ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠪᠢᠴᠢᠭ ᠮᠠᠲ᠋ᠧᠷᠢᠶᠠᠯ
ᠤᠯᠤᠰ᠎ᠤᠨ ᠡᠮᠴᠢᠯᠡᠭᠡᠨ᠎ᠦ ᠪᠠᠳᠤᠯᠠᠭ᠎ᠠ᠎ᠶ᠋ᠢᠨ ᠲᠤᠪᠴᠢᠶ᠎ᠠ 《 ᠡᠷᠡᠦ᠎ᠶ᠋ᠢᠨ ᠭᠠᠳᠠᠷ᠎ᠤᠨ ᠭᠠᠳᠠᠷ ᠡᠮᠨᠡᠯᠭᠡ᠎ᠶ᠋ᠢᠨ ᠲᠥᠷᠥᠯ᠎ᠤᠨ ᠡᠮᠴᠢᠯᠡᠭᠡᠨ᠎ᠤ ᠦᠢᠯᠡᠴᠢᠯᠡᠭᠡ᠎ᠶ᠋ᠢᠨ ᠦᠨ᠎ᠡ ᠬᠠᠩᠰᠢ᠎ᠶ᠋ᠢᠨ ᠲᠥᠷᠥᠯ ᠵᠦᠢᠯ᠎ᠤᠨ ᠰᠡᠳᠦᠪ ᠲᠣᠭ᠍ᠲᠠᠭᠠᠬᠤ ᠵᠦᠭ᠌ᠯᠡᠭᠦᠷ ( ᠲᠤᠷᠱᠢᠨ ᠬᠡᠷᠡᠭ᠌ᠵᠢᠭᠦᠯᠬᠦ᠌ )》᠎ᠢ ᠳᠠᠷᠤᠮᠠᠯᠯᠠᠨ ᠲᠠᠷᠬᠠᠭᠠᠪᠠ
ᠨᠡᠶ᠋ᠢᠲᠡᠯᠡᠭᠰᠡᠨ ᠴᠠᠭ᠄ 2025-11-21

