ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠪᠢᠴᠢᠭ ᠮᠠᠲ᠋ᠧᠷᠢᠶᠠᠯ
ᠤᠯᠤᠰ᠎ᠤᠨ ᠦᠨᠳᠦᠰᠦᠨ ᠡᠮᠴᠢᠯᠡᠭᠡᠨ᠎ᠤ ᠳᠠᠭ᠋ᠠᠳᠬᠠᠯ᠂ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ ᠪᠠ ᠦᠷᠡᠵᠢᠯ᠎ᠤᠨ ᠳᠠᠭ᠋ᠠᠳᠬᠠᠯ᠎ᠤᠨ ᠡᠮ᠎ᠤᠨ ᠵᠦᠢ᠍ᠯ᠎ᠤᠨ ᠭᠠᠷᠴᠠᠭ (2024 ᠣᠨ)᠎ᠢ ᠬᠡᠷᠡᠭᠵᠢᠭᠦᠯᠬᠦ ᠲᠤᠬᠠᠶ ᠮᠡᠳᠡᠭᠳᠡᠯ
ᠨᠡᠶ᠋ᠢᠲᠡᠯᠡᠭᠰᠡᠨ ᠴᠠᠭ᠄ 2024-12-25

ᠡᠯ᠎ᠡ ᠠᠢ᠌ᠮᠠᠭ  ᠬᠤᠲᠠ ᠵᠢᠨ ᠡᠮᠴᠢᠯᠡᠭᠡᠨ᠎ᠤ  ᠪᠠᠲᠤᠯᠠᠭ᠎ᠠ ᠵᠢᠨ ᠲᠣᠪᠴᠢᠶ᠎ᠠ᠂  ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ  ᠪᠠᠲᠤᠯᠠᠭ᠎ᠠ ᠵᠢᠨ ᠲᠣᠪᠴᠢᠶ᠎ᠠ᠂  ᠮᠠᠨᠵᠤᠤᠷ ᠬᠤᠲᠠ᠂  ᠡᠷᠢᠶᠡᠨ ᠬᠤᠲᠠ ᠵᠢᠨ ᠡᠮᠴᠢᠯᠡᠭᠡᠨ᠎ᠤ  ᠪᠠᠲᠤᠯᠠᠭ᠎ᠠ ᠵᠢᠨ ᠲᠣᠪᠴᠢᠶ᠎ᠠ᠂  ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ  ᠪᠠᠲᠤᠯᠠᠭ᠎ᠠ ᠵᠢᠨ ᠲᠣᠪᠴᠢᠶ᠎ᠠ᠂  ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ  ᠳᠠᠭ᠋ᠠᠳᠬᠠᠯ᠎ᠤᠨ ᠦᠢ᠍ᠯᠡᠴᠢᠯᠡᠭᠡᠨ᠎ᠤ ᠲᠥᠪ᠂  ᠡᠮ ᠡᠮᠨᠡᠯᠭᠡ  ᠬᠤᠳᠠᠯᠳᠤᠨ ᠠᠪᠬᠤ ᠲᠥᠪ᠂  ᠣᠨᠳᠣᠤ ᠭᠠᠵᠠᠷ᠎ᠲᠤ ᠡᠮᠨᠡᠭᠦᠯᠦᠭᠰᠡᠨ ᠵᠠᠷᠤᠳᠠᠯ᠎ᠢ ᠳ᠋ᠦᠩᠨᠡᠨ ᠪᠤᠳᠤᠬᠤ ᠲᠥᠪ᠎ᠲᠤ᠄

  《ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ  ᠲᠣᠪᠴᠢᠶ᠎ᠠ᠂  ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ᠎ᠤ ᠤᠯᠤᠰ᠎ᠤᠨ ᠦᠨᠳᠦᠰᠦᠨ ᠡᠮᠴᠢᠯᠡᠭᠡᠨ᠎ᠤ ᠳᠠᠭ᠋ᠠᠳᠬᠠᠯ᠂  ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ ᠪᠠ ᠦᠷᠡᠵᠢᠯ᠎ᠤᠨ ᠳᠠᠭ᠋ᠠᠳᠬᠠᠯ᠎ᠤᠨ ᠡᠮ᠎ᠤᠨ ᠵᠦᠢ᠍ᠯ᠎ᠤᠨ ᠭᠠᠷᠴᠠᠭ (2024 ᠣᠨ)᠎ᠢ ᠳᠠᠷᠤᠮᠠᠯᠯᠠᠨ ᠲᠠᠷᠬᠠᠭ᠋ᠠᠬᠤ  ᠲᠤᠬᠠᠶ ᠮᠡᠳᠡᠭᠳᠡᠯ》 (ᠡᠮᠴᠢᠯᠡᠭᠡᠨ᠎ᠤ ᠪᠠᠲᠤᠯᠠᠭ᠎ᠠ  ᠲᠠᠷᠬᠠᠭ᠋ᠠᠭᠰᠠᠨ [2024 ] 33 ᠳ᠋ᠤᠭ᠋ᠠᠷ ᠲᠣᠭ᠋ᠠᠲᠤ) (ᠳᠣᠷᠣᠭᠰᠢ ᠤᠯᠤᠰ᠎ᠤᠨ 《2024 ᠣᠨ᠎ᠤ ᠡᠮ᠎ᠤᠨ ᠵᠦᠢ᠍ᠯ᠎ᠤᠨ ᠭᠠᠷᠴᠠᠭ》 ᠭᠡᠵᠦ ᠲᠣᠪᠴᠢᠯᠠᠨ᠎ᠠ)᠎ᠤᠨ ᠱᠠᠭ᠋ᠠᠷᠳᠠᠯᠭ᠎ᠠ ᠶᠣᠰᠣᠭ᠋ᠠᠷ᠂  ᠤᠯᠤᠰ᠎ᠤᠨ 《2024 ᠣᠨ᠎ᠤ ᠡᠮ᠎ᠤᠨ ᠵᠦᠢ᠍ᠯ᠎ᠤᠨ ᠭᠠᠷᠴᠠᠭ》᠎ᠢ ᠨᠠᠶ᠋ᠢᠳᠠᠪᠤᠷᠢᠵᠢᠭᠤᠯᠵᠤ᠂  ᠥᠷᠭᠡᠨ ᠣᠯᠠᠨ ᠳᠠᠭ᠋ᠠᠳᠬᠠᠯ᠎ᠳᠤ ᠣᠷᠣᠯᠴᠠᠭᠰᠠᠳ᠎ᠤᠨ ᠡᠷᠬᠡ ᠠᠰᠢᠭ᠎ᠢ ᠪᠠᠲᠤᠯᠠᠬᠤ ᠵᠢᠨ ᠲᠤᠰᠠᠳᠠ᠂  ᠡᠳᠦᠭᠡ ᠤᠯᠤᠰ᠎ᠤᠨ 《2024 ᠣᠨ᠎ᠤ ᠡᠮ᠎ᠤᠨ ᠵᠦᠢ᠍ᠯ᠎ᠤᠨ ᠭᠠᠷᠴᠠᠭ》᠎ᠢ ᠬᠡᠷᠡᠭᠵᠢᠭᠦᠯᠬᠦ ᠬᠤᠯᠪᠣᠭᠳᠠᠯ ᠪᠥᠬᠦᠶ ᠵᠦᠢ᠍ᠯᠡᠰ᠎ᠢ ᠳᠣᠤᠷᠠᠬᠢ ᠮᠡᠲᠦ ᠮᠡᠳᠡᠭᠳᠡᠶ᠎ᠡ᠃

   ᠨᠢᠭᠡ᠂  ᠬᠡᠷᠡᠭᠵᠢᠭᠦᠯᠬᠦ ᠬᠡᠪᠴᠢᠶ᠎ᠡ

  (ᠨᠢᠭᠡ) ᠤᠯᠤᠰ᠎ᠤᠨ 《2024 ᠣᠨ᠎ᠤ ᠡᠮ᠎ᠤᠨ ᠵᠦᠢ᠍ᠯ᠎ᠤᠨ ᠭᠠᠷᠴᠠᠭ》᠎ᠢ ᠪᠦᠬᠦᠨ᠎ᠢ ᠮᠠᠨ᠎ᠤ ᠣᠷᠣᠨ᠎ᠤ ᠦᠨᠳᠦᠰᠦᠨ ᠡᠮᠴᠢᠯᠡᠭᠡᠨ᠎ᠤ ᠳᠠᠭ᠋ᠠᠳᠬᠠᠯ᠂  ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ ᠪᠠ ᠦᠷᠡᠵᠢᠯ᠎ᠤᠨ ᠳᠠᠭ᠋ᠠᠳᠬᠠᠯ᠎ᠤᠨ ᠰᠠᠭᠤᠷᠢ ᠮᠥᠩᠭᠦ᠎ᠪᠠᠷ ᠲᠣᠭ᠋ᠠᠴᠠᠭ᠎ᠠ ᠬᠢᠬᠦ ᠬᠡᠪᠴᠢᠶᠡᠨ᠎ᠳᠤ ᠣᠷᠣᠭᠤᠯᠵᠤ᠂  ᠡᠮ᠎ᠤᠨ ᠵᠦᠢ᠍ᠯ᠎ᠤᠨ ᠬᠡᠷᠡᠭᠯᠡᠭᠡᠨ᠎ᠤ ᠬᠢᠵᠠᠭ᠋ᠠᠷᠯᠠᠯ  ᠪᠠ ᠵᠢᠱ᠌ᠢᠶ᠎ᠡ ᠵᠢᠨ ᠳᠣᠲᠣᠷᠠᠬᠢ ᠲᠠᠶ᠋ᠢᠯᠪᠤᠷᠢᠯᠠᠯᠲᠠ ᠵᠢᠨ ᠠᠭᠤᠯᠭ᠎ᠠ᠎ᠳᠤ ᠲᠣᠬᠢᠷᠠᠭᠤᠯᠤᠯᠲᠠ ᠬᠢᠬᠦ ᠦᠭᠡᠢ᠃

