ ;
(ᠬᠣᠶᠠᠷ) ᠠᠵᠢᠯᠲᠠᠨ ᠵᠣᠬᠢᠶᠠᠨ ᠪᠠᠢ᠌ᠭᠤᠯᠤᠨ ᠲᠤᠬᠠᠢ ᠵᠢᠨ ᠲᠠᠯᠠᠪᠠᠢ᠎ᠳᠤ ᠣᠴᠢᠭᠤᠯᠵᠤ ᠳᠣᠲᠣᠭ᠋ᠠᠳᠤ ᠵᠢ ᠬᠠᠮᠠᠭ᠋ᠠᠯᠠᠬᠤ ᠵᠡᠷᠭᠡ ᠬᠣᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠬᠠᠮᠵᠢᠯᠴᠠᠨ ᠲᠤᠬᠠᠢ ᠵᠢᠨ ᠲᠠᠯᠠᠪᠠᠢ᠎ᠳᠤ ᠰᠢᠢ᠍ᠳᠪᠦᠷᠢᠯᠡᠬᠦ ᠠᠵᠢᠯ᠎ᠢ ᠰᠠᠢ᠌ᠲᠤᠷ ᠬᠢᠬᠦ ᠬᠡᠷᠡᠭᠲᠡᠢ ;
(ᠭᠤᠷᠪᠠ) ᠨᠡᠪᠲᠡᠷᠡᠯᠴᠡᠨ ᠣᠢ᠌ᠯᠠᠭ᠋ᠠᠯᠴᠠᠵᠤ ᠵᠠᠯᠠᠵᠤ ᠵᠢᠯᠤᠭᠣᠳᠬᠤ ᠵᠡᠷᠭᠡ ᠠᠵᠢᠯ᠎ᠢ ᠥᠷᠨᠢᠭᠦᠯᠵᠦ᠂ ᠡᠮᠴᠢ ᠪᠠ ᠡᠪᠡᠳᠴᠢᠲᠡᠨ ᠬᠣᠶᠠᠷ ᠲᠠᠯ᠎ᠠ ᠵᠢ ᠬᠥᠲᠥᠯᠥᠨ ᠵᠢᠯᠤᠭᠣᠳᠴᠤ ᠪᠠᠢ᠌ᠭ᠋ᠠᠳ ᠬᠠᠤᠯᠢ ᠶᠣᠰᠣᠨ᠎ᠤ ᠠᠷᠭ᠎ᠠ ᠵᠠᠮ ᠵᠶ᠋ᠠᠷ ᠵᠠᠭᠤᠷᠠᠯᠳᠤᠭ᠋ᠠᠨ᠎ᠢ ᠰᠢᠢ᠍ᠳᠪᠦᠷᠢᠯᠡᠭᠦᠯᠦᠨ᠎ᠡ᠃
ᠬᠣᠷᠢᠨ ᠳᠣᠯᠣᠳᠤᠭ᠋ᠠᠷ ᠵᠦᠢ᠍ᠯ ᠡᠮᠴᠢ ᠪᠠ ᠡᠪᠡᠳᠴᠢᠲᠡᠨ ᠬᠣᠶᠠᠷ ᠲᠠᠯ᠎ᠠ᠎ᠨᠢ ᠡᠮᠴᠢᠯᠡᠭᠡᠨ᠎ᠤ ᠡᠮᠬᠢ ᠵᠢᠷᠤᠮ᠎ᠢ ᠬᠠᠤᠯᠢ ᠶᠣᠰᠣᠭ᠋ᠠᠷ ᠬᠠᠮᠠᠭ᠋ᠠᠯᠠᠬᠤ ᠬᠡᠷᠡᠭᠲᠡᠢ᠃ ᠶᠠᠮᠠᠷᠪᠠ ᠨᠢᠭᠡᠴᠢ ᠪᠠ ᠬᠤᠪᠢ ᠬᠥᠮᠥᠨ ᠭᠡᠳ ᠳᠣᠣᠷ᠎ᠠ ᠵᠢᠭᠰᠠᠭ᠋ᠠᠭᠰᠠᠨ ᠦᠢ᠍ᠯᠡ ᠠᠵᠢᠯᠯᠠᠭ᠎ᠠ᠎ᠲᠠᠢ ᠪᠠᠢ᠌ᠵᠤ᠂ ᠡᠪᠡᠳᠴᠢᠲᠡᠨ ᠪᠠ ᠡᠮᠨᠡᠯᠭᠡ ᠵᠢᠨ ᠠᠵᠢᠯᠲᠠᠨ᠎ᠤ ᠪᠡᠶ᠎ᠡ ᠵᠢᠨ ᠠᠮᠤᠷ ᠲᠦᠪᠰᠢᠨ᠎ᠳᠤ ᠬᠣᠣᠷ ᠬᠥᠨᠥᠭᠡᠯ ᠤᠴᠠᠷᠠᠭᠤᠯᠵᠤ᠂ ᠡᠮᠴᠢᠯᠡᠭᠡᠨ᠎ᠤ ᠡᠮᠬᠢ ᠵᠢᠷᠤᠮ᠎ᠢ ᠰᠠᠮᠠᠭᠤᠷᠠᠭᠤᠯᠵᠤ ᠪᠣᠯᠬᠤ ᠦᠭᠡᠢ ᠄
(ᠨᠢᠭᠡ) ᠣᠯᠠᠭᠤᠯᠠ ᠴᠤᠭᠯᠠᠵᠤ ᠡᠮᠴᠢᠯᠡᠭᠡᠨ᠎ᠤ ᠪᠠᠢ᠌ᠭᠤᠯᠤᠮᠵᠢ ᠵᠢᠨ ᠣᠨᠣᠰᠢᠯᠠᠨ ᠡᠮᠨᠡᠬᠦ᠂ ᠠᠯᠪᠠᠯᠠᠬᠤ ᠲᠠᠯᠠᠪᠤᠷ ᠭᠠᠵᠠᠷ᠎ᠢ ᠡᠵᠡᠯᠡᠬᠦ ;
(ᠬᠣᠶᠠᠷ) ᠡᠮᠴᠢᠯᠡᠭᠡᠨ᠎ᠤ ᠪᠠᠢ᠌ᠭᠤᠯᠤᠮᠵᠢ᠎ᠳᠤ ᠬᠤᠪᠢ᠎ᠪᠠᠷ ᠵᠶ᠋ᠠᠨ ᠴᠢᠨᠳᠠᠷ᠎ᠤᠨ ᠲᠠᠩᠬᠢᠮ ᠭᠠᠷᠭ᠋ᠠᠬᠤ᠂ ᠴᠠᠭ᠋ᠠᠷᠢᠭᠲᠤ ᠴᠡᠴᠡᠭ ᠲᠠᠯᠪᠢᠬᠤ᠂ ᠳᠣᠶᠢᠩ᠎ᠤᠨ ᠵᠣᠭᠣᠰ ᠰᠢᠲᠠᠭ᠋ᠠᠬᠤ᠂ ᠬᠥᠨᠳᠡᠯᠡᠨ ᠪᠢᠴᠢᠭᠡᠰᠦ ᠡᠯᠭᠦᠬᠦ᠂ ᠲᠣᠮᠣ ᠵᠢᠵᠢᠭ ᠦᠰᠦᠭᠲᠦ ᠰᠣᠨᠢᠨ ᠨᠠᠭ᠋ᠠᠬᠤ᠂ ᠤᠬᠠᠭᠤᠯᠭ᠎ᠠ ᠵᠢᠨ ᠬᠠᠭᠤᠳᠠᠰᠤ ᠲᠠᠷᠬᠠᠭ᠋ᠠᠬᠤ᠂ ᠡᠭᠦᠳᠡ ᠬᠠᠭ᠋ᠠᠯᠭ᠎ᠠ ᠵᠢ ᠪᠥᠭᠯᠡᠬᠦ ᠪᠤᠶᠤ ᠪᠤᠰᠤᠳ ᠠᠷᠭ᠎ᠠ ᠮᠠᠶᠢᠭ ᠵᠶ᠋ᠠᠷ ᠡᠮᠴᠢᠯᠡᠭᠡᠨ᠎ᠤ ᠡᠮᠬᠢ ᠵᠢᠷᠤᠮ᠎ᠢ ᠰᠠᠮᠠᠭᠤᠷᠠᠭᠤᠯᠬᠤ ;
(ᠭᠤᠷᠪᠠ) ᠡᠮᠴᠢᠯᠡᠭᠡᠨ᠎ᠤ ᠪᠠᠢ᠌ᠭᠤᠯᠤᠮᠵᠢ᠎ᠳᠤ ᠲᠣᠭᠲᠠᠭ᠋ᠠᠯ᠎ᠠᠴᠠ ᠵᠥᠷᠢᠴᠡᠨ ᠴᠢᠨᠳᠠᠷ ᠲᠠᠯᠪᠢᠵᠤ᠂ ᠡᠮᠴᠢᠯᠡᠭᠡᠨ᠎ᠤ ᠡᠮᠬᠢ ᠵᠢᠷᠤᠮ᠎ᠢ ᠨᠥᠯᠥᠭᠡᠯᠡᠬᠦ ;
(ᠳᠥᠷᠪᠡ) ᠡᠮᠨᠡᠯᠭᠡ ᠵᠢᠨ ᠠᠵᠢᠯᠲᠠᠨ᠎ᠢ ᠢᠯᠠᠨ ᠲᠠᠯᠠᠨ ᠦᠭᠡᠢ ᠳᠣᠷᠣᠮᠵᠢᠯᠠᠵᠤ ᠭᠤᠲᠤᠭ᠋ᠠᠬᠤ᠂ ᠵᠦᠬᠡᠨ ᠬᠠᠷᠢᠶᠠᠬᠤ᠂ ᠭᠦᠳᠬᠡᠬᠦ᠂ ᠰᠦᠷᠳᠡᠭᠦᠯᠬᠦ᠂ ᠠᠵᠢᠯ᠎ᠤᠨ ᠲᠠᠯᠠᠪᠤᠷ᠎ᠠᠴᠠ ᠭᠠᠷᠭ᠋ᠠᠬᠤ ᠦᠭᠡᠢ ᠵᠡᠷᠭᠡ ᠠᠷᠭ᠎ᠠ ᠮᠠᠶᠢᠭ ᠵᠶ᠋ᠠᠷ ᠡᠮᠨᠡᠯᠭᠡ ᠵᠢᠨ ᠠᠵᠢᠯᠲᠠᠨ᠎ᠤ ᠪᠡᠶ᠎ᠡ ᠵᠢᠨ ᠡᠷᠬᠡ ᠴᠢᠯᠦᠭᠡ ᠵᠢ ᠬᠠᠤᠯᠢ ᠪᠤᠰᠤ᠎ᠪᠠᠷ ᠬᠢᠵᠠᠭ᠋ᠠᠷᠯᠠᠵᠤ᠂ ᠡᠮᠨᠡᠯᠭᠡ ᠵᠢᠨ ᠠᠵᠢᠯᠲᠠᠨ᠎ᠢ ᠵᠣᠳᠣᠬᠤ᠂ ᠪᠡᠶ᠎ᠡ ᠮᠠᠬᠠᠪᠤᠳ᠎ᠢ᠎ᠨᠢ ᠵᠣᠷᠢᠭᠤᠳᠠ ᠭᠡᠮᠲᠦᠭᠡᠬᠦ ;
(ᠲᠠᠪᠤ) ᠫᠤᠤ ᠵᠡᠪᠰᠡᠭ᠂ ᠰᠤᠮᠤ ᠳᠠᠷᠢ᠂ ᠵᠠᠬᠢᠷᠤᠨ ᠬᠠᠮᠢᠶᠠᠷᠴᠤ ᠪᠠᠢ᠌ᠭ᠎ᠠ ᠢᠷᠲᠦ ᠪᠠᠭ᠋ᠠᠵᠢ ᠪᠤᠶᠤ ᠳᠡᠯᠪᠡᠷᠡᠬᠦ ᠴᠢᠨᠠᠷᠲᠠᠢ᠂ ᠰᠠᠴᠤᠷᠠᠭ ᠢᠳᠡᠪᠬᠢ ᠴᠢᠨᠠᠷᠲᠠᠢ᠂ ᠬᠣᠣᠷᠲᠤ ᠴᠢᠨᠠᠷᠲᠠᠢ᠂ ᠢᠳᠡᠮᠡᠬᠡᠢ ᠴᠢᠨᠠᠷᠲᠠᠢ ᠵᠡᠷᠭᠡ ᠠᠶᠤᠯᠲᠠᠢ ᠪᠣᠳᠠᠰ᠎ᠢ ᠡᠮᠴᠢᠯᠡᠭᠡᠨ᠎ᠤ ᠪᠠᠢ᠌ᠭᠤᠯᠤᠮᠵᠢ᠎ᠳᠤ ᠬᠠᠤᠯᠢ ᠪᠤᠰᠤ᠎ᠪᠠᠷ ᠠᠪᠴᠤ ᠣᠷᠣᠬᠤ ;
(ᠵᠢᠷᠭᠤᠭ᠎ᠠ) ᠬᠡᠷᠡᠭ᠎ᠢ ᠵᠣᠷᠢᠭᠤᠳᠠ ᠶᠡᠬᠡᠳᠬᠡᠬᠦ᠂ ᠪᠤᠰᠤᠳ ᠬᠥᠮᠥᠨ᠎ᠢ ᠥᠳᠥᠭᠡᠵᠦ᠂ ᠬᠠᠪᠰᠤᠷᠴᠤ ᠪᠠᠢ᠌ᠭ᠋ᠠᠳ ᠡᠮᠴᠢᠯᠡᠭᠡᠨ᠎ᠤ ᠪᠠᠢ᠌ᠭᠤᠯᠤᠮᠵᠢ ᠪᠤᠶᠤ ᠡᠮᠨᠡᠯᠭᠡ ᠵᠢᠨ ᠠᠵᠢᠯᠲᠠᠨ᠎ᠳᠤ ᠴᠢᠭᠯᠡᠭᠦᠯᠦᠭᠰᠡᠨ ᠬᠠᠤᠯᠢ ᠵᠢ ᠵᠥᠷᠢᠴᠡᠭᠰᠡᠨ ᠶᠠᠯᠠᠲᠤ ᠠᠵᠢᠯᠯᠠᠭ᠎ᠠ ᠬᠢᠬᠦ᠂ ᠡᠰᠡᠬᠦᠯ᠎ᠡ ᠪᠤᠰᠤᠳ ᠬᠥᠮᠥᠨ᠎ᠤ ᠨᠠᠢ᠌ᠳᠠᠯᠭ᠎ᠠ᠎ᠪᠠᠷ ᠡᠮᠴᠢᠯᠡᠭᠡᠨ᠎ᠤ ᠵᠠᠭᠤᠷᠠᠯᠳᠤᠭ᠋ᠠᠨ᠎ᠢ ᠰᠢᠢ᠍ᠳᠪᠦᠷᠢᠯᠡᠬᠦ ᠨᠡᠷ᠎ᠡ᠎ᠪᠠᠷ ᠬᠢᠬᠠᠵᠤ ᠮᠥᠯᠵᠢᠬᠦ᠂ ᠬᠡᠷᠡᠭ ᠥᠳᠥᠭᠡᠵᠦ ᠦᠢ᠍ᠮᠡᠭᠦᠯᠦᠭᠰᠡᠨ ᠵᠡᠷᠭᠡ ᠦᠢ᠍ᠯᠡ ᠠᠵᠢᠯᠯᠠᠭ᠎ᠠ᠎ᠲᠠᠢ ᠪᠠᠢ᠌ᠬᠤ ;
(ᠳᠣᠯᠣᠭ᠎ᠠ) ᠬᠤᠪᠢ ᠵᠢᠨ ᠵᠠᠭᠤᠴᠢᠯᠠᠭᠤᠷ ᠵᠡᠷᠭᠡ ᠵᠠᠭᠤᠴᠢ᠎ᠪᠠᠷ ᠳᠠᠮᠵᠢᠭᠤᠯᠤᠨ ᠪᠣᠳᠠᠲᠤ ᠬᠡᠷᠡᠭ᠎ᠢ ᠭᠠᠵᠢᠭᠤᠳᠠᠭᠤᠯᠤᠨ᠂ ᠦᠨᠡᠨ ᠪᠣᠳᠠᠲᠠᠢ ᠪᠤᠰᠤ ᠦᠭᠡ ᠶᠠᠷᠢᠶ᠎ᠠ ᠵᠡᠷᠭᠡ ᠵᠢ ᠤᠯᠠᠮᠵᠢᠯᠠᠨ ᠲᠠᠷᠬᠠᠭ᠋ᠠᠵᠤ᠂ ᠡᠮᠴᠢᠯᠡᠭᠡᠨ᠎ᠤ ᠪᠠᠢ᠌ᠭᠤᠯᠤᠮᠵᠢ ᠵᠢᠴᠢ ᠲᠡᠭᠦᠨ᠎ᠤ ᠡᠮᠨᠡᠯᠭᠡ ᠵᠢᠨ ᠠᠵᠢᠯᠲᠠᠨ᠎ᠢ ᠴᠤᠤᠷᠬᠠᠯ ᠲᠠᠯᠪᠢᠵᠤ᠂ ᠭᠦᠳᠬᠡᠬᠦ ;
(ᠨᠠᠢ᠍ᠮᠠ) ᠡᠮᠴᠢᠯᠡᠭᠡᠨ᠎ᠤ ᠵᠠᠭᠤᠷᠠᠯᠳᠤᠭ᠋ᠠᠨ᠎ᠲᠠᠢ ᠬᠠᠮᠢᠶ᠎ᠠ ᠪᠦᠬᠦᠢ ᠡᠪᠡᠳᠴᠢᠨ᠎ᠤ ᠲᠡᠦᠬᠡ ᠵᠢᠨ ᠮᠠᠲ᠋ᠧᠷᠢᠶᠠᠯ ᠵᠢᠴᠢ ᠡᠮ᠎ᠤᠨ ᠵᠦᠢ᠍ᠯ᠂ ᠡᠷᠡᠭᠦᠯ ᠬᠠᠮᠠᠭ᠋ᠠᠯᠠᠯ᠎ᠤᠨ ᠮᠠᠲ᠋ᠧᠷᠢᠶᠠᠯ᠂ ᠪᠠᠭ᠋ᠠᠵᠢ ᠬᠡᠷᠡᠭᠰᠡᠯ ᠵᠡᠷᠭᠡ ᠪᠣᠳᠠᠲᠠᠢ ᠭᠡᠷᠡᠴᠢ ᠵᠢ ᠪᠤᠯᠢᠶᠠᠬᠤ᠂ ᠡᠪᠳᠡᠨ ᠰᠦᠢ᠍ᠳᠬᠡᠬᠦ ;
(ᠶᠢᠰᠦ) ᠨᠡᠢ᠌ᠲᠡ ᠵᠢᠨ ᠪᠠ ᠬᠤᠪᠢ ᠵᠢᠨ ᠡᠳ᠋ ᠬᠥᠷᠥᠩᠭᠡ ᠵᠢ ᠬᠠᠤᠯᠢ ᠪᠤᠰᠤ᠎ᠪᠠᠷ ᠡᠵᠡᠯᠡᠨ ᠬᠡᠷᠡᠭᠯᠡᠬᠦ᠂ ᠪᠤᠯᠢᠶᠠᠬᠤ᠂ ᠵᠣᠷᠢᠭᠤᠳᠠ ᠡᠪᠳᠡᠨ ᠰᠦᠢ᠍ᠳᠬᠡᠬᠦ ;
(ᠠᠷᠪᠠ) ᠡᠮᠴᠢᠯᠡᠭᠡᠨ᠎ᠤ ᠪᠠᠢ᠌ᠭᠤᠯᠤᠮᠵᠢ ᠵᠢᠨ ᠬᠡᠪ᠎ᠤᠨ ᠡᠮᠬᠢ ᠵᠢᠷᠤᠮ᠎ᠢ ᠰᠠᠮᠠᠭᠤᠷᠠᠭᠤᠯᠬᠤ ᠪᠤᠰᠤᠳ ᠦᠢ᠍ᠯᠡ ᠠᠵᠢᠯᠯᠠᠭ᠎ᠠ᠃
