ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠢᠯᠡ ᠵᠠᠰᠠᠭ   -   ᠪᠢᠴᠢᠭ ᠮᠠᠲ᠋ᠧᠷᠢᠶᠠᠯ
ᠬᠤᠪᠢ ᠬᠥᠮᠥᠨ᠎ᠤ ᠡᠮᠴᠢᠯᠡᠭᠡᠨ᠎ᠦ ᠳᠠᠭ᠋ᠠᠳᠬᠠᠯ᠎ᠤᠨ ᠡᠭᠦᠯᠡᠨ ᠪᠠᠢ᠌ᠭᠤᠯᠤᠯᠲᠠ᠎ᠶᠢᠨ ᠲᠤᠷᠰᠢᠯᠲᠠ᠎ᠶᠢᠨ ᠴᠡᠭ᠎ᠢ ᠭᠤᠶᠤᠴᠢᠯᠠᠨ ᠮᠡᠳᠡᠭᠦᠯᠬᠦ ᠠᠵᠢᠯ᠎ᠢ ᠥᠷᠨᠢᠭᠦᠯᠬᠦ᠌ ᠲᠤᠬᠠᠢ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ᠎ᠶ᠋ᠢᠨ ᠠᠯᠪᠠᠨ ᠭᠡᠷ᠎ᠤᠨ ᠮᠡᠳᠡᠭ᠌ᠳᠡᠯ
ᠨᠡᠶ᠋ᠢᠲᠡᠯᠡᠭᠰᠡᠨ ᠴᠠᠭ᠄ 2026-01-11

ᠨᠡᠷᠡᠢᠳᠦᠯ᠄ ᠬᠤᠪᠢ ᠬᠥᠮᠥᠨ᠎ᠤ ᠡᠮᠴᠢᠯᠡᠭᠡᠨ᠎ᠦ ᠳᠠᠭ᠋ᠠᠳᠬᠠᠯ᠎ᠤᠨ ᠡᠭᠦᠯᠡᠨ ᠪᠠᠢ᠌ᠭᠤᠯᠤᠯᠲᠠ᠎ᠶᠢᠨ ᠲᠤᠷᠰᠢᠯᠲᠠ᠎ᠶᠢᠨ ᠴᠡᠭ᠎ᠢ ᠭᠤᠶᠤᠴᠢᠯᠠᠨ ᠮᠡᠳᠡᠭᠦᠯᠬᠦ ᠠᠵᠢᠯ᠎ᠢ ᠥᠷᠨᠢᠭᠦᠯᠬᠦ᠌ ᠲᠤᠬᠠᠢ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ᠎ᠶ᠋ᠢᠨ ᠠᠯᠪᠠᠨ ᠭᠡᠷ᠎ᠤᠨ ᠮᠡᠳᠡᠭ᠌ᠳᠡᠯ
ᠬᠡᠯᠬᠢᠶᠡᠰᠦᠨ ᠨᠣᠮᠧᠷ᠄ 2026-04-00007
ᠪᠢᠴᠢᠭ᠎ᠤᠨ ᠳ᠋ᠤᠭ᠋ᠠᠷ᠄ ᠡᠮᠴᠢᠯᠡᠭᠡᠨ᠎ᠦ ᠪᠠᠲᠤᠯᠠᠭ᠎ᠠ ᠠᠯᠪᠠᠨ ᠵᠠᠬᠢᠳᠠᠯ [2025] 142 ᠳ᠋ᠤᠭᠠᠷ ᠲᠣᠭᠠᠲᠤ
ᠨᠡᠢᠲᠡᠯᠡᠭ᠌ᠰᠡᠨ ᠡᠳᠦᠷ ᠬᠤᠭᠤᠴᠠᠭ᠎ᠠ᠄ 2026-01-11
ᠨᠡᠢᠲᠡᠯᠡᠭ᠌ᠰᠡᠨ ᠪᠠᠢᠭᠤᠯᠤᠮᠵᠢ᠄

 

ᠡᠯ᠎ᠡ ᠮᠣᠵᠢ᠂ ᠥᠪᠡᠷᠲᠡᠭᠡᠨ ᠵᠠᠰᠠᠬᠤ ᠣᠷᠣᠨ᠂ ᠱᠢᠭᠤᠳ ᠬᠠᠷᠢᠶ᠎ᠠ ᠬᠣᠲᠠ ᠵᠢᠴᠢ ᠱᠢᠨᠵᠢᠶᠠᠩ᠎ᠤᠨ ᠦᠢᠯᠡᠳᠪᠦᠷᠢᠯᠡᠯ ᠪᠦᠲᠦᠭᠡᠨ ᠪᠠᠢᠭᠤᠯᠤᠯᠲᠠ᠎ᠶ᠋ᠢᠨ ᠪᠢᠩᠲ᠋ᠤᠸᠠᠨ᠎ᠤ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ᠎ᠳᠤ᠄

  《〈 ᠬᠢᠮᠡᠯ ᠣᠶᠤᠨ +〉 ᠠᠵᠢᠯᠯᠠᠭ᠎ᠠ᠎ᠶ᠋ᠢ ᠭᠦᠨᠵᠡᠭᠡᠶ ᠬᠡᠷᠡᠭ᠌ᠵᠢᠭᠦᠯᠬᠦ᠌ ᠲᠤᠬᠠᠶ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ᠎ᠤᠨ ᠰᠠᠨᠠᠯ 》 ( ᠲᠥᠷᠥ᠍ ᠲᠠᠷᠬᠠᠭᠠᠭ᠍ᠰᠠᠨ [2025] 11 ᠳ᠋ᠦ᠍ᠭᠡᠷ ᠲᠣᠭᠠᠲᠤ ) ᠪᠠ 《 ᠪᠠᠢ᠌ᠳᠠᠯ᠎ᠤᠨ ᠬᠦᠮᠦᠵᠢᠯ᠎ᠢ ᠲᠦᠷᠭᠡᠳᠬᠡᠬᠦ ᠪᠠ ᠪᠠᠢᠳᠠᠯ᠎ᠢ ᠶᠡᠭᠡ ᠬᠡᠪᠴᠢᠶ᠎ᠡ᠎ᠪᠠᠷ ᠬᠡᠷᠡᠭ᠌ᠯᠡᠬᠦ᠌᠎ᠶ᠋ᠢ ᠠᠬᠢᠭᠤᠯᠬᠤ ᠲᠤᠬᠠᠶ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ᠎ᠤᠨ ᠬᠡᠷᠡᠭ᠌ᠵᠢᠭᠦᠯᠬᠦ᠌ ᠰᠠᠨᠠᠯ 》 ( ᠲᠥᠷᠥ᠍ ᠠᠯᠪᠠᠨ ᠲᠠᠷᠬᠠᠭᠠᠭ᠍ᠰᠠᠨ [2025] 37 ᠳ᠋ᠤᠭᠠᠷ ᠲᠣᠭᠠᠲᠤ )᠎ᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠡᠮᠴᠢᠯᠡᠭᠡᠨ᠎ᠤ ᠪᠠᠲᠤᠯᠠᠭ᠎ᠠ᠎ᠶ᠋ᠢᠨ ᠬᠠᠮᠢᠶᠠᠷᠤᠯᠲᠠ᠎ᠶ᠋ᠢᠨ ᠠᠵᠢᠯ᠎ᠤᠨ ᠠᠷᠭ᠎ᠠ ᠮᠠᠶᠢᠭ᠎ᠤᠨ ᠲᠠᠯ᠎ᠠ᠎ᠪᠠᠷ ᠱᠢᠨ᠎ᠡ᠎ᠶ᠋ᠢ ᠡᠭᠦᠳᠴᠦ᠍᠂ ᠬᠢᠮᠡᠯ ᠣᠶᠤᠨ ᠵᠡᠷᠭᠡ ᠱᠢᠨ᠎ᠡ ᠮᠡᠷᠭᠡᠵᠢᠯ᠎ᠤᠨ ᠡᠮᠴᠢᠯᠡᠭᠡᠨ᠎ᠤ ᠪᠠᠲᠤᠯᠠᠭ᠎ᠠ᠎ᠶ᠋ᠢᠨ ᠬᠦᠷᠢᠶᠡᠨ᠎ᠳᠠᠬᠢ ᠭᠦᠨᠵᠡᠭᠡᠶ ᠠᠭᠤᠰᠤᠯᠴᠠᠯ ᠪᠠ ᠡᠮᠬᠢ ᠵᠢᠷᠤᠮ᠎ᠲᠠᠢ ᠬᠡᠷᠡᠭ᠌ᠯᠡᠯᠲᠡ᠎ᠶ᠋ᠢ ᠠᠬᠢᠭᠤᠯᠵᠤ᠂ ᠪᠥᠬᠦ᠌ ᠬᠥᠮᠦᠰ᠂ ᠪᠥᠬᠦ᠌ ᠦᠶᠡᠯᠡᠯ᠎ᠤᠨ ᠬᠤᠭᠤᠴᠠᠭ᠎ᠠ᠂ ᠪᠥᠬᠦ᠌ ᠪᠠᠢᠳᠠᠯ᠎ᠢ ᠬᠠᠮᠤᠷᠤᠭ᠍ᠰᠠᠨ ᠣᠶᠤᠨᠴᠢ ᠡᠮᠴᠢᠯᠡᠭᠡᠨ᠎ᠤ ᠪᠠᠲᠤᠯᠠᠭ᠎ᠠ᠎ᠶ᠋ᠢᠨ ᠬᠠᠮᠢᠶᠠᠷᠤᠯᠲᠠ᠎ᠶ᠋ᠢᠨ ᠱᠢᠨ᠎ᠡ ᠵᠠᠭ᠍ᠪᠤᠷ᠎ᠢ ᠰᠦᠪᠡᠭ᠌ᠴᠢᠯᠡᠨ ᠪᠠᠢᠭᠤᠯᠬᠤ᠎ᠶ᠋ᠢᠨ ᠲᠤᠰᠠᠳᠠ᠂ 《 ᠬᠤᠪᠢ ᠬᠥᠮᠦᠨ᠎ᠤ ᠡᠮᠴᠢᠯᠡᠭᠡᠨ᠎ᠤ ᠳᠠᠭᠠᠳᠭᠠᠯ᠎ᠤᠨ ᠡᠭᠦᠯᠡᠨ 》᠎ᠤ ᠪᠠᠢᠭᠤᠯᠤᠯᠲᠠ᠎ᠶ᠋ᠢᠨ ᠲᠤᠷᠱᠢᠯᠲᠠ᠎ᠶ᠋ᠢᠨ ᠴᠡᠭ᠎ᠢ ᠭᠤᠶᠤᠴᠢᠯᠠᠨ ᠮᠡᠳᠡᠭᠦᠯᠬᠦ᠌ ᠠᠵᠢᠯ᠎ᠢ ᠥᠷᠨᠢᠭᠦᠯᠬᠦ᠌᠎ᠪᠠᠷ ᠲᠣᠭ᠍ᠲᠠᠪᠠ᠃ ᠡᠳᠦᠭᠡ ᠬᠤᠯᠪᠣᠭ᠍ᠳᠠᠯ ᠪᠦᠬᠦᠢ ᠤᠴᠢᠷ᠎ᠢ ᠳᠠᠷᠠᠭ᠋ᠠᠬᠢ ᠮᠡᠲᠦ ᠮᠡᠳᠡᠭ᠌ᠳᠡᠶ᠎ᠡ᠄

  ᠨᠢᠭᠡ᠂ ᠶᠡᠷᠦᠩᠬᠡᠢ ᠱᠠᠭᠠᠷᠳᠠᠯᠭ᠎ᠠ

  ( ᠨᠢᠭᠡ ) ᠵᠢᠯᠤᠭᠤᠳᠭᠤ ᠦᠵᠡᠯ ᠰᠠᠨᠠᠭ᠎ᠠ

  ᠪᠥᠬᠦ᠌ ᠤᠯᠤᠰ᠎ᠤᠨ ᠡᠮᠴᠢᠯᠡᠭᠡᠨ᠎ᠤ ᠪᠠᠲᠤᠯᠠᠭ᠎ᠠ᠎ᠶᠢᠨ ᠮᠡᠳᠡᠭᠡ ᠵᠠᠩᠭᠢ᠎ᠶ᠋ᠢᠨ ᠨᠢᠭᠡᠳᠦᠯᠲᠡᠶ ᠲᠠᠪᠴᠠᠩ᠎ᠢᠶᠠᠷ ᠰᠠᠭᠤᠷᠢ ᠪᠣᠯᠭᠠᠵᠤ᠂ ᠳ᠋ᠠᠢᠲ᠋ᠠ᠎ᠶ᠋ᠢᠨ ᠬᠦᠴᠦᠨ ᠵᠦᠶ᠋ᠯ᠎ᠢᠶᠠᠷ ᠭᠤᠤᠯ ᠬᠥᠳᠡᠯᠭᠡᠭᠦᠷ ᠪᠣᠯᠭᠠᠵᠤ᠂ 《 ᠬᠦᠴᠦᠨ ᠵᠦᠶ᠋ᠯ᠎ᠢ ᠨᠡᠢᠯᠡᠭᠦᠯᠬᠦ᠂ ᠡᠬᠢ ᠪᠠᠶᠠᠯᠢᠭ᠎ᠢ ᠡᠮᠬᠢᠳᠬᠡᠬᠦ᠂ ᠣᠶᠤᠨᠴᠢ ᠬᠡᠷᠡᠭ᠌ᠯᠡᠯᠲᠡ᠂ ᠣᠯᠠᠨ ᠲᠠᠯ᠎ᠠ᠎ᠠᠴᠠ ᠬᠦᠴᠦᠨ ᠨᠡᠮᠡᠷᠢᠯᠡᠬᠦ 》 ᠪᠥᠲᠥᠭᠡᠨ ᠪᠠᠢᠭᠤᠯᠤᠯᠲᠠ᠎ᠶ᠋ᠢᠨ ᠠᠷᠭ᠎ᠠ ᠵᠠᠮ᠎ᠢ ᠵᠢᠷᠤᠮᠯᠠᠨ᠂ ᠮᠤᠵᠢ ( ᠬᠤᠲᠠ )᠎ᠶ᠋ᠢᠨ ᠬᠤᠪᠢ ᠬᠥᠮᠦᠨ᠎ᠤ ᠡᠮᠴᠢᠯᠡᠭᠡᠨ᠎ᠤ ᠳᠠᠭᠠᠳᠭᠠᠯ᠎ᠤᠨ ᠡᠭᠦᠯᠡ᠎ᠶ᠋ᠢ ᠪᠠᠢᠭᠤᠯᠤᠨ᠎ᠠ᠃ ᠬᠤᠪᠢ ᠬᠥᠮᠦᠨ᠎ᠤ ᠡᠮᠴᠢᠯᠡᠭᠡᠨ᠎ᠤ ᠪᠠᠳᠤᠯᠠᠭ᠎ᠠ᠎ᠶ᠋ᠢᠨ ᠡᠷᠡᠭᠦᠯ ᠮᠡᠨᠳᠦ᠍᠎ᠶ᠋ᠢᠨ ᠳ᠋ᠠᠢᠲ᠋ᠠ᠎ᠶ᠋ᠢ ᠬᠤᠷᠠᠮᠳᠤᠭᠤᠯᠬᠤ᠂ ᠵᠠᠰᠠᠬᠤ ᠪᠠ ᠬᠡᠷᠡᠭ᠌ᠯᠡᠬᠦ᠌᠎ᠪᠠᠷ ᠳᠠᠮᠵᠢᠭᠤᠯᠤᠨ᠂ ᠬᠤᠪᠢ ᠬᠥᠮᠦᠨ᠎ᠤ ᠡᠮᠴᠢᠯᠡᠭᠡᠨ᠎ᠤ ᠪᠠᠳᠤᠯᠠᠭ᠎ᠠ᠎ᠶ᠋ᠢᠨ ᠡᠷᠡᠭᠦᠯ ᠮᠡᠨᠳᠦ᠍᠎ᠶ᠋ᠢᠨ ᠲᠠᠩᠰᠠ ᠡᠪᠬᠡᠮᠡᠯ᠂ ᠡᠳ᠋᠎ᠤᠨ ᠶᠠᠪᠤᠳᠠᠯ᠎ᠤᠨ ᠲᠠᠩᠰᠠ ᠡᠪᠬᠡᠮᠡᠯ᠂ ᠮᠡᠳᠡᠭᠡ ᠵᠠᠩᠭᠢ᠎ᠶ᠋ᠢᠨ ᠲᠠᠩᠰᠠ ᠡᠪᠬᠡᠮᠡᠯ ᠵᠡᠷᠭᠡ᠎ᠶ᠋ᠢ ᠪᠠᠭ᠍ᠲᠠᠭᠠᠭ᠍ᠰᠠᠨ ᠬᠤᠪᠢ ᠬᠥᠮᠦᠨ᠎ᠤ ᠡᠮᠴᠢᠯᠡᠭᠡᠨ᠎ᠤ ᠪᠠᠳᠤᠯᠠᠭ᠎ᠠ᠎ᠶ᠋ᠢᠨ ᠵᠢᠷᠤᠭ᠎ᠢ ᠨᠠᠷᠢᠯᠢᠭ ᠣᠨᠣᠪᠴᠢᠲᠠᠢ᠎ᠪᠠᠷ ᠵᠢᠷᠤᠬᠤ᠎ᠶ᠋ᠢᠨ ᠬᠠᠮᠲᠤ᠌᠂ ᠲᠡᠭᠦᠨ᠎ᠢ ᠳᠠᠭᠠᠳᠭᠠᠯ᠎ᠳᠤ ᠣᠷᠣᠯᠴᠠᠭ᠍ᠰᠠᠳ ᠭᠥᠷᠳᠡᠵᠦ᠍ ᠪᠣᠯᠬᠤ᠂ ᠰᠡᠷᠡᠭ᠌ᠳᠡᠵᠦ᠍ ᠪᠣᠯᠬᠤ ᠤᠶᠤᠨᠴᠢᠯᠠᠭ᠍ᠰᠠᠨ ᠦᠢᠯᠡᠴᠢᠯᠡᠭᠡ ᠪᠣᠯᠭᠠᠨ ᠬᠤᠪᠢᠷᠠᠭᠤᠯᠵᠤ᠂ ᠱᠢᠨ᠎ᠡ ᠬᠡᠯᠪᠡᠷᠢ᠎ᠶ᠋ᠢᠨ ᠡᠮᠴᠢᠯᠡᠭᠡᠨ᠎ᠤ ᠦᠢᠯᠡᠴᠢᠯᠡᠭᠡ᠂ ᠣᠶᠤᠨᠴᠢ ᠨᠠᠰᠤᠵᠢᠯ᠎ᠤᠨ ᠠᠰᠠᠷᠠᠮᠵᠢ᠂ ᠡᠷᠡᠭᠦᠯ ᠮᠡᠨᠳᠦ᠍᠎ᠶ᠋ᠢᠨ ᠳᠠᠭᠠᠳᠭᠠᠯ ᠵᠡᠷᠭᠡ ᠠᠵᠤ ᠦᠢᠯᠡᠰ᠎ᠢ ᠬᠥᠭ᠌ᠵᠢᠭᠦᠯᠬᠦ᠌᠎ᠳᠤ ᠲᠤᠯᠭᠠᠭᠤᠷᠢᠯᠠᠯ ᠬᠠᠩᠭᠠᠵᠤ᠂ ᠪᠥᠬᠦ᠌ ᠤᠯᠤᠰ᠎ᠤᠨ ᠡᠮᠴᠢᠯᠡᠭᠡᠨ᠎ᠤ ᠪᠠᠳᠤᠯᠠᠭ᠎ᠠ᠎ᠶ᠋ᠢᠨ ᠳ᠋ᠠᠢᠲ᠋ᠠ᠎ᠲᠠᠢ ᠤᠶᠤᠨᠴᠢᠯᠠᠭ᠍ᠰᠠᠨ ᠬᠥᠭ᠌ᠵᠢᠯᠲᠡ᠎ᠳᠤ ᠲᠤᠷᠱᠢᠯᠭ᠎ᠠ ᠬᠤᠷᠠᠮᠳᠤᠭᠤᠯᠤᠨ᠎ᠠ᠃

  ( ᠬᠤᠶᠠᠷ ) ᠲᠤᠷᠱᠢᠯᠳᠠ᠎ᠶ᠋ᠢᠨ ᠴᠡᠭ᠎ᠦᠨ ᠬᠠᠷᠠᠯᠳᠠ

  ᠲᠣᠷᠱᠢᠯᠳᠡ᠎ᠶ᠋ᠢᠨ ᠴᠡᠭ᠎ᠢᠶᠠᠷ ᠳᠡᠮᠵᠢᠭᠤᠯᠥᠨ᠂ ᠨᠢᠭᠡ ᠪᠦᠯᠥᠭ ᠪᠦᠳᠦᠴᠠ᠎ᠨᠢ ᠱᠢᠨᠵᠢᠯᠡᠬᠦ᠌ ᠣᠬᠠᠭᠠᠨᠴᠢ᠂ ᠳ᠋ᠠᠢᠲ᠋ᠠ᠎ᠨᠢ ᠠᠮᠢᠳᠤᠯᠢᠭ᠂ ᠭᠡᠷᠡᠭ᠌ᠯᠡᠬᠡᠨ᠎ᠤ ᠪᠤᠳᠡᠳᠣ ᠦᠷ᠎ᠠ ᠪᠦᠳᠦᠮᠵᠢ᠎ᠪᠠᠷ ᠢᠯᠡᠷᠭᠡᠢ ᠬᠤᠪᠢ ᠬᠦᠮᠦᠨ᠎ᠤ ᠡᠮᠴᠢᠯᠡᠭᠡᠨ᠎ᠤ ᠲᠠᠭᠠᠳᠭᠠᠯ᠎ᠤᠨ ᠡᠬᠦᠯᠡᠨ ᠪᠠᠢᠭᠤᠯᠥᠯᠳᠡ ᠬᠢᠭᠡᠳ ᠠᠵᠢᠯᠯᠠᠭᠠᠨ᠎ᠤ ᠵᠬᠠᠪᠤᠷ᠎ᠢ ᠪᠦᠷᠢᠯᠳᠦᠬᠦᠯᠥᠨ᠎ᠠ᠃ ᠲᠣᠭ᠍ᠲᠠᠭᠤᠨ᠎ᠤ ᠳᠤᠮᠳᠠ ᠤᠷᠤᠭ᠍ᠰᠢᠯᠠᠨ ᠳᠠᠪᠱᠢᠬᠤ᠂ ᠪᠠᠴᠢᠮ ᠬᠡᠷᠡᠭ᠌ᠯᠡᠬᠦ᠌᠎ᠶ᠋ᠢ ᠤᠷᠢᠳ᠎ᠢᠶᠠᠷ ᠬᠡᠷᠡᠭ᠌ᠵᠢᠭᠦᠯᠬᠦ᠌᠎ᠶ᠋ᠢ ᠪᠠᠷᠢᠮᠲᠠᠯᠠᠵᠤ᠂ ᠲᠤᠷᠱᠢᠯᠲᠠ᠎ᠶ᠋ᠢᠨ ᠴᠡᠭ᠎ᠤᠨ ᠭᠠᠵᠠᠷ ᠣᠷᠣᠨ᠎ᠤ ᠳ᠋ᠠᠢᠲ᠋ᠠ ᠬᠢᠭᠡᠳ ᠠᠮᠤᠷ ᠲᠦᠪᠱᠢᠨ᠎ᠤ ᠰᠠᠭᠤᠷᠢ᠎ᠶ᠋ᠢ ᠪᠠᠲᠤ ᠴᠣᠭ᠍ᠴᠠᠯᠠᠭ᠍ᠰᠠᠨ ᠤᠷᠢᠲᠠᠯ ᠳᠣᠤᠷ᠎ᠠ᠂ ᠲᠤᠬᠠᠢᠯᠠᠭ᠍ᠰᠠᠨ ᠠᠵᠢᠯ᠎ᠤᠨ ᠴᠤᠪᠤᠷᠠᠯ ᠲᠣᠳᠣᠷᠬᠠᠶ᠂ ᠮᠡᠷᠭᠡᠵᠢᠯ᠎ᠤᠨ ᠠᠷᠭ᠎ᠠ ᠵᠠᠮ ᠪᠣᠯᠪᠠᠰᠤᠷᠠᠩᠭᠤᠶ᠂ ᠣᠯᠠᠨ ᠲᠦᠮᠡᠨ᠎ᠤ ᠮᠡᠳᠡᠷᠡᠮᠵᠢ ᠢᠯᠡᠷᠬᠡᠶ ᠦᠢᠯᠡᠴᠢᠯᠡᠭᠡᠨ᠎ᠤ ᠪᠠᠢᠳᠠᠯ᠎ᠢ ᠲᠦᠷᠭᠡᠨ ᠨᠠᠢᠳᠠᠪᠤᠷᠢᠵᠢᠭᠤᠯᠬᠤ᠎ᠶ᠋ᠢ ᠤᠷᠢᠳ᠎ᠢᠶᠡᠷ ᠠᠬᠢᠭᠤᠯᠵᠤ᠂ ᠵᠢᠱ᠌ᠢᠶ᠎ᠡ ᠦᠵᠡᠭᠦᠯᠵᠦ᠍ ᠪᠣᠯᠬᠤ᠂ ᠳᠡᠯᠭᠡᠷᠡᠭᠦᠯᠵᠦ᠍ ᠪᠣᠯᠬᠤ ᠱᠠᠲᠤ ᠦᠶ᠎ᠡ᠎ᠶ᠋ᠢᠨ ᠴᠢᠨᠠᠷᠲᠠᠶ ᠦᠷ᠎ᠡ ᠪᠦᠲᠦᠭᠡᠯ᠎ᠢ ᠪᠣᠶ ᠪᠣᠯᠭᠠᠨ᠎ᠠ᠃ ᠡᠨᠡ ᠬᠦ᠌ ᠰᠠᠭᠤᠷᠢᠨ ᠳᠡᠭᠡᠷ᠎ᠡ᠂ ᠪᠥᠬᠦ᠌ ᠴᠠᠭ ( ᠡᠮᠨᠡᠯᠭᠡ᠎ᠶ᠋ᠢᠨ ᠬᠤᠷᠢᠶᠠᠨ᠎ᠤ ᠳᠣᠲᠣᠷᠠᠬᠢ ᠨᠠᠷᠢᠯᠢᠭ ᠣᠨᠣᠪᠴᠢᠲᠠᠢ ᠴᠠᠭ᠎ᠤᠨ ᠳ᠋ᠠᠢᠲ᠋ᠠ ᠬᠢᠭᠡᠳ ᠡᠮᠨᠡᠯᠭᠡ᠎ᠶ᠋ᠢᠨ ᠬᠤᠷᠢᠶᠠᠨ᠎ᠤ ᠭᠠᠳᠠᠨᠠᠬᠢ ᠡᠳᠦᠷ ᠲᠤᠲᠤᠮ᠎ᠤᠨ ᠠᠮᠢᠳᠤᠷᠠᠯ ᠳᠤᠮᠳᠠᠬᠢ ᠡᠷᠡᠭᠦᠯ ᠮᠡᠨᠳᠦ᠍᠎ᠶ᠋ᠢᠨ ᠳ᠋ᠠᠢᠲ᠋ᠠ ᠵᠡᠷᠭᠡ )᠂ ᠪᠥᠬᠦ᠌ ᠣᠷᠣᠨ ( ᠣᠷᠣᠨ ᠪᠦᠰᠡ ᠠᠯᠤᠰᠯᠠᠨ ᠡᠪᠡᠳᠴᠢᠨ ᠦᠵᠡᠭᠦᠯᠵᠦ᠍ ᠡᠮ ᠬᠤᠳᠠᠯᠳᠤᠨ ᠠᠪᠤᠭ᠍ᠰᠠᠨ ᠳ᠋ᠠᠢᠲ᠋ᠠ ᠵᠡᠷᠭᠡ )᠂ ᠪᠥᠬᠦ᠌ ᠬᠡᠮᠵᠢᠯ ( ᠡᠯ᠎ᠡ ᠬᠡᠮᠵᠢᠯᠳᠦ ᠡᠷᠡᠭᠦᠯ ᠮᠡᠨᠳᠦ᠍᠎ᠶ᠋ᠢᠨ ᠳ᠋ᠠᠢᠲ᠋ᠠ ᠵᠢᠱ᠌ᠢᠶᠡᠯᠡᠪᠡᠯ ᠪᠡᠶ᠎ᠡ᠎ᠶ᠋ᠢᠨ ᠪᠠᠢᠴᠠᠭᠠᠯᠲᠠ᠎ᠶ᠋ᠢᠨ ᠪᠠᠢᠭᠤᠯᠤᠮᠵᠢ᠂ ᠡᠷᠡᠭᠦᠯ ᠮᠡᠨᠳᠦ᠍᠎ᠶ᠋ᠢᠨ ᠰᠡᠷᠡᠯ ᠳᠠᠮᠵᠢᠭᠤᠯᠤᠭ᠍ᠴᠢ᠎ᠶ᠋ᠢᠨ ᠳ᠋ᠠᠢᠲ᠋ᠠ ᠵᠡᠷᠭᠡ )᠂ ᠪᠥᠬᠦ᠌ ᠠᠮᠢ ᠨᠠᠰᠤᠨ᠎ᠤ ᠦᠶᠡᠯᠡᠯ᠎ᠤᠨ ᠬᠤᠭᠤᠴᠠᠭ᠎ᠠ ( ᠲᠥᠷᠥᠭᠰᠡᠨ᠎ᠡᠴᠡ ᠨᠠᠰᠤᠵᠢᠯ᠎ᠤᠨ ᠪᠥᠬᠦ᠌ ᠱᠠᠲᠤᠨ᠎ᠤ ᠡᠷᠡᠭᠦᠯ ᠮᠡᠨᠳᠦ᠍᠎ᠶ᠋ᠢᠨ ᠳ᠋ᠠᠢᠲ᠋ᠠ ᠵᠡᠷᠭᠡ ) ᠪᠥᠬᠦ᠌ ᠡᠮᠴᠢᠯᠡᠭᠡᠨ᠎ᠤ ᠳᠠᠭᠠᠳᠭᠠᠯ᠎ᠤᠨ ᠡᠷᠡᠭᠦᠯ ᠮᠡᠨᠳᠦ᠍᠎ᠶ᠋ᠢᠨ ᠳ᠋ᠠᠢᠲ᠋ᠠ᠎ᠶ᠋ᠢᠨ ᠪᠦᠷᠬᠦᠴᠡ᠎ᠶ᠋ᠢ ᠥᠷᠭᠡᠳᠭᠡᠵᠦ᠍᠂ ᠨᠢᠭᠡ ᠪᠦᠯᠦᠭ ᠵᠢᠱ᠌ᠢᠶ᠎ᠡ ᠦᠵᠡᠭᠦᠯᠬᠦ᠌ ᠴᠢᠨᠠᠷ᠎ᠢᠶᠠᠷ ᠴᠢᠩᠭ᠎ᠠ 《 ᠬᠢᠮᠡᠯ ᠣᠶᠤᠨ + ᠡᠮᠴᠢᠯᠡᠭᠡᠨ᠎ᠤ ᠪᠠᠲᠤᠯᠠᠭ᠎ᠠ 》᠎ᠶ᠋ᠢᠨ ᠬᠡᠷᠡᠭ᠌ᠯᠡᠭᠡᠨ᠎ᠤ ᠪᠠᠢᠳᠠᠯ᠎ᠢ ᠪᠣᠶ ᠪᠣᠯᠭᠠᠵᠤ᠂ 《 ᠡᠮᠴᠢᠯᠡᠭᠡᠨ᠎ᠤ ᠪᠠᠲᠤᠯᠠᠭ᠎ᠠ        + 》᠎ᠶ᠋ᠢᠨ ᠠᠵᠤ ᠦᠢᠯᠡᠰ᠎ᠤᠨ ᠠᠮᠢ ᠠᠬᠤᠶ᠎ᠶ᠋ᠢᠨ ᠬᠠᠮᠵᠢᠯᠴᠠᠨ ᠬᠥᠭ᠌ᠵᠢᠬᠦ᠌᠎ᠶ᠋ᠢ ᠠᠬᠢᠭᠤᠯᠵᠤ᠂ ᠡᠮᠴᠢᠯᠡᠭᠡᠨ᠎ᠤ ᠳᠠᠭᠠᠳᠭᠠᠯ᠎ᠤᠨ ᠨᠠᠷᠢᠯᠢᠬ᠍ᠵᠢᠭᠤᠯᠤᠭ᠍ᠰᠠᠨ ᠬᠠᠮᠢᠶᠠᠷᠤᠯᠲᠠ᠎ᠶ᠋ᠢᠨ ᠬᠢᠷᠢ ᠲᠦᠪᠱᠢᠨ ᠪᠠ ᠳᠠᠭᠠᠳᠭᠠᠯ᠎ᠳᠤ ᠣᠷᠣᠯᠴᠠᠭ᠍ᠰᠠᠨ ᠬᠤᠪᠢ ᠬᠥᠮᠦᠨ᠎ᠤ ᠡᠷᠡᠭᠦᠯ ᠮᠡᠨᠳᠦ᠍᠎ᠶ᠋ᠢᠨ ᠬᠦᠷᠲᠡᠮᠵᠢ᠎ᠶ᠋ᠢᠨ ᠲᠥᠷᠥᠭ᠌ᠳᠡᠯ᠎ᠢ ᠳᠡᠭᠡᠭ᠌ᠰᠢᠯᠡᠭᠦᠯᠦᠨ᠎ᠡ᠃

  ᠬᠣᠶᠠᠷ ᠂ ᠲᠤᠷᠱᠢᠯᠲᠠ᠎ᠶ᠋ᠢᠨ ᠴᠡᠭ᠎ᠦᠨ ᠠᠭᠤᠯᠭ᠎ᠠ

  ᠲᠤᠷᠱᠢᠯᠲᠠ᠎ᠶ᠋ᠢᠨ ᠴᠡᠭ᠎ᠤᠨ ᠭᠠᠵᠠᠷ ᠣᠷᠣᠨ᠎ᠨᠢ ᠶᠡᠷᠦᠩᠬᠡᠶ ᠬᠠᠷᠠᠯᠲᠠ᠎ᠶ᠋ᠢᠨ ᠲᠣᠭᠤᠷᠢᠨ᠎ᠳᠤ᠂ ᠲᠣᠰ ᠭᠠᠵᠠᠷ ᠣᠷᠣᠨ᠎ᠤ ᠳ᠋ᠠᠢ᠌ᠲ᠋ᠠ᠎ᠶ᠋ᠢᠨ ᠰᠠᠭᠤᠷᠢ᠂ ᠮᠡᠷᠭᠡᠵᠢᠯ᠎ᠤᠨ ᠨᠥᠬᠦᠴᠡᠯ ᠪᠠ ᠲᠤᠬᠠᠢᠯᠠᠭ᠍ᠰᠠᠨ ᠠᠵᠢᠯ᠎ᠤᠨ ᠬᠡᠷᠡᠭ᠌ᠴᠡᠭᠡ ᠱᠠᠭᠠᠷᠳᠠᠯᠭ᠎ᠠ᠎ᠲᠠᠢ ᠤᠶᠠᠯᠳᠤᠭᠤᠯᠤᠨ᠂ ᠱᠢᠨ᠎ᠡ᠎ᠶ᠋ᠢ ᠡᠭᠦᠳᠬᠦ᠌ ᠴᠢᠨᠠᠷᠲᠠᠶ᠂ ᠪᠣᠯᠤᠮᠵᠢᠲᠤ ᠪᠥᠲᠥᠭᠡᠨ ᠪᠠᠢᠭᠤᠯᠤᠯᠲᠠ᠎ᠶ᠋ᠢᠨ ᠲᠥᠰᠦᠯ᠎ᠢ ᠳᠤᠷᠠᠳᠤᠨ᠎ᠠ᠃ ᠭᠣᠣᠯ ᠠᠭᠤᠯᠭ᠎ᠠ᠎ᠳᠤ ᠪᠠᠭ᠍ᠲᠠᠬᠤ ᠪᠣᠯᠪᠠᠴᠤ᠌ ᠬᠢᠵᠠᠭᠠᠷᠯᠠᠭ᠍ᠳᠠᠬᠤ ᠦᠭᠡᠢ᠄

  ( ᠨᠢᠭᠡ ) ᠳ᠋ᠠᠢ᠌ᠲ᠋ᠠ᠎ᠶ᠋ᠢᠨ ᠰᠠᠭᠤᠷᠢ᠎ᠶ᠋ᠢ ᠪᠠᠬᠢᠵᠢᠭᠦᠯᠵᠦ᠍᠂ ᠬᠤᠪᠢ ᠬᠥᠮᠦᠨ᠎ᠤ ᠡᠮᠴᠢᠯᠡᠭᠡᠨ᠎ᠤ ᠳᠠᠭᠠᠳᠭᠠᠯ᠎ᠤᠨ ᠵᠢᠷᠤᠭ᠎ᠢ ᠵᠢᠷᠤᠵᠤ ᠲᠥᠯᠥᠪᠯᠡᠨ᠎ᠡ

  ᠡᠮᠴᠢᠯᠡᠭᠡᠨ᠎ᠤ ᠪᠠᠲᠤᠯᠠᠭ᠎ᠠ᠎ᠶᠢᠨ ᠳ᠋ᠠᠢ᠌ᠲ᠋ᠠ᠎ᠶ᠋ᠢᠨ ᠵᠠᠰᠠᠯᠲᠠ᠎ᠶ᠋ᠢ ᠭᠦᠨᠵᠡᠭᠡᠢᠷᠡᠭᠦᠯᠦᠨ᠎ᠡ᠃ ᠪᠥᠬᠦ᠌ ᠤᠯᠤᠰ᠎ᠤᠨ ᠡᠮᠴᠢᠯᠡᠭᠡᠨ᠎ᠤ ᠪᠠᠲᠤᠯᠠᠭ᠎ᠠ᠎ᠶᠢᠨ ᠮᠡᠳᠡᠭᠡ ᠵᠠᠩᠭᠢ᠎ᠶ᠋ᠢᠨ ᠨᠢᠭᠡᠳᠦᠯᠲᠡᠶ ᠲᠠᠪᠴᠠᠩ᠎ᠳᠤ ᠰᠠᠭᠤᠷᠢᠯᠠᠨ᠂ ᠪᠥᠬᠦ᠌ ᠲᠠᠯ᠎ᠠ᠎ᠪᠠᠷ᠂ ᠴᠠᠭ ᠲᠤᠬᠠᠶ᠎ᠳᠤ᠎ᠨᠢ ᠴᠤᠭ᠍ᠯᠠᠭᠤᠯᠬᠤ᠎ᠶ᠋ᠢᠨ ᠬᠠᠮᠲᠤ ᠵᠠᠰᠠᠬᠤ ᠣᠷᠣᠨ ᠪᠦᠰᠡ᠎ᠶ᠋ᠢᠨ ᠳᠣᠲᠣᠷᠠᠬᠢ ᠴᠡᠭ ᠲᠣᠭ᠍ᠲᠠᠭᠠᠭ᠍ᠰᠠᠨ ᠡᠮ ᠡᠮᠨᠡᠯᠭᠡ᠎ᠶ᠋ᠢᠨ ᠪᠠᠢᠭᠤᠯᠤᠮᠵᠢ᠎ᠶ᠋ᠢᠨ ᠣᠨᠣᠱᠢᠯᠠᠨ ᠡᠮᠨᠡᠬᠦ᠂ ᠳ᠋ᠦᠩᠨᠡᠨ ᠪᠤᠳᠤᠬᠤ᠂ ᠡᠮ᠎ᠤᠨ ᠵᠦᠢᠯ᠎ᠤᠨ ᠬᠤᠷᠣᠭ᠍ᠳᠠᠯ ᠮᠠᠲ᠋ᠧᠷᠢᠶᠠᠯ᠎ᠢ ᠬᠡᠷᠡᠭ᠌ᠯᠡᠬᠦ᠌ ᠵᠡᠷᠭᠡ ᠭᠤᠤᠯᠯᠠᠬᠤ ᠲᠤᠬᠠᠢᠯᠠᠭ᠍ᠰᠠᠨ ᠠᠵᠢᠯ᠎ᠤᠨ ᠳ᠋ᠠᠢ᠌ᠲ᠋ᠠ᠎ᠶ᠋ᠢ ᠴᠤᠭ᠍ᠯᠠᠭᠤᠯᠵᠤ᠂ ᠬᠡᠪᠱᠢᠭ᠌ᠰᠡᠨ ᠳ᠋ᠠᠢ᠌ᠲ᠋ᠠ᠎ᠶ᠋ᠢᠨ ᠶᠠᠰᠤ ᠴᠢᠨᠠᠷ᠎ᠢ ᠡᠵᠡᠮᠳᠡᠬᠦ᠌ ᠪᠠ ᠵᠠᠰᠠᠬᠤ ᠲᠣᠭ᠍ᠲᠠᠴᠠ᠎ᠶ᠋ᠢ ᠪᠠᠢᠭᠤᠯᠤᠨ᠂ ᠳ᠋ᠠᠢ᠌ᠲ᠋ᠠ᠎ᠶ᠋ᠢᠨ ᠦᠨᠡᠨ ᠪᠣᠳᠠᠲᠠᠶ᠂ ᠣᠨᠣᠪᠴᠢᠲᠠᠶ᠂ ᠪᠦᠷᠢᠨ ᠪᠦᠲᠦᠨ ᠪᠠᠢᠬᠤ᠎ᠶ᠋ᠢ ᠦᠨᠡᠨ ᠬᠦ᠌ ᠪᠠᠲᠤᠯᠠᠨ᠎ᠠ᠃

  ᠡᠮᠴᠢᠯᠡᠭᠡᠨ᠎ᠤ ᠪᠠᠲᠤᠯᠠᠭ᠎ᠠ᠎ᠶᠢᠨ ᠳ᠋ᠠᠢ᠌ᠲ᠋ᠠ᠎ᠶ᠋ᠢᠨ ᠢᠷᠡᠯᠳᠡ᠎ᠶ᠋ᠢ ᠦᠷᠭᠡᠳᠭᠡᠨ᠎ᠠ᠃ ᠣᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠂ ᠡᠷᠡᠭᠦᠯ ᠮᠡᠨᠳᠦ᠍᠎ᠶ᠋ᠢᠨ ᠬᠠᠮᠢᠶᠠᠷᠤᠯᠲᠠ ᠵᠡᠷᠭᠡ ᠳ᠋ᠠᠢ᠌ᠲ᠋ᠠ᠎ᠶ᠋ᠢ ᠬᠠᠤᠯᠢ ᠲᠣᠭ᠍ᠲᠠᠭᠠᠯ ᠶᠣᠰᠣᠭᠠᠷ ᠰᠦᠪᠡᠭ᠌ᠴᠢᠯᠡᠨ ᠬᠤᠷᠠᠮᠳᠤᠭᠤᠯᠤᠨ᠎ᠠ᠃ ᠡᠮᠦᠰᠴᠦ᠍ ᠵᠡᠭᠦᠵᠦ᠍ ᠪᠣᠯᠬᠤ ᠲᠥᠬᠦᠭᠡᠷᠦᠮᠵᠢ᠂ ᠭᠡᠷ ᠪᠦᠯᠢ᠎ᠶ᠋ᠢᠨ ᠣᠶᠤᠨᠴᠢ ᠬᠢᠨᠠᠨ ᠬᠡᠮᠵᠢᠬᠦ᠌ ᠲᠥᠬᠦᠭᠡᠷᠦᠮᠵᠢ᠂ ᠪᠡᠶ᠎ᠡ᠎ᠶ᠋ᠢᠨ ᠪᠠᠢᠴᠠᠭᠠᠯᠲᠠ᠎ᠶ᠋ᠢᠨ ᠪᠠᠢᠭᠤᠯᠤᠮᠵᠢ᠎ᠶ᠋ᠢᠨ ᠳ᠋ᠠᠢ᠌ᠲ᠋ᠠ ᠵᠡᠷᠭᠡ᠎ᠶ᠋ᠢ ᠭᠤᠤᠯᠳᠠᠯᠭ᠎ᠠ᠎ᠲᠠᠢ ᠵᠣᠯᠭᠠᠭᠤᠯᠤᠨ ᠱᠢᠢᠳᠪᠦᠷᠢᠯᠡᠵᠦ᠍᠂ 《 ᠡᠮᠨᠡᠯᠭᠡ᠎ᠶ᠋ᠢᠨ ᠬᠤᠷᠢᠶᠠᠨ᠎ᠳᠤ ᠡᠪᠡᠳᠴᠢᠨ ᠦᠵᠡᠭᠦᠯᠬᠦ᠌᠎ᠶ᠋ᠢ ᠳ᠋ᠦᠩᠨᠡᠨ ᠪᠤᠳᠤᠬᠤ ᠲᠣᠭᠲᠠᠭᠰᠠᠨ ᠴᠠᠭ᠎ᠤᠨ ᠴᠡᠭ᠎ᠦᠨ ᠳ᠋ᠠᠢ᠌ᠲ᠋ᠠ 》 ᠬᠢᠭᠡᠳ 《 ᠡᠮᠨᠡᠯᠭᠡ᠎ᠶ᠋ᠢᠨ ᠬᠤᠷᠢᠶᠠᠨ᠎ᠤ ᠭᠠᠳᠠᠨᠠᠬᠢ ᠡᠷᠡᠭᠦᠯ ᠮᠡᠨᠳᠦ᠍᠎ᠶ᠋ᠢᠨ ᠰᠡᠷᠡᠯ ᠳᠠᠮᠵᠢᠭᠤᠯᠤᠭ᠍ᠴᠢ᠎ᠶ᠋ᠢᠨ ᠴᠠᠭ ᠬᠤᠭᠤᠴᠠᠭᠠᠨ᠎ᠤ ᠳ᠋ᠠᠢ᠌ᠲ᠋ᠠ 》᠎ᠶ᠋ᠢᠨ ᠪᠦᠲᠦᠮᠵᠢᠲᠡᠶ ᠠᠭᠤᠰᠤᠯᠴᠠᠯ᠎ᠢ ᠠᠬᠢᠭᠤᠯᠤᠨ᠎ᠠ᠃

  ᠬᠥᠳᠡᠯᠦᠩᠭᠦᠢ ᠣᠯᠠᠨ ᠬᠡᠮᠵᠢᠯᠲᠡ᠎ᠶᠢᠨ ᠵᠢᠷᠤᠭ᠎ᠢ᠋ ᠪᠠᠢ᠌ᠭᠤᠯᠤᠨ᠎ᠠ᠃ ᠳ᠋ᠠᠢ᠌ᠲ᠋ᠠ᠎ᠶ᠋ᠢ ᠵᠠᠳᠠᠯᠬᠤ ᠮᠡᠷᠭᠡᠵᠢᠯ᠎ᠢ ᠬᠡᠷᠡᠭ᠌ᠯᠡᠨ᠂ ᠳᠠᠭᠠᠳᠭᠠᠯ᠎ᠳᠤ ᠣᠷᠣᠯᠴᠠᠭ᠍ᠴᠢ᠎ᠳᠤ ᠣᠯᠠᠨ ᠬᠡᠮᠵᠢᠯᠳᠦ ᠬᠤᠪᠢ ᠬᠥᠮᠦᠨ᠎ᠦ ᠵᠢᠷᠤᠭ ᠳᠦᠷᠰᠦ᠎ᠶ᠋ᠢ ᠪᠠᠢᠭᠤᠯᠬᠤ᠎ᠶ᠋ᠢᠨ ᠬᠠᠮᠲᠤ ᠬᠥᠳᠡᠯᠦᠩᠭᠦᠶ᠎ᠪᠡᠷ ᠱᠢᠨᠡᠳᠭᠡᠬᠦ᠌ ᠬᠡᠷᠡᠭ᠌ᠲᠡᠶ᠃ ᠡᠭᠦᠨ᠎ᠳᠤ ᠬᠤᠪᠢ ᠬᠥᠮᠦᠨ᠎ᠤ ᠡᠮᠴᠢᠯᠡᠭᠡᠨ᠎ᠤ ᠳᠠᠭᠠᠳᠭᠠᠯ᠎ᠤᠨ ᠡᠷᠡᠭᠦᠯ ᠮᠡᠨᠳᠦ᠍᠎ᠶ᠋ᠢᠨ ᠲᠠᠩᠰᠠ ᠡᠪᠬᠡᠮᠡᠯ᠎ᠢ ᠪᠠᠭ᠍ᠲᠠᠭᠠᠨ᠎ᠠ᠃ ᠥᠩᠭᠡᠷᠡᠭ᠌ᠰᠡᠨ᠎ᠤ ᠡᠪᠡᠳᠴᠢᠨ᠎ᠤ ᠲᠡᠦᠬᠡ᠂ ᠥᠩᠭᠡᠷᠡᠭ᠌ᠰᠡᠨ᠎ᠤ ᠮᠡᠰᠡ ᠵᠠᠰᠠᠯ᠎ᠤᠨ ᠲᠡᠦᠬᠡ᠂ ᠬᠠᠷᠱᠢᠮᠠᠲᠠᠭᠠᠶ ᠲᠡᠦᠬᠡ᠂ ᠣᠨᠣᠱᠢᠯᠠᠨ ᠡᠮᠨᠡᠭ᠌ᠰᠡᠨ ᠲᠡᠮᠳᠡᠭ᠌ᠯᠡᠯ᠂ ᠡᠷᠡᠭᠦᠯ ᠮᠡᠨᠳᠦ᠍᠎ᠶ᠋ᠢᠨ ᠬᠢᠨᠠᠯᠲᠠ ᠬᠡᠮᠵᠢᠯᠲᠡ᠎ᠶ᠋ᠢᠨ ᠳ᠋ᠠᠢ᠌ᠲ᠋ᠠ ᠵᠡᠷᠭᠡ᠎ᠶ᠋ᠢ ᠡᠮᠬᠢᠯᠡᠨ ᠨᠡᠢᠯᠡᠭᠦᠯᠵᠦ᠍᠂ ᠡᠷᠡᠭᠦᠯ ᠮᠡᠨᠳᠦ᠍᠎ᠶ᠋ᠢᠨ ᠲᠦᠭ᠌ᠰᠢᠭᠦᠷᠢ᠎ᠶ᠋ᠢᠨ ᠰᠠᠨᠠᠭᠤᠯᠤᠮᠵᠢ ᠪᠠ ᠡᠪᠡᠳᠴᠢᠨ ᠦᠵᠡᠭᠦᠯᠬᠦ᠌ ᠯᠠᠪᠯᠠᠯᠲᠠ᠎ᠶ᠋ᠢ ᠳᠡᠮᠵᠢᠨ᠎ᠡ; ᠬᠤᠪᠢ ᠬᠥᠮᠦᠨ᠎ᠤ ᠡᠮᠴᠢᠯᠡᠭᠡᠨ᠎ᠤ ᠳᠠᠭᠠᠳᠭᠠᠯ᠎ᠤᠨ ᠡᠳ᠋᠎ᠤᠨ ᠶᠠᠪᠤᠳᠠᠯ᠎ᠤᠨ ᠲᠠᠩᠰᠠ ᠡᠪᠬᠡᠮᠡᠯ᠎ᠳᠤ ᠳᠠᠭᠠᠳᠭᠠᠯ᠎ᠳᠤ ᠣᠷᠣᠯᠴᠠᠵᠤ ᠰᠦᠢᠳᠭᠡᠯ ᠲᠤᠱᠢᠶᠠᠭ᠍ᠰᠠᠨ᠂ ᠡᠮᠨᠡᠭᠦᠯᠬᠦ᠌ ᠵᠠᠷᠤᠯᠭ᠎ᠠ᠂ ᠲᠠᠩᠰᠠᠨ ᠡᠷᠦᠬᠡ᠎ᠶ᠋ᠢᠨ ᠣᠷᠣᠯᠭ᠎ᠠ ᠵᠠᠷᠤᠯᠭ᠎ᠠ ᠵᠡᠷᠭᠡ ᠪᠠᠢᠳᠠᠯ᠎ᠢ ᠬᠤᠷᠠᠮᠳᠤᠭᠤᠯᠵᠤ᠂ ᠵᠠᠷᠤᠳᠠᠯ᠎ᠤᠨ ᠵᠠᠳᠠᠯᠤᠯᠲᠠ ᠪᠠ ᠡᠮᠴᠢᠯᠡᠭᠡᠨ᠎ᠤ ᠪᠠᠲᠤᠯᠠᠭ᠎ᠠ᠎ᠶ᠋ᠢᠨ ᠰᠠᠨᠠᠭᠤᠯᠭ᠎ᠠ ᠬᠠᠩᠭᠠᠨ᠎ᠠ; ᠬᠤᠪᠢ ᠬᠥᠮᠦᠨ᠎ᠤ ᠡᠮᠴᠢᠯᠡᠭᠡᠨ᠎ᠤ ᠪᠠᠳᠤᠯᠠᠭ᠎ᠠ᠎ᠶ᠋ᠢᠨ ᠮᠡᠳᠡᠭᠡ ᠵᠠᠩᠭᠢ᠎ᠶ᠋ᠢᠨ ᠲᠠᠩᠰᠠ ᠡᠪᠬᠡᠮᠡᠯ᠎ᠢ ᠡᠮᠬᠢᠳᠭᠡᠵᠦ᠍᠂ ᠦᠨᠳᠦᠰᠦᠨ ᠮᠡᠳᠡᠭᠡ ᠵᠠᠩᠭᠢ᠂ ᠲᠥᠷᠥᠯ ᠰᠠᠳᠤᠨ᠎ᠤ ᠬᠠᠷᠢᠴᠠᠭ᠎ᠠ᠂ ᠢᠲᠡᠭᠡᠮᠵᠢ᠎ᠶ᠋ᠢᠨ ᠲᠡᠮᠳᠡᠭ᠌ᠯᠡᠯ ᠵᠡᠷᠭᠡ᠎ᠶ᠋ᠢ ᠴᠤᠭ᠍ᠯᠠᠭᠤᠯᠵᠤ᠂ ᠦᠢᠯᠡᠴᠢᠯᠡᠭᠡᠨ᠎ᠤ ᠬᠤᠯᠪᠣᠭ᠍ᠳᠠᠬᠤ ᠪᠠ ᠢᠲᠡᠭᠡᠮᠵᠢ᠎ᠶ᠋ᠢᠨ ᠲᠣᠭᠲᠠᠯᠴᠠᠭ᠎ᠠ᠎ᠶ᠋ᠢᠨ ᠪᠠᠢᠭᠤᠯᠤᠯᠲᠠ᠎ᠶ᠋ᠢ ᠲᠤᠯᠭᠠᠭᠤᠷᠢᠯᠠᠨ᠎ᠠ᠃ ᠡᠭᠦᠨ᠎ᠤ ᠬᠠᠮᠲᠤ᠌᠂ ᠳᠡᠭᠡᠷ᠎ᠡ ᠳᠤᠷᠠᠳᠤᠭ᠍ᠰᠠᠨ ᠬᠤᠪᠢ ᠬᠥᠮᠦᠨ᠎ᠤ ᠡᠮᠴᠢᠯᠡᠭᠡᠨ᠎ᠤ ᠳᠠᠭᠠᠳᠭᠠᠯ᠎ᠤᠨ ᠲᠠᠩᠰᠠ ᠡᠪᠬᠡᠮᠡᠯ᠎ᠤᠨ ᠳ᠋ᠠᠢ᠌ᠲ᠋ᠠ᠎ᠳᠤ ᠰᠠᠭᠤᠷᠢᠯᠠᠨ᠂ ᠳ᠋ᠠᠢ᠌ᠲ᠋ᠠ᠎ᠶ᠋ᠢ ᠵᠠᠳᠠᠯᠬᠤ ᠮᠡᠷᠭᠡᠵᠢᠯ᠎ᠢ ᠬᠡᠷᠡᠭ᠌ᠯᠡᠵᠦ᠍᠂ ᠳᠠᠭᠠᠳᠭᠠᠯ᠎ᠳᠤ ᠣᠷᠣᠯᠴᠠᠭ᠍ᠰᠠᠳ᠎ᠲᠤ ᠬᠤᠪᠢ ᠬᠥᠮᠦᠨ᠎ᠤ ᠡᠮᠴᠢᠯᠡᠭᠡᠨ᠎ᠤ ᠳᠠᠭᠠᠳᠭᠠᠯ᠎ᠤᠨ ᠵᠢᠷᠤᠭ᠎ᠤᠨ ᠶᠡᠷᠦᠩᠬᠡᠢᠯᠡᠭ᠌ᠰᠡᠨ ᠲᠣᠭᠠᠴᠢᠯᠲᠠ᠎ᠶ᠋ᠢ ᠬᠠᠩᠭᠠᠵᠤ᠂ ᠡᠮᠴᠢᠯᠡᠭᠡᠨ᠎ᠤ ᠪᠠᠲᠤᠯᠠᠭ᠎ᠠ᠎ᠶ᠋ᠢᠨ ᠦᠢᠯᠡᠴᠢᠯᠡᠭᠡ᠎ᠶ᠋ᠢ ᠭᠥᠷᠳᠡᠵᠦ᠍ ᠪᠠᠢᠭ᠎ᠠ ᠪᠠᠢᠳᠠᠯ᠎ᠢ ᠪᠥᠬᠦ᠌ ᠲᠠᠯ᠎ᠠ᠎ᠪᠠᠷ ᠳ᠋ᠦᠩᠨᠡᠵᠦ᠍᠂ ᠥᠪᠡᠷᠮᠢᠴᠡ ᠡᠷᠡᠭᠦᠯ ᠮᠡᠨᠳᠦ᠍᠎ᠶ᠋ᠢᠨ ᠰᠠᠨᠠᠭᠤᠯᠭ᠎ᠠ ᠳᠤᠷᠠᠳᠤᠨ᠎ᠠ᠃

  ( ᠬᠤᠶᠠᠷ ) ᠬᠦᠴᠦᠨ ᠨᠡᠮᠡᠷᠢᠯᠡᠬᠦ ᠠᠬᠤᠶ ᠪᠠᠢᠳᠠᠯ᠎ᠢ ᠬᠠᠢᠨ ᠰᠦᠪᠡᠭ᠌ᠴᠢᠯᠡᠵᠦ᠍᠂ ᠨᠡᠢᠲᠡᠯᠢᠭ ᠵᠢᠱ᠌ᠢᠶ᠎ᠡ᠎ᠶ᠋ᠢᠨ ᠬᠡᠷᠡᠭ᠌ᠯᠡᠯᠲᠡ᠎ᠶ᠋ᠢ ᠨᠠᠢᠳᠠᠪᠤᠷᠢᠵᠢᠭᠤᠯᠵᠤ ᠦᠷ᠎ᠡ ᠪᠦᠲᠦᠮᠵᠢ ᠤᠯᠬᠤ᠎ᠶ᠋ᠢ ᠠᠬᠢᠭᠤᠯᠤᠨ᠎ᠠ

  ᠣᠷᠣᠨ ᠨᠤᠲᠤᠭ᠎ᠤᠨ᠎ᠬᠢᠨ᠎ᠢ ᠵᠣᠷᠢᠬ᠍ᠵᠢᠭᠤᠯᠵᠤ ᠪᠠᠢᠭᠠᠳ ᠲᠤᠰ ᠪᠡᠶ᠎ᠡ᠎ᠶ᠋ᠢᠨ ᠳᠠᠪᠠᠭᠤᠯᠢᠭ᠎ᠲᠠᠢ᠎ᠪᠠᠨ ᠤᠶᠠᠯᠳᠤᠭᠤᠯᠤᠨ᠂ ᠢᠳᠡᠪᠬᠢᠲᠡᠢ᠎ᠪᠠᠷ ᠬᠠᠢᠨ ᠰᠦᠪᠡᠭ᠌ᠴᠢᠯᠡᠵᠦ᠍᠂ ᠢᠯᠠᠩᠭᠤᠶ᠎ᠠ ᠲᠤᠬᠠᠢᠯᠠᠭ᠍ᠰᠠᠨ ᠠᠵᠢᠯ᠎ᠤᠨ ᠴᠤᠪᠤᠷᠠᠯ᠎ᠢ ᠱᠢᠯᠢᠳᠡᠭ᠌ᠵᠢᠭᠦᠯᠬᠦ᠌ ᠪᠠ ᠣᠯᠠᠨ ᠲᠦᠮᠡᠨ᠎ᠤ ᠡᠪᠡᠳᠴᠢᠨ ᠦᠵᠡᠭᠦᠯᠬᠦ᠌᠎ᠳᠤ ᠳᠥᠭᠦᠮ ᠳᠥᠲᠡ ᠪᠠᠢᠬᠤ ᠬᠡᠮᠵᠢᠶ᠎ᠡ᠎ᠶ᠋ᠢ ᠳᠡᠭᠡᠭ᠌ᠰᠢᠯᠡᠭᠦᠯᠬᠦ᠌ ᠲᠠᠯ᠎ᠠ᠎ᠪᠠᠷ ᠡᠩ ᠲᠡᠷᠢᠭᠦᠨ᠎ᠳᠤ ᠦᠢᠯᠡᠴᠢᠯᠡᠭᠡᠨ᠎ᠤ ᠴᠢᠳᠠᠪᠤᠷᠢ᠎ᠶ᠋ᠢ ᠪᠦᠷᠢᠯᠳᠦᠭᠦᠯᠦᠨ᠎ᠡ᠃ ᠴᠢᠭ᠌ᠯᠡᠯ᠎ᠢ᠋ ᠪᠠᠭ᠍ᠲᠠᠭᠠᠬᠤ ᠪᠣᠯᠪᠠᠴᠤ᠌ ᠬᠢᠵᠠᠭᠠᠷᠯᠠᠬᠤ ᠦᠭᠡᠢ᠄ ᠣᠶᠤᠨᠴᠢᠯᠠᠭᠰᠠᠨ ᠡᠮᠴᠢᠯᠡᠭᠡᠨ᠎ᠦ᠌ ᠪᠠᠲᠤᠯᠠᠭ᠎ᠠ᠎ᠶ᠋ᠢᠨ ᠦᠢᠯᠡᠴᠢᠯᠡᠭᠡ᠎ᠶᠢ ᠠᠬᠢᠭᠤᠯᠤᠨ᠎ᠠ᠃ ᠡᠮᠴᠢᠯᠡᠭᠡᠨ᠎ᠦ᠌ ᠪᠠᠲᠤᠯᠠᠭ᠎ᠠ᠎ᠶ᠋ᠢᠨ ᠣᠶᠤᠨᠴᠢ ᠦᠢᠯᠡᠴᠢᠯᠡᠭᠡ ᠬᠠᠩᠭᠠᠬᠤ᠂ ᠡᠪᠡᠳᠴᠢᠨ ᠦᠵᠡᠭᠦᠯᠬᠦ᠌᠎ᠶ᠋ᠢ ᠬᠥᠲᠥᠯᠥᠨ ᠵᠢᠯᠣᠭᠤᠳᠭᠤ᠂ ᠪᠠᠲᠤᠯᠠᠭ᠎ᠠ᠎ᠶ᠋ᠢᠨ ᠲᠥᠰᠦᠯ᠎ᠢ ᠱᠢᠯᠢᠳᠡᠭ᠌ᠵᠢᠭᠦᠯᠬᠦ᠂ ᠬᠤᠳᠠᠯᠳᠤᠭᠠᠨ᠎ᠤ ᠳᠠᠭᠠᠳᠭᠠᠯ᠎ᠤᠨ ᠲᠦᠷᠭᠡᠨ ᠲᠥᠯᠥᠪᠦᠷᠢ ᠥᠭ᠌ᠬᠦ᠂ ᠠᠵᠢᠯᠴᠢᠨ᠎ᠤ ᠡᠪᠯᠡᠯ᠎ᠤᠨ ᠬᠠᠷᠢᠯᠴᠠᠨ ᠬᠠᠪᠰᠤᠷᠤᠯᠴᠠᠬᠤ᠂ ᠨᠢᠭᠦᠯᠡᠰᠦᠩᠭᠦᠶ᠎ᠶ᠋ᠢᠨ ᠠᠪᠤᠷᠠᠨ ᠲᠤᠰᠠᠯᠠᠬᠤ᠎ᠶ᠋ᠢ ᠵᠣᠯᠭᠠᠭᠤᠯᠬᠤ ᠵᠡᠷᠭᠡ ᠦᠢᠯᠡᠴᠢᠯᠡᠭᠡ᠎ᠶ᠋ᠢ ᠬᠠᠢᠨ ᠰᠦᠪᠡᠭ᠌ᠴᠢᠯᠡᠨ᠎ᠡ᠃ ᠪᠥᠬᠦ᠌ ᠴᠣᠪᠣᠷᠠᠯ᠎ᠤᠨ ᠡᠪᠡᠳᠴᠢᠨ ᠦᠵᠡᠭᠦᠯᠬᠦ᠌ ᠥᠩᠭᠡᠷᠡᠯᠲᠡ᠎ᠶ᠋ᠢ ᠳᠡᠭᠡᠭ᠌ᠰᠢᠯᠡᠭᠦᠯᠦᠨ᠎ᠡ᠃ ᠡᠮᠴᠢᠯᠡᠭᠡᠨ᠎ᠤ ᠳᠠᠭᠠᠳᠭᠠᠯ᠎ᠤᠨ ᠺᠣᠳ᠋᠎ᠲᠤ ᠲᠦᠱᠢᠭ᠌ᠯᠡᠨ᠂ ᠳᠠᠭᠠᠳᠭᠠᠯ᠎ᠳᠤ ᠣᠷᠣᠯᠴᠠᠭ᠍ᠰᠠᠳ᠎ᠲᠤ ᠳ᠋ᠤᠭᠠᠷᠯᠠᠬᠤ᠂ ᠡᠮᠨᠡᠭᠦᠯᠬᠦ᠌᠎ᠪᠠᠷ ᠬᠦᠯᠢᠶᠡᠬᠦ᠂ ᠪᠠᠢᠴᠠᠭᠠᠬᠤ᠂ ᠳ᠋ᠦᠩᠨᠡᠨ ᠪᠤᠳᠤᠬᠤ ᠵᠡᠷᠭᠡ ᠵᠠᠩᠭᠢᠯᠠᠭ᠎ᠠ᠎ᠶ᠋ᠢᠨ ᠡᠮᠴᠢᠯᠡᠭᠡᠨ᠎ᠤ ᠵᠠᠩᠭᠢᠯᠠᠭ᠎ᠠ᠎ᠶᠢᠨ ᠴᠡᠭ᠎ᠦᠨ ᠴᠠᠭ ᠲᠤᠬᠠᠶ᠎ᠳᠤ ᠨᠢ ᠮᠡᠳᠡᠭᠡ ᠵᠠᠩᠭᠢ ᠮᠡᠳᠡᠭ᠌ᠳᠡᠬᠦ᠌ ᠪᠠ ᠪᠠᠢᠳᠠᠯ᠎ᠢ ᠪᠠᠢᠴᠠᠭᠠᠨ ᠯᠠᠪᠯᠠᠬᠤ ᠦᠢᠯᠡᠴᠢᠯᠡᠭᠡ ᠬᠠᠩᠭᠠᠬᠤ᠎ᠶ᠋ᠢᠨ ᠬᠠᠮᠲᠤ᠌᠂ ᠡᠮᠴᠢᠯᠡᠭᠡᠨ᠎ᠤ ᠳᠠᠭᠠᠳᠭᠠᠯ᠎ᠤᠨ ᠺᠣᠳ᠋᠎ᠢᠶᠠᠷ ᠳᠠᠮᠵᠢᠭᠤᠯᠤᠨ ᠪᠡᠶ᠎ᠡ᠎ᠶ᠋ᠢᠨ ᠬᠢᠷᠢ ᠬᠡᠮ᠎ᠢ ᠱᠢᠯᠭᠠᠨ ᠪᠠᠲᠤᠯᠠᠬᠤ᠂ ᠲᠤᠬᠠᠢᠯᠠᠭ᠍ᠰᠠᠨ ᠠᠵᠢᠯ᠎ᠢ ᠭᠦᠢᠴᠡᠳᠭᠡᠬᠦ᠌ ᠪᠠ ᠡᠮᠴᠢᠯᠡᠭᠡᠨ᠎ᠤ ᠳᠠᠭᠠᠳᠭᠠᠯ᠎ᠤᠨ ᠳ᠋ᠦᠩᠨᠡᠨ ᠪᠤᠳᠤᠬᠤ ᠵᠡᠷᠭᠡ ᠴᠢᠳᠠᠮᠵᠢ᠎ᠶ᠋ᠢ ᠵᠣᠯᠭᠠᠭᠤᠯᠬᠤ᠎ᠶ᠋ᠢ ᠪᠡᠶᠡᠯᠡᠭᠦᠯᠦᠨ᠎ᠡ᠃ ᠠᠮᠢ ᠨᠠᠰᠤᠨ᠎ᠤ ᠪᠦᠬᠦ᠌ ᠦᠶᠡᠯᠡᠯ᠎ᠤᠨ ᠬᠤᠭᠤᠴᠠᠭᠠᠨ᠎ᠤ ᠡᠷᠡᠭᠦᠯ ᠮᠡᠨᠳᠦ᠍᠎ᠶ᠋ᠢᠨ ᠬᠠᠮᠢᠶᠠᠷᠤᠯᠲᠠ᠎ᠶ᠋ᠢ ᠡᠬᠢᠯᠡᠭᠦᠯᠦᠨ᠎ᠡ᠃ ᠬᠤᠪᠢ ᠬᠥᠮᠦᠨ᠎ᠤ ᠡᠮᠴᠢᠯᠡᠭᠡᠨ᠎ᠤ ᠳᠠᠭᠠᠳᠭᠠᠯ᠎ᠤᠨ ᠡᠷᠡᠭᠦᠯ ᠮᠡᠨᠳᠦ᠍᠎ᠶ᠋ᠢᠨ ᠲᠠᠩᠰᠠ ᠡᠪᠬᠡᠮᠡᠯ᠎ᠳᠤ ᠰᠠᠭᠤᠷᠢᠯᠠᠨ᠂ ᠳᠠᠭᠠᠳᠭᠠᠯ᠎ᠳᠤ ᠣᠷᠣᠯᠴᠠᠭ᠍ᠰᠠᠳ᠎ᠲᠤ ᠠᠷᠬᠠᠭ ᠡᠪᠡᠳᠴᠢᠨ᠎ᠤ ᠬᠠᠮᠢᠶᠠᠷᠤᠯᠲᠠ᠂ ᠡᠷᠡᠭᠦᠯ ᠮᠡᠨᠳᠦ᠍᠎ᠶ᠋ᠢᠨ ᠬᠢᠨᠠᠯᠲᠠ ᠬᠡᠮᠵᠢᠯᠲᠡ᠂ ᠲᠦᠭ᠌ᠰᠢᠭᠦᠷᠢ᠎ᠶ᠋ᠢ ᠤᠷᠢᠳᠴᠢᠯᠠᠨ ᠰᠡᠷᠡᠮᠵᠢᠯᠡᠭᠦᠯᠬᠦ᠌ ᠵᠡᠷᠭᠡ ᠡᠷᠡᠭᠦᠯ ᠮᠡᠨᠳᠦ᠍᠎ᠶ᠋ᠢ ᠠᠬᠢᠭᠤᠯᠬᠤ ᠦᠢᠯᠡᠴᠢᠯᠡᠭᠡ ᠬᠠᠩᠭᠠᠨ᠎ᠠ᠃ ᠳ᠋ᠠᠢ᠌ᠲ᠋ᠠ ᠠᠵᠤ ᠦᠢᠯᠡᠰ᠎ᠦ᠋ᠨ ᠬᠥᠭ᠌ᠵᠢᠯᠲᠡ᠎ᠶᠢ ᠬᠠᠢᠨ ᠰᠦᠪᠡᠭ᠌ᠴᠢᠯᠡᠨ᠎ᠡ᠃ ᠬᠠᠤᠯᠢ ᠲᠣᠭ᠍ᠲᠠᠭᠠᠯ᠎ᠳᠤ ᠨᠡᠢᠴᠡᠬᠦ᠂ ᠠᠮᠤᠷ ᠲᠦᠪᠱᠢᠨ᠎ᠢ ᠡᠵᠡᠮᠳᠡᠵᠦ᠍ ᠪᠣᠯᠬᠤ ᠪᠠ ᠬᠠᠷᠱᠢᠮᠠᠲᠠᠭᠠᠢ ᠤᠷᠢᠳᠠᠯ ᠳᠣᠣᠷ᠎ᠠ᠂ ᠡᠮᠴᠢᠯᠡᠭᠡᠨ᠎ᠦ᠌ ᠠᠵᠢᠯᠲᠠᠨ᠎ᠢ ᠤᠶᠠᠯᠳᠤᠭᠤᠯᠬᠤ᠂ AI ᠬᠦᠴᠦᠨ ᠨᠡᠮᠡᠷᠢᠯᠡᠬᠦ᠂ ᠡᠮᠴᠢᠯᠡᠭᠡᠨ᠎ᠦ᠌ ᠰᠤᠳᠤᠯᠤᠨ ᠨᠡᠭᠡᠭᠡᠯᠲᠡ᠂ ᠬᠤᠳᠠᠯᠳᠤᠭᠠᠨ᠎ᠤ ᠡᠷᠡᠭᠦᠯ ᠮᠡᠨᠳᠦ᠍᠎ᠶ᠋ᠢᠨ ᠳᠠᠭᠠᠳᠭᠠᠯ᠂ ᠣᠶᠤᠨᠴᠢ ᠨᠠᠰᠤᠵᠢᠯ᠎ᠤᠨ ᠠᠰᠠᠷᠠᠮᠵᠢ᠂ ᠡᠷᠡᠭᠦᠯ ᠮᠡᠨᠳᠦ᠍᠎ᠶ᠋ᠢᠨ ᠬᠠᠮᠢᠶᠠᠷᠤᠯᠲᠠ ᠵᠡᠷᠭᠡ ᠠᠵᠤ ᠦᠢᠯᠡᠰ᠎ᠲᠤ ᠨᠡᠷ᠎ᠡ ᠪᠤᠷᠤᠭᠤᠯᠠᠭ᠍ᠰᠠᠨ᠂ ᠬᠠᠮᠲᠤᠯᠢᠭ᠎ᠤᠨ ᠴᠢᠨᠠᠷᠲᠠᠢ ᠳ᠋ᠠᠢ᠌ᠲ᠋ᠠ᠎ᠶ᠋ᠢᠨ ᠠᠵᠢᠭ᠍ᠯᠠᠬᠤ ᠪᠠ ᠵᠠᠳᠠᠯᠬᠤ ᠦᠢᠯᠡᠴᠢᠯᠡᠭᠡ ᠬᠠᠩᠭᠠᠵᠤ᠂ ᠠᠵᠤ ᠦᠢᠯᠡᠰ᠎ᠤᠨ ᠬᠡᠯᠬᠢᠶ᠎ᠡ᠎ᠶ᠋ᠢᠨ ᠬᠠᠮᠵᠢᠯᠴᠠᠨ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠤᠨ᠎ᠠ᠃

  ( ᠭᠤᠷᠪᠠ ) ᠠᠮᠤᠷ ᠲᠦᠪᠱᠢᠨ᠎ᠤ ᠰᠡᠷᠭᠡᠢᠯᠡᠯᠲᠡ᠎ᠶ᠋ᠢᠨ ᠱᠤᠭᠤᠮ᠎ᠢ ᠪᠠᠬᠢᠵᠢᠭᠦᠯᠵᠦ᠍᠂ ᠡᠮᠴᠢᠯᠡᠭᠡᠨ᠎ᠦ᠌ ᠳᠠᠭᠠᠳᠭᠠᠯ᠎ᠤᠨ ᠬᠠᠮᠵᠢᠯᠴᠠᠨ ᠵᠠᠰᠠᠬᠤ ᠲᠣᠭᠲᠠᠯᠴᠠᠭ᠎ᠠ᠎ᠶᠢ ᠲᠡᠭᠦᠯᠳᠡᠷᠵᠢᠭᠦᠯᠦᠨ᠎ᠡ

  ᠠᠮᠤᠷ ᠲᠦᠪᠱᠢᠨ᠎ᠤ ᠬᠤᠪᠢ᠎ᠶ᠋ᠢᠨ ᠬᠠᠮᠠᠭᠠᠯᠠᠯᠲᠠ᠎ᠶ᠋ᠢᠨ ᠲᠣᠭᠲᠠᠯᠴᠠᠭ᠎ᠠ᠎ᠶᠢ ᠪᠦᠷᠢᠨᠱᠢᠭᠦᠯᠦᠨ᠎ᠡ᠃ ᠰᠦᠯᠵᠢᠶᠡᠨ᠎ᠤ ᠠᠮᠤᠷ ᠲᠦᠪᠱᠢᠨ᠂ ᠳ᠋ᠠᠢᠲ᠋ᠠ᠎ᠶ᠋ᠢᠨ ᠠᠮᠤᠷ ᠲᠦᠪᠱᠢᠨ ᠬᠢᠭᠡᠳ ᠬᠤᠪᠢ ᠬᠥᠮᠦᠨ᠎ᠤ ᠮᠡᠳᠡᠭᠡ ᠵᠠᠩᠭᠢ᠎ᠶ᠋ᠢ ᠬᠠᠮᠠᠭᠠᠯᠠᠬᠤ ᠬᠠᠤᠯᠢ ᠴᠠᠭᠠᠵᠠ ᠬᠠᠤᠯᠢ ᠲᠣᠭ᠍ᠲᠠᠭᠠᠯ᠎ᠢ ᠴᠢᠩᠭ᠎ᠠ ᠬᠡᠷᠡᠭ᠌ᠵᠢᠭᠦᠯᠵᠦ᠍᠂ ᠳ᠋ᠠᠢᠲ᠋ᠠ᠎ᠶ᠋ᠢᠨ ᠪᠦᠬᠦ᠌ ᠠᠮᠢ ᠨᠠᠰᠤᠨ᠎ᠤ ᠦᠶᠡᠯᠡᠯ᠎ᠤᠨ ᠬᠤᠭᠤᠴᠠᠭ᠎ᠠ᠎ᠶ᠋ᠢ ᠬᠠᠮᠤᠷᠤᠭ᠍ᠰᠠᠨ ᠠᠮᠤᠷ ᠲᠦᠪᠱᠢᠨ᠎ᠤ ᠬᠠᠮᠠᠭᠠᠯᠠᠯᠲᠠ ᠬᠢᠭᠡᠳ ᠡᠷᠬᠡ ᠮᠡᠳᠡᠯ᠎ᠤᠨ ᠬᠠᠮᠢᠶᠠᠷᠤᠯᠲᠠ᠎ᠶ᠋ᠢᠨ ᠲᠣᠭᠲᠠᠯᠴᠠᠭ᠎ᠠ᠎ᠶᠢ ᠪᠠᠢᠭᠤᠯᠤᠨ᠎ᠠ᠃ ᠬᠠᠮᠵᠢᠯᠴᠠᠨ ᠡᠵᠡᠩᠨᠡᠬᠦ᠌ ᠲᠣᠭ᠍ᠲᠠᠴᠠ᠎ᠶ᠋ᠢ ᠪᠠᠢᠭᠤᠯᠤᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ᠎ᠯᠦᠭᠡ᠎ᠶ᠋ᠢᠨ ᠪᠠᠢᠩᠭᠤᠵᠢᠭ᠍ᠰᠠᠨ ᠳ᠋ᠠᠢ᠌ᠲ᠋ᠠ᠎ᠶ᠋ᠢ ᠬᠠᠮᠲᠤ ᠪᠠᠷ ᠭᠥᠷᠳᠡᠬᠦ᠌ ᠪᠠ ᠲᠤᠬᠠᠢᠯᠠᠭ᠍ᠰᠠᠨ ᠠᠵᠢᠯ᠎ᠤᠨ ᠬᠠᠮᠵᠢᠯᠴᠠᠬᠤ ᠴᠤᠪᠤᠷᠠᠯ᠎ᠢ ᠰᠦᠪᠡᠭ᠌ᠴᠢᠯᠡᠨ ᠪᠠᠢᠭᠤᠯᠤᠨ᠎ᠠ᠃ ᠡᠯ᠎ᠡ ᠦᠢᠯᠡᠴᠢᠯᠡᠭᠡᠨ᠎ᠦ ᠠᠷᠭ᠎ᠠ ᠵᠠᠮ᠎ᠤᠨ ᠬᠠᠮᠲᠤᠷᠠᠯᠴᠠᠬᠤ ᠡᠲᠡᠭᠡᠳ᠎ᠯᠦᠭᠡ᠎ᠶ᠋ᠢᠨ ᠡᠷᠬᠡ ᠬᠠᠷᠢᠭᠤᠴᠠᠯᠭ᠎ᠠ᠎ᠶ᠋ᠢᠨ ᠵᠠᠭᠠᠭ ᠬᠢᠵᠠᠭᠠᠷ᠂ ᠦᠢᠯᠡᠴᠢᠯᠡᠭᠡᠨ᠎ᠦ ᠪᠠᠷᠢᠮᠵᠢᠶ᠎ᠠ ᠬᠢᠭᠡᠳ ᠠᠵᠢᠯᠯᠠᠭᠠᠨ᠎ᠤ ᠳᠦᠷᠢᠮ ᠎ᠢ ᠲᠣᠳᠣᠷᠬᠠᠢᠯᠠᠨ᠎ᠠ᠃

  ᠭᠤᠷᠪᠠ᠂ ᠬᠡᠷᠡᠭ᠌ᠵᠢᠭᠦᠯᠬᠦ᠌ ᠠᠯᠬᠤᠮ ᠳᠠᠷᠠᠭ᠎ᠠ

  ( ᠨᠢᠭᠡ ) ᠲᠥᠰᠦᠯ᠎ᠤᠨ ᠭᠤᠶᠤᠴᠢᠯᠠᠨ ᠮᠡᠳᠡᠭᠦᠯᠦᠯᠲᠡ ( 2026 ᠣᠨ᠎ᠤ 1 ᠳ᠋ᠤᠭᠡᠷ ᠰᠠᠷ᠎ᠠ᠎ᠶ᠋ᠢᠨ 31᠎ᠤ ᠡᠳᠦᠷ᠎ᠠᠴᠠ ᠡᠮᠦᠨ᠎ᠡ )

  ᠮᠤᠵᠢ᠎ᠶ᠋ᠢᠨ ᠱᠠᠲᠤᠨ᠎ᠤ ᠡᠮᠴᠢᠯᠡᠭᠡᠨ᠎ᠦ᠌ ᠪᠠᠲᠤᠯᠠᠭ᠎ᠠ᠎ᠶᠢᠨ ᠰᠠᠯᠠᠭ᠎ᠠ ᠮᠥᠴᠢᠷ᠎ᠦᠳ ᠨᠥᠬᠥᠴᠡᠯ᠎ᠲᠡᠶ ᠭᠠᠵᠠᠷ ᠣᠷᠣᠨ ( ᠪᠦᠬᠦ᠌ ᠮᠤᠵᠢ᠂ ᠣᠨᠴᠠ ᠵᠠᠷᠢᠮ ᠲᠤᠰᠭᠠᠶ ᠣᠷᠣᠨ᠎ᠤ ᠬᠣᠲᠠ ᠪᠤᠶᠤ ᠱᠢᠭᠤᠳ ᠬᠠᠷᠢᠶ᠎ᠠ ᠬᠣᠲᠠ᠎ᠶ᠋ᠢᠨ ᠬᠠᠷᠢᠶ᠎ᠠ ᠲᠣᠭᠣᠷᠢᠭ ᠱᠢᠶᠠᠨ ᠴᠥᠮ ᠲᠤᠷᠱᠢᠯᠲᠠ ᠬᠢᠬᠦ᠌᠎ᠪᠡᠷ ᠭᠤᠶᠤᠴᠢᠯᠠᠵᠤ ᠪᠣᠯᠤᠨ᠎ᠠ )᠎ᠢ ᠢᠳᠡᠪᠬᠢᠲᠡᠶ ᠵᠢᠯᠣᠭᠣᠳᠴᠤ᠌᠂ 《 ᠬᠤᠪᠢ ᠬᠥᠮᠦᠨ᠎ᠦ ᠡᠮᠴᠢᠯᠡᠭᠡᠨ᠎ᠦ᠌ ᠳᠠᠭᠠᠳᠭᠠᠯ᠎ᠤᠨ ᠡᠭᠦᠯᠡᠨ ᠪᠠᠢᠭᠤᠯᠤᠯᠲᠠ᠎ᠶ᠋ᠢᠨ ᠲᠤᠷᠱᠢᠯᠲᠠ᠎ᠶ᠋ᠢᠨ ᠴᠡᠭ᠎ᠦᠨ ᠬᠡᠷᠡᠭ᠌ᠵᠢᠭᠦᠯᠬᠦ᠌ ᠲᠥᠰᠦᠯ᠎ᠦᠨ ᠨᠠᠢᠷᠠᠭᠤᠯᠤᠨ ᠵᠣᠬᠢᠶᠠᠬᠤ ᠲᠣᠪᠴᠢ 》 ( ᠳᠠᠭᠠᠯᠳᠤᠭᠤᠯᠤᠯ᠎ᠳᠤ ᠦᠵᠡ )᠂ ᠪᠦᠲᠦᠭᠡᠨ ᠪᠠᠢᠭᠤᠯᠤᠯᠲᠠ᠎ᠶ᠋ᠢᠨ ᠰᠡᠳᠭᠢᠮᠵᠢ᠂ ᠱᠠᠲᠤ ᠦᠢ᠎ᠡ ᠬᠤᠪᠢᠶᠠᠭ᠍ᠰᠠᠨ ᠬᠠᠷᠠᠯᠲᠠ᠂ ᠣᠢᠷ᠎ᠠ᠎ᠶ᠋ᠢᠨ ᠬᠤᠭᠤᠴᠠᠭᠠᠨ᠎ᠳᠤ ᠤᠷᠢᠳ᠎ᠢᠶᠡᠷ ᠱᠢᠪᠲᠤᠯᠤᠯᠲᠠ ᠬᠢᠬᠦ᠌ ᠦᠵᠡᠭ᠌ᠳᠡᠯ᠂ ᠭᠣᠤᠯᠳᠠᠯᠭ᠎ᠠ᠎ᠲᠠᠶ ᠠᠭᠤᠯᠭ᠎ᠠ ( ᠢᠯᠠᠩᠭᠤᠶ᠎ᠠ ᠳ᠋ᠠᠢ᠌ᠲ᠋ᠠ᠎ᠶ᠋ᠢᠨ ᠡᠬᠢ ᠪᠠᠶᠠᠯᠢᠭ᠎ᠢ ᠥᠷᠭᠡᠳᠭᠡᠬᠦ᠌᠂ ᠣᠨᠴᠠᠯᠢᠠᠠᠳᠣ ᠬᠡᠷᠡᠭ᠌ᠯᠡᠭᠡᠨ᠎ᠦ ᠪᠠᠢᠳᠠᠯ᠂ ᠮᠡᠷᠭᠡᠵᠢᠯ᠎ᠢ ᠪᠡᠶᠡᠯᠡᠭᠦᠯᠬᠦ᠌ ᠠᠷᠭ᠎ᠠ ᠵᠠᠮ᠂ ᠠᠮᠤᠷ ᠲᠦᠪᠱᠢᠨ᠎ᠦ ᠠᠷᠭ᠎ᠠ ᠬᠡᠮᠵᠢᠶ᠎ᠡ᠂ ᠠᠵᠤ ᠦᠢᠯᠡᠰ᠎ᠦᠨ ᠬᠠᠮᠲᠤᠷᠠᠨ ᠬᠥᠳᠡᠯᠦᠯᠴᠡᠬᠦ᠌ ᠵᠠᠭ᠍ᠪᠤᠷ ᠵᠡᠷᠭᠡ )᠂ ᠬᠡᠷᠡᠭ᠌ᠵᠢᠭᠦᠯᠬᠦ᠌ ᠠᠯᠬᠤᠮ ᠳᠠᠷᠠᠭ᠎ᠠ ᠬᠢᠭᠡᠳ ᠪᠠᠲᠤᠯᠠᠭ᠎ᠠ᠎ᠶ᠋ᠢᠨ ᠠᠷᠭ᠎ᠠ ᠬᠡᠮᠵᠢᠶ᠎ᠡ᠎ᠶ᠋ᠢ ᠭᠣᠤᠯᠳᠠᠯᠭ᠎ᠠ᠎ᠲᠠᠶ ᠲᠣᠳᠣᠷᠬᠠᠢᠯᠠᠨ ᠥᠭᠦᠯᠡᠵᠦ᠍᠂ ᠮᠤᠵᠢ᠎ᠶ᠋ᠢᠨ ᠱᠠᠲᠤᠨ᠎ᠤ ᠡᠮᠴᠢᠯᠡᠭᠡᠨ᠎ᠦ᠌ ᠪᠠᠲᠤᠯᠠᠭ᠎ᠠ᠎ᠶᠢᠨ ᠰᠠᠯᠠᠭ᠎ᠠ ᠮᠥᠴᠢᠷ᠎ᠡᠴᠡ ᠬᠤᠷᠢᠶᠠᠩᠭᠤᠢᠯᠠᠭ᠍ᠰᠠᠨ᠎ᠤ ᠳᠡᠷᠡᠭ᠎ᠠ ᠡᠯᠧᠺᠲ᠋ᠷᠣᠨ ᠱᠢᠦᠳᠠᠨ᠎ᠤ ᠬᠠᠢᠷᠴᠠᠭ᠎ᠢᠶᠠᠷ ᠳᠠᠮᠵᠢᠭᠤᠯᠤᠨ ᠤᠯᠤᠰ᠎ᠤᠨ ᠡᠮᠴᠢᠯᠡᠭᠡᠨ᠎ᠦ᠌ ᠪᠠᠲᠤᠯᠠᠭ᠎ᠠ᠎ᠶᠢᠨ ᠲᠣᠪᠴᠢᠶ᠎ᠠ᠎ᠳᠤ ᠮᠡᠳᠡᠭᠦᠯᠦᠨ ᠬᠦᠷᠭᠡᠬᠦ᠌ ᠬᠡᠷᠡᠭ᠌ᠲᠡᠶ᠃

  ( ᠬᠤᠶᠠᠷ ) ᠲᠤᠷᠱᠢᠯᠲᠠ᠎ᠶ᠋ᠢᠨ ᠴᠡᠭ᠎ᠤᠨ ᠬᠡᠷᠡᠭ᠌ᠵᠢᠭᠦᠯᠦᠯᠲᠡ ( 2026 ᠣᠨ᠎ᠤ 2 ᠳ᠋ᠤᠭ᠋ᠠᠷ ᠰᠠᠷ᠎ᠠ  2026 ᠣᠨ᠎ᠤ 12 ᠳ᠋ᠤᠭ᠋ᠠᠷ ᠰᠠᠷ᠎ᠠ )

  ᠤᠯᠤᠰ᠎ᠤᠨ ᠡᠮᠴᠢᠯᠡᠭᠡᠨ᠎ᠦ᠌ ᠪᠠᠲᠤᠯᠠᠭ᠎ᠠ᠎ᠶᠢᠨ ᠲᠣᠪᠴᠢᠶᠠᠨ᠎ᠤ ᠲᠤᠷᠱᠢᠯᠲᠠ᠎ᠶ᠋ᠢᠨ ᠴᠡᠭ᠎ᠦᠨ ᠲᠥᠰᠦᠯ᠎ᠢ ᠦᠨᠡᠯᠡᠨ ᠵᠢᠱ᠌ᠢᠭ᠌ᠰᠡᠨ᠎ᠦ ᠳᠠᠷᠠᠭ᠎ᠠ ᠲᠤᠷᠱᠢᠯᠲᠠ᠎ᠶ᠋ᠢᠨ ᠴᠡᠭ᠎ᠦᠨ ᠨᠡᠷᠡᠰ᠎ᠢ ᠲᠣᠭ᠍ᠲᠠᠭᠠᠨ᠎ᠠ᠃ ᠲᠤᠷᠱᠢᠯᠲᠠ᠎ᠶ᠋ᠢᠨ ᠴᠡᠭ᠎ᠦᠨ ᠭᠠᠵᠠᠷ ᠣᠷᠣᠨ᠎ᠨᠤᠭᠤᠳ ᠠᠬᠢᠴᠠ᠎ᠶ᠋ᠢ ᠲᠣᠭ᠍ᠲᠠᠮᠠᠯ ᠬᠤᠭᠤᠴᠠᠭ᠎ᠠ᠎ᠲᠠᠶ᠎ᠪᠠᠷ ᠮᠡᠳᠡᠭᠦᠯᠬᠦ᠌ ᠬᠡᠷᠡᠭ᠌ᠲᠡᠶ᠃ ᠤᠯᠤᠰ᠎ᠤ᠋ᠨ ᠡᠮᠴᠢᠯᠡᠭᠡᠨ᠎ᠦ᠌ ᠪᠠᠲᠤᠯᠠᠭ᠎ᠠ᠎ᠶᠢᠨ ᠲᠣᠪᠴᠢᠶ᠎ᠠ ᠮᠥᠷᠳᠡᠨ ᠵᠢᠯᠣᠭᠣᠳᠭᠤ ᠪᠠ ᠮᠡᠷᠭᠡᠵᠢᠯ᠎ᠦ᠋ᠨ ᠳᠡᠮᠵᠢᠯᠭᠡ ᠦᠵᠡᠭᠦᠯᠬᠦ᠌᠎ᠶᠢ ᠴᠢᠩᠭᠠᠳᠭᠠᠨ᠎ᠠ᠃ ᠲᠤᠷᠱᠢᠯᠲᠠ᠎ᠶ᠋ᠢᠨ ᠴᠡᠭ᠎ᠤᠨ ᠭᠠᠵᠠᠷ ᠣᠷᠣᠨ᠎ᠤ᠎ᠬᠢᠨ ᠬᠡᠷᠡᠭ᠌ᠵᠢᠭᠦᠯᠬᠦ᠌ ᠶᠠᠪᠤᠴᠠ᠎ᠳᠤ᠂ ᠨᠥᠬᠦᠴᠡᠯ ᠪᠦᠷᠢᠳᠦᠭ᠌ᠰᠡᠨ ᠪᠠᠢᠳᠠᠯ᠎ᠳᠤ ᠲᠦᠷᠭᠡᠨ ᠪᠠᠢᠷᠢᠯᠠᠭᠤᠯᠤᠯᠲᠠ ᠬᠢᠵᠦ᠍᠂ ᠣᠯᠠᠨ ᠲᠦᠮᠡᠨ᠎ᠳᠤ ᠡᠷᠲᠡᠬᠡᠨ ᠠᠱᠢᠭ ᠬᠦᠷᠲᠡᠭᠡᠬᠦ᠌᠎ᠶ᠋ᠢ ᠵᠣᠷᠢᠭ᠍ᠵᠢᠭᠤᠯᠤᠨ᠎ᠠ᠃

  ( ᠭᠤᠷᠪᠠ ) ᠳ᠋ᠦᠩᠨᠡᠯᠲᠡ ᠦᠨᠡᠯᠡᠯᠲᠡ ( 2027 ᠣᠨ᠎ᠤ 3 ᠳ᠋ᠤᠭ᠋ᠠᠷ ᠰᠠᠷ᠎ᠠ᠎ᠶ᠋ᠢᠨ ᠰᠡᠭᠦᠯᠴᠢ᠎ᠠᠴᠠ ᠡᠮᠦᠨ᠎ᠡ )

  ᠤᠯᠤᠰ᠎ᠤᠨ ᠡᠮᠴᠢᠯᠡᠭᠡᠨ᠎ᠦ᠌ ᠪᠠᠲᠤᠯᠠᠭ᠎ᠠ᠎ᠶᠢᠨ ᠲᠣᠪᠴᠢᠶ᠎ᠠ᠎ᠠᠴᠠ ᠱᠢᠯᠭᠠᠨ ᠠᠪᠴᠤ᠌ ᠦᠨᠡᠯᠡᠨ ᠵᠢᠱ᠌ᠢᠬᠦ᠌᠎ᠶ᠋ᠢ ᠵᠣᠬᠢᠶᠠᠨ ᠪᠠᠢᠭᠤᠯᠤᠨ ᠥᠷᠨᠢᠭᠦᠯᠵᠦ᠍᠂ ᠬᠠᠭᠤᠯᠪᠤᠷᠢᠯᠠᠵᠤ ᠪᠣᠯᠬᠤ ᠦᠢᠯᠡᠴᠢᠯᠡᠭᠡᠨ᠎ᠤ ᠵᠠᠭ᠍ᠪᠤᠷ ᠬᠢᠭᠡᠳ ᠮᠡᠷᠭᠡᠵᠢᠯ᠎ᠤᠨ ᠲᠤᠷᠱᠢᠯᠭ᠎ᠠ᠎ᠶ᠋ᠢ ᠭᠤᠤᠯᠳᠠᠯᠭ᠎ᠠ᠎ᠲᠠᠢ ᠳ᠋ᠦᠩᠨᠡᠵᠦ᠍᠂ ᠪᠥᠬᠦ᠌ ᠤᠯᠤᠰ᠎ᠤᠨ ᠴᠢᠨᠠᠷᠲᠠᠶ ᠪᠥᠲᠥᠭᠡᠨ ᠪᠠᠢᠭᠤᠯᠤᠯᠲᠠ᠎ᠶ᠋ᠢᠨ ᠵᠢᠯᠣᠭᠤᠳᠣᠯᠭ᠎ᠠ ᠪᠣᠯᠭᠠᠨ᠎ᠠ᠃

  ᠬᠠᠷᠢᠯᠴᠠᠬᠤ ᠬᠥᠮᠦᠨ ᠪᠠ ᠬᠠᠷᠢᠯᠴᠠᠬᠤ ᠤᠲᠠᠰᠤ ᠄ ᠴᠧᠨ ᠶᠢᠩ ᠢ 010-89061996

  ᠰᠦᠨ ᠵᠢᠶᠠ ᠨᠠᠨ 010 - 89061341

  ᠰᠢᠤᠳᠠᠨ᠎ᠤ ᠬᠠᠢ᠌ᠷᠴᠠᠭ᠄ chenyy@nhsa.gov.cn

  

  ᠳᠠᠭᠠᠯᠳᠤᠭᠤᠯᠤᠯ᠄ ᠬᠤᠪᠢ ᠬᠥᠮᠦᠨ᠎ᠤ ᠡᠮᠴᠢᠯᠡᠭᠡᠨ᠎ᠦ᠌ ᠳᠠᠭ᠋ᠠᠳᠬᠠᠯ᠎ᠤᠨ ᠡᠭᠦᠯᠡᠨ ᠪᠠᠢᠭᠤᠯᠤᠯᠲᠠ᠎ᠶ᠋ᠢᠨ ᠲᠤᠷᠱᠢᠯᠲᠠ᠎ᠶ᠋ᠢᠨ ᠴᠡᠭ᠎ᠦᠨ ᠬᠡᠷᠡᠭ᠌ᠵᠢᠭᠦᠯᠬᠦ᠌ ᠲᠥᠰᠦᠯ᠎ᠢ ᠨᠠᠢᠷᠠᠭᠤᠯᠤᠨ ᠵᠣᠬᠢᠶᠠᠬᠤ ᠲᠣᠪᠴᠢ

  

ᠤᠯᠤᠰ᠎ᠤᠨ ᠡᠮᠴᠢᠯᠡᠭᠡᠨ᠎ᠦ᠌ ᠪᠠᠲᠤᠯᠠᠭ᠎ᠠ᠎ᠶ᠋ᠢᠨ ᠲᠣᠪᠴᠢᠶ᠎ᠠ᠎ᠶ᠋ᠢᠨ ᠠᠯᠪᠠᠨ ᠭᠡᠷ

2025 ᠣᠨ᠎ᠤ 12ᠳ᠋ᠤᠭ᠋ᠠᠷ ᠰᠠᠷ᠎ᠠ᠎ᠶ᠋ᠢᠨ 31᠎ᠤ ᠡᠳᠦᠷ

  

  ( ᠰᠠᠨᠠᠭᠠᠴᠢᠯᠠᠭ᠎ᠠ᠎ᠠᠴᠠ᠎ᠪᠠᠨ ᠢᠯᠡ ᠨᠡᠢ᠌ᠲᠡᠯᠡᠨ᠎ᠡ )

  ᠳᠠᠭᠠᠯᠳᠤᠭᠤᠯᠤᠯ

  ᠬᠤᠪᠢ ᠬᠥᠮᠦᠨ᠎ᠦ᠌ ᠡᠮᠴᠢᠯᠡᠭᠡᠨ᠎ᠦ᠌ ᠳᠠᠭᠠᠳᠭᠠᠯ᠎ᠤ᠋ᠨ ᠡᠭᠦᠯᠡᠨ ᠪᠠᠢᠭᠤᠯᠤᠯᠲᠠ᠎ᠶᠢᠨ ᠲᠤᠷᠰᠢᠯᠲᠠ᠎ᠶᠢᠨ ᠴᠡᠭ᠎ᠦ᠋ᠨ ᠬᠡᠷᠡᠭ᠌ᠵᠢᠭᠦᠯᠬᠦ᠌ ᠲᠥᠰᠦᠯ᠎ᠢ᠋ ᠨᠠᠢᠷᠠᠭᠤᠯᠤᠨ ᠵᠣᠬᠢᠶᠠᠬᠤ ᠲᠣᠪᠴᠢ

  ᠨᠢᠭᠡ᠂ ᠲᠤᠷᠱᠢᠯᠲᠠ᠎ᠶ᠋ᠢᠨ ᠴᠡᠭ᠎ᠦᠨ ᠰᠠᠭᠤᠷᠢ ᠬᠢᠭᠡᠳ ᠣᠳᠣᠬᠢ ᠪᠠᠢᠳᠠᠯ᠎ᠤᠨ ᠵᠠᠳᠠᠯᠤᠯᠲᠠ

  ( ᠲᠤᠰ ᠭᠠᠵᠠᠷ᠎ᠤᠨ ᠡᠮᠴᠢᠯᠡᠭᠡᠨ᠎ᠦ᠌ ᠪᠠᠲᠤᠯᠠᠭ᠎ᠠ᠎ᠶᠢᠨ ᠮᠡᠳᠡᠭᠡ ᠵᠠᠩᠭᠢᠵᠢᠯᠲᠠ᠎ᠶ᠋ᠢᠨ ᠬᠢᠷᠢ ᠬᠡᠮᠵᠢᠶ᠎ᠡ᠂ ᠳ᠋ᠠᠢ᠌ᠲ᠋ᠠ᠎ᠶ᠋ᠢᠨ ᠡᠬᠢ ᠪᠠᠶᠠᠯᠢᠭ᠎ᠤᠨ ᠣᠳᠣᠬᠢ ᠪᠠᠢᠳᠠᠯ ᠬᠢᠭᠡᠳ ᠣᠨᠴᠠᠯᠢᠭ᠂ ᠡᠷᠡᠭᠦᠯ ᠮᠡᠨᠳᠦ᠍᠎ᠶ᠋ᠢᠨ ᠠᠵᠤ ᠦᠢᠯᠡᠰ᠎ᠦᠨ ᠬᠥᠭ᠌ᠵᠢᠯᠲᠡ᠎ᠶ᠋ᠢᠨ ᠪᠠᠢᠳᠠᠯ᠂ ᠳᠠᠯᠳᠠ ᠠᠮᠢ ᠠᠬᠤᠶ᠎ᠶ᠋ᠢᠨ ᠠᠷᠭ᠎ᠠ ᠵᠠᠮ᠎ᠤᠨ ᠬᠠᠮᠲᠤᠷᠠᠯᠴᠠᠬᠤ ᠰᠠᠭᠤᠷᠢ ᠵᠡᠷᠭᠡ᠎ᠶ᠋ᠢ ᠭᠣᠤᠯᠳᠠᠯᠭ᠎ᠠ᠎ᠲᠠᠶ ᠵᠠᠳᠠᠯᠬᠤ ᠬᠡᠷᠡᠭ᠌ᠲᠡᠶ )

  ᠬᠣᠶᠠᠷ᠂ ᠶᠡᠷᠦᠩᠬᠡᠶ ᠬᠠᠷᠠᠯᠲᠠ ᠬᠢᠭᠡᠳ ᠪᠦᠲᠦᠭᠡᠨ ᠪᠠᠢᠭᠤᠯᠤᠯᠲᠠ᠎ᠶ᠋ᠢᠨ ᠰᠡᠳᠭᠢᠴᠡ

  ( ᠲᠤᠷᠱᠢᠯᠲᠠ᠎ᠶ᠋ᠢᠨ ᠴᠡᠭ᠎ᠤᠨ ᠭᠤᠣᠯ ᠬᠠᠷᠠᠯᠲᠠ᠂ ᠵᠢᠱ᠌ᠢᠭ᠌ᠰᠡᠨ ᠦᠷ᠎ᠡ ᠪᠦᠲᠦᠮᠵᠢ᠂ ᠵᠢᠴᠢ 《 ᠪᠥᠬᠦ᠌ ᠴᠠᠭ᠂ ᠪᠥᠬᠦ᠌ ᠴᠠᠷᠠᠭ᠎ᠠ᠂ ᠪᠥᠬᠦ᠌ ᠠᠮᠢ ᠨᠠᠰᠤᠨ᠎ᠤ ᠦᠶᠡᠯᠡᠯ᠎ᠤᠨ ᠬᠤᠭᠤᠴᠠᠭ᠎ᠠ 》᠎ᠶ᠋ᠢᠨ ᠬᠠᠮᠢᠶᠠᠷᠤᠯᠲᠠ ᠪᠠ ᠠᠵᠤ ᠦᠢᠯᠡᠰ᠎ᠢᠶᠠᠷ ᠳᠠᠢᠴᠢᠯᠠᠬᠤ ᠶᠡᠷᠦᠩᠬᠡᠶ ᠰᠡᠳᠭᠢᠴᠡ ᠪᠠ ᠵᠠᠷᠴᠢᠮ᠎ᠢ ᠲᠣᠳᠣᠷᠬᠠᠶ ᠲᠣᠳᠣᠷᠬᠠᠢᠯᠠᠨ ᠥᠭᠦᠯᠡᠨ᠎ᠡ )

  ᠭᠤᠷᠪᠠ᠂ ᠭᠤᠣᠯᠳᠠᠯᠭ᠎ᠠ᠎ᠲᠠᠢ ᠪᠠᠢᠭᠤᠯᠤᠯᠲᠠ᠎ᠶ᠋ᠢᠨ ᠠᠭᠤᠯᠭ᠎ᠠ

  ( ᠨᠢᠭᠡ ) ᠰᠠᠭᠤᠷᠢ ᠪᠣᠯᠬᠤ ᠪᠠᠢᠭᠤᠯᠤᠯᠲᠠ

  ᠶᠡᠷᠦᠩᠬᠡᠶ ᠪᠦᠲᠦᠴᠡ᠎ᠶ᠋ᠢᠨ ᠵᠢᠷᠤᠭ ᠲᠥᠯᠥᠪᠯᠡᠭᠡ ( ᠪᠥᠬᠦ᠌ ᠤᠯᠤᠰ᠎ᠤᠨ ᠡᠮᠴᠢᠯᠡᠭᠡᠨ᠎ᠤ ᠪᠠᠲᠤᠯᠠᠭ᠎ᠠ᠎ᠶᠢᠨ ᠮᠡᠳᠡᠭᠡ ᠵᠠᠩᠭᠢ᠎ᠶ᠋ᠢᠨ ᠲᠠᠪᠴᠠᠩ᠎ᠯᠤᠭ᠎ᠠ ᠵᠣᠯᠭᠠᠭᠤᠯᠬᠤ ᠯᠣᠭᠢᠭ ᠪᠣᠯᠭᠠᠬᠤ᠎ᠪᠠᠷ ᠲᠣᠳᠣᠷᠬᠠᠢᠯᠠᠬᠤ ᠴᠢᠬᠤᠯᠠᠲᠠᠶ )᠂ ᠮᠡᠷᠭᠡᠵᠢᠯ᠎ᠤᠨ ᠬᠡᠯᠪᠡᠷᠢ ᠰᠣᠩᠭᠤᠬᠤ ᠲᠥᠰᠦᠯ ( ᠡᠭᠦᠯᠡᠨ ᠪᠣᠳᠣᠯᠲᠠ᠂ ᠲᠣᠮᠣ ᠳ᠋ᠠᠢᠲ᠋ᠠ᠎ᠶ᠋ᠢᠨ ᠲᠠᠪᠴᠠᠩ᠂ AI ᠲᠣᠮᠣ ᠵᠠᠭ᠍ᠪᠤᠷ᠂ ᠬᠤᠪᠢ᠎ᠶ᠋ᠢᠨ ᠨᠢᠭᠤᠴᠠ᠎ᠪᠠᠷ ᠪᠤᠳᠤᠬᠤ ᠵᠡᠷᠭᠡ ᠮᠡᠷᠭᠡᠵᠢᠯ᠎ᠤᠨ ᠬᠡᠷᠡᠭ᠌ᠯᠡᠭᠡᠨ᠎ᠤ ᠪᠠᠢ᠌ᠳᠠᠯ ᠬᠢᠭᠡᠳ ᠳᠣᠭᠢᠷᠠᠬᠤ ᠪᠠᠷᠢᠮᠵᠢᠶ᠎ᠠ )᠂ ᠰᠠᠭᠤᠷᠢ ᠪᠡᠯᠡᠳᠭᠡᠮᠵᠢ᠎ᠶ᠋ᠢᠨ ᠲᠥᠯᠥᠪᠵᠢᠭᠦᠯᠭᠡ ( ᠬᠠᠳᠠᠭᠠᠯᠠᠬᠤ᠂ ᠪᠤᠳᠤᠬᠤ᠂ ᠰᠦᠯᠵᠢᠶᠡᠨ᠎ᠤ ᠡᠬᠢ ᠪᠠᠶᠠᠯᠢᠭ᠎ᠤᠨ ᠲᠣᠬᠢᠷᠠᠭᠤᠯᠤᠯᠲᠠ᠂ ᠲᠤᠯᠭᠠᠭᠤᠷᠢᠯᠠᠯ᠎ᠤᠨ ᠥᠨᠳᠥᠷ ᠳᠠᠪᠬᠤᠴᠠᠭ᠍ᠰᠠᠨ ᠳ᠋ᠠᠢᠲ᠋ᠠ᠎ᠶ᠋ᠢ ᠱᠢᠶ᠋ᠳᠪᠦᠷᠢᠯᠡᠬᠦ᠌ ᠪᠠ ᠦᠢᠯᠡᠴᠢᠯᠡᠭᠡᠨ᠎ᠤ ᠰᠤᠷᠪᠤᠯᠵᠢᠯᠠᠭ᠎ᠠ )᠂ ᠳ᠋ᠠᠢᠲ᠋ᠠ᠎ᠶ᠋ᠢᠨ ᠵᠠᠰᠠᠯᠲᠠ᠎ᠶ᠋ᠢᠨ ᠲᠣᠭ᠍ᠲᠠᠴᠠ ᠵᠡᠷᠭᠡ᠎ᠶ᠋ᠢ ᠦᠨᠡᠨ ᠬᠦ᠌ ᠪᠠᠲᠤᠯᠠᠨ᠎ᠠ᠃

  ( ᠬᠤᠶᠠᠷ ) ᠭᠤᠣᠯᠯᠠᠬᠤ ᠴᠢᠳᠠᠪᠤᠷᠢ᠎ᠶ᠋ᠢᠨ ᠪᠠᠢᠭᠤᠯᠤᠯᠲᠠ

  ᠭᠤᠣᠯ ᠵᠢᠷᠤᠭ᠎ᠤᠨ ᠲᠥᠷᠥᠯ ᠬᠡᠯᠪᠡᠷᠢ᠂ ᠳ᠋ᠠᠢ᠌ᠲ᠋ᠠ᠎ᠶ᠋ᠢ ᠴᠤᠭ᠍ᠯᠠᠭᠤᠯᠬᠤ ᠬᠡᠪᠴᠢᠶ᠎ᠡ ( ᠡᠮᠴᠢᠯᠡᠭᠡᠨ᠎ᠤ ᠪᠠᠲᠤᠯᠠᠭ᠎ᠠ᠎ᠶ᠋ᠢᠨ ᠳᠣᠲᠣᠷᠠᠬᠢ ᠳ᠋ᠠᠢ᠌ᠲ᠋ᠠ᠂ ᠰᠠᠯᠠᠭ᠎ᠠ ᠮᠥᠴᠢᠷ ᠠᠯᠤᠰᠯᠠᠭ᠍ᠰᠠᠨ ᠳ᠋ᠠᠢ᠌ᠲ᠋ᠠ᠂ ᠣᠯᠠᠨ ᠵᠠᠭ᠍ᠪᠤᠷᠲᠤ ᠡᠷᠡᠭᠦᠯ ᠮᠡᠨᠳᠦ᠍᠎ᠶ᠋ᠢᠨ ᠳ᠋ᠠᠢ᠌ᠲ᠋ᠠ᠂ ᠲᠣᠰ ᠭᠠᠵᠠᠷ᠎ᠤᠨ ᠣᠨᠴᠠᠯᠢᠭ᠍ᠲᠤ ᠳ᠋ᠠᠢ᠌ᠲ᠋ᠠ᠎ᠶ᠋ᠢᠨ ᠨᠠᠷᠢᠨ ᠬᠠᠭᠤᠳᠠᠰᠤ )ᠵᠡᠷᠭᠡ᠎ᠶ᠋ᠢ ᠡᠮᠬᠢᠯᠡᠨ ᠨᠡᠢᠯᠡᠭᠦᠯᠦᠨ᠎ᠡ᠃

  ( ᠭᠤᠷᠪᠠ ) ᠪᠠᠢ᠌ᠳᠠᠯ᠎ᠤᠨ ᠨᠠᠢ᠌ᠳᠠᠪᠤᠷᠢᠵᠢᠭᠤᠯᠤᠯᠲᠠ᠎ᠶᠢᠨ ᠪᠠᠢᠭᠤᠯᠤᠯᠲᠠ

  ᠡᠷᠡᠭᠦᠯ ᠮᠡᠨᠳᠦ᠍᠎ᠶ᠋ᠢ ᠤᠷᠢᠳᠴᠢᠯᠠᠨ ᠰᠡᠷᠭᠡᠢᠯᠡᠬᠦ᠌ ᠪᠠ ᠲᠦᠭ᠌ᠰᠢᠭᠦᠷᠢ᠎ᠶ᠋ᠢ ᠤᠷᠢᠳᠴᠢᠯᠠᠨ ᠰᠡᠷᠡᠮᠵᠢᠯᠡᠭᠦᠯᠬᠦ᠌ ᠦᠵᠡᠭ᠌ᠳᠡᠯ᠂ ᠳᠥᠭᠦᠮ ᠳᠥᠲᠡ ᠡᠪᠡᠳᠴᠢᠨ ᠦᠵᠡᠭᠦᠯᠬᠦ᠌ ᠦᠢᠯᠡᠴᠢᠯᠡᠭᠡᠨ᠎ᠤ ᠦᠵᠡᠭ᠌ᠳᠡᠯ᠂ ᠪᠦᠬᠦ᠌ ᠦᠶᠡᠯᠡᠯ᠎ᠤᠨ ᠬᠤᠭᠤᠴᠠᠭᠠᠨ᠎ᠤ ᠡᠷᠡᠭᠦᠯ ᠮᠡᠨᠳᠦ᠍᠎ᠶ᠋ᠢᠨ ᠬᠠᠮᠢᠶᠠᠷᠤᠯᠲᠠ᠎ᠶ᠋ᠢᠨ ᠦᠵᠡᠭ᠌ᠳᠡᠯ᠂ ᠤᠶᠤᠨᠴᠢᠯᠠᠭ᠍ᠰᠠᠨ ᠡᠮᠴᠢᠯᠡᠭᠡᠨ᠎ᠤ ᠪᠠᠲᠤᠯᠠᠭ᠎ᠠ᠎ᠶᠢᠨ ᠦᠢᠯᠡᠴᠢᠯᠡᠭᠡᠨ᠎ᠤ ᠦᠵᠡᠭ᠌ᠳᠡᠯ ᠵᠡᠷᠭᠡ᠃

  ( ᠲᠦᠷᠪᠡ ) ᠠᠮᠤᠷ ᠲᠦᠪᠱᠢᠨ᠎ᠤ ᠵᠠᠰᠠᠯᠲᠠ᠎ᠶ᠋ᠢᠨ ᠪᠦᠲᠦᠭᠡᠨ ᠪᠠᠢᠭᠤᠯᠤᠯᠲᠠ

  ᠳ᠋ᠠᠢ᠌ᠲ᠋ᠠ᠎ᠶ᠋ᠢᠨ ᠠᠮᠤᠷ ᠲᠦᠪᠱᠢᠨ᠎ᠤ ᠪᠥᠬᠦ᠌ ᠶᠠᠪᠤᠴᠠ᠎ᠶ᠋ᠢᠨ ᠪᠠᠲᠤᠯᠠᠭ᠎ᠠ᠂ ᠲᠣᠭ᠍ᠲᠠᠭᠠᠯ᠎ᠳᠤ ᠨᠡᠢᠴᠡᠬᠦ᠌ ᠪᠠᠲᠤᠯᠠᠭ᠎ᠠ᠎ᠶ᠋ᠢᠨ ᠠᠷᠭ᠎ᠠ ᠬᠡᠮᠵᠢᠶ᠎ᠡ᠂ ᠲᠦᠭ᠌ᠰᠢᠭᠦᠷᠢ᠎ᠶ᠋ᠢᠨ ᠪᠠᠴᠢᠮ ᠪᠠᠢᠳᠠᠯ᠎ᠢ ᠠᠷᠭ᠋ᠠᠴᠠᠭ᠋ᠠᠨ ᠱᠢᠢᠳᠪᠦᠷᠢᠯᠡᠬᠦ᠌ ᠵᠡᠷᠭᠡ᠃

  ᠳᠥᠷᠪᠡ᠂ ᠬᠡᠷᠡᠭ᠌ᠵᠢᠭᠦᠯᠬᠦ᠌ ᠠᠯᠬᠤᠮ ᠳᠠᠷᠠᠭ᠎ᠠ

  ( ᠴᠠᠭ᠎ᠤᠨ ᠵᠠᠩᠭᠢᠯᠠᠭ᠎ᠠ᠎ᠶᠢᠨ ᠴᠡᠭ᠎ᠢᠶᠡᠷ ᠵᠠᠩᠭᠢᠯᠠᠭ᠎ᠠ᠎ᠶ᠋ᠢᠨ ᠡᠭᠦᠷᠭᠡ᠂ ᠬᠠᠷᠢᠭᠤᠴᠠᠯᠭ᠎ᠠ᠎ᠶ᠋ᠢᠨ ᠭᠤᠣᠯ ᠴᠣᠭ᠍ᠴᠠ᠂ ᠪᠡᠯᠭᠡ ᠲᠡᠮᠳᠡᠭ᠎ᠤᠨ ᠬᠠᠷᠠᠯᠲᠠ ᠬᠢᠭᠡᠳ ᠵᠠᠩᠭᠢᠯᠠᠭ᠎ᠠ᠎ᠶ᠋ᠢᠨ ᠲᠤᠱᠢᠶᠠᠭ᠍ᠰᠠᠨ ᠪᠣᠳᠠᠰ᠎ᠢ ᠵᠢᠭᠰᠠᠭ᠋ᠠᠨ᠎ᠠ )

  ᠲᠠᠪᠤ᠂ ᠪᠠᠲᠤᠯᠠᠭ᠎ᠠ᠎ᠶ᠋ᠢᠨ ᠠᠷᠭ᠎ᠠ ᠬᠡᠮᠵᠢᠶ᠎ᠡ

  ( ᠵᠣᠬᠢᠶᠠᠨ ᠪᠠᠢᠭᠤᠯᠤᠯᠲᠠ᠂ ᠵᠠᠷᠤᠳᠠᠯ᠂ ᠮᠡᠷᠭᠡᠵᠢᠯ᠂ ᠠᠮᠤᠷ ᠲᠦᠪᠱᠢᠨ᠂ ᠳᠦᠷᠢᠮ ᠵᠡᠷᠭᠡ ᠪᠣᠳᠠᠲᠠᠶ ᠪᠠᠲᠤᠯᠠᠭ᠎ᠠ᠎ᠶ᠋ᠢᠨ ᠲᠣᠬᠢᠷᠠᠭᠤᠯᠤᠯᠲᠠ )

  

  

( ᠭᠤᠶᠤᠴᠢᠯᠠᠨ ᠮᠡᠳᠡᠭᠦᠯᠬᠦ᠌ ᠨᠢᠭᠡᠴᠢ᠎ᠶ᠋ᠢᠨ ᠠᠯᠪᠠᠨ ᠲᠠᠮᠠᠭ᠎ᠠ )

ᠣᠨ   ᠰᠠᠷ᠎ᠠ   ᠡᠳᠦᠷ

ᠢᠷᠡᠯᠲᠡ᠄ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
 
            