  (ᠬᠤᠶᠠᠷ) ᠤᠯᠤᠰ᠎ᠤᠨ ᠬᠡᠯᠡᠯᠴᠡᠭᠡᠷ᠎ᠤᠨ  ᠡᠮ᠎ᠤᠨ ᠵᠦᠢ᠍ᠯ ᠪᠣᠯᠤᠨ ᠦᠨ᠎ᠡ ᠬᠠᠶᠠᠯᠴᠠᠬᠤ ᠡᠮ᠎ᠤᠨ ᠵᠦᠢ᠍ᠯ᠎ᠢ ᠪᠦᠬᠦᠨ᠎ᠢ ᠮᠠᠨ᠎ᠤ ᠣᠷᠣᠨ᠎ᠤ ᠦᠨᠳᠦᠰᠦᠨ ᠡᠮᠴᠢᠯᠡᠭᠡᠨ᠎ᠤ  ᠳᠠᠭ᠋ᠠᠳᠬᠠᠯ᠂  ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ ᠪᠣᠯᠤᠨ ᠦᠷᠡᠵᠢᠯ᠎ᠤᠨ ᠳᠠᠭ᠋ᠠᠳᠬᠠᠯ᠎ᠤᠨ  ᠰᠠᠭᠤᠷᠢ ᠮᠥᠩᠭᠦ᠎ᠪᠠᠷ ᠲᠣᠭ᠋ᠠᠴᠠᠭ᠎ᠠ ᠬᠢᠬᠦ  ᠬᠡᠪᠴᠢᠶᠡᠨ᠎ᠳᠤ ᠣᠷᠣᠭᠤᠯᠵᠤ᠂  ᠬᠥᠬᠡᠭᠴᠢᠨ ᠲᠥᠷᠥᠯ᠎ᠤᠨ ᠡᠮ᠎ᠤᠨ ᠵᠦᠢ᠍ᠯ ᠵᠶ᠋ᠠᠷ ᠬᠠᠮᠢᠶᠠᠷᠤᠨ᠎ᠠ᠃  ᠤᠯᠤᠰ᠎ᠤᠨ ᠬᠡᠯᠡᠯᠴᠡᠭᠡᠷ᠎ᠤᠨ ᠡᠮ᠎ᠤᠨ ᠵᠦᠢ᠍ᠯ ᠪᠣᠯᠤᠨ ᠦᠨ᠎ᠡ ᠬᠠᠶᠠᠯᠴᠠᠬᠤ ᠡᠮ᠎ᠤᠨ ᠵᠦᠢ᠍ᠯ᠎ᠳᠤ ᠪᠦᠬᠦ ᠤᠯᠤᠰ᠎ᠤᠨ ᠨᠢᠭᠡᠳᠦᠯᠲᠡᠢ ᠲᠣᠭ᠋ᠠᠴᠠᠭ᠎ᠠ ᠬᠢᠬᠦ  ᠪᠠᠷᠢᠮᠵᠢᠶ᠎ᠠ ᠵᠢ ᠬᠡᠷᠡᠭᠵᠢᠭᠦᠯᠦᠨ᠎ᠡ᠃  ᠲᠣᠭ᠋ᠠᠴᠠᠭ᠎ᠠ ᠬᠢᠬᠦ ᠪᠠᠷᠢᠮᠵᠢᠶ᠎ᠠ᠎ᠳᠤ ᠰᠠᠭᠤᠷᠢ ᠮᠥᠩᠭᠦ ᠪᠠ ᠳᠠᠭ᠋ᠠᠳᠬᠠᠯ᠎ᠳᠤ ᠣᠷᠣᠯᠴᠠᠭᠰᠠᠳ᠎ᠤᠨ ᠬᠠᠮᠲᠤ᠎ᠪᠠᠷ ᠥᠭᠭᠦᠭᠰᠡᠨ ᠪᠥᠬᠦ ᠵᠠᠷᠤᠳᠠᠯ᠎ᠢ ᠪᠠᠭᠲᠠᠭ᠋ᠠᠵᠤ᠂  ᠰᠠᠭᠤᠷᠢ ᠮᠥᠩᠭᠦ ᠪᠠ ᠳᠠᠭ᠋ᠠᠳᠬᠠᠯ᠎ᠳᠤ ᠣᠷᠣᠯᠴᠠᠭᠰᠠᠳ᠎ᠤᠨ ᠬᠤᠪᠢᠳᠠᠨ ᠡᠭᠦᠷᠭᠡᠯᠡᠬᠦ ᠬᠠᠷᠢᠴᠠᠯ᠎ᠢ ᠡᠯ᠎ᠡ ᠨᠢᠭᠡᠳᠦᠯᠲᠡᠶ ᠲᠥᠯᠥᠪᠯᠡᠬᠦ ᠭᠠᠵᠠᠷ ᠣᠷᠣᠨ᠎ᠠᠴᠠ ᠲᠣᠭᠲᠠᠭ᠋ᠠᠨ᠎ᠠ᠃

  (ᠭᠤᠷᠪᠠ ) 《ᠦᠨᠳᠦᠰᠦᠨ ᠡᠮᠴᠢᠯᠡᠭᠡᠨ᠎ᠤ  ᠳᠠᠭ᠋ᠠᠳᠬᠠᠯ᠎ᠤᠨ ᠡᠮ ᠬᠡᠷᠡᠭᠯᠡᠬᠦ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠠᠷᠭ᠎ᠠ》 (ᠤᠯᠤᠰ᠎ᠤᠨ ᠡᠮᠴᠢᠯᠡᠭᠡᠨ᠎ᠤ  ᠪᠠᠲᠤᠯᠠᠭ᠎ᠠ ᠵᠢᠨ ᠲᠣᠪᠴᠢᠶᠠᠨ᠎ᠤ ᠵᠠᠷᠯᠢᠭ 1 ᠳ᠋ᠦ᠍ᠭᠡᠷ  ᠲᠣᠭ᠋ᠠᠲᠤ) ᠵᠢᠨ  ᠬᠠᠮᠢᠶ᠎ᠠ ᠪᠥᠬᠦᠶ ᠱᠠᠭ᠋ᠠᠷᠳᠠᠯᠭ᠎ᠠ ᠶᠣᠰᠣᠭ᠋ᠠᠷ᠂  ᠤᠯᠤᠰ᠎ᠤᠨ ᠬᠤᠯᠪᠣᠭᠳᠠᠯ ᠪᠥᠬᠦᠶ ᠰᠠᠯᠠᠭ᠎ᠠ ᠮᠥᠴᠢᠷ ᠵᠶ᠋ᠠᠷ ᠵᠥᠪᠰᠢᠶᠡᠷᠡᠭᠦᠯᠦᠭᠡᠳ ᠵᠠᠬ᠎ᠠ ᠳᠡᠯᠭᠡᠭᠦᠷ᠎ᠲᠤ ᠭᠠᠷᠭ᠋ᠠᠭᠰᠠᠨ ᠦᠨᠳᠦᠰᠦᠲᠡᠨ᠎ᠤ ᠡᠮ᠂  ᠤᠯᠤᠰ᠎ᠤᠨ 《2024 ᠣᠨ᠎ᠤ ᠡᠮ᠎ᠤᠨ ᠭᠠᠷᠴᠠᠭ》᠎ᠠᠴᠠ ᠪᠤᠰᠤᠳ ᠤᠯᠤᠰ ᠪᠤᠶᠤ ᠣᠷᠣᠨ ᠨᠤᠲᠤᠭ᠎ᠤᠨ ᠪᠠᠷᠢᠮᠵᠢᠶ᠎ᠠ᠎ᠲᠠᠢ ᠬᠢᠲᠠᠳ ᠡᠮ᠎ᠤᠨ ᠴᠢᠨᠠᠬᠤ ᠡᠮ᠂  ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢ᠍ᠯ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ ᠵᠶ᠋ᠠᠷ ᠵᠥᠪᠰᠢᠶᠡᠷᠡᠭᠦᠯᠦᠭᠰᠡᠨ ᠡᠮᠴᠢᠯᠡᠭᠡᠨ᠎ᠤ ᠴᠢᠨᠠᠷᠲᠠᠶ ᠡᠮᠴᠢᠯᠡᠭᠡᠨ᠎ᠤ ᠪᠠᠶ᠋ᠢᠭᠤᠯᠤᠮᠵᠢ ᠵᠢᠨ ᠨᠠᠶ᠋ᠢᠷᠠᠯᠭ᠎ᠠ ᠵᠢ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠎ᠠᠴᠠ ᠮᠠᠨ᠎ᠤ ᠣᠷᠣᠨ᠎ᠤ ᠰᠠᠭᠤᠷᠢ ᠮᠥᠩᠭᠦ ᠵᠢᠨ ᠡᠭᠦᠷᠭᠡᠯᠡᠬᠦ ᠴᠢᠳᠠᠪᠤᠷᠢ ᠵᠢᠴᠢ ᠡᠮ ᠬᠡᠷᠡᠭᠯᠡᠬᠦ ᠬᠡᠷᠡᠭᠴᠡᠭᠡ ᠱᠠᠭ᠋ᠠᠷᠳᠠᠯᠭ᠎ᠠ ᠵᠢ ᠦᠨᠳᠦᠰᠦᠯᠡᠨ᠂  ᠵᠣᠬᠢᠴᠠᠩᠭᠤᠶ ᠲᠤᠰᠬᠠᠶ ᠮᠡᠷᠭᠡᠵᠢᠯᠲᠡᠨ᠎ᠤ ᠬᠢᠨᠠᠨ ᠲᠣᠭᠲᠠᠭ᠋ᠠᠬᠤ  ᠳᠠᠷᠠᠭ᠋ᠠᠯᠠᠯ ᠵᠶ᠋ᠠᠷ ᠰᠠᠭᠤᠷᠢ ᠮᠥᠩᠭᠦ᠎ᠪᠠᠷ  ᠲᠣᠭ᠋ᠠᠴᠠᠭ᠎ᠠ ᠬᠢᠬᠦ ᠬᠡᠪᠴᠢᠶᠡᠨ᠎ᠳᠤ ᠣᠷᠣᠭᠤᠯᠵᠤ᠂  ᠲᠣᠭᠲᠠᠭ᠋ᠠᠯ ᠶᠣᠰᠣᠭ᠋ᠠᠷ ᠲᠥᠷᠥ ᠵᠢᠨ ᠶᠠᠪᠤᠳᠠᠯ᠎ᠤᠨ ᠬᠣᠷᠢᠶᠠᠨ᠎ᠤ  ᠡᠮᠴᠢᠯᠡᠭᠡᠨ᠎ᠤ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠳᠠᠩᠰᠠᠯᠠᠭᠤᠯᠤᠭᠰᠠᠨ᠎ᠤ ᠳᠠᠷᠠᠭ᠎ᠠ ᠬᠡᠷᠡᠭᠵᠢᠭᠦᠯᠦᠨ᠎ᠡ᠃  ᠤᠯᠤᠰ᠎ᠤᠨ 《2024 ᠣᠨ᠎ᠤ ᠡᠮ᠎ᠤᠨ ᠭᠠᠷᠴᠠᠭ》᠎ᠲᠤ ᠲᠣᠭ᠋ᠠᠴᠠᠭ᠎ᠠ ᠬᠢᠬᠦ ᠦᠭᠡᠢ ᠬᠡᠰᠡᠭ᠎ᠢ ᠮᠠᠨ᠎ᠤ ᠣᠷᠣᠨ᠎ᠤ ᠰᠠᠭᠤᠷᠢ ᠮᠥᠩᠭᠥ᠎ᠪᠠᠷ  ᠲᠣᠭ᠋ᠠᠴᠠᠭ᠎ᠠ ᠬᠢᠬᠦ ᠬᠡᠪᠴᠢᠶᠡᠨ᠎ᠳᠤ ᠣᠷᠣᠭᠤᠯᠬᠤ ᠦᠭᠡᠢ ᠭᠡᠵᠦ ᠲᠣᠳᠣᠷᠬᠠᠶ ᠲᠣᠭᠲᠠᠭ᠋ᠠᠵᠠᠶ᠃  ᠡᠮᠴᠢᠯᠡᠭᠡᠨ᠎ᠤ ᠴᠢᠨᠠᠷᠲᠠᠶ ᠡᠮᠴᠢᠯᠡᠭᠡᠨ᠎ᠤ ᠪᠠᠶ᠋ᠢᠭᠤᠯᠤᠮᠵᠢ ᠵᠢᠨ ᠨᠠᠶ᠋ᠢᠷᠠᠯᠭ᠎ᠠ ᠵᠢ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠣᠨᠴᠠᠭ᠋ᠠᠢ  ᠡᠮᠴᠢᠯᠡᠭᠡᠨ᠎ᠤ ᠪᠠᠶ᠋ᠢᠭᠤᠯᠤᠮᠵᠢ᠎ᠳᠤ ᠬᠡᠷᠡᠭᠯᠡᠬᠦ ᠵᠢ ᠬᠢᠵᠠᠭ᠋ᠠᠷᠯᠠᠨ᠎ᠠ᠃