ᠡᠮᠴᠢᠯᠡᠭᠡᠨ᠎ᠤ ᠵᠠᠭᠤᠷᠠᠯᠳᠤᠭ᠋ᠠᠨ᠎ᠤ ᠳᠤᠮᠳᠠ ᠠᠮᠤᠷ᠎ᠢ ᠬᠠᠮᠠᠭ᠋ᠠᠯᠠᠬᠤ ᠬᠠᠮᠢᠶᠠᠷᠤᠯᠲᠠ ᠵᠢ ᠵᠥᠷᠢᠴᠡᠭᠰᠡᠨ ᠦᠢ᠍ᠯᠡ ᠠᠵᠢᠯᠯᠠᠭ᠎ᠠ ᠪᠤᠶᠤ ᠶᠠᠯᠠᠲᠤ ᠠᠵᠢᠯᠯᠠᠭ᠎ᠠ ᠬᠢᠭᠰᠡᠨ ᠵᠶ᠋ᠡᠷ ᠰᠡᠵᠢᠭᠯᠡᠭᠳᠡᠪᠡᠯ ᠡᠮᠴᠢᠯᠡᠭᠡᠨ᠎ᠤ ᠪᠠᠢ᠌ᠭᠤᠯᠤᠮᠵᠢ᠎ᠨᠢ ᠲᠡᠷᠡ ᠳᠠᠷᠤᠢ᠎ᠳᠤ᠎ᠨᠢ ᠪᠠᠢ᠌ᠭ᠎ᠠ ᠭᠠᠵᠠᠷ᠎ᠤᠨ ᠵᠶ᠋ᠠᠨ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠳᠤ ᠬᠡᠷᠡᠭ ᠮᠡᠳᠡᠭᠦᠯᠬᠦ ᠬᠡᠷᠡᠭᠲᠡᠢ᠃ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠴᠠᠭ ᠲᠤᠬᠠᠢᠳᠤᠨᠢ ᠠᠷᠭ᠎ᠠ ᠬᠡᠮᠵᠢᠶ᠎ᠡ ᠠᠪᠴᠤ᠂ ᠬᠠᠤᠯᠢ ᠶᠣᠰᠣᠭ᠋ᠠᠷ ᠰᠢᠢ᠍ᠳᠪᠦᠷᠢᠯᠡᠵᠦ᠂ ᠡᠮᠴᠢᠯᠡᠭᠡᠨ᠎ᠤ ᠡᠮᠬᠢ ᠵᠢᠷᠤᠮ᠎ᠢ ᠬᠠᠮᠠᠭ᠋ᠠᠯᠠᠬᠤ ᠬᠡᠷᠡᠭᠲᠡᠢ᠃
ᠬᠣᠷᠢᠨ ᠨᠠᠢ᠍ᠮᠠᠳᠤᠭ᠋ᠠᠷ ᠵᠦᠢ᠍ᠯ ᠡᠮᠴᠢ ᠪᠠ ᠡᠪᠡᠳᠴᠢᠲᠡᠨ ᠬᠣᠶᠠᠷ ᠲᠠᠯ᠎ᠠ᠎ᠪᠠᠷ ᠵᠶ᠋ᠠᠨ ᠡᠮᠴᠢᠯᠡᠭᠡᠨ᠎ᠤ ᠵᠠᠭᠤᠷᠠᠯᠳᠤᠭ᠋ᠠᠨ᠎ᠢ ᠵᠥᠪᠳᠡᠯᠴᠡᠨ ᠰᠢᠢ᠍ᠳᠪᠦᠷᠢᠯᠡᠬᠦ᠎ᠪᠠᠷ ᠪᠣᠯᠣᠭᠰᠠᠨ ᠪᠠᠢ᠌ᠪᠠᠯ ᠳᠣᠣᠷ᠎ᠠ ᠵᠢᠭᠰᠠᠭ᠋ᠠᠭᠰᠠᠨ ᠲᠣᠭᠲᠠᠭ᠋ᠠᠯ ᠶᠣᠰᠣᠭ᠋ᠠᠷ ᠰᠢᠢ᠍ᠳᠪᠦᠷᠢᠯᠡᠬᠦ ᠬᠡᠷᠡᠭᠲᠡᠢ ᠄
(ᠨᠢᠭᠡ) ᠡᠮᠴᠢᠯᠡᠭᠡᠨ᠎ᠤ ᠪᠠᠢ᠌ᠭᠤᠯᠤᠮᠵᠢ ᠵᠢᠨ ᠲᠣᠬᠢᠷᠠᠭᠤᠯᠤᠭᠰᠠᠨ ᠲᠤᠰᠬᠠᠢ ᠲᠠᠯᠠᠪᠤᠷ ᠭᠠᠵᠠᠷ ᠪᠤᠶᠤ ᠬᠣᠶᠠᠷ ᠲᠠᠯ᠎ᠠ᠎ᠪᠠᠷ ᠵᠶ᠋ᠠᠨ ᠵᠥᠪᠰᠢᠶᠡᠷᠡᠭᠰᠡᠨ ᠪᠤᠰᠤᠳ ᠲᠠᠯᠠᠪᠤᠷ ᠭᠠᠵᠠᠷ᠎ᠲᠤ ᠵᠥᠪᠳᠡᠯᠴᠡᠵᠦ᠂ ᠡᠮᠴᠢᠯᠡᠭᠡᠨ᠎ᠤ ᠬᠡᠪ᠎ᠤᠨ ᠡᠮᠬᠢ ᠵᠢᠷᠤᠮ᠎ᠢ ᠨᠥᠯᠥᠭᠡᠯᠡᠵᠦ ᠪᠣᠯᠬᠤ ᠦᠭᠡᠢ᠃
(ᠬᠣᠶᠠᠷ) ᠡᠮᠴᠢ ᠪᠠ ᠡᠪᠡᠳᠴᠢᠲᠡᠨ ᠬᠣᠶᠠᠷ ᠲᠠᠯ᠎ᠠ ᠵᠢᠨ ᠬᠥᠮᠥᠨ᠎ᠤ ᠲᠣᠭ᠎ᠠ ᠨᠡᠯᠢᠶᠡᠳ ᠣᠯᠠᠨ ᠪᠠᠢ᠌ᠪᠠᠯ᠂ ᠲᠥᠯᠥᠭᠡᠯᠡᠭᠴᠢ ᠰᠣᠩᠭᠣᠨ ᠵᠥᠪᠳᠡᠯᠴᠡᠵᠦ᠂ ᠲᠠᠯ᠎ᠠ ᠪᠦᠷᠢ ᠵᠢᠨ ᠲᠥᠯᠥᠭᠡᠯᠡᠭᠴᠢ ᠵᠢᠨ ᠲᠣᠭ᠎ᠠ ᠵᠢ 5᠎ᠠᠴᠠ ᠬᠡᠲᠦᠷᠡᠭᠦᠯᠬᠦ ᠦᠭᠡᠢ ᠪᠠᠢ᠌ᠬᠤ ᠬᠡᠷᠡᠭᠲᠡᠢ᠃
(ᠭᠤᠷᠪᠠ) ᠡᠮᠴᠢ ᠪᠠ ᠡᠪᠡᠳᠴᠢᠲᠡᠨ ᠬᠣᠶᠠᠷ ᠲᠠᠯ᠎ᠠ᠎ᠪᠠᠷ ᠵᠶ᠋ᠠᠨ ᠡᠮᠴᠢᠯᠡᠭᠡᠨ᠎ᠤ ᠵᠠᠭᠤᠷᠠᠯᠳᠤᠭ᠋ᠠᠨ᠎ᠢ ᠰᠠᠢ᠌ᠨ ᠳᠤᠷ᠎ᠠ᠎ᠠᠴᠠ᠎ᠪᠠᠨ ᠵᠥᠪᠳᠡᠯᠴᠡᠨ ᠰᠢᠢ᠍ᠳᠪᠦᠷᠢᠯᠡᠬᠦ᠎ᠳᠤ᠂ ᠲᠥᠯᠥᠪᠦᠷᠢ ᠵᠣᠭᠣᠰ᠎ᠤᠨ ᠲᠣᠭ᠎ᠠ ᠵᠢ ᠪᠣᠳᠠᠲᠤ ᠶᠠᠪᠤᠳᠠᠯ ᠵᠶ᠋ᠠᠷ ᠦᠨᠳᠦᠰᠦᠯᠡᠯ ᠪᠣᠯᠭ᠋ᠠᠨ ᠵᠥᠪᠳᠡᠯᠴᠡᠨ ᠲᠣᠭᠲᠠᠭ᠋ᠠᠵᠤ᠂ ᠵᠥᠪᠳᠡᠯᠴᠡᠭᠡᠳ ᠰᠠᠨᠠᠯ ᠨᠢᠭᠡᠳᠦᠭᠰᠡᠨ ᠪᠠᠢ᠌ᠪᠠᠯ᠂ ᠪᠢᠴᠢᠭᠯᠡᠭᠰᠡᠨ ᠡᠶᠡᠳᠡᠭᠦᠯᠭᠡ ᠵᠢᠨ ᠵᠥᠪᠯᠡᠯᠴᠡᠭᠡᠷ᠎ᠤᠨ ᠪᠢᠴᠢᠭ᠎ᠲᠤ ᠭᠠᠷᠤᠨ ᠦᠰᠦᠭ ᠵᠢᠷᠤᠬᠤ ᠬᠡᠷᠡᠭᠲᠡᠢ᠃
(ᠳᠥᠷᠪᠡ) ᠵᠥᠷᠢᠯᠳᠦᠭᠡᠨ ᠨᠡᠯᠢᠶᠡᠳ ᠶᠡᠬᠡ ᠪᠤᠶᠤ ᠲᠥᠯᠥᠪᠦᠷᠢ ᠵᠢᠨ ᠲᠣᠭ᠎ᠠ᠎ᠪᠠᠷ ᠨᠡᠯᠢᠶᠡᠳ ᠶᠡᠬᠡ ᠡᠮᠴᠢᠯᠡᠭᠡᠨ᠎ᠤ ᠵᠠᠭᠤᠷᠠᠯᠳᠤᠭ᠋ᠠᠨ᠎ᠢ ᠡᠮᠴᠢ ᠪᠠ ᠡᠪᠡᠳᠴᠢᠲᠡᠨ ᠬᠣᠶᠠᠷ ᠲᠠᠯ᠎ᠠ᠎ᠪᠠᠷ ᠵᠶ᠋ᠠᠨ ᠠᠷᠠᠳ᠎ᠤᠨ ᠡᠶᠡᠳᠡᠭᠦᠯᠭᠡ ᠬᠢᠯᠭᠡᠬᠦ ᠠᠷᠭ᠎ᠠ ᠵᠠᠮ ᠵᠶ᠋ᠠᠷ ᠳᠠᠮᠵᠢᠭᠤᠯᠤᠨ ᠰᠢᠢ᠍ᠳᠪᠦᠷᠢᠯᠡᠬᠦ ᠵᠢ᠎ᠨᠢ ᠵᠣᠷᠢᠭᠵᠢᠭᠤᠯᠤᠨ᠎ᠠ᠃
(ᠲᠠᠪᠤ) ᠡᠮᠴᠢ ᠪᠠ ᠡᠪᠡᠳᠴᠢᠲᠡᠨ ᠬᠣᠶᠠᠷ ᠲᠠᠯ᠎ᠠ᠎ᠪᠠᠷ ᠵᠶ᠋ᠠᠨ ᠲᠤᠬᠠᠢ ᠵᠢᠨ ᠲᠠᠯᠠᠪᠠᠢ᠎ᠳᠤ ᠪᠠᠢ᠌ᠬᠤ ᠪᠠᠢ᠌ᠳᠠᠯ ᠳᠣᠣᠷ᠎ᠠ᠂ ᠡᠪᠡᠳᠴᠢᠨ᠎ᠤ ᠲᠡᠦᠬᠡ ᠵᠢᠨ ᠮᠠᠲ᠋ᠧᠷᠢᠶᠠᠯ᠂ ᠲᠤᠬᠠᠢ ᠵᠢᠨ ᠲᠠᠯᠠᠪᠠᠢ᠎ᠳᠠᠬᠢ ᠪᠣᠳᠠᠲᠤ ᠶᠠᠭᠤᠮ᠎ᠠ ᠵᠢ ᠲᠣᠭᠲᠠᠭ᠋ᠠᠯ ᠶᠣᠰᠣᠭ᠋ᠠᠷ ᠪᠢᠲᠡᠭᠦᠮᠵᠢᠯᠡᠨ ᠬᠠᠳᠠᠭ᠋ᠠᠯᠠᠬᠤ᠂ ᠪᠢᠲᠡᠭᠦᠮᠵᠢ ᠨᠡᠭᠡᠭᠡᠬᠦ ᠬᠡᠷᠡᠭᠲᠡᠢ᠃
(ᠵᠢᠷᠭᠤᠭ᠎ᠠ) ᠡᠪᠡᠳᠴᠢᠲᠡᠨ ᠡᠮᠴᠢᠯᠡᠭᠡᠨ᠎ᠤ ᠪᠠᠢ᠌ᠭᠤᠯᠤᠮᠵᠢ᠎ᠳᠤ ᠨᠠᠰᠤ ᠪᠠᠷᠠᠭᠰᠠᠨ ᠪᠠᠢ᠌ᠪᠠᠯ ᠴᠢᠨᠳᠠᠷ᠎ᠢ᠎ᠨᠢ ᠲᠡᠷᠡ ᠳᠠᠷᠤᠢ᠎ᠳᠤ᠎ᠨᠢ ᠬᠡᠭᠦᠷ ᠲᠠᠯᠪᠢᠬᠤ ᠲᠠᠰᠤᠯᠭ᠎ᠠ ᠪᠤᠶᠤ ᠣᠷᠣᠰᠢᠭᠤᠯᠭ᠎ᠠ ᠵᠢᠨ ᠭᠠᠵᠠᠷ ᠵᠡᠷᠭᠡ ᠵᠢᠭ᠋ᠠᠨ ᠲᠣᠭᠲᠠᠭ᠋ᠠᠭᠰᠠᠨ ᠭᠠᠵᠠᠷ᠎ᠲᠤ ᠰᠢᠯᠵᠢᠭᠦᠯᠦᠨ ᠲᠠᠯᠪᠢᠵᠤ᠂ ᠴᠢᠨᠳᠠᠷ ᠲᠠᠯᠪᠢᠬᠤ ᠬᠤᠭᠤᠴᠠᠭ᠎ᠠ ᠵᠢ ᠶᠡᠷᠦ᠎ᠳᠤ᠎ᠪᠠᠨ 14 ᠡᠳᠦᠷ᠎ᠠᠴᠠ ᠬᠡᠲᠦᠷᠡᠭᠦᠯᠵᠦ ᠪᠣᠯᠬᠤ ᠦᠭᠡᠢ᠃ ᠡᠪᠡᠳᠴᠢᠲᠡᠨ᠎ᠤ ᠲᠠᠯ᠎ᠠ ᠵᠢᠨ ᠬᠢᠨ ᠡᠪᠡᠳᠴᠢᠲᠡᠨ᠎ᠤ ᠴᠢᠨᠳᠠᠷ᠎ᠢ᠎ᠨᠢ ᠣᠷᠣᠰᠢᠭᠤᠯᠭ᠎ᠠ ᠵᠢᠨ ᠭᠠᠵᠠᠷ ᠵᠡᠷᠭᠡ ᠲᠣᠭᠲᠠᠭᠰᠠᠨ ᠭᠠᠵᠠᠷ᠎ᠲᠤ ᠰᠢᠯᠵᠢᠭᠦᠯᠬᠦ ᠵᠢ ᠲᠡᠪᠴᠢᠭᠰᠡᠨ ᠪᠠᠢ᠌ᠪᠠᠯ᠂ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠨᠢ ᠬᠠᠤᠯᠢ ᠶᠣᠰᠣᠭ᠋ᠠᠷ ᠰᠢᠢ᠍ᠳᠪᠦᠷᠢᠯᠡᠵᠦ᠂ ᠣᠷᠣᠰᠢᠭᠤᠯᠭ᠎ᠠ ᠵᠢᠨ ᠭᠠᠵᠠᠷ᠎ᠤᠨ ᠬᠢᠨ ᠡᠪᠡᠳᠴᠢᠲᠡᠨ᠎ᠤ ᠴᠢᠨᠳᠠᠷ᠎ᠢ ᠬᠦᠯᠢᠶᠡᠨ ᠠᠪᠴᠤ ᠲᠡᠭᠡᠭᠡᠪᠦᠷᠢᠯᠡᠬᠦ ᠠᠵᠢᠯ᠎ᠢ ᠬᠠᠤᠯᠢ ᠲᠣᠭᠲᠠᠭ᠋ᠠᠯ ᠶᠣᠰᠣᠭ᠋ᠠᠷ ᠬᠠᠮᠵᠢᠯᠴᠠᠨ ᠰᠠᠢ᠌ᠲᠤᠷ ᠬᠢᠬᠦ ᠬᠡᠷᠡᠭᠲᠡᠢ᠃
(ᠳᠣᠯᠣᠭ᠎ᠠ) ᠡᠪᠡᠳᠴᠢᠲᠡᠨ ᠨᠠᠰᠤ ᠪᠠᠷᠠᠭᠰᠠᠨ᠎ᠳᠤ᠂ ᠡᠮᠴᠢ ᠪᠠ ᠡᠪᠡᠳᠴᠢᠲᠡᠨ ᠬᠣᠶᠠᠷ ᠲᠠᠯ᠎ᠠ᠎ᠪᠠᠷ ᠵᠶ᠋ᠠᠨ ᠨᠠᠰᠤ ᠪᠠᠷᠠᠭᠰᠠᠨ ᠰᠢᠯᠲᠠᠭ᠋ᠠᠨ᠎ᠳᠤ ᠣᠨᠳᠣᠣ ᠰᠠᠨᠠᠯ᠎ᠲᠠᠢ ᠪᠠᠢ᠌ᠪᠠᠯ ᠲᠣᠭᠲᠠᠭ᠋ᠠᠯ ᠶᠣᠰᠣᠭ᠋ᠠᠷ ᠴᠢᠨᠳᠠᠷ᠎ᠢ᠎ᠨᠢ ᠰᠢᠯᠭ᠋ᠠᠨ ᠪᠠᠢ᠌ᠴᠠᠭ᠋ᠠᠬᠤ ᠬᠡᠷᠡᠭᠲᠡᠢ᠃