  ᠨᠠᠢᠷᠠᠭᠤᠯᠤᠨ ᠵᠣᠬᠢᠶᠠᠬᠤ ᠲᠣᠳᠣᠷᠬᠠᠢᠯᠠᠯᠲᠠ᠄ 《 ᠡᠮᠴᠢᠯᠡᠭᠡᠨ᠎ᠤ ᠦᠢᠯᠡᠴᠢᠯᠡᠭᠡ᠎ᠶ᠋ᠢᠨ ᠦᠨ᠎ᠡ ᠬᠠᠩᠰᠢ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌ ᠲᠤᠷᠱᠢᠯᠲᠠ᠎ᠶ᠋ᠢᠨ ᠲᠥᠰᠦᠯ 》᠎ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢᠨ ᠲᠥᠯᠥᠭᠡ᠂ ᠪᠥᠬᠦ᠌ ᠤᠯᠤᠰ᠎ᠤᠨ ᠡᠮᠴᠢᠯᠡᠭᠡᠨ᠎ᠤ ᠦᠢᠯᠡᠴᠢᠯᠡᠭᠡ᠎ᠶ᠋ᠢᠨ ᠦᠨ᠎ᠡ ᠬᠠᠩᠰᠢ᠎ᠶ᠋ᠢᠨ ᠲᠥᠷᠥᠯ ᠵᠦᠢᠯ᠎ᠢ ᠵᠢᠷᠤᠮᠵᠢᠭᠤᠯᠤᠨ ᠨᠠᠢᠷᠠᠭᠤᠯᠤᠨ ᠵᠣᠬᠢᠶᠠᠬᠤ ᠠᠵᠢᠯ᠎ᠢ ᠳᠥᠯᠭᠢᠨ ᠠᠬᠢᠭᠤᠯᠵᠤ᠂ 《 ᠨᠢᠭᠡ ᠪᠦᠯᠦᠭ᠎ᠢ ᠪᠣᠯᠪᠠᠰᠤᠷᠠᠩᠭᠤᠶ ᠪᠣᠯᠭᠠᠵᠤ᠂ ᠨᠢᠭᠡ ᠪᠦᠯᠦᠭ᠎ᠢ ᠨᠡᠢᠲᠡᠯᠡᠬᠦ᠌ 》 ᠠᠵᠢᠯ᠎ᠤᠨ ᠰᠡᠳᠭᠢᠮᠵᠢ ᠶᠣᠰᠣᠭᠠᠷ᠂ ᠣᠢᠷ᠎ᠠ᠎ᠳᠤ ᠤᠯᠤᠰ᠎ᠤᠨ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ᠎ᠠᠴᠠ 《 ᠡᠷᠡᠦ᠎ᠶ᠋ᠢᠨ ᠭᠠᠳᠠᠷ᠎ᠤᠨ ᠭᠠᠳᠠᠷ ᠡᠮᠨᠡᠯᠭᠡ᠎ᠶ᠋ᠢᠨ ᠲᠥᠷᠥᠯ᠎ᠤᠨ ᠡᠮᠴᠢᠯᠡᠭᠡᠨ᠎ᠤ ᠦᠢᠯᠡᠴᠢᠯᠡᠭᠡ᠎ᠶ᠋ᠢᠨ ᠦᠨ᠎ᠡ ᠬᠠᠩᠰᠢ᠎ᠶ᠋ᠢᠨ ᠲᠥᠷᠥᠯ ᠵᠦᠢᠯ᠎ᠤᠨ ᠰᠡᠳᠦᠪ ᠲᠣᠭ᠍ᠲᠠᠭᠠᠬᠤ ᠵᠦᠭ᠌ᠯᠡᠭᠦᠷ ( ᠲᠤᠷᠱᠢᠨ ᠬᠡᠷᠡᠭ᠌ᠵᠢᠭᠦᠯᠬᠦ᠌ )》᠎ᠢ ᠨᠠᠢᠷᠠᠭᠤᠯᠤᠨ ᠳᠠᠷᠤᠮᠠᠯᠯᠠᠨ ᠲᠠᠷᠬᠠᠭᠠᠵᠤ᠂ 2023 ᠣᠨ᠎ᠤ ᠬᠡᠪᠯᠡᠯ᠎ᠤᠨ ᠡᠮᠴᠢᠯᠡᠭᠡᠨ᠎ᠤ ᠦᠢᠯᠡᠴᠢᠯᠡᠭᠡ᠎ᠶ᠋ᠢᠨ ᠲᠥᠷᠥᠯ ᠵᠦᠢᠯ᠎ᠤᠨ ᠮᠡᠷᠭᠡᠵᠢᠯ᠎ᠤᠨ ᠵᠢᠷᠤᠮᠵᠢᠯ᠎ᠢᠶᠠᠷ ᠯᠠᠪᠯᠠᠯᠲᠠ ᠪᠣᠯᠭᠠᠵᠤ᠂ ᠣᠲᠣ᠎ᠶ᠋ᠢᠨ ᠬᠡᠷᠡᠭ᠌ᠵᠢᠭᠦᠯᠵᠦ᠍ ᠪᠠᠢᠭ᠎ᠠ ᠦᠨ᠎ᠡ ᠬᠠᠩᠰᠢ᠎ᠶ᠋ᠢᠨ ᠲᠥᠷᠥᠯ ᠵᠦᠢᠯ᠎ᠢ 71 ᠵᠦᠢᠯ ᠪᠣᠯᠭᠠᠨ ᠨᠡᠢᠯᠡᠭᠦᠯᠵᠦ᠍᠂ 30 ᠵᠦᠢᠯ᠎ᠢ ᠨᠡᠮᠡᠨ ᠬᠤᠷᠢᠶᠠᠵᠤ᠂ 5 ᠵᠦᠢᠯ᠎ᠢ ᠥᠷᠭᠡᠳᠭᠡᠭ᠌ᠰᠡᠨ ᠪᠠᠢᠨ᠎ᠠ᠃ ᠳᠠᠷᠠᠭᠠᠴᠢ᠎ᠶ᠋ᠢᠨ ᠠᠯᠬᠤᠮ᠎ᠳᠤ᠂ ᠤᠯᠤᠰ᠎ᠤᠨ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ ᠡᠯ᠎ᠡ ᠮᠤᠵᠢ᠎ᠶ᠋ᠢᠨ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ᠎ᠶ᠋ᠢ ᠵᠢᠯᠣᠭᠤᠳᠴᠤ᠌ 《 ᠰᠡᠳᠦᠪ ᠲᠣᠭ᠍ᠲᠠᠭᠠᠬᠤ ᠵᠦᠭ᠌ᠯᠡᠭᠦᠷ 》᠎ᠢᠶᠡᠷ ᠯᠠᠪᠯᠠᠯᠲᠠ ᠪᠣᠯᠭᠠᠵᠤ᠂ ᠪᠦᠬᠦ᠌ ᠮᠤᠵᠢ᠎ᠶ᠋ᠢᠨ ᠨᠢᠭᠡᠳᠦᠯᠲᠡᠶ ᠦᠨ᠎ᠡ ᠬᠠᠩᠰᠢ᠎ᠶ᠋ᠢᠨ ᠰᠠᠭᠤᠷᠢ ᠪᠠᠷᠢᠮᠵᠢᠶ᠎ᠠ᠎ᠶ᠋ᠢ ᠲᠣᠭ᠍ᠲᠠᠭᠠᠵᠤ᠂ ᠦᠨ᠎ᠡ ᠬᠠᠩᠰᠢ᠎ᠶ᠋ᠢᠨ ᠬᠠᠮᠢᠶᠠᠷᠤᠯᠲᠠ᠎ᠶ᠋ᠢᠨ ᠡᠷᠬᠡ ᠮᠡᠳᠡᠯ᠎ᠲᠠᠢ ᠨᠢᠭᠡᠳᠦᠯᠲᠡᠢ ᠲᠥᠯᠥᠪᠵᠢᠭᠦᠯᠬᠦ᠌ ᠭᠠᠵᠠᠷ ᠣᠷᠣᠨ᠎ᠠᠴᠠ ᠪᠦᠬᠦ᠌ ᠮᠤᠵᠢ᠎ᠶ᠋ᠢᠨ ᠦᠨ᠎ᠡ ᠬᠠᠩᠰᠢ᠎ᠶ᠋ᠢᠨ ᠰᠠᠭᠤᠷᠢ ᠪᠠᠷᠢᠮᠵᠢᠶ᠎ᠠ᠎ᠲᠠᠢ ᠬᠠᠷᠢᠴᠠᠭᠤᠯᠵᠤ᠂ ᠳᠡᠭᠡᠳᠦ ᠲᠤᠤᠷᠠᠳᠤ ᠱᠠᠳᠤ᠎ᠪᠠᠷ᠎ᠢᠶᠠᠨ ᠬᠡᠯᠪᠡᠯᠵᠡᠭᠦᠯᠵᠦ᠍ ᠪᠠᠢᠭᠠᠳ ᠪᠣᠳᠠᠲᠠᠢ ᠬᠡᠷᠡᠭ᠌ᠵᠢᠭᠦᠯᠬᠦ᠌ ᠦᠨ᠎ᠡ ᠬᠠᠩᠰᠢ᠎ᠶ᠋ᠢᠨ ᠬᠢᠷᠢ ᠲᠦᠪᠱᠢᠨ᠎ᠢ ᠲᠣᠭ᠍ᠲᠠᠭᠠᠨ᠎ᠠ᠃

