ᠬᠡᠯᠬᠢᠶᠡᠰᠦᠨ ᠨᠣᠮᠧᠷ᠄111500MB16442978/2024 - 03559
ᠭᠣᠣᠯ ᠰᠡᠳᠦᠪ᠎ᠤᠨ ᠠᠩᠭᠢᠯᠠᠯ᠄ ᠡᠮᠴᠢᠯᠡᠭᠡᠨ᠎ᠤ ᠪᠠᠲᠤᠯᠠᠭ᠎ᠠ
ᠨᠡᠢ᠌ᠲᠡᠯᠡᠭᠰᠡᠨ ᠪᠠᠶ᠋ᠢᠭᠤᠯᠤᠮᠵᠢ᠄ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ
ᠪᠢᠴᠢᠭ᠎ᠤᠨ ᠳ᠋ᠤᠭ᠋ᠠᠷ᠄ ᠡᠮᠴᠢᠯᠡᠭᠡ ᠪᠠᠲᠤᠯᠠᠭ᠎ᠠ ᠲᠠᠷᠬᠠᠭ᠋ᠠᠭᠰᠠᠨ [2020] 37 ᠳ᠋ᠤᠭ᠋ᠠᠷ ᠲᠣᠭ᠋ᠠᠲᠤ
ᠪᠢᠴᠢᠭᠳᠡᠭᠰᠡᠨ ᠡᠳᠦᠷ ᠬᠤᠭᠤᠴᠠᠭ᠎ᠠ᠄ 2020 – 09- 07
ᠠᠯᠪᠠᠨ ᠪᠢᠴᠢᠭ᠎ᠤᠨ ᠬᠦᠴᠦᠨ᠎ᠲᠠᠢ ᠬᠤᠭᠤᠴᠠᠭ᠎ᠠ᠄ ᠬᠦᠴᠦᠨ᠎ᠲᠠᠢ
ᠡᠯ᠎ᠡ ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠬᠣᠯᠪᠣᠭᠳᠠᠯ ᠪᠦᠬᠦᠢ ᠶᠠᠮᠤᠨ ᠵᠥᠪᠯᠡᠯ᠂ ᠰᠢᠭᠤᠳ ᠬᠠᠷᠢᠶ᠎ᠠ ᠪᠠᠶ᠋ᠢᠭᠤᠯᠤᠮᠵᠢ᠎ᠨᠤᠭᠤᠳ᠎ᠲᠤ᠄
ᠣᠷᠳᠣ ᠬᠤᠭᠤᠴᠠᠭ᠋ᠠᠨ᠎ᠤ ᠰᠤᠪᠢᠯᠠᠯᠲᠠ ᠵᠢᠨ ᠳᠠᠭ᠋ᠠᠳᠬᠠᠯ᠎ᠤᠨ ᠲᠦᠷᠢᠮ᠎ᠢ ᠰᠦᠪᠡᠭᠴᠢᠯᠡᠨ ᠪᠠᠶ᠋ᠢᠭᠤᠯᠬᠤ ᠪᠣᠯ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶ᠎ᠠ᠎ᠠᠴᠠ ᠬᠥᠮᠦᠨ ᠠᠮᠠ ᠵᠢᠨ ᠨᠠᠰᠤᠵᠢᠯ᠎ᠢ ᠠᠷᠭ᠋ᠠᠴᠠᠭ᠋ᠠᠬᠤ᠂ ᠨᠡᠶ᠋ᠢᠭᠡᠮ᠎ᠤᠨ ᠪᠠᠲᠤᠯᠠᠭ᠎ᠠ ᠵᠢᠨ ᠰᠢᠰᠲ᠋ᠧᠮ᠎ᠢ ᠲᠡᠭᠦᠯᠳᠡᠷᠵᠢᠭᠦᠯᠬᠦ ᠵᠢᠨ ᠲᠥᠯᠥᠭᠡ ᠭᠠᠷᠭ᠋ᠠᠭᠰᠠᠨ ᠴᠢᠬᠤᠯᠠ ᠪᠠᠶ᠋ᠢᠷᠢᠯᠠᠭᠤᠯᠤᠯᠲᠠ ᠪᠣᠯᠤᠨ᠎ᠠ᠃ ᠣᠶ᠋ᠢᠷ᠎ᠠ ᠵᠢᠨ ᠵᠢᠯ᠎ᠤᠳ᠎ᠲᠤ᠂ ᠬᠡᠰᠡᠭ ᠭᠠᠵᠠᠷ ᠣᠷᠣᠨ᠎ᠨᠤᠭᠤᠳ ᠣᠷᠳᠣ ᠬᠤᠭᠤᠴᠠᠭ᠋ᠠᠨ᠎ᠤ ᠰᠤᠪᠢᠯᠠᠯᠲᠠ ᠵᠢᠨ ᠳᠠᠭ᠋ᠠᠳᠬᠠᠯ᠎ᠤᠨ ᠲᠦᠷᠢᠮ᠎ᠤᠨ ᠲᠤᠷᠰᠢᠯᠲᠠ ᠵᠢᠨ ᠴᠡᠭ᠎ᠢ ᠢᠳᠡᠪᠬᠢᠲᠡᠶ ᠥᠷᠨᠢᠭᠦᠯᠵᠦ᠂ ᠲᠦᠷᠢᠮ᠎ᠤᠨ ᠪᠣᠷᠣ ᠲᠥᠯᠥᠪ᠂ ᠲᠥᠷᠥ ᠵᠢᠨ ᠪᠣᠳᠣᠯᠭ᠎ᠠ ᠵᠢᠨ ᠪᠠᠷᠢᠮᠵᠢᠶ᠎ᠠ᠂ ᠠᠵᠢᠯᠯᠠᠭ᠋ᠠᠨ᠎ᠤ ᠲᠣᠭᠲᠠᠴᠠ᠂ ᠬᠠᠮᠢᠶᠠᠷᠤᠯᠲᠠ ᠵᠢᠨ ᠠᠷᠭ᠎ᠠ ᠵᠡᠷᠭᠡ ᠲᠠᠯ᠎ᠠ᠎ᠪᠠᠷ ᠠᠰᠢᠭᠲᠠᠶ ᠰᠦᠪᠡᠭᠴᠢᠯᠡᠯᠲᠡ ᠬᠢᠵᠦ᠂ ᠠᠩᠬ᠎ᠠ ᠠᠯᠬᠤᠮ᠎ᠤᠨ ᠦᠷ᠎ᠡ ᠪᠦᠲᠦᠮᠵᠢ ᠤᠯᠪᠠ᠃ ᠣᠷᠳᠣ ᠬᠤᠭᠤᠴᠠᠭ᠋ᠠᠨ᠎ᠤ ᠰᠣᠪᠢᠯᠠᠯᠳᠡ ᠵᠢᠨ ᠲᠠᠭ᠋ᠠᠳᠬᠠᠯ᠎ᠤᠨ ᠳᠥᠷᠢᠮ᠎ᠤᠨ ᠲᠣᠷᠰᠢᠯᠳᠡ ᠵᠢᠨ ᠴᠡᠭ᠎ᠢ ᠦᠷᠭᠡᠳᠭᠡᠬᠦ ᠲᠣᠬᠠᠢ ᠨᠠᠮ᠎ᠤᠨ ᠲᠥᠪ ᠬᠤᠷᠢᠶ᠎ᠠ᠂ ᠳᠥᠷᠥ ᠵᠢᠨ ᠶᠠᠪᠤᠳᠡᠯ᠎ᠤᠨ ᠬᠤᠷᠢᠶ᠎ᠠ ᠵᠢᠨ ᠰᠢᠢ᠍ᠳᠪᠦᠷᠢᠳᠣ ᠪᠤᠳᠣᠯᠭ᠎ᠠ ᠵᠢᠨ ᠪᠠᠶ᠋ᠢᠷᠢᠯᠡᠭᠤᠯᠥᠯᠳᠡ ᠵᠢ ᠲᠤᠭᠤᠰᠢᠯᠠᠭᠤᠯᠤᠨ ᠨᠡᠶ᠋ᠢᠳᠡᠪᠦᠷᠢᠵᠢᠭᠤᠯᠵᠦ᠂ ᠲᠣᠷᠰᠢᠯᠳᠡ ᠵᠢᠨ ᠴᠡᠭ᠎ᠤᠨ ᠠᠵᠢᠯ᠎ᠢ ᠣᠯᠡᠮ ᠨᠢᠭᠡ ᠠᠯᠬᠤᠮ ᠬᠦᠨᠵᠡᠭᠡᠢ ᠠᠬᠢᠭᠤᠯᠬᠤ ᠵᠢᠨ ᠲᠣᠰᠠᠳᠡ᠂ ᠳᠥᠷᠥ ᠵᠢᠨ ᠶᠠᠪᠤᠳᠡᠯ᠎ᠤᠨ ᠬᠤᠷᠢᠶ᠎ᠠ᠎ᠪᠠᠷ ᠵᠦᠪᠰᠢᠶᠡᠷᠡᠬᠦᠯᠥᠭᠡᠳ᠂ ᠡᠳᠦᠬᠡ ᠲᠣᠣᠷᠡᠬᠢ ᠮᠡᠳᠣ ᠰᠠᠨᠠᠯ᠎ᠢ ᠲᠣᠷᠡᠳᠪᠡ᠃
ᠨᠢᠭᠡ᠂ ᠶᠡᠷᠦᠩᠬᠡᠢ ᠱᠠᠭ᠋ᠠᠷᠳᠠᠯᠭ᠎ᠠ
(ᠨᠢᠭᠡ) ᠵᠢᠯᠣᠭᠣᠳᠬᠤ ᠦᠵᠡᠯ ᠰᠠᠨᠠᠭ᠎ᠠ᠃ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠣᠯᠭ᠎ᠠ ᠪᠣᠯᠭ᠋ᠠᠵᠤ᠂ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠤᠷᠢᠶᠠᠨ᠎ᠤ ᠬᠤᠶᠠᠳᠤᠭ᠋ᠠᠷ᠂ ᠭᠤᠷᠪᠠᠳᠤᠭ᠋ᠠᠷ᠂ ᠳᠥᠷᠪᠡᠳᠦᠭᠡᠷ ᠪᠥᠬᠦᠳᠡ ᠬᠤᠷᠠᠯ᠎ᠤᠨ ᠵᠣᠷᠢᠭ ᠰᠠᠨᠠᠭ᠎ᠠ ᠵᠢ ᠪᠥᠬᠦ ᠲᠠᠯ᠎ᠠ᠎ᠪᠠᠷ ᠲᠤᠭᠤᠰᠢᠯᠠᠭᠤᠯᠵᠤ᠂ ᠠᠷᠠᠳ ᠲᠦᠮᠡᠨ᠎ᠤ ᠡᠷᠡᠭᠦᠯ ᠮᠡᠨᠳᠦ᠎ᠪᠠᠷ ᠭᠤᠤᠯ ᠪᠣᠯᠭ᠋ᠠᠬᠤ ᠵᠢ ᠪᠠᠷᠢᠮᠲᠠᠯᠠᠵᠤ᠂ ᠮᠠᠨ᠎ᠤ ᠤᠯᠤᠰ᠎ᠤᠨ ᠪᠠᠶ᠋ᠢᠳᠠᠯ᠎ᠳᠤ ᠵᠣᠬᠢᠴᠠᠭᠰᠠᠨ ᠣᠷᠳᠣ ᠬᠤᠭᠤᠴᠠᠭ᠋ᠠᠨ᠎ᠤ ᠰᠤᠪᠢᠯᠠᠯᠲᠠ ᠵᠢᠨ ᠳᠠᠭ᠋ᠠᠳᠬᠠᠯ᠎ᠤᠨ ᠲᠦᠷᠢᠮ᠎ᠢ ᠭᠦᠨᠵᠡᠭᠡᠶ ᠰᠦᠪᠡᠭᠴᠢᠯᠡᠨ ᠪᠠᠶ᠋ᠢᠭᠤᠯᠵᠤ᠂ ᠨᠠᠩ ᠲᠥᠪ ᠭᠤᠤᠯᠴᠢ ᠨᠠᠩ ᠦᠷᠭᠦᠯᠵᠢᠯᠡᠬᠦ ᠨᠡᠶ᠋ᠢᠭᠡᠮ᠎ᠤᠨ ᠪᠠᠲᠤᠯᠠᠭ᠎ᠠ ᠵᠢᠨ ᠰᠢᠰᠲ᠋ᠧᠮ᠎ᠢ ᠤᠯᠠᠮ ᠨᠢᠭᠡ ᠠᠯᠬᠤᠮ ᠪᠦᠷᠢᠨᠰᠢᠬᠦᠯᠵᠦ᠂ ᠠᠷᠠᠳ ᠣᠯᠠᠨ᠎ᠤ ᠬᠠᠮᠲᠤ᠎ᠪᠠᠷ ᠪᠠᠶ᠋ᠢᠭᠤᠯᠵᠤ ᠬᠠᠮᠲᠤ᠎ᠪᠠᠷ ᠡᠳ᠋ᠯᠡᠬᠦ ᠬᠥᠭᠵᠢᠯᠲᠡ ᠵᠢᠨ ᠳᠤᠮᠳᠠᠬᠢ ᠬᠦᠷᠲᠡᠮᠵᠢ ᠵᠢᠨ ᠲᠥᠷᠥᠭᠳᠡᠯ᠂ ᠵᠢᠷᠭ᠋ᠠᠯᠲᠤ ᠲᠥᠷᠥᠭᠳᠡᠯ᠂ ᠠᠮᠤᠷ ᠲᠦᠪᠰᠢᠨ᠎ᠤ ᠲᠥᠷᠥᠭᠳᠡᠯ᠎ᠢ ᠲᠠᠰᠤᠷᠠᠯᠲᠠ ᠥᠬᠡᠶ ᠨᠡᠮᠡᠭᠳᠡᠭᠦᠯᠦᠨ᠎ᠡ᠃
(ᠬᠤᠶᠠᠷ) ᠦᠨᠳᠦᠰᠦᠨ ᠵᠠᠷᠴᠢᠮ᠃ ᠬᠥᠮᠦᠨ ᠵᠶ᠋ᠠᠷ ᠦᠨᠳᠦᠰᠦ ᠪᠣᠯᠭ᠋ᠠᠬᠤ ᠵᠢ ᠪᠠᠷᠢᠮᠲᠠᠯᠠᠨ᠂ ᠴᠢᠳᠠᠪᠤᠷᠢ᠎ᠪᠠᠨ ᠬᠦᠨᠳᠦ ᠠᠯᠳᠠᠭᠰᠠᠨ ᠬᠥᠮᠦᠰ᠎ᠤᠨ ᠤᠷᠲᠤ ᠬᠤᠭᠤᠴᠠᠭ᠋ᠠᠨ᠎ᠤ ᠰᠤᠪᠢᠯᠠᠯᠲᠠ ᠵᠢᠨ ᠪᠠᠲᠤᠯᠠᠭ᠎ᠠ ᠵᠢᠨ ᠠᠰᠠᠭᠤᠳᠠᠯ᠎ᠢ ᠭᠤᠤᠯᠳᠠᠯᠭ᠎ᠠ᠎ᠲᠠᠢ ᠰᠢᠢ᠍ᠳᠪᠦᠷᠢᠯᠡᠨ᠎ᠡ᠃ ᠲᠤᠰᠠᠭ᠋ᠠᠷ ᠠᠵᠢᠯᠯᠠᠭᠤᠯᠬᠤ ᠵᠢ ᠪᠠᠷᠢᠮᠲᠠᠯᠠᠨ᠂ ᠲᠤᠰᠠᠭ᠋ᠠᠷ ᠳᠠᠭ᠋ᠠᠳᠬᠠᠯ᠎ᠤᠨ ᠲᠥᠷᠥᠯ ᠪᠠᠶ᠋ᠢᠭᠤᠯᠬᠤ ᠵᠢ ᠪᠣᠳᠣᠯᠬᠢᠯᠠᠵᠤ᠂ ᠲᠤᠰᠠᠭ᠋ᠠᠷ ᠵᠢᠷᠤᠭᠯᠠᠨ ᠲᠥᠯᠥᠪᠯᠡᠵᠦ᠂ ᠲᠤᠰᠠᠭ᠋ᠠᠷ ᠠᠬᠢᠭᠤᠯᠤᠨ᠎ᠠ᠃ ᠦᠨᠳᠦᠰᠦᠨ ᠵᠦᠢ᠍ᠯ᠎ᠢ ᠪᠠᠲᠤᠯᠠᠬᠤ᠂ ᠳᠣᠤᠷ᠎ᠠ ᠬᠢᠷᠢ ᠬᠡᠮᠵᠢᠶ᠎ᠡ᠎ᠪᠠᠷ ᠡᠬᠢᠯᠡᠭᠦᠯᠬᠦ ᠵᠢ ᠪᠠᠷᠢᠮᠲᠠᠯᠠᠨ᠂ ᠣᠷᠣᠯᠭ᠎ᠠ᠎ᠪᠠᠷ ᠵᠠᠷᠤᠯᠭ᠎ᠠ ᠵᠢ ᠲᠣᠭᠲᠠᠭ᠋ᠠᠵᠤ᠂ ᠪᠠᠲᠤᠯᠠᠭ᠎ᠠ ᠵᠢᠨ ᠬᠡᠪᠴᠢᠶ᠎ᠡ ᠪᠣᠯᠤᠨ ᠣᠯᠭᠣᠮᠵᠢ ᠵᠢᠨ ᠪᠠᠷᠢᠮᠵᠢᠶ᠎ᠠ ᠵᠢ ᠵᠦᠢ ᠵᠣᠬᠢᠰᠲᠠᠶ ᠲᠣᠭᠲᠠᠭ᠋ᠠᠨ᠎ᠠ᠃ ᠬᠠᠷᠢᠭᠤᠴᠠᠯᠭ᠎ᠠ ᠵᠢ ᠬᠠᠮᠲᠤ᠎ᠪᠠᠷ ᠡᠭᠦᠷᠭᠡᠯᠡᠬᠦ ᠵᠢ ᠪᠠᠷᠢᠮᠲᠠᠯᠠᠵᠤ᠂ ᠪᠡᠯᠡ ᠴᠤᠭᠯᠠᠭᠤᠯᠬᠤ ᠬᠠᠷᠢᠭᠤᠴᠠᠯᠭ᠎ᠠ ᠪᠠ ᠪᠠᠲᠤᠯᠠᠬᠤ ᠬᠠᠷᠢᠭᠤᠴᠠᠯᠭ᠎ᠠ ᠵᠢ ᠵᠦᠢ ᠵᠣᠬᠢᠰᠲᠠᠶ ᠬᠤᠪᠢᠶᠠᠷᠢᠯᠠᠨ᠎ᠠ᠃ ᠲᠣᠭᠲᠠᠴᠠ ᠵᠢᠨ ᠰᠢᠨ᠎ᠡ ᠵᠢ ᠡᠭᠦᠳᠬᠦ ᠵᠢ ᠪᠠᠷᠢᠮᠲᠠᠯᠠᠨ᠂ ᠦᠷᠭᠦᠯᠵᠢᠯᠡᠨ ᠬᠥᠭᠵᠢᠭᠦᠯᠬᠦ ᠠᠵᠢᠯᠯᠠᠭ᠋ᠠᠨ᠎ᠤ ᠲᠣᠭᠲᠠᠴᠠ ᠵᠢ ᠬᠠᠶ᠋ᠢᠨ ᠰᠦᠪᠡᠭᠴᠢᠯᠡᠵᠦ᠂ ᠪᠠᠲᠤᠯᠠᠭ᠎ᠠ ᠵᠢᠨ ᠬᠦᠴᠦᠨ ᠴᠢᠳᠠᠪᠤᠷᠢ ᠪᠠ ᠬᠠᠮᠢᠶᠠᠷᠤᠯᠲᠠ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠵᠢ ᠪᠠᠷᠢᠮᠲᠠᠯᠠᠵᠤ᠂ ᠬᠠᠮᠢᠶ᠎ᠠ ᠪᠦᠬᠦᠢ ᠨᠡᠶ᠋ᠢᠭᠡᠮ᠎ᠤᠨ ᠪᠠᠲᠤᠯᠠᠭ᠎ᠠ ᠵᠢᠨ ᠳᠦᠷᠢᠮ ᠵᠢᠴᠢ ᠬᠤᠳᠠᠯᠳᠤᠭ᠋ᠠᠨ᠎ᠤ ᠳᠠᠭ᠋ᠠᠳᠬᠠᠯ᠎ᠤᠨ ᠴᠢᠳᠠᠮᠵᠢᠯᠤᠭᠠ ᠵᠣᠯᠭ᠋ᠠᠭᠤᠯᠬᠤ ᠵᠢ ᠰᠠᠶ᠋ᠢᠲᠤᠷ ᠬᠢᠨ᠎ᠡ᠃
(ᠭᠤᠷᠪᠠ) ᠠᠵᠢᠯ᠎ᠤᠨ ᠬᠠᠷᠠᠯᠲᠠ᠃ ᠬᠠᠷᠢᠯᠴᠠᠨ ᠬᠠᠪᠰᠤᠷᠤᠯᠴᠠᠨ ᠬᠠᠷᠢᠯᠴᠠᠨ ᠲᠤᠰᠠᠯᠠᠯᠴᠠᠬᠤ ᠠᠷᠭ᠎ᠠ ᠮᠠᠶᠢᠭ ᠵᠶ᠋ᠠᠷ ᠪᠡᠯᠡ ᠮᠥᠩᠭᠦ ᠴᠤᠭᠯᠠᠭᠤᠯᠬᠤ᠂ ᠴᠢᠳᠠᠪᠤᠷᠢ᠎ᠪᠠᠨ ᠤᠷᠲᠤ ᠬᠤᠭᠤᠴᠠᠭ᠎ᠠ᠎ᠪᠠᠷ ᠠᠯᠳᠠᠭᠰᠠᠨ ᠬᠥᠮᠦᠰ᠎ᠤᠨ ᠦᠨᠳᠦᠰᠦᠨ ᠠᠮᠢᠳᠤᠷᠠᠯ᠎ᠤᠨ ᠬᠠᠷᠠᠭ᠋ᠠᠯᠵᠠᠯ ᠪᠠ ᠲᠡᠭᠦᠨ᠎ᠯᠦᠭᠡ ᠨᠢᠭᠲᠠ ᠬᠤᠯᠪᠣᠭᠳᠠᠬᠤ ᠡᠮᠴᠢᠯᠡᠭᠡᠨ᠎ᠤ ᠰᠤᠪᠢᠯᠠᠯᠲᠠ᠎ᠳᠤ ᠦᠢ᠍ᠯᠡᠴᠢᠯᠡᠭᠡ ᠬᠠᠩᠭ᠋ᠠᠬᠤ ᠪᠤᠶᠤ ᠪᠡᠯᠡ ᠮᠥᠩᠭᠦ ᠵᠢᠨ ᠪᠠᠲᠤᠯᠠᠭ᠎ᠠ ᠬᠠᠩᠭ᠋ᠠᠬᠤ ᠨᠡᠶ᠋ᠢᠭᠡᠮ᠎ᠤᠨ ᠳᠠᠭ᠋ᠠᠳᠬᠠᠯ᠎ᠤᠨ ᠳᠦᠷᠢᠮ᠎ᠢ ᠰᠦᠪᠡᠭᠴᠢᠯᠡᠨ ᠪᠠᠶ᠋ᠢᠭᠤᠯᠤᠨ᠎ᠠ᠃ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ ᠮᠠᠨ᠎ᠤ ᠤᠯᠤᠰ᠎ᠤᠨ ᠠᠵᠤ ᠠᠬᠤᠶ ᠵᠢᠨ ᠬᠥᠭᠵᠢᠯᠲᠡ ᠵᠢᠨ ᠬᠢᠷᠢ ᠲᠦᠪᠰᠢᠨ ᠪᠠ ᠨᠠᠰᠤᠵᠢᠯ᠎ᠤᠨ ᠬᠥᠭᠵᠢᠯᠲᠡ ᠵᠢᠨ ᠬᠠᠨᠳᠤᠰᠢ᠎ᠳᠤ ᠵᠣᠬᠢᠴᠠᠭᠰᠠᠨ ᠣᠷᠳᠣ ᠬᠤᠭᠤᠴᠠᠭ᠋ᠠᠨ᠎ᠤ ᠰᠤᠪᠢᠯᠠᠯᠲᠠ ᠵᠢᠨ ᠳᠠᠭ᠋ᠠᠳᠬᠠᠯ᠎ᠤᠨ ᠲᠦᠷᠢᠮ᠎ᠤᠨ ᠲᠥᠷᠥ ᠵᠢᠨ ᠪᠣᠳᠣᠯᠭ᠎ᠠ ᠵᠢᠨ ᠪᠣᠷᠣ ᠲᠥᠯᠥᠪ᠎ᠢ ᠦᠨᠳᠦᠰᠦᠨ᠎ᠳᠡᠭᠡᠨ ᠪᠣᠶ ᠪᠣᠯᠭ᠋ᠠᠵᠤ᠂ ᠣᠯᠠᠨ ᠲᠦᠮᠡᠨ᠎ᠤ ᠣᠯᠠᠨ ᠡᠰᠢᠲᠦ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠬᠤ ᠣᠯᠠᠨ ᠲᠠᠰ ᠳᠠᠪᠬᠤᠷᠭ᠎ᠠ ᠵᠢᠨ ᠣᠷᠳᠣ ᠬᠤᠭᠤᠴᠠᠭ᠋ᠠᠨ᠎ᠤ ᠰᠤᠪᠢᠯᠠᠯᠲᠠ ᠵᠢᠨ ᠪᠠᠲᠤᠯᠠᠭ᠎ᠠ ᠵᠢᠨ ᠲᠦᠷᠢᠮ᠎ᠢ ᠪᠠᠶ᠋ᠢᠭᠤᠯᠤᠨ ᠲᠡᠭᠦᠯᠳᠡᠷᠵᠢᠭᠦᠯᠬᠦ ᠵᠢ ᠠᠬᠢᠭᠤᠯᠤᠨ᠎ᠠ᠃
ᠬᠤᠶᠠᠷ᠂ ᠦᠨᠳᠦᠰᠦᠨ ᠲᠥᠷᠥ ᠵᠢᠨ ᠪᠣᠳᠣᠯᠭ᠎ᠠ
(ᠲᠦᠷᠪᠡ) ᠳᠠᠭ᠋ᠠᠳᠬᠠᠯ᠎ᠳᠤ ᠣᠷᠣᠯᠴᠠᠬᠤ ᠡᠲᠡᠭᠡᠳ ᠪᠠ ᠪᠠᠲᠤᠯᠠᠬᠤ ᠬᠦᠷᠢᠶ᠎ᠡ ᠬᠡᠪᠴᠢᠶ᠎ᠡ᠃ ᠲᠤᠷᠰᠢᠯᠲᠠ ᠵᠢᠨ ᠱᠠᠲᠤᠨ᠎ᠳᠤ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠳᠤ ᠣᠷᠣᠯᠴᠠᠭᠰᠠᠳ᠎ᠠᠴᠠ ᠡᠬᠢᠯᠡᠨ᠂ ᠬᠦᠨᠳᠦ ᠴᠢᠳᠠᠪᠤᠷᠢ᠎ᠪᠠᠨ ᠠᠯᠳᠠᠭᠰᠠᠨ ᠬᠥᠮᠦᠰ᠎ᠤᠨ ᠦᠨᠳᠦᠰᠦᠨ ᠰᠤᠪᠢᠯᠠᠯᠲᠠ ᠵᠢᠨ ᠪᠠᠲᠤᠯᠠᠭ᠎ᠠ ᠵᠢᠨ ᠬᠡᠷᠡᠭᠴᠡᠭᠡ ᠱᠠᠭ᠋ᠠᠷᠳᠠᠯᠭ᠎ᠠ ᠵᠢ ᠭᠤᠤᠯᠳᠠᠯᠭ᠎ᠠ᠎ᠲᠠᠢ ᠰᠢᠢ᠍ᠳᠪᠦᠷᠢᠯᠡᠵᠦ᠂ ᠨᠥᠬᠦᠴᠡᠯ᠎ᠳᠤ ᠨᠡᠶ᠋ᠢᠴᠡᠬᠦ ᠴᠢᠳᠠᠪᠤᠷᠢ᠎ᠪᠠᠨ ᠠᠯᠳᠠᠭᠰᠠᠨ ᠨᠠᠰᠤᠲᠠᠶ᠋ᠢᠴᠤᠳ᠂ ᠬᠦᠨᠳᠦ ᠵᠡᠮᠳᠡᠭᠴᠦᠳ᠎ᠢ ᠤᠷᠢᠳᠠᠪᠠᠷ ᠪᠠᠲᠤᠯᠠᠨ᠎ᠠ᠃ ᠨᠥᠬᠥᠴᠡᠯ ᠪᠦᠬᠦᠢ ᠭᠠᠵᠠᠷ ᠣᠷᠣᠨ᠎ᠨᠤᠭᠤᠳ᠎ᠨᠢ ᠲᠤᠷᠰᠢᠯᠲᠠ ᠬᠢᠵᠦ ᠰᠦᠪᠡᠭᠴᠢᠯᠡᠨ ᠭᠦᠨᠵᠡᠭᠡᠶ᠋ᠢᠷᠡᠭᠦᠯᠵᠦ᠂ ᠠᠵᠤ ᠠᠬᠤᠶ ᠵᠢᠨ ᠬᠥᠭᠵᠢᠯᠲᠡ ᠵᠢᠨ ᠬᠢᠷᠢ ᠬᠡᠮᠵᠢᠶ᠎ᠡ᠂ ᠪᠡᠯᠡ ᠮᠥᠩᠭᠥ ᠴᠤᠭᠯᠠᠭᠤᠯᠬᠤ ᠴᠢᠳᠠᠪᠤᠷᠢ ᠪᠣᠯᠤᠨ ᠪᠠᠲᠤᠯᠠᠬᠤ ᠬᠡᠷᠡᠭᠴᠡᠭᠡ ᠵᠡᠷᠭᠡ ᠬᠦᠴᠦᠨ ᠵᠦᠢ᠍ᠯ᠎ᠢ ᠶᠡᠷᠦᠩᠬᠡᠶ᠋ᠢᠯᠡᠨ ᠪᠣᠳᠣᠯᠬᠢᠯᠠᠵᠤ᠂ ᠳᠠᠭ᠋ᠠᠳᠬᠠᠯ᠎ᠳᠤ ᠣᠷᠣᠯᠴᠠᠬᠤ ᠡᠲᠡᠭᠡᠳ᠎ᠤᠨ ᠬᠡᠪᠴᠢᠶ᠎ᠡ ᠵᠢ ᠠᠯᠬᠤᠮ ᠠᠯᠬᠤᠮ ᠵᠶ᠋ᠠᠷ ᠥᠷᠭᠡᠳᠬᠡᠨ᠂ ᠪᠠᠲᠤᠯᠠᠬᠤ ᠬᠡᠪᠴᠢᠶ᠎ᠡ ᠵᠢ᠎ᠨᠢ ᠲᠣᠬᠢᠷᠠᠭᠤᠯᠵᠤ ᠪᠣᠯᠤᠨ᠎ᠠ᠃
(ᠲᠠᠪᠤ) ᠪᠡᠯᠡ ᠮᠦᠩᠭᠦ ᠴᠤᠭᠯᠠᠭ᠍ᠤᠯᠬᠤ᠃ ᠬᠠᠷᠢᠯᠴᠠᠨ ᠬᠠᠪᠰᠣᠷᠠᠯᠴᠠᠨ ᠬᠠᠷᠢᠯᠴᠠᠨ ᠲᠤᠰᠠᠯᠠᠯᠴᠠᠬᠤ᠂ ᠬᠠᠷᠢᠭᠤᠴᠠᠯᠭ᠎ᠠ ᠵᠢ ᠬᠠᠮᠳᠣᠪᠡᠷ ᠡᠬᠦᠷᠭᠡᠯᠡᠬᠦ ᠣᠯᠡᠨ ᠠᠷᠭ᠎ᠠ ᠵᠠᠮ ᠵᠶ᠋ᠠᠷ ᠪᠡᠯᠡ ᠴᠣᠠᠠᠯᠠᠭᠤᠯᠬᠤ ᠲᠣᠠᠠᠳᠡᠴᠠ ᠵᠢ ᠰᠦᠪᠡᠭᠴᠢᠯᠡᠨ ᠪᠠᠶ᠋ᠢᠭᠤᠯᠥᠨ᠎ᠠ᠃ ᠦᠨᠳᠣᠰᠣᠡ ᠰᠣᠪᠢᠯᠠᠯᠳᠡ ᠵᠢᠨ ᠦᠢ᠍ᠯᠡᠴᠢᠯᠡᠭᠡᠨ᠎ᠤ ᠵᠤᠬᠢᠬᠤ ᠪᠡᠯᠡ ᠮᠦᠡᠭᠬᠦ ᠵᠢᠨ ᠭᠡᠷᠡᠭᠴᠡᠭᠡ ᠱᠠᠭ᠋ᠠᠷᠳᠡᠯᠭ᠎ᠠ ᠵᠢ ᠰᠢᠨᠵᠢᠯᠡᠬᠦ ᠣᠬᠠᠭ᠋ᠠᠨᠴᠢ᠎ᠪᠠᠷ ᠳᠥᠰᠦᠭᠡᠯᠡᠵᠦ᠂ ᠲᠣᠰ ᠨᠢᠭᠡᠳᠦᠯᠳᠡᠢ ᠳᠥᠯᠥᠪᠯᠡᠭᠰᠡᠨ ᠭᠠᠵᠡᠷ ᠣᠷᠣᠨ᠎ᠤ ᠣᠨ᠎ᠤ ᠪᠡᠯᠡ ᠴᠣᠠᠠᠯᠠᠭᠤᠯᠬᠤ ᠶᠡᠷᠦᠩᠭᠡᠢ ᠲᠤᠭ᠎ᠠ ᠵᠢ ᠵᠦᠢ ᠵᠤᠬᠢᠰᠳᠡᠢ ᠲᠣᠠᠠᠳᠠᠭ᠋ᠠᠨᠠ᠃ ᠪᠡᠯᠡ ᠴᠤᠭᠯᠠᠭᠤᠯᠬᠤ᠎ᠳᠤ ᠨᠢᠭᠡᠴᠢ ᠪᠠ ᠬᠤᠪᠢ ᠬᠥᠮᠦᠨ᠎ᠤ ᠰᠦᠢ᠍ᠳᠭᠡᠯ ᠲᠤᠰᠢᠶᠠᠬᠤ᠎ᠪᠠᠷ ᠭᠤᠣᠯ ᠪᠣᠯᠭ᠋ᠠᠵᠤ᠂ ᠨᠢᠭᠡᠴᠢ ᠪᠠ ᠬᠤᠪᠢ ᠬᠥᠮᠦᠨ᠎ᠤ ᠰᠦᠢ᠍ᠳᠭᠡᠯ ᠲᠤᠰᠢᠶᠠᠬᠤ᠎ᠳᠤ ᠵᠠᠷᠴᠢᠮ ᠳᠡᠭᠡᠷ᠎ᠡ᠎ᠪᠠᠨ ᠠᠳᠠᠯᠢ ᠬᠠᠷᠢᠴᠠᠯ ᠵᠶ᠋ᠠᠷ ᠬᠤᠪᠢᠳᠠᠨ ᠡᠭᠦᠷᠭᠡᠯᠡᠨ᠎ᠡ᠂ ᠡᠭᠦᠨ᠎ᠳᠤ ᠨᠢᠭᠡᠴᠢ ᠵᠢᠨ ᠰᠦᠢ᠍ᠳᠭᠡᠯ ᠲᠤᠰᠢᠶᠠᠬᠤ ᠰᠠᠭᠤᠷᠢ ᠲᠤᠭ᠎ᠠ᠎ᠨᠢ ᠠᠵᠢᠯᠲᠠᠨ ᠠᠵᠢᠯᠴᠢᠨ᠎ᠤ ᠴᠠᠯᠢᠩ᠎ᠤᠨ ᠶᠡᠷᠦᠩᠬᠡᠢ ᠲᠤᠭ᠎ᠠ ᠪᠠᠢ᠌ᠵᠤ᠂ ᠡᠬᠢᠯᠡᠯᠲᠡ ᠵᠢᠨ ᠱᠠᠲᠤᠨ᠎ᠳᠤ ᠲᠡᠭᠦᠨ᠎ᠤ ᠲᠤᠰᠢᠶᠠᠭᠰᠠᠨ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠵᠠᠷᠤᠳᠠᠯ᠎ᠠᠴᠠ ᠬᠤᠪᠢᠶᠠᠷᠢᠯᠠᠨ ᠭᠠᠷᠭ᠋ᠠᠵᠤ᠂ ᠨᠢᠭᠡᠴᠢ ᠵᠢᠨ ᠡᠭᠦᠷᠭᠡᠯᠡᠯ᠎ᠢ ᠨᠡᠮᠡᠭᠳᠡᠭᠦᠯᠬᠦ ᠦᠭᠡᠢ; ᠬᠤᠪᠢ ᠬᠥᠮᠦᠨ᠎ᠤ ᠰᠦᠢ᠍ᠳᠭᠡᠯ ᠲᠤᠰᠢᠶᠠᠬᠤ ᠰᠠᠭᠤᠷᠢ ᠲᠤᠭ᠎ᠠ᠎ᠨᠢ ᠬᠤᠪᠢ ᠬᠥᠮᠦᠨ᠎ᠤ ᠴᠠᠯᠢᠩ᠎ᠤᠨ ᠣᠷᠣᠯᠭ᠎ᠠ ᠪᠠᠢ᠌ᠵᠤ᠂ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠬᠤᠪᠢ ᠬᠥᠮᠦᠨ᠎ᠤ ᠳᠠᠩᠰᠠᠨ ᠡᠷᠦᠬᠡ᠎ᠪᠠᠷ ᠣᠷᠣᠯᠠᠨ ᠰᠠᠭᠤᠯᠭ᠋ᠠᠨ ᠠᠪᠴᠤ ᠣᠷᠣᠯᠠᠨ ᠲᠤᠰᠢᠶᠠᠵᠤ ᠪᠣᠯᠤᠨ᠎ᠠ᠃ ᠨᠦᠬᠦᠴᠡᠯ᠎ᠲᠠᠢ ᠭᠠᠵᠡᠷ ᠣᠷᠣᠨ᠎ᠨᠢ ᠡᠳ᠋᠎ᠤᠨ ᠵᠠᠰᠠᠭ ᠵᠡᠷᠭᠡ ᠪᠤᠰᠣᠳ ᠪᠡᠯᠡ ᠴᠣᠠᠠᠯᠠᠭᠤᠯᠬᠤ ᠠᠷᠭ᠎ᠠ ᠵᠠᠮ᠎ᠢ ᠰᠦᠪᠡᠭᠴᠢᠯᠡᠨ᠂ ᠣᠨᠴᠠ ᠬᠦᠴᠢᠷᠳᠡᠯᠳᠡᠢ ᠠᠵᠢᠯ᠎ᠠᠴᠠ᠎ᠪᠠᠨ ᠠᠮᠠᠷᠬᠠᠰᠠᠨ ᠠᠵᠢᠯᠳᠡᠨ ᠠᠵᠢᠯᠴᠢᠨ᠎ᠤ ᠰᠦᠢ᠍ᠳᠭᠡᠯ ᠲᠣᠰᠢᠶᠡᠬᠤ᠎ᠳᠤ ᠵᠤᠬᠢᠬᠤ ᠵᠤᠭᠤᠰ ᠵᠶ᠋ᠠᠷ ᠲᠣᠰᠠᠯᠠᠬᠤ ᠵᠢ ᠰᠦᠪᠡᠭᠴᠢᠯᠡᠵᠦ ᠪᠤᠯᠥᠨ᠎ᠠ᠃ ᠠᠵᠤ ᠠᠬᠤᠶ ᠨᠡᠶ᠋ᠢᠭᠡᠮ᠎ᠤᠨ ᠬᠥᠭᠵᠢᠯᠲᠡ ᠪᠣᠯᠤᠨ ᠪᠠᠲᠤᠯᠠᠭ᠎ᠠ ᠵᠢᠨ ᠬᠢᠷᠢ ᠬᠡᠮᠵᠢᠶ᠎ᠡ᠎ᠯᠦᠭᠡ ᠲᠣᠬᠢᠷᠠᠯᠴᠠᠭᠰᠠᠨ ᠪᠡᠯᠡ ᠴᠤᠭᠯᠠᠭᠤᠯᠬᠤ ᠬᠥᠳᠡᠯᠦᠩᠭᠦᠶ ᠲᠣᠬᠢᠷᠠᠭᠤᠯᠬᠤ ᠲᠣᠭᠲᠠᠴᠠ ᠵᠢ ᠪᠠᠶ᠋ᠢᠭᠤᠯᠤᠨ᠎ᠠ᠃
(ᠵᠢᠷᠭᠤᠭ᠎ᠠ) ᠣᠯᠭᠣᠮᠵᠢ ᠥᠭᠬᠦ᠃ ᠤᠷᠲᠤ ᠬᠤᠭᠤᠴᠠᠭ᠋ᠠᠨ᠎ᠤ ᠰᠤᠪᠢᠯᠠᠯᠲᠠ ᠵᠢᠨ ᠳᠠᠭ᠋ᠠᠳᠬᠠᠯ᠎ᠤᠨ ᠰᠠᠭᠤᠷᠢ ᠮᠥᠩᠭᠥ ᠵᠢ ᠭᠣᠤᠯᠳᠠᠭᠤ ᠲᠣᠭᠲᠠᠭ᠋ᠠᠯ᠎ᠳᠤ ᠨᠡᠶ᠋ᠢᠴᠡᠬᠦ ᠪᠠᠶ᠋ᠢᠭᠤᠯᠤᠮᠵᠢ ᠪᠣᠯᠤᠨ ᠬᠥᠮᠥᠰ᠎ᠲᠤ ᠦᠨᠳᠦᠰᠦᠨ ᠰᠤᠪᠢᠯᠠᠯᠲᠠ ᠵᠢᠨ ᠦᠢ᠍ᠯᠡᠴᠢᠯᠡᠭᠡ ᠬᠠᠩᠭ᠋ᠠᠬᠤ᠎ᠳᠤ ᠪᠤᠶ ᠪᠣᠯᠤᠭᠰᠠᠨ ᠵᠠᠷᠤᠳᠠᠯ᠎ᠢ ᠥᠭᠬᠦ᠎ᠳᠤ ᠬᠡᠷᠡᠭᠯᠡᠨ᠎ᠡ᠃ ᠡᠮᠴᠢᠯᠡᠭᠡᠨ᠎ᠤ ᠪᠠᠶ᠋ᠢᠭᠤᠯᠤᠮᠵᠢ ᠪᠤᠶᠤ ᠡᠷᠡᠭᠦᠯᠵᠢᠯ᠎ᠤᠨ ᠪᠠᠶ᠋ᠢᠭᠤᠯᠤᠮᠵᠢ᠎ᠪᠠᠷ ᠵᠢᠷᠤᠮᠵᠢᠭᠤᠯᠤᠨ ᠣᠨᠣᠰᠢᠯᠠᠨ ᠡᠮᠨᠡᠵᠦ᠂ ᠴᠢᠳᠠᠪᠤᠷᠢ᠎ᠪᠠᠨ ᠠᠯᠳᠠᠭᠰᠠᠨ ᠪᠠᠶ᠋ᠢᠳᠠᠯ᠎ᠨᠢ 6 ᠰᠠᠷ᠎ᠠ᠎ᠠᠴᠠ ᠳᠡᠭᠡᠭᠰᠢ ᠦᠷᠭᠦᠯᠵᠢᠯᠡᠭᠰᠡᠨ ᠪᠣᠯ᠂ ᠦᠨᠡᠯᠡᠨ ᠵᠢᠱ᠌ᠢᠬᠦ᠎ᠪᠠᠷ ᠳᠡᠮᠵᠢᠨ ᠮᠠᠭ᠋ᠠᠳᠯᠠᠨ ᠲᠣᠭᠲᠠᠭ᠋ᠠᠬᠤ ᠵᠢ ᠭᠤᠶᠤᠴᠢᠯᠠᠵᠤ ᠪᠠᠲᠤᠯᠠᠭᠳᠠᠭᠰᠠᠨ ᠴᠢᠳᠠᠪᠤᠷᠢ᠎ᠪᠠᠨ ᠠᠯᠳᠠᠭᠰᠠᠨ ᠳᠠᠭ᠋ᠠᠳᠬᠠᠯ᠎ᠳᠤ ᠣᠷᠣᠯᠴᠠᠭᠰᠠᠳ ᠲᠣᠭᠲᠠᠭ᠋ᠠᠯ ᠶᠣᠰᠣᠭ᠋ᠠᠷ ᠬᠠᠮᠢᠶ᠎ᠠ ᠪᠥᠬᠦᠶ ᠣᠯᠭᠤᠮᠵᠢ ᠵᠢ ᠭᠥᠷᠳᠡᠵᠦ ᠪᠣᠯᠤᠨ᠎ᠠ᠃ ᠰᠤᠪᠢᠯᠠᠯᠲᠠ ᠵᠢᠨ ᠵᠡᠷᠭᠡ ᠳᠡᠰ᠂ ᠦᠢ᠍ᠯᠡᠴᠢᠯᠡᠭᠡ ᠬᠠᠩᠭ᠋ᠠᠬᠤ ᠠᠷᠭ᠎ᠠ ᠮᠠᠶᠢᠭ ᠵᠡᠷᠭᠡ ᠵᠢ ᠦᠨᠳᠦᠰᠦᠯᠡᠨ ᠵᠥᠷᠢᠶᠡᠴᠢᠯᠡᠭᠰᠡᠨ ᠬᠠᠷᠠᠭ᠋ᠠᠯᠵᠠᠯ᠎ᠤᠨ ᠪᠠᠲᠤᠯᠠᠭ᠎ᠠ ᠵᠢᠨ ᠲᠥᠷᠥ ᠵᠢᠨ ᠪᠣᠳᠣᠯᠭ᠎ᠠ ᠵᠢ ᠬᠡᠷᠡᠭᠵᠢᠭᠦᠯᠵᠦ᠂ ᠬᠡᠷ᠎ᠲᠡᠭᠡᠨ ᠰᠠᠭᠤᠬᠤ ᠪᠠ ᠨᠡᠶ᠋ᠢᠭᠡᠮ ᠲᠣᠭᠤᠷᠢᠭ᠎ᠤᠨ ᠰᠤᠪᠢᠯᠠᠯᠲᠠ ᠵᠢᠨ ᠦᠢ᠍ᠯᠡᠴᠢᠯᠡᠭᠡ ᠬᠡᠷᠡᠭᠯᠡᠬᠦ ᠵᠢ ᠵᠣᠷᠢᠭᠵᠢᠭᠤᠯᠤᠨ᠎ᠠ᠃ ᠲᠣᠭᠲᠠᠭ᠋ᠠᠯ᠎ᠳᠤ ᠨᠡᠶ᠋ᠢᠴᠡᠬᠦ ᠰᠤᠪᠢᠯᠠᠯᠲᠠ ᠵᠢᠨ ᠦᠢ᠍ᠯᠡᠴᠢᠯᠡᠭᠡᠨ᠎ᠤ ᠵᠠᠷᠤᠳᠠᠯ᠎ᠢ ᠰᠠᠭᠤᠷᠢ ᠮᠥᠩᠭᠥ᠎ᠠᠴᠠ ᠥᠭᠬᠦ ᠬᠡᠮᠵᠢᠶ᠎ᠡ ᠵᠢ ᠶᠡᠷᠦᠩᠬᠡᠢ᠎ᠳᠡᠭᠡᠨ 70% ᠣᠷᠴᠢᠮ ᠵᠶ᠋ᠠᠷ ᠡᠵᠡᠮᠳᠡᠨ᠎ᠡ᠃ ᠣᠷᠳᠣ ᠬᠤᠭᠤᠴᠠᠭ᠋ᠠᠨ᠎ᠤ ᠰᠣᠪᠢᠯᠠᠯᠳᠡ ᠵᠢᠨ ᠲᠠᠭ᠋ᠠᠳᠬᠠᠯ ᠬᠢᠬᠡᠳ ᠠᠵᠦ ᠠᠬᠤᠢ᠎ᠨᠢ ᠬᠦᠴᠢᠷᠳᠡᠯᠳᠡᠢ ᠦᠨᠳᠣᠷ ᠨᠠᠰᠥᠳᠡᠢ᠂ ᠴᠢᠳᠠᠪᠤᠷᠢ᠎ᠪᠠᠨ᠎ᠪᠠᠨ ᠠᠯᠳ᠋ᠬᠠᠰᠠᠨ ᠨᠠᠰᠣᠳᠡᠶ᠋ᠢᠴᠣᠳᠤᠨ ᠨᠦᠬᠦᠪᠦᠷᠢ ᠵᠢᠴᠢ ᠬᠦᠨᠳᠦ ᠵᠠᠮᠳᠡᠭᠴᠦᠳ᠎ᠤᠨ ᠰᠣᠪᠢᠯᠠᠯᠳᠡ ᠵᠢᠨ ᠨᠦᠬᠦᠪᠦᠷᠢ ᠵᠡᠷᠭᠡ ᠳᠥᠷᠥ ᠵᠢᠨ ᠪᠤᠳᠣᠯᠭ᠎ᠠ ᠵᠢ ᠵᠣᠯᠭ᠋ᠠᠭᠤᠯᠬᠤ ᠵᠢ ᠰᠠᠶ᠋ᠢᠳᠣᠷ ᠬᠢᠨ᠎ᠠ᠃
ᠭᠤᠷᠪᠠ᠂ ᠬᠠᠮᠢᠶᠠᠷᠤᠯᠲᠠ ᠦᠢ᠍ᠯᠡᠴᠢᠯᠡᠭᠡ
(ᠳᠤᠯᠤᠭ᠎ᠠ) ᠰᠠᠭᠤᠷᠢ ᠮᠥᠩᠭᠥᠨ᠎ᠤ ᠬᠠᠮᠢᠶᠠᠷᠤᠯᠲᠠ᠃ ᠣᠷᠳᠣ ᠬᠤᠭᠤᠴᠠᠭ᠋ᠠᠨ᠎ᠤ ᠰᠣᠪᠢᠯᠠᠯᠳᠡ ᠵᠢᠨ ᠲᠠᠭ᠋ᠠᠳᠬᠠᠯ᠎ᠤᠨ ᠰᠠᠭᠤᠷᠢ ᠮᠦᠡᠭᠬᠦ ᠵᠢᠨ ᠬᠠᠮᠢᠶᠡᠷᠦᠯᠳᠡ ᠵᠢ ᠣᠳᠣ ᠵᠢᠨ ᠭᠡᠷᠡᠭᠵᠢᠬᠦᠯᠵᠦ ᠪᠦᠬᠦᠢ ᠨᠡᠶ᠋ᠢᠭᠡᠮ᠎ᠤᠨ ᠲᠠᠭ᠋ᠠᠳᠬᠠᠯ᠎ᠤᠨ ᠰᠠᠭᠤᠷᠢ ᠮᠦᠡᠭᠬᠦ ᠵᠢᠨ ᠬᠤᠯᠪᠤᠠᠠᠳᠡᠯ ᠪᠦᠬᠦᠢ ᠳᠥᠷᠢᠮ ᠵᠶ᠋ᠠᠷ ᠯᠠᠪᠯᠠᠯᠳᠡ ᠪᠤᠯᠭ᠋ᠠᠨ ᠭᠡᠷᠡᠭᠵᠢᠬᠦᠯᠥᠨ᠎ᠠ᠃ ᠰᠠᠭᠤᠷᠢ ᠮᠥᠩᠭᠥ ᠵᠢ ᠲᠤᠰᠠᠭ᠋ᠠᠷ ᠳᠠᠩᠰᠠ ᠪᠠᠢ᠍ᠭᠤᠯᠵᠤ ᠲᠤᠰᠠᠭ᠋ᠠᠷ ᠲᠣᠭ᠋ᠠᠴᠠᠭ᠎ᠠ ᠬᠢᠨ᠎ᠡ᠃ ᠰᠠᠭᠤᠷᠢ ᠮᠥᠩᠭᠥ ᠵᠢᠨ ᠬᠢᠨᠠᠯᠲᠠ ᠬᠠᠮᠢᠶᠠᠷᠤᠯᠲᠠ ᠵᠢᠨ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠵᠦ᠂ ᠰᠠᠭᠤᠷᠢ ᠮᠥᠩᠭᠥ ᠵᠢᠨ ᠬᠢᠨᠠᠯᠲᠠ ᠬᠠᠮᠢᠶᠠᠷᠤᠯᠲᠠ ᠵᠢᠨ ᠠᠷᠭ᠎ᠠ ᠪᠠᠷᠢᠯ᠎ᠳᠤ ᠰᠢᠨ᠎ᠡ ᠵᠢ ᠡᠭᠦᠳᠦᠨ᠂ ᠢᠯᠡᠴᠢᠯᠡᠨ ᠮᠡᠳᠡᠭᠦᠯᠵᠦ ᠵᠠᠭ᠋ᠠᠯᠳᠤᠬᠤ᠂ ᠮᠡᠳᠡᠭᠡ ᠵᠠᠩᠭᠢ ᠨᠡᠶ᠋ᠢᠲᠡᠯᠡᠬᠦ᠂ ᠳᠣᠲᠣᠭ᠋ᠠᠳᠤ᠎ᠳᠠᠭᠠᠨ ᠡᠵᠡᠮᠳᠡᠬᠦ᠂ ᠮᠡᠬᠡᠯᠡᠨ ᠬᠢᠬᠠᠬᠤ ᠵᠢ ᠰᠡᠷᠭᠡᠶ᠋ᠢᠯᠡᠬᠦ ᠵᠡᠷᠭᠡ ᠲᠦᠭᠰᠢᠭᠦᠷᠢ ᠵᠢᠨ ᠬᠠᠮᠢᠶᠠᠷᠤᠯᠲᠠ ᠵᠢᠨ ᠳᠦᠷᠢᠮ᠎ᠢ ᠲᠡᠭᠦᠯᠳᠡᠷᠵᠢᠭᠦᠯᠵᠦ᠂ ᠰᠠᠭᠤᠷᠢ ᠮᠥᠩᠭᠥ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠨ᠎ᠠ᠃
(ᠨᠠᠢ᠍ᠮᠠ) ᠦᠢ᠍ᠯᠡᠴᠢᠯᠡᠭᠡ ᠵᠢᠨ ᠬᠠᠮᠢᠶᠠᠷᠤᠯᠲᠠ᠃ ᠰᠤᠪᠢᠯᠠᠯᠲᠠ ᠵᠢᠨ ᠦᠢ᠍ᠯᠡᠴᠢᠯᠡᠭᠡᠨ᠎ᠤ ᠪᠠᠶ᠋ᠢᠭᠤᠯᠤᠮᠵᠢ ᠪᠣᠯᠤᠨ ᠠᠵᠢᠯᠯᠠᠭᠰᠠᠳ᠎ᠤᠨ ᠬᠡᠯᠡᠯᠴᠡᠭᠡᠷ ᠵᠶ᠋ᠠᠷ ᠬᠠᠮᠢᠶᠠᠷᠬᠤ ᠪᠠ ᠬᠢᠨᠠᠯᠲᠠ ᠲᠠᠯᠪᠢᠨ ᠬᠠᠷᠭᠤᠭᠤᠯᠤᠨ ᠪᠣᠳᠣᠬᠤ ᠵᠡᠷᠭᠡ ᠳᠦᠷᠢᠮ᠎ᠢ ᠤᠯᠠᠮ ᠨᠢᠭᠡ ᠠᠯᠬᠤᠮ ᠰᠦᠪᠡᠭᠴᠢᠯᠡᠨ ᠲᠡᠭᠦᠯᠳᠡᠷᠵᠢᠭᠦᠯᠦᠨ᠎ᠡ᠃ ᠳᠠᠭ᠋ᠠᠳᠬᠠᠯ᠎ᠳᠤ ᠣᠷᠣᠯᠴᠠᠵᠤ ᠰᠦᠢ᠍ᠳᠬᠡᠯ ᠲᠤᠰᠢᠶᠠᠬᠤ ᠪᠠ ᠣᠯᠭᠣᠮᠵᠢ ᠬᠦᠷᠲᠡᠬᠦ ᠵᠡᠷᠭᠡ ᠮᠡᠳᠡᠭᠡ ᠵᠠᠩᠭᠢ ᠵᠢᠨ ᠲᠡᠮᠳᠡᠭᠯᠡᠯ ᠪᠣᠯᠤᠨ ᠬᠠᠮᠢᠶᠠᠷᠤᠯᠲᠠ ᠵᠢ ᠰᠠᠶ᠋ᠢᠲᠤᠷ ᠬᠢᠨ᠎ᠡ᠃ ᠣᠷᠳᠣ ᠬᠤᠭᠤᠴᠠᠭ᠋ᠠᠨ᠎ᠤ ᠰᠣᠪᠢᠯᠠᠯᠳᠡ ᠵᠢᠨ ᠲᠠᠭ᠋ᠠᠳᠬᠠᠯ᠎ᠤᠨ ᠬᠠᠮᠢᠶᠡᠷᠦᠯᠳᠡ ᠵᠢᠨ ᠠᠵᠢᠯᠯᠠᠭ᠋ᠠᠨ᠎ᠤ ᠲᠣᠠᠠᠳᠡᠴᠠ ᠵᠢ ᠪᠠᠶ᠋ᠢᠭᠤᠯᠥᠨ ᠪᠦᠷᠢᠨᠰᠢᠬᠦᠯᠵᠦ᠂ ᠪᠠᠳᠣᠯᠠᠭ᠎ᠠ ᠵᠢᠨ ᠬᠦᠷᠢᠶ᠎ᠠ ᠭᠡᠪᠴᠢᠶ᠎ᠠ᠂ ᠬᠠᠮᠢᠶ᠎ᠠ ᠪᠦᠬᠦᠢ ᠪᠡᠷᠢᠮᠵᠢᠶ᠎ᠠ ᠵᠢᠴᠢ ᠬᠠᠮᠢᠶᠡᠷᠦᠯᠳᠡ ᠵᠢᠨ ᠠᠷᠭ᠎ᠠ ᠵᠢ ᠲᠣᠳᠣᠷᠬᠠᠶ᠋ᠢᠯᠠᠨ᠎ᠠ᠃ ᠭᠤᠷᠪᠠᠳᠠᠬᠢ ᠡᠲᠡᠭᠡᠳ᠎ᠤᠨ ᠬᠢᠨᠠᠨ ᠬᠠᠮᠢᠶᠠᠷᠬᠤ ᠲᠣᠭᠲᠠᠴᠠ ᠵᠢ ᠣᠷᠣᠭᠤᠯᠤᠨ ᠠᠪᠴᠢᠷᠠᠬᠤ ᠪᠠ ᠲᠡᠭᠦᠯᠳᠡᠷᠵᠢᠭᠦᠯᠵᠦ᠂ ᠭᠠᠷᠲᠠᠨ ᠭᠦᠢ᠍ᠴᠡᠳᠬᠡᠬᠦ ᠦᠢ᠍ᠯᠡᠴᠢᠯᠡᠭᠡ᠂ ᠰᠤᠪᠢᠯᠠᠬᠤ ᠦᠢ᠍ᠯᠡᠴᠢᠯᠡᠭᠡ ᠵᠡᠷᠭᠡ ᠦᠢ᠍ᠯᠡ ᠠᠵᠢᠯᠯᠠᠭ᠎ᠠ ᠵᠢ ᠬᠢᠨᠠᠨ ᠬᠠᠮᠢᠶᠠᠷᠬᠤ᠎ᠪᠠᠨ ᠴᠢᠩᠭ᠋ᠠᠳᠬᠠᠨ᠎ᠠ᠃ ᠵᠠᠷᠤᠳᠠᠯ᠎ᠢ ᠡᠵᠡᠮᠳᠡᠬᠦ ᠠᠵᠢᠯ᠎ᠢ ᠴᠢᠩᠭ᠋ᠠᠳᠬᠠᠵᠤ᠂ ᠲᠥᠰᠥᠪ᠎ᠤᠨ ᠬᠠᠮᠢᠶᠠᠷᠤᠯᠲᠠ ᠵᠢ ᠬᠡᠷᠡᠭᠵᠢᠭᠦᠯᠦᠨ᠂ ᠰᠦᠢ᠍ᠳᠭᠡᠯ ᠲᠤᠰᠢᠶᠠᠬᠤ᠎ᠳᠤ ᠲᠣᠬᠢᠷᠠᠮᠵᠢᠲᠠᠢ ᠠᠷᠭ᠎ᠠ ᠵᠢ ᠰᠦᠪᠡᠭᠴᠢᠯᠡᠨ᠎ᠡ᠃
(ᠶᠢᠰᠦ) ᠭᠠᠷᠳᠠᠨ ᠭᠦᠢ᠍ᠴᠡᠳᠬᠡᠬᠦ ᠵᠢᠨ ᠬᠠᠮᠢᠶᠠᠷᠤᠯᠲᠠ᠃ ᠨᠡᠶ᠋ᠢᠭᠡᠮ᠎ᠤᠨ ᠬᠦᠴᠦᠨ᠎ᠢ ᠲᠠᠲᠠᠨ ᠣᠷᠣᠭᠤᠯᠵᠤ ᠤᠷᠲᠤ ᠬᠤᠭᠤᠴᠠᠭ᠋ᠠᠨ᠎ᠤ ᠰᠤᠪᠢᠯᠠᠯᠲᠠ ᠵᠢᠨ ᠳᠠᠭ᠋ᠠᠳᠬᠠᠯ᠎ᠤᠨ ᠭᠠᠷᠳᠠᠨ ᠭᠦᠢ᠍ᠴᠡᠳᠬᠡᠬᠦ ᠦᠢ᠍ᠯᠡᠴᠢᠯᠡᠭᠡ᠎ᠳᠤ ᠣᠷᠣᠯᠴᠠᠭᠤᠯᠤᠨ᠂ ᠭᠠᠷᠳᠠᠨ ᠭᠦᠢ᠍ᠴᠡᠳᠬᠡᠬᠦ ᠬᠦᠴᠦᠨ᠎ᠢ ᠲᠡᠭᠦᠯᠳᠡᠷᠵᠢᠭᠦᠯᠦᠨ᠎ᠡ᠃ ᠠᠮᠵᠢᠯᠲᠠ ᠪᠦᠲᠦᠮᠵᠢ ᠵᠢ ᠦᠨᠡᠯᠡᠬᠦ᠂ ᠰᠢᠯᠭ᠋ᠠᠨ ᠬᠢᠨᠠᠵᠤ ᠤᠷᠮᠠᠰᠢᠭᠤᠯᠬᠤ᠂ ᠲᠦᠭᠰᠢᠭᠦᠷᠢ ᠵᠢ ᠰᠡᠷᠭᠡᠶ᠋ᠢᠯᠡᠬᠦ ᠲᠣᠭᠲᠠᠴᠠ ᠵᠢ ᠵᠡᠷᠭᠡ᠎ᠪᠡᠷ ᠪᠠᠶ᠋ᠢᠭᠤᠯᠵᠤ᠂ ᠭᠠᠷᠲᠠᠨ ᠭᠦᠢ᠍ᠴᠡᠳᠬᠡᠬᠦ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠴᠢᠳᠠᠪᠤᠷᠢ ᠪᠠ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ᠃ ᠭᠠᠷᠲᠠᠨ ᠭᠦᠢ᠍ᠴᠡᠳᠬᠡᠬᠦ ᠳᠦᠷᠢᠮ ᠵᠢᠷᠤᠮ ᠪᠣᠯᠤᠨ ᠦᠢ᠍ᠯᠡᠴᠢᠯᠡᠭᠡᠨ᠎ᠤ ᠪᠠᠷᠢᠮᠵᠢᠶ᠎ᠠ ᠵᠢ ᠪᠦᠷᠢᠨᠰᠢᠭᠦᠯᠵᠦ᠂ ᠦᠢ᠍ᠯᠡᠴᠢᠯᠡᠭᠡᠨ᠎ᠤ ᠴᠤᠪᠤᠷᠠᠯ᠎ᠢ ᠰᠢᠯᠢᠳᠡᠭᠵᠢᠭᠦᠯᠦᠨ᠂ ᠨᠠᠢ᠌ᠳᠠᠵᠤ ᠭᠠᠷᠲᠠᠨ ᠭᠦᠢ᠍ᠴᠡᠳᠬᠡᠬᠦ ᠪᠠᠶ᠋ᠢᠭᠤᠯᠤᠮᠵᠢ᠎ᠳᠤ ᠬᠡᠯᠡᠯᠴᠡᠭᠡᠷ᠎ᠤᠨ ᠬᠠᠮᠢᠶᠠᠷᠤᠯᠲᠠ ᠪᠣᠯᠤᠨ ᠬᠢᠨᠠᠯᠲᠠ ᠪᠠᠶ᠋ᠢᠴᠠᠭ᠋ᠠᠯᠲᠠ ᠵᠢ ᠴᠢᠩᠭ᠋ᠠᠳᠬᠠᠨ᠎ᠠ᠃ ᠨᠡᠶ᠋ᠢᠭᠡᠮ᠎ᠤᠨ ᠬᠦᠴᠦᠨ᠎ᠤ ᠭᠠᠷᠲᠠᠨ ᠭᠦᠢ᠍ᠴᠡᠳᠬᠡᠬᠦ ᠦᠢ᠍ᠯᠡᠴᠢᠯᠡᠭᠡᠨ᠎ᠤ ᠵᠠᠷᠤᠳᠠᠯ᠎ᠢ ᠦᠢ᠍ᠯᠡᠴᠢᠯᠡᠭᠡᠨ᠎ᠤ ᠬᠥᠮᠦᠨ ᠠᠮᠠ᠂ ᠪᠠᠶ᠋ᠢᠭᠤᠯᠤᠮᠵᠢ ᠵᠢᠨ ᠠᠵᠢᠯᠯᠠᠭ᠋ᠠᠨ᠎ᠤ ᠥᠪᠡᠷ᠎ᠤᠨ ᠥᠷᠲᠡᠭ᠂ ᠠᠵᠢᠯ᠎ᠤᠨ ᠠᠮᠵᠢᠯᠲᠠ ᠪᠦᠲᠦᠮᠵᠢ ᠵᠡᠷᠭᠡ ᠬᠦᠴᠦᠨ ᠵᠦᠢ᠍ᠯ᠎ᠢ ᠶᠡᠷᠦᠩᠬᠡᠶ᠋ᠢᠯᠡᠨ ᠪᠣᠳᠣᠯᠬᠢᠯᠠᠵᠤ᠂ ᠤᠷᠲᠤ ᠬᠤᠭᠤᠴᠠᠭ᠋ᠠᠨ᠎ᠤ ᠰᠤᠪᠢᠯᠠᠯᠲᠠ ᠵᠢᠨ ᠳᠠᠭ᠋ᠠᠳᠬᠠᠯ᠎ᠤᠨ ᠰᠠᠭᠤᠷᠢ ᠮᠥᠩᠭᠥ ᠵᠢᠨ ᠳᠣᠲᠣᠷ᠎ᠠ᠎ᠠᠴᠠ ᠬᠠᠷᠢᠴᠠᠯ ᠶᠣᠰᠣᠭ᠋ᠠᠷ ᠪᠤᠶᠤ ᠲᠣᠭᠲᠠᠭᠰᠠᠨ ᠨᠣᠷᠮ᠎ᠠ᠎ᠪᠠᠷ ᠥᠭᠬᠦ ᠵᠢ ᠰᠦᠪᠡᠭᠴᠢᠯᠡᠵᠦ ᠪᠣᠯᠤᠨ᠎ᠠ᠂ ᠪᠣᠳᠠᠲᠠᠶ ᠠᠷᠭ᠎ᠠ ᠵᠢ ᠭᠠᠷᠲᠠᠨ ᠭᠦᠢ᠍ᠴᠡᠳᠬᠡᠬᠦ ᠬᠡᠯᠡᠯᠴᠡᠭᠡᠷ᠎ᠲᠤ᠎ᠪᠠᠨ ᠪᠣᠯᠵᠣᠨ ᠲᠣᠭᠲᠠᠬᠤ ᠬᠡᠷᠡᠭᠲᠡᠶ᠃ ᠣᠷᠳᠣ ᠬᠤᠭᠤᠴᠠᠭ᠋ᠠᠨ᠎ᠤ ᠰᠣᠪᠢᠯᠠᠯᠳᠡ ᠵᠢᠨ ᠲᠠᠭ᠋ᠠᠳᠬᠠᠯ᠎ᠤᠨ ᠰᠢᠰᠲ᠋ᠧᠮ᠎ᠤᠨ ᠳᠡᠪᠴᠠᠩ᠎ᠤᠨ ᠪᠠᠶ᠋ᠢᠭᠤᠯᠥᠯᠳᠡ ᠵᠢ ᠳᠦᠷᠭᠡᠳᠭᠡᠵᠦ᠂ 《ᠢᠨᠲ᠋ᠧᠷ ᠰᠦᠯᠵᠢᠶ᠎ᠠ +》 ᠵᠡᠷᠭᠡ ᠰᠢᠨ᠎ᠡ ᠵᠢ ᠡᠬᠦᠳᠬᠦ ᠮᠡᠷᠭᠡᠵᠢᠯ᠎ᠤᠨ ᠭᠡᠷᠡᠭᠯᠡᠯᠳᠡ ᠵᠢ ᠠᠬᠢᠭᠤᠯᠥᠨ᠂ ᠭᠡᠯᠡᠯᠴᠡᠭᠡᠷ᠎ᠤᠨ ᠰᠣᠪᠢᠯᠠᠯᠳᠡ ᠵᠢᠨ ᠦᠢ᠍ᠯᠡᠴᠢᠯᠡᠭᠡᠨ᠎ᠤ ᠪᠠᠶ᠋ᠢᠭᠤᠯᠥᠮᠵᠢ ᠵᠢᠴᠢ ᠪᠤᠰᠣᠳ ᠠᠵᠢᠯ ᠳᠥᠷᠦᠯ᠎ᠤᠨ ᠬᠦᠷᠢᠶ᠎ᠠ ᠴᠡᠷᠠᠭ᠎ᠠ ᠵᠢᠨ ᠮᠡᠳᠡᠭᠡ ᠵᠠᠩᠬᠢ ᠵᠢᠨ ᠳᠡᠪᠴᠠᠩᠯᠤᠭᠠ ᠮᠡᠳᠡᠭᠡ ᠵᠠᠩᠬᠢ ᠵᠢ ᠬᠠᠮᠳᠣᠪᠡᠷ ᠬᠦᠷᠲᠡᠬᠦ ᠪᠠ ᠬᠠᠷᠢᠯᠴᠠᠨ ᠬᠤᠯᠪᠤᠭ᠋ᠠᠯᠠᠵᠦ ᠬᠠᠷᠢᠯᠴᠠᠨ ᠨᠡᠪᠳᠡᠷᠡᠯᠴᠡᠬᠦ ᠵᠢ ᠠᠯᠬᠤᠮ ᠠᠯᠬᠤᠮ ᠵᠶ᠋ᠠᠷ ᠪᠠᠶᠠᠯᠠᠬᠦᠯᠥᠨ᠎ᠠ᠃
ᠳᠥᠷᠪᠡ᠂ ᠵᠣᠬᠢᠶᠠᠨ ᠪᠠᠶ᠋ᠢᠭᠤᠯᠤᠨ ᠬᠡᠷᠡᠭᠵᠢᠭᠦᠯᠬᠦ
(ᠠᠷᠪᠠ) ᠲᠤᠷᠰᠢᠯᠲᠠ ᠵᠢᠨ ᠬᠦᠷᠢᠶ᠎ᠡ ᠬᠡᠪᠴᠢᠶ᠎ᠡ ᠵᠢ ᠥᠷᠭᠡᠳᠬᠡᠨ᠎ᠡ᠃ ᠬᠥᠮᠦᠨ᠎ᠤ ᠬᠦᠴᠦᠨ᠎ᠤ ᠡᠬᠢ ᠪᠠᠶᠠᠯᠢᠭ ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ᠎ᠤ ᠤᠤᠯ᠎ᠤᠨ ᠲᠣᠳᠣᠷᠬᠠᠶ᠋ᠢᠯᠠᠭᠰᠠᠨ ᠲᠤᠷᠰᠢᠯᠲᠠ ᠵᠢᠨ ᠴᠡᠭ ᠪᠣᠯᠬᠤ ᠬᠣᠲᠠ ᠪᠣᠯᠤᠨ ᠭᠢᠷᠢᠨ᠂ ᠱᠠᠨᠳᠦ᠋ᠩ 2 ᠭᠣᠤᠯᠳᠠᠯᠭ᠎ᠠ᠎ᠲᠠᠢ ᠮᠤᠵᠢ ᠣᠷᠣᠨ᠎ᠯᠤᠭ᠎ᠠ ᠲᠤᠰ ᠰᠠᠨᠠᠯ᠎ᠤᠨ ᠱᠠᠭ᠋ᠠᠷᠳᠠᠯᠭ᠎ᠠ ᠶᠣᠰᠣᠭ᠋ᠠᠷ ᠦᠷᠭᠦᠯᠵᠢᠯᠡᠨ ᠲᠤᠷᠰᠢᠯᠲᠠ ᠵᠢᠨ ᠴᠡᠭ ᠥᠷᠨᠢᠭᠦᠯᠵᠦ᠂ ᠪᠤᠰᠤᠳ ᠲᠤᠷᠰᠢᠯᠲᠠ ᠵᠢᠨ ᠴᠡᠭ ᠥᠷᠨᠢᠭᠦᠯᠦᠭᠡᠳᠦᠶ ᠮᠤᠵᠢ᠎ᠨᠢ ᠰᠢᠨ᠎ᠡ᠎ᠪᠠᠷ 1 ᠬᠣᠲᠠ ᠨᠡᠮᠡᠵᠦ ᠲᠤᠷᠰᠢᠯᠲᠠ ᠵᠢᠨ ᠴᠡᠭ ᠥᠷᠨᠢᠭᠦᠯᠵᠦ ᠪᠣᠯᠤᠨ᠎ᠠ᠂ ᠡᠨᠡ ᠵᠢᠯ᠎ᠤᠨ ᠳᠣᠲᠣᠷ᠎ᠠ ᠡᠬᠢᠯᠡᠨ ᠬᠡᠷᠡᠭᠵᠢᠭᠦᠯᠵᠦ᠂ ᠲᠤᠷᠰᠢᠯᠲᠠ ᠵᠢᠨ ᠴᠡᠭ᠎ᠤᠨ ᠬᠤᠭᠤᠴᠠᠭ᠎ᠠ᠎ᠨᠢ 2 ᠵᠢᠯ ᠪᠣᠯᠤᠨ᠎ᠠ᠃ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠪᠣᠯᠤᠨ ᠡᠳ᠋᠎ᠤᠨ ᠵᠠᠰᠠᠭ᠎ᠤᠨ ᠶᠠᠮᠤᠨ ᠵᠶ᠋ᠠᠷ ᠵᠥᠪᠰᠢᠶᠡᠷᠡᠭᠦᠯᠬᠦ ᠦᠭᠡᠢ᠎ᠪᠠᠷ ᠡᠯ᠎ᠡ ᠭᠠᠵᠠᠷ᠎ᠤᠨ᠎ᠬᠢᠨ ᠲᠤᠷᠰᠢᠯᠲᠠ ᠵᠢᠨ ᠴᠡᠭ᠎ᠤᠨ ᠬᠡᠪᠴᠢᠶ᠎ᠡ᠎ᠪᠠᠨ ᠥᠪᠡᠷᠲᠡᠭᠡᠨ ᠥᠷᠭᠡᠳᠬᠡᠵᠦ ᠪᠣᠯᠬᠤ ᠦᠭᠡᠶ᠃
(ᠠᠷᠪᠠᠨ ᠨᠢᠭᠡ) ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠨ᠎ᠠ᠃ ᠡᠯ᠎ᠡ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠤᠭᠤᠳ ᠤᠷᠲᠤ ᠬᠤᠭᠤᠴᠠᠭ᠋ᠠᠨ᠎ᠤ ᠰᠤᠪᠢᠯᠠᠯᠲᠠ ᠵᠢᠨ ᠳᠠᠭ᠋ᠠᠳᠬᠠᠯ᠎ᠤᠨ ᠳᠦᠷᠢᠮ᠎ᠤᠨ ᠲᠤᠷᠰᠢᠯᠲᠠ ᠵᠢᠨ ᠴᠡᠭ᠎ᠤᠨ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠲᠤᠷᠰᠢᠯᠲᠠ ᠵᠢᠨ ᠴᠡᠭ᠎ᠤᠨ ᠬᠣᠲᠠ᠎ᠳᠠᠬᠢ ᠵᠢᠯᠣᠭᠣᠳᠤᠯᠭ᠎ᠠ᠎ᠪᠠᠨ ᠴᠢᠩᠭ᠋ᠠᠳᠬᠠᠬᠤ ᠬᠡᠷᠡᠭᠲᠡᠶ᠃ ᠲᠤᠷᠰᠢᠯᠲᠠ ᠵᠢᠨ ᠴᠡᠭ ᠪᠣᠯᠬᠤ ᠬᠣᠲᠠ᠎ᠨᠤᠭᠤᠳ᠎ᠨᠢ ᠲᠤᠷᠰᠢᠯᠲᠠ ᠵᠢᠨ ᠠᠵᠢᠯ᠎ᠤᠨ ᠤᠳᠤᠷᠢᠳᠬᠤ ᠳᠤᠭᠤᠶ᠋ᠢᠯᠠᠩ ᠪᠠᠶ᠋ᠢᠭᠤᠯᠵᠤ᠂ ᠰᠠᠯᠠᠭ᠎ᠠ ᠮᠥᠴᠢᠷ᠎ᠤᠨ ᠵᠣᠬᠢᠴᠠᠭᠤᠯᠭ᠎ᠠ᠎ᠪᠠᠨ ᠴᠢᠩᠭ᠋ᠠᠳᠬᠠᠨ᠂ ᠲᠤᠷᠰᠢᠯᠲᠠ ᠵᠢᠨ ᠴᠡᠭ᠎ᠤᠨ ᠠᠵᠢᠯ᠎ᠤᠨ ᠡᠮᠬᠢ ᠵᠢᠷᠤᠮ᠎ᠲᠠᠢ ᠥᠷᠨᠢᠬᠦ ᠵᠢ ᠬᠠᠮᠲᠤ᠎ᠪᠠᠷ ᠠᠬᠢᠭᠤᠯᠬᠤ ᠬᠡᠷᠡᠭᠲᠡᠶ᠃ ᠰᠢᠨ᠎ᠡ᠎ᠪᠠᠷ ᠥᠷᠨᠢᠭᠦᠯᠬᠦ ᠲᠤᠷᠰᠢᠯᠲᠠ ᠵᠢᠨ ᠴᠡᠭ ᠪᠣᠯᠬᠤ ᠬᠣᠲᠠ᠎ᠨᠤᠭᠤᠳ ᠲᠤᠰ ᠰᠠᠨᠠᠯ᠎ᠤᠨ ᠱᠠᠭ᠋ᠠᠷᠳᠠᠯᠭ᠎ᠠ ᠶᠣᠰᠣᠭ᠋ᠠᠷ ᠲᠤᠷᠰᠢᠯᠲᠠ ᠵᠢᠨ ᠬᠡᠷᠡᠭᠵᠢᠭᠦᠯᠬᠦ ᠲᠥᠰᠦᠯ ᠵᠶ᠋ᠠᠨ ᠨᠠᠶ᠋ᠢᠷᠠᠭᠤᠯᠤᠨ ᠵᠣᠬᠢᠶᠠᠵᠤ᠂ ᠮᠤᠵᠢ ᠵᠢᠨ ᠱᠠᠲᠤᠨ᠎ᠤ ᠡᠮᠴᠢᠯᠡᠭᠡᠨ᠎ᠤ ᠪᠠᠲᠤᠯᠠᠭ᠎ᠠ᠂ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠲᠤ ᠮᠡᠳᠡᠭᠦᠯᠵᠦ ᠵᠥᠪᠰᠢᠶᠡᠷᠡᠭᠦᠯᠬᠦ ᠵᠢᠨ ᠬᠠᠮᠲᠤ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠪᠣᠯᠤᠨ ᠡᠳ᠋᠎ᠤᠨ ᠵᠠᠰᠠᠭ᠎ᠤᠨ ᠶᠠᠮᠤᠨ᠎ᠳᠤ ᠮᠡᠳᠡᠭᠦᠯᠵᠦ ᠳᠠᠩᠰᠠᠯᠠᠭᠤᠯᠤᠭᠰᠠᠨ᠎ᠤ ᠳᠠᠷᠠᠭ᠎ᠠ ᠡᠬᠢᠯᠡᠭᠦᠯᠦᠨ ᠬᠡᠷᠡᠭᠵᠢᠭᠦᠯᠬᠦ ᠬᠡᠷᠡᠭᠲᠡᠶ᠃ ᠨᠢᠭᠡᠨᠲᠡ ᠲᠤᠷᠰᠢᠯᠲᠠ ᠥᠷᠨᠢᠭᠦᠯᠦᠭᠰᠡᠨ ᠭᠠᠵᠠᠷ ᠣᠷᠣᠨ᠎ᠨᠤᠭᠤᠳ ᠲᠤᠰ ᠰᠠᠨᠠᠯ᠎ᠤᠨ ᠱᠠᠭ᠋ᠠᠷᠳᠠᠯᠭ᠎ᠠ ᠶᠣᠰᠣᠭ᠋ᠠᠷ ᠲᠤᠷᠰᠢᠯᠲᠠ ᠵᠢᠨ ᠴᠡᠭ᠎ᠤᠨ ᠠᠵᠢᠯ᠎ᠢ ᠤᠯᠠᠮ ᠨᠢᠭᠡ ᠠᠯᠬᠤᠮ ᠭᠦᠨᠵᠡᠭᠡᠶ ᠲᠦᠯᠬᠢᠨ ᠠᠬᠢᠭᠤᠯᠵᠤ᠂ ᠲᠥᠷᠥ ᠵᠢᠨ ᠪᠣᠳᠣᠯᠭ᠎ᠠ ᠵᠢᠨ ᠲᠥᠰᠥᠪᠢᠢ ᠲᠡᠭᠦᠯᠳᠡᠷᠵᠢᠭᠦᠯᠦᠨ᠂ ᠤᠷᠲᠤ ᠬᠤᠭᠤᠴᠠᠭ᠋ᠠᠨ᠎ᠤ ᠰᠤᠪᠢᠯᠠᠯᠲᠠ ᠵᠢᠨ ᠦᠢ᠍ᠯᠡᠴᠢᠯᠡᠭᠡᠨ᠎ᠤ ᠰᠢᠰᠲ᠋ᠧᠮᠵᠢ ᠵᠢᠨ ᠪᠠᠶ᠋ᠢᠭᠤᠯᠤᠯᠲᠠ ᠵᠢ ᠴᠢᠩᠭ᠋ᠠᠳᠬᠠᠬᠤ ᠬᠡᠷᠡᠭᠲᠡᠶ᠃
(ᠠᠷᠪᠠᠨ ᠬᠣᠶᠠᠷ) ᠠᠵᠢᠯ᠎ᠤᠨ ᠲᠣᠭᠲᠠᠴᠠ ᠵᠢ ᠲᠡᠭᠦᠯᠳᠡᠷᠵᠢᠭᠦᠯᠦᠨ᠎ᠡ᠃ ᠮᠤᠵᠢ ᠵᠢᠨ ᠱᠠᠲᠤᠨ᠎ᠠᠴᠠ ᠳᠡᠭᠡᠭᠰᠢᠬᠢ ᠡᠮᠴᠢᠯᠡᠭᠡᠨ᠎ᠤ ᠪᠠᠲᠤᠯᠠᠭ᠎ᠠ ᠵᠢᠨ ᠰᠠᠯᠠᠭ᠎ᠠ ᠮᠥᠴᠢᠷ᠎ᠤᠳ ᠲᠤᠰᠬᠠᠶ ᠬᠥᠮᠦᠨ ᠲᠣᠭᠲᠠᠭ᠋ᠠᠨ ᠤᠷᠲᠤ ᠬᠤᠭᠤᠴᠠᠭ᠋ᠠᠨ᠎ᠤ ᠰᠤᠪᠢᠯᠠᠯᠲᠠ ᠵᠢᠨ ᠳᠠᠭ᠋ᠠᠳᠬᠠᠯ᠎ᠤᠨ ᠲᠤᠷᠰᠢᠯᠲᠠ ᠵᠢᠨ ᠴᠡᠭ᠎ᠤᠨ ᠠᠵᠢᠯ᠎ᠢ ᠬᠠᠷᠢᠭᠤᠴᠠᠭᠤᠯᠵᠤ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠠᠵᠢᠯ᠎ᠤᠨ ᠬᠢᠨᠠᠨ ᠵᠢᠯᠣᠭᠣᠳᠬᠤ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠵᠦ᠂ ᠲᠤᠷᠰᠢᠯᠲᠠ ᠵᠢᠨ ᠴᠡᠭ᠎ᠤᠨ ᠠᠬᠢᠴᠠ ᠵᠢ ᠮᠥᠷᠳᠡᠨ ᠵᠢᠯᠣᠭᠣᠳᠬᠤ ᠵᠢᠨ ᠬᠠᠮᠲᠤ ᠠᠵᠢᠯᠯᠠᠭ᠋ᠠᠨ᠎ᠤ ᠲᠣᠭ᠎ᠠ ᠪᠠᠷᠢᠮᠲᠠ ᠪᠣᠯᠤᠨ ᠲᠤᠷᠰᠢᠯᠲᠠ ᠵᠢᠨ ᠴᠡᠭ᠎ᠤᠨ ᠪᠠᠶ᠋ᠢᠳᠠᠯ ᠵᠶ᠋ᠠᠨ ᠱᠠᠭ᠋ᠠᠷᠳᠠᠯᠭ᠎ᠠ ᠶᠣᠰᠣᠭ᠋ᠠᠷ ᠮᠡᠳᠡᠭᠦᠯᠦᠨ ᠬᠦᠷᠭᠡᠬᠦ ᠬᠡᠷᠡᠭᠲᠡᠶ᠃ ᠦᠨᠡᠯᠡᠨ ᠵᠢᠱ᠌ᠢᠵᠦ ᠬᠢᠨᠠᠨ ᠰᠢᠯᠭ᠋ᠠᠬᠤ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠲᠤᠷᠰᠢᠯᠲᠠ ᠵᠢᠨ ᠳᠤᠮᠳᠠᠬᠢ ᠰᠢᠨ᠎ᠡ ᠪᠠᠶ᠋ᠢᠳᠠᠯ ᠰᠢᠨ᠎ᠡ ᠠᠰᠠᠭᠤᠳᠠᠯ᠎ᠢ ᠴᠠᠭ ᠲᠤᠬᠠᠶ᠎ᠳᠤᠨᠢ ᠰᠤᠳᠤᠯᠵᠤ᠂ ᠰᠠᠶ᠋ᠢᠨ ᠲᠤᠷᠰᠢᠯᠭ᠎ᠠ ᠠᠷᠭ᠎ᠠ ᠬᠢᠳᠡᠯ᠎ᠢ ᠰᠠᠶ᠋ᠢᠲᠤᠷ ᠳ᠋ᠦᠩᠨᠡᠵᠦ᠂ ᠬᠥᠨᠳᠡᠯᠡᠨ ᠵᠶ᠋ᠠᠷ ᠰᠣᠯᠢᠯᠴᠠᠬᠤ ᠵᠢ ᠴᠢᠩᠭ᠋ᠠᠳᠬᠠᠨ᠂ ᠲᠤᠷᠰᠢᠯᠲᠠ ᠵᠢᠨ ᠴᠡᠭ᠎ᠤᠨ ᠠᠵᠢᠯ᠎ᠢ ᠲᠡᠩᠴᠡᠭᠦᠷᠢᠲᠡᠶ ᠠᠬᠢᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃ ᠨᠡᠶ᠋ᠢᠭᠡᠮ᠎ᠤᠨ ᠡᠯ᠎ᠡ ᠲᠠᠯ᠎ᠠ ᠵᠢᠨ ᠡᠬᠢ ᠪᠠᠶᠠᠯᠢᠭ᠎ᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠬᠠᠮᠵᠢᠯᠴᠠᠨ ᠯᠠᠪᠯᠠᠬᠤ᠎ᠪᠠᠨ ᠴᠢᠩᠭ᠋ᠠᠳᠬᠠᠵᠤ᠂ ᠲᠤᠷᠰᠢᠯᠲᠠ ᠵᠢᠨ ᠴᠡᠭ᠎ᠤᠨ ᠠᠵᠢᠯ᠎ᠤᠨ ᠲᠣᠭᠲᠠᠭᠤᠨ ᠵᠶ᠋ᠠᠷ ᠰᠠᠶ᠋ᠢᠵᠢᠷᠠᠬᠤ ᠵᠢ ᠠᠬᠢᠭᠤᠯᠤᠨ᠎ᠠ᠃ ᠲᠤᠷᠰᠢᠯᠲᠠ ᠬᠢᠬᠦ ᠶᠠᠪᠤᠴᠠ᠎ᠳᠠᠬᠢ ᠲᠥᠷᠥ ᠵᠢᠨ ᠪᠣᠳᠣᠯᠭ᠎ᠠ ᠵᠢᠨ ᠲᠣᠬᠢᠷᠠᠭᠤᠯᠤᠯᠲᠠ ᠪᠤᠶᠤ ᠪᠤᠰᠤᠳ ᠴᠢᠬᠤᠯᠠ ᠶᠡᠬᠡ ᠵᠦᠢ᠍ᠯᠡᠰ᠎ᠲᠤ ᠮᠤᠵᠢ ᠵᠢᠨ ᠱᠠᠲᠤᠨ᠎ᠤ ᠡᠮᠴᠢᠯᠡᠭᠡᠨ᠎ᠤ ᠪᠠᠲᠤᠯᠠᠭ᠎ᠠ᠂ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠤᠳ ᠤᠯᠤᠰ᠎ᠤᠨ ᠡᠮᠴᠢᠯᠡᠭᠡᠨ᠎ᠤ ᠳᠠᠭ᠋ᠠᠳᠬᠠᠯ᠎ᠤᠨ ᠬᠠᠮᠢᠶᠠᠷᠤᠯᠲᠠ ᠵᠢᠨ ᠲᠣᠪᠴᠢᠶ᠎ᠠ ᠪᠣᠯᠤᠨ ᠡᠳ᠋᠎ᠤᠨ ᠵᠠᠰᠠᠭ᠎ᠤᠨ ᠶᠠᠮᠤᠨ᠎ᠳᠤ ᠴᠠᠭ ᠲᠤᠬᠠᠶ᠎ᠳᠤᠨᠢ ᠮᠡᠳᠡᠭᠦᠯᠬᠦ ᠬᠡᠷᠡᠭᠲᠡᠶ᠃
(ᠠᠷᠪᠠᠨ ᠭᠤᠷᠪᠠ) ᠤᠬᠠᠭᠤᠯᠵᠤ ᠬᠥᠲᠥᠯᠥᠨ ᠵᠢᠯᠣᠭᠤᠳᠬᠤ ᠵᠢ ᠴᠢᠩᠭ᠋ᠠᠳᠬᠠᠨ᠎ᠠ᠃ ᠡᠯ᠎ᠡ ᠭᠠᠵᠠᠷ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠳ ᠤᠬᠠᠭᠤᠯᠬᠤ ᠠᠵᠢᠯ ᠵᠶ᠋ᠠᠨ ᠴᠢᠩᠭ᠋ᠠᠳᠬᠠᠵᠤ᠂ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ ᠵᠢ ᠰᠠᠶ᠋ᠢᠲᠤᠷ ᠬᠢᠵᠦ᠂ ᠨᠡᠶ᠋ᠢᠭᠡᠮ᠎ᠤᠨ ᠠᠩᠬᠠᠷᠤᠯ ᠲᠠᠯᠪᠢᠵᠤ ᠪᠠᠶ᠋ᠢᠭ᠎ᠠ ᠠᠰᠠᠭᠤᠳᠠᠯ᠎ᠳᠤ ᠴᠠᠭ ᠲᠤᠬᠠᠶ᠎ᠳᠤᠨᠢ ᠬᠠᠷᠢᠭᠤᠯᠲᠠ ᠥᠭᠴᠦ᠂ ᠵᠢᠱ᠌ᠢᠯᠲᠡ ᠵᠢ ᠵᠦᠶ ᠵᠣᠬᠢᠰᠲᠠᠶ ᠬᠥᠲᠥᠯᠥᠨ ᠵᠢᠯᠣᠭᠤᠳᠬᠤ ᠬᠡᠷᠡᠭᠲᠡᠶ᠃ ᠲᠤᠷᠰᠢᠯᠲᠠ ᠵᠢᠨ ᠴᠡᠭ᠎ᠤᠨ ᠠᠵᠢᠯ᠎ᠢ ᠳᠡᠮᠵᠢᠨ ᠬᠠᠮᠵᠢᠯᠴᠠᠬᠤ ᠡᠯ᠎ᠡ ᠲᠠᠯ᠎ᠠ ᠵᠢᠨ ᠢᠳᠡᠪᠬᠢᠵᠢᠯ ᠪᠠ ᠰᠠᠨᠠᠭ᠋ᠠᠴᠢᠯᠠᠭ᠋ᠠᠲᠤ ᠴᠢᠨᠠᠷ᠎ᠢ ᠭᠦᠢ᠍ᠴᠡᠳ ᠳᠠᠶ᠋ᠢᠴᠢᠯᠠᠵᠤ᠂ ᠨᠡᠶ᠋ᠢᠭᠡᠮ᠎ᠤᠨ ᠬᠠᠮᠲᠤ ᠵᠢᠨ ᠲᠠᠨᠢᠯᠲᠠ ᠵᠢ ᠨᠢᠭᠲᠠᠷᠠᠭᠤᠯᠤᠨ᠂ ᠲᠤᠷᠰᠢᠯᠲᠠ ᠵᠢᠨ ᠴᠡᠭ᠎ᠢ ᠤᠷᠤᠭᠰᠢᠲᠠᠶ ᠠᠬᠢᠭᠤᠯᠬᠤ᠎ᠳᠤ ᠰᠠᠶ᠋ᠢᠨ ᠰᠠᠶ᠋ᠢᠬᠠᠨ ᠨᠡᠶ᠋ᠢᠭᠡᠮ᠎ᠤᠨ ᠠᠭᠤᠷ ᠠᠮᠢᠰᠬᠤᠯ᠎ᠢ ᠪᠣᠶ ᠪᠣᠯᠭ᠋ᠠᠬᠤ ᠬᠡᠷᠡᠭᠲᠡᠶ᠃
ᠳᠠᠭ᠋ᠠᠯᠳᠤᠭᠤᠯᠤᠯ᠄ ᠤᠷᠲᠤ ᠬᠤᠭᠤᠴᠠᠭ᠋ᠠᠨ᠎ᠤ ᠰᠤᠪᠢᠯᠠᠯᠲᠠ ᠵᠢᠨ ᠳᠠᠭ᠋ᠠᠳᠬᠠᠯ᠎ᠤᠨ ᠳᠦᠷᠢᠮ᠎ᠤᠨ ᠲᠤᠷᠰᠢᠯᠲᠠ ᠵᠢᠨ ᠴᠡᠭ᠎ᠤᠨ ᠬᠣᠲᠠ ᠵᠢᠨ ᠨᠡᠷᠡᠰ
ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ
ᠡᠳ᠋᠎ᠤᠨ ᠵᠠᠰᠠᠭ᠎ᠤᠨ ᠶᠠᠮᠤᠨ
2020 ᠣᠨ᠎ᠤ 9 ᠳ᠋ᠦ᠍ᠭᠡᠷ ᠰᠠᠷ᠎ᠠ ᠵᠢᠨ 10᠎ᠤ ᠡᠳᠦᠷ