ᠬᠣᠷᠢ ᠶᠢᠰᠦᠳᠦᠭᠡᠷ ᠵᠦᠢ᠍ᠯ ᠡᠮᠴᠢᠯᠡᠭᠡᠨ᠎ᠤ ᠵᠠᠭᠤᠷᠠᠯᠳᠤᠭ᠋ᠠᠨ᠎ᠳᠤ ᠠᠷᠠᠳ᠎ᠤᠨ ᠡᠶᠡᠳᠡᠭᠦᠯᠭᠡ ᠬᠢᠯᠭᠡᠬᠦ᠎ᠪᠠᠷ ᠭᠤᠶᠤᠴᠢᠯᠠᠭᠰᠠᠨ ᠪᠠᠢ᠌ᠪᠠᠯ᠂ ᠡᠮᠴᠢ ᠪᠠ ᠡᠪᠡᠳᠴᠢᠲᠡᠨ ᠬᠣᠶᠠᠷ ᠲᠠᠯ᠎ᠠ᠎ᠪᠠᠷ ᠵᠶ᠋ᠠᠨ ᠬᠠᠮᠲᠤ᠎ᠪᠠᠷ ᠡᠮᠴᠢᠯᠡᠭᠡᠨ᠎ᠤ ᠵᠠᠭᠤᠷᠠᠯᠳᠤᠭ᠋ᠠᠨ᠎ᠤ ᠠᠷᠠᠳ᠎ᠤᠨ ᠡᠶᠡᠳᠡᠭᠦᠯᠭᠡ ᠵᠢᠨ ᠺᠣᠮᠢᠰ (ᠳᠣᠷᠣᠭᠰᠢ ᠡᠮᠴᠢᠯᠡᠭᠡᠨ᠎ᠤ ᠡᠶᠡᠳᠡᠭᠦᠯᠭᠡ ᠵᠢᠨ ᠺᠣᠮᠢᠰ ᠭᠡᠵᠦ ᠲᠣᠪᠴᠢᠯᠠᠪᠠ)᠎ᠲᠤ ᠭᠤᠶᠤᠴᠢᠯᠠᠯ ᠳᠤᠷᠠᠳᠤᠨ᠎ᠠ ; ᠨᠢᠭᠡ ᠲᠠᠯ᠎ᠠ ᠵᠢᠨ ᠬᠢᠨᠢ ᠡᠶᠡᠳᠡᠭᠦᠯᠭᠡ ᠬᠢᠯᠭᠡᠬᠦ᠎ᠪᠠᠷ ᠭᠤᠶᠤᠴᠢᠯᠠᠭᠰᠠᠨ ᠪᠠᠢ᠌ᠪᠠᠯ᠂ ᠡᠮᠴᠢᠯᠡᠭᠡᠨ᠎ᠤ ᠡᠶᠡᠳᠡᠭᠦᠯᠭᠡ ᠵᠢᠨ ᠺᠣᠮᠢᠰ᠎ᠨᠢ ᠨᠥᠭᠥᠭᠡ ᠲᠠᠯ᠎ᠠ ᠵᠢᠨ ᠬᠢᠨ᠎ᠤ ᠵᠥᠪᠰᠢᠶᠡᠷᠡᠯ᠎ᠢ ᠣᠯᠣᠭᠰᠠᠨ᠎ᠤ ᠳᠠᠷᠠᠭ᠎ᠠ ᠡᠶᠡᠳᠡᠭᠦᠯᠦᠨ᠎ᠡ᠃ ᠡᠮᠴᠢᠯᠡᠭᠡᠨ᠎ᠤ ᠪᠠᠢ᠌ᠭᠤᠯᠤᠮᠵᠢ᠎ᠳᠤ ᠬᠦᠨᠳᠦ ᠬᠡᠴᠡᠭᠦᠦ ᠡᠮᠴᠢᠯᠡᠭᠡᠨ᠎ᠤ ᠵᠠᠭᠤᠷᠠᠯᠳᠤᠭ᠋ᠠᠨ ᠭᠠᠷᠤᠭᠰᠠᠨ᠎ᠢ ᠮᠡᠳᠡᠭᠰᠡᠨ᠎ᠤ ᠳᠠᠷᠠᠭ᠎ᠠ᠂ ᠡᠮᠴᠢᠯᠡᠭᠡᠨ᠎ᠤ ᠡᠶᠡᠳᠡᠭᠦᠯᠭᠡ ᠵᠢᠨ ᠺᠣᠮᠢᠰ᠎ᠨᠢ ᠠᠷᠠᠳ᠎ᠤᠨ ᠡᠶᠡᠳᠡᠭᠦᠯᠦᠭᠴᠢ ᠲᠣᠮᠢᠯᠠᠨ ᠡᠮᠴᠢᠯᠡᠭᠡᠨ᠎ᠤ ᠪᠠᠢ᠌ᠭᠤᠯᠤᠮᠵᠢ᠎ᠳᠤ ᠣᠴᠢᠭᠤᠯᠵᠤ᠂ ᠰᠠᠨᠠᠭ᠋ᠠᠴᠢᠯᠠᠭ᠎ᠠ᠎ᠠᠴᠠ᠎ᠪᠠᠨ ᠠᠵᠢᠯ ᠵᠶ᠋ᠠᠨ ᠥᠷᠨᠢᠭᠦᠯᠵᠦ᠂ ᠬᠣᠶᠠᠷ ᠲᠠᠯ᠎ᠠ ᠵᠢᠨ ᠬᠢᠨᠢ ᠭᠤᠶᠤᠴᠢᠯᠠᠨ ᠡᠶᠡᠳᠡᠭᠦᠯᠭᠡ ᠬᠢᠯᠭᠡᠬᠦ᠎ᠪᠠᠷ ᠬᠥᠲᠥᠯᠥᠨ ᠵᠢᠯᠤᠭᠣᠳᠴᠤ ᠪᠣᠯᠣᠨ᠎ᠠ᠃ ᠮᠥᠨ ᠴᠦ᠍ ᠲᠤᠬᠠᠢ ᠵᠢᠨ ᠭᠠᠵᠠᠷ᠎ᠤᠨ ᠨᠠᠮ᠎ᠤᠨ ᠬᠣᠷᠢᠶ᠎ᠠ ᠵᠠᠰᠠᠭ᠎ᠤᠨ ᠣᠷᠳᠣᠨ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠰᠢᠯᠵᠢᠭᠦᠯᠦᠨ ᠬᠦᠷᠭᠡᠭᠰᠡᠨ ᠡᠶᠡᠳᠡᠭᠦᠯᠬᠦ᠎ᠪᠠᠷ ᠨᠠᠢ᠌ᠳᠠᠭᠰᠠᠨ ᠵᠦᠢ᠍ᠯᠡᠰ᠎ᠢ ᠬᠦᠯᠢᠶᠡᠨ ᠠᠪᠴᠤ ᠪᠣᠯᠣᠨ᠎ᠠ᠃
ᠭᠤᠴᠢᠳᠤᠭ᠋ᠠᠷ ᠵᠦᠢ᠍ᠯ ᠳᠣᠣᠷ᠎ᠠ ᠵᠢᠭᠰᠠᠭ᠋ᠠᠭᠰᠠᠨ ᠪᠠᠢ᠌ᠳᠠᠯ᠎ᠳᠤ ᠡᠮᠴᠢᠯᠡᠭᠡᠨ᠎ᠤ ᠡᠶᠡᠳᠡᠭᠦᠯᠭᠡ ᠵᠢᠨ ᠺᠣᠮᠢᠰ ᠬᠦᠯᠢᠶᠡᠨ ᠠᠪᠴᠤ ᠰᠢᠢ᠍ᠳᠪᠦᠷᠢᠯᠡᠬᠦ ᠦᠭᠡᠢ᠂ ᠨᠢᠭᠡᠨᠲᠡ ᠬᠦᠯᠢᠶᠡᠨ ᠠᠪᠴᠤ ᠰᠢᠢ᠍ᠳᠪᠦᠷᠢᠯᠡᠭᠰᠡᠨ ᠪᠠᠢ᠌ᠪᠠᠯ ᠡᠶᠡᠳᠡᠭᠦᠯᠭᠡ᠎ᠪᠠᠨ ᠵᠣᠭᠰᠣᠭ᠋ᠠᠨ᠎ᠠ ᠄
(ᠨᠢᠭᠡ) ᠲᠤᠬᠠᠢ᠌ᠲᠠᠢ ᠬᠥᠮᠥᠨ᠎ᠨᠢ ᠨᠢᠭᠡᠨᠲᠡ ᠠᠷᠠᠳ᠎ᠤᠨ ᠰᠢᠭᠦᠬᠦ ᠬᠣᠷᠢᠶᠠᠨ᠎ᠳᠤ ᠵᠠᠭ᠋ᠠᠯᠳᠤᠯᠭ᠎ᠠ ᠭᠠᠷᠭ᠋ᠠᠭᠰᠠᠨ ᠮᠥᠷᠲᠡᠭᠡᠨ ᠨᠢᠭᠡᠨᠲᠡ ᠰᠢᠢ᠍ᠳᠪᠦᠷᠢᠯᠡᠬᠦ᠎ᠪᠠᠷ ᠬᠦᠯᠢᠶᠡᠨ ᠠᠪᠤᠭᠰᠠᠨ᠂ ᠡᠰᠡᠬᠦᠯ᠎ᠡ ᠠᠷᠠᠳ᠎ᠤᠨ ᠰᠢᠭᠦᠬᠦ ᠬᠣᠷᠢᠶ᠎ᠠ ᠨᠢᠭᠡᠨᠲᠡ ᠡᠶᠡᠳᠡᠭᠦᠯᠦᠭᠰᠡᠨ ᠪᠤᠶᠤ ᠰᠢᠭᠦᠨ ᠲᠠᠰᠤᠯᠵᠤ ᠬᠡᠷᠡᠭ ᠳᠠᠭᠤᠰᠤᠭᠰᠠᠨ ; ᠠᠷᠠᠳ᠎ᠤᠨ ᠰᠢᠭᠦᠬᠦ ᠬᠣᠷᠢᠶ᠎ᠠ ᠬᠠᠤᠯᠢ ᠶᠣᠰᠣᠭ᠋ᠠᠷ ᠡᠶᠡᠳᠡᠭᠦᠯᠬᠦ᠎ᠪᠠᠷ ᠨᠠᠢ᠌ᠳᠠᠭᠰᠠᠨ ᠪᠤᠶᠤ ᠲᠣᠮᠢᠯᠠᠭᠰᠠᠨ ᠪᠠᠢ᠌ᠪᠠᠯ ᠡᠭᠦᠨ᠎ᠳᠤ ᠪᠠᠭᠲᠠᠬᠤ ᠦᠭᠡᠢ᠃
(ᠬᠣᠶᠠᠷ) ᠲᠤᠬᠠᠢ᠌ᠲᠠᠢ ᠬᠥᠮᠥᠨ᠎ᠨᠢ ᠨᠢᠭᠡᠨᠲᠡ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠵᠶ᠋ᠠᠷ ᠡᠶᠡᠳᠡᠭᠦᠯᠬᠦ᠎ᠪᠠᠷ ᠭᠤᠶᠤᠴᠢᠯᠠᠭᠰᠠᠨ ᠮᠥᠷᠲᠡᠭᠡᠨ ᠨᠢᠭᠡᠨᠲᠡ ᠬᠦᠯᠢᠶᠡᠨ ᠠᠪᠴᠤ ᠰᠢᠢ᠍ᠳᠪᠦᠷᠢᠯᠡᠭᠰᠡᠨ᠂ ᠡᠰᠡᠬᠦᠯ᠎ᠡ ᠵᠠᠰᠠᠭ ᠵᠠᠬᠢᠷᠭ᠋ᠠᠨ᠎ᠤ ᠡᠶᠡᠳᠡᠭᠦᠯᠭᠡ᠎ᠪᠠᠷ ᠳᠠᠮᠵᠢᠨ ᠬᠡᠷᠡᠭ ᠳᠠᠭᠤᠰᠤᠭᠰᠠᠨ ; ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠬᠠᠤᠯᠢ ᠶᠣᠰᠣᠭ᠋ᠠᠷ ᠡᠶᠡᠳᠡᠭᠦᠯᠬᠦ᠎ᠪᠠᠷ ᠨᠠᠢ᠌ᠳᠠᠭᠰᠠᠨ ᠪᠠᠢ᠌ᠪᠠᠯ ᠡᠭᠦᠨ᠎ᠳᠤ ᠪᠠᠭᠲᠠᠬᠤ ᠦᠭᠡᠢ᠃
(ᠭᠤᠷᠪᠠ) ᠨᠢᠭᠡ ᠲᠠᠯ᠎ᠠ ᠵᠢᠨ ᠲᠤᠬᠠᠢ᠌ᠲᠠᠢ ᠬᠥᠮᠥᠨ ᠡᠶᠡᠳᠡᠭᠦᠯᠬᠦ ᠵᠢ ᠵᠥᠪᠰᠢᠶᠡᠷᠡᠬᠦ ᠦᠭᠡᠢ ᠭᠡᠵᠦ ᠲᠣᠳᠣᠷᠬᠠᠢ ᠢᠯᠡᠳᠬᠡᠭᠰᠡᠨ ᠪᠠᠢ᠌ᠳᠠᠯ᠃
(ᠳᠥᠷᠪᠡ) ᠲᠤᠬᠠᠢ᠌ᠲᠠᠢ ᠬᠥᠮᠥᠨ ᠪᠤᠶᠤ ᠲᠡᠭᠦᠨ᠎ᠤ ᠣᠷᠣᠯᠠᠨ ᠭᠦᠢ᠍ᠴᠡᠳᠭᠡᠭᠴᠢ ᠬᠤᠪᠢ ᠬᠥᠮᠥᠨ᠎ᠤ ᠦᠨᠡᠨ ᠪᠣᠳᠠᠲᠠᠢ ᠬᠦᠴᠦᠨ ᠪᠦᠬᠦᠢ ᠪᠡᠶ᠎ᠡ ᠵᠢᠨ ᠦᠨᠡᠮᠯᠡᠯ ᠪᠤᠶᠤ ᠬᠠᠮᠢᠶ᠎ᠠ ᠪᠦᠬᠦᠢ ᠭᠡᠷᠡᠴᠢ ᠪᠠᠷᠢᠮᠲᠠ ᠵᠢᠨ ᠮᠠᠲ᠋ᠧᠷᠢᠶᠠᠯ ᠵᠶ᠋ᠠᠨ ᠬᠠᠩᠭ᠋ᠠᠬᠤ ᠵᠢ ᠲᠡᠪᠴᠢᠭᠰᠡᠨ ᠪᠠᠢ᠌ᠳᠠᠯ᠃
(ᠲᠠᠪᠤ) ᠡᠮᠴᠢᠯᠡᠭᠡᠨ᠎ᠤ ᠡᠶᠡᠳᠡᠭᠦᠯᠭᠡ ᠵᠢᠨ ᠺᠣᠮᠢᠰ ᠡᠶᠡᠳᠡᠭᠦᠯᠦᠭᠡᠳ ᠡᠶᠡᠳᠡᠭᠦᠯᠭᠡ ᠵᠢᠨ ᠵᠥᠪᠯᠡᠯᠴᠡᠭᠡᠷ ᠲᠣᠭᠲᠠᠵᠤ ᠨᠢᠭᠡᠨᠲᠡ ᠬᠡᠷᠡᠭ ᠳᠠᠭᠤᠰᠤᠭᠰᠠᠨ ᠪᠠᠢ᠌ᠳᠠᠯ᠃
(ᠵᠢᠷᠭᠤᠭ᠎ᠠ) ᠨᠢᠭᠡ ᠲᠠᠯ᠎ᠠ ᠵᠢᠨ ᠲᠤᠬᠠᠢ᠌ᠲᠠᠢ ᠬᠥᠮᠥᠨ ᠡᠶᠡᠲᠡᠭᠦᠯᠭᠡ ᠬᠢᠯᠭᠡᠬᠦ ᠭᠤᠶᠤᠴᠢᠯᠠᠯ ᠵᠶ᠋ᠠᠨ ᠪᠤᠴᠠᠭ᠋ᠠᠬᠤ ᠪᠤᠶᠤ ᠡᠶᠡᠳᠡᠭᠦᠯᠬᠦ ᠵᠢ ᠬᠦᠯᠢᠶᠡᠬᠦ ᠦᠭᠡᠢ ᠭᠡᠵᠦ ᠲᠣᠳᠣᠷᠬᠠᠢ ᠢᠯᠡᠳᠬᠡᠭᠰᠡᠨ ᠪᠠᠢ᠌ᠳᠠᠯ᠃
(ᠳᠣᠯᠣᠭ᠎ᠠ) ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠳᠤ ᠲᠤᠰᠬᠠᠢ ᠪᠠᠢ᠌ᠭᠤᠯᠭ᠎ᠠ᠎ᠳᠤ ᠬᠠᠷᠢᠶᠠᠯᠠᠭᠤᠯᠤᠨ ᠰᠢᠢ᠍ᠳᠪᠦᠷᠢᠯᠡᠭᠦᠯᠬᠦ᠎ᠪᠠᠷ ᠲᠣᠭᠲᠠᠭ᠋ᠠᠭᠰᠠᠨ᠂ ᠡᠰᠡᠬᠦᠯ᠎ᠡ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠳᠤ ᠠᠷᠠᠳ᠎ᠤᠨ ᠬᠣᠭᠣᠷᠣᠨᠳᠤᠬᠢ ᠡᠶᠡᠳᠡᠭᠦᠯᠬᠦ ᠠᠷᠭ᠎ᠠ ᠭᠡᠯᠪᠡᠷᠢ᠎ᠪᠠᠷ ᠰᠢᠢ᠍ᠳᠪᠦᠷᠢᠯᠡᠬᠦ ᠵᠢ ᠴᠠᠭ᠋ᠠᠵᠠᠯᠠᠭᠰᠠᠨ᠂ ᠡᠰᠡᠬᠦᠯ᠎ᠡ ᠡᠶᠡᠳᠡᠭᠦᠯᠵᠦ ᠲᠠᠶ᠋ᠢᠯᠬᠦ ᠦᠭᠡᠢ ᠪᠣᠯᠣᠭᠰᠠᠨ ᠪᠤᠰᠤᠳ ᠪᠠᠢ᠌ᠳᠠᠯ᠃
ᠭᠤᠴᠢᠨ ᠨᠢᠭᠡᠳᠦᠭᠡᠷ ᠵᠦᠢ᠍ᠯ ᠡᠮᠴᠢᠯᠡᠭᠡᠨ᠎ᠤ ᠡᠶᠡᠳᠡᠭᠦᠯᠭᠡ ᠵᠢᠨ ᠺᠣᠮᠢᠰ ᠡᠮᠴᠢᠯᠡᠭᠡᠨ᠎ᠤ ᠵᠠᠭᠤᠷᠠᠯᠳᠤᠭ᠋ᠠᠨ᠎ᠢ ᠡᠶᠡᠳᠡᠭᠦᠯᠬᠦ᠎ᠳᠤ᠎ᠪᠠᠨ ᠳᠣᠣᠷ᠎ᠠ ᠵᠢᠭᠰᠠᠭ᠋ᠠᠭᠰᠠᠨ ᠲᠣᠭᠲᠠᠭ᠋ᠠᠯ ᠶᠣᠰᠣᠭ᠋ᠠᠷ ᠶᠠᠪᠤᠭᠳᠠᠭᠤᠯᠤᠨ᠎ᠠ ᠄
ᠡᠮᠴᠢ ᠪᠠ ᠡᠪᠡᠳᠴᠢᠲᠡᠨ ᠬᠣᠶᠠᠷ ᠲᠠᠯ᠎ᠠ᠎ᠠᠴᠠ ᠲᠤᠰ ᠲᠤᠰ ᠪᠠᠢ᠌ᠳᠠᠯ᠎ᠢ᠎ᠨᠢ ᠣᠢ᠌ᠯᠠᠭ᠋ᠠᠵᠤ᠂ ᠬᠡᠷᠡᠭᠴᠡᠭᠡ᠎ᠪᠠᠨ ᠦᠨᠳᠦᠰᠦᠯᠡᠨ ᠬᠣᠯᠪᠣᠭᠳᠠᠯ ᠪᠦᠬᠦᠢ ᠲᠠᠯ᠎ᠠ᠎ᠠᠴᠠ ᠪᠠᠢ᠌ᠴᠠᠭ᠋ᠠᠨ ᠬᠠᠷᠭᠤᠭᠤᠯᠵᠤ᠂ ᠡᠶᠡᠳᠡᠭᠦᠯᠬᠦ᠎ᠠᠴᠠ ᠡᠮᠦᠨᠡᠬᠢ ᠪᠡᠯᠡᠳᠬᠡᠯ ᠠᠵᠢᠯ᠎ᠢ ᠰᠠᠢ᠌ᠲᠤᠷ ᠬᠢᠨ᠎ᠡ᠃