 

  ᠡᠷᠡᠦ᠎ᠶ᠋ᠢᠨ ᠭᠠᠳᠠᠷ᠎ᠤᠨ ᠭᠠᠳᠠᠷ ᠡᠮᠨᠡᠯᠭᠡ᠎ᠶ᠋ᠢᠨ ᠲᠥᠷᠥᠯ᠎ᠦᠨ ᠡᠮᠴᠢᠯᠡᠭᠡᠨ᠎ᠤ ᠦᠶ᠋ᠯᠡᠴᠢᠯᠡᠭᠡ᠎ᠶ᠋ᠢᠨ ᠦᠨ᠎ᠡ ᠬᠠᠩᠰᠢ᠎ᠶ᠋ᠢᠨ ᠲᠥᠷᠥᠯ ᠵᠦᠶ᠋ᠯ᠎ᠤᠨ ᠰᠡᠳᠦᠪ ᠲᠣᠭ᠍ᠲᠠᠭᠠᠬᠤ ᠵᠦᠭ᠌ᠯᠡᠭᠦᠷ  ( ᠲᠤᠷᠱᠢᠨ ᠬᠡᠷᠡᠭ᠌ᠵᠢᠭᠦᠯᠬᠦ᠌ ) ᠳᠠᠭᠠᠯᠳᠤᠭᠤᠯᠤᠯ 1
  ᠡᠷᠡᠦ᠎ᠶ᠋ᠢᠨ ᠭᠠᠳᠠᠷ᠎ᠤᠨ ᠭᠠᠳᠠᠷ ᠡᠮᠨᠡᠯᠭᠡ᠎ᠶ᠋ᠢᠨ ᠲᠥᠷᠥᠯ᠎ᠤᠨ ᠡᠮᠴᠢᠯᠡᠭᠡᠨ᠎ᠤ ᠦᠶ᠋ᠯᠡᠴᠢᠯᠡᠭᠡ᠎ᠶ᠋ᠢᠨ ᠦᠨ᠎ᠡ ᠬᠠᠩᠰᠢ᠎ᠶ᠋ᠢᠨ ᠲᠥᠷᠥᠯ ᠵᠦᠶ᠋ᠯ᠎ᠤᠨ ᠰᠡᠳᠦᠪ ᠲᠣᠭ᠍ᠲᠠᠭᠠᠬᠤ ᠵᠦᠭ᠌ᠯᠡᠭᠦᠷ  ( ᠲᠤᠷᠱᠢᠨ ᠬᠡᠷᠡᠭ᠌ᠵᠢᠭᠦᠯᠬᠦ᠌ ) ᠳᠠᠭᠠᠯᠳᠤᠭᠤᠯᠤᠯ 2

ᠢᠷᠡᠯᠲᠡ᠄ ᠥᠪᠥᠷ ᠮᠣᠩᠭᠤᠯ᠎ᠤᠨ ᠡᠮᠴᠢᠯᠡᠭᠡᠨ᠎ᠤ ᠪᠠᠲᠤᠯᠠᠭ᠎ᠠ᠎ᠶ᠋ᠢᠨ ᠸᠢᠴᠠᠲ᠎ᠤᠨ ᠣᠯᠠᠨ ᠨᠡᠢ᠌ᠲᠡ᠎ᠶᠢᠨ ᠲᠠᠪᠴᠠᠩ
          
ᠬᠠᠮᠢᠶ᠎ᠡ ᠪᠦᠬᠦᠢ ᠰᠣᠨᠢᠨ
 
            