ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ
ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ
ᠥᠪᠥᠷ ᠵᠠᠰᠠᠭ ᠠᠯᠪᠠᠨ ᠲᠠᠷᠬᠠᠭ᠋ᠠᠭᠰᠠᠨ [2025] 3 ᠳ᠋ᠤᠭ᠋ᠠᠷ ᠲᠣᠭ᠋ᠠᠲᠤ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2025 ᠣᠨ᠎ᠤ ᠵᠠᠰᠠᠭ᠎ᠤᠨ ᠣᠷᠳᠣᠨ᠎ᠤ ᠲᠣᠭᠲᠠᠭ᠋ᠠᠯ ᠳᠦᠷᠢᠮ᠎ᠤᠨ ᠬᠠᠤᠯᠢ ᠲᠣᠭᠲᠠᠭ᠋ᠠᠬᠤ ᠲᠥᠯᠥᠪᠯᠡᠭᠡ》 ᠵᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠡᠯ᠎ᠡ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠎ᠳᠤ᠄
ᠡᠳᠦᠭᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2025 ᠣᠨ᠎ᠤ ᠵᠠᠰᠠᠭ᠎ᠤᠨ ᠣᠷᠳᠣᠨ᠎ᠤ ᠲᠣᠭᠲᠠᠭ᠋ᠠᠯ ᠳᠦᠷᠢᠮ᠎ᠤᠨ ᠬᠠᠤᠯᠢ ᠲᠣᠭᠲᠠᠭ᠋ᠠᠬᠤ ᠲᠥᠯᠥᠪᠯᠡᠭᠡ》 ᠵᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠲᠠ ᠨᠠᠷ᠎ᠲᠤ ᠳᠠᠷᠤᠮᠠᠯᠯᠠᠨ ᠶᠠᠪᠤᠭᠤᠯᠬᠤ ᠵᠢᠨ ᠬᠠᠮᠲᠤ᠂ ᠳᠣᠣᠷᠠᠬᠢ ᠮᠡᠲᠦ ᠱᠠᠭ᠋ᠠᠷᠳᠠᠯᠭ᠎ᠠ ᠵᠢ ᠳᠤᠷᠠᠳᠪᠠ᠂ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢ ᠵᠡᠷᠭᠡ᠎ᠳᠤ᠎ᠨᠢ ᠰᠠᠢ᠌ᠲᠤᠷ ᠠᠳᠬᠤᠲᠤᠭ᠋ᠠᠢ᠃
ᠨᠢᠭᠡ᠂ ᠬᠠᠤᠯᠢ ᠲᠣᠭᠲᠠᠭ᠋ᠠᠬᠤ ᠠᠵᠢᠯ᠎ᠳᠠᠬᠢ ᠨᠠᠮ᠎ᠤᠨ ᠪᠦᠬᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠬᠤ ᠬᠡᠷᠡᠭᠲᠡᠢ
ᠰᠢ᠎ᠵᠢᠨ᠎ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ ᠪᠠ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ᠂ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ᠂ ᠰᠢ᠎ᠵᠢᠨ᠎ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠶᠡᠷᠦᠩᠬᠡᠢ ᠱᠦᠵᠢ ᠰᠢ᠎ᠵᠢᠨ᠎ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠬᠢᠨᠠᠮᠠᠭ᠋ᠠᠢ ᠲᠤᠭᠤᠰᠢᠯᠠᠭᠤᠯᠤᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠠᠵᠢᠯ᠎ᠤᠨ ᠭᠣᠣᠯ ᠰᠢᠵᠢᠮ᠎ᠤᠨ ᠲᠣᠭᠣᠷᠢᠨ᠎ᠳᠤ ᠴᠢᠩᠭ᠎ᠠ ᠨᠢᠭᠲᠠᠷᠠᠵᠤ᠂ ᠶᠡᠷᠦᠩᠬᠡᠢ ᠱᠦᠵᠢ ᠰᠢ᠎ᠵᠢᠨ᠎ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠵᠢ ᠨᠠᠢ᠌ᠳᠠᠪᠤᠷᠢᠵᠢᠭᠤᠯᠬᠤ ᠪᠠ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠬᠣᠶᠠᠷ ᠶᠡᠬᠡ ᠶᠠᠪᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ ᠥᠭᠡᠷᠡᠴᠢᠯᠡᠯᠲᠡ ᠬᠥᠭᠵᠢᠯᠲᠡ ᠵᠢᠨ ᠬᠡᠷᠡᠭᠴᠡᠭᠡ ᠪᠠ ᠠᠷᠠᠳ ᠤᠯᠠᠨ᠎ᠤ ᠬᠦᠰᠡᠯ ᠡᠷᠡᠮᠡᠯᠵᠡᠯ᠎ᠢ ᠴᠢᠩᠭ᠎ᠠ ᠡᠵᠡᠮᠳᠡᠵᠦ᠂ ᠰᠢᠨᠵᠢᠯᠡᠬᠦ ᠤᠬᠠᠭ᠋ᠠᠨᠴᠢ᠎ᠪᠠᠷ ᠬᠠᠤᠯᠢ ᠲᠣᠭᠲᠠᠭ᠋ᠠᠬᠤ᠂ ᠠᠷᠠᠳᠴᠢᠯᠠᠯ ᠵᠶ᠋ᠠᠷ ᠬᠠᠤᠯᠢ ᠲᠣᠭᠲᠠᠭ᠋ᠠᠬᠤ᠂ ᠬᠠᠤᠯᠢ ᠶᠣᠰᠣᠭ᠋ᠠᠷ ᠬᠠᠤᠯᠢ ᠲᠣᠭᠲᠠᠭ᠋ᠠᠬᠤ ᠵᠢ ᠠᠬᠢᠭᠤᠯᠤᠨ᠂ ᠰᠠᠢ᠌ᠨ ᠬᠠᠤᠯᠢ᠎ᠪᠠᠷ ᠬᠥᠭᠵᠢᠯᠲᠡ ᠵᠢ ᠠᠬᠢᠭᠤᠯᠬᠤ ᠪᠠ ᠴᠢᠳᠠᠮᠠᠭ᠋ᠠᠢ᠎ᠪᠠᠷ ᠵᠠᠰᠠᠬᠤ ᠵᠢ ᠪᠠᠲᠤᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ᠎ᠳᠤ ᠪᠠᠲᠤ ᠴᠢᠩᠭ᠎ᠠ ᠬᠠᠤᠯᠢᠵᠢᠯ᠎ᠤᠨ ᠪᠠᠲᠤᠯᠠᠭ᠎ᠠ ᠬᠠᠩᠭ᠋ᠠᠨ᠎ᠠ᠃ ᠴᠢᠬᠤᠯᠠ ᠶᠡᠬᠡ ᠬᠠᠤᠯᠢ ᠲᠣᠭᠲᠠᠭ᠋ᠠᠬᠤ ᠵᠦᠢ᠍ᠯᠡᠰ᠎ᠤᠨ ᠵᠢᠭ᠋ᠠᠪᠤᠷᠢ ᠠᠪᠬᠤ ᠪᠠ ᠮᠡᠳᠡᠭᠦᠯᠬᠦ ᠳᠦᠷᠢᠮ᠎ᠢ ᠴᠢᠩᠭ᠎ᠠ ᠬᠡᠷᠡᠭᠵᠢᠭᠦᠯᠵᠦ᠂ ᠬᠠᠤᠯᠢ ᠲᠣᠭᠲᠠᠭ᠋ᠠᠬᠤ ᠠᠵᠢᠯ᠎ᠤᠨ ᠶᠠᠪᠤᠴᠠ᠎ᠳᠠᠬᠢ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ᠂ ᠴᠢᠬᠤᠯᠠ ᠶᠡᠬᠡ ᠵᠦᠢ᠍ᠯᠡᠰ᠂ ᠴᠢᠬᠤᠯᠠ ᠪᠠᠢ᠌ᠳᠠᠯ᠎ᠢ ᠴᠠᠭ ᠲᠤᠬᠠᠢᠳᠤᠨᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠳᠤ ᠮᠡᠳᠡᠭᠦᠯᠦᠨ ᠵᠢᠭ᠋ᠠᠪᠤᠷᠢ ᠠᠪᠬᠤ ᠬᠡᠷᠡᠭᠲᠡᠢ᠃