(ᠨᠢᠭᠡ) ᠡᠮᠴᠢᠯᠡᠭᠡᠨ᠎ᠤ ᠡᠶᠡᠳᠡᠭᠦᠯᠭᠡ ᠵᠢᠨ ᠺᠣᠮᠢᠰ ᠡᠮᠴᠢᠯᠡᠭᠡᠨ᠎ᠤ ᠵᠠᠭᠤᠷᠠᠯᠳᠤᠭ᠋ᠠᠨ᠎ᠢ ᠡᠶᠡᠳᠡᠭᠦᠯᠬᠦ ᠭᠤᠶᠤᠴᠢᠯᠠᠯ᠎ᠢ ᠣᠯᠣᠭᠰᠠᠨ᠎ᠤ ᠳᠡᠷᠠᠭ᠎ᠠ᠂ 3 ᠠᠵᠢᠯᠯᠠᠬᠤ ᠡᠳᠦᠷ᠎ᠤᠨ ᠳᠣᠲᠣᠷ᠎ᠠ ᠬᠢᠨᠠᠨ ᠪᠠᠢ᠌ᠴᠠᠭ᠋ᠠᠯᠲᠠ ᠬᠢᠵᠦ᠂ ᠬᠦᠯᠢᠶᠡᠨ ᠠᠪᠴᠤ ᠰᠢᠢ᠍ᠳᠪᠦᠷᠢᠯᠡᠬᠦ᠎ᠪᠠᠷ ᠲᠣᠭᠲᠠᠭᠰᠠᠨ ᠪᠠᠢ᠌ᠪᠠᠯ᠂ ᠬᠠᠮᠢᠶ᠎ᠠ ᠪᠦᠬᠦᠢ ᠮᠠᠲ᠋ᠧᠷᠢᠶᠡᠯ ᠵᠶ᠋ᠠᠨ ᠲᠤᠰᠢᠶᠠᠬᠤ ᠬᠤᠭᠤᠴᠠᠭ᠎ᠠ ᠬᠢᠵᠠᠭ᠋ᠠᠷ ᠱᠠᠭ᠋ᠠᠷᠳᠠᠯᠭ᠎ᠠ ᠵᠢᠴᠢ ᠲᠤᠬᠠᠢ᠌ᠲᠠᠢ ᠬᠥᠮᠥᠨ᠎ᠤ ᠡᠶᠡᠳᠡᠭᠦᠯᠬᠦ ᠠᠵᠢᠯᠯᠠᠭ᠎ᠠ ᠳᠤᠮᠳᠠ ᠡᠳ᠋ᠯᠡᠬᠦ ᠡᠷᠬᠡ ᠠᠰᠢᠭ ᠪᠠ ᠡᠭᠦᠷᠭᠡᠯᠡᠬᠦ ᠡᠭᠦᠷᠭᠡ ᠵᠢ ᠪᠢᠴᠢᠭ ᠵᠶ᠋ᠠᠷ ᠮᠡᠳᠡᠭᠳᠡᠨ᠎ᠡ ; ᠰᠢᠢ᠍ᠳᠪᠦᠷᠢᠯᠡᠬᠦ ᠵᠢ ᠡᠰᠡ ᠬᠦᠯᠢᠶᠡᠭᠰᠡᠨ ᠪᠠᠢ᠌ᠪᠠᠯ᠂ ᠲᠤᠬᠠᠢ᠌ᠲᠠᠢ ᠬᠥᠮᠥᠨ᠎ᠳᠤ ᠮᠡᠳᠡᠭᠳᠡᠬᠦ ᠵᠢᠨ ᠬᠠᠮᠲᠤ ᠤᠴᠢᠷ ᠰᠢᠯᠲᠠᠭ᠋ᠠᠨ ᠵᠶ᠋ᠠᠨ ᠲᠣᠳᠣᠷᠬᠠᠢ᠌ᠯᠠᠬᠤ ᠵᠢᠨ ᠳᠠᠭ᠋ᠠᠤ᠂ ᠲᠤᠬᠠᠢ᠌ᠲᠠᠢ ᠬᠥᠮᠥᠨ᠎ᠳᠤ ᠬᠠᠤᠯᠢ ᠶᠣᠰᠣᠭ᠋ᠠᠷ ᠵᠠᠷᠭᠤ ᠬᠢᠬᠦ ᠵᠡᠷᠭᠡ ᠪᠤᠰᠤᠳ ᠬᠠᠤᠯᠢ ᠶᠣᠰᠣᠨ᠎ᠤ ᠠᠷᠭ᠎ᠠ ᠵᠠᠮ ᠵᠶ᠋ᠠᠷ ᠳᠠᠮᠵᠢᠭᠤᠯᠤᠨ ᠡᠮᠴᠢᠯᠡᠭᠡᠨ᠎ᠤ ᠵᠠᠭᠤᠷᠠᠯᠳᠤᠭ᠋ᠠᠨ᠎ᠢ ᠰᠢᠢ᠍ᠳᠪᠦᠷᠢᠯᠡᠵᠦ ᠪᠤᠯᠬᠤ ᠵᠢ ᠮᠡᠳᠡᠭᠳᠡᠬᠦ ᠬᠡᠷᠡᠭᠲᠡᠢ᠃
(ᠬᠣᠶᠠᠷ) ᠠᠷᠠᠳ᠎ᠤᠨ ᠡᠶᠡᠳᠡᠭᠦᠯᠦᠭᠴᠢ ᠵᠢ ᠵᠢᠭ᠋ᠠᠨ ᠲᠣᠮᠢᠯᠠᠬᠤ ᠪᠤᠶᠤ ᠲᠤᠬᠠᠢ᠌ᠲᠠᠢ ᠬᠥᠮᠥᠨ ᠬᠣᠶᠠᠷ᠎ᠠᠴᠠ ᠳᠡᠭᠡᠭᠰᠢ ᠬᠥᠮᠥᠨ᠎ᠢ ᠬᠠᠮᠲᠤ᠎ᠪᠠᠷ ᠰᠣᠩᠭᠣᠨ ᠲᠣᠭᠲᠠᠭ᠋ᠠᠵᠤ ᠡᠶᠡᠳᠡᠭᠦᠯᠭᠡ᠎ᠳᠤ ᠣᠷᠣᠯᠴᠠᠭᠤᠯᠬᠤ ᠵᠢᠨ ᠬᠠᠮᠲᠤ ᠨᠢᠭᠡ ᠬᠥᠮᠥᠨ᠎ᠢ ᠭᠣᠣᠯᠴᠢᠯᠠᠨ ᠡᠶᠡᠳᠡᠭᠦᠯᠦᠭᠴᠢ ᠲᠣᠭᠲᠠᠭ᠋ᠠᠨ᠎ᠠ᠃
(ᠭᠤᠷᠪᠠ) ᠡᠶᠡᠳᠡᠭᠦᠯᠦᠭᠴᠢ᠎ᠨᠢ ᠲᠤᠬᠠᠢ᠌ᠲᠠᠢ ᠬᠥᠮᠥᠨ ᠪᠤᠶᠤ ᠲᠡᠭᠦᠨ᠎ᠤ ᠣᠷᠣᠯᠠᠭᠴᠢ ᠵᠢᠨ ᠣᠢ᠌ᠷ᠎ᠠ ᠲᠥᠷᠥᠯ ᠰᠠᠳᠤᠨ᠂ ᠡᠰᠡᠬᠦᠯ᠎ᠡ ᠡᠮᠴᠢᠯᠡᠭᠡᠨ᠎ᠤ ᠵᠠᠭᠤᠷᠠᠯᠳᠤᠭ᠋ᠠᠨ ᠯᠤᠭ᠎ᠠ ᠠᠰᠢᠭ ᠬᠣᠣᠷ᠎ᠤᠨ ᠬᠠᠷᠢᠴᠠᠭ᠎ᠠ᠎ᠲᠠᠢ᠂ ᠡᠰᠡᠬᠦᠯ᠎ᠡ ᠲᠤᠬᠠᠢ᠌ᠲᠠᠢ ᠬᠥᠮᠥᠨ ᠯᠦᠭᠡ ᠡᠮᠴᠢᠯᠡᠭᠡᠨ᠎ᠤ ᠵᠠᠭᠤᠷᠠᠯᠳᠤᠭ᠋ᠠᠨ᠎ᠢ ᠭᠣᠣᠯᠴᠢ᠎ᠪᠠᠷ ᠰᠢᠢ᠍ᠳᠪᠦᠷᠢᠯᠡᠬᠦ ᠵᠢ ᠨᠥᠯᠥᠭᠡᠯᠡᠵᠦ ᠮᠡᠳᠡᠬᠦ ᠪᠤᠰᠤᠳ ᠬᠠᠷᠢᠴᠠᠭ᠎ᠠ᠎ᠲᠠᠢ ᠪᠠᠢ᠌ᠪᠠᠯ᠂ ᠥᠪᠡᠰᠦᠪᠡᠨ ᠵᠠᠢ᠌ᠯᠠᠬᠤ ᠪᠤᠶᠤ ᠲᠤᠬᠠᠢ᠌ᠲᠠᠢ ᠬᠥᠮᠥᠨ᠎ᠠᠴᠠ ᠵᠠᠢ᠌ᠯᠠᠭᠤᠯᠬᠤ᠎ᠪᠠᠷ ᠭᠤᠶᠤᠴᠢᠯᠠᠬᠤ ᠬᠡᠷᠡᠭᠲᠡᠢ᠃
(ᠳᠥᠷᠪᠡ) ᠡᠶᠡᠳᠡᠭᠦᠯᠬᠦ ᠠᠵᠢᠯ᠎ᠢ ᠡᠮᠴᠢᠯᠡᠭᠡᠨ᠎ᠤ ᠡᠶᠡᠳᠡᠭᠦᠯᠭᠡ ᠵᠢᠨ ᠺᠣᠮᠢᠰ᠎ᠤᠨ ᠲᠣᠬᠢᠷᠠᠭᠤᠯᠤᠭᠰᠠᠨ ᠡᠶᠡᠳᠡᠭᠦᠯᠬᠦ ᠳᠠᠰᠤᠭ᠎ᠲᠤ ᠶᠠᠪᠤᠭᠳᠠᠭᠤᠯᠬᠤ ᠬᠡᠷᠡᠭᠲᠡᠢ᠃
(ᠲᠠᠪᠤ) ᠲᠤᠬᠠᠢ᠌ᠲᠠᠢ ᠬᠥᠮᠥᠨ᠎ᠨᠢ ᠣᠷᠣᠯᠠᠭᠴᠢ᠎ᠳᠤ᠎ᠪᠠᠨ ᠨᠠᠢ᠌ᠳᠠᠵᠤ ᠡᠶᠡᠳᠡᠭᠦᠯᠭᠡ᠎ᠳᠤ ᠣᠷᠣᠯᠴᠠᠭᠤᠯᠵᠤ ᠪᠣᠯᠣᠨ᠎ᠠ᠂ ᠨᠠᠢ᠌ᠳᠠᠯᠭ᠎ᠠ ᠬᠦᠯᠢᠶᠡᠭᠴᠢ᠎ᠨᠢ ᠡᠮᠴᠢᠯᠡᠭᠡᠨ᠎ᠤ ᠡᠶᠡᠳᠡᠭᠦᠯᠭᠡ ᠵᠢᠨ ᠺᠣᠮᠢᠰ᠎ᠲᠤ ᠡᠷᠬᠡ ᠣᠯᠭᠣᠭᠰᠠᠨ ᠨᠠᠶ᠋ᠢᠳᠠᠯᠭ᠎ᠠ ᠵᠢᠨ ᠪᠢᠴᠢᠭ᠎ᠢ ᠲᠤᠰᠢᠶᠠᠬᠤ ᠬᠡᠷᠡᠭᠲᠡᠢ ; ᠵᠠᠭᠤᠷᠠᠯᠳᠤᠭ᠋ᠠᠨ᠎ᠢ ᠡᠶᠡᠳᠡᠭᠦᠯᠦᠭᠰᠡᠨ ᠦᠷ᠎ᠡ ᠳ᠋ᠦᠩ ᠯᠦᠭᠡ ᠠᠰᠢᠭ ᠬᠣᠣᠷ᠎ᠤᠨ ᠬᠠᠷᠢᠴᠠᠭ᠎ᠠ᠎ᠲᠠᠢ ᠭᠤᠷᠪᠠᠳᠠᠭᠢ ᠬᠥᠮᠥᠨ ᠡᠶᠡᠳᠡᠭᠦᠯᠭᠡ᠎ᠳᠤ ᠣᠷᠣᠯᠴᠠᠬᠤ᠎ᠪᠠᠷ ᠭᠤᠶᠤᠴᠢᠯᠠᠵᠤ ᠪᠣᠯᠣᠨ᠎ᠠ ; ᠲᠠᠯ᠎ᠠ ᠪᠦᠷᠢ ᠵᠢᠨ ᠲᠥᠯᠥᠭᠡᠯᠡᠭᠴᠢ ᠵᠢᠨ ᠲᠣᠭ᠎ᠠ ᠵᠢ ᠡᠩ᠎ᠤᠨ ᠪᠠᠢ᠌ᠳᠠᠯ᠎ᠳᠤ 3᠎ᠠᠴᠠ ᠬᠡᠲᠦᠷᠡᠭᠦᠯᠵᠦ ᠪᠤᠯᠬᠤ ᠦᠭᠡᠢ᠃
(ᠵᠢᠷᠭᠤᠭ᠎ᠠ) ᠡᠶᠡᠳᠡᠭᠦᠯᠬᠦ ᠶᠠᠪᠤᠴᠠ᠎ᠳᠤ᠂ ᠲᠤᠬᠠᠢ᠌ᠲᠠᠢ ᠬᠥᠮᠥᠨ ᠡᠶᠡᠳᠡᠭᠦᠯᠬᠦ ᠰᠠᠬᠢᠯᠭ᠎ᠠ ᠪᠠᠲᠤ ᠵᠢ ᠵᠢᠷᠤᠮᠯᠠᠨ ᠰᠠᠬᠢᠬᠤ ᠬᠡᠷᠡᠭᠲᠡᠢ᠂ ᠲᠤᠬᠠᠢ᠌ᠲᠠᠢ ᠬᠥᠮᠥᠨ ᠵᠠᠭᠤᠷᠠᠯᠳᠤᠭ᠋ᠠᠨ᠎ᠢ ᠲᠣᠭ᠋ᠠᠴᠢᠬᠤ ᠶᠠᠪᠤᠴᠠ᠎ᠳᠤ ᠵᠣᠷᠢᠭᠤᠳᠠ ᠪᠣᠳᠠᠲᠤ ᠬᠡᠷᠡᠭ᠎ᠢ ᠭᠠᠵᠢᠭᠤᠳᠠᠭᠤᠯᠵᠤ᠂ ᠶᠣᠰᠣ ᠪᠤᠰᠤ᠎ᠪᠠᠷ ᠠᠭ᠋ᠠᠰᠢᠯᠠᠭᠰᠠᠨ ᠪᠠᠢ᠌ᠪᠠᠯ ᠡᠶᠡᠳᠡᠭᠦᠯᠦᠭᠴᠢ ᠴᠠᠭ ᠲᠤᠬᠠᠢᠳᠤᠨᠢ ᠬᠣᠷᠢᠭᠯᠠᠨ ᠵᠣᠭᠰᠤᠭ᠋ᠠᠬᠤ ᠪᠠ ᠵᠠᠯᠠᠷᠠᠭᠤᠯᠬᠤ ᠬᠡᠷᠡᠭᠲᠡᠢ᠃
(ᠳᠣᠯᠣᠭ᠎ᠠ) ᠡᠮᠴᠢᠯᠡᠭᠡᠨ᠎ᠤ ᠡᠶᠡᠳᠡᠭᠦᠯᠭᠡ ᠵᠢᠨ ᠺᠣᠮᠢᠰ ᠵᠠᠭᠤᠷᠠᠯᠳᠤᠭ᠋ᠠᠨ᠎ᠢ ᠡᠶᠡᠳᠡᠭᠦᠯᠬᠦ᠎ᠳᠤ᠎ᠪᠠᠨ᠂ ᠬᠡᠷᠡᠭᠴᠡᠭᠡ᠎ᠪᠠᠨ ᠦᠨᠳᠦᠰᠦᠯᠡᠨ ᠬᠠᠮᠢᠶ᠎ᠠ ᠪᠦᠬᠦᠢ ᠲᠣᠭᠲᠠᠭ᠋ᠠᠯ ᠶᠣᠰᠣᠭ᠋ᠠᠷ ᠲᠤᠰᠬᠠᠢ ᠮᠡᠷᠭᠡᠵᠢᠯᠲᠡᠨ᠎ᠤ ᠬᠥᠮᠥᠷᠭᠡ᠎ᠠᠴᠠ ᠲᠤᠰᠬᠠᠢ ᠮᠡᠷᠭᠡᠵᠢᠯᠲᠡᠨ ᠰᠣᠩᠭᠣᠨ ᠠᠰᠠᠭᠤᠨ ᠯᠠᠪᠯᠠᠵᠤ ᠪᠣᠯᠣᠨ᠎ᠠ᠃ ᠡᠮᠴᠢᠯᠡᠭᠡᠨ᠎ᠤ ᠬᠣᠬᠢᠷᠠᠯ᠎ᠳᠤ ᠬᠢᠨᠠᠨ ᠲᠣᠭᠲᠠᠭ᠋ᠠᠯᠲᠠ ᠬᠢᠵᠦ ᠬᠠᠷᠢᠭᠤᠴᠠᠯᠭ᠎ᠠ ᠲᠣᠳᠣᠷᠬᠠᠢ᠌ᠯᠠᠬᠤ ᠴᠢᠬᠤᠯᠠᠲᠠᠢ ᠪᠣᠯ ᠲᠤᠬᠠᠢ᠌ᠲᠠᠢ ᠬᠥᠮᠥᠨ ᠬᠠᠮᠲᠤ᠎ᠪᠠᠷ ᠠᠨᠠᠭ᠋ᠠᠬᠤ ᠤᠬᠠᠭ᠋ᠠᠨ᠎ᠤ ᠨᠡᠢ᠌ᠭᠡᠮᠯᠢᠭ ᠪᠤᠶᠤ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠪᠠᠢ᠌ᠭᠤᠯᠤᠮᠵᠢ᠎ᠳᠤ ᠨᠠᠢ᠌ᠳᠠᠨ ᠬᠢᠨᠠᠨ ᠲᠣᠭᠲᠠᠭ᠋ᠠᠯᠭ᠋ᠠᠵᠤ ᠪᠣᠯᠣᠨ᠎ᠠ᠂ ᠪᠠᠰᠠ ᠲᠤᠬᠠᠢ᠌ᠲᠠᠢ ᠬᠥᠮᠥᠨ ᠵᠶ᠋ᠡᠷ ᠵᠥᠪᠰᠢᠶᠡᠷᠡᠭᠦᠯᠦᠭᠡᠳ ᠡᠮᠴᠢᠯᠡᠭᠡᠨ᠎ᠤ ᠡᠶᠡᠳᠡᠭᠦᠯᠭᠡ ᠵᠢᠨ ᠺᠣᠮᠢᠰ᠎ᠲᠤ ᠨᠠᠢ᠌ᠳᠠᠨ ᠬᠢᠨᠠᠨ ᠲᠣᠭᠲᠠᠭ᠋ᠠᠯᠭ᠋ᠠᠵᠤ ᠪᠣᠯᠣᠨ᠎ᠠ᠃ ᠲᠤᠰᠬᠠᠢ ᠮᠡᠷᠭᠡᠵᠢᠯᠲᠡᠨ᠎ᠠᠴᠠ ᠠᠰᠠᠭᠤᠨ ᠯᠠᠪᠯᠠᠬᠤ ᠪᠤᠶᠤ ᠬᠢᠨᠠᠨ ᠲᠣᠭᠲᠠᠭ᠋ᠠᠯᠲᠠ ᠬᠢᠯᠭᠡᠬᠦ ᠴᠢᠬᠤᠯᠠᠲᠠᠢ ᠪᠠᠢ᠌ᠪᠠᠯ᠂ ᠡᠮᠴᠢᠯᠡᠭᠡᠨ᠎ᠤ ᠡᠶᠡᠳᠡᠭᠦᠯᠭᠡ ᠵᠢᠨ ᠺᠣᠮᠢᠰ᠎ᠨᠢ ᠲᠤᠬᠠᠢ᠌ᠲᠠᠢ ᠬᠥᠮᠥᠨ᠎ᠳᠤ ᠬᠠᠮᠢᠶ᠎ᠠ ᠪᠦᠬᠦᠢ ᠴᠤᠪᠤᠷᠠᠯ ᠪᠠ ᠱᠠᠭ᠋ᠠᠷᠳᠠᠯᠭ᠎ᠠ ᠵᠢ ᠮᠡᠳᠡᠭᠳᠡᠬᠦ ᠬᠡᠷᠡᠭᠲᠡᠢ᠃
(ᠨᠠᠢ᠍ᠮᠠ) ᠡᠮᠴᠢᠯᠡᠭᠡᠨ᠎ᠤ ᠡᠶᠡᠳᠡᠭᠦᠯᠭᠡ ᠵᠢᠨ ᠺᠣᠮᠢᠰ᠎ᠨᠢ ᠬᠦᠯᠢᠶᠡᠨ ᠠᠪᠤᠭᠰᠠᠨ ᠡᠳᠦᠷ᠎ᠠᠴᠠ ᠡᠬᠢᠯᠡᠨ 30 ᠠᠵᠢᠯᠯᠠᠬᠤ ᠡᠳᠦᠷ᠎ᠤᠨ ᠳᠣᠲᠣᠷ᠎ᠠ ᠡᠶᠡᠳᠡᠭᠦᠯᠭᠡ ᠵᠢ ᠪᠡᠶᠡᠯᠡᠭᠦᠯᠵᠦ᠂ ᠬᠦᠯᠢᠶᠡᠨ ᠠᠪᠴᠤ ᠰᠢᠢ᠍ᠳᠪᠦᠷᠢᠯᠡᠬᠦ ᠴᠠᠭ ᠬᠤᠭᠤᠴᠠᠭ᠎ᠠ ᠵᠢ ᠡᠮᠴᠢ ᠪᠠ ᠡᠪᠡᠳᠴᠢᠲᠡᠨ ᠬᠣᠶᠠᠷ ᠲᠠᠯ᠎ᠠ ᠵᠢᠨ ᠬᠢᠨ ᠮᠠᠲ᠋ᠧᠷᠢᠶᠡᠯ ᠵᠶ᠋ᠠᠨ ᠪᠦᠷᠢᠨ ᠭᠦᠢ᠍ᠴᠡᠳ ᠲᠤᠰᠢᠶᠠᠭᠰᠠᠨ ᠡᠳᠦᠷ᠎ᠠᠴᠠ ᠡᠬᠢᠯᠡᠵᠦ ᠪᠤᠳᠣᠨ᠎ᠠ᠃ ᠣᠨᠴᠠᠭ᠋ᠠᠢ ᠪᠠᠢ᠌ᠳᠠᠯ᠎ᠠᠴᠠ ᠪᠣᠯᠵᠤ ᠡᠶᠡᠳᠡᠭᠦᠯᠬᠦ ᠬᠤᠭᠤᠴᠠᠭ᠎ᠠ ᠵᠢ ᠤᠷᠲᠤᠳᠬᠠᠬᠤ ᠴᠢᠬᠤᠯᠠᠲᠠᠢ ᠪᠠᠢ᠌ᠪᠠᠯ᠂ ᠡᠮᠴᠢᠯᠡᠭᠡᠨ᠎ᠤ ᠡᠶᠡᠳᠡᠭᠦᠯᠭᠡ ᠵᠢᠨ ᠺᠣᠮᠢᠰ ᠬᠢᠭᠡᠳ ᠲᠤᠬᠠᠢ᠌ᠲᠠᠢ ᠬᠥᠮᠥᠨ᠎ᠨᠢ ᠡᠶᠡᠳᠡᠭᠦᠯᠬᠦ ᠬᠤᠭᠤᠴᠠᠭ᠎ᠠ ᠵᠢ ᠤᠷᠲᠤᠳᠬᠠᠬᠤ᠎ᠪᠠᠷ ᠪᠣᠯᠵᠣᠨ ᠲᠣᠭᠲᠠᠵᠤ ᠪᠣᠯᠣᠨ᠎ᠠ᠃ ᠡᠶᠡᠳᠡᠭᠦᠯᠬᠦ ᠬᠤᠭᠤᠴᠠᠭ᠎ᠠ᠎ᠠᠴᠠ ᠬᠡᠲᠦᠷᠡᠭᠡᠳ ᠡᠶᠡᠳᠡᠭᠦᠯᠭᠡ ᠵᠢᠨ ᠵᠥᠪᠯᠡᠯᠴᠡᠭᠡᠷ᠎ᠲᠤ ᠰᠠᠨᠠᠯ ᠨᠢᠭᠡᠳᠦᠭᠰᠡᠨ ᠦᠭᠡᠢ ᠪᠣᠯ ᠡᠶᠡᠳᠡᠭᠦᠯᠦᠭᠡᠳ ᠪᠦᠲᠦᠭᠰᠡᠨ ᠦᠭᠡᠢ ᠭᠡᠵᠦ ᠦᠵᠡᠨ᠎ᠡ᠃ ᠦᠷᠭᠦᠯᠵᠢᠯᠡᠨ ᠡᠮᠨᠡᠨ ᠵᠠᠰᠠᠬᠤ ᠴᠢᠬᠤᠯᠠᠲᠠᠢ ᠪᠠᠢ᠌ᠪᠠᠯ᠂ ᠡᠮᠨᠡᠨ ᠵᠠᠰᠠᠬᠤ ᠴᠠᠭ ᠬᠤᠭᠤᠴᠠᠭ᠎ᠠ ᠵᠢ ᠡᠶᠡᠳᠡᠭᠦᠯᠬᠦ ᠬᠤᠭᠤᠴᠠᠭ᠋ᠠᠨ᠎ᠳᠤ ᠪᠤᠳᠤᠬᠤ ᠦᠭᠡᠢ ; ᠲᠤᠰᠬᠠᠢ ᠮᠡᠷᠭᠡᠵᠢᠯᠲᠡᠨ᠎ᠠᠴᠠ ᠠᠰᠠᠭᠤᠨ ᠯᠠᠪᠯᠠᠬᠤ᠂ ᠠᠨᠠᠭ᠋ᠠᠬᠤ ᠤᠬᠠᠭ᠋ᠠᠨ᠎ᠤ ᠰᠢᠯᠭ᠋ᠠᠨ ᠲᠣᠭᠲᠠᠭ᠋ᠠᠯᠲᠠ ᠪᠤᠶᠤ ᠬᠠᠤᠯᠢ ᠴᠠᠭ᠋ᠠᠵᠠ ᠵᠢᠨ ᠰᠢᠯᠭ᠋ᠠᠨ ᠲᠣᠭᠲᠠᠭ᠋ᠠᠯᠲᠠ ᠬᠢᠬᠦ ᠴᠢᠬᠤᠯᠠᠲᠠᠢ ᠪᠠᠢ᠌ᠪᠠᠯ᠂ ᠠᠰᠠᠭᠤᠨ ᠯᠠᠪᠯᠠᠬᠤ ᠪᠤᠶᠤ ᠬᠢᠨᠠᠨ ᠲᠣᠭᠲᠠᠭ᠋ᠠᠬᠤ ᠴᠠᠭ ᠬᠤᠭᠤᠴᠠᠭ᠎ᠠ ᠵᠢ ᠡᠶᠡᠳᠡᠭᠦᠯᠬᠦ ᠬᠤᠭᠤᠴᠠᠭ᠋ᠠᠨ᠎ᠳᠤ ᠪᠤᠳᠤᠵᠤ ᠤᠷᠤᠭᠤᠯᠬᠤ ᠦᠭᠡᠢ᠃
(ᠶᠢᠰᠦ) ᠲᠤᠬᠠᠢ᠌ᠲᠠᠢ ᠬᠥᠮᠥᠨ᠎ᠨᠢ ᠡᠶᠡᠳᠡᠭᠦᠯᠬᠦ᠎ᠪᠠᠷ ᠳᠠᠮᠵᠢᠭ᠋ᠠᠳ ᠰᠠᠨᠠᠯ ᠨᠢᠭᠡᠳᠦᠭᠰᠡᠨ ᠪᠠᠢ᠌ᠪᠠᠯ᠂ ᠡᠮᠴᠢᠯᠡᠭᠡᠨ᠎ᠤ ᠡᠶᠡᠳᠡᠭᠦᠯᠭᠡ ᠵᠢᠨ ᠺᠣᠮᠢᠰ᠎ᠨᠢ ᠡᠶᠡᠳᠡᠭᠦᠯᠭᠡ ᠵᠢᠨ ᠵᠥᠪᠯᠡᠯᠴᠡᠭᠡᠷ᠎ᠤᠨ ᠪᠢᠴᠢᠭ ᠵᠣᠬᠢᠶᠠᠬᠤ ᠬᠡᠷᠡᠭᠲᠡᠢ᠃ ᠡᠶᠡᠳᠡᠭᠦᠯᠭᠡ ᠵᠢᠨ ᠵᠥᠪᠯᠡᠯᠴᠡᠭᠡᠷ᠎ᠤᠨ ᠪᠢᠴᠢᠭ᠎ᠲᠤ ᠲᠤᠬᠠᠢ᠌ᠲᠠᠢ ᠬᠥᠮᠥᠨ ᠭᠠᠷᠤᠨ ᠦᠰᠦᠭ ᠵᠢᠷᠤᠬᠤ ᠪᠤᠶᠤ ᠲᠠᠮᠠᠭ᠎ᠠ ᠳᠠᠷᠤᠵᠤ᠂ ᠠᠷᠠᠳ᠎ᠤᠨ ᠡᠶᠡᠳᠡᠭᠦᠯᠦᠭᠴᠢ ᠭᠠᠷᠤᠨ ᠦᠰᠦᠭ ᠵᠢᠷᠤᠬᠤ ᠵᠢᠨ ᠬᠠᠮᠲᠤ ᠡᠮᠴᠢᠯᠡᠭᠡᠨ᠎ᠤ ᠵᠠᠭᠤᠷᠠᠯᠳᠤᠭ᠋ᠠᠨ᠎ᠤ ᠠᠷᠠᠳ᠎ᠤᠨ ᠡᠶᠡᠳᠡᠭᠦᠯᠭᠡ ᠵᠢᠨ ᠺᠣᠮᠢᠰ᠎ᠤᠨ ᠲᠠᠮᠠᠭ᠎ᠠ ᠵᠢ ᠳᠠᠷᠤᠭᠰᠠᠨ᠎ᠤ ᠳᠠᠷᠠᠭ᠎ᠠ ᠬᠦᠴᠦᠨ᠎ᠲᠠᠢ ᠪᠣᠯᠣᠨ᠎ᠠ᠃ ᠡᠶᠡᠳᠡᠭᠦᠯᠭᠡ ᠵᠢᠨ ᠵᠥᠪᠯᠡᠯᠴᠡᠭᠡᠷ᠎ᠤᠨ ᠪᠢᠴᠢᠭ᠎ᠢ ᠡᠮᠴᠢ ᠪᠠ ᠡᠪᠡᠳᠴᠢᠲᠡᠨ ᠬᠣᠶᠠᠷ ᠲᠠᠯ᠎ᠠ ᠵᠢᠨ ᠲᠤᠬᠠᠢ᠌ᠲᠠᠢ ᠬᠥᠮᠥᠨ᠎ᠨᠢ ᠲᠣᠰ ᠪᠦᠷᠢ ᠨᠢᠭᠡ ᠬᠤᠪᠢ ᠠᠪᠴᠤ᠂ ᠡᠮᠴᠢᠯᠡᠭᠡᠨ᠎ᠤ ᠡᠶᠡᠳᠡᠭᠦᠯᠭᠡ ᠵᠢᠨ ᠺᠣᠮᠢᠰ ᠨᠢᠭᠡ ᠬᠤᠪᠢ ᠦᠯᠡᠳᠡᠭᠡᠵᠦ ᠬᠠᠳᠠᠭ᠋ᠠᠯᠠᠨ᠎ᠠ᠃
ᠡᠶᠡᠳᠡᠭᠦᠯᠭᠡ ᠵᠢᠨ ᠵᠥᠪᠯᠡᠯᠴᠡᠭᠡᠷ᠎ᠤᠨ ᠪᠢᠴᠢᠭ᠎ᠨᠢ ᠡᠮᠴᠢ ᠪᠠ ᠡᠪᠡᠳᠴᠢᠲᠡᠨ ᠬᠣᠶᠠᠷ ᠲᠠᠯ᠎ᠠ᠎ᠳᠤ ᠴᠥᠮ ᠬᠢᠵᠠᠭ᠋ᠠᠷᠯᠠᠬᠤ ᠬᠦᠴᠦᠨ᠎ᠲᠠᠢ ᠪᠠᠢ᠌ᠵᠤ᠂ ᠪᠣᠯᠵᠣᠨ ᠲᠣᠭᠲᠠᠭᠰᠠᠨ ᠶᠣᠰᠣᠭ᠋ᠠᠷ ᠤᠬᠠᠮᠰᠠᠷ᠎ᠠᠴᠠ᠎ᠪᠠᠨ ᠭᠦᠢ᠍ᠴᠡᠳᠬᠡᠬᠦ ᠬᠡᠷᠡᠭᠲᠡᠢ᠃ ᠡᠮᠴᠢᠯᠡᠭᠡᠨ᠎ᠤ ᠡᠶᠡᠳᠡᠭᠦᠯᠭᠡ ᠵᠢᠨ ᠺᠣᠮᠢᠰ᠎ᠤᠨ ᠭᠠᠷᠭ᠋ᠠᠵᠤ ᠥᠭᠭᠦᠭᠰᠡᠨ ᠡᠶᠡᠳᠡᠭᠦᠯᠭᠡ ᠵᠢᠨ ᠵᠥᠪᠯᠡᠯᠴᠡᠭᠡᠷ᠎ᠤᠨ ᠪᠢᠴᠢᠭ᠎ᠲᠤ ᠡᠶᠡᠳᠡᠭᠦᠯᠭᠡ ᠵᠢᠨ ᠵᠥᠪᠯᠡᠯᠴᠡᠭᠡᠷ ᠬᠦᠴᠦᠨ᠎ᠲᠠᠢ ᠪᠣᠯᠤᠭᠰᠠᠨ ᠡᠳᠦᠷ᠎ᠠᠴᠠ ᠡᠬᠢᠯᠡᠨ 30 ᠡᠳᠦᠷ᠎ᠤᠨ ᠳᠣᠲᠣᠷ᠎ᠠ ᠲᠤᠬᠠᠢ᠌ᠲᠠᠢ ᠬᠥᠮᠥᠨ᠎ᠳᠤ ᠡᠮᠴᠢᠯᠡᠭᠡᠨ᠎ᠤ ᠡᠶᠡᠳᠡᠭᠦᠯᠭᠡ ᠵᠢᠨ ᠺᠣᠮᠢᠰ᠎ᠤᠨ ᠪᠠᠢ᠌ᠭ᠎ᠠ ᠭᠠᠵᠠᠷ᠎ᠤᠨ ᠠᠷᠠᠳ᠎ᠤᠨ ᠰᠢᠭᠦᠬᠦ ᠬᠣᠷᠢᠶᠠᠨ᠎ᠳᠤ ᠬᠠᠤᠯᠢ ᠴᠠᠭ᠋ᠠᠵᠠ ᠵᠢᠨ ᠨᠤᠲᠠᠯᠠᠯᠲᠠ ᠬᠢᠯᠭᠡᠬᠦ᠎ᠪᠠᠷ ᠭᠤᠶᠤᠴᠢᠯᠠᠬᠤ ᠵᠢ ᠬᠠᠮᠲᠤ᠎ᠪᠠᠷ ᠮᠡᠳᠡᠭᠳᠡᠬᠦ ᠬᠡᠷᠡᠭᠲᠡᠢ᠃
(ᠠᠷᠪᠠ) ᠡᠮᠴᠢᠯᠡᠭᠡᠨ᠎ᠤ ᠡᠶᠡᠳᠡᠭᠦᠯᠭᠡ ᠵᠢᠨ ᠺᠣᠮᠢᠰ ᠡᠶᠡᠳᠡᠭᠦᠯᠦᠭᠡᠳ ᠳᠠᠭᠤᠰᠤᠭᠰᠠᠨ ᠪᠠᠢ᠌ᠪᠠᠯ᠂ ᠴᠠᠭ ᠲᠤᠬᠠᠢᠳᠤᠨᠢ ᠳᠠᠩᠰᠠᠨ᠎ᠳᠤ ᠣᠷᠣᠭᠤᠯᠵᠤ ᠡᠪᠬᠡᠮᠡᠯ ᠪᠣᠯᠭ᠋ᠠᠬᠤ ᠬᠡᠷᠡᠭᠲᠡᠢ᠃ ᠡᠶᠡᠳᠡᠭᠦᠯᠭᠡ ᠵᠢᠨ ᠳᠠᠩᠰᠠ ᠡᠪᠬᠡᠮᠡᠯ᠎ᠳᠤ ᠡᠶᠡᠳᠡᠭᠦᠯᠭᠡ ᠬᠢᠯᠭᠡᠬᠦ ᠭᠤᠶᠤᠴᠢᠯᠠᠯ᠎ᠤᠨ ᠪᠢᠴᠢᠭ᠂ ᠵᠠᠭᠤᠷᠠᠯᠳᠤᠭ᠋ᠠᠨ᠎ᠤ ᠳᠠᠩᠰᠠᠯᠠᠯᠲᠠ ᠵᠢᠨ ᠬᠦᠰᠦᠨᠦᠭᠲᠦ᠂ ᠡᠶᠡᠳᠡᠭᠦᠯᠭᠡ ᠵᠢᠨ ᠲᠡᠮᠳᠡᠭᠯᠡᠯ᠂ ᠪᠠᠢ᠌ᠴᠠᠭ᠋ᠠᠯᠲᠠ ᠵᠢᠨ ᠲᠡᠮᠳᠡᠭᠯᠡᠯ᠂ ᠲᠤᠰᠬᠠᠢ ᠮᠡᠷᠭᠡᠵᠢᠯᠲᠡᠨ᠎ᠠᠴᠠ ᠠᠰᠠᠭᠤᠨ ᠯᠠᠪᠯᠠᠬᠤ ᠰᠠᠨᠠᠯ᠎ᠤᠨ ᠪᠢᠴᠢᠭ᠂ ᠰᠢᠯᠭ᠋ᠠᠨ ᠲᠣᠭᠲᠠᠭ᠋ᠠᠭᠰᠠᠨ ᠰᠠᠨᠠᠯ᠂ ᠡᠶᠡᠳᠡᠭᠦᠯᠭᠡ ᠵᠢᠨ ᠵᠥᠪᠯᠡᠯᠴᠡᠭᠡᠷ᠎ᠤᠨ ᠪᠢᠴᠢᠭ᠂ ᠬᠠᠷᠢᠭᠤ ᠰᠤᠷᠪᠤᠯᠵᠢᠯᠠᠭᠰᠠᠨ ᠲᠡᠮᠳᠡᠭᠯᠡᠯ᠂ ᠳᠠᠭᠤ ᠳᠦᠷᠰᠦ ᠰᠢᠩᠭᠡᠭᠡᠯᠲᠡ ᠵᠢᠨ ᠮᠠᠲ᠋ᠧᠷᠢᠶᠠᠯ ᠵᠡᠷᠭᠡ ᠵᠢ ᠪᠠᠭᠲᠠᠭ᠋ᠠᠬᠤ ᠬᠡᠷᠡᠭᠲᠡᠢ᠃ ᠡᠮᠴᠢᠯᠡᠭᠡᠨ᠎ᠤ ᠵᠠᠭᠤᠷᠠᠯᠳᠤᠭ᠋ᠠᠨ᠎ᠤ ᠠᠷᠠᠳ᠎ᠤᠨ ᠡᠶᠡᠳᠡᠭᠦᠯᠭᠡ ᠵᠢᠨ ᠳᠠᠩᠰᠠ ᠡᠪᠬᠡᠮᠡᠯ᠎ᠢ ᠲᠣᠭᠲᠠᠭᠰᠠᠨ ᠬᠤᠭᠤᠴᠠᠭ᠎ᠠ ᠶᠣᠰᠣᠭ᠋ᠠᠷ ᠬᠠᠳᠠᠭ᠋ᠠᠯᠠᠬᠤ ᠬᠡᠷᠡᠭᠲᠡᠢ᠃
(ᠠᠷᠪᠠᠨ ᠨᠢᠭᠡ) ᠡᠶᠡᠳᠡᠭᠦᠯᠦᠭᠡᠳ ᠪᠦᠲᠦᠭᠰᠡᠨ ᠦᠭᠡᠢ ᠪᠠᠢ᠌ᠪᠠᠯ᠂ ᠡᠮᠴᠢᠯᠡᠭᠡᠨ᠎ᠤ ᠡᠶᠡᠳᠡᠭᠦᠯᠭᠡ ᠵᠢᠨ ᠺᠣᠮᠢᠰ᠎ᠨᠢ ᠡᠶᠡᠳᠡᠭᠦᠯᠭᠡ ᠵᠢ ᠵᠣᠭᠰᠣᠭ᠋ᠠᠵᠤ᠂ ᠡᠶᠡᠳᠡᠭᠦᠯᠭᠡ ᠵᠢ ᠵᠣᠭᠰᠣᠭ᠋ᠠᠭᠰᠠᠨ ᠮᠡᠳᠡᠭᠳᠡᠯ᠎ᠤᠨ ᠪᠢᠴᠢᠭ ᠭᠠᠷᠭ᠋ᠠᠵᠤ᠂ ᠲᠤᠬᠠᠢ᠌ᠲᠠᠢ ᠬᠥᠮᠥᠨ᠎ᠳᠤ ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠲᠣᠭᠲᠠᠭ᠋ᠠᠯ᠎ᠢ ᠦᠨᠳᠦᠰᠦᠯᠡᠨ᠂ ᠵᠠᠷᠭᠤ ᠬᠢᠬᠦ ᠵᠡᠷᠭᠡ ᠬᠠᠤᠯᠢ ᠶᠣᠰᠣᠨ᠎ᠤ ᠪᠤᠰᠤᠳ ᠠᠷᠭ᠎ᠠ ᠵᠠᠮ ᠵᠶ᠋ᠠᠷ ᠳᠠᠮᠵᠢᠭᠤᠯᠤᠨ ᠥᠪᠡᠷ᠎ᠤᠨ ᠡᠷᠬᠡ ᠠᠰᠢᠭ ᠵᠶ᠋ᠠᠨ ᠬᠠᠮᠠᠭ᠋ᠠᠯᠠᠬᠤ ᠵᠢ ᠮᠡᠳᠡᠭᠳᠡᠬᠦ ᠬᠡᠷᠡᠭᠲᠡᠢ᠃ ᠵᠥᠷᠢᠴᠡᠯ ᠰᠢᠷᠦᠭᠦᠰᠬᠦ ᠲᠦᠭᠰᠢᠭᠦᠷᠢ ᠵᠢᠨ ᠭᠡᠮ ᠰᠣᠭᠣᠭ ᠪᠠᠢ᠌ᠬᠤ ᠵᠢ ᠣᠯᠵᠤ ᠮᠡᠳᠡᠪᠡᠯ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠤ ᠴᠠᠭ ᠲᠤᠬᠠᠢᠳᠤᠨᠢ ᠮᠡᠳᠡᠭᠦᠯᠬᠦ ᠬᠡᠷᠡᠭᠲᠡᠢ᠃