   ᠬᠤᠶᠠᠷ᠂  ᠬᠤᠯᠪᠣᠭᠳᠠᠯ ᠪᠦᠬᠦᠢ ᠱᠠᠭ᠋ᠠᠷᠳᠠᠯᠭ᠎ᠠ

  (ᠨᠢᠭᠡ) ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ  ᠬᠤᠳᠠᠯᠳᠤᠨ ᠠᠪᠬᠤ ᠲᠥᠪ᠎ᠨᠢ ᠤᠯᠤᠰ᠎ᠤᠨ 《2024 ᠣᠨ᠎ᠤ ᠡᠮ᠎ᠤᠨ ᠵᠦᠢ᠍ᠯ᠎ᠤᠨ ᠭᠠᠷᠴᠠᠭ》᠎ᠲᠠᠬᠢ ᠡᠮ᠎ᠤᠨ ᠵᠦᠢ᠍ᠯ᠎ᠢ ᠴᠠᠭ ᠲᠤᠬᠠᠶ᠎ᠳᠤ᠎ᠨᠢ  ᠲᠣᠭᠲᠠᠭ᠋ᠠᠯ ᠶᠣᠰᠣᠭ᠋ᠠᠷ ᠡᠮ᠎ᠤᠨ ᠵᠦᠢ᠍ᠯ᠎ᠢ ᠲᠥᠪᠯᠡᠷᠡᠭᠦᠯᠦᠨ ᠬᠤᠳᠠᠯᠳᠤᠨ ᠠᠪᠬᠤ ᠬᠡᠪᠴᠢᠶᠡᠨ᠎ᠳᠤ ᠣᠷᠣᠭᠤᠯᠵᠤ᠂  ᠤᠯᠤᠰ᠎ᠤᠨ ᠬᠡᠯᠡᠯᠴᠡᠭᠡᠷ᠎ᠤᠨ ᠡᠮ᠎ᠤᠨ ᠵᠦᠢ᠍ᠯ᠎ᠢ 2024 ᠣᠨ᠎ᠤ 12 ᠳ᠋ᠤᠭ᠋ᠠᠷ ᠰᠠᠷ᠎ᠠ ᠵᠢᠨ ᠰᠡᠭᠦᠯᠴᠢ᠎ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢ᠍ᠯ᠎ᠢ ᠲᠥᠪᠯᠡᠷᠡᠭᠦᠯᠦᠨ ᠬᠤᠳᠠᠯᠳᠤᠨ ᠠᠪᠬᠤ ᠲᠠᠪᠴᠠᠩ᠎ᠳᠤ  ᠰᠦᠯᠵᠢᠶᠡᠨ᠎ᠳᠤ  ᠰᠢᠭᠤᠳ ᠣᠷᠤᠭᠤᠯᠵᠤ᠂  ᠡᠮ᠎ᠤᠨ ᠵᠦᠢ᠍ᠯ᠎ᠤᠨ ᠬᠠᠩᠭ᠋ᠠᠯᠭ᠎ᠠ ᠵᠢ ᠦᠨᠡᠨ ᠬᠦ᠌ ᠪᠠᠲᠤᠯᠠᠬᠤ ᠬᠡᠷᠡᠭᠲᠡᠢ᠃

  (ᠬᠤᠶᠠᠷ) ᠥᠪᠡᠷᠲᠡᠭᠡᠨ ᠵᠠᠰᠠᠬᠤ ᠣᠷᠣᠨ ᠤᠯᠤᠰ᠎ᠤᠨ ᠡᠮᠴᠢᠯᠡᠭᠡᠨ᠎ᠤ  ᠪᠠᠳᠤᠯᠠᠭ᠎ᠠ ᠵᠢᠨ ᠲᠣᠪᠴᠢᠶᠠᠨ᠎ᠤ  ᠡᠮ᠎ᠤᠨ ᠵᠦᠢ᠍ᠯ᠎ᠤᠨ ᠠᠩᠭᠢᠯᠠᠯ  ᠪᠠ ᠣᠷᠣᠯᠠᠬᠤ ᠨᠣᠮᠧᠷ ᠵᠶ᠋ᠠᠷ ᠡᠮ᠎ᠤᠨ ᠵᠦᠢ᠍ᠯ᠎ᠤᠨ ᠪᠠᠷᠢᠮᠵᠢᠶ᠎ᠠ ᠵᠢᠨ ᠲᠤᠭ᠎ᠠ ᠪᠠᠷᠢᠮᠲᠠ ᠵᠢᠨ ᠬᠥᠮᠥᠷᠭᠡ ᠵᠢ ᠲᠣᠭᠲᠠᠭ᠋ᠠᠵᠤ᠂  ᠡᠯ᠎ᠡ ᠨᠢᠭᠡᠳᠦᠯᠲᠡᠶ ᠲᠥᠯᠥᠪᠯᠡᠬᠦ ᠭᠠᠵᠠᠷ ᠣᠷᠣᠨ᠎ᠨᠤᠭᠤᠳ 2024 ᠣᠨ᠎ᠤ 12 ᠳ᠋ᠤᠭ᠋ᠠᠷ ᠰᠠᠷ᠎ᠠ ᠵᠢᠨ ᠰᠡᠭᠦᠯᠴᠢ᠎ᠠᠴᠠ ᠡᠮᠦᠨ᠎ᠡ᠂  ᠲᠣᠭᠲᠠᠭᠰᠠᠨ ᠴᠡᠭ᠎ᠤᠨ  ᠡᠮ ᠡᠮᠨᠡᠯᠭᠡ ᠵᠢᠨ ᠪᠠᠢ᠌ᠭᠤᠯᠤᠮᠵᠢ ᠵᠢ  ᠵᠣᠬᠢᠶᠠᠨ ᠪᠠᠢ᠌ᠭᠤᠯᠵᠤ  ᠭᠠᠷᠴᠠᠭ᠎ᠢ  ᠬᠠᠷᠢᠴᠠᠭᠤᠯᠬᠤ ᠠᠵᠢᠯ᠎ᠢ ᠰᠠᠢ᠌ᠲᠤᠷ  ᠬᠢᠵᠦ᠂  ᠰᠢᠨ᠎ᠡ ᠡᠮ᠎ᠤᠨ ᠵᠦᠢ᠍ᠯ᠎ᠤᠨ ᠭᠠᠷᠴᠠᠭ᠎ᠢ ᠴᠠᠭ ᠲᠤᠬᠠᠶ᠎ᠳᠤ᠎ᠨᠢ  ᠬᠡᠷᠡᠭᠵᠢᠭᠦᠯᠬᠦ ᠵᠢ ᠦᠨᠡᠨ ᠬᠦ᠌  ᠪᠠᠲᠤᠯᠠᠬᠤ ᠬᠡᠷᠡᠭᠲᠡᠶ᠃

  (ᠭᠤᠷᠪᠠ) ᠤᠯᠤᠰ᠎ᠤᠨ ᠬᠡᠯᠡᠯᠴᠡᠭᠡᠷ᠎ᠤᠨ ᠡᠮ᠎ᠤᠨ ᠵᠦᠢ᠍ᠯ᠎ᠢ ᠪᠦᠬᠦᠨ᠎ᠢ ᠥᠪᠡᠷᠲᠡᠭᠡᠨ ᠵᠠᠰᠠᠬᠤ ᠣᠷᠣᠨ᠎ᠤ 《ᠬᠤᠤᠰ ᠨᠡᠪᠲᠡᠷᠡᠬᠦ ᠵᠠᠮ》᠎ᠤᠨ ᠬᠠᠮᠢᠶᠠᠷᠤᠯᠲᠠ (ᠦᠨ᠎ᠡ ᠬᠠᠶᠠᠯᠴᠠᠬᠤ ᠡᠮ᠎ᠤᠨ ᠵᠦᠢ᠍ᠯ᠎ᠤᠨ ᠨᠡᠶ᠋ᠢᠳᠡᠮ ᠬᠡᠷᠡᠭᠯᠡᠬᠦ ᠨᠡᠷ᠎ᠡ ᠳᠣᠤᠷᠠᠬᠢ ᠦᠨ᠎ᠡ ᠵᠢ ᠲᠣᠭ᠋ᠠᠴᠠᠭ᠎ᠠ ᠬᠢᠬᠦ  ᠪᠠᠷᠢᠮᠵᠢᠶ᠎ᠠ᠎ᠠᠴᠠ ᠥᠨᠳᠥᠷ ᠪᠠᠶ᠋ᠢᠯᠭ᠋ᠠᠵᠤ ᠪᠣᠯᠬᠤ ᠥᠬᠡᠶ)᠎ᠳᠤ ᠣᠷᠣᠭᠤᠯᠤᠨ᠎ᠠ᠃  ᠲᠤᠰᠬᠠᠶ ᠮᠡᠷᠭᠡᠵᠢᠯᠲᠡᠳ᠎ᠤᠨ ᠨᠤᠲᠠᠯᠠᠯᠲᠠ᠎ᠪᠠᠷ ᠳᠠᠪᠤᠰᠤᠨ ᠬᠦᠴᠢᠯ᠎ᠤᠨ ᠢᠫᠢᠺ᠎ᠤᠨ ᠬᠤᠮᠵᠢᠶ᠎ᠠ᠂  ᠾᠯᠣᠷᠲᠤ ᠪᠠᠷᠫᠠᠫ᠎ᠤᠨ ᠦᠷᠢᠯ᠂  ᠲᠷᠠᠯᠯᠤᠤᠰ ᠮᠥᠬᠦᠯᠢᠭ᠂  ᠮᠠᠹᠺᠠᠢ᠌ᠲ᠋ᠠᠢ ᠬᠤᠮᠵᠢᠶ᠎ᠠ ᠵᠡᠷᠭᠡ 22 ᠤᠯᠤᠰ᠎ᠤᠨ ᠬᠡᠯᠡᠯᠴᠡᠭᠡᠷ ᠵᠢᠴᠢ  ᠦᠨ᠎ᠡ ᠬᠠᠶᠠᠯᠴᠠᠬᠤ ᠡᠮ᠎ᠤᠨ ᠵᠦᠢ᠍ᠯ᠎ᠢ ᠥᠪᠡᠷᠲᠡᠭᠡᠨ ᠵᠠᠰᠠᠬᠤ ᠣᠷᠣᠨ᠎ᠤ ᠡᠭᠦᠳᠡᠨ ᠡᠮᠨᠡᠯᠭᠡ ᠵᠢᠨ ᠣᠨᠴᠠᠭ᠋ᠠᠢ ᠬᠡᠷᠡᠭᠯᠡᠭᠡᠨ᠎ᠤ  ᠡᠮ᠎ᠤᠨ ᠵᠦᠢ᠍ᠯ᠎ᠤᠨ ᠭᠠᠷᠴᠠᠭ᠎ᠲᠤ ᠨᠡᠮᠡᠨ ᠣᠷᠣᠭᠤᠯᠵᠠᠶ᠃  ᠴᠠᠭ᠋ᠠᠷᠢᠭ ᠰᠫᠤᠷ ᠡᠳ᠋᠎ᠤᠨ  ᠨᠢᠳᠦᠨ᠎ᠤ ᠲᠤᠰᠤᠭ᠋ᠠᠯ᠎ᠤᠨ ᠰᠢᠩᠭᠡᠨ (Ⅲ )᠂  ᠪᠧᠨ᠋ᠽᠧᠨᠲᠤ ᠴᠠᠭ᠋ᠠᠷᠢᠭ᠎ᠤᠨ ᠺᠣᠶ᠋ᠢᠨᠮᠠᠯ ᠪᠷᠣᠮᠳᠣ ᠠᠮᠮᠣᠨᠢ ᠵᠢᠨ ᠬᠠᠮᠠᠷ᠎ᠤᠨ ᠰᠦᠷᠴᠢᠮᠡᠯ  ᠡᠳ᠋ ᠵᠡᠷᠭᠡ 7 ᠡᠮ᠎ᠤᠨ ᠵᠦᠢ᠍ᠯ᠎ᠢ ᠥᠪᠡᠷᠲᠡᠭᠡᠨ ᠵᠠᠰᠠᠬᠤ ᠣᠷᠣᠨ᠎ᠤ ᠡᠭᠦᠳᠡᠨ ᠡᠮᠨᠡᠯᠭᠡ ᠵᠢᠨ ᠣᠨᠴᠠᠭ᠋ᠠᠶ ᠬᠡᠷᠡᠭᠯᠡᠭᠡᠨ᠎ᠤ  ᠡᠮ᠎ᠤᠨ ᠭᠠᠷᠴᠠᠭ᠎ᠠᠴᠠ ᠰᠢᠯᠵᠢᠭᠦᠯᠦᠨ ᠭᠠᠷᠭ᠋ᠠᠪᠠ᠃  ᠴᠠᠭ᠋ᠠᠷᠢᠭ ᠰᠫᠣᠷ  ᠡᠳ᠋᠎ᠤᠨ  ᠨᠢᠳᠦᠨ᠎ᠤ ᠲᠤᠰᠤᠭ᠋ᠠᠯ᠎ᠤᠨ ᠰᠢᠩᠭᠡᠨ (Ⅲ ) ᠵᠢᠴᠢ ᠲᠣᠯᠣᠭ᠋ᠠᠢ  ᠰᠫᠤᠷ ᠣᠯᠤᠨ ᠫᠢ ᠡᠰᠲ᠋ᠧᠷ ᠮᠥᠬᠥᠯᠢᠭ᠎ᠢ  ᠥᠪᠡᠷᠲᠡᠭᠡᠨ ᠵᠠᠰᠠᠬᠤ ᠣᠷᠣᠨ᠎ᠤ 《ᠬᠣᠣᠰ ᠨᠡᠪᠲᠡᠷᠡᠬᠦ ᠵᠠᠮ》᠎ᠤᠨ ᠭᠠᠷᠴᠠᠭ ᠵᠶ᠋ᠠᠷ  ᠲᠣᠬᠢᠷᠠᠭᠤᠯᠪᠠ᠃  ᠤᠤᠯ᠎ᠤᠨ 《ᠬᠤᠤᠰ ᠨᠡᠪᠲᠡᠷᠡᠬᠦ ᠵᠠᠮ》 ᠵᠢᠴᠢ ᠡᠭᠦᠳᠡᠨ ᠡᠮᠨᠡᠯᠭᠡ ᠵᠢᠨ ᠣᠨᠴᠠᠭ᠋ᠠᠢ ᠬᠡᠷᠡᠭᠯᠡᠭᠡᠨ᠎ᠤ  ᠡᠮ᠎ᠤᠨ  ᠭᠠᠷᠴᠠᠭ᠎ᠲᠤ ᠨᠢᠭᠡᠨᠲᠡ ᠡᠩ᠎ᠤᠨ ᠬᠥᠬᠡᠭᠴᠢᠨ ᠲᠥᠷᠥᠯ᠎ᠤᠨ ᠬᠠᠮᠢᠶᠠᠷᠤᠯᠲᠠ᠎ᠳᠤ ᠰᠢᠯᠵᠢᠭᠦᠯᠦᠨ ᠣᠷᠣᠭᠤᠯᠤᠭᠰᠠᠨ ᠬᠡᠯᠡᠯᠴᠡᠭᠡᠷᠲᠦ ᠡᠮ᠎ᠤᠨ ᠵᠦᠢ᠍ᠯ᠎ᠨᠢ  ᠮᠥᠨ ᠬᠦ᠌ ᠡᠮᠦᠨᠡᠬᠢ ᠬᠤᠭᠤᠴᠠᠭ᠋ᠠᠨ᠎ᠤ 《ᠬᠤᠤᠰ ᠨᠡᠪᠲᠡᠷᠡᠬᠦ ᠵᠠᠮ》 ᠵᠢᠴᠢ ᠡᠭᠦᠳᠡᠨ ᠡᠮᠨᠡᠯᠭᠡ ᠵᠢᠨ ᠣᠨᠴᠠᠭ᠋ᠠᠢ  ᠬᠡᠷᠡᠭᠯᠡᠭᠡᠨ᠎ᠤ ᠡᠮ᠎ᠤᠨ  ᠬᠠᠮᠢᠶᠠᠷᠤᠯᠲᠠ ᠵᠢᠨ ᠲᠥᠷᠥ ᠵᠢᠨ ᠪᠣᠳᠣᠯᠭ᠎ᠠ ᠵᠢ ᠬᠡᠷᠡᠭᠵᠢᠭᠦᠯᠪᠡ᠃

  (ᠲᠦᠷᠪᠡ) ᠲᠣᠰ ᠤᠳᠠᠭ᠋ᠠᠨ᠎ᠤ ᠭᠠᠷᠴᠠᠭ᠎ᠲᠤ ᠲᠣᠬᠢᠷᠠᠭᠤᠯᠤᠯᠲᠠ ᠬᠢᠬᠦ᠎ᠳᠤ ᠪᠣᠯᠵᠣᠭ᠎ᠠ ᠲᠠᠰᠤᠯᠳᠠᠭᠤᠯᠤᠭ᠋ᠠᠳ  ᠰᠢᠯᠵᠢᠭᠦᠯᠦᠨ ᠭᠠᠷᠭ᠋ᠠᠭᠰᠠᠨ ᠬᠡᠯᠡᠯᠴᠡᠭᠡᠷ᠎ᠤᠨ ᠬᠤᠭᠤᠴᠠᠭ᠋ᠠᠨ᠎ᠳᠤ ᠬᠡᠯᠡᠯᠴᠡᠭᠡᠷ ᠬᠢᠭᠰᠡᠨ ᠡᠮ᠎ᠤᠨ ᠵᠦᠢ᠍ᠯ᠎ᠳᠤ  ᠡᠮ ᠬᠡᠷᠡᠭᠯᠡᠬᠦ ᠦᠷᠭᠦᠯᠵᠢᠯᠡᠬᠦ ᠴᠢᠨᠠᠷ᠎ᠢ ᠪᠠᠲᠤᠯᠠᠬᠤ ᠵᠢᠨ ᠲᠤᠰᠠᠳᠠ᠂ 6 ᠰᠠᠷ᠎ᠠ ᠵᠢᠨ ᠰᠢᠯᠵᠢᠯᠲᠡ ᠵᠢᠨ ᠬᠤᠭᠤᠴᠠᠭ᠎ᠠ ᠣᠯᠭᠤᠵᠤ᠂ 2025 ᠣᠨ᠎ᠤ 6 ᠳ᠋ᠤᠭ᠋ᠠᠷ ᠰᠠᠷ᠎ᠠ ᠵᠢᠨ ᠰᠡᠭᠦᠯᠴᠢ᠎ᠠᠴᠠ ᠡᠮᠦᠨ᠎ᠡ ᠡᠮᠴᠢᠯᠡᠭᠡᠨ᠎ᠤ  ᠳᠠᠭ᠋ᠠᠳᠬᠠᠯ᠎ᠤᠨ ᠰᠠᠭᠤᠷᠢ ᠮᠥᠩᠭᠦ ᠵᠢ ᠤᠤᠯ᠎ᠤᠨ ᠲᠣᠭ᠋ᠠᠴᠠᠭ᠎ᠠ ᠬᠢᠬᠦ ᠪᠠᠷᠢᠮᠵᠢᠶ᠎ᠠ᠎ᠪᠠᠷ ᠦᠷᠭᠦᠯᠵᠢᠯᠡᠨ ᠥᠭᠴᠦ᠂  ᠰᠢᠯᠵᠢᠯᠲᠡ ᠵᠢᠨ ᠬᠤᠭᠤᠴᠠᠭ᠋ᠠᠨ᠎ᠳᠠᠬᠢ ᠡᠯ᠎ᠡ ᠨᠢᠭᠡᠳᠦᠯᠲᠡᠶ ᠲᠥᠯᠥᠪᠯᠡᠬᠦ ᠭᠠᠵᠠᠷ ᠣᠷᠣᠨ᠎ᠤ᠎ᠬᠢᠨ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠰᠠᠶ᠋ᠢᠲᠤᠷ ᠵᠣᠯᠭ᠋ᠠᠭᠤᠯᠵᠤ᠂  ᠲᠣᠭᠲᠠᠭᠰᠠᠨ  ᠴᠡᠭ᠎ᠤᠨ  ᠡᠮᠴᠢᠯᠡᠭᠡᠨ᠎ᠤ ᠪᠠᠶ᠋ᠢᠭᠤᠯᠤᠮᠵᠢ ᠵᠢ ᠵᠢᠯᠣᠭᠤᠳᠤᠨ ᠴᠠᠭ ᠲᠤᠬᠠᠶ᠎ᠳᠤ᠎ᠨᠢ ᠰᠣᠯᠢᠬᠤ ᠬᠡᠷᠡᠭᠲᠡᠶ᠃

  (ᠲᠠᠪᠤ) ᠡᠯ᠎ᠡ ᠨᠢᠭᠡᠳᠦᠯᠲᠡᠶ ᠲᠥᠯᠥᠪᠯᠡᠬᠦ ᠭᠠᠵᠠᠷ ᠣᠷᠣᠨ᠎ᠤ᠎ᠬᠢᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶᠠᠨ᠎ᠤ 《ᠤᠯᠤᠰ᠎ᠤᠨ ᠡᠮᠴᠢᠯᠡᠭᠡᠨ᠎ᠤ ᠪᠠᠳᠤᠯᠠᠭ᠎ᠠ ᠵᠢᠨ ᠬᠡᠯᠡᠯᠴᠡᠭᠡᠷ᠎ᠤᠨ ᠡᠮ᠎ᠤᠨ ᠵᠦᠢ᠍ᠯ᠎ᠤᠨ 〈ᠬᠤᠤᠰ ᠨᠡᠪᠲᠡᠷᠡᠬᠦ ᠵᠠᠮ〉᠎ᠤᠨ ᠬᠠᠮᠢᠶᠠᠷᠤᠯᠲᠠ ᠵᠢᠨ ᠠᠵᠢᠯ᠎ᠢ ᠨᠠᠢ᠌ᠳᠠᠪᠤᠷᠢᠵᠢᠭᠤᠯᠬᠤ ᠲᠤᠬᠠᠶ ᠮᠡᠳᠡᠭᠳᠡᠯ》 (ᠥᠪᠥᠷ ᠡᠮᠴᠢᠯᠡᠭᠡᠨ᠎ᠤ ᠪᠠᠳᠤᠯᠠᠭ᠎ᠠ ᠠᠯᠪᠠᠨ ᠲᠠᠷᠬᠠᠭ᠋ᠠᠭᠰᠠᠨ [ 2021 ] 10 ᠳ᠋ᠤᠭ᠋ᠠᠷ ᠲᠣᠭ᠋ᠠᠲᠤ)᠎ᠳᠤ ᠱᠠᠭ᠋ᠠᠷᠳᠠᠭᠰᠠᠨ᠎ᠨᠢ᠂  ᠲᠥᠷᠥᠯ ᠬᠤᠪᠢᠶᠠᠨ ᠬᠠᠮᠢᠶᠠᠷᠬᠤ ᠵᠠᠷᠴᠢᠮ ᠶᠣᠰᠣᠭ᠋ᠠᠷ᠂  ᠬᠡᠯᠡᠯᠴᠡᠭᠡᠷ᠎ᠤᠨ  ᠡᠮ᠎ᠤᠨ ᠵᠦᠢ᠍ᠯ᠎ᠤᠨ ᠡᠭᠦᠳᠡᠨ ᠡᠮᠨᠡᠯᠭᠡ᠂  ᠡᠮ᠎ᠤᠨ ᠳᠡᠯᠭᠡᠭᠦᠷ᠎ᠤᠨ ᠡᠮᠴᠢᠯᠡᠭᠡᠨ᠎ᠤ ᠪᠠᠲᠤᠯᠠᠭ᠎ᠠ ᠵᠢᠨ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠵᠤ᠂ 《ᠬᠤᠤᠰ ᠨᠡᠪᠲᠡᠷᠡᠬᠦ ᠵᠠᠮ》᠎ᠤᠨ ᠬᠠᠮᠢᠶᠠᠷᠤᠯᠲᠠ ᠵᠢᠨ ᠲᠣᠭᠲᠠᠴᠠ ᠵᠢ ᠡᠭᠦᠳᠡᠨ ᠡᠮᠨᠡᠯᠭᠡ ᠵᠢᠨ ᠨᠢᠭᠡᠳᠦᠯᠲᠡᠶ ᠲᠥᠯᠥᠪᠯᠡᠬᠦ᠂  ᠡᠭᠦᠳᠡᠨ ᠡᠮᠨᠡᠯᠭᠡ ᠵᠢᠨ ᠣᠨᠴᠠ  ᠤᠳᠠᠭ᠋ᠠᠨ ᠴᠢᠨᠠᠷᠲᠠᠶ ᠡᠪᠡᠳᠴᠢᠨ᠂  ᠡᠭᠦᠳᠡᠨ ᠡᠮᠨᠡᠯᠭᠡ ᠵᠢᠨ ᠣᠨᠴᠠᠭ᠋ᠠᠢ ᠬᠡᠷᠡᠭᠯᠡᠭᠡᠨ᠎ᠤ  ᠡᠮ᠂  ᠣᠨᠳᠣᠤ ᠭᠠᠵᠠᠷ᠎ᠲᠤ ᠡᠮᠨᠡᠭᠦᠯᠬᠦ ᠵᠡᠷᠭᠡ ᠲᠥᠷᠥ ᠵᠢᠨ ᠪᠣᠳᠣᠯᠭ᠎ᠠ᠎ᠯᠤᠭ᠎ᠠ ᠵᠣᠯᠭ᠋ᠠᠭᠤᠯᠬᠤ ᠵᠢ ᠨᠢᠭᠡᠳᠦᠯᠲᠡᠶ ᠲᠥᠯᠥᠪᠯᠡᠨ ᠰᠠᠶ᠋ᠢᠲᠤᠷ ᠬᠢᠵᠦ᠂  ᠬᠡᠯᠡᠯᠴᠡᠭᠡᠷ᠎ᠤᠨ  ᠡᠮ᠎ᠤᠨ ᠵᠦᠢ᠍ᠯ᠎ᠤᠨ ᠬᠠᠩᠭ᠋ᠠᠯᠭ᠎ᠠ ᠵᠢ ᠪᠠᠲᠤᠯᠠᠬᠤ ᠬᠢᠷᠢ ᠲᠦᠪᠰᠢᠨ᠎ᠢ ᠦᠨᠡᠨ ᠬᠦ᠌  ᠳᠡᠭᠡᠭᠰᠢᠯᠡᠭᠦᠯᠬᠦ ᠬᠡᠷᠡᠭᠲᠡᠢ᠃

  (ᠵᠢᠷᠭᠤᠭ᠎ᠠ) ᠡᠯ᠎ᠡ ᠨᠢᠭᠡᠳᠦᠯᠲᠡᠶ ᠲᠥᠯᠥᠪᠯᠡᠬᠦ ᠭᠠᠵᠠᠷ ᠣᠷᠣᠨ᠎ᠤ ᠡᠮᠴᠢᠯᠡᠭᠡᠨ᠎ᠤ  ᠳᠠᠭ᠋ᠠᠳᠬᠠᠯ᠎ᠤᠨ ᠰᠠᠯᠠᠭ᠎ᠠ ᠮᠥᠴᠢᠷ᠎ᠤᠳ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ᠂  ᠲᠣᠭᠲᠠᠭᠰᠠᠨ ᠴᠡᠭ᠎ᠤᠨ  ᠡᠮᠴᠢᠯᠡᠭᠡᠨ᠎ᠤ ᠪᠠᠶ᠋ᠢᠭᠤᠯᠤᠮᠵᠢ ᠵᠢ ᠵᠢᠯᠣᠭᠣᠳᠴᠤ ᠪᠠᠶ᠋ᠢᠭ᠋ᠠᠳ ᠭᠠᠷᠴᠠᠭ᠎ᠤᠨ ᠳᠣᠲᠣᠷᠠᠬᠢ ᠡᠮ᠎ᠤᠨ ᠵᠦᠢ᠍ᠯ᠎ᠢ ᠵᠦᠢ ᠵᠣᠬᠢᠰᠲᠠᠶ ᠲᠣᠬᠢᠷᠠᠭᠤᠯᠤᠨ᠂  ᠬᠡᠷᠡᠭᠯᠡᠬᠦ ᠬᠡᠷᠡᠭᠲᠡᠶ᠃  ᠲᠣᠭᠲᠠᠭᠰᠠᠨ ᠴᠡᠭ᠎ᠤᠨ ᠡᠮᠴᠢᠯᠡᠭᠡᠨ᠎ᠤ ᠪᠠᠶ᠋ᠢᠭᠤᠯᠤᠮᠵᠢ᠎ᠨᠢ ᠬᠡᠯᠡᠯᠴᠡᠭᠡᠷ᠎ᠤᠨ ᠡᠮ᠎ᠤᠨ ᠵᠦᠢ᠍ᠯ᠎ᠢ ᠳᠣᠭᠢᠷᠠᠭᠤᠯᠤᠨ ᠬᠡᠷᠡᠭᠯᠡᠬᠦ ᠨᠢᠭᠡᠳᠦᠭᠡᠷ ᠬᠠᠷᠢᠭᠤᠴᠠᠯᠭ᠋ᠠᠲᠠᠨ ᠪᠣᠯᠤᠭᠰᠠᠨ᠎ᠤ ᠬᠤᠪᠢ᠎ᠳᠤ᠂  ᠬᠡᠯᠡᠯᠴᠡᠭᠡᠷ᠎ᠤᠨ ᠡᠮ᠎ᠤᠨ ᠵᠦᠢ᠍ᠯ᠎ᠢ ᠡᠮᠨᠡᠯᠭᠡ᠎ᠳᠤ ᠣᠷᠣᠭᠤᠯᠬᠤ ᠠᠷᠭ᠎ᠠ ᠵᠠᠮ᠎ᠢ ᠤᠯᠠᠮ ᠨᠢᠭᠡ ᠠᠯᠬᠤᠮ ᠰᠠᠭ᠋ᠠᠳ ᠥᠬᠡᠶ ᠨᠡᠪᠲᠡᠷᠡᠭᠦᠯᠵᠦ᠂ 2025 ᠣᠨ᠎ᠤ 2 ᠳ᠋ᠤᠭ᠋ᠠᠷ ᠰᠠᠷ᠎ᠠ ᠵᠢᠨ ᠰᠡᠭᠦᠯᠴᠢ᠎ᠠᠴᠠ ᠡᠮᠦᠨ᠎ᠡ ᠲᠤᠰᠬᠠᠶ ᠡᠮ᠎ᠤᠨ ᠶᠠᠪᠤᠳᠠᠯ᠎ᠤᠨ ᠬᠠᠮᠢᠶᠠᠷᠤᠯᠲᠠ ᠵᠢᠨ ᠬᠤᠷᠠᠯ ᠬᠤᠷᠠᠯᠳᠤᠭᠤᠯᠵᠤ᠂  ᠴᠢᠳᠠᠮᠵᠢ ᠵᠢᠨ ᠪᠠᠶ᠋ᠢᠷᠢ ᠲᠣᠭᠲᠠᠭ᠋ᠠᠯᠲᠠ᠂  ᠡᠮᠴᠢᠯᠡᠭᠡᠨ᠎ᠤ ᠬᠡᠷᠡᠭᠴᠡᠭᠡ ᠱᠠᠭ᠋ᠠᠷᠳᠠᠯᠭ᠎ᠠ ᠪᠠ ᠣᠨᠣᠰᠢᠯᠠᠨ ᠡᠮᠨᠡᠬᠦ ᠴᠢᠳᠠᠪᠤᠷᠢ ᠵᠡᠷᠭᠡ ᠵᠢ ᠦᠨᠳᠦᠰᠦᠯᠡᠨ᠂  ᠲᠣᠰ ᠪᠠᠶ᠋ᠢᠭᠤᠯᠤᠮᠵᠢ ᠵᠢᠨ ᠡᠮ ᠬᠡᠷᠡᠭᠯᠡᠬᠦ ᠭᠠᠷᠴᠠᠭ᠎ᠢ ᠳᠣᠭᠢᠷᠠᠭᠤᠯᠤᠨ ᠰᠢᠯᠢᠳᠡᠭᠵᠢᠭᠦᠯᠬᠦ ᠬᠡᠷᠡᠭᠲᠡᠶ᠃  ᠲᠦᠷ ᠴᠠᠭ ᠲᠤᠰ ᠪᠠᠶ᠋ᠢᠭᠤᠯᠤᠮᠵᠢ ᠵᠢᠨ ᠬᠠᠩᠭ᠋ᠠᠯᠭ᠎ᠠ ᠵᠢᠨ ᠭᠠᠷᠴᠠᠭ᠎ᠲᠤ ᠣᠷᠣᠭᠤᠯᠵᠤ ᠳᠡᠶ᠋ᠢᠯᠬᠦ ᠦᠭᠡᠶ ᠪᠣᠯᠪᠠᠴᠤ ᠡᠮᠴᠢᠯᠡᠭᠡᠨ᠎ᠳᠤ ᠬᠠᠷᠢᠨ ᠬᠡᠷᠡᠭᠴᠡᠭᠡ ᠱᠠᠭ᠋ᠠᠷᠳᠠᠯᠭ᠎ᠠ᠎ᠲᠠᠢ ᠬᠡᠯᠡᠯᠴᠡᠭᠡᠷ᠎ᠤᠨ ᠡᠮ᠎ᠤᠨ ᠵᠦᠢ᠍ᠯ᠎ᠳᠤ  ᠰᠠᠭ᠋ᠠᠳ ᠦᠭᠡᠶ ᠨᠡᠪᠲᠡᠷᠡᠬᠦ ᠵᠠᠮ ᠪᠠᠶ᠋ᠢᠭᠤᠯᠵᠤ᠂  ᠳᠠᠩᠰᠠᠯᠠᠭᠤᠯᠵᠤ ᠬᠤᠳᠠᠯᠳᠤᠨ ᠠᠪᠬᠤ  ᠳᠠᠷᠠᠭ᠋ᠠᠯᠠᠯ᠎ᠢ ᠴᠠᠭ ᠲᠤᠬᠠᠶ᠎ᠳᠤ᠎ᠨᠢ ᠡᠬᠢᠯᠡᠭᠦᠯᠬᠦ ᠬᠡᠷᠡᠭᠲᠡᠶ᠃  ᠵᠠᠷᠴᠢᠮ ᠳᠡᠭᠡᠷ᠎ᠡ᠎ᠪᠠᠨ ᠬᠡᠯᠡᠯᠴᠡᠭᠡᠷ᠎ᠤᠨ ᠡᠮ᠎ᠤᠨ ᠵᠦᠢ᠍ᠯ᠎ᠤᠨ 《ᠲᠣᠬᠢᠷᠠᠭᠤᠯᠬᠤ ᠶᠣᠰᠣᠲᠠᠶ ᠵᠢ᠎ᠨᠢ ᠪᠦᠬᠦᠨ᠎ᠢ ᠲᠣᠬᠢᠷᠠᠭᠤᠯᠵᠤ》᠂  ᠡᠮᠴᠢᠯᠡᠭᠡᠨ᠎ᠤ ᠪᠠᠶ᠋ᠢᠭᠤᠯᠤᠮᠵᠢ᠎ᠨᠢ ᠡᠮᠴᠢᠯᠡᠭᠡᠨ᠎ᠤ ᠳᠠᠭ᠋ᠠᠳᠬᠠᠯ᠎ᠤᠨ ᠶᠡᠷᠦᠩᠬᠡᠶ ᠲᠤᠭ᠎ᠠ ᠵᠢ ᠡᠵᠡᠮᠳᠡᠬᠦ᠂  ᠡᠮᠴᠢᠯᠡᠭᠡᠨ᠎ᠤ ᠪᠠᠶ᠋ᠢᠭᠤᠯᠤᠮᠵᠢ ᠵᠢᠨ ᠡᠮ ᠬᠡᠷᠡᠭᠯᠡᠬᠦ ᠭᠠᠷᠴᠠᠭ᠎ᠤᠨ ᠲᠤᠭ᠎ᠠ ᠬᠡᠮᠵᠢᠶ᠎ᠡ ᠵᠢ ᠬᠢᠵᠠᠭ᠋ᠠᠷᠯᠠᠬᠤ᠂  ᠠᠵᠢᠯ᠎ᠤᠨ ᠠᠮᠵᠢᠯᠲᠠ ᠪᠦᠲᠦᠮᠵᠢ ᠵᠢ ᠰᠢᠯᠭ᠋ᠠᠨ ᠬᠢᠨᠠᠬᠤ ᠭᠦᠢ᠍ᠴᠡᠳᠬᠡᠯ ᠲᠤᠭ᠎ᠠ᠂  ᠨᠢᠭᠡᠨᠲᠡ 《ᠬᠤᠤᠰ ᠨᠡᠪᠲᠡᠷᠡᠬᠦ ᠵᠠᠮ》᠎ᠤᠨ ᠬᠠᠮᠢᠶᠠᠷᠤᠯᠲᠠ ᠵᠡᠷᠭᠡ᠎ᠳᠤ ᠣᠷᠣᠭᠤᠯᠬᠤ᠎ᠪᠠᠷ ᠰᠢᠯᠲᠠᠭ ᠪᠣᠯᠭ᠋ᠠᠵᠤ ᠬᠡᠯᠡᠯᠴᠡᠭᠡᠷ᠎ᠤᠨ ᠡᠮ᠎ᠤᠨ ᠵᠦᠢ᠍ᠯ᠎ᠢ ᠳᠣᠭᠢᠷᠠᠭᠤᠯᠤᠨ ᠬᠡᠷᠡᠭᠯᠡᠬᠦ ᠵᠢ ᠨᠥᠯᠥᠭᠡᠯᠡᠵᠦ ᠪᠣᠯᠬᠤ ᠥᠬᠡᠶ᠃  ᠡᠯ᠎ᠡ ᠭᠠᠵᠠᠷ᠎ᠨᠢ ᠡᠪᠡᠳᠴᠢᠨ ᠡᠮᠭᠡᠭ᠎ᠢ ᠣᠨᠣᠰᠢᠯᠠᠬᠤ ᠬᠠᠮᠢᠶ᠎ᠠ ᠪᠥᠬᠦᠶ ᠠᠩᠭᠢᠯᠠᠯ (DRG) ᠪᠠ ᠡᠪᠡᠳᠴᠢᠨ᠎ᠤ ᠲᠥᠷᠥᠯ ᠵᠶ᠋ᠠᠷ ᠪᠤᠳᠤᠬᠤ (DIP)) ᠰᠦᠢ᠍ᠳᠬᠡᠯ ᠲᠤᠰᠢᠶᠠᠬᠤ ᠥᠭᠡᠷᠡᠴᠢᠯᠡᠯᠲᠡ ᠳᠤᠮᠳᠠ ᠬᠡᠯᠡᠯᠴᠡᠭᠡᠷ᠎ᠤᠨ ᠡᠮ᠎ᠤᠨ ᠵᠦᠢ᠍ᠯᠡᠰ᠎ᠲᠤ ᠲᠣᠭ᠋ᠠᠴᠠᠭ᠎ᠠ ᠬᠢᠬᠦ  ᠪᠤᠶᠤ ᠬᠤᠪᠢ ᠵᠢᠨ ᠥᠷᠲᠡᠭ ᠵᠶ᠋ᠠᠷ ᠨᠥᠬᠥᠪᠥᠷᠢᠯᠡᠬᠦ ᠲᠣᠭᠲᠠᠴᠠ ᠵᠢ ᠰᠦᠪᠡᠭᠴᠢᠯᠡᠨ ᠪᠠᠶ᠋ᠢᠭᠤᠯᠵᠤ᠂  ᠡᠮᠴᠢᠯᠡᠭᠡᠨ᠎ᠤ ᠪᠠᠶ᠋ᠢᠭᠤᠯᠤᠮᠵᠢ ᠵᠢᠨ ᠰᠢᠨ᠎ᠡ ᠮᠡᠷᠭᠡᠵᠢᠯ᠂  ᠰᠢᠨ᠎ᠡ ᠡᠮ᠎ᠤᠨ ᠵᠦᠢ᠍ᠯ᠎ᠤᠨ ᠬᠡᠷᠡᠭᠯᠡᠯᠲᠡ ᠵᠢ ᠵᠣᠷᠢᠭᠵᠢᠭᠤᠯᠬᠤ ᠬᠡᠷᠡᠭᠲᠡᠶ᠃

  (ᠳᠤᠯᠤᠭ᠎ᠠ) ᠡᠯ᠎ᠡ ᠨᠢᠭᠡᠳᠦᠯᠲᠡᠶ ᠲᠥᠯᠥᠪᠯᠡᠬᠦ ᠭᠠᠵᠠᠷ ᠣᠷᠣᠨ᠎ᠨᠢ ᠤᠯᠤᠰ᠎ᠤᠨ 《2024 ᠣᠨ᠎ᠤ ᠡᠮ᠎ᠤᠨ ᠵᠦᠢ᠍ᠯ᠎ᠤᠨ ᠭᠠᠷᠴᠠᠭ》᠎ᠤᠨ ᠬᠠᠮᠢᠶᠠᠷᠤᠯᠲᠠ ᠵᠢᠨ ᠲᠣᠭᠲᠠᠭ᠋ᠠᠯ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ᠎ᠤᠨ ᠲᠣᠭᠲᠠᠭ᠋ᠠᠭᠰᠠᠨ ᠵᠣᠷ᠎ᠤᠨ ᠬᠠᠮᠢᠶᠠᠷᠤᠯᠲᠠ ᠵᠢᠨ ᠠᠷᠭ᠎ᠠ᠂  ᠡᠮᠴᠢᠯᠡᠭᠡᠨ᠎ᠤ ᠮᠡᠷᠭᠡᠵᠢᠯ᠎ᠤᠨ ᠠᠵᠢᠯᠯᠠᠭ᠋ᠠᠨ᠎ᠤ ᠵᠢᠷᠤᠮᠵᠢᠯ᠂  ᠡᠮᠴᠢᠯᠡᠭᠡᠨ᠎ᠤ ᠣᠨᠣᠰᠢᠯᠠᠨ ᠡᠮᠨᠡᠬᠦ ᠵᠦᠭᠯᠡᠭᠦᠷ ᠪᠠ ᠡᠮ᠎ᠤᠨ ᠵᠦᠢ᠍ᠯ᠎ᠢ ᠡᠮᠴᠢᠯᠡᠭᠡᠨ᠎ᠳᠤ ᠬᠡᠷᠡᠭᠯᠡᠬᠦ ᠵᠢ ᠵᠢᠯᠣᠭᠤᠳᠬᠤ ᠵᠠᠷᠴᠢᠮ ᠵᠡᠷᠭᠡ᠎ᠲᠠᠢ ᠤᠶᠠᠯᠳᠤᠭᠤᠯᠤᠨ᠂  ᠣᠶᠤᠨᠴᠢ ᠬᠢᠨᠠᠨ ᠡᠵᠡᠮᠳᠡᠬᠦ ᠰᠢᠰᠲ᠋ᠧᠮ᠎ᠢ ᠲᠡᠭᠦᠯᠳᠡᠷᠵᠢᠭᠦᠯᠵᠦ᠂  ᠲᠣᠭᠲᠠᠭᠰᠠᠨ ᠴᠡᠭ᠎ᠤᠨ  ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠤᠯᠤᠰ᠎ᠤᠨ 《2024 ᠣᠨ᠎ᠤ ᠡᠮ᠎ᠤᠨ ᠵᠦᠢ᠍ᠯ᠎ᠤᠨ ᠭᠠᠷᠴᠠᠭ》᠎ᠢ ᠬᠡᠷᠡᠭᠵᠢᠭᠦᠯᠦᠨ ᠬᠡᠷᠡᠭᠯᠡᠭᠰᠡᠨ ᠪᠠᠶ᠋ᠢᠳᠠᠯ᠎ᠢ ᠲᠣᠭᠲᠠᠭᠰᠠᠨ ᠴᠡᠭ᠎ᠤᠨ  ᠦᠢ᠍ᠯᠡᠴᠢᠯᠡᠭᠡᠨ᠎ᠤ ᠵᠥᠪᠯᠡᠯᠴᠡᠭᠡᠷ᠎ᠤᠨ ᠬᠠᠮᠢᠶᠠᠷᠤᠯᠲᠠ ᠪᠠ ᠰᠢᠯᠭ᠋ᠠᠨ ᠬᠢᠨᠠᠬᠤ ᠬᠡᠪᠴᠢᠶᠡᠨ᠎ᠳᠤ ᠣᠷᠤᠭᠤᠯᠬᠤ ᠬᠡᠷᠡᠭᠲᠡᠢ᠃  ᠤᠯᠤᠰ᠎ᠤᠨ ᠬᠡᠯᠡᠯᠴᠡᠭᠡᠷ᠎ᠤᠨ ᠡᠮ᠎ᠤᠨ ᠵᠦᠢ᠍ᠯ᠎ᠤᠨ ᠲᠣᠭ᠋ᠠᠴᠠᠭ᠎ᠠ ᠬᠢᠬᠦ  ᠬᠡᠪᠴᠢᠶ᠎ᠡ ᠵᠢ ᠬᠢᠵᠠᠭ᠋ᠠᠷᠯᠠᠨ ᠲᠣᠭᠲᠠᠭ᠋ᠠᠬᠤ ᠵᠢ ᠴᠢᠩᠭ᠎ᠠ ᠬᠡᠷᠡᠭᠵᠢᠭᠦᠯᠵᠦ᠂  ᠬᠡᠷᠡᠭᠯᠡᠵᠦ ᠬᠠᠮᠢᠶᠠᠷᠬᠤ᠎ᠪᠠᠨ ᠴᠢᠩᠭ᠋ᠠᠳᠬᠠᠨ᠂  ᠵᠠᠷᠤᠳᠠᠯ᠎ᠨᠢ ᠥᠨᠳᠥᠷ᠂  ᠬᠡᠷᠡᠭᠯᠡᠬᠦ ᠬᠡᠮᠵᠢᠶ᠎ᠡ᠎ᠨᠢ ᠶᠡᠬᠡ ᠡᠮ᠎ᠤᠨ ᠵᠦᠢ᠍ᠯ᠎ᠳᠤ ᠭᠣᠤᠯᠳᠠᠯᠭ᠎ᠠ᠎ᠲᠠᠢ ᠬᠢᠨᠠᠨ ᠡᠵᠡᠮᠳᠡᠯ  ᠪᠠ ᠵᠠᠳᠠᠯᠤᠯᠲᠠ ᠬᠢᠵᠦ᠂  ᠰᠠᠭᠤᠷᠢ ᠮᠥᠩᠭᠥ ᠵᠢᠨ ᠠᠮᠤᠷ ᠲᠦᠪᠰᠢᠨ᠎ᠢ ᠦᠨᠡᠨ ᠬᠦ᠌  ᠪᠠᠲᠤᠯᠠᠬᠤ ᠬᠡᠷᠡᠭᠲᠡᠶ᠃  ᠤᠯᠤᠰ᠎ᠤᠨ 《2024 ᠣᠨ᠎ᠤ ᠡᠮ᠎ᠤᠨ ᠵᠦᠢ᠍ᠯ᠎ᠤᠨ ᠭᠠᠷᠴᠠᠭ》 ᠵᠢᠴᠢ ᠥᠪᠡᠷᠲᠡᠭᠡᠨ ᠵᠠᠰᠠᠬᠤ ᠣᠷᠣᠨ᠎ᠤ ᠰᠢᠨ᠎ᠡ᠎ᠪᠠᠷ ᠨᠡᠮᠡᠭᠳᠡᠭᠰᠡᠨ ᠡᠭᠦᠳᠡᠨ ᠡᠮᠨᠡᠯᠭᠡ ᠵᠢᠨ ᠣᠨᠴᠠᠭ᠋ᠠᠶ ᠬᠡᠷᠡᠭᠯᠡᠭᠡᠨ᠎ᠤ  ᠡᠮ᠂ 《ᠬᠤᠤᠰ ᠨᠡᠪᠲᠡᠷᠡᠬᠦ ᠵᠠᠮ》᠎ᠤᠨ ᠬᠠᠮᠢᠶᠠᠷᠤᠯᠲᠠ ᠵᠢᠨ ᠡᠮ᠎ᠤᠨ ᠵᠦᠢ᠍ᠯ᠎ᠢ 2025 ᠣᠨ᠎ᠤ 1 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ ᠡᠬᠢᠯᠡᠨ ᠵᠢᠩᠬᠢᠨᠢ᠎ᠪᠠᠷ ᠬᠡᠷᠡᠭᠵᠢᠭᠦᠯᠦᠨ᠎ᠡ᠃  ᠭᠠᠷᠴᠠᠭ᠎ᠢ ᠬᠡᠷᠡᠭᠵᠢᠭᠦᠯᠬᠦ ᠳᠤᠮᠳᠠ ᠴᠢᠬᠤᠯᠠ ᠶᠡᠭᠡ ᠠᠰᠠᠭᠤᠳᠠᠯ ᠲᠤᠯᠭ᠋ᠠᠷᠠᠪᠠᠯ᠂  ᠡᠯ᠎ᠡ ᠨᠢᠭᠡᠳᠦᠯᠲᠡᠶ ᠲᠥᠯᠥᠪᠯᠡᠬᠦ ᠭᠠᠵᠠᠷ ᠣᠷᠣᠨ᠎ᠨᠢ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠂  ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠳᠤ ᠴᠠᠭ ᠲᠤᠬᠠᠶ᠎ᠳᠤ᠎ᠨᠢ ᠬᠠᠷᠢᠭᠤ ᠲᠤᠰᠬᠠᠬᠤ ᠬᠡᠷᠡᠭᠲᠡᠶ᠃

   ᠳᠠᠭ᠋ᠠᠯᠳᠤᠭᠤᠯᠤᠯ᠄ 1.  ᠤᠯᠤᠰ᠎ᠤᠨ ᠡᠮᠴᠢᠯᠡᠭᠡᠨ᠎ᠤ  ᠪᠠᠳᠤᠯᠠᠭ᠎ᠠ ᠵᠢᠨ ᠲᠣᠪᠴᠢᠶ᠎ᠠ᠂  ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ  ᠪᠠᠲᠤᠯᠠᠭ᠎ᠠ ᠵᠢᠨ ᠶᠠᠮᠤᠨ᠎ᠤ ᠤᠯᠤᠰ᠎ᠤᠨ ᠦᠨᠳᠦᠰᠦᠨ ᠡᠮᠴᠢᠯᠡᠭᠡᠨ᠎ᠤ  ᠳᠠᠭ᠋ᠠᠳᠬᠠᠯ᠂  ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ ᠪᠠ ᠦᠷᠡᠵᠢᠯ᠎ᠤᠨ ᠳᠠᠭ᠋ᠠᠳᠬᠠᠯ᠎ᠤᠨ ᠡᠮ᠎ᠤᠨ ᠵᠦᠢ᠍ᠯ᠎ᠤᠨ ᠭᠠᠷᠴᠠᠭ (2024 ᠣᠨ)᠎ᠢ ᠳᠠᠷᠤᠮᠠᠯᠯᠠᠨ ᠲᠠᠷᠬᠠᠭ᠋ᠠᠬᠤ ᠲᠤᠬᠠᠶ ᠮᠡᠳᠡᠭᠳᠡᠯ

  2. ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠡᠮ᠎ᠤᠨ ᠭᠠᠷᠴᠠᠭ

  3. ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠢᠲᠠᠳ ᠡᠮ᠎ᠤᠨ ᠴᠢᠨᠠᠬᠤ ᠡᠮ᠎ᠤᠨ ᠭᠠᠷᠴᠠᠭ

  4. ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠢᠲᠠᠳ  ᠡᠮ᠎ᠤᠨ ᠨᠠᠶ᠋ᠢᠷᠠᠯᠭ᠎ᠠ᠎ᠲᠠᠢ ᠮᠥᠬᠦᠯᠢᠭ᠎ᠤᠨ ᠭᠠᠷᠴᠠᠭ

  5. ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠭᠦᠳᠡᠨ ᠡᠮᠨᠡᠯᠭᠡ ᠵᠢᠨ ᠣᠨᠴᠠᠭ᠋ᠠᠢ ᠬᠡᠷᠡᠭᠯᠡᠭᠡᠨ᠎ᠤ  ᠡᠮ᠎ᠤᠨ  ᠭᠠᠷᠴᠠᠭ

  6. ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 《ᠬᠤᠤᠰ ᠨᠡᠪᠲᠡᠷᠡᠬᠦ ᠵᠠᠮ》᠎ᠤᠨ ᠬᠠᠮᠢᠶᠠᠷᠤᠯᠲᠠ ᠵᠢᠨ ᠡᠮ᠎ᠤᠨ ᠵᠦᠢ᠍ᠯ᠎ᠤᠨ ᠭᠠᠷᠴᠠᠭ

  

ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ  ᠡᠮᠴᠢᠯᠡᠭᠡᠨ᠎ᠤ  ᠪᠠᠲᠤᠯᠠᠭ᠎ᠠ ᠵᠢᠨ ᠲᠣᠪᠴᠢᠶ᠎ᠠ

ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠦᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ

2024 ᠣᠨ᠎ᠤ 12 ᠳ᠋ᠤᠭ᠋ᠠᠷ ᠰᠠᠷ᠎ᠠ ᠵᠢᠨ 24᠎ᠤ ᠡᠳᠦᠷ

 

   ᠳᠠᠭ᠋ᠠᠯᠳᠤᠭᠤᠯᠤᠯ᠄

   ᠳᠠᠭ᠋ᠠᠯᠳᠤᠭᠤᠯᠤᠯ 1 - 1 ᠤᠯᠤᠰ᠎ᠤᠨ  ᠡᠮᠴᠢᠯᠡᠭᠡᠨ᠎ᠤ ᠪᠠᠲᠤᠯᠠᠭ᠎ᠠ ᠵᠢᠨ  ᠲᠣᠪᠴᠢᠶ᠎ᠠ᠂  ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ᠎ᠤ ᠤᠯᠤᠰ᠎ᠤᠨ ᠦᠨᠳᠦᠰᠦᠨ ᠡᠮᠴᠢᠯᠡᠭᠡᠨ᠎ᠤ  ᠳᠠᠭ᠋ᠠᠳᠬᠠᠯ᠂  ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ ᠪᠠ ᠦᠷᠡᠵᠢᠯ᠎ᠤᠨ ᠳᠠᠭ᠋ᠠᠳᠬᠠᠯ᠎ᠤᠨ ᠡᠮ᠎ᠤᠨ ᠵᠦᠢ᠍ᠯ᠎ᠤᠨ ᠭᠠᠷᠴᠠᠭ (2024 ᠣᠨ)᠎ᠢ ᠳᠠᠷᠤᠮᠠᠯᠯᠠᠨ ᠲᠠᠷᠬᠠᠭ᠋ᠠᠬᠤ ᠲᠤᠬᠠᠶ ᠮᠡᠳᠡᠭᠳᠡᠯ (ᠤᠯᠤᠰ᠎ᠤᠨ ᠠᠯᠪᠠᠨ ᠰᠦᠯᠵᠢᠶ᠎ᠡ ᠵᠢᠨ ᠬᠡᠪᠯᠡᠯ) _20241225174239.pdf 

   ᠳᠠᠭ᠋ᠠᠯᠳᠤᠭᠤᠯᠤᠯ 1 - 2 ᠤᠯᠤᠰ᠎ᠤᠨ ᠦᠨᠳᠦᠰᠦᠨ ᠡᠮᠴᠢᠯᠡᠭᠡᠨ᠎ᠤ  ᠳᠠᠭ᠋ᠠᠳᠬᠠᠯ᠂  ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ ᠪᠠ ᠦᠷᠡᠵᠢᠯ᠎ᠤᠨ ᠳᠠᠭ᠋ᠠᠳᠬᠠᠯ᠎ᠤᠨ ᠡᠮ᠎ᠤᠨ ᠵᠦᠢ᠍ᠯ᠎ᠤᠨ ᠭᠠᠷᠴᠠᠭ (2024 ᠣᠨ).pdf

   ᠳᠠᠭ᠋ᠠᠯᠳᠤᠭᠤᠯᠤᠯ 2. ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠡᠮ᠎ᠤᠨ ᠭᠠᠷᠴᠠᠭ.pdf

   ᠳᠠᠭ᠋ᠠᠯᠳᠤᠭᠤᠯᠤᠯ 3. ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠢᠲᠠᠳ ᠡᠮ᠎ᠤᠨ ᠴᠢᠨᠠᠬᠤ ᠡᠮ᠎ᠤᠨ ᠭᠠᠷᠴᠠᠭ.pdf

   ᠳᠠᠭ᠋ᠠᠯᠳᠤᠭᠤᠯᠤᠯ 4.  ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠢᠲᠠᠳ ᠡᠮ᠎ᠤᠨ ᠨᠠᠶ᠋ᠢᠷᠠᠯᠭ᠎ᠠ᠎ᠲᠠᠢ ᠮᠥᠬᠦᠯᠢᠭ᠎ᠤᠨ ᠭᠠᠷᠴᠠᠭ.pdf

   ᠳᠠᠭ᠋ᠠᠯᠳᠤᠭᠤᠯᠤᠯ 5. ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠡᠭᠦᠳᠡᠨ ᠡᠮᠨᠡᠯᠭᠡ ᠵᠢᠨ ᠣᠨᠴᠠᠭ᠋ᠠᠢ ᠬᠡᠷᠡᠭᠯᠡᠭᠡᠨ᠎ᠤ  ᠡᠮ᠎ᠤᠨ ᠭᠠᠷᠴᠠᠭ.pdf

   ᠳᠠᠭ᠋ᠠᠯᠳᠤᠭᠤᠯᠤᠯ 6. ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 《ᠬᠤᠤᠰ ᠨᠡᠪᠲᠡᠷᠡᠬᠦ ᠵᠠᠮ》᠎ᠤᠨ ᠬᠠᠮᠢᠶᠠᠷᠤᠯᠲᠠ ᠵᠢᠨ ᠡᠮ᠎ᠤᠨ ᠵᠦᠢ᠍ᠯ᠎ᠤᠨ ᠭᠠᠷᠴᠠᠭ.pdf

 

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠦ ᠵᠢ ᠤᠷᠢᠳᠴᠢᠯᠠᠨ ᠥᠭᠬᠦ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》 ᠵᠢ ᠳᠠᠷᠤᠮᠠᠯᠯᠠᠨ ᠲᠠᠷᠬᠠᠭ᠋ᠠᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠨ ᠮᠡᠳᠡᠭᠳᠡᠯ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠮᠤᠵᠢ ᠠᠯᠤᠰᠯᠠᠨ ᠣᠨᠳᠣᠤ ᠭᠠᠵᠠᠷ᠎ᠲᠤ ᠡᠮᠨᠡᠭᠦᠯᠦᠭᠰᠡᠨ᠎ᠢ ᠰᠢᠯᠵᠢᠭᠦᠯᠦᠨ ᠡᠮᠨᠡᠭᠦᠯᠬᠦ ᠵᠢᠨ ᠬᠡᠷᠡᠭᠵᠢᠭᠦᠯᠬᠦ ᠠᠷᠭ᠎ᠠ (ᠲᠦᠷ ᠬᠡᠷᠡᠭᠵᠢᠭᠦᠯᠬᠦ)》 ᠵᠢ ᠳᠠᠷᠤᠮᠠᠯᠯᠠᠨ ᠲᠠᠷᠬᠠᠭ᠋ᠠᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠨ ᠮᠡᠳᠡᠭᠳᠡᠯ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠦ ᠵᠢᠨ ᠬᠢᠨᠠᠯᠲᠠ ᠬᠠᠮᠢᠶᠠᠷᠤᠯᠲᠠ ᠵᠢᠨ ᠵᠠᠰᠠᠭ ᠵᠠᠬᠢᠷᠭ᠋ᠠᠨ᠎ᠤ ᠰᠢᠢ᠍ᠳᠭᠡᠯ᠎ᠤᠨ ᠲᠠᠰᠤᠯᠤᠯᠲᠠ ᠵᠢᠨ ᠪᠠᠷᠢᠮᠵᠢᠶ᠎ᠠ》 ᠵᠢ ᠳᠠᠷᠤᠮᠠᠯᠯᠠᠨ ᠲᠠᠷᠬᠠᠭ᠋ᠠᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶᠠᠨ᠎ᠤ ᠮᠡᠳᠡᠭᠳᠡᠯ
ᠠᠯᠪᠠᠨ᠎ᠠᠴᠠ ᠪᠠᠶ᠋ᠢᠭᠤᠯᠤᠭᠰᠠᠨ ᠡᠮᠴᠢᠯᠡᠭᠡᠨ᠎ᠤ ᠪᠠᠶ᠋ᠢᠭᠤᠯᠤᠮᠵᠢ ᠵᠢᠨ ᠣᠨᠴᠠ ᠬᠡᠷᠡᠭᠴᠡᠭᠡᠨ᠎ᠤ ᠡᠮᠴᠢᠯᠡᠭᠡᠨ᠎ᠤ ᠦᠢ᠍ᠯᠡᠴᠢᠯᠡᠭᠡᠨ᠎ᠤ ᠲᠥᠷᠥᠯ ᠵᠦᠢ᠍ᠯ᠎ᠤᠨ ᠦᠨ᠎ᠡ ᠬᠠᠩᠰᠢ ᠵᠢᠨ ᠬᠠᠮᠢᠶᠠᠷᠤᠯᠲᠠ ᠵᠢᠨ ᠠᠵᠢᠯ᠎ᠢ ᠵᠢᠷᠤᠮᠵᠢᠭᠤᠯᠬᠤ ᠲᠤᠬᠠᠶ ᠮᠡᠳᠡᠭᠳᠡᠯ
ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠬᠢᠵᠠᠭ᠋ᠠᠷᠯᠠᠬᠤ ᠬᠤᠭᠤᠴᠠᠭ᠋ᠠᠨ᠎ᠳᠤ ᠣᠨᠳᠣᠤ ᠭᠠᠵᠠᠷ᠎ᠲᠤ ᠰᠢᠯᠵᠢᠭᠦᠯᠦᠨ ᠡᠮᠨᠡᠭᠦᠯᠬᠦ ᠭᠠᠷ ᠬᠦᠢ᠍ᠴᠡᠳᠭᠡᠯ᠎ᠢ ᠳᠥᠭᠥᠮᠴᠢᠯᠡᠬᠦ ᠲᠤᠬᠠᠶ ᠠᠯᠪᠠᠨ ᠵᠠᠷ
 
            