ᠬᠣᠶᠠᠷ᠂ ᠬᠠᠤᠯᠢ ᠲᠣᠭᠲᠠᠭ᠋ᠠᠬᠤ ᠪᠦᠬᠦ ᠶᠠᠪᠤᠴᠠ ᠵᠢᠨ ᠠᠷᠠᠳ᠎ᠤᠨ ᠠᠷᠠᠳᠴᠢᠯᠠᠯ᠎ᠢ ᠭᠦᠨᠵᠡᠭᠡᠢ ᠦᠢ᠍ᠯᠡᠳᠦᠯᠭᠡᠵᠢᠭᠦᠯᠬᠦ ᠬᠡᠷᠡᠭᠲᠡᠢ
ᠪᠦᠬᠦ ᠶᠠᠪᠤᠴᠠ ᠵᠢᠨ ᠠᠷᠠᠳ᠎ᠤᠨ ᠠᠷᠠᠳᠴᠢᠯᠠᠯ᠎ᠢ ᠬᠥᠭᠵᠢᠭᠦᠯᠬᠦ ᠱᠠᠭ᠋ᠠᠷᠳᠠᠯᠭ᠎ᠠ ᠵᠢ ᠬᠠᠤᠯᠢ ᠲᠣᠭᠲᠠᠭ᠋ᠠᠬᠤ ᠪᠦᠬᠦ ᠶᠠᠪᠤᠴᠠ ᠡᠯ᠎ᠡ ᠭᠣᠭᠴᠣᠭ᠎ᠠ᠎ᠳᠤ ᠲᠤᠭᠤᠰᠢᠯᠠᠭᠤᠯᠵᠤ᠂ ᠬᠠᠤᠯᠢ ᠲᠣᠭᠲᠠᠭ᠋ᠠᠬᠤ ᠵᠦᠢ᠍ᠯᠡᠰ᠎ᠢ ᠲᠤᠭᠤᠷᠪᠢᠬᠤ᠂ ᠬᠢᠨᠠᠨ ᠪᠠᠢ᠌ᠴᠠᠭ᠋ᠠᠬᠤ᠂ ᠵᠣᠬᠢᠴᠠᠭᠤᠯᠬᠤ᠂ ᠵᠠᠰᠠᠪᠤᠷᠢ ᠣᠷᠣᠭᠤᠯᠬᠤ ᠶᠠᠪᠤᠴᠠ᠎ᠳᠤ᠂ ᠨᠡᠢ᠌ᠭᠡᠮ᠎ᠤᠨ ᠡᠯ᠎ᠡ ᠲᠠᠯ᠎ᠠ ᠵᠢᠨ᠎ᠬᠢᠨ᠎ᠤ ᠬᠠᠤᠯᠢ ᠲᠣᠭᠲᠠᠭ᠋ᠠᠬᠤ᠎ᠳᠤ ᠡᠮᠬᠢ ᠵᠢᠷᠤᠮ᠎ᠲᠠᠢ᠎ᠪᠠᠷ ᠣᠷᠣᠯᠴᠠᠬᠤ ᠠᠷᠭ᠎ᠠ ᠵᠠᠮ ᠪᠠ ᠠᠷᠭ᠎ᠠ ᠮᠠᠶᠢᠭ᠎ᠢ ᠪᠦᠲᠦᠮᠵᠢᠲᠡᠶ᠎ᠪᠠᠷ ᠥᠷᠭᠡᠳᠬᠡᠨ᠂ ᠪᠦᠬᠦ ᠶᠠᠪᠤᠴᠠ ᠵᠢᠨ ᠠᠷᠠᠳ᠎ᠤᠨ ᠠᠷᠠᠳᠴᠢᠯᠠᠯ᠎ᠢ ᠬᠠᠤᠯᠢ ᠲᠣᠭᠲᠠᠭ᠋ᠠᠬᠤ ᠦᠢ᠍ᠯᠡᠳᠦᠯᠭᠡ ᠵᠢᠨ ᠶᠠᠪᠤᠴᠠ᠎ᠳᠤ ᠪᠣᠳᠠᠲᠠᠢ᠌ᠵᠢᠭᠤᠯᠤᠨ ᠨᠠᠢ᠌ᠳᠠᠪᠤᠷᠢᠵᠢᠭᠤᠯᠬᠤ ᠵᠢ ᠠᠬᠢᠭᠤᠯᠤᠨ᠎ᠠ᠃ ᠬᠠᠤᠯᠢ ᠲᠣᠭᠲᠠᠭ᠋ᠠᠯᠲᠠ᠎ᠳᠤ ᠣᠷᠣᠯᠴᠠᠬᠤ ᠨᠡᠢ᠌ᠭᠡᠮ ᠨᠡᠶ᠋ᠢᠲᠡ ᠵᠢᠨ ᠬᠠᠮᠤᠷᠬᠤ ᠬᠡᠪᠴᠢᠶ᠎ᠡ ᠪᠠ ᠲᠥᠯᠥᠭᠡᠯᠡᠬᠦ ᠴᠢᠨᠠᠷ᠎ᠢ ᠤᠯᠠᠮ ᠨᠢᠭᠡ ᠠᠯᠬᠤᠮ ᠥᠷᠭᠡᠳᠬᠡᠵᠦ᠂ ᠦᠨᠳᠦᠰᠦᠨ ᠱᠠᠲᠤᠨ᠎ᠤ ᠬᠠᠤᠯᠢ ᠲᠣᠭᠲᠠᠭ᠋ᠠᠬᠤ ᠬᠠᠷᠢᠯᠴᠠᠬᠤ ᠴᠡᠭ᠎ᠤᠨ ᠠᠷᠠᠳ᠎ᠤᠨ ᠠᠮᠢᠳᠤᠷᠠᠯ᠎ᠳᠤ ᠣᠢ᠌ᠷᠠᠲᠤᠬᠤ᠂ ᠠᠷᠠᠳ᠎ᠤᠨ ᠪᠠᠢ᠌ᠳᠠᠯ᠎ᠢ ᠣᠢ᠌ᠯᠠᠭ᠋ᠠᠬᠤ᠂ ᠠᠷᠠᠳ᠎ᠤᠨ ᠰᠠᠨᠠᠭ᠎ᠠ ᠪᠣᠳᠣᠯ᠎ᠢ ᠰᠣᠨᠣᠰᠬᠤ᠂ ᠠᠷᠠᠳ᠎ᠤᠨ ᠤᠬᠠᠭ᠋ᠠᠨ ᠰᠠᠮᠪᠠᠭ᠎ᠠ ᠵᠢ ᠲᠥᠪᠯᠡᠷᠡᠭᠦᠯᠬᠦ ᠦᠢ᠍ᠯᠡᠳᠦᠯ᠎ᠢ᠎ᠨᠢ ᠭᠦᠢ᠍ᠴᠡᠳ ᠪᠠᠳᠠᠷᠠᠭᠤᠯᠤᠨ᠎ᠠ᠃ ᠢᠯᠡ᠎ᠪᠠᠷ ᠰᠠᠨᠠᠯ ᠬᠤᠷᠢᠶᠠᠬᠤ᠂ ᠬᠠᠤᠯᠢ ᠲᠣᠭᠲᠠᠭ᠋ᠠᠬᠤ ᠪᠠᠢ᠌ᠴᠠᠭ᠋ᠠᠨ ᠰᠤᠳᠤᠯᠤᠯᠲᠠ ᠥᠷᠨᠢᠭᠦᠯᠬᠦ᠂ ᠬᠠᠤᠯᠢ ᠲᠣᠭᠲᠠᠭ᠋ᠠᠬᠤ ᠵᠥᠪᠳᠡᠯᠴᠡᠭᠡ ᠵᠣᠬᠢᠶᠠᠨ ᠪᠠᠶ᠋ᠢᠭᠤᠯᠬᠤ᠂ ᠬᠠᠤᠯᠢ ᠲᠣᠭᠲᠠᠭ᠋ᠠᠬᠤ ᠨᠤᠲᠠᠯᠠᠯᠲᠠ ᠵᠢᠨ ᠬᠤᠷᠠᠯ ᠪᠠ ᠰᠠᠭᠤᠳᠠᠯ᠎ᠤᠨ ᠬᠤᠷᠠᠯ ᠬᠤᠷᠠᠯᠳᠤᠭᠤᠯᠬᠤ ᠵᠡᠷᠭᠡ ᠤᠯᠠᠨ ᠵᠦᠢ᠍ᠯ᠎ᠤᠨ ᠬᠡᠯᠪᠡᠷᠢ ᠵᠢ ᠠᠮᠢᠳᠤᠯᠢᠭ ᠵᠶ᠋ᠠᠷ ᠬᠡᠷᠡᠭᠯᠡᠵᠦ᠂ ᠦᠨᠳᠦᠰᠦᠨ ᠱᠠᠲᠤᠨ᠎ᠤ ᠤᠯᠠᠨ ᠲᠦᠮᠡᠨ᠂ ᠵᠠᠬ᠎ᠠ ᠳᠡᠯᠭᠡᠭᠦᠷ᠎ᠤᠨ ᠭᠣᠣᠯ ᠴᠣᠭᠴᠠ᠂ ᠠᠵᠢᠯ ᠲᠦᠷᠦᠯ᠎ᠤᠨ ᠨᠡᠢ᠌ᠭᠡᠮᠯᠢᠭ ᠪᠠ ᠬᠤᠳᠠᠯᠳᠤᠭ᠋ᠠᠴᠢᠳ᠎ᠤᠨ ᠡᠪᠯᠡᠯ᠎ᠤᠨ ᠰᠠᠨᠠᠯ᠎ᠢ ᠥᠷᠭᠡᠨ ᠵᠶ᠋ᠡᠷ ᠰᠣᠨᠣᠰᠴᠤ᠂ ᠬᠠᠤᠯᠢ ᠲᠣᠭᠲᠠᠭ᠋ᠠᠬᠤ ᠠᠵᠢᠯ᠎ᠤᠨ ᠰᠢᠰᠲ᠋ᠧᠮᠲᠦ ᠴᠢᠨᠠᠷ᠂ ᠬᠠᠮᠵᠢᠯᠴᠠᠬᠤ ᠴᠢᠨᠠᠷ᠂ ᠬᠤᠭᠤᠴᠠᠭ᠋ᠠᠲᠤ ᠴᠢᠨᠠᠷ᠎ᠢ᠎ᠨᠢ ᠲᠠᠰᠤᠷᠠᠯᠳᠠ ᠦᠭᠡᠢ ᠴᠢᠩᠭ᠋ᠠᠳᠬᠠᠨ᠎ᠠ᠃
ᠭᠤᠷᠪᠠ᠂ ᠵᠠᠰᠠᠭ᠎ᠤᠨ ᠣᠷᠳᠣᠨ᠎ᠤ ᠲᠣᠭᠲᠠᠭ᠋ᠠᠯ ᠳᠦᠷᠢᠮ᠎ᠤᠨ ᠬᠠᠤᠯᠢ ᠲᠣᠭᠲᠠᠭ᠋ᠠᠬᠤ ᠠᠵᠢᠯ᠎ᠤᠨ ᠲᠥᠯᠥᠪᠯᠡᠭᠡ ᠵᠢ ᠴᠢᠨᠠᠷ ᠰᠠᠢ᠌ᠲᠠᠢ ᠥᠨᠳᠥᠷ ᠪᠦᠲᠦᠮᠵᠢᠲᠡᠶ ᠨᠠᠢ᠌ᠳᠠᠪᠤᠷᠢᠵᠢᠭᠤᠯᠬᠤ ᠬᠡᠷᠡᠭᠲᠡᠢ
ᠡᠯ᠎ᠡ ᠰᠠᠯᠠᠭ᠎ᠠ ᠮᠥᠴᠢᠷ᠎ᠨᠢ ᠵᠠᠰᠠᠭ᠎ᠤᠨ ᠣᠷᠳᠣᠨ᠎ᠤ ᠲᠣᠭᠲᠠᠭ᠋ᠠᠯ ᠳᠦᠷᠢᠮ᠎ᠤᠨ ᠬᠠᠤᠯᠢ ᠲᠣᠭᠲᠠᠭ᠋ᠠᠬᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠨ᠂ ᠠᠵᠢᠯ᠎ᠤᠨ ᠲᠣᠭᠲᠠᠴᠠ᠎ᠪᠠᠨ ᠲᠡᠭᠦᠯᠳᠡᠷᠵᠢᠭᠦᠯᠵᠦ᠂ ᠬᠠᠷᠢᠭᠤᠴᠠᠯᠭ᠎ᠠ ᠵᠢᠨ ᠨᠠᠢ᠌ᠳᠠᠪᠤᠷᠢᠵᠢᠭᠤᠯᠤᠯᠲᠠ᠎ᠪᠠᠨ ᠴᠢᠩᠭ᠋ᠠᠷᠠᠭᠤᠯᠤᠨ᠂ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭ᠋ᠠᠯ᠎ᠯᠤᠭ᠎ᠠ ᠵᠣᠯᠭ᠋ᠠᠭᠤᠯᠬᠤ ᠠᠵᠢᠯ᠎ᠢ ᠰᠠᠢ᠌ᠲᠤᠷ ᠬᠢᠨ᠎ᠡ᠃
ᠲᠤᠭᠤᠷᠪᠢᠬᠤ ᠡᠯ᠎ᠡ ᠰᠠᠯᠠᠭ᠎ᠠ ᠮᠥᠴᠢᠷ᠎ᠨᠢ ᠲᠤᠭᠤᠷᠪᠢᠬᠤ ᠠᠵᠢᠯ᠎ᠤᠨ ᠡᠭᠦᠷᠭᠡ ᠬᠠᠷᠢᠭᠤᠴᠠᠯᠭ᠎ᠠ᠎ᠪᠠᠨ ᠬᠢᠨᠠᠮᠠᠭ᠋ᠠᠢ ᠭᠦᠢ᠍ᠴᠡᠳᠬᠡᠵᠦ᠂ ᠤᠷᠢᠳᠴᠢᠯᠠᠨ ᠤᠬᠠᠭ᠋ᠠᠯᠠᠵᠤ ᠲᠥᠯᠥᠪᠯᠡᠨ᠂ ᠵᠦᠢ ᠵᠣᠬᠢᠰᠲᠠᠢ ᠲᠣᠬᠢᠷᠠᠭᠤᠯᠵᠤ᠂ ᠬᠠᠤᠯᠢ ᠲᠣᠭᠲᠠᠭ᠋ᠠᠬᠤ ᠪᠠᠢ᠌ᠴᠠᠭ᠋ᠠᠨ ᠰᠤᠳᠤᠯᠤᠯᠲᠠ ᠬᠢᠬᠦ᠂ ᠰᠠᠨᠠᠯ ᠬᠤᠷᠢᠶᠠᠬᠤ᠂ ᠦᠨᠡᠯᠡᠨ ᠵᠢᠱ᠌ᠢᠵᠦ ᠨᠤᠲᠠᠯᠠᠬᠤ ᠵᠡᠷᠭᠡ ᠠᠵᠢᠯ᠎ᠢ ᠯᠠᠪᠳᠠᠭᠤᠨ ᠪᠠᠲᠤᠲᠠᠢ ᠰᠠᠢ᠌ᠲᠤᠷ ᠬᠢᠨ᠎ᠡ᠃ ᠬᠣᠯᠪᠣᠭᠳᠠᠯ ᠪᠦᠬᠦᠢ ᠲᠣᠭᠲᠠᠭ᠋ᠠᠯ ᠪᠠ ᠱᠠᠭ᠋ᠠᠷᠳᠠᠯᠭ᠎ᠠ ᠶᠣᠰᠣᠭ᠋ᠠᠷ ᠬᠠᠤᠯᠢ ᠶᠣᠰᠣᠴᠢ ᠴᠢᠨᠠᠷ᠎ᠤᠨ ᠬᠢᠨᠠᠨ ᠬᠠᠷᠭᠤᠭᠤᠯᠤᠯᠲᠠ᠂ ᠭᠣᠥᠯᠴᠢ ᠥᠷᠢᠰᠦᠯᠳᠦᠭᠡᠨ᠎ᠤ ᠬᠢᠨᠠᠨ ᠪᠠᠢ᠌ᠴᠠᠭ᠋ᠠᠯᠲᠠ᠂ ᠲᠦᠭᠰᠢᠭᠦᠷᠢ ᠵᠢᠨ ᠦᠨᠡᠯᠡᠨ ᠵᠢᠱ᠌ᠢᠯᠲᠡ ᠵᠡᠷᠭᠡ ᠬᠠᠮᠢᠶ᠎ᠠ ᠪᠦᠬᠦᠢ ᠤᠷᠢᠳᠠᠴᠢ ᠬᠢᠨᠠᠨ ᠬᠠᠷᠭᠤᠭᠤᠯᠤᠯᠲᠠ ᠵᠢᠨ ᠠᠵᠢᠯ᠎ᠢ ᠰᠠᠢ᠌ᠲᠤᠷ ᠬᠢᠨ᠎ᠡ᠃ ᠲᠣᠭᠲᠠᠭᠰᠠᠨ ᠴᠠᠭ ᠬᠤᠭᠤᠴᠠᠭ᠎ᠠ ᠶᠣᠰᠣᠭ᠋ᠠᠷ ᠬᠢᠨᠠᠨ ᠵᠥᠪᠯᠡᠬᠦ ᠲᠦᠷᠦᠯ ᠵᠦᠢ᠍ᠯ᠎ᠤᠨ ᠲᠤᠭᠤᠷᠪᠢᠬᠤ ᠠᠵᠢᠯ᠎ᠢ ᠪᠡᠶᠡᠯᠡᠭᠦᠯᠵᠦ᠂ ᠬᠠᠤᠯᠢ ᠲᠣᠭᠲᠠᠭ᠋ᠠᠯᠲᠠ ᠵᠢ ᠬᠢᠨᠠᠨ ᠪᠠᠢ᠌ᠴᠠᠭ᠋ᠠᠬᠤ᠂ ᠬᠢᠨᠠᠨ ᠵᠥᠪᠯᠡᠬᠦ ᠵᠡᠷᠭᠡ ᠠᠵᠢᠯ᠎ᠳᠤ ᠵᠣᠬᠢᠰᠲᠠᠢ ᠴᠠᠭ ᠦᠯᠡᠳᠡᠭᠡᠵᠦ ᠥᠭᠭᠦᠨ᠎ᠡ᠃ ᠵᠠᠰᠠᠭ᠎ᠤᠨ ᠣᠷᠳᠣᠨ᠎ᠤ ᠲᠣᠭᠲᠠᠭ᠋ᠠᠯ ᠳᠦᠷᠢᠮ᠎ᠤᠨ ᠲᠥᠯᠥᠪᠯᠡᠭᠡ᠎ᠳᠠᠬᠢ ᠪᠠᠢ᠌ᠴᠠᠭ᠋ᠠᠨ ᠰᠤᠳᠤᠯᠤᠯᠲᠠ ᠵᠢᠨ ᠲᠦᠷᠦᠯ ᠵᠦᠢ᠍ᠯ᠎ᠳᠤ ᠭᠦᠨᠵᠡᠭᠡᠢ ᠪᠠᠢ᠌ᠴᠠᠭ᠋ᠠᠨ ᠰᠤᠳᠤᠯᠤᠯᠲᠠ ᠪᠠ ᠨᠤᠲᠠᠯᠠᠯᠲᠠ ᠬᠢᠵᠦ᠂ ᠪᠠᠢ᠌ᠴᠠᠭ᠋ᠠᠨ ᠰᠤᠳᠤᠯᠤᠯᠲᠠ ᠵᠢᠨ ᠮᠡᠳᠡᠭᠦᠯᠦᠯᠲᠡ ᠪᠠ ᠬᠢᠨᠠᠨ ᠵᠥᠪᠯᠡᠭᠦᠯᠬᠦ᠎ᠪᠠᠷ ᠳᠡᠪᠰᠢᠭᠦᠯᠬᠦ ᠡᠰᠡᠬᠦ ᠲᠤᠬᠠᠢ ᠰᠠᠨᠠᠯ᠎ᠢ ᠪᠦᠷᠢᠯᠳᠦᠭᠦᠯᠦᠨ᠎ᠡ᠃
ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠨᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ᠂ ᠰᠢᠮᠳᠠᠭᠤᠯᠤᠨ ᠵᠢᠯᠤᠭᠣᠳᠬᠤ᠎ᠪᠠᠨ ᠴᠢᠩᠭ᠋ᠠᠳᠬᠠᠵᠤ᠂ ᠬᠠᠮᠢᠶ᠎ᠠ ᠪᠦᠬᠦᠢ ᠪᠠᠢ᠌ᠳᠠᠯ᠎ᠢ ᠰᠠᠨᠠᠭ᠋ᠠᠴᠢᠯᠠᠭ᠎ᠠ᠎ᠠᠴᠠ᠎ᠪᠠᠨ ᠣᠢ᠌ᠯᠠᠭ᠋ᠠᠨ᠂ ᠬᠠᠤᠯᠢ ᠲᠣᠭᠲᠠᠭ᠋ᠠᠯᠲᠠ ᠵᠢᠨ ᠬᠢᠨᠠᠨ ᠪᠠᠢ᠌ᠴᠠᠭ᠋ᠠᠬᠤ ᠵᠠᠩᠭᠢᠯᠠᠭ᠎ᠠ ᠵᠢ ᠰᠠᠢ᠌ᠲᠤᠷ ᠡᠵᠡᠮᠳᠡᠨ᠎ᠡ᠃ ᠴᠠᠭ᠎ᠨᠢ ᠪᠠᠴᠢᠮ᠂ ᠬᠦᠴᠢᠷᠳᠡᠯ ᠶᠡᠬᠡᠲᠡᠢ ᠴᠢᠬᠤᠯᠠ ᠶᠡᠬᠡ ᠬᠠᠤᠯᠢ ᠲᠣᠭᠲᠠᠭ᠋ᠠᠬᠤ ᠵᠦᠢ᠍ᠯᠡᠰ᠎ᠲᠤ ᠪᠣᠯ ᠴᠢᠬᠤᠯᠠᠲᠠᠢ ᠦᠶ᠎ᠡ᠎ᠳᠤ ᠤᠷᠢᠳᠴᠢᠯᠠᠨ ᠣᠷᠣᠯᠴᠠᠨ᠎ᠠ᠃ ᠮᠠᠷᠭᠤᠯᠳᠤᠭ᠋ᠠᠨ ᠵᠶ᠋ᠠᠷ ᠨᠡᠯᠢᠶᠡᠳ ᠶᠡᠬᠡ ᠴᠢᠬᠤᠯᠠ ᠬᠠᠤᠯᠢ ᠲᠣᠭᠲᠠᠭ᠋ᠠᠬᠤ ᠵᠦᠢ᠍ᠯᠡᠰ᠎ᠲᠤ ᠵᠣᠬᠢᠴᠠᠭᠤᠯᠬᠤ ᠡᠷᠴᠢᠮ ᠵᠶ᠋ᠡᠨ ᠴᠢᠩᠭ᠋ᠠᠷᠠᠭᠤᠯᠵᠤ᠂ ᠬᠣᠢ᠌ᠷᠭᠤᠰᠢᠨ ᠤᠳᠠᠭ᠋ᠠᠰᠢᠷᠠᠭᠤᠯᠤᠭ᠋ᠠᠳ ᠰᠢᠢ᠍ᠳᠪᠦᠷᠢᠯᠡᠬᠦ ᠦᠭᠡᠢ ᠦᠵᠡᠭᠳᠡᠯ ᠭᠠᠷᠬᠤ᠎ᠠᠴᠠ ᠰᠡᠷᠭᠡᠢ᠌ᠯᠡᠬᠦ ᠬᠡᠷᠡᠭᠲᠡᠢ᠃
2025 ᠣᠨ᠎ᠤ 1 ᠳ᠋ᠦ᠍ᠭᠡᠷ ᠰᠠᠷ᠎ᠠ ᠵᠢᠨ 12᠎ᠤᠨ ᠡᠳᠦᠷ
(ᠲᠣᠰ ᠪᠢᠴᠢᠭ ᠮᠠᠲ᠋ᠧᠷᠢᠶᠠᠯ᠎ᠢ ᠢᠯᠡ ᠨᠡᠢ᠌ᠲᠡᠯᠡᠨ᠎ᠡ)
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ
ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
2025 ᠣᠨ᠎ᠤ 1 ᠳ᠋ᠦ᠍ᠭᠡᠷ ᠰᠠᠷ᠎ᠠ ᠵᠢᠨ
13᠎ᠤ ᠡᠳᠦᠷ ᠳᠠᠷᠤᠮᠠᠯᠯᠠᠨ ᠲᠠᠷᠬᠠᠭ᠋ᠠᠪᠠ