ᠭᠤᠴᠢᠨ ᠬᠣᠶᠠᠳᠤᠭ᠋ᠠᠷ ᠵᠦᠢ᠍ᠯ ᠡᠮᠴᠢᠯᠡᠭᠡᠨ᠎ᠤ ᠵᠠᠭᠤᠷᠠᠯᠳᠤᠭ᠋ᠠᠨ ᠭᠠᠷᠤᠭᠰᠠᠨ᠎ᠤ ᠳᠠᠷᠠᠭ᠎ᠠ᠂ ᠡᠮᠴᠢ ᠪᠠ ᠡᠪᠡᠳᠴᠢᠲᠡᠨ ᠬᠣᠶᠠᠷ ᠲᠠᠯ᠎ᠠ᠎ᠪᠠᠷ ᠵᠶ᠋ᠠᠨ ᠡᠮᠴᠢᠯᠡᠭᠡᠨ᠎ᠤ ᠵᠠᠭᠤᠷᠠᠯᠳᠤᠭ᠋ᠠᠨ ᠭᠠᠷᠤᠭᠰᠠᠨ ᠭᠠᠵᠠᠷ᠎ᠤᠨ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠵᠠᠰᠠᠭ ᠵᠠᠬᠢᠷᠭ᠋ᠠᠨ᠎ᠤ ᠡᠶᠡᠳᠡᠭᠦᠯᠭᠡ ᠬᠢᠯᠭᠡᠬᠦ᠎ᠪᠠᠷ ᠬᠠᠮᠲᠤ᠎ᠪᠠᠷ ᠭᠤᠶᠤᠴᠢᠯᠠᠵᠤ ᠪᠣᠯᠣᠨ᠎ᠠ ; ᠨᠢᠭᠡ ᠲᠠᠯ᠎ᠠ᠎ᠨᠢ ᠡᠶᠡᠳᠡᠭᠦᠯᠬᠦ᠎ᠪᠠᠷ ᠭᠤᠶᠤᠴᠢᠯᠠᠭᠰᠠᠨ ᠪᠠᠢ᠌ᠪᠠᠯ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠨᠥᠭᠦᠭᠡ ᠲᠠᠯ᠎ᠠ ᠵᠢᠨ ᠵᠥᠪᠰᠢᠶᠡᠷᠡᠯ᠎ᠢ ᠣᠯᠣᠭᠰᠠᠨ᠎ᠤ ᠳᠠᠷᠠᠭ᠎ᠠ ᠬᠢᠨᠠᠨ ᠪᠠᠢ᠌ᠴᠠᠭ᠋ᠠᠵᠤ ᠭᠥᠯᠢᠶᠡᠨ ᠠᠪᠴᠤ ᠰᠢᠢ᠍ᠳᠪᠦᠷᠢᠯᠡᠬᠦ ᠳᠡᠰ ᠳᠠᠷᠠᠭ᠋ᠠᠯᠠᠯ ᠵᠶ᠋ᠠᠨ ᠡᠬᠢᠯᠡᠭᠦᠯᠵᠦ᠂ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠰᠢᠢ᠍ᠳᠪᠦᠷᠢᠯᠡᠨ᠎ᠡ᠃
ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠭᠤᠶᠤᠴᠢᠯᠠᠯ᠎ᠢ ᠣᠯᠣᠭᠰᠠᠨ ᠡᠳᠦᠷ᠎ᠠᠴᠠ ᠡᠬᠢᠯᠡᠨ 5 ᠠᠵᠢᠯᠯᠠᠬᠤ ᠡᠳᠦᠷ᠎ᠤᠨ ᠳᠣᠲᠣᠷ᠎ᠠ ᠭᠥᠯᠢᠶᠡᠨ ᠠᠪᠴᠤ ᠰᠢᠢ᠍ᠳᠪᠦᠷᠢᠯᠡᠬᠦ ᠡᠰᠡᠬᠦ ᠵᠢᠨ ᠲᠣᠭᠲᠠᠭ᠋ᠠᠯ ᠭᠠᠷᠭ᠋ᠠᠬᠤ ᠬᠡᠷᠡᠭᠲᠡᠢ᠃ ᠡᠮᠴᠢ ᠪᠠ ᠡᠪᠡᠳᠴᠢᠲᠡᠨ ᠬᠣᠶᠠᠷ ᠲᠠᠯ᠎ᠠ᠎ᠪᠠᠷ ᠵᠶ᠋ᠠᠨ ᠨᠢᠭᠡᠨᠲᠡ ᠠᠷᠠᠳ᠎ᠤᠨ ᠰᠢᠭᠦᠬᠦ ᠬᠣᠷᠢᠶᠠᠨ᠎ᠳᠤ ᠵᠠᠭ᠋ᠠᠯᠳᠤᠯᠭ᠎ᠠ ᠭᠠᠷᠭ᠋ᠠᠭᠰᠠᠨ ᠮᠥᠷᠲᠡᠭᠡᠨ ᠨᠢᠭᠡᠨᠲᠡ ᠰᠢᠢ᠍ᠳᠪᠦᠷᠢᠯᠡᠬᠦ᠎ᠪᠠᠷ ᠬᠦᠯᠢᠶᠡᠨ ᠠᠪᠤᠭᠰᠠᠨ᠂ ᠡᠰᠡᠬᠦᠯ᠎ᠡ ᠨᠢᠭᠡᠨᠲᠡ ᠡᠮᠴᠢᠯᠡᠭᠡᠨ᠎ᠤ ᠵᠠᠭᠤᠷᠠᠯᠳᠤᠭ᠋ᠠᠨ᠎ᠤ ᠠᠷᠠᠳ᠎ᠤᠨ ᠡᠶᠡᠳᠡᠭᠦᠯᠭᠡ ᠵᠢᠨ ᠺᠣᠮᠢᠰ ᠵᠶ᠋ᠠᠷ ᠡᠶᠡᠳᠡᠭᠦᠯᠭᠡ ᠬᠢᠯᠭᠡᠬᠦ᠎ᠪᠠᠷ ᠭᠤᠶᠤᠴᠢᠯᠠᠭᠰᠠᠨ ᠮᠥᠷᠲᠡᠭᠡᠨ ᠨᠢᠭᠡᠨᠲᠡ ᠰᠢᠢ᠍ᠳᠪᠦᠷᠢᠯᠡᠬᠦ᠎ᠪᠠᠷ ᠬᠦᠯᠢᠶᠡᠨ ᠠᠪᠤᠭᠰᠠᠨ ᠪᠠᠢ᠌ᠪᠠᠯ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠬᠦᠯᠢᠶᠡᠨ ᠠᠪᠴᠤ ᠰᠢᠢ᠍ᠳᠪᠦᠷᠢᠯᠡᠬᠦ ᠦᠭᠡᠢ ; ᠨᠢᠭᠡᠨᠲᠡ ᠰᠢᠢ᠍ᠳᠪᠦᠷᠢᠯᠡᠬᠦ᠎ᠪᠠᠷ ᠬᠦᠯᠢᠶᠡᠨ ᠠᠪᠤᠭᠰᠠᠨ ᠪᠠᠢ᠌ᠪᠠᠯ ᠵᠠᠰᠠᠭ ᠵᠠᠬᠢᠷᠭ᠋ᠠᠨ᠎ᠤ ᠡᠶᠡᠳᠡᠭᠦᠯᠭᠡ ᠵᠢ ᠵᠣᠭᠰᠣᠭ᠋ᠠᠨ᠎ᠠ᠃
ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠡᠶᠡᠳᠡᠭᠦᠯᠭᠡ ᠵᠢᠨ ᠭᠤᠶᠤᠴᠢᠯᠠᠯ᠎ᠢ ᠬᠦᠯᠢᠶᠡᠨ ᠠᠪᠤᠭᠰᠠᠨ ᠡᠳᠦᠷ᠎ᠠᠴᠠ ᠡᠬᠢᠯᠡᠨ 30 ᠠᠵᠢᠯᠯᠠᠬᠤ ᠡᠳᠦᠷ᠎ᠤᠨ ᠳᠣᠲᠣᠷ᠎ᠠ ᠡᠶᠡᠳᠡᠭᠦᠯᠭᠡ ᠵᠢ ᠪᠡᠶᠡᠯᠡᠭᠦᠯᠬᠦ ᠬᠡᠷᠡᠭᠲᠡᠢ᠃ ᠡᠮᠴᠢᠯᠡᠭᠡᠨ᠎ᠤ ᠬᠣᠬᠢᠷᠠᠯ᠎ᠤᠨ ᠬᠢᠨᠠᠨ ᠲᠣᠭᠲᠠᠭ᠋ᠠᠯᠲᠠ ᠬᠢᠬᠦ ᠴᠢᠬᠤᠯᠠᠲᠠᠢ ᠪᠣᠯ ᠬᠢᠨᠠᠨ ᠲᠣᠭᠲᠠᠭ᠋ᠠᠬᠤ ᠬᠤᠭᠤᠴᠠᠭ᠎ᠠ ᠵᠢ ᠡᠶᠡᠳᠡᠭᠦᠯᠬᠦ ᠬᠤᠭᠤᠴᠠᠭ᠋ᠠᠨ᠎ᠳᠤ ᠪᠣᠳᠣᠵᠤ ᠣᠷᠣᠭᠤᠯᠬᠤ ᠦᠭᠡᠢ᠃ ᠡᠶᠡᠳᠡᠭᠦᠯᠬᠦ ᠬᠤᠭᠤᠴᠠᠭ᠎ᠠ᠎ᠠᠴᠠ ᠬᠡᠲᠦᠷᠡᠭᠡᠳ ᠡᠶᠡᠳᠡᠭᠦᠯᠭᠡ ᠵᠢᠨ ᠵᠥᠪᠯᠡᠯᠴᠡᠭᠡᠷ᠎ᠲᠤ ᠰᠠᠨᠠᠯ ᠨᠢᠭᠡᠳᠦᠭᠰᠡᠨ ᠦᠭᠡᠢ ᠪᠣᠯ ᠡᠶᠡᠳᠡᠭᠦᠯᠦᠭᠡᠳ ᠪᠦᠲᠦᠭᠰᠡᠨ ᠦᠭᠡᠢ ᠭᠡᠵᠦ ᠦᠵᠡᠨ᠎ᠡ᠃
ᠭᠤᠴᠢᠨ ᠭᠤᠷᠪᠠᠳᠤᠭ᠋ᠠᠷ ᠵᠦᠢ᠍ᠯ ᠡᠮᠴᠢ ᠪᠠ ᠡᠪᠡᠳᠴᠢᠲᠡᠨ ᠬᠣᠶᠠᠷ ᠲᠠᠯ᠎ᠠ᠎ᠪᠠᠷ ᠵᠶ᠋ᠠᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ ᠡᠶᠡᠳᠡᠭᠦᠯᠭᠡ᠎ᠪᠠᠷ ᠳᠠᠮᠵᠢᠨ ᠰᠠᠨᠠᠯ ᠨᠢᠭᠡᠳᠦᠭᠰᠡᠨ ᠪᠠᠢ᠌ᠪᠠᠯ᠂ ᠡᠶᠡᠳᠡᠭᠦᠯᠭᠡ ᠵᠢᠨ ᠵᠥᠪᠯᠡᠯᠴᠡᠭᠡᠷ᠎ᠤᠨ ᠪᠢᠴᠢᠭ᠎ᠲᠤ ᠭᠠᠷᠤᠨ ᠦᠰᠦᠭ ᠵᠢᠷᠤᠬᠤ ᠬᠡᠷᠡᠭᠲᠡᠢ᠃
ᠭᠤᠴᠢᠨ ᠳᠥᠷᠪᠡᠳᠦᠭᠡᠷ ᠵᠦᠢ᠍ᠯ ᠡᠮᠴᠢᠯᠡᠭᠡᠨ᠎ᠤ ᠵᠠᠭᠤᠷᠠᠯᠳᠤᠭ᠋ᠠᠨ ᠭᠠᠷᠪᠠᠯ᠂ ᠲᠤᠬᠠᠢ᠌ᠲᠠᠢ ᠬᠥᠮᠥᠨ᠎ᠢ ᠤᠷᠢᠳ ᠵᠶ᠋ᠠᠷ ᠰᠠᠢ᠌ᠨ ᠳᠤᠷ᠎ᠠ᠎ᠠᠴᠠ᠎ᠪᠠᠨ ᠵᠥᠪᠳᠡᠯᠴᠡᠵᠦ ᠰᠢᠢ᠍ᠳᠪᠦᠷᠢᠯᠡᠭᠦᠯᠬᠦ᠎ᠪᠠᠷ ᠵᠣᠷᠢᠭᠵᠢᠭᠤᠯᠬᠤ ᠪᠠ ᠬᠥᠲᠥᠯᠥᠨ ᠵᠢᠯᠣᠭᠣᠳᠤᠨ᠎ᠠ᠃ ᠲᠤᠬᠠᠢ᠌ᠲᠠᠢ ᠬᠥᠮᠥᠨ᠎ᠨᠢ ᠵᠥᠪᠳᠡᠯᠴᠡᠬᠦ ᠳᠤᠷ᠎ᠠ ᠦᠭᠡᠢ ᠪᠤᠶᠤ ᠵᠥᠪᠳᠡᠯᠴᠡᠭᠡᠳ ᠪᠦᠲᠦᠭᠰᠡᠨ ᠦᠭᠡᠢ ᠪᠠᠢ᠌ᠪᠠᠯ ᠠᠷᠠᠳ᠎ᠤᠨ ᠡᠶᠡᠳᠡᠭᠦᠯᠭᠡ ᠵᠢ ᠭᠤᠶᠤᠴᠢᠯᠠᠬᠤ᠎ᠪᠠᠷ ᠬᠥᠲᠥᠯᠥᠨ ᠵᠢᠯᠤᠭᠣᠳᠬᠤ ᠬᠡᠷᠡᠭᠲᠡᠢ᠃ ᠲᠤᠬᠠᠢ᠌ᠲᠠᠢ ᠬᠥᠮᠥᠨ᠎ᠨᠢ ᠠᠷᠠᠳ᠎ᠤᠨ ᠡᠶᠡᠳᠡᠭᠦᠯᠭᠡ ᠬᠢᠯᠭᠡᠬᠦ ᠳᠤᠷ᠎ᠠ ᠦᠭᠡᠢ ᠪᠤᠶᠤ ᠡᠶᠡᠳᠡᠭᠦᠯᠦᠭᠡᠳ ᠪᠦᠲᠦᠭᠰᠡᠨ ᠦᠭᠡᠢ ᠪᠠᠢ᠌ᠪᠠᠯ ᠵᠠᠰᠠᠭ ᠵᠠᠬᠢᠷᠭ᠋ᠠᠨ᠎ᠤ ᠡᠶᠡᠳᠡᠭᠦᠯᠭᠡ ᠭᠤᠶᠤᠴᠢᠯᠠᠬᠤ᠎ᠪᠠᠷ ᠬᠥᠲᠥᠯᠥᠨ ᠵᠢᠯᠤᠭᠣᠳᠬᠤ ᠬᠡᠷᠡᠭᠲᠡᠢ᠃ ᠲᠤᠬᠠᠢ᠌ᠲᠠᠢ ᠬᠥᠮᠥᠨ᠎ᠨᠢ ᠵᠠᠰᠠᠭ ᠵᠠᠬᠢᠷᠭ᠋ᠠᠨ᠎ᠤ ᠡᠶᠡᠳᠡᠭᠦᠯᠭᠡ ᠬᠢᠯᠭᠡᠬᠦ ᠳᠤᠷ᠎ᠠ ᠦᠭᠡᠢ ᠪᠤᠶᠤ ᠡᠶᠡᠳᠡᠭᠦᠯᠦᠭᠡᠳ ᠪᠦᠲᠦᠭᠰᠡᠨ ᠦᠭᠡᠢ ᠪᠠᠢ᠌ᠪᠠᠯ ᠪᠣᠯ ᠲᠤᠬᠠᠢ᠌ᠲᠠᠢ ᠬᠥᠮᠥᠨ᠎ᠳᠤ ᠪᠤᠰᠤᠳ ᠠᠷᠭ᠎ᠠ ᠵᠠᠮ ᠰᠣᠩᠭᠣᠵᠤ ᠰᠢᠢ᠍ᠳᠪᠦᠷᠢᠯᠡᠬᠦ ᠵᠢ ᠴᠠᠭ ᠲᠤᠬᠠᠢᠳᠤᠨᠢ ᠮᠡᠳᠡᠭᠳᠡᠬᠦ ᠬᠡᠷᠡᠭᠲᠡᠢ᠃
ᠳᠥᠷᠪᠡᠳᠦᠭᠡᠷ ᠪᠦᠯᠦᠭ ᠡᠮᠴᠢᠯᠡᠭᠡᠨ᠎ᠤ ᠬᠠᠷᠢᠭᠤᠴᠠᠯᠭ᠎ᠠ ᠵᠢᠨ ᠳᠠᠭ᠋ᠠᠳᠬᠠᠯ
