ᠨᠢᠭᠡ᠂ ᠲᠤᠭᠤᠷᠪᠢᠭᠰᠠᠨ ᠠᠬᠤᠶ ᠪᠠᠶ᠋ᠢᠳᠠᠯ ᠪᠠ ᠲᠥᠷᠥ ᠵᠢᠨ ᠪᠣᠳᠣᠯᠭ᠎ᠠ ᠵᠢᠨ ᠦᠨᠳᠦᠰᠦᠯᠡᠯ
ᠳᠠᠭ᠋ᠠᠳᠬᠠᠯ᠎ᠳᠤ ᠣᠷᠣᠯᠴᠠᠭᠰᠠᠳ᠎ᠤᠨ ᠦᠨᠳᠦᠰᠦᠨ ᠡᠮᠴᠢᠯᠡᠭᠡᠨ᠎ᠤ ᠪᠠᠲᠤᠯᠠᠭ᠎ᠠ ᠵᠢᠨ ᠡᠷᠬᠡ ᠠᠰᠢᠭ᠎ᠢ ᠬᠠᠮᠠᠭ᠋ᠠᠯᠠᠬᠤ ᠵᠢᠨ ᠲᠤᠰᠠᠳᠠ᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠨᠡᠶ᠋ᠢᠭᠡᠮ᠎ᠤᠨ ᠳᠠᠭ᠋ᠠᠳᠬᠠᠯ᠎ᠤᠨ ᠬᠠᠤᠯᠢ》᠂ 《ᠨᠡᠶ᠋ᠢᠭᠡᠮ᠎ᠤᠨ ᠳᠠᠭ᠋ᠠᠳᠬᠠᠯ᠎ᠤᠨ ᠭᠠᠷᠲᠠᠨ ᠭᠦᠢ᠍ᠴᠡᠳᠭᠡᠬᠦ ᠲᠦᠷᠢᠮ》᠂ 《ᠨᠡᠶ᠋ᠢᠭᠡᠮ᠎ᠤᠨ ᠳᠠᠭ᠋ᠠᠳᠬᠠᠯ᠎ᠤᠨ ᠰᠠᠭᠤᠷᠢ ᠮᠥᠩᠭᠦ ᠵᠢ ᠤᠷᠢᠳ ᠵᠶ᠋ᠠᠷ ᠲᠦᠯᠦᠬᠦ ᠲᠦᠷ ᠬᠡᠷᠡᠭᠵᠢᠭᠦᠯᠬᠦ ᠠᠷᠭ᠎ᠠ》 (ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ᠎ᠤ 15 ᠳ᠋ᠤᠭ᠋ᠠᠷ ᠲᠣᠭ᠋ᠠᠲᠤ ᠵᠠᠷᠯᠢᠭ)᠂ 《ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠎ᠤᠨ ᠮᠤᠵᠢ ᠠᠯᠤᠰᠯᠠᠨ ᠣᠨᠳᠣᠤ ᠭᠠᠵᠠᠷ᠎ᠲᠤ ᠡᠮᠨᠡᠭᠦᠯᠦᠭᠰᠡᠨ ᠵᠠᠷᠤᠳᠠᠯ᠎ᠢ ᠰᠢᠭᠤᠳ ᠳ᠋ᠦᠩᠨᠡᠨ ᠪᠤᠳᠤᠬᠤ ᠠᠵᠢᠯ᠎ᠢ ᠤᠯᠠᠮ ᠨᠢᠭᠡ ᠠᠯᠬᠤᠮ ᠰᠠᠶ᠋ᠢᠲᠤᠷ ᠬᠢᠬᠦ ᠲᠤᠬᠠᠶ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠂ ᠡᠳ᠋᠎ᠤᠨ ᠵᠠᠰᠠᠭ᠎ᠤᠨ ᠶᠠᠮᠤᠨ᠎ᠤ ᠮᠡᠳᠡᠭᠳᠡᠯ》 (ᠡᠮᠴᠢᠯᠡᠭᠡᠨ᠎ᠤ ᠪᠠᠲᠤᠯᠠᠭ᠎ᠠ ᠲᠠᠷᠬᠠᠭ᠋ᠠᠭᠰᠠᠨ [2022] 22 ᠳ᠋ᠤᠭ᠋ᠠᠷ ᠲᠣᠭ᠋ᠠᠲᠤ)᠂ 《ᠪᠥᠬᠦ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠭᠠᠷᠲᠠᠨ ᠭᠦᠢ᠍ᠴᠡᠳᠭᠡᠬᠦ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠤᠨ ᠨᠠᠷᠢᠨ ᠬᠠᠭᠤᠳᠠᠰᠤ》 ᠵᠡᠷᠭᠡ ᠬᠠᠮᠢᠶ᠎ᠠ ᠪᠥᠬᠦᠶ ᠵᠣᠷᠢᠭ ᠰᠠᠨᠠᠭ᠎ᠠ ᠵᠢ ᠦᠨᠳᠦᠰᠦᠯᠡᠨ᠂ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠳᠤ ᠣᠷᠣᠯᠴᠠᠭᠰᠠᠳ᠎ᠤᠨ ᠵᠠᠮ ᠬᠠᠷᠢᠯᠴᠠᠭ᠋ᠠᠨ᠎ᠤ ᠠᠳᠡᠯ᠎ᠤᠨ ᠡᠮ ᠡᠮᠨᠡᠯᠭᠡ ᠵᠢᠨ ᠳᠠᠭ᠋ᠠᠳᠬᠠᠯ᠎ᠤᠨ ᠲᠣᠭ᠋ᠠᠴᠠᠭ᠎ᠠ ᠬᠢᠬᠦ ᠶᠠᠪᠤᠴᠠ ᠵᠢ ᠤᠯᠠᠮ ᠨᠢᠭᠡ ᠠᠯᠬᠤᠮ ᠵᠢᠷᠤᠮᠵᠢᠭᠤᠯᠵᠤ᠂ 《ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠎ᠳᠤ ᠣᠷᠣᠯᠴᠠᠭᠰᠠᠳ᠎ᠤᠨ ᠵᠠᠮ ᠬᠠᠷᠢᠯᠴᠠᠭ᠋ᠠᠨ᠎ᠤ ᠠᠳᠡᠯ᠎ᠤᠨ ᠡᠮ ᠡᠮᠨᠡᠯᠭᠡ ᠵᠢᠨ ᠳᠠᠭ᠋ᠠᠳᠬᠠᠯ᠎ᠤᠨ ᠲᠣᠭ᠋ᠠᠴᠠᠭ᠎ᠠ ᠬᠢᠬᠦ ᠶᠠᠪᠤᠴᠠ ᠵᠢᠨ ᠲᠤᠬᠠᠶ ᠮᠡᠳᠡᠭᠳᠡᠯ》 (ᠳᠣᠷᠣᠭᠰᠢ 《ᠮᠡᠳᠡᠭᠳᠡᠯ》 ᠭᠡᠵᠦ ᠲᠣᠪᠴᠢᠯᠠᠨ᠎ᠠ)᠎ᠢ ᠲᠣᠭᠲᠠᠭ᠋ᠠᠪᠠ᠃
ᠬᠤᠶᠠᠷ᠂ ᠭᠤᠣᠯ ᠠᠭᠤᠯᠭ᠎ᠠ
(ᠨᠢᠭᠡ) ᠳᠠᠩᠰᠠ ᠴᠠᠢ᠌ᠷᠠᠭᠤᠯᠬᠤ ᠦᠶ᠎ᠡ ᠵᠢᠨ ᠭᠤᠶᠤᠴᠢᠯᠠᠯ᠎ᠤᠨ ᠮᠠᠲ᠋ᠧᠷᠢᠶᠠᠯ᠃ 《ᠨᠡᠶ᠋ᠢᠭᠡᠮ᠎ᠤᠨ ᠳᠠᠭ᠋ᠠᠳᠬᠠᠯ᠎ᠢ ᠭᠠᠷᠳᠠᠨ ᠭᠦᠢ᠍ᠴᠡᠳᠬᠡᠬᠦ ᠳᠦᠷᠢᠮ》᠎ᠤᠨ ᠬᠤᠷᠢᠳᠤᠭ᠋ᠠᠷ ᠵᠣᠷᠪᠤᠰ᠎ᠤᠨ ᠱᠠᠭ᠋ᠠᠷᠳᠠᠯᠭ᠎ᠠ ᠶᠣᠰᠣᠭ᠋ᠠᠷ᠂ ᠡᠮᠴᠢᠯᠡᠭᠡᠨ᠎ᠤ ᠪᠠᠶ᠋ᠢᠭᠤᠯᠤᠮᠵᠢ᠂ ᠡᠮ᠎ᠤᠨ ᠵᠦᠢ᠍ᠯ᠎ᠢ ᠡᠵᠡᠩᠨᠡᠬᠦ ᠨᠢᠭᠡᠴᠢ ᠵᠢᠨ ᠰᠦᠢ᠍ᠳᠬᠡᠯ ᠬᠤᠷᠢᠶᠠᠬᠤ ᠫᠢᠶᠣᠣ ᠪᠠᠷᠢᠮᠲᠠ᠂ ᠵᠠᠷᠤᠳᠠᠯ᠎ᠤᠨ ᠨᠠᠷᠢᠨ ᠬᠠᠭᠤᠳᠠᠰᠤ᠂ ᠣᠨᠣᠰᠢᠯᠠᠭᠰᠠᠨ ᠭᠡᠷᠡᠴᠢ᠂ ᠡᠪᠡᠳᠴᠢᠨ᠎ᠤ ᠲᠡᠮᠳᠡᠭᠯᠡᠯ᠎ᠤᠨ ᠮᠠᠲ᠋ᠧᠷᠢᠶᠠᠯ ᠵᠡᠷᠭᠡ ᠮᠠᠲ᠋ᠧᠷᠢᠶᠠᠯ᠎ᠢ ᠬᠠᠩᠭ᠋ᠠᠬᠤ᠎ᠠᠴᠠ ᠭᠠᠳᠠᠨ᠎ᠠ᠂ ᠠᠳᠠᠯᠢ ᠪᠤᠰᠤ ᠪᠠᠶ᠋ᠢᠳᠠᠯ᠎ᠢ ᠦᠨᠳᠦᠰᠦᠯᠡᠨ ᠪᠠᠰᠠ ᠳᠣᠣᠷᠠᠬᠢ ᠮᠠᠲ᠋ᠧᠷᠢᠶᠠᠯ᠎ᠢ ᠬᠠᠩᠭ᠋ᠠᠬᠤ ᠬᠡᠷᠡᠭᠲᠡᠢ᠃
1. ᠭᠤᠷᠪᠠᠳᠠᠬᠢ ᠬᠦᠮᠦᠨ ᠪᠠᠶ᠋ᠢᠬᠤ ᠦᠭᠡᠶ᠂ ᠳᠠᠷᠤᠢ ᠳᠠᠭ᠋ᠠᠳᠬᠠᠯ᠎ᠳᠤ ᠣᠷᠣᠯᠴᠠᠭᠰᠠᠨ ᠲᠤᠰ ᠬᠥᠮᠦᠨ᠎ᠨᠢ ᠪᠦᠬᠦ ᠬᠠᠷᠢᠭᠤᠴᠠᠯᠭ᠎ᠠ ᠵᠢ ᠡᠭᠦᠷᠭᠡᠯᠡᠨ᠎ᠡ᠃ 《ᠪᠥᠬᠦ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠭᠠᠷᠲᠠᠨ ᠭᠦᠢ᠍ᠴᠡᠳᠭᠡᠬᠦ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠤᠨ ᠨᠠᠷᠢᠨ ᠬᠠᠭᠤᠳᠠᠰᠤ》 ᠵᠢᠨ ᠲᠣᠭᠲᠠᠭ᠋ᠠᠯ᠎ᠢ ᠦᠨᠳᠦᠰᠦᠯᠡᠨ᠂ ᠪᠠᠰᠠ ᠵᠠᠮ ᠬᠠᠷᠢᠯᠴᠠᠭ᠋ᠠᠨ᠎ᠤ ᠠᠳᠡᠯ᠎ᠢ ᠮᠠᠭ᠋ᠠᠳᠯᠠᠨ ᠲᠣᠭᠲᠠᠭ᠋ᠠᠭᠰᠠᠨ ᠪᠢᠴᠢᠭ ᠪᠤᠶᠤ ᠳᠠᠭ᠋ᠠᠳᠬᠠᠯ᠎ᠳᠤ ᠣᠷᠣᠯᠴᠠᠭᠰᠠᠳ 《ᠭᠠᠳᠠᠷ ᠰᠢᠷᠬ᠎ᠠ᠎ᠨᠢ ᠭᠤᠷᠪᠠᠳᠠᠬᠢ ᠡᠲᠡᠭᠡᠳ᠎ᠤᠨ ᠬᠠᠷᠢᠭᠤᠴᠠᠯᠭ᠎ᠠ ᠦᠭᠡᠢ ᠠᠮᠠᠯᠠᠯᠲᠠ ᠵᠢᠨ ᠪᠢᠴᠢᠭ》᠎ᠢ ᠲᠠᠭᠯᠠᠬᠤ ᠬᠡᠷᠡᠭᠲᠡᠶ᠃
2. ᠭᠤᠷᠪᠠᠳᠡᠬᠢ ᠬᠦᠮᠦᠨ᠎ᠤ ᠬᠠᠷᠢᠭᠤᠴᠠᠯᠭ᠎ᠠ᠎ᠠᠴᠠ ᠳᠠᠪᠠᠭᠰᠠᠨ ᠬᠡᠰᠡᠭ᠂ ᠳᠠᠷᠤᠢ ᠳᠠᠭ᠋ᠠᠳᠬᠠᠯ᠎ᠳᠤ ᠣᠷᠣᠯᠴᠠᠭᠰᠠᠨ ᠲᠤᠰ ᠬᠥᠮᠦᠨ᠎ᠤ ᠬᠠᠷᠢᠭᠤᠴᠠᠯᠭ᠎ᠠ ᠵᠢᠨ ᠬᠡᠪᠴᠢᠶᠡᠨ ᠳᠤᠲᠤᠷᠠᠬᠢ ᠡᠮᠴᠢᠯᠡᠭᠡᠨ᠎ᠤ ᠵᠠᠷᠤᠳᠠᠯ᠃ ᠵᠠᠮ ᠬᠠᠷᠢᠯᠴᠠᠭ᠋ᠠᠨ᠎ᠤ ᠠᠳᠡᠯ᠎ᠢ ᠮᠠᠭ᠋ᠠᠳᠯᠠᠨ ᠲᠣᠭᠲᠠᠭ᠋ᠠᠭᠰᠠᠨ ᠪᠢᠴᠢᠭ᠂ ᠬᠦᠴᠦᠨ᠎ᠲᠠᠢ ᠪᠣᠯᠤᠭᠰᠠᠨ ᠰᠢᠭᠦᠬᠦ ᠬᠤᠷᠢᠶᠠᠨ᠎ᠤ ᠰᠢᠭᠦᠨ ᠲᠠᠰᠤᠯᠤᠯᠲᠠ ᠵᠢᠨ ᠪᠢᠴᠢᠭ᠂ ᠡᠶᠡᠳᠡᠭᠦᠯᠭᠡ ᠵᠢᠨ ᠪᠢᠴᠢᠭ ᠵᠡᠷᠭᠡ ᠳᠣᠲᠣᠭ᠋ᠠᠳᠤ ᠵᠢ ᠬᠠᠮᠠᠭ᠋ᠠᠯᠠᠬᠤ᠂ ᠰᠢᠭᠦᠬᠦ ᠬᠤᠷᠢᠶ᠎ᠠ ᠵᠡᠷᠭᠡ ᠰᠠᠯᠠᠭ᠎ᠠ ᠮᠥᠴᠢᠷ᠎ᠤᠨ ᠭᠠᠷᠭ᠋ᠠᠭᠰᠠᠨ ᠳᠠᠭ᠋ᠠᠳᠬᠠᠯ᠎ᠳᠤ ᠣᠷᠣᠯᠴᠠᠭᠰᠠᠨ ᠬᠦᠮᠦᠨ᠎ᠤ ᠬᠠᠷᠢᠭᠤᠴᠠᠯᠭ᠎ᠠ ᠵᠢ ᠡᠭᠦᠷᠭᠡᠯᠡᠬᠦ ᠬᠠᠷᠢᠴᠠᠯ᠎ᠢ ᠲᠣᠳᠣᠷᠬᠠᠶ᠋ᠢᠯᠠᠵᠤ ᠴᠢᠳᠠᠬᠤ ᠬᠣᠯᠪᠤᠭᠳᠠᠯ ᠪᠦᠬᠦᠢ ᠭᠡᠷᠡᠴᠢ ᠮᠠᠲ᠋ᠧᠷᠢᠶᠠᠯ᠎ᠢ ᠬᠠᠩᠭ᠋ᠠᠬᠤ ᠬᠡᠷᠡᠭᠲᠡᠶ᠃
3. ᠭᠤᠷᠪᠠᠳᠠᠬᠢ ᠬᠦᠮᠦᠨ᠎ᠤ ᠬᠠᠷᠢᠭᠤᠴᠠᠯᠭ᠎ᠠ ᠵᠢᠨ ᠬᠡᠰᠡᠭ᠂ ᠳᠠᠷᠤᠶ ᠭᠤᠷᠪᠠᠳᠠᠬᠢ ᠬᠦᠮᠦᠨ᠎ᠤ ᠬᠠᠷᠢᠭᠤᠴᠠᠯᠭ᠎ᠠ ᠵᠢᠨ ᠬᠡᠪᠴᠢᠶᠡᠨ ᠳᠣᠲᠣᠷᠠᠬᠢ ᠡᠮᠴᠢᠯᠡᠭᠡᠨ᠎ᠤ ᠵᠠᠷᠤᠳᠠᠯ᠎ᠳᠤ ᠬᠠᠷᠢᠶᠠᠯᠠᠭᠳᠠᠪᠠᠯ᠂ ᠭᠤᠷᠪᠠᠳᠠᠬᠢ ᠬᠦᠮᠦᠨ ᠥᠭᠬᠦ ᠦᠭᠡᠶ ᠪᠤᠶᠤ ᠭᠤᠷᠪᠠᠳᠠᠬᠢ ᠬᠦᠮᠦᠨ᠎ᠢ ᠲᠣᠭᠲᠠᠭ᠋ᠠᠬᠤ ᠵᠢᠨ ᠠᠷᠭ᠎ᠠ ᠦᠭᠡᠶ ᠪᠣᠯ ᠳᠠᠭ᠋ᠠᠳᠬᠠᠯ᠎ᠳᠤ ᠣᠷᠣᠯᠴᠠᠭᠰᠠᠨ ᠬᠦᠮᠦᠨ ᠡᠮᠨᠡᠯᠭᠡ ᠵᠢᠨ ᠳᠠᠭ᠋ᠠᠳᠬᠠᠯ᠎ᠢ ᠤᠷᠢᠳ ᠵᠶ᠋ᠠᠷ ᠲᠦᠯᠦᠬᠦ᠎ᠪᠠᠷ ᠭᠤᠶᠤᠴᠢᠯᠠᠵᠤ ᠪᠣᠯᠤᠨ᠎ᠠ᠃ ᠭᠤᠶᠤᠴᠢᠯᠠᠭᠴᠢ 《ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠎ᠤᠨ ᠰᠠᠭᠤᠷᠢ ᠮᠥᠩᠭᠦ᠎ᠠᠴᠠ ᠡᠮᠴᠢᠯᠡᠭᠡᠨ᠎ᠤ ᠵᠠᠷᠤᠳᠠᠯ᠎ᠢ ᠤᠷᠢᠳ ᠵᠶ᠋ᠠᠷ ᠲᠦᠯᠦᠬᠦ ᠭᠤᠶᠤᠴᠢᠯᠠᠯ᠎ᠤᠨ ᠬᠦᠰᠦᠨᠦᠭ》᠎ᠢ ᠲᠠᠭᠯᠠᠵᠤ᠂ ᠵᠠᠮ ᠬᠠᠷᠢᠯᠴᠠᠭ᠋ᠠᠨ᠎ᠤ ᠠᠳᠡᠯ᠎ᠢ ᠮᠠᠭ᠋ᠠᠳᠯᠠᠨ ᠲᠣᠭᠲᠠᠭ᠋ᠠᠭᠰᠠᠨ ᠪᠢᠴᠢᠭ᠂ ᠬᠦᠴᠦᠨ᠎ᠲᠠᠢ ᠪᠣᠯᠤᠭᠰᠠᠨ ᠰᠢᠭᠦᠬᠦ ᠬᠤᠷᠢᠶᠠᠨ᠎ᠤ ᠰᠢᠭᠦᠨ ᠲᠠᠰᠤᠯᠤᠯᠲᠠ ᠵᠢᠨ ᠪᠢᠴᠢᠭ᠂ ᠡᠶᠡᠳᠡᠭᠦᠯᠭᠡ ᠵᠢᠨ ᠪᠢᠴᠢᠭ ᠵᠡᠷᠭᠡ ᠳᠣᠲᠣᠭ᠋ᠠᠳᠤ ᠵᠢ ᠬᠠᠮᠠᠭ᠋ᠠᠯᠠᠬᠤ᠂ ᠰᠢᠭᠦᠬᠦ ᠬᠤᠷᠢᠶ᠎ᠠ ᠵᠡᠷᠭᠡ ᠰᠠᠯᠠᠭ᠎ᠠ ᠮᠥᠴᠢᠷ᠎ᠤᠨ ᠬᠢᠵᠦ ᠥᠭᠭᠦᠭᠰᠡᠨ ᠳᠠᠭ᠋ᠠᠳᠬᠠᠯ᠎ᠳᠤ ᠣᠷᠣᠯᠴᠠᠭᠰᠠᠨ ᠬᠦᠮᠦᠨ᠎ᠤ ᠬᠠᠷᠢᠭᠤᠴᠠᠯᠭ᠎ᠠ ᠡᠭᠦᠷᠭᠡᠯᠡᠬᠦ ᠬᠠᠷᠢᠴᠠᠯ᠎ᠢ ᠲᠣᠳᠣᠷᠬᠠᠶ ᠲᠣᠭᠲᠠᠭ᠋ᠠᠵᠤ ᠳᠡᠶ᠋ᠢᠯᠬᠦ ᠬᠣᠯᠪᠤᠭᠳᠠᠯ ᠪᠦᠬᠦᠢ ᠭᠡᠷᠡᠴᠢᠯᠡᠬᠦ ᠮᠠᠲ᠋ᠧᠷᠢᠶᠠᠯ ᠵᠢᠴᠢ ᠭᠤᠷᠪᠠᠳᠠᠬᠢ ᠬᠦᠮᠦᠨ ᠲᠦᠯᠦᠬᠦ ᠦᠭᠡᠢ ᠪᠤᠶᠤ ᠭᠤᠷᠪᠠᠳᠠᠬᠢ ᠬᠦᠮᠦᠨ᠎ᠢ ᠲᠣᠭᠲᠠᠭ᠋ᠠᠬᠤ ᠵᠢᠨ ᠠᠷᠭ᠎ᠠ ᠦᠭᠡᠢ ᠬᠠᠤᠯᠢ᠎ᠪᠠᠷ ᠲᠣᠭᠲᠠᠭ᠋ᠠᠭᠰᠠᠨ ᠬᠦᠴᠦᠨ᠎ᠲᠠᠢ ᠬᠣᠯᠪᠤᠭᠳᠠᠯ ᠪᠦᠬᠦᠢ ᠭᠡᠷᠡᠴᠢ ᠪᠢᠴᠢᠭ᠎ᠢ ᠬᠠᠩᠭ᠋ᠠᠨ᠎ᠠ᠃ ᠡᠭᠦᠨ᠎ᠤ ᠳᠣᠲᠣᠷ᠎ᠠ᠂ ᠭᠤᠷᠪᠠᠳᠠᠬᠢ ᠬᠦᠮᠦᠨ᠎ᠨᠢ ᠥᠭᠬᠦ ᠦᠭᠡᠢ ᠪᠤᠶᠤ ᠭᠤᠷᠪᠠᠳᠠᠬᠢ ᠬᠥᠮᠦᠨ᠎ᠨᠢ ᠬᠠᠤᠯᠢ᠎ᠪᠠᠷ ᠲᠣᠭᠲᠠᠭ᠋ᠠᠭᠰᠠᠨ ᠬᠦᠴᠦᠨ᠎ᠲᠠᠢ ᠭᠡᠵᠦ ᠲᠣᠭᠲᠠᠭ᠋ᠠᠬᠤ ᠵᠢᠨ ᠠᠷᠭ᠎ᠠ ᠦᠭᠡᠢ ᠬᠣᠯᠪᠤᠭᠳᠠᠯ ᠪᠦᠬᠦᠢ ᠭᠡᠷᠡᠴᠢ ᠮᠠᠲ᠋ᠧᠷᠢᠶᠠᠯ᠎ᠢ ᠡᠯ᠎ᠡ ᠨᠢᠭᠡᠳᠦᠯᠲᠡᠶ ᠲᠥᠯᠥᠪᠯᠡᠬᠦ ᠲᠣᠭᠤᠷᠢᠭ᠎ᠠᠴᠠ ᠠᠷᠠᠳ᠎ᠲᠤ ᠠᠰᠢᠭᠲᠠᠶ ᠵᠠᠷᠴᠢᠮ ᠶᠣᠰᠣᠭ᠋ᠠᠷ ᠲᠣᠭᠲᠠᠭ᠋ᠠᠨ᠎ᠠ᠃ ᠤᠷᠢᠳ ᠵᠶ᠋ᠠᠷ ᠲᠥᠯᠥᠭᠦᠯᠬᠦ ᠭᠤᠶᠤᠴᠢᠯᠠᠯ᠎ᠢ ᠭᠤᠶᠤᠴᠢᠯᠠᠭᠴᠢ ᠵᠢᠨ ᠲᠥᠷᠥᠯ ᠰᠠᠳᠤᠨ ᠣᠷᠣᠯᠠᠨ ᠭᠦᠢ᠍ᠴᠡᠳᠬᠡᠵᠦ ᠪᠣᠯᠤᠨ᠎ᠠ᠂ ᠣᠷᠣᠯᠠᠨ ᠭᠦᠢ᠍ᠴᠡᠳᠬᠡᠬᠦ ᠬᠥᠮᠦᠨ᠎ᠤ ᠪᠡᠶ᠎ᠡ ᠵᠢᠨ ᠦᠨᠡᠮᠯᠡᠯ᠎ᠤᠨ ᠤᠭ ᠮᠠᠲ᠋ᠧᠷᠢᠶᠠᠯ᠂ ᠬᠠᠭᠤᠯᠪᠤᠷᠢ ᠵᠢᠴᠢ ᠨᠠᠶ᠋ᠢᠳᠠᠯᠭ᠎ᠠ ᠵᠢᠨ ᠪᠢᠴᠢᠭ᠎ᠢ ᠲᠤᠰᠢᠶᠠᠬᠤ ᠬᠡᠷᠡᠭᠲᠡᠶ᠃
(ᠬᠤᠶᠠᠷ) ᠭᠦᠢ᠍ᠴᠡᠳᠭᠡᠬᠦ ᠶᠠᠪᠤᠴᠠ ᠵᠢᠴᠢ ᠱᠠᠭ᠋ᠠᠷᠳᠠᠯᠭ᠎ᠠ᠃ 《ᠨᠡᠶ᠋ᠢᠭᠡᠮ᠎ᠤᠨ ᠳᠠᠭ᠋ᠠᠳᠬᠠᠯ᠎ᠤᠨ ᠰᠠᠭᠤᠷᠢ ᠮᠥᠩᠭᠦ ᠵᠢ ᠤᠷᠢᠳ ᠵᠶ᠋ᠠᠷ ᠲᠦᠯᠦᠬᠦ ᠲᠦᠷ ᠬᠡᠷᠡᠭᠵᠢᠭᠦᠯᠬᠦ ᠠᠷᠭ᠎ᠠ (2018 ᠣᠨ᠎ᠳᠤ ᠵᠠᠰᠠᠪᠤᠷᠢ ᠣᠷᠤᠭᠤᠯᠤᠭᠰᠠᠨ)》 (ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ᠎ᠤ 15 ᠳ᠋ᠤᠭ᠋ᠠᠷ ᠲᠣᠭ᠋ᠠᠲᠤ ᠵᠠᠷᠯᠢᠭ) ᠵᠢᠨ ᠶᠢᠰᠦ᠂ ᠠᠷᠪᠠᠳᠤᠭ᠋ᠠᠷ ᠵᠣᠷᠪᠤᠰ᠎ᠤᠨ ᠲᠤᠭᠳᠠᠭ᠋ᠠᠯ᠎ᠢ ᠦᠨᠳᠦᠰᠦᠯᠡᠨ᠂ ᠡᠮ ᠡᠮᠨᠡᠯᠭᠡ ᠵᠢᠨ ᠳᠠᠭ᠋ᠠᠳᠬᠠᠯ᠎ᠤᠨ ᠡᠷᠬᠢᠯᠡᠨ ᠭᠦᠢ᠍ᠴᠡᠳᠬᠡᠬᠦ ᠪᠠᠶ᠋ᠢᠭᠤᠯᠤᠮᠵᠢ ᠤᠷᠢᠳ ᠵᠶ᠋ᠠᠷ ᠲᠦᠯᠦᠬᠦ ᠭᠤᠶᠤᠴᠢᠯᠠᠯ᠎ᠤᠨ ᠮᠠᠲ᠋ᠧᠷᠢᠶᠠᠯ᠎ᠢ ᠣᠯᠣᠭᠰᠠᠨ᠎ᠤ ᠳᠠᠷᠠᠭ᠎ᠠ᠂ ᠯᠠᠪᠯᠠᠨ ᠠᠰᠠᠭᠤᠭᠰᠠᠨ ᠲᠡᠮᠳᠡᠭᠯᠡᠯ᠎ᠢ ᠰᠠᠶ᠋ᠢᠲᠤᠷ ᠬᠢᠵᠦ᠂ 5 ᠠᠵᠢᠯᠯᠠᠬᠤ ᠡᠳᠦᠷ᠎ᠤᠨ ᠳᠣᠲᠣᠷ᠎ᠠ ᠬᠢᠨᠠᠨ ᠬᠠᠷᠭᠤᠭᠤᠯᠬᠤ ᠵᠢ ᠪᠡᠶᠡᠯᠡᠭᠦᠯᠬᠦ ᠬᠡᠷᠡᠭᠲᠡᠢ ᠭᠡᠵᠡᠢ᠃ ᠬᠢᠨᠠᠨ ᠬᠠᠷᠭᠤᠭᠤᠯᠤᠭᠰᠠᠨ ᠪᠠᠶ᠋ᠢᠳᠠᠯ᠎ᠢ ᠦᠨᠳᠦᠰᠦᠯᠡᠨ ᠵᠣᠭᠣᠰ ᠲᠦᠯᠦᠬᠦ ᠡᠰᠡᠬᠦ ᠵᠢ ᠲᠣᠭᠲᠠᠭ᠋ᠠᠨ᠎ᠠ᠃ ᠬᠢᠨᠠᠨ ᠬᠠᠷᠭᠤᠭᠤᠯᠤᠭᠰᠠᠨ ᠦᠷ᠎ᠡ ᠳ᠋ᠦᠩ᠎ᠨᠢ ᠳᠣᠤᠷᠠᠬᠢ ᠮᠡᠲᠦ᠄
1. ᠤᠷᠢᠳ ᠵᠶ᠋ᠠᠷ ᠲᠦᠯᠦᠬᠦ ᠨᠦᠭᠦᠴᠡᠯ᠎ᠳᠤ ᠨᠡᠶ᠋ᠢᠴᠡᠪᠡᠯ᠂ ᠬᠣᠯᠪᠤᠭᠳᠠᠯ ᠪᠦᠭᠦᠢ ᠠᠩᠬᠠᠨ᠎ᠤ ᠫᠢᠶᠤᠤ ᠪᠠᠷᠢᠮᠳᠠ ᠵᠡᠷᠬᠡ᠎ᠪᠠᠷ ᠲᠠᠭ᠋ᠠᠳᠬᠠᠯ᠎ᠳᠤ ᠤᠷᠤᠨᠨᠰᠠᠨ ᠭᠠᠵᠠᠷ᠎ᠤᠨ ᠦᠨᠳᠦᠰᠦᠨ ᠡᠮ ᠡᠮᠨᠡᠯᠭᠡ ᠵᠢᠨ ᠲᠠᠭ᠋ᠠᠳᠬᠠᠯ᠎ᠤᠨ ᠲᠦᠷᠦ ᠵᠢᠨ ᠪᠤᠳᠤᠯᠭ᠎ᠠ ᠵᠢᠨ ᠶᠤᠰᠤᠭ᠋ᠠᠷ ᠭᠤᠶᠤᠴᠢᠯᠠᠭᠴᠢ᠎ᠳᠤ ᠭᠤᠷᠪᠠᠳᠠᠬᠢ ᠭᠦᠮᠦᠨ᠎ᠤ ᠬᠠᠷᠢᠭᠤᠴᠠᠯᠭᠠᠳᠤ ᠲᠤᠭ᠋ᠠᠴᠠᠭᠳᠠᠬᠤ ᠡᠮᠴᠢᠯᠡᠬᠡᠨ᠎ᠤ ᠵᠠᠷᠤᠳᠠᠯ᠎ᠢ ᠤᠷᠢᠳ ᠵᠶ᠋ᠠᠷ ᠲᠦᠯᠦᠬᠦ ᠵᠢᠨ ᠬᠠᠮᠳᠤ᠂ ᠭᠤᠶᠤᠴᠢᠯᠠᠬ᠍ᠴᠢ ᠪᠤᠶᠤ ᠤᠷᠤᠯᠠᠨ ᠬᠦᠢ᠍ᠴᠡᠳᠬᠡᠭᠴᠢ ᠵᠢ ᠤᠷᠢᠳ ᠵᠶ᠋ᠠᠷ ᠲᠦᠯᠦᠬᠦ᠎ᠪᠠᠷ ᠱᠠᠭ᠋ᠠᠷᠳᠠᠵᠦ ᠪᠠᠶ᠋ᠢᠭ᠋ᠠᠳ ᠭᠠᠷᠤᠨ ᠦᠰᠦᠭ ᠵᠢᠷᠤᠭᠤᠯᠵᠤ ᠨᠤᠲᠠᠯᠠᠭᠤᠯᠤᠨ᠎ᠠ᠃
2. ᠬᠢᠨᠠᠨ ᠬᠠᠷᠭᠤᠭᠤᠯᠤᠭ᠋ᠠᠳ ᠤᠷᠢᠳ ᠵᠶ᠋ᠠᠷ ᠲᠦᠯᠦᠬᠦ ᠨᠥᠬᠥᠴᠡᠯ᠎ᠳᠤ ᠨᠡᠶ᠋ᠢᠴᠡᠬᠦ ᠦᠭᠡᠶ ᠪᠠᠶ᠋ᠢᠪᠠᠯ᠂ ᠭᠤᠶᠤᠴᠢᠯᠠᠯ᠎ᠢ ᠣᠯᠤᠭᠰᠠᠨ᠎ᠤ ᠳᠠᠷᠠᠭ᠎ᠠ 5 ᠠᠵᠢᠯᠯᠠᠬᠤ ᠡᠳᠦᠷ᠎ᠤᠨ ᠳᠣᠲᠣᠷ᠎ᠠ ᠤᠷᠢᠳ ᠵᠶ᠋ᠠᠷ ᠲᠦᠯᠦᠬᠦ ᠦᠭᠡᠶ ᠲᠣᠭᠲᠠᠭ᠋ᠠᠯ ᠭᠠᠷᠭ᠋ᠠᠬᠤ ᠵᠢᠨ ᠬᠠᠮᠲᠤ ᠭᠤᠶᠤᠴᠢᠯᠠᠭᠴᠢ᠎ᠳᠤ 《ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠎ᠤᠨ ᠰᠠᠭᠤᠷᠢ ᠮᠥᠩᠭᠥ᠎ᠳᠤ ᠤᠷᠢᠳ ᠵᠶ᠋ᠠᠷ ᠲᠦᠯᠦᠬᠦ ᠦᠭᠡᠶ ᠲᠣᠭᠲᠠᠭ᠋ᠠᠯ᠎ᠤᠨ ᠪᠢᠴᠢᠭ》 ᠭᠠᠷᠭ᠋ᠠᠵᠤ᠂ ᠭᠤᠶᠤᠴᠢᠯᠠᠭᠴᠢ ᠪᠤᠶᠤ ᠣᠷᠣᠯᠠᠨ ᠭᠦᠢ᠍ᠴᠡᠳᠬᠡᠭᠴᠢ᠎ᠠᠴᠠ ᠡᠮ ᠡᠮᠨᠡᠯᠭᠡ ᠵᠢᠨ ᠳᠠᠭ᠋ᠠᠳᠬᠠᠯ᠎ᠤᠨ ᠭᠠᠷᠲᠠᠨ ᠭᠦᠢ᠍ᠴᠡᠳᠬᠡᠬᠦ ᠪᠠᠶ᠋ᠢᠭᠤᠯᠤᠮᠵᠢ ᠵᠢᠨ ᠭᠠᠷᠭ᠋ᠠᠭᠰᠠᠨ ᠤᠷᠢᠳ ᠵᠶ᠋ᠠᠷ ᠲᠦᠯᠦᠬᠦ ᠦᠭᠡᠶ ᠲᠣᠭᠲᠠᠭ᠋ᠠᠯ᠎ᠢ ᠵᠥᠪᠰᠢᠶᠡᠷᠡᠬᠦ ᠦᠭᠡᠶ ᠪᠤᠶᠤ ᠤᠷᠢᠳ ᠵᠶ᠋ᠠᠷ ᠲᠦᠯᠦᠬᠦ ᠲᠣᠭ᠎ᠠ ᠵᠢ ᠬᠦᠯᠢᠶᠡᠬᠦ ᠦᠭᠡᠶ ᠪᠣᠯ ᠬᠠᠤᠯᠢ ᠶᠣᠰᠣᠭ᠋ᠠᠷ ᠵᠠᠰᠠᠭ ᠵᠠᠬᠢᠷᠭ᠋ᠠᠨ ᠵᠶ᠋ᠠᠷ ᠳᠠᠬᠢᠨ ᠵᠥᠪᠯᠡᠭᠦᠯᠬᠦ᠎ᠪᠠᠷ ᠭᠤᠶᠤᠴᠢᠯᠠᠬᠤ ᠪᠤᠶᠤ ᠵᠠᠰᠠᠭ ᠵᠠᠬᠢᠷᠭ᠋ᠠᠨ᠎ᠤ ᠵᠠᠷᠭᠤ ᠬᠢᠵᠦ ᠪᠣᠯᠤᠨ᠎ᠠ᠃
(ᠭᠤᠷᠪᠠ) ᠤᠷᠢᠳ ᠵᠶ᠋ᠠᠷ ᠲᠥᠯᠥᠭᠰᠡᠨ᠎ᠤ ᠳᠠᠷᠠᠭ᠋ᠠᠬᠢ ᠲᠦᠯᠦᠪᠦᠷᠢ᠎ᠪᠠᠨ ᠨᠡᠬᠡᠮᠵᠢᠯᠡᠬᠦ ᠠᠷᠭ᠎ᠠ
1. ᠡᠮ ᠡᠮᠨᠡᠯᠭᠡ ᠵᠢᠨ ᠳᠠᠭ᠋ᠠᠳᠬᠠᠯ᠎ᠤᠨ ᠡᠷᠬᠢᠯᠡᠨ ᠭᠦᠢ᠍ᠴᠡᠳᠬᠡᠬᠦ ᠪᠠᠶ᠋ᠢᠭᠤᠯᠤᠮᠵᠢ ᠲᠣᠭᠲᠠᠭ᠋ᠠᠯ ᠶᠣᠰᠣᠭ᠋ᠠᠷ ᠭᠤᠷᠪᠠᠳᠠᠬᠢ ᠬᠥᠮᠦᠨ᠎ᠳᠤ 《ᠡᠮᠴᠢᠯᠡᠭᠡᠨ᠎ᠤ ᠵᠠᠷᠤᠳᠠᠯ᠎ᠢ ᠤᠷᠢᠳ ᠵᠶ᠋ᠠᠷ ᠲᠥᠯᠥᠬᠦ ᠵᠢᠨ ᠰᠢᠪᠠᠳᠠᠨ ᠮᠡᠳᠡᠭᠳᠡᠬᠦ ᠪᠢᠴᠢᠭ》᠎ᠢ ᠲᠠᠷᠬᠠᠭ᠋ᠠᠵᠤ᠂ ᠭᠤᠷᠪᠠᠳᠠᠬᠢ ᠬᠥᠮᠦᠨ ᠬᠤᠭᠤᠴᠠᠭ᠎ᠠ ᠥᠩᠭᠡᠷᠡᠲᠡᠯ᠎ᠡ ᠲᠥᠯᠥᠬᠦ ᠦᠭᠡᠢ ᠪᠣᠯ᠂ ᠡᠮ ᠡᠮᠨᠡᠯᠭᠡ ᠵᠢᠨ ᠳᠠᠭ᠋ᠠᠳᠬᠠᠯ᠎ᠤᠨ ᠡᠷᠬᠢᠯᠡᠨ ᠭᠦᠢ᠍ᠴᠡᠳᠬᠡᠬᠦ ᠪᠠᠶ᠋ᠢᠭᠤᠯᠤᠮᠵᠢ ᠬᠠᠤᠯᠢ ᠶᠣᠰᠣᠭ᠋ᠠᠷ ᠠᠷᠠᠳ᠎ᠤᠨ ᠰᠢᠭᠦᠬᠦ ᠬᠤᠷᠢᠶᠠᠨ᠎ᠳᠤ ᠵᠠᠷᠭᠤ ᠬᠢᠨ᠎ᠠ᠃
2. ᠳᠠᠭ᠋ᠠᠳᠬᠠᠯ᠎ᠳᠤ ᠣᠷᠤᠯᠴᠠᠭᠰᠠᠨ ᠬᠦᠮᠦᠨ ᠪᠤᠶᠤ ᠲᠡᠭᠦᠨ᠎ᠤ ᠣᠶ᠋ᠢᠷ᠎ᠠ ᠲᠥᠷᠥᠯ ᠰᠠᠳᠤᠨ᠎ᠨᠢ ᠨᠢᠭᠡᠨᠲᠡ ᠭᠤᠷᠪᠠᠳᠠᠬᠢ ᠬᠥᠮᠦᠨ᠎ᠠᠴᠠ ᠡᠮᠴᠢᠯᠡᠭᠡᠨ᠎ᠤ ᠵᠠᠷᠤᠳᠠᠯ ᠣᠯᠤᠭᠰᠠᠨ ᠪᠣᠯ ᠤᠷᠢᠳ ᠵᠶ᠋ᠠᠷ ᠲᠦᠯᠦᠬᠦ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠎ᠤᠨ ᠰᠠᠭᠤᠷᠢ ᠮᠥᠩᠭᠥ ᠵᠢ ᠰᠠᠨᠠᠭ᠋ᠠᠴᠢᠯᠠᠭ᠎ᠠ᠎ᠠᠴᠠ᠎ᠪᠠᠨ ᠪᠤᠴᠠᠭ᠋ᠠᠬᠤ ᠬᠡᠷᠡᠭᠲᠡᠶ᠃ ᠪᠤᠴᠠᠭ᠋ᠠᠬᠤ ᠦᠭᠡᠶ ᠪᠣᠯ ᠲᠣᠭᠲᠠᠭ᠋ᠠᠯ ᠶᠣᠰᠣᠭ᠋ᠠᠷ ᠰᠢᠢ᠍ᠳᠪᠦᠷᠢᠯᠡᠨ᠎ᠡ᠃
3. ᠳᠠᠭ᠋ᠠᠳᠬᠠᠯ᠎ᠳᠤ ᠣᠷᠣᠯᠴᠠᠭᠰᠠᠨ ᠬᠦᠮᠦᠨ ᠪᠤᠶᠤ ᠣᠶ᠋ᠢᠷ᠎ᠠ ᠲᠥᠷᠥᠯ ᠰᠠᠳᠤᠨ᠎ᠨᠢ ᠨᠢᠭᠡᠨᠲᠡ ᠭᠤᠷᠪᠠᠳᠠᠬᠢ ᠬᠥᠮᠦᠨ᠎ᠤ ᠭᠠᠵᠠᠷ᠎ᠠᠴᠠ ᠡᠮᠴᠢᠯᠡᠭᠡᠨ᠎ᠤ ᠵᠠᠷᠤᠳᠠᠯ ᠣᠯᠤᠭᠰᠠᠨ ᠭᠡᠳᠡᠭ ᠵᠶ᠋ᠠᠨ ᠨᠢᠭᠤᠨ ᠳᠠᠯᠳᠠᠯᠠᠵᠤ᠂ ᠡᠮ ᠡᠮᠨᠡᠯᠭᠡ ᠵᠢᠨ ᠳᠠᠭ᠋ᠠᠳᠬᠠᠯ᠎ᠤᠨ ᠭᠠᠷᠲᠠᠨ ᠭᠦᠢ᠍ᠴᠡᠳᠬᠡᠬᠦ ᠪᠠᠶ᠋ᠢᠭᠤᠯᠤᠮᠵᠢ᠎ᠠᠴᠠ ᠭᠤᠶᠤᠴᠢᠯᠠᠭᠰᠠᠨ ᠪᠥᠭᠡᠳ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠎ᠤᠨ ᠰᠠᠭᠤᠷᠢ ᠮᠥᠩᠭᠦ ᠵᠢ ᠲᠦᠯᠦᠭᠰᠡᠨ ᠪᠠᠶ᠋ᠢᠪᠠᠯ᠂ 《ᠨᠡᠶ᠋ᠢᠭᠡᠮ᠎ᠤᠨ ᠳᠠᠭ᠋ᠠᠳᠬᠠᠯ᠎ᠤᠨ ᠬᠠᠤᠯᠢ》 ᠵᠢᠨ ᠨᠠᠶᠠᠨ ᠨᠠᠢ᠍ᠮᠠᠳᠤᠭ᠋ᠠᠷ ᠵᠣᠷᠪᠤᠰ᠎ᠤᠨ ᠲᠣᠭᠲᠠᠭ᠋ᠠᠯ ᠶᠣᠰᠣᠭ᠋ᠠᠷ᠂ ᠮᠡᠬᠡᠯᠡᠨ ᠠᠪᠬᠤ᠂ ᠭᠡᠷᠡᠴᠢᠯᠡᠬᠦ ᠮᠠᠲ᠋ᠧᠷᠢᠶᠠᠯ᠎ᠢ ᠬᠠᠭᠤᠷᠮᠠᠭ ᠵᠶ᠋ᠠᠷ ᠵᠣᠬᠢᠶᠠᠬᠤ ᠪᠤᠶᠤ ᠪᠤᠰᠤᠳ ᠠᠷᠭ᠎ᠠ ᠪᠠᠷᠢᠯ ᠵᠶ᠋ᠠᠷ ᠨᠡᠶ᠋ᠢᠭᠡᠮ᠎ᠤᠨ ᠳᠠᠭ᠋ᠠᠳᠬᠠᠯ᠎ᠤᠨ ᠣᠯᠭᠤᠮᠵᠢ ᠵᠢ ᠮᠡᠬᠡᠯᠡᠨ ᠠᠪᠤᠪᠠᠯ ᠰᠢᠢ᠍ᠳᠪᠦᠷᠢᠯᠡᠨ᠎ᠡ᠃