ᠨᠠᠢ᠌ᠷᠠᠭᠤᠯᠤᠨ ᠵᠣᠬᠢᠶᠠᠬᠤ ᠲᠣᠳᠣᠷᠬᠠᠢ᠌ᠯᠠᠯᠲᠠ᠄ 《 ᠡᠮᠴᠢᠯᠡᠭᠡᠨ᠎ᠤ ᠦᠢᠯᠡᠴᠢᠯᠡᠭᠡᠨ᠎ᠤ ᠦᠨ᠎ᠡ ᠬᠠᠩᠰᠢ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌ ᠲᠤᠷᠱᠢᠯᠲᠠ᠎ᠶ᠋ᠢᠨ ᠲᠥᠰᠦᠯ 》᠎ᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶ᠋ᠢᠨ ᠲᠥᠯᠥᠭᠡ᠂ ᠪᠥᠬᠦ᠌ ᠤᠯᠤᠰ᠎ᠤᠨ ᠡᠮᠴᠢᠯᠡᠭᠡᠨ᠎ᠤ ᠦᠢᠯᠡᠴᠢᠯᠡᠭᠡᠨ᠎ᠤ ᠦᠨ᠎ᠡ ᠬᠠᠩᠰᠢ᠎ᠶ᠋ᠢᠨ ᠲᠥᠷᠥᠯ ᠵᠦᠢᠯ᠎ᠢ ᠵᠢᠷᠤᠮᠵᠢᠭᠤᠯᠤᠨ ᠨᠠᠢᠷᠠᠭᠤᠯᠤᠨ ᠵᠣᠬᠢᠶᠠᠬᠤ ᠠᠵᠢᠯ᠎ᠢ ᠳᠥᠯᠭᠢᠨ ᠠᠬᠢᠭᠤᠯᠵᠤ᠂ 《 ᠨᠢᠭᠡ ᠪᠦᠯᠦᠭ᠎ᠢ ᠪᠣᠯᠪᠠᠰᠤᠷᠠᠭᠤᠯᠵᠤ᠂ ᠨᠢᠭᠡ ᠪᠦᠯᠦᠭ᠎ᠢ ᠨᠡᠢᠲᠡᠯᠡᠬᠦ᠌ 》 ᠠᠵᠢᠯ᠎ᠤᠨ ᠰᠡᠳᠭᠢᠮᠵᠢ ᠶᠣᠰᠣᠭᠠᠷ᠂ ᠣᠢᠷ᠎ᠠ᠎ᠳᠤ ᠤᠯᠤᠰ᠎ᠤᠨ ᠡᠮᠴᠢᠯᠡᠭᠡᠨ᠎ᠤ ᠪᠠᠳᠤᠯᠠᠭ᠎ᠠ᠎ᠶ᠋ᠢᠨ ᠲᠣᠪᠴᠢᠶ᠎ᠠ᠎ᠠᠴᠠ 《 ᠡᠪᠡᠳᠴᠢᠨ᠎ᠤ ᠵᠦᠢ᠎ᠶ᠋ᠢᠨ ᠲᠥᠷᠥᠯ᠎ᠤᠨ ᠡᠮᠴᠢᠯᠡᠭᠡᠨ᠎ᠤ ᠦᠢᠯᠡᠴᠢᠯᠡᠭᠡᠨ᠎ᠤ ᠦᠨ᠎ᠡ ᠬᠠᠩᠰᠢ᠎ᠶ᠋ᠢᠨ ᠲᠥᠷᠥᠯ ᠵᠦᠢᠯ᠎ᠤᠨ ᠰᠡᠳᠦᠪ ᠲᠣᠭ᠍ᠲᠠᠭᠠᠬᠤ ᠵᠦᠭ᠌ᠯᠡᠭᠦᠷ ( ᠲᠤᠷᠱᠢᠨ ᠬᠡᠷᠡᠭ᠌ᠵᠢᠭᠦᠯᠬᠦ᠌)》᠎ᠢ ᠨᠠᠢᠷᠠᠭᠤᠯᠤᠨ ᠵᠣᠬᠢᠶᠠᠵᠤ ᠳᠠᠷᠤᠮᠠᠯᠯᠠᠨ ᠲᠠᠷᠬᠠᠭᠠᠵᠤ᠂ ᠨᠢᠭᠡᠨᠲᠡ ᠪᠠᠢᠭ᠎ᠠ ᠦᠨ᠎ᠡ ᠬᠠᠩᠰᠢ᠎ᠶ᠋ᠢᠨ ᠲᠥᠷᠥᠯ ᠵᠦᠢᠯ᠎ᠢ 28 ᠵᠦᠢᠯ ᠪᠣᠯᠭᠠᠨ ᠵᠢᠷᠤᠮᠵᠢᠭᠤᠯᠤᠨ ᠡᠮᠬᠢᠯᠡᠨ ᠨᠡᠢᠯᠡᠭᠦᠯᠵᠦ᠍᠂ 3 ᠵᠦᠢᠯ᠎ᠦᠨ ᠨᠡᠮᠡᠨ ᠬᠣᠷᠢᠶᠠᠬᠤ ᠵᠦᠢ᠍ᠯ᠂ 2 ᠵᠦᠢᠯ᠎ᠤᠨ ᠥᠷᠭᠡᠳᠭᠡᠬᠦ᠌ ᠲᠥᠷᠥᠯ ᠵᠦᠢᠯ ᠪᠣᠯᠣᠨ᠎ᠠ᠃ ᠲᠠᠷᠠᠭᠠᠴᠢ᠎ᠶ᠋ᠢᠨ ᠠᠯᠬᠤᠮ᠎ᠳᠤ᠂ ᠤᠯᠤᠰ᠎ᠤᠨ ᠡᠮᠴᠢᠯᠡᠭᠡᠨ᠎ᠤ ᠪᠠᠳᠤᠯᠠᠭ᠎ᠠ᠎ᠶ᠋ᠢᠨ ᠲᠣᠪᠴᠢᠶ᠎ᠠ᠎ᠠᠴᠠ ᠡᠯ᠎ᠡ ᠮᠤᠵᠢ᠎ᠶ᠋ᠢᠨ ᠡᠮᠴᠢᠯᠡᠭᠡᠨ᠎ᠤ ᠪᠠᠳᠤᠯᠠᠭ᠎ᠠ᠎ᠶ᠋ᠢᠨ ᠲᠣᠪᠴᠢᠶ᠎ᠠ᠎ᠶ᠋ᠢ ᠵᠢᠯᠣᠭᠤᠳᠴᠤ᠌ ᠪᠠᠢᠭᠠᠳ 《 ᠡᠪᠡᠳᠴᠢᠨ᠎ᠤ ᠵᠦᠶ᠎ᠶ᠋ᠢᠨ ᠲᠥᠷᠥᠯ᠎ᠤᠨ ᠡᠮᠴᠢᠯᠡᠭᠡᠨ᠎ᠤ ᠦᠢᠯᠡᠴᠢᠯᠡᠭᠡᠨ᠎ᠤ ᠦᠨ᠎ᠡ ᠬᠠᠩᠰᠢ᠎ᠶ᠋ᠢᠨ ᠲᠥᠷᠥᠯ ᠵᠦᠢᠯ᠎ᠤᠨ ᠰᠡᠳᠦᠪ ᠲᠣᠭ᠍ᠲᠠᠭᠠᠬᠤ ᠵᠦᠭ᠌ᠯᠡᠭᠦᠷ ( ᠲᠤᠷᠱᠢᠨ ᠬᠡᠷᠡᠭ᠌ᠵᠢᠭᠦᠯᠬᠦ᠌ )》᠎ᠢᠶᠠᠷ ᠯᠠᠪᠯᠠᠯᠲᠠ ᠪᠣᠯᠭᠠᠵᠤ᠂ ᠪᠥᠬᠦ᠌ ᠮᠤᠵᠢ᠎ᠶ᠋ᠢᠨ ᠨᠢᠭᠡᠳᠦᠯᠲᠡᠶ ᠦᠨ᠎ᠡ ᠬᠠᠩᠰᠢ᠎ᠶ᠋ᠢᠨ ᠰᠠᠭᠤᠷᠢ ᠪᠠᠷᠢᠮᠵᠢᠶ᠎ᠠ᠎ᠶ᠋ᠢ ᠲᠣᠭ᠍ᠲᠠᠭᠠᠵᠤ᠂ ᠦᠨ᠎ᠡ ᠬᠠᠩᠰᠢ᠎ᠶ᠋ᠢᠨ ᠬᠠᠮᠢᠶᠠᠷᠤᠯᠲᠠ᠎ᠶ᠋ᠢᠨ ᠡᠷᠬᠡ ᠮᠡᠳᠡᠯ᠎ᠲᠠᠢ ᠨᠢᠭᠡᠳᠦᠯᠲᠡᠶ ᠲᠥᠯᠥᠪᠯᠡᠬᠦ᠌ ᠭᠠᠵᠠᠷ ᠣᠷᠣᠨ᠎ᠠᠴᠠ ᠪᠥᠬᠦ᠌ ᠮᠤᠵᠢ᠎ᠶ᠋ᠢᠨ ᠦᠨ᠎ᠡ ᠬᠠᠩᠰᠢ᠎ᠶ᠋ᠢᠨ ᠰᠠᠭᠤᠷᠢ ᠪᠠᠷᠢᠮᠵᠢᠶ᠎ᠠ᠎ᠲᠠᠢ ᠬᠠᠷᠢᠴᠠᠭᠤᠯᠤᠨ᠂ ᠳᠡᠭᠡᠳᠦ ᠳᠤᠤᠷᠠᠳᠤ ᠱᠠᠲᠤ᠎ᠪᠠᠷ᠎ᠢᠶᠠᠨ ᠬᠥᠳᠡᠯᠦᠩᠭᠦᠢ᠎ᠪᠡᠷ ᠪᠣᠳᠠᠲᠠᠶ ᠬᠡᠷᠡᠭ᠌ᠵᠢᠭᠦᠯᠬᠦ᠌ ᠦᠨ᠎ᠡ ᠬᠠᠩᠰᠢ᠎ᠶ᠋ᠢᠨ ᠬᠢᠷᠢ ᠬᠡᠮᠵᠢᠶ᠎ᠡ᠎ᠶ᠋ᠢ ᠲᠣᠭ᠍ᠲᠠᠭᠠᠨ᠎ᠠ᠃