ᠭᠤᠴᠢᠨ ᠲᠠᠪᠤᠳᠤᠭ᠋ᠠᠷ ᠵᠦᠢ᠍ᠯ ᠡᠮᠴᠢᠯᠡᠭᠡᠨ᠎ᠤ ᠪᠠᠢ᠌ᠭᠤᠯᠤᠮᠵᠢ᠎ᠨᠤᠭᠤᠳ ᠡᠮᠴᠢᠯᠡᠭᠡᠨ᠎ᠤ ᠬᠠᠷᠢᠭᠤᠴᠠᠯᠭ᠎ᠠ ᠵᠢᠨ ᠳᠠᠭ᠋ᠠᠳᠬᠠᠯ᠎ᠳᠤ ᠣᠷᠤᠯᠴᠠᠬᠤ ᠬᠡᠷᠡᠭᠲᠡᠢ᠂ ᠡᠮᠨᠡᠯᠭᠡ ᠵᠢᠨ ᠠᠵᠢᠯᠲᠠᠨ᠎ᠤ ᠠᠵᠢᠯ ᠮᠡᠷᠭᠡᠵᠢᠯ᠎ᠤᠨ ᠬᠠᠷᠢᠭᠤᠴᠠᠯᠭ᠎ᠠ ᠵᠢᠨ ᠳᠠᠭ᠋ᠠᠳᠬᠠᠯ᠎ᠳᠤ ᠣᠷᠣᠯᠴᠠᠬᠤ ᠵᠢ ᠵᠣᠷᠢᠭᠵᠢᠭᠤᠯᠤᠨ᠂ ᠡᠪᠡᠳᠴᠢᠲᠡᠨ᠎ᠤ ᠡᠮᠴᠢᠯᠡᠭᠡᠨ᠎ᠤ ᠰᠠᠨᠠᠭ᠋ᠠᠨ᠎ᠳᠤ ᠦᠭᠡᠢ ᠭᠡᠮᠲᠦᠯ᠎ᠤᠨ ᠳᠠᠭ᠋ᠠᠳᠬᠠᠯ᠎ᠳᠤ ᠣᠷᠣᠯᠴᠠᠬᠤ ᠵᠢ ᠵᠣᠷᠢᠭᠵᠢᠭᠤᠯᠵᠤ᠂ ᠲᠦᠭᠰᠢᠭᠦᠷᠢ ᠵᠢ ᠰᠡᠷᠭᠡᠢ᠌ᠯᠡᠬᠦ ᠲᠠᠯ᠎ᠠ᠎ᠳᠠᠬᠢ ᠳᠠᠭ᠋ᠠᠳᠬᠠᠯ᠎ᠤᠨ ᠴᠢᠳᠠᠮᠵᠢ ᠦᠢ᠍ᠯᠡᠳᠦᠯ᠎ᠢ ᠪᠠᠳᠠᠷᠠᠭᠤᠯᠤᠨ᠂ ᠡᠮᠴᠢ ᠪᠠ ᠡᠪᠡᠳᠴᠢᠲᠡᠨ ᠬᠣᠶᠠᠷ ᠲᠠᠯ᠎ᠠ ᠵᠢᠨ ᠬᠠᠤᠯᠢ ᠶᠣᠰᠣᠨ᠎ᠤ ᠡᠷᠬᠡ ᠠᠰᠢᠭ᠎ᠢ ᠬᠠᠤᠯᠢ ᠶᠣᠰᠣᠭ᠋ᠠᠷ ᠪᠠᠲᠤᠯᠠᠨ᠎ᠠ᠃
ᠭᠤᠴᠢᠨ ᠵᠢᠷᠭᠤᠳᠤᠭ᠋ᠠᠷ ᠵᠦᠢ᠍ᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠳ ᠡᠮᠴᠢᠯᠡᠭᠡᠨ᠎ᠤ ᠲᠦᠭᠰᠢᠭᠦᠷᠢ ᠵᠢᠨ ᠬᠤᠪᠢᠳᠠᠨ ᠡᠭᠦᠷᠭᠡᠯᠡᠬᠦ ᠲᠣᠭᠲᠠᠴᠠ ᠵᠢ ᠪᠠᠢ᠌ᠭᠤᠯᠤᠨ ᠲᠡᠭᠦᠯᠳᠡᠷᠵᠢᠭᠦᠯᠬᠦ ᠵᠢ ᠠᠬᠢᠭᠤᠯᠵᠤ᠂ ᠡᠮᠴᠢᠯᠡᠭᠡᠨ᠎ᠤ ᠪᠠᠢ᠌ᠭᠤᠯᠤᠮᠵᠢ ᠵᠢᠨ ᠲᠦᠭᠰᠢᠭᠦᠷᠢ ᠵᠢ ᠰᠡᠷᠭᠡᠢ᠌ᠯᠡᠬᠦ ᠳᠦᠷᠢᠮ ᠵᠶ᠋ᠠᠨ ᠲᠡᠭᠦᠯᠳᠡᠷᠵᠢᠭᠦᠯᠬᠦ᠎ᠳᠤ ᠵᠢᠭ᠋ᠠᠨ ᠵᠢᠯᠣᠭᠣᠳᠤᠯᠭ᠎ᠠ ᠬᠢᠬᠦ ᠪᠠ ᠬᠢᠨᠠᠯᠲᠠ ᠲᠠᠯᠪᠢᠵᠤ᠂ ᠡᠮᠴᠢᠯᠡᠭᠡᠨ᠎ᠤ ᠬᠠᠷᠢᠭᠤᠴᠠᠯᠭ᠎ᠠ ᠵᠢᠨ ᠳᠠᠭ᠋ᠠᠳᠬᠠᠯ᠎ᠤᠨ ᠨᠢᠭᠡᠳᠦᠯᠲᠡᠢ ᠪᠠᠲᠤᠯᠠᠬᠤ ᠲᠣᠭᠲᠠᠴᠠ ᠵᠢ ᠪᠠᠢ᠌ᠭᠤᠯᠵᠤ᠂ ᠳᠠᠭ᠋ᠠᠳᠬᠠᠯ᠎ᠤᠨ ᠺᠣᠮᠫᠠᠨᠢ ᠯᠤᠭ᠎ᠠ ᠬᠠᠮᠲᠤᠷᠠᠯᠴᠠᠬᠤ ᠪᠤᠶᠤ ᠲᠤᠰᠬᠠᠢ ᠳᠠᠭ᠋ᠠᠳᠬᠠᠯ᠎ᠤᠨ ᠵᠠᠭᠤᠴᠢ ᠪᠠᠢ᠌ᠭᠤᠯᠤᠮᠵᠢ᠎ᠳᠤ ᠨᠠᠢ᠌ᠳᠠᠵᠤ ᠪᠠᠢ᠌ᠭ᠋ᠠᠳ ᠡᠮᠴᠢᠯᠡᠭᠡᠨ᠎ᠤ ᠬᠠᠷᠢᠭᠤᠴᠠᠯᠭ᠎ᠠ ᠵᠢᠨ ᠳᠠᠭ᠋ᠠᠳᠬᠠᠯ᠎ᠤᠨ ᠠᠵᠢᠯ᠎ᠢ ᠥᠷᠨᠢᠭᠦᠯᠵᠦ᠂ ᠡᠮᠴᠢᠯᠡᠭᠡᠨ᠎ᠤ ᠬᠠᠷᠢᠭᠤᠴᠠᠯᠭ᠎ᠠ ᠵᠢᠨ ᠳᠠᠭ᠋ᠠᠳᠬᠠᠯ᠂ ᠡᠮᠨᠡᠯᠭᠡ ᠵᠢᠨ ᠠᠵᠢᠯᠲᠠᠨ᠎ᠤ ᠠᠵᠢᠯ ᠮᠡᠷᠭᠡᠵᠢᠯ᠎ᠤᠨ ᠬᠠᠷᠢᠭᠤᠴᠠᠯᠭ᠎ᠠ ᠵᠢᠨ ᠳᠠᠭ᠋ᠠᠳᠬᠠᠯ᠂ ᠡᠮᠴᠢᠯᠡᠭᠡᠨ᠎ᠤ ᠰᠠᠨᠠᠭ᠋ᠠᠨ᠎ᠳᠤ ᠦᠭᠡᠢ ᠭᠡᠮᠲᠦᠯ᠎ᠤᠨ ᠳᠠᠭ᠋ᠠᠳᠬᠠᠯ ᠵᠡᠷᠭᠡ ᠲᠦᠭᠰᠢᠭᠦᠷᠢ ᠵᠢ ᠬᠤᠪᠢᠳᠠᠨ ᠡᠭᠦᠷᠭᠡᠯᠡᠬᠦ ᠬᠡᠯᠪᠡᠷᠢ ᠵᠢ ᠪᠦᠲᠦᠮᠵᠢᠲᠡᠶ ᠠᠰᠢᠭᠯᠠᠨ᠂ ᠡᠮᠴᠢ ᠪᠠ ᠡᠪᠡᠳᠴᠢᠲᠡᠨ ᠬᠣᠶᠠᠷ ᠲᠠᠯ᠎ᠠ ᠵᠢᠨ ᠬᠠᠤᠯᠢ ᠶᠣᠰᠣᠨ᠎ᠤ ᠡᠷᠬᠡ ᠠᠰᠢᠭ᠎ᠢ ᠪᠠᠲᠤᠯᠠᠨ᠎ᠠ᠃
ᠭᠤᠴᠢᠨ ᠳᠣᠯᠣᠳᠤᠭ᠋ᠠᠷ ᠵᠦᠢ᠍ᠯ ᠡᠮᠴᠢᠯᠡᠭᠡᠨ᠎ᠤ ᠬᠠᠷᠢᠭᠤᠴᠠᠯᠭ᠎ᠠ ᠵᠢᠨ ᠳᠠᠭ᠋ᠠᠳᠬᠠᠯ᠎ᠤᠨ ᠳᠠᠭ᠋ᠠᠳᠬᠠᠯ ᠬᠦᠯᠢᠶᠡᠭᠰᠡᠨ ᠪᠠᠢ᠌ᠭᠤᠯᠤᠮᠵᠢ ᠵᠢ ᠵᠣᠷᠢᠭᠵᠢᠭᠤᠯᠵᠤ ᠪᠠᠢ᠌ᠭ᠋ᠠᠳ ᠣᠯᠠᠨ ᠶᠠᠩᠵᠤ ᠵᠢᠨ ᠡᠮᠴᠢᠯᠡᠭᠡᠨ᠎ᠤ ᠬᠠᠷᠢᠭᠤᠴᠠᠯᠭ᠎ᠠ ᠵᠢᠨ ᠳᠠᠭ᠋ᠠᠳᠬᠠᠯ᠎ᠤᠨ ᠨᠡᠷᠡᠳᠬᠦᠨ᠎ᠢ ᠨᠡᠭᠡᠭᠡᠨ ᠰᠡᠳᠦᠬᠦ ᠵᠢᠨ ᠬᠠᠮᠲᠤ᠂ ᠣᠷᠣᠯᠭ᠎ᠠ ᠵᠠᠷᠤᠯᠭ᠎ᠠ ᠵᠢ ᠲᠡᠩᠴᠡᠭᠦᠷᠢᠰᠢᠭᠦᠯᠬᠦ᠂ ᠪᠡᠯᠡ᠎ᠪᠠᠨ ᠪᠠᠲᠤᠯᠠᠨ ᠪᠠᠭ᠎ᠠ ᠣᠯᠵᠠ ᠣᠯᠬᠤ ᠵᠠᠷᠴᠢᠮ ᠶᠣᠰᠣᠭ᠋ᠠᠷ᠂ ᠡᠮᠴᠢᠯᠡᠭᠡᠨ᠎ᠤ ᠬᠠᠷᠢᠭᠤᠴᠠᠯᠭ᠎ᠠ ᠵᠢᠨ ᠳᠠᠭ᠋ᠠᠳᠬᠠᠯ᠎ᠤᠨ ᠵᠠᠷᠤᠳᠠᠯ᠎ᠤᠨ ᠨᠣᠷᠮ᠎ᠠ ᠵᠢ ᠰᠢᠨᠵᠢᠯᠡᠬᠦ ᠤᠬᠠᠭ᠋ᠠᠨᠴᠢ ᠵᠦᠢ ᠵᠣᠬᠢᠰᠲᠠᠢ᠎ᠪᠠᠷ ᠴᠡᠭᠴᠡᠯᠡᠨ ᠲᠣᠭᠲᠠᠭ᠋ᠠᠨ᠎ᠠ᠃
ᠭᠤᠴᠢᠨ ᠨᠠᠢ᠍ᠮᠠᠳᠤᠭ᠋ᠠᠷ ᠵᠦᠢ᠍ᠯ ᠡᠮᠴᠢᠯᠡᠭᠡᠨ᠎ᠤ ᠪᠠᠢ᠌ᠭᠤᠯᠤᠮᠵᠢ᠎ᠨᠢ ᠡᠮᠴᠢᠯᠡᠭᠡᠨ᠎ᠤ ᠬᠠᠷᠢᠭᠤᠴᠠᠯᠭ᠎ᠠ ᠵᠢᠨ ᠳᠠᠭ᠋ᠠᠳᠬᠠᠯ᠎ᠳᠤ ᠣᠷᠣᠯᠴᠠᠭᠰᠠᠨ ᠪᠠᠢ᠌ᠪᠠᠯ ᠳᠠᠭ᠋ᠠᠳᠬᠠᠯ᠎ᠤᠨ ᠵᠠᠷᠤᠳᠠᠯ᠎ᠢ ᠲᠣᠭᠲᠠᠭ᠋ᠠᠯ ᠶᠣᠰᠣᠭ᠋ᠠᠷ ᠡᠮᠴᠢᠯᠡᠭᠡᠨ᠎ᠤ ᠥᠪᠡᠷ᠎ᠤᠨ ᠥᠷᠲᠡᠭ᠎ᠲᠤ ᠪᠣᠳᠣᠵᠤ ᠣᠷᠣᠭᠤᠯᠵᠤ ᠪᠣᠯᠣᠨ᠎ᠠ᠃ ᠡᠮᠴᠢᠯᠡᠭᠡᠨ᠎ᠤ ᠬᠠᠷᠢᠭᠤᠴᠠᠯᠭ᠎ᠠ ᠵᠢᠨ ᠳᠠᠭ᠋ᠠᠳᠬᠠᠯ᠎ᠳᠤ ᠣᠷᠣᠯᠴᠠᠭᠰᠠᠨ᠎ᠠᠴᠠ ᠪᠣᠯᠵᠤ ᠣᠳᠣ ᠵᠢᠨ ᠪᠠᠢ᠌ᠭ᠎ᠠ ᠡᠮᠴᠢᠯᠡᠭᠡᠨ᠎ᠤ ᠰᠦᠢ᠍ᠳᠬᠡᠯ ᠬᠤᠷᠢᠶᠠᠬᠤ ᠪᠠᠷᠢᠮᠵᠢᠶ᠎ᠠ ᠵᠢ ᠳᠡᠭᠡᠭᠰᠢᠯᠡᠭᠦᠯᠬᠦ ᠪᠤᠶᠤ ᠬᠡᠯᠪᠡᠷᠢ ᠵᠢ᠎ᠨᠢ ᠥᠭᠡᠷᠡᠲᠦᠭᠦᠯᠦᠨ ᠡᠪᠡᠳᠴᠢᠲᠡᠨ᠎ᠤ ᠳᠠᠷᠤᠭ᠋ᠠᠰᠤ ᠵᠢ ᠨᠡᠮᠡᠭᠳᠡᠭᠦᠯᠵᠦ ᠪᠣᠯᠬᠤ ᠦᠭᠡᠢ᠃
ᠭᠤᠴᠢ ᠶᠢᠰᠦᠳᠦᠭᠡᠷ ᠵᠦᠢ᠍ᠯ ᠡᠮᠴᠢᠯᠡᠭᠡᠨ᠎ᠤ ᠵᠠᠭᠤᠷᠠᠯᠳᠤᠭ᠋ᠠᠨ ᠭᠠᠷᠤᠭᠰᠠᠨ᠎ᠤ ᠳᠠᠷᠠᠭ᠎ᠠ᠂ ᠡᠮᠴᠢᠯᠡᠭᠡᠨ᠎ᠤ ᠪᠠᠢ᠌ᠭᠤᠯᠤᠮᠵᠢ᠎ᠨᠢ 《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠳᠠᠭ᠋ᠠᠳᠬᠠᠯ᠎ᠤᠨ ᠬᠠᠤᠯᠢ 》 ᠵᠢᠨ ᠬᠠᠮᠢᠶ᠎ᠠ ᠪᠦᠬᠦᠢ ᠲᠣᠭᠲᠠᠭ᠋ᠠᠯ ᠵᠢᠴᠢ ᠳᠠᠭ᠋ᠠᠳᠬᠠᠯ᠎ᠤᠨ ᠭᠡᠷ᠎ᠡ᠎ᠳᠤ ᠪᠣᠯᠵᠣᠨ ᠲᠣᠭᠲᠠᠭᠰᠠᠨ ᠶᠣᠰᠣᠭ᠋ᠠᠷ᠂ ᠡᠮᠴᠢᠯᠡᠭᠡᠨ᠎ᠤ ᠬᠠᠷᠢᠭᠤᠴᠠᠯᠭ᠎ᠠ ᠵᠢᠨ ᠳᠠᠭ᠋ᠠᠳᠬᠠᠯ᠎ᠤᠨ ᠳᠠᠭ᠋ᠠᠳᠬᠠᠯ ᠬᠦᠯᠢᠶᠡᠭᠰᠡᠨ ᠪᠠᠢ᠌ᠭᠤᠯᠤᠮᠵᠢ᠎ᠳᠤ ᠴᠠᠭ ᠲᠤᠬᠠᠢᠳᠤᠨᠢ ᠬᠡᠷᠡᠭ ᠮᠡᠳᠡᠭᠦᠯᠬᠦ ᠵᠢᠨ ᠬᠠᠮᠲᠤ ᠬᠣᠯᠪᠣᠭᠳᠠᠯ ᠪᠦᠬᠦᠢ ᠪᠠᠢ᠌ᠳᠠᠯ᠎ᠢ ᠦᠨᠡᠨ ᠪᠣᠳᠠᠲᠠᠢ ᠬᠠᠩᠭ᠋ᠠᠬᠤ ᠬᠡᠷᠡᠭᠲᠡᠢ᠃ ᠡᠮᠴᠢᠯᠡᠭᠡᠨ᠎ᠤ ᠬᠠᠷᠢᠭᠤᠴᠠᠯᠭ᠎ᠠ ᠵᠢᠨ ᠳᠠᠭ᠋ᠠᠳᠬᠠᠯ᠎ᠤᠨ ᠳᠠᠭ᠋ᠠᠳᠬᠠᠯ ᠬᠦᠯᠢᠶᠡᠭᠰᠡᠨ ᠪᠠᠢ᠌ᠭᠤᠯᠤᠮᠵᠢ᠎ᠨᠢ ᠡᠮᠴᠢᠯᠡᠭᠡᠨ᠎ᠤ ᠪᠠᠢ᠌ᠭᠤᠯᠤᠮᠵᠢ᠂ ᠡᠮᠴᠢᠯᠡᠭᠡᠨ᠎ᠤ ᠡᠶᠡᠳᠡᠭᠦᠯᠭᠡ ᠵᠢᠨ ᠺᠣᠮᠢᠰ ᠯᠤᠭ᠎ᠠ ᠵᠢᠨ ᠨᠡᠪᠲᠡᠷᠡᠯᠴᠡᠭᠡ ᠬᠠᠮᠵᠢᠯᠴᠠᠭ᠎ᠠ᠎ᠪᠠᠨ ᠴᠢᠩᠭ᠋ᠠᠳᠬᠠᠵᠤ᠂ ᠡᠮᠴᠢᠯᠡᠭᠡᠨ᠎ᠤ ᠵᠠᠭᠤᠷᠠᠯᠳᠤᠭ᠋ᠠᠨ᠎ᠢ ᠡᠶᠡᠳᠡᠭᠦᠯᠦᠨ ᠰᠢᠢ᠍ᠳᠪᠦᠷᠢᠯᠡᠬᠦ ᠪᠠ ᠲᠥᠯᠥᠬᠦ ᠲᠦᠷᠭᠡᠨ ᠮᠥᠷᠲᠡᠭᠡᠨ ᠪᠦᠲᠦᠮᠵᠢᠲᠡᠶ ᠲᠣᠭᠲᠠᠴᠠ ᠵᠢ ᠪᠠᠶ᠋ᠢᠭᠤᠯᠬᠤ ᠵᠢᠨ ᠬᠠᠮᠲᠤ ᠴᠠᠭ ᠲᠤᠬᠠᠢᠳᠤᠨᠢ ᠲᠥᠯᠥᠵᠦ ᠰᠢᠢ᠍ᠳᠪᠦᠷᠢᠯᠡᠬᠦ ᠬᠡᠷᠡᠭᠲᠡᠢ᠃
ᠳᠥᠴᠢᠳᠦᠭᠡᠷ ᠵᠦᠢ᠍ᠯ ᠡᠮᠴᠢᠯᠡᠭᠡᠨ᠎ᠤ ᠬᠠᠷᠢᠭᠤᠴᠠᠯᠭ᠎ᠠ ᠵᠢᠨ ᠳᠠᠭ᠋ᠠᠳᠬᠠᠯ᠎ᠤᠨ ᠳᠠᠭ᠋ᠠᠳᠬᠠᠯ ᠬᠦᠯᠢᠶᠡᠭᠰᠡᠨ ᠪᠠᠢ᠌ᠭᠤᠯᠤᠮᠵᠢ᠎ᠨᠢ ᠳᠠᠭ᠋ᠠᠳᠬᠠᠯ᠎ᠤᠨ ᠭᠡᠷ᠎ᠡ᠎ᠳᠤ ᠪᠣᠯᠵᠣᠨ ᠲᠣᠭᠲᠠᠭᠰᠠᠨ ᠶᠣᠰᠣᠭ᠋ᠠᠷ᠂ ᠳᠠᠭ᠋ᠠᠳᠬᠠᠯ᠎ᠤᠨ ᠭᠡᠷ᠎ᠡ᠎ᠳᠤ ᠪᠣᠯᠵᠣᠨ ᠲᠣᠭᠲᠠᠭᠰᠠᠨ ᠬᠠᠷᠢᠭᠤᠴᠠᠯᠭ᠎ᠠ ᠵᠢᠨ ᠬᠡᠪᠴᠢᠶᠡᠨ᠎ᠳᠤ᠎ᠪᠠᠨ ᠴᠠᠭ ᠲᠤᠬᠠᠢᠳᠤᠨᠢ᠂ ᠪᠣᠳᠠᠲᠤ ᠪᠠᠢ᠌ᠳᠠᠯ᠎ᠢ ᠦᠨᠳᠦᠰᠦᠯᠡᠨ᠂ ᠭᠦᠢ᠍ᠴᠡᠳ ᠲᠣᠭ᠎ᠠ᠎ᠪᠠᠷ ᠲᠥᠯᠥᠪᠦᠷᠢ ᠥᠭᠬᠦ ᠵᠢᠨ ᠬᠠᠮᠲᠤ ᠬᠠᠮᠢᠶ᠎ᠠ ᠪᠦᠬᠦᠢ ᠳᠠᠭ᠋ᠠᠳᠬᠠᠯ᠎ᠤᠨ ᠦᠢ᠍ᠯᠡᠴᠢᠯᠡᠭᠡ ᠬᠠᠩᠭ᠋ᠠᠬᠤ ᠬᠡᠷᠡᠭᠲᠡᠢ᠃ ᠳᠠᠭ᠋ᠠᠳᠬᠠᠯ ᠬᠦᠯᠢᠶᠡᠭᠰᠡᠨ ᠪᠠᠢ᠌ᠭᠤᠯᠤᠮᠵᠢ᠎ᠨᠢ ᠦᠢ᠍ᠯᠡᠴᠢᠯᠡᠭᠡᠨ᠎ᠤ ᠤᠬᠠᠮᠰᠠᠷ ᠵᠶ᠋ᠠᠨ ᠨᠡᠮᠡᠭᠳᠡᠭᠦᠯᠵᠦ᠂ ᠳᠠᠭ᠋ᠠᠳᠬᠠᠯ᠎ᠳᠤ ᠣᠷᠤᠯᠴᠠᠬᠤ᠂ ᠲᠥᠯᠥᠪᠦᠷᠢ ᠥᠭᠬᠦ ᠴᠤᠪᠤᠷᠠᠯ ᠵᠶ᠋ᠡᠨ ᠰᠢᠯᠢᠳᠡᠭᠵᠢᠭᠦᠯᠦᠨ᠂ ᠭᠠᠷᠳᠠᠮ ᠵᠶ᠋ᠡᠨ ᠳᠥᠭᠥᠮᠴᠢᠯᠡᠵᠦ᠂ ᠳᠠᠭ᠋ᠠᠳᠬᠠᠯ᠎ᠳᠤ ᠣᠷᠤᠯᠴᠠᠬᠤ ᠨᠢᠭᠡᠴᠢ᠎ᠳᠤ ᠳᠥᠭᠥᠮ ᠦᠵᠡᠭᠦᠯᠵᠦ᠂ ᠲᠥᠯᠥᠪᠦᠷᠢ ᠥᠭᠬᠦ ᠵᠢ ᠶᠣᠰᠣ ᠪᠤᠰᠤ᠎ᠪᠠᠷ ᠲᠡᠪᠴᠢᠵᠦ ᠪᠣᠯᠬᠤ ᠦᠭᠡᠢ᠃
ᠳᠥᠴᠢᠨ ᠨᠢᠭᠡᠳᠦᠭᠡᠷ ᠵᠦᠢ᠍ᠯ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠳᠠᠭ᠋ᠠᠳᠬᠠᠯ᠎ᠤᠨ ᠡᠵᠡᠩᠨᠡᠯᠲᠡ ᠵᠢᠨ ᠲᠤᠬᠠᠢ᠌ᠯᠠᠭᠰᠠᠨ ᠠᠵᠢᠯ᠎ᠢ ᠵᠢᠷᠤᠮᠵᠢᠭᠤᠯᠵᠤ᠂ ᠳᠠᠭ᠋ᠠᠳᠬᠠᠯ ᠬᠦᠯᠢᠶᠡᠭᠰᠡᠨ ᠪᠠᠢ᠌ᠭᠤᠯᠤᠮᠵᠢ ᠵᠢ ᠵᠢᠭ᠋ᠠᠨ ᠵᠢᠯᠤᠭᠣᠳᠴᠤ ᠪᠠᠢ᠌ᠭ᠋ᠠᠳ ᠳᠠᠭ᠋ᠠᠳᠬᠠᠯ᠎ᠤᠨ ᠲᠥᠯᠥᠪᠦᠷᠢ ᠥᠭᠬᠦ ᠪᠠ ᠠᠷᠠᠳ᠎ᠤᠨ ᠡᠶᠡᠳᠡᠭᠦᠯᠭᠡ ᠵᠢᠨ ᠠᠵᠢᠯ᠎ᠤᠨ ᠵᠣᠯᠭ᠋ᠠᠯᠴᠠᠭ᠎ᠠ ᠵᠢ ᠰᠠᠢ᠌ᠲᠤᠷ ᠬᠢᠯᠭᠡᠵᠦ᠂ ᠳᠠᠭ᠋ᠠᠳᠬᠠᠯ ᠬᠦᠯᠢᠶᠡᠭᠰᠡᠨ ᠪᠠᠢ᠌ᠭᠤᠯᠤᠮᠵᠢ ᠵᠢ ᠬᠥᠲᠥᠯᠥᠨ ᠵᠢᠯᠤᠭᠣᠳᠴᠤ ᠪᠠᠢ᠌ᠭ᠋ᠠᠳ ᠡᠮᠴᠢᠯᠡᠭᠡᠨ᠎ᠤ ᠬᠠᠷᠢᠭᠤᠴᠠᠯᠭ᠎ᠠ ᠵᠢᠨ ᠳᠠᠭ᠋ᠠᠳᠬᠠᠯ᠎ᠤᠨ ᠲᠤᠬᠠᠢ᠌ᠯᠠᠭᠰᠠᠨ ᠠᠵᠢᠯ᠎ᠤᠨ ᠬᠠᠮᠢᠶᠠᠷᠤᠯᠲᠠ ᠪᠠ ᠲᠦᠭᠰᠢᠭᠦᠷᠢ ᠵᠢᠨ ᠬᠠᠮᠢᠶᠠᠷᠤᠯᠲᠠ ᠡᠵᠡᠮᠳᠡᠯ᠎ᠢ ᠴᠢᠩᠭ᠋ᠠᠳᠬᠠᠬᠤ ᠬᠡᠷᠡᠭᠲᠡᠢ᠃
ᠲᠠᠪᠤᠳᠤᠭ᠋ᠠᠷ ᠪᠦᠯᠦᠭ ᠬᠢᠨᠠᠯᠲᠠ ᠲᠠᠯᠪᠢᠵᠤ ᠬᠠᠮᠢᠶᠠᠷᠬᠤ
ᠳᠥᠴᠢᠨ ᠬᠣᠶᠠᠳᠤᠭ᠋ᠠᠷ ᠵᠦᠢ᠍ᠯ ᠡᠯ᠎ᠡ ᠱᠠᠲᠤᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠡᠮᠴᠢᠯᠡᠭᠡᠨ᠎ᠤ ᠵᠠᠭᠤᠷᠠᠯᠳᠤᠭ᠋ᠠᠨ᠎ᠢ ᠰᠡᠷᠭᠡᠢ᠌ᠯᠡᠬᠦ ᠬᠢᠭᠡᠳ ᠰᠢᠢ᠍ᠳᠪᠦᠷᠢᠯᠡᠬᠦ ᠲᠠᠯ᠎ᠠ᠎ᠳᠠᠬᠢ ᠬᠢᠨᠠᠯᠲᠠ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠨ᠎ᠠ᠃
ᠳᠥᠴᠢᠨ ᠭᠤᠷᠪᠠᠳᠤᠭ᠋ᠠᠷ ᠵᠦᠢ᠍ᠯ ᠡᠯ᠎ᠡ ᠱᠠᠲᠤᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ᠂ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠡᠭᠦᠷᠭᠡ ᠬᠠᠷᠢᠭᠤᠴᠠᠯᠭ᠎ᠠ ᠵᠢᠨ ᠵᠶ᠋ᠡᠨ ᠶᠣᠰᠣᠭ᠋ᠠᠷ ᠡᠮᠴᠢᠯᠡᠭᠡᠨ᠎ᠤ ᠬᠣᠬᠢᠷᠠᠯ᠎ᠢ ᠰᠢᠯᠭ᠋ᠠᠨ ᠲᠣᠭᠲᠠᠭ᠋ᠠᠬᠤ ᠬᠢᠨᠠᠯᠲᠠ ᠬᠠᠮᠢᠶᠠᠷᠤᠯᠲᠠ ᠵᠢᠨ ᠡᠭᠦᠷᠭᠡ ᠴᠢᠳᠠᠪᠤᠷᠢ᠎ᠪᠠᠨ ᠭᠦᠢ᠍ᠴᠡᠳᠬᠡᠬᠦ ᠬᠡᠷᠡᠭᠲᠡᠢ᠃
ᠳᠥᠴᠢᠨ ᠳᠥᠷᠪᠡᠳᠦᠭᠡᠷ ᠵᠦᠢ᠍ᠯ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠳᠠᠭ᠋ᠠᠳᠬᠠᠯ᠎ᠤᠨ ᠪᠠᠢ᠌ᠭᠤᠯᠤᠮᠵᠢ ᠵᠢᠨ ᠡᠮᠴᠢᠯᠡᠭᠡᠨ᠎ᠤ ᠬᠠᠷᠢᠭᠤᠴᠠᠯᠭ᠎ᠠ ᠵᠢᠨ ᠳᠠᠭ᠋ᠠᠳᠬᠠᠯ ᠪᠠ ᠡᠮᠴᠢᠯᠡᠭᠡᠨ᠎ᠤ ᠰᠠᠨᠠᠭ᠋ᠠᠨ᠎ᠳᠤ ᠦᠭᠡᠢ ᠭᠡᠮᠲᠦᠯ᠎ᠤᠨ ᠳᠠᠭ᠋ᠠᠳᠬᠠᠯ ᠵᠡᠷᠭᠡ ᠲᠤᠬᠠᠢ᠌ᠯᠠᠭᠰᠠᠨ ᠠᠵᠢᠯ ᠥᠷᠨᠢᠭᠦᠯᠬᠦ᠎ᠳᠤ᠎ᠨᠢ ᠬᠠᠤᠯᠢ ᠶᠣᠰᠣᠭ᠋ᠠᠷ ᠬᠢᠨᠠᠯᠲᠠ ᠬᠠᠮᠢᠶᠠᠷᠤᠯᠲᠠ ᠬᠢᠬᠦ᠎ᠪᠠᠨ ᠴᠢᠩᠭ᠋ᠠᠳᠬᠠᠵᠤ᠂ ᠳᠠᠭ᠋ᠠᠳᠬᠠᠯ ᠬᠦᠯᠢᠶᠡᠬᠦ ᠵᠢᠴᠢ ᠲᠥᠯᠥᠪᠦᠷᠢ ᠥᠭᠬᠦ ᠠᠵᠢᠯ᠎ᠳᠠᠬᠢ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠬᠤ ᠬᠡᠷᠡᠭᠲᠡᠢ᠃
ᠳᠥᠴᠢᠨ ᠲᠠᠪᠤᠳᠤᠭ᠋ᠠᠷ ᠵᠦᠢ᠍ᠯ ᠬᠢᠨᠠᠯᠲᠠ ᠬᠠᠮᠢᠶᠠᠷᠤᠯᠲᠠ ᠵᠢᠨ ᠠᠵᠢᠯ᠎ᠳᠤ᠂ ᠡᠮᠨᠡᠯᠭᠡ ᠵᠢᠨ ᠬᠣᠷᠢᠶ᠎ᠠ᠎ᠨᠤᠭᠤᠳ᠎ᠤᠨ ᠨᠡᠢ᠌ᠭᠡᠮᠯᠢᠭ᠂ ᠡᠮᠴᠢ ᠨᠠᠷ᠎ᠤᠨ ᠨᠡᠢ᠌ᠭᠡᠮᠯᠢᠭ ᠵᠡᠷᠭᠡ ᠬᠣᠯᠪᠣᠭᠳᠠᠯ ᠪᠦᠬᠦᠢ ᠠᠵᠢᠯ ᠲᠥᠷᠥᠯ᠎ᠤᠨ ᠵᠣᠬᠢᠶᠠᠨ ᠪᠠᠢ᠌ᠭᠤᠯᠤᠯᠲᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠬᠤ ᠬᠡᠷᠡᠭᠲᠡᠢ᠃
ᠳᠥᠴᠢᠨ ᠵᠢᠷᠭᠤᠳᠤᠭ᠋ᠠᠷ ᠵᠦᠢ᠍ᠯ ᠡᠮᠴᠢᠯᠡᠭᠡᠨ᠎ᠤ ᠪᠠᠢ᠌ᠭᠤᠯᠤᠮᠵᠢ᠎ᠨᠤᠭᠤᠳ ᠡᠮᠴᠢᠯᠡᠭᠡᠨ᠎ᠤ ᠶᠠᠰᠤ ᠴᠢᠨᠠᠷ᠎ᠤᠨ ᠠᠮᠤᠷ ᠲᠦᠪᠰᠢᠨ ᠪᠠ ᠡᠮᠴᠢᠯᠡᠭᠡᠨ᠎ᠤ ᠮᠡᠷᠭᠡᠵᠢᠯ᠎ᠤᠨ ᠡᠮᠴᠢᠯᠡᠭᠡ ᠵᠢᠨ ᠬᠡᠷᠡᠭᠯᠡᠭᠡᠨ᠎ᠳᠠᠬᠢ ᠡᠳᠦᠷ ᠲᠤᠲᠤᠮ᠎ᠤᠨ ᠬᠠᠮᠢᠶᠠᠷᠤᠯᠲᠠ᠎ᠪᠠᠨ ᠴᠢᠩᠭ᠋ᠠᠳᠬᠠᠬᠤ ᠬᠡᠷᠡᠭᠲᠡᠢ᠃
ᠵᠢᠷᠭᠤᠳᠤᠭ᠋ᠠᠷ ᠪᠦᠯᠦᠭ ᠳᠠᠭ᠋ᠠᠯᠳᠤᠭᠤᠯᠤᠯ ᠳᠦᠷᠢᠮ
ᠳᠥᠴᠢᠨ ᠳᠣᠯᠣᠳᠤᠭ᠋ᠠᠷ ᠵᠦᠢ᠍ᠯ ᠬᠠᠤᠯᠢ ᠪᠤᠰᠤ᠎ᠪᠠᠷ ᠡᠮᠴᠢᠯᠡᠭᠰᠡᠨ᠎ᠠᠴᠠ ᠪᠣᠯᠤᠭᠰᠠᠨ ᠵᠠᠭᠤᠷᠠᠯᠳᠤᠭ᠋ᠠᠨ᠎ᠨᠢ ᠲᠤᠰ ᠠᠷᠭ᠎ᠠ᠎ᠳᠤ ᠬᠡᠯᠡᠵᠦ ᠪᠠᠢ᠌ᠭ᠎ᠠ ᠡᠮᠴᠢᠯᠡᠭᠡᠨ᠎ᠤ ᠵᠠᠭᠤᠷᠠᠯᠳᠤᠭ᠋ᠠᠨ᠎ᠳᠤ ᠪᠠᠭᠲᠠᠬᠤ ᠦᠭᠡᠢ᠂ ᠬᠣᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠶᠣᠰᠣᠭ᠋ᠠᠷ ᠰᠢᠢ᠍ᠳᠪᠦᠷᠢᠯᠡᠬᠦ ᠬᠡᠷᠡᠭᠲᠡᠢ᠃
ᠳᠥᠴᠢᠨ ᠨᠠᠢ᠍ᠮᠠᠳᠤᠭ᠋ᠠᠷ ᠵᠦᠢ᠍ᠯ ᠲᠣᠰ ᠠᠷᠭ᠎ᠠ ᠵᠢ ᠳᠠᠷᠤᠮᠠᠯᠯᠠᠨ ᠲᠠᠷᠬᠠᠭ᠋ᠠᠭᠰᠠᠨ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ
ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
2024 ᠣᠨ᠎ᠤ 10 ᠳ᠋ᠤᠭ᠋ᠠᠷ ᠰᠠᠷ᠎ᠠ ᠵᠢᠨ
16᠎ᠤ ᠡᠳᠦᠷ ᠳᠠᠷᠤᠮᠠᠯᠯᠠᠨ ᠲᠠᠷᠬᠠᠭ᠋ᠠᠪᠠ