ᠨᠢᠭᠡ᠂ ᠲᠤᠭᠤᠷᠪᠢᠭᠰᠠᠨ ᠠᠬᠤᠶ ᠪᠠᠶ᠋ᠢᠳᠠᠯ ᠪᠠ ᠲᠥᠷᠥ ᠵᠢᠨ ᠪᠣᠳᠣᠯᠭ᠎ᠠ ᠵᠢᠨ ᠦᠨᠳᠦᠰᠦᠯᠡᠯ
ᠪᠥᠬᠦ ᠣᠷᠣᠨ᠎ᠤ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠭᠲᠠᠭᠰᠠᠨ ᠴᠡᠭ᠎ᠤᠨ ᠬᠠᠮᠢᠶᠠᠷᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠨ ᠵᠢᠷᠤᠮᠵᠢᠭᠤᠯᠵᠤ᠂ ᠡᠭᠦᠳᠡᠨ ᠡᠮᠨᠡᠯᠭᠡ ᠵᠢᠨ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠵᠢᠨ ᠬᠢᠨᠠᠯᠲᠠ ᠬᠠᠮᠢᠶᠠᠷᠤᠯᠲᠠ ᠵᠢᠨ ᠦᠢ᠍ᠯᠡᠳᠦᠯ ᠴᠢᠳᠠᠪᠤᠷᠢ ᠵᠢ ᠳᠡᠭᠡᠭᠰᠢᠯᠡᠭᠦᠯᠦᠨ᠂ ᠰᠠᠭᠤᠷᠢ ᠮᠥᠩᠭᠦ ᠵᠢᠨ ᠠᠮᠤᠷ ᠲᠦᠪᠰᠢᠨ᠎ᠢ ᠬᠠᠮᠠᠭ᠋ᠠᠯᠠᠵᠤ᠂ ᠥᠷᠭᠡᠨ ᠣᠯᠠᠨ ᠳᠠᠭ᠋ᠠᠳᠬᠠᠯ᠎ᠳᠤ ᠣᠷᠣᠯᠴᠠᠭᠰᠠᠳ᠎ᠤᠨ ᠡᠷᠬᠡ ᠠᠰᠢᠭ᠎ᠢ ᠪᠠᠲᠤᠯᠠᠬᠤ ᠵᠢᠨ ᠲᠤᠰᠠᠳᠠ᠂ 《ᠡᠮᠴᠢᠯᠡᠭᠡᠨ᠎ᠤ ᠪᠠᠲᠤᠯᠠᠭ᠎ᠠ ᠵᠢᠨ ᠰᠠᠭᠤᠷᠢ ᠮᠥᠩᠭᠦ ᠵᠢᠨ ᠬᠡᠷᠡᠭᠯᠡᠯᠲᠡ᠎ᠳᠤ ᠬᠢᠨᠠᠯᠲᠠ ᠲᠠᠯᠪᠢᠵᠤ ᠬᠠᠮᠢᠶᠠᠷᠬᠤ ᠲᠦᠷᠢᠮ》 《ᠡᠮᠴᠢᠯᠡᠭᠡᠨ᠎ᠤ ᠪᠠᠶ᠋ᠢᠭᠤᠯᠤᠮᠵᠢ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠭᠲᠠᠭᠰᠠᠨ ᠴᠡᠭ᠎ᠤᠨ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠠᠷᠭ᠎ᠠ》 《ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠭᠲᠠᠭᠰᠠᠨ ᠴᠡᠭ᠎ᠤᠨ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠠᠷᠭ᠎ᠠ》 ᠵᠡᠷᠭᠡ ᠬᠣᠯᠪᠤᠭᠳᠠᠯ ᠪᠥᠬᠦᠶ ᠲᠣᠭᠲᠠᠭ᠋ᠠᠯ᠎ᠢ ᠦᠨᠳᠦᠰᠦᠯᠡᠨ᠂ 《ᠪᠥᠬᠦ ᠣᠷᠣᠨ᠎ᠤ ᠡᠭᠦᠳᠡᠨ ᠡᠮᠨᠡᠯᠭᠡ ᠵᠢᠨ ᠨᠢᠭᠡᠳᠦᠯᠲᠡᠶ ᠲᠥᠯᠥᠪᠯᠡᠬᠦ ᠲᠣᠭᠲᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠴᠡᠭ᠎ᠤᠨ ᠬᠠᠮᠢᠶᠠᠷᠤᠯᠲᠠ ᠵᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠶ ᠮᠡᠳᠡᠭᠳᠡᠯ》᠎ᠢ ᠲᠣᠭᠲᠠᠭ᠋ᠠᠪᠠ᠃
ᠬᠤᠶᠠᠷ᠂ ᠭᠤᠣᠯ ᠠᠭᠤᠯᠭ᠎ᠠ
(ᠨᠢᠭᠡ) ᠲᠤᠭᠲᠠᠭᠰᠠᠨ ᠡᠮ ᠡᠮᠨᠡᠯᠭᠡ ᠵᠢᠨ ᠪᠠᠢ᠌ᠭᠤᠯᠤᠮᠵᠢ ᠵᠢᠨ ᠴᠡᠭ᠎ᠤᠨ ᠳᠣᠲᠣᠭ᠋ᠠᠳᠤ ᠬᠠᠮᠢᠶᠠᠷᠤᠯᠲᠠ ᠵᠢ ᠴᠢᠩᠭ᠋ᠠᠳᠬᠠᠬᠤ ᠲᠠᠯ᠎ᠠ᠎ᠪᠠᠷ ᠥᠷᠨᠢᠭᠦᠯᠪᠡᠰᠦ ᠵᠣᠬᠢᠬᠤ ᠠᠵᠢᠯ᠄ ᠨᠢᠭᠡ᠎ᠳᠤ᠂ ᠰᠢᠰᠲ᠋ᠧᠮ᠎ᠢ ᠵᠣᠯᠭ᠋ᠠᠭᠤᠯᠬᠤ ᠵᠢᠴᠢ ᠲᠤᠭ᠎ᠠ ᠪᠠᠷᠢᠮᠲᠠ ᠵᠢᠨ ᠬᠥᠮᠥᠷᠭᠡ ᠵᠢ ᠬᠠᠮᠠᠭ᠋ᠠᠯᠠᠬᠤ ᠠᠵᠢᠯ᠎ᠢ ᠰᠠᠢ᠌ᠲᠤᠷ ᠬᠢᠨ᠎ᠠ᠃ ᠬᠤᠶᠠᠷ᠎ᠲᠤ᠂ ᠳᠣᠲᠣᠭ᠋ᠠᠳᠤ ᠵᠢᠨ ᠬᠠᠮᠢᠶᠠᠷᠤᠯᠲᠠ ᠵᠢᠨ ᠳᠦᠷᠢᠮ᠎ᠢ ᠪᠠᠶ᠋ᠢᠭᠤᠯᠵᠤ᠂ ᠥᠪᠡᠷ᠎ᠤᠨ ᠪᠠᠶ᠋ᠢᠴᠠᠭ᠋ᠠᠯᠲᠠ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠦᠷᠨᠢᠭᠦᠯᠦᠨ᠎ᠡ᠃ ᠭᠤᠷᠪᠠ᠎ᠳᠤ᠂ ᠡᠮ᠎ᠤᠨ ᠵᠦᠢ᠍ᠯ᠎ᠢ ᠲᠥᠷᠥᠯ ᠬᠤᠪᠢᠶᠠᠨ ᠬᠠᠮᠢᠶᠠᠷᠬᠤ ᠵᠢ ᠥᠷᠨᠢᠭᠦᠯᠦᠨ᠎ᠡ᠃ ᠳᠥᠷᠪᠡ᠎ᠳᠤ᠂ ᠣᠷᠣᠭᠤᠯᠵᠤ ᠪᠣᠷᠣᠯᠠᠭᠤᠯᠤᠭᠰᠠᠨ ᠲᠤᠭ᠎ᠠ ᠪᠠᠷᠢᠮᠲᠠ ᠵᠢ ᠬᠠᠮᠠᠭ᠋ᠠᠯᠠᠬᠤ ᠵᠢᠨ ᠬᠠᠮᠲᠤ ᠳ᠋ᠦᠩᠨᠡᠨ ᠪᠣᠳᠤᠭᠰᠠᠨ ᠲᠤᠭ᠎ᠠ ᠪᠠᠷᠢᠮᠲᠠ ᠵᠢ ᠳᠡᠭᠡᠭᠰᠢ ᠳᠠᠮᠵᠢᠭᠤᠯᠬᠤ ᠵᠢ ᠵᠢᠷᠤᠮᠵᠢᠭᠤᠯᠤᠨ᠎ᠠ᠃
(ᠬᠤᠶᠠᠷ) ᠲᠣᠭᠲᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠴᠡᠭ᠎ᠤᠨ ᠦᠢ᠍ᠯᠡᠴᠢᠯᠡᠭᠡᠨ᠎ᠤ ᠪᠠᠲᠤᠯᠠᠭ᠎ᠠ ᠵᠢᠨ ᠴᠢᠳᠠᠪᠤᠷᠢ ᠵᠢ ᠳᠡᠭᠡᠭᠰᠢᠯᠡᠭᠦᠯᠬᠦ ᠲᠠᠯ᠎ᠠ᠎ᠪᠠᠷ ᠥᠷᠨᠢᠭᠦᠯᠪᠡᠰᠦ ᠵᠣᠬᠢᠬᠤ ᠠᠵᠢᠯ᠄ ᠨᠢᠭᠡ᠎ᠳᠤ᠂ ᠦᠢ᠍ᠯᠡᠴᠢᠯᠡᠭᠡᠨ᠎ᠤ ᠠᠵᠢᠯᠯᠠᠭ᠎ᠠ ᠵᠢ ᠵᠢᠷᠤᠮᠵᠢᠭᠤᠯᠤᠨ᠎ᠠ᠃ ᠬᠤᠶᠠᠷ᠎ᠲᠤ᠂ ᠵᠣᠷ᠎ᠤᠨ ᠬᠠᠮᠢᠶᠠᠷᠤᠯᠲᠠ ᠵᠢ ᠵᠢᠷᠤᠮᠵᠢᠭᠤᠯᠤᠨ᠎ᠠ᠃ ᠭᠤᠷᠪᠠ᠎ᠳᠤ᠂ ᠬᠤᠪᠢ ᠬᠥᠮᠥᠨ᠎ᠤ ᠲᠠᠩᠰᠠᠨ ᠡᠷᠦᠬᠡ ᠵᠢᠨ ᠬᠡᠷᠡᠭᠯᠡᠯᠲᠡ ᠵᠢᠨ ᠬᠡᠪᠴᠢᠶ᠎ᠡ ᠵᠢ ᠵᠢᠷᠤᠮᠵᠢᠭᠤᠯᠤᠨ᠎ᠠ᠃
(ᠭᠤᠷᠪᠠ) ᠡᠯ᠎ᠡ ᠠᠶ᠋ᠢᠮᠠᠭ ᠬᠣᠲᠠ ᠵᠢᠨ ᠪᠣᠳᠠᠲᠠᠶ ᠠᠵᠢᠯ᠎ᠤᠨ ᠱᠠᠭ᠋ᠠᠷᠳᠠᠯᠭ᠎ᠠ᠄ ᠨᠢᠭᠡ᠎ᠳᠤ᠂ ᠬᠢᠨᠠᠯᠲᠠ ᠬᠠᠮᠢᠶᠠᠷᠤᠯᠲᠠ ᠵᠢᠨ ᠡᠷᠴᠢᠮ ᠵᠶ᠋ᠠᠨ ᠴᠢᠩᠭ᠋ᠠᠳᠬᠠᠬᠤ ᠬᠡᠷᠡᠭᠲᠡᠶ᠃ ᠳᠠᠭ᠋ᠠᠳᠬᠠᠯ᠎ᠳᠤ ᠣᠷᠣᠯᠴᠠᠭᠰᠠᠳ᠎ᠢ ᠬᠤᠳᠠᠯ ᠬᠠᠭᠤᠷᠮᠠᠭ ᠤᠬᠠᠭᠤᠯᠵᠤ ᠬᠥᠲᠥᠯᠥᠨ ᠵᠢᠯᠣᠭᠤᠳᠴᠤ ᠪᠠᠶ᠋ᠢᠭ᠋ᠠᠳ ᠲᠣᠭᠲᠠᠭ᠋ᠠᠯ᠎ᠠᠴᠠ ᠵᠥᠷᠢᠴᠡᠨ ᠬᠤᠪᠢ ᠬᠥᠮᠦᠨ᠎ᠤ ᠲᠠᠩᠰᠠᠨ ᠡᠷᠦᠬᠡ ᠵᠢᠨ ᠪᠠᠯᠠ ᠮᠥᠩᠭᠦ ᠵᠢᠴᠢ ᠡᠭᠦᠳᠡᠨ ᠡᠮᠨᠡᠯᠭᠡ ᠵᠢᠨ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠵᠢᠨ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ ᠲᠣᠭᠲᠠᠮᠠᠯ ᠴᠡᠭ᠎ᠤᠨ ᠡᠮ ᠡᠮᠨᠡᠯᠭᠡ ᠵᠢᠨ ᠪᠠᠶ᠋ᠢᠭᠤᠯᠤᠮᠵᠢ ᠵᠢ ᠴᠢᠩᠭ᠎ᠠ ᠰᠢᠢ᠍ᠳᠪᠦᠷᠢᠯᠡᠨ᠎ᠡ᠃ ᠬᠤᠶᠠᠷ᠎ᠲᠤ᠂ ᠲᠦᠷᠦ ᠵᠢᠨ ᠪᠤᠳᠤᠯᠭ᠎ᠠ ᠵᠢᠨ ᠤᠬᠠᠭᠤᠯᠭ᠎ᠠ ᠵᠢ ᠴᠢᠩᠭ᠋ᠠᠳᠬᠠᠬᠤ ᠬᠡᠷᠡᠭᠲᠡᠢ᠃ ᠤᠬᠠᠭᠤᠯᠭ᠎ᠠ ᠪᠣᠯᠪᠠᠰᠤᠷᠠᠯ ᠥᠷᠨᠢᠭᠦᠯᠵᠦ᠂ ᠲᠣᠭᠲᠠᠭᠰᠠᠨ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠴᠡᠭ᠎ᠤᠨ ᠠᠵᠢᠯᠲᠠᠨ᠎ᠤ ᠡᠮᠴᠢᠯᠡᠭᠡᠨ᠎ᠤ ᠳᠠᠭ᠋ᠠᠳᠬᠠᠯ᠎ᠤᠨ ᠲᠥᠷᠥ ᠵᠢᠨ ᠪᠣᠳᠣᠯᠭ᠎ᠠ ᠵᠢ ᠲᠣᠳᠣᠷᠬᠠᠶ ᠡᠵᠡᠮᠰᠢᠬᠦ ᠵᠢ ᠦᠨᠡᠨ ᠬᠦ᠌ ᠪᠠᠲᠤᠯᠠᠨ᠎ᠠ᠃ ᠰᠠᠨᠠᠭ᠋ᠠᠴᠢᠯᠠᠭ᠎ᠠ᠎ᠠᠴᠠ᠎ᠪᠠᠨ ᠤᠬᠠᠭᠤᠯᠵᠤ᠂ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠦ ᠵᠢᠨ ᠠᠮᠤᠷ ᠲᠦᠪᠰᠢᠨ᠎ᠢ ᠬᠠᠮᠠᠭ᠋ᠠᠯᠠᠬᠤ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠬᠠᠮᠲᠤ᠎ᠪᠠᠷ ᠪᠣᠶ ᠪᠣᠯᠭ᠋ᠠᠨ᠎ᠠ᠃