ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠪᠢᠴᠢᠭ ᠮᠠᠲ᠋ᠧᠷᠢᠶᠠᠯ
【ᠳᠠᠮᠵᠢᠭᠤᠯᠤᠨ ᠶᠠᠪᠤᠭᠤᠯᠬᠤ】 (ᠣᠷᠳᠣ ᠬᠤᠭᠤᠴᠠᠭ᠋ᠠᠨ᠎ᠤ ᠰᠤᠪᠢᠯᠠᠯᠲᠠ ᠵᠢᠨ ᠳᠠᠭ᠋ᠠᠳᠬᠠᠯ᠎ᠤᠨ ᠲᠥᠷᠥ ᠵᠢᠨ ᠪᠣᠳᠣᠯᠭ᠎ᠠ ᠵᠢᠨ ᠬᠥᠮᠥᠷᠭᠡ ᠵᠢᠨ ᠬᠤᠶᠠᠷ) ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠠᠯᠪᠠᠨ ᠬᠡᠷ ᠠᠷᠠᠳ᠎ᠤᠨ ᠶᠠᠪᠤᠳᠠᠯ᠎ᠤᠨ ᠶᠠᠮᠤᠨ᠎ᠤ ᠠᠯᠪᠠᠨ ᠲᠢᠩᠬᠢᠮ 《ᠣᠷᠳᠣ ᠬᠤᠭᠤᠴᠠᠭ᠎ᠠ᠎ᠪᠠᠷ ᠰᠤᠪᠢᠯᠠᠬᠤ ᠴᠢᠳᠠᠪᠤᠷᠢ᠎ᠪᠠᠨ ᠠᠯᠳᠠᠭᠰᠠᠨ ᠳᠡᠰ᠎ᠢ ᠦᠨᠡᠯᠡᠨ ᠵᠢᠱ᠌ᠢᠬᠦ ᠪᠠᠷᠢᠮᠵᠢᠶ᠎ᠠ (ᠲᠤᠷᠰᠢᠨ ᠬᠡᠷᠡᠭᠵᠢᠭᠦᠯᠬᠦ)》 ᠵᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ
ᠨᠡᠶ᠋ᠢᠲᠡᠯᠡᠭᠰᠡᠨ ᠴᠠᠭ᠄ 2024-06-07

   ᠬᠡᠯᠬᠢᠶᠡᠰᠦᠨ ᠨᠣᠮᠧᠷ᠄ 11150000MB16442978/2024-03560

   ᠭᠣᠣᠯ ᠰᠡᠳᠦᠪ᠎ᠤᠨ ᠠᠩᠭᠢᠯᠠᠯ᠄  ᠡᠮᠴᠢᠯᠡᠭᠡᠨ᠎ᠤ ᠪᠠᠲᠤᠯᠠᠭ᠎ᠠ

   ᠨᠡᠢ᠌ᠲᠡᠯᠡᠭᠰᠡᠨ ᠪᠠᠶ᠋ᠢᠭᠤᠯᠤᠮᠵᠢ᠄  ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ

   ᠪᠢᠴᠢᠭ᠎ᠤᠨ ᠳ᠋ᠤᠭ᠋ᠠᠷᠲᠤ᠄  ᠡᠮᠴᠢᠯᠡᠭᠡ ᠪᠠᠲᠤᠯᠠᠭ᠎ᠠ ᠠᠯᠪᠠᠨ ᠲᠠᠷᠬᠠᠭ᠋ᠠᠭᠰᠠᠨ [2021] 37 ᠳ᠋ᠤᠭ᠋ᠠᠷ ᠲᠣᠭ᠋ᠠᠲᠤ

   ᠪᠢᠴᠢᠭᠳᠡᠭᠰᠡᠨ ᠡᠳᠦᠷ ᠬᠤᠭᠤᠴᠠᠭ᠎ᠠ᠄ 2021 - 07-16

   ᠠᠯᠪᠠᠨ ᠪᠢᠴᠢᠭ᠎ᠤᠨ ᠬᠦᠴᠦᠨ᠎ᠲᠠᠢ ᠬᠤᠭᠤᠴᠠᠭ᠎ᠠ᠄  ᠬᠦᠴᠦᠨ᠎ᠲᠠᠢ

 

ᠬᠤᠯᠪᠣᠭᠳᠠᠯ ᠪᠦᠬᠦᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠵᠢᠴᠢ ᠰᠢᠨᠵᠢᠶᠠᠩ᠎ᠤᠨ ᠦᠢ᠍ᠯᠡᠳᠪᠦᠷᠢᠯᠡᠯ ᠪᠦᠲᠦᠭᠡᠨ ᠪᠠᠶ᠋ᠢᠭᠤᠯᠤᠯᠲᠠ ᠵᠢᠨ ᠪᠢᠩᠲ᠋ᠤᠸᠠᠨ᠎ᠤ ᠡᠮᠴᠢᠯᠡᠭᠡᠨ᠎ᠤ ᠪᠠᠳᠤᠯᠠᠭ᠎ᠠ ᠵᠢᠨ ᠲᠣᠪᠴᠢᠶ᠎ᠠ᠂ ᠠᠷᠠᠳ᠎ᠤᠨ ᠶᠠᠪᠤᠳᠠᠯ᠎ᠤᠨ ᠲᠢᠩᠬᠢᠮ (ᠲᠣᠪᠴᠢᠶ᠎ᠠ)᠎ᠳᠤ᠄

  《ᠤᠷᠲᠤ ᠬᠤᠭᠤᠴᠠᠭ᠋ᠠᠨ᠎ᠤ ᠰᠤᠪᠢᠯᠠᠯᠲᠠ ᠵᠢᠨ ᠳᠠᠭ᠋ᠠᠳᠬᠠᠯ᠎ᠤᠨ ᠲᠦᠷᠢᠮ᠎ᠤᠨ ᠲᠤᠷᠰᠢᠯᠲᠠ ᠵᠢᠨ ᠴᠡᠭ᠎ᠢ ᠥᠷᠭᠡᠳᠬᠡᠬᠦ ᠲᠤᠬᠠᠶ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠡᠳ᠋᠎ᠤᠨ ᠵᠠᠰᠠᠭ᠎ᠤᠨ ᠶᠠᠮᠤᠨ᠎ᠤ ᠵᠢᠯᠣᠭᠤᠳᠬᠤ ᠰᠠᠨᠠᠯ》 (ᠡᠮᠴᠢᠯᠡᠭᠡ ᠪᠠᠲᠤᠯᠠᠭ᠎ᠠ ᠲᠠᠷᠬᠠᠭ᠋ᠠᠭᠰᠠᠨ [2020] 37 ᠳ᠋ᠤᠭ᠋ᠠᠷ ᠲᠣᠭ᠋ᠠᠲᠤ᠂ ᠳᠣᠷᠣᠭᠰᠢ 《37 ᠳ᠋ᠤᠭ᠋ᠠᠷ ᠲᠣᠭ᠋ᠠᠲᠤ ᠪᠢᠴᠢᠭ ᠮᠠᠲ᠋ᠧᠷᠢᠶᠠᠯ》 ᠭᠡᠵᠦ ᠲᠣᠪᠴᠢᠯᠠᠨ᠎ᠠ)᠎ᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠣᠷᠳᠣ ᠬᠤᠭᠤᠴᠠᠭ᠋ᠠᠨ᠎ᠤ ᠰᠤᠪᠢᠯᠠᠯᠲᠠ ᠵᠢᠨ ᠳᠠᠭ᠋ᠠᠳᠬᠠᠯ᠎ᠤᠨ ᠲᠦᠷᠢᠮ᠎ᠤᠨ ᠲᠤᠷᠰᠢᠯᠲᠠ ᠵᠢᠨ ᠴᠡᠭ᠎ᠢ ᠯᠠᠪᠳᠠᠭᠤᠨ ᠵᠶ᠋ᠠᠷ ᠠᠬᠢᠭᠤᠯᠵᠤ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠰᠢᠰᠲ᠋ᠧᠮ᠎ᠤᠨ ᠪᠠᠶ᠋ᠢᠭᠤᠯᠤᠯᠲᠠ ᠵᠢ ᠬᠠᠮᠵᠢᠯᠴᠠᠨ ᠠᠬᠢᠭᠤᠯᠬᠤ ᠵᠢᠨ ᠲᠥᠯᠥᠭᠡ᠂ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠎ᠠᠴᠠ ᠠᠷᠠᠳ᠎ᠤᠨ ᠶᠠᠪᠤᠳᠠᠯ᠎ᠤᠨ ᠶᠠᠮᠤᠨ᠎ᠲᠠᠢ ᠬᠠᠮᠲᠤᠷᠠᠨ 《ᠣᠷᠳᠣ ᠬᠤᠭᠤᠴᠠᠭ᠎ᠠ᠎ᠪᠠᠷ ᠰᠤᠪᠢᠯᠠᠬᠤ ᠴᠢᠳᠠᠪᠤᠷᠢ᠎ᠪᠠᠨ ᠠᠯᠳᠠᠭᠰᠠᠨ ᠳᠡᠰ᠎ᠢ ᠦᠨᠡᠯᠡᠨ ᠵᠢᠱ᠌ᠢᠬᠦ ᠪᠠᠷᠢᠮᠵᠢᠶ᠎ᠠ (ᠲᠤᠷᠰᠢᠨ ᠬᠡᠷᠡᠭᠵᠢᠭᠦᠯᠬᠦ)》 (ᠳᠣᠷᠣᠭᠰᠢ 《ᠦᠨᠡᠯᠡᠨ ᠵᠢᠱ᠌ᠢᠬᠦ ᠪᠠᠷᠢᠮᠵᠢᠶ᠎ᠠ (ᠲᠤᠷᠰᠢᠨ ᠬᠡᠷᠡᠭᠵᠢᠭᠦᠯᠬᠦ)》 ᠭᠡᠵᠦ ᠲᠣᠪᠴᠢᠯᠠᠨ᠎ᠠ) ᠵᠢ ᠨᠠᠶ᠋ᠢᠷᠠᠭᠤᠯᠤᠨ ᠵᠣᠬᠢᠶᠠᠵᠤ᠂ ᠡᠳᠦᠭᠡ ᠲᠠᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠱᠠᠭ᠋ᠠᠷᠳᠠᠯᠭ᠎ᠠ ᠶᠣᠰᠣᠭ᠋ᠠᠷ ᠣᠷᠳᠣ ᠬᠤᠭᠤᠴᠠᠭ᠋ᠠᠨ᠎ᠤ ᠰᠤᠪᠢᠯᠠᠯᠲᠠ ᠵᠢᠨ ᠳᠠᠭ᠋ᠠᠳᠬᠠᠯ᠎ᠤᠨ ᠲᠦᠷᠢᠮ᠎ᠤᠨ ᠲᠤᠷᠰᠢᠯᠲᠠ ᠵᠢᠨ ᠬᠤᠲᠠ ᠵᠢ ᠵᠢᠯᠣᠭᠤᠳᠤᠨ ᠲᠤᠷᠰᠢᠨ ᠬᠡᠷᠡᠭᠵᠢᠭᠦᠯᠬᠦ ᠠᠵᠢᠯ᠎ᠢ ᠰᠠᠶ᠋ᠢᠲᠤᠷ ᠬᠢᠬᠦ ᠬᠡᠷᠡᠭᠲᠡᠶ᠃

   ᠡᠯ᠎ᠡ ᠲᠤᠷᠰᠢᠯᠲᠠ ᠵᠢᠨ ᠭᠠᠵᠠᠷ ᠣᠷᠣᠨ᠎ᠨᠢ ᠪᠠᠷᠢᠮᠵᠢᠶ᠎ᠠ ᠵᠢᠨ ᠨᠢᠭᠡᠳᠦᠯᠲᠡᠶ ᠴᠢᠨᠠᠷ᠂ ᠣᠯᠭᠤᠮᠵᠢ ᠵᠢᠨ ᠲᠡᠩᠴᠡᠭᠦᠷᠢᠲᠦ ᠴᠢᠨᠠᠷ᠂ ᠲᠦᠷᠢᠮ᠎ᠤᠨ ᠲᠥᠪ ᠭᠤᠤᠯᠴᠢ ᠴᠢᠨᠠᠷ᠎ᠢ ᠠᠬᠢᠭᠤᠯᠬᠤ ᠲᠠᠯ᠎ᠠ᠎ᠪᠠᠷ ᠣᠷᠳᠣ ᠬᠤᠭᠤᠴᠠᠭ᠎ᠠ᠎ᠪᠠᠷ ᠰᠤᠪᠢᠯᠠᠬᠤ ᠴᠢᠳᠠᠪᠤᠷᠢ᠎ᠪᠠᠨ ᠠᠯᠳᠠᠭᠰᠠᠨ ᠳᠡᠰ᠎ᠢ  ᠦᠨᠡᠯᠡᠨ ᠵᠢᠱ᠌ᠢᠬᠦ ᠠᠵᠢᠯ᠎ᠢ ᠨᠢᠭᠡᠳᠦᠯᠲᠡᠶ ᠵᠢᠷᠤᠮᠵᠢᠭᠤᠯᠬᠤ ᠵᠢᠨ ᠴᠢᠬᠤᠯᠠ ᠴᠢᠨᠠᠷ᠎ᠢ ᠭᠦᠢ᠍ᠴᠡᠳ ᠲᠠᠨᠢᠵᠤ᠂ 《ᠦᠨᠡᠯᠡᠨ ᠵᠢᠱ᠌ᠢᠬᠦ ᠪᠠᠷᠢᠮᠵᠢᠶ᠎ᠠ (ᠲᠤᠷᠰᠢᠨ ᠬᠡᠷᠡᠭᠵᠢᠭᠦᠯᠬᠦ)》 ᠵᠢ ᠬᠡᠷᠡᠭᠵᠢᠭᠦᠯᠵᠦ ᠬᠡᠷᠡᠭᠯᠡᠬᠦ ᠵᠢ ᠴᠢᠩᠭ᠋ᠠᠳᠬᠠᠬᠤ ᠬᠡᠷᠡᠭᠲᠡᠶ᠃ 37 ᠳ᠋ᠤᠭ᠋ᠠᠷ ᠲᠣᠭ᠋ᠠᠲᠤ ᠪᠢᠴᠢᠭ ᠮᠠᠲ᠋ᠧᠷᠢᠶᠠᠯ᠎ᠳᠤ ᠲᠣᠳᠣᠷᠬᠠᠶ᠋ᠢᠯᠠᠭᠰᠠᠨ ᠰᠢᠨ᠎ᠡ᠎ᠪᠠᠷ ᠨᠡᠮᠡᠭᠳᠡᠭᠰᠡᠨ 14 ᠲᠤᠷᠰᠢᠯᠲᠠ ᠵᠢᠨ ᠬᠤᠲᠠ᠎ᠨᠤᠭᠤᠳ 《ᠦᠨᠡᠯᠡᠨ ᠵᠢᠱ᠌ᠢᠬᠦ ᠪᠠᠷᠢᠮᠵᠢᠶ᠎ᠠ (ᠲᠤᠷᠰᠢᠨ ᠬᠡᠷᠡᠭᠵᠢᠭᠦᠯᠬᠦ)》᠎ᠪᠠᠷ ᠯᠠᠪᠯᠠᠯᠲᠠ ᠪᠣᠯᠭ᠋ᠠᠨ ᠬᠡᠷᠡᠭᠵᠢᠭᠦᠯᠵᠦ᠂ ᠤᠤᠯ᠎ᠤᠨ ᠲᠤᠷᠰᠢᠯᠲᠠ ᠵᠢᠨ ᠬᠤᠲᠠ᠎ᠨᠢ ᠣᠷᠣᠨ ᠨᠤᠲᠤᠭ᠎ᠤᠨ ᠪᠠᠷᠢᠮᠵᠢᠶ᠎ᠠ᠎ᠪᠠᠷ ᠯᠠᠪᠯᠠᠯᠲᠠ ᠪᠣᠯᠭ᠋ᠠᠨ ᠲᠡᠭᠦᠯᠳᠡᠷᠵᠢᠭᠦᠯᠵᠦ᠂ ᠵᠠᠷᠴᠢᠮ ᠳᠡᠭᠡᠷ᠎ᠡ᠎ᠪᠠᠨ ᠲᠣᠰ ᠮᠡᠳᠡᠭᠳᠡᠯ᠎ᠢ ᠳᠠᠷᠤᠮᠠᠯᠯᠠᠨ ᠲᠠᠷᠬᠠᠭ᠋ᠠᠭᠰᠠᠨ ᠡᠳᠦᠷ᠎ᠠᠴᠠ ᠡᠬᠢᠯᠡᠨ ᠬᠤᠶᠠᠷ ᠵᠢᠯ᠎ᠤᠨ ᠳᠣᠲᠣᠷ᠎ᠠ 《ᠦᠨᠡᠯᠡᠨ ᠵᠢᠱ᠌ᠢᠬᠦ ᠪᠠᠷᠢᠮᠵᠢᠶ᠎ᠠ (ᠲᠤᠷᠰᠢᠨ ᠬᠡᠷᠡᠭᠵᠢᠭᠦᠯᠬᠦ)》 ᠳᠡᠭᠡᠷ᠎ᠡ ᠨᠢᠭᠡᠳᠦᠯᠲᠡᠶ ᠪᠣᠯᠭ᠋ᠠᠨ᠎ᠠ᠃ ᠲᠤᠷᠰᠢᠯᠲᠠ ᠵᠢᠨ ᠬᠣᠲᠠ᠎ᠨᠤᠭᠤᠳ᠎ᠨᠢ ᠲᠤᠷᠰᠢᠯᠲᠠ ᠵᠢᠨ ᠪᠣᠳᠠᠲᠤ ᠪᠠᠶ᠋ᠢᠳᠠᠯ ᠵᠶ᠋ᠠᠨ ᠦᠨᠳᠦᠰᠦᠯᠡᠨ᠂ 《ᠦᠨᠡᠯᠡᠨ ᠵᠢᠱ᠌ᠢᠬᠦ ᠪᠠᠷᠢᠮᠵᠢᠶ᠎ᠠ (ᠲᠤᠷᠰᠢᠨ ᠬᠡᠷᠡᠭᠵᠢᠭᠦᠯᠬᠦ)》 ᠵᠢ ᠨᠠᠷᠢᠯᠢᠭᠵᠢᠭᠤᠯᠤᠨ ᠲᠡᠭᠦᠯᠳᠡᠷᠵᠢᠭᠦᠯᠵᠦ ᠪᠣᠯᠤᠨ᠎ᠠ᠃

   ᠲᠣᠷᠰᠢᠯᠲᠠ ᠵᠢᠨ ᠴᠡᠭ᠎ᠤᠨ ᠭᠠᠵᠠᠷ ᠣᠷᠣᠨ᠎ᠤ ᠡᠯ᠎ᠡ ᠱᠠᠲᠤᠨ᠎ᠤ ᠡᠮᠴᠢᠯᠡᠭᠡᠨ᠎ᠤ ᠪᠠᠲᠤᠯᠠᠭ᠎ᠠ ᠵᠢᠨ ᠰᠠᠯᠠᠭ᠎ᠠ ᠮᠦᠴᠢᠷ ᠪᠣᠯᠣᠨ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠎ᠤᠳ ᠬᠠᠮᠵᠢᠯᠴᠠᠬᠤ ᠲᠣᠭᠲᠠᠴᠠ ᠵᠢ ᠪᠠᠶ᠋ᠢᠭᠤᠯᠵᠤ᠂ ᠵᠣᠬᠢᠴᠠᠭᠤᠯᠤᠨ ᠬᠠᠮᠵᠢᠯᠴᠠᠬᠤ᠎ᠪᠠᠨ ᠴᠢᠩᠭ᠋ᠠᠳᠬᠠᠬᠤ ᠬᠡᠷᠡᠭᠲᠡᠢ᠃ ᠦᠨᠡᠯᠡᠨ ᠵᠢᠱ᠌ᠢᠭᠰᠡᠨ ᠦᠷ᠎ᠡ ᠳ᠋ᠦᠩ᠎ᠢ ᠰᠠᠯᠠᠭ᠎ᠠ ᠮᠥᠴᠢᠷ ᠠᠯᠤᠰᠯᠠᠨ ᠬᠠᠷᠢᠯᠴᠠᠨ ᠮᠡᠳᠡᠷᠡᠬᠦ ᠲᠣᠭᠲᠠᠴᠠ ᠵᠢ ᠰᠦᠪᠡᠭᠴᠢᠯᠡᠨ ᠪᠠᠶ᠋ᠢᠭᠤᠯᠵᠤ᠂ ᠡᠮᠴᠢᠯᠡᠭᠡᠨ᠎ᠤ ᠪᠠᠲᠤᠯᠠᠭ᠎ᠠ ᠵᠢᠨ ᠰᠠᠯᠠᠭ᠎ᠠ ᠮᠥᠴᠢᠷ᠎ᠤᠨ ᠦᠨᠡᠯᠡᠨ ᠵᠢᠱ᠌ᠢᠭᠰᠡᠨ ᠣᠷᠳᠣ ᠬᠤᠭᠤᠴᠠᠭ᠋ᠠᠨ᠎ᠤ ᠰᠤᠪᠢᠯᠠᠯᠲᠠ ᠵᠢᠨ ᠳᠠᠭ᠋ᠠᠳᠬᠠᠯ᠎ᠤᠨ ᠣᠯᠭᠤᠮᠵᠢ ᠭᠥᠷᠳᠡᠬᠦ ᠨᠥᠬᠦᠴᠡᠯ᠎ᠳᠤ ᠨᠡᠶ᠋ᠢᠴᠡᠬᠦ ᠴᠢᠳᠠᠪᠤᠷᠢ᠎ᠪᠠᠨ ᠠᠯᠳᠠᠭᠰᠠᠨ ᠨᠠᠰᠤᠲᠠᠶ᠋ᠢᠴᠤᠳ᠎ᠲᠤ᠂ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠠᠴᠠ ᠰᠤᠪᠢᠯᠠᠯᠲᠠ ᠵᠢᠨ ᠨᠥᠬᠦᠪᠥᠷᠢ ᠣᠯᠭᠤᠬᠤ᠂ ᠨᠠᠰᠤᠵᠢᠯ᠎ᠤᠨ ᠠᠰᠠᠷᠠᠮᠵᠢ ᠵᠢᠨ ᠪᠠᠶ᠋ᠢᠭᠤᠯᠤᠮᠵᠢ ᠵᠢ ᠵᠢᠯᠣᠭᠤᠳᠤᠨ ᠡᠮᠨᠡᠯᠭᠡ᠎ᠳᠤ ᠣᠷᠣᠵᠤ ᠦᠨᠡᠯᠡᠨ ᠵᠢᠱ᠌ᠢᠬᠦ ᠦᠶ᠎ᠡ᠎ᠳᠤ᠂ ᠡᠮᠴᠢᠯᠡᠭᠡᠨ᠎ᠤ ᠪᠠᠲᠤᠯᠠᠭ᠎ᠠ ᠵᠢᠨ ᠰᠠᠯᠠᠭ᠎ᠠ ᠮᠥᠴᠢᠷ᠎ᠤᠨ ᠦᠨᠡᠯᠡᠨ ᠲᠣᠭᠲᠠᠭ᠋ᠠᠭᠰᠠᠨ ᠦᠷ᠎ᠡ ᠳ᠋ᠦᠩ᠎ᠢ ᠢᠲᠡᠭᠡᠮᠵᠢᠯᠡᠬᠦ ᠵᠢ ᠬᠠᠶ᠋ᠢᠨ ᠰᠦᠪᠡᠭᠴᠢᠯᠡᠨ᠎ᠡ᠃ ᠦᠨᠡᠯᠡᠨ ᠵᠢᠱ᠌ᠢᠬᠦ ᠳ᠋ᠠᠶ᠋ᠢᠲ᠋ᠠ ᠵᠢ ᠬᠠᠮᠲᠤ᠎ᠳᠤ᠎ᠪᠠᠨ ᠬᠦᠷᠲᠡᠬᠦ ᠲᠣᠭᠲᠠᠴᠠ ᠵᠢ ᠰᠦᠪᠡᠭᠴᠢᠯᠡᠨ ᠪᠠᠶ᠋ᠢᠭᠤᠯᠵᠤ᠂ ᠦᠨᠡᠯᠡᠨ ᠵᠢᠱ᠌ᠢᠬᠦ ᠡᠲᠡᠭᠡᠳ᠎ᠤᠨ ᠬᠤᠪᠢ ᠬᠥᠮᠥᠨ᠎ᠤ ᠮᠡᠳᠡᠭᠡ ᠵᠠᠩᠭᠢ ᠵᠡᠷᠭᠡ ᠳ᠋ᠠᠶ᠋ᠢᠲ᠋ᠠ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠭᠰᠠᠨ ᠤᠷᠢᠳᠠᠯ ᠳᠣᠣᠷ᠎ᠠ᠂ ᠲᠣᠭᠲᠠᠮᠠᠯ ᠬᠤᠭᠤᠴᠠᠭ᠎ᠠ᠎ᠲᠠᠢ᠎ᠪᠠᠷ ᠨᠡᠪᠲᠡᠷᠡᠯᠴᠡᠨ ᠲᠣᠬᠢᠷᠠᠭᠤᠯᠵᠤ᠂ ᠦᠨᠡᠯᠡᠨ ᠵᠢᠱ᠌ᠢᠬᠦ ᠳ᠋ᠠᠶ᠋ᠢᠲ᠋ᠠ ᠵᠢ ᠬᠠᠮᠲᠤ᠎ᠳᠤ᠎ᠪᠠᠨ ᠬᠦᠷᠲᠡᠬᠦ ᠵᠢ ᠪᠡᠶᠡᠯᠡᠭᠦᠯᠦᠨ᠎ᠡ᠃ ᠦᠨᠡᠯᠡᠨ ᠵᠢᠱ᠌ᠢᠭᠰᠡᠨ ᠦᠷ᠎ᠡ ᠪᠦᠲᠦᠮᠵᠢ ᠵᠢᠨ ᠦᠨᠡᠯᠡᠬᠦ ᠲᠣᠭᠲᠠᠴᠠ ᠵᠢ ᠬᠠᠮᠵᠢᠯᠴᠠᠨ ᠰᠦᠪᠡᠭᠴᠢᠯᠡᠨ ᠪᠠᠶ᠋ᠢᠭᠤᠯᠵᠤ᠂ ᠰᠢᠨ᠎ᠡ ᠪᠠᠶ᠋ᠢᠳᠠᠯ ᠰᠢᠨ᠎ᠡ ᠠᠰᠠᠭᠤᠳᠠᠯ᠎ᠢ ᠰᠤᠳᠤᠯᠵᠤ᠂ ᠰᠠᠶ᠋ᠢᠨ ᠲᠤᠷᠰᠢᠯᠭ᠎ᠠ ᠰᠠᠶ᠋ᠢᠨ ᠠᠷᠭ᠎ᠠ ᠬᠢᠳᠡᠯ᠎ᠢ ᠳ᠋ᠦᠩᠨᠡᠵᠦ᠂ ᠦᠨᠡᠯᠡᠨ ᠵᠢᠱ᠌ᠢᠬᠦ ᠳᠤᠮᠳᠠ ᠲᠤᠯᠭ᠋ᠠᠷᠠᠭᠰᠠᠨ ᠬᠦᠴᠢᠷᠳᠡᠯ ᠪᠠ ᠠᠰᠠᠭᠤᠳᠠᠯ᠎ᠢ ᠴᠠᠭ ᠲᠤᠬᠠᠶ᠎ᠳᠤᠨᠢ ᠬᠠᠷᠢᠭᠤ ᠲᠤᠰᠬᠠᠨ᠎ᠠ᠃

   ᠣᠨᠴᠠᠭ᠋ᠠᠶ᠋ᠢᠯᠠᠨ ᠮᠡᠳᠡᠭᠳᠡᠪᠡ᠃

   ᠤᠯᠤᠰ᠎ᠤᠨ ᠡᠮᠴᠢᠯᠡᠭᠡᠨ᠎ᠤ ᠪᠠᠳᠤᠯᠠᠭ᠎ᠠ ᠵᠢᠨ ᠲᠤᠪᠴᠢᠶ᠎ᠠ ᠵᠢᠨ ᠠᠯᠪᠠᠨ ᠭᠡᠷ

   ᠠᠷᠠᠳ᠎ᠤᠨ ᠶᠠᠪᠤᠳᠠᠯ᠎ᠤᠨ ᠶᠠᠮᠤᠨ᠎ᠤ ᠠᠯᠪᠠᠨ ᠲᠢᠩᠬᠢᠮ

  2021 ᠣᠨ᠎ᠤ 7 ᠳ᠋ᠤᠭ᠋ᠠᠷ ᠰᠠᠷ᠎ᠠ ᠵᠢᠨ 16᠎ᠤ ᠡᠳᠦᠷ

   ᠳᠠᠭ᠋ᠠᠯᠳᠤᠭᠤᠯᠤᠯ᠄ ᠤᠷᠲᠤ ᠬᠤᠭᠤᠴᠠᠭ᠎ᠠ᠎ᠪᠠᠷ ᠰᠤᠪᠢᠯᠠᠬᠤ ᠴᠢᠳᠠᠪᠤᠷᠢ᠎ᠪᠠᠨ ᠠᠯᠳᠠᠭᠰᠠᠨ ᠳᠡᠰ᠎ᠢ ᠦᠨᠡᠯᠡᠨ ᠵᠢᠱ᠌ᠢᠬᠦ ᠪᠠᠷᠢᠮᠵᠢᠶ᠎ᠠ (ᠲᠤᠷᠰᠢᠨ ᠬᠡᠷᠡᠭᠵᠢᠭᠦᠯᠬᠦ)   

 

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
【ᠳᠠᠮᠵᠢᠭᠤᠯᠤᠨ ᠶᠠᠪᠤᠭᠤᠯᠬᠤ】 (ᠣᠷᠳᠣ ᠬᠤᠭᠤᠴᠠᠭ᠋ᠠᠨ᠎ᠤ ᠰᠤᠪᠢᠯᠠᠯᠲᠠ ᠵᠢᠨ ᠳᠠᠭ᠋ᠠᠳᠬᠠᠯ᠎ᠤᠨ ᠲᠥᠷᠥ ᠵᠢᠨ ᠪᠣᠳᠣᠯᠭ᠎ᠠ ᠵᠢᠨ ᠬᠥᠮᠥᠷᠭᠡ ᠵᠢᠨ ᠳᠥᠷᠪᠡ) ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ᠎ᠤ ᠠᠯᠪᠠᠨ ᠲᠢᠩᠬᠢᠮ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠠᠯᠪᠠᠨ ᠬᠡᠷ᠎ᠠᠴᠠ ᠡᠷᠡᠭᠦᠯ ᠮᠡᠨᠳᠦ ᠵᠢᠨ ᠬᠠᠷᠠᠭ᠋ᠠᠯᠵᠠᠨ ᠠᠰᠠᠷᠠᠭᠴᠢ (ᠣᠷᠳᠣ ᠬᠤᠭᠤᠴᠠᠭ᠋ᠠᠨ᠎ᠤ ᠬᠠᠷᠠᠭ᠋ᠠᠯᠵᠠᠨ ᠠᠰᠠᠷᠠᠭᠴᠢ) ᠵᠢᠨ ᠤᠯᠤᠰ᠎ᠤᠨ ᠠᠵᠢᠯ ᠮᠡᠷᠭᠡᠵᠢᠯ᠎ᠤᠨ ᠪᠠᠷᠢᠮᠵᠢᠶ᠎ᠠ ᠵᠢ ᠨᠡᠢ᠌ᠲᠡᠯᠡᠬᠦ ᠲᠤᠬᠠᠢ ᠮᠡᠳᠡᠭᠳᠡᠯ
【ᠳᠠᠮᠵᠢᠭᠤᠯᠤᠨ ᠶᠠᠪᠤᠭᠤᠯᠬᠤ】(ᠣᠷᠳᠣ ᠬᠤᠭᠤᠴᠠᠭ᠋ᠠᠨ᠎ᠤ ᠰᠤᠪᠢᠯᠠᠯᠲᠠ ᠵᠢᠨ ᠳᠠᠭ᠋ᠠᠳᠬᠠᠯ᠎ᠤᠨ ᠲᠥᠷᠥ ᠵᠢᠨ ᠪᠣᠳᠣᠯᠭ᠎ᠠ ᠵᠢᠨ ᠬᠥᠮᠥᠷᠭᠡ ᠵᠢᠨ ᠨᠢᠭᠡ) ᠤᠷᠲᠤ ᠬᠤᠭᠤᠴᠠᠭ᠋ᠠᠨ᠎ᠤ ᠰᠤᠪᠢᠯᠠᠯᠲᠠ ᠵᠢᠨ ᠳᠠᠭ᠋ᠠᠳᠬᠠᠯ᠎ᠤᠨ ᠲᠦᠷᠢᠮ᠎ᠤᠨ ᠲᠤᠷᠰᠢᠯᠲᠠ ᠵᠢ ᠥᠷᠭᠡᠳᠬᠡᠬᠦ ᠲᠤᠬᠠᠶ ᠤᠯᠤᠰ᠎ᠤᠨ ᠡᠮᠴᠢᠯᠡᠭᠡᠨ᠎ᠤ ᠪᠠᠳᠤᠯᠠᠭ᠎ᠠ ᠵᠢᠨ ᠲᠣᠪᠴᠢᠶ᠎ᠠ ᠡᠳ᠋᠎ᠤᠨ ᠵᠠᠰᠠᠭ᠎ᠤᠨ ᠶᠠᠮᠤᠨ᠎ᠤ ᠵᠢᠯᠣᠭᠤᠳᠬᠤ ᠰᠠᠨᠠᠯ
【ᠳᠠᠮᠵᠢᠭᠤᠯᠤᠨ ᠶᠠᠪᠤᠭᠤᠯᠬᠤ】(ᠣᠷᠳᠣ ᠬᠤᠭᠤᠴᠠᠭ᠋ᠠᠨ᠎ᠤ ᠰᠤᠪᠢᠯᠠᠯᠲᠠ ᠵᠢᠨ ᠳᠠᠭ᠋ᠠᠳᠬᠠᠯ᠎ᠤᠨ ᠲᠥᠷᠥ ᠵᠢᠨ ᠪᠣᠳᠣᠯᠭ᠎ᠠ ᠵᠢᠨ ᠬᠥᠮᠥᠷᠭᠡ ᠵᠢᠨ ᠭᠤᠷᠪᠠ) 《ᠣᠷᠳᠣ ᠬᠤᠭᠤᠴᠠᠭ᠋ᠠᠨ᠎ᠤ ᠰᠤᠪᠢᠯᠠᠯᠲᠠ ᠵᠢᠨ ᠳᠠᠭ᠋ᠠᠳᠬᠠᠯ᠎ᠤᠨ ᠴᠢᠳᠠᠪᠤᠷᠢ᠎ᠪᠠᠨ ᠠᠯᠳᠠᠭᠰᠠᠨ ᠳᠡᠰ᠎ᠢ ᠦᠨᠡᠯᠡᠨ ᠵᠢᠱ᠌ᠢᠬᠦ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》 ᠵᠢ ᠳᠠᠷᠤᠮᠠᠯᠯᠠᠨ ᠲᠠᠷᠬᠠᠭ᠋ᠠᠬᠤ ᠲᠤᠬᠠᠢ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠡᠳ᠋᠎ᠤᠨ ᠵᠠᠰᠠᠭ᠎ᠤᠨ ᠶᠠᠮᠤᠨ᠎ᠤ ᠮᠡᠳᠡᠭᠳᠡᠯ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠬᠦᠷᠢᠶᠡᠨ᠎ᠳᠠᠬᠢ ᠵᠠᠬᠢᠳᠠᠯ ᠰᠤᠷᠪᠤᠯᠵᠢᠯᠠᠯ᠎ᠤᠨ  ᠬᠦᠰᠡᠯ ᠱᠠᠭ᠋ᠠᠷᠳᠠᠯᠭ᠎ᠠ ᠵᠢ ᠬᠠᠤᠯᠢ ᠶᠣᠰᠣᠭ᠋ᠠᠷ ᠲᠥᠷᠥᠯ ᠬᠤᠪᠢᠶᠠᠨ ᠰᠢᠢ᠍ᠳᠪᠦᠷᠢᠯᠡᠬᠦ ᠨᠠᠷᠢᠨ ᠬᠠᠭᠤᠳᠠᠰᠤ》 ᠵᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ ᠭᠤᠷᠪᠠᠳᠠᠭᠢ ᠡᠲᠡᠭᠡᠳ᠎ᠤᠨ ᠪᠠᠢᠭᠤᠯᠤᠮᠵᠢ᠎ᠲᠠᠢ ᠬᠠᠮᠵᠢᠯᠴᠠᠨ ᠰᠠᠭᠤᠷᠢ ᠮᠥᠩᠭᠥ᠎ᠶᠢᠨ ᠬᠢᠨᠠᠯᠲᠠ ᠬᠠᠮᠢᠶᠠᠷᠤᠯᠲᠠ᠎ᠶᠢ ᠥᠷᠨᠢᠭᠦᠯᠬᠦ ᠬᠠᠮᠢᠶᠠᠷᠤᠯᠲᠠ᠎ᠶᠢᠨ ᠠᠷᠭ᠎ᠠ》᠎ᠶᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